2019 ᠤᠨ ᠤ ᠤᠷᠳᠤᠰ ᠬᠤᠳᠠ ᠶᠢᠨ ᠬᠤᠶᠠᠷ ᠬᠤᠷᠠᠯ — ᠲᠦᠯᠥᠬᠡᠯᠡᠭᠴᠢ ᠰᠤᠶᠤᠯᠲᠤ᠄ ᠮᠠᠯ ᠬᠠᠰᠢᠶᠠᠯᠠᠬᠤ ᠶᠢ ᠨᠢᠬᠡ ᠰᠠᠷ᠎ᠠ ᠤᠷᠢᠳᠴᠢᠯᠠᠪᠠᠯ ᠨᠡᠩ ᠰᠠᠶᠢᠨ ᠪᠠᠶᠢᠨ᠎ᠠ
ᠨᠡᠶᠢᠲᠡᠯᠡᠭᠰᠡᠨ ᠴᠠᠭ᠄
2019/11/6
         ᠲᠥᠯᠥᠭᠡᠯᠡᠭᠴᠢ ᠰᠤᠶᠤᠯᠳᠤ ᠡᠨᠡ ᠤᠳᠠᠭ᠎ᠠ ︽ᠮᠠᠯ ᠬᠠᠰᠢᠶᠠᠯᠠᠬᠤ ᠶᠢ ᠨᠢᠭᠡ ᠰᠠᠷ᠎ᠠ ᠤᠷᠢᠳᠴᠢᠯᠠᠪᠠᠯ ᠰᠠᠶᠢᠨ︾ ᠭᠡᠭᠦ ᠰᠠᠨᠠᠯ ᠲᠤᠷᠠᠳᠤᠯᠭ᠎ᠠ ᠲᠠᠢ ᠢᠷᠡᠵᠡᠢ᠃ ᠲᠡᠷᠡ ᠭᠡᠯᠡᠭᠦ ᠳᠡᠭᠡᠨ᠂ ᠮᠠᠯ ᠬᠠᠰᠢᠶᠠᠯᠠᠬᠤ ᠴᠠᠬ ᠨᠢ 4 ᠰᠠᠷ᠎ᠠ ᠶᠢᠨ 1 ᠠᠴᠠ 7 ᠰᠠᠷ᠎ᠠ ᠶᠢᠨ 1 ᠤ ᠬᠤᠭᠤᠷᠤᠨᠲᠤ ᠭᠤᠷᠪᠠᠨ ᠰᠠᠷ᠎ᠠ ᠪᠠᠶᠢᠳᠠᠭ᠃ ᠬᠡᠪᠡᠴᠤ ᠮᠠᠨ ᠤ ᠤᠯᠠᠩᠭᠢ ᠮᠠᠯᠴᠢᠨ ᠡᠨᠡ ᠴᠠᠭ ᠤᠨ ᠲᠠᠯ᠎ᠠ ᠪᠠᠷ 3 ᠰᠠᠷ᠎ᠠ ᠶᠢᠨ 1 ᠠᠴᠠ 6 ᠰᠠᠷ᠎ᠠ ᠶᠢᠨ 1 ᠤ ᠬᠤᠭᠤᠷᠤᠨᠲᠤ ᠪᠠᠶᠢᠪᠠᠯ ᠨᠡᠩ ᠲᠤᠬᠢᠷᠠᠮᠵᠢᠲᠠᠢ ᠬᠡᠮᠡᠨ ᠦᠵᠡᠵᠤ ᠪᠠᠶᠢᠨ᠎ᠠ᠃ ᠶᠠᠭᠠᠬᠢᠭᠠᠳ ᠢᠡᠭᠭᠢᠵᠤ ᠦᠵᠡᠳᠡᠭ ᠪᠤᠢ︖ ᠬᠡᠪᠡᠯ 6 ᠳ᠋ᠤᠭᠠᠷ ᠰᠠᠷ᠎ᠠ ᠪᠤᠯ ᠮᠠᠯ ᠪᠠᠰᠠ ᠲᠡᠶᠢᠮᠤ ᠶᠡᠭᠡ ᠡᠪᠡᠰᠤ ᠮᠠᠯᠲᠠᠳᠠᠭ ᠴᠠᠭ ᠪᠢᠰᠢ᠂ ᠨᠢᠳᠤᠨᠤᠨ ᠮᠠᠨ ᠤ ᠦᠤᠰᠢᠨ ᠬᠤᠰᠢᠭᠤᠨ ᠤ ᠨᠢᠬᠡ ᠪᠦᠯᠥᠭ ᠨᠠᠰᠤᠲᠠᠶᠢᠴᠤᠳ᠂ ᠠᠵᠢᠯ ᠠᠴᠠ ᠪᠠᠨ ᠠᠮᠠᠷᠠᠭᠰᠠᠨ ᠲᠤᠰᠬᠠᠢ ᠮᠡᠷᠬᠡᠵᠢᠯᠳᠠᠳ ᠮᠠᠯᠴᠢᠳ ᠤᠨ ᠲᠤᠮᠳᠠ ᠬᠦᠨᠵᠡᠬᠡᠶᠢᠷᠡᠵᠤ ᠪᠠᠶᠢᠴᠠᠭᠠᠯᠲᠠ ᠬᠢᠭᠰᠡᠨ ᠶᠤᠮ᠃ ᠪᠠᠶᠢᠴᠠᠭᠠᠯᠲᠠ ᠪᠠᠷ ᠳᠠᠮᠵᠢᠭᠠᠳ 6 ᠳ᠋ᠤᠭᠠᠷ ᠰᠠᠷ᠎ᠠ ᠪᠤᠯ ᠲᠡᠭᠷᠢ ᠲᠤᠯᠠᠭᠠᠷᠠᠵᠤ᠂ ᠤᠷᠳᠤᠰ ᠤᠨ ᠨᠠᠷᠢᠨ ᠨᠤᠤᠰᠤᠲᠤ ᠬᠤᠨᠢ ᠶᠢ ᠡᠨᠡ ᠬᠠᠯᠠᠭᠤᠨ ᠳᠤ ᠬᠠᠰᠢᠶᠠᠯᠠᠬᠤ ᠳᠤ ᠶᠡᠬᠡᠬᠡᠨ ᠲᠦᠪᠡᠭ ᠲᠠᠢ᠂ ᠡᠭᠦᠨ ᠠᠴᠠ ᠪᠤᠯᠤᠭᠠᠳ 6 ᠳ᠋ᠤᠭᠠᠷ ᠰᠠᠷ᠎ᠠ ᠳᠤ ᠠᠬᠠᠷ ᠨᠤᠤᠰᠤᠯᠠᠵᠤ ᠪᠠᠶᠢᠬᠤ ᠳᠤ ᠲᠡᠭᠦᠨ ᠢ ᠬᠠᠰᠢᠶᠠᠯᠠᠭᠠᠳ ᠳᠡᠮᠡᠢ ᠠᠵᠤ ᠠᠬᠤᠢ ᠶᠢᠨ ᠤᠷᠤᠯᠭ᠎ᠠ ᠡᠭᠦᠳᠴᠤ ᠴᠢᠳᠠᠬᠤ ᠦᠭᠡᠢ ᠮᠦᠷᠲᠡᠬᠡᠨ ᠡᠨᠡ ᠬᠤᠭᠤᠴᠠᠭᠠᠨ ᠳᠤ ᠡᠳᠦᠷ ᠢᠶᠠᠷ ᠬᠠᠰᠢᠶᠠᠯᠠᠵᠤ᠂ ᠰᠦᠨᠢ ᠪᠡᠯᠴᠢᠬᠡᠳᠡᠭ ᠦᠵᠡᠭᠳᠡᠯ ᠭᠠᠷᠴᠤ ᠪᠠᠶᠢᠨ᠎ᠠ᠃ ᠲᠡᠶᠢᠮᠤ ᠠᠴᠠ ᠦᠨᠡᠨ ᠳᠡᠭᠡᠨ ᠬᠠᠰᠢᠶᠠᠯᠠᠵᠤ ᠪᠠᠶᠢᠨ᠎ᠠ ᠬᠡᠵᠤ ᠪᠠᠶᠢᠪᠡᠴᠤ ᠨᠤᠲᠤᠭ ᠪᠡᠯᠴᠢᠬᠡᠷ ᠠᠮᠠᠷᠠᠵᠤ ᠳᠡᠶᠢᠯᠬᠦ ᠦᠭᠡᠢ ᠦᠵᠡᠭᠳᠡᠯ ᠭᠠᠷᠴᠤ ᠪᠤᠢ᠃ ᠲᠡᠭᠡᠬᠦᠯᠡᠷ ᠡᠨᠡ ᠬᠠᠰᠢᠶᠠᠯᠠᠬᠤ ᠴᠠᠭ ᠢ ᠨᠢᠬᠡᠮᠦᠰᠦᠨ ᠨᠢᠬᠡ ᠰᠠᠷ᠎ᠠ ᠤᠷᠢᠳᠴᠢᠯᠠᠭᠠᠳ ᠲᠠᠯᠪᠢᠴᠢᠬᠠᠪᠠᠯ ᠠᠵᠢᠯ ᠬᠢᠬᠦ ᠳᠤ ᠴᠤ ᠠᠮᠠᠷ᠂ ᠮᠠᠯᠴᠢᠳ ᠴᠤ ᠵᠤᠷᠢᠭ ᠲᠠᠢ ᠬᠠᠰᠢᠶᠠᠯᠠᠴᠢᠬᠠᠨ᠎ᠠ᠃ ᠡᠭᠦᠨ ᠢ ᠡᠨᠡ ᠤᠳᠠᠭᠠᠨ ᠤ ᠬᠤᠶᠠᠷ ᠬᠤᠷᠠᠯ ᠢᠶᠠᠷ ᠳᠠᠮᠵᠢᠭᠠᠳ ᠵᠠᠰᠠᠭ ᠤᠨ ᠤᠷᠳᠤᠨ ᠳᠤ ᠮᠡᠳᠡᠬᠦᠯᠬᠦ ᠵᠤᠷᠢᠯᠭ᠎ᠠ ᠲᠠᠢ ᠭᠡᠯ᠎ᠠ᠃
ᠢᠷᠡᠯᠲᠡ᠄ ᠣᠷᠳᠣᠰ ᠬᠤᠳᠠ ᠶᠢᠨ ᠠᠷᠠᠳ ‍ᠤᠨ‌ᠵᠠᠰᠠᠭ ᠤᠨ ᠣᠷᠳᠣᠨ ᠤ ᠮᠤᠩᠭᠤᠯ ᠰᠦᠯᠵᠢᠶ᠎ᠡ