2019 ᠤᠨ ᠤ ᠤᠷᠳᠤᠰ ᠬᠤᠳᠠ ᠶᠢᠨ ᠬᠤᠶᠠᠷ ᠬᠤᠷᠠᠯ — ᠰᠤᠶᠤᠯ ᠵᠤᠭᠠᠴᠠᠯ ᠤᠨ ᠰᠢᠨ᠎ᠠ ᠠᠶᠠᠨ ᠳᠤ ᠲᠠᠰᠢᠭᠤᠷ ᠨᠡᠮᠡᠨ
ᠨᠡᠶᠢᠲᠡᠯᠡᠭᠰᠡᠨ ᠴᠠᠭ᠄
2019/11/6
        ᠬᠤᠳᠠ ᠲᠠᠶᠠᠭᠠᠷ ᠤᠨ ᠠᠩᠬᠠᠷᠤᠯ ᠢ ᠲᠠᠳᠠᠬᠰᠠᠨ ︽ᠬᠤᠶᠠᠷ ᠬᠤᠷᠠᠯ︾ ᠢᠳᠡ ᠭᠦᠭ ᠲᠠᠢ ᠶᠠᠪᠤᠬᠳᠠᠨ᠎ᠠ᠃ ᠡᠨᠡ ᠵᠢᠯ ᠤᠨ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠳᠤ ᠨᠠᠢᠮᠠᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠭᠢᠭᠦ ᠪᠠᠷ ᠲᠤᠷᠠᠳᠴᠦ᠂ ᠡᠭᠦᠨ ᠳᠤ ᠪᠦᠭᠦ ᠤᠷᠤᠨ ᠪᠦᠰᠠ ᠶᠢᠨ ᠠᠮᠢ ᠠᠬᠤᠢ ᠰᠤᠶᠤᠯ ᠵᠤᠭᠠᠴᠠᠯ ᠤᠨ ᠬᠠᠷᠠᠯᠳᠠᠳᠤ ᠤᠷᠤᠨ ᠢ ᠪᠠᠶᠢᠭᠤᠯᠬᠤ ᠪᠠᠷ ᠴᠢᠭᠯᠡᠯ ᠪᠤᠯᠭᠠᠵᠤ᠂ ᠰᠤᠶᠤᠯ ᠵᠤᠭᠠᠴᠠᠯ ᠤᠨ ᠦᠢᠯᠡᠰ ᠤᠨ ᠭᠦᠭᠵᠢᠯᠳᠠ ᠶᠢ ᠲᠦᠷᠭᠡᠳᠭᠡᠨ᠎ᠠ ᠭᠡᠰᠡᠨ ᠪᠠᠶᠢᠳᠠᠭ᠃ ᠡᠨᠡ ᠨᠢ ᠰᠤᠶᠤᠯ ᠵᠤᠭᠠᠴᠠᠯ ᠤᠨ ᠦᠢᠯᠡᠰ ᠤᠨ ᠰᠢᠨ᠎ᠠ ᠠᠶᠠᠨ ᠢ ᠨᠡᠭᠡᠭᠡᠭᠰᠡᠨ ᠪᠠᠶᠢᠨ᠎ᠠ᠃ ᠲᠡᠭᠡᠪᠡᠯ ᠬᠤᠷᠠᠯ ᠳᠤ ᠤᠷᠤᠯᠴᠠᠵᠤ ᠪᠠᠶᠢᠭ᠎ᠠ ᠭᠡᠰᠢᠭᠦᠳ ᠲᠦᠯᠦᠭᠡᠯᠡᠭᠴᠢᠳ ᠰᠤᠶᠤᠯ ᠵᠤᠭᠠᠴᠠᠯ ᠤᠨ ᠲᠤᠬᠠᠢ ᠶᠠᠮᠠᠷ ᠨᠠᠨᠳᠢᠨ ᠰᠠᠨᠠᠯ ᠲᠤᠷᠠᠳᠤᠯᠭ᠎ᠠ ᠰᠠᠨᠠᠯ ᠵᠦᠪᠯᠡᠯᠭᠡ ᠡᠪᠤᠷᠯᠠᠵᠤ ᠢᠷᠡᠭᠰᠡᠨ ᠪᠤᠯ⁈         ᠴᠢᠩᠭᠢᠰ ᠬᠠᠭᠠᠨ ᠤ ᠤᠡᠭᠭᠤᠨ ᠤ ᠵᠤᠭᠠᠴᠠᠯ ᠤᠨ ᠤᠷᠤᠨ ᠤ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠶᠢᠨ ᠲᠤᠰᠢᠶᠠᠯ ᠢ ᠬᠠᠷᠢᠭᠤᠴᠠᠵᠤ ᠪᠠᠶᠢᠭ᠎ᠠ ᠲᠡᠭᠦᠰ ᠨᠥᠭᠦᠷ ᠰᠤᠶᠤᠯ ᠵᠤᠭᠠᠴᠠᠯ ᠤᠨ ᠦᠢᠯᠡᠰ ᠤᠨ ᠲᠤᠬᠠᠢ ᠤᠢᠢᠯᠠᠭᠠᠯᠳᠠ ᠲᠦᠷᠦᠭᠳᠡᠯ ᠭᠦᠨ ᠪᠠᠶᠢᠵᠤ᠂ ᠰᠤᠶᠤᠯ ᠵᠤᠭᠠᠴᠠᠯ ᠤᠨ ᠦᠢᠯᠡᠰ ᠢᠶᠠᠨ ᠲᠡᠭᠡᠳᠦᠯᠠᠨ ᠬᠠᠶᠢᠷᠠᠯᠠᠵᠤ ᠪᠠᠶᠢᠭ᠎ᠠ ᠨᠢ ᠲᠤᠳᠤᠬᠠᠨ᠃ ᠲᠡᠷᠡ ᠰᠤᠷᠪᠤᠯᠵᠢᠯᠠᠭ᠎ᠠ ᠭᠦᠯᠢᠶᠡᠭᠦ ᠳᠡᠭᠡᠨ᠄ ︽ᠬᠤᠷᠠᠯ ᠳᠤ ᠤᠷᠤᠯᠴᠠᠭᠠᠳ ᠤᠯᠤᠯᠳᠠ ᠲᠦᠷᠦᠭᠳᠡᠯ ᠭᠦᠨ ᠪᠤᠯᠤᠯ᠎ᠠ᠂ ᠨᠠᠩ ᠢᠯᠠᠩᠭᠤᠶ᠎ᠠ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠳᠤ ᠰᠢᠷ᠎ᠠ ᠨᠤᠬᠠᠢ ᠵᠢᠯ ᠤᠨ ᠴᠢᠩᠭᠢᠰ ᠬᠠᠭᠠᠨ ᠤ ᠴᠠᠭᠠᠨ ᠰᠦᠷᠦᠭ ᠤᠨ ᠲᠠᠶᠢᠯᠭ᠎ᠠ ᠶᠢ ᠠᠮᠵᠢᠯᠳᠠ ᠲᠠᠢ ᠡᠷᠭᠢᠯᠡᠭᠰᠠᠨ ᠢ ᠨᠤᠳᠠᠯᠠᠨ ᠳ᠋ᠦᠡᠭᠨᠡᠭᠰᠡᠨ ᠪᠠᠶᠢᠨ᠎ᠠ᠃ ᠡᠭᠦᠨ ᠳᠤ ᠪᠢᠳᠠ ᠲᠤᠩ ᠶᠡᠭᠡ ᠤᠷᠮᠠᠰᠢᠨ ᠵᠤᠷᠢᠬᠵᠢᠯ᠎ᠠ︾ ᠭᠡᠵᠤ ᠪᠠᠶᠢᠯ᠎ᠠ᠃         ᠠᠵᠢᠯ ᠤᠨ ᠢᠯᠡᠳᠭᠡᠯ ᠳᠤ ᠪᠠᠰᠠ ᠦᠨᠳᠦᠰᠦᠳᠠᠨ ᠤ ᠰᠤᠶᠤᠯ ᠤᠨ ᠠᠮᠢ ᠠᠬᠤᠢ ᠶᠢ ᠬᠠᠮᠠᠭᠠᠯᠠᠬᠤ ᠶᠢ ᠴᠢᠬᠤᠯᠠᠴᠢᠯᠠᠨ᠂ ᠪᠤᠳᠠᠰ ᠤᠨ ᠪᠤᠰᠤ ᠰᠤᠶᠤᠯ ᠤᠨ ᠦᠪ ᠢ ᠬᠠᠮᠠᠭᠠᠯᠠᠨ ᠤᠯᠠᠮᠵᠢᠯᠠᠬᠤ ᠶᠢ ᠴᠢᠩᠭᠠᠳᠬᠠᠵᠤ᠂ ᠦᠪᠡᠷᠳᠡᠭᠡᠨ ᠵᠠᠰᠠᠬᠤ ᠤᠷᠤᠨ ᠤ ᠠᠩᠬᠠᠳᠠᠬᠴᠢ ᠤᠯᠤᠰ ᠤᠨ ᠲᠡᠰ ᠤᠨ ᠰᠤᠶᠤᠯ ᠤᠨ ᠠᠮᠢ ᠠᠬᠤᠢ ᠶᠢ ᠬᠠᠮᠠᠭᠠᠯᠠᠬᠤ ᠲᠤᠷᠰᠢᠯᠳᠠ ᠶᠢᠨ ᠤᠷᠤᠨ ᠢ ᠡᠭᠦᠳᠦᠨ ᠪᠠᠶᠢᠭᠤᠯᠬᠤ ᠪᠠᠷ ᠴᠢᠷᠮᠠᠶᠢᠨ᠎ᠠ ᠭᠡᠰᠡᠨ ᠪᠠᠶᠢᠨ᠎ᠠ᠃ ᠤᠷᠳᠤᠰ ᠨᠤᠳᠤᠭ ᠲᠠᠶᠢᠯᠭ᠎ᠠ ᠲᠠᠭᠢᠯᠭ᠎ᠠ ᠶᠢᠨ ᠰᠤᠶᠤᠯ᠂ ᠤᠪᠤᠭᠠᠨ ᠰᠤᠶᠤᠯ᠂ ᠨᠠᠶᠢᠷ ᠨᠠᠭᠠᠳᠤᠮ ᠤᠨ ᠰᠤᠶᠤᠯ ᠵᠡᠷᠭᠡ ᠤᠯᠠᠮᠵᠢᠯᠠᠯᠳᠤ ᠰᠤᠶᠤᠯ ᠤᠨ ᠦᠪ ᠲᠠᠢ ᠪᠠᠶᠢᠳᠠᠭ᠃ ᠰᠢᠨ᠎ᠠ ᠴᠠᠭ ᠦᠶ᠎ᠠ ᠶᠢᠨ ᠱᠠᠭᠠᠷᠳᠠᠯᠭ᠎ᠠ ᠳᠤ ᠵᠤᠭᠢᠴᠠᠭᠤᠯᠵᠤ᠂ ᠰᠢᠨ᠎ᠠ ᠴᠠᠭ ᠦᠶ᠎ᠠ ᠶᠢᠨ ᠠᠵᠠ ᠲᠤᠭᠢᠶᠠᠯ ᠢ ᠠᠳᠬᠤᠵᠤ᠂ ᠤᠯᠠᠮᠵᠢᠯᠠᠯᠳᠤ ᠰᠤᠶᠤᠯ ᠢᠶᠠᠨ ᠤᠯᠠᠮᠵᠢᠯᠠᠨ ᠭᠦᠭᠵᠢᠭᠦᠯᠭᠦ ᠪᠤᠯ ᠪᠢᠳᠠᠨ ᠤ ᠲᠠᠷᠬᠠᠨ ᠡᠭᠦᠷᠭᠡ ᠮᠦᠨ᠃ ᠲᠡᠭᠦᠰ᠄ ︽ᠲᠠᠷᠠᠭᠠᠴᠢ ᠶᠢᠨ ᠠᠯᠬᠤᠮ ᠳᠤ ᠪᠢᠳᠠ ᠴᠢᠩᠭᠢᠰ ᠬᠠᠭᠠᠨ ᠤ ᠲᠠᠶᠢᠯᠭ᠎ᠠ ᠲᠠᠭᠢᠯᠭ᠎ᠠ ᠶᠢᠨ ᠰᠤᠶᠤᠯ ᠢ ᠬᠠᠮᠠᠭᠠᠯᠠᠬᠤ ᠲᠦᠪ᠂ ᠴᠢᠩᠭᠢᠰ ᠬᠠᠭᠠᠨ ᠤ ᠲᠡᠤᠭᠡ ᠰᠤᠶᠤᠯ ᠢ ᠰᠤᠳᠤᠯᠬᠤ ᠲᠦᠪ᠂ ᠮᠤᠩᠭᠤᠯ ᠵᠠᠩ ᠦᠢᠯᠠ ᠶᠢᠨ ᠲᠡᠯᠭᠡᠨ ᠦᠵᠡᠭᠦᠯᠭᠡ ᠶᠢᠨ ᠲᠦᠪ᠂ ᠰᠤᠶᠤᠯ ᠵᠤᠭᠠᠴᠠᠯ ᠤᠨ ᠦᠢᠯᠡᠰ ᠢ ᠭᠦᠭᠵᠢᠭᠦᠯᠭᠦ ᠲᠦᠪ ᠵᠡᠷᠭᠡ ︿ᠲᠦᠷᠪᠡᠨ ᠲᠦᠪ﹀ ᠤᠨ ᠲᠤᠭᠤᠷᠢᠨ ᠳᠤ ᠰᠤᠶᠤᠯ ᠵᠤᠭᠠᠴᠠᠯ ᠤᠨ ᠦᠢᠯᠡᠰ ᠢ ᠭᠦᠭᠵᠢᠭᠦᠯᠦᠨ᠎ᠠ︾ ᠭᠡᠵᠤ ᠪᠠᠶᠢᠯ᠎ᠠ᠃          ︽2006 ᠤᠨ ᠳᠤ ᠴᠢᠩᠭᠢᠰ ᠬᠠᠭᠠᠨ ᠤ ᠲᠠᠶᠢᠯᠭ᠎ᠠ ᠲᠠᠭᠢᠯᠭ᠎ᠠ ᠶᠢ ᠤᠯᠤᠰ ᠤᠨ ᠪᠤᠳᠠᠰ ᠤᠨ ᠪᠤᠰᠤ ᠰᠤᠶᠤᠯ ᠤᠨ ᠦᠪ ᠢᠶᠠᠷ ᠲᠡᠮᠳᠡᠭᠯᠡᠪᠡ᠂ ᠪᠢᠳᠠ ᠡᠭᠦᠨ ᠢᠶᠠᠨ ᠲᠡᠯᠡᠭᠡᠢ ᠶᠢᠨ ᠰᠤᠶᠤᠯ ᠤᠨ ᠦᠪ ᠪᠤᠯᠭᠠᠬᠤ ᠪᠠᠷ ᠴᠢᠷᠮᠠᠶᠢᠵᠤ ᠪᠤᠢ᠃ ᠪᠢᠳᠠᠨ ᠤ ᠭᠢᠭᠦ ᠴᠢᠬᠤᠯᠠᠳᠠᠢ ᠠᠵᠢᠯ ᠤᠯᠠᠨ ᠪᠠᠶᠢᠬᠰᠠᠭᠠᠷ᠃ ᠲᠤᠬᠠᠢᠢᠯᠠᠪᠠᠯ ᠨᠠᠢᠮᠠᠨ ᠵᠠᠭᠤᠨ ᠵᠢᠯ ᠦᠷᠭᠦᠯᠵᠢᠯᠡᠵᠤ ᠢᠷᠡᠭᠰᠡᠨ ᠲᠠᠶᠢᠯᠭ᠎ᠠ ᠲᠠᠭᠢᠯᠭ᠎ᠠ ᠶᠢᠨ ᠰᠤᠶᠤᠯ ᠢᠶᠠᠨ ᠭᠡᠷᠭᠢᠨ ᠬᠠᠮᠠᠭᠠᠯᠠᠵᠤ ᠤᠯᠠᠮᠵᠢᠯᠠᠬᠤ ᠲᠤᠬᠠᠢ ᠪᠢᠳᠠ ᠬᠤᠳᠠ ᠶᠢᠨ ᠵᠠᠰᠠᠭ ᠤᠨ ᠤᠷᠳᠤᠨ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠳᠤ ᠰᠠᠨᠠᠭᠤᠯᠭ᠎ᠠ ᠲᠤᠷᠠᠳᠴᠦ ᠪᠤᠢ᠃ ᠦᠪ ᠵᠤᠵᠠᠭᠠᠨ ᠰᠤᠶᠤᠯ ᠢᠶᠠᠨ ᠬᠠᠮᠠᠭᠠᠯᠠᠬᠤ ᠳᠤᠬᠠᠢ ᠪᠢᠳᠠ ᠰᠢᠰᠲ᠋ᠧᠮ ᠲᠠᠢ ᠲᠦᠰᠦᠪ ᠲᠦᠯᠦᠪᠯᠡᠭᠡ ᠲᠠᠢ ᠪᠠᠶᠢᠭ᠎ᠠ ᠶᠤᠮ᠃ ᠲᠠᠷᠠᠭᠠᠴᠢ ᠶᠢᠨ ᠠᠯᠬᠤᠮ ᠳᠤ ᠪᠢᠳᠠ ᠨᠢᠭᠡᠳ ᠨᠢᠭᠡ ᠪᠠᠷ ᠪᠡᠶᠡᠯᠡᠭᠦᠯᠭᠦ ᠪᠠᠷ ᠴᠢᠷᠮᠠᠶᠢᠨ᠎ᠠ᠃ ᠢᠡᠭᠭᠢᠮᠠᠨᠵᠢᠨ ᠰᠠᠶ᠋ᠢ ᠪᠢᠳᠠ ᠤᠯᠠᠮᠵᠢᠯᠠᠯᠳᠤ ᠰᠤᠶᠤᠯ ᠢᠶᠠᠨ ᠤᠯᠠᠮᠵᠢᠯᠠᠨ ᠬᠠᠮᠠᠭᠠᠯᠠᠵᠤ ᠭᠦᠭᠵᠢᠭᠦᠯᠵᠤ ᠴᠢᠳᠠᠨ᠎ᠠ᠂ ᠰᠤᠶᠤᠯ ᠵᠤᠭᠠᠴᠠᠯ ᠤᠨ ᠦᠢᠯᠡᠰ ᠠᠭᠤᠰᠤᠯᠴᠠᠨ ᠭᠦᠭᠵᠢᠭᠦ ᠶᠢ ᠠᠭᠢᠭᠤᠯᠵᠤ ᠴᠢᠳᠠᠨ᠎ᠠ︾ ᠭᠡᠵᠤ ᠲᠡᠭᠦᠰ ᠶᠠᠷᠢᠨ᠎ᠠ᠃         ᠤᠳᠤᠭ ᠬᠤᠰᠢᠭᠤᠨ ᠠᠴᠠ ᠢᠷᠡᠭᠰᠡᠨ ᠲᠦᠯᠦᠭᠡᠯᠡᠭᠴᠢ ᠬᠠᠰᠮᠦ᠋ᠷᠠᠨ ᠪᠤᠯ ᠰᠢᠯᠢᠨᠳᠠᠯ᠎ᠠ ᠰᠤᠶᠤᠯ ᠵᠤᠭᠠᠴᠠᠯ ᠤᠨ ᠨᠡᠭᠡᠭᠡᠯᠳᠡ ᠶᠢᠨ ᠭᠢᠵᠠᠭᠠᠷᠳᠤ ᠬᠠᠷᠢᠭᠤᠴᠠᠯᠭᠠᠳᠤ ᠺᠤᠮᠫᠠᠨᠢ ᠶᠢᠨ ᠶᠡᠷᠦᠩᠭᠡᠢ ᠲᠠᠭᠠᠭᠠᠮᠠᠯ ᠶᠤᠮ᠃ ᠦᠢᠯᠡᠰ ᠤᠨ ᠲᠦᠷᠦᠭᠡ ᠢᠰᠭᠦᠯᠵᠤ ᠶᠠᠪᠤᠭ᠎ᠠ ᠲᠡᠷᠡ ᠰᠤᠶᠤᠯ ᠵᠤᠭᠠᠴᠠᠯ ᠤᠨ ᠦᠢᠯᠡᠰ ᠲᠤ ᠬᠠᠶᠢᠷᠠᠳᠠᠢ ᠨᠢᠭᠡᠨ ᠨᠢ ᠪᠠᠶᠢᠯ᠎ᠠ᠃ ᠲᠡᠷᠡ ᠰᠤᠷᠪᠤᠯᠵᠢᠯᠠᠭ᠎ᠠ ᠭᠦᠯᠢᠶᠠᠭᠦ ᠳᠡᠭᠡᠨ᠄ ︽ᠰᠤᠶᠤᠯ ᠵᠤᠭᠠᠴᠠᠯ ᠤᠨ ᠦᠢᠯᠡᠰ ᠤᠨ ᠲᠤᠰᠬᠠᠢ ᠮᠡᠷᠭᠡᠵᠢᠯᠳᠠᠨ ᠲᠤᠳᠠᠬᠳᠠᠵᠤ ᠪᠤᠢ᠂ ᠭᠦᠳᠡᠭᠡ ᠲᠤᠰᠬᠤᠨ ᠤ ᠰᠤᠶᠤᠯ ᠵᠤᠭᠠᠴᠠᠯ ᠳᠤ ᠲᠦᠷᠦ ᠶᠢᠨ ᠪᠤᠳᠤᠯᠭ᠎ᠠ ᠶᠢᠨ ᠴᠢᠨᠠᠷᠳᠠᠢ ᠲᠡᠮᠵᠢᠯᠭᠡ ᠱᠠᠭᠠᠷᠳᠠᠬᠳᠠᠵᠤ ᠪᠠᠶᠢᠨ᠎ᠠ᠃ ᠤᠮᠠᠷᠠᠳᠤ ᠤᠷᠤᠨ ᠤ ᠤᠨᠴᠠᠯᠢᠭ ᠠᠴᠠ ᠪᠤᠯᠵᠤ ᠵᠤᠭᠠᠴᠠᠯ ᠤᠨ ᠦᠢᠯᠡᠰ ᠵᠢᠯ ᠳᠡᠭᠡᠨ ᠭᠤᠷᠪᠠᠭ᠋ᠠᠨ ᠰᠠᠷ᠎ᠠ ᠦᠷᠨᠢᠭᠦᠨ ᠪᠤᠯᠵᠤ᠂ ᠦᠯᠡᠳᠡᠭᠰᠡᠨ ᠶᠢᠰᠦᠨ ᠰᠠᠷ᠎ᠠ ᠵᠤᠬᠰᠤᠩᠭᠤᠢᠢᠷᠠᠴᠢᠬᠠᠳᠠᠭ᠃ ᠡᠨᠡ ᠪᠤᠯ ᠵᠤᠭᠠᠴᠠᠯ ᠤᠨ ᠦᠢᠯᠡᠰ ᠤᠨ ᠬᠠᠮᠤᠭ ᠶᠡᠭᠡ ᠪᠤᠭᠤᠮᠢ᠃ ᠵᠤᠭᠠᠴᠠᠯ ᠨᠢ ᠲᠠᠩ ᠭᠠᠭᠴᠠ ᠵᠤᠭᠠᠴᠠᠵᠤ ᠨᠠᠭᠠᠳᠬᠤ ᠶᠢᠨ ᠲᠦᠯᠦᠭᠡ ᠪᠢᠰᠢ᠂ ᠵᠤᠭᠠᠴᠠᠯ ᠳᠤ ᠰᠤᠶᠤᠯ ᠢ ᠠᠭᠤᠰᠤᠯᠴᠠᠭᠤᠯᠵᠤ᠂ ᠰᠤᠶᠤᠯ ᠢᠶᠠᠨ ᠲᠠᠨᠢᠯᠴᠠᠭᠤᠯᠬᠤ ᠨᠢ ᠵᠦᠢᠳᠠᠢ︾ ᠭᠡᠵᠤ ᠶᠠᠷᠢᠵᠤ ᠪᠠᠶᠢᠯ᠎ᠠ᠃
ᠢᠷᠡᠯᠲᠡ᠄ ᠣᠷᠳᠣᠰ ᠬᠤᠳᠠ ᠶᠢᠨ ᠠᠷᠠᠳ ‍ᠤᠨ‌ᠵᠠᠰᠠᠭ ᠤᠨ ᠣᠷᠳᠣᠨ ᠤ ᠮᠤᠩᠭᠤᠯ ᠰᠦᠯᠵᠢᠶ᠎ᠡ