ᠤᠢᠢᠷ᠎ᠡ ᠶᠢᠨ ᠵᠢᠯ ᠳᠤ᠂ ᠳᠠᠯᠠᠳ ᠬᠤᠰᠢᠭᠤᠨ ᠤ ᠨᠠᠮ ᠤᠨ ᠬᠤᠷᠢᠶ᠎ᠡ ᠵᠠᠰᠠᠬ ᠤᠨ ᠤᠷᠳᠤᠨ | ᠦᠨᠳᠦᠰᠦᠳᠡᠨ ᠤ ᠰᠤᠷᠭᠠᠨ ᠬᠦᠮᠦᠵᠢᠯ ᠤᠨ ᠠᠵᠢᠯ ᠢ ᠴᠢᠬᠤᠯᠠᠴᠢᠯᠡᠨ ᠠᠳᠬᠤᠬᠤ ᠡᠷᠴᠢᠮ ᠲᠠᠢ ᠠᠷᠭ᠎ᠠ ᠬᠡᠮᠵᠢᠶ᠎ᠡ | ᠠᠪᠤᠬᠰᠠᠨ ᠠᠴᠠ ᠦᠨᠳᠦᠰᠦᠳᠡᠨ ᠤ ᠰᠤᠷᠭᠠᠨ ᠬᠦᠮᠦᠵᠢᠯ ᠴᠡᠴᠡᠭᠯᠡᠨ ᠬᠦᠭᠵᠢᠵᠤ ᠨᠡᠶᠢᠬᠡᠮ ᠨᠡᠶᠢᠳᠡ ᠶᠢᠨ ᠠᠩᠬᠠᠷᠤᠯ ᠢ | ᠶᠡᠬᠡᠬᠡᠨ ᠳᠠᠳᠠᠵᠤ ᠨᠦᠯᠦᠬᠡ ᠳᠤᠰᠬᠠᠯ ᠶᠡᠭᠡ ᠰᠠᠶᠢᠨ ᠪᠤᠯᠤᠬᠰᠠᠨ ᠪᠠᠶᠢᠨ᠎ᠠ᠃ ︽ᠬᠤᠶᠡᠷ ᠬᠤᠷᠡᠯ︾ ᠤᠨ | ᠬᠤᠭᠤᠴᠠᠭᠠᠨ ᠳᠤ᠂ ᠳᠠᠯᠠᠳ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠴᠢ᠊ · ᠳᠠᠯᠠᠨᠳᠠᠢ ᠰᠤᠷᠪᠤᠯᠵᠢᠯᠠᠭ᠎ᠠ | ᠬᠦᠯᠢᠶᠡᠵᠤ ᠡᠨᠡ ᠳᠤᠬᠠᠢ ᠳᠠᠶᠢᠯᠪᠤᠷᠢᠯᠡᠯᠳᠡ ᠬᠢᠭᠰᠡᠨ ᠪᠢᠯᠡ᠃ | 30 ᠳᠡᠬᠦᠨ ᠤ ᠳᠠᠨᠢᠯᠴᠠᠭᠤᠯᠬᠤ ᠪᠠᠷ᠂ ᠳᠠᠯᠠᠳ ᠬᠤᠰᠢᠭᠤ ᠦᠨᠳᠦᠰᠦᠳᠡᠨ ᠤ ᠭᠠᠵᠠᠷ ᠤᠷᠤᠨ | ᠪᠤᠯᠤᠬᠰᠠᠨ ᠤ ᠬᠤᠪᠢ ᠳᠤ ᠦᠨᠳᠦᠰᠦᠳᠡᠨ ᠤ ᠰᠤᠷᠭᠠᠨ ᠬᠦᠮᠦᠵᠢᠯ ᠢ ᠴᠢᠬᠤᠯᠠᠴᠢᠯᠡᠨ ᠠᠳᠬᠤᠬᠤ ᠨᠢ ᠨᠠᠮ ᠤᠨ | ᠬᠤᠷᠢᠶ᠎ᠡ ᠵᠠᠰᠠᠬ ᠤᠨ ᠤᠷᠳᠤᠨ ᠤ ᠨᠠᠨᠳᠢᠨ ᠡᠬᠦᠷᠬᠡ ᠬᠠᠷᠢᠭᠤᠴᠠᠯᠭ᠎ᠠ ᠪᠤᠯᠤᠨ᠎ᠡ᠃ ᠤᠢᠢᠷ᠎ᠡ ᠶᠢᠨ ᠵᠢᠯ ᠳᠤ | ᠦᠨᠳᠦᠰᠦᠳᠡᠨ ᠤ ᠰᠤᠷᠭᠠᠨ ᠬᠦᠮᠦᠵᠢᠯ ᠢ ᠬᠦᠭᠵᠢᠬᠦᠯᠬᠦ ᠳᠠᠯ᠎ᠠ ᠪᠠᠷ ᠤᠯᠠᠨ ᠪᠦᠳᠦᠮᠵᠢᠳᠡᠢ ᠠᠷᠭ᠎ᠠ ᠬᠡᠮᠵᠢᠶ᠎ᠡ ᠠᠪᠴᠤ᠂ | ᠦᠨᠳᠦᠰᠦᠳᠡᠨ ᠤ ᠰᠤᠷᠭᠠᠨ ᠬᠦᠮᠦᠵᠢᠯ ᠤᠨ ᠤᠷᠴᠢᠨ ᠳᠤᠭᠤᠷᠢᠨ ᠢᠯᠡᠳᠳᠡ ᠰᠠᠶᠢᠵᠢᠷᠡᠨ ᠦᠨᠳᠦᠰᠦᠳᠡᠨ ᠤ ᠰᠤᠷᠭᠠᠨ | ᠬᠦᠮᠦᠵᠢᠯ ᠤᠨ ᠶᠠᠰᠤ ᠴᠢᠨᠡᠷ ᠨᠡᠶᠢᠳᠡᠮ ᠳᠡᠭᠡᠭᠰᠢᠯᠡᠵᠤ ᠪᠠᠶᠢᠨ᠎ᠠ᠃ 2017 ᠤᠨ ᠠᠴᠠ ᠡᠬᠢᠯᠡᠨ ᠳᠠᠯᠠᠳ ᠬᠤᠰᠢᠭᠤ | ᠮᠤᠩᠭᠤᠯ ᠢᠶᠠᠷ ᠰᠤᠷᠤᠬᠴᠢ ᠡᠯᠰᠡᠵᠤ ᠡᠬᠢᠯᠡᠪᠡ᠃ 2018 ᠤᠨ ᠠᠴᠠ ᠮᠤᠩᠭᠤᠯ ᠰᠤᠷᠭᠠᠭᠤᠯᠢ ᠶᠢᠨ ᠰᠠᠭᠤᠷᠢ | ᠳᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠪᠠᠨ ᠴᠢᠩᠭᠠᠳᠬᠠᠵᠤ᠂ 7000 ᠲᠡᠭᠰᠢ ᠳᠦᠷᠪᠡᠯᠵᠢᠨ ᠮᠧᠳ᠋ᠷ ᠤᠨ | ᠵᠢᠭᠠᠨ ᠰᠤᠷᠭᠠᠬᠤ ᠠᠰᠠᠷ᠂ ᠪᠠᠶᠢᠷᠢ ᠶᠢᠨ ᠬᠡᠷ᠂ ᠬᠢᠴᠢᠶᠡᠯ ᠤᠨ ᠭᠠᠳᠠᠨᠠᠬᠢ ᠠᠵᠢᠯᠯᠠᠭ᠎ᠠ ᠶᠢᠨ ᠲᠠᠯᠠᠪᠤᠷ ᠵᠡᠷᠬᠡ ᠶᠢ | ᠪᠠᠭᠳᠠᠭᠠᠬᠰᠠᠨ ᠪᠠᠷᠢᠯᠭ᠎ᠠ ᠶᠢ ᠡᠬᠢᠯᠡᠨ ᠪᠠᠶᠢᠭᠤᠯᠵᠤ ᠳᠤᠰ ᠪᠠᠷᠢᠯᠭ᠎ᠠ ᠨᠢ 2019 ᠤᠨ ᠳᠤ ᠠᠰᠢᠬᠯᠠᠯᠳᠠ ᠳᠤ | ᠤᠷᠤᠬᠤ ᠪᠤᠯᠤᠨ᠎ᠡ᠃ ᠮᠤᠩᠭᠤᠯ ᠰᠤᠷᠭᠠᠭᠤᠯᠢ ᠶᠢᠨ ᠰᠠᠭᠤᠷᠢ ᠳᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠪᠠᠨ | ᠳᠠᠰᠤᠷᠡᠯᠳᠡ ᠦᠬᠡᠢ ᠰᠠᠶᠢᠵᠢᠷᠠᠭᠤᠯᠬᠤ ᠶᠢᠨ ᠬᠠᠮᠳᠤ ᠵᠢᠭᠠᠨ ᠰᠤᠷᠭᠠᠯᠳᠠ ᠶᠢᠨ ᠴᠢᠨᠡᠷᠵᠢᠯ ᠢ ᠠᠳᠬᠤᠵᠤ ᠳᠠᠮᠢᠷ | ᠤᠷᠠᠯᠢᠬ ᠤᠨ ᠬᠢᠴᠢᠶᠡᠯᠯᠡᠭᠡ᠂ ᠢᠨᠲ᠋ᠧᠷ ᠰᠦᠯᠵᠢᠶ᠎ᠡ ᠶᠢᠨ ᠬᠦᠮᠦᠵᠢᠯ ᠵᠡᠷᠬᠡ ᠳᠠᠯ᠎ᠠ ᠪᠠᠷ ᠶᠡᠬᠡᠬᠡᠨ ᠴᠢᠩᠭᠠᠳᠬᠠᠵᠤ | ᠪᠠᠭᠰᠢ ᠶᠢᠨ ᠡᠩᠨᠡᠭᠡ ᠶᠢᠨ ᠪᠠᠶᠢᠭᠤᠯᠤᠯᠳᠠ ᠪᠠᠨ ᠰᠠᠶᠢᠳᠤᠷ ᠠᠳᠬᠤᠨ᠂ ᠤᠯᠠᠨ ᠬᠢᠴᠢᠶᠡᠯ ᠳᠦᠷᠦᠯ ᠢ ᠬᠠᠮᠤᠷᠤᠬᠰᠠᠨ | ᠠᠷᠪᠠᠭᠠᠳ ᠪᠠᠭᠰᠢ ᠶᠢ ᠰᠢᠨ᠎ᠡ ᠪᠠᠷ ᠡᠯᠰᠡᠵᠠᠢ᠃ ᠮᠤᠩᠭᠤᠯ ᠰᠤᠷᠭᠠᠭᠤᠯᠢ ᠶᠢᠨ ᠰᠤᠷᠤᠬᠴᠢ ᠤᠤᠯ ᠨᠢ 300 | ᠰᠤᠷᠤᠬᠴᠢ ᠲᠠᠢ ᠪᠠᠶᠢᠬᠰᠠᠨ ᠪᠤᠯ ᠤᠳᠤ 900 ᠰᠤᠷᠤᠬᠴᠢ ᠲᠠᠢ ᠪᠤᠯᠵᠤ᠂ ᠮᠤᠩᠭᠤᠯ ᠢᠶᠠᠷ ᠬᠢᠴᠢᠶᠡᠯᠯᠡᠬᠦ ᠠᠩᠬᠢ | ᠨᠡᠬᠡᠬᠡᠵᠤ ᠤᠳᠤ ᠭᠤᠴᠢᠭᠠᠳ ᠮᠤᠩᠭᠤᠯ ᠪᠠᠭᠰᠢ ᠲᠠᠢ ᠪᠤᠯᠤᠬᠰᠠᠨ ᠪᠠᠶᠢᠨ᠎ᠠ᠃ ᠳᠠᠯᠠᠳ ᠬᠤᠰᠢᠭᠤᠨ ᠤ | ᠦᠨᠳᠦᠰᠦᠳᠡᠨ ᠤ ᠬᠡᠦᠬᠡᠳ ᠤᠨ ᠴᠡᠴᠡᠷᠯᠢᠭ ᠨᠢ ᠦᠪᠡᠷᠳᠡᠬᠡᠨ ᠵᠠᠰᠠᠬᠤ ᠤᠷᠤᠨ ᠤ ᠨᠢᠬᠡᠳᠦᠬᠡᠷ ᠳᠡᠰ ᠤᠨ ᠬᠡᠦᠬᠡᠳ ᠤᠨ | ᠴᠡᠴᠡᠷᠯᠢᠭ ᠪᠤᠯᠤᠨ᠎ᠡ᠂ ᠡᠨᠡ ᠬᠤᠶᠡᠷ ᠵᠢᠯ ᠴᠡᠴᠡᠷᠯᠢᠭ ᠤᠨ ᠮᠤᠩᠭᠤᠯ ᠠᠩᠬᠢ ᠨᠡᠬᠡᠬᠡᠬᠦ᠂ ᠴᠡᠴᠡᠷᠯᠢᠭ ᠤᠨ ᠮᠤᠩᠭᠤᠯ | ᠬᠢᠴᠢᠶᠡᠯᠯᠡᠭᠡ ᠶᠢ ᠴᠤ ᠠᠳᠠᠯᠢᠬᠠᠨ ᠴᠢᠬᠤᠯᠠᠴᠢᠯᠡᠵᠤ᠂ ᠡᠭᠦᠨ ᠢᠶᠠᠨ ᠤᠯᠠᠮ ᠨᠢᠬᠡ ᠠᠯᠬᠤᠮ ᠡᠷᠴᠢᠮᠵᠢᠬᠦᠯᠬᠦ ᠰᠠᠨᠠᠭᠠᠳᠠᠢ | ᠃ ᠳᠠᠯᠠᠳ ᠬᠤᠰᠢᠭᠤᠨ ᠤ ᠨᠠᠮ ᠤᠨ ᠬᠤᠷᠢᠶ᠎ᠡ ᠵᠠᠰᠠᠬ ᠤᠨ ᠤᠷᠳᠤᠨ ᠪᠤᠯᠤᠨ ᠰᠤᠷᠭᠠᠨ ᠬᠦᠮᠦᠵᠢᠯ ᠤᠨ ᠳᠤᠪᠴᠢᠶ᠎ᠡ | ᠦᠨᠳᠦᠰᠦᠳᠡᠨ ᠤ ᠰᠤᠷᠭᠠᠨ ᠬᠦᠮᠦᠵᠢᠯ ᠤᠨ ᠠᠵᠢᠯ ᠢ ᠨᠢᠬᠡᠨ ᠰᠠᠭᠤᠷᠢ ᠴᠢᠨᠠᠷᠳᠠᠢ ᠠᠵᠢᠯ ᠪᠤᠯᠭᠠᠨ ᠠᠳᠬᠤᠵᠤ᠂ | ᠦᠨᠳᠦᠰᠦᠳᠡᠨ ᠤ ᠰᠤᠷᠭᠠᠨ ᠬᠦᠮᠦᠵᠢᠯ ᠢᠶᠠᠨ ᠤᠯᠠᠮ ᠡᠷᠬᠢᠯᠡᠵᠤ᠂ ᠰᠤᠷᠭᠠᠨ ᠬᠦᠮᠦᠵᠢᠯ ᠤᠨ ᠨᠦᠬᠦᠴᠡᠯ ᠢᠶᠠᠨ | ᠳᠠᠰᠤᠷᠡᠯᠳᠡ ᠦᠬᠡᠢ ᠰᠠᠶᠢᠵᠢᠷᠠᠭᠤᠯᠵᠤ᠂ ᠠᠯᠬᠤᠮ ᠠᠯᠬᠤᠮ ᠢᠶᠠᠷ ᠴᠢᠩᠭᠠᠳᠬᠠᠨ ᠬᠢᠵᠤ ᠪᠠᠶᠢᠨ᠎ᠡ ᠭᠡᠯ᠎ᠠ᠃ |