︽ᠬᠢᠶ᠎ᠡ ᠪᠠᠭᠰᠢ ᠲᠤᠭᠤᠷᠢᠭ ᠤᠨ ᠭᠠᠵᠠᠷ ᠰᠢᠷᠣᠶ ᠶᠢ ᠲᠠᠲᠠᠪᠤᠷᠢᠯᠠᠬᠤ ᠨᠥᠬᠦᠪᠥᠷᠢ ᠥᠭᠬᠦ ᠬᠠᠮᠢᠶᠠᠷᠤᠯᠲᠠ ᠶᠢᠨ ᠠᠷᠭ᠎ᠠ︾ ︵ᠲᠤᠷᠰᠢᠨ ᠬᠡᠷᠡᠭᠵᠢᠭᠦᠯᠬᠦ︶                                                      ᠣᠷᠳᠤᠰ ᠬᠢᠶ᠎ᠠ ᠪᠠᠭᠰᠢ ᠵᠠᠰᠠᠭ ᠳᠠᠷᠬᠠᠭᠠᠬᠤ〔2019〕7 ᠳ᠋ᠤᠭᠠᠷ ᠲᠣᠭᠠᠳᠤ
ᠨᠡᠶᠢᠲᠡᠯᠡᠭᠰᠡᠨ ᠴᠠᠭ᠄
2019/11/6
      ᠨᠢᠭᠡᠳᠦᠭᠡᠷ ᠪᠦᠯᠦᠭ    ᠶᠡᠷᠦᠩᠬᠡᠶ ᠳᠦᠷᠢᠮ       ᠨᠢᠭᠡᠳᠦᠭᠡᠷ ᠵᠦᠢᠯ   ᠬᠢᠶ᠎ᠡ ᠪᠠᠭᠰᠢ ᠲᠣᠭᠤᠷᠢᠭ ᠤᠨ ᠭᠠᠵᠠᠷ ᠰᠢᠷᠣᠶ ᠲᠠᠲᠠᠪᠤᠷᠢᠯᠠᠬᠤ ᠪᠤᠶᠤ ᠲᠠᠲᠠᠪᠤᠷᠢᠯᠠᠨ ᠬᠡᠷᠡᠭᠯᠡᠬᠦ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠭᠠᠵᠠᠷ ᠰᠢᠷᠣᠶ ᠶᠢᠨ ᠥᠮᠴᠢᠯᠡᠭᠴᠢ᠂ ᠬᠡᠷᠡᠭᠯᠡᠭᠴᠢ ᠪᠣᠯᠤᠨ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠴᠡᠭᠡ ᠶᠢ ᠪᠠᠲᠤᠯᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ  ‍ᠤᠨ‌ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ  ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ ᠶᠢ ᠬᠡᠷᠡᠭᠵᠢᠭᠦᠯᠬᠦ ᠳᠦᠷᠢᠮ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ  ᠤᠨ ᠭᠡᠷ᠎ᠡ ᠶᠢᠨ ᠬᠠᠤᠯᠢ︾᠂  ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠣᠳᠠᠰ ᠤᠨ ᠡᠷᠬᠡ ᠶᠢᠨ ᠬᠠᠥᠯᠢ︾᠂  ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ  ᠤᠨ ᠬᠥᠳᠡᠭᠡ ᠲᠣᠰᠬᠤᠨ ᠤ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ  ᠤᠨ ᠲᠣᠰᠬᠤᠨ ᠤ ᠠᠷᠠᠳ ᠤᠨ ᠵᠥᠪᠯᠡᠯ ᠤᠨ ᠵᠣᠬᠢᠶᠠᠨ ᠪᠠᠶᠢᠭᠤᠯᠬᠤ ᠬᠠᠤᠯᠢ︾ ᠵᠡᠷᠭᠡ  ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠪᠣᠯᠤᠨ ᠲᠥᠷᠥ ᠶᠢᠨ ᠪᠣᠳᠣᠯᠭ᠎ᠠ ᠶᠢᠨ ᠲᠣᠭᠲᠠᠭᠠᠯ   ᠢ ᠦᠨᠳᠦᠰᠦᠯᠡᠨ᠂ ᠬᠢᠶ᠎ᠡ ᠪᠠᠭᠰᠢ ᠲᠣᠭᠤᠷᠢᠭ ᠤᠨ ᠪᠣᠳᠠᠲᠤ  ᠪᠠᠶᠢᠳᠠᠯ ᠲᠠᠢ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃       ᠬᠤᠶᠠᠳᠤᠭᠠᠷ ᠵᠦᠢᠯ     ᠲᠣᠰ ᠠᠷᠭ᠎ᠠ ᠳᠤ ᠬᠡᠯᠡᠵᠦ  ᠪᠠᠶᠢᠭ᠎ᠠ ᠭᠠᠵᠠᠷ ᠰᠢᠷᠣᠶ ᠲᠠᠲᠠᠪᠤᠷᠢᠯᠠᠬᠤ ᠪᠤᠶᠤ ᠲᠠᠲᠠᠪᠤᠷᠢᠯᠠᠨ ᠬᠡᠷᠡᠭᠯᠡᠬᠦ ᠭᠡᠳᠡᠭ ᠨᠢ ᠤᠯᠤᠰ ᠪᠤᠶᠤ ᠵᠠᠰᠠᠭ ᠤᠨ ᠣᠷᠳᠣᠨ ᠣᠯᠠᠨ ᠨᠡᠶᠢᠲᠡ ᠶᠢᠨ ᠠᠰᠢᠭ ᠲᠤᠰᠠ ᠵᠢᠴᠢ ᠬᠤᠲᠠ ᠶᠢᠨ  ᠲᠥᠯᠥᠪᠵᠢᠭᠦᠯᠦᠨ ᠪᠦᠲᠦᠭᠡᠨ ᠪᠠᠶᠢᠭᠤᠯᠤᠯᠲᠠ ᠶᠢᠨ ᠬᠡᠷᠡᠭᠴᠡᠭᠡ ᠶᠢ ᠬᠡᠷᠡᠭᠵᠢᠭᠦᠯᠬᠦ ᠶᠢᠨ ᠲᠤᠰᠠᠳᠠ᠂ ᠬᠠᠤᠯᠢ ᠪᠠᠷ ᠲᠣᠭᠲᠠᠭᠠᠭᠰᠠᠨ ᠳᠠᠷᠠᠭᠠᠯᠠᠯ ᠪᠣᠯᠤᠨ ᠵᠥᠪᠰᠢᠶᠡᠷᠡᠬᠦ ᠡᠷᠬᠡ ᠮᠡᠳᠡᠯ ᠤᠨ ᠬᠡᠪᠴᠢᠶᠡᠨ ᠤ ᠶᠣᠰᠣᠭᠠᠷ᠂ ᠲᠠᠷᠢᠶᠠᠴᠢᠨ ᠮᠠᠯᠴᠢᠳ ᠤᠨ ᠬᠠᠮᠲᠤ ᠶᠢᠨ ᠥᠮᠴᠢᠯᠡᠯ ᠤᠨ ᠭᠠᠵᠠᠷ ᠰᠢᠷᠣᠶ ᠶᠢ ᠤᠯᠤᠰ  ᠤᠨ ᠥᠮᠴᠢᠯᠡᠯ ᠪᠣᠯᠭᠠᠨ ᠲᠠᠲᠠᠪᠤᠷᠢᠯᠠᠬᠤ ᠶᠢᠨ ᠬᠠᠮᠲᠤ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠣᠯᠤᠨ ᠲᠠᠷᠢᠶᠠᠴᠢᠨ ᠮᠠᠯᠴᠢᠳ ᠲᠤ ᠬᠠᠤᠯᠢ ᠶᠣᠰᠣᠭᠠᠷ᠂ ᠵᠦᠶ ᠵᠣᠬᠢᠰᠲᠠᠶ ᠨᠥᠬᠦᠪᠥᠷᠢ ᠥᠭᠬᠦ᠂ ᠲᠥᠪᠬᠢᠨᠡᠭᠦᠯᠬᠦ ᠦᠢᠯᠡ ᠠᠵᠢᠯᠯᠠᠭ᠎ᠠ ᠶᠢ ᠵᠢᠭᠠᠵᠤ ᠪᠣᠢ᠃       ᠭᠤᠷᠪᠠᠳᠤᠭᠠᠷ ᠵᠦᠢᠯ    ᠬᠠᠤᠯᠢ ᠶᠣᠰᠣᠭᠠᠷ ᠵᠥᠪᠰᠢᠶᠡᠷᠡᠭᠰᠡᠨ ᠬᠢᠶ᠎ᠡ ᠪᠠᠭᠰᠢ ᠶᠢᠨ ᠵᠠᠰᠠᠭ ᠵᠠᠬᠢᠷᠭᠠᠨ ᠤ ᠬᠠᠷᠢᠶ᠎ᠠ ᠣᠷᠣᠨ ᠤ ᠬᠡᠪᠴᠢᠶᠡᠨ ᠳᠣᠲᠣᠷᠠᠬᠢ ᠭᠠᠵᠠᠷ ᠰᠢᠷᠣᠶ   ᠶᠢ ᠲᠠᠲᠠᠪᠤᠷᠢᠯᠠᠬᠤ ᠪᠤᠶᠤ ᠲᠠᠲᠠᠪᠤᠷᠢᠯᠠᠨ ᠬᠡᠷᠡᠭᠯᠡᠬᠦ  ᠳᠤ ᠬᠢᠶ᠎ᠡ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃       ᠳᠥᠷᠪᠡᠳᠦᠭᠡᠷ ᠵᠦᠢᠯ    ᠬᠢᠶ᠎ᠡ ᠪᠠᠭᠰᠢ ᠲᠣᠭᠤᠷᠢᠭ ᠤᠨ ᠵᠠᠰᠠᠭ ᠵᠠᠬᠢᠷᠭᠠᠨ ᠤ ᠬᠠᠷᠢᠶ᠎ᠠ ᠣᠷᠣᠨ ᠤ ᠬᠡᠪᠴᠢᠶᠡᠨ ᠳᠣᠲᠣᠷᠠᠬᠢ ᠭᠠᠵᠠᠷ ᠰᠢᠷᠣᠶ   ᠶᠢ ᠲᠠᠲᠠᠪᠤᠷᠢᠯᠠᠬᠤ ᠪᠤᠶᠤ ᠲᠠᠲᠠᠪᠤᠷᠢᠯᠠᠨ ᠬᠡᠷᠡᠭᠯᠡᠬᠦ ᠭᠤᠤᠯ ᠴᠣᠭᠴᠠ ᠨᠢ ᠬᠢᠶ᠎ᠡ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠯᠤᠨ᠎ᠠ᠃ ᠨᠡᠶᠢᠭᠡᠮ ᠤᠨ ᠲᠣᠭᠲᠠᠭᠤᠨ ᠴᠢᠨᠠᠷ ᠤᠨ ᠲᠦᠭᠰᠢᠭᠦᠷᠢ ᠶᠢᠨ  ᠦᠨᠡᠯᠡᠯᠳᠡ ᠬᠢᠵᠦ᠂ ᠭᠠᠵᠠᠷ ᠰᠢᠷᠣᠶ ᠶᠢᠨ ᠡᠷᠬᠡ ᠶᠢᠨ ᠬᠠᠷᠢᠶᠠᠯᠠᠯ ᠤᠨ ᠭᠤᠤᠯ ᠴᠣᠭᠴᠠ  ᠶᠢ ᠬᠢᠨᠠᠨ ᠪᠠᠶᠢᠴᠠᠭᠠᠬᠤ ᠴᠢᠬᠤᠯᠠᠲᠠᠶ᠃       ᠲᠠᠪᠤᠳᠤᠭᠠᠷ ᠵᠦᠢᠯ     ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠭᠠᠵᠠᠷ ᠰᠢᠷᠣᠶ ᠶᠢ ᠲᠠᠲᠠᠪᠤᠷᠢᠯᠠᠬᠤ ᠳᠤ ᠪᠠᠷᠢᠮᠲᠠᠯᠠᠬᠤ  ᠴᠢᠬᠤᠯᠠ ᠲᠠᠢ ᠦᠨᠳᠦᠰᠦᠨ ᠵᠠᠷᠴᠢᠮ᠄       ︵ᠨᠢᠭᠡ︶ ᠭᠠᠵᠠᠷ ᠢᠶᠠᠨ ᠳᠠᠲᠠᠪᠤᠷᠢᠯᠠᠭᠳᠠᠭᠰᠠᠳ ᠤᠨ ᠤᠤᠯ ᠤᠨ ᠠᠮᠢᠳᠤᠷᠠᠯ ᠤᠨ ᠬᠢᠷᠢ ᠬᠡᠮᠵᠢᠶ᠎ᠡ ᠶᠢ ᠪᠠᠭᠤᠷᠠᠭᠤᠯᠵᠤ ᠪᠣᠯᠬᠤ ᠦᠭᠡᠢ︔       ︵ᠬᠤᠶᠠᠷ︶ ᠭᠠᠵᠠᠷ ᠰᠢᠷᠣᠶ ᠶᠢ ᠬᠠᠤᠯᠢ ᠶᠣᠰᠣᠭᠠᠷ ᠲᠠᠲᠠᠪᠤᠷᠢᠯᠠᠬᠤ᠂ ᠵᠦᠶ ᠵᠣᠬᠢᠰᠲᠠᠶ ᠲᠥᠯᠥᠪᠦᠷᠢ ᠥᠭᠬᠦ ᠶᠢ  ᠴᠢᠩᠭ᠎ᠠ  ᠪᠠᠷᠢᠮᠲᠠᠯᠠᠨ᠎ᠠ︔       ︵ᠭᠤᠷᠪᠠ︶ ᠢᠯᠡ   ᠳᠤᠳᠤ᠂ ᠡᠷᠬᠡ ᠲᠡᠭᠰᠢ ᠪᠠ ᠲᠥᠪ ᠭᠤᠤᠯᠴᠢ ᠪᠠᠶᠢᠬᠤ ᠶᠢ  ᠪᠡᠶᠡᠯᠡᠭᠦᠯᠦᠨ᠎ᠡ︔       ︵ᠲᠥᠷᠪᠡ︶ ᠤᠯᠤᠰ ᠣᠷᠣᠨ᠂ ᠬᠠᠮᠲᠤ ᠨᠡᠶᠢᠲᠡ᠂  ᠬᠤᠪᠢ ᠭᠦᠮᠦᠨ ᠤ ᠠᠰᠢᠭ ᠲᠤᠰᠠ‌‍ᠶᠢ ᠬᠠᠮᠲᠤ ᠳᠤᠨᠢ  ᠬᠠᠷᠠᠭᠠᠯᠵᠠᠨ᠎ᠠ︔       ︵ᠲᠠᠪᠤ︶ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠳᠤ ᠠᠰᠢᠭᠲᠠᠢ ᠪᠠᠶᠢᠬᠤ ᠬᠡᠷᠡᠭᠲᠡᠶ᠃       ᠵᠢᠷᠭᠤᠳᠤᠭᠠᠷ ᠵᠦᠢᠯ     ᠨᠥᠬᠦᠪᠦᠷᠢ ᠥᠭᠴᠦ ᠲᠥᠪᠬᠢᠨᠡᠭᠦᠯᠬᠦ ᠦᠨᠳᠦᠰᠦᠯᠡᠯ᠄       ︽ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠶ ᠶᠢ ᠲᠠᠲᠠᠪᠤᠷᠢᠯᠠᠬᠤ  ᠵᠢᠯ ᠤᠨ ᠭᠠᠷᠤᠯᠳᠠ ᠶᠢᠨ ᠥᠷᠳᠡᠭ   ᠤᠨ ᠨᠢᠭᠡᠳᠦᠯᠲᠡᠶ ᠪᠠᠷᠢᠮᠵᠢᠶ᠎ᠠ ᠪᠣᠯᠤᠨ ᠭᠠᠵᠠᠷ ᠰᠢᠷᠣᠶ ᠶᠢ ᠲᠠᠲᠠᠪᠤᠷᠢᠯᠠᠬᠤ ᠲᠣᠭᠤᠷᠢᠭ ᠬᠡᠰᠡᠭ ᠤᠨ  ᠶᠡᠷᠦᠩᠬᠡᠶᠢᠯᠡᠭᠰᠡᠨ ᠭᠠᠵᠠᠷ ᠤᠨ ᠦᠨ᠎ᠡ ᠶᠢ ᠨᠡᠶᠢᠲᠡᠯᠡᠨ ᠬᠡᠷᠡᠭᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ᠢᠶᠠᠷ ᠯᠠᠪᠯᠠᠯᠲᠠ ᠪᠣᠯᠭᠠᠵᠤ᠂ ᠬᠢᠶ᠎ᠡ ᠪᠠᠭᠰᠢ ᠲᠣᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠳᠠᠲᠠᠪᠤᠷᠢᠯᠠᠬᠤ ᠪᠠ ᠲᠠᠲᠠᠪᠤᠷᠢᠯᠠᠨ ᠬᠡᠷᠡᠭᠯᠡᠬᠦ ᠨᠥᠬᠦᠪᠥᠷᠢ ᠥᠭᠬᠦ ᠲᠥᠰᠦᠯ ᠢ  ᠳᠣᠭᠳᠠᠭᠠᠪᠠ᠃          ᠬᠤᠶᠠᠳᠤᠭᠠᠷ ᠪᠦᠯᠦᠭ   ᠳᠠᠲᠠᠪᠤᠷᠢᠯᠠᠬᠤ᠂ ᠲᠠᠲᠠᠪᠤᠷᠢᠯᠠᠨ ᠬᠡᠷᠡᠭᠯᠡᠬᠦ ᠨᠥᠬᠦᠪᠦᠷᠢ ᠥᠭᠴᠦ ᠲᠥᠪᠬᠢᠨᠡᠭᠦᠯᠬᠦ       ᠳᠣᠯᠣᠳᠤᠭᠠᠷ ᠵᠦᠢᠯ     ᠭᠠᠵᠠᠷ ᠬᠡᠷᠡᠭᠯᠡᠬᠦ ᠨᠢᠭᠡᠴᠡ ᠭᠠᠵᠠᠷ ᠰᠢᠷᠣᠶ   ᠶᠢ ᠲᠠᠲᠠᠪᠤᠷᠢᠯᠠᠬᠤ ᠪᠠᠷ ᠭᠤᠶᠤᠴᠢᠯᠠᠬᠤ ᠪᠤᠶᠤ ᠲᠦᠷ ᠴᠠᠭ ᠭᠠᠵᠠᠷ ᠰᠢᠷᠣᠶ ᠶᠢ ᠲᠠᠲᠠᠪᠤᠷᠢᠯᠠᠨ ᠬᠡᠷᠡᠭᠯᠡᠬᠦ   ᠳᠤ᠄ ᠭᠠᠵᠠᠷ ᠬᠡᠷᠡᠭᠯᠡᠬᠦ ᠨᠢᠭᠡᠴᠡ ᠨᠢ ᠭᠠᠵᠠᠷ ᠰᠢᠷᠣᠶ ᠶᠢ ᠲᠠᠲᠠᠪᠤᠷᠢᠯᠠᠬᠤ ᠭᠤᠶᠤᠴᠢᠯᠠᠯ ᠤᠨ ᠪᠢᠴᠢᠭ ᠮᠠᠲ᠋ᠧᠷᠢᠶᠠᠯ᠂ ᠭᠠᠵᠠᠷ ᠰᠢᠷᠣᠶ   ᠶᠢ ᠲᠠᠲᠠᠪᠤᠷᠢᠯᠠᠬᠤ ᠳᠥᠷᠪᠡᠨ ᠲᠠᠯ᠎ᠠ ᠶᠢᠨ ᠵᠠᠭᠠᠭ ᠤᠨ ᠪᠠᠶᠢᠷᠢᠰᠢᠯ ᠤᠨ ᠵᠢᠷᠤᠭ ︵ᠠᠯᠪᠠᠨ ᠲᠠᠮᠠᠭ᠎ᠠ ᠳᠠᠷᠤᠨ᠎ᠠ︶᠂ ᠰᠡᠳᠦᠪ ᠲᠣᠭᠲᠠᠭᠠᠬᠤ᠂  ᠲᠥᠯᠥᠪᠵᠢᠭᠦᠯᠭᠡ ᠬᠢᠬᠦ᠂ ᠨᠡᠶᠢᠭᠡᠮ ᠤᠨ ᠲᠦᠭᠰᠢᠭᠦᠷᠢ ᠶᠢ ᠦᠨᠡᠯᠡᠨ ᠵᠢᠱᠢᠬᠦ ᠵᠡᠷᠭᠡ ᠬᠠᠮᠢᠶ᠎ᠠ ᠪᠦᠬᠦᠢ ᠡᠮᠦᠨᠡᠬᠢ ᠬᠤᠭᠤᠴᠠᠭᠠᠨ ᠤ ᠬᠢᠨᠠᠨ  ᠵᠥᠪᠰᠢᠶᠡᠷᠡᠭᠦ ᠮᠠᠲ᠋ᠧᠷᠢᠶᠠᠯ ᠢ  ᠬᠠᠩᠭᠠᠨ᠎ᠠ᠃       ᠨᠠᠢᠮᠠᠳᠤᠭᠠᠷ ᠵᠦᠢᠯ    ᠭᠠᠵᠠᠷ ᠰᠢᠷᠣᠶ ᠶᠢ ᠲᠠᠲᠠᠪᠤᠷᠢᠯᠠᠬᠤ ᠲᠥᠰᠦᠯ ᠢ ᠬᠠᠤᠯᠢ ᠶᠣᠰᠣᠭᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠬᠢᠶ᠎ᠡ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ ᠭᠠᠵᠠᠷ ᠰᠢᠷᠣᠶ ᠲᠠᠲᠠᠪᠤᠷᠢᠯᠠᠬᠤ ᠶᠢ ᠵᠥᠪᠰᠢᠶᠡᠷᠡᠭᠰᠡᠨ ᠪᠠᠶᠢᠭᠤᠯᠭ᠎ᠠ᠂ ᠵᠥᠪᠰᠢᠶᠡᠷᠡᠭᠰᠡᠨ  ᠮᠠᠲ᠋ᠧᠷᠢᠶᠠᠯ ᠤᠨ ᠨᠤᠮᠧᠷ᠂  ᠳᠠᠲᠠᠪᠤᠷᠢᠯᠠᠬᠤ ᠭᠠᠵᠠᠷ ᠰᠢᠷᠣᠶ ᠶᠢᠨ ᠬᠡᠷᠡᠭᠴᠡᠭᠡ᠂ ᠬᠡᠪᠴᠢᠶ᠎ᠡ᠂ ᠲᠠᠯᠠᠪᠠᠢ ᠵᠢᠴᠢ ᠭᠠᠵᠠᠷ ᠰᠢᠷᠣᠶ ᠶᠢ ᠳᠠᠲᠠᠪᠤᠷᠢᠯᠠᠬᠤ ᠨᠥᠭᠦᠪᠦᠷᠢ ᠥᠭᠬᠦ ᠪᠠᠷᠢᠮᠵᠢᠶ᠎ᠠ᠂  ᠲᠠᠷᠢᠶᠠᠴᠢᠨ ᠢ ᠲᠥᠪᠬᠢᠨᠡᠭᠦᠯᠬᠦ ᠲᠥᠰᠦᠯ ᠵᠡᠷᠭᠡ ᠠᠭᠤᠯᠭ᠎ᠠ ᠶᠢ ᠲᠠᠲᠠᠪᠤᠷᠢᠯᠠᠭᠳᠠᠭᠰᠠᠨ ᠭᠠᠵᠠᠷ ᠰᠢᠷᠣᠶ ᠶᠢᠨ ᠪᠠᠶᠢᠭ᠎ᠠ ᠭᠠᠵᠠᠷ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠰᠬᠤᠨ᠂ ᠨᠡᠶᠢᠭᠡᠮ ᠲᠣᠭᠤᠷᠢᠭ ᠲᠤ ᠵᠠᠷᠯᠠᠨ ᠮᠡᠳᠡᠭᠳᠡᠬᠦ ᠶᠢᠨ ᠬᠠᠮᠲᠤ ᠲᠠᠲᠠᠪᠤᠷᠢᠯᠠᠬᠤ ᠶᠢ ᠵᠣᠬᠢᠴᠠᠭᠤᠯᠤᠨ ᠤᠳᠤᠷᠢᠳᠬᠤ ᠳᠤᠭᠤᠶᠢᠯᠠᠩ  ᠪᠠᠶᠢᠭᠤᠯᠤᠨ᠎ᠠ᠃       ᠭᠠᠵᠠᠷ ᠰᠢᠷᠣᠶ ᠪᠠᠨ ᠲᠠᠲᠠᠪᠤᠷᠢᠯᠠᠭᠳᠠᠭᠰᠠᠨ ᠥᠮᠴᠢᠯᠡᠯ ᠤᠨ ᠡᠷᠬᠡᠲᠦ ᠬᠥᠮᠦᠨ᠂ ᠬᠡᠷᠡᠭᠯᠡᠬᠦ ᠡᠷᠬᠡᠲᠦ ᠬᠥᠮᠦᠨ ᠨᠢ ᠠᠯᠪᠠᠨ ᠵᠠᠷ ᠲᠤ ᠲᠣᠭᠲᠠᠭᠠᠭᠰᠠᠨ ᠬᠤᠭᠤᠴᠠᠭᠠᠨ ᠳᠣᠲᠣᠷ᠎ᠠ ᠭᠠᠵᠠᠷ ᠰᠢᠷᠣᠶ ᠶᠢᠨ ᠡᠷᠬᠡ ᠶᠢᠨ ᠬᠠᠷᠢᠶᠠᠯᠠᠯ ᠤᠨ ᠦᠨᠡᠮᠯᠡᠯ ᠢᠶᠠᠨ ᠠᠪᠴᠤ ᠠᠯᠪᠠᠨ ᠵᠠᠷ ᠲᠤ ᠲᠣᠭᠲᠠᠭᠠᠭᠰᠠᠨ ᠠᠷᠠᠳ ᠤᠨ ᠵᠠᠰᠠᠭ ᠤᠨ ᠣᠷᠳᠣᠨ ᠤ ᠭᠠᠵᠠᠷ ᠰᠢᠷᠣᠶ ᠶᠢᠨ ᠵᠠᠰᠠᠭ ᠵᠠᠬᠢᠷᠭᠠᠨ ᠤ ᠭᠤᠤᠯᠴᠢᠯᠠᠨ  ᠬᠠᠮᠢᠶᠠᠷᠬᠤ ᠰᠠᠯᠠᠭ᠎ᠠ ᠮᠥᠴᠢᠷ ᠲᠤ ᠬᠦᠷᠴᠦ ᠭᠠᠵᠠᠷ ᠰᠢᠷᠣᠶ ᠲᠠᠲᠠᠪᠤᠷᠢᠯᠠᠭᠰᠠᠨ  ᠨᠥᠭᠦᠪᠦᠷᠢ ᠠᠪᠬᠤ  ᠳᠠᠩᠰᠠᠯᠠᠯᠳᠠ ᠬᠢᠯᠭᠡᠨ᠎ᠡ᠃       ᠶᠢᠰᠦᠳᠦᠭᠡᠷ ᠵᠦᠢᠯ      ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠭᠠᠵᠠᠷ ᠰᠢᠷᠣᠶ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠵᠥᠪᠰᠢᠶᠡᠷᠡᠭᠰᠡᠨ ᠭᠠᠵᠠᠷ ᠰᠢᠷᠣᠶ   ᠶᠢ ᠲᠠᠲᠠᠪᠤᠷᠢᠯᠠᠬᠤ ᠲᠥᠰᠦᠯ  ᠢ ᠦᠨᠳᠦᠰᠦᠯᠡᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠨᠡᠶᠢᠭᠡᠮ ᠲᠣᠭᠤᠷᠢᠭ᠂ ᠲᠠᠷᠢᠶᠠᠯᠠᠩ ᠬᠥᠳᠡᠭᠡ ᠲᠣᠰᠬᠤᠨ ᠤ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠠᠵᠢᠯᠳᠠᠨ ᠵᠢᠴᠢ ᠭᠠᠵᠠᠷ ᠰᠢᠷᠣᠶ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠠᠵᠢᠯᠳᠠᠨ ᠢᠶᠠᠷ ᠪᠦᠷᠢᠯᠳᠦᠭᠰᠡᠨ ᠲᠠᠲᠠᠪᠤᠷᠢᠯᠠᠨ  ᠨᠤᠷᠠᠭᠠᠬᠤ ᠠᠵᠢᠯ ᠤᠨ ᠳᠤᠭᠤᠶᠢᠯᠠᠩ ᠪᠠᠶᠢᠭᠤᠯᠵᠤ᠂ ᠭᠠᠵᠠᠷ ᠰᠢᠷᠣᠶ ᠶᠢ ᠲᠠᠲᠠᠪᠤᠷᠢᠯᠠᠨ  ᠨᠤᠷᠠᠭᠠᠬᠤ ᠨᠥᠬᠦᠪᠥᠷᠢ ᠥᠭᠴᠦ ᠲᠥᠪᠬᠢᠨᠡᠭᠦᠯᠬᠦ ᠪᠣᠳᠠᠲᠠᠶ ᠬᠡᠷᠡᠭᠵᠢᠭᠦᠯᠬᠦ ᠲᠥᠰᠦᠯ ᠢ ᠳᠣᠭᠲᠠᠭᠠᠨ᠎ᠠ᠃ ᠳᠠᠲᠠᠪᠤᠷᠢᠯᠠᠭᠳᠠᠭᠰᠠᠨ ᠭᠠᠵᠠᠷ ᠰᠢᠷᠣᠶ ᠶᠢᠨ ᠪᠠᠶᠢᠭ᠎ᠠ ᠭᠠᠵᠠᠷ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠰᠬᠤᠨ ᠨᠡᠶᠢᠭᠡᠮ ᠲᠣᠭᠤᠷᠢᠭ ᠲᠤ ᠠᠯᠪᠠᠨ ᠵᠠᠷ ᠨᠡᠶᠢᠲᠡᠯᠡᠵᠦ᠂ ᠭᠠᠵᠠᠷ ᠢᠶᠠᠨ ᠳᠠᠲᠠᠪᠤᠷᠢᠯᠠᠭᠳᠠᠭᠰᠠᠨ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠣᠯᠤᠨ ᠲᠠᠷᠢᠶᠠᠴᠢᠨ ᠮᠠᠯᠴᠢᠳ ᠤᠨ ᠰᠠᠨᠠᠯ ᠢ ᠰᠣᠨᠣᠰᠤᠨ᠎ᠠ᠃ ᠭᠠᠵᠠᠷ ᠰᠢᠷᠣᠶ ᠶᠢ ᠲᠠᠲᠠᠪᠤᠷᠢᠯᠠᠨ  ᠨᠤᠷᠠᠭᠠᠬᠤ ᠨᠥᠬᠦᠪᠥᠷᠢ ᠥᠭᠴᠦ ᠲᠥᠪᠬᠢᠨᠡᠭᠦᠯᠦᠨ ᠬᠡᠷᠡᠭᠵᠢᠭᠦᠯᠬᠦ ᠲᠥᠰᠦᠯ ᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ᠂ ᠭᠠᠵᠠᠷ ᠰᠢᠷᠣᠶ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠦᠷᠦᠭᠦᠯᠡᠨ  ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠬᠠᠮᠵᠢᠯᠴᠠᠨ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠨᠥᠬᠦᠪᠥᠷᠢᠯᠡᠬᠦ ᠪᠠᠷᠢᠮᠵᠢᠶ᠎ᠠ ᠳᠤ ᠮᠠᠷᠭᠤᠭᠠᠨ ᠲᠠᠢ  ᠪᠠᠶᠢᠪᠠᠯ᠂  ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠵᠣᠬᠢᠴᠠᠭᠤᠯᠤᠨ᠎ᠠ︔ ᠵᠣᠬᠢᠴᠠᠭᠤᠯᠤᠭᠠᠳ ᠪᠦᠲᠦᠭᠰᠡᠨ ᠦᠭᠡᠢ ᠪᠠᠶᠢᠪᠠᠯ ᠭᠠᠵᠠᠷ ᠰᠢᠷᠣᠶ   ᠶᠢ ᠲᠠᠲᠠᠪᠤᠷᠢᠯᠠᠬᠤ ᠶᠢ ᠵᠥᠪᠰᠢᠶᠡᠷᠡᠭᠰᠡᠨ ᠠᠷᠠᠳ ᠤᠨ ᠵᠠᠰᠠᠭ ᠤᠨ ᠣᠷᠳᠣᠨ ᠠᠴᠠ ᠲᠠᠰᠤᠯᠤᠨ ᠲᠣᠭᠲᠠᠭᠠᠨ᠎ᠠ᠃       ᠭᠠᠵᠠᠷ ᠰᠢᠷᠣᠶ ᠶᠢᠨ ᠲᠠᠲᠠᠪᠤᠷᠢᠯᠠᠯᠲᠠ ᠶᠢᠨ  ᠨᠥᠬᠦᠪᠦᠷᠢ ᠣᠯᠭᠤᠵᠤ ᠲᠥᠪᠬᠢᠨᠡᠭᠦᠯᠬᠦ ᠲᠤᠬᠠᠶ ᠮᠠᠷᠭᠤᠯᠳᠤᠭᠠᠨ ᠨᠢ ᠭᠠᠵᠠᠷ ᠰᠢᠷᠣᠶ ᠶᠢ ᠲᠠᠲᠠᠪᠤᠷᠢᠯᠠᠬᠤ ᠲᠥᠰᠦᠯ ᠤᠨ ᠬᠡᠷᠡᠭᠵᠢᠭᠦᠯᠦᠭᠳᠡᠬᠦ ᠶᠢ ᠨᠥᠯᠥᠭᠡᠯᠡᠬᠦ ᠦᠭᠡᠢ᠃       ᠠᠷᠪᠠᠳᠤᠭᠠᠷ ᠵᠦᠢᠯ     ᠲᠠᠲᠠᠪᠤᠷᠢᠯᠠᠨ  ᠨᠤᠷᠠᠭᠠᠬᠤ  ᠠᠵᠢᠯ ᠤᠨ ᠳᠤᠭᠤᠶᠢᠯᠠᠩ ᠨᠢ ᠵᠥᠪᠰᠢᠶᠡᠷᠡᠭᠰᠡᠨ ᠭᠠᠵᠠᠷ ᠰᠢᠷᠣᠶ   ᠶᠢ ᠲᠠᠲᠠᠪᠤᠷᠢᠯᠠᠬᠤ ᠲᠥᠰᠦᠯ ᠤᠨ ᠶᠣᠰᠣᠭᠠᠷ ᠳᠠᠲᠠᠪᠤᠷᠢᠯᠠᠬᠤ ᠪᠤᠶᠤ ᠲᠠᠲᠠᠪᠤᠷᠢᠯᠠᠨ ᠬᠡᠷᠡᠭᠯᠡᠭᠦ ᠭᠡᠵᠦ ᠪᠠᠶᠢᠭ᠎ᠠ ᠭᠠᠵᠠᠷ ᠰᠢᠷᠣᠶ ᠶᠢ ᠲᠤᠬᠠᠶ ᠶᠢᠨ ᠭᠠᠵᠠᠷ ᠲᠤᠨᠢ ᠬᠦᠷᠴᠦ ᠬᠡᠮᠵᠢᠯᠲᠡ ᠬᠢᠵᠦ᠂ ᠭᠠᠵᠠᠷ ᠳᠡᠭᠡᠷᠡᠬᠢ ᠳᠠᠭᠠᠯᠳᠠ ᠪᠣᠳᠠᠰ ᠢ ᠲᠣᠭᠠᠯᠠᠨ ᠪᠦᠷᠢᠳᠬᠡᠵᠦ ᠳᠠᠩᠰᠠᠯᠠᠭᠠᠳ᠂ ᠭᠠᠵᠠᠷ ᠢᠶᠠᠨ ᠳᠠᠲᠠᠪᠤᠷᠢᠯᠠᠭᠳᠠᠭᠰᠠᠨ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠭᠡᠰᠢᠭᠦᠨ ᠪᠠ ᠭᠠᠵᠠᠷ ᠳᠡᠭᠡᠷᠡᠬᠢ ᠳᠠᠭᠠᠯᠳᠠ ᠪᠣᠳᠠᠰ ᠤᠨ ᠥᠮᠴᠢᠯᠡᠯ ᠤᠨ ᠡᠷᠬᠡᠳᠡᠨ  ᠢᠶᠠᠷ ᠭᠠᠷ ᠤᠨ ᠦᠰᠦᠭ ᠵᠢᠷᠤᠭᠤᠯᠵᠦ  ᠨᠤᠳᠠᠯᠠᠨ ᠵᠦᠪᠰᠢᠶᠡᠷᠡᠭᠦᠯᠦᠨ᠎ᠠ᠃ ᠲᠤᠬᠠᠶ ᠶᠢᠨ ᠭᠠᠵᠠᠷ ᠲᠤ ᠠᠵᠢᠯᠯᠠᠬᠤ ᠪᠦᠬᠦ ᠶᠠᠪᠤᠴᠠ  ᠶᠢ ᠠᠯᠪᠠᠨ ᠭᠡᠷᠡᠴᠢᠯᠡᠭᠡ ᠶᠢᠨ ᠪᠠᠶᠢᠭᠤᠯᠭ᠎ᠠ ᠠᠴᠠ ᠤᠷᠤᠮ ᠦᠯᠡᠳᠡᠭᠡᠵᠦ ᠠᠷᠤ ᠶᠢᠨ ᠦᠰᠦᠭ ᠵᠢᠷᠤᠨ᠎ᠠ᠃ ᠨᠢᠭᠡᠨᠲᠡ ᠠᠮᠢ ᠠᠬᠤᠢ ᠶᠢᠨ ᠠᠷᠠᠳ ᠢ ᠨᠡᠭᠦᠯᠭᠡᠭᠰᠡᠨ ᠲᠣᠰᠬᠤᠨ ᠬᠤᠷᠰᠢᠶ᠎ᠠ ᠶᠢᠨ ᠭᠠᠵᠠᠷ ᠰᠢᠷᠣᠶ ᠶᠢ ᠲᠠᠲᠠᠪᠤᠷᠢᠯᠠᠬᠤ ᠦᠶ᠎ᠡ ᠳᠤ᠂ ᠭᠠᠵᠠᠷ ᠳᠡᠭᠡᠷᠡᠬᠢ ᠳᠠᠭᠠᠯᠳᠠ ᠪᠣᠳᠠᠰ ᠲᠠᠢ ᠬᠤᠯᠪᠣᠭᠳᠠᠭᠰᠠᠨ ᠪᠠᠶᠢᠪᠠᠯ᠂ ᠲᠠᠷᠢᠶᠠᠯᠠᠩ ᠬᠥᠳᠡᠭᠡ ᠲᠣᠰᠬᠤᠨ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠪᠢᠴᠢᠭ ᠢᠶᠠᠷ ᠳᠠᠭᠠᠯᠳᠠ ᠪᠣᠳᠠᠰ ᠢ ᠪᠠᠶᠢᠴᠠᠭᠠᠨ ᠳᠠᠩᠰᠠᠯᠠᠭᠰᠠᠨ ᠲᠤᠭ᠎ᠠ ᠪᠠᠷᠢᠮᠲᠠ᠂ ᠭᠠᠵᠠᠷ ᠰᠢᠷᠣᠶ ᠶᠢᠨ ᠡᠷᠬᠡ ᠶᠢ ᠨᠤᠲᠠᠯᠠᠨ ᠲᠣᠭᠲᠠᠭᠠᠭᠰᠠᠨ ᠲᠠᠯᠠᠪᠠᠢ᠂ ᠲᠥᠷᠥᠯ ᠢᠯᠭᠠᠯ ᠤᠨ ᠪᠠᠶᠢᠳᠠᠯ ᠢ ᠪᠢᠴᠢᠭ ᠢᠶᠠᠷ ᠲᠣᠳᠣᠷᠬᠠᠶᠢᠯᠡᠬᠤ ᠴᠢᠬᠤᠯᠠ ᠲᠠᠢ᠃ ᠳᠡᠭᠡᠷ᠎ᠡ ᠳᠤᠷᠠᠳᠤᠭᠰᠠᠨ ᠪᠠᠶᠢᠴᠠᠭᠠᠯᠲᠠ ᠶᠢᠨ ᠳᠠᠩᠰᠠᠯᠠᠨ ᠲᠡᠮᠳᠡᠭᠯᠡᠭᠰᠡᠨ ᠮᠠᠲ᠋ᠧᠷᠢᠶᠠᠯ᠂ ᠪᠢᠴᠢᠭ ᠢᠶᠠᠷ ᠲᠣᠳᠣᠷᠬᠠᠶᠢᠯᠠᠭᠰᠠᠨ ᠮᠠᠲ᠋ᠧᠷᠢᠶᠠᠯ ᠢ ᠬᠠᠤᠯᠢ ᠶᠣᠰᠣᠭᠠᠷ  ᠵᠠᠷᠯᠠᠨ ᠨᠡᠶᠢᠲᠡᠯᠡᠭᠰᠡᠨ ᠤ ᠳᠠᠷᠠᠭ᠎ᠠ᠂ ᠨᠥᠬᠦᠪᠥᠷᠢ ᠥᠭᠬᠦ ᠬᠡᠯᠡᠯᠴᠡᠭᠡᠷ ᠲᠣᠭᠲᠠᠬᠤ ᠶᠢᠨ ᠦᠨᠳᠦᠰᠦᠯᠡᠯ  ᠪᠣᠯᠭᠠᠨ᠎ᠠ᠃       ᠠᠷᠪᠠᠨ ᠨᠢᠭᠡᠳᠦᠭᠡᠷ ᠵᠦᠢᠯ       ᠲᠠᠷᠢᠶᠠᠨ ᠭᠠᠵᠠᠷ ᠢ ᠲᠠᠲᠠᠪᠤᠷᠢᠯᠠᠭᠰᠠᠨ  ᠨᠥᠭᠦᠪᠦᠷᠢ ᠳᠤ᠄ ᠭᠠᠵᠠᠷ ᠰᠢᠷᠣᠶ ᠶᠢᠨ ᠨᠥᠭᠦᠪᠦᠷᠢ᠂ ᠲᠥᠪᠬᠢᠨᠡᠭᠦᠯᠬᠦ ᠨᠥᠬᠦᠪᠥᠷᠢ ᠰᠦᠢᠳᠭᠡᠯ ᠵᠢᠴᠢ ᠭᠠᠵᠠᠷ ᠳᠡᠭᠡᠷᠡᠬᠢ ᠳᠠᠭᠠᠯᠳᠠ  ᠪᠣᠳᠠᠰ ᠪᠠ ᠭᠦᠬᠡ ᠴᠢᠬᠢᠨ ᠤ ᠨᠥᠭᠦᠪᠦᠷᠢ ᠪᠠᠭᠲᠠᠨ᠎ᠠ᠃ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠳᠤ ᠥᠮᠴᠢᠯᠡᠭᠳᠡᠪᠡᠯ᠂ ᠬᠠᠮᠲᠤ ᠨᠡᠶᠢᠲᠡ ᠲᠠᠢ ᠨᠥᠭᠦᠪᠦᠷᠢ ᠥᠭᠴᠦ ᠲᠥᠪᠬᠢᠨᠡᠭᠦᠯᠬᠦ ᠬᠡᠯᠡᠯᠴᠡᠭᠡᠷ ᠤᠨ ᠪᠢᠴᠢᠭ ᠲᠣᠭᠲᠠᠭᠠᠨ᠎ᠠ︔ ᠭᠠᠵᠠᠷ ᠳᠡᠭᠡᠷᠡᠬᠢ ᠳᠠᠭᠠᠯᠳᠠ ᠪᠣᠳᠠᠰ ᠵᠢᠴᠢ ᠭᠦᠬᠡ ᠴᠢᠬᠢ   ᠶᠢᠨ ᠨᠥᠭᠦᠪᠦᠷᠢ ᠨᠢ ᠭᠠᠵᠠᠷ ᠳᠡᠭᠡᠷᠡᠬᠢ ᠳᠠᠭᠠᠯᠳᠠ  ᠪᠣᠳᠠᠰ ᠪᠣᠯᠣᠨ ᠭᠦᠬᠡ ᠴᠢᠬᠢᠨ ᠤ ᠥᠮᠴᠢᠯᠡᠭᠴᠢ ᠳᠤ ᠥᠮᠴᠢᠯᠡᠭᠳᠡᠵᠦ᠂ ᠥᠮᠴᠢᠯᠡᠭᠴᠢ ᠯᠦᠭᠡ ᠨᠥᠬᠦᠪᠥᠷᠢ ᠦᠭᠬᠦ  ᠬᠡᠯᠡᠯᠴᠡᠭᠡᠷ ᠤᠨ ᠪᠢᠴᠢᠭ ᠲᠣᠭᠲᠠᠭᠠᠨ᠎ᠠ᠃ ᠭᠠᠵᠠᠷ ᠰᠢᠷᠣᠶ ᠶᠢᠨ ᠨᠥᠬᠦᠪᠥᠷᠢ᠂ ᠲᠥᠪᠬᠢᠨᠡᠭᠦᠯᠬᠦ ᠨᠥᠬᠦᠪᠥᠷᠢ ᠶᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠤᠰᠬᠤᠨ ᠤ ᠠᠷᠠᠳ ᠤᠨ ᠵᠥᠪᠯᠡᠯ ᠤᠨ ᠵᠣᠬᠢᠶᠠᠨ ᠪᠠᠶᠢᠭᠤᠯᠬᠤ ᠬᠠᠤᠯᠢ︾ ᠶᠢᠨ ᠬᠤᠷᠢᠨ ᠳᠥᠷᠪᠡᠳᠦᠭᠡᠷ ᠵᠦᠢᠯ ᠶᠣᠰᠣᠭᠠᠷ  ᠳᠣᠰᠬᠤᠨ ᠤ ᠠᠷᠠᠳ ᠤᠨ ᠬᠤᠷᠠᠯ ᠢᠶᠠᠷ ᠶᠠᠷᠢᠯᠴᠠᠨ ᠲᠣᠭᠲᠠᠭᠠᠵᠤ᠂  ᠬᠠᠮᠢᠶ᠎ᠠ ᠪᠦᠬᠦᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢᠶᠠᠷ ᠬᠢᠨᠠᠨ ᠬᠠᠷᠭᠤᠭᠤᠯᠵᠤ ᠵᠠᠷᠯᠠᠨ ᠨᠡᠶᠢᠲᠡᠯᠡᠭᠰᠡᠨ ᠤ ᠳᠠᠷᠠᠭ᠎ᠠ ᠥᠭᠭᠦᠨ᠎ᠡ᠃       ᠠᠷᠪᠠᠨ ᠬᠤᠶᠠᠳᠤᠭᠠᠷ ᠵᠦᠢᠯ       ᠮᠠᠯᠴᠢᠨ ᠲᠠᠷᠢᠶᠠᠴᠢᠨ ᠤ ᠭᠡᠷ ᠪᠠᠶᠢᠰᠢᠩ ᠤᠨ ᠳᠠᠭᠠᠯᠳᠠ ᠪᠣᠳᠠᠰ ᠵᠡᠷᠭᠡ  ᠪᠠᠷᠢᠯᠭ᠎ᠠ᠂ ᠳᠠᠭᠠᠯᠳᠠ ᠪᠠᠷᠢᠯᠭ᠎ᠠ ᠶᠢ ᠲᠠᠲᠠᠪᠤᠷᠢᠯᠠᠨ ᠠᠪᠬᠤ ᠳᠤ᠂ ︽ᠨᠢᠭᠡ  ᠡᠷᠦᠬᠡ  ᠨᠢᠭᠡ  ᠣᠷᠣᠨ ᠰᠠᠭᠤᠴᠠ︾  ᠶᠢᠨ ᠵᠠᠷᠴᠢᠮ ᠶᠣᠰᠣᠭᠠᠷ᠂ ᠮᠠᠯᠴᠢᠨ ᠲᠠᠷᠢᠶᠠᠴᠢᠨ ᠤ ᠭᠡᠷ ᠪᠠᠶᠢᠰᠢᠩ᠂ ᠳᠠᠭᠠᠯᠳᠠ  ᠪᠣᠳᠠᠰ ᠢ ᠭᠤᠷᠪᠠᠳᠠᠬᠢ ᠲᠠᠯ᠎ᠠ  ᠠᠴᠠ ᠦᠨᠡᠯᠡᠨ ᠵᠢᠱᠢᠭᠰᠡᠨ ᠤ ᠳᠠᠷᠠᠭ᠎ᠠ᠂ ᠲᠥᠰᠦᠯ ᠤᠨ ᠶᠣᠰᠣᠭᠠᠷ ᠨᠥᠭᠦᠪᠦᠷᠢ ᠥᠭᠴᠦ ᠲᠦᠪᠬᠢᠨᠡᠭᠦᠯᠦᠨ᠎ᠡ᠃ ᠬᠠᠮᠲᠤ ᠶᠢᠨ ᠪᠤᠰᠤ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠭᠡᠰᠢᠭᠦᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠥᠮᠴᠢᠯᠡᠵᠦ ᠪᠠᠶᠢᠭ᠎ᠠ ᠭᠠᠵᠠᠷ ᠰᠢᠷᠣᠶ ᠳᠡᠭᠡᠷ᠎ᠡ ᠪᠠᠷᠢᠭᠰᠠᠨ ᠭᠡᠷ ᠪᠠᠶᠢᠰᠢᠩ ᠵᠢᠴᠢ ᠳᠠᠭᠠᠯᠳᠠ   ᠪᠣᠳᠠᠰ ᠨᠢ ᠬᠡᠷᠪᠡ ᠬᠠᠤᠯᠢ ᠶᠣᠰᠣᠨ ᠤ ᠬᠢᠨᠠᠨ ᠵᠥᠪᠰᠢᠶᠡᠷᠡᠭᠰᠡᠨ ᠭᠠᠷ ᠭᠦᠢᠴᠡᠳᠬᠡᠯ ᠪᠠᠶᠢᠪᠠᠯ ᠭᠤᠷᠪᠠᠳᠠᠬᠢ ᠲᠠᠯ᠎ᠠ ᠶᠢᠨ  ᠦᠨᠡᠯᠡᠨ ᠵᠢᠱᠢᠭᠰᠡᠨ ᠦᠨ᠎ᠡ ᠪᠠᠷ ᠨᠥᠬᠦᠪᠦᠷᠢ ᠥᠭᠭᠦᠨ᠎ᠡ︔ ᠳᠦᠷᠢᠮ ᠠᠴᠠ ᠵᠥᠷᠢᠴᠡᠭᠰᠡᠨ ᠪᠠᠷᠢᠯᠭ᠎ᠠ ᠳᠤ ᠲᠣᠭᠠᠴᠠᠭᠳᠠᠪᠠᠯ ᠲᠥᠯᠥᠪᠦᠷᠢ ᠥᠭᠬᠦ ᠦᠭᠡᠢ᠃       ᠰᠢᠯᠵᠢᠭᠦᠯᠵᠦ ᠪᠣᠯᠬᠤ ᠲᠠᠷᠢᠶᠠᠯᠠᠩ ᠤᠨ ᠦᠢᠯᠡᠳᠪᠦᠷᠢᠯᠡᠯ᠂ ᠠᠮᠢᠳᠤᠷᠠᠯ ᠤᠨ ᠲᠥᠭᠦᠷᠦᠮᠵᠢ ᠳᠤ ᠨᠥᠬᠦᠪᠥᠷᠢ ᠥᠭᠬᠦ ᠥᠬᠡᠶ᠂ ᠥᠮᠴᠢᠯᠡᠭᠴᠢ ᠠᠴᠠ ᠥᠪᠡᠷ ᠲᠡᠭᠡᠨ ᠰᠢᠢᠳᠪᠦᠷᠢᠯᠡᠵᠦ᠂ ᠵᠣᠬᠢᠰᠳᠠᠢ ᠨᠡᠭᠦᠯᠭᠡᠬᠦ ᠰᠦᠢᠳᠬᠡᠯ ᠤᠨ ᠨᠥᠬᠦᠪᠥᠷᠢ ᠥᠭᠴᠦ ᠪᠣᠯᠤᠨ᠎ᠠ᠃       ᠠᠷᠪᠠᠨ ᠭᠤᠷᠪᠠᠳᠤᠭᠠᠷ ᠵᠦᠢᠯ       ᠳᠠᠲᠠᠪᠤᠷᠢᠯᠠᠭᠰᠠᠨ ᠪᠤᠶᠤ ᠲᠠᠲᠠᠪᠤᠷᠢᠯᠠᠨ ᠬᠡᠷᠡᠭᠯᠡᠬᠦ ᠶᠢ ᠬᠠᠤᠯᠢ ᠶᠣᠰᠣᠭᠠᠷ ᠵᠥᠪᠰᠢᠶᠡᠷᠡᠭᠰᠡᠨ ᠭᠠᠵᠠᠷ ᠰᠢᠷᠣᠶ ᠳᠡᠭᠡᠷ᠎ᠡ ᠵᠠᠷᠯᠠᠯ ᠨᠡᠶᠢᠲᠡᠯᠡᠭᠰᠡᠨ ᠡᠳᠦᠷ ᠠᠴᠠ ᠡᠬᠢᠯᠡᠨ᠂  ᠵᠠᠪᠳᠤᠨ ᠵᠠᠶᠢᠯᠠᠵᠤ ᠲᠠᠷᠢᠭᠰᠠᠨ ᠲᠠᠷᠢᠶ᠎ᠠ ᠪᠠ ᠪᠠᠶᠢᠭᠤᠯᠤᠭᠰᠠᠨ ᠪᠠᠷᠢᠯᠭ᠎ᠠ ᠳᠤ ᠨᠥᠬᠦᠪᠥᠷᠢ ᠥᠭᠬᠦ ᠦᠭᠡᠢ᠃ ᠠᠮᠢ ᠠᠬᠤᠢ ᠶᠢᠨ ᠨᠡᠭᠦᠲᠡᠯ  ᠠᠷᠠᠳ ᠤᠨ ᠬᠡᠪᠴᠢᠶᠡᠨ ᠳᠠᠬᠢ ᠭᠠᠵᠠᠷ ᠰᠢᠷᠣᠶ ᠶᠢ ᠲᠠᠲᠠᠪᠤᠷᠢᠯᠠᠬᠤ ᠪᠤᠶᠤ ᠲᠠᠲᠠᠪᠤᠷᠢᠯᠠᠨ ᠬᠡᠷᠡᠭᠯᠡᠬᠦ ᠳᠤ ᠬᠤᠯᠪᠣᠭᠳᠠᠪᠠᠯ᠂ ᠤᠤᠯ ᠤᠨ ᠬᠢᠶ᠎ᠡ ᠪᠠᠭᠰᠢ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ  ᠤᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃       ᠠᠷᠪᠠᠨ ᠳᠥᠷᠪᠡᠳᠦᠭᠡᠷ  ᠵᠦᠢᠯ      ᠲᠠᠷᠢᠶᠠᠴᠢᠨ ᠮᠠᠯᠴᠢᠳ ᠤᠨ ᠭᠠᠵᠠᠷ ᠰᠢᠷᠣᠶ   ᠶᠢᠨ ᠳᠠᠭᠠᠭᠠᠴᠢᠯᠠᠨ ᠡᠵᠡᠩᠨᠡᠬᠦ ᠡᠷᠬᠡ ᠶᠢ ᠭᠦᠷᠳᠡᠭᠰᠡᠳ ᠲᠤ ᠡᠷᠭᠢᠯᠳᠦᠭᠦᠯᠦᠨ ᠥᠭᠭᠦᠭᠰᠡᠨ ᠤ ᠳᠠᠷᠠᠭ᠎ᠠ᠂ ᠭᠠᠵᠠᠷ ᠰᠢᠷᠣᠶ ᠬᠠᠳᠤᠯᠠᠩ ᠪᠡᠯᠴᠢᠭᠡᠷ  ᠨᠢ  ᠳᠠᠲᠠᠪᠤᠷᠢᠯᠠᠬᠤ ᠪᠤᠶᠤ ᠲᠠᠲᠠᠪᠤᠷᠢᠯᠠᠨ ᠬᠡᠷᠡᠭᠯᠡᠬᠦ  ᠳᠤ ᠲᠠᠭᠠᠷᠠᠯᠳᠤᠪᠠᠯ᠂ ᠭᠦᠷᠳᠡᠭᠰᠡᠳ ᠨᠢ ᠭᠠᠵᠠᠷ ᠳᠡᠭᠡᠷᠡᠬᠢ ᠰᠢᠨ᠎ᠡ ᠪᠠᠷ ᠨᠡᠮᠡᠭᠳᠡᠭᠰᠡᠨ ᠳᠠᠭᠠᠯᠳᠠ  ᠪᠣᠳᠠᠰ ᠵᠢᠴᠢ ᠭᠥᠬᠡ  ᠴᠢᠬᠢᠨ ᠤ ᠨᠥᠬᠦᠪᠥᠷᠢ  ᠣᠯᠣᠨ᠎ᠠ᠃ ᠭᠠᠵᠠᠷ ᠰᠢᠷᠣᠶ ᠶᠢᠨ ᠨᠥᠬᠦᠪᠥᠷᠢ  ᠵᠢᠴᠢ ᠲᠥᠪᠬᠢᠨᠡᠭᠦᠯᠬᠦ ᠨᠥᠬᠦᠪᠥᠷᠢ  ᠶᠢ ᠭᠠᠵᠠᠷ ᠰᠢᠷᠣᠶ ᠪᠠᠨ ᠲᠠᠲᠠᠪᠤᠷᠢᠯᠠᠭᠳᠠᠭᠰᠠᠨ ᠨᠢᠭᠡᠴᠡ᠂ ᠲᠥᠪᠬᠢᠨᠡᠭᠦᠯᠦᠭᠳᠡᠭᠰᠡᠨ  ᠬᠦᠮᠦᠰ ᠪᠤᠶᠤ ᠲᠥᠪᠬᠢᠨᠡᠭᠦᠯᠦᠭᠳᠡᠭᠰᠡᠨ ᠨᠢᠭᠡᠴᠡ ᠡᠳ᠋ᠯᠡᠨ᠎ᠡ᠃  ᠭᠦᠷᠳᠡᠭᠰᠡᠳ ᠡᠷᠭᠢᠯᠲᠡ  ᠶᠢᠨ  ᠬᠤᠭᠤᠴᠠᠭᠠᠨ ᠳᠤ ᠪᠡᠯᠡ ᠣᠷᠣᠭᠤᠯᠤᠯᠲᠠ ᠬᠢᠭᠰᠡᠨ ᠠᠴᠠ ᠪᠣᠯᠵᠤ ᠭᠠᠵᠠᠷ ᠰᠢᠷᠣᠶ ᠶᠢᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠦᠭᠰᠡᠨ ᠪᠠᠶᠢᠪᠠᠯ᠂ ᠬᠡᠷᠪᠡ ᠳᠠᠭᠠᠭᠠᠴᠢᠯᠠᠭᠴᠢ ᠳᠠᠭᠠᠭᠠᠴᠢᠯᠠᠭᠰᠠᠨ ᠭᠠᠵᠠᠷ ᠢᠶᠠᠨ ᠬᠠᠤᠯᠢ ᠶᠣᠰᠣᠭᠠᠷ ᠬᠤᠷᠢᠶᠠᠨ ᠠᠪᠬᠤ ᠭᠡᠪᠡᠯ᠂ ᠭᠠᠵᠠᠷ ᠰᠢᠷᠣᠶ ᠶᠢᠨ ᠡᠷᠭᠢᠯᠲᠡ ᠶᠢᠨ ᠭᠡᠷ᠎ᠡ ᠶᠢᠨ ᠬᠤᠭᠤᠴᠠᠭ᠎ᠠ ᠨᠢ ᠳᠠᠭᠤᠰᠤᠭᠰᠠᠨ ᠪᠤᠶᠤ ᠬᠤᠭᠤᠴᠠᠭ᠎ᠠ ᠨᠢ ᠳᠠᠭᠤᠰᠤᠭᠰᠠᠨ ᠦᠭᠡᠢ  ᠴᠦ ᠴᠥᠮ ᠵᠣᠬᠢᠴᠠᠩᠭᠤᠶ ᠪᠠᠷ ᠬᠦᠴᠦᠨ ᠦᠭᠡᠢ ᠪᠣᠯᠤᠨ᠎ᠠ᠂ ᠭᠦᠷᠳᠡᠭᠰᠡᠳ ᠵᠣᠬᠢᠴᠠᠩᠭᠤᠶ ᠪᠠᠷ ᠨᠥᠬᠦᠪᠥᠷᠢ ᠣᠯᠬᠤ ᠡᠷᠬᠡ ᠲᠠᠢ᠂ ᠪᠣᠳᠠᠲᠠᠶ ᠨᠥᠬᠦᠪᠥᠷᠢᠯᠡᠬᠦ ᠠᠷᠭ᠎ᠠ ᠶᠢ ᠡᠷᠭᠢᠯᠲᠡ ᠳᠤ  ᠤᠷᠣᠯᠴᠠᠭᠰᠠᠨ ᠬᠤᠶᠠᠷ ᠲᠠᠯ᠎ᠠ  ᠶᠢᠨ ᠬᠢᠨ ᠡᠷᠭᠢᠯᠲᠡ ᠶᠢᠨ ᠭᠡᠷ᠎ᠡ ᠳᠤ ᠬᠤᠶᠠᠷ ᠲᠠᠯ᠎ᠠ  ᠶᠢᠨ ᠬᠢᠨ ᠵᠥᠪᠳᠡᠯᠴᠡᠵᠦ ᠪᠠᠶᠢᠭᠠᠳ  ᠰᠢᠢᠳᠪᠦᠷᠢᠯᠡᠨ᠎ᠡ ᠭᠡᠵᠦ ᠪᠣᠯᠵᠣᠨ ᠲᠣᠭᠲᠠᠭᠠᠨ᠎ᠠ᠃       ᠠᠷᠪᠠᠨ ᠲᠠᠪᠤᠳᠤᠭᠠᠷ ᠵᠦᠢᠯ       ᠭᠠᠵᠠᠷ ᠰᠢᠷᠣᠶ ᠲᠠᠲᠠᠪᠤᠷᠢᠯᠠᠬᠤ ᠪᠤᠶᠤ ᠲᠠᠲᠠᠪᠤᠷᠢᠯᠠᠨ ᠬᠡᠷᠡᠭᠯᠡᠬᠦ ᠦᠶ᠎ᠡ ᠳᠤ ᠤᠯᠤᠰ ᠤᠨ ᠥᠮᠴᠢᠯᠡᠯᠳᠦ ᠡᠳ᠋ ᠬᠥᠷᠥᠩᠭᠡ ᠳᠤ ᠬᠤᠯᠪᠣᠭᠳᠠᠪᠠᠯ᠂ ᠤᠯᠤᠰ  ᠤᠨ ᠥᠮᠴᠢᠯᠡᠯᠳᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠬᠠᠮᠢᠶ᠎ᠠ ᠪᠦᠬᠦᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠠᠢ ᠬᠠᠮᠲᠤᠷᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠭᠠᠵᠠᠷ ᠰᠢᠷᠣᠶ ᠲᠠᠲᠠᠪᠤᠷᠢᠯᠠᠬᠤ ᠠᠯᠪᠠᠨ ᠵᠠᠷ ᠨᠡᠶᠢᠲᠡᠯᠡᠭᠰᠡᠨ ᠤ ᠳᠠᠷᠠᠭ᠎ᠠ ᠭᠠᠵᠠᠷ ᠰᠢᠷᠣᠶ ᠲᠠᠲᠠᠪᠤᠷᠢᠯᠠᠬᠤ ᠬᠡᠪᠴᠢᠶᠡᠨ ᠳᠠᠬᠢ ᠤᠯᠤᠰ  ᠤᠨ ᠥᠮᠴᠢᠯᠡᠯᠳᠦ ᠡᠳ᠋ ᠬᠥᠷᠥᠩᠭᠡ ᠶᠢ ᠬᠢᠨᠠᠨ ᠪᠠᠶᠢᠴᠠᠭᠠᠵᠤ᠂ ᠲᠠᠲᠠᠪᠤᠷᠢᠯᠠᠬᠤ ᠠᠵᠢᠯ ᠳᠠᠭᠤᠰᠤᠭᠰᠠᠨ ᠤ ᠳᠠᠷᠠᠭ᠎ᠠ᠂ ᠤᠯᠤᠰ  ᠤᠨ ᠥᠮᠴᠢᠯᠡᠯᠳᠦ ᠡᠳ᠋ ᠬᠥᠷᠥᠩᠭᠡ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ  ᠰᠢᠢᠳᠪᠦᠷᠢᠯᠡᠨ᠎ᠡ᠃       ᠠᠷᠪᠠᠨ ᠵᠢᠷᠭᠤᠳᠤᠭᠠᠷ ᠵᠦᠢᠯ     ᠭᠠᠵᠠᠷ ᠰᠢᠷᠣᠶ ᠨᠢ ᠲᠠᠲᠠᠪᠤᠷᠢᠯᠠᠭᠳᠠᠭᠰᠠᠨ ᠪᠤᠶᠤ ᠳᠠᠲᠠᠪᠤᠷᠢᠯᠠᠨ ᠬᠡᠷᠡᠭᠯᠡᠭᠳᠡᠭᠰᠡᠨ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠨᠢ ᠲᠠᠲᠠᠪᠤᠷᠢᠯᠠᠭᠰᠠᠨ ᠪᠤᠶᠤ ᠳᠠᠲᠠᠪᠤᠷᠢᠯᠠᠨ ᠬᠡᠷᠡᠭᠯᠡᠭᠳᠡᠭᠰᠡᠨ ᠭᠠᠵᠠᠷ ᠰᠢᠷᠣᠶ ᠶᠢᠨ ᠨᠥᠬᠦᠪᠦᠷᠢ᠂ ᠲᠥᠪᠬᠢᠨᠡᠭᠦᠯᠬᠦ ᠨᠥᠬᠦᠪᠥᠷᠢ ᠶᠢᠨ ᠣᠷᠣᠯᠭ᠎ᠠ ᠵᠠᠷᠤᠯᠭ᠎ᠠ ᠶᠢᠨ ᠪᠠᠶᠢᠳᠠᠯ ᠢᠶᠠᠨ ᠲᠤᠰ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠪᠦᠷᠢᠯᠳᠦᠬᠦᠨ ᠳᠡᠭᠡᠨ ᠨᠡᠶᠢᠲᠡᠯᠡᠵᠦ᠂ ᠬᠢᠨᠠᠯᠲᠠ  ᠲᠠᠪᠢᠯᠳᠠ ᠶᠢ  ᠭᠦᠯᠢᠶᠠᠨ᠎ᠠ᠃      ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂  ᠬᠠᠷᠢᠶᠠᠯᠠᠭᠳᠠᠬᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠲᠠᠲᠠᠪᠤᠷᠢᠯᠠᠬᠤ ᠪᠤᠶᠤ ᠲᠠᠲᠠᠪᠤᠷᠢᠯᠠᠨ ᠬᠡᠷᠡᠭᠯᠡᠬᠦ ᠭᠠᠵᠠᠷ ᠰᠢᠷᠣᠶ ᠶᠢᠨ ᠨᠥᠬᠦᠪᠥᠷᠢ᠂ ᠲᠥᠪᠬᠢᠨᠡᠭᠦᠯᠬᠦ ᠨᠥᠬᠦᠪᠥᠷᠢ   ᠶᠢ ᠬᠡᠷᠡᠭᠯᠡᠵᠦ ᠪᠠᠶᠢᠭ᠎ᠠ  ᠪᠠᠶᠢᠳᠠᠯ ᠳᠤ ᠬᠢᠨᠠᠯᠲᠠ ᠲᠠᠯᠪᠢᠬᠤ ᠪᠠᠨ  ᠴᠢᠩᠭᠠᠳᠬᠠᠨ᠎ᠠ᠃             ᠭᠤᠷᠪᠠᠳᠤᠭᠠᠷ ᠪᠦᠯᠦᠭ    ᠨᠥᠬᠦᠪᠥᠷᠢ ᠥᠭᠬᠦ  ᠬᠡᠯᠡᠯᠴᠡᠭᠡᠷ ᠲᠣᠭᠲᠠᠭᠠᠬᠤ ᠵᠢᠴᠢ ᠨᠥᠬᠦᠪᠥᠷᠢ   ᠶᠢᠨ ᠮᠥᠩᠭᠦ ᠥᠭᠬᠦ       ᠠᠷᠪᠠᠨ ᠳᠣᠯᠣᠳᠤᠭᠠᠷ ᠵᠦᠢᠯ       ᠲᠠᠲᠠᠪᠤᠷᠢᠯᠠᠨ ᠨᠤᠷᠠᠭᠠᠬᠤ ᠬᠡᠯᠡᠯᠴᠡᠭᠡᠷ ᠲᠣᠭᠲᠠᠬᠤ ᠳᠤ᠂ ᠲᠠᠲᠠᠪᠤᠷᠢᠯᠠᠨ  ᠨᠤᠷᠠᠭᠠᠬᠤ ᠠᠵᠢᠯ ᠤᠨ ᠳᠤᠭᠤᠶᠢᠯᠠᠩ ᠤᠨ ᠬᠠᠮᠢᠶ᠎ᠠ ᠪᠦᠬᠦᠢ ᠠᠵᠢᠯᠳᠠᠨ ᠠᠴᠠ ᠨᠥᠬᠦᠪᠥᠷᠢᠯᠡᠬᠦ ᠡᠲᠡᠭᠡᠳ ᠤᠨ ᠭᠤᠤᠯ ᠴᠣᠭᠴᠠ ᠶᠢᠨ ᠬᠢᠷᠢ ᠬᠡᠮ ᠢ ᠱᠠᠲᠤ ᠳᠠᠷᠠᠭᠠᠯᠠᠨ ᠴᠢᠩᠭ᠎ᠠ ᠬᠢᠨᠠᠨ ᠪᠠᠶᠢᠴᠠᠭᠠᠵᠤ᠂ ᠪᠠᠶᠢᠭᠠᠯᠢ ᠬᠥᠮᠦᠨ ᠬᠢᠭᠡᠳ ᠬᠠᠤᠯᠢ ᠶᠢᠨ ᠡᠷᠬᠡᠲᠡᠨ ᠤ ᠪᠡᠶ᠎ᠡ ᠶᠢᠨ ᠬᠢᠷᠢ ᠬᠡᠮ ᠢ ᠴᠢᠩᠭ᠎ᠠ ᠢᠯᠭᠠᠬᠤ ᠬᠡᠷᠡᠭᠲᠡᠶ᠂ ᠬᠤᠳᠬᠤᠯᠳᠤᠭᠤᠯᠬᠤ ᠪᠤᠶᠤ ᠣᠷᠬᠢᠭᠳᠠᠭᠤᠯᠵᠤ ᠪᠣᠯᠬᠤ ᠥᠬᠡᠶ᠃       ᠠᠷᠪᠠᠨ ᠨᠠᠢᠮᠠᠳᠤᠭᠠᠷ ᠵᠦᠢᠯ       ᠨᠥᠬᠦᠪᠥᠷᠢ ᠥᠭᠬᠦ ᠬᠡᠯᠡᠯᠴᠡᠭᠡᠷ ᠢ ᠲᠣᠭᠲᠠᠭᠠᠭᠰᠠᠨ ᠤ ᠳᠠᠷᠠᠭ᠎ᠠ᠂ ᠲᠠᠲᠠᠪᠤᠷᠢᠯᠠᠨ ᠨᠤᠷᠠᠭᠠᠬᠤ ᠠᠵᠢᠯ ᠤᠨ ᠳᠤᠭᠤᠶᠢᠯᠠᠩ ᠤᠨ ᠪᠦᠬᠦ ᠭᠡᠰᠢᠭᠦᠳ ᠨᠥᠬᠦᠪᠥᠷᠢᠯᠡᠬᠦ  ᠠᠭᠤᠯᠭ᠎ᠠ ᠵᠢᠴᠢ ᠨᠥᠬᠦᠪᠥᠷᠢᠯᠡᠬᠦ ᠭᠤᠤᠯ ᠴᠣᠭᠴᠠ ᠳᠤ ᠱᠠᠲᠤ ᠳᠠᠷᠠᠭᠠᠯᠠᠨ ᠬᠠᠷᠢᠭᠤᠴᠠᠵᠤ᠂ ᠭᠠᠷ ᠤᠨ ᠦᠰᠦᠭ ᠵᠢᠷᠤᠨ ᠨᠣᠳᠠᠯᠠᠵᠤ ᠬᠠᠤᠯᠢ ᠪᠠᠷ ᠲᠣᠭᠲᠠᠭᠠᠭᠰᠠᠨ ᠳᠡᠰ ᠳᠠᠷᠠᠭᠠᠯᠠᠯ ᠢᠶᠠᠷ ᠬᠢᠨᠠᠨ ᠪᠠᠶᠢᠴᠠᠭᠠᠭᠰᠠᠨ ᠤ ᠳᠠᠷᠠᠭ᠎ᠠ᠂ ᠲᠠᠲᠠᠪᠤᠷᠢᠯᠠᠭᠤᠯᠤᠭᠰᠠᠨ ᠪᠤᠶᠤ ᠭᠠᠵᠠᠷ ᠰᠢᠷᠣᠶ ᠪᠠᠨ ᠲᠠᠲᠠᠪᠤᠷᠢᠯᠠᠨ  ᠬᠡᠷᠡᠭᠯᠡᠭᠦᠯᠦᠭᠰᠡᠨ ᠲᠠᠯ᠎ᠠ ᠯᠤᠭ᠎ᠠ ᠨᠥᠬᠦᠪᠥᠷᠢ ᠥᠭᠬᠦ ᠬᠡᠯᠡᠯᠴᠡᠭᠡᠷ  ᠲᠣᠭᠲᠠᠬᠤ ᠶᠢᠨ ᠬᠠᠮᠲᠤ ᠪᠤᠢ ᠪᠦᠬᠦᠢ ᠪᠠᠶᠢᠴᠠᠭᠠᠨ ᠳᠠᠩᠰᠠᠯᠠᠭᠰᠠᠨ ᠳᠡᠮᠳᠡᠭᠯᠡᠯ᠂ ᠠᠯᠪᠠᠨ ᠭᠡᠷᠡᠴᠢᠯᠡᠭᠡ᠂ ᠦᠨᠡᠯᠡᠨ ᠵᠢᠱᠢᠭᠰᠡᠨ ᠮᠠᠲ᠋ᠧᠷᠢᠶᠠᠯ ᠢ  ᠳᠠᠭᠠᠯᠳᠤᠭᠤᠯᠣᠨ᠎ᠠ᠃       ᠠᠷᠪᠠ ᠶᠢᠰᠦᠳᠦᠭᠡᠷ ᠵᠦᠢᠯ       ᠨᠥᠬᠦᠪᠥᠷᠢ ᠥᠭᠬᠦ ᠦᠶ᠎ᠡ ᠳᠤ ᠲᠠᠲᠠᠪᠤᠷᠢᠯᠠᠨ ᠨᠤᠷᠠᠭᠠᠬᠤ ᠠᠵᠢᠯ ᠤᠨ ᠳᠤᠭᠤᠶᠢᠯᠠᠩ ᠤᠨ ᠠᠵᠢᠯᠲᠠᠨ ᠵᠢᠴᠢ ᠨᠥᠬᠦᠪᠥᠷᠢ ᠮᠥᠩᠭᠦ ᠥᠭᠬᠦ ᠡᠳ᠋ ᠤᠨ ᠶᠠᠪᠤᠳᠠᠯ ᠤᠨ ᠠᠵᠢᠯᠲᠠᠨ ᠱᠠᠲᠤ ᠳᠠᠷᠠᠭᠠᠯᠠᠨ ᠳᠠᠬᠢᠨ ᠨᠢᠭᠡ ᠤᠳᠠᠭ᠎ᠠ ᠬᠠᠤᠯᠢ ᠪᠠᠷ ᠲᠣᠭᠲᠠᠭᠠᠭᠰᠠᠨ ᠳᠡᠰ ᠳᠠᠷᠠᠭᠠᠯᠠᠯ ᠶᠣᠰᠣᠭᠠᠷ ︽ᠲᠠᠲᠠᠪᠤᠷᠢᠯᠠᠨ ᠨᠤᠷᠠᠭᠠᠬᠤ  ᠨᠥᠬᠦᠪᠥᠷᠢ ᠶᠢᠨ  ᠬᠡᠯᠡᠯᠴᠡᠭᠡᠷ  ︾  ᠤᠨ ᠨᠥᠬᠦᠪᠥᠷᠢ ᠥᠭᠬᠦ ᠭᠤᠤᠯ ᠴᠣᠭᠴᠠ᠂ ᠨᠥᠬᠦᠪᠥᠷᠢ ᠥᠭᠬᠦ ᠪᠠᠷᠢᠮᠵᠢᠶ᠎ᠠ᠂ ᠵᠣᠭᠤᠰ ᠤᠨ ᠲᠤᠭ᠎ᠠ ᠶᠢ ᠬᠢᠨᠠᠨ ᠬᠠᠷᠭᠤᠭᠤᠯᠵᠤ᠂ ᠨᠥᠬᠦᠪᠥᠷᠢ ᠥᠭᠬᠦ ᠭᠤᠤᠯ ᠴᠣᠭᠴᠠ ᠶᠢᠨ ᠬᠢᠷᠢ ᠭᠡᠮ ᠲᠠᠢ ᠥᠮᠴᠢᠯᠡᠯ ᠤᠨ  ᠡᠷᠬᠡᠳᠡᠨ ᠯᠦᠭᠡ ᠨᠢᠭᠤᠷᠲᠠᠨ  ᠭᠠᠷ ᠤᠨ ᠦᠰᠦᠭ ᠵᠢᠷᠤᠵᠤ ᠨᠤᠲᠠᠯᠠᠭᠰᠠᠨ ᠤ ᠳᠠᠷᠠᠭ᠎ᠠ  ᠥᠭᠴᠦ  ᠪᠣᠯᠣᠨ᠎ᠠ᠃       ᠭᠠᠵᠠᠷ ᠰᠢᠷᠣᠶ ᠶᠢᠨ ᠨᠥᠬᠦᠪᠦᠷᠢ ᠮᠥᠩᠭᠦ᠂ ᠲᠥᠪᠬᠢᠨᠡᠭᠦᠯᠬᠦ ᠨᠦᠬᠦᠪᠦᠷᠢ ᠶᠢ ᠡᠳ᠋ ᠤᠨ ᠵᠠᠰᠠᠭ ᠠᠴᠠ ᠬᠠᠮᠲᠤ ᠶᠢᠨ  ᠳᠠᠩᠰᠠᠨ  ᠡᠷᠦᠬᠡ ᠳᠤ ᠰᠠᠯᠭᠠᠨ ᠥᠭᠴᠦ᠂ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ  ᠤᠨ ᠲᠣᠰᠬᠤᠨ ᠤ ᠠᠷᠠᠳ ᠤᠨ ᠵᠥᠪᠯᠡᠯ ᠤᠨ ᠵᠣᠬᠢᠶᠠᠨ ᠪᠠᠶᠢᠭᠤᠯᠬᠤ ᠬᠠᠤᠯᠢ︾ ᠶᠢᠨ ᠲᠣᠭᠲᠠᠭᠠᠯ ᠤᠨ  ᠳᠠᠷᠠᠭᠠᠯᠠᠯ ᠤᠨ ᠶᠣᠰᠣᠭᠠᠷ ᠵᠥᠪᠳᠡᠯᠴᠡᠵᠦ ᠪᠠᠶᠢᠭᠠᠳ ᠬᠤᠪᠢᠶᠠᠷᠢᠯᠠᠬᠤ ᠲᠥᠰᠦᠯ ᠪᠣᠯᠭᠠᠨ ᠪᠦᠷᠢᠯᠳᠦᠭᠦᠯᠦᠭᠡᠳ  ᠬᠠᠷᠢᠶᠠᠯᠠᠭᠳᠠᠬᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠮᠡᠳᠡᠭᠦᠯᠦᠨ ᠬᠢᠨᠠᠨ ᠬᠠᠷᠭᠤᠭᠤᠯᠵᠤ᠂ ᠵᠠᠷᠯᠠᠨ ᠨᠡᠶᠢᠳᠡᠯᠡᠵᠦ ᠪᠠᠲᠤᠯᠠᠭᠰᠠᠨ ᠤ ᠳᠠᠷᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠠᠴᠠ  ᠦᠭᠭᠦᠨ᠎ᠡ᠃       ᠬᠤᠪᠢ  ᠡᠷᠦᠬᠡ  ᠶᠢᠨ  ᠳᠠᠭᠠᠯᠳᠠ  ᠪᠣᠳᠠᠰ ᠤᠨ ᠨᠥᠬᠦᠪᠥᠷᠢ  ᠮᠥᠩᠭᠦ ᠥᠭᠬᠦ ᠬᠡᠯᠡᠯᠴᠡᠭᠡᠷ  ᠢ ᠭᠡᠷ ᠪᠦᠯᠢ ᠶᠢᠨ ᠪᠦᠷᠢᠯᠳᠦᠬᠦᠨ ᠬᠠᠮᠲᠤ ᠪᠠᠷ ᠭᠠᠷ ᠤᠨ ᠦᠰᠦᠭ ᠵᠢᠷᠤᠵᠤ  ᠨᠣᠳᠠᠯᠠᠬᠤ ᠶᠢᠨ ᠬᠠᠮᠳᠤ  ᠡᠷᠦᠬᠡ ᠶᠢᠨ ᠡᠵᠡᠨ   ᠠᠴᠠ ᠨᠥᠬᠦᠪᠥᠷᠢ  ᠮᠥᠩᠭᠦ ᠠᠪᠬᠤ ᠪᠤᠶᠤ ᠪᠤᠰᠤᠳ ᠢ ᠨᠠᠶᠢᠳᠠᠵᠤ  ᠠᠪᠤᠭᠤᠯᠤᠨ᠎ᠠ  ︵ᠨᠠᠶᠢᠳᠠᠯᠭ᠎ᠠ ᠶᠢᠨ ᠪᠢᠴᠢᠭ ᠢ ᠡᠷᠬᠡᠪᠰᠢ ᠠᠯᠪᠠᠨ ᠭᠡᠷᠡᠴᠢᠯᠡᠭᠡ ᠬᠢᠯᠭᠡᠬᠦ ᠬᠡᠷᠡᠭᠲᠡᠶ︶᠃       ᠬᠤᠷᠢᠳᠤᠭᠠᠷ  ᠵᠦᠢᠯ      ᠭᠠᠵᠠᠷ ᠰᠢᠷᠣᠶ ᠲᠠᠲᠠᠪᠤᠷᠢᠯᠠᠬᠤ ᠬᠠᠮᠢᠶ᠎ᠠ ᠪᠦᠬᠦᠢ ᠮᠠᠲ᠋ᠧᠷᠢᠶᠠᠯ  ᠢ ᠡᠮᠬᠢᠳᠬᠡᠨ ᠬᠠᠳᠠᠭᠠᠯᠠᠬᠤ ᠳᠤ᠄  ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ  ᠲᠣᠭᠲᠠᠭᠠᠭᠰᠠᠨ ᠲᠠᠲᠠᠪᠤᠷᠢᠯᠠᠨ  ᠨᠤᠷᠠᠭᠠᠬᠤ ᠠᠵᠢᠯ ᠤᠨ ᠳᠤᠭᠤᠶᠢᠯᠠᠩ ᠨᠢ ᠲᠥᠷᠥᠯ ᠵᠦᠢᠯ ᠤᠨ ᠳᠡᠰ ᠳᠠᠷᠠᠭᠠᠯᠠᠯ ᠶᠣᠰᠣᠭᠠᠷ ᠭᠠᠵᠠᠷ ᠰᠢᠷᠣᠶ ᠲᠠᠲᠠᠪᠤᠷᠢᠯᠠᠬᠤ ᠪᠢᠴᠢᠭ ᠮᠠᠲ᠋ᠧᠷᠢᠶᠠᠯ᠂ ᠲᠥᠰᠦᠯ᠂ ᠨᠥᠬᠦᠪᠥᠷᠢᠯᠡᠬᠦ ᠬᠡᠯᠡᠯᠴᠡᠭᠡᠷ᠂ ᠵᠢᠷᠤᠭ ᠵᠢᠴᠢ  ᠪᠠᠶᠢᠳᠠᠯ ᠤᠨ ᠲᠣᠳᠣᠷᠬᠠᠶᠢᠯᠠᠯᠲᠠ ᠵᠡᠷᠭᠡ ᠮᠠᠲ᠋ᠧᠷᠢᠶᠠᠯ ᠢ ᠡᠮᠬᠢᠯᠡᠵᠦ  ᠬᠠᠳᠠᠭᠠᠯᠠᠨ᠎ᠠ᠃               ᠲᠥᠷᠪᠡᠳᠦᠭᠡᠷ ᠪᠦᠯᠦᠭ      ᠵᠢᠭᠤᠷᠠᠯᠳᠤᠭᠠᠨ ᠢ  ᠰᠢᠢᠳᠪᠦᠷᠢᠯᠡᠬᠦ       ᠬᠤᠷᠢᠨ ᠨᠢᠭᠡᠳᠦᠭᠡᠷ  ᠵᠦᠢᠯ      ᠭᠠᠵᠠᠷ ᠰᠢᠷᠣᠶ   ᠶᠢᠨ ᠥᠮᠴᠢᠯᠡᠬᠦ ᠡᠷᠬᠡ ᠪᠠ ᠬᠡᠷᠡᠭᠯᠡᠬᠦ ᠡᠷᠬᠡ ᠶᠢᠨ ᠲᠤᠬᠠᠶ ᠮᠠᠷᠭᠤᠯᠳᠤᠭᠠᠨ ᠢ ᠲᠤᠬᠠᠶ ᠶᠢᠨ ᠬᠥᠮᠦᠰ ᠨᠢ ᠵᠥᠪᠳᠡᠯᠴᠡᠵᠦ ᠪᠠᠶᠢᠭᠠᠳ  ᠰᠢᠢᠳᠪᠦᠷᠢᠯᠡᠨ᠎ᠡ︔ ᠵᠥᠪᠳᠡᠯᠴᠡᠭᠡᠳ ᠪᠦᠲᠦᠬᠦ ᠦᠭᠡᠢ ᠪᠣᠯ  ᠬᠠᠷᠢᠶᠠᠯᠠᠭᠳᠠᠬᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠤᠶᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠰᠢᠢᠳᠪᠦᠷᠢᠯᠡᠨ᠎ᠡ᠃       ᠪᠠᠶᠢᠭᠤᠯᠭ᠎ᠠ  ᠨᠢᠭᠡᠴᠡ ᠶᠢᠨ  ᠬᠤᠭᠤᠷᠣᠨᠳᠣᠬᠢ ᠮᠠᠷᠭᠤᠯᠳᠤᠭᠠᠨ ᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠰᠢᠢᠳᠪᠦᠷᠢᠯᠡᠨ᠎ᠡ︔ ᠬᠤᠪᠢ ᠬᠥᠮᠦᠨ ᠤ ᠬᠤᠭᠤᠷᠣᠨᠳᠣᠬᠢ᠂ ᠬᠤᠪᠢ ᠬᠥᠮᠦᠨ ᠪᠣᠯᠤᠨ ᠪᠠᠶᠢᠭᠤᠯᠭ᠎ᠠ ᠨᠢᠭᠡᠴᠡ ᠶᠢᠨ ᠬᠤᠭᠤᠷᠣᠨᠳᠣᠬᠢ ᠮᠠᠷᠭᠤᠯᠳᠤᠭᠠᠨ ᠢ ᠬᠠᠷᠢᠶᠠᠯᠠᠭᠳᠠᠬᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠤᠶᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠰᠢᠢᠳᠪᠦᠷᠢᠯᠡᠨ᠎ᠡ᠃       ᠲᠤᠬᠠᠶ ᠶᠢᠨ ᠬᠥᠮᠦᠨ ᠨᠢ ᠬᠤᠯᠪᠣᠭᠳᠠᠯ ᠪᠦᠬᠦᠢ ᠠᠷᠠᠳ ᠤᠨ ᠵᠠᠰᠠᠭ ᠤᠨ ᠣᠷᠳᠣᠨ ᠤ  ᠰᠢᠢᠳᠪᠦᠷᠢᠯᠡᠭᠰᠡᠨ ᠲᠣᠭᠲᠠᠭᠠᠯ ᠢ ᠬᠦᠯᠢᠶᠡᠬᠦ ᠦᠭᠡᠢ ᠪᠣᠯ ᠰᠢᠢᠳᠪᠦᠷᠢᠯᠡᠭᠰᠡᠨ ᠲᠣᠭᠲᠠᠭᠠᠯ ᠤᠨ ᠮᠡᠳᠡᠭᠳᠡᠯ ᠢ ᠣᠯᠤᠭᠰᠠᠨ ᠡᠳᠦᠷ ᠠᠴᠠ ᠡᠬᠢᠯᠡᠨ ᠭᠤᠴᠢᠨ ᠡᠳᠦᠷ ᠤᠨ ᠳᠣᠲᠣᠷ᠎ᠠ ᠠᠷᠠᠳ ᠤᠨ ᠰᠢᠭᠦᠬᠦ ᠬᠤᠷᠢᠶᠠᠨ ᠳᠤ ᠵᠠᠭᠠᠯᠳᠤᠵᠤ ᠪᠣᠯᠤᠨ᠎ᠠ᠃       ᠬᠤᠷᠢᠨ ᠬᠤᠶᠠᠳᠤᠭᠠᠷ ᠵᠦᠢᠯ       ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠠᠴᠠ ᠪᠣᠯᠵᠤ ᠵᠢᠭᠤᠷᠠᠯᠳᠤᠭᠠᠨ ᠭᠠᠷᠪᠠᠯ᠂ ᠬᠤᠶᠠᠷ ᠲᠠᠯ᠎ᠠ ᠶᠢᠨ ᠲᠤᠬᠠᠶ ᠶᠢᠨ ᠬᠥᠮᠦᠨ ᠨᠢ ᠵᠥᠪᠳᠡᠯᠴᠡᠵᠦ ᠪᠠᠶᠢᠭᠠᠳ   ᠰᠢᠢᠳᠪᠦᠷᠢᠯᠡᠵᠦ ᠪᠣᠯᠤᠨ᠎ᠠ᠂ ᠪᠠᠰᠠ ᠳᠤᠰᠬᠤᠨ ᠤ ᠠᠷᠠᠳ ᠤᠨ ᠵᠥᠪᠯᠡᠯ᠂  ᠬᠠᠷᠢᠶᠠᠯᠠᠭᠳᠠᠬᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠡᠷᠭᠡ ᠪᠠᠷ ᠡᠶᠡᠳᠡᠭᠦᠯᠦᠨ ᠰᠢᠢᠳᠪᠦᠷᠢᠯᠡᠭᠦᠯᠭᠦ ᠪᠠᠷ ᠭᠤᠶᠤᠴᠢᠯᠠᠵᠤ ᠪᠣᠯᠤᠨ᠎ᠠ᠃       ᠲᠤᠬᠠᠶ ᠶᠢᠨ ᠬᠥᠮᠦᠨ ᠨᠢ  ᠵᠥᠪᠳᠡᠯᠴᠡᠬᠦ᠂ ᠡᠶᠡᠳᠡᠭᠦᠯᠬᠦ ᠳᠤᠷ᠎ᠠ ᠦᠭᠡᠢ ᠪᠤᠶᠤ ᠵᠥᠪᠳᠡᠯᠴᠡᠵᠦ᠂ ᠡᠶᠡᠳᠡᠭᠦᠯᠦᠭᠡᠳ ᠪᠦᠲᠦᠭᠰᠡᠨ ᠦᠭᠡᠢ   ᠪᠣᠯ᠂ ᠬᠥᠳᠡᠭᠡ ᠲᠣᠰᠬᠤᠨ ᠤ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠬᠥᠨᠳᠡᠯᠡᠨ ᠠᠴᠠ ᠲᠠᠰᠤᠯᠬᠤ ᠪᠠᠶᠢᠭᠤᠯᠤᠮᠵᠢ ᠳᠤ ᠬᠥᠨᠳᠡᠯᠡᠨ ᠠᠴᠠ ᠲᠠᠰᠤᠯᠤᠭᠤᠯᠬᠤ ᠪᠠᠷ ᠭᠤᠶᠤᠴᠢᠯᠠᠵᠤ ᠪᠣᠯᠤᠨ᠎ᠠ᠂ ᠠᠷᠠᠳ ᠤᠨ ᠰᠢᠭᠦᠬᠦ ᠬᠤᠷᠢᠶᠠᠨ ᠳᠤ ᠰᠢᠭᠤᠳ ᠵᠠᠭᠠᠯᠳᠤᠭᠰᠠᠨ ᠴᠤ ᠪᠣᠯᠤᠨ᠎ᠠ᠃               ᠲᠠᠪᠤᠳᠤᠭᠠᠷ ᠪᠦᠯᠦᠭ        ᠬᠠᠤᠯᠢ ᠶᠢᠨ ᠬᠠᠷᠢᠭᠤᠴᠠᠯᠭ᠎ᠠ       ᠬᠤᠷᠢᠨ ᠭᠤᠷᠪᠠᠳᠤᠭᠠᠷ  ᠵᠦᠢᠯ       ᠬᠠᠤᠯᠢ ᠶᠣᠰᠣᠭᠠᠷ ᠲᠠᠲᠠᠪᠤᠷᠢᠯᠠᠬᠤ ᠪᠤᠶᠤ ᠲᠠᠲᠠᠪᠤᠷᠢᠯᠠᠨ ᠬᠡᠷᠡᠭᠯᠡᠬᠦ ᠠᠵᠢᠯ ᠢ ᠬᠠᠷᠰᠢᠯᠠᠵᠤ᠂ ᠡᠪᠳᠡᠵᠦ᠂ ᠬᠠᠤᠯᠢ ᠶᠣᠰᠣᠭᠠᠷ  ᠳᠠᠲᠠᠪᠤᠷᠢᠯᠠᠭᠰᠠᠨ ᠪᠤᠶᠤ ᠲᠠᠲᠠᠪᠤᠷᠢᠯᠠᠨ ᠬᠡᠷᠡᠭᠯᠡᠬᠦ  ᠭᠠᠵᠠᠷ ᠰᠢᠷᠤᠢ ᠪᠠᠨ ᠳᠤᠰᠢᠶᠠᠬᠤ ᠶᠢ ᠳᠡᠪᠴᠢᠭᠦ  ᠵᠡᠷᠭᠡ ᠭᠠᠵᠠᠷ ᠰᠢᠷᠣᠶ ᠶᠢᠨ ᠬᠠᠮᠢᠶᠠᠷᠤᠯᠲᠠ ᠪᠠ ᠪᠤᠰᠤᠳ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ   ᠢ ᠵᠥᠷᠢᠴᠡᠭᠰᠡᠨ  ᠪᠠᠶᠢᠪᠠᠯ᠂  ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠭᠠᠵᠠᠷ ᠰᠢᠷᠣᠶ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠭᠠᠵᠠᠷ ᠰᠢᠷᠣᠶ ᠶᠢ ᠨᠢ ᠲᠤᠰᠢᠶᠠᠯᠭᠠᠨ᠎ᠠ︔ ᠶᠠᠯ᠎ᠠ ᠪᠣᠯᠵᠤ  ᠪᠦᠷᠢᠯᠳᠦᠭᠰᠡᠨ‌‍ᠪᠣᠯ  ᠬᠠᠤᠯᠢ ᠶᠣᠰᠣᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ᠂ ᠬᠠᠷᠠᠬᠠᠨ ᠶᠠᠯ᠎ᠠ ᠪᠣᠯᠵᠤ ᠪᠦᠷᠢᠯᠳᠦᠭᠰᠡᠨ ᠦᠭᠡᠢ ᠪᠣᠯ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠢᠳᠬᠡᠯ ᠥᠭᠭᠦᠨ᠎ᠡ᠃       ᠬᠤᠷᠢᠨ ᠲᠦᠷᠪᠡᠳᠦᠭᠡᠷ  ᠵᠦᠢᠯ       ᠭᠠᠵᠠᠷ ᠰᠢᠷᠣᠶ ᠪᠠᠨ ᠲᠠᠲᠠᠪᠤᠷᠢᠯᠠᠭᠳᠠᠭᠰᠠᠨ ᠪᠤᠶᠤ  ᠳᠠᠲᠠᠪᠦᠷᠢᠯᠠᠨ ᠬᠡᠷᠡᠭᠯᠡᠭᠳᠡᠭᠰᠡᠨ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠬᠤᠳᠠᠯ ᠬᠡᠯᠡᠵᠦ ᠬᠠᠭᠤᠷᠮᠠᠭᠯᠠᠨ ᠵᠣᠬᠢᠶᠠᠵᠤ᠂ ᠭᠠᠵᠠᠷ ᠰᠢᠷᠣᠶ ᠶᠢᠨ ᠲᠠᠲᠠᠪᠤᠷᠢᠯᠠᠯᠲᠠ ᠶᠢᠨ ᠨᠥᠭᠦᠪᠦᠷᠢ  ᠶᠢ ᠬᠠᠭᠤᠷᠮᠠᠭᠯᠠᠨ ᠠᠪᠤᠭᠰᠠᠨ᠂ ᠳᠤᠮᠳᠠ ᠠᠴᠠ ᠨᠢ ᠦᠯᠡᠳᠡᠭᠡᠨ ᠠᠪᠤᠭᠰᠠᠨ᠂ ᠨᠡᠭᠦᠯᠭᠡᠨ ᠬᠡᠷᠡᠭᠯᠡᠭᠰᠡᠨ ᠪᠤᠶᠤ  ᠳᠠᠯᠳᠠᠭᠤᠷ ᠬᠤᠪᠢᠶᠠᠭᠰᠠᠨ  ᠪᠤᠯ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠵᠠᠰᠠᠭ ᠵᠠᠬᠢᠷᠭᠠᠨ ᠤ  ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠬᠤ ᠶᠢᠨ ᠬᠠᠮᠲᠤ ᠬᠠᠤᠯᠢ ᠶᠣᠰᠣᠭᠠᠷ ᠰᠢᠢᠳᠬᠡᠨ᠎ᠡ᠂ ᠶᠠᠯ᠎ᠠ ᠪᠣᠯᠵᠤ ᠪᠦᠷᠢᠯᠳᠦᠭᠰᠡᠨ ᠪᠣᠯ ᠬᠠᠤᠯᠢ ᠶᠣᠰᠣᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ᠃       ᠬᠤᠷᠢᠨ ᠲᠠᠪᠤᠳᠤᠭᠠᠷ  ᠵᠦᠢᠯ         ᠭᠠᠵᠠᠷ ᠰᠢᠷᠣᠶ ᠶᠢ ᠲᠠᠲᠠᠪᠤᠷᠢᠯᠠᠬᠤ ᠪᠤᠶᠤ ᠲᠠᠲᠠᠪᠤᠷᠢᠯᠠᠨ ᠬᠡᠷᠡᠭᠯᠡᠭᠰᠡᠨ  ᠨᠥᠭᠦᠪᠦᠷᠢ ᠥᠭᠬᠦ ᠠᠵᠢᠯ ᠤᠨ ᠳᠤᠮᠳᠠ᠂ ᠬᠤᠯᠪᠣᠭᠳᠠᠯ ᠪᠦᠬᠦᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠲᠡᠭᠦᠨ ᠤ ᠠᠵᠢᠯᠲᠠᠨ ᠳᠣᠣᠷᠠᠬᠢ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ  ᠪᠣᠯ  ᠲᠡᠭᠦᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠬᠢᠨᠠᠨ ᠪᠠᠶᠢᠴᠠᠭᠠᠬᠤ ᠪᠠᠶᠢᠭᠤᠯᠭ᠎ᠠ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠤᠨ᠎ᠠ︔ ᠦᠢᠯᠡ ᠪᠠᠶᠢᠳᠠᠯ‌ᠨᠢ ᠬᠦᠨᠳᠦ ᠨᠣᠴᠢᠲᠠᠶ  ᠪᠣᠯ  ᠰᠢᠭᠤᠳ ᠬᠠᠷᠢᠭᠤᠴᠠᠵᠤ  ᠪᠠᠶᠢᠭ᠎ᠠ ᠭᠤᠣᠯᠴᠢᠯᠠᠨ ᠬᠠᠮᠢᠶᠠᠷᠬᠤ ᠬᠥᠮᠦᠨ ᠪᠠ ᠪᠤᠰᠤᠳ ᠰᠢᠭᠤᠳ ᠬᠠᠷᠢᠭᠤᠴᠠᠯᠭ᠎ᠠ ᠲᠠᠢ  ᠬᠥᠮᠦᠨ ᠳᠤ ᠬᠠᠤᠯᠢ ᠶᠣᠰᠣᠭᠠᠷ ᠵᠠᠰᠠᠭ ᠤᠨ ᠶᠠᠪᠤᠳᠠᠯ ᠤᠨ ᠰᠢᠢᠳᠬᠡᠯ ᠥᠭᠭᠦᠨ᠎ᠡ᠂ ᠶᠠᠯ᠎ᠠ ᠪᠣᠯᠵᠤ ᠪᠦᠷᠢᠯᠳᠦᠭᠰᠡᠨ  ᠪᠣᠯ ᠬᠠᠤᠯᠢ ᠶᠣᠰᠣᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ᠃       ︵ᠨᠢᠭᠡ︶ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ  ᠭᠦᠢᠴᠡᠳᠬᠡᠭᠰᠡᠨ ᠦᠭᠡᠢ ᠠᠴᠠ ᠪᠣᠯᠵᠤ᠂ ᠭᠠᠵᠠᠷ ᠰᠢᠷᠤᠷ  ᠪᠠᠨ ᠲᠠᠲᠠᠪᠤᠷᠢᠯᠠᠭᠤᠯᠤᠭᠰᠠᠨ ᠮᠠᠯᠴᠢᠨ ᠲᠠᠷᠢᠶᠠᠴᠢᠳ ᠲᠤ  ᠨᠥᠬᠦᠪᠦᠷᠢ  ᠮᠥᠩᠭᠦ  ᠶᠢ ᠨᠢ ᠴᠠᠭ ᠲᠤᠬᠠᠶ ᠳᠤᠨᠢ  ᠭᠦᠢᠴᠡᠳ ᠲᠤᠭ᠎ᠠ ᠪᠠᠷ  ᠣᠷᠣᠨᠵᠢᠭᠤᠯᠵᠦ  ᠂ ᠣᠯᠭᠤᠵᠤ ᠳᠡᠶᠢᠯᠦᠭᠰᠡᠨ ᠥᠬᠡᠶ  ︔᡾       ︵ᠬᠤᠶᠠᠷ︶ ᠭᠠᠵᠠᠷ ᠰᠢᠷᠣᠶ ᠶᠢᠨ ᠲᠠᠲᠠᠪᠤᠷᠢᠯᠠᠯᠲᠠ ᠶᠢᠨ ᠨᠥᠬᠦᠪᠦᠷᠢ ᠮᠥᠩᠭᠦ   ᠶᠢ ᠳᠤᠮᠳᠠ ᠠᠴᠠ ᠨᠢ ᠦᠯᠡᠳᠡᠭᠡᠨ ᠠᠪᠴᠤ᠂ ᠨᠡᠭᠦᠯᠭᠡᠨ ᠬᠡᠷᠡᠭᠯᠡᠭᠰᠡᠨ︔       ︵ᠭᠤᠷᠪᠠ︶ ᠭᠠᠵᠠᠷ ᠰᠢᠷᠣᠶ ᠶᠢ ᠲᠠᠲᠠᠪᠤᠷᠢᠯᠠᠬᠤ ᠠᠵᠢᠯ ᠤᠨ ᠳᠤᠮᠳᠠ  ᠡᠷᠬᠡ ᠪᠠᠨ ᠠᠰᠢᠭᠯᠠᠨ ᠬᠤᠪᠢ ᠶᠢᠨ ᠠᠰᠢᠭ ᠣᠯᠬᠤ᠂ ᠬᠡᠭᠡᠯᠢ ᠬᠠᠭ᠋ᠤᠤᠯᠢ ᠢᠳᠡᠭᠰᠡᠨ︔       ︵ᠳᠦᠷᠪᠡ︶ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠢᠳᠬᠡᠯ ᠥᠭᠬᠦ ᠶᠣᠰᠣᠲᠠᠶ ᠪᠤᠰᠤᠳ ᠠᠵᠢᠯᠯᠠᠭ᠎ᠠ ᠨᠤᠭᠤᠳ᠃                 ᠵᠢᠷᠭᠤᠳᠤᠭᠠᠷ ᠪᠦᠯᠦᠭ        ᠳᠠᠭᠠᠯᠳᠤᠭᠤᠯᠤᠯ ᠳᠦᠷᠢᠮ       ᠬᠤᠷᠢᠨ ᠵᠢᠷᠭᠤᠳᠤᠭᠠᠷ  ᠵᠦᠢᠯ         ᠲᠣᠰ ᠠᠷᠭ᠎ᠠ ᠶᠢ ᠳᠠᠷᠤᠮᠠᠯᠯᠠᠨ ᠲᠠᠷᠬᠠᠭᠠᠭᠰᠠᠨ 30 ᠡᠳᠦᠷ ᠤᠨ ᠳᠠᠷᠠᠭ᠎ᠠ ᠬᠡᠷᠡᠭᠵᠢᠭᠦᠯᠦᠨ᠎ᠡ᠂ ᠬᠦᠴᠦᠨ ᠲᠠᠢ ᠬᠤᠭᠤᠴᠠᠭ᠎ᠠ  ᠨᠢ 2 ᠵᠢᠯ᠂  ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ ᠲᠠᠶᠢᠯᠪᠤᠷᠢᠯᠠᠨ᠎ᠠ᠃                          ᠬᠢᠶ᠎ᠡ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                    2019   ᠣᠨ ᠤ 2  ᠰᠠᠷ᠎ᠠ ᠶᠢᠨ 15 ᠤ ᠡᠳᠦᠷ  
ᠢᠷᠡᠯᠲᠡ᠄ ᠲᠤᠰ ᠰᠦᠯᠵᠢᠶ᠎ᠡ