ᠨᠢᠭᠡᠳᠦᠭᠡᠷ ᠵᠦᠢᠯ ᠬᠢᠶ᠎ᠡ ᠪᠠᠭᠰᠢ ᠲᠣᠭᠤᠷᠢᠭ ᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ | ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠠᠯᠠ ᠮᠥᠩᠭᠦ ᠪᠠ ᠲᠥᠷᠥᠯ | ᠵᠦᠢᠯ ᠤᠨ ᠪᠠᠯᠠ ᠣᠷᠣᠭᠤᠯᠤᠯᠲᠠ ᠶᠢ ᠲᠡᠳᠡᠨ ᠬᠢᠶ᠎ᠡ ᠪᠠᠭᠰᠢ ᠲᠣᠭᠤᠷᠢᠭ ᠲᠤ ᠨᠤᠳᠤᠭᠰᠢᠯᠠᠭᠤᠯᠵᠦ᠂ ᠮᠠᠨ ᠤ | ᠲᠣᠭᠤᠷᠢᠭ ᠤᠨ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠬᠤ ᠶᠢᠨ | ᠲᠤᠰᠠᠳᠠ᠂ ᠬᠠᠤᠯᠢ ᠴᠠᠭᠠᠵᠠ᠂ ᠬᠠᠤᠯᠢ ᠲᠣᠭᠲᠠᠭᠠᠯ ᠵᠢᠴᠢ ᠤᠯᠤᠰ᠂ ᠥᠪᠡᠷᠲᠡᠭᠡᠨ ᠵᠠᠰᠠᠬᠤ ᠣᠷᠣᠨ ᠪᠠ | ᠬᠤᠲᠠ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠦᠨᠳᠦᠰᠦᠯᠡᠨ᠂ ᠮᠠᠨ ᠤ ᠲᠣᠭᠤᠷᠢᠭ ᠤᠨ ᠪᠤᠳᠠᠳᠤ | ᠪᠠᠶᠢᠳᠠᠯ ᠲᠠᠢ ᠤᠶᠠᠯᠳᠤᠭᠤᠯᠤᠨ᠂ ᠲᠤᠰ ᠲᠥᠷᠥ ᠶᠢᠨ ᠪᠣᠳᠣᠯᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠬᠢᠶ᠎ᠡ ᠪᠠᠭᠰᠢ ᠲᠣᠭᠤᠷᠢᠭ ᠤᠨ ᠬᠤᠲᠠ ᠶᠢᠨ ᠴᠢᠳᠠᠮᠵᠢ ᠬᠢᠭᠡᠳ ᠠᠵᠤ | ᠦᠢᠯᠡᠰ ᠤᠨ ᠬᠥᠭᠵᠢᠯᠲᠡ ᠶᠢᠨ ᠣᠷᠣᠨ ᠳᠣᠭᠳᠠᠭᠠᠯᠳᠠ ᠳᠤ ᠨᠡᠶᠢᠴᠡᠭᠦ ᠠᠵᠤ ᠦᠢᠯᠡᠰ᠂ ᠲᠥᠷᠥᠯ ᠵᠦᠢᠯ | ᠪᠦᠭᠦᠨ ᠲᠣᠰ ᠠᠷᠭ᠎ᠠ ᠳᠤ ᠵᠢᠭᠰᠠᠭᠠᠭᠰᠠᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠲᠡᠵᠦ ᠪᠣᠯᠣᠨ᠎ᠠ᠂ | ᠪᠡᠯᠡ ᠣᠷᠣᠭᠤᠯᠤᠭᠴᠢᠳ ᠤᠨ ᠳᠣᠣᠷᠠᠬᠢ ᠠᠵᠢᠯ ᠲᠥᠷᠥᠯ ᠳᠤ ᠪᠡᠯᠡ ᠣᠷᠣᠭᠤᠯᠬᠤ ᠶᠢ ᠵᠣᠷᠢᠭᠵᠢᠭᠤᠯᠤᠨ᠎ᠠ᠄ | ︵ᠨᠢᠭᠡ︶ ᠶᠡᠷᠦᠩᠬᠡᠶ ᠬᠡᠯᠲᠡᠰ ᠤᠨ ᠠᠵᠤ ᠠᠬᠤᠶ᠃ ᠠᠵᠤ ᠠᠬᠤᠶᠢᠯᠠᠯ ᠤᠨ ᠶᠡᠷᠦᠩᠬᠡᠶ ᠬᠡᠯᠲᠡᠰ᠂ ᠠᠵᠤ | ᠠᠬᠤᠶᠢᠯᠠᠯ ᠤᠨ ᠣᠷᠣᠨ ᠬᠡᠪᠴᠢᠶ᠎ᠡ ᠶᠢᠨ ᠶᠡᠷᠦᠩᠬᠡᠶ ᠬᠡᠯᠲᠡᠰ ᠪᠠᠭᠳᠠᠨ᠎ᠠ᠂ ᠪᠡᠶ᠎ᠡ ᠪᠠᠨ ᠳᠠᠭᠠᠭᠠᠭᠰᠠᠨ ᠬᠠᠤᠯᠢ ᠶᠢᠨ | ᠡᠷᠬᠡᠳᠡᠨ ᠤ ᠬᠢᠷᠢ ᠬᠡᠮ ᠲᠠᠢ ᠰᠤᠳᠤᠯᠤᠨ ᠨᠡᠭᠡᠭᠡᠬᠦ ᠲᠥᠪ᠂ ᠡᠳ᠋ ᠤᠨ ᠶᠠᠪᠤᠳᠠᠯ ᠤᠨ ᠳ᠋ᠦᠩᠨᠡᠨ ᠪᠣᠳᠣᠬᠤ ᠲᠥᠪ᠂ | ᠪᠣᠷᠣᠯᠠᠭᠤᠯᠭ᠎ᠠ ᠶᠢᠨ ᠲᠥᠪ ᠵᠡᠷᠭᠡ ᠃ | ︵ᠬᠤᠶᠠᠷ︶ ᠰᠣᠶᠣᠯ ᠵᠢᠭᠤᠯᠴᠢᠯᠠᠯ᠃ ᠲᠣᠮᠣ ᠬᠡᠯᠪᠡᠷᠢ ᠶᠢᠨ ᠰᠣᠶᠣᠯ ᠵᠢᠭᠤᠯᠴᠢᠯᠠᠯ ᠤᠨ ᠲᠥᠷᠥᠯ ᠵᠦᠢᠯ | ᠂ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠢ ᠰᠤᠳᠤᠯᠤᠨ ᠨᠡᠭᠡᠭᠡᠬᠦ᠂ ᠺᠢᠨᠣ᠋ ᠲᠧᠯᠸᠢᠰ᠂ ᠰᠣᠶᠣᠯ ᠤᠨ ᠪᠦᠲᠦᠭᠡᠯᠴᠢ | ᠲᠥᠰᠥᠪᠯᠡᠯ᠂ ᠵᠢᠭᠤᠯᠴᠢᠯᠠᠯ ᠤᠨ ᠵᠠᠮ ᠱᠤᠭᠤᠮ ᠤᠨ ᠨᠡᠭᠡᠭᠡᠯᠲᠡ ᠵᠡᠷᠭᠡ ᠶᠢ ᠪᠠᠭᠳᠠᠨ᠎ᠠ ᠃ | ︵ᠭᠤᠷᠪᠠ︶ ᠠᠷᠠᠯᠵᠢᠶ᠎ᠠ ᠬᠤᠳᠠᠯᠳᠤᠭᠠᠨ ᠤ ᠪᠠᠷᠠᠭ᠎ᠠ ᠶᠢᠨ ᠭᠦᠢᠯᠭᠡᠭᠡᠨ᠃ ᠲᠣᠮᠣ ᠬᠡᠯᠪᠡᠷᠢ ᠶᠢᠨ | ᠬᠤᠳᠠᠯᠳᠤᠭᠠᠨ ᠤ ᠶᠡᠷᠦᠩᠬᠡᠶ ᠴᠣᠭᠴᠠ᠂ ᠲᠠᠷᠢᠶᠠᠯᠠᠩ ᠠᠷᠠᠯᠵᠢᠶᠠᠨ ᠤ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ | ᠨᠡᠷᠡᠲᠦ ᠲᠡᠮᠳᠡᠭᠲᠦ ᠢᠳᠡᠭᠡᠨ ᠤᠮᠳᠠᠭᠠᠨ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠪᠠᠷᠠᠭ᠎ᠠ ᠶᠢᠨ ᠭᠦᠢᠯᠭᠡᠭᠡᠨ ᠤ | ᠬᠥᠮᠥᠷᠭᠡᠯᠡᠯᠲᠡ᠂ ᠨᠡᠭᠦᠷᠡᠰᠦ ᠲᠡᠭᠡᠭᠡᠪᠦᠷᠢᠯᠡᠨ ᠪᠣᠷᠣᠯᠠᠭᠤᠯᠬᠤ ᠵᠡᠷᠭᠡ ᠪᠠᠭᠲᠠᠨ᠎ᠠ᠃ | ︵ᠲᠥᠷᠪᠡ︶ ᠮᠥᠩᠭᠦᠨ ᠭᠦᠢᠯᠭᠡᠭᠡᠨ ᠤ ᠦᠢᠯᠡᠴᠢᠯᠡᠭᠡ᠃ ᠡᠭᠦᠨ ᠳᠤ ᠪᠠᠩᠬᠢ᠂ ᠳᠠᠭᠠᠳᠬᠠᠯ᠂ ᠦᠨᠡᠳᠦ | ᠲᠡᠮᠲᠡᠭᠳᠤ ᠂ ᠬᠤᠪᠢᠴᠠᠭᠠᠨ ᠤ ᠡᠷᠬᠡ ᠶᠢᠨ ᠪᠡᠯᠡ ᠣᠷᠣᠭᠤᠯᠤᠯᠲᠠ᠂ ᠦᠨᠡᠯᠡᠨ ᠵᠢᠱᠢᠬᠦ ᠯᠠᠪᠯᠠᠯᠳᠠ ᠵᠡᠷᠭᠡ ᠪᠠᠭᠲᠠᠨ᠎ᠠ ᠃ | | ︵ᠲᠠᠪᠤ︶ ᠰᠤᠷᠭᠠᠨ ᠬᠥᠮᠦᠵᠢᠯ ᠡᠮᠴᠢᠯᠡᠭᠡ᠃ ᠳᠠᠭᠡᠳᠦ ᠲᠡᠰ ᠤᠨ ᠣᠯᠠᠨ ᠤᠯᠤᠰ ᠤᠨᠰᠤᠷᠭᠠᠭᠤᠯᠢ᠂ | ᠰᠤᠳᠤᠯᠤᠨ ᠰᠤᠷᠤᠯᠴᠠᠬᠤ ᠲᠥᠷᠥᠯ ᠵᠦᠢᠯ ᠤᠨ ᠨᠡᠭᠡᠭᠡᠯᠳᠡ ᠠᠰᠢᠭᠯᠠᠯᠳᠠ᠂ ᠡᠷᠡᠭᠦᠯ ᠮᠡᠨᠳᠦ ᠪᠡᠶ᠎ᠡ ᠰᠤᠪᠢᠯᠠᠯᠲᠠ᠂ | ᠵᠢᠭᠤᠯᠴᠢᠯᠠᠨ ᠰᠠᠭᠤᠵᠤ ᠪᠡᠶ᠎ᠡ ᠪᠠᠨ ᠰᠤᠪᠢᠯᠠᠬᠤ᠂ ᠡᠷᠡᠭᠦᠯᠵᠢᠯ ᠰᠤᠪᠢᠯᠠᠯᠲᠠ᠂ ᠲᠣᠮᠣ ᠬᠡᠯᠪᠡᠷᠢ ᠶᠢᠨ ᠳᠤᠰᠬᠠᠢ | ᠮᠡᠷᠭᠡᠵᠢᠯ ᠤᠨ ᠡᠮᠨᠡᠯᠭᠡ ᠶᠢᠨ ᠬᠤᠷᠢᠶ᠎ᠠ ᠵᠡᠷᠭᠡ᠃ | ︵ᠵᠢᠷᠭᠤᠭ᠎ᠠ︶ ᠤᠯᠤᠰ ᠠᠴᠠ ᠬᠥᠭᠵᠢᠭᠦᠯᠬᠦ ᠶᠢ ᠵᠣᠷᠢᠭᠵᠢᠭᠤᠯᠵᠤ ᠪᠠᠶᠢᠭ᠎ᠠ ᠪᠠᠶᠢᠯᠳᠤᠬᠤ ᠪᠣᠳᠣᠯᠭ᠎ᠠ ᠶᠢᠨ | ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ᠂ ᠳᠠᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠃ | ᠭᠤᠷᠪᠠᠳᠤᠭᠠᠷ ᠵᠦᠢᠯ ᠲᠣᠰ ᠲᠥᠷᠥ ᠶᠢᠨ ᠪᠣᠳᠣᠯᠭ᠎ᠠ ᠨᠢ ᠬᠢᠶ᠎ᠡ ᠪᠠᠭᠰᠢ ᠲᠣᠭᠤᠷᠢᠭ ᠲᠤ | ᠳᠠᠩᠰᠠᠯᠠᠭᠤᠯᠤᠭᠰᠠᠨ ᠪᠤᠶᠤ ᠳᠠᠩᠰᠠᠯᠠᠭᠤᠯᠤᠭᠰᠠᠨ ᠭᠠᠵᠠᠷ ᠨᠢ ᠬᠢᠶ᠎ᠡ ᠪᠠᠭᠰᠢ ᠲᠣᠭᠤᠷᠢᠭ ᠲᠤ ᠪᠠᠶᠢᠬᠤ ᠦᠭᠡᠢ | ᠪᠣᠯᠪᠠᠴᠤ ᠭᠤᠣᠯ ᠭᠠᠶᠢᠯᠢ ᠲᠤᠰᠢᠶᠠᠭᠰᠠᠨ ᠭᠠᠵᠠᠷ ᠨᠢ ᠬᠢᠶ᠎ᠡ ᠪᠠᠭᠰᠢ ᠲᠣᠭᠤᠷᠢᠭ ᠪᠤᠯᠬᠤ ᠠᠵᠤ ᠠᠬᠤᠶᠢᠯᠠᠯ ᠪᠣᠯᠤᠨ | ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠳᠤ ᠲᠣᠬᠢᠷᠠᠨ᠎ᠠ᠃ | ᠳᠥᠷᠪᠡᠳᠦᠭᠡᠷ ᠵᠦᠢᠯ ᠲᠣᠰ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠤ ᠲᠠᠷᠠᠭ᠎ᠠ᠂ ᠬᠢᠶ᠎ᠡ | ᠪᠠᠭᠰᠢ ᠲᠣᠭᠤᠷᠢᠭ ᠲᠤ ᠰᠢᠨ᠎ᠡ ᠪᠠᠷ ᠡᠷᠬᠢᠯᠡᠭᠰᠡᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠨᠢ 2000 | ᠲᠦᠮᠡᠨ ᠲᠥᠭᠦᠷᠢᠭ ᠠᠴᠠ ᠳᠡᠭᠡᠭᠰᠢᠬᠢ ᠦᠢᠯᠡᠳᠪᠦᠷᠢᠯᠡᠯ ᠤᠨ ᠬᠡᠯᠪᠡᠷᠢ ᠶᠢᠨ ᠠᠵᠤ ᠠᠬᠤᠶᠢᠯᠠᠯ ᠪᠣᠯᠤᠨ ᠶᠡᠷᠦᠩᠬᠡᠢ | ᠪᠡᠯᠡ ᠣᠷᠣᠭᠤᠯᠤᠯᠲᠠ ᠨᠢ 300 ᠲᠦᠮᠡᠨ ᠲᠥᠭᠦᠷᠢᠭ ᠠᠴᠠ ᠳᠡᠭᠡᠭᠰᠢᠬᠢ ᠦᠢᠯᠡᠳᠪᠦᠷᠢᠯᠡᠯ ᠤᠨ ᠪᠤᠰᠤ ᠬᠡᠯᠪᠡᠷᠢ ᠶᠢᠨ | ᠠᠵᠤ ᠠᠬᠤᠶᠢᠯᠠᠯ ᠳᠣᠣᠷᠠᠬᠢ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠨᠢᠭᠡ ᠶᠢ ᠰᠣᠩᠭᠤᠨ ᠬᠦᠷᠲᠡᠵᠦ | ᠪᠣᠯᠤᠨ᠎ᠠ᠄ | ︵ᠨᠢᠭᠡ︶ ᠠᠵᠤ ᠠᠬᠤᠶᠢᠯᠠᠯ ᠤᠨ ᠲᠤᠰᠢᠶᠠᠭᠰᠠᠨ ᠭᠠᠶᠢᠯᠢ ᠶᠢᠨ ᠲᠤᠭ᠎ᠠ ᠳᠠᠬᠢ ᠲᠣᠭᠤᠷᠢᠭ ᠤᠨ ᠲᠤᠰ | ᠱᠠᠲᠤᠨ ᠳᠤ ᠬᠤᠪᠢᠳᠠᠨ ᠦᠯᠡᠳᠡᠭᠡᠭᠰᠡᠨ ᠬᠡᠰᠡᠭ ᠢ 50 % ᠶᠢᠨ ᠬᠠᠷᠢᠴᠠᠯ ᠢᠶᠠᠷ ᠱᠠᠩᠨᠠᠨ ᠬᠥᠬᠢᠭᠦᠯᠦᠨ᠎ᠡ᠂ | ᠱᠠᠩᠨᠠᠬᠤ ᠬᠤᠭᠤᠴᠠᠭ᠎ᠠ ᠨᠢ 2 ᠵᠢᠯ ︵ᠲᠤᠰ ᠲᠤᠭ᠎ᠠ ᠶᠢ ᠪᠠᠭᠲᠠᠭᠠᠨ᠎ᠠ︶ ᠪᠤᠯᠤᠨ᠎ᠠ᠃ | ︵ᠬᠤᠶᠠᠷ︶ ᠠᠯᠪᠠᠯᠠᠬᠤ ᠭᠡᠷ ᠲᠠᠯᠠᠪᠤᠷ ᠤᠨ ︵ ᠡᠵᠡᠩᠨᠡᠯᠳᠡ ᠶᠢᠨ ᠴᠢᠨᠠᠷᠳᠠᠢ ᠭᠠᠵᠠᠷ ᠢ ᠪᠠᠭᠳᠠᠭᠠᠬᠤ | ᠦᠭᠡᠢ︶ ᠲᠦᠷᠢᠶᠡᠰᠦᠨ ᠮᠥᠩᠭᠦ ᠶᠢᠨ 50 % ᠶᠢ ᠭᠡᠳᠦᠷᠡᠭᠦ ᠦᠭᠡᠢ ᠲᠦᠷᠢᠶᠡᠰᠦᠨ ᠮᠥᠩᠭᠦ ᠶᠢ ᠪᠤᠴᠠᠭᠠᠨ | ᠱᠠᠩᠨᠠᠵᠤ᠂ ᠠᠵᠤ ᠠᠬᠤᠶᠢᠯᠠᠯ ᠨᠢᠭᠡᠪᠦᠷᠢ ᠵᠢᠯ ᠪᠦᠷᠢ ᠶᠢᠨ ᠱᠠᠩᠨᠠᠯ ᠢ 15 ᠲᠦᠮᠡᠨ ᠲᠥᠭᠦᠷᠢᠭ ︵ᠲᠤᠰ ᠲᠤᠭ᠎ᠠ ᠶᠢ | ᠪᠠᠭᠲᠠᠭᠠᠨ᠎ᠠ ︶ ᠠᠴᠠ ᠳᠠᠪᠠᠭᠤᠯᠬᠤ ᠦᠭᠡᠢ᠂ ᠱᠠᠩᠨᠠᠬᠤ ᠬᠤᠭᠤᠴᠠᠭ᠎ᠠ ᠨᠢ 2 ᠵᠢᠯ ︵ᠲᠤᠰ ᠲᠤᠭ᠎ᠠ ᠶᠢ | ᠪᠠᠭᠲᠠᠭᠠᠨ᠎ᠠ ︶ ᠪᠤᠯᠤᠨ᠎ᠠ᠃ | ︵ᠭᠤᠷᠪᠠ︶ ᠠᠵᠢᠯ ᠣᠯᠭᠤᠯᠲᠠ ᠶᠢ ᠳᠠᠶᠢᠴᠢᠯᠠᠬᠤ ᠦᠢᠯᠡᠳᠦᠯ ᠢᠶᠠᠷ ᠶᠡᠭᠡ᠂ ᠰᠢᠨᠵᠢᠯᠡᠬᠦ ᠤᠬᠠᠭᠠᠨ | ᠮᠡᠷᠭᠡᠵᠢᠯ ᠤᠨ ᠠᠭᠤᠯᠤᠭᠳᠠᠴᠠ ᠪᠠᠷ ᠥᠨᠳᠥᠷ᠂ ᠠᠵᠤ ᠦᠢᠯᠡᠰ ᠤᠨ ᠨᠡᠮᠡᠯᠳᠡ ᠥᠷᠳᠡᠭ ᠢᠶᠠᠷ ᠥᠨᠳᠥᠷ ᠪᠣᠯᠬᠤ | ᠬᠤᠳᠠᠯᠳᠤᠭᠠᠴᠢᠨ ᠤᠷᠢᠵᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠲᠤᠰᠢᠶᠠᠬᠤ ᠳᠤᠯᠠᠭᠠᠯᠠᠭ᠎ᠠ ᠶᠢᠨ | ᠵᠠᠷᠤᠳᠠᠯ ᠳᠤ ᠡᠳ᠋ ᠤᠨ ᠵᠠᠰᠠᠭ ᠤᠨ ᠱᠠᠩᠨᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠱᠠᠩᠨᠠᠬᠤ ᠲᠤᠭ᠎ᠠ ᠨᠢ | ᠶᠡᠷᠦᠩᠬᠡᠶ ᠵᠠᠷᠤᠳᠠᠯ ᠤᠨ 50 %᠂ ᠱᠠᠩᠨᠠᠬᠤ ᠬᠤᠭᠤᠴᠠᠭ᠎ᠠ ᠨᠢ 2 ᠵᠢᠯ ︵ᠲᠤᠰ ᠲᠤᠭ᠎ᠠ ᠶᠢ ᠪᠠᠭᠲᠠᠭᠠᠨ᠎ᠠ︶ | ᠪᠣᠯᠣᠨ᠎ᠠ᠃ | ᠲᠠᠪᠦᠳᠤᠭᠠᠷ ᠵᠦᠢᠯ ᠡᠯ᠎ᠡ ᠲᠣᠮᠣ ᠤᠯᠤᠰ ᠤᠨ ᠥᠮᠴᠢᠯᠡᠯᠡᠳᠦ ᠠᠵᠤ ᠠᠬᠤᠶᠢᠯᠠᠯ᠂ ᠬᠤᠪᠢ ᠶᠢᠨ | ᠡᠵᠡᠩᠨᠡᠯᠳᠠ ᠶᠢᠨ ᠠᠵᠤ ᠠᠬᠤᠶᠢᠯᠠᠯ ᠬᠢᠭᠡᠳ ᠡᠷᠭᠢᠨ ᠲᠣᠭᠤᠷᠢᠨ ᠤ ᠲᠣᠮᠣ ᠬᠡᠯᠪᠡᠷᠢ ᠶᠢᠨ ᠦᠢᠯᠡᠳᠪᠦᠷᠢ ᠠᠭᠤᠷᠬᠠᠢ | ᠶᠢᠨ ᠠᠵᠤ ᠠᠬᠤᠶᠢᠯᠠᠯ ᠨᠢ ᠬᠢᠶ᠎ᠡ ᠪᠠᠭᠰᠢ ᠲᠣᠭᠤᠷᠢᠭ ᠲᠤ ᠡᠵᠡᠩᠨᠡᠯᠲᠡ ᠶᠢᠨ ᠶᠡᠷᠦᠩᠬᠡᠢ ᠬᠡᠯᠲᠡᠰ᠂ ᠰᠤᠳᠤᠯᠤᠨ | ᠨᠡᠭᠡᠭᠡᠬᠦ ᠲᠥᠪ᠂ ᠡᠳ᠋ ᠤᠨ ᠶᠠᠪᠤᠳᠠᠯ ᠤᠨ ᠳ᠋ᠦᠩᠨᠡᠨ ᠪᠣᠳᠣᠬᠤ ᠲᠥᠪ᠂ ᠪᠣᠷᠣᠯᠠᠭᠤᠯᠬᠤ ᠲᠥᠪ ᠪᠠᠶᠢᠭᠤᠯᠵᠤ᠂ | ᠠᠮᠢᠳᠤᠷᠠᠯ ᠤᠨ ᠰᠠᠭᠤᠷᠢᠨ ᠭᠠᠵᠠᠷ ᠪᠠᠶᠢᠭᠤᠯᠤᠭᠰᠠᠨ ᠵᠢᠴᠢ ᠠᠵᠤ ᠦᠢᠯᠡᠰ ᠤᠨ ᠲᠥᠷᠥ ᠶᠢᠨ ᠪᠣᠳᠣᠯᠭ᠎ᠠ ᠳᠤ | ᠨᠡᠶᠢᠴᠡᠭᠰᠡᠨ᠂ ᠪᠡᠯᠡ ᠣᠷᠣᠭᠤᠯᠤᠯᠲᠠ ᠶᠢᠨ ᠲᠤᠭ᠎ᠠ ᠨᠢ ᠶᠡᠭᠡ᠂ ᠰᠢᠨᠵᠢᠯᠡᠬᠦ ᠤᠬᠠᠭᠠᠨ ᠮᠡᠷᠭᠡᠵᠢᠯ ᠤᠨ | ᠠᠭᠤᠯᠤᠭᠳᠠᠴᠠ ᠪᠠᠷ ᠥᠨᠳᠥᠷ᠂ ᠠᠵᠤ ᠦᠢᠯᠡᠰ ᠤᠨ ᠬᠡᠯᠬᠢᠶ᠎ᠡ ᠨᠢ ᠤᠷᠲᠤ᠂ ᠣᠷᠣᠨ ᠨᠤᠲᠤᠭ ᠤᠨ ᠠᠵᠤ ᠠᠬᠤᠢ | ᠨᠡᠶᠢᠬᠡᠮ ᠤᠨ ᠬᠥᠭᠵᠢᠯᠲᠡ ᠳᠤ ᠨᠡᠯᠢᠶᠡᠳ ᠴᠢᠩᠭ᠎ᠠ ᠳᠠᠶᠢᠴᠢᠯᠠᠯᠳᠠ ᠶᠢᠨ ᠴᠢᠨᠠᠷ ᠲᠠᠢ ᠰᠢᠨ᠎ᠡ ᠪᠠᠷ | ᠣᠷᠣᠭᠤᠯᠣᠭᠰᠠᠨ ᠲᠥᠷᠥᠯ ᠵᠦᠢᠯ ᠳᠤ ︽ᠨᠢᠭᠡ ᠠᠵᠤ ᠠᠬᠤᠶᠢᠯᠠᠯ ᠨᠢᠭᠡ ᠠᠷᠭ᠎ᠠ ᠪᠣᠳᠣᠯᠭ᠎ᠠ︾᠂ ︽ᠨᠢᠭᠡ | ᠶᠠᠪᠤᠳᠠᠯ ᠢ ᠨᠢᠭᠡ ᠵᠥᠪᠯᠡᠬᠦ︾ ᠵᠠᠷᠴᠢᠮ ᠶᠣᠰᠣᠭᠠᠷ ᠲᠥᠷᠥ ᠶᠢᠨ ᠪᠣᠳᠣᠯᠭ᠎ᠠ ᠶᠢᠨ ᠳᠡᠮᠵᠢᠯᠭᠡ ᠭᠦᠷᠳᠡᠭᠦᠯᠦᠨᠠ᠃ | ᠭᠡᠪᠡᠴᠤ ᠲᠤᠰ ᠲᠦᠷᠦ ᠶᠢᠨ ᠪᠣᠳᠣᠯᠭ᠎ᠠ ᠶᠢᠨ ᠪᠣᠰᠣᠳ ᠬᠠᠷᠠᠭᠠᠯᠵᠠᠯ ᠤᠨ ᠨᠥᠬᠦᠴᠡᠯ ᠢ ᠳᠠᠬᠢᠨ ᠳᠠᠪᠲᠠᠨ ᠭᠦᠷᠳᠡᠬᠦ | ᠥᠭᠡᠢ᠃ | ᠵᠢᠷᠭᠤᠳᠤᠭᠠᠷ ᠵᠦᠢᠯ ᠠᠵᠤ ᠠᠬᠤᠶᠢᠯᠠᠯ ᠢ ᠳᠠᠩᠰᠠᠯᠠᠭᠤᠯᠬᠤ ᠳᠤ ︽ᠴᠠᠭᠠᠵᠠᠯᠠᠬᠤ ᠥᠬᠡᠶ ᠪᠣᠯ | ᠵᠥᠪᠰᠢᠶᠡᠷᠡᠬᠦ᠂ ᠬᠢᠵᠠᠭᠠᠷᠯᠠᠬᠤ ᠥᠬᠡᠶ ᠪᠣᠯ ᠵᠥᠪᠰᠢᠶᠡᠷᠡᠬᠦ︾ ᠵᠠᠷᠴᠢᠮ ᠢ ᠪᠠᠷᠢᠮᠲᠠᠯᠠᠵᠤ᠂ ᠬᠠᠤᠯᠢ ᠴᠠᠭᠠᠵᠠ ᠬᠠᠤᠯᠢ | ᠲᠣᠭᠲᠠᠭᠠᠯ ᠳᠤ ᠲᠣᠳᠣᠷᠬᠠᠶ ᠴᠠᠭᠠᠵᠠᠯᠠᠭᠰᠠᠨ ᠪᠤᠶᠤ ᠬᠢᠶ᠎ᠡ ᠪᠠᠭᠰᠢ ᠲᠣᠭᠤᠷᠢᠭ ᠤᠨ ᠬᠢᠵᠠᠭᠠᠷᠯᠠᠭᠰᠠᠨ ᠠᠵᠢᠯ | ᠲᠥᠷᠥᠯ ᠢ ᠭᠠᠷᠭᠠᠪᠠᠯ᠂ ᠪᠠᠯᠠ ᠣᠷᠣᠭᠤᠯᠤᠭᠴᠢ ᠳᠤ ᠪᠥᠬᠦ ᠲᠠᠯ᠎ᠠ ᠪᠠᠷ ᠴᠢᠯᠥᠭᠡᠳᠡᠢ ᠨᠠᠭᠡᠭᠡᠵᠦ᠂ ᠲᠡᠷᠡᠴᠢᠯᠡᠨ ᠠᠵᠤ | ᠠᠬᠤᠶᠢᠯᠠᠯ ᠤᠨ ᠳᠠᠩᠰᠠᠯᠠᠭᠤᠯᠬᠤ ᠳᠤ ︽ᠨᠢᠭᠡ ᠥᠷᠳᠡᠴᠢᠯᠡᠭᠰᠡᠨ︾ ᠳᠥᠭᠦᠮ ᠳᠥᠲᠡ ᠦᠢᠯᠡᠴᠢᠯᠡᠭᠡ | ᠬᠠᠩᠭᠠᠬᠤ ᠶᠢᠨ ᠬᠠᠮᠲᠤ ᠴᠢᠬᠤᠯᠠ ᠲᠤᠮᠤ ᠲᠥᠷᠥᠯ ᠵᠦᠢᠯ ᠳᠤ ᠲᠥᠷᠥᠯ ᠵᠦᠢᠯ ᠢ ᠬᠢᠨᠠᠨ ᠵᠥᠪᠰᠢᠶᠡᠷᠡᠭᠦ ︽ | ᠰᠠᠭᠠᠳ ᠥᠬᠡᠶ ᠨᠡᠪᠲᠡᠷᠡᠬᠦ ᠵᠠᠮ︾ ᠢ ᠨᠡᠭᠡᠭᠡᠵᠦ ᠥᠭᠭᠦᠨ᠎ᠡ᠃ | ᠳᠣᠯᠣᠳᠤᠭᠠᠷ ᠵᠦᠢᠯ ᠬᠢᠶ᠎ᠡ ᠪᠠᠭᠰᠢ ᠲᠣᠭᠤᠷᠢᠭ ᠤᠨ ᠬᠤᠳᠠᠯᠳᠤᠭᠠᠴᠢᠨ ᠤᠷᠢᠵᠤ ᠪᠡᠯᠡ | ᠣᠷᠣᠭᠤᠯᠤᠭᠰᠠᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠷ᠎ᠡ ᠬᠡᠦᠬᠡᠳ ᠤᠨ ᠴᠡᠴᠡᠷᠯᠢᠭ ᠂ | ᠰᠤᠷᠭᠠᠭᠤᠯᠢ ᠳᠤ ᠣᠷᠣᠬᠤ ᠳᠤ ᠠᠳᠠᠯᠢ ᠬᠤᠲᠠ ᠶᠢᠨ ᠬᠠᠷᠠᠭᠠᠯᠵᠠᠯ ᠢ ᠭᠦᠷᠳᠡᠭᠡᠨ᠎ᠡ᠃ | ᠨᠠᠢᠮᠠᠳᠤᠭᠠᠷ ᠵᠦᠢᠯ ᠠᠵᠤ ᠠᠬᠤᠶᠢᠯᠠᠯ ᠢᠶᠠᠷ ᠬᠤᠳᠠᠯᠳᠤᠭᠠᠴᠢᠨ ᠤᠷᠢᠬᠤ ᠶᠢ ᠵᠣᠷᠢᠭᠵᠢᠭᠤᠯᠤᠨ᠎ᠠ᠃ | ᠬᠤᠪᠢ ᠬᠥᠮᠦᠨ ᠪᠤᠶᠤ ᠵᠣᠬᠢᠶᠠᠨ ᠪᠠᠶᠢᠭᠤᠯᠤᠯᠲᠠ ︵ ᠦᠨ᠎ᠡ ᠲᠥᠯᠥᠪᠦᠷᠢᠳᠡᠢ ᠪᠠᠷ ᠦᠢᠯᠡᠴᠢᠯᠡᠵᠦ ᠪᠠᠶᠢᠭ᠎ᠠ ᠵᠠᠭᠤᠴᠢ | ᠵᠣᠬᠢᠶᠠᠨ ᠪᠠᠶᠢᠭᠤᠯᠤᠯᠲᠠ ᠶᠢ ᠪᠠᠭᠳᠠᠭᠠᠬᠤ ᠦᠭᠡᠢ︶ ᠡᠯ᠎ᠡ ᠲᠥᠷᠥᠯ ᠤᠨ ᠠᠷᠭ᠎ᠠ ᠵᠠᠮ ᠢᠶᠠᠷ ᠳᠠᠮᠵᠢᠨ᠂ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠨᠢ 2000 ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠢ | ᠣᠷᠣᠭᠤᠯᠵᠤ ᠢᠷᠡᠭᠰᠡᠨ ᠪᠤᠯ᠂ ᠪᠡᠯᠡ ᠣᠷᠣᠭᠤᠯᠵᠤ ᠢᠷᠡᠭᠰᠡᠳ ᠢ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢᠨ 0.1 % ᠶᠢᠨ ᠬᠠᠷᠢᠴᠠᠯ ᠢᠶᠠᠷ ᠨᠢᠭᠡ ᠤᠳᠠᠭ᠎ᠠ ᠶᠢᠨ ᠴᠢᠨᠠᠷᠲᠠᠶ ᠱᠠᠩᠨᠠᠬᠤ ᠶᠢ ᠬᠡᠷᠡᠭᠵᠢᠭᠦᠯᠦᠨ᠎ᠡ | ᠂ ᠭᠡᠪᠡᠴᠦ ᠬᠠᠮᠤᠭ ᠶᠡᠭᠡ ᠳᠡᠭᠡᠨ 100 ᠲᠦᠮᠡᠨ ᠲᠥᠭᠦᠷᠢᠭ ᠠᠴᠠ ᠬᠡᠲᠦᠷᠡᠭᠦᠯᠵᠦ ᠪᠣᠯᠬᠤ ᠦᠭᠡᠢ ︵ᠲᠤᠰ | ᠲᠤᠭ᠎ᠠ ᠶᠢ ᠪᠠᠭᠲᠠᠭᠠᠨ᠎ᠠ︶ ᠃ | ᠶᠢᠰᠦᠳᠦᠭᠡᠷ ᠵᠦᠢᠯ ᠲᠣᠰ ᠲᠥᠷᠥ ᠶᠢᠨ ᠪᠣᠳᠣᠯᠭ᠎ᠠ ᠶᠢᠨ ᠱᠠᠩᠨᠠᠯ ᠬᠦᠷᠲᠡᠬᠦ ᠶᠢ ᠭᠤᠶᠤᠴᠢᠯᠠᠭᠰᠠᠨ | ᠠᠵᠤ ᠠᠬᠤᠶᠢᠯᠠᠯ ᠪᠣᠯᠤᠨ ᠲᠥᠷᠥᠯ ᠵᠦᠢᠯ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠬᠤᠳᠠᠯᠳᠤᠭᠠᠴᠢᠨ ᠤᠷᠢᠵᠤ | ᠪᠡᠯᠡ ᠣᠷᠣᠭᠤᠯᠬᠤ ᠭᠡᠯᠡᠯᠴᠡᠭᠡᠷ ᠲᠣᠭᠲᠠᠬᠤ ᠶᠢᠨ ᠬᠠᠮᠲᠤ ᠴᠠᠭ ᠲᠤᠬᠠᠢ ᠳᠤᠨᠢ ᠲᠣᠭᠤᠷᠢᠭ ᠤᠨ ᠬᠤᠳᠠᠯᠳᠤᠭᠠᠨ ᠤ | ᠶᠠᠪᠤᠳᠠᠯ ᠪᠠ ᠰᠢᠨᠵᠢᠯᠡᠭᠦ ᠤᠬᠠᠭᠠᠨ ᠲᠧᠭᠨᠢᠭ ᠮᠡᠷᠭᠡᠵᠢᠯ ᠤᠨ ᠳᠣᠪᠴᠢᠶ᠎ᠠ ᠳᠤ ᠬᠦᠷᠴᠦ ᠳᠠᠩᠰᠠᠯᠠᠭᠤᠯᠬᠤ ᠬᠡᠷᠡᠭᠲᠡᠢ᠃ | ᠲᠣᠭᠤᠷᠢᠭ ᠤᠨ ᠬᠤᠳᠠᠯᠳᠤᠭᠠᠨ ᠤ ᠶᠠᠪᠤᠳᠠᠯ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠨᠢ | ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠡᠯᠡ ᠣᠷᠣᠭᠤᠯᠤᠯᠲᠠ ᠶᠢᠨ ᠪᠠᠶᠢᠳᠠᠯ ᠢ ᠮᠠᠭᠠᠳᠯᠠᠨ ᠲᠣᠭᠲᠠᠭᠠᠵᠤ | ᠂ ᠮᠠᠭᠠᠳᠯᠠᠨ ᠲᠣᠭᠲᠠᠭᠠᠭᠰᠠᠨ ᠦᠷ᠎ᠡ ᠳ᠋ᠦᠩ ᠢᠶᠠᠷ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠲᠣᠰ | ᠲᠥᠷᠥ ᠶᠢᠨ ᠪᠣᠳᠣᠯᠭ᠎ᠠ ᠶᠢ ᠬᠦᠷᠲᠡᠵᠦ ᠴᠢᠳᠠᠬᠤ ᠡᠰᠡᠬᠦ ᠶᠢᠨ ᠦᠨᠳᠦᠰᠦᠯᠡᠯ ᠪᠣᠯᠭᠠᠨ᠎ᠠ᠃ ᠱᠠᠩᠨᠠᠯ ᠤᠨ ᠪᠠᠯᠠ | ᠮᠥᠩᠭᠦ ᠶᠢ ᠠᠵᠤ ᠠᠬᠤᠶᠢᠯᠠᠯ ᠪᠠ ᠲᠥᠷᠥᠯ ᠵᠦᠢᠯ ᠤᠨ ᠵᠢᠩᠬᠢᠨᠢ ᠪᠠᠷ ᠡᠵᠡᠩᠨᠡᠯᠲᠡ ᠬᠢᠵᠤ ᠡᠬᠢᠯᠡᠭᠰᠡᠨ ᠳᠠᠷᠠᠭ᠎ᠠ | ᠵᠢᠯ ᠠᠴᠠ ᠡᠬᠢᠯᠡᠵᠦ ᠭᠡᠷᠡᠭᠵᠢᠭᠦᠯᠦᠨ᠎ᠡ᠃ | ᠠᠷᠪᠠᠳᠤᠭᠠᠷ ᠵᠦᠢᠯ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠬᠤᠲᠠ ᠶᠢᠨ ᠬᠤᠯᠪᠣᠭᠳᠠᠯ | ᠪᠦᠬᠦᠢ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠲᠠᠢ ᠲᠤᠬᠢᠶᠠᠯᠳᠤᠪᠠᠯ᠂ ᠰᠢᠨ᠎ᠡ ᠲᠥᠷᠥ ᠶᠢᠨ | ᠪᠣᠳᠣᠯᠭ᠎ᠠ ᠶᠢᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ᠠᠷᠪᠠᠨ ᠨᠢᠭᠡᠳᠦᠭᠡᠷ ᠵᠦᠢᠯ ᠲᠣᠰ ᠲᠥᠷᠥ ᠶᠢᠨ ᠪᠣᠳᠣᠯᠭ᠎ᠠ ᠶᠢᠨ ᠬᠠᠮᠤᠭ ᠤᠨ ᠡᠴᠦᠰ ᠤᠨ | ᠲᠠᠶᠢᠯᠪᠤᠷᠢᠯᠠᠬᠤ ᠡᠷᠬᠡ ᠨᠢ ᠬᠢᠶ᠎ᠡ ᠪᠠᠭᠰᠢ ᠲᠣᠭᠤᠷᠢᠭ ᠤᠨ ᠬᠤᠳᠠᠯᠳᠤᠭᠠᠨ ᠤ ᠶᠠᠪᠤᠳᠠᠯ ᠪᠠ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠲᠣᠪᠴᠢᠶ᠎ᠠ ᠳᠤ ᠬᠠᠷᠢᠶᠠᠯᠠᠭᠳᠠᠨ᠎ᠠ ᠃ | ᠠᠷᠪᠠᠨ ᠬᠤᠶᠠᠳᠤᠭᠠᠷ ᠵᠦᠢᠯ ᠲᠤᠰ ᠲᠥᠷᠥ ᠶᠢᠨ ᠪᠣᠳᠣᠯᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ | 30 ᠡᠳᠦᠷ ᠤᠨ ᠳᠠᠷᠠᠭ᠎ᠠ ᠬᠡᠷᠡᠭᠵᠢᠭᠦᠯᠵᠦ᠂ ᠬᠤᠶᠠᠷ ᠵᠢᠯ ᠲᠤᠷᠰᠢᠨ ᠬᠡᠷᠡᠭᠵᠢᠭᠦᠯᠦᠨ᠎ᠡ᠃ | | ᠬᠢᠶ᠎ᠡ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | | 2019 ᠣᠨ ᠤ 8 ᠰᠠᠷ᠎ᠠ ᠶᠢᠨ13 ᠤ ᠡᠳᠦᠷ |