ᠬᠢᠶ᠎ᠠ ᠪᠠᠭᠰᠢ ᠲᠤᠭᠤᠷᠢᠭ ᠤᠨ  ᠲᠥᠢᠮᠦ  ᠪᠠᠶᠢᠳᠠᠯ
ᠨᠡᠶᠢᠲᠡᠯᠡᠭᠰᠡᠨ ᠴᠠᠭ᠄
2019/11/7
       ᠬᠢᠶ᠎ᠠ ᠪᠠᠭᠰᠢ ᠲᠤᠭᠤᠷᠢᠭ ᠨᠢ ᠤᠷᠳᠤᠰ ᠬᠤᠳᠠ ᠶᠢᠨ ᠲᠤᠮᠳᠠ ᠡᠮᠥᠨᠡᠲᠤ ᠬᠡᠰᠡᠭ ᠲᠤ ᠪᠠᠶᠢᠷᠢᠯᠠᠵᠤ  ᠂ ᠳ᠋ᠦᠩᠱᠧᠩ ᠲᠤᠭᠤᠷᠢᠭ᠂ ᠡᠵᠡᠨ ᠬᠤᠷᠤᠭ᠎ᠠ  ᠬᠤᠰᠢᠭᠤᠨ  ᠤ ᠠᠯᠲᠠᠨᠰᠢᠷᠡᠭᠡ ᠪᠠᠯᠭᠠᠰᠤ ᠲᠠᠢ ᠬᠠᠮᠲᠤ ᠮᠠᠨ ᠤ ᠬᠤᠲᠠ ᠶᠢᠨ ᠭᠤᠣᠯ ᠲᠤᠭᠤᠷᠢᠭ ᠢ  ᠪᠦᠷᠢᠯᠳᠦᠭᠦᠯᠵᠠᠢ᠃ ᠬᠢᠶ᠎ᠠ ᠪᠠᠭᠰᠢ ᠨᠢ ᠤᠤᠯ  ᠳᠠᠭᠠᠨ ᠴᠢᠩ ᠴᠦᠨ ᠱᠠᠨ ᠠᠵᠤ ᠠᠬᠤᠢ ᠮᠡᠷᠭᠡᠵᠢᠯ ᠤᠨ ᠨᠡᠭᠡᠭᠡᠯᠳᠠ ᠶᠢᠨ ᠤᠷᠤᠨ ᠪᠠᠶᠢᠪᠠ᠃ 2004 ᠤᠨ ᠳᠤ ᠥᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠠᠴᠠ ᠵᠢᠩᠬᠢᠨᠢ ᠪᠠᠷ ᠵᠥᠪᠰᠢᠶᠡᠷᠡᠵᠤ᠂ ᠨᠠᠷ᠎ᠠ ᠶᠢ  ᠨᠢ ᠥᠭᠡᠷᠡᠴᠢᠯᠡᠨ ᠬᠢᠶ᠎ᠠ ᠪᠠᠭᠰᠢ ᠰᠢᠨ᠎ᠠ ᠳᠤᠭᠤᠷᠢᠭ  ᠭᠡᠵᠦ ᠡᠬᠢᠯᠡᠭᠦᠯᠦᠨ  ᠪᠦᠲᠦᠭᠡᠨ ᠪᠠᠶᠢᠭᠤᠯᠵᠤ  ᠂2006 ᠣᠨ ᠳᠤ ᠬᠤᠲᠠ ᠶᠢᠨ  ᠵᠠᠰᠠᠭ ᠤᠨ ᠤᠷᠳᠤᠨ ᠰᠢᠯᠵᠢᠨ ᠢᠷᠡᠪᠡ  ᠂2016 ᠤᠨ ᠤ 6 ᠰᠠᠷ᠎ᠠ ᠶᠢᠨ 8 ᠤ ᠡᠳᠥᠷ᠂ ᠲᠥᠷᠥ ᠶᠢᠨ ᠶᠠᠪᠤᠳᠠᠯ ᠤᠨ ᠬᠤᠷᠢᠶᠠᠨ ᠤ ᠴᠤᠬᠤᠯᠠᠪᠤᠷᠢ ᠪᠠᠷ ᠰᠢᠶᠠᠨ ᠤ  ᠳᠡᠰ ᠤᠨ ᠵᠠᠰᠠᠭ ᠵᠠᠬᠢᠷᠭᠠᠨ ᠤ ᠲᠤᠭᠤᠷᠢᠭ ᠢ ᠪᠠᠶᠢᠭᠤᠯᠵᠤ᠂ 2017 ᠤᠨ ᠳᠤ ᠲᠤᠭᠤᠷᠢᠭ ᠤᠨ ᠨᠠᠮ ᠤᠨ ᠬᠤᠷᠢᠶ᠎ᠠ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠠᠷᠠᠳ ᠤᠨ ᠵᠠᠰᠠᠭ ᠤᠨ ᠤᠷᠳᠤᠨ᠂ ᠤᠯᠤᠰ ᠲᠦᠷᠤ ᠶᠢᠨ ᠵᠦᠪᠯᠡᠯᠭᠡᠨ ᠵᠢᠩᠬᠢᠨᠢ ᠪᠠᠷ ᠫᠠᠶᠢᠰᠠ ᠡᠯᠭᠦᠨ ᠪᠠᠶᠢᠭᠤᠯᠤᠭᠳᠠᠪᠠ  ᠃   ᠮᠠᠨ ᠤ ᠲᠤᠭᠤᠷᠢᠭ  ᠪᠥᠬᠦ ᠳᠠᠯᠠᠪᠠᠢ 372.55 ᠳᠡᠭᠰᠢ ᠳᠥᠷᠪᠡᠯᠵᠢᠨ ᠺᠢᠯᠤᠮᠧᠲᠷ ᠪᠠᠶᠢᠵᠤ᠂ ᠪᠥᠳᠥᠭᠡᠨ ᠪᠠᠶᠢᠭᠤᠯᠤᠭᠰᠠᠨ ᠤᠷᠤᠨ ᠤ ᠳᠠᠯᠠᠪᠠᠢ 38.42 ᠳᠡᠭᠰᠢ ᠳᠥᠷᠪᠡᠯᠵᠢᠨ  ᠺᠢᠯᠤᠮᠧᠲᠷ ᠪᠠᠶᠢᠵᠤ  ᠂ ᠨᠢᠭᠡ ᠬᠦᠷᠢᠶᠡᠯᠡᠩ ︵ᠬᠤᠲᠠ ᠶᠢᠨ ᠳᠡᠭᠡᠳᠦ ᠰᠢᠨ᠎ᠡ  ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ︶᠂ 4 ᠵᠡᠭᠡᠯᠢ ᠭᠤᠳᠤᠮᠵᠢ ᠶᠢᠨ ᠬᠡᠷᠡᠭ ᠡᠷᠬᠢᠯᠡᠭᠦ ᠭᠠᠵᠠᠷ᠂  15 ᠨᠡᠶᠢᠬᠡᠮ ᠳᠤᠭᠤᠷᠢᠭ   ᠪᠠᠶᠢᠵᠤ᠂ 15.3 ᠳᠥᠮᠡᠨ ᠬᠥᠮᠥᠨ ᠠᠮᠠ ᠲᠠᠢ᠃
ᠢᠷᠡᠯᠲᠡ᠄ ᠲᠤᠰ ᠰᠦᠯᠵᠢᠶ᠎ᠡ