ᠬᠦᠲᠦᠯᠦᠭᠴᠢ᠄ ᠮᠦᠡᠭᠭᠡᠪᠡᠶᠡᠷ ︵ᠦᠪᠦᠷ ᠮᠤᠩᠭᠤᠯ ᠤᠨ ᠡᠲᠦᠷ ᠤᠨ ᠰᠤᠨᠢᠨ ᠤ ᠬᠤᠷᠢᠶ᠎ᠠ ᠶᠢᠨ ᠬᠠᠮ | ᠵᠠᠭᠤᠴᠢᠯᠠᠭᠤᠷ ᠤᠨ ᠰᠤᠷᠪᠤᠯᠵᠢᠯᠠᠭᠴᠢ︶ ᠤᠨᠴᠠ ᠤᠷᠢᠬᠰᠠᠨ | ᠲᠤᠰᠬᠠᠢ ᠮᠡᠷᠭᠡᠵᠢᠯᠳᠡᠨ᠄ ᠭᠡᠷᠡᠯᠲᠦ ︵ᠦᠪᠦᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ | ᠫᠷᠤᠹᠧᠰᠰᠤᠷ︶ | | | ᠬᠦᠲᠦᠯᠦᠭᠴᠢ᠄ ᠡᠨᠡ ᠵᠢᠯ ᠤᠨ ︽ᠬᠤᠶᠠᠷ ᠬᠤᠷᠠᠯ︾ ᠤᠨ ︽ᠵᠠᠰᠠᠭ ᠤᠨ ᠤᠷᠳᠤᠨ ᠤ ᠠᠵᠢᠯ ᠤᠨ ᠢᠯᠡᠳᠭᠡᠯ︾ | ᠳᠤ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ︽ᠬᠦᠳᠡᠭᠡ ᠲᠤᠰᠬᠤᠨ ᠢ ᠬᠦᠭᠵᠢᠬᠦᠯᠦᠨ | ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠵᠦ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ | ᠤᠷᠤᠨ ᠤ ᠤᠳᠤᠬᠢᠴᠢᠯᠠᠯᠳᠠ ᠶᠢ ᠠᠬᠢᠭᠤᠯᠤᠨ᠎ᠠ︾ ᠬᠡᠵᠦ ᠲᠤᠷᠠᠳᠤᠨ ᠭᠠᠷᠭᠠᠪᠠ᠃ ᠲᠡᠬᠡᠪᠡᠯ ᠬᠦᠳᠡᠭᠡ ᠲᠤᠰᠬᠤᠨ ᠢ | ᠬᠦᠭᠵᠢᠬᠦᠯᠦᠨ ᠮᠠᠨᠲᠤᠭᠤᠯᠬᠤ ᠭᠤᠤᠯ ᠬᠦᠴᠢᠷᠳᠡᠯ ᠨᠢ ᠶᠠᠭᠤ ᠪᠤᠢ︖ ᠡᠬᠦᠨ ᠳᠤ ᠦᠨᠲᠦᠰᠦᠨ ᠱᠠᠲᠦᠨ ᠤ ᠵᠤᠬᠢᠶᠠᠨ | ᠪᠠᠶᠢᠭᠤᠯᠤᠯᠲᠠ ᠶᠠᠮᠠᠷ ᠰᠢᠦᠬᠠᠨ ᠦᠢᠯᠡᠲᠦᠯ ᠭᠠᠷᠭᠠᠲᠠᠭ ᠪᠤᠢ︖ | ᠲᠤᠰᠬᠠᠢ ᠮᠡᠷᠭᠡᠵᠢᠯᠳᠡᠨ᠄ ᠬᠦᠳᠡᠭᠡ ᠲᠤᠰᠬᠤᠨ ᠬᠡᠵᠦ ᠮᠠᠨ ᠤ ᠤᠷᠤᠨ ᠳᠤ ᠠᠪᠴᠤ ᠬᠡᠯᠡᠪᠡᠯ᠂ ᠮᠠᠯᠵᠢᠬᠤ | ᠤᠷᠤᠨ ᠪᠠ ᠲᠠᠷᠢᠶᠠᠯᠠᠬᠤ ᠤᠷᠤᠨ ᠬᠡᠵᠦ ᠬᠤᠶᠠᠷ ᠬᠤᠪᠢᠶᠠᠭᠳᠠᠵᠤ ᠪᠠᠶᠢᠨ᠎ᠠ᠃ ᠲᠦᠪᠯᠡᠷᠡᠨ ᠰᠠᠭᠤᠷᠢᠰᠢᠭᠰᠠᠨ | ᠲᠠᠷᠢᠶᠠᠯᠠᠬᠤ ᠤᠷᠤᠨ ᠳᠤ ᠲᠦᠷᠦ ᠶᠢᠨ ᠪᠤᠳᠤᠯᠭ᠎ᠠ ᠶᠢ ᠬᠡᠷᠡᠭᠵᠢᠬᠦᠯᠬᠦ ᠳᠤ ᠬᠠᠷᠢᠴᠠᠩᠭᠤᠢ ᠬᠢᠯᠪᠠᠷ ᠪᠤᠯᠪᠠᠴᠤ ᠲᠠᠷᠠᠬᠠᠢ | ᠪᠤᠳᠠᠷᠬᠠᠢ ᠰᠠᠭᠤᠷᠢᠰᠢᠭᠰᠠᠨ ᠮᠠᠯᠵᠢᠬᠤ ᠤᠷᠤᠨ ᠳᠤ ᠠᠪᠴᠤ ᠬᠡᠯᠡᠪᠡᠯ ᠬᠦᠴᠢᠷ ᠪᠠᠶᠢᠨ᠎ᠠ᠃ ᠡᠬᠦᠨ ᠳᠤ ᠭᠠᠴᠠᠭ᠎ᠠ | ᠲᠤᠰᠬᠤᠨ ᠤ ᠨᠠᠮ ᠤᠨ ᠡᠬᠦᠷ ᠤᠨ ᠵᠤᠬᠢᠶᠠᠨ ᠪᠠᠶᠢᠭᠤᠯᠤᠯᠳᠠ ᠶᠢᠨ ᠦᠢᠯᠡᠳᠦᠯ ᠢ ᠪᠠᠳᠠᠷᠠᠭᠤᠯᠬᠤ ᠪᠤᠯ ᠦᠨᠳᠦᠰᠦᠨ | ᠪᠠᠳᠤᠯᠠᠭ᠎ᠠ ᠪᠤᠯᠤᠨ᠎ᠠ᠃ ᠤᠳᠤᠬᠠᠨ ᠤ ᠪᠠᠶᠢᠳᠠᠯ ᠠᠴᠠ ᠦᠵᠡᠪᠡᠯ᠂ ᠲᠠᠷᠠᠬᠠᠢ ᠪᠤᠳᠠᠷᠬᠠᠢ ᠰᠠᠭᠤᠷᠢᠰᠢᠬᠰᠠᠨ ᠮᠠᠯᠵᠢᠬᠤ | ᠤᠷᠤᠨ ᠳᠤ ᠭᠠᠴᠠᠭᠠᠨ ᠤ ᠵᠤᠬᠢᠶᠠᠨ ᠪᠠᠶᠢᠭᠤᠯᠤᠯᠳᠠ ᠶᠢᠨ ᠦᠢᠯᠡᠳᠦᠯ ᠢ ᠬᠦᠢᠴᠡᠳ ᠪᠠᠳᠠᠷᠠᠭᠤᠯᠵᠤ ᠴᠢᠳᠠᠬᠤ ᠦᠭᠡᠢ | ᠪᠠᠶᠢᠨ᠎ᠠ᠃ ᠭᠠᠴᠠᠭᠠᠨ ᠤ ᠨᠠᠮ ᠤᠨ ᠡᠬᠦᠷ ᠤᠨ ᠵᠤᠬᠢᠶᠠᠨ ᠪᠠᠶᠢᠭᠤᠯᠤᠯᠳᠠ ᠶᠢᠨ ᠦᠢᠯᠡᠳᠦᠯ ᠢ ᠴᠢᠩᠭᠠᠳᠬᠠᠵᠤ᠂ | ᠭᠠᠴᠠᠭᠠᠨ ᠤ ᠬᠠᠮᠳᠤ ᠶᠢᠨ ᠬᠦᠷᠦᠩᠭᠡ ᠶᠢ ᠬᠤᠷᠠᠮᠳᠤᠭᠤᠯᠬᠤ᠂ ᠨᠠᠮ ᠤᠨ ᠲᠦᠷᠦ ᠶᠢᠨ ᠪᠤᠳᠤᠯᠭ᠎ᠠ ᠶᠢ ᠴᠠᠭ | ᠲᠤᠬᠠᠢ ᠳᠤᠨᠢ ᠤᠬᠠᠭᠤᠯᠤᠨ ᠲᠠᠶᠢᠯᠪᠤᠷᠢᠯᠠᠬᠤ᠂ ᠤᠯᠠᠨ ᠲᠦᠮᠡᠨ ᠢ ᠬᠦᠳᠦᠯᠦᠨ ᠵᠢᠯᠤᠭᠤᠳᠬᠤ ᠵᠡᠷᠭᠡ ᠠᠵᠢᠯ ᠢ | ᠰᠠᠶᠢᠳᠤᠷ ᠬᠢᠬᠦ ᠪᠠᠷ ᠲᠠᠮᠵᠢᠭᠤᠯᠵᠤ᠂ ᠤᠯᠠᠨ ᠨᠡᠶᠢᠳᠡ ᠶᠢᠨ ᠰᠡᠳᠬᠢᠯ ᠢ ᠲᠦᠪᠯᠡᠷᠡᠬᠦᠯᠦᠨ ᠤᠶᠤᠨ ᠤᠬᠠᠭᠠᠨ ᠬᠦᠴᠦᠨ | ᠴᠢᠳᠠᠯ ᠢ ᠨᠢᠭᠳᠠᠷᠠᠭᠤᠯᠬᠤ ᠨᠢ ︽ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ︾ ᠪᠠᠶᠢᠯᠳᠤᠬᠤ | ᠪᠤᠳᠤᠯᠭ᠎ᠠ ᠶᠢ ᠬᠡᠷᠡᠭᠵᠢᠬᠦᠯᠬᠦ ᠶᠢᠨ ᠵᠤᠬᠢᠶᠠᠨ ᠪᠠᠶᠢᠭᠤᠯᠤᠯᠳᠠ ᠶᠢᠨ ᠪᠠᠳᠤᠯᠠᠭ᠎ᠠ ᠪᠤᠯᠤᠨ᠎ᠠ᠃ | ᠬᠦᠲᠦᠯᠦᠭᠴᠢ᠄ ᠮᠠᠨ ᠤ ᠤᠷᠤᠨ ᠮᠠᠯ ᠠᠵᠦ ᠠᠬᠤᠢ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ ᠤ | ᠠᠰᠠᠭᠤᠲᠠᠯ ᠢ ᠴᠢᠬᠤᠯᠠᠴᠢᠯᠠᠨ ᠦᠵᠡᠭᠰᠡᠭᠡᠷ ᠢᠷᠡᠪᠡ᠂ ᠲᠡᠭᠡᠪᠡᠯ ᠬᠦᠳᠡᠭᠡ ᠲᠤᠰᠬᠤᠨ ᠢ ᠬᠦᠭᠵᠢᠬᠦᠯᠦᠨ ᠮᠠᠨᠲᠤᠭᠤᠯᠬᠤ | ᠪᠠᠶᠢᠯᠲᠤᠬᠤ ᠪᠤᠲᠤᠯᠭ᠎ᠠ ᠶᠢ ᠭᠡᠷᠡᠭᠵᠢᠬᠦᠯᠬᠦ ᠳᠤ ᠮᠠᠯᠴᠢᠨ ᠲᠠᠷᠢᠶᠠᠴᠢᠳ ᠠᠯᠢ ᠲᠠᠯ᠎ᠠ ᠪᠠᠷ ᠠᠩᠬᠠᠷᠬᠤ ᠴᠢᠬᠤᠯᠠᠲᠠᠢ ᠪᠤᠢ︖ | | ᠲᠤᠰᠬᠠᠢ ᠮᠡᠷᠭᠡᠵᠢᠯᠳᠡᠨ᠄ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠵᠤ᠂ ︽ᠮᠠᠯ ᠠᠵᠤ ᠠᠬᠤᠢ | ᠲᠠᠷᠢᠶᠠᠯᠠᠩ ᠢ ᠬᠦᠰᠡᠯ ᠡᠷᠡᠮᠡᠯᠵᠡᠯ ᠲᠠᠢ ᠠᠵᠤ ᠦᠢᠯᠡᠰ ᠪᠤᠯᠭᠠᠵᠤ᠂ ᠮᠠᠯᠴᠢᠨ ᠲᠠᠷᠢᠶᠠᠴᠢᠨ ᠢ ᠲᠠᠳᠠᠬᠤ ᠬᠦᠴᠦᠨ ᠲᠠᠢ | ᠲᠤᠬᠠᠢᠢᠯᠠᠭᠰᠠᠨ ᠠᠵᠢᠯ ᠪᠤᠯᠭᠠᠵᠤ᠂ ᠮᠠᠯᠵᠢᠬᠤ ᠲᠠᠷᠢᠶᠠᠯᠠᠬᠤ ᠤᠷᠤᠨ ᠢ ᠠᠮᠤᠷ ᠵᠢᠷᠭᠠᠵᠤ ᠠᠵᠤ ᠲᠦᠷᠦᠬᠦ | ᠦᠵᠡᠰᠬᠦᠯᠡᠩᠳᠦ ᠰᠠᠶᠢᠬᠠᠨ ᠬᠡᠷ ᠤᠷᠤᠨ ᠪᠤᠯᠭᠠᠨ᠎ᠠ︾ ᠬᠡᠳᠡᠭ ᠪᠤᠯ ᠮᠠᠰᠢ ᠠᠭᠤᠤ ᠶᠡᠭᠡ ᠮᠠᠰᠢ ᠰᠠᠶᠢᠬᠠᠨ ᠬᠠᠷᠠᠯᠳᠠ | ᠮᠦᠨ᠃ ᠮᠠᠨ ᠤ ᠨᠠᠮ ᠤᠨ ᠬᠦᠳᠡᠭᠡ ᠲᠤᠰᠬᠤᠨ ᠤ ᠠᠵᠢᠯ ᠢ ᠴᠢᠬᠤᠯᠠᠴᠢᠯᠠᠵᠤ᠂ ᠬᠠᠮᠤᠭ ᠤᠨ ᠦᠨᠳᠦᠰᠦᠨ | ᠱᠠᠳᠤᠨ ᠤ ᠮᠠᠯᠴᠢᠨ ᠲᠠᠷᠢᠶᠠᠴᠢᠨ ᠤ ᠠᠵᠠ ᠵᠢᠷᠭᠠᠯ ᠢ ᠬᠠᠯᠠᠮᠵᠢᠯᠠᠵᠤ ᠪᠠᠶᠢᠭ᠎ᠠ ᠶᠢᠨ ᠢᠯᠡᠷᠡᠯ ᠪᠤᠯᠤᠨ᠎ᠠ᠃ ᠮᠡᠳᠡᠭᠡᠵᠢ᠂ | ᠮᠠᠨ ᠤ ᠤᠷᠤᠨ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ ᠤ | ᠠᠰᠠᠭᠤᠳᠠᠯ ᠢ ᠢᠮᠠᠭᠳᠠ ᠴᠢᠬᠤᠯᠠ ᠪᠠᠶᠢᠷᠢᠨ ᠳᠤ ᠲᠠᠯᠪᠢᠵᠤ᠂ ᠮᠠᠯᠴᠢᠨ ᠲᠠᠷᠢᠶᠠᠴᠢᠨ ᠤ ᠬᠦᠷᠳᠡᠭᠡᠮᠵᠢ ᠶᠢ ᠵᠢᠯ | ᠲᠠᠷᠠᠭᠠᠯᠠᠨ ᠨᠡᠮᠡᠭᠳᠡᠬᠦᠯᠵᠦ ᠪᠤᠢ᠃ ᠬᠡᠪᠡᠴᠦ᠂ ︽ᠬᠦᠯᠢᠶᠡᠬᠦ᠂ ᠲᠦᠰᠢᠬᠦ᠂ ᠠᠪᠬᠤ︾ ᠦᠵᠡᠭᠳᠡᠯ ᠭᠠᠵᠠᠷ ᠠᠪᠬᠤ | ᠪᠤᠯᠵᠤ᠂ ︽ᠲᠡᠵᠢᠭᠡᠪᠦᠷᠢ︾ ᠶᠢᠨ ᠮᠠᠯᠴᠢᠨ ᠲᠠᠷᠢᠶᠠᠴᠢᠨ ᠪᠠᠭ᠎ᠠ ᠪᠤᠰᠤ ᠪᠤᠢ ᠪᠤᠯᠵᠤ ᠪᠠᠶᠢᠭ᠎ᠠ ᠨᠢ ᠮᠠᠯᠵᠢᠬᠤ | ᠲᠠᠷᠢᠶᠠᠯᠠᠬᠤ ᠤᠷᠤᠨ ᠤ ᠰᠢᠨ᠎ᠡ ᠨᠢᠭᠡ ᠠᠰᠠᠭᠤᠳᠠᠯ ᠪᠤᠯᠤᠭᠰᠠᠨ ᠪᠠᠶᠢᠨ᠎ᠠ᠃ ᠬᠦᠳᠡᠭᠡ ᠲᠤᠰᠬᠤᠨ ᠤ ᠭᠤᠤᠯ ᠴᠤᠭᠴᠠ | ᠪᠤᠯ ᠮᠠᠯᠴᠢᠨ ᠲᠠᠷᠢᠶᠠᠴᠢᠨ ᠪᠤᠯᠤᠨ᠎ᠠ᠃ ᠤᠯᠤᠰ ᠤᠷᠤᠨ ᠤ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ | ᠪᠠᠶᠢᠯᠳᠤᠬᠤ ᠪᠤᠳᠤᠯᠭ᠎ᠠ ᠨᠢ ᠮᠠᠯᠵᠢᠬᠤ ᠲᠠᠷᠢᠶᠠᠯᠠᠬᠤ ᠤᠷᠤᠨ ᠳᠤ ᠰᠢᠨ᠎ᠡ ᠠᠮᠢᠵᠢᠷᠠᠯ ᠤᠨ ᠬᠦᠴᠦᠨ ᠰᠢᠨ᠎ᠡ ᠬᠦᠰᠡᠯ | ᠡᠷᠡᠮᠡᠯᠵᠡᠯ ᠢ ᠠᠪᠴᠢᠷᠠᠪᠠ᠃ ᠮᠠᠯᠴᠢᠨ ᠲᠠᠷᠢᠶᠠᠴᠢᠨ ᠡᠷᠬᠡᠪᠰᠢ ᠦᠪᠡᠷ ᠢᠶᠠᠨ ᠦᠪᠡᠷ ᠤᠨ ᠬᠡᠷ ᠤᠷᠤᠨ ᠢᠶᠠᠨ ᠪᠦᠳᠦᠭᠡᠨ | ᠪᠠᠶᠢᠭᠤᠯᠬᠤ ᠦᠵᠡᠯ ᠤᠬᠠᠮᠰᠠᠷ ᠲᠠᠢ ᠪᠠᠶᠢᠵᠤ ᠢᠳᠡᠪᠬᠢᠯᠡᠨ ᠤᠷᠤᠯᠴᠠᠬᠤ ᠬᠡᠷᠡᠭᠳᠡᠢ᠃ | ᠬᠦᠲᠦᠯᠦᠭᠴᠢ᠄ ᠬᠦᠳᠡᠭᠡ ᠲᠤᠰᠬᠤᠨ ᠢ ᠬᠦᠭᠵᠢᠬᠦᠯᠦᠨ ᠮᠠᠨᠲᠤᠭᠤᠯᠬᠤ ᠳᠤ ᠪᠤᠲᠠᠲᠠᠢ ᠶᠠᠮᠠᠷ ᠠᠷᠭ᠎ᠠ ᠠᠪᠴᠠᠯ ᠢ | ᠭᠡᠷᠡᠭᠵᠢᠬᠦᠯᠪᠡᠯ ᠵᠤᠬᠢᠬᠤ ᠪᠤᠢ︖ | ᠲᠤᠰᠬᠠᠢ ᠮᠡᠷᠭᠡᠵᠢᠯᠳᠡᠨ᠄ ︽ᠠᠵᠦ ᠦᠢᠯᠡᠰ ᠬᠦᠭᠵᠢᠭᠰᠡᠨ᠂ ᠠᠮᠢ ᠠᠬᠤᠢ ᠨᠢ ᠤᠷᠤᠰᠢᠨ ᠰᠠᠭᠤᠷᠢᠰᠢᠬᠤ ᠳᠤ | ᠲᠤᠬᠢᠷᠠᠮᠵᠢᠳᠠᠢ᠂ ᠨᠤᠳᠤᠭ ᠤᠨ ᠵᠠᠩᠰᠢᠯ ᠪᠤᠯᠪᠠᠰᠤᠨ᠂ ᠵᠠᠰᠠᠯᠳᠠ ᠨᠢ ᠪᠦᠳᠦᠮᠵᠢᠳᠡᠢ᠂ ᠠᠮᠢᠳᠤᠷᠠᠯ ᠨᠢ ᠪᠠᠶᠠᠨ | ᠴᠢᠨᠡᠭᠡᠯᠢᠭ︾ ᠪᠤᠯ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠶᠡᠷᠦᠩᠭᠡᠢ ᠱᠠᠭᠠᠷᠳᠠᠯᠭ᠎ᠠ ᠪᠤᠯᠤᠨ᠎ᠠ᠃ ᠶᠠᠰᠤ | ᠴᠢᠨᠠᠷ ᠢᠶᠠᠷ ᠮᠠᠯ ᠠᠵᠤ ᠠᠬᠤᠢ ᠶᠢ ᠬᠦᠭᠵᠢᠬᠦᠯᠬᠦ ᠵᠠᠮ ᠢᠶᠠᠷ ᠵᠠᠮᠨᠠᠵᠤ᠂ ᠬᠤᠷᠰᠢᠶᠠᠵᠢᠯ ᠢᠶᠠᠷ ᠦᠪᠡᠷ ᠤᠨ ᠦᠷᠳᠡᠭ ᠢ | ᠪᠠᠭᠤᠷᠠᠭᠤᠯᠵᠤ ᠤᠷᠤᠯᠭ᠎ᠠ ᠪᠠᠨ ᠨᠡᠮᠡᠭᠳᠡᠬᠦᠯᠪᠡᠯ ᠵᠤᠬᠢᠨ᠎ᠠ᠃ ᠡᠬᠦᠨ ᠠᠴᠠ ᠭᠠᠳᠠᠨ᠎ᠠ᠂ ᠡᠷᠡᠬᠦᠯ ᠮᠡᠨᠳᠤ ᠶᠢᠨ | ᠠᠰᠠᠭᠤᠳᠠᠯ᠂ ᠨᠤᠳᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠳᠠ᠂ ᠰᠤᠶᠤᠯ ᠤᠨ ᠬᠡᠪ ᠪᠤᠯᠪᠠᠰᠤᠷᠠᠯ ᠢ | ᠲᠡᠭᠡᠭᠰᠢᠯᠡᠬᠦᠯᠬᠦ ᠵᠡᠷᠭᠡ ᠲᠠᠯ᠎ᠠ ᠶᠢ ᠵᠡᠷᠭᠡᠪᠡᠷ ᠠᠩᠬᠠᠷᠪᠠᠯ ᠵᠤᠬᠢᠨ᠎ᠠ᠃ ᠮᠠᠯᠴᠢᠨ ᠲᠠᠷᠢᠶᠠᠴᠢᠨ ᠬᠦᠨᠳᠦ ᠡᠪᠡᠳᠴᠢᠨ ᠠᠴᠠ | ᠪᠤᠯᠵᠤ ᠶᠠᠳᠠᠭᠤᠷᠠᠬᠤ᠂ ᠲᠠᠬᠢᠨ ᠶᠠᠳᠠᠭᠤᠷᠠᠬᠤ᠂ ᠦᠢᠯᠡᠳᠪᠦᠷᠢᠯᠡᠯ ᠤᠨ ᠲᠤᠮᠳᠠ ᠰᠠᠨᠠᠭᠠᠴᠢᠯᠠᠭ᠎ᠠ ᠲᠠᠢ ᠪᠤᠶᠤ | ᠰᠠᠨᠠᠭᠠᠴᠢᠯᠠᠭᠠᠳᠤ ᠪᠤᠰᠤ ᠪᠠᠷ ᠨᠤᠳᠤᠭ ᠪᠡᠯᠴᠢᠭᠡᠷ ᠢᠶᠠᠨ ᠡᠪᠳᠡᠵᠦ ᠪᠠᠶᠢᠭ᠎ᠠ᠂ ᠭᠠᠴᠠᠭ᠎ᠠ ᠲᠤᠰᠬᠤᠨ ᠪᠤᠯᠭᠠᠨ ᠳᠤ | ᠰᠤᠶᠤᠯ ᠤᠨ ᠦᠷᠦᠭᠡ ᠪᠠᠶᠢᠭᠤᠯᠤᠭᠰᠠᠨ ᠪᠤᠯᠪᠠᠴᠤ ᠤᠴᠢᠬᠤ ᠬᠦᠮᠦᠨ ᠴᠦᠭᠡᠨ ᠪᠠᠶᠢᠬᠤ ᠦᠵᠡᠭᠳᠡᠯ ᠨᠡᠶᠢᠳᠡᠮ | ᠢᠯᠡᠷᠡᠵᠥ ᠪᠤᠢ᠃ | ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠪᠤᠯ ᠮᠠᠯ ᠠᠵᠤ ᠠᠬᠤᠢ | ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠨ ᠤ ᠪᠦᠬᠦ ᠲᠠᠯ ᠠ ᠳᠤ ᠬᠤᠯᠪᠤᠭᠳᠠᠭᠰᠠᠨ ᠨᠠᠷᠢᠨ | ᠪᠤᠳᠤᠯᠢᠶᠠᠨᠳᠠᠢ ᠰᠢᠰᠲ᠋ᠧᠮᠳᠦ ᠢᠨᠵᠧᠨᠧᠷᠢᠩ᠂ ᠤᠷᠳᠤ ᠬᠤᠭᠤᠴᠠᠭᠠᠨ ᠤ ᠬᠠᠳᠠᠭᠤᠵᠢᠯᠳᠠᠢ ᠡᠬᠦᠷᠭᠡ ᠮᠦᠨ᠃ | ᠲᠦᠷᠦ ᠶᠢᠨ ᠪᠤᠳᠤᠯᠭ᠎ᠠ ᠪᠠᠷ ᠲᠦᠰᠢᠭ ᠪᠤᠯᠭᠠᠵᠤ᠂ ᠵᠤᠬᠢᠶᠠᠨ ᠪᠠᠶᠢᠭᠤᠯᠤᠯᠳᠠ ᠪᠠᠷ ᠪᠠᠳᠤᠯᠠᠭ᠎ᠠ ᠪᠤᠯᠭᠠᠵᠤ᠂ ᠮᠠᠯᠴᠢᠨ | ᠲᠠᠷᠢᠶᠠᠴᠢᠨ ᠤ ᠢᠲᠡᠪᠬᠢᠵᠢᠯ ᠢ ᠲᠠᠶᠢᠴᠢᠯᠠᠪᠠᠯ ᠤᠳᠤᠬᠢᠴᠢᠯᠠᠭᠰᠠᠨ᠂ ᠪᠠᠶᠠᠨ ᠴᠢᠨᠡᠭᠡᠯᠢᠭ᠂ ᠦᠵᠡᠰᠬᠦᠯᠡᠩᠳᠦ ᠰᠠᠶᠢᠬᠠᠨ | ᠮᠠᠯᠵᠢᠬᠤ ᠲᠠᠷᠢᠶᠠᠯᠠᠬᠤ ᠤᠷᠤᠨ ᠤ ᠵᠢᠷᠤᠭᠯᠠᠯ ᠦᠨᠡᠨ ᠪᠤᠳᠠᠳᠤ ᠠᠬᠤᠢ ᠪᠤᠯᠬᠤ ᠨᠢ ᠲᠠᠮᠵᠢᠭ ᠦᠭᠡᠢ᠃ |