ᠬᠢᠶ᠎ᠠ ᠪᠠᠭᠰᠢ ᠲᠤᠭᠤᠷᠢᠭ ᠨᠢ ᠤᠷᠳᠤᠰ ᠬᠤᠳᠠ ᠶᠢᠨ ᠲᠤᠮᠳᠠ ᠡᠮᠥᠨᠡᠲᠤ ᠬᠡᠰᠡᠭ ᠲᠤ ᠪᠠᠶᠢᠷᠢᠯᠠᠵᠤ ᠂ ᠳ᠋ᠦᠩᠱᠧᠩ ᠲᠤᠭᠤᠷᠢᠭ᠂ ᠡᠵᠡᠨ ᠬᠤᠷᠤᠭ᠎ᠠ | ᠬᠤᠰᠢᠭᠤᠨ ᠤ ᠠᠯᠲᠠᠨᠰᠢᠷᠡᠭᠡ ᠪᠠᠯᠭᠠᠰᠤ ᠲᠠᠢ ᠬᠠᠮᠲᠤ ᠮᠠᠨ ᠤ ᠬᠤᠲᠠ ᠶᠢᠨ ᠭᠤᠣᠯ ᠲᠤᠭᠤᠷᠢᠭ ᠢ ᠪᠦᠷᠢᠯᠳᠦᠭᠦᠯᠵᠠᠢ᠃ ᠬᠢᠶ᠎ᠠ ᠪᠠᠭᠰᠢ ᠨᠢ ᠤᠤᠯ ᠳᠠᠭᠠᠨ ᠴᠢᠩ | ᠴᠦᠨ ᠱᠠᠨ ᠠᠵᠤ ᠠᠬᠤᠢ ᠮᠡᠷᠭᠡᠵᠢᠯ ᠤᠨ ᠨᠡᠭᠡᠭᠡᠯᠳᠠ ᠶᠢᠨ ᠤᠷᠤᠨ ᠪᠠᠶᠢᠪᠠ᠃ 2004 ᠤᠨ ᠳᠤ ᠥᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ | ᠤᠷᠳᠤᠨ ᠠᠴᠠ ᠵᠢᠩᠬᠢᠨᠢ ᠪᠠᠷ ᠵᠥᠪᠰᠢᠶᠡᠷᠡᠵᠤ᠂ ᠨᠠᠷᠠ ᠶᠢ ᠨᠢ ᠥᠭᠡᠷᠡᠴᠢᠯᠡᠨ ᠬᠢᠶ᠎ᠠ ᠪᠠᠭᠰᠢ ᠰᠢᠨ᠎ᠠ ᠳᠤᠭᠤᠷᠢᠭ ᠭᠡᠵᠦ ᠡᠬᠢᠯᠡᠭᠦᠯᠦᠨ ᠪᠦᠲᠦᠭᠡᠨ ᠪᠠᠶᠢᠭᠤᠯᠵᠤ ᠂ | 2006 ᠣᠨ ᠳᠤ ᠬᠤᠲᠠ ᠶᠢᠨ ᠵᠠᠰᠠᠭ ᠤᠨ ᠤᠷᠳᠤᠨ ᠰᠢᠯᠵᠢᠨ ᠢᠷᠡᠪᠡ ᠂2016 ᠤᠨ ᠤ 6 ᠰᠠᠷ᠎ᠠ ᠶᠢᠨ 8 ᠤ ᠡᠳᠥᠷ᠂ ᠲᠥᠷᠥ ᠶᠢᠨ ᠶᠠᠪᠤᠳᠠᠯ ᠤᠨ | ᠬᠤᠷᠢᠶᠠᠨ ᠤ ᠴᠤᠬᠤᠯᠠᠪᠤᠷᠢ ᠪᠠᠷ ᠰᠢᠶᠠᠨ ᠤ ᠳᠡᠰ ᠤᠨ ᠵᠠᠰᠠᠭ ᠵᠠᠬᠢᠷᠭᠠᠨ ᠤ ᠲᠤᠭᠤᠷᠢᠭ ᠢ ᠪᠠᠶᠢᠭᠤᠯᠵᠤ᠂ 2017 ᠤᠨ ᠳᠤ ᠲᠤᠭᠤᠷᠢᠭ ᠤᠨ ᠨᠠᠮ ᠤᠨ ᠬᠤᠷᠢᠶ᠎ᠠ᠂ | ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠠᠷᠠᠳ ᠤᠨ ᠵᠠᠰᠠᠭ ᠤᠨ ᠤᠷᠳᠤᠨ᠂ ᠤᠯᠤᠰ ᠲᠦᠷᠤ ᠶᠢᠨ ᠵᠦᠪᠯᠡᠯᠭᠡᠨ | ᠵᠢᠩᠬᠢᠨᠢ ᠪᠠᠷ ᠫᠠᠶᠢᠰᠠ ᠡᠯᠭᠦᠨ ᠪᠠᠶᠢᠭᠤᠯᠤᠭᠳᠠᠪᠠ ᠃ ᠮᠠᠨ ᠤ ᠲᠤᠭᠤᠷᠢᠭ ᠪᠥᠬᠦ ᠳᠠᠯᠠᠪᠠᠢ 372.55 ᠳᠡᠭᠰᠢ ᠳᠥᠷᠪᠡᠯᠵᠢᠨ ᠺᠢᠯᠤᠮᠧᠲᠷ ᠪᠠᠶᠢᠵᠤ᠂ ᠪᠥᠳᠥᠭᠡᠨ | ᠪᠠᠶᠢᠭᠤᠯᠤᠭᠰᠠᠨ ᠤᠷᠤᠨ ᠤ ᠳᠠᠯᠠᠪᠠᠢ 38.42 ᠳᠡᠭᠰᠢ ᠳᠥᠷᠪᠡᠯᠵᠢᠨ ᠺᠢᠯᠤᠮᠧᠲᠷ ᠪᠠᠶᠢᠵᠤ ᠂ ᠨᠢᠭᠡ ᠬᠦᠷᠢᠶᠡᠯᠡᠩ ︵ᠬᠤᠲᠠ ᠶᠢᠨ ᠳᠡᠭᠡᠳᠦ ᠰᠢᠨ᠎ᠡ ᠮᠡᠷᠭᠡᠵᠢᠯ ᠤᠨ | ᠠᠵᠤ ᠦᠢᠯᠡᠰ ᠤᠨ ᠬᠦᠷᠢᠶᠡᠯᠡᠩ︶᠂ 4 ᠵᠡᠭᠡᠯᠢ ᠭᠤᠳᠤᠮᠵᠢ ᠶᠢᠨ ᠬᠡᠷᠡᠭ ᠡᠷᠬᠢᠯᠡᠭᠦ ᠭᠠᠵᠠᠷ᠂ 15 ᠨᠡᠶᠢᠬᠡᠮ ᠳᠤᠭᠤᠷᠢᠭ ᠪᠠᠶᠢᠵᠤ᠂ 15.3 ᠳᠥᠮᠡᠨ ᠬᠥᠮᠥᠨ | ᠠᠮᠠ ᠲᠠᠢ᠃ | | | | | | | |