ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠡᠯ᠎ᠡ ᠰᠠᠯᠠᠭ᠎ᠠ ᠮᠥᠴᠢᠷ᠂ ᠰᠢᠭᠤᠳ ᠬᠠᠮᠢᠶᠠᠷᠤᠯᠲᠠ ᠶᠢᠨ | ᠰᠠᠯᠠᠭ᠎ᠠ ᠮᠥᠴᠢᠷ᠂ ᠡᠯ᠎ᠡ ᠲᠣᠭᠤᠷᠢᠭ ᠤᠨ ᠬᠠᠷᠢᠶᠠᠳᠦ ᠤᠯᠤᠰ ᠤᠨ ᠥᠮᠴᠢᠯᠡᠯᠳᠤ ᠠᠵᠤ ᠠᠬᠤᠶᠢᠯᠡᠯ ᠳᠤ᠄ | ︽ᠬᠢᠶ᠎ᠡ ᠪᠠᠭᠰᠢ ᠲᠤᠭᠤᠷᠢᠭ ᠤᠨ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠴᠢᠬᠤᠯᠠ ᠶᠡᠭᠡ | ᠲᠥᠷᠥᠯ ᠵᠦᠢᠯ ᠤᠨ ᠰᠢᠢᠳᠭᠦ ᠶᠠᠪᠤᠴᠠ ᠶᠢ ᠬᠡᠷᠡᠭᠵᠢᠭᠦᠯᠬᠦ ᠨᠠᠷᠢᠨ ᠳᠦᠷᠢᠮ︾ ᠢ ᠲᠤᠭᠤᠷᠢᠭ ᠤᠨ ᠵᠠᠰᠠᠭ ᠤᠨ | ᠣᠷᠳᠣᠨ ᠤ ᠪᠠᠶᠢᠩᠭᠤ ᠶᠢᠨ ᠬᠤᠷᠠᠯ ᠢᠶᠠᠷ ᠰᠤᠳᠤᠯᠤᠨ ᠪᠠᠲᠤᠯᠠᠭᠠᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ | ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠲᠦᠭᠡᠶ᠃ | ᠬᠢᠶ᠎ᠡ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2019 ᠣᠨ ᠤ 1 ᠰᠠᠷ᠎ᠠ ᠶᠢᠨ 22 ᠤᠨ ᠡᠳᠦᠷ | | ᠬᠢᠶ᠎ᠠ ᠪᠠᠭᠰᠢ ᠲᠤᠭᠤᠷᠢᠭ ᠤᠨ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠴᠢᠬᠤᠯᠠ ᠶᠡᠭᠡ | ᠲᠥᠷᠥᠯ ᠵᠦᠢᠯ ᠤᠨ ᠰᠢᠢᠳᠭᠦ ᠶᠠᠪᠤᠴᠠ ᠶᠢ ᠬᠡᠷᠡᠭᠵᠢᠭᠦᠯᠬᠦ ᠨᠠᠷᠢᠨ ᠳᠦᠷᠢᠮ | | ᠨᠢᠭᠡᠳᠦᠭᠡᠷ ᠵᠦᠢᠯ ᠲᠤᠭᠤᠷᠢᠭ ᠤᠨ ᠲᠣᠰ ᠱᠠᠲᠤᠨ ᠤ ᠵᠠᠰᠠᠭ ᠤᠨ ᠣᠷᠳᠣᠨ ᠤ ᠪᠡᠯᠡ | ᠣᠷᠣᠭᠤᠯᠤᠯᠲᠠ ᠶᠢᠨ ᠴᠢᠬᠤᠯᠠ ᠶᠡᠭᠡ ᠲᠥᠷᠥᠯ ᠵᠦᠢᠯ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ | ᠲᠦᠷᠢᠮᠵᠢᠭᠦᠯᠵᠦ᠂ ᠰᠢᠨᠵᠢᠯᠡᠬᠦ ᠤᠬᠠᠭᠠᠨᠴᠢ ᠰᠢᠢᠳᠪᠦᠷᠢᠲᠦ ᠪᠤᠳᠤᠯᠭ᠎ᠠ ᠲᠠᠢ᠂ ᠬᠠᠨᠳᠤᠰᠢ ᠨᠢ ᠵᠦᠶ ᠵᠣᠬᠢᠰᠲᠠᠶ᠂ | ᠠᠵᠢᠯᠯᠠᠬᠤ ᠬᠡᠪ ᠵᠢᠷᠤᠮ ᠲᠠᠢ᠂ ᠴᠢᠩᠭ᠎ᠠ ᠬᠢᠨᠠᠯᠲᠠ ᠬᠠᠮᠢᠶᠠᠷᠤᠯᠲᠠ ᠲᠠᠢ ᠴᠢᠬᠤᠯᠠ ᠶᠡᠭᠡ ᠲᠥᠷᠥᠯ ᠵᠦᠢᠯ ᠤᠨ | ᠰᠢᠢᠳᠪᠦᠷᠢᠲᠦ ᠪᠣᠳᠣᠯᠭ᠎ᠠ ᠶᠢᠨ ᠳᠤᠭᠳᠠᠯᠴᠠᠭ᠎ᠠ ᠶᠢ ᠪᠠᠶᠢᠭᠤᠯᠵᠤ᠂ ᠲᠥᠷᠥᠯ ᠵᠦᠢᠯ ᠤᠨ ᠪᠡᠯᠡ | ᠣᠷᠣᠭᠤᠯᠤᠯᠲᠠ ᠶᠢᠨ ᠶᠠᠰᠤ ᠴᠢᠨᠠᠷ ᠪᠣᠯᠤᠨ ᠦᠷ᠎ᠡ ᠠᠰᠢᠭ ᠢ ᠳᠡᠭᠡᠭᠰᠢᠯᠡᠭᠦᠯᠬᠦ ᠶᠢᠨ ᠲᠥᠯᠥᠭᠡ᠂ ᠤᠯᠤᠰ᠂ | ᠥᠪᠡᠷᠲᠡᠭᠡᠨ ᠵᠠᠰᠠᠬᠤ ᠣᠷᠣᠨ ᠪᠣᠯᠤᠨ ᠪᠦᠬᠦ ᠬᠤᠲᠠ ᠶᠢᠨ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ | ᠵᠢᠴᠢ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠦᠨᠳᠦᠰᠦᠯᠡᠨ᠂ ᠮᠠᠨ ᠤ ᠲᠤᠭᠤᠷᠢᠭ ᠤᠨ ᠪᠣᠳᠠᠲᠤ | ᠪᠠᠶᠢᠳᠠᠯ ᠲᠠᠢ ᠤᠶᠠᠯᠳᠤᠭᠤᠯᠵᠤ᠂ ᠲᠣᠰ ᠬᠡᠷᠡᠭᠵᠢᠭᠦᠯᠬᠦ ᠨᠠᠷᠢᠨ ᠳᠦᠷᠢᠮ ︵ᠳᠣᠷᠣᠭᠰᠢ ᠨᠠᠷᠢᠨ ᠳᠦᠷᠢᠮ ᠭᠡᠵᠦ | ᠲᠣᠪᠴᠢᠯᠠᠨ᠎ᠠ︶ ᠢ ᠲᠣᠭᠲᠠᠭᠠᠪᠠ᠃ | ᠬᠤᠶᠠᠳᠤᠭᠠᠷ ᠵᠦᠢᠯ ᠲᠣᠰ ᠨᠠᠷᠢᠨ ᠳᠦᠷᠢᠮ ᠳᠤ ᠬᠡᠯᠡᠵᠦ ᠪᠠᠶᠢᠭ᠎ᠠ ᠵᠠᠰᠠᠭ ᠤᠨ ᠣᠷᠳᠣᠨ ᠤ | ᠪᠡᠯᠡ ᠣᠷᠣᠭᠤᠯᠤᠯᠲᠠ ᠶᠢᠨ ᠴᠢᠬᠤᠯᠠ ᠶᠡᠭᠡ ᠲᠥᠷᠥᠯ ᠵᠦᠢᠯ ︵ᠳᠣᠷᠣᠭᠰᠢ ᠴᠢᠬᠤᠯᠠ ᠶᠡᠭᠡ ᠲᠥᠷᠥᠯ ᠵᠦᠢᠯ | ᠭᠡᠵᠦ ᠲᠣᠪᠴᠢᠯᠠᠨ᠎ᠠ︶ ᠭᠡᠳᠡᠭ ᠨᠢ ᠲᠤᠭᠤᠷᠢᠭ ᠤᠨ ᠲᠣᠰ ᠱᠠᠲᠤᠨ ᠤ ᠡᠳ᠋ ᠤᠨ ᠵᠠᠰᠠᠭ ᠤᠨ ᠴᠢᠨᠠᠷᠲᠠᠶ ᠪᠠᠯᠠ | ᠮᠥᠩᠭᠦ ᠶᠢ ᠠᠰᠢᠭᠯᠠᠨ ᠪᠦᠲᠦᠭᠡᠨ ᠪᠠᠶᠢᠭᠤᠯᠤᠯᠳᠠ ᠬᠢᠭᠰᠡᠨ᠂ ᠪᠠᠯᠠ ᠣᠷᠣᠭᠤᠯᠤᠯᠲᠠ ᠶᠢᠨ ᠶᠡᠷᠦᠩᠬᠡᠶ ᠲᠤᠭ᠎ᠠ ᠨᠢ | ᠳᠣᠤᠷᠠᠬᠢ ᠪᠠᠷᠢᠮᠵᠢᠶ᠎ᠠ ᠳᠤ ᠬᠦᠷᠦᠭᠰᠡᠨ ᠲᠥᠷᠥᠯ ᠵᠦᠢᠯ ᠢ ᠵᠢᠭᠠᠵᠤ ᠪᠤᠢ᠄ | ︵ᠨᠢᠭᠡ︶ ᠵᠠᠮ ᠬᠠᠷᠢᠯᠴᠠᠭ᠎ᠠ᠂ ᠬᠤᠲᠠ ᠶᠢᠨ ᠪᠦᠲᠦᠭᠡᠨ ᠪᠠᠶᠢᠭᠤᠯᠤᠯᠲᠠ᠂ ᠤᠰᠤᠨ ᠠᠰᠢᠭᠯᠠᠯᠲᠠ ᠵᠡᠷᠭᠡ | ᠰᠠᠭᠤᠷᠢ ᠲᠥᠬᠦᠭᠡᠷᠦᠮᠵᠢ ᠶᠢᠨ ᠲᠥᠷᠥᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠄ ᠪᠡᠯᠡ | ᠣᠷᠣᠭᠤᠯᠤᠯᠲᠠ ᠶᠢᠨ ᠲᠤᠭ᠎ᠠ ᠨᠢ 1 ᠳ᠋ᠦᠩᠰᠢᠭᠤᠷ ᠲᠥᠭᠦᠷᠢᠭ ᠠᠴᠠ ᠳᠠᠭᠡᠭᠰᠢᠬᠢ︔ | ︵ᠬᠤᠶᠠᠷ︶ ᠪᠤᠰᠤᠳ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠄ ᠪᠡᠯᠡ ᠣᠷᠣᠭᠤᠯᠤᠯᠲᠠ ᠶᠢᠨ | ᠲᠤᠭ᠎ᠠ ᠨᠢ 5000 ᠲᠦᠮᠡᠨ ᠲᠥᠭᠦᠷᠢᠭ ᠠᠴᠠ ᠳᠠᠭᠡᠭᠰᠢᠬᠢ︔ | ︵ᠭᠤᠷᠪᠠ︶ PPP ᠲᠥᠷᠥᠯ ᠵᠦᠢᠯ᠄ ᠵᠠᠰᠠᠭ ᠤᠨ ᠣᠷᠳᠣᠨ ᠤ ᠬᠠᠮᠤᠭ ᠡᠴᠦᠰ ᠤᠨ ᠪᠡᠯᠡ | ᠣᠷᠣᠭᠤᠯᠣᠭᠰᠠᠨ ᠲᠤᠭ᠎ᠠ ᠨᠢ ᠲᠡᠭᠡᠷᠡᠬᠢ ᠪᠠᠷᠢᠮᠵᠢᠶ᠎ᠠ ᠳᠤ ᠬᠦᠷᠦᠭᠰᠡᠨ ᠪᠣᠯ ᠯᠠᠪᠯᠠᠨ ᠬᠡᠷᠡᠭᠵᠢᠭᠦᠯᠦᠨ᠎ᠡ᠃ | ᠭᠤᠷᠪᠠᠳᠤᠭᠠᠷ ᠵᠦᠢᠯ ᠴᠢᠬᠤᠯᠠ ᠶᠡᠭᠡ ᠲᠥᠷᠥᠯ ᠵᠦᠢᠯ ᠤᠨ ᠬᠡᠪᠴᠢᠶ᠎ᠡ ᠳᠤ ᠭᠤᠤᠯᠳᠠᠭᠤ᠄ | ᠲᠠᠷᠢᠶᠠᠯᠠᠩ᠂ ᠤᠰᠤᠨ ᠠᠰᠢᠭᠯᠠᠯᠲᠠ᠂ ᠡᠨᠧᠷᠭᠢ ᠶᠢᠨ ᠰᠤᠷᠪᠤᠯᠵᠢ᠂ ᠵᠠᠮ ᠬᠠᠷᠢᠯᠴᠠᠭ᠎ᠠ᠂ ᠬᠤᠲᠠ ᠶᠢᠨ ᠨᠡᠶᠢᠲᠡ ᠶᠢᠨ | ᠬᠡᠷᠡᠭᠯᠡᠭᠡᠨ ᠤ ᠲᠥᠬᠦᠭᠡᠷᠦᠮᠵᠢ ᠵᠡᠷᠭᠡ ᠰᠠᠭᠤᠷᠢ ᠲᠥᠬᠦᠭᠡᠷᠦᠮᠵᠢ ᠶᠢᠨ ᠲᠥᠷᠥᠯ ᠵᠦᠢᠯ︔ ᠰᠤᠷᠭᠠᠨ ᠬᠥᠮᠦᠵᠢᠯ᠂ | ᠰᠣᠶᠣᠯ᠂ ᠡᠷᠡᠭᠦᠯ ᠬᠠᠮᠠᠭᠠᠯᠠᠯ᠂ ᠪᠡᠶ᠎ᠡ ᠶᠢᠨ ᠲᠠᠮᠢᠷ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ᠂ ᠣᠷᠴᠢᠨ | ᠲᠣᠭᠤᠷᠢᠨ ᠤ ᠬᠠᠮᠠᠭᠠᠯᠠᠯᠲᠠ ᠵᠡᠷᠭᠡ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠲᠥᠷᠥᠯ ᠵᠦᠢᠯ︔ ᠪᠤᠰᠤᠳ ᠣᠯᠠᠨ | ᠨᠡᠶᠢᠲᠡ ᠶᠢᠨ ᠦᠢᠯᠡᠴᠢᠯᠡᠭᠡᠨ ᠤ ᠲᠥᠭᠦᠷᠦᠮᠵᠢ ᠶᠢᠨ ᠲᠥᠷᠥᠯ ᠵᠦᠢᠯ ᠵᠡᠷᠭᠡ ᠪᠠᠭᠳᠠᠨ᠎ᠠ᠃ | ᠳᠥᠷᠪᠡᠳᠦᠭᠡᠷ ᠵᠦᠢᠯ ᠪᠡᠯᠡ ᠣᠷᠣᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ | ᠴᠢᠬᠤᠯᠠ ᠶᠡᠭᠡ ᠲᠥᠷᠥᠯ ᠵᠦᠢᠯ ᠤᠨ ᠬᠢᠨᠠᠨ ᠵᠥᠪᠰᠢᠶᠡᠷᠡᠬᠦ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠡᠳ᠋ ᠤᠨ | ᠵᠠᠰᠠᠭ᠂ ᠬᠢᠨᠠᠨ ᠪᠣᠳᠣᠬᠤ᠂ ᠤᠯᠤᠰ ᠤᠨ ᠭᠠᠵᠠᠷ ᠰᠢᠷᠣᠶ᠂ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ᠂ | ᠤᠰᠤᠨ ᠠᠰᠢᠭᠯᠠᠯᠲᠠ᠂ ᠣᠷᠴᠢᠨ ᠲᠣᠭᠤᠷᠢᠨ ᠤ ᠬᠠᠮᠠᠭᠠᠯᠠᠯᠲᠠ᠂ ᠤᠯᠤᠰ ᠤᠨ ᠥᠮᠴᠢᠯᠡᠯᠳᠤ ᠡᠳ᠋ ᠬᠥᠷᠥᠩᠭᠡ | ᠵᠡᠷᠭᠡ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠣᠰᠣᠭᠠᠷ ᠴᠢᠬᠤᠯᠠ ᠶᠡᠭᠡ ᠲᠥᠷᠥᠯ | ᠵᠦᠢᠯ ᠳᠤ ᠬᠢᠨᠠᠯᠲᠠ ᠲᠠᠯᠪᠢᠵᠤ ᠬᠠᠮᠢᠶᠠᠷᠤᠨ᠎ᠠ᠃ | ᠲᠠᠪᠤᠳᠤᠭᠠᠷ ᠵᠦᠢᠯ ᠴᠢᠬᠤᠯᠠ ᠶᠡᠭᠡ ᠲᠥᠷᠥᠯ ᠵᠦᠢᠯ ᠲᠥᠷᠥᠯ ᠵᠦᠢᠯ ᠤᠨ ᠮᠡᠳᠡᠭᠡ ᠵᠠᠩᠭᠢ ᠶᠢ | ᠬᠠᠮᠲᠤᠪᠠᠷ ᠡᠳ᠋ᠯᠡᠭᠦ ᠳᠤᠭᠳᠠᠯᠴᠠᠭ᠎ᠠ ᠶᠢ ᠪᠠᠶᠢᠭᠤᠯᠬᠤ ᠬᠡᠷᠡᠭᠳᠡᠢ᠃ ᠬᠠᠮᠢᠶ᠎ᠠ ᠪᠦᠬᠦᠢ ᠰᠠᠯᠠᠭ᠎ᠠ ᠮᠥᠴᠢᠷ᠂ ᠲᠥᠷᠥᠯ | ᠵᠦᠢᠯ ᠤᠨ ᠬᠠᠤᠯᠢ ᠶᠢᠨ ᠡᠷᠬᠡᠲᠡᠨ ᠨᠢᠭᠡᠴᠡ ︵ᠳᠣᠷᠣᠭᠰᠢ ᠲᠥᠷᠥᠯ ᠵᠦᠢᠯ ᠤᠨ ᠨᠢᠭᠡᠴᠡ ᠭᠡᠵᠦ ᠲᠣᠪᠴᠢᠯᠠᠨ᠎ᠠ︶ ᠨᠢ | ᠴᠢᠬᠤᠯᠠ ᠶᠡᠭᠡ ᠲᠥᠷᠥᠯ ᠵᠦᠢᠯ ᠢ ᠬᠢᠨᠠᠨ ᠵᠥᠪᠰᠢᠶᠡᠷᠡᠭᠰᠡᠨ ᠮᠡᠳᠡᠭᠡ ᠵᠠᠩᠭᠢ ᠪᠠ ᠭᠡᠷᠡᠭᠵᠢᠭᠦᠯᠦᠭᠰᠡᠨ ᠠᠬᠢᠴᠠ ᠶᠢ | ᠴᠠᠭ ᠲᠤᠬᠠᠶ ᠳᠤᠨᠢ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠵᠦ | ᠬᠢᠨᠠᠨ ᠬᠠᠮᠢᠶᠠᠷᠬᠤ ᠲᠠᠪᠴᠠᠩ ᠳᠤ ᠣᠷᠣᠭᠤᠯᠵᠤ ᠬᠤᠯᠪᠣᠭᠠᠯᠠᠨ ᠬᠢᠨᠠᠨ ᠬᠠᠮᠢᠶᠠᠷᠤᠨ᠎ᠠ᠃ | ᠵᠢᠷᠭᠤᠳᠤᠭᠠᠷ ᠵᠦᠢᠯ ᠪᠡᠯᠡ ᠣᠷᠣᠭᠤᠯᠤᠯᠲᠠ ᠶᠢᠨ ᠡᠵᠡᠮᠰᠢᠨ ᠲᠤᠬᠢᠷᠠᠭᠤᠯᠬᠤ ᠴᠢᠭᠯᠡᠯ᠂ ᠠᠵᠤ | ᠦᠢᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠵᠢᠴᠢ ᠲᠥᠯᠥᠪᠵᠢᠭᠦᠯᠭᠡ ᠶᠢᠨ ᠬᠠᠮᠢᠶᠠᠷᠤᠯᠲᠠ ᠶᠢᠨ | ᠱᠠᠭᠠᠷᠳᠠᠯᠭ᠎ᠠ ᠶᠢ ᠦᠨᠳᠦᠰᠦᠯᠡᠨ᠂ ᠪᠡᠯᠡ ᠣᠷᠣᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ | ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ | ᠴᠢᠬᠤᠯᠠ ᠴᠢᠨᠠᠷ ᠪᠠ ᠪᠣᠯᠣᠮᠵᠢ ᠶᠢᠨ ᠳᠤᠬᠠᠢ ᠨᠤᠲᠠᠯᠠᠯ ᠬᠢᠵᠦ᠂ ᠲᠥᠷᠥᠯ ᠵᠦᠢᠯ ᠳᠤ ᠠᠩᠬ᠎ᠠ ᠠᠯᠬᠤᠮ ᠤᠨ | ᠰᠠᠨᠠᠭᠤᠯᠭ᠎ᠠ ᠳᠤᠷᠠᠳᠴᠤ᠂ ᠲᠤᠭᠤᠷᠢᠭ ᠤᠨ ᠵᠠᠰᠠᠭ ᠤᠨ ᠣᠷᠳᠣᠨ ᠳᠤ ᠬᠢᠨᠠᠨ ᠲᠣᠭᠲᠠᠭᠠᠯᠭᠠᠬᠤ ᠪᠠᠷ ᠮᠡᠳᠡᠭᠦᠯᠦᠨ᠎ᠡ | ᠃ ᠵᠠᠰᠠᠭ ᠤᠨ ᠣᠷᠳᠣᠨ ᠤ ᠴᠢᠬᠤᠯᠠ ᠶᠡᠭᠡ ᠪᠡᠯᠡ ᠣᠷᠣᠭᠤᠯᠤᠯᠲᠠ ᠶᠢᠨ ᠲᠥᠷᠥᠯ ᠵᠦᠢᠯ ᠳᠤ ᠳᠣᠤᠷ᠎ᠠ | ᠵᠢᠭᠰᠠᠭᠠᠭᠰᠠᠨ ᠠᠭᠤᠯᠭ᠎ᠠ ᠶᠢ ᠪᠠᠭᠳᠠᠭᠠᠬᠤ ᠬᠡᠷᠡᠭᠳᠡᠢ᠄ | ︵ᠨᠢᠭᠡ︶ ᠲᠥᠷᠥᠯ ᠵᠦᠢᠯ ᠤᠨ ᠦᠨᠳᠦᠰᠦᠨ ᠪᠠᠶᠢᠳᠠᠯ ︵ᠲᠥᠷᠥᠯ ᠵᠦᠢᠯ ᠤᠨ ᠨᠡᠷᠡᠶᠢᠳᠦᠯ᠂ | ᠬᠡᠷᠡᠭᠵᠢᠭᠦᠯᠬᠦ ᠨᠢᠭᠡᠴᠡ᠂ ᠪᠦᠲᠦᠭᠡᠨ ᠪᠠᠶᠢᠭᠤᠯᠬᠤ ᠬᠡᠪᠴᠢᠶ᠎ᠡ᠂ ᠶᠡᠷᠦᠩᠬᠡᠶ ᠪᠠᠯᠠ ᠣᠷᠣᠭᠤᠯᠤᠯᠲᠠ᠂ ᠪᠠᠯᠠ | ᠮᠥᠩᠭᠦ ᠶᠢᠨ ᠢᠷᠡᠯᠲᠡ᠂ ᠪᠦᠲᠦᠭᠡᠨ ᠪᠠᠶᠢᠭᠤᠯᠬᠤ ᠦᠶᠡᠯᠡᠭᠦ ᠬᠤᠭᠤᠴᠠᠭ᠎ᠠ᠂ ᠵᠢᠯ ᠤᠨ ᠪᠠᠯᠠ ᠣᠷᠣᠭᠤᠯᠤᠭᠰᠠᠨ | ᠲᠤᠭ᠎ᠠ᠂ ᠵᠢᠯ ᠤᠨ ᠪᠦᠲᠦᠭᠡᠨ ᠪᠠᠶᠢᠭᠤᠯᠬᠤ ᠠᠭᠤᠯᠭ᠎ᠠ ᠵᠡᠷᠭᠡ︶︔ | ︵ᠬᠤᠶᠠᠷ︶ ᠲᠥᠷᠥᠯ ᠵᠦᠢᠯ ᠢ ᠬᠡᠷᠡᠭᠵᠢᠭᠦᠯᠬᠦ ᠶᠢᠨ ᠴᠢᠬᠤᠯᠠ ᠴᠢᠨᠠᠷ ᠤᠨ ᠲᠣᠳᠣᠷᠬᠠᠶᠢᠯᠠᠯᠲᠠ ︵ᠠᠵᠤ | ᠠᠬᠤᠢ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠤᠨ ᠵᠢᠱᠢᠯᠳᠡ︶︔ | ︵ᠭᠤᠷᠪᠠ︶ ᠲᠥᠷᠥᠯ ᠵᠦᠢᠯ ᠤᠨ ᠬᠡᠷᠡᠭᠵᠢᠭᠦᠯᠭᠦ ᠪᠤᠯᠤᠮᠵᠢ ᠶᠢᠨ ᠲᠣᠳᠣᠷᠬᠠᠶᠢᠯᠠᠯᠲᠠ ︵ᠲᠥᠷᠥᠯ | ᠵᠦᠢᠯ ᠤᠨ ᠲᠥᠯᠥᠪᠵᠢᠭᠦᠯᠭᠡ᠂ ᠭᠠᠵᠠᠷ ᠰᠢᠷᠣᠢ ᠶᠢᠨ ᠤᠷᠢᠳᠴᠢᠯᠠᠭᠰᠠᠨ ᠰᠢᠭᠦᠯᠳᠡ᠂ ᠣᠷᠴᠢᠨ ᠲᠣᠭᠤᠷᠢᠨ ᠤ | ᠨᠥᠯᠥᠭᠡᠯᠡᠯ ᠤᠨ ᠲᠥᠰᠦᠭᠡᠯᠡᠯ᠂ ᠲᠥᠷᠥ ᠶᠢᠨ ᠪᠣᠳᠣᠯᠭ᠎ᠠ ᠶᠢ ᠰᠢᠢᠳᠪᠦᠷᠢᠯᠡᠭᠰᠡᠨ ᠪᠠᠶᠢᠳᠠᠯ ᠵᠡᠷᠭᠡ︶ | ︵ ᠲᠥᠷᠪᠡ︶ ᠭᠡᠷᠡᠴᠢᠯᠡᠯᠳᠡ ᠰᠣᠨᠣᠰᠬᠤ ᠬᠡᠷᠡᠭᠲᠡᠶ ᠵᠠᠰᠠᠭ ᠤᠨ ᠣᠷᠳᠣᠨ ᠤ ᠴᠢᠬᠤᠯᠠ ᠶᠡᠭᠡ ᠪᠡᠯᠡ | ᠣᠷᠣᠭᠤᠯᠤᠯᠲᠠ ᠶᠢᠨ ᠲᠥᠷᠥᠯ ᠵᠦᠢᠯ ᠭᠡᠷᠡᠴᠢᠯᠡᠯᠳᠡ ᠰᠣᠨᠣᠰᠤᠭᠰᠠᠨ ᠪᠠᠶᠢᠳᠠᠯ ᠪᠣᠯᠤᠨ ᠭᠡᠷᠡᠴᠢᠯᠡᠯᠳᠡ | ᠰᠣᠨᠣᠰᠤᠭᠰᠠᠨ ᠰᠢᠢᠳᠪᠦᠷᠢ ᠪᠠᠨ ᠲᠤᠰᠢᠶᠠᠬᠤ ᠬᠡᠷᠡᠭᠲᠡᠶ᠃ | ᠳᠣᠯᠣᠳᠤᠭᠠᠷ ᠵᠦᠢᠯ ᠵᠠᠰᠠᠭ ᠤᠨ ᠣᠷᠳᠣᠨ ᠤ ᠴᠢᠬᠤᠯᠠ ᠶᠡᠭᠡ ᠪᠡᠯᠡ ᠣᠷᠣᠭᠤᠯᠤᠯᠲᠠ ᠶᠢᠨ | ᠲᠥᠷᠥᠯ ᠵᠦᠢᠯ ᠳᠤ ᠵᠢᠭᠰᠠᠭᠠᠨ ᠣᠷᠣᠭᠤᠯᠤᠭᠰᠠᠨ ᠲᠥᠷᠥᠯ ᠵᠦᠢᠯ ᠳᠤ ᠲᠦᠷᠦᠭᠦᠯᠡᠨ ᠬᠠᠷᠢᠭᠤᠴᠠᠬᠤ ᠰᠠᠯᠠᠭ᠎ᠠ | ᠮᠥᠴᠢᠷ ᠤᠳ ᠲᠥᠷᠥᠯ ᠵᠦᠢᠯ ᠤᠨ ᠪᠣᠯᠪᠠᠰᠤᠷᠠᠩᠭᠤᠶ ᠬᠡᠮᠵᠢᠶ᠎ᠡ ᠶᠢ ᠰᠢᠭᠰᠢᠨ ᠪᠠᠶᠢᠴᠠᠭᠠᠵᠤ᠂ ᠲᠤᠰᠬᠠᠶ | ᠮᠡᠷᠭᠡᠵᠢᠯᠲᠡᠨ ᠢᠶᠠᠷ ᠨᠤᠳᠠᠯᠠᠭᠤᠯᠤᠨ᠂ ᠨᠡᠶᠢᠭᠡᠮ ᠣᠯᠠᠨ ᠨᠡᠶᠢᠳᠡ ᠣᠷᠣᠯᠴᠠᠬᠤ ᠵᠡᠷᠭᠡ ᠬᠡᠯᠪᠡᠷᠢ ᠪᠠᠷ ᠳᠠᠮᠵᠢᠭᠤᠯᠤᠨ | ᠥᠷᠭᠡᠨ ᠢᠶᠠᠷ ᠰᠠᠨᠠᠯ ᠬᠤᠷᠢᠶᠠᠵᠤ᠂ ᠲᠥᠷᠥᠯ ᠵᠦᠢᠯ ᠤᠨ ᠰᠡᠳᠦᠪ ᠲᠣᠭᠲᠠᠭᠠᠵᠤ ᠬᠢᠨᠠᠨ ᠵᠥᠪᠰᠢᠶᠡᠷᠡᠬᠦ ᠵᠡᠷᠭᠡ | ᠡᠬᠢᠨ ᠤ ᠬᠤᠭᠤᠴᠠᠭᠠᠨ ᠤ ᠠᠵᠢᠯ ᠢ ᠥᠷᠨᠢᠭᠦᠯᠦᠨ᠎ᠡ᠃ | ᠲᠤᠭᠤᠷᠢᠭ ᠤᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠴᠢᠬᠤᠯᠠ ᠶᠡᠭᠡ | ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠲᠥᠯᠥᠪᠵᠢᠭᠦᠯᠭᠦ ᠳᠡᠭᠡᠨ᠂ ᠲᠤᠭᠤᠷᠢᠭ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠲᠥᠷᠥᠯ ᠢᠶᠠᠷ ᠢᠶᠠᠨ ᠬᠠᠷᠢᠯᠴᠠᠬᠤ ᠲᠤᠰᠬᠠᠶ ᠵᠥᠪᠯᠡᠯ ᠢ ᠤᠷᠢᠨ | ᠣᠷᠣᠯᠴᠠᠭᠤᠯᠬᠤ ᠬᠡᠷᠡᠭᠳᠡᠢ᠃ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠮᠢᠶ᠎ᠠ | ᠪᠦᠬᠦᠢ ᠲᠤᠰᠬᠠᠶ ᠵᠦᠪᠯᠡᠯ ᠬᠠᠤᠯᠢ ᠴᠠᠭᠠᠵᠠ᠂ ᠡᠳ᠋ ᠤᠨ ᠶᠠᠪᠤᠳᠠᠯ᠂ ᠲᠥᠯᠥᠪᠵᠢᠭᠦᠯᠭᠡ᠂ ᠪᠦᠲᠦᠭᠡᠨ | ᠪᠠᠶᠢᠭᠤᠯᠤᠯᠲᠠ᠂ ᠬᠢᠨᠠᠨ ᠪᠣᠳᠣᠯᠲᠠ ᠵᠡᠷᠭᠡ ᠲᠠᠯ᠎ᠠ ᠶᠢᠨ ᠲᠤᠰᠬᠠᠶ ᠮᠡᠷᠭᠡᠵᠢᠯ ᠤᠨ ᠬᠥᠮᠦᠰ ᠢᠶᠠᠷ ᠪᠦᠷᠢᠯᠳᠦᠭᠰᠡᠨ | ᠲᠤᠰᠬᠠᠶ ᠮᠡᠷᠭᠡᠵᠢᠯᠲᠡᠨ ᠤ ᠬᠢᠨᠠᠨ ᠪᠠᠶᠢᠴᠠᠭᠠᠬᠤ ᠳᠤᠭᠤᠶᠢᠯᠠᠩ ᠢ ᠵᠣᠬᠢᠶᠠᠨ ᠪᠠᠶᠢᠭᠤᠯᠵᠤ᠂ ᠵᠠᠰᠠᠭ ᠤᠨ ᠣᠷᠳᠣᠨ ᠤ | ᠴᠢᠬᠤᠯᠠ ᠶᠡᠭᠡ ᠪᠡᠯᠡ ᠣᠷᠣᠭᠤᠯᠤᠯᠲᠠ ᠶᠢᠨ ᠲᠥᠷᠥᠯ ᠵᠦᠢᠯ ᠳᠤ ᠠᠩᠬ᠎ᠠ ᠠᠯᠬᠤᠮ ᠤᠨ ᠬᠢᠨᠠᠨ ᠪᠠᠶᠢᠴᠠᠭᠠᠯᠲᠠ | ᠬᠢᠬᠦ ᠶᠢᠨ ᠬᠠᠮᠲᠤ ᠰᠠᠨᠠᠯ ᠢᠶᠠᠨ ᠳᠤᠷᠠᠳᠤᠨ᠎ᠠ᠃ | ᠨᠠᠢᠮᠠᠳᠤᠭᠠᠷ ᠵᠦᠢᠯ ᠴᠢᠬᠤᠯᠠ ᠶᠡᠭᠡ ᠲᠥᠷᠥᠯ ᠵᠦᠢᠯ ᠢ ᠲᠤᠭᠤᠷᠢᠭ ᠤᠨ ᠵᠠᠰᠠᠭ ᠤᠨ ᠣᠷᠳᠣᠨ ᠤ | ᠪᠠᠶᠢᠩᠭᠤ ᠶᠢᠨ ᠬᠤᠷᠠᠯ᠂ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠠᠯ ᠢᠶᠠᠷ ᠰᠤᠳᠤᠯᠤᠭᠤᠯᠤᠨ | ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠦᠨ᠎ᠡ᠃ | ᠶᠢᠰᠦᠳᠦᠭᠡᠷ ᠵᠦᠢᠯ ᠴᠢᠬᠤᠯᠠ ᠶᠡᠭᠡ ᠲᠥᠷᠥᠯ ᠵᠦᠢᠯ ᠤᠨ ᠥᠭᠡᠷᠡᠴᠢᠯᠡᠯᠳᠡ ᠶᠢ ᠴᠢᠬᠤᠯᠠ | ᠶᠡᠭᠡ ᠥᠭᠡᠷᠡᠴᠢᠯᠡᠯᠳᠡ ᠪᠠ ᠡᠩ ᠤᠨ ᠥᠭᠡᠷᠡᠴᠢᠯᠡᠯᠳᠡ ᠭᠡᠵᠦ ᠬᠤᠪᠢᠶᠠᠨ᠎ᠠ᠃ ᠡᠭᠦᠨ ᠳᠤ ᠳᠣᠤᠷ᠎ᠠ ᠵᠢᠭᠰᠠᠭᠠᠭᠰᠠᠨ | ᠪᠠᠶᠢᠳᠠᠯ ᠤᠨ ᠨᠢᠭᠡ ᠨᠢ ᠪᠠᠶᠢᠪᠠᠯ ᠴᠢᠬᠤᠯᠠ ᠶᠡᠭᠡ ᠥᠭᠡᠷᠡᠴᠢᠯᠡᠯᠳᠡ ᠪᠣᠯᠤᠨ᠎ᠠ᠄ | ︵ᠨᠢᠭᠡ︶ ᠲᠥᠷᠥᠯ ᠵᠦᠢᠯ ᠤᠨ ᠪᠦᠲᠦᠭᠡᠨ ᠪᠠᠶᠢᠭᠤᠯᠬᠤ ᠬᠡᠪᠴᠢᠶ᠎ᠡ᠂ ᠪᠡᠯᠡ ᠣᠷᠣᠭᠤᠯᠤᠯᠲᠠ ᠶᠢᠨ | ᠶᠡᠷᠦᠩᠬᠡᠢ ᠲᠤᠭ᠎ᠠ ᠨᠢ ᠤᠤᠯ ᠤᠨ ᠠᠩᠬ᠎ᠠ ᠠᠯᠬᠤᠮ ᠤᠨ ᠵᠢᠷᠤᠭᠯᠠᠨ ᠲᠥᠯᠥᠪᠯᠡᠵᠦ ᠵᠥᠪᠰᠢᠶᠡᠷᠡᠭᠰᠡᠨ ᠬᠡᠪᠴᠢᠶ᠎ᠡ ᠠᠴᠠ | 10 % ᠪᠠᠷ ᠳᠠᠪᠠᠭᠰᠠᠨ ︔ | ︵ᠬᠤᠶᠠᠷ︶ ᠲᠥᠷᠥᠯ ᠵᠦᠢᠯ ᠤᠨ ᠭᠤᠤᠯ ᠪᠠᠷᠢᠯᠭ᠎ᠠ ᠶᠢᠨ ᠳᠡᠰ᠂ ᠪᠦᠲᠦᠴᠡ᠂ ᠬᠡᠷᠡᠭᠴᠡᠭᠡ ᠵᠢᠴᠢ | ᠮᠡᠷᠭᠡᠵᠢᠯ ᠤᠨ ᠲᠥᠰᠦᠯ ᠳᠤ ᠬᠤᠪᠢᠷᠠᠯᠲᠠ ᠭᠠᠷᠤᠭᠰᠠᠨ ︔ | ︵ᠭᠤᠷᠪᠠ︶ ᠲᠥᠷᠥᠯ ᠵᠦᠢᠯ ᠤᠨ ᠭᠤᠣᠯ ᠮᠠᠲ᠋ᠧᠷᠢᠶᠠᠯ ᠵᠢᠴᠢ ᠲᠥᠬᠦᠭᠡᠷᠦᠮᠵᠢ ᠶᠢᠨ ᠬᠡᠯᠪᠡᠷᠢ | ᠰᠤᠩᠭᠤᠬᠤ ᠳᠤ ᠬᠤᠪᠢᠷᠠᠯᠲᠠ ᠭᠠᠷᠤᠭᠰᠠᠨ︔ | ︵ ᠲᠥᠷᠪᠡ︶ ᠬᠠᠮᠢᠶ᠎ᠠ ᠪᠦᠬᠦᠢ ᠠᠵᠢᠯ ᠲᠥᠷᠥᠯ ᠤᠨ ᠴᠢᠬᠤᠯᠠ ᠶᠡᠭᠡ ᠥᠭᠡᠷᠡᠴᠢᠯᠡᠯᠳᠡ ᠶᠢᠨ ᠲᠣᠭᠲᠠᠭᠠᠯ | ᠃ | ᠠᠷᠪᠠᠳᠤᠭᠠᠷ ᠵᠦᠢᠯ ᠲᠥᠷᠥᠯ ᠵᠦᠢᠯ ᠳᠤ ᠴᠢᠬᠤᠯᠠ ᠶᠡᠭᠡ ᠥᠭᠡᠷᠡᠴᠢᠯᠡᠯᠳᠡ ᠭᠠᠷᠪᠠᠯ ᠂ | ᠡᠷᠬᠡᠪᠰᠢ ᠪᠡᠯᠡ ᠣᠷᠣᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠭᠤᠶᠤᠴᠢᠯᠠᠯ ᠢᠶᠠᠨ | ᠳᠤᠷᠠᠳᠴᠤ᠂ ᠪᠡᠯᠡ ᠣᠷᠣᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠠᠤᠯᠢ ᠶᠣᠰᠣᠭᠠᠷ ᠬᠢᠨᠠᠨ | ᠵᠥᠪᠰᠢᠶᠡᠷᠡᠭᠰᠡᠨ ᠤ ᠳᠠᠷᠠᠭ᠎ᠠ ᠲᠤᠭᠤᠷᠢᠭ ᠤᠨ ᠵᠠᠰᠠᠭ ᠤᠨ ᠣᠷᠳᠣᠨ ᠳᠤ ᠮᠡᠳᠡᠭᠦᠯᠦᠨ ᠳᠠᠩᠰᠠᠯᠠᠭᠤᠯᠤᠨ᠎ᠠ᠃ | ᠪᠦᠲᠦᠭᠡᠨ ᠪᠠᠶᠢᠭᠤᠯᠬᠤ ᠬᠡᠪᠴᠢᠶ᠎ᠡ᠂ ᠪᠡᠯᠡ ᠣᠷᠣᠭᠤᠯᠤᠯᠲᠠ ᠶᠢᠨ ᠶᠡᠷᠦᠩᠬᠡᠶ ᠲᠤᠭ᠎ᠠ ᠨᠢ ᠤᠤᠯ ᠤᠨ ᠠᠩᠬ᠎ᠠ ᠠᠯᠬᠤᠮ | ᠤᠨ ᠵᠢᠷᠤᠭᠯᠠᠨ ᠲᠥᠯᠥᠪᠯᠡᠵᠦ ᠵᠥᠪᠰᠢᠶᠡᠷᠡᠭᠰᠡᠨ ᠬᠡᠪᠴᠢᠶ᠎ᠡ ᠠᠴᠠ ᠳᠠᠪᠠᠭᠠᠳ 10 % ᠳᠤ ᠬᠦᠷᠬᠦ ᠦᠭᠡᠢ | ᠡᠩ ᠤᠨ ᠥᠭᠡᠷᠡᠴᠢᠯᠡᠯᠳᠡ ᠶᠢ ᠪᠣᠯ ᠲᠥᠷᠥᠯ ᠵᠦᠢᠯ ᠤᠨ ᠪᠠᠷᠢᠯᠭ᠎ᠠ ᠳᠠᠭᠤᠰᠬᠤ ᠠᠴᠠ ᠡᠮᠦᠨ᠎ᠡ ᠪᠡᠯᠡ | ᠣᠷᠣᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠤᠨ᠎ᠠ ᠃ | ᠠᠷᠪᠠᠨᠨᠢᠭᠡᠳᠦᠭᠡᠷ ᠵᠦᠢᠯ ᠲᠥᠷᠥᠯ ᠵᠦᠢᠯ ᠳᠤ ᠴᠢᠬᠤᠯᠠ ᠶᠡᠭᠡ ᠥᠭᠡᠷᠡᠴᠢᠯᠡᠯᠳᠡ ᠭᠠᠷᠪᠠᠯ᠂ | ᠡᠷᠬᠡᠪᠰᠢ ᠪᠡᠯᠡ ᠣᠷᠣᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠳᠣᠤᠷᠠᠬᠢ | ᠮᠠᠲ᠋ᠧᠷᠢᠶᠠᠯ ᠤᠳ ᠢ ᠲᠤᠰᠢᠶᠠᠬᠤ ᠬᠡᠷᠡᠭᠲᠡᠶ᠄ | ︵ᠨᠢᠭᠡ︶ ᠵᠣᠬᠢᠬᠤ ᠬᠢᠷᠢ ᠬᠡᠮ ᠲᠠᠢ ᠨᠢᠭᠡᠴᠡ ᠠᠴᠠ ᠨᠠᠶᠢᠷᠠᠭᠤᠯᠤᠨ ᠵᠤᠬᠢᠶᠠᠨ ᠲᠣᠬᠢᠷᠠᠭᠤᠯᠤᠯᠲᠠ | ᠬᠢᠭᠰᠡᠨ ᠤ ᠳᠠᠷᠠᠭᠠᠬᠢ ᠵᠢᠷᠤᠭ ᠲᠥᠯᠥᠪᠯᠡᠭᠡ ᠶᠢᠨ ᠪᠢᠴᠢᠭ ᠮᠠᠲ᠋ᠧᠷᠢᠶᠠᠯ ︔ | ︵ᠬᠤᠶᠠᠷ︶ ᠴᠢᠬᠤᠯᠠ ᠶᠡᠭᠡ ᠵᠢᠷᠤᠭ ᠲᠥᠯᠥᠪᠯᠡᠭᠡ ᠶᠢ ᠥᠭᠡᠷᠡᠴᠢᠯᠡᠭᠦ ᠭᠤᠶᠤᠴᠢᠯᠠᠯ ᠤᠨ | ᠮᠡᠳᠡᠭᠦᠯᠦᠯᠲᠡ ᠶᠢᠨ ᠪᠢᠴᠢᠭ᠃ ᠡᠭᠦᠨ ᠳᠤ ᠲᠥᠷᠥᠯ ᠵᠦᠢᠯ ᠤᠨ ᠦᠨᠳᠦᠰᠦᠨ ᠪᠠᠶᠢᠳᠠᠯ᠂ ᠵᠢᠷᠤᠭ | ᠲᠥᠯᠥᠪᠯᠡᠭᠡ ᠶᠢ ᠥᠭᠡᠷᠡᠴᠢᠯᠡᠭᠦ ᠪᠠ ᠲᠦᠢᠮᠦ ᠳᠥᠰᠥᠪ ᠲᠤ ᠲᠣᠬᠢᠷᠠᠭᠤᠯᠤᠯᠲᠠ ᠬᠢᠬᠦ ᠶᠢᠨ ᠭᠤᠤᠯ ᠰᠢᠯᠲᠠᠭᠠᠨ᠂ | ᠵᠢᠷᠤᠭ ᠲᠥᠯᠥᠪᠯᠡᠭᠡ ᠶᠢ ᠥᠭᠡᠷᠡᠴᠢᠯᠡᠭᠦ ᠬᠡᠪᠴᠢᠶ᠎ᠡ ᠵᠢᠴᠢ ᠭᠤᠤᠯ ᠠᠭᠤᠯᠭ᠎ᠠ᠂ ᠪᠠᠷᠢᠯᠭ᠎ᠠ ᠶᠢᠨ ᠬᠡᠮᠵᠢᠶ᠎ᠡ ᠶᠢᠨ | ᠬᠤᠪᠢᠷᠠᠯᠲᠠ ᠶᠢᠨ ᠬᠠᠷᠢᠴᠠᠭᠤᠯᠤᠭᠰᠠᠨ ᠨᠠᠷᠢᠨ ᠳᠠᠩᠰᠠ᠂ ᠲᠦᠢᠮᠦ ᠳᠥᠰᠥᠪ ᠤᠨ ᠲᠣᠬᠢᠷᠠᠭᠤᠯᠤᠯᠲᠠ ᠪᠣᠯᠣᠨ | ᠤᠤᠯ ᠤᠨ ᠴᠣᠬᠤᠯᠠᠪᠤᠷᠢᠯᠠᠭᠰᠠᠨ ᠲᠦᠢᠮᠦ ᠳᠥᠰᠥᠪ ᠲᠠᠢ ᠬᠠᠷᠢᠴᠠᠭᠤᠯᠤᠭᠰᠠᠨ ᠬᠦᠰᠦᠨᠦᠭᠲᠦ᠂ ᠲᠦᠢᠮᠦ ᠳᠥᠰᠥᠪ | ᠤᠨ ᠨᠡᠮᠡᠭᠳᠡᠵᠤ ᠬᠠᠰᠤᠭᠳᠠᠭᠰᠠᠨ ᠤᠴᠢᠷ ᠰᠢᠯᠲᠠᠭᠠᠨ ᠤ ᠵᠠᠳᠠᠯᠤᠯᠲᠠ ᠵᠡᠷᠭᠡ ᠪᠠᠭᠲᠠᠨ᠎ᠠ︔ | ︵ᠭᠤᠷᠪᠠ︶ ᠤᠤᠯ ᠤᠨ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢᠨ ᠪᠢᠴᠢᠭ ᠮᠠᠲ᠋ᠧᠷᠢᠶᠠᠯ︔ | ︵ᠳᠥᠷᠪᠡᠨ︶ ᠲᠥᠷᠥᠯ ᠵᠦᠢᠯ ᠤᠨ ᠪᠠᠶᠢᠳᠠᠯ ᠢ ᠦᠨᠳᠦᠰᠦᠯᠡᠨ ᠲᠤᠰᠢᠶᠠᠬᠤ ᠴᠢᠬᠤᠯᠠᠲᠠᠶ ᠪᠤᠰᠤᠳ | ᠬᠠᠮᠢᠶ᠎ᠠ ᠪᠦᠬᠦᠢ ᠮᠠᠲ᠋ᠧᠷᠢᠶᠠᠯ᠃ | ᠴᠢᠬᠤᠯᠠ ᠶᠡᠭᠡ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ | ᠭᠦᠯᠢᠶᠡᠭᠦ᠂ ᠪᠠᠯᠠ ᠮᠥᠩᠭᠦ ᠶᠢᠨ ᠬᠠᠮᠢᠶᠠᠷᠤᠯᠲᠠ ᠵᠡᠷᠭᠡ ᠪᠤᠰᠤᠳ ᠶᠠᠪᠦᠳᠠᠯ ᠤᠳ ᠢ ︽ᠬᠢᠶ᠎ᠡ ᠪᠠᠭᠰᠢ ᠲᠤᠭᠤᠷᠢᠭ | ᠤᠨ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠠᠷᠭ᠎ᠠ︾ ᠪᠠᠷ | ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ | ᠲᠣᠰ ᠨᠠᠷᠢᠨ ᠳᠦᠷᠢᠮ ᠢ ᠬᠢᠶ᠎ᠡ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ | ᠬᠠᠷᠢᠭᠤᠴᠠᠨ ᠲᠠᠶᠢᠯᠪᠤᠷᠢᠯᠠᠵᠤ᠂ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ | |