2018 ᠤᠨ ᠤ ᠵᠠᠰᠠᠭ ᠤᠨ ᠤᠷᠳᠤᠨ ᠤ ᠠᠵᠢᠯ ᠤᠨ ᠢᠯᠡᠳᠭᠡᠯ
ᠨᠡᠶᠢᠲᠡᠯᠡᠭᠰᠡᠨ ᠴᠠᠭ᠄
2019/9/15
           2018 ᠤᠨ ᠤ ᠵᠠᠰᠠᠭ ᠤᠨ ᠤᠷᠳᠤᠨ ᠤ ᠠᠵᠢᠯ ᠤᠨ ᠢᠯᠡᠳᠭᠡᠯ                 —  2018 ᠤᠨ ᠤ 3 ᠰᠠᠷ᠎ᠠ ᠶᠢᠨ 5 ᠤ ᠡᠳᠤᠷ                      ᠤᠷᠳᠤᠰ ᠬᠤᠳᠠ ᠶᠢᠨ ᠬᠢᠶ᠎ᠠ ᠪᠠᠭᠰᠢ ᠳᠤᠭᠤᠷᠢᠭ ᠤᠨ ᠠᠩᠬᠠᠳᠤᠭᠠᠷ                  ᠬᠤᠭᠤᠴᠠᠭᠠᠨ ᠤ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ                  ᠬᠤᠶᠠᠳᠤᠭᠠᠷ ᠤᠳᠠᠭ᠎ᠠ ᠶᠢᠨ ᠬᠤᠷᠠᠯ ᠳᠡᠭᠡᠷ᠎ᠠ              ᠬᠢᠶ᠎ᠠ ᠪᠠᠭᠰᠢ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠲᠠᠷᠤᠭ᠎ᠠ     ᠯᠢ ᠳ᠋ᠦᠩᠳᠦᠯᠦᠭᠡᠯᠡᠭᠴᠢᠳ ᠡ᠄        ᠤᠳᠤ ᠪᠢ ᠬᠢᠶ᠎ᠠ ᠪᠠᠭᠰᠢ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠢ ᠳᠦᠯᠦᠭᠡᠯᠡᠨ᠂  ᠶᠡᠭᠡ ᠬᠤᠷᠠᠯ ᠳᠤ ᠠᠵᠢᠯ ᠢᠶᠠᠨ ᠮᠡᠳᠡᠬᠦᠯᠦᠶ᠎ᠠ᠂  ᠬᠢᠨᠠᠨ ᠵᠦᠪᠯᠡᠬᠦ ᠪᠤᠯᠪᠠᠤ᠂  ᠳᠡᠷᠡᠴᠢᠯᠡᠨ  ᠲᠤᠭᠤᠷᠢᠭ ᠤᠨ ᠤᠯᠤᠰ ᠳᠦᠷᠦ ᠶᠢᠨ ᠵᠦᠪᠯᠡᠯᠭᠡᠨ ᠤ ᠭᠡᠰᠢᠬᠦᠳ ᠪᠤᠯᠤᠨ ᠬᠤᠷᠠᠯ ᠳᠤ ᠰᠤᠯᠠ ᠤᠷᠤᠯᠴᠠᠭᠰᠠᠳ ᠰᠠᠨᠠᠯ ᠢᠶᠠᠨ ᠳᠤᠷᠠᠳᠬᠤ ᠪᠤᠯᠪᠠᠤ᠃      ᠨᠢᠭᠡ᠂ 2017  ᠤᠨ ᠤ  ᠠᠵᠢᠯ ᠤᠨ ᠡᠷᠬᠢᠴᠡᠬᠦᠯᠤᠯ      2017 ᠤᠨ ᠪᠤᠯ ᠬᠢᠶ᠎ᠠ ᠪᠠᠭᠰᠢ ᠶᠢᠨ ᠬᠦᠭᠵᠢᠯᠳᠡ ᠶᠢᠨ ᠳᠡᠤᠭᠡᠨ ᠳᠠᠬᠢ ᠮᠠᠰᠢ ᠤᠳᠬ᠎ᠠ ᠠᠭᠤᠯᠭ᠎ᠠ   ᠲᠠᠢ ᠨᠢᠭᠡ ᠵᠢᠯ ᠪᠤᠯᠤᠨ᠎ᠠ᠂  ᠮᠦᠨ ᠴᠦ ᠬᠢᠶ᠎ᠠ ᠪᠠᠭᠰᠢ ᠬᠦᠴᠢᠷ ᠪᠡᠷᠭᠡ ᠶᠢ ᠲᠤᠭᠤᠯᠤᠨ᠂ ᠡᠷᠡᠯᠭᠡᠭᠯᠡᠨ ᠤᠷᠤᠬᠰᠢᠯᠠᠬᠰᠠᠨ ᠨᠢᠭᠡ ᠵᠢᠯ ᠪᠤᠯᠤᠨ᠎ᠠ᠃ ᠬᠤᠳᠠ ᠶᠢᠨ ᠨᠠᠮ ᠤᠨ ᠬᠤᠷᠢᠶ᠎ᠠ᠂  ᠬᠤᠳᠠ ᠶᠢᠨ ᠵᠠᠰᠠᠭ ᠤᠨ ᠤᠷᠳᠤᠨ ᠪᠤᠯᠤᠨ ᠳᠤᠭᠤᠷᠢᠭ ᠤᠨ ᠨᠠᠮ ᠤᠨ ᠬᠤᠷᠢᠶᠠᠨ ᠤ ᠵᠦᠪ ᠤᠨᠤᠪᠴᠢᠳᠠᠢ ᠤᠳᠤᠷᠢᠳᠤᠯᠭ᠎ᠠ ᠳᠤᠤᠷ᠎ᠠ᠂  ᠳᠤᠭᠤᠷᠢᠭ ᠤᠨ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ᠂  ᠳᠤᠭᠤᠷᠢᠭ ᠤᠨ ᠤᠯᠤᠰ ᠳᠦᠷᠦ ᠶᠢᠨ ᠵᠦᠪᠯᠡᠯᠭᠡᠨ ᠤ  ᠬᠢᠨᠠᠯᠳᠠ ᠳᠡᠮᠵᠢᠯᠭᠡ ᠳᠤᠤᠷ᠎ᠠ᠂  ᠳᠤᠭᠤᠷᠢᠭ ᠤᠨ ᠵᠠᠰᠠᠭ ᠤᠨ ᠤᠷᠳᠤᠨ ᠨᠢ ᠪᠦᠬᠦ ᠳᠤᠭᠤᠷᠢᠭ ᠤᠨ  ᠠᠷᠠᠳ ᠤᠯᠠᠨ ᠢ ᠪᠦᠯᠬᠦᠮᠳᠡᠬᠦᠯᠤᠨ ᠳᠠᠭᠠᠭᠤᠯᠵᠤ᠂  ᠳᠤᠬᠳᠠᠭᠤᠨ ᠤ ᠳᠤᠮᠳᠠ ᠨᠡᠮᠡᠭᠳᠡᠬᠦᠯᠬᠦ ᠠᠵᠢᠯ ᠤᠨ  ᠶᠡᠷᠦᠩᠭᠡᠢ ᠬᠦᠭ ᠢ ᠪᠠᠷᠢᠮᠳᠠᠯᠠᠨ᠂ ᠤᠶᠤᠨ ᠤᠬᠠᠭᠠᠨ ᠬᠦᠴᠤᠨ ᠴᠢᠳᠠᠯ ᠢᠶᠠᠨ ᠲᠦᠪᠯᠡᠷᠡᠬᠦᠯᠤᠨ ᠨᠠᠶᠢᠳᠠᠪᠤᠷᠢᠵᠢᠭᠤᠯᠤᠯᠳᠠ ᠶᠢ ᠠᠳᠬᠤᠵᠤ᠂ ᠰᠠᠨᠠᠭᠠᠴᠢᠯᠠᠭ᠎ᠠ ᠲᠠᠢ ᠪᠠᠷ ᠠᠵᠢᠯᠯᠠᠨ᠂ ᠪᠤᠳᠠᠳᠤ ᠦᠷ᠎ᠡ ᠠᠰᠢᠭ ᠢ ᠡᠷᠢᠯᠬᠢᠯᠡᠵᠤ᠂ ᠠᠵᠤ ᠠᠬᠤᠢ ᠨᠡᠶᠢᠭᠡᠮ ᠤᠨ ᠬᠦᠭᠵᠢᠯᠳᠡ ᠳᠤ ᠴᠤ ᠰᠢᠨ᠎ᠠ ᠪᠠᠶᠢᠳᠠᠯ ᠢᠯᠡᠷᠡᠭᠰᠡᠨ ᠪᠠᠶᠢᠨ᠎ᠠ᠃     ᠨᠢᠭᠡ ᠵᠢᠯ ᠤᠨ ᠳᠤᠷᠰᠢ᠂  ᠪᠢᠳᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠳᠤᠤᠱᠯᠠᠭᠤᠯᠵᠤ᠂  ᠰᠢ  ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂  ᠪᠦᠬᠦ ᠳᠤᠭᠤᠷᠢᠭ ᠳᠠᠶᠠᠭᠠᠷ ᠢᠶᠠᠨ  ︽ᠳᠦᠷᠪᠡᠨ ᠤᠬᠠᠮᠰᠠᠷ︾ ᠢ ᠴᠢᠨᠠᠬᠰᠢᠳᠠ ᠴᠢᠩᠭᠠᠳᠬᠠᠨ᠂  ︽ᠳᠦᠷᠪᠡᠨ ᠢᠳᠡᠭᠡᠯ︾ ᠢ ᠪᠠᠳᠤᠳᠬᠠᠵᠤ᠂  ︽ᠳᠦᠷᠪᠡ ᠶᠢ ᠳᠠᠭᠠᠬᠤ︾ ᠶᠢ ᠪᠡᠶᠡᠯᠡᠬᠦᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠨᠢ ᠬᠢᠶ᠎ᠠ ᠪᠠᠭᠰᠢ ᠳᠤ ᠳᠤᠤᠱᠯᠠᠬᠳᠠᠨ ᠦᠨᠳᠤᠰᠤᠯᠡᠬᠦ ᠶᠢ ᠠᠬᠢᠭᠤᠯᠵᠤ᠂ ᠦᠭᠡᠷᠡᠴᠢᠯᠡᠯᠳᠡ ᠬᠦᠭᠵᠢᠯᠳᠡ ᠶᠢᠨ ᠬᠦᠴᠤᠷᠭᠡᠭ ᠶᠡᠭᠡ ᠬᠦᠳᠡᠯᠭᠡᠭᠴᠢ ᠬᠦᠴᠤᠨ ᠢ ᠨᠢᠬᠳᠠᠷᠠᠭᠤᠯᠪᠠ᠃ ᠪᠢᠳᠠ ︽ᠤᠯᠠᠨ ᠤᠯᠤᠰ ᠤᠨ ᠬᠤᠯᠪᠤᠭᠠᠳᠤ ᠬᠤᠷᠠᠯ ᠤᠨ ᠡᠯᠡᠰᠦᠷᠭᠡᠭᠵᠢᠯ ᠢ ᠰᠡᠷᠭᠡᠶᠢᠯᠡᠨ ᠵᠠᠰᠠᠬᠤ ᠨᠡᠶᠢᠳᠡ ᠶᠢᠨ ᠭᠡᠷ᠎ᠠ︾ ᠶᠢᠨ ᠠᠷᠪᠠᠨ ᠭᠤᠷᠪᠠᠳᠤᠭᠠᠷ ᠤᠳᠠᠭᠠᠨ ᠤ ᠭᠡᠷ᠎ᠠ ᠪᠠᠶᠢᠭᠤᠯᠤᠬᠰᠠᠨ ᠡᠳᠡᠭᠡᠳ ᠤᠨ ᠶᠡᠭᠡ ᠬᠤᠷᠠᠯ ᠠᠮᠵᠢᠯᠳᠠᠳᠠᠢ ᠬᠤᠷᠠᠯᠳᠤᠬᠤ ᠶᠢ ᠬᠠᠮᠤᠭ ᠦᠨᠳᠤᠷ ᠪᠠᠷᠢᠮᠵᠢᠶ᠎ᠠ᠂  ᠬᠠᠮᠤᠭ ᠳᠦᠷᠭᠡᠨ ᠬᠤᠷᠳᠤᠴᠠ᠂  ᠬᠠᠮᠤᠭ ᠪᠤᠳᠠᠳᠠᠢ ᠠᠵᠢᠯ ᠤᠨ ᠰᠤᠷᠳᠠᠯ᠂  ᠬᠠᠮᠤᠭ ᠰᠠᠶᠢᠨ ᠦᠷ᠎ᠠ ᠪᠦᠳᠤᠮᠵᠢ ᠲᠠᠢ ᠪᠠᠷ ᠡᠷᠴᠢᠮᠳᠡᠢ ᠪᠠᠳᠤᠯᠠᠵᠤ᠂  ᠬᠤᠷᠠᠯ ᠤᠨ ᠳᠠᠯᠠᠪᠠᠢ ᠶᠢ ᠵᠠᠰᠠᠨ ᠰᠠᠶᠢᠵᠢᠷᠠᠭᠤᠯᠬᠤ᠂  ᠤᠷᠴᠢᠨ ᠳᠤᠭᠤᠷᠢᠨ ᠢ ᠵᠠᠰᠠᠨ ᠴᠡᠭᠴᠡᠯᠡᠬᠦ᠂  ᠠᠮᠤᠷ ᠳᠦᠪᠰᠢᠨ ᠢ ᠬᠠᠮᠠᠭᠠᠯᠠᠬᠤ᠂  ᠬᠤᠷᠠᠯ ᠤᠨ ᠬᠤᠭᠤᠴᠠᠭᠠᠨ ᠤ ᠤᠶᠢᠯᠡᠴᠢᠯᠡᠭᠡ ᠶᠢ ᠰᠠᠶᠢᠳᠤᠷ ᠬᠢᠬᠦ ᠵᠡᠷᠭᠡ ᠡᠯ᠎ᠠ ᠳᠦᠷᠤᠯ ᠤᠨ  ᠡᠬᠦᠷᠭᠡ ᠶᠢ ᠠᠮᠵᠢᠯᠳᠠᠳᠠᠢ ᠬᠢᠯᠠᠯᠵᠠᠮ᠎ᠠ ᠪᠡᠶᠡᠯᠡᠬᠦᠯᠤᠭᠡᠳ᠂  ᠤᠯᠤᠰ ᠤᠨ ᠳᠤᠳᠤᠭᠠᠳᠤ ᠭᠠᠳᠠᠭᠠᠳᠤ ᠠᠴᠠ  ᠬᠦᠷᠦᠯᠴᠡᠨ ᠢᠷᠡᠭᠰᠡᠨ ᠭᠡᠶᠢᠴᠢᠳ ᠲᠤ ᠮᠠᠰᠢ ᠰᠠᠶᠢᠨ ᠰᠠᠭᠤᠬᠳᠠᠯ ᠦᠭᠴᠤ᠂ ᠤᠷᠳᠤᠰ ᠤᠨ ︽ᠤᠳᠤ ᠦᠶ᠎ᠠ ᠶᠢᠨ ᠨᠡᠷᠡᠳᠤ ᠬᠤᠳᠠ︾ ᠶᠢᠨ ᠰᠠᠶᠢᠬᠠᠨ ᠨᠡᠷᠡᠶᠢᠳᠤᠯ ᠢ ᠨᠢ ᠠᠯᠳᠠᠷᠰᠢᠭᠤᠯᠤᠬᠰᠠᠨ ᠪᠠᠶᠢᠨ᠎ᠠ᠃      ᠨᠢᠭᠡ ᠵᠢᠯ ᠤᠨ ᠳᠤᠷᠰᠢ᠂  ᠪᠢᠳᠠ ᠰᠠᠬᠢᠨ ᠪᠠᠷᠠᠯᠠᠯᠴᠠᠨ ᠬᠠᠷᠢᠯᠴᠠᠨ ᠬᠠᠪᠰᠤᠷᠤᠯᠴᠠᠵᠤ᠂  ᠪᠦᠯᠬᠦᠮᠳᠡᠨ ᠳᠡᠮᠡᠴᠡᠵᠤ᠂  ᠦᠩᠭᠡᠷᠡᠭᠰᠡᠨ ᠤ ᠰᠠᠶᠢᠨ ᠰᠠᠶᠢᠬᠠᠨ ᠵᠤᠷᠢᠭ ᠰᠠᠨᠠᠭᠠᠨ ᠤ ᠳᠦᠷᠰᠤ ᠪᠠᠶᠢᠳᠠᠯ ᠲᠠᠢ ᠪᠠᠷ ᠦᠪᠡᠷᠳᠡᠭᠡᠨ ᠵᠠᠰᠠᠬᠤ ᠤᠷᠤᠨ ᠪᠠᠶᠢᠭᠤᠯᠤᠬᠳᠠᠬᠰᠠᠨ 70  ᠵᠢᠯ ᠤᠨ ᠤᠢ ᠶᠢ ᠪᠡᠯᠭᠡᠯᠡᠵᠤ᠂  ᠬᠦᠭᠵᠢᠯᠳᠡ ᠶᠢᠨ ᠬᠤᠷᠳᠤᠴᠠ ᠪᠠ ᠨᠡᠮᠡᠭᠳᠡᠯ᠂  ᠬᠤᠳᠠ ᠶᠢᠨ ᠴᠢᠨᠠᠷ ᠳᠡᠰ ᠪᠠ ᠳᠦᠷᠢ ᠳᠦᠷᠬᠦ᠂  ᠠᠷᠠᠳ ᠤᠨ ᠠᠮᠢᠳᠤᠷᠠᠯ ᠤᠨ ᠵᠤᠯ ᠵᠢᠷᠭᠠᠯ ᠪᠤᠯᠤᠨ ᠡᠶ᠎ᠡ ᠵᠤᠬᠢᠴᠠᠯ ᠢᠶᠠᠷ ᠦᠪᠡᠷᠳᠡᠭᠡᠨ ᠵᠠᠰᠠᠬᠤ ᠤᠷᠤᠨ ᠳᠤ ᠨᠢᠭᠡᠨ ᠰᠢᠯᠢᠳᠡᠭ ᠠᠮᠵᠢᠯᠳᠠ ᠶᠢᠨ ᠬᠠᠭᠤᠳᠠᠰᠤ ᠶᠢ ᠳᠤᠰᠢᠶᠠᠨ ᠦᠭᠪᠡ᠃   ᠪᠢᠳᠡ ᠬᠢᠶ᠎ᠠ ᠪᠠᠭᠰᠢ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠢ ᠪᠠᠶᠢᠭᠤᠯᠵᠤ᠂ ᠪᠦᠷᠢᠨ ᠳᠦᠬᠦᠷ ᠵᠠᠰᠠᠭ ᠵᠠᠬᠢᠷᠭᠠᠨ ᠤ ᠪᠠᠶᠢᠭᠤᠯᠤᠮᠵᠢ ᠶᠢ ᠪᠠᠶᠢᠭᠤᠯᠤᠨ᠂  ᠨᠡᠭᠡᠭᠡᠯᠳᠡ ᠶᠢᠨ ᠤᠷᠤᠨ ᠪᠠᠶᠢᠬᠰᠠᠨ ᠠᠴᠠ   ᠪᠠᠨ ᠬᠤᠳᠠ ᠶᠢᠨ ᠬᠠᠷᠢᠶ᠎ᠠ ᠳᠤᠭᠤᠷᠢᠭ ᠪᠤᠯᠤᠬᠰᠠᠨ ᠴᠢᠬᠤᠯᠠ ᠬᠤᠪᠢᠷᠠᠯᠳᠠ ᠲᠠᠢ ᠪᠤᠯᠵᠤ᠂  ᠬᠢᠶ᠎ᠠ ᠪᠠᠭᠰᠢ ᠶᠢᠨ ᠦᠭᠡᠷᠡᠴᠢᠯᠡᠯᠳᠡ ᠬᠦᠭᠵᠢᠯᠳᠡ ᠪᠠ ᠤᠳᠤᠬᠢᠴᠢᠯᠠᠬᠰᠠᠨ ᠪᠦᠳᠤᠭᠡᠨ ᠪᠠᠶᠢᠭᠤᠯᠤᠯᠳᠠ ᠳᠤ ᠴᠤ᠋ ᠰᠢᠨ᠎ᠠ ᠬᠠᠭᠤᠳᠠᠰᠤ ᠶᠢ ᠰᠡᠬᠦᠨ ᠦᠭᠬᠦᠭᠰᠡᠨ ᠪᠠᠶᠢᠨ᠎ᠠ᠃      ᠨᠢᠭᠡ ᠵᠢᠯ ᠤᠨ ᠳᠤᠷᠰᠢ᠂  ᠪᠢᠳᠠ ᠵᠤᠷᠢᠭ ᠰᠢᠭᠤᠳᠴᠤ ᠪᠠᠶᠢᠭᠠᠳ ᠨᠢᠭᠡ ᠪᠦᠯᠦᠭ ᠤᠷᠳᠤ ᠬᠤᠭᠤᠴᠠᠭ᠎ᠠ ᠪᠠᠷ ᠬᠤᠷᠠᠮᠳᠤᠵᠤ ᠢᠷᠡᠭᠰᠡᠨ ᠵᠦᠷᠢᠴᠡᠯ ᠲᠠᠢ ᠠᠰᠠᠭᠤᠳᠠᠯ ᠤᠳ ᠢ ᠰᠢᠢᠳᠪᠤᠷᠢᠯᠡᠨ᠂  ᠠᠵᠤ ᠠᠬᠤᠢ ᠨᠡᠶᠢᠭᠡᠮ ᠤᠨ ᠦᠷᠬᠦᠯᠵᠢᠯᠡᠭᠰᠡᠨ ᠡᠷᠡᠬᠦᠯ ᠬᠦᠭᠵᠢᠯᠳᠡ ᠳᠤ ᠤᠬᠢ ᠰᠠᠶᠢᠨ ᠨᠦᠬᠦᠴᠡᠯ ᠪᠦᠷᠢᠯᠳᠦᠬᠦᠯᠵᠤ ᠦᠭᠴᠡᠢ᠃ ᠵᠠᠰᠠᠭ ᠤᠨ ᠤᠷᠳᠤᠨ ᠤ  ᠦᠷᠢ ᠰᠢᠷᠢ ᠶᠢᠨ ᠠᠶᠤᠯ ᠳᠦᠭᠰᠢᠬᠦᠷᠢ ᠶᠢ ᠰᠡᠷᠭᠡᠶᠢᠯᠡᠬᠦ ᠶᠢᠨ ᠳᠤᠭᠤᠷᠢᠨ ᠳᠤ᠂  ᠵᠠᠰᠠᠭ ᠤᠨ ᠤᠷᠳᠤᠨ ᠤ ᠦᠷᠢ ᠰᠢᠷᠢ ᠶᠢ ᠨᠠᠮᠳᠠᠭᠤᠯᠤᠨ  ᠰᠢᠢᠳᠪᠤᠷᠢᠯᠡᠬᠦ ᠳᠦᠰᠤᠯ ᠢ ᠳᠤᠬᠳᠠᠭᠠᠵᠤ᠂ 2017  ᠤᠨ ᠳᠤ13.18  ᠳ᠋ᠦᠩᠰᠢᠭᠤᠷ ᠳᠦᠬᠦᠷᠢᠭ ᠤᠨ ᠦᠷᠢ ᠰᠢᠷᠢ ᠶᠢ ᠰᠢᠢᠳᠪᠤᠷᠢᠯᠡᠨ᠂  ᠰᠢᠰᠲ᠋ᠧᠮ ᠤᠨ ᠳᠤᠳᠤᠷᠠᠬᠢ ᠦᠷᠢ ᠰᠢᠷᠢ ᠶᠢ ᠰᠤᠯᠢᠵᠤ ᠬᠤᠪᠢᠷᠠᠭᠤᠯᠤᠬᠰᠠᠨ ᠨᠤᠷᠮ᠎ᠠ ᠨᠢ 72.45 % ᠳᠤ ᠬᠦᠷᠴᠤ᠂  ᠵᠢᠯ ᠤᠨ ᠡᠬᠦᠷᠭᠡ ᠪᠠᠨ ᠪᠡᠶᠡᠯᠡᠬᠦᠯᠪᠡ᠃  ᠠᠵᠤ ᠠᠬᠤᠢ ᠶᠢᠨ ᠳᠤᠭ᠎ᠠ ᠮᠠᠭᠠᠳ ᠪᠤᠳᠠᠳᠠᠢ ᠪᠤᠰᠤ ᠠᠰᠠᠭᠤᠳᠠᠯ ᠤᠨ ᠳᠤᠭᠤᠷᠢᠨ ᠳᠤ᠂ ᠤᠷᠤᠯᠭ᠎ᠠ ᠶᠢᠨ ᠬᠤᠭᠤᠰᠤᠨ ᠨᠡᠮᠡᠭᠳᠡᠬᠦᠯᠵᠤ ᠭᠡᠶᠢᠰᠪᠤᠷᠢ ᠡᠷᠬᠢᠯᠳᠦᠬᠦᠯᠬᠦ ᠭᠡᠰᠡᠭ ᠢ ᠱᠠᠭᠠᠷᠳᠠᠯᠭ᠎ᠠ ᠶᠤᠰᠤᠭᠠᠷ ᠬᠠᠰᠤᠵᠤ ᠬᠠᠶᠠᠨ᠂  ᠠᠵᠤ ᠠᠬᠤᠢ ᠶᠢᠨ ᠰᠠᠭᠤᠷᠢ ᠳᠤᠭ᠎ᠠ ᠮᠠᠭᠠᠳ ᠢ ᠴᠢᠨᠠᠬᠰᠢᠳᠠ ᠪᠤᠳᠠᠳᠠᠶᠢᠵᠢᠭᠤᠯᠵᠤ᠂ ᠰᠢᠨᠵᠢᠯᠡᠬᠦ ᠤᠬᠠᠭᠠᠨᠴᠢ ᠪᠠᠷ ᠪᠤᠳᠤᠯᠭ᠎ᠠ ᠲᠤᠬᠳᠠᠭᠠᠬᠤ ᠳᠤ ᠨᠠᠶᠢᠳᠠᠪᠤᠷᠢᠳᠠᠢ ᠡᠰᠢ ᠪᠠᠷᠢᠮᠳᠠ ᠬᠠᠨᠭ᠍ᠭᠠᠵᠤ᠂ ᠡᠷᠡᠬᠦᠯ ᠬᠦᠭᠵᠢᠯᠳᠡ ᠳᠤ ᠪᠠᠳᠤ ᠰᠠᠭᠤᠷᠢ ᠲᠠᠯᠪᠢᠪᠠ᠃  ᠶᠠᠳᠠᠭᠤ ᠠᠴᠠ  ᠠᠩᠬᠢᠵᠢᠷᠠᠭᠤᠯᠵᠤ ᠪᠤᠭᠤᠮᠳᠠ ᠰᠢᠪᠳᠤᠯᠬᠤ ᠡᠬᠦᠷᠭᠡ ᠶᠢᠨ ᠳᠤᠭᠤᠷᠢᠨ ᠳᠤ᠂  ᠬᠤᠳᠠ ᠶᠢᠨ ᠱᠠᠳᠤᠨ ᠠᠴᠠ  ᠳᠡᠭᠡᠭᠰᠢᠬᠢ ᠶᠠᠳᠠᠭᠤ ᠬᠦᠴᠢᠷᠳᠡᠯᠳᠡᠢ ᠬᠦᠮᠤᠨ ᠠᠮᠠ ᠶᠢ ᠪᠦᠬᠦᠨ ᠢᠶᠠᠷ   ᠨᠢ ᠶᠠᠳᠠᠭᠤ ᠠᠴᠠ  ᠠᠩᠬᠢᠵᠢᠷᠠᠭᠤᠯᠬᠤ ᠶᠢ ᠪᠡᠶᠡᠯᠡᠬᠦᠯᠵᠤ᠂  ᠬᠦᠮᠤᠨ ᠠᠮᠠ   ᠶᠢ ᠨᠡᠬᠦᠯᠭᠡᠨ ᠰᠢᠯᠵᠢᠬᠦᠯᠬᠦ ᠠᠵᠢᠯ ᠢ ᠳᠤᠬᠳᠠᠭᠤᠨ ᠢᠶᠠᠷ ᠠᠬᠢᠭᠤᠯᠤᠨ᠂  ᠨᠡᠬᠦᠯᠭᠡᠨ ᠰᠢᠯᠵᠢᠬᠦᠯᠦᠭᠰᠡᠨ ᠨᠤᠷᠮ᠎ᠠ ᠨᠢ 98% ᠶᠢ ᠳᠠᠪᠠᠪᠠ᠃      ᠨᠢᠭᠡ ᠵᠢᠯ ᠤᠨ ᠳᠤᠷᠰᠢ᠂  ᠪᠢᠳᠠ ᠳᠤᠤᠷᠠᠬᠢ ᠳᠦᠷᠪᠡᠨ ᠳᠠᠯ᠎ᠠ ᠶᠢᠨ ᠠᠵᠢᠯ ᠢ ᠰᠠᠶᠢᠳᠤᠷ ᠬᠢᠪᠡ᠄     ︵ᠨᠢᠭᠡ︶ ᠠᠵᠤ ᠠᠬᠤᠢ ᠶᠢᠨ ᠡᠷᠬᠢᠯᠳᠡ ᠳᠤᠬᠳᠠᠭᠤᠨ ᠤ ᠳᠤᠮᠳᠠ ᠨᠡᠮᠡᠭᠳᠡᠪᠡ᠃ ᠠᠵᠤ ᠠᠬᠤᠢ ᠳᠤᠬᠳᠠᠭᠤᠨ ᠢᠶᠠᠷ ᠨᠡᠮᠡᠭᠳᠡᠬᠦ ᠰᠠᠶᠢᠨ ᠪᠠᠶᠢᠳᠠᠯ ᠢ ᠦᠷᠬᠦᠯᠵᠢᠯᠡᠨ ᠪᠠᠳᠤᠳᠬᠠᠨ᠂  ᠤᠷᠤᠨ ᠨᠤᠳᠤᠭ ᠤᠨ ᠤᠶᠢᠯᠡᠳᠪᠤᠷᠢᠯᠡᠯ ᠤᠨ  ᠶᠡᠷᠦᠩᠭᠡᠢ ᠦᠷᠳᠡᠭ ᠨᠢ 54.89 ᠳ᠋ᠦᠩᠰᠢᠭᠤᠷ ᠳᠦᠬᠦᠷᠢᠭ ᠲᠤ ᠬᠦᠷᠴᠤ᠂ ᠤᠯᠠᠨ ᠨᠡᠶᠢᠳᠡ ᠶᠢᠨ ᠡᠳ᠋ ᠤᠨ ᠵᠠᠰᠠᠭ ᠤᠨ  ᠡᠩ ᠤᠨ ᠳᠦᠰᠤᠪ ᠤᠨ ᠤᠷᠤᠯᠭ᠎ᠠ ᠨᠢ 4.99  ᠳ᠋ᠦᠩᠰᠢᠭᠤᠷ ᠳᠦᠬᠦᠷᠢᠭ ᠲᠤ ᠬᠦᠷᠴᠤ᠂ ᠨᠡᠶᠢᠭᠡᠮ ᠤᠨ ᠭᠡᠷᠡᠭᠯᠡᠭᠡᠨ ᠤ ᠪᠤᠳᠠᠰ ᠢ ᠵᠢᠵᠢᠭᠯᠡᠨ ᠪᠤᠷᠤᠯᠠᠭᠤᠯᠤᠬᠰᠠᠨ ᠶᠡᠷᠦᠩᠭᠡᠢ ᠳᠤᠭ᠎ᠠ ᠨᠢ 50.6  ᠳ᠋ᠦᠩᠰᠢᠭᠤᠷ ᠳᠦᠬᠦᠷᠢᠭ ᠲᠤ ᠬᠦᠷᠴᠤ᠂  ᠬᠤᠳᠠ ᠪᠠᠯᠭᠠᠰᠤᠨ ᠤ  ᠰᠠᠭᠤᠭᠠᠯᠢ ᠠᠷᠠᠳ  ᠤᠨ ᠬᠦᠮᠤᠨ ᠳᠤᠮᠳᠠᠴᠢ ᠳᠤᠬᠢᠷᠠᠭᠤᠯᠵᠤ ᠪᠤᠯᠬᠤ ᠤᠷᠤᠯᠭ᠎ᠠ   ᠨᠢ 45052  ᠳᠦᠬᠦᠷᠢᠭ ᠲᠤ ᠬᠦᠷᠴᠤ᠂  ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠶᠠᠰᠤ ᠴᠢᠨᠠᠷ ᠢᠯᠡᠷᠭᠡᠢ ᠰᠠᠶᠢᠵᠢᠷᠠᠬᠰᠠᠨ ᠪᠠᠶᠢᠨ᠎ᠠ᠃  ᠠᠵᠤ ᠠᠬᠤᠢ ᠶᠢᠨ ᠨᠡᠮᠡᠭᠳᠡᠯ ᠤᠨ ᠰᠢᠨ᠎ᠠ ᠬᠦᠳᠡᠯᠭᠡᠭᠴᠢ ᠬᠦᠴᠤᠨ ᠳᠦᠷᠭᠡᠨ ᠪᠤᠶᠢᠵᠢᠵᠤ᠂  ᠰᠢᠨ᠎ᠠ ᠪᠠᠷ ᠨᠡᠮᠡᠭᠳᠡᠭᠰᠡᠨ ᠵᠠᠬ᠎ᠠ ᠳᠡᠯᠭᠡᠬᠦᠷ ᠤᠨ ᠭᠤᠤᠯ ᠴᠤᠬᠴᠠ 1935  ᠡᠷᠤᠭᠡ  ᠪᠤᠯᠵᠤ᠂  ᠰᠢᠨ᠎ᠠ ᠪᠠᠷ ᠨᠡᠮᠡᠭᠳᠡᠭᠰᠡᠨ ᠳᠠᠩᠰᠠᠯᠠᠭᠤᠯᠤᠬᠰᠠᠨ ᠬᠦᠷᠦᠩᠭᠡ ᠨᠢ 61.31 ᠳ᠋ᠦᠩᠰᠢᠭᠤᠷ ᠳᠦᠬᠦᠷᠢᠭ ᠲᠤ ᠬᠦᠷᠴᠤ᠂ ᠦᠢᠯᠡᠴᠢᠯᠡᠭᠡᠨ ᠤ ᠤᠶᠢᠯᠡᠰ ᠤᠨ ᠨᠡᠮᠡᠭᠳᠡᠯ ᠦᠷᠳᠡᠭ ᠨᠢ 45.85  ᠳ᠋ᠦᠩᠰᠢᠭᠤᠷ ᠳᠦᠬᠦᠷᠢᠭ   ᠲᠤ ᠬᠦᠷᠴᠤ᠂ GDP ᠳᠠᠬᠢ ᠬᠠᠷᠢᠴᠠᠯ ᠨᠢ 80% ᠶᠢ ᠳᠠᠪᠠᠵᠠᠢ᠃  ᠰᠤᠶᠤᠯ ᠵᠤᠭᠠᠴᠠᠯ ᠤᠨ ᠤᠶᠢᠯᠡᠰ ᠢᠳᠡᠷᠡᠬᠦᠨ ᠬᠦᠭᠵᠢᠵᠤ᠂  ᠵᠢᠯ ᠳᠤ ᠬᠦᠯᠢᠶᠡᠨ ᠵᠤᠴᠢᠯᠠᠬᠰᠠᠨ ᠵᠤᠭᠠᠴᠠᠬᠴᠢ 566  ᠳᠦᠮᠡᠨ  ᠬᠦᠮᠤᠨ ᠤᠳᠠᠭ᠎ᠠ ᠳᠤ ᠬᠦᠷᠴᠤ᠂ ᠲᠡᠭᠡᠷ᠎ᠡ ᠵᠢᠯ ᠤᠨ ᠠᠳᠠᠯᠢ ᠬᠤᠭᠤᠴᠠᠭ᠎ᠠ ᠠᠴᠠ17.15% ᠪᠠᠷ ᠨᠡᠮᠡᠭᠳᠡᠪᠡ᠂  ᠡᠬᠦᠨ ᠳᠤ ᠬᠤᠨᠤᠬᠯᠠᠬᠰᠠᠨ ᠵᠤᠭᠠᠴᠠᠬᠴᠢ95 ᠲᠦᠮᠡᠨ ᠬᠦᠮᠤᠨ ᠤᠳᠠᠭ᠎ᠠ ᠳᠤ ᠬᠦᠷᠴᠤ᠂ ᠵᠤᠭᠠᠴᠠᠯ ᠤᠨ ᠶᠡᠷᠤᠩᠭᠡᠢ ᠤᠷᠤᠯᠭ᠎ᠠ ᠶᠢ 23.68 ᠳ᠋ᠦᠩᠰᠢᠭᠤᠷ ᠳᠦᠬᠦᠷᠢᠭ ᠪᠡᠶᠡᠯᠡᠬᠦᠯᠵᠤ᠂ ᠲᠡᠭᠡᠷ᠎ᠡ ᠵᠢᠯ ᠤᠨ ᠠᠳᠠᠯᠢ ᠬᠤᠭᠤᠴᠠᠭ᠎ᠠ ᠠᠴᠠ48.93 % ᠪᠠᠷ ᠨᠡᠮᠡᠭᠳᠡᠨ᠂ ᠬᠢᠶ᠎ᠠ ᠪᠠᠯᠭᠠᠰᠤ᠂  ᠺᠠᠩ ᠯᠧ ᠪᠠᠭᠠᠷ᠂  ᠯᠧ ᠱᠦᠢ ᠸᠠᠨ ᠵᠡᠷᠭᠡ ᠵᠤᠭᠠᠴᠠᠯ ᠤᠨ ᠳᠦᠷᠤᠯ ᠵᠤᠶᠢᠯ ᠨᠢ ᠵᠠᠯᠭᠠᠭᠠᠪᠠᠷ ᠠᠰᠢᠬᠯᠠᠯᠳᠠ ᠳᠤ ᠤᠷᠤᠵᠤ᠂  ᠮᠠᠨᠳᠠᠷᠠᠸ᠎ᠠ ᠴᠡᠴᠡᠭ ᠤᠨ ᠰᠤᠶᠤᠯ ᠵᠤᠭᠠᠴᠠᠯ ᠤᠨ ᠨᠠᠶᠢᠷ᠂  ᠤᠯᠠᠨ ᠤᠯᠤᠰ ᠤᠨ ᠪᠦᠳᠤᠭᠡᠯᠴᠢ ᠳ᠋ᠧᠩ ᠤᠨ ᠦᠵᠡᠬᠦᠯᠦᠯᠭᠡ ᠶᠢᠨ ᠨᠠᠶᠢᠷ᠂  ᠭᠠᠯ ᠳᠠᠬᠢᠬᠤ ᠨᠠᠶᠢᠷ ᠵᠡᠷᠭᠡ ᠤᠨᠴᠠᠯᠢᠬᠳᠤ ᠠᠵᠢᠯᠯᠠᠭ᠎ᠠ ᠨᠤᠭᠤᠳ ᠢ ᠡᠷᠬᠢᠯᠡᠨ ᠬᠢᠭᠰᠡᠨ ᠪᠠᠶᠢᠨ᠎ᠠ᠃ ᠬᠠᠮ ᠦᠵᠡᠰᠬᠦᠯᠡᠩ ᠤᠨ ᠤᠶᠢᠯᠡᠰ ᠠᠭᠠᠵᠢᠮ ᠢᠶᠠᠷ ᠭᠡᠪᠴᠢᠶᠡᠵᠢᠵᠤ᠂  ᠴᠠᠭᠠᠨ ᠰᠠᠷ᠎ᠠ ᠶᠢᠨ ᠪᠠᠷᠠᠭ᠎ᠠ ᠬᠤᠳᠠᠯᠳᠤᠨ ᠠᠪᠬᠤ ᠨᠠᠶᠢᠷ᠂ ᠰᠤᠶᠤᠯ ᠦᠵᠡᠬᠦᠯᠦᠯᠭᠡ ᠶᠢᠨ ᠬᠤᠷᠠᠯ᠂  ᠤᠯᠠᠨ ᠤᠯᠤᠰ  ᠤᠨ  ᠳᠡᠷᠭᠡᠨ ᠦᠵᠡᠬᠦᠯᠦᠯᠭᠡ ᠵᠡᠷᠭᠡ 8 ᠤᠳᠠᠭ᠎ᠠ ᠶᠢᠨ ᠳᠡᠯᠭᠡᠨ ᠪᠤᠷᠤᠯᠠᠭᠤᠯᠬᠤ ᠠᠵᠢᠯᠯᠠᠭ᠎ᠠ ᠶᠢ ᠡᠷᠬᠢᠯᠡᠨ ᠬᠢᠵᠤ᠂  ᠳᠡᠯᠭᠡᠨ ᠦᠵᠡᠬᠦᠯᠦᠯᠭᠡ ᠳᠤ ᠤᠷᠤᠯᠴᠠᠬᠰᠠᠨ ᠬᠦᠮᠤᠨ ᠤ ᠳᠤᠭ᠎ᠠ ᠨᠢ 23  ᠳᠦᠮᠡ   ᠳᠤ  ᠬᠦᠷᠴᠤ᠂  ᠠᠷᠠᠯᠵᠢᠶᠠᠨ ᠤ  ᠶᠡᠷᠦᠩᠭᠡᠢ ᠳᠤᠭ᠎ᠠ ᠨᠢ ᠪᠠᠷᠤᠭ 2  ᠳ᠋ᠦᠩᠰᠢᠭᠤᠷ ᠳᠦᠬᠦᠷᠢᠭ ᠲᠤ ᠬᠦᠷᠴᠡᠢ᠃  ᠡᠷᠡᠬᠦᠯᠵᠢᠯ ᠰᠤᠪᠢᠯᠠᠯᠳᠠ᠂  ᠡᠯᠧᠺᠲᠷᠤᠨ ᠬᠤᠳᠠᠯᠳᠤᠭ᠎ᠠ᠂  ᠤᠳᠤ ᠦᠶ᠎ᠠ ᠶᠢᠨ ᠪᠠᠷᠠᠭᠠᠨ ᠤ ᠬᠦᠢᠯᠭᠡᠭᠡ ᠵᠡᠷᠭᠡ ᠠᠵᠤ ᠤᠶᠢᠯᠡᠰ ᠦᠷᠨᠢᠨ ᠬᠦᠭᠵᠢᠵᠤ᠂  ᠵᠠᠬ᠎ᠠ ᠳᠡᠯᠭᠡᠬᠦᠷ ᠪᠠ ᠰᠠᠭᠤᠭᠠᠯᠢ ᠠᠷᠠᠳ ᠤᠨ  ᠭᠡᠷᠡᠭᠴᠡᠭᠡ ᠲᠠᠢ ᠤᠯᠠᠮ ᠤᠶᠢᠷᠠᠳᠴᠤ᠂  ᠨᠢᠭᠡ ᠪᠦᠯᠦᠭ ᠰᠢᠨ᠎ᠠ ᠭᠤᠤᠯ ᠴᠤᠬᠴᠠ᠂  ᠰᠢᠨ᠎ᠠ ᠠᠵᠢᠯ ᠤᠶᠢᠯᠡᠰ ᠪᠠ ᠰᠢᠨ᠎ᠠ ᠵᠠᠬᠪᠤᠷ ᠪᠤᠢ ᠪᠤᠯᠤᠬᠰᠠᠨ ᠪᠠᠶᠢᠨ᠎ᠠ᠃   ᠬᠤᠳᠠ ᠶᠢᠨ ᠭᠡᠷᠡᠭᠯᠡᠭᠡ ᠶᠢ ᠤᠯᠠᠮ ᠬᠦᠭᠵᠢᠶᠡᠨ ᠲᠠᠢ ᠪᠤᠯᠭᠠᠨ᠂  ᠢᠳᠡᠭᠡᠨ ᠤᠮᠳᠠᠭᠠᠨ᠂  ᠬᠤᠨᠤᠭ ᠪᠠᠭᠤᠴᠠ᠂  ᠰᠡᠯᠡᠬᠦᠴᠡᠯ᠂ ᠵᠤᠭ᠎ᠠ ᠴᠡᠩᠭᠡᠯ ᠵᠡᠷᠭᠡ ᠭᠡᠷᠡᠭᠯᠡᠭᠡᠨ ᠤ  ᠤᠶᠢᠯᠡᠰ ᠤᠨ ᠬᠦᠭᠵᠢᠯᠳᠡ ᠤᠯᠠᠮ ᠳᠦᠷᠭᠡᠰᠴᠤ᠂ ᠠᠭᠤᠯᠭ᠎ᠠ ᠨᠢ ᠡᠳᠤᠷ ᠢᠷᠡᠬᠦᠶ᠎ᠠ ᠪᠠᠶᠠᠯᠢᠬᠵᠢᠨ᠂ ᠰᠢᠨ᠎ᠠ  ᠪᠠᠷ ᠨᠡᠮᠡᠭᠳᠡᠭᠰᠡᠨ ᠢᠳᠡᠭᠡᠨ ᠤᠮᠳᠠᠭᠠᠨ ᠤ ᠭᠠᠵᠠᠷ 98  ᠂  ᠡᠯ᠎ᠡ ᠳᠦᠷᠤᠯ ᠤᠨ  ᠵᠤᠴᠢᠳ ᠤᠨ ᠪᠠᠭᠤᠳᠠᠯ8 ᠪᠠᠶᠢᠵᠤ᠂ ᠤᠨᠴᠠᠯᠢᠭ ᠨᠢ ᠳᠤᠳᠤᠷᠠᠭᠤᠨ᠂  ᠳᠦᠷᠤᠯ ᠵᠤᠶᠢᠯ ᠨᠢ ᠪᠦᠷᠢᠨ᠂  ᠤᠶᠢᠯᠡᠴᠢᠯᠡᠭᠡ ᠨᠢ ᠰᠢᠯᠢᠳᠡᠭ ᠬᠤᠳᠠ ᠶᠢᠨ ᠭᠡᠷᠡᠭᠯᠡᠭᠡᠨ ᠤ ᠰᠢᠰᠲ᠋ᠧᠮ ᠢ ᠠᠯᠬᠤᠮ ᠠᠯᠬᠤᠮ ᠢᠶᠠᠷ ᠪᠦᠷᠢᠯᠳᠦᠬᠦᠯᠪᠡ᠃      ︵ᠬᠤᠶᠠᠷ︶ ᠬᠤᠳᠠ ᠶᠢᠨ ᠳᠦᠷᠢ ᠳᠦᠷᠬᠦ ᠦᠷᠬᠦᠯᠵᠢᠯᠡᠨ ᠰᠠᠶᠢᠵᠢᠷᠠᠪᠠ᠃  ᠬᠤᠳᠠ ᠶᠢᠨ ᠬᠦᠭᠵᠢᠯᠳᠡ ᠶᠢᠨ ᠱᠠᠭᠠᠷᠳᠠᠯᠭ᠎ᠠ ᠳᠤ ᠵᠤᠬᠢᠴᠠᠭᠤᠯᠤᠨ᠂  ᠬᠢᠵᠠᠭᠠᠷᠯᠠᠬᠰᠠᠨ ᠴᠢᠨᠠᠷᠳᠠᠢ ᠨᠠᠷᠢᠯᠢᠭ ᠳᠦᠯᠦᠪᠵᠢᠬᠦᠯᠭᠡ ᠪᠠ  ᠭᠠᠵᠠᠷ ᠰᠢᠷᠤᠢ ᠶᠢ ᠠᠰᠢᠬᠯᠠᠬᠤ ᠶᠡᠷᠦᠩᠭᠡᠢ ᠳᠦᠯᠦᠪᠵᠢᠬᠦᠯᠭᠡ ᠶᠢ ᠵᠠᠰᠠᠨ ᠨᠠᠶᠢᠷᠠᠭᠤᠯᠵᠤ᠂  ᠬᠤᠳᠠ  ᠶᠢᠨ ᠴᠢᠳᠠᠪᠬᠢ ᠶᠢᠨ ᠪᠠᠶᠢᠷᠢᠯᠠᠭᠤᠯᠤᠯᠳᠠ ᠪᠠ ᠤᠷᠤᠨ ᠵᠠᠢ ᠶᠢᠨ ᠪᠦᠳᠤᠴᠡ ᠶᠢ ᠤᠯᠠᠮ ᠰᠢᠨᠵᠢᠯᠡᠬᠦ ᠤᠬᠠᠭᠠᠨᠴᠢ ᠵᠦᠢ ᠵᠤᠬᠢᠰᠳᠠᠢ ᠪᠤᠯᠭᠠᠵᠤ᠂  ᠬᠤᠳᠠ ᠶᠢᠨ ᠳᠦᠯᠦᠪᠵᠢᠬᠦᠯᠭᠡ ᠪᠠ ᠠᠵᠤ ᠤᠶᠢᠯᠡᠰ ᠤᠨ ᠬᠦᠭᠵᠢᠯᠳᠡ ᠶᠢᠨ ᠬᠤᠯᠪᠤᠯᠳᠤᠯ ᠢ ᠤᠯᠠᠮ ᠨᠢᠬᠳᠠ ᠪᠤᠯᠭᠠᠪᠠ᠃ ᠬᠤᠳᠠ ᠶᠢ ᠭᠤᠶᠤᠵᠢᠭᠤᠯᠬᠤ᠂  ᠭᠡᠷᠡᠯᠳᠦᠬᠦᠯᠬᠦ᠂ ᠨᠤᠭᠤᠭᠠᠷᠠᠭᠤᠯᠬᠤ ᠶᠢ ᠰᠠᠶᠢᠵᠢᠷᠠᠭᠤᠯᠤᠨ ᠳᠡᠭᠡᠭᠰᠢᠯᠡᠬᠦᠯᠬᠦ ᠪᠠᠷᠢᠯᠭ᠎ᠠ ᠶᠢ ᠭᠡᠷᠡᠭᠵᠢᠬᠦᠯᠵᠤ᠂  ᠠᠰᠠᠷ ᠤᠨ ᠤᠷᠤᠢ ᠶᠢᠨ ᠳᠤᠮᠤ ᠭᠡᠯᠪᠡᠷᠢ ᠶᠢᠨ ᠵᠠᠷ ᠮᠡᠳᠡᠭᠡ ᠶᠢ ᠪᠦᠬᠦ ᠳᠠᠯ᠎ᠠ ᠪᠠᠷ ᠴᠡᠪᠡᠷᠯᠡᠨ᠂  ᠡᠬᠦᠳᠡᠨ ᠳᠡᠭᠡᠷᠡᠬᠢ ᠫᠠᠶᠢᠰᠠ ᠢᠯᠡᠷᠭᠡᠶᠢᠯᠡᠯ ᠪᠠ ᠵᠠᠮ ᠬᠠᠷᠢᠯᠴᠠᠭᠠᠨ ᠤ ᠢᠯᠭᠠᠯ ᠳᠡᠮᠳᠡᠭ ᠢ ᠳᠦᠷᠢᠮᠵᠢᠬᠦᠯᠤᠨ ᠰᠠᠶᠢᠵᠢᠷᠠᠭᠤᠯᠵᠤ᠂ ᠴᠠᠬᠢᠯᠭᠠᠨ ᠬᠤᠪᠢᠰᠬᠠᠭᠤᠷ ᠤᠨ ᠬᠠᠶᠢᠷᠴᠠᠭ᠂  ᠵᠠᠮ ᠳᠡᠭᠡᠷᠡᠬᠢ ᠬᠤᠳᠳᠤᠭ ᠤᠨ ᠪᠦᠷᠬᠦᠬᠦᠯ ᠵᠡᠷᠭᠡ ᠬᠤᠳᠠ ᠶᠢᠨ ᠶᠠᠪᠤᠳᠠᠯ ᠤᠨ  ᠳᠦᠬᠦᠭᠡᠷᠤᠮᠵᠢ ᠶᠢ ᠪᠦᠳᠤᠭᠡᠯᠴᠢ ᠪᠠᠷ ᠭᠤᠶᠤᠵᠢᠭᠤᠯᠪᠠ︔ ᠬᠤᠳᠠ ᠶᠢᠨ ᠭᠤᠤᠯ ᠳᠡᠩᠭᠡᠯᠢᠭᠳᠦ ᠱᠤᠭᠤᠮ᠂  ᠭᠤᠤᠯ ᠵᠠᠮ ᠤᠨ ᠬᠤᠶᠠᠷ ᠬᠠᠵᠠᠭᠤ ᠶᠢᠨ 64 ᠴᠢᠬᠤᠯᠠ  ᠪᠠᠷᠢᠯᠭ᠎ᠠ᠂ ᠦᠵᠡᠮᠵᠢ ᠶᠢᠨ ᠴᠡᠭ ᠪᠠ ᠤᠷᠤᠨ ᠰᠠᠭᠤᠴᠠ ᠶᠢᠨ ᠵᠢᠵᠢᠭ ᠳᠤᠭᠤᠷᠢᠭ ᠲᠤ ᠭᠡᠷᠡᠯᠳᠦᠬᠦᠯᠭᠡ ᠶᠢ ᠰᠠᠶᠢᠵᠢᠷᠠᠭᠤᠯᠤᠨ᠂  ᠦᠩᠭᠡ ᠢᠯᠭᠠᠷᠠᠬᠰᠠᠨ ᠰᠦᠨᠢ ᠶᠢᠨ ᠦᠵᠡᠮᠵᠢ ᠨᠢ ᠬᠤᠳᠠ ᠶᠢᠨ ᠰᠢᠨ᠎ᠠ ᠨᠢᠭᠡᠨ ᠦᠵᠡᠮᠵᠢ ᠪᠤᠯᠤᠬᠰᠠᠨ ᠪᠠᠶᠢᠨ᠎ᠠ︔  ᠨᠤᠭᠤᠭᠠᠷᠠᠭᠤᠯᠤᠯᠳᠠ ᠶᠢ ᠴᠡᠴᠡᠷᠯᠢᠭᠵᠢᠬᠦᠯᠤᠨ ᠭᠤᠶᠤᠵᠢᠭᠤᠯᠵᠤ᠂ ᠵᠠᠮ ᠳᠠᠭᠠᠤ ᠨᠤᠭᠤᠭᠠᠷᠠᠭᠤᠯᠤᠯᠳᠠ᠂  ᠦᠵᠡᠮᠵᠢ ᠶᠢᠨ ᠤᠷᠤᠨ ᠤ ᠨᠤᠭᠤᠭᠠᠷᠠᠭᠤᠯᠤᠯᠳᠠ᠂  ᠨᠤᠭᠤᠭᠠᠨ ᠭᠠᠵᠠᠷ ᠤᠨ  ᠪᠦᠳᠤᠭᠡᠨ ᠪᠠᠶᠢᠭᠤᠯᠤᠯᠳᠠ ᠵᠡᠷᠭᠡ ᠴᠡᠴᠡᠷᠯᠢᠭᠵᠢᠬᠦᠯᠦᠯᠳᠡ ᠶᠢᠨ ᠪᠠᠷᠢᠯᠭ᠎ᠠ ᠶᠢ 30 ᠲᠦᠷᠦᠯ ᠭᠢᠵᠤ᠂  ᠰᠢᠨ᠎ᠠ ᠪᠠᠷ ᠨᠡᠮᠡᠭᠳᠡᠬᠦᠯᠦᠭᠰᠡᠨ ᠨᠤᠭᠤᠭᠠᠷᠠᠭᠤᠯᠤᠯᠳᠠ ᠶᠢᠨ ᠳᠠᠯᠠᠪᠠᠢ ᠨᠢ 297  ᠳᠦᠮᠡᠨ ᠳᠡᠭᠰᠢ ᠳᠦᠷᠪᠡᠯᠵᠢᠨ ᠮᠧᠲᠷ ᠲᠤ ᠬᠦᠷᠴᠤ᠂ ᠬᠤᠸᠠᠷ ᠴᠡᠴᠡᠭ ᠢ 5000  ᠮᠤ᠋ ᠳᠠᠷᠢᠵᠤ᠂  ᠬᠤᠳᠠ ᠶᠢᠨ ᠠᠮᠢ ᠠᠬᠤᠢ ᠶᠢᠨ ᠦᠵᠡᠮᠵᠢ ᠨᠢ ᠬᠦᠮᠤᠰ ᠢ ᠰᠤᠬᠳᠤᠷᠠᠭᠤᠯᠪᠠ᠃ ︽ᠬᠤᠳᠠ ᠶᠢᠨ ᠬᠤᠭᠤᠰᠤᠨ ᠭᠠᠵᠠᠷ ᠢ ᠨᠦᠬᠦᠵᠤ᠂  ᠠᠮᠢ ᠠᠬᠤᠢ ᠶᠢ ᠰᠡᠷᠬᠦᠭᠡᠬᠦ︾ ᠳᠤᠷᠰᠢᠯᠳᠠ ᠶᠢᠨ ᠴᠡᠭ ᠤᠨ ᠬᠤᠳᠠ  ᠪᠤᠯᠬᠤ ᠪᠠᠷ ᠠᠮᠵᠢᠯᠳᠠᠳᠠᠢ ᠮᠡᠳᠡᠬᠦᠯᠵᠤ᠂  ᠬᠤᠳᠠ ᠶᠢᠨ ᠶᠠᠪᠤᠳᠠᠯ ᠤᠨ ᠰᠠᠭᠤᠷᠢ ᠳᠦᠬᠦᠭᠡᠷᠤᠮᠵᠢ ᠪᠠ ᠪᠠᠳᠤᠯᠠᠭ᠎ᠠ ᠶᠢᠨ ᠴᠢᠳᠠᠪᠬᠢ ᠶᠢ ᠤᠯᠠᠮ ᠳᠡᠬᠦᠯᠳᠡᠷᠵᠢᠬᠦᠯᠪᠡ᠃  ᠬᠠᠳᠠᠭᠤᠴᠠᠶᠢᠳᠠᠮ ᠤᠨ ᠤᠰᠤᠨ ᠤ ᠢᠷᠡᠯᠳᠡ ᠶᠢᠨ ᠭᠠᠵᠠᠷ ᠢ ᠵᠢᠩᠬᠢᠨᠢ ᠪᠠᠷ ᠠᠰᠢᠬᠯᠠᠯᠳᠠ ᠳᠤ ᠤᠷᠤᠭᠤᠯᠵᠤ᠂  ᠳᠠᠩ ᠴᠤᠯᠭᠤᠢ ᠤᠰᠤᠨ ᠤ ᠢᠷᠡᠯᠳᠡ ᠶᠢᠨ ᠤᠰᠤ ᠬᠠᠩᠭᠠᠬᠤ ᠠᠰᠠᠭᠤᠳᠠᠯ ᠢ ᠳᠤᠶᠢᠯᠪᠤᠷᠢᠳᠠᠢ ᠰᠢᠢᠳᠪᠤᠷᠢᠯᠡᠵᠤ᠂ ᠡᠳᠤᠷ ᠤᠨ ᠤᠰᠤ ᠬᠠᠨᠭ᠍ᠭᠠᠬᠤ ᠭᠡᠮᠵᠢᠶ᠎ᠡ ᠶᠢ4.5  ᠲᠦᠮᠡᠨ ᠲᠤᠨ ᠳᠤ ᠬᠦᠷᠭᠡᠪᠡ︔ ᠢᠯᠴᠢ ᠬᠠᠩᠭᠠᠬᠤ ᠪᠠᠴᠢᠮ ᠪᠠᠶᠢᠳᠠᠯ ᠢ ᠠᠷᠭᠠᠴᠠᠬᠤ ᠪᠠᠳᠤᠯᠠᠭ᠎ᠠ ᠶᠢᠨ ᠴᠢᠳᠠᠪᠤᠷᠢ ᠶᠢ ᠳᠠᠰᠤᠷᠠᠯᠳᠠ ᠦᠭᠡᠢ ᠳᠡᠭᠡᠭᠰᠢᠯᠡᠬᠦᠯᠵᠤ᠂ ᠴᠠᠬᠢᠯᠭᠠᠨ ᠬᠦᠴᠤᠨ ᠳᠠᠮᠵᠢᠭᠤᠯᠵᠤ ᠳᠦᠬᠦᠷᠵᠢᠬᠦᠯᠤᠨ ᠬᠦᠷᠭᠡᠬᠦ ᠶᠢ ᠳᠤᠬᠳᠠᠭᠤᠨ ᠪᠠᠶᠢᠯᠭᠠᠪᠠ᠃ ᠴᠢᠨᠠᠷᠵᠢᠯ ᠪᠦᠬᠦᠢ ᠵᠢᠵᠢᠭ ᠳᠤᠭᠤᠷᠢᠭ ᠤᠨ ᠪᠦᠳᠤᠭᠡᠨ ᠪᠠᠶᠢᠭᠤᠯᠤᠯᠳᠠ ᠶᠢᠨ ᠪᠠᠷᠢᠯᠭ᠎ᠠ ᠶᠢ ᠬᠦᠨᠵᠡᠭᠡᠢ ᠠᠬᠢᠭᠤᠯᠵᠤ᠂  ᠠᠳᠠᠯ ᠠᠬᠤᠢ ᠶᠢᠨ ᠳᠦᠷᠢᠮᠵᠢᠭᠰᠡᠨ ᠬᠠᠮᠢᠶᠠᠷᠤᠯᠳᠠ᠂ ᠵᠢᠵᠢᠭ ᠳᠤᠭᠤᠷᠢᠭ  ᠤᠨ ᠤᠷᠴᠢᠨ ᠳᠤᠭᠤᠷᠢᠨ ᠤ ᠵᠠᠰᠠᠯᠳᠠ ᠵᠡᠷᠭᠡ ᠠᠵᠢᠯ ᠤᠳ ᠴᠦᠮ ᠰᠢᠨ᠎ᠠ ᠠᠬᠢᠴᠠ ᠲᠠᠢ ᠪᠤᠯᠪᠠ᠃  ᠬᠤᠳᠠ ᠶᠢᠨ ᠨᠠᠷᠢᠯᠢᠬᠵᠢᠭᠤᠯᠤᠬᠰᠠᠨ ᠬᠠᠮᠢᠶᠠᠷᠤᠯᠳᠠ ᠨᠢ ᠳᠢᠭᠯᠢᠮ ᠲᠠᠢ ᠶᠠᠪᠤᠬᠳᠠᠵᠤ᠂  ᠬᠤᠳᠠ ᠶᠢᠨ ᠬᠠᠮᠢᠶᠠᠷᠤᠯᠳᠠ ᠶᠢᠨ51167  ᠤᠴᠢᠷ ᠶᠠᠪᠤᠳᠠᠯ ᠢ ᠰᠢᠢᠳᠪᠤᠷᠢᠯᠡᠵᠤ᠂  ᠭᠡᠷᠡᠭ ᠳᠠᠭᠤᠰᠬᠠᠬᠰᠠᠨ ᠨᠤᠷᠮ᠎ᠠ ᠨᠢ 82%  ᠲᠤ ᠬᠦᠷᠴᠤ᠂  ᠬᠠᠮᠢᠶᠠᠷᠤᠯᠳᠠ ᠶᠢᠨ ᠦᠷ᠎ᠠ ᠪᠦᠳᠤᠮᠵᠢ ᠶᠢ ᠴᠢᠨᠠᠬᠰᠢᠳᠠ ᠳᠡᠭᠡᠭᠰᠢᠯᠡᠬᠦᠯᠪᠡ᠃     ︵ᠭᠤᠷᠪᠠ︶ ᠠᠷᠠᠳ ᠤᠨ ᠠᠮᠢᠳᠤᠷᠠᠯ ᠤᠨ ᠤᠶᠢᠯᠡᠰ ᠪᠦᠬᠦ ᠳᠠᠯ᠎ᠠ ᠪᠠᠷ ᠳᠠᠪᠰᠢᠪᠠ᠃  ᠠᠵᠢᠯ ᠤᠯᠭᠤᠬᠤ ᠳᠦᠷᠦ ᠶᠢᠨ ᠪᠤᠳᠤᠯᠭ᠎ᠠ ᠶᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠤᠨ᠂  ᠬᠤᠳᠠ  ᠪᠠᠯᠭᠠᠰᠤᠨ ᠳᠤ 1158 ᠬᠦᠮᠤᠨ ᠳᠤ ᠰᠢᠨ᠎ᠠ ᠪᠠᠷ ᠠᠵᠢᠯ ᠤᠯᠭᠤᠵᠤ᠂  ᠳᠠᠩᠰᠠᠯᠠᠭᠤᠯᠤᠬᠰᠠᠨ ᠠᠵᠢᠯ  ᠠᠯᠳᠠᠬᠰᠠᠳ ᠤᠨ ᠨᠤᠷᠮ᠎ᠠ ᠶᠢ 1.57% ᠶᠢᠨ ᠳᠤᠳᠤᠷ᠎ᠠ ᠬᠢᠵᠠᠭᠠᠷᠯᠠᠪᠠ︔  ᠨᠡᠶᠢᠭᠡᠮ ᠤᠨ ᠪᠠᠳᠤᠯᠠᠭ᠎ᠠ ᠶᠢᠨ ᠳᠦᠷᠦ ᠶᠢᠨ ᠪᠤᠳᠤᠯᠭ᠎ᠠ ᠶᠢ ᠪᠦᠳᠤᠮᠵᠢᠳᠡᠢ ᠨᠠᠶᠢᠳᠠᠪᠤᠷᠢᠵᠢᠭᠤᠯᠵᠤ᠂ ᠤᠨᠴᠠ ᠬᠦᠴᠢᠷᠳᠡᠯᠳᠡᠢ ᠬᠦᠮᠤᠰ ᠢ ᠳᠤᠬᠢᠳᠠᠢ ᠳᠤᠬᠢᠷᠠᠭᠤᠯᠵᠤ᠂ ᠬᠤᠳᠠ ᠬᠦᠳᠡᠭᠡ ᠶᠢᠨ ᠳᠤᠤᠷ᠎ᠠ ᠪᠠᠳᠤᠯᠠᠭ᠎ᠠ ᠶᠢᠨ ᠪᠠᠷᠢᠮᠵᠢᠶ᠎ᠠ ᠶᠢ ᠠᠳᠠᠯᠢ ᠪᠤᠯᠭᠠᠵᠤ᠂  ᠤᠨᠳᠤᠤ ᠭᠠᠵᠠᠷ ᠡᠮᠴᠢᠯᠡᠬᠦᠯᠬᠦ ᠳᠤ ᠰᠢᠭᠤᠳ ᠳᠤᠭᠠᠴᠠᠭ᠎ᠠ ᠬᠢᠬᠦ ᠶᠢ ᠯᠠᠪᠳᠠᠭᠤᠨ ᠢᠶᠠᠷ ᠠᠬᠢᠭᠤᠯᠪᠠ᠃ ᠰᠤᠷᠭᠠᠨ ᠬᠦᠮᠤᠵᠢᠯ ᠤᠨ ᠤᠶᠢᠯᠡᠰ ᠢ ᠤᠷᠢᠳᠠᠪᠠᠷ ᠬᠦᠭᠵᠢᠬᠦᠯᠵᠤ᠂ ᠰᠢᠨ᠎ᠠ ᠪᠠᠷ ᠠᠰᠢᠬᠯᠠᠯᠳᠠ ᠳᠤ ᠤᠷᠤᠬᠰᠠᠨ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ 4 ᠪᠠᠶᠢᠵᠤ᠂ 5226 ᠬᠦᠮᠤᠨ ᠰᠢᠨ᠎ᠠ ᠪᠠᠷ ᠰᠤᠷᠭᠠᠭᠤᠯᠢ  ᠳᠤ ᠤᠷᠤᠵᠤ᠂ ᠰᠤᠷᠭᠠᠭᠤᠯᠢ ᠶᠢᠨ ᠪᠠᠶᠢᠷᠢᠯᠠᠭᠤᠯᠤᠯᠳᠠ ᠨᠢ ᠵᠦᠢ ᠵᠤᠬᠢᠰᠳᠠᠢ ᠪᠤᠯᠵᠠᠢ᠃ ᠤᠨᠴᠠᠯᠢᠬᠳᠤ ᠰᠤᠷᠭᠠᠨ ᠬᠦᠮᠤᠵᠢᠯ ᠤᠨ ᠦᠭᠡᠷᠡᠴᠢᠯᠡᠯᠳᠡ ᠶᠢ ᠬᠦᠨᠵᠡᠭᠡᠢ ᠠᠬᠢᠭᠤᠯᠵᠤ᠂  ᠵᠢᠭᠠᠨ ᠰᠤᠷᠭᠠᠯᠳᠠ ᠶᠢᠨ ᠶᠠᠰᠤ ᠴᠢᠨᠠᠷ ᠳᠠᠰᠤᠷᠠᠯᠳᠠ ᠦᠭᠡᠢ ᠳᠡᠭᠡᠭᠰᠢᠯᠡᠵᠤ᠂ ᠦᠨᠳᠤᠷ ᠳᠤᠮᠳᠠᠳᠤ ᠶᠢᠨ ᠰᠢᠯᠭᠠᠯᠳᠠ ᠶᠢᠨ ᠶᠡᠷᠦᠩᠭᠡᠢ ᠳᠤᠮᠳᠠᠴᠢ ᠬᠤᠪᠢ ᠨᠢ ᠪᠦᠬᠦ ᠬᠤᠳᠠ ᠳᠤ ᠳᠡᠷᠢᠬᠦᠯᠡᠪᠡ᠃ ᠪᠦᠬᠦ ᠠᠷᠠᠳ ᠤᠨ ᠡᠷᠡᠬᠦᠯ ᠴᠢᠬᠢᠷᠠᠭ ᠤᠨ ᠬᠢᠷᠢ ᠳᠦᠪᠰᠢᠨ ᠳᠡᠭᠡᠭᠰᠢᠯᠡᠵᠤ᠂ ᠤᠨᠴᠠᠭᠠᠢ ᠳᠤᠬᠳᠠᠬᠰᠠᠨ ᠬᠦᠮᠤᠰ ᠲᠤ ᠰᠤᠶᠢᠳᠭᠡᠯ ᠬᠤᠷᠢᠶᠠᠬᠤ ᠦᠭᠡᠢ ᠪᠠᠷ ᠪᠡᠶ᠎ᠠ ᠶᠢᠨ ᠪᠠᠶᠢᠴᠠᠭᠠᠯᠳᠠ ᠬᠢᠬᠦ ᠠᠵᠢᠯᠯᠠᠭ᠎ᠠ ᠶᠢ ᠦᠷᠨᠢᠬᠦᠯᠵᠤ᠂  ᠤᠳᠠᠭᠠᠨ ᠴᠢᠨᠠᠷᠳᠠᠢ ᠡᠪᠡᠳᠴᠢᠳᠡᠨ ᠤ ᠡᠮᠨᠡᠯᠭᠡ ᠶᠢᠨ ᠬᠤᠷᠢᠶ᠎ᠠ᠂ ᠱᠢ ᠪᠦᠸᠧ ᠡᠷᠡᠬᠦᠯ ᠮᠡᠨᠳᠤ ᠶᠢᠨ ᠬᠤᠳᠠ᠂  ᠺᠠᠩ ᠾᠧ ᠬᠢᠳᠠᠳ ᠡᠮᠨᠡᠯᠭᠡ ᠶᠢᠨ ᠬᠤᠷᠢᠶ᠎ᠠ᠂  ᠪᠡᠭᠡᠵᠢᠩ ᠤᠨ ᠳᠦᠩ ᠷᠧᠨ ᠳᠠᠩ ᠵᠡᠷᠭᠡ ᠤᠨᠴᠠᠯᠢᠬᠳᠤ ᠡᠮ ᠡᠮᠨᠡᠯᠭᠡ ᠶᠢᠨ ᠪᠠᠶᠢᠭᠤᠯᠤᠮᠵᠢ ᠶᠢ ᠡᠬᠢᠯᠡᠬᠦᠯᠤᠨ ᠡᠵᠡᠩᠨᠡᠯᠳᠡ ᠬᠢᠯᠭᠡᠵᠤ᠂  ᠪᠦᠬᠦ ᠬᠤᠳᠠ ᠶᠢᠨ ᠠᠩᠬᠠᠳᠠᠬᠴᠢ ᠡᠮ ᠡᠮᠨᠡᠯᠭᠡ ᠶᠢᠨ ᠬᠤᠯᠪᠤᠭᠠᠳᠤ ᠴᠤᠬᠴᠠ ᠶᠢ ᠠᠮᠵᠢᠯᠳᠠᠳᠠᠢ ᠪᠠᠶᠢᠭᠤᠯᠪᠠ᠃ ᠭᠡᠷ ᠪᠦᠯᠢ ᠶᠢᠨ ᠡᠮᠴᠢ ᠳᠤ ᠭᠡᠷᠡᠭᠯᠡᠬᠦ ᠮᠡᠳᠡᠭᠡ ᠵᠠᠩᠬᠢ ᠶᠢᠨ ᠰᠢᠰᠲ᠋ᠧᠮ ᠢ ᠪᠠᠶᠢᠭᠤᠯᠵᠤ᠂ ᠦᠨᠳᠤᠰᠤᠨ ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠤᠶᠢᠯᠡᠴᠢᠯᠡᠭᠡᠨ ᠤ ᠳᠤᠬᠳᠠᠯᠴᠠᠭ᠎ᠠ ᠶᠢ ᠳᠡᠬᠦᠯᠳᠡᠷᠵᠢᠬᠦᠯᠤᠨ ᠪᠦᠷᠢᠨᠰᠢᠬᠦᠯᠪᠡ᠃ ᠵᠠᠮ ᠬᠠᠷᠢᠯᠴᠠᠭᠠᠨ ᠤ ᠵᠠᠮ ᠶᠠᠪᠤᠬᠤ ᠨᠦᠬᠦᠴᠡᠯ ᠢ ᠴᠢᠷᠮᠠᠶᠢᠨ ᠰᠠᠶᠢᠵᠢᠷᠠᠭᠤᠯᠵᠤ᠂  ᠳᠡᠷᠭᠡᠨ ᠵᠤᠬᠰᠤᠭᠠᠯ 3493 ᠰᠢᠨ᠎ᠠ ᠪᠠᠷ ᠪᠠᠶᠢᠭᠤᠯᠵᠤ᠂  ᠮᠦᠸᠧ ᠪᠠᠢ ᠳᠤᠭᠤᠢ ᠳᠡᠷᠭᠡ᠂ ᠱᠠᠩ ᠫᠦ᠋ ᠰᠢᠨ᠎ᠠ ᠡᠨᠧᠷᠬᠢ ᠶᠢᠨ ᠮᠠᠰᠢᠨ ᠳᠡᠷᠭᠡ᠂  ᠮᠦᠸᠧ ᠯᠢ ᠰᠢᠬᠦᠷ ᠵᠡᠷᠭᠡ ᠠᠷᠠᠳ ᠲᠤ ᠳᠦᠬᠦᠮ ᠦᠵᠡᠬᠦᠯᠬᠦ ᠳᠦᠷᠤᠯ ᠵᠤᠶᠢᠯ ᠢ ᠤᠷᠤᠭᠤᠯᠤᠨ ᠠᠪᠴᠢᠷᠠᠵᠤ᠂ ᠬᠤᠳᠠ ᠶᠢᠨ ᠠᠷᠠᠳ ᠪᠠ ᠵᠤᠭᠠᠴᠠᠬᠴᠢ ᠶᠢᠨ ᠵᠠᠮ ᠶᠠᠪᠤᠬᠤ ᠳᠤ ᠨᠡᠩ ᠲᠦᠬᠦᠮ ᠪᠤᠯᠭᠠᠪᠠ᠃ ︽ᠠᠮᠤᠭᠤᠯᠠᠩ  ᠬᠢᠶ᠎ᠠ ᠪᠠᠭᠰᠢ︾ ᠶᠢᠨ ᠪᠦᠳᠤᠭᠡᠨ ᠪᠠᠶᠢᠭᠤᠯᠤᠯᠳᠠ ᠶᠢ ᠯᠠᠪᠳᠠᠭᠤᠨ ᠪᠠᠳᠤᠳᠠᠢ ᠠᠬᠢᠭᠤᠯᠵᠤ᠂  ᠠᠶᠤᠯᠬᠦᠢ ᠤᠶᠢᠯᠡᠳᠪᠤᠷᠢᠯᠡᠯ᠂ ᠤᠯᠠᠨ ᠨᠡᠶᠢᠳᠡ ᠶᠢᠨ ᠠᠮᠤᠷ ᠳᠦᠪᠰᠢᠨ᠂  ᠢᠳᠡᠭᠡᠨ ᠡᠮ ᠤᠨ ᠵᠤᠶᠢᠯ ᠤᠨ ᠠᠮᠤᠷ ᠳᠦᠪᠰᠢᠨ ᠵᠡᠷᠭᠡ ᠬᠦᠷᠢᠶ᠎ᠡ ᠭᠡᠪᠴᠢᠶᠡᠨ ᠤ ᠪᠠᠶᠢᠳᠠᠯ ᠢ ᠦᠷᠬᠦᠯᠵᠢᠯᠡᠨ ᠳᠤᠬᠳᠠᠭᠤᠨ ᠪᠠᠶᠢᠬᠤ ᠶᠢ ᠪᠠᠳᠤᠯᠠᠪᠠ᠃  ᠡᠯ᠎ᠡ ᠳᠦᠷᠤᠯ ᠤᠨ ᠵᠦᠷᠢᠴᠡᠯ ᠵᠢᠭᠤᠷᠠᠯᠳᠤᠭᠠᠨ ᠢ ᠳᠤᠬᠢᠳᠠᠢ ᠰᠢᠢᠳᠪᠤᠷᠢᠯᠡᠵᠤ᠂  ᠨᠡᠶᠢᠭᠡᠮ ᠤᠨ  ᠪᠦᠬᠦ ᠳᠠᠯ᠎ᠠ ᠶᠢᠨ ᠡᠶ᠎ᠡ ᠵᠤᠬᠢᠴᠠᠯ ᠳᠤᠬᠳᠠᠭᠤᠨ ᠢ ᠴᠠᠭ ᠢᠮᠠᠬᠳᠠ ᠪᠠᠳᠤᠯᠠᠪᠠ᠃  ᠤᠯᠤᠰ ᠤᠨ ᠪᠠᠳᠤᠯᠠᠨ ᠬᠠᠮᠠᠭᠠᠯᠠᠯᠳᠠ ᠶᠢᠨ ᠳᠠᠶᠢᠴᠢᠯᠠᠯᠳᠠ᠂  ᠬᠤᠶᠠᠷ ᠢ ᠬᠦᠷᠢᠶᠡᠯᠡᠵᠤ ᠬᠠᠷᠠᠭᠠᠯᠵᠠᠬᠤ᠂  ᠠᠷᠠᠳ ᠤᠨ ᠠᠭᠠᠷ ᠤᠨ ᠰᠡᠷᠭᠡᠶᠢᠯᠡᠯᠳᠡ᠂  ᠳᠡᠤᠭᠡ ᠳᠤᠷᠠᠳᠬᠠᠯ ᠳᠠᠩᠰᠠ ᠡᠪᠭᠡᠮᠡᠯ᠂  ᠡᠮᠡᠭᠳᠡᠶᠢᠴᠤᠳ ᠬᠡᠤᠬᠡᠳ᠂  ᠦᠨᠳᠤᠰᠤᠳᠡᠨ ᠱᠠᠰᠢᠨ ᠰᠤᠷᠳᠠᠬᠤᠨ᠂  ᠭᠠᠳᠠᠭᠠᠳᠤ ᠶᠠᠪᠤᠳᠠᠯ ᠬᠠᠷᠢᠶᠠᠳᠤ ᠶᠢᠨ ᠠᠵᠢᠯ᠂  ᠨᠠᠰᠤᠵᠢᠯ ᠨᠢᠬᠦᠯᠡᠰᠦᠩᠭᠦᠢ᠂  ᠤᠯᠠᠭᠠᠨ ᠵᠠᠭᠠᠯᠮᠠᠶᠢᠳᠠᠨ ᠤ ᠠᠵᠢᠯ ᠵᠡᠷᠭᠡ ᠳᠡᠭᠡᠷ᠎ᠠ ᠪᠠᠨ ᠰᠢᠨ᠎ᠠ ᠠᠮᠵᠢᠯᠳᠠ ᠤᠯᠪᠠ᠃     ︵ᠳᠦᠷᠪᠡ︶ ᠵᠠᠰᠠᠭ ᠤᠨ ᠤᠷᠳᠤᠨ ᠤ ᠪᠠᠶᠢᠭᠤᠯᠤᠯᠳᠠ ᠳᠠᠰᠤᠷᠠᠯᠳᠠ ᠦᠭᠡᠢ ᠴᠢᠩᠭᠠᠷᠠᠪᠠ᠃  ︽ᠬᠤᠶᠠᠷ ᠢ ᠰᠤᠷᠤᠯᠴᠠᠵᠤ ᠬᠢᠷᠢ ᠳᠡᠩᠴᠡᠭᠰᠡᠨ  ᠨᠠᠮ ᠤᠨ ᠭᠡᠰᠢᠬᠦᠨ ᠪᠤᠯᠬᠤ︾ ᠰᠤᠷᠤᠯᠴᠠᠯᠭ᠎ᠠ ᠬᠦᠮᠤᠵᠢᠯ ᠢ ᠪᠠᠶᠢᠩᠭᠤᠵᠢᠭᠤᠯᠵᠤ ᠳᠦᠷᠢᠮᠵᠢᠬᠦᠯᠬᠦ ᠶᠢ ᠯᠠᠪᠳᠠᠭᠤᠨ ᠢᠶᠠᠷ ᠠᠬᠢᠭᠤᠯᠵᠤ᠂  ᠨᠠᠮ ᠢ ᠪᠦᠬᠦ ᠳᠠᠯ᠎ᠠ ᠪᠠᠷ ᠴᠢᠩᠭ᠎ᠠ ᠵᠠᠰᠠᠬᠤ ᠶᠢ ᠵᠠᠰᠠᠭ ᠤᠨ ᠤᠷᠳᠤᠨ ᠤ ᠠᠵᠢᠯ ᠳᠤᠮᠳᠠ ᠳᠤᠤᠱᠯᠠᠭᠤᠯᠬᠤ ᠪᠠᠷ ᠱᠠᠭᠠᠷᠳᠠᠨ᠂  ᠵᠠᠰᠠᠭ ᠤᠨ ᠤᠷᠳᠤᠨ ᠤ  ᠬᠦᠢᠴᠡᠳᠭᠡᠬᠦ ᠬᠦᠴᠤᠨ᠂ ᠨᠢᠬᠳᠠᠷᠠᠭᠤᠯᠬᠤ ᠬᠦᠴᠤᠨ ᠪᠠ ᠤᠯᠠᠨ ᠢ ᠢᠳᠡᠭᠡᠬᠦᠯᠬᠦ ᠬᠦᠴᠤᠨ ᠨᠢ ᠳᠠᠰᠤᠷᠠᠯᠳᠠ ᠦᠭᠡᠢ ᠴᠢᠩᠭᠠᠷᠠᠪᠠ᠃ ᠳᠡᠭᠡᠳᠤ ᠱᠠᠳᠤᠨ ᠤ ᠨᠠᠮ ᠤᠨ ᠬᠤᠷᠢᠶ᠎ᠠ᠂  ᠵᠠᠰᠠᠭ ᠤᠨ ᠤᠷᠳᠤᠨ ᠪᠠ ᠳᠤᠭᠤᠷᠢᠭ ᠤᠨ ᠨᠠᠮ ᠤᠨ ᠬᠤᠷᠢᠶᠠᠨ ᠤ ᠡᠯ᠎ᠠ ᠳᠦᠷᠤᠯ ᠤᠨ  ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂  ᠳᠤᠭᠤᠷᠢᠭ ᠤᠨ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ᠂  ᠳᠤᠭᠤᠷᠢᠭ ᠤᠨ ᠤᠯᠤᠰ ᠳᠦᠷᠦ ᠶᠢᠨ ᠵᠦᠪᠯᠡᠯᠭᠡᠨ ᠤ ᠬᠠᠤᠯᠢ ᠴᠠᠭᠠᠵᠠ ᠶᠢᠨ ᠬᠢᠨᠠᠯᠳᠠ ᠳᠠᠯᠪᠢᠬᠤ ᠪᠠ ᠠᠷᠠᠳᠴᠢᠯᠠᠯ ᠢᠶᠠᠷ ᠬᠢᠨᠠᠯᠳᠠ ᠳᠠᠯᠪᠢᠬᠤ ᠶᠢ ᠤᠬᠠᠮᠰᠠᠷ ᠠᠴᠠ ᠪᠠᠨ ᠬᠦᠯᠢᠶᠡᠪᠡ᠃ ᠡᠯ᠎ᠠ ᠠᠵᠢᠯ ᠳᠦᠷᠤᠯ ᠤᠨ ᠬᠢᠨ ᠤ ᠠᠵᠢᠯ ᠢᠶᠠᠨ ᠦᠷᠨᠢᠬᠦᠯᠬᠦ ᠶᠢ ᠢᠳᠡᠪᠬᠢᠳᠡᠢ ᠳᠡᠮᠵᠢᠵᠤ᠂ ᠡᠯ᠎ᠠ ᠠᠷᠠᠳᠴᠢᠯᠠᠬᠰᠠᠨ ᠨᠠᠮ ᠪᠦᠯᠦᠭ᠂  ᠤᠶᠢᠯᠡᠳᠪᠤᠷᠢ ᠬᠤᠳᠠᠯᠳᠤᠭᠠᠨ ᠤ ᠬᠤᠯᠪᠤᠭ᠎ᠠ᠂ ᠨᠠᠮ ᠪᠦᠯᠦᠭ ᠤᠨ ᠪᠤᠰᠤ ᠬᠦᠮᠤᠰ ᠤᠨ  ᠰᠠᠨᠠᠯ ᠰᠠᠨᠠᠭᠤᠯᠭ᠎ᠠ ᠶᠢ ᠰᠠᠨᠠᠭᠠᠴᠢᠯᠠᠭ᠎ᠠ ᠲᠠᠢ ᠪᠠᠷ ᠰᠤᠨᠤᠰᠴᠤ᠂ ᠳᠦᠯᠦᠭᠡᠯᠡᠭᠴᠢᠳ ᠤᠨ 24 ᠰᠠᠨᠠᠭᠤᠯᠭ᠎ᠠ᠂ ᠤᠯᠤᠰ ᠳᠦᠷᠦ ᠶᠢᠨ ᠵᠦᠪᠯᠡᠯᠭᠡᠨ ᠤ ᠭᠡᠰᠢᠬᠦᠳ ᠤᠨ4 ᠰᠠᠨᠠᠯ ᠳᠤᠷᠠᠳᠤᠯᠭ᠎ᠠ   ᠶᠢ ᠬᠦᠢᠴᠡᠳᠭᠡᠵᠤ ᠳᠠᠭᠤᠰᠬᠠᠪᠠ᠃ ︽ ᠳᠠᠯᠪᠢᠬᠤ ᠬᠠᠮᠢᠶᠠᠷᠬᠤ ᠤᠶᠢᠯᠡᠴᠢᠯᠡᠬᠦ︾ ᠦᠭᠡᠷᠡᠴᠢᠯᠡᠯᠳᠡ ᠶᠢ ᠬᠦᠨᠵᠡᠭᠡᠢ ᠠᠬᠢᠭᠤᠯᠵᠤ᠂ ᠡᠷᠭᠡ ᠶᠢᠨ ᠨᠠᠷᠢᠨ ᠲᠠᠩᠰᠠ ᠶᠢᠨ ᠲᠦᠷᠦᠯ ᠵᠦᠢᠯ ᠢ 3000 ᠭᠠᠷᠤᠢ ᠲᠦᠷᠦᠯ ᠡᠮᠬᠢᠯᠡᠨ ᠰᠢᠢᠳᠪᠤᠷᠢᠯᠡᠵᠤ᠂ 66 ᠵᠠᠰᠠᠭ ᠵᠠᠬᠢᠷᠭᠠᠨ ᠤ ᠡᠷᠭᠡ ᠶᠢ ᠬᠦᠴᠤᠨ ᠦᠭᠡᠢ ᠪᠤᠯᠭᠠᠬᠰᠠᠨ ᠪᠠ ᠲᠤᠷᠤᠬᠰᠢ ᠲᠠᠯᠪᠢᠪᠠ᠃ ᠳᠦᠪ ᠤᠨ ᠨᠠᠢᠮᠠᠨ ᠳᠤᠬᠳᠠᠭᠠᠯ ᠢ ᠴᠢᠩᠭ᠎ᠠ ᠭᠡᠷᠡᠭᠵᠢᠬᠦᠯᠵᠤ᠂ ᠵᠠᠰᠠᠭ ᠵᠠᠬᠢᠷᠭᠠᠨ ᠤ ᠬᠢᠨᠠᠨ ᠪᠠᠶᠢᠴᠠᠭᠠᠯᠳᠠ ᠬᠢᠬᠦ ᠪᠠ ᠬᠢᠨᠠᠨ ᠪᠤᠳᠤᠵᠤ ᠬᠢᠨᠠᠯᠳᠠ ᠳᠠᠯᠪᠢᠬᠤ ᠶᠢ ᠴᠢᠩᠭᠠᠳᠬᠠᠨ᠂  ᠵᠠᠰᠠᠭ ᠤᠨ ᠤᠷᠳᠤᠨ ᠤ ᠰᠢᠰᠲ᠋ᠧᠮ ᠤᠨ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠶᠢ ᠴᠢᠩᠭ᠎ᠠ ᠠᠳᠬᠤᠵᠤ ᠂  ᠵᠠᠰᠠᠭ ᠤᠨ ᠰᠤᠷᠳᠠᠯ ᠠᠵᠢᠯ ᠳᠦᠷᠤᠯ ᠤᠨ ᠰᠤᠷᠳᠠᠯ ᠢ ᠦᠷᠬᠦᠯᠵᠢᠯᠡᠨ ᠰᠠᠶᠢᠵᠢᠷᠠᠭᠤᠯᠤᠨ᠂  ᠺᠠᠳ᠋ᠷ ᠤᠯᠠᠨ ᠳᠦᠮᠡᠨ ᠤ ᠬᠠᠷᠢᠴᠠᠭ᠎ᠠ ᠶᠢ ᠤᠯᠠᠮ ᠳᠤᠳᠤᠨᠤ ᠪᠤᠯᠭᠠᠪᠠ᠃      ᠳᠦᠯᠦᠭᠡᠯᠡᠭᠴᠢᠳ ᠡ᠂  ᠨᠢᠳᠤᠨᠤᠨ ᠤ ᠠᠮᠵᠢᠯᠳᠠ ᠪᠦᠳᠤᠮᠵᠢ ᠪᠤᠯ ᠬᠢᠯᠪᠠᠷ ᠪᠤᠰᠤ ᠪᠠᠷ ᠢᠷᠡᠭᠰᠡᠨ ᠶᠤᠮ᠂ ᠡᠨᠡ   ᠨᠢ ᠬᠤᠳᠠ ᠶᠢᠨ ᠨᠠᠮ ᠤᠨ ᠬᠤᠷᠢᠶ᠎ᠠ᠂  ᠬᠤᠳᠠ ᠶᠢᠨ ᠵᠠᠰᠠᠭ ᠤᠨ ᠤᠷᠳᠤᠨ ᠪᠤᠯᠤᠨ ᠳᠤᠭᠤᠷᠢᠭ ᠤᠨ ᠨᠠᠮ ᠤᠨ ᠬᠤᠷᠢᠶᠠᠨ ᠤ ᠵᠦᠪ ᠤᠨᠤᠪᠴᠢᠳᠠᠢ ᠤᠳᠤᠷᠢᠳᠤᠯᠭ᠎ᠠ ᠶᠢᠨ ᠦᠷ᠎ᠠ ᠳ᠋ᠦᠩ ᠪᠤᠯᠬᠤ ᠶᠤᠮ᠂  ᠳᠤᠭᠤᠷᠢᠭ ᠤᠨ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ᠂  ᠳᠤᠭᠤᠷᠢᠭ ᠤᠨ ᠤᠯᠤᠰ ᠳᠦᠷᠦ ᠶᠢᠨ ᠵᠦᠪᠯᠡᠯᠭᠡᠨ ᠪᠠ ᠨᠡᠶᠢᠭᠡᠮ ᠤᠨ ᠡᠯ᠎ᠡ ᠡᠳᠡᠭᠡᠳ ᠤᠨ ᠬᠦᠴᠤᠳᠡᠢ ᠳᠡᠮᠵᠢᠯᠭᠡ ᠶᠢᠨ ᠦᠷ᠎ᠠ ᠳ᠋ᠦᠩ ᠪᠤᠯᠬᠤ ᠶᠤᠮ᠂  ᠪᠦᠬᠦ ᠳᠤᠭᠤᠷᠢᠭ ᠳᠠᠶᠠᠭᠠᠷ ᠢᠶᠠᠨ ᠡᠷᠡᠯᠭᠡᠭᠯᠡᠨ ᠳᠡᠮᠡᠴᠡᠭᠰᠡᠨ ᠤ ᠦᠷ᠎ᠠ ᠳ᠋ᠦᠩ ᠪᠤᠯᠬᠤ ᠶᠤᠮ᠃ ᠠᠳᠡ ᠪᠢ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠢ ᠳᠦᠯᠦᠭᠡᠯᠡᠨ᠂  ᠦᠷᠭᠡᠨ ᠤᠯᠠᠨ ᠺᠠᠳ᠋ᠷ ᠳᠦᠮᠡᠨ ᠪᠠ ᠨᠡᠶᠢᠭᠡᠮ ᠤᠨ ᠡᠯ᠎ᠡ ᠡᠳᠡᠭᠡᠳ ᠲᠤ ᠴᠢᠩ ᠰᠡᠳᠬᠢᠯ  ᠤᠨ ᠳᠠᠯᠠᠷᠬᠠᠯ ᠪᠠ ᠡᠷᠬᠢᠮ ᠳᠡᠭᠡᠳᠤ ᠬᠦᠨᠳᠤᠳᠭᠡᠯ ᠢᠶᠠᠨ ᠳᠡᠪᠰᠢᠬᠦᠯᠵᠤ ᠪᠠᠶᠢᠨ᠎ᠠ︕      ᠠᠮᠵᠢᠯᠳᠠ ᠪᠦᠳᠤᠮᠵᠢ ᠪᠠᠨ ᠨᠤᠳᠠᠯᠠᠬᠤ ᠶᠢᠨ ᠳᠠᠭᠠᠤ ᠪᠢᠳᠠ ᠪᠠᠰᠠ᠂  ᠮᠠᠨ ᠤ ᠳᠤᠭᠤᠷᠢᠭ ᠤᠨ ᠬᠦᠭᠵᠢᠯᠳᠡ ᠳᠤ ᠡᠳᠤᠢ ᠳᠡᠳᠤᠢ ᠭᠡᠰᠡᠨ ᠦᠭᠡᠢ ᠳᠡᠩᠴᠡᠬᠦᠷᠢ ᠦᠭᠡᠢ ᠬᠦᠢᠴᠡᠳ ᠦᠭᠡᠢ ᠠᠰᠠᠭᠤᠳᠠᠯ ᠤᠷᠤᠰᠢᠵᠤ ᠪᠠᠶᠢᠭ᠎ᠠ ᠶᠢ ᠰᠡᠷᠭᠡᠭ ᠢᠶᠠᠷ ᠤᠯᠵᠤ ᠬᠠᠷᠠᠬᠤ ᠭᠡᠷᠡᠭᠳᠡᠢ ᠪᠠᠶᠢᠨ᠎ᠠ᠂  ᠭᠤᠤᠯᠳᠠᠭᠤ᠄ ᠠᠵᠤ ᠠᠬᠤᠢ  ᠶᠢᠨ ᠨᠡᠮᠡᠭᠳᠡᠯ ᠤᠨ ᠬᠦᠳᠡᠯᠭᠡᠭᠴᠢ ᠬᠦᠴᠤᠨ ᠳᠤᠳᠠᠮᠠᠭ᠂  ᠠᠵᠤ ᠤᠶᠢᠯᠡᠰ ᠤᠨ ᠳᠤᠯᠭᠠᠭᠤᠷᠢᠯᠠᠬᠤ ᠴᠢᠳᠠᠪᠤᠷᠢ ᠳᠤᠷᠤᠢ᠂ ᠡᠳ᠋ ᠤᠨ ᠵᠠᠰᠠᠭ ᠤᠨ ᠤᠷᠤᠯᠭ᠎ᠠ ᠶᠢᠨ ᠭᠡᠪᠴᠢᠶ᠎ᠡ ᠨᠡᠯᠢᠶᠡᠳ ᠪᠠᠭ᠎ᠠ᠂  ᠬᠦᠭᠵᠢᠯᠳᠡ ᠶᠢᠨ ᠳᠠᠷᠤᠭᠠᠰᠤ ᠮᠦᠨ ᠯᠠ ᠬᠦᠨᠳᠤ ᠭᠡᠴᠡᠬᠦᠦ ᠪᠤᠢ︔  ᠬᠤᠳᠠ ᠶᠢᠨ ᠴᠢᠳᠠᠪᠬᠢ ᠶᠢᠨ ᠴᠢᠨᠠᠷ ᠳᠡᠰ ᠢ ᠪᠠᠰᠠ ᠯᠠ ᠦᠷᠭᠡᠳᠭᠡᠵᠤ ᠰᠠᠶᠢᠵᠢᠷᠠᠭᠤᠯᠤᠨ᠂  ᠰᠠᠭᠤᠷᠢ ᠳᠦᠬᠦᠭᠡᠷᠤᠮᠵᠢ ᠪᠠ ᠳᠦᠬᠦᠷᠵᠢᠭᠰᠡᠨ ᠤᠶᠢᠯᠡᠴᠢᠯᠡᠭᠡ ᠶᠢ ᠮᠦᠨ ᠯᠠ ᠳᠡᠬᠦᠯᠳᠡᠷᠵᠢᠬᠦᠯᠵᠤ᠂  ᠬᠤᠳᠠ ᠶᠢᠨ ᠬᠠᠮᠢᠶᠠᠷᠤᠯᠳᠠ ᠶᠢ ᠰᠢᠨᠵᠢᠯᠡᠬᠦ ᠤᠬᠠᠭᠠᠨᠴᠢᠯᠠᠬᠤ᠂  ᠨᠠᠷᠢᠯᠢᠬᠵᠢᠭᠤᠯᠬᠤ ᠬᠢᠷᠢ ᠳᠦᠪᠰᠢᠨ ᠢ ᠬᠠᠷᠠᠬᠠᠨ ᠳᠡᠭᠡᠭᠰᠢᠯᠡᠬᠦᠯᠬᠦ ᠴᠢᠬᠤᠯᠠᠳᠠᠢ ᠪᠠᠶᠢᠨ᠎ᠠ︔ ᠠᠷᠠᠳ ᠤᠨ ᠠᠮᠢᠳᠤᠷᠠᠯ ᠤᠨ ᠪᠠᠳᠤᠯᠠᠭ᠎ᠠ᠂  ᠨᠡᠶᠢᠭᠡᠮ ᠤᠨ ᠵᠠᠰᠠᠯᠳᠠ᠂  ᠤᠯᠠᠨ ᠨᠡᠶᠢᠳᠡ ᠶᠢᠨ ᠤᠶᠢᠯᠡᠴᠢᠯᠡᠭᠡ ᠵᠡᠷᠭᠡ ᠳᠠᠯ᠎ᠠ ᠪᠠᠷ ᠪᠠᠰᠠ ᠴᠦᠭᠡᠨ ᠪᠤᠰᠤ ᠳᠤᠳᠠᠬᠳᠠᠯ ᠲᠠᠢ ᠳᠠᠯ᠎ᠠ ᠤᠷᠤᠰᠢᠵᠤ᠂  ᠤᠯᠠᠨ ᠳᠦᠮᠡᠨ ᠤ ᠬᠦᠰᠡᠯ ᠡᠷᠡᠮᠡᠯᠵᠡᠯ ᠲᠠᠢ ᠪᠠᠰᠠ ᠯᠠ ᠵᠦᠷᠢᠶ᠎ᠠ ᠲᠠᠢ ᠪᠠᠶᠢᠨ᠎ᠠ︔ ᠵᠠᠰᠠᠭ ᠤᠨ ᠤᠷᠳᠤᠨ ᠤ ᠳᠤᠰ ᠪᠡᠶ᠎ᠠ ᠶᠢᠨ ᠪᠠᠶᠢᠭᠤᠯᠤᠯᠳᠠ ᠶᠢ ᠮᠦᠨ ᠯᠠ ᠴᠢᠩᠭᠠᠳᠬᠠᠬᠤ ᠴᠢᠬᠤᠯᠠᠳᠠᠢ ᠪᠤᠢ᠃  ᠡᠳᠡᠭᠡᠷ ᠠᠰᠠᠭᠤᠳᠠᠯ ᠳᠤ ᠴᠢᠭᠯᠡᠬᠦᠯᠤᠨ᠂ ᠪᠢᠳᠠ ᠬᠠᠷᠢᠭᠤᠴᠠᠯᠭᠠᠳᠤ ᠰᠡᠳᠬᠢᠯᠭᠡ ᠪᠠ ᠪᠠᠴᠢᠮ ᠰᠡᠳᠬᠢᠯᠭᠡ ᠪᠠᠨ ᠴᠢᠨᠠᠬᠰᠢᠳᠠ ᠴᠢᠩᠭᠠᠳᠬᠠᠵᠤ᠂  ᠴᠢᠷᠮᠠᠶᠢᠨ ᠰᠢᠢᠳᠪᠤᠷᠢᠯᠡᠬᠦ ᠭᠡᠷᠡᠭᠳᠡᠢ ᠪᠠᠶᠢᠨ᠎ᠠ᠃     ᠬᠤᠶᠠᠷ᠂ 2018 ᠤᠨ ᠤ ᠠᠵᠢᠯ ᠤᠨ ᠳᠤᠬᠢᠷᠠᠭᠤᠯᠤᠯᠳᠠ      ᠡᠨᠡ ᠵᠢᠯ ᠪᠤᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠳᠤᠤᠱᠯᠠᠭᠤᠯᠬᠤ ᠡᠬᠢᠯᠡᠯᠳᠡ ᠶᠢᠨ ᠵᠢᠯ ᠪᠤᠯᠤᠨ᠎ᠠ᠂  ᠦᠭᠡᠷᠡᠴᠢᠯᠡᠯᠳᠡ ᠨᠡᠭᠡᠭᠡᠯᠳᠡ ᠬᠢᠭᠰᠡᠨ 40 ᠵᠢᠯ ᠤᠨ ᠤᠢ ᠪᠤᠯᠤᠨ᠎ᠠ᠂  ᠴᠢᠨᠡᠭᠡᠯᠢᠭ ᠨᠡᠶᠢᠭᠡᠮ ᠢ ᠪᠦᠬᠦ ᠳᠠᠯ᠎ᠠ ᠪᠠᠷ ᠪᠡᠶᠡᠯᠡᠬᠦᠯᠬᠦ ᠰᠢᠢᠳᠪᠤᠷᠢᠳᠤ ᠢᠯᠠᠯᠳᠠ ᠶᠢ ᠤᠯᠵᠤ᠂  ︽ᠠᠷᠪᠠᠨ ᠭᠤᠷᠪᠠᠳᠤᠭᠠᠷ ᠳᠠᠪᠤᠨ ᠵᠢᠯ︾ ᠤᠨ ᠳᠦᠯᠦᠪᠵᠢᠬᠦᠯᠭᠡ ᠶᠢᠨ ᠠᠮᠠ ᠰᠡᠭᠡᠷ ᠢ ᠵᠤᠯᠭᠠᠭᠤᠯᠬᠤ ᠵᠠᠩᠬᠢᠯᠠᠭ᠎ᠠ ᠶᠢᠨ ᠨᠢᠭᠡ ᠵᠢᠯ ᠪᠤᠯᠤᠨ᠎ᠠ᠂  ᠮᠥᠨ ᠴᠦ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠬᠦᠨᠳᠤ ᠡᠬᠦᠷᠭᠡ ᠶᠢ ᠡᠬᠦᠷᠭᠡᠯᠡᠨ᠂  ᠬᠦᠭᠵᠢᠯᠳᠡ ᠶᠢ ᠠᠬᠢᠭᠤᠯᠬᠤ ᠳᠤᠰᠢᠶᠠᠯ ᠡᠬᠦᠷᠭᠡᠯᠡᠬᠦ ᠵᠢᠯ ᠪᠤᠯᠤᠨ᠎ᠠ᠃ ᠪᠦᠬᠦ ᠵᠢᠯ ᠤᠨ ᠡᠯ᠎ᠠ ᠳᠦᠷᠤᠯ ᠤᠨ ᠠᠵᠢᠯ ᠢ ᠰᠠᠶᠢᠳᠤᠷ ᠬᠢᠬᠦ ᠳᠤ ᠠᠴᠢ ᠬᠤᠯᠪᠤᠬᠳᠠᠯ ᠮᠠᠰᠢ ᠶᠡᠭᠡ ᠶᠤᠮ᠃2018 ᠤᠨ ᠤ ᠵᠠᠰᠠᠭ ᠤᠨ ᠤᠷᠳᠤᠨ ᠤ ᠠᠵᠢᠯ ᠤᠨ ᠶᠡᠷᠦᠩᠭᠡᠢ ᠱᠠᠭᠠᠷᠳᠠᠯᠭ᠎ᠠ ᠪᠤᠯ᠄ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠳᠠᠯ᠎ᠠ ᠪᠠᠷ ᠳᠤᠤᠱᠯᠠᠭᠤᠯᠤᠨ᠂  ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂  ᠳᠦᠪ᠂  ᠦᠪᠡᠷᠳᠡᠭᠡᠨ ᠵᠠᠰᠠᠬᠤ ᠤᠷᠤᠨ᠂  ᠬᠤᠳᠠ ᠪᠤᠯᠤᠨ ᠳᠤᠭᠤᠷᠢᠭ ᠤᠨ ᠨᠠᠮ ᠤᠨ ᠬᠤᠷᠢᠶᠠᠨ ᠤ ᠡᠯ᠎ᠠ ᠳᠦᠷᠤᠯ  ᠤᠨ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂  ᠳᠤᠬᠳᠠᠭᠤᠨ ᠤ ᠳᠤᠮᠳᠠ ᠨᠡᠮᠡᠭᠳᠡᠬᠦᠯᠬᠦ ᠠᠵᠢᠯ ᠤᠨ ᠶᠡᠷᠦᠩᠭᠡᠢ ᠬᠦᠭ ᠢ ᠪᠠᠳᠤ ᠡᠵᠡᠮᠳᠡᠵᠤ᠂ ᠰᠢᠨ᠎ᠠ ᠬᠦᠭᠵᠢᠯᠳᠡ ᠶᠢᠨ ᠤᠨᠤᠯᠵᠢᠭᠤᠨ ᠢ ᠪᠠᠳᠤ ᠪᠠᠬᠢ ᠪᠤᠢ ᠪᠤᠯᠭᠠᠬᠤ ᠪᠠ ᠤᠶᠢᠯᠡᠳᠤᠯᠭᠡᠵᠢᠬᠦᠯᠤᠨ᠂  ᠴᠢᠨᠠᠷᠯᠢᠭ ᠬᠦᠭᠵᠢᠯᠳᠡ ᠶᠢᠨ ᠱᠠᠭᠠᠷᠳᠠᠯᠭ᠎ᠠ ᠶᠤᠰᠤᠭᠠᠷ᠂  ︽ᠳᠠᠪᠤ ᠶᠢ ᠨᠢᠭᠡ ᠴᠤᠬᠴᠠᠵᠢᠭᠤᠯᠬᠤ︾ ᠶᠡᠷᠦᠩᠭᠡᠢ ᠪᠠᠶᠢᠷᠢᠯᠠᠭᠤᠯᠤᠯᠳᠠ ᠶᠢ ᠨᠢᠭᠡᠳᠤᠯᠳᠡᠢ ᠳᠦᠯᠦᠪᠵᠢᠬᠦᠯᠤᠨ ᠠᠬᠢᠭᠤᠯᠵᠤ᠂  ︽ᠳᠦᠷᠪᠡᠨ ᠪᠦᠬᠦ ᠳᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠵᠤᠬᠢᠴᠠᠩᠭᠤᠢ ᠪᠠᠷ ᠠᠬᠢᠭᠤᠯᠤᠨ᠂  ᠭᠤᠤᠯᠳᠠᠯᠭ᠎ᠠ ᠶᠢ ᠠᠳᠬᠤᠬᠤ᠂  ᠳᠤᠳᠠᠭᠤᠳᠠᠯ ᠢ ᠨᠦᠬᠦᠪᠤᠷᠢᠯᠡᠬᠦ᠂ ᠪᠠᠭᠤᠷᠠᠢ ᠳᠠᠯ᠎ᠠ ᠪᠠᠨ ᠴᠢᠩᠭᠠᠳᠬᠠᠬᠤ ᠶᠢ ᠳᠤᠪᠤᠶᠢᠯᠭᠠᠨ᠂  ᠴᠢᠬᠤᠯᠠ ᠶᠡᠭᠡ ᠠᠶᠤᠯ ᠳᠦᠭᠰᠢᠬᠦᠷᠢ ᠶᠢ ᠰᠡᠷᠭᠡᠶᠢᠯᠡᠨ ᠨᠠᠮᠳᠠᠭᠤᠯᠬᠤ᠂  ᠤᠨᠢᠨ ᠳᠡᠭᠡᠷ᠎ᠠ ᠨᠢ ᠶᠠᠳᠠᠭᠤ ᠠᠴᠠ  ᠠᠩᠬᠢᠵᠢᠷᠠᠭᠤᠯᠬᠤ᠂  ᠪᠤᠬᠢᠷᠳᠤᠯ ᠢ ᠰᠡᠷᠭᠡᠶᠢᠯᠡᠨ ᠵᠠᠰᠠᠬᠤ ᠭᠤᠷᠪᠠᠨ ᠶᠡᠭᠡ ᠪᠤᠭᠤᠮᠳᠠ ᠰᠢᠪᠳᠤᠯᠬᠤ ᠳᠠᠶᠢᠯᠠᠯᠳᠤᠭᠠᠨ ᠢ ᠰᠠᠶᠢᠳᠤᠷ ᠬᠢᠵᠤ᠂  ᠬᠦᠭᠵᠢᠯᠳᠡ᠂  ᠠᠷᠠᠳ ᠤᠨ ᠠᠮᠢᠳᠤᠷᠠᠯ᠂  ᠠᠮᠢ ᠠᠬᠤᠢ ᠶᠢᠨ ᠬᠤᠷᠢᠭ᠎ᠠ ᠱᠤᠭᠤᠮ ᠢ ᠪᠠᠳᠤ ᠰᠠᠬᠢᠵᠤ᠂  ᠬᠢᠶ᠎ᠠ ᠪᠠᠭᠰᠢ ᠶᠢᠨ ᠠᠵᠤ ᠠᠬᠤᠢ ᠨᠡᠶᠢᠭᠡᠮ ᠤᠨ ᠦᠷᠬᠦᠯᠵᠢᠯᠡᠭᠰᠡᠨ ᠡᠷᠡᠬᠦᠯ ᠬᠦᠭᠵᠢᠯᠳᠡ ᠶᠢ ᠪᠠᠳᠤᠯᠠᠨ᠎ᠠ᠃       ᠭᠤᠤᠯ ᠬᠠᠷᠠᠯᠳᠠ ᠪᠤᠯ᠄  ᠤᠷᠤᠨ ᠨᠤᠳᠤᠭ ᠤᠨ ᠤᠶᠢᠯᠡᠳᠪᠤᠷᠢᠯᠡᠯ ᠤᠨ ᠶᠡᠷᠦᠩᠭᠡᠢ ᠦᠷᠳᠡᠭ ᠢ 6.5% ᠤᠷᠴᠢᠮ ᠢᠶᠠᠷ ᠨᠡᠮᠡᠭᠳᠡᠬᠦᠯᠤᠨ᠎ᠠ︔  ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠬᠦᠮᠤᠨ ᠳᠤᠮᠳᠠᠴᠢ ᠳᠤᠬᠢᠷᠠᠭᠤᠯᠵᠤ ᠪᠤᠯᠬᠤ ᠤᠷᠤᠯᠭ᠎ᠠ ᠶᠢ 7.5% ᠤᠷᠴᠢᠮ ᠢᠶᠠᠷ ᠨᠡᠮᠡᠭᠳᠡᠬᠦᠯᠤᠨ᠎ᠠ︔  ᠬᠤᠳᠠ ᠪᠠᠯᠭᠠᠰᠤᠨ ᠤ ᠳᠠᠩᠰᠠᠯᠠᠭᠤᠯᠤᠬᠰᠠᠨ ᠠᠵᠢᠯ ᠠᠯᠳᠠᠬᠰᠠᠳ ᠤᠨ ᠨᠤᠷᠮ᠎ᠠ ᠪᠠ ᠬᠤᠳᠠ ᠪᠠᠯᠭᠠᠰᠤᠨ ᠤ ᠪᠠᠶᠢᠴᠠᠭᠠᠬᠰᠠᠨ ᠠᠵᠢᠯ ᠠᠯᠳᠠᠬᠰᠠᠳ ᠤᠨ ᠨᠤᠷᠮ᠎ᠠ ᠶᠢ ᠳᠤᠰᠪᠤᠷᠢ 3.1% ᠪᠠ 5% ᠶᠢᠨ ᠳᠤᠳᠤᠷ᠎ᠠ ᠬᠢᠵᠠᠭᠠᠷᠯᠠᠨ᠎ᠠ︔ ᠮᠦᠩᠬᠦᠨ ᠬᠦᠢᠯᠭᠡᠭᠡ ᠡᠳ᠋ ᠤᠨ ᠵᠠᠰᠠᠭ ᠤᠨ ᠠᠶᠤᠯ ᠳᠦᠭᠰᠢᠬᠦᠷᠢ ᠶᠢ ᠪᠦᠳᠤᠮᠵᠢᠳᠡᠢ ᠰᠡᠷᠭᠡᠶᠢᠯᠡᠵᠤ᠂  ᠵᠠᠰᠠᠭ  ᠤᠨ ᠤᠷᠳᠤᠨ   ᠤ ᠦᠷᠢ ᠰᠢᠷᠢ ᠶᠢ ᠨᠠᠮᠳᠠᠭᠤᠯᠵᠤ ᠵᠢᠯ ᠤᠨ ᠡᠬᠦᠷᠭᠡ ᠶᠢ ᠪᠡᠶᠡᠯᠡᠬᠦᠯᠤᠨ᠎ᠠ᠃ᠳᠡᠭᠡᠷ᠎ᠠ ᠳᠤᠷᠠᠳᠤᠬᠰᠠᠨ ᠬᠠᠷᠠᠯᠳᠠ ᠶᠢᠨ ᠳᠤᠭᠤᠷᠢᠨ ᠳᠤ᠂  ᠳᠤᠤᠷᠠᠬᠢ ᠳᠠᠪᠤᠨ ᠳᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠳᠤᠷ ᠬᠢᠨ᠎ᠠ᠃     ︵ᠨᠢᠭᠡ︶ ᠴᠢᠬᠤᠯᠠ ᠶᠡᠭᠡ ᠠᠶᠤᠯ ᠳᠦᠭᠰᠢᠬᠦᠷᠢ ᠶᠢ ᠰᠡᠷᠭᠡᠶᠢᠯᠡᠨ ᠨᠠᠮᠳᠠᠭᠤᠯᠵᠤ᠂  ᠠᠵᠤ ᠠᠬᠤᠢ ᠶᠢᠨ ᠬᠦᠭᠵᠢᠯᠳᠡ ᠶᠢᠨ ᠰᠠᠭᠤᠷᠢ ᠶᠢ ᠪᠠᠳᠤᠳᠬᠠᠨ᠎ᠠ      ᠤᠯᠤᠰ ᠳᠦᠷᠦ ᠶᠢᠨ ᠤᠬᠠᠮᠰᠠᠷ ᠢ ᠦᠨᠡᠨ ᠬᠦ ᠴᠢᠩᠭᠠᠳᠬᠠᠵᠤ᠂  ᠵᠠᠰᠠᠭ ᠤᠨ ᠤᠷᠳᠤᠨ ᠤ ᠦᠷᠢ ᠰᠢᠷᠢ ᠶᠢᠨ ᠠᠶᠤᠯ ᠳᠦᠭᠰᠢᠬᠦᠷᠢ ᠶᠢ ᠰᠡᠷᠭᠡᠶᠢᠯᠡᠨ ᠨᠠᠮᠳᠠᠭᠤᠯᠵᠤ᠂  ᠦᠷᠢ ᠰᠢᠷᠢ ᠶᠢ ᠨᠠᠮᠳᠠᠭᠤᠯᠤᠨ ᠰᠢᠢᠳᠪᠤᠷᠢᠯᠡᠬᠦ  ᠵᠢᠯ ᠤᠨ ᠡᠬᠦᠷᠭᠡ ᠶᠢ ᠭᠤᠶᠢᠪᠢᠰᠢ ᠪᠡᠶᠡᠯᠡᠬᠦᠯᠤᠨ᠎ᠡ᠃ ᠤᠷᠤᠯᠭ᠎ᠠ ᠪᠠᠨ ᠨᠡᠮᠡᠭᠳᠡᠬᠦᠯᠵᠤ ᠵᠠᠷᠤᠯᠭ᠎ᠠ  ᠪᠠᠨ ᠪᠠᠭᠠᠰᠬᠠᠬᠤ ᠶᠢ ᠪᠠᠷᠢᠮᠳᠠᠯᠠᠨ᠎ᠠ᠃ ᠳᠠᠰᠤᠷᠠᠯᠳᠠ ᠦᠭᠡᠢ ᠬᠦᠭᠵᠢᠬᠦᠯᠬᠦ ᠶᠢ ᠦᠷᠢ ᠰᠢᠷᠢ ᠪᠠᠨ ᠨᠠᠮᠳᠠᠭᠤᠯᠬᠤ ᠦᠨᠳᠤᠰᠤᠨ ᠠᠷᠭ᠎ᠠ ᠪᠠᠷᠢᠯ ᠪᠤᠯᠭᠠᠵᠤ᠂  ᠭᠤᠤᠯᠯᠠᠬᠤ ᠠᠵᠤ ᠤᠶᠢᠯᠡᠰ ᠤᠨ ᠬᠦᠭᠵᠢᠯᠳᠡ ᠶᠢ ᠳᠦᠷᠭᠡᠳᠭᠡᠨ᠂  ᠬᠦᠮᠤᠨ ᠠᠮᠠ ᠤᠯᠠᠰᠢᠷᠠᠨ ᠬᠤᠳᠠᠯᠳᠤᠭ᠎ᠠ ᠮᠠᠶᠢᠮᠠᠢ ᠬᠦᠭᠵᠢᠶᠡᠨ ᠲᠠᠢ ᠪᠤᠯᠬᠤ ᠶᠢ ᠠᠬᠢᠭᠤᠯᠵᠤ᠂  ᠡᠳ᠋ ᠤᠨ ᠵᠠᠰᠠᠭ ᠤᠨ ᠤᠷᠤᠯᠭ᠎ᠠ ᠳᠤᠬᠳᠠᠭᠤᠨ ᠢᠶᠠᠷ ᠨᠡᠮᠡᠭᠳᠡᠬᠦ ᠶᠢ ᠪᠡᠶᠡᠯᠡᠬᠦᠯᠤᠨ᠎ᠠ᠃ ᠳᠦᠪ᠂  ᠦᠪᠡᠷᠳᠡᠭᠡᠨ ᠵᠠᠰᠠᠬᠤ ᠤᠷᠤᠨ ᠪᠠ ᠬᠤᠳᠠ ᠶᠢᠨ ᠨᠢᠭᠡ ᠪᠦᠯᠦᠭ ᠪᠡᠯᠡ ᠮᠦᠩᠬᠦ ᠪᠠᠷ ᠳᠡᠳᠬᠦᠬᠦ ᠳᠦᠷᠦ ᠶᠢᠨ ᠪᠤᠳᠤᠯᠭ᠎ᠠ ᠶᠢᠨ ᠠᠵᠠ ᠳᠤᠬᠢᠶᠠᠯ ᠢ ᠡᠵᠡᠮᠳᠡᠨ᠂ ᠪᠡᠯᠡ  ᠤᠷᠤᠭᠤᠯᠤᠯᠳᠠ ᠶᠢᠨ ᠬᠠᠨᠳᠤᠰᠢ ᠶᠢ ᠤᠨᠤᠪᠴᠢᠳᠠᠢ ᠡᠵᠡᠮᠳᠡᠵᠤ᠂ ᠪᠡᠯᠡ ᠮᠦᠩᠬᠦ ᠬᠤᠪᠢᠳᠠᠨ ᠤᠯᠬᠤ ᠬᠦᠴᠤᠯᠡᠴᠡ ᠪᠠᠨ ᠨᠡᠮᠡᠭᠳᠡᠬᠦᠯᠤᠨ᠎ᠠ᠃  ᠠᠷᠪᠢᠯᠠᠨ  ᠭᠠᠮᠨᠠᠬᠤ ᠦᠵᠡᠯ ᠰᠠᠨᠠᠭ᠎ᠠ ᠶᠢ ᠪᠠᠳᠤ ᠪᠠᠭᠢ ᠪᠤᠢ ᠪᠤᠯᠭᠠᠵᠤ᠂ ᠡᠳ᠋ ᠤᠨ ᠵᠠᠰᠠᠭ ᠤᠨ ᠪᠡᠯᠡ ᠮᠦᠩᠬᠦ ᠪᠤᠯᠭᠠᠨ ᠢ  ᠤᠨᠢᠨ ᠳᠡᠭᠡᠷ᠎ᠠ ᠨᠢ ᠭᠡᠷᠡᠭᠯᠡᠵᠤ᠂ ᠡᠨᠡ ᠵᠢᠯ ᠤᠨ ᠤᠯᠠᠨ ᠨᠡᠶᠢᠳᠡ ᠶᠢᠨ ᠳᠦᠰᠤᠪ ᠤᠨ ᠵᠠᠷᠤᠯᠭ᠎ᠠ ᠶᠢ ᠨᠢᠳᠤᠨᠤᠨ ᠤ ᠰᠠᠭᠤᠷᠢᠨ ᠳᠡᠭᠡᠷ᠎ᠠ 30% ᠪᠠᠷ ᠬᠠᠰᠤᠨ᠎ᠠ᠃  ᠵᠠᠰᠠᠭ ᠤᠨ ᠤᠷᠳᠤᠨ ᠤ ᠪᠡᠯᠡ ᠤᠷᠤᠭᠤᠯᠤᠯᠳᠠ ᠶᠢᠨ ᠳᠦᠷᠤᠯ ᠵᠤᠶᠢᠯ ᠢ ᠪᠦᠬᠦ ᠳᠠᠯ᠎ᠠ ᠪᠠᠷ ᠴᠡᠪᠡᠷᠯᠡᠨ ᠴᠡᠭᠴᠡᠯᠡᠵᠤ᠂ ᠰᠢᠨ᠎ᠠ  ᠪᠠᠷ ᠭᠡᠷᠡᠭᠵᠢᠬᠦᠯᠵᠤ ᠪᠠᠶᠢᠭ᠎ᠠ ᠳᠦᠷᠤᠯ ᠵᠤᠶᠢᠯ ᠳᠤ ᠦᠷᠢ ᠰᠢᠷᠢ ᠶᠢᠨ ᠠᠶᠤᠯ ᠳᠦᠭᠰᠢᠬᠦᠷᠢ ᠶᠢᠨ ᠦᠨᠡᠯᠡᠯᠳᠡ ᠪᠠ ᠬᠠᠤᠯᠢ ᠶᠤᠰᠤᠨ ᠤ ᠴᠢᠨᠠᠷᠳᠠᠢ ᠬᠢᠨᠠᠨ ᠪᠠᠶᠢᠴᠠᠭᠠᠯᠳᠠ ᠬᠢᠬᠦ ᠶᠢ ᠴᠢᠩᠭ᠎ᠠ ᠭᠡᠷᠡᠭᠵᠢᠬᠦᠯᠤᠨ᠎ᠠ᠃ ᠦᠷᠢ ᠰᠢᠷᠢ ᠶᠢ ᠨᠠᠮᠳᠠᠭᠤᠯᠬᠤ ᠠᠷᠭ᠎ᠠ ᠭᠡᠮᠵᠢᠶ᠎ᠠ ᠶᠢ ᠴᠢᠩᠭᠠᠳᠬᠠᠨ᠎ᠠ᠃ ᠵᠢᠭᠡᠯᠡᠯᠭᠡ ᠶᠢᠨ  ᠳᠡᠮᠳᠡᠭᠳᠤ ᠪᠠᠷ ᠰᠤᠯᠢᠬᠤ᠂  ᠬᠦᠷᠦᠩᠭᠡ ᠶᠢ ᠰᠢᠢᠳᠪᠤᠷᠢᠯᠡᠬᠦ᠂  ᠬᠢᠨᠠᠨ ᠪᠤᠳᠤᠯᠳᠠ ᠶᠢ ᠴᠢᠩᠭᠠᠳᠬᠠᠬᠤ᠂ ᠵᠢᠭᠡᠯᠡᠯᠭᠡ ᠶᠢᠨ ᠳᠡᠮᠳᠡᠭᠳᠤ ᠶᠢᠨ ᠡᠭᠡ ᠬᠦᠤ ᠮᠦᠡᠭᠬᠦ ᠶᠢ ᠰᠠᠯᠭᠠᠬᠤ ᠵᠡᠷᠭᠡ ᠦᠷᠢ ᠰᠢᠷᠢ ᠶᠢ ᠨᠠᠮᠳᠠᠭᠤᠯᠬᠤ ᠠᠷᠭ᠎ᠠ ᠪᠠᠷᠢᠯ ᠢ ᠶᠡᠷᠦᠩᠭᠡᠶᠢᠯᠡᠨ ᠭᠡᠷᠡᠭᠯᠡᠵᠤ᠂ ︽ᠳᠦᠷᠭᠡᠯᠡᠵᠤ ᠳᠡᠶᠢᠯᠪᠡᠯ ᠵᠢᠭᠠᠬᠠᠨ ᠴᠦ ᠤᠳᠠᠭᠠᠰᠢᠷᠠᠭᠤᠯᠵᠤ ᠪᠤᠯᠬᠤ ᠦᠭᠡᠢ︾ ᠵᠠᠷᠴᠢᠮ ᠶᠤᠰᠤᠭᠠᠷ᠂  ᠳᠦᠯᠦᠪᠯᠡᠭᠡ ᠶᠤᠰᠤᠭᠠᠷ ᠠᠯᠬᠤᠮ ᠳᠠᠷᠠᠭ᠎ᠠ ᠲᠠᠢ ᠪᠠᠷ ᠦᠷᠢ ᠰᠢᠷᠢ ᠶᠢ ᠬᠤᠯᠠᠵᠤ᠂  ᠬᠠᠮᠤᠭ ᠶᠡᠭᠡ ᠴᠢᠷᠮᠠᠶᠢᠯᠭ᠎ᠠ ᠪᠠᠷ ᠦᠷᠢ ᠰᠢᠷᠢ ᠶᠢᠨ ᠶᠡᠷᠦᠩᠭᠡᠢ ᠳᠤᠭ᠎ᠠ ᠶᠢ ᠪᠠᠭᠠᠰᠬᠠᠨ᠎ᠠ᠃ ᠦᠷᠢ ᠰᠢᠷᠢ ᠶᠢᠨ ᠬᠠᠮᠢᠶᠠᠷᠤᠯᠳᠠ ᠶᠢ ᠳᠦᠷᠢᠮᠵᠢᠬᠦᠯᠤᠨ᠎ᠠ᠃ ᠦᠷᠢ  ᠰᠢᠷᠢ ᠶᠢᠨ  ᠬᠦᠳᠡᠯᠦᠩᠬᠦᠢ ᠬᠠᠮᠢᠶᠠᠷᠤᠯᠳᠠ ᠶᠢ ᠴᠢᠩᠭᠠᠳᠬᠠᠬᠤ᠂  ᠦᠷᠢ  ᠰᠢᠷᠢ ᠶᠢᠨ ᠠᠶᠤᠯ ᠳᠦᠭᠰᠢᠬᠦᠷᠢ ᠶᠢ ᠤᠷᠢᠳᠴᠢᠯᠠᠨ ᠰᠡᠷᠡᠮᠵᠢᠯᠡᠬᠦᠯᠬᠦ᠂ ᠵᠢᠭᠡᠯᠡᠯᠭᠡ ᠶᠢ ᠬᠤᠯᠠᠬᠤ ᠪᠡᠯᠡᠳᠭᠡᠯ ᠮᠦᠩᠬᠦ ᠭᠠᠷᠭᠠᠬᠤ ᠵᠡᠷᠭᠡ ᠳᠠᠭᠠᠭᠠᠮᠠᠭᠠᠢ ᠳᠤᠬᠳᠠᠴᠠ ᠶᠢ ᠪᠠᠶᠢᠭᠤᠯᠵᠤ᠂  ᠵᠠᠰᠠᠭ ᠤᠨ ᠤᠷᠳᠤᠨ ᠤ ᠦᠷᠢ  ᠰᠢᠷᠢ ᠶᠢ ᠪᠦᠬᠦ ᠳᠠᠯ᠎ᠠ ᠪᠠᠷ ᠬᠠᠮᠢᠶᠠᠷᠬᠤ ᠪᠠ ᠬᠦᠳᠡᠯᠦᠩᠬᠦᠢ ᠪᠠᠷ ᠬᠢᠨᠠᠨ ᠬᠠᠮᠢᠶᠠᠷᠬᠤ  ᠶᠢ ᠪᠡᠶᠡᠯᠡᠬᠦᠯᠤᠨ᠎ᠠ᠃ ᠵᠢᠭᠡᠯᠡᠯᠭᠡ ᠠᠪᠬᠤ ᠠᠵᠢᠯᠯᠠᠭ᠎ᠠ ᠶᠢ ᠴᠢᠨᠠᠬᠰᠢᠳᠠ ᠲᠦᠷᠢᠮᠵᠢᠬᠦᠯᠵᠤ᠂ ᠬᠠᠤᠯᠢ ᠲᠤᠬᠳᠠᠭᠠᠯ ᠢ ᠵᠦᠷᠢᠴᠡᠨ ᠵᠢᠭᠡᠯᠡᠯᠭᠡ ᠠᠪᠬᠤ ᠶᠢ ᠡᠷᠡᠰ ᠬᠤᠷᠢᠬᠯᠠᠨ᠎ᠠ᠃  ᠮᠦᠩᠬᠦᠨ ᠬᠦᠢᠯᠭᠡᠭᠡᠨ ᠤ ᠠᠶᠤᠯ ᠳᠦᠭᠰᠢᠬᠦᠷᠢ ᠶᠢ ᠰᠡᠷᠭᠡᠶᠢᠯᠡᠨ᠎ᠠ᠃ ᠮᠦᠩᠬᠦᠨ ᠬᠦᠢᠯᠭᠡᠭᠡᠨ ᠤ ᠠᠶᠤᠯ ᠳᠦᠭᠰᠢᠬᠦᠷᠢ ᠶᠢ ᠰᠡᠷᠭᠡᠶᠢᠯᠡᠬᠦ ᠠᠵᠢᠯ ᠢ ᠨᠢᠭᠡᠳᠤᠯᠳᠡᠢ ᠳᠦᠯᠦᠪᠵᠢᠬᠦᠯᠤᠨ ᠰᠠᠶᠢᠳᠤᠷ ᠬᠢᠵᠤ᠂  ᠬᠠᠤᠯᠢ ᠪᠤᠰᠤ ᠮᠦᠩᠬᠦᠨ ᠬᠦᠢᠯᠭᠡᠭᠡᠨ ᠤ ᠠᠵᠢᠯᠯᠠᠭ᠎ᠠ ᠳᠤ ᠡᠷᠡᠰ ᠴᠤᠬᠢᠯᠳᠠ ᠦᠭᠴᠤ᠂ ᠨᠡᠶᠢᠭᠡᠮ ᠤᠨ ᠢᠳᠡᠭᠡᠮᠵᠢ ᠶᠢᠨ ᠲᠤᠬᠳᠠᠯᠴᠠᠭᠠᠨ ᠤ ᠪᠠᠶᠢᠭᠤᠯᠤᠯᠳᠠ ᠶᠢ ᠴᠢᠩᠭᠠᠳᠬᠠᠵᠤ᠂ ᠰᠢᠰᠲ᠋ᠧᠮᠴᠢ ᠴᠢᠨᠠᠷᠳᠠᠢ ᠮᠦᠡᠭᠬᠦᠨ ᠬᠦᠢᠯᠭᠡᠭᠡᠨ ᠤ ᠠᠶᠤᠯ ᠲᠦᠭᠰᠢᠬᠦᠷᠢ ᠶᠢ ᠡᠬᠦᠰᠭᠡᠬᠦ ᠦᠭᠡᠢ ᠪᠠᠶᠢᠯᠭᠠᠬᠤ ᠬᠤᠷᠢᠭ᠎ᠠ ᠱᠤᠭᠤᠮ ᠢ ᠰᠠᠬᠢᠨ᠎ᠠ᠃       ︵ᠬᠤᠶᠠᠷ︶ ᠬᠠᠩᠭᠠᠯᠭ᠎ᠠ ᠭᠡᠷᠡᠭᠴᠡᠭᠡ ᠬᠤᠶᠠᠷ ᠳᠠᠯ᠎ᠠ ᠪᠠᠷ  ᠬᠦᠴᠤᠯᠡᠬᠦ ᠶᠢ ᠴᠢᠩᠭᠠᠳᠬᠠᠵᠤ᠂ ᠠᠵᠤ ᠠᠬᠤᠢ ᠶᠢᠨ ᠬᠦᠭᠵᠢᠯᠳᠡ ᠶᠢᠨ ᠬᠦᠳᠡᠯᠭᠡᠭᠴᠢ ᠬᠦᠴᠤᠨ  ᠢ ᠴᠢᠩᠭᠠᠷᠠᠭᠤᠯᠤᠨ᠎ᠠ      ᠪᠦᠳᠤᠮᠵᠢᠳᠡᠢ ᠪᠡᠯᠡ ᠤᠷᠤᠭᠤᠯᠤᠯᠳᠠ ᠶᠢ ᠦᠷᠬᠦᠯᠵᠢᠯᠡᠨ ᠦᠷᠭᠡᠳᠭᠡᠨ᠎ᠠ᠃  ᠬᠠᠩᠭᠠᠯᠭ᠎ᠠ ᠶᠢᠨ ᠳᠠᠯ᠎ᠠ ᠶᠢᠨ ᠪᠦᠳᠤᠴᠡ ᠶᠢᠨ ᠴᠢᠨᠠᠷᠳᠠᠢ ᠦᠭᠡᠷᠡᠴᠢᠯᠡᠯᠳᠡ ᠶᠢ ᠳᠠᠰᠤᠷᠠᠯᠳᠠ ᠦᠭᠡᠢ ᠬᠦᠨᠵᠡᠭᠡᠶᠢᠷᠡᠬᠦᠯᠵᠤ᠂  ᠪᠦᠳᠤᠮᠵᠢᠳᠡᠢ ᠪᠡᠯᠡ ᠤᠷᠤᠭᠤᠯᠤᠯᠳᠠ ᠳᠤᠮᠳᠠ ᠬᠦᠭᠵᠢᠯᠳᠡ ᠶᠢᠨ ᠳᠤᠳᠠᠭᠤᠳᠠᠯ ᠢ ᠨᠦᠬᠦᠪᠤᠷᠢᠯᠡᠬᠦ ᠶᠢ ᠦᠷᠭᠡᠳᠭᠡᠨ᠂  ᠪᠦᠳᠤᠮᠵᠢᠳᠡᠢ ᠬᠠᠩᠭᠠᠯᠭ᠎ᠠ ᠶᠢ ᠨᠡᠮᠡᠭᠳᠡᠬᠦᠯᠬᠦ᠂  ᠪᠤᠳᠠᠳᠤ ᠴᠤᠬᠴᠠ ᠶᠢᠨ ᠠᠵᠤ ᠠᠬᠤᠢ ᠶᠢ ᠬᠦᠭᠵᠢᠬᠦᠯᠤᠨ᠎ᠠ᠃  ︽ᠪᠦᠳᠤᠴᠡ ᠶᠢ ᠰᠢᠯᠢᠳᠡᠭᠵᠢᠬᠦᠯᠤᠨ ᠭᠡᠮᠵᠢᠶ᠎ᠡ ᠶᠢ ᠨᠡᠮᠡᠭᠳᠡᠬᠦᠯᠬᠦ᠂ ᠬᠠᠳᠠᠭᠠᠯᠠᠮᠵᠢ ᠶᠢ ᠬᠦᠭᠵᠢᠭᠡᠬᠦ᠂ ᠶᠠᠰᠤ ᠴᠢᠨᠠᠷ ᠢ ᠲᠡᠭᠡᠭᠰᠢᠯᠡᠬᠦᠯᠬᠦ︾ ᠱᠠᠭᠠᠷᠳᠠᠯᠭ᠎ᠠ ᠶᠤᠰᠤᠭᠠᠷ᠂ ᠨᠢᠭᠡ ᠪᠦᠯᠦᠭ ᠲᠤᠮᠤ ᠪᠦᠭᠡᠳ ᠰᠢᠯᠢᠳᠡᠭ ᠤᠳᠤ ᠦᠶ᠎ᠡ ᠶᠢᠨ ᠦᠢᠯᠡᠴᠢᠯᠡᠭᠡᠨ ᠤ ᠲᠦᠷᠦᠯ ᠵᠦᠢᠯ ᠢ ᠴᠢᠷᠮᠠᠶᠢᠨ ᠠᠬᠢᠭᠤᠯᠵᠤ᠂ ᠨᠢᠭᠡ ᠪᠦᠯᠦᠭ ᠬᠤᠳᠠ ᠶᠢᠨ ᠶᠠᠪᠤᠳᠠᠯ ᠤᠨ ᠰᠠᠭᠤᠷᠢ ᠲᠦᠬᠦᠭᠡᠷᠤᠮᠵᠢ ᠶᠢᠨ ᠲᠦᠷᠦᠯ ᠤᠨ ᠲᠦᠷᠦᠯ ᠵᠦᠢᠯ ᠢ ᠲᠦᠷᠭᠡᠨ ᠲᠡᠬᠦᠯᠳᠡᠷᠵᠢᠬᠦᠯᠤᠨ᠂ ᠨᠢᠭᠡ ᠪᠦᠯᠦᠭ ᠠᠷᠠᠳ ᠤᠨ ᠠᠮᠢᠳᠤᠷᠠᠯ ᠤᠨ ᠪᠠᠳᠤᠯᠠᠭ᠎ᠠ ᠶᠢᠨ ᠲᠦᠷᠦᠯ ᠤᠨ ᠲᠦᠷᠦᠯ ᠵᠦᠢᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠎ᠠ᠃ ᠪᠦᠬᠦ ᠵᠢᠯ ᠳᠤ ᠭᠤᠤᠯᠳᠠᠯᠭ᠎ᠠ ᠲᠠᠢ ᠳᠦᠷᠤᠯ ᠵᠤᠶᠢᠯ ᠢ 72  ᠲᠤᠬᠢᠷᠠᠭᠤᠯᠵᠤ᠂  ᠡᠬᠦᠨ ᠳᠤ  ᠳ᠋ᠦᠩᠰᠢᠭᠤᠷ ᠳᠦᠬᠦᠷᠢᠭ ᠠᠴᠠ ᠳᠡᠭᠡᠭᠰᠢᠬᠢ ᠳᠦᠷᠤᠯ ᠵᠤᠶᠢᠯ 32 ᠪᠤᠢ︔  ᠶᠡᠷᠦᠩᠭᠡᠢ ᠪᠡᠯᠡ ᠤᠷᠤᠭᠤᠯᠤᠯᠳᠠ ᠶᠢ174.7 ᠳ᠋ᠦᠩᠰᠢᠭᠤᠷ ᠳᠦᠬᠦᠷᠢᠭ ᠪᠠᠶᠢᠵᠤ᠂  ᠵᠢᠯ ᠤᠨ ᠳᠤᠳᠤᠷ᠎ᠠ 25.38 ᠳ᠋ᠦᠩᠰᠢᠭᠤᠷ ᠳᠦᠬᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠬᠦᠯᠤᠨ᠎ᠠ᠃ ᠳᠦᠷᠤᠯ ᠵᠤᠶᠢᠯ ᠢ ᠠᠬᠢᠭᠤᠯᠬᠤ ᠳᠤᠬᠳᠠᠴᠠ ᠶᠢ ᠪᠦᠷᠢᠨᠰᠢᠬᠦᠯᠤᠨ ᠳᠡᠬᠦᠯᠳᠡᠷᠵᠢᠬᠦᠯᠵᠤ᠂  ᠳᠦᠷᠤᠯ ᠵᠤᠶᠢᠯ ᠤᠨ ᠪᠡᠯᠡ ᠤᠷᠤᠭᠤᠯᠤᠯᠳᠠ ᠶᠢ ᠬᠢᠨᠠᠨ  ᠵᠦᠪᠰᠢᠶᠡᠷᠡᠬᠦ ᠳᠦᠷᠢᠮ᠂  ᠬᠤᠯᠪᠤᠭᠠᠯᠠᠨ ᠦᠨᠡᠯᠡᠬᠦ ᠳᠦᠷᠢᠮ ᠪᠠ  ᠬᠤᠯᠪᠤᠭᠠᠯᠠᠨ ᠬᠢᠨᠠᠬᠤ ᠳᠦᠷᠢᠮ ᠢ  ᠭᠡᠷᠡᠭᠵᠢᠬᠦᠯᠵᠤ᠂  ᠰᠢᠯᠢᠳᠡᠭ ᠪᠦᠳᠤᠮᠵᠢᠳᠡᠢ ᠤᠶᠢᠯᠡᠴᠢᠯᠡᠭᠡ᠂  ᠬᠦᠳᠡᠯᠦᠩᠬᠦᠢ ᠴᠢᠩᠭ᠎ᠠ ᠬᠢᠨᠠᠨ ᠬᠠᠮᠢᠶᠠᠷᠤᠯᠳᠠ ᠪᠠᠷ ᠳᠦᠷᠤᠯ ᠵᠤᠶᠢᠯ ᠤᠨ ᠡᠷᠳᠡ ᠪᠠᠷᠢᠯᠭ᠎ᠠ ᠡᠬᠢᠯᠡᠬᠦᠯᠬᠦ᠂  ᠡᠷᠳᠡ ᠨᠤᠳᠤᠬᠰᠢᠬᠤ᠂ ᠡᠷᠳᠡ ᠦᠷ᠎ᠠ ᠠᠰᠢᠭ ᠤᠯᠬᠤ ᠶᠢ ᠠᠬᠢᠭᠤᠯᠤᠨ᠎ᠠ᠃       ᠰᠤᠶᠤᠯ ᠵᠤᠭᠠᠴᠠᠯ ᠤᠨ ᠦᠢᠯᠡᠰ ᠤᠨ ᠬᠦᠭᠵᠢᠯᠳᠡ ᠶᠢ ᠲᠦᠷᠭᠡᠳᠭᠡᠨ᠎ᠡ᠃  ᠤᠯᠤᠰ ᠤᠨ ᠪᠦᠬᠦ ᠭᠡᠪᠴᠢᠶᠡᠨ ᠤ ᠵᠤᠭᠠᠴᠠᠯ ᠤᠨ ᠵᠢᠱᠢᠶ᠎ᠠ ᠦᠵᠡᠬᠦᠯᠬᠦ ᠤᠷᠤᠨ  ᠢ ᠡᠬᠦᠳᠤᠨ ᠪᠠᠶᠢᠭᠤᠯᠬᠤ ᠠᠵᠢᠯ ᠢ ᠬᠦᠨᠵᠡᠭᠡᠢ ᠠᠬᠢᠭᠤᠯᠵᠤ᠂  ᠦᠵᠡᠮᠵᠢ ᠶᠢᠨ ᠴᠡᠭ ᠤᠨ ᠪᠦᠳᠤᠭᠡᠨ ᠪᠠᠶᠢᠭᠤᠯᠤᠯᠳᠠ ᠪᠠᠷ ᠰᠠᠭᠤᠷᠢ ᠪᠤᠯᠭᠠᠨ᠂ ᠰᠤᠶᠤᠯ ᠵᠤᠭᠠᠴᠠᠯ ᠢ ᠠᠭᠤᠰᠤᠯᠴᠠᠭᠤᠯᠬᠤ ᠪᠠᠷ ᠭᠤᠤᠯᠳᠠᠯᠭ᠎ᠠ ᠪᠤᠯᠭᠠᠵᠤ᠂  ᠤᠶᠢᠯᠡᠴᠢᠯᠡᠭᠡ ᠶᠢ ᠰᠢᠯᠢᠳᠡᠭᠵᠢᠬᠦᠯᠬᠦ ᠠᠴᠠ  ᠭᠠᠷᠳᠠᠨ᠂  ᠬᠢᠶ᠎ᠠ ᠪᠠᠭᠰᠢ ᠶᠢᠨ ᠵᠤᠭᠠᠴᠠᠯ ᠤᠨ  ᠨᠡᠷᠡᠳᠤ ᠳᠡᠮᠳᠡᠭ  ᠤᠨ  ᠳᠦᠷᠢ ᠳᠦᠷᠬᠦ ᠶᠢ ᠪᠦᠬᠦ ᠳᠠᠯ᠎ᠠ ᠪᠠᠷ ᠲᠡᠭᠡᠭᠰᠢᠯᠡᠬᠦᠯᠤᠨ᠎ᠡ᠃ ᠨᠢᠭᠡ ᠳᠤ ᠪᠦᠬᠦ ᠭᠡᠪᠴᠢᠶᠡᠨ ᠤ ᠵᠤᠭᠠᠴᠠᠯ ᠤᠨ ᠠᠭᠤᠯᠭ᠎ᠠ ᠶᠢ ᠪᠡᠶᠠᠯᠢᠬᠵᠢᠭᠤᠯᠤᠨ᠎ᠠ᠃  ᠬᠢᠶ᠎ᠠ ᠪᠠᠯᠭᠠᠰᠤ ᠶᠢᠨ ︵ᠬᠤᠶᠠᠳᠤᠭᠠᠷ ᠬᠤᠭᠤᠴᠠᠭᠠᠨ ᠤ︶ ᠪᠦᠳᠤᠭᠡᠨ ᠪᠠᠶᠢᠭᠤᠯᠤᠯᠳᠠ ᠶᠢ ᠡᠬᠢᠯᠡᠬᠦᠯᠤᠨ᠂  ᠤᠳᠤ ᠡᠵᠡᠩᠨᠡᠵᠤ ᠪᠠᠶᠢᠭ᠎ᠠ ᠠᠵᠢᠯ ᠤᠶᠢᠯᠡᠰ ᠢ ᠨᠡᠶᠢᠯᠡᠬᠦᠯᠤᠨ ᠬᠦᠭᠵᠢᠬᠦᠯᠵᠤ᠂  ᠤᠨᠴᠠᠯᠢᠬᠳᠤ ᠰᠤᠶᠤᠯ ᠵᠤᠭᠠᠴᠠᠯ ᠤᠨ  ᠵᠢᠵᠢᠭ ᠪᠠᠯᠭᠠᠰᠤ ᠪᠠᠷ ᠳᠡᠭᠡᠭᠡᠭᠴᠢ ᠪᠡᠶ᠎ᠡ ᠪᠤᠯᠭᠠᠬᠤ ᠪᠠᠷ ᠰᠦᠪᠡᠭᠴᠢᠯᠡᠵᠤ AAAA ᠳᠡᠰ ᠤᠨ ᠵᠤᠭᠠᠴᠠᠯ  ᠤᠨ ᠦᠵᠡᠮᠵᠢ ᠶᠢᠨ ᠤᠷᠤᠨ ᠪᠤᠯᠬᠤ ᠪᠠᠷ ᠮᠡᠳᠡᠬᠦᠯᠤᠨ᠎ᠠ᠃  ᠳᠡᠷᠭᠡ ᠤᠷᠤᠯᠳᠤᠬᠤ ᠬᠤᠳᠠ ᠶᠢᠨ ᠰᠤᠶᠤᠯ ᠵᠤᠭᠠᠴᠠᠯ ᠤᠨ ᠦᠵᠡᠮᠵᠢ ᠶᠢᠨ ᠤᠷᠤᠨ ᠤ ᠬᠦᠭᠵᠢᠯᠳᠡ  ᠶᠢᠨ ᠠᠮᠢᠵᠢᠷᠠᠯ ᠤᠨ ᠬᠦᠴᠤᠨ ᠢ ᠬᠦᠭᠵᠢᠭᠡᠵᠤ᠂  ᠳᠡᠷᠭᠡᠨ ᠤᠷᠤᠯᠳᠤᠭᠠᠨ ᠬᠠᠯᠠᠭᠤᠨ ᠷᠠᠰᠢᠶᠠᠨ ᠤᠰᠤᠨ ᠤ ᠶᠡᠷᠳᠢᠨᠴᠤ᠂  ᠳᠡᠷᠭᠡ ᠤᠷᠤᠯᠳᠤᠬᠤ ᠶᠢ ᠪᠡᠶᠡᠴᠢᠯᠡᠨ ᠤᠶᠢᠯᠠᠭᠠᠬᠤ ᠰᠠᠭᠤᠷᠢᠨ ᠭᠠᠵᠠᠷ᠂  ᠰᠢᠨᠤᠯᠳᠠᠢ ᠪᠠᠷ ᠳᠡᠷᠭᠡ ᠤᠷᠤᠯᠳᠤᠬᠤ ᠶᠢ ᠪᠡᠶᠡᠴᠢᠯᠡᠨ ᠤᠶᠢᠯᠠᠭᠠᠬᠤ ᠤᠷᠤᠨ ᠵᠡᠷᠭᠡ ᠵᠤᠭᠠᠴᠠᠯ ᠤᠨ ᠳᠦᠷᠤᠯ ᠵᠤᠶᠢᠯ ᠢ ᠰᠢᠨ᠎ᠠ ᠪᠠᠷ ᠨᠡᠮᠡᠭᠳᠡᠬᠦᠯᠵᠤ᠂  ᠰᠢᠨ᠎ᠡ ᠪᠦᠬᠦ ᠭᠡᠪᠴᠢᠶᠡᠨ ᠤ ᠵᠤᠭᠠᠴᠠᠯ ᠤᠨ ᠲᠦᠷᠦᠯ ᠲᠡᠮᠳᠡᠭ ᠢ ᠡᠬᠦᠳᠤᠨ᠎ᠡ᠃  ᠤᠷᠳᠤᠰ  ᠬᠤᠷᠢᠮ ᠤᠨ ᠰᠤᠶᠤᠯ ᠤᠨ ᠤᠷᠳᠤᠨ ᠢ ᠠᠰᠢᠬᠯᠠᠯᠳᠠ  ᠳᠤ ᠤᠷᠤᠭᠤᠯᠵᠤ᠂ ᠭᠡᠷᠡᠭᠯᠡᠭᠡ ᠪᠠ ᠪᠡᠶᠡᠳᠡᠨ ᠤᠷᠤᠯᠴᠠᠬᠤ ᠠᠭᠤᠯᠭ᠎ᠠ ᠶᠢ ᠨᠡᠮᠡᠭᠳᠡᠬᠦᠯᠵᠤ᠂ ᠬᠤᠷᠢᠮ ᠤᠨ ᠰᠤᠶᠤᠯ ᠤᠨ ᠬᠦᠷᠢᠶᠠᠯᠡᠩ ᠲᠠᠢ ᠤᠶᠢᠯᠡᠳᠤᠯ ᠴᠢᠳᠠᠪᠬᠢ   ᠪᠠᠨ ᠬᠠᠷᠢᠯᠴᠠᠨ ᠨᠦᠬᠦᠪᠤᠷᠢᠯᠡᠵᠤ᠂  ᠬᠤᠯᠪᠤᠭᠠᠯᠠᠨ ᠬᠦᠭᠵᠢᠬᠦ ᠶᠢ ᠪᠡᠶᠡᠯᠡᠬᠦᠯᠤᠨ᠎ᠠ᠃ ᠤᠯᠠᠭᠠᠨᠮᠦ᠋ᠷᠡᠨ ᠨᠠᠭᠤᠷ ᠤᠨ ᠵᠤᠭᠠᠴᠠᠯ ᠤᠨ ᠦᠢᠯᠡᠳᠬᠦᠨ ᠤ ᠲᠤᠬᠳᠠᠯᠴᠠᠭ᠎ᠠ  ᠶᠢ ᠲᠡᠬᠦᠯᠳᠡᠷᠵᠢᠬᠦᠯᠵᠤ᠂ ᠴᠢᠩ ᠴᠦᠨ ᠨᠤᠭᠤ ᠭᠠᠵᠠᠷ ᠤᠨ ᠴᠡᠴᠡᠷᠯᠢᠭ ᠪᠤᠯᠤᠨ ᠺᠤᠤ ᠺᠤᠤ ᠱᠢ ᠨᠠ ᠰᠤᠶᠤᠯ ᠤᠨ ᠠᠵᠤ ᠦᠢᠯᠡᠰ ᠤᠨ ᠬᠦᠷᠢᠶᠠᠯᠡᠩ ᠤᠨ ᠪᠠᠷᠢᠯᠭ᠎ᠠ  ᠶᠢ ᠡᠬᠢᠯᠡᠬᠦᠯᠵᠤ᠂ ᠰᠡᠯᠡᠬᠦᠴᠡᠨ ᠠᠮᠠᠷᠠᠬᠤ ᠬᠢᠭᠡᠳ ᠪᠢᠡᠭ ᠱᠦᠢ ᠵᠤᠭ᠎ᠠ ᠴᠡᠩᠭᠡᠯ ᠤᠨ ᠪᠠᠶᠠᠴᠢᠯᠡᠨ ᠤᠷᠤᠯᠴᠠᠬᠤ ᠲᠤᠭᠤᠷᠢᠭ ᠢ ᠪᠦᠷᠢᠯᠳᠦᠬᠦᠯᠤᠨ᠎ᠡ᠃ ᠬᠤᠶᠠᠷ ᠲᠤ᠂ ᠵᠤᠭᠠᠴᠠᠯ ᠤᠨ ᠦᠢᠯᠡᠴᠢᠯᠡᠭᠡᠨ ᠤ ᠤᠷᠴᠢᠨ ᠲᠤᠭᠤᠷᠢᠨ ᠢ ᠰᠢᠯᠢᠳᠡᠭᠵᠢᠬᠦᠯᠤᠨ᠎ᠡ᠃ ᠵᠤᠭᠠᠴᠠᠯ ᠤᠨ ᠤᠯᠠᠨ ᠨᠡᠶᠢᠳᠡ ᠶᠢᠨ ᠦᠢᠯᠡᠴᠢᠯᠡᠭᠡᠨ ᠤ ᠲᠤᠬᠳᠠᠯᠴᠠᠭ᠎ᠠ ᠶᠢ ᠪᠠᠶᠢᠭᠤᠯᠵᠤ᠂ ᠵᠤᠭᠠᠴᠠᠯ ᠤᠨ ᠵᠠᠮ ᠬᠠᠷᠢᠯᠴᠠᠭ᠎ᠠ᠂ ᠵᠤᠭᠠᠴᠠᠯ ᠶᠢᠨ ᠨᠡᠶᠢᠳᠡ ᠶᠢᠨ ᠵᠤᠷᠯᠤᠩ᠂ ᠵᠤᠭᠠᠴᠠᠯ ᠤᠨ ᠪᠡᠯᠭᠡ ᠲᠡᠮᠳᠡᠭ ᠵᠡᠷᠭᠡ ᠢᠵᠢ ᠪᠦᠷᠢᠳᠦᠭᠰᠡᠨ ᠲᠦᠬᠦᠭᠡᠷᠤᠮᠵᠢ ᠶᠢ ᠲᠡᠬᠦᠯᠳᠡᠷᠵᠢᠬᠦᠯᠤᠨ᠎ᠡ᠃ ︽1+ 3+N︾ ᠵᠤᠭᠠᠴᠠᠯ ᠤᠨ ᠵᠠᠬ᠎ᠠ ᠲᠡᠯᠭᠡᠬᠦᠷ ᠤᠨ ᠬᠢᠨᠠᠨ ᠬᠠᠮᠢᠶᠠᠷᠬᠤ ᠵᠠᠬᠪᠤᠷ ᠢ ᠠᠬᠢᠭᠤᠯᠵᠤ᠂ ᠪᠦᠬᠦ ᠭᠡᠪᠴᠢᠶᠡᠨ ᠤ ᠵᠤᠭᠠᠴᠠᠯ ᠤᠨ ᠤᠶᠤᠨᠴᠢ ᠬᠠᠮᠢᠶᠠᠷᠤᠯᠳᠠ ᠶᠢᠨ ᠲᠠᠪᠴᠠᠩ ᠢ ᠪᠠᠶᠢᠭᠤᠯᠵᠤ᠂ ᠵᠤᠭᠠᠴᠠᠯ ᠤᠨ ᠦᠢᠯᠡᠳᠪᠤᠷᠢ ᠬᠤᠳᠠᠯᠳᠤᠭᠠᠨ ᠤ ᠬᠤᠪᠢᠶᠡᠷᠢ ᠲᠤᠪᠴᠢᠶ᠎ᠠ᠂ ᠵᠤᠭᠠᠴᠠᠯ ᠤᠨ ᠨᠡᠬᠦᠳᠡᠯ ᠰᠢᠬᠦᠬᠦ ᠲᠢᠩᠬᠢᠮ ᠪᠤᠯᠤᠨ ᠵᠤᠭᠠᠴᠠᠯ ᠤᠨ ᠴᠠᠬᠳᠠᠭᠠᠨ ᠤ ᠶᠡᠭᠡ ᠠᠩᠭᠢ ᠶᠢ ᠪᠠᠶᠢᠭᠤᠯᠵᠤ᠂  ᠵᠤᠭᠠᠴᠠᠯ ᠤᠨ ᠦᠢᠯᠡᠴᠢᠯᠡᠭᠡᠨ ᠤ ᠪᠠᠳᠤᠯᠠᠪᠤᠷᠢ  ᠶᠢᠨ ᠴᠢᠳᠠᠪᠤᠷᠢ ᠶᠢ ᠪᠦᠬᠦ ᠲᠠᠯ᠎ᠠ ᠪᠠᠷ ᠲᠡᠭᠡᠭᠰᠢᠯᠡᠬᠦᠯᠤᠨ᠎ᠠ᠃ ᠭᠤᠷᠪᠠ ᠳᠤ᠂ ᠵᠤᠭᠠᠴᠠᠯ ᠤᠨ ᠤᠬᠠᠭᠤᠯᠭ᠎ᠠ ᠡᠵᠡᠩᠨᠡᠨ  ᠪᠤᠷᠤᠯᠠᠭᠤᠯᠤᠯᠳᠠ ᠶᠢ ᠴᠢᠩᠭᠠᠳᠬᠠᠨ᠎ᠠ᠃ ᠵᠢᠩ  ᠳ᠋ᠦᠡᠭ  ᠪᠦᠯᠦᠭᠯᠡᠯ᠂ ᠲᠤᠮᠳᠠᠳᠤ ᠤᠯᠤᠰ ᠤᠨ ᠤᠯᠠᠨ ᠤᠯᠤᠰ ᠤᠨ ᠵᠢᠭᠤᠯᠴᠢᠯᠠᠯ ᠤᠨ ᠬᠤᠷᠢᠶ᠎ᠠ᠂ ᠤᠯᠠᠨ ᠤᠯᠤᠰ ᠤᠨ ᠵᠠᠯᠠᠭᠤᠴᠤᠳ ᠤᠨ ᠵᠢᠭᠤᠯᠴᠢᠯᠠᠯ ᠤᠨ ᠬᠤᠷᠢᠶ᠎ᠠ᠂ ᠰᠧᠴᠤᠸᠠᠨ ᠤ ᠵᠢᠭᠤᠯᠴᠢᠯᠠᠯ ᠤᠨ ᠬᠦᠭᠵᠢᠯᠳᠡ ᠶᠢᠨ ᠪᠦᠯᠦᠭᠯᠡᠯ ᠵᠡᠷᠭᠡ ᠠᠵᠤ ᠠᠬᠤᠶᠢᠯᠠᠯ ᠲᠠᠢ ᠵᠤᠭᠠᠴᠠᠯ ᠤᠨ ᠬᠦᠭᠵᠢᠯᠳᠡ ᠶᠢᠨ ᠲᠠᠯ᠎ᠠ ᠪᠠᠷ ᠬᠠᠮᠳᠤᠷᠠᠯᠴᠠᠭ᠎ᠠ ᠰᠤᠯᠢᠯᠴᠠᠭ᠎ᠠ ᠪᠠᠨ ᠴᠢᠩᠭᠠᠳᠬᠠᠵᠤ᠂ ᠲᠦᠡᠭ ᠴᠸᠡᠭ ᠵᠢᠭᠤᠯᠴᠢᠯᠠᠯ ᠤᠨ ᠲᠠᠪᠴᠠᠩ᠂ ᠰᠢᠶᠧ ᠴᠸᠡᠭ ᠵᠢᠭᠤᠯᠴᠢᠯᠠᠯ ᠤᠨ ᠰᠦᠯᠵᠢᠶ᠎ᠡ᠂ ᠲᠦ᠋ ᠨᠢᠦ ᠵᠢᠭᠤᠯᠴᠢᠯᠠᠯ ᠤᠨ ᠰᠦᠯᠵᠢᠶ᠎ᠠ ᠵᠡᠷᠭᠡ ᠰᠦᠯᠵᠢᠶᠡᠨ ᠲᠡᠭᠡᠷ᠎ᠡ ᠤᠬᠠᠭᠤᠯᠭ᠎ᠠ ᠲᠠᠨᠢᠯᠴᠠᠭᠤᠯᠭ᠎ᠠ ᠶᠢᠨ ᠬᠦᠴᠤᠯᠡᠴᠡ ᠪᠠᠨ ᠦᠷᠭᠡᠳᠭᠡᠨ᠂  ᠰᠤᠳᠤᠨ ᠵᠤᠭᠠᠴᠠᠯ ᠤᠨ ᠱᠤᠭᠤᠮ ᠢ ᠲᠦᠷᠭᠡᠨ ᠪᠠᠶᠢᠭᠤᠯᠵᠤ᠂  ᠵᠤᠭᠠᠴᠠᠯ ᠤᠨ ᠰᠢᠯᠢᠳᠡᠭ ᠦᠢᠯᠡᠳᠬᠦᠨ ᠢ ᠲᠡᠯᠭᠡᠷᠡᠬᠦᠯᠤᠨ᠎ᠡ᠃      ᠶᠡᠷᠤᠩᠭᠡᠢ ᠭᠡᠯᠳᠡᠰ ᠤᠨ ᠠᠵᠤ ᠠᠬᠤᠢ ᠶᠢᠨ ᠭᠡᠪᠴᠢᠶ᠎ᠡ ᠶᠢ ᠪᠤᠵᠠᠭᠠᠶᠢᠷᠠᠭᠤᠯᠤᠨ᠎ᠠ᠃ ︽ᠲᠤᠳᠤᠭᠠᠳᠤ ᠳᠤ ᠪᠠᠨ ᠪᠤᠶᠢᠵᠢᠭᠤᠯᠬᠤ ᠭᠠᠳᠠᠭᠠᠳᠤ ᠠᠴᠠ ᠤᠷᠤᠭᠤᠯᠬᠤ︾ ᠬᠦᠭᠵᠢᠯᠳᠡ ᠶᠢᠨ ᠵᠠᠬᠪᠤᠷ ᠶᠤᠰᠤᠭᠠᠷ ᠠᠵᠤ ᠠᠬᠤᠶᠢᠯᠠᠯ ᠤᠨ ᠶᠡᠷᠤᠩᠭᠡᠢ ᠭᠡᠯᠳᠡᠰ ᠤᠨ ᠲᠤᠭ᠎ᠠ ᠶᠢ ᠨᠡᠮᠡᠭᠳᠡᠬᠦᠯᠵᠤ ᠴᠢᠨᠠᠷ ᠢ ᠲᠠᠰᠤᠷᠠᠯᠳᠠ ᠦᠭᠡᠢ ᠲᠡᠭᠡᠭᠰᠢᠯᠡᠬᠦᠯᠤᠨ᠎ᠡ᠃ ᠲᠤᠰ ᠭᠠᠵᠠᠷ ᠤᠨ ᠠᠵᠤ ᠠᠬᠤᠶᠢᠯᠠᠯ ᠢ ᠴᠢᠷᠮᠠᠶᠢᠨ ᠪᠤᠶᠢᠵᠢᠭᠤᠯᠵᠤ᠂ ᠲᠤᠭᠤᠷᠢᠭ ᠤᠨ ᠲᠤᠳᠤᠷᠠᠬᠢ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠤᠷᠭᠡᠭᠵᠢᠬᠦᠯᠬᠦ ᠶᠢ ᠲᠡᠮᠵᠢᠨ᠂ ᠮᠠᠨ ᠤ ᠬᠤᠳᠠ ᠶᠢᠨ ᠠᠵᠤ ᠠᠬᠤᠶᠢᠯᠠᠯ ᠬᠢᠶ᠎ᠠ ᠪᠠᠭᠰᠢ ᠳᠤ ᠭᠡᠯᠪᠡᠷᠢ ᠪᠠᠨ ᠬᠤᠪᠢᠷᠠᠭᠤᠯᠬᠤ ᠲᠦᠷᠦᠯ ᠵᠦᠢᠯ ᠪᠠ ᠲᠠᠩᠰᠠᠯᠠᠭᠤᠯᠤᠬᠰᠠᠨ ᠲᠤᠰᠠᠭᠠᠷ ᠬᠠᠤᠯᠢ ᠶᠢᠨ ᠡᠷᠭᠡᠳᠤ ᠬᠦᠮᠤᠨ ᠲᠠᠢ ᠺᠤᠮᠫᠠᠨᠢ ᠶᠢ ᠨᠡᠭᠡᠭᠡᠨ ᠬᠦᠭᠵᠢᠬᠦᠯᠬᠦ ᠶᠢ ᠵᠢᠯᠤᠭᠤᠳᠤᠨ᠎ᠠ᠃ ᠲᠤᠮᠤ ᠠᠵᠤ ᠠᠬᠤᠶᠢᠯᠠᠯ ᠤᠨ ᠶᠡᠷᠤᠩᠭᠡᠢ ᠭᠡᠯᠳᠡᠰ ᠤᠨ ᠠᠷᠠᠯᠵᠢᠶᠠᠴᠢᠨ ᠤᠷᠢᠵᠤ ᠪᠡᠯᠡ ᠲᠠᠳᠠᠬᠤ ᠬᠦᠴᠤᠯᠡᠴᠡ ᠶᠢ ᠦᠷᠬᠦᠯᠵᠢᠯᠡᠨ ᠨᠡᠮᠡᠭᠳᠡᠬᠦᠯᠵᠤ᠂ ᠮᠦᠡᠭᠬᠦᠨ ᠬᠦᠢᠯᠭᠡᠭᠡᠨ ᠤ ᠲᠦᠷᠦᠯ᠂ ᠲᠡᠭᠡᠭᠡᠪᠤᠷᠢ  ᠶᠢᠨ ᠲᠦᠷᠦᠯ᠂ ᠲᠠᠰᠤᠯᠤᠨ ᠪᠤᠳᠤᠬᠤ ᠲᠦᠷᠦᠯ᠂ ᠲᠠᠪᠴᠠᠩ ᠤᠨ ᠲᠦᠷᠦᠯ ᠵᠡᠷᠭᠡ ᠶᠢᠨ ᠠᠵᠤ ᠠᠬᠤᠶᠢᠯᠠᠯ ᠤᠨ ᠶᠡᠷᠤᠩᠭᠡᠢ ᠭᠡᠯᠳᠡᠰ ᠢ ᠭᠤᠤᠯᠳᠠᠯᠭ᠎ᠠ ᠲᠠᠢ ᠤᠷᠤᠭᠤᠯᠤᠨ ᠠᠪᠴᠢᠷᠠᠨ᠎ᠠ᠃ ᠪᠦᠳᠤᠭᠡᠨ ᠪᠠᠶᠢᠭᠤᠯᠤᠯᠳᠠ ᠶᠢᠨ ᠪᠠᠩᠭᠢ᠂   ᠦᠬᠠᠢ ᠪᠠᠩᠭᠢ ᠶᠢᠨ ᠤᠷᠤᠨ ᠨᠤᠳᠤᠭ ᠤᠨ ᠶᠡᠷᠤᠩᠭᠡᠢ ᠭᠡᠯᠳᠡᠰ ᠢ ᠨᠡᠬᠦᠯᠭᠡᠬᠦ ᠶᠢ ᠲᠦᠷᠭᠡᠨ ᠪᠠᠶᠠᠯᠡᠬᠦᠯᠵᠤ᠂  ᠡᠵᠡᠨ ᠬᠤᠷᠤᠭ᠎ᠠ ᠬᠤᠰᠢᠭᠤᠨ ᠤ ᠠᠭᠤᠷᠬᠠᠢ ᠶᠢᠨ ᠤᠷᠤᠨ ᠤ ᠬᠤᠯᠪᠤᠭᠠᠳᠤ ᠬᠤᠷᠰᠢᠶ᠎ᠡ ᠶᠢᠨ ᠪᠠᠶᠢᠭᠤᠯᠤᠮᠵᠢ ᠶᠢ ᠦᠭᠡᠷᠡᠴᠢᠯᠡᠨ ᠬᠢᠶ᠎ᠠ ᠪᠠᠭᠰᠢ ᠶᠢᠨ ᠬᠦᠳᠡᠭᠡ ᠲᠤᠰᠬᠤᠨ ᠤ ᠬᠤᠳᠠᠯᠳᠤᠭᠠᠨ ᠤ ᠪᠠᠩᠭᠢ ᠪᠤᠯᠭᠠᠬᠤ ᠶᠢ ᠢᠳᠡᠪᠬᠢᠳᠡᠢ ᠠᠬᠢᠭᠤᠯᠵᠤ᠂ ᠦᠪᠤᠷ ᠮᠤᠩᠭᠤᠯ ᠤᠨ ᠪᠠᠩᠭᠢ᠂ ᠪᠦᠸᠧᠬᠠᠢ ᠪᠠᠩᠭᠢ᠂ ᠱᠠᠨᠳᠦ᠋ᠡᠭ ᠤᠨ ᠡᠨᠧᠷᠬᠢ ᠶᠢᠨ ᠪᠦᠯᠦᠭᠯᠡᠯ ᠵᠡᠷᠭᠡ ᠠᠵᠤ ᠠᠬᠤᠶᠢᠯᠠᠯ ᠤᠨ ᠤᠷᠤᠨ ᠨᠤᠳᠤᠭ ᠤᠨ ᠶᠡᠷᠤᠩᠭᠡᠢ ᠭᠡᠯᠳᠡᠰ ᠢ ᠮᠠᠨ ᠤ ᠲᠤᠭᠤᠷᠢᠭ ᠲᠤ ᠲᠤᠬᠢᠷᠠᠭᠤᠯᠬᠤ ᠪᠠᠷ ᠴᠢᠷᠮᠠᠶᠢᠨ᠎ᠠ᠃  ᠰᠤᠯᠠ ᠪᠠᠶᠢᠬᠤ ᠬᠤᠳᠠᠯᠳᠤᠭᠠᠨ ᠤ ᠦᠢᠯᠡᠰ ᠤᠨ ᠭᠡᠷ ᠬᠦᠷᠤᠩᠭᠡ ᠶᠢᠨ ᠠᠰᠢᠬᠯᠠᠯᠳᠠ ᠶᠢ ᠪᠦᠬᠦ ᠲᠠᠯ᠎ᠠ ᠪᠠᠷ ᠬᠦᠭᠵᠢᠭᠡᠵᠤ᠂ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ ᠤᠨ ᠬᠦᠭᠵᠢᠯᠳᠡ ᠶᠢ ᠲᠡᠮᠵᠢᠵᠤ᠂ ᠠᠵᠤ ᠠᠬᠤᠶᠢᠯᠠᠯ ᠤᠨ ᠬᠠᠮᠢᠶᠠᠷᠤᠯᠳᠠ᠂ ᠨᠢᠬᠳᠠᠯᠠᠨ ᠪᠤᠳᠤᠬᠤ ᠬᠠᠤᠯᠢ ᠶᠢᠨ ᠶᠠᠪᠤᠳᠠᠯ᠂ ᠠᠰᠠᠭᠤᠨ ᠯᠠᠪᠯᠠᠵᠤ ᠪᠠᠶᠢᠴᠠᠭᠠᠬᠤ᠂ ᠵᠠᠷ ᠮᠡᠳᠡᠭᠡ ᠵᠠᠭᠤᠴᠢᠯᠠᠭᠤᠷ ᠵᠡᠷᠭᠡ ᠶᠢᠨ ᠬᠤᠯᠪᠤᠬᠳᠠᠯ ᠪᠦᠬᠦᠢ ᠠᠵᠢᠯ ᠲᠦᠷᠤᠯ ᠢ ᠲᠦᠷᠭᠡᠨ ᠪᠤᠶᠢᠵᠢᠭᠤᠯᠵᠤ᠂ ᠠᠰᠠᠷ ᠪᠠᠶᠢᠰᠢᠩ  ᠤᠨ ᠠᠵᠤ ᠠᠬᠤᠢ ᠶᠢᠨ ᠭᠡᠮᠵᠢᠶ᠎ᠡ ᠶᠢ ᠨᠡᠮᠡᠭᠳᠡᠬᠦᠯᠤᠨ᠎ᠡ᠃      ᠠᠷᠠᠯᠵᠢᠶ᠎ᠠ ᠬᠤᠳᠠᠯᠳᠤᠭᠠᠨ ᠤ ᠬᠠᠮ ᠦᠵᠡᠰᠬᠦᠯᠡᠩ ᠤᠨ ᠲᠡᠰ ᠢ ᠲᠡᠭᠡᠭᠰᠢᠯᠡᠬᠦᠯᠤᠨ᠎ᠡ᠃   ᠬᠤᠶᠢᠳᠤ ᠭᠡᠰᠡᠭ ᠤᠨ ᠡᠯᠧᠺᠲᠷᠤᠨ ᠬᠤᠳᠠᠯᠳᠤᠭᠠᠨ ᠤ ᠡᠳ᠋ ᠪᠤᠳᠠᠰ ᠤᠨ ᠬᠦᠢᠯᠭᠡᠭᠡᠨ ᠤ ᠬᠦᠷᠢᠶᠡᠯᠡᠩ ᠲᠤᠭᠤᠷᠢᠭ ᠤᠨ ᠪᠦᠳᠤᠭᠡᠨ ᠪᠠᠶᠢᠭᠤᠯᠤᠯᠳᠠ ᠶᠢ ᠲᠦᠷᠭᠡᠳᠭᠡᠵᠤ᠂ ᠡᠯ᠎ᠡ ᠲᠦᠷᠦᠯ ᠤᠨ ᠡᠯᠧᠺᠲᠷᠤᠨ ᠬᠤᠳᠠᠯᠳᠤᠭᠠᠨ ᠤ ᠠᠵᠤ ᠠᠬᠤᠶᠢᠯᠠᠯ ᠪᠤᠯᠤᠨ ᠲᠠᠪᠴᠠᠩ ᠤᠨ ᠺᠤᠮᠫᠠᠨᠢ ᠶᠢ ᠢᠳᠡᠪᠬᠢᠳᠡᠢ ᠤᠷᠤᠭᠤᠯᠤᠨ ᠠᠪᠴᠢᠷᠠᠵᠤ᠂ ᠪᠤᠳᠠᠳᠤ ᠴᠤᠬᠴᠠ ᠶᠢᠨ ᠵᠢᠵᠢᠭᠯᠡᠨ ᠪᠤᠷᠤᠯᠠᠭᠤᠯᠬᠤ ᠦᠢᠯᠡᠰ ᠤᠨ ᠰᠦᠯᠵᠢᠶᠡᠨ ᠤ ᠪᠤᠶᠤ ᠰᠦᠯᠵᠢᠶᠡᠨ ᠤ ᠪᠤᠰᠤ ᠶᠢᠨ ᠠᠭᠤᠰᠤᠯᠴᠠᠯ ᠪᠠ ᠬᠢᠯᠢ ᠠᠯᠤᠰᠯᠠᠬᠰᠠᠨ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠬᠦᠭᠵᠢᠯᠳᠡ ᠶᠢ ᠠᠬᠢᠭᠤᠯᠵᠤ᠂ ᠪᠦᠬᠦ ᠵᠢᠯ ᠤᠨ ᠡᠯᠧᠺᠲᠷᠤᠨ ᠬᠤᠳᠠᠯᠳᠤᠭᠠᠨ ᠤ ᠠᠷᠠᠯᠵᠢᠶ᠎ᠠ ᠶᠢᠨ ᠭᠡᠮᠵᠢᠶ᠎ᠡ ᠶᠢ 5000 ᠲᠦᠮᠡᠨ ᠲᠦᠬᠦᠷᠢᠭ ᠠᠴᠠ ᠲᠠᠪᠠᠭᠤᠯᠬᠤ ᠪᠠᠷ ᠴᠢᠷᠮᠠᠶᠢᠨ᠎ᠠ᠃ ᠡᠳ᠋ ᠪᠤᠳᠠᠰ ᠤᠨ ᠬᠦᠢᠯᠭᠡᠭᠡᠨ ᠤ ᠦᠪᠡᠷ ᠤᠨ ᠦᠷᠳᠡᠭ ᠢ ᠪᠠᠭᠤᠷᠠᠭᠤᠯᠵᠤ ᠦᠷ᠎ᠡ ᠠᠰᠢᠭ ᠢ ᠨᠡᠮᠡᠭᠳᠡᠬᠦᠯᠬᠦ ᠶᠢ ᠠᠬᠢᠭᠤᠯᠵᠤ᠂ ᠤᠶᠤᠨᠴᠢ ᠡᠳ᠋ ᠪᠤᠳᠠᠰ ᠤᠨ ᠬᠦᠢᠯᠭᠡᠭᠡ ᠂ ᠭᠤᠷᠪᠠᠳᠤᠭᠠᠷ ᠡᠳᠡᠭᠡᠳ ᠤᠨ ᠬᠦᠮᠤᠷᠭᠡ᠂ ᠨᠢᠭᠡ ᠬᠤᠳᠠ ᠳᠤ ᠤᠬᠤᠷ ᠵᠠᠢ ᠳᠤ ᠲᠡᠭᠡᠭᠡᠪᠤᠷᠢᠯᠡᠬᠦ ᠵᠡᠷᠭᠡ ᠰᠢᠨ᠎ᠡ ᠪᠠᠷ ᠮᠠᠨᠳᠤᠬᠰᠠᠨ ᠡᠳ᠋ ᠪᠤᠳᠠᠰ ᠤᠨ ᠬᠦᠢᠯᠭᠡᠭᠡᠨ ᠤ ᠦᠢᠯᠡᠴᠢᠯᠡᠭᠡ ᠶᠢ ᠦᠷᠭᠡᠳᠭᠡᠨ᠎ᠡ᠃ ᠬᠠᠮ ᠦᠵᠡᠰᠬᠦᠯᠡᠩ ᠤᠨ ᠬᠦᠭᠵᠢᠯᠳᠡ ᠶᠢᠨ ᠬᠢᠷᠢ ᠭᠡᠮᠵᠢᠶ᠎ᠡ ᠶᠢ ᠪᠦᠬᠦ ᠲᠠᠯ᠎ᠠ ᠪᠠᠷ ᠲᠡᠭᠡᠭᠰᠢᠯᠡᠬᠦᠯᠵᠤ᠂ ᠦᠵᠡᠰᠬᠦᠯᠡᠩ ᠤᠨ ᠠᠵᠤ ᠠᠬᠤᠢ ᠪᠤᠯᠤᠨ ᠬᠤᠷᠠᠯ ᠤᠨ ᠠᠵᠤ ᠠᠬᠤᠢ ᠶᠢ ᠬᠤᠯᠪᠤᠯᠳᠤᠭᠤᠯᠤᠨ ᠬᠦᠭᠵᠢᠬᠦᠯᠬᠦ ᠶᠢ ᠪᠠᠶᠠᠯᠡᠬᠦᠯᠵᠤ᠂ ᠪᠦᠬᠦ ᠵᠢᠯ ᠳᠤ ᠡᠯ᠎ᠡ ᠲᠦᠷᠦᠯ ᠤᠨ ᠬᠠᠮ ᠦᠵᠡᠰᠬᠦᠯᠡᠩ ᠤᠨ ᠠᠵᠢᠯᠯᠠᠭ᠎ᠠ ᠶᠢ20 ᠲᠠᠯᠠᠪᠠᠢ ᠠᠴᠠ ᠲᠡᠭᠡᠭᠰᠢ ᠡᠷᠬᠢᠯᠡᠬᠦ ᠪᠠᠷ ᠴᠢᠷᠮᠠᠶᠢᠵᠤ᠂ ᠬᠢᠶ᠎ᠠ ᠪᠠᠭᠰᠢ ᠶᠢᠨ ᠬᠠᠮ ᠦᠵᠡᠰᠬᠦᠯᠡᠩ ᠤᠨ ᠦᠢᠯᠡᠰ ᠤᠨ ᠨᠦᠯᠦᠭᠡᠯᠡᠬᠦ ᠬᠦᠴᠤᠨ ᠢ ᠦᠷᠬᠦᠯᠵᠢᠯᠡᠨ ᠦᠷᠭᠡᠳᠭᠡᠨ᠎ᠡ᠃ ᠤᠯᠤᠰ ᠤᠨ ᠲᠤᠳᠤᠭᠠᠳᠤ ᠭᠠᠳᠠᠭᠠᠳᠤ ᠶᠢᠨ ᠨᠡᠷᠡᠳᠤ ᠬᠠᠮ ᠦᠵᠡᠰᠬᠦᠯᠠᠩ ᠤᠨ ᠠᠵᠤ ᠠᠬᠤᠶᠢᠯᠠᠯ ᠢ ᠢᠳᠡᠪᠬᠢᠳᠡᠢ ᠤᠷᠤᠭᠤᠯᠤᠨ ᠠᠪᠴᠢᠷᠠᠵᠤ᠂ ᠨᠢᠭᠡ ᠪᠦᠯᠦᠭ ᠪᠦᠬᠦ ᠤᠯᠤᠰ ᠤᠨ ᠴᠢᠨᠠᠷᠳᠠᠢ ᠲᠤᠰᠬᠠᠢ ᠬᠤᠷᠠᠯ ᠪᠤᠯᠤᠨ ᠶᠠᠷᠢᠶᠠᠨ ᠤ ᠲᠠᠪᠴᠠᠩ ᠢ ᠡᠷᠬᠢᠯᠡᠵᠤ᠂ ᠨᠢᠭᠡ ᠪᠦᠯᠦᠭ ᠤᠨᠴᠠᠯᠢᠬᠳᠤ ᠲᠡᠯᠭᠡᠨ ᠪᠤᠷᠤᠯᠠᠭᠤᠯᠭ᠎ᠠ᠂ ᠬᠤᠷᠠᠯ ᠴᠢᠭᠤᠯᠭᠠᠨ ᠪᠠ ᠤᠷᠤᠯᠳᠤᠭᠠᠨ ᠤ ᠠᠵᠢᠯᠯᠠᠭ᠎ᠠ ᠶᠢ ᠦᠷᠨᠢᠬᠦᠯᠤᠨ᠎ᠡ᠃  ᠲᠤᠰ ᠭᠠᠵᠠᠷ ᠤᠨ ᠬᠠᠮ ᠦᠵᠡᠰᠬᠦᠯᠡᠩ ᠤᠨ ᠠᠵᠤ ᠠᠬᠤᠶᠢᠯᠠᠯ ᠢ ᠲᠡᠮᠵᠢᠨ ᠭᠡᠪᠴᠢᠶᠡᠵᠢᠬᠦ  ᠂ ᠲᠤᠰᠬᠠᠶᠢᠵᠢᠬᠤ᠂ ᠲᠦᠷᠦᠯ ᠲᠡᠮᠳᠡᠭᠵᠢᠬᠦ ᠵᠦᠭ ᠬᠦᠭᠵᠢᠬᠦᠯᠤᠨ᠂  ᠲᠤᠭᠤᠷᠢᠭ ᠤᠨ ᠲᠤᠳᠤᠭᠠᠳᠤ ᠭᠠᠳᠠᠭᠠᠳᠤ   ᠶᠢᠨ ᠬᠠᠮ ᠦᠵᠡᠰᠬᠦᠯᠡᠩ  ᠤᠨ ᠠᠵᠤ ᠠᠬᠤᠶᠢᠯᠠᠯ ᠤᠨ ᠬᠤᠯᠪᠤᠭᠠᠯᠠᠨ ᠦᠵᠡᠰᠬᠦᠯᠡᠩ ᠡᠷᠬᠢᠯᠡᠬᠦ᠂ ᠬᠠᠮᠳᠤᠪᠡᠷ ᠲᠦᠷᠦᠯ ᠲᠡᠮᠳᠡᠭ ᠡᠬᠦᠳᠬᠦ ᠶᠢ ᠵᠤᠷᠢᠭᠵᠢᠭᠤᠯᠤᠨ᠎ᠠ᠃      ᠭᠡᠷᠡᠭᠯᠡᠭᠡᠨ ᠤ ᠰᠠᠭᠤᠷᠢ ᠦᠢᠯᠡᠳᠤᠯ ᠢ ᠪᠠᠳᠠᠷᠠᠭᠤᠯᠤᠨ᠎ᠠ᠃ ᠭᠡᠷᠡᠭᠯᠡᠭᠡᠨ ᠤ ᠤᠷᠴᠢᠨ ᠲᠤᠭᠤᠷᠢᠨ ᠢ ᠪᠦᠬᠦ ᠲᠠᠯ᠎ᠠ ᠪᠠᠷ ᠰᠠᠶᠢᠵᠢᠷᠠᠭᠤᠯᠵᠤ᠂  ᠬᠤ᠋ ᠨᠸᠡᠭ᠂ ᠶᠢᠨ ᠴᠧᠨ ᠵᠡᠷᠭᠡ ᠬᠤᠳᠠᠯᠳᠤᠭᠠᠨ ᠤ ᠦᠢᠯᠡᠰ ᠤᠨ ᠠᠭᠤᠳᠠᠮ ᠲᠠᠯᠠᠪᠠᠢ ᠶᠢᠨ ᠬᠦᠭᠵᠢᠯᠳᠡ ᠶᠢᠨ ᠬᠢᠷᠢ ᠭᠡᠮᠵᠢᠶ᠎ᠡ ᠶᠢ ᠲᠡᠭᠡᠭᠰᠢᠯᠡᠬᠦᠯᠤᠨ᠂ ᠡᠤ ᠶᠤᠸᠠᠢ ᠬᠤᠳᠠ ᠶᠢᠨ ᠠᠭᠤᠳᠠᠮ ᠲᠠᠯᠠᠪᠠᠢ᠂ ᠱᠧᠨ ᠬᠤᠸᠠ ᠺᠠᠨᠭ᠌ ᠴᠸᠡᠭ ᠤᠨ ᠶᠠᠪᠠᠭᠠᠨ ᠬᠦᠮᠤᠨ ᠤ ᠵᠡᠭᠡᠯᠢ ᠵᠡᠷᠭᠡ ᠬᠤᠳᠠᠯᠳᠤᠭᠠᠨ ᠤ ᠦᠢᠯᠡᠰ ᠤᠨ ᠲᠦᠷᠦᠯ ᠵᠦᠢᠯ ᠢ ᠡᠬᠢᠯᠡᠬᠦᠯᠤᠨ᠎ᠡ᠃ ᠪᠤᠳᠠᠳᠤ ᠴᠤᠬᠴᠠᠳᠤ ᠲᠡᠯᠭᠡᠬᠦᠷ ᠤᠨ ᠭᠡᠯᠪᠡᠷᠢ ᠶᠢ ᠬᠤᠪᠢᠷᠠᠭᠤᠯᠤᠨ ᠲᠡᠰᠵᠢᠬᠦᠯᠬᠦ ᠶᠢ ᠵᠢᠯᠤᠭᠤᠳᠴᠤ᠂ ᠴᠠᠭ ᠤᠨ ᠦᠡᠭᠭᠡ ᠶᠢ ᠲᠠᠭᠠᠬᠰᠠᠨ ᠲᠦᠷᠦᠯ ᠲᠡᠮᠳᠡᠭ ᠢ ᠶᠡᠭᠡᠪᠡᠷ ᠤᠷᠤᠭᠤᠯᠤᠨ ᠠᠪᠴᠢᠷᠠᠵᠤ᠂ ᠲᠤᠮᠳᠠ ᠲᠡᠭᠡᠳᠤ ᠲᠡᠰ ᠤᠨ ᠭᠡᠷᠡᠭᠯᠡᠭᠡ ᠶᠢ ᠲᠠᠶᠢᠴᠢᠯᠠᠨ᠎ᠠ᠃ ᠨᠢᠭᠡ ᠪᠦᠯᠦᠭ ᠤᠳᠤᠨ ᠲᠡᠰ ᠤᠨ ᠪᠠᠭᠤᠳᠠᠯ᠂ ᠠᠮᠠᠷᠠᠯᠳᠠ ᠶᠢᠨ ᠪᠠᠭᠤᠳᠠᠯ ᠪᠤᠯᠤᠨ ᠨᠡᠷᠡᠳᠤ ᠬᠤᠳᠠᠯᠳᠤᠭᠠᠨ ᠤ ᠶᠠᠪᠤᠳᠠᠯ ᠤᠨ ᠪᠠᠭᠤᠳᠠᠯ ᠢ ᠤᠷᠤᠭᠤᠯᠤᠨ ᠠᠪᠴᠢᠷᠠᠵᠤ᠂  ᠬᠤᠤ ᠮᠧᠨ ᠱᠸᠡᠭ ᠶᠠᠨ ᠪᠠᠭᠤᠳᠠᠯ᠂ ᠯᠠᠨ ᠬᠠᠢ ᠪᠠᠭᠤᠳᠠᠯ᠂  ᠲᠠᠢ ᠹᠠ ᠰᠢᠶᠠᠩ ᠬᠠᠯᠠᠭᠤᠨ ᠷᠠᠰᠢᠶᠠᠨ ᠤ ᠠᠮᠠᠷᠠᠯᠳᠠ ᠶᠢᠨ ᠪᠠᠭᠤᠳᠠᠯ ᠵᠡᠷᠭᠡ ᠲᠦᠷᠦᠯ ᠵᠦᠢᠯ ᠤᠨ ᠨᠤᠳᠤᠬᠰᠢᠬᠤ ᠶᠢ ᠠᠬᠢᠭᠤᠯᠵᠤ᠂  ᠰᠢᠨ᠎ᠡ ᠪᠠᠷ1700 ᠤᠷᠤ ᠶᠢ ᠨᠡᠮᠡᠭᠳᠡᠬᠦᠯᠤᠨ᠎ᠡ᠃ ᠴᠢᠨᠠᠷᠯᠢᠭ ᠢᠳᠡᠭᠡᠨ ᠤᠮᠳᠠᠭᠠᠨ ᠤ ᠦᠢᠯᠡᠰ ᠢ ᠬᠦᠭᠵᠢᠬᠦᠯᠵᠤ᠂ ᠯᠧ ᠺᠠᠨᠭ᠌ ᠪᠠᠭᠠᠷ᠂ ᠮᠸᠡᠭ ᠰᠢᠨ ᠠᠭᠤᠳᠠᠮ ᠲᠠᠯᠠᠪᠠᠢ᠂ ᠲᠠᠢ ᠬᠤᠸᠠ ᠬᠤᠳᠠᠯᠳᠤᠭᠠᠨ ᠤ ᠦᠢᠯᠡᠰ ᠤᠨ ᠶᠠᠪᠠᠭᠠᠨ ᠶᠠᠪᠤᠬᠤ ᠵᠡᠭᠡᠯᠢ ᠵᠡᠷᠭᠡ ᠠᠮᠳᠠᠳᠤ ᠢᠳᠡᠭᠡᠨ ᠤ ᠲᠤᠭᠤᠷᠢᠭ ᠤᠨ ᠡᠵᠡᠩᠨᠡᠯᠳᠡ ᠶᠢᠨ ᠬᠢᠷᠢ ᠭᠡᠮᠵᠢᠶ᠎ᠡ ᠶᠢ ᠲᠡᠭᠡᠭᠰᠢᠯᠡᠬᠦᠯᠵᠤ᠂ ᠢᠳᠡᠭᠡᠨ ᠤᠮᠳᠠᠭᠠᠨ ᠤ ᠦᠢᠯᠡᠰ ᠢ ᠴᠢᠨᠠᠬᠰᠢᠳᠠ ᠪᠠᠶᠠᠯᠢᠬᠵᠢᠭᠤᠯᠤᠨ᠎ᠠ᠃ ᠬᠠᠮᠳᠤᠪᠠᠷ ᠡᠳ᠋ᠯᠡᠬᠦ ᠠᠵᠤ ᠠᠬᠤᠢ᠂  ᠡᠷᠡᠬᠦᠯᠵᠢᠯ ᠰᠤᠪᠢᠯᠠᠯᠳᠠ᠂ ᠬᠦᠮᠤᠵᠢᠯ ᠪᠤᠯᠪᠠᠰᠤᠷᠠᠯ ᠵᠡᠷᠭᠡ ᠰᠢᠨ᠎ᠡ ᠭᠡᠯᠪᠡᠷᠢ ᠶᠢᠨ ᠭᠡᠷᠡᠭᠯᠡᠭᠡᠨ ᠤ ᠦᠢᠯᠡᠰ ᠤᠨ ᠬᠦᠭᠵᠢᠯᠳᠡ ᠶᠢ ᠲᠦᠷᠭᠡᠳᠭᠡᠵᠤ᠂ ᠰᠢᠨ᠎ᠡ ᠭᠡᠷᠡᠭᠯᠡᠭᠡᠨ ᠤ ᠬᠠᠯᠠᠭᠤᠷᠠᠯ ᠲᠠᠢ ᠴᠡᠭ ᠢ ᠢᠳᠡᠪᠬᠢᠳᠡᠢ ᠪᠤᠶᠢᠵᠢᠭᠤᠯᠤᠨ᠎ᠠ᠃ ᠭᠡᠷᠡᠭᠯᠡᠭᠡᠨ ᠤ ᠤᠷᠴᠢᠨ ᠲᠤᠭᠤᠷᠢᠨ ᠢ ᠴᠢᠷᠮᠠᠶᠢᠨ ᠰᠠᠶᠢᠵᠢᠷᠠᠭᠤᠯᠵᠤ᠂ ᠭᠡᠷᠡᠭᠯᠡᠭᠴᠢᠳ ᠤᠨ ᠬᠠᠤᠯᠢ ᠶᠤᠰᠤᠨ ᠤ ᠡᠷᠭᠡ ᠠᠰᠢᠭ ᠢ ᠬᠠᠮᠠᠭᠠᠯᠠᠨ᠂ ᠬᠤᠳᠠ ᠶᠢᠨ ᠠᠷᠠᠳ ᠪᠤᠯᠤᠨ ᠵᠤᠭᠠᠴᠠᠬᠰᠠᠳ ᠢ ᠨᠡᠩ ᠲᠦᠬᠦᠮ ᠲᠦᠳᠡ᠂ ᠰᠠᠨᠠᠭ᠎ᠠ ᠠᠮᠤᠷ ᠭᠡᠷᠡᠭᠯᠡᠬᠦ ᠪᠤᠯᠭᠠᠨ᠎ᠠ᠃      ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠬᠦᠳᠬᠦ ᠪᠠᠷ ᠲᠠᠭᠠᠭᠤᠯᠬᠤ ᠶᠢ ᠲᠤᠪᠤᠶᠢᠯᠭᠠᠨ᠎ᠠ᠃ ᠬᠤᠳᠠ ᠶᠢᠨ ᠲᠡᠭᠡᠳᠤ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠠᠯᠠᠩ ᠲᠤᠭᠤᠷᠢᠭ ᠲᠠᠢ ᠬᠦᠨ ᠠᠭᠤᠰᠤᠯᠴᠠᠬᠤ ᠶᠢ ᠴᠢᠩᠭᠠᠳᠬᠠᠵᠤ᠂ ᠬᠦᠷᠢᠶᠡᠯᠡᠩ ᠲᠤᠭᠤᠷᠢᠭ ᠢ ᠲᠡᠮᠵᠢᠨ ᠡᠬᠦᠯᠡᠨ ᠪᠤᠳᠤᠯᠳᠠ᠂ ᠲᠤᠮᠤ  ᠳ᠋ᠠᠶᠢᠲ᠋ᠠ᠂ ᠰᠢᠨ᠎ᠡ ᠮᠠᠲ᠋ᠧᠷᠢᠶᠠᠯ᠂ ᠠᠮᠢᠳᠤ ᠪᠤᠳᠠᠰ ᠤᠨ ᠡᠮ ᠡᠮᠨᠡᠯᠭᠡ ᠵᠡᠷᠭᠡ ᠰᠢᠨ᠎ᠡ ᠪᠠᠷ ᠮᠠᠨᠳᠤᠬᠰᠠᠨ ᠠᠵᠤ ᠦᠢᠯᠡᠰ ᠢ  ᠬᠦᠭᠵᠢᠬᠦᠯᠵᠤ᠂ ᠤᠯᠤᠰ ᠤᠨ ᠲᠡᠰ ᠤᠨ ᠲᠡᠭᠡᠳᠤ ᠰᠢᠨ᠎ᠡ ᠮᠡᠷᠭᠡᠵᠢᠯ ᠤᠨ ᠨᠡᠭᠡᠭᠡᠯᠳᠡ ᠶᠢᠨ ᠲᠤᠭᠤᠷᠢᠭ ᠤᠨ ᠲᠠᠪᠠᠭᠤᠯᠢᠭ ᠢ ᠨᠡᠩ ᠢᠯᠡ ᠲᠤᠳᠤ ᠪᠤᠯᠭᠠᠨ᠎ᠠ᠃ ᠰᠢᠨ᠎ᠡ ᠶᠢ ᠡᠬᠦᠳᠴᠤ ᠦᠢᠯᠡᠰ ᠪᠦᠳᠤᠭᠡᠬᠦ ᠲᠦᠷᠦ ᠶᠢᠨ ᠪᠤᠳᠤᠯᠭ᠎ᠠ ᠠᠷᠭ᠎ᠠ ᠪᠠᠷᠢᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠨᠢᠭᠡ ᠪᠦᠯᠦᠭ ᠠᠵᠤ ᠠᠬᠤᠢ ᠶᠢᠨ ᠦᠷ᠎ᠡ ᠠᠰᠢᠭ ᠰᠠᠶᠢᠨ᠂ ᠪᠠᠶ᠎ᠠ ᠪᠠᠨ ᠲᠠᠭᠠᠭᠠᠵᠤ ᠰᠢᠨ᠎ᠡ ᠶᠢ ᠡᠬᠦᠳᠬᠦ ᠴᠢᠳᠠᠪᠤᠷᠢ ᠰᠠᠶᠢᠨ ᠲᠤᠮᠳᠠ ᠪᠠᠭ᠎ᠠ ᠵᠢᠵᠢᠭ ᠠᠵᠤ ᠠᠬᠤᠶᠢᠯᠠᠯ ᠢ ᠪᠤᠶᠢᠵᠢᠭᠤᠯᠤᠨ᠂ ᠨᠡᠶᠢᠭᠡᠮ ᠤᠨ ᠡᠳ᠋ ᠬᠦᠷᠤᠩᠭᠡ  ᠲᠠᠶᠠᠭᠠᠷ ᠢᠶᠠᠨ ᠰᠢᠨ᠎ᠡ ᠶᠢ ᠡᠬᠦᠳᠬᠦ ᠤᠷᠤᠨ ᠵᠠᠢ ᠶᠢᠨ ᠪᠦᠳᠤᠭᠡᠨ ᠪᠠᠶᠢᠭᠤᠯᠤᠯᠳᠠ ᠳᠤ ᠤᠷᠤᠬᠤ ᠶᠢ ᠵᠤᠷᠢᠭᠵᠢᠭᠤᠯᠵᠤ᠂ ᠰᠤᠷᠭᠠᠭᠤᠯᠢ ᠭᠠᠵᠠᠷ ᠤᠷᠤᠨ᠂ ᠰᠤᠷᠭᠠᠭᠤᠯᠢ ᠠᠵᠤ ᠠᠬᠤᠶᠢᠯᠠᠯ ᠭᠤᠤᠯᠳᠠᠯᠭ᠎ᠠ ᠲᠠᠢ ᠲᠤᠷᠰᠢᠯᠳᠠ ᠶᠢᠨ ᠲᠠᠰᠤᠭ᠂ ᠠᠺᠠᠳᠧᠮᠢᠴᠢ ᠮᠡᠷᠭᠡᠵᠢᠯᠳᠡᠨ ᠤ ᠠᠵᠢᠯᠯᠠᠬᠤ ᠦᠷᠳᠡᠭᠡ ᠵᠡᠷᠭᠡ ᠰᠤᠳᠤᠯᠤᠨ ᠨᠡᠭᠡᠭᠡᠬᠦ ᠲᠠᠪᠴᠠᠩ ᠪᠠᠶᠢᠭᠤᠯᠬᠤ ᠶᠢ ᠵᠢᠯᠤᠭᠤᠳᠤᠨ᠎ᠠ᠃  ᠴᠢᠳᠠᠪᠤᠷᠢᠳᠠᠨ ᠤ ᠠᠵᠢᠯᠯᠠᠬᠤ ᠪᠠᠶᠢᠭᠤᠯᠤᠮᠵᠢ ᠶᠢᠨ ᠲᠤᠬᠳᠠᠴᠠ ᠶᠢ ᠰᠢᠨᠡᠴᠢᠯᠡᠵᠤ᠂ ᠰᠢᠨ᠎ᠡ ᠶᠢ ᠡᠬᠦᠳᠬᠦ ᠴᠢᠳᠠᠪᠤᠷᠢᠳᠠᠨ ᠢ ᠲᠦᠪᠯᠡᠷᠡᠬᠦᠯᠬᠦ ᠢᠨᠵᠧᠨᠧᠷᠢᠩ ᠢ ᠭᠡᠷᠡᠭᠵᠢᠬᠦᠯᠵᠤ᠂ ᠨᠢᠭᠡ ᠪᠦᠯᠦᠭ ᠠᠵᠢᠯ ᠲᠦᠷᠦᠯ ᠤᠨ ᠲᠠᠶᠢᠴᠢᠯᠠᠬᠴᠢ ᠴᠢᠳᠡᠪᠤᠷᠢᠳᠠᠨ ᠢ ᠤᠷᠤᠭᠤᠯᠤᠨ ᠠᠪᠴᠢᠷᠠᠬᠤ ᠪᠠ ᠪᠤᠶᠢᠵᠢᠭᠤᠯᠤᠨ᠎ᠠ᠃  ᠮᠡᠳᠡᠯᠭᠡ ᠶᠢᠨ ᠦᠮᠴᠢᠯᠡᠬᠦ ᠡᠷᠭᠡ ᠶᠢᠨ ᠬᠠᠮᠠᠭᠠᠯᠠᠯᠳᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠳᠤᠭᠡᠯ ᠢ ᠬᠤᠪᠢᠷᠠᠭᠤᠯᠬᠤ ᠪᠠ ᠠᠰᠢᠬᠯᠠᠬᠤ ᠬᠢᠷᠢ ᠭᠡᠮᠵᠢᠶ᠎ᠡ ᠶᠢ ᠲᠡᠭᠡᠭᠰᠢᠯᠡᠬᠦᠯᠤᠨ᠎ᠡ᠃     ︵ᠭᠤᠷᠪᠠ︶ ᠦᠭᠡᠷᠡᠴᠢᠯᠡᠯᠳᠡ ᠨᠡᠭᠡᠭᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠵᠤ᠂ ᠰᠢᠯᠢᠳᠡᠭ ᠬᠦᠭᠵᠢᠯᠳᠡ ᠶᠢᠨ ᠤᠷᠴᠢᠨ ᠲᠤᠭᠤᠷᠢᠨ ᠢ ᠡᠬᠦᠳᠤᠨ᠎ᠡ      ᠭᠤᠤᠯᠳᠠᠯᠭ᠎ᠠ ᠲᠠᠢ ᠬᠦᠷᠢᠶᠠᠨ ᠤ ᠦᠭᠡᠷᠡᠴᠢᠯᠡᠯᠳᠡ ᠶᠢ ᠬᠦᠨᠵᠡᠭᠡᠶᠢᠷᠡᠬᠦᠯᠤᠨ᠎ᠡ᠃ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠠᠬᠢᠭᠤᠯᠵᠤ᠂ ᠤᠳᠤ ᠦᠶ᠎ᠡ ᠶᠢᠨ ᠡᠳ᠋ ᠤᠨ ᠵᠠᠰᠠᠭ ᠤᠨ ᠲᠦᠷᠢᠮ ᠢ ᠲᠦᠷᠭᠡᠨ ᠪᠠᠶᠢᠭᠤᠯᠵᠤ᠂ ᠬᠤᠳᠠ ᠲᠤᠭᠤᠷᠢᠭ ᠬᠤᠶᠠᠷ ᠱᠠᠳᠤᠨ ᠤ ᠡᠳ᠋ ᠤᠨ ᠵᠠᠰᠠᠭ ᠤᠨ ᠡᠷᠭᠡ ᠪᠤᠯᠤᠨ ᠵᠠᠷᠤᠯᠭ᠎ᠠ ᠶᠢᠨ ᠬᠠᠷᠢᠭᠤᠴᠠᠯᠭ᠎ᠠ ᠶᠢ ᠴᠡᠭᠴᠡᠯᠡᠨ ᠴᠡᠪᠡᠷᠯᠡᠵᠤ᠂ ᠲᠦᠷᠦ ᠶᠢᠨ ᠪᠤᠳᠤᠯᠭ᠎ᠠ ᠶᠢᠨ ᠴᠢᠨᠠᠷᠳᠠᠢ ᠤᠷᠤᠯᠭ᠎ᠠ ᠶᠢ ᠴᠢᠨᠠᠬᠰᠢᠳᠠ ᠨᠡᠮᠡᠭᠳᠡᠬᠦᠯᠤᠨ᠎ᠡ᠃ ᠪᠡᠯᠡ ᠤᠷᠤᠭᠤᠯᠤᠯᠳᠠ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠠᠬᠢᠭᠤᠯᠵᠤ᠂ ᠤᠯᠠᠨ ᠨᠡᠶᠢᠳᠡ ᠶᠢᠨ ᠦᠢᠯᠡᠴᠢᠯᠡᠭᠡᠨ ᠤ ᠬᠦᠷᠢᠶᠠᠨ ᠳᠤ  ᠵᠠᠰᠠᠭ ᠤᠨ ᠤᠷᠳᠣᠨ ᠪᠠ ᠨᠡᠶᠢᠭᠡᠮ ᠤᠨ ᠬᠦᠷᠤᠩᠭᠡ ᠶᠢᠨ ᠬᠠᠮᠳᠤᠷᠠᠯᠴᠠᠭ᠎ᠠ ᠶᠢ ᠠᠬᠢᠭᠤᠯᠤᠨ᠎ᠠ᠃ ᠤᠯᠤᠰ ᠤᠨ ᠦᠮᠴᠢᠯᠡᠯᠳᠤ ᠠᠵᠤ ᠠᠬᠤᠶᠢᠯᠠᠯ ᠤᠨ ᠦᠭᠡᠷᠡᠴᠢᠯᠡᠯᠳᠡ ᠶᠢ ᠬᠦᠨᠵᠡᠭᠡᠶᠢᠷᠡᠬᠦᠯᠵᠤ᠂ ᠤᠳᠤ ᠦᠶ᠎ᠡ ᠶᠢᠨ ᠠᠵᠤ ᠠᠬᠤᠶᠢᠯᠠᠯ ᠤᠨ ᠲᠦᠷᠢᠮ ᠢ ᠲᠡᠬᠦᠯᠳᠡᠷᠵᠢᠬᠦᠯᠤᠨ ᠰᠠᠶᠢᠵᠢᠷᠠᠭᠤᠯᠤᠨ᠎ᠠ᠃ ᠶᠡᠷᠤᠩᠭᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠢᠳᠡᠪᠬᠢᠳᠡᠢ ᠠᠬᠢᠭᠤᠯᠵᠤ᠂ ᠬᠤᠳᠠ ᠶᠢᠨ ᠬᠠᠮᠢᠶᠠᠷᠤᠯᠳᠠ ᠶᠢᠨ ᠠᠰᠢᠬᠯᠠᠮᠵᠢ ᠶᠢ ᠦᠨᠡᠨᠬᠦ ᠲᠡᠭᠡᠭᠰᠢᠯᠡᠬᠦᠯᠤᠨ᠎ᠡ᠃ ᠡᠷᠤᠭᠡ ᠠᠮᠠ ᠶᠢᠨ ᠲᠦᠷᠢᠮ ᠤᠨ ᠦᠭᠡᠷᠡᠴᠢᠯᠡᠯᠳᠡ ᠶᠢ ᠠᠬᠢᠭᠤᠯᠵᠤ᠂ ᠦᠨᠳᠤᠷ ᠭᠡᠪ ᠪᠤᠯᠪᠠᠰᠤᠷᠠᠯ ᠲᠠᠢ ᠴᠢᠳᠠᠪᠤᠷᠢᠳᠠᠨ ᠤ ᠡᠷᠤᠭᠡ ᠠᠮᠠ ᠶᠢ ᠤᠷᠤᠭᠤᠯᠵᠤ᠂ ᠨᠡᠬᠦᠳᠡᠯ ᠬᠦᠮᠤᠨ ᠠᠮᠠ ᠬᠤᠳᠠ ᠶᠢᠨ ᠠᠷᠠᠳ ᠲᠠᠢ ᠠᠳᠠᠯᠢ ᠬᠠᠷᠠᠭᠠᠯᠵᠠᠯ ᠢ ᠬᠦᠷᠳᠡᠬᠦ ᠪᠠᠶᠢᠭᠤᠯᠤᠮᠵᠢ ᠶᠢᠨ ᠲᠤᠬᠳᠠᠴᠠ ᠶᠢ ᠪᠠᠶᠢᠭᠤᠯᠤᠨ᠎ᠠ᠃ ᠬᠦᠳᠡᠭᠡ ᠲᠤᠰᠬᠤᠨ ᠤ ᠬᠠᠮᠳᠤ  ᠶᠢᠨ ᠦᠮᠴᠢᠯᠡᠯ ᠤᠨ ᠡᠷᠭᠡ ᠶᠢᠨ ᠲᠦᠷᠢᠮ ᠤᠨ ᠦᠭᠡᠷᠡᠴᠢᠯᠡᠯᠳᠡ ᠶᠢ ᠲᠦᠷᠭᠡᠳᠭᠡᠵᠤ᠂ ᠬᠦᠳᠡᠭᠡ ᠲᠤᠰᠬᠤᠨ ᠤ ᠭᠠᠵᠠᠷ ᠰᠢᠷᠤᠢ᠂ ᠤᠢ ᠰᠢᠭᠤᠢ᠂ ᠪᠡᠯᠴᠢᠭᠡᠷ ᠤᠨ ᠡᠷᠭᠡ ᠶᠢ ᠲᠤᠳᠤᠷᠬᠠᠶᠢᠯᠠᠬᠤ ᠲᠠᠩᠰᠠᠯᠠᠬᠤ ᠦᠨᠡᠮᠯᠠᠯ ᠤᠯᠭᠤᠬᠤ ᠠᠵᠢᠯ ᠢ ᠪᠦᠬᠦ ᠲᠠᠯ᠎ᠠ ᠪᠠᠷ ᠲᠠᠭᠤᠰᠬᠠᠵᠤ᠂ ᠲᠠᠭᠠᠭᠠᠴᠢᠯᠠᠯᠳᠠ ᠶᠢᠨ ᠭᠠᠵᠠᠷ ᠤᠨ ︽ᠭᠤᠷᠪᠠᠨ ᠡᠷᠭᠡ  ᠶᠢ ᠰᠠᠯᠭᠠᠬᠤ︾ ᠶᠢ ᠰᠦᠪᠡᠭᠴᠢᠯᠡᠨ ᠠᠬᠢᠭᠤᠯᠤᠨ᠎ᠠ᠃      ᠭᠠᠳᠠᠭᠠᠳᠤ ᠲᠠᠢ ᠴᠢᠯᠤᠭᠡᠳᠡᠢ ᠶᠠᠪᠤᠯᠴᠠᠨ ᠬᠠᠮᠳᠤᠷᠠᠯᠴᠠᠬᠤ ᠶᠢ ᠦᠷᠭᠡᠳᠭᠡᠨ᠎ᠡ᠃ ᠠᠷᠠᠯᠵᠢᠶᠠᠴᠢᠨ ᠤᠷᠢᠵᠤ ᠪᠡᠯᠡ ᠲᠠᠳᠠᠬᠤ ᠠᠵᠢᠯ ᠤᠨ ᠲᠤᠭᠤᠷᠢᠨ ᠳᠤ᠂ ᠭᠠᠳᠠᠭᠠᠳᠤ ᠲᠠᠢ ᠴᠢᠯᠦᠭᠡᠳᠠᠢ ᠶᠠᠪᠤᠯᠴᠠᠬᠤ ᠪᠠ ᠬᠠᠮᠳᠤᠷᠠᠨ ᠰᠤᠯᠢᠯᠴᠠᠭ᠎ᠠ ᠬᠢᠬᠦ ᠬᠢᠷᠢ ᠭᠡᠮᠵᠢᠶ᠎ᠡ ᠪᠠᠨ ᠲᠡᠭᠡᠭᠰᠢᠯᠡᠬᠦᠯᠤᠨ᠎ᠡ᠃ ᠠᠷᠠᠯᠵᠢᠶᠠᠴᠢᠨ ᠤᠷᠢᠵᠤ ᠪᠡᠯᠡ ᠲᠠᠳᠠᠬᠤ ᠵᠠᠬᠪᠤᠷ ᠢ ᠰᠢᠨᠡᠴᠢᠯᠡᠵᠤ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠦᠭᠵᠢᠯᠳᠡ ᠶᠢᠨ ᠱᠠᠭᠠᠷᠳᠠᠯᠭ᠎ᠠ ᠲᠠᠢ ᠤᠶᠠᠯᠳᠤᠭᠤᠯᠤᠨ᠂ ᠠᠵᠤ ᠦᠢᠯᠡᠰ ᠤᠨ ᠭᠡᠯᠬᠢᠶ᠎ᠡ ᠪᠠᠷ ᠠᠷᠠᠯᠵᠢᠶᠠᠴᠢᠨ ᠤᠷᠢᠬᠤ ᠪᠠ ᠬᠤᠳᠠᠯᠳᠤᠭ᠎ᠠ ᠪᠠᠷ ᠠᠷᠠᠯᠵᠢᠶᠠᠴᠢᠨ ᠤᠷᠢᠬᠤ ᠶᠢ ᠬᠦᠴᠤᠳᠠᠢ ᠦᠷᠨᠢᠬᠦᠯᠵᠤ᠂ ᠨᠡᠩ ᠤᠯᠠᠨ ᠬᠤᠯᠪᠤᠯᠳᠤᠬᠤ ᠴᠢᠨᠠᠷ ᠢᠶᠠᠷ ᠴᠢᠩᠭ᠎ᠠ᠂ ᠲᠦᠷᠤᠯ ᠲᠡᠮᠳᠡᠭ ᠤᠨ ᠦᠷ᠎ᠡ ᠨᠦᠯᠦᠭᠡ ᠰᠠᠶᠢᠨ‌‍ᠲ᠋ᠦ᠋ᠷᠦᠯ ᠵᠦᠢᠯ ᠢ ᠲᠠᠳᠠᠨ ᠨᠤᠳᠤᠭᠰᠢᠭᠤᠯᠵᠤ᠂ ᠡᠳ᠋ ᠤᠨ ᠢᠷᠡᠯᠳᠡ ᠶᠢᠨ ᠭᠡᠯᠪᠡᠷᠢ ᠶᠢᠨ ᠲᠦᠷᠦᠯ ᠵᠦᠢᠯ᠂ ᠲᠠᠶᠢᠴᠢᠯᠠᠬᠤ ᠭᠡᠯᠪᠡᠷᠢ ᠶᠢᠨ ᠲᠦᠷᠦᠯ ᠵᠦᠢᠯ ᠪᠤᠯᠤᠨ ᠰᠢᠨ᠎ᠡ   ᠶᠢ ᠡᠬᠦᠳᠬᠦ ᠭᠡᠯᠪᠡᠷᠢ ᠶᠢᠨ ᠲᠦᠷᠦᠯ ᠵᠦᠢᠯ ᠢ ᠤᠷᠤᠭᠤᠯᠤᠨ ᠠᠪᠴᠢᠷᠠᠬᠤ ᠲᠡᠭᠡᠷ᠎ᠡ ᠰᠢᠨ᠎ᠡ ᠰᠢᠪᠳᠤᠯᠤᠯᠳᠠ ᠲᠠᠢ ᠪᠠᠶᠢᠯᠭᠠᠨ᠎ᠠ᠃ ᠠᠷᠠᠯᠵᠢᠶᠠᠴᠢᠨ ᠤᠷᠢᠵᠤ ᠪᠡᠯᠡ ᠲᠠᠳᠠᠬᠤ ᠤᠨᠤᠪᠴᠢ ᠶᠢᠨ ᠭᠡᠮᠵᠢᠶ᠎ᠡ ᠶᠢ ᠲᠡᠭᠡᠭᠰᠢᠯᠡᠬᠦᠯᠵᠤ᠂ ᠮᠠᠨ ᠤ ᠲᠤᠭᠤᠷᠢᠭ ᠤᠨ ᠠᠵᠤ ᠦᠢᠯᠡᠰ ᠤᠨ ᠪᠠᠶᠢᠷᠢᠯᠠᠭᠤᠯᠤᠯᠳᠠ᠂ ᠬᠦᠴᠤᠨ ᠵᠦᠢᠯ ᠤᠨ ᠪᠠᠳᠤᠯᠭ᠎ᠠ᠂ ᠡᠬᠢ ᠪᠠᠶᠠᠯᠢᠭ ᠤᠨ ᠢᠵᠢ ᠪᠦᠷᠢᠯᠳᠤᠯ ᠵᠡᠷᠭᠡ ᠶᠢᠨ ᠡᠯᠧᠮᠧᠨ᠋ᠲ ᠢ ᠤᠨᠤᠪᠴᠢᠳᠠᠢ ᠵᠠᠳᠠᠯᠵᠤ᠂ ᠠᠷᠠᠯᠵᠢᠶᠠᠴᠢᠨ ᠤᠷᠢᠵᠤ ᠪᠡᠯᠡ ᠲᠠᠳᠠᠬᠤ ᠲᠤᠳᠤᠷᠬᠠᠢ ᠴᠢᠭᠯᠡᠯ ᠢ ᠪᠦᠷᠢᠯᠳᠤᠬᠦᠯᠤᠨ᠂ ᠠᠵᠤ ᠦᠢᠯᠡᠰ ᠤᠨ ᠲᠤᠳᠤᠷᠬᠠᠢ ᠲᠦᠯᠦᠪᠵᠢᠬᠦᠯᠭᠡ ᠪᠤᠯᠤᠨ ᠢᠵᠢ ᠪᠦᠷᠢᠳᠦᠭᠰᠡᠨ ᠲᠦᠷᠦ ᠶᠢᠨ ᠪᠤᠳᠤᠯᠭ᠎ᠠ ᠶᠢ ᠲᠤᠬᠳᠠᠭᠠᠵᠤ᠂ ᠠᠷᠠᠯᠵᠢᠶᠠᠴᠢᠨ ᠤᠷᠢᠵᠤ ᠪᠡᠯᠡ ᠲᠠᠳᠠᠬᠤ ᠬᠠᠨᠳᠤᠯᠭᠠᠳᠤ ᠴᠢᠨᠠᠷ ᠪᠤᠯᠤᠨ ᠭᠡᠷᠡᠭᠵᠢᠬᠦᠯᠤᠬᠦᠰᠢᠳᠤ ᠴᠢᠨᠠᠷ ᠢ ᠦᠨᠡᠨᠬᠦ ᠨᠡᠮᠡᠭᠳᠡᠬᠦᠯᠤᠨ᠎ᠡ᠃ ᠠᠷᠠᠯᠵᠢᠶᠠᠴᠢᠨ ᠤᠷᠢᠵᠤ ᠪᠡᠯᠡ ᠲᠠᠳᠠᠬᠤ ᠶᠠᠰᠤ ᠴᠢᠨᠠᠷ ᠢ ᠠᠩᠬᠠᠷᠴᠤ᠂ ᠲᠤᠮᠤ ᠬᠦᠴᠤᠷᠭᠡᠭ ᠢ ᠤᠷᠢᠵᠤ ᠠᠪᠴᠢᠷᠠᠬᠤ ᠪᠠ ᠴᠢᠨᠠᠷ ᠢ ᠲᠡᠭᠡᠭᠰᠢᠯᠡᠬᠦᠯᠵᠤ ᠦᠷ᠎ᠡ ᠠᠰᠢᠭ ᠢ ᠨᠡᠮᠡᠭᠳᠡᠬᠦᠯᠬᠦ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠳᠠᠯᠠᠨ᠎ᠠ᠃ ᠠᠷᠠᠯᠵᠢᠶᠠᠴᠢᠨ ᠤᠷᠢᠵᠤ ᠪᠡᠯᠡ ᠲᠠᠳᠠᠬᠤ ᠬᠤᠤᠰ ᠴᠢᠭᠯᠡᠯ ᠤᠨ ᠬᠦᠯᠢᠶᠡᠰᠤᠯᠡᠯ ᠢ ᠡᠷᠴᠢᠮᠵᠢᠬᠦᠯᠵᠤ᠂ ᠲᠦᠷᠦᠯ ᠵᠦᠢᠯ ᠢ ᠬᠦᠢᠴᠡᠳᠭᠡᠬᠦ ᠨᠤᠷᠮ᠎ᠠ ᠪᠤᠯᠤᠨ ᠪᠡᠯᠡ ᠮᠦᠡᠭᠬᠦ ᠶᠢᠨ ᠤᠷᠤᠨᠵᠢᠬᠤ ᠨᠤᠷᠮ᠎ᠠ ᠶᠢ ᠦᠨᠡᠨᠬᠦ ᠲᠡᠭᠡᠭᠰᠢᠯᠡᠬᠦᠯᠤᠨ᠎ᠡ᠃      ᠲᠡᠷᠢᠬᠦᠨ ᠤ ᠡᠵᠡᠩᠨᠡᠯᠳᠡ ᠬᠤᠳᠠᠯᠳᠤᠭᠠᠨ ᠤ ᠤᠷᠴᠢᠨ ᠲᠤᠭᠤᠷᠢᠨ ᠢ ᠡᠬᠦᠳᠤᠨ᠎ᠡ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠳᠡ ᠶᠢ ᠬᠦᠨᠵᠡᠭᠡᠢ ᠠᠬᠢᠭᠤᠯᠵᠤ᠂ ᠬᠤᠳᠠᠯᠳᠤᠭᠠᠨ ᠤ ᠶᠠᠪᠤᠳᠠᠯ ᠤᠨ ᠲᠦᠷᠢᠮ ᠢ ᠲᠠᠰᠤᠷᠠᠯᠳᠠ ᠦᠭᠡᠢ ᠰᠢᠯᠢᠳᠡᠭᠵᠢᠬᠦᠯᠤᠨ᠂ ︽ᠬᠤᠶᠠᠷ ᠲᠠᠰᠢᠷᠠᠮ ᠢᠶᠠᠷ ᠪᠠᠶᠢᠴᠠᠭᠠᠬᠤ᠂ ᠨᠢᠭᠡ ᠢᠯᠡ ᠪᠤᠯᠭᠠᠬᠤ︾   ᠶᠢᠨ ᠬᠢᠨᠠᠨ ᠬᠠᠮᠢᠶᠠᠷᠬᠤ ᠭᠡᠪᠴᠢᠶ᠎ᠡ ᠶᠢ ᠦᠷᠭᠡᠳᠭᠡᠵᠤ᠂ ᠢᠳᠡᠭᠡᠮᠵᠢ ᠶᠢᠨ ᠬᠢᠨᠠᠨ ᠬᠠᠮᠢᠶᠠᠷᠤᠯᠳᠠ ᠪᠤᠯᠤᠨ ᠬᠤᠶᠢᠨᠠᠬᠢ ᠦᠨᠡᠯᠡᠨ ᠵᠢᠱᠢᠬᠦ ᠵᠠᠬᠪᠤᠷ  ᠢ ᠲᠡᠯᠭᠡᠷᠡᠬᠦᠯᠤᠨ᠎ᠡ᠃ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠦᠢᠯᠡᠴᠢᠯᠡᠭᠡ ᠶᠢ ᠴᠢᠩᠭᠠᠳᠬᠠᠵᠤ᠂ ᠦᠢᠯᠡᠳᠪᠤᠷᠢ ᠬᠤᠳᠠᠯᠳᠤᠭᠠᠨ ᠤ ᠬᠤᠪᠢᠶᠡᠷᠢ ᠲᠤᠪᠴᠢᠶ᠎ᠡ᠂ ᠤᠯᠤᠰ ᠤᠷᠤᠨ ᠨᠤᠳᠤᠭ ᠤᠨ ᠭᠠᠶᠢᠯᠢ ᠶᠢᠨ ᠶᠠᠪᠤᠳᠠᠯ ᠤᠨ ᠰᠠᠯᠠᠭ᠎ᠠ ᠮᠦᠴᠢᠷ ᠬᠠᠮᠳᠤᠷᠠᠨ ᠠᠯᠪᠠᠯᠠᠬᠤ ᠶᠢ ᠠᠬᠢᠭᠤᠯᠵᠤ᠂ ᠲᠤᠬᠠᠶᠢᠯᠠᠬᠰᠠᠨ ᠠᠵᠢᠯ ᠢ ᠨᠢᠭᠡ ᠦᠷᠳᠡᠭᠡ  ᠳᠤ ᠬᠦᠢᠴᠡᠳᠭᠡᠵᠤ᠂ ᠠᠵᠤ ᠠᠬᠤᠶᠢᠯᠠᠯ ᠢ ᠬᠠᠮᠤᠭ ᠤᠨ ᠤᠯᠠᠨ ᠳᠤ ᠪᠠᠨ ᠨᠢᠭᠡ ᠤᠳᠠᠭ᠎ᠠ ᠬᠦᠶᠤᠬᠦ ᠪᠤᠯᠭᠠᠨ᠎ᠠ᠃ ᠭᠠᠶᠢᠯᠢ ᠶᠢ ᠬᠠᠰᠤᠬᠤ᠂ ᠰᠦᠢᠳᠭᠡᠯ ᠢ ᠪᠠᠭᠤᠷᠠᠭᠤᠯᠬᠤ᠂ ᠦᠪᠡᠷ ᠤᠨ ᠦᠷᠳᠡᠭ ᠢ ᠪᠠᠭᠤᠷᠠᠭᠤᠯᠬᠤ ᠵᠡᠷᠭᠡ ᠶᠢ ᠦᠷᠬᠦᠯᠵᠢᠯᠡᠨ ᠰᠠᠶᠢᠳᠤᠷ ᠬᠢᠵᠤ᠂ ᠠᠵᠤ ᠠᠬᠤᠶᠢᠯᠠᠯ ᠳᠤ ᠬᠤᠯᠪᠤᠬᠳᠠᠬᠰᠠᠨ ᠰᠦᠢᠳᠭᠡᠯ ᠢ ᠴᠢᠨᠠᠬᠰᠢᠳᠠ ᠴᠡᠪᠡᠷᠯᠡᠨ᠂ ᠪᠤᠳᠠᠳᠤ ᠴᠤᠬᠴᠠᠳᠤ ᠠᠵᠤ ᠠᠬᠤᠢ ᠶᠢᠨ ᠦᠪᠡᠷ ᠤᠨ ᠦᠷᠳᠡᠭ ᠢ ᠪᠠᠭᠤᠷᠠᠭᠤᠯᠵᠤ ᠦᠷ᠎ᠡ ᠠᠰᠢᠭ ᠢ ᠨᠡᠮᠡᠭᠳᠡᠬᠦᠯᠬᠦ ᠶᠢ ᠠᠬᠢᠭᠤᠯᠤᠨ᠎ᠠ᠃ ᠠᠵᠤ ᠠᠬᠤᠶᠢᠯᠠᠯᠳᠠᠨ ᠲᠠᠢ ᠶᠠᠷᠢᠯᠴᠠᠬᠤ ᠲᠤᠬᠳᠠᠴᠠ ᠶᠢ ᠪᠠᠶᠢᠭᠤᠯᠤᠨ᠂ ᠠᠵᠤ ᠠᠬᠤᠶᠢᠯᠠᠯ ᠤᠨ ᠪᠤᠳᠠᠳᠤ ᠬᠦᠴᠢᠷᠳᠡᠯ ᠪᠤᠯᠤᠨ ᠪᠡᠯᠡ ᠤᠷᠤᠭᠤᠯᠤᠯᠳᠠ ᠶᠢᠨ ᠪᠠᠶᠢᠳᠠᠯ ᠢ ᠨᠠᠷᠢᠨ ᠡᠵᠡᠮᠰᠢᠵᠤ᠂ ᠴᠠᠭ ᠲᠠᠷᠤᠢ ᠳᠤ ᠨᠢ ᠮᠦᠷᠳᠡᠨ ᠵᠤᠯᠭᠠᠭᠤᠯᠬᠤ ᠶᠢ ᠪᠠᠳᠤᠯᠠᠨ᠎ᠠ᠃ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠪᠦᠬᠦ ᠲᠠᠯ᠎ᠠ ᠪᠠᠷ ᠭᠡᠷᠡᠭᠵᠢᠬᠦᠯᠵᠤ᠂ ᠰᠦᠯᠵᠢᠶᠡᠨ ᠲᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠰᠢᠯᠢᠳᠡᠭᠵᠢᠬᠦᠯᠤᠨ ᠰᠠᠶᠢᠵᠢᠷᠠᠭᠤᠯᠤᠨ᠎ᠠ᠃ ︽ᠲᠤᠳᠤᠨᠤ︾ ︽ ᠴᠡᠪᠡᠷ︾  ᠪᠠᠶᠢᠬᠤ ᠰᠢᠨ᠎ᠡ ᠭᠡᠯᠪᠡᠷᠢ ᠶᠢᠨ ᠵᠠᠰᠠᠭ ᠬᠤᠳᠠᠯᠳᠤᠭᠠᠴᠢᠨ ᠤ ᠬᠠᠷᠢᠴᠠᠭ᠎ᠠ ᠶᠢ ᠴᠢᠷᠮᠠᠶᠢᠨ ᠪᠠᠶᠢᠭᠤᠯᠵᠤ᠂ ᠲᠤᠳᠤᠨᠤᠴᠢᠯᠠᠬᠤ ᠳᠤ ᠭᠡᠮ ᠭᠡᠮᠵᠢᠶ᠎ᠡ ᠲᠠᠢ᠂  ᠴᠡᠪᠡᠷ ᠬᠠᠷᠢᠴᠠᠭ᠎ᠠ ᠲᠠᠢ ᠪᠠᠶᠢᠵᠤ᠂  ᠬᠦᠭᠵᠢᠯᠳᠡ ᠶᠢᠨ ᠨᠡᠩ ᠠᠭᠤᠵᠢᠭᠤ ᠤᠷᠴᠢᠨ ᠲᠤᠭᠤᠷᠢᠨ ᠢ ᠡᠬᠦᠳᠴᠤ᠂ ᠨᠡᠶᠢᠳᠡ ᠶᠢᠨ ᠦᠮᠴᠢᠯᠡᠯᠳᠤ ᠪᠤᠰᠤ ᠠᠵᠤ ᠠᠬᠤᠶᠢᠯᠠᠯ ᠳᠤ ᠵᠢᠬᠦᠷ ᠤᠷᠭᠤᠭᠤᠯᠤᠨ᠂ ᠠᠵᠤ ᠠᠬᠤᠶᠢᠯᠠᠯᠳᠠᠨ ᠳᠤ ᠢᠳᠡᠭᠡᠯ ᠤᠯᠭᠤᠵᠤ᠂  ᠨᠡᠩ ᠭᠡᠬᠦᠳᠡᠭ ᠲᠦᠬᠦᠷᠡᠩ ᠬᠠᠶᠢᠷ᠎ᠠ ᠰᠡᠳᠬᠢᠯᠭᠡ ᠪᠠᠷ ᠬᠢᠶ᠎ᠠ ᠪᠠᠭᠰᠢ ᠶᠢᠨ ᠪᠦᠳᠤᠭᠡᠨ ᠪᠠᠶᠢᠭᠤᠯᠤᠯᠳᠠ ᠪᠤᠯᠤᠨ ᠬᠦᠭᠵᠢᠯᠳᠡ ᠳᠤ ᠤᠷᠤᠯᠴᠠᠭᠤᠯᠤᠨ᠎ᠠ᠃      ︵ᠲᠦᠷᠪᠡ︶ ᠴᠢᠨᠠᠷᠵᠢᠯ ᠪᠦᠬᠦᠢ ᠬᠤᠳᠠ ᠶᠢᠨ ᠪᠦᠳᠤᠭᠡᠨ ᠪᠠᠶᠢᠭᠤᠯᠤᠯᠳᠠ ᠶᠢ ᠲᠦᠷᠭᠡᠳᠭᠡᠵᠤ᠂ ᠵᠤᠯ ᠵᠢᠷᠭᠠᠯᠳᠤ ᠰᠠᠭᠤᠬᠤ ᠳᠤ ᠲᠠᠭᠠᠯᠠᠮᠵᠢᠳᠠᠢ ᠬᠤᠳᠠ ᠶᠢ ᠡᠬᠦᠳᠤᠨ᠎ᠡ      ᠬᠤᠳᠠ ᠶᠢᠨ ᠴᠢᠳᠠᠪᠬᠢ ᠶᠢᠨ ᠴᠢᠨᠠᠷ ᠢ ᠲᠡᠭᠰᠢᠯᠡᠬᠦᠯᠤᠨ᠎ᠡ᠃ ᠬᠤᠳᠠ ᠶᠢᠨ ᠵᠢᠷᠤᠭ ᠲᠦᠯᠦᠪᠯᠡᠭᠡ ᠪᠠᠷ ᠲᠠᠭᠠᠭᠤᠯᠤᠨ᠂ ᠲᠦᠯᠦᠪᠵᠢᠬᠦᠯᠭᠡ ᠶᠢᠨ ᠲᠤᠬᠠᠳᠠᠮᠠᠯ ᠴᠢᠨᠠᠷᠳᠠᠢ ᠬᠦᠯᠢᠶᠡᠰᠤᠯᠡᠯ ᠪᠠ ᠬᠦᠭᠵᠢᠯᠳᠡ ᠶᠢᠨ ᠲᠠᠭᠠᠭᠤᠯᠬᠤ ᠦᠢᠯᠡᠳᠤᠯ ᠢ ᠪᠠᠳᠠᠷᠠᠭᠤᠯᠤᠨ᠎ᠠ᠃  ᠨᠠᠷᠢᠯᠢᠭ ᠪᠦᠳᠤᠭᠡᠨ ᠪᠠᠶᠢᠭᠤᠯᠤᠯᠳᠠ᠂ ᠨᠠᠷᠢᠯᠢᠭ ᠬᠠᠮᠢᠶᠠᠷᠤᠯᠳᠠ  ᠶᠢ ᠪᠠᠷᠢᠮᠳᠠᠯᠠᠵᠤ᠂ ︽ᠬᠤᠳᠠ ᠶᠢᠨ ᠨᠤᠭᠤᠭᠠᠷᠠᠭᠤᠯᠤᠯᠳᠠ ᠶᠢ ᠨᠦᠬᠦᠬᠦ᠂ ᠠᠮᠢ ᠠᠬᠤᠢ ᠶᠢ ᠰᠡᠷᠬᠦᠭᠡᠬᠦ︾ ᠠᠵᠢᠯ ᠢ ᠯᠠᠪᠳᠠᠭᠤᠨ ᠦᠷᠨᠢᠬᠦᠯᠵᠤ᠂  ᠨᠤᠭᠤᠭᠠᠷᠠᠭᠤᠯᠬᠤ᠂  ᠭᠤᠶᠤᠵᠢᠭᠤᠯᠬᠤ᠂ ᠭᠡᠷᠡᠯᠳᠤᠬᠦᠯᠬᠦ᠂  ᠴᠡᠪᠡᠷᠯᠡᠬᠦ᠂  ᠨᠠᠷᠢᠯᠢᠭᠵᠢᠭᠤᠯᠬᠤ ᠲᠠᠪᠤᠨ ᠲᠤᠮᠤ ᠢᠨᠵᠧᠨᠧᠷᠢᠩ ᠢ ᠭᠡᠷᠡᠭᠵᠢᠬᠦᠯᠵᠤ᠂ ᠬᠤᠳᠠ ᠶᠢᠨ ︽ᠦᠡᠭᠭᠡ ᠦᠵᠡᠮᠵᠢ︾  ᠶᠢ ᠦᠷᠬᠦᠯᠵᠢᠯᠡᠨ ᠲᠡᠭᠡᠭᠰᠢᠯᠡᠬᠦᠯᠤᠨ᠎ᠡ᠃ ᠨᠤᠭᠤᠷᠠᠭᠤᠯᠤᠯᠳᠠ ᠶᠢᠨ ᠲᠠᠯ᠎ᠠ ᠪᠠᠷ᠂ ᠤᠶᠢᠵᠢᠭᠤᠯᠤᠯᠳᠠ ᠴᠡᠴᠡᠷᠯᠢᠭᠵᠢᠬᠦᠯᠦᠯᠳᠡ ᠶᠢ ᠬᠦᠨᠵᠡᠭᠡᠢ ᠠᠬᠢᠭᠤᠯᠵᠤ᠂ ᠵᠠᠮ ᠤᠨ ᠦᠵᠡᠮᠵᠢ᠂ ᠴᠡᠴᠡᠷᠯᠢᠭ ᠤᠨ ᠨᠤᠭᠤᠭᠠᠷᠠᠭᠤᠯᠤᠯᠳᠠ᠂ ᠤᠷᠤᠨ ᠰᠠᠭᠤᠴᠠ ᠶᠢᠨ ᠲᠤᠭᠤᠷᠢᠭ ᠵᠡᠷᠭᠡ ᠭᠤᠤᠯᠳᠠᠯᠭ᠎ᠠ ᠲᠠᠢ ᠤᠷᠤᠨ ᠲᠤᠭᠤᠷᠢᠭ ᠤᠨ ᠨᠤᠭᠤᠭᠠᠷᠠᠭᠤᠯᠤᠯᠳᠠ ᠦᠵᠡᠮᠵᠢ ᠶᠢ ᠰᠠᠶᠢᠵᠢᠷᠠᠭᠤᠯᠬᠤ ᠪᠠᠷᠢᠯᠭ᠎ᠠ ᠶᠢ ᠭᠡᠷᠡᠭᠵᠢᠬᠦᠯᠤᠨ᠎ᠡ᠃ ᠭᠤᠶᠤᠵᠢᠭᠤᠯᠤᠯᠳᠠ ᠶᠢᠨ ᠲᠠᠯ᠎ᠠ ᠪᠠᠷ᠂ ᠡᠬᠦᠳᠡᠨ ᠢᠯᠡᠷᠭᠡᠶᠢᠯᠠᠯ ᠪᠤᠯᠤᠨ ᠭᠡᠷ ᠤᠨ ᠭᠠᠳᠠᠨᠠᠬᠢ ᠵᠠᠷ ᠮᠡᠳᠡᠭᠡ ᠶᠢ ᠴᠢᠩᠭ᠎ᠠ ᠲᠦᠷᠢᠮᠵᠢᠬᠦᠯᠤᠨ᠂ ᠠᠰᠠᠷ ᠤᠨ ᠨᠢᠭᠤᠷ ᠢ ᠰᠢᠷᠳᠡᠵᠤ ᠰᠢᠨᠡᠳᠭᠡᠨ᠂ ᠬᠤᠳᠠ ᠶᠢᠨ ᠶᠠᠪᠤᠳᠠᠯ ᠤᠨ ᠲᠦᠬᠦᠭᠡᠷᠤᠮᠵᠢ ᠶᠢ ᠭᠤᠶᠤᠯᠢᠭᠵᠢᠭᠤᠯᠬᠤ ᠪᠠᠷᠢᠯᠭ᠎ᠠ ᠶᠢ ᠦᠷᠬᠦᠯᠵᠢᠯᠡᠨ ᠦᠷᠨᠢᠬᠦᠯᠤᠨ᠎ᠡ᠃ ᠭᠡᠷᠡᠯᠳᠤᠬᠦᠯᠭᠡ ᠶᠢᠨ ᠲᠠᠯ᠎ᠠ ᠪᠠᠷ᠂ ᠬᠤᠳᠠ ᠶᠢᠨ ᠰᠦᠨᠢ ᠶᠢᠨ ᠦᠵᠡᠮᠵᠢ ᠶᠢᠨ ᠭᠡᠷᠡᠯᠳᠤᠬᠦᠯᠭᠡ ᠶᠢ ᠰᠠᠶᠢᠵᠢᠷᠠᠭᠤᠯᠬᠤ ᠪᠠᠷᠢᠯᠭ᠎ᠠ ᠶᠢ ᠲᠡᠭᠤᠰᠬᠠᠵᠤ᠂ ᠵᠠᠮ ᠤᠨ ᠳ᠋ᠸᠡᠭ ᠢ ᠤᠶᠤᠨᠴᠢ ᠭᠡᠷᠡᠯᠳᠤᠬᠦᠯᠭᠡ ᠶᠢᠨ ᠰᠢᠰᠲ᠋ᠧᠮ ᠢᠶᠠᠷ ᠦᠭᠡᠷᠡᠴᠢᠯᠡᠬᠦ ᠶᠢ ᠠᠬᠢᠭᠤᠯᠤᠨ᠎ᠠ᠃ ᠴᠡᠪᠡᠷᠯᠡᠭᠡ ᠶᠢᠨ ᠲᠠᠯ᠎ᠠ ᠪᠠᠷ᠂ ᠭᠤᠤᠯ ᠵᠠᠮ ᠢ ᠮᠠᠰᠢᠨᠴᠢᠯᠠᠯᠳᠠ ᠪᠠᠷ ᠱᠦᠬᠦᠷᠳᠡᠬᠦ ᠬᠦᠴᠤᠯᠡᠴᠡ ᠶᠢ ᠨᠡᠮᠡᠭᠳᠡᠬᠦᠯᠤᠨ᠂ ᠵᠡᠭᠡᠯᠢ ᠶᠢᠨ ᠨᠡᠶᠢᠭᠡᠮ ᠲᠤᠭᠤᠷᠢᠭ᠂ ᠵᠡᠭᠡᠯᠢ ᠭᠤᠳᠤᠮᠵᠢ ᠶᠢᠨ ᠤᠷᠴᠢᠨ ᠲᠤᠭᠤᠷᠢᠨ ᠢ ᠵᠠᠰᠠᠨ ᠴᠡᠭᠴᠡᠯᠡᠬᠦ ᠶᠢ ᠡᠷᠴᠢᠮᠵᠢᠬᠦᠯᠵᠤ᠂ ᠬᠤᠳᠠ ᠶᠢᠨ ᠲᠦᠷᠢ ᠲᠦᠷᠬᠦ  ᠤᠷᠴᠢᠨ ᠲᠤᠭᠤᠷᠢᠨ ᠢ ᠶᠡᠷᠤᠩᠭᠡᠶᠢᠯᠡᠨ ᠵᠠᠰᠠᠬᠤ ᠳᠤ ᠪᠤᠯᠤᠩ ᠲᠤᠬᠤᠢ ᠦᠯᠡᠳᠡᠭᠡᠬᠦ ᠦᠭᠡᠢ ᠪᠠᠶᠢᠬᠤ ᠶᠢ ᠪᠠᠶᠠᠯᠠᠬᠦᠯᠤᠨ᠎ᠡ᠃ ᠨᠠᠷᠢᠯᠢᠬᠵᠢᠭᠤᠯᠬᠤ ᠲᠠᠯ᠎ᠠ ᠪᠠᠷ᠂ ᠤᠶᠤᠨᠴᠢ ᠬᠤᠳᠠ ᠶᠢ ᠡᠬᠦᠳᠤᠨ ᠪᠠᠶᠢᠭᠤᠯᠬᠤ ᠠᠵᠢᠯ ᠤᠨ ᠲᠤᠭᠤᠷᠢᠨ ᠳᠤ᠂ ᠬᠤᠳᠠ ᠶᠢᠨ ᠨᠠᠷᠢᠯᠢᠭᠵᠢᠭᠤᠯᠤᠬᠰᠠᠨ ᠬᠠᠮᠢᠶᠠᠷᠤᠯᠳᠠ ᠶᠢᠨ ᠰᠠᠭᠤᠷᠢ ᠶᠢ ᠲᠠᠰᠤᠷᠠᠯᠳᠠ ᠦᠭᠡᠢ ᠴᠢᠩᠭᠠᠳᠬᠠᠵᠤ᠂  ᠬᠠᠮᠢᠶᠠᠷᠤᠯᠳᠠ ᠶᠢᠨ ᠵᠠᠬᠪᠤᠷ ᠢ ᠰᠢᠨᠡᠴᠢᠯᠡᠵᠤ᠂ ᠬᠠᠮᠢᠶᠠᠷᠤᠯᠳᠠ ᠶᠢᠨ ᠦᠷ᠎ᠡ ᠪᠦᠳᠤᠮᠵᠢ ᠶᠢ  ᠲᠡᠭᠡᠭᠰᠢᠯᠡᠬᠦᠯᠤᠨ᠎ᠡ᠃      ᠬᠤᠳᠠ ᠶᠢᠨ ᠰᠤᠶᠤᠯ ᠤᠨ ᠠᠭᠤᠯᠬᠤᠨ ᠢ ᠪᠠᠶᠠᠯᠢᠬᠵᠢᠭᠤᠯᠤᠨ᠎ᠠ᠃ ᠬᠤᠳᠠ ᠶᠢᠨ ᠰᠤᠶᠤᠯ ᠤᠨ ᠵᠦᠭᠡᠯᠡᠨ ᠪᠤᠳᠠᠳᠤ ᠬᠦᠴᠤᠨ ᠢ ᠪᠦᠬᠦ ᠲᠠᠯ᠎ᠠ ᠪᠠᠷ ᠲᠡᠭᠡᠭᠰᠢᠯᠡᠬᠦᠯᠵᠤ᠂ ᠤᠯᠠᠮᠵᠢᠯᠠᠯᠳᠤ ᠰᠤᠶᠤᠯ᠂ ᠦᠨᠳᠤᠰᠤᠳᠠᠨ ᠤ ᠰᠤᠶᠤᠯ᠂ ᠤᠷᠤᠨ ᠨᠤᠳᠤᠭ ᠤᠨ ᠰᠤᠶᠤᠯ ᠢ ᠬᠤᠳᠠ ᠶᠢᠨ ᠪᠦᠳᠤᠭᠡᠨ ᠪᠠᠶᠢᠭᠤᠯᠤᠯᠳᠠ ᠶᠢᠨ ᠬᠠᠮᠢᠶᠠᠷᠤᠯᠳᠠ᠂ ᠠᠵᠤ ᠦᠢᠯᠡᠰ ᠤᠨ ᠬᠦᠭᠵᠢᠯᠳᠡ ᠪᠠ ᠨᠡᠶᠢᠭᠡᠮ ᠤᠨ ᠠᠮᠢᠳᠤᠷᠠᠯ ᠳᠤ   ᠠᠭᠤᠰᠤᠯᠴᠠᠭᠤᠯᠵᠤ᠂ ᠬᠢᠶ᠎ᠠ ᠪᠠᠭᠰᠢ ᠶᠢᠨ ᠰᠤᠶᠤᠯ ᠤᠨ ᠢᠳᠡᠭᠡᠯ ᠢ ᠪᠠᠳᠤᠳᠬᠠᠨ᠂ ᠬᠤᠳᠠ ᠶᠢᠨ ᠨᠢᠬᠳᠠᠷᠠᠭᠤᠯᠬᠤ ᠬᠦᠴᠤᠨ ᠪᠤᠯᠤᠨ ᠬᠤᠳᠠ ᠶᠢᠨ ᠠᠷᠠᠳ ᠤᠨ ᠨᠤᠳᠤᠬᠴᠢ ᠰᠡᠳᠬᠢᠯ ᠢ ᠨᠡᠮᠡᠭᠳᠡᠬᠦᠯᠤᠨ᠎ᠡ᠃ ᠬᠤᠳᠠ ᠶᠢᠨ ᠤᠯᠠᠨ ᠨᠡᠶᠢᠳᠡ ᠶᠢᠨ ᠰᠤᠶᠤᠯ ᠤᠨ ᠦᠢᠯᠡᠴᠢᠯᠡᠭᠡᠨ ᠤ ᠲᠤᠬᠳᠠᠯᠴᠠᠭᠠᠨ ᠤ ᠪᠠᠶᠢᠭᠤᠯᠤᠯᠳᠠ ᠶᠢ ᠴᠢᠩᠭᠠᠳᠬᠠᠵᠤ᠂ ᠵᠠᠭᠤᠨ ᠡᠳᠤᠷ ᠤᠨ ᠵᠤᠨ ᠤ ᠰᠤᠶᠤᠯ ᠤᠨ ᠤᠷᠠᠨ ᠰᠠᠶᠢᠬᠠᠨ  ᠤ ᠲᠤᠬᠯᠠᠯᠳᠠ᠂ ᠰᠤᠶᠤᠯ ᠤᠨ ᠠᠵᠢᠯᠯᠠᠭ᠎ᠠ ᠶᠢ ᠦᠨᠳᠤᠰᠤᠨ ᠱᠠᠳᠤᠨ ᠳᠤ ᠪᠠᠭᠤᠯᠭᠠᠬᠤ ᠵᠡᠷᠭᠡ ᠤᠯᠠᠨ ᠲᠦᠮᠡᠨᠴᠢ ᠰᠤᠶᠤᠯ ᠤᠨ ᠠᠵᠢᠯᠯᠠᠭ᠎ᠠ ᠶᠢ ᠬᠦᠨᠵᠡᠭᠡᠢ ᠦᠷᠨᠢᠬᠦᠯᠵᠤ᠂ ᠰᠤᠷᠤᠯᠴᠠᠯᠭ᠎ᠠ ᠲᠠᠢ ᠨᠡᠶᠢᠭᠡᠮ ᠪᠤᠯᠤᠨ ᠪᠢᠴᠢᠭ ᠤᠨ ᠰᠤᠷᠪᠤᠯᠵᠢᠳᠤ ᠬᠤᠳᠠ ᠶᠢ ᠪᠠᠶᠢᠭᠤᠯᠵᠤ᠂ ᠠᠷᠠᠳ ᠤᠯᠠᠨ ᠤ ᠤᠶᠤᠨ ᠰᠠᠨᠠᠭᠠᠨ ᠤ ᠬᠠᠨᠭ᠍ᠭᠠᠯᠭ᠎ᠠ  ᠶᠢ ᠪᠠᠶᠠᠯᠢᠬᠵᠢᠭᠤᠯᠤᠨ᠎ᠠ᠃ ᠨᠡᠶᠢᠭᠡᠮ ᠵᠢᠷᠤᠮ ᠤᠨ ᠭᠤᠤᠯᠯᠠᠬᠴᠢ ᠦᠷᠳᠡᠭ ᠤᠨ ᠦᠵᠡᠯᠳᠡ ᠶᠢ ᠶᠡᠭᠡᠪᠡᠷ ᠪᠠᠳᠠᠷᠠᠭᠤᠯᠵᠤ᠂ ᠰᠠᠶᠢᠨ ᠰᠠᠶᠢᠬᠠᠨ ᠤᠶᠤᠨ ᠰᠠᠨᠠᠭ᠎ᠠ ᠶᠢ ᠬᠦᠮᠤᠰ ᠤᠨ ᠬᠠᠶᠢᠷ᠎ᠠ ᠰᠡᠳᠬᠢᠯᠭᠡ ᠶᠢᠨ ᠮᠡᠳᠡᠷᠡᠮᠵᠢ ᠪᠤᠯᠤᠨ ᠠᠵᠢᠯᠯᠠᠭᠠᠨ ᠤ ᠲᠠᠳᠬᠠᠯ ᠪᠤᠯᠭᠠᠨ ᠬᠤᠪᠢᠷᠠᠭᠤᠯᠤᠨ᠎ᠠ᠃ ᠰᠠᠶᠢᠨ ᠰᠠᠶᠢᠬᠠᠨ ᠨᠡᠶᠢᠭᠡᠮ ᠤᠨ ᠭᠡᠪ ᠰᠤᠷᠳᠠᠯ  ᠢ ᠰᠠᠨᠠᠭᠠᠴᠢᠯᠠᠨ ᠬᠦᠮᠤᠵᠢᠬᠦᠯᠵᠤ᠂ ᠨᠡᠶᠢᠭᠡᠮ ᠤᠨ ᠨᠡᠶᠢᠳᠡ ᠶᠢᠨ ᠶᠤᠰᠤ ᠰᠤᠷᠳᠠᠬᠤᠨ᠂ ᠲᠤᠬᠠᠶᠢᠯᠠᠬᠰᠠᠨ ᠠᠵᠢᠯ ᠤᠨ ᠶᠤᠰᠤ ᠮᠤᠷᠠᠯ᠂ ᠭᠡᠷ ᠪᠦᠯᠢ ᠶᠢᠨ ᠨᠠᠨᠳᠢᠨ ᠰᠤᠷᠳᠠᠯ᠂ ᠬᠤᠪᠢ ᠬᠦᠮᠤᠨ ᠤ ᠵᠠᠩ ᠮᠤᠷᠠᠯ ᠤᠨ ᠪᠠᠶᠢᠭᠤᠯᠤᠯᠳᠠ ᠶᠢ ᠴᠢᠩᠭᠠᠳᠬᠠᠵᠤ᠂ ᠶᠤᠰᠤ ᠰᠤᠷᠳᠠᠬᠤᠨ ᠤ ᠵᠢᠱᠢᠶᠡᠴᠢ ᠪᠤᠯᠤᠨ ᠨᠡᠶᠢᠳᠡᠯᠢᠭ ᠦᠢᠯᠡ ᠠᠵᠢᠯᠯᠠᠭ᠎ᠠ  ᠶᠢ ᠦᠷᠭᠡᠨ ᠢᠶᠠᠷ ᠤᠬᠠᠭᠤᠯᠵᠤ᠂ ᠵᠦᠪ ᠡᠨᠧᠷᠬᠢ ᠶᠢ ᠲᠠᠮᠵᠢᠭᠤᠯᠤᠨ᠂ ᠦᠨᠡᠨᠴᠢ ᠴᠠᠶᠢᠯᠭᠠᠨ ᠰᠠᠶᠢᠬᠠᠨ ᠵᠠᠩ ᠢ ᠮᠠᠨᠳᠤᠭᠤᠯᠤᠨ᠂ ᠪᠤᠯᠪᠠᠰᠤᠨ ᠢ ᠬᠢᠶ᠎ᠠ ᠪᠠᠭᠰᠢ ᠶᠢᠨ ᠴᠤᠭ ᠵᠢᠪᠬᠤᠭ᠎ᠠ ᠪᠠ ᠲᠦᠷᠢ ᠲᠦᠷᠬᠦ ᠪᠤᠯᠭᠠᠨ᠎ᠠ᠃      ᠠᠮᠢ ᠠᠬᠤᠢ ᠶᠢᠨ ᠪᠤᠯᠪᠠᠰᠤᠨ ᠤ ᠶᠠᠰᠤ ᠴᠢᠨᠠᠷ ᠢ ᠲᠡᠭᠡᠭᠰᠢᠯᠡᠬᠦᠯᠤᠨ᠎ᠡ᠃ ︽ᠬᠦᠭᠡ ᠠᠭᠤᠯᠠ ᠬᠦᠭᠡᠮᠳᠦᠭ ᠤᠰᠤ ᠪᠤᠯ ᠠᠯᠳᠠ ᠮᠦᠡᠭᠬᠦᠨ ᠠᠭᠤᠯᠠ ᠮᠥᠨ︾ ᠭᠡᠬᠦ ᠬᠦᠭᠵᠢᠯᠳᠡ ᠶᠢᠨ ᠤᠨᠤᠯᠵᠢᠭᠤᠨ ᠢ ᠪᠠᠳᠤ ᠪᠤᠢ ᠪᠤᠯᠭᠠᠵᠤ᠂ ᠠᠮᠢ ᠠᠬᠤᠢ ᠶᠢᠨ ᠪᠦᠳᠤᠭᠡᠨ ᠪᠠᠶᠢᠭᠤᠯᠤᠯᠳᠠ ᠪᠤᠯᠤᠨ ᠤᠷᠴᠢᠨ ᠲᠤᠭᠤᠷᠢᠨ ᠤ ᠬᠠᠮᠠᠭᠠᠯᠠᠯᠳᠠ ᠶᠢ ᠴᠢᠩᠭᠠᠳᠬᠠᠨ᠎ᠠ᠃ ᠠᠵᠤ ᠠᠬᠤᠢ ᠶᠢᠨ ᠤᠢ᠂ ᠬᠠᠯᠬᠠᠪᠴᠢ ᠤᠢ ᠪᠤᠯᠤᠨ ᠠᠮᠢ ᠠᠬᠤᠢ ᠶᠢᠨ ᠤᠢ ᠶᠢᠨ ᠪᠦᠳᠤᠭᠡᠨ ᠪᠠᠶᠢᠭᠤᠯᠤᠯᠳᠠ ᠶᠢ ᠬᠦᠴᠤᠳᠠᠢ ᠠᠬᠢᠭᠤᠯᠤᠨ᠂ ᠠᠯᠪᠠᠨ ᠵᠢᠷᠤᠮ ᠤᠨ ᠮᠤᠳᠤ ᠲᠠᠷᠢᠬᠤ ᠠᠵᠢᠯᠯᠠᠭ᠎ᠠ ᠶᠢ ᠵᠤᠬᠢᠶᠠᠨ ᠪᠠᠶᠢᠭᠤᠯᠤᠨ ᠦᠷᠨᠢᠬᠦᠯᠵᠤ᠂ ᠤᠢ ᠰᠢᠭᠤᠢ ᠶᠢᠨ ᠡᠬᠢ ᠪᠠᠶᠠᠯᠢᠭ ᠢ ᠬᠠᠮᠠᠭᠠᠯᠠᠬᠤ ᠬᠦᠴᠤᠯᠡᠴᠡ ᠶᠢ ᠦᠨᠡᠨᠬᠦ ᠴᠢᠩᠭᠠᠳᠬᠠᠨ᠎ᠠ᠃ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠭᠠᠷᠳᠠᠨ ᠪᠠᠶᠢᠴᠠᠭᠠᠵᠤ ᠬᠠᠯᠠᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠳᠤᠳᠠᠢ ᠠᠬᠢᠭᠤᠯᠵᠤ᠂ ᠪᠤᠵᠠᠷ ᠤᠰᠤ ᠶᠢ ᠰᠢᠢᠳᠪᠤᠷᠢᠯᠡᠬᠦ ᠦᠢᠯᠡᠳᠪᠤᠷᠢ ᠶᠢᠨ ᠪᠠᠷᠢᠮᠵᠢᠶ᠎ᠠ ᠶᠢ ᠲᠡᠭᠡᠭᠰᠢᠯᠡᠬᠦᠯᠤᠨ᠂ ᠦᠭᠡᠷᠡᠴᠢᠯᠡᠨ ᠰᠠᠶᠢᠵᠢᠷᠠᠭᠤᠯᠬᠤ᠂ ᠲᠤᠰᠤ ᠨᠡᠮᠡᠬᠦ ᠦᠷᠳᠡᠭᠡᠨ ᠤ ᠬᠤᠤᠰ ᠲᠠᠪᠬᠤᠷᠭᠠᠳᠤ ᠪᠤᠷᠳᠤᠭᠤ ᠶᠢ ᠦᠭᠡᠷᠡᠴᠢᠯᠡᠨ ᠰᠠᠶᠢᠵᠢᠷᠠᠭᠤᠯᠬᠤ᠂ ᠵᠢᠩ ᠨᠸᠡᠭ ᠤᠨ ᠢᠯᠴᠢ ᠶᠢᠨ ᠴᠠᠬᠢᠯᠭᠠᠨ ᠤ ᠪᠤᠬᠢᠷᠳᠤᠯ ᠢ ᠬᠠᠮᠤᠭ ᠤᠨ ᠲᠤᠤᠷ᠎ᠠ ᠭᠡᠮᠵᠢᠶ᠎ᠡ ᠪᠠᠷ ᠭᠠᠳᠠᠭᠰᠢᠯᠠᠭᠤᠯᠬᠤ ᠦᠭᠡᠷᠡᠴᠢᠯᠡᠯᠳᠡ ᠬᠢᠬᠦ ᠪᠠ ᠪᠤᠵᠠᠷ ᠤᠰᠤ ᠶᠢᠨ ᠬᠤᠭᠤᠯᠠᠢ ᠲᠤᠤᠷ ᠤᠨ ᠪᠦᠳᠤᠭᠡᠨ ᠪᠠᠶᠢᠭᠤᠯᠤᠯᠳᠠ ᠶᠢᠨ ᠪᠠᠷᠢᠯᠭ᠎ᠠ ᠶᠢ ᠪᠡᠶᠡᠯᠡᠬᠦᠯᠤᠨ᠎ᠡ᠃ ᠠᠭᠠᠷ ᠮᠠᠨᠳᠠᠯ ᠤᠨ ᠪᠤᠬᠢᠷᠳᠤᠯ ᠢ ᠰᠡᠷᠭᠡᠶᠢᠯᠡᠨ ᠵᠠᠰᠠᠬᠤ ᠬᠦᠴᠤᠯᠡᠴᠡ ᠪᠠᠨ ᠨᠡᠮᠡᠭᠳᠡᠬᠦᠯᠵᠤ᠂ ᠲᠤᠭᠤᠰᠤ ᠶᠢ ᠰᠡᠷᠭᠡᠶᠢᠯᠡᠬᠦ ᠪᠤᠯᠤᠨ ᠪᠤᠬᠢᠷᠳᠤᠯ ᠢ ᠭᠠᠳᠠᠬᠰᠢᠯᠠᠭᠤᠯᠬᠤ ᠶᠢ ᠪᠠᠭᠠᠰᠬᠠᠬᠤ ᠡᠯ᠎ᠡ ᠵᠦᠢᠯ ᠤᠨ ᠠᠷᠭ᠎ᠠ ᠭᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠠᠭᠠᠷ ᠤᠨ ᠴᠢᠨᠠᠷ ᠰᠢᠯᠢᠳᠡᠭ ᠰᠠᠶᠢᠨ ᠡᠳᠤᠷ ᠤᠨ ᠲᠤᠭ᠎ᠠ ᠶᠢ ᠦᠷᠬᠦᠯᠵᠢᠯᠡᠨ ᠨᠡᠮᠡᠭᠳᠡᠬᠦᠯᠬᠦ ᠶᠢ ᠪᠠᠳᠤᠯᠠᠨ᠎ᠠ᠃ ︽ᠭᠤᠤᠯ ᠤᠨ ᠲᠠᠷᠤᠭ᠎ᠠ ᠶᠢᠨ ᠲᠦᠷᠢᠮ︾   ᠤᠨ ᠬᠠᠮᠢᠶᠠᠷᠤᠯᠳᠠ ᠶᠢ ᠡᠷᠴᠢᠮᠵᠢᠬᠦᠯᠵᠤ᠂ ᠬᠢᠵᠠᠭᠠᠷ ᠲᠤᠳᠤᠷᠠᠬᠢ ᠭᠤᠤᠯ ᠭᠤᠷᠤᠬ᠎ᠠ᠂ ᠤᠰᠤᠨ ᠤ ᠤᠷᠤᠨ ᠢ ᠴᠡᠭᠴᠡᠯᠡᠨ ᠵᠠᠰᠠᠬᠤ ᠪᠠᠷᠢᠯᠭ᠎ᠠ ᠶᠢ ᠲᠠᠭᠤᠰᠬᠠᠵᠤ᠂ ᠤᠯᠠᠭᠠᠨᠮᠦ᠋ᠷᠡᠨ ᠨᠠᠭᠤᠷ ᠤᠨ ᠤᠰᠤᠨ ᠤ ᠴᠢᠨᠠᠷ ᠢ ᠲᠡᠭᠡᠭᠰᠢᠯᠡᠬᠦᠯᠬᠦ ᠶᠢ ᠲᠤᠬᠳᠠᠭᠤᠨ ᠢᠶᠠᠷ ᠠᠬᠢᠭᠤᠯᠤᠨ᠎ᠠ᠃ ᠠᠮᠢ ᠠᠬᠤᠢ ᠶᠢᠨ ᠪᠤᠯᠪᠠᠰᠤᠨ ᠤ ᠲᠦᠷᠢᠮ ᠤᠨ ᠪᠠᠶᠢᠭᠤᠯᠤᠯᠳᠠ ᠶᠢ ᠠᠬᠢᠭᠤᠯᠵᠤ᠂ ᠭᠤᠤᠯ ᠴᠤᠬᠴᠠᠳᠤ ᠴᠢᠳᠠᠪᠬᠢ ᠤᠷᠤᠨ ᠤ ᠲᠦᠷᠢᠮ ᠢ ᠴᠢᠩᠭ᠎ᠠ ᠭᠡᠷᠡᠭᠵᠢᠬᠦᠯᠤᠨ᠎ᠡ᠃     ︵ᠲᠠᠪᠤ︶  ᠠᠷᠠᠳ ᠲᠦᠮᠡᠨ ᠢᠶᠠᠷ ᠲᠦᠪ ᠪᠤᠯᠭᠠᠬᠤ ᠶᠢ ᠪᠠᠷᠢᠮᠳᠠᠯᠠᠵᠤ᠂ ᠠᠷᠠᠳ ᠤᠨ ᠠᠮᠢᠳᠤᠷᠠᠯ ᠤᠨ ᠵᠤᠯ ᠵᠢᠷᠭᠠᠯ ᠢ ᠦᠷᠬᠦᠯᠵᠢᠯᠡᠨ ᠨᠡᠮᠡᠭᠳᠡᠬᠦᠯᠤᠨ᠎ᠡ      ᠤᠯᠠᠨ ᠨᠡᠶᠢᠳᠡ ᠶᠢᠨ ᠦᠢᠯᠡᠴᠢᠯᠡᠭᠡᠨ ᠤ ᠬᠠᠨᠭ᠍ᠭᠠᠯᠭ᠎ᠠ ᠶᠢ ᠰᠢᠯᠢᠳᠡᠭᠵᠢᠬᠦᠯᠤᠨ᠎ᠡ᠃ ᠰᠤᠷᠭᠠᠨ ᠬᠦᠮᠤᠵᠢᠯ ᠤᠨ ᠦᠢᠯᠡᠰ ᠢ ᠲᠡᠷᠢᠬᠦᠨ ᠪᠠᠶᠢᠷᠢᠨ ᠳᠤ ᠲᠠᠯᠪᠢᠵᠤ᠂ ᠲᠦᠪ ᠭᠤᠤᠯᠴᠢ ᠮᠦᠷᠳᠡᠭᠡᠨ ᠴᠢᠨᠠᠷᠯᠢᠭ ᠰᠤᠷᠭᠠᠨ ᠬᠦᠮᠤᠵᠢᠯ ᠢ ᠴᠢᠷᠮᠠᠶᠢᠨ ᠬᠦᠭᠵᠢᠬᠦᠯᠵᠤ᠂ ᠬᠤᠳᠠ ᠶᠢᠨ ᠠᠷᠠᠳ ᠤᠨ ᠴᠢᠨᠠᠷᠯᠢᠭ ᠰᠤᠷᠭᠠᠨ ᠬᠦᠮᠤᠵᠢᠯ ᠬᠦᠷᠳᠡᠬᠦ ᠱᠠᠭᠠᠷᠳᠠᠯᠭ᠎ᠠ ᠶᠢ ᠲᠠᠰᠤᠷᠠᠯᠳᠠ ᠦᠭᠡᠢ ᠬᠠᠨᠭ᠍ᠭᠠᠵᠤ᠂ ᠭᠤᠷᠪᠠᠳᠤᠭᠠᠷ ᠲᠤᠮᠳᠠᠳᠤ ᠰᠤᠷᠭᠠᠭᠤᠯᠢ ᠶᠢᠨ ᠰᠤᠷᠤᠬᠴᠢ ᠡᠯᠰᠡᠬᠦ ᠠᠵᠢᠯ ᠢ ᠡᠬᠢᠯᠡᠬᠦᠯᠤᠨ᠂ ᠭᠤᠷᠪᠠᠳᠤᠭᠠᠷ ᠪᠠᠭ᠎ᠠ ᠰᠤᠷᠭᠠᠭᠤᠯᠢ᠂ ᠲᠤᠷᠰᠢᠯᠳᠠ ᠶᠢᠨ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶ᠎ᠡ ᠶᠢ ᠦᠷᠭᠡᠳᠭᠡᠬᠦ ᠪᠠᠷᠢᠯᠭ᠎ᠠ ᠶᠢ ᠠᠬᠢᠭᠤᠯᠵᠤ᠂ ᠨᠠᠢᠮᠠᠳᠤᠭᠠᠷ ᠪᠠᠭ᠎ᠠ ᠰᠤᠷᠭᠠᠭᠤᠯᠢ ᠶᠢ ᠪᠠᠶᠢᠭᠤᠯᠬᠤ ᠪᠠᠷ ᠲᠦᠯᠦᠪᠵᠢᠬᠦᠯᠵᠤ᠂ ᠰᠤᠷᠭᠠᠭᠤᠯᠢ ᠳᠤ ᠤᠷᠤᠬᠤ ᠲᠠᠷᠤᠭᠠᠰᠤ ᠶᠢ ᠦᠨᠡᠨᠬᠦ ᠨᠠᠮᠳᠠᠭᠤᠯᠤᠨ᠎ᠠ᠃ ᠰᠤᠷᠭᠠᠭᠤᠯᠢ ᠶᠢᠨ ᠬᠦᠷᠢᠶᠡᠨ ᠤ ᠤᠷᠴᠢᠨ ᠲᠤᠭᠤᠷᠢᠨ ᠤ ᠪᠠᠶᠢᠭᠤᠯᠤᠯᠳᠠ ᠶᠢ ᠴᠢᠩᠭᠠᠳᠬᠠᠵᠤ᠂ ᠲᠤᠨᠤᠭ ᠲᠦᠬᠦᠭᠡᠷᠤᠮᠵᠢ ᠰᠡᠯᠪᠢᠨ ᠵᠠᠰᠠᠬᠤ᠂ ᠨᠤᠭᠤᠭᠠᠷᠠᠭᠤᠯᠤᠯᠳᠠ ᠶᠢ ᠰᠠᠶᠢᠵᠢᠷᠠᠭᠤᠯᠬᠤ ᠪᠠᠷᠢᠯᠭ᠎ᠠ ᠶᠢ ᠭᠡᠷᠡᠭᠵᠢᠬᠦᠯᠤᠨ᠎ᠡ᠃ ᠰᠤᠷᠭᠠᠨ ᠬᠦᠮᠤᠵᠢᠯ ᠤᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠬᠦᠨᠵᠡᠭᠡᠢ ᠠᠬᠢᠭᠤᠯᠵᠤ᠂ ᠨᠢᠭᠡ ᠪᠦᠯᠦᠭ ᠨᠡᠷᠡᠳᠤ ᠵᠠᠬᠢᠷᠤᠯ᠂ ᠨᠡᠷᠡᠳᠤ ᠪᠠᠭᠰᠢ ᠪᠤᠯᠤᠨ ᠨᠡᠷᠡᠳᠤ ᠠᠩᠭᠢ ᠡᠷᠬᠢᠯᠡᠭᠴᠢ ᠶᠢ ᠴᠢᠷᠮᠠᠶᠢᠨ ᠬᠦᠮᠤᠵᠢᠬᠦᠯᠵᠤ᠂ ᠰᠤᠳᠤᠨ ᠬᠢᠴᠢᠶᠡᠯ ᠤᠨ ᠲᠤᠬᠳᠠᠯᠴᠠᠭ᠎ᠠ ᠶᠢ ᠲᠦᠷᠭᠡᠨ ᠪᠠᠶᠢᠭᠤᠯᠤᠨ᠂ ᠬᠢᠶ᠎ᠠ ᠪᠠᠭᠰᠢ  ᠶᠢᠨ ᠰᠤᠷᠭᠠᠨ ᠬᠦᠮᠤᠵᠢᠯ ᠤᠨ ᠴᠢᠨᠠᠷᠵᠢᠯ ᠢ ᠦᠷᠬᠦᠯᠵᠢᠯᠡᠨ ᠲᠡᠭᠡᠭᠰᠢᠯᠡᠬᠦᠯᠤᠨ᠎ᠡ᠃ ᠦᠨᠳᠤᠰᠤᠳᠠᠨ ᠤ ᠰᠤᠷᠭᠠᠨ ᠬᠦᠮᠤᠵᠢᠯ ᠢ ᠲᠦᠷᠭᠡᠳᠭᠡᠨ ᠬᠦᠭᠵᠢᠬᠦᠯᠵᠤ᠂ ᠦᠨᠳᠤᠰᠤᠳᠠᠨ ᠤ ᠰᠤᠷᠭᠠᠭᠤᠯᠢ ᠶᠢᠨ ᠵᠢᠭᠠᠨ ᠰᠤᠷᠭᠠᠬᠤ ᠬᠢᠷᠢ ᠭᠡᠮᠵᠢᠶ᠎ᠡ ᠶᠢ ᠲᠡᠭᠡᠭᠰᠢᠯᠡᠬᠦᠯᠤᠨ᠎ᠡ᠃ ᠪᠠᠭᠰᠢ ᠶᠢᠨ ᠰᠡᠳᠬᠢᠯ ᠢ ᠪᠠᠶᠠᠰᠬᠠᠬᠤ ᠢᠨᠵᠧᠨᠧᠷᠢᠩ ᠢ ᠭᠡᠷᠡᠭᠵᠢᠬᠦᠯᠵᠤ᠂ ᠪᠦᠬᠦ ᠨᠡᠶᠢᠭᠡᠮ ᠢᠶᠠᠷ ᠢᠶᠠᠨ ᠪᠠᠭᠰᠢ ᠶᠢ ᠬᠦᠨᠳᠤᠳᠭᠡᠵᠤ ᠪᠠᠭᠰᠢ ᠶᠢ ᠴᠢᠬᠤᠯᠠᠴᠢᠯᠠᠬᠤ ᠶᠢ ᠰᠠᠨᠠᠭᠠᠴᠢᠯᠠᠨ᠎ᠠ᠃ ᠡᠷᠡᠬᠦᠯ ᠮᠡᠨᠳᠤ ᠬᠤᠳᠠ ᠶᠢᠨ ᠪᠠᠶᠢᠭᠤᠯᠤᠯᠳᠠ ᠶᠢ ᠠᠬᠢᠭᠤᠯᠵᠤ᠂ ᠡᠮ ᠡᠮᠨᠡᠯᠭᠡ ᠡᠷᠡᠬᠦᠯ ᠬᠠᠮᠠᠭᠠᠯᠠᠯ ᠤᠨ ᠦᠢᠯᠡᠴᠢᠯᠡᠭᠡᠨ ᠤ ᠲᠤᠭᠳᠠᠯᠴᠠᠭ᠎ᠠ ᠶᠢ ᠲᠡᠬᠦᠯᠳᠡᠷᠵᠢᠬᠦᠯᠵᠤ᠂ ᠱᠠᠳᠤ ᠬᠤᠪᠢᠶᠡᠨ ᠤᠨᠤᠰᠢᠯᠠᠨ ᠡᠮᠨᠡᠬᠦ ᠲᠦᠷᠢᠮ ᠢ ᠲᠡᠬᠦᠯᠳᠡᠷᠵᠢᠬᠦᠯᠤᠨ᠂ ᠡᠮᠨᠡᠯᠭᠡ ᠶᠢᠨ ᠬᠤᠯᠪᠤᠭᠠᠳᠤ ᠴᠤᠬᠴᠠ ᠶᠢᠨ ᠠᠭᠤᠯᠬᠤᠨ ᠢ ᠬᠦᠨᠵᠡᠭᠡᠶᠢᠷᠡᠬᠦᠯᠵᠤ᠂ ᠦᠨᠳᠤᠰᠤᠨ ᠱᠠᠳᠤᠨ ᠤ ᠡᠮ ᠡᠮᠨᠡᠯᠭᠡ  ᠶᠢᠨ ᠪᠠᠶᠢᠭᠤᠯᠤᠮᠵᠢ ᠶᠢᠨ ᠡᠮᠴᠢᠯᠡᠬᠦ ᠴᠢᠳᠠᠪᠤᠷᠢ ᠶᠢ ᠲᠡᠭᠡᠭᠰᠢᠯᠡᠬᠦᠯᠤᠨ᠎ᠡ᠃ ᠪᠦᠬᠦ ᠠᠷᠠᠳ ᠤᠨ ᠡᠷᠡᠬᠦᠯ ᠮᠡᠨᠳᠤ ᠶᠢᠨ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠵᠤ᠂ ︽ᠢᠨᠲ᠋ᠧᠷ ᠰᠦᠯᠵᠢᠶ᠎ᠡ + ᠭᠡᠷ ᠪᠦᠯᠢ ᠶᠢᠨ ᠡᠮᠴᠢ︾ ᠶᠢᠨ ᠭᠡᠷ᠎ᠡ ᠲᠤᠬᠳᠠᠬᠤ ᠦᠢᠯᠡᠴᠢᠯᠡᠭᠡ ᠶᠢ ᠭᠡᠷᠡᠭᠵᠢᠬᠦᠯᠤᠨ᠎ᠡ᠃ ᠲᠦᠯᠦᠪᠯᠡᠭᠡᠳᠤ ᠬᠦᠡᠭᠭᠡᠵᠢᠯ ᠤᠨ ᠠᠵᠢᠯ ᠢ ᠯᠠᠪᠳᠠᠭᠤᠨ ᠰᠠᠶᠢᠳᠤᠷ ᠬᠢᠨ᠎ᠠ᠃ ᠪᠦᠬᠦ ᠠᠷᠠᠳ ᠤᠨ ᠪᠠᠶ᠎ᠠ ᠴᠢᠬᠢᠷᠠᠬᠵᠢᠭᠤᠯᠬᠤ ᠠᠵᠢᠯᠯᠠᠭ᠎ᠠ ᠶᠢ ᠦᠷᠭᠡᠨ ᠢᠶᠠᠷ ᠦᠷᠨᠢᠬᠦᠯᠵᠤ᠂  ᠤᠷᠤᠯᠳᠤᠭᠠᠨ ᠤ ᠪᠠᠶ᠎ᠠ ᠶᠢᠨ ᠲᠠᠮᠢᠷ  ᠢ ᠢᠳᠡᠪᠬᠢᠳᠡᠢ ᠬᠦᠭᠵᠢᠬᠦᠯᠵᠤ᠂ ᠲᠤᠮᠳᠠᠳᠤ ᠤᠷᠤᠰ ᠮᠤᠩᠭᠤᠯ ᠤᠯᠠᠨ ᠤᠯᠤᠰ ᠤᠨ ᠵᠠᠯᠠᠭᠤᠴᠤᠳ ᠪᠠᠭᠠᠴᠤᠳ ᠤᠨ ᠲᠠᠮᠢᠷ ᠤᠨ ᠬᠦᠳᠡᠯᠭᠡᠭᠡᠨ᠂ ᠵᠸᠤ ᠵᠢᠤᠢ ᠬᠤᠨᠳᠠᠭᠠᠳᠤ ᠵᠢᠷᠭᠤᠭᠠᠨ ᠤᠯᠤᠰ ᠤᠨ ᠰᠠᠬᠰᠤᠨ ᠪᠦᠮᠪᠦᠭᠡ ᠶᠢᠨ ᠤᠷᠢᠯᠭ᠎ᠠ ᠶᠢᠨ ᠤᠷᠤᠯᠳᠤᠭᠠᠨ᠂ ᠤᠯᠠᠨ ᠤᠯᠤᠰ ᠤᠨ ᠮᠠᠷᠠᠰᠤᠨ ᠤ ᠤᠷᠤᠯᠳᠤᠭᠠᠨ ᠵᠡᠷᠭᠡ ᠪᠠᠶ᠎ᠠ  ᠶᠢᠨ ᠲᠠᠮᠢᠷ ᠤᠨ ᠠᠵᠢᠯᠯᠠᠭ᠎ᠠ ᠶᠢ ᠡᠷᠬᠢᠯᠡᠨ ᠬᠢᠨ᠎ᠠ᠃        ᠨᠡᠶᠢᠭᠡᠮ ᠤᠨ ᠪᠠᠳᠤᠯᠠᠭ᠎ᠠ ᠶᠢᠨ ᠲᠤᠭᠳᠠᠯᠴᠠᠭ᠎ᠠ ᠶᠢ ᠲᠡᠬᠦᠯᠳᠡᠷᠵᠢᠬᠦᠯᠤᠨ᠎ᠡ᠃ ᠠᠵᠢᠯ ᠤᠯᠭᠤᠬᠤ ᠨᠡᠩ ᠢᠳᠡᠪᠬᠢᠳᠡᠢ ᠲᠦᠷᠦ ᠶᠢᠨ ᠪᠤᠳᠤᠯᠭ᠎ᠠ ᠶᠢ ᠪᠦᠬᠦ ᠲᠠᠯ᠎ᠠ  ᠪᠠᠷ ᠨᠠᠶᠢᠳᠠᠪᠤᠷᠢᠵᠢᠭᠤᠯᠵᠤ᠂ ᠶᠡᠭᠡ ᠲᠡᠭᠡᠳᠤ ᠰᠤᠷᠭᠠᠭᠤᠯᠢ ᠠᠴᠠ ᠲᠡᠬᠦᠰᠦᠭᠰᠡᠨ ᠰᠤᠷᠤᠬᠴᠢᠳ᠂ ᠨᠡᠬᠦᠯᠭᠡᠨ ᠰᠢᠯᠵᠢᠬᠦᠯᠦᠭᠰᠡᠨ ᠲᠠᠷᠢᠶᠠᠴᠢᠳ᠂ ᠴᠡᠷᠢᠭ ᠠᠴᠠ ᠬᠠᠯᠠᠬᠳᠠᠬᠰᠠᠳ ᠵᠡᠷᠭᠡ ᠭᠤᠤᠯᠳᠠᠯᠭ᠎ᠠ ᠲᠠᠢ ᠤᠯᠠᠨ ᠲᠦᠮᠡᠨ ᠤ ᠬᠦᠢᠴᠡᠳ ᠠᠵᠢᠯ ᠤᠯᠬᠤ᠂ ᠪᠠᠶ᠎ᠠ ᠪᠠᠨ ᠲᠠᠭᠠᠭᠠᠵᠤ ᠦᠢᠯᠡᠰ ᠪᠦᠳᠤᠭᠡᠬᠦ ᠶᠢ ᠤᠯᠠᠨ ᠵᠠᠮ ᠮᠦᠷ ᠢᠶᠠᠷ ᠠᠬᠢᠭᠤᠯᠤᠨ᠎ᠠ᠃ ᠦᠢᠯᠡᠰ ᠪᠦᠳᠤᠭᠡᠬᠦ ᠪᠠᠷ ᠠᠵᠢᠯ ᠤᠯᠭᠤᠬᠤ ᠶᠢ ᠲᠠᠶᠢᠴᠢᠯᠠᠬᠤ ᠶᠢ ᠬᠦᠨᠵᠡᠭᠡᠢ ᠠᠬᠢᠭᠤᠯᠵᠤ᠂ ᠬᠦᠳᠡᠯᠮᠤᠷᠢ ᠶᠢᠨ ᠪᠠᠳᠤᠯᠠᠭ᠎ᠠ ᠶᠢᠨ ᠲᠠᠪᠴᠠᠩ ᠤᠨ ᠪᠠᠶᠢᠭᠤᠯᠤᠯᠳᠠ ᠶᠢ ᠴᠢᠩᠭᠠᠳᠬᠠᠨ᠎ᠠ᠃ ᠪᠦᠬᠦ ᠠᠷᠠᠳ ᠲᠠᠭᠠᠳᠬᠠᠯ ᠳᠤ ᠤᠷᠤᠵᠤ ᠲᠠᠩᠰᠠᠯᠠᠭᠤᠯᠬᠤ ᠠᠵᠢᠯ ᠢ ᠦᠷᠬᠦᠯᠵᠢᠯᠡᠨ ᠦᠷᠨᠢᠬᠦᠯᠵᠤ᠂ ᠦᠨᠳᠤᠰᠤᠨ ᠨᠠᠰᠤᠵᠢᠯ  ᠤᠨ ᠲᠠᠭᠠᠳᠬᠠᠯ ᠪᠤᠯᠤᠨ ᠦᠨᠳᠤᠰᠤᠨ ᠡᠮ ᠡᠮᠨᠡᠯᠭᠡ ᠶᠢᠨ ᠲᠠᠭᠠᠳᠬᠠᠯ ᠤᠨ ᠪᠦᠷᠬᠦᠴᠡ ᠶᠢᠨ ᠭᠡᠮᠵᠢᠶ᠎ᠡ ᠶᠢ ᠤᠯᠠᠮ ᠦᠷᠭᠡᠳᠭᠡᠨ᠂ ᠠᠵᠢᠯ ᠠᠯᠳᠠᠬᠰᠠᠨ ᠲᠠᠭᠠᠳᠬᠠᠯ᠂ ᠠᠵᠢᠯ ᠠᠴᠠ ᠪᠤᠯᠤᠬᠰᠠᠨ ᠭᠡᠮᠳᠤᠯ ᠤᠨ ᠲᠠᠭᠠᠳᠬᠠᠯ᠂ ᠬᠦᠡᠭᠭᠡᠵᠢᠯ ᠤᠨ ᠲᠠᠭᠠᠳᠬᠠᠯ ᠢ ᠬᠠᠤᠯᠢ ᠪᠠᠷ ᠲᠤᠬᠳᠠᠭᠠᠬᠰᠠᠨ ᠤᠯᠠᠨ ᠲᠦᠮᠡᠨ ᠳᠤ ᠦᠨᠳᠤᠰᠤᠨ ᠳᠤ ᠪᠠᠨ ᠪᠦᠷᠬᠦᠬᠦᠯᠬᠦ ᠶᠢ ᠠᠬᠢᠭᠤᠯᠤᠨ᠎ᠠ᠃ ᠨᠡᠶᠢᠭᠡᠮ ᠤᠨ ᠠᠪᠤᠷᠠᠨ ᠲᠤᠰᠠᠯᠠᠬᠤ ᠲᠤᠬᠳᠠᠯᠴᠠᠭ᠎ᠠ ᠶᠢ ᠲᠡᠬᠦᠯᠳᠡᠷᠵᠢᠬᠦᠯᠵᠤ᠂ ᠬᠤᠳᠠ ᠪᠠᠯᠭᠠᠰᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠶᠢᠨ ᠪᠠᠷᠢᠮᠵᠢᠶ᠎ᠠ ᠶᠢ ᠲᠡᠭᠡᠭᠰᠢᠯᠡᠬᠦᠯᠤᠭᠡᠳ ᠬᠦᠮᠤᠨ ᠪᠤᠯᠭᠠᠨ ᠰᠠᠷ᠎ᠠ ᠪᠦᠷᠢ 634 ᠲᠦᠬᠦᠷᠢᠭ ᠲᠤ ᠬᠦᠷᠭᠡᠵᠤ᠂ ᠤᠨᠴᠠ ᠬᠦᠴᠢᠷᠳᠡᠯᠳᠡᠢ ᠬᠦᠮᠤᠰ ᠢ ᠲᠦᠪᠯᠡᠷᠡᠬᠦᠯᠬᠦ ᠪᠤᠶᠤ ᠲᠠᠷᠠᠬᠠᠢ ᠪᠠᠷ ᠠᠰᠠᠷᠠᠨ ᠲᠡᠵᠢᠭᠡᠬᠦ ᠪᠠᠷᠢᠮᠵᠢᠶ᠎ᠠ ᠶᠢ ᠲᠡᠭᠡᠭᠰᠢᠯᠡᠬᠦᠯᠦᠭᠡᠳ ᠬᠦᠮᠤᠨ ᠪᠤᠯᠭᠠᠨ ᠵᠢᠯ ᠪᠦᠷᠢ18000 ᠲᠦᠬᠦᠷᠢᠭ ᠪᠤᠯᠤᠨ13200 ᠲᠦᠬᠦᠷᠢᠭ ᠲᠤ ᠬᠦᠷᠭᠡᠵᠤ᠂ ᠦᠨᠤᠴᠢᠨ ᠭᠡᠤᠭᠡᠳ ᠢ ᠠᠰᠠᠷᠠᠨ ᠲᠡᠵᠢᠭᠡᠬᠦ ᠪᠠᠷᠢᠮᠵᠢᠶ᠎ᠠ ᠶᠢ ᠲᠡᠭᠡᠭᠰᠢᠯᠡᠬᠦᠯᠦᠭᠡᠳ ᠬᠦᠮᠤᠨ ᠪᠤᠯᠭᠠᠨ ᠰᠠᠷ᠎ᠠ ᠪᠦᠷᠢ1160  ᠲᠦᠬᠦᠷᠢᠭ ᠲᠤ ᠬᠦᠷᠭᠡᠵᠤ᠂ ᠬᠦᠨᠳᠤ ᠡᠪᠡᠳᠴᠢᠨ ᠤ ᠡᠮᠨᠡᠯᠭᠡ ᠶᠢᠨ ᠲᠤᠰᠠᠯᠠᠮᠵᠢ ᠪᠤᠯᠤᠨ ᠲᠦᠷ ᠴᠠᠭ ᠤᠨ ᠲᠤᠰᠠᠯᠠᠮᠵᠢ ᠶᠢᠨ ᠲᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠎ᠠ᠃ ᠨᠡᠶᠢᠭᠡᠮ ᠤᠨ ᠠᠰᠠᠷᠠᠮᠵᠢ᠂ ᠨᠢᠬᠦᠯᠡᠰᠤᠩᠬᠦᠢ᠂ ᠤᠯᠠᠭᠠᠨ ᠵᠠᠭᠠᠯᠮᠠᠶᠢᠳᠠᠨ ᠤ ᠦᠢᠯᠡᠰ ᠢ ᠬᠦᠭᠵᠢᠬᠦᠯᠵᠤ᠂ ᠡᠮᠡᠭᠳᠡᠶᠢᠴᠤᠳ᠂ ᠭᠡᠤᠭᠡᠳ᠂ ᠵᠡᠮᠳᠡᠭᠴᠤᠳ ᠢ ᠬᠠᠶᠢᠷᠠᠯᠠᠨ ᠬᠠᠮᠠᠭᠠᠯᠠᠬᠤ ᠲᠤᠬᠳᠠᠯᠴᠠᠭ᠎ᠠ ᠶᠢ ᠲᠡᠬᠦᠯᠳᠡᠷᠵᠢᠬᠦᠯᠤᠨ᠎ᠡ᠃ ᠤᠷᠤᠨ ᠰᠠᠭᠤᠴᠠ ᠶᠢᠨ ᠪᠠᠳᠤᠯᠠᠪᠤᠷᠢ ᠶᠢᠨ ᠪᠠᠶᠢᠭᠤᠯᠤᠮᠵᠢ ᠶᠢ ᠲᠡᠬᠦᠯᠳᠡᠷᠵᠢᠬᠦᠯᠵᠤ᠂ ᠭᠡᠷ ᠭᠠᠵᠠᠷ ᠬᠦᠷᠤᠩᠭᠡ ᠶᠢᠨ ᠲᠦᠷᠦᠯ ᠵᠦᠢᠯ ᠤᠨ ᠨᠡᠭᠡᠭᠡᠯᠳᠡ ᠬᠢᠵᠤ ᠪᠦᠳᠤᠭᠡᠨ ᠪᠠᠶᠢᠭᠤᠯᠬᠤ ᠶᠢ ᠵᠤᠬᠢᠬᠤ ᠭᠡᠮᠵᠢᠶ᠎ᠡ ᠪᠠᠷ ᠠᠬᠢᠭᠤᠯᠵᠤ᠂ ᠲᠤᠬᠳᠠᠮᠠᠯ ᠤᠷᠤᠨ ᠰᠠᠭᠤᠴᠠ ᠶᠢᠨ ᠭᠡᠷᠡᠭᠴᠡᠭᠡ ᠶᠢ ᠬᠠᠨᠭ᠍ᠭᠠᠨ᠂ ᠭᠡᠷ ᠭᠠᠵᠠᠷ ᠬᠦᠷᠤᠩᠭᠡ ᠶᠢᠨ ᠵᠠᠬ᠎ᠠ ᠲᠡᠯᠭᠡᠬᠦᠷ ᠢ ᠴᠢᠨᠠᠬᠰᠢᠳᠠ ᠲᠤᠬᠳᠠᠪᠤᠷᠢᠵᠢᠭᠤᠯᠤᠨ᠎ᠠ᠃ ︽ᠦᠨᠡᠨᠬᠦ ᠶᠠᠳᠠᠭᠤ ᠶᠢ ᠠᠩᠬᠢᠵᠢᠷᠠᠭᠤᠯᠬᠤ᠂ ᠶᠠᠳᠠᠭᠤ ᠠᠴᠠ ᠦᠨᠡᠨᠬᠦ ᠠᠩᠬᠢᠵᠢᠷᠠᠭᠤᠯᠬᠤ︾ ᠱᠠᠭᠠᠷᠳᠠᠯᠭ᠎ᠠ ᠶᠤᠰᠤᠭᠠᠷ ᠤᠨᠢᠨ ᠲᠡᠭᠡᠷ᠎ᠡ ᠨᠢ ᠶᠠᠳᠠᠭᠤ ᠠᠴᠠ ᠠᠩᠬᠢᠵᠢᠷᠠᠭᠤᠯᠬᠤ ᠠᠵᠢᠯ ᠢ ᠬᠦᠨᠵᠡᠭᠡᠢ ᠦᠷᠨᠢᠬᠦᠯᠵᠤ᠂ ᠶᠠᠳᠠᠭᠤ ᠠᠴᠠ ᠠᠩᠬᠢᠵᠢᠷᠠᠭᠤᠯᠬᠤ ᠬᠦᠮᠤᠨ ᠠᠮᠠ ᠶᠢ ᠮᠦᠷᠳᠡᠨ ᠲᠡᠮᠵᠢᠬᠦ ᠶᠢ ᠡᠷᠴᠢᠮᠵᠢᠬᠦᠯᠤᠨ᠂ ᠶᠠᠳᠠᠭᠤ ᠬᠦᠴᠢᠷᠳᠡᠯᠳᠡᠢ ᠤᠯᠠᠨ ᠲᠦᠮᠡᠨ ᠢ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠠᠶᠠᠨ ᠵᠠᠮ ᠳᠤ ᠨᠢᠭᠡ ᠴᠤ ᠭᠤᠭᠤᠵᠢᠬᠳᠠᠭᠤᠯᠬᠤ ᠦᠭᠡᠢ ᠪᠠᠶᠢᠯᠭᠠᠨ᠎ᠠ᠃ᠨᠡᠶᠢᠭᠡᠮ ᠤᠨ ᠶᠡᠷᠤᠩᠭᠡᠶᠢᠯᠡᠨ ᠵᠠᠰᠠᠬᠤ ᠠᠵᠢᠯ ᠢ ᠡᠷᠴᠢᠮᠵᠢᠬᠦᠯᠤᠨ᠎ᠡ᠃ ᠨᠡᠶᠢᠭᠡᠮ ᠤᠨ ᠵᠠᠰᠠᠯᠳᠠ ᠶᠢᠨ ᠭᠤᠤᠯᠳᠠᠯᠭ᠎ᠠ ᠶᠢ ᠦᠨᠳᠤᠰᠤᠨ ᠱᠠᠳᠤᠨ ᠳᠤ ᠪᠠᠭᠤᠯᠭᠠᠬᠤ ᠶᠢ ᠠᠬᠢᠭᠤᠯᠵᠤ᠂ ᠲᠤᠭᠤᠷᠢᠭ᠂ ᠵᠡᠭᠡᠯᠢ ᠶᠢᠨ ᠭᠡᠷᠡᠭ ᠡᠷᠬᠢᠯᠡᠬᠦ ᠭᠠᠵᠠᠷ᠂ ᠨᠡᠶᠢᠭᠡᠮ ᠲᠤᠭᠤᠷᠢᠭ ᠭᠤᠷᠪᠠᠨ ᠱᠠᠳᠤ ᠬᠠᠮᠢᠶᠠᠷᠬᠤ ᠦᠢᠯᠡᠴᠢᠯᠡᠭᠡᠨ ᠤ ᠵᠠᠬᠪᠤᠷ ᠢ ᠪᠠᠶᠢᠭᠤᠯᠵᠤ᠂ ᠡᠬᠦᠷᠭᠡ ᠲᠤᠰᠢᠶᠠᠯ ᠤᠨ ᠬᠠᠷᠢᠴᠠᠭ᠎ᠠ ᠶᠢ ᠴᠡᠪᠡᠷᠯᠡᠵᠤ᠂  ᠠᠵᠢᠯ ᠤᠨ ᠡᠷᠭᠡ ᠡᠳ᠋ ᠤᠨ ᠡᠷᠭᠡ ᠶᠢ ᠨᠢᠭᠡᠳᠤᠯᠳᠡᠢ ᠪᠠᠶᠢᠯᠭᠠᠵᠤ᠂ ᠦᠨᠳᠤᠰᠤᠨ ᠱᠠᠳᠤᠨ ᠤ ᠬᠦᠴᠤᠨ ᠢ ᠨᠡᠮᠡᠭᠳᠡᠬᠦᠯᠤᠨ᠎ᠡ᠃ ᠦᠨᠳᠤᠰᠤᠨ ᠱᠠᠳᠤᠨ ᠤ ᠠᠷᠠᠳᠴᠢᠯᠠᠯ ᠢᠶᠠᠷ ᠵᠦᠪᠳᠡᠯᠴᠡᠬᠦ ᠲᠦᠷᠢᠮ ᠢ ᠲᠡᠬᠦᠯᠳᠡᠷᠵᠢᠬᠦᠯᠵᠤ᠂ ᠬᠠᠮᠳᠤᠪᠠᠷ ᠪᠠᠶᠢᠭᠤᠯᠵᠤ ᠬᠠᠮᠳᠤᠪᠠᠷ ᠵᠠᠰᠠᠵᠤ ᠬᠠᠮᠳᠤᠪᠠᠷ ᠡᠳ᠋ᠯᠡᠬᠦ ᠨᠡᠶᠢᠭᠡᠮ ᠤᠨ ᠵᠠᠰᠠᠯᠳᠠ ᠶᠢᠨ ᠪᠠᠶᠢᠳᠠᠯ ᠢ ᠡᠬᠦᠳᠤᠨ᠎ᠡ᠃ ᠵᠦᠷᠢᠴᠡᠯ ᠵᠢᠭᠤᠷᠠᠯᠳᠤᠭᠠᠨ ᠢ ᠲᠤᠬᠢᠳᠠᠢ ᠰᠢᠢᠳᠪᠤᠷᠢᠯᠡᠵᠤ᠂ ᠵᠠᠬᠢᠳᠠᠯ ᠰᠤᠷᠪᠤᠯᠵᠢᠯᠠᠭ᠎ᠠ  ᠶᠢᠨ ᠠᠵᠢᠯ ᠢ ᠢᠳᠡᠪᠬᠢᠳᠠᠢ ᠰᠠᠶᠢᠳᠤᠷ ᠬᠢᠨ᠎ᠠ᠃ ︽ᠲᠤᠯᠤᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠬᠦᠯᠬᠦ ᠠᠵᠢᠯ ᠢ ᠰᠠᠶᠢᠳᠤᠷ ᠠᠳᠬᠤᠵᠤ᠂ ᠨᠡᠶᠢᠭᠡᠮ ᠤᠨ ᠵᠠᠰᠠᠯᠳᠠ ᠶᠢ ᠬᠠᠤᠯᠢ ᠪᠠᠷ ᠵᠠᠰᠠᠬᠤ ᠬᠢᠷᠢ ᠭᠡᠮᠵᠢᠶ᠎ᠡ ᠶᠢ ᠲᠡᠭᠡᠭᠰᠢᠯᠡᠬᠦᠯᠤᠨ᠎ᠡ᠃ ︽ᠠᠮᠤᠭᠤᠯᠠᠩ ᠬᠢᠶ᠎ᠠ ᠪᠠᠭᠰᠢ︾ ᠶᠢᠨ ᠪᠠᠶᠢᠭᠤᠯᠤᠯᠳᠠ ᠶᠢ ᠬᠦᠨᠵᠡᠭᠡᠢ ᠠᠬᠢᠭᠤᠯᠵᠤ᠂  ᠨᠡᠶᠢᠭᠡᠮ ᠤᠨ ᠠᠮᠤᠷ ᠲᠦᠪᠰᠢᠨ ᠢ ᠰᠡᠷᠭᠡᠶᠢᠯᠡᠨ ᠡᠵᠡᠮᠳᠡᠬᠦ ᠪᠤᠰᠤᠭ᠎ᠠ ᠴᠤᠬᠴᠠᠳᠤ᠂ ᠤᠶᠤᠨᠴᠢᠯᠠᠬᠰᠠᠨ ᠨᠡᠶᠢᠭᠡᠮ ᠤᠨ ᠡᠮᠬᠢ ᠲᠢᠭᠯᠢᠮ ᠢ ᠬᠠᠮᠠᠭᠠᠯᠠᠨ ᠰᠡᠷᠭᠡᠶᠢᠯᠡᠨ ᠬᠤᠷᠢᠬᠯᠠᠬᠤ ᠲᠤᠬᠳᠠᠯᠴᠠᠭ᠎ᠠ ᠶᠢ ᠲᠦᠷᠭᠡᠨ ᠪᠠᠶᠢᠭᠤᠯᠤᠨ᠎ᠠ᠃ ᠠᠶᠤᠯᠬᠦᠢ ᠦᠢᠯᠡᠳᠪᠤᠷᠢᠯᠠᠯ ᠤᠨ ᠬᠠᠷᠢᠭᠤᠴᠠᠯᠭ᠎ᠠ ᠶᠢᠨ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠦᠳᠤᠭᠡᠨ ᠪᠠᠶᠢᠭᠤᠯᠤᠯᠳᠠ ᠶᠢᠨ, ᠪᠠᠷᠢᠯᠭ᠎ᠠ᠂ ᠵᠠᠮ ᠬᠠᠷᠢᠯᠴᠠᠭ᠎ᠠ᠂ ᠭᠠᠯ ᠰᠡᠷᠭᠡᠶᠢᠯᠡᠯᠭᠡ ᠵᠡᠷᠭᠡ  ᠭᠤᠤᠯᠳᠠᠯᠭ᠎ᠠ ᠲᠠᠢ ᠬᠦᠷᠢᠶᠡᠨ ᠤ ᠶᠡᠷᠤᠩᠭᠡᠶᠢᠯᠡᠭᠰᠡᠨ ᠵᠠᠰᠠᠯᠳᠠ ᠶᠢ ᠲᠤᠪᠤᠶᠢᠯᠭᠠᠵᠤ᠂ ᠠᠶᠤᠯᠬᠦᠢ ᠦᠢᠯᠡᠳᠪᠤᠷᠢᠯᠠᠯ ᠤᠨ ᠪᠠᠶᠢᠳᠠᠯ ᠦᠷᠬᠦᠯᠵᠢᠯᠡᠨ ᠲᠤᠬᠳᠠᠭᠤᠨ ᠪᠠᠶᠢᠬᠤ ᠶᠢ ᠪᠠᠳᠤᠯᠠᠨ᠎ᠠ︔ ᠢᠳᠡᠭᠡᠨ ᠤ ᠠᠶᠤᠯᠬᠦᠢ ᠶᠢ ᠬᠠᠮᠠᠭᠠᠯᠠᠬᠤ ᠲᠤᠬᠳᠠᠯᠴᠠᠭ᠎ᠠ ᠶᠢ ᠲᠡᠬᠦᠯᠳᠡᠷᠵᠢᠬᠦᠯᠵᠤ᠂ ᠪᠦᠬᠦ ᠤᠯᠤᠰ ᠤᠨ ᠢᠳᠡᠭᠡᠨ ᠤᠮᠳᠠᠭᠠᠨ ᠠᠶᠤᠯᠬᠦᠢ ᠬᠤᠳᠠ ᠶᠢ ᠠᠮᠵᠢᠯᠳᠠ ᠲᠠᠢ ᠪᠠᠶᠢᠭᠤᠯᠤᠨ᠎ᠠ ᠃ ᠠᠵᠢᠯᠴᠢᠨ ᠤ ᠡᠪᠯᠡᠯ᠂ ᠡᠪ ᠬᠠᠮᠳᠤ ᠵᠠᠯᠠᠭᠤᠴᠤᠳ ᠤᠨ ᠡᠪᠯᠡᠯ᠂ ᠡᠮᠡᠭᠳᠡᠶᠢᠴᠤᠳ ᠤᠨ ᠬᠤᠯᠪᠤᠭᠠᠳᠤ ᠬᠤᠷᠠᠯ᠂ ᠦᠢᠯᠡᠳᠪᠤᠷᠢ ᠬᠤᠳᠠᠯᠳᠤᠭᠠᠨ ᠤ ᠬᠤᠯᠪᠤᠭ᠎ᠠ ᠵᠡᠷᠭᠡ ᠶᠢᠨ ᠠᠵᠢᠯ ᠦᠷᠨᠢᠬᠦᠯᠬᠦ ᠶᠢ ᠲᠡᠮᠵᠢᠨ᠎ᠡ᠃ ᠦᠨᠳᠤᠰᠤᠳᠠᠨ ᠱᠠᠰᠢᠨ ᠰᠤᠷᠳᠠᠬᠤᠨ ᠤ ᠭᠡᠷᠡᠭ ᠡᠷᠬᠢᠯᠡᠬᠦ ᠬᠠᠮᠢᠶᠠᠷᠤᠯᠳᠠ ᠶᠢ ᠴᠢᠩᠭᠠᠳᠬᠠᠵᠤ᠂ ᠦᠨᠳᠤᠰᠤᠳᠠᠨ ᠤ ᠪᠦᠯᠬᠦᠮᠳᠠᠯ᠂ ᠱᠠᠰᠢᠨ ᠰᠤᠷᠳᠠᠬᠤᠨ ᠡᠶ᠎ᠡ ᠨᠠᠶᠢᠷᠠᠮᠳᠠᠭᠤ ᠪᠠᠶᠢᠬᠤ ᠶᠢ ᠠᠬᠢᠭᠤᠯᠵᠤ᠂ ᠦᠨᠳᠤᠰᠤᠳᠠᠨ ᠤ ᠪᠦᠯᠬᠦᠮᠳᠠᠯ ᠲᠠᠪᠰᠢᠯᠳᠠ ᠶᠢᠨ ᠵᠢᠱᠢᠶ᠎ᠡ ᠦᠵᠡᠬᠦᠯᠬᠦ ᠲᠤᠭᠤᠷᠢᠭ  ᠢ ᠡᠬᠦᠳᠤᠨ ᠪᠠᠶᠢᠭᠤᠯᠬᠤ ᠠᠵᠢᠯ ᠢ ᠢᠳᠡᠪᠬᠢᠳᠡᠢ ᠦᠷᠨᠢᠬᠦᠯᠤᠨ᠎ᠡ᠃ ᠤᠯᠤᠰ ᠤᠨ ᠪᠠᠳᠤᠯᠠᠨ ᠬᠠᠮᠠᠭᠠᠯᠠᠯᠳᠠ ᠶᠢᠨ ᠲᠠᠶᠢᠴᠢᠯᠠᠯᠳᠠ᠂ ᠬᠤᠶᠠᠷ ᠢ ᠬᠦᠷᠢᠶᠡᠯᠡᠵᠤ ᠬᠠᠯᠠᠮᠵᠢᠯᠠᠨ ᠲᠡᠮᠵᠢᠬᠦ᠂ ᠠᠷᠠᠳ ᠤᠨ ᠠᠭᠠᠷ ᠤᠨ ᠰᠡᠷᠭᠡᠶᠢᠯᠡᠯᠭᠡ  ᠂ ᠭᠠᠳᠠᠭᠠᠳᠤ ᠶᠠᠪᠤᠳᠠᠯ ᠬᠠᠷᠢᠶᠠᠳᠤ ᠶᠢᠨ ᠠᠵᠢᠯ᠂ ᠲᠡᠤᠭᠡᠨ ᠲᠠᠩᠰᠠ ᠡᠪᠭᠡᠮᠡᠯ᠂ ᠴᠠᠭ ᠠᠭᠤᠷ ᠵᠡᠷᠭᠡ ᠶᠢᠨ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠨ᠎ᠠ᠃ ᠨᠠᠰᠤᠳᠠᠶᠢᠴᠤᠳ᠂ ᠵᠡᠮᠳᠡᠭᠴᠤᠳ ᠤᠨ ᠠᠵᠢᠯ ᠦᠢᠯᠡᠰ ᠤᠨ ᠲᠤᠬᠳᠠᠭᠤᠨ ᠬᠦᠭᠵᠢᠯᠳᠡ ᠶᠢ ᠠᠬᠢᠭᠤᠯᠤᠨ᠎ᠠ᠃ ᠠᠷᠠᠳ ᠤᠨ ᠠᠮᠢᠳᠤᠷᠠᠯ ᠤᠨ ᠬᠠᠯᠠᠮᠰᠢᠯ ᠠᠰᠠᠭᠤᠳᠠᠯ ᠤᠨ ᠲᠤᠭᠤᠷᠢᠨ ᠳᠤ ᠤᠯᠠᠨ ᠲᠦᠮᠡᠨ ᠤ  ᠠᠩᠬᠠᠷᠴᠤ ᠪᠠᠶᠢᠬᠤ ᠠᠰᠠᠭᠤᠳᠠᠯ ᠳᠤ ᠬᠠᠷᠢᠭᠤᠯᠳᠠ ᠦᠭᠴᠤ᠂ ᠬᠦᠭᠵᠢᠯᠳᠡ ᠶᠢ ᠨᠡᠩ ᠦᠶᠦᠭ ᠲᠤᠯᠠᠭᠠᠨ ᠪᠤᠯᠭᠠᠵᠤ᠂ ᠵᠤᠯ ᠵᠢᠷᠭᠠᠯ ᠢ ᠨᠡᠩ ᠪᠤᠳᠠᠳᠤ ᠲᠦᠷᠦᠭᠳᠡᠯ ᠲᠠᠢ ᠪᠤᠯᠭᠠᠨ᠎ᠠ᠃     ᠭᠤᠷᠪᠠ᠂ ᠠᠷᠠᠳ ᠲᠦᠮᠡᠨ ᠬᠠᠨᠤᠮᠵᠢᠳᠠᠢ ᠵᠠᠰᠠᠭ ᠤᠨ ᠤᠷᠳᠤᠨ ᠢ ᠴᠢᠷᠮᠠᠶᠢᠨ ᠪᠠᠶᠢᠭᠤᠯᠤᠨ᠎ᠠ      ᠲᠡᠮᠤᠷ ᠢ ᠲᠠᠪᠳᠠᠬᠤ ᠳᠤ ᠦᠪᠡᠷ ᠢᠶᠠᠨ ᠬᠠᠳᠠᠭᠤ ᠪᠠᠶᠢᠬᠤ ᠭᠡᠷᠡᠭᠳᠡᠢ᠃ ᠰᠢᠨ᠎ᠡ ᠴᠠᠭ ᠦᠶ᠎ᠡ ᠳᠤ ᠤᠷᠤᠵᠤ᠂ ᠰᠢᠨ᠎ᠡ ᠠᠶᠠᠨ ᠵᠠᠮ ᠢ ᠡᠬᠢᠯᠡᠬᠦᠯᠬᠦ ᠳᠤ ᠡᠷᠭᠡᠪᠰᠢ ᠵᠠᠰᠠᠭ ᠤᠨ ᠤᠷᠳᠤᠨ ᠤ ᠲᠤᠰ ᠪᠠᠶ᠎ᠠ ᠶᠢᠨ ᠪᠠᠶᠢᠭᠤᠯᠤᠯᠳᠠ ᠶᠢ ᠭᠤᠶᠢᠪᠢᠰᠢ ᠦᠭᠡᠢ ᠴᠢᠩᠭᠠᠳᠬᠠᠵᠤ᠂ ︽ᠦᠨᠡᠨᠬᠦ ᠠᠵᠢᠯ ᠬᠢᠳᠡᠭ᠂ ᠪᠤᠳᠠᠳᠤ ᠠᠵᠢᠯ ᠬᠢᠳᠡᠭ᠂ ᠪᠦᠳᠤᠯᠳᠡᠢ ᠠᠵᠢᠯ ᠬᠢᠳᠡᠭ︾ ᠠᠷᠠᠳ ᠲᠦᠮᠡᠨ ᠬᠠᠨᠤᠮᠵᠢᠳᠠᠢ ᠵᠠᠰᠠᠭ ᠤᠨ ᠤᠷᠳᠤᠨ ᠢ ᠴᠢᠷᠮᠠᠶᠢᠨ ᠡᠬᠦᠳᠤᠨ᠎ᠡ᠃     ︵ᠨᠢᠭᠡ︶ ᠦᠨᠡᠨᠴᠢ ᠰᠢᠳᠤᠷᠭᠤ ᠪᠠᠳᠤ ᠴᠢᠩᠭ᠎ᠠ ᠪᠠᠶᠢᠵᠤ᠂ ᠦᠵᠠᠯ ᠰᠠᠨᠠᠭᠠᠨ ᠤ ᠦᠨᠳᠤᠰᠤ ᠪᠠᠨ ᠪᠠᠳᠤᠳᠬᠠᠨ᠎ᠠ᠃ ︽ᠨᠠᠮ ᠠᠯᠢᠪᠠ ᠶᠢ ᠤᠳᠤᠷᠢᠳᠬᠤ︾   ᠶᠢ ᠪᠠᠷᠢᠮᠳᠠᠯᠠᠵᠤ᠂ ᠨᠠᠮ ᠤᠨ ᠲᠦᠪ ᠬᠤᠷᠢᠶᠠᠨ ᠤ ᠡᠷᠭᠡ ᠰᠦᠷ ᠪᠤᠯᠤᠨ ᠲᠦᠪᠯᠡᠷᠡᠬᠦᠯᠦᠭᠰᠡᠨ ᠨᠢᠭᠡᠳᠤᠯᠳᠡᠢ ᠤᠳᠤᠷᠢᠳᠤᠯᠭ᠎ᠠ ᠶᠢ ᠤᠬᠠᠮᠰᠠᠷ ᠠᠴᠠ ᠪᠠᠨ ᠬᠠᠮᠠᠭᠠᠯᠠᠵᠤ᠂ ᠤᠯᠤᠰ ᠲᠦᠷᠦ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ ᠭᠤᠤᠯᠯᠠᠬᠤ ᠤᠬᠠᠮᠰᠠᠷ᠂  ᠨᠢᠭᠡᠳᠤᠯᠳᠡᠢ ᠪᠠᠶᠢᠬᠤ ᠤᠬᠠᠮᠰᠠᠷ ᠢ ᠦᠨᠡᠨᠬᠦ ᠨᠡᠮᠡᠭᠳᠡᠬᠦᠯᠤᠨ᠎ᠡ᠃ ᠨᠠᠮ  ᠤᠨ ᠠᠷᠪᠠ ᠶᠢᠰᠤᠳᠤᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠨᠡᠪᠳᠡᠷᠡᠳᠡᠯ᠎ᠡ ᠤᠶᠢᠯᠠᠭᠠᠨ᠂ ᠨᠡᠪᠳᠡ ᠤᠬᠠᠬᠤ ᠲᠡᠭᠡᠷ᠎ᠡ ᠬᠦᠴᠤ ᠪᠠᠨ ᠲᠠᠯᠪᠢᠵᠤ᠂ ᠰᠢ ᠶᠢᠨ ᠫᠢᠡᠭ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠠᠯ ᠰᠠᠨᠠᠭ᠎ᠠ ᠪᠠᠷ ᠲᠠᠷᠢᠬᠢ ᠲᠤᠯᠤᠭᠠᠢ ᠪᠠᠨ ᠵᠡᠪᠰᠡᠭᠯᠡᠨ᠂ ᠦᠢᠯᠡᠳᠤᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠤᠨ᠎ᠠ᠃ ᠲᠤᠭᠤᠷᠢᠭ ᠤᠨ ᠨᠠᠮ ᠤᠨ ᠬᠤᠷᠢᠶᠠᠨ ᠤ ᠡᠯ᠎ᠡ ᠵᠦᠢᠯ ᠤᠨ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠭᠡᠷᠡᠭᠵᠢᠬᠦᠯᠵᠤ᠂ ᠵᠠᠰᠠᠭ ᠤᠨ ᠤᠷᠳᠤᠨ ᠤ ᠨᠠᠮ ᠤᠨ ᠲᠤᠭᠤᠶᠢᠯᠠᠩ ᠤᠨ ᠲᠤᠰ ᠪᠠᠶ᠎ᠠ ᠶᠢᠨ ᠪᠠᠶᠢᠭᠤᠯᠤᠯᠳᠠ ᠶᠢ ᠢᠳᠡᠪᠬᠢᠳᠡᠢ ᠠᠬᠢᠭᠤᠯᠤᠨ᠎ᠠ᠃ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠬᠦᠨ ᠪᠤᠯᠬᠤ︾ ᠰᠤᠷᠤᠯᠴᠠᠯᠭ᠎ᠠ ᠬᠦᠮᠤᠵᠢᠯ ᠤᠨ  ᠪᠠᠶᠢᠡᠭᠭᠤᠵᠢᠭᠤᠯᠵᠤ ᠲᠦᠷᠢᠮᠵᠢᠬᠦᠯᠬᠦ   ᠶᠢ ᠦᠷᠬᠦᠯᠵᠢᠯᠡᠨ ᠠᠬᠢᠭᠤᠯᠵᠤ᠂ ︽ᠤᠭ ᠰᠠᠨᠠᠭ᠎ᠠ ᠪᠠᠨ ᠦᠯᠦ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠭᠤᠤᠯ ᠰᠡᠳᠤᠪᠳᠤ ᠬᠦᠮᠤᠵᠢᠯ ᠢ ᠨᠠᠷᠢᠨ ᠬᠢᠨᠠᠮᠠᠭᠠᠢ ᠦᠷᠨᠢᠬᠦᠯᠤᠨ᠎ᠡ᠃     ︵ᠬᠤᠶᠠᠷ︶ ᠬᠠᠤᠯᠢ ᠶᠤᠰᠤᠭᠠᠷ ᠵᠠᠰᠠᠭ ᠶᠠᠪᠤᠭᠤᠯᠵᠤ᠂ ᠬᠠᠤᠯᠢ ᠪᠠᠷ ᠵᠠᠰᠠᠬᠰᠠᠨ ᠵᠠᠰᠠᠭ ᠤᠨ ᠤᠷᠳᠤᠨ ᠢ ᠪᠠᠶᠢᠭᠤᠯᠤᠨ᠎ᠠ᠃ ︽ᠭᠤᠷᠪᠠᠨ ᠴᠢᠬᠤᠯᠠ ᠨᠢᠭᠡ ᠶᠡᠭᠡ︾ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ︽ᠤᠯᠠᠨ ᠲᠦᠮᠡᠨ ᠤᠷᠤᠯᠴᠠᠬᠤ᠂ ᠲᠤᠰᠬᠠᠢ ᠮᠡᠷᠭᠡᠵᠢᠯᠳᠡᠨ ᠨᠤᠳᠠᠯᠠᠬᠤ᠂ ᠠᠶᠤᠯ ᠲᠦᠭᠰᠢᠬᠦᠷᠢ ᠶᠢ ᠦᠨᠡᠯᠡᠬᠦ᠂ ᠬᠠᠤᠯᠢ ᠶᠤᠰᠤᠭᠠᠷ ᠬᠢᠨᠠᠨ ᠪᠠᠶᠢᠴᠠᠭᠠᠬᠤ᠂ ᠬᠠᠮᠳᠤ ᠪᠠᠷ ᠶᠠᠷᠢᠯᠴᠠᠨ ᠲᠤᠬᠳᠠᠭᠠᠬᠤ︾ ᠪᠤᠳᠤᠯᠭ᠎ᠠ ᠲᠤᠬᠳᠠᠭᠠᠬᠤ ᠲᠤᠬᠳᠠᠴᠠ ᠶᠢ ᠲᠡᠬᠦᠯᠳᠡᠷᠵᠢᠬᠦᠯᠵᠤ᠂ ᠵᠠᠰᠠᠭ ᠤᠨ ᠤᠷᠳᠤᠨ ᠤ ᠠᠵᠢᠯ ᠢ ᠬᠠᠤᠯᠢ ᠪᠠᠷ ᠵᠠᠰᠠᠬᠤ ᠵᠠᠮ ᠢᠶᠠᠷ ᠵᠠᠮᠨᠠᠭᠤᠯᠬᠤ ᠶᠢ ᠪᠠᠳᠤᠯᠠᠨ᠎ᠠ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ  ᠶᠢᠨ ᠬᠢᠨᠠᠯᠳᠠ ᠲᠠᠯᠪᠢᠬᠤ᠂ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠯ ᠢᠶᠠᠷ ᠬᠢᠨᠠᠯᠳᠠ ᠲᠠᠯᠪᠢᠬᠤ ᠪᠠ ᠬᠢᠨᠠᠨ ᠪᠠᠶᠢᠴᠠᠭᠠᠬᠤ ᠵᠦᠪᠯᠡᠯ ᠤᠨ ᠰᠠᠬᠢᠯᠭ᠎ᠠ ᠪᠠᠳᠤ  ᠶᠢᠨ ᠬᠢᠨᠠᠯᠳᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠰᠠᠨᠠᠯ ᠰᠠᠨᠠᠭᠤᠯᠭ᠎ᠠ᠂ ᠤᠯᠤᠰ ᠲᠦᠷᠦ  ᠶᠢᠨ ᠵᠦᠪᠯᠡᠯᠭᠡᠨ ᠤ ᠰᠠᠨᠠᠯ ᠲᠤᠷᠠᠳᠤᠯᠭ᠎ᠠ ᠶᠢ ᠰᠢᠢᠳᠪᠤᠷᠢᠯᠡᠬᠦ ᠶᠠᠰᠤ ᠴᠢᠨᠠᠷ ᠢ ᠦᠨᠡᠨᠬᠦ ᠲᠡᠭᠡᠭᠰᠢᠯᠡᠬᠦᠯᠤᠨ᠎ᠡ᠃ ᠵᠠᠰᠠᠭ ᠤᠨ ᠤᠷᠳᠤᠨ ᠤ ᠰᠠᠯᠠᠭ᠎ᠠ ᠮᠦᠴᠢᠷ ᠢ ᠵᠤᠬᠢᠶᠠᠨ ᠪᠠᠶᠢᠭᠤᠯᠬᠤ ᠶᠢ ᠲᠦᠷᠭᠡᠳᠭᠡᠵᠤ᠂ ᠵᠠᠰᠠᠭ ᠤᠨ ᠤᠷᠳᠤᠨ ᠤ ᠰᠢᠰᠲ᠋ᠧᠮ ᠬᠠᠤᠯᠢ ᠶᠤᠰᠤᠭᠠᠷ ᠡᠬᠦᠷᠭᠡ ᠲᠤᠰᠢᠶᠠᠯ ᠢᠶᠠᠨ ᠬᠦᠢᠴᠡᠳᠭᠡᠬᠦ ᠴᠢᠳᠠᠪᠤᠷᠢ ᠶᠢ ᠲᠠᠰᠤᠷᠠᠯᠳᠠ ᠦᠭᠡᠢ ᠲᠡᠭᠡᠭᠰᠢᠯᠡᠬᠦᠯᠤᠨ᠎ᠡ᠃ ᠵᠠᠰᠠᠭ ᠵᠠᠬᠢᠷᠭᠠᠨ ᠤ ᠲᠠᠬᠢᠨ ᠵᠦᠪᠯᠡᠬᠦ᠂ ᠵᠠᠰᠠᠭ ᠵᠠᠬᠢᠷᠭᠠᠨ ᠤ ᠵᠠᠷᠭᠤ ᠶᠢᠨ ᠠᠵᠢᠯ ᠢ ᠰᠠᠶᠢᠳᠤᠷ ᠬᠢᠵᠤ᠂ ᠵᠠᠰᠠᠭ ᠵᠠᠬᠢᠷᠭᠠᠨ ᠤ ᠮᠠᠷᠭᠤᠯᠳᠤᠭᠠᠨ ᠢ ᠲᠤᠬᠢᠳᠠᠢ ᠨᠠᠮᠳᠠᠭᠠᠨ᠎ᠠ᠃ ᠬᠠᠤᠯᠢ ᠭᠡᠷᠡᠭᠵᠢᠬᠦᠯᠬᠦ  ᠴᠢᠳᠠᠪᠤᠷᠢ ᠶᠢᠨ ᠪᠠᠶᠢᠭᠤᠯᠤᠯᠳᠠ ᠶᠢ ᠴᠢᠩᠭᠠᠳᠬᠠᠵᠤ᠂  ᠲᠦᠪ ᠭᠤᠤᠯᠴᠢ ᠪᠤᠯᠪᠠᠰᠤᠨ ᠢᠶᠠᠷ ᠬᠠᠤᠯᠢ ᠭᠡᠷᠡᠭᠵᠢᠬᠦᠯᠬᠦ ᠶᠢ ᠠᠬᠢᠭᠤᠯᠤᠨ᠎ᠠ᠃ ᠵᠠᠰᠠᠭ ᠤᠨ ᠶᠠᠪᠤᠳᠠᠯ ᠤᠨ ᠮᠡᠳᠡᠭᠡ ᠵᠠᠩᠬᠢ ᠶᠢ ᠢᠯᠡ ᠪᠤᠯᠭᠠᠬᠤ ᠶᠢ ᠬᠦᠨᠵᠡᠭᠡᠶᠢᠷᠡᠬᠦᠯᠵᠤ᠂ ᠰᠤᠨᠢᠨ ᠮᠡᠳᠡᠭᠡ ᠨᠡᠶᠢᠳᠡᠯᠡᠬᠦ ᠠᠵᠢᠯ ᠢ ᠴᠢᠩᠭᠠᠳᠬᠠᠨ᠎ᠠ᠃     ︵ᠭᠤᠷᠪᠠ︶ ᠤᠭ ᠰᠠᠨᠠᠭ᠎ᠠ ᠪᠠᠨ ᠦᠯᠦ ᠮᠠᠷᠳᠠᠨ᠂ ᠰᠤᠷᠳᠠᠯ ᠢ ᠴᠢᠩᠭ᠎ᠠ ᠠᠳᠬᠤᠨ᠎ᠠ᠃ ᠠᠷᠠᠳ ᠲᠦᠮᠡᠨ ᠢᠶᠠᠷ ᠲᠦᠪ ᠪᠤᠯᠭᠠᠬᠤ ᠠᠵᠢᠯ ᠤᠨ ᠤᠨᠤᠯᠵᠢᠭᠤᠨ  ᠢ ᠪᠠᠷᠢᠮᠳᠠᠯᠠᠵᠤ᠂ ᠬᠠᠶᠢᠷ᠎ᠠ ᠰᠡᠳᠬᠢᠯᠭᠡ ᠶᠢ ᠡᠪᠤᠷᠯᠡᠨ᠂ ᠬᠠᠷᠢᠭᠤᠴᠠᠯᠭ᠎ᠠ ᠶᠢ ᠡᠬᠦᠷᠭᠡᠯᠡᠵᠤ ᠤᠯᠠᠨ ᠲᠦᠮᠡᠨ ᠤ ᠲᠤᠰ ᠪᠠᠶ᠎ᠠ ᠶᠢᠨ ᠠᠰᠢᠭ ᠲᠤᠰᠠ ᠲᠠᠢ ᠬᠠᠷᠢᠴᠠᠭ᠎ᠠ  ᠲᠠᠢ ᠠᠰᠠᠭᠤᠳᠠᠯ ᠢ ᠰᠢᠢᠳᠪᠤᠷᠢᠯᠡᠨ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠢᠳᠤᠷᠭᠤ ᠪᠠᠷ ᠰᠤᠨᠤᠰᠴᠤ᠂ ᠤᠯᠠᠨ ᠲᠦᠮᠡᠨ ᠤ ᠬᠦᠰᠡᠯ ᠡᠷᠡᠮᠠᠯᠵᠠᠯ ᠢ ᠪᠤᠳᠠᠳᠠᠢ ᠲᠤᠰᠬᠠᠨ᠂ ᠤᠯᠠᠨ ᠲᠦᠮᠡᠨ ᠤ ᠵᠤᠪᠠᠯ ᠵᠦᠳᠡᠬᠦᠷᠢ ᠶᠢ ᠦᠨᠡᠨᠬᠦ ᠠᠩᠬᠠᠷᠴᠤ᠂ ᠪᠦᠬᠦ ᠬᠦᠴᠤ ᠪᠠᠷ ᠢᠶᠠᠨ ᠤᠯᠠᠨ ᠲᠦᠮᠡᠨ ᠳᠤ ᠰᠠᠶᠢᠨ ᠶᠠᠪᠤᠳᠠᠯ᠂ ᠪᠤᠳᠠᠳᠤ ᠶᠠᠪᠤᠳᠠᠯ ᠬᠢᠨ᠎ᠠ᠃ ︽ᠴᠢᠩᠭ᠎ᠠ︾ ︽ᠪᠤᠳᠠᠳᠠᠢ︾ ᠪᠠᠶᠢᠬᠤ ᠰᠤᠷᠳᠠᠯ ᠢ ᠡᠷᠴᠢᠮᠵᠢᠬᠦᠯᠵᠤ᠂ ︽ᠬᠠᠳᠠᠭᠠᠰᠤ ᠬᠠᠳᠠᠬᠤ︾ ᠵᠤᠷᠢᠭ ᠰᠠᠨᠠᠭ᠎ᠠ ᠪᠠᠷ ᠠᠵᠢᠯ ᠢᠶᠠᠨ ᠠᠳᠬᠤᠨ ᠨᠠᠶᠢᠳᠠᠪᠤᠷᠢᠵᠢᠭᠤᠯᠤᠨ᠎ᠠ᠃ ᠴᠢᠬᠤᠯᠠ ᠶᠡᠭᠡ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠭᠡᠷᠡᠭᠵᠢᠬᠦᠯᠦᠭᠰᠡᠨ ᠪᠠᠶᠢᠳᠠᠯ ᠢ ᠱᠠᠭᠠᠷᠳᠠᠨ ᠪᠠᠶᠢᠴᠠᠭᠠᠬᠤ ᠪᠠ ᠲᠤᠰᠬᠠᠢ ᠪᠠᠶᠢᠴᠠᠭᠠᠬᠤ ᠲᠦᠷᠢᠮ ᠢ ᠲᠡᠬᠦᠯᠳᠡᠷᠵᠢᠬᠦᠯᠵᠤ᠂ ᠵᠠᠰᠠᠭ ᠤᠨ ᠤᠷᠳᠤᠨ ᠤ ᠬᠦᠢᠴᠡᠳᠭᠡᠬᠦ ᠴᠢᠳᠠᠪᠤᠷᠢ ᠶᠢ ᠴᠢᠷᠮᠠᠶᠢᠨ ᠲᠡᠭᠡᠭᠰᠢᠯᠡᠬᠦᠯᠤᠨ᠎ᠡ᠃ ᠲᠦᠯᠬᠢᠬᠦ ᠰᠢᠯᠳᠠᠬᠯᠠᠬᠤ ᠪᠤᠯᠢᠶᠠᠯᠴᠠᠬᠤ᠂ ᠨᠡᠷ᠎ᠡ ᠲᠡᠳᠤᠢ ᠠᠵᠢᠯᠯᠠᠬᠤ ᠵᠡᠷᠭᠡ ᠬᠢᠬᠦ ᠦᠭᠡᠢ᠂ ᠬᠤᠶᠢᠷᠭᠤᠰᠢᠬᠤ ᠪᠠ ᠲᠤᠷ᠎ᠠ ᠪᠠᠷ ᠬᠢᠬᠦ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠳᠭᠡᠵᠤ᠂ ᠵᠠᠰᠠᠭ ᠤᠨ ᠵᠠᠷᠯᠢᠭ ᠢ ᠰᠠᠭᠠᠳ ᠦᠭᠡᠢ ᠶᠠᠪᠤᠬᠳᠠᠭᠤᠯᠵᠤ᠂  ᠵᠠᠷᠯᠢᠭ ᠴᠠᠭᠠᠵᠠ ᠶᠢ ᠲᠠᠭᠠᠬᠤ ᠶᠢ ᠢᠮᠠᠬᠳᠠ ᠪᠠᠳᠤᠯᠠᠨ᠎ᠠ᠃     ︵ᠲᠦᠷᠪᠡ︶  ᠮᠦᠨ ᠴᠢᠨᠠᠷ ᠢᠶᠠᠨ ᠦᠨᠢᠳᠡ ᠬᠠᠳᠠᠭᠠᠯᠠᠵᠤ᠂ ᠲᠦᠪ ᠭᠤᠤᠯᠴᠢ ᠠᠷᠢᠭᠤᠨ ᠴᠢᠭᠡᠴᠢ ᠶᠢ ᠡᠷᠬᠢᠮᠯᠠᠨ᠎ᠡ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠭᠤᠤᠯ ᠴᠤᠬᠴᠠ ᠶᠢᠨ ᠬᠠᠷᠢᠭᠤᠴᠠᠯᠭ᠎ᠠ ᠪᠤᠯᠤᠨ ︽ᠨᠢᠭᠡ ᠪᠠᠶᠢᠷᠢ ᠬᠤᠶᠠᠷ ᠬᠠᠷᠢᠭᠤᠴᠠᠯᠭ᠎ᠠ︾ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠵᠠᠰᠠᠭ ᠤᠨ ᠤᠷᠳᠤᠨ ᠤ ᠰᠢᠰᠲ᠋ᠧᠮ ᠤᠨ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠪᠤᠯᠤᠨ ᠢᠯᠵᠠᠷᠠᠯ ᠢ ᠡᠰᠡᠷᠬᠦᠴᠡᠬᠦ ᠲᠡᠮᠡᠴᠡᠯ ᠢ ᠬᠦᠨᠵᠡᠭᠡᠢ ᠠᠬᠢᠭᠤᠯᠤᠨ᠎ᠠ᠃ ᠬᠢᠨᠠᠨ ᠪᠠᠶᠢᠴᠠᠭᠠᠬᠤ ᠵᠦᠪᠯᠡᠯ ᠤᠨ ᠠᠵᠢᠯ ᠢ ᠪᠦᠬᠦ ᠬᠦᠴᠤ ᠪᠠᠷ ᠢᠶᠠᠨ ᠲᠡᠮᠵᠢᠨ᠎ᠡ᠃ ᠲᠦᠪ ᠤᠨ ᠨᠠᠢᠮᠠᠨ ᠲᠤᠬᠳᠠᠭᠠᠯ ᠵᠢᠴᠢ ᠡᠯ᠎ᠡ ᠱᠠᠳᠤᠨ ᠤ ᠲᠦᠬᠦᠷᠵᠢᠭᠰᠡᠨ ᠭᠡᠷᠡᠭᠵᠢᠬᠦᠯᠬᠦ ᠨᠠᠷᠢᠨ ᠲᠦᠷᠢᠮ ᠢ ᠴᠢᠩᠭ᠎ᠠ ᠭᠡᠷᠡᠭᠵᠢᠬᠦᠯᠵᠤ᠂ ︽ᠲᠦᠷᠪᠡᠨ ᠰᠤᠷᠳᠠᠯ︾ ᠤᠨ ᠠᠰᠠᠭᠤᠳᠠᠯ ᠢ ᠦᠨᠢᠳᠡ ᠴᠡᠭᠴᠡᠯᠡᠨ ᠵᠠᠰᠠᠵᠤ᠂ ᠵᠠᠰᠠᠭ ᠤᠨ ᠰᠤᠷᠳᠠᠯ ᠠᠵᠢᠯ ᠲᠦᠷᠦᠯ ᠤᠨ ᠰᠤᠷᠳᠠᠯ ᠤᠨ ᠦᠷᠬᠦᠯᠵᠢᠯᠡᠨ ᠰᠠᠶᠢᠵᠢᠷᠠᠬᠤ ᠶᠢ ᠠᠬᠢᠭᠤᠯᠤᠨ᠎ᠠ᠃ ᠭᠤᠤᠯᠳᠠᠯᠭ᠎ᠠ ᠲᠠᠢ ᠬᠦᠷᠢᠶ᠎ᠠ ᠪᠤᠯᠤᠨ ᠵᠠᠩᠬᠢᠯᠠᠭ᠎ᠠ ᠶᠢᠨ ᠠᠵᠢᠯ ᠤᠨ ᠪᠠᠶᠢᠷᠢ  ᠶᠢᠨ ᠬᠢᠨᠠᠯᠳᠠ ᠬᠠᠮᠢᠶᠠᠷᠤᠯᠳᠠ ᠶᠢ ᠡᠷᠴᠢᠮᠵᠢᠬᠦᠯᠵᠤ᠂ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠳᠤ ᠶᠢ ᠴᠢᠩᠭᠠᠳᠬᠠᠵᠤ᠂ ᠲᠦᠰᠦᠪ ᠤᠨ ᠬᠠᠮᠢᠶᠠᠷᠤᠯᠳᠠ ᠪᠤᠯᠤᠨ ᠬᠢᠨᠠᠨ ᠪᠤᠳᠤᠯᠳᠠ ᠳᠤ ᠬᠢᠨᠠᠯᠳᠠ ᠲᠠᠯᠪᠢᠬᠤ ᠶᠢ ᠴᠢᠩᠭᠠᠳᠬᠠᠵᠤ᠂ ᠲᠦᠪ ᠪᠤᠰᠤ ᠰᠤᠷᠳᠠᠯ ᠪᠤᠯᠤᠨ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠬᠰᠠᠨ ᠠᠵᠢᠯᠯᠠᠭ᠎ᠠ ᠶᠢ ᠡᠷᠡᠰ ᠪᠠᠶᠢᠴᠠᠭᠠᠨ ᠰᠢᠢᠳᠪᠤᠷᠢᠯᠡᠨ᠎ᠡ᠃ ᠢᠯᠵᠠᠷᠠᠮᠠᠯ ᠢ ᠵᠠᠯᠬᠠᠭᠠᠨ ᠵᠠᠰᠠᠬᠤ ᠲᠦᠪ ᠴᠢᠩᠭ᠎ᠠ ᠤᠪᠤᠷ ᠢ ᠢᠮᠠᠬᠳᠠ ᠪᠠᠷᠢᠮᠳᠠᠯᠠᠵᠤ᠂  ᠤᠯᠤᠰ ᠲᠦᠷᠦ ᠲᠤᠳᠤᠷᠬᠠᠢ᠂ ᠺᠠᠳ᠋ᠷ ᠠᠷᠢᠭᠤᠨ ᠴᠢᠭᠡᠴᠢ ᠪᠠᠶᠢᠬᠤ ᠶᠢ ᠦᠨᠡᠨᠬᠦ ᠪᠠᠶᠡᠯᠡᠬᠦᠯᠤᠨ᠎ᠡ  ᠃      ᠲᠦᠯᠦᠭᠡᠯᠡᠭᠴᠢᠳ ᠡ︕  ᠰᠢᠷᠭᠠᠭᠤ ᠬᠠᠳᠠᠭᠤᠵᠢᠯᠳᠠᠢ ᠲᠡᠮᠡᠴᠡᠯ ᠨᠢ ᠬᠦᠰᠡᠯ ᠵᠡᠬᠦᠳᠤ ᠶᠢ ᠲᠡᠷᠭᠡᠯᠰᠢᠬᠦᠯᠵᠤ᠂ ᠪᠤᠳᠠᠳᠠᠢ ᠠᠵᠢᠯᠯᠠᠬᠤ ᠨᠢ ᠢᠷᠡᠭᠡᠳᠤᠢ ᠶᠢᠨ ᠰᠠᠶᠢᠨ ᠰᠠᠶᠢᠬᠠᠨ ᠢ ᠠᠪᠴᠢᠷᠠᠬᠤ ᠶᠤᠮ᠃ ᠪᠢᠳᠡ ᠰᠢ ᠶᠢᠨ ᠫᠢᠡᠭ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠢᠬᠳᠠ ᠪᠦᠯᠬᠦᠮᠳᠠᠨ᠂ ᠲᠤᠭᠤᠷᠢᠭ ᠤᠨ ᠨᠠᠮ ᠤᠨ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠲᠤᠤᠷ᠎ᠠ᠂ ᠪᠦᠬᠦ ᠲᠤᠭᠤᠷᠢᠭ ᠤᠨ ᠺᠠᠳ᠋ᠷ ᠤᠯᠠᠨ ᠲᠦᠮᠡᠨ ᠢ ᠪᠦᠯᠬᠦᠮᠳᠡᠬᠦᠯᠤᠨ ᠲᠠᠭᠠᠭᠤᠯᠵᠤ᠂ ᠨᠡᠩ ᠡᠷᠡᠮᠡᠭᠡᠶᠢᠯᠡᠨ ᠲᠠᠪᠰᠢᠬᠤ ᠵᠤᠷᠢᠭ ᠰᠠᠨᠠᠭ᠎ᠠ ᠪᠠᠷ ᠵᠤᠷᠢᠬᠳᠠᠢ ᠤᠷᠤᠬᠰᠢᠯᠠᠨ᠂ ᠪᠤᠳᠠᠳᠠᠢ ᠠᠵᠢᠯᠯᠠᠵᠤ᠂ ᠬᠢᠶ᠎ᠠ ᠪᠠᠭᠰᠢ ᠶᠢᠨ ᠨᠡᠩ ᠰᠠᠶᠢᠨ ᠰᠠᠶᠢᠬᠠᠨ ᠮᠠᠷᠭᠠᠰᠢ ᠶᠢ ᠴᠢᠷᠮᠠᠶᠢᠨ ᠡᠬᠦᠳᠴᠤ᠂ ᠤᠷᠳᠤᠰ ᠤᠨ ᠠᠵᠤ ᠠᠬᠤᠢ ᠨᠡᠶᠢᠭᠡᠮ ᠤᠨ ᠴᠢᠨᠠᠷᠯᠢᠭ ᠪᠦᠬᠦᠢ ᠬᠦᠭᠵᠢᠯᠳᠡ ᠶᠢ ᠪᠠᠶᠠᠯᠠᠬᠦᠯᠬᠦ ᠳᠤ ᠰᠢᠨ᠎ᠡ ᠨᠡᠩ ᠶᠡᠭᠡ ᠬᠤᠪᠢ ᠨᠡᠮᠡᠷᠢ   ᠶᠢ ᠦᠵᠡᠬᠦᠯᠤᠶ᠎ᠡ︕  
ᠢᠷᠡᠯᠲᠡ᠄ ᠲᠤᠰ ᠰᠦᠯᠵᠢᠶ᠎ᠡ