2019 ᠤᠨ ᠤ ᠵᠠᠰᠠᠭ ᠤᠨ ᠤᠷᠳᠤᠨ ᠤ ᠠᠵᠢᠯ ᠤᠨ ᠢᠯᠡᠳᠭᠡᠯ
ᠨᠡᠶᠢᠲᠡᠯᠡᠭᠰᠡᠨ ᠴᠠᠭ᠄
2019/9/17
ᠳᠤᠭᠤᠷᠢᠭ ᠤᠨ ᠠᠩᠬᠠᠳᠤᠭᠠᠷ ᠬᠤᠭᠤᠴᠠᠭᠠᠨ ᠤ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭ᠎ᠠ ᠶᠢᠨ ᠬᠤᠷᠠᠯ ᠤᠨ ᠪᠢᠴᠢᠭ ᠮᠠᠲ᠋ᠧᠷᠢᠶᠠᠯ ︵ ᠠᠷᠪᠠᠨ ᠭᠤᠷᠪᠠ  ︶                                  ᠵᠠᠰᠠᠭ ᠤᠨ ᠤᠷᠳᠤᠨ ᠤ ᠠᠵᠢᠯ ᠤᠨ ᠢᠯᠡᠳᠭᠡᠯ                                — ᠤᠷᠳᠤᠰ ᠬᠤᠳᠠ ᠶᠢᠨ ᠬᠢᠶ᠎ᠠ ᠪᠠᠭᠰᠢ ᠳᠤᠭᠤᠷᠢᠭ ᠤᠨ ᠠᠩᠬᠠᠳᠤᠭᠠᠷ                       ᠬᠤᠭᠤᠴᠠᠭᠠᠨ ᠤ ᠠᠷᠠᠳ ‍ᠤᠨ‌‍ᠲ᠋ᠦ᠋ᠯᠦᠭᠡᠯᠡᠭᠴᠢᠳ ᠤᠨ ᠶᠡᠭᠡ ᠬᠤᠷᠠᠯ ᠤᠨ                       ᠭᠤᠷᠪᠠᠳᠤᠭᠠᠷ ᠤᠳᠠᠭ᠎ᠠ ᠶᠢᠨ ᠬᠤᠷᠠᠯ ᠳᠡᠭᠡᠷ᠎ᠠ                        ︵2019 ᠤᠨ ᠤ  3 ᠰᠠᠷ᠎ᠠ ᠶᠢᠨ  21  ᠡᠳᠤᠷ︶                                      ᠯᠢ ᠳ᠋ᠦᠩ ᠳᠦᠯᠦᠭᠡᠯᠡᠭᠴᠢᠳ ᠡ᠄       ᠤᠳᠤ ᠪᠢ ᠬᠢᠶ᠎ᠠ ᠪᠬᠠᠰᠢ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠢ ᠳᠦᠯᠦᠭᠡᠯᠡᠨ ᠶᠡᠭᠡ ᠬᠤᠷᠠᠯ  ᠳᠤ ᠠᠵᠢᠯ ᠤᠨ ᠢᠯᠡᠳᠭᠡᠯ ᠬᠢᠶ᠎ᠠ᠂  ᠬᠢᠨᠠᠨ ᠵᠦᠪᠯᠡᠬᠦ ᠪᠤᠯᠪᠠᠤ᠂  ᠳᠡᠷᠡᠴᠢᠯᠡᠨ ᠳᠤᠭᠤᠷᠢᠭ ᠤᠨ ᠤᠯᠤᠰ ᠳᠦᠷᠦ ᠶᠢᠨ ᠵᠦᠪᠯᠡᠯᠭᠡᠨ ᠤ ᠭᠡᠰᠢᠬᠦᠳ ᠪᠠ ᠰᠤᠯᠠ ᠤᠷᠤᠯᠴᠠᠬᠰᠠᠨ ᠪᠤᠰᠤᠳ ᠬᠦᠮᠤᠰ ᠰᠠᠨᠠᠯ ᠢᠶᠠᠨ ᠳᠤᠷᠠᠳᠬᠤ ᠪᠤᠯᠪᠠᠤ᠃       ᠨᠢᠭᠡ᠂ 2018  ᠤᠨ ᠤ  ᠠᠵᠢᠯ ᠤᠨ ᠡᠷᠬᠢᠴᠡᠬᠦᠯᠤᠯ       2018 ᠤᠨ ᠪᠤᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠳᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠳᠡ ᠶᠢᠨ ᠵᠢᠯ ᠪᠤᠯᠤᠨ᠎ᠠ᠂ ᠦᠭᠡᠷᠡᠴᠢᠯᠡᠯᠳᠡ ᠨᠡᠭᠡᠭᠡᠯᠳᠡ ᠬᠢᠭᠰᠡᠨ 40 ᠵᠢᠯ ᠤᠨ ᠤᠢ ᠪᠤᠯᠤᠨ᠎ᠠ᠂  ᠬᠢᠶ᠎ᠠ ᠪᠠᠭᠰᠢ ᠶᠢᠨ ᠬᠦᠭᠵᠢᠯᠳᠡ ᠳᠤᠮᠳᠠᠬᠢ ᠶᠡᠷᠦ ᠪᠤᠰᠤ ᠶᠢᠨ ᠴᠢᠬᠤᠯᠠ ᠨᠢᠭᠡ ᠵᠢᠯ ᠪᠤᠯᠤᠨ᠎ᠠ᠃ ᠨᠢᠭᠡ ᠵᠢᠯ ᠤᠨ ᠳᠤᠷᠰᠢ᠂  ᠪᠢᠳᠠ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂  ᠰᠢ ᠶᠢᠨ ᠫᠢᠩ ᠶᠡᠷᠦᠩᠭᠡᠢ ᠱᠦᠵᠢ ᠶᠢᠨ ︽ᠭᠤᠷᠪᠠ ᠶᠢ ᠯᠠᠪᠳᠠᠭᠤᠨ ᠪᠠᠳᠤᠳᠠᠢ ᠪᠠᠶᠢᠯᠭᠠᠬᠤ︾ ᠴᠢᠬᠤᠯᠠ ᠨᠠᠶᠢᠳᠠᠯᠭ᠎ᠠ ᠶᠢ ᠴᠠᠭ ᠦᠷᠬᠦᠯᠵᠢ ᠪᠠᠳᠤ ᠴᠡᠭᠡᠵᠢᠯᠡᠵᠤ᠂ ᠬᠤᠳᠠ ᠶᠢᠨ ᠨᠠᠮ ᠤᠨ ᠬᠤᠷᠢᠶ᠎ᠠ᠂  ᠬᠤᠳᠠ ᠶᠢᠨ ᠵᠠᠰᠠᠭ ᠤᠨ ᠤᠷᠳᠤᠨ ᠪᠠ ᠳᠤᠭᠤᠷᠢᠭ ᠤᠨ ᠨᠠᠮ ᠤᠨ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠳᠤᠤᠷ᠎ᠠ᠂ ᠳᠤᠬᠳᠠᠭᠤᠨ ᠤ ᠳᠤᠮᠳᠠ ᠤᠷᠤᠬᠰᠢᠯᠠᠬᠤ ᠠᠵᠢᠯ ᠤᠨ ᠶᠡᠷᠦᠩᠭᠡᠢ ᠬᠦᠭ ᠠᠶᠠᠰ ᠢ ᠪᠠᠷᠢᠮᠳᠠᠯᠠᠨ᠂ ᠪᠦᠬᠦ ᠬᠦᠴᠤᠨ ᠢᠶᠠᠷ ᠢᠶᠠᠨ ᠨᠡᠮᠡᠭᠳᠡᠯ ᠢ ᠳᠤᠬᠳᠠᠪᠤᠷᠢᠵᠢᠭᠤᠯᠤᠨ᠂ ᠦᠭᠡᠷᠡᠴᠢᠯᠡᠯᠳᠡ ᠶᠢ ᠠᠬᠢᠭᠤᠯᠵᠤ᠂  ᠪᠦᠳᠤᠴᠡ ᠶᠢ ᠳᠤᠬᠢᠷᠠᠭᠤᠯᠤᠨ᠂  ᠠᠷᠠᠳ ᠤᠨ ᠠᠮᠢᠳᠤᠷᠠᠯ ᠢ ᠬᠠᠷᠠᠭᠠᠯᠵᠠᠵᠤ᠂ ᠠᠶᠤᠯ ᠳᠦᠭᠰᠢᠬᠦᠷᠢ ᠶᠢ ᠰᠡᠷᠭᠡᠶᠢᠯᠡᠨ᠂ ᠳᠤᠭᠤᠷᠢᠭ  ᠤᠨ ᠠᠩᠬᠠᠳᠤᠭᠠᠷ ᠬᠤᠭᠤᠴᠠᠭᠠᠨ ᠤ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠠᠴᠠ ᠳᠤᠬᠳᠠᠭᠠᠬᠰᠠᠨ ᠬᠠᠷᠠᠯᠳᠠᠳᠤ ᠡᠬᠦᠷᠭᠡ ᠶᠢ ᠨᠡᠯᠢᠶᠡᠳ ᠴᠢᠨᠠᠷᠯᠢᠭ ᠪᠡᠶᠡᠯᠡᠬᠦᠯᠵᠤ᠂  ᠠᠵᠤ ᠠᠬᠤᠢ ᠨᠡᠶᠢᠭᠡᠮ ᠤᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠳᠤ ᠢᠳᠡᠷᠡᠬᠦᠨ ᠠᠯᠬᠤᠴᠠ ᠲᠠᠢ ᠪᠤᠯᠤᠬᠰᠠᠨ ᠪᠠᠶᠢᠨ᠎ᠠ᠃  ᠪᠦᠬᠦ ᠵᠢᠯ ᠳᠤ ᠤᠷᠤᠨ ᠨᠤᠳᠤᠭ ᠤᠨ ᠤᠶᠢᠯᠡᠳᠪᠤᠷᠢᠯᠡᠯ ᠤᠨ ᠶᠡᠷᠦᠩᠭᠡᠢ ᠦᠷᠳᠡᠭ ᠨᠢ 59.7  ᠳ᠋ᠦᠩᠰᠢᠭᠤᠷ ᠳᠦᠬᠦᠷᠢᠭ ᠲᠤ ᠬᠦᠷᠴᠤ᠂  5% ᠪᠠᠷ ᠨᠡᠮᠡᠭᠳᠡᠪᠡ︔  ᠤᠯᠠᠨ ᠨᠡᠶᠢᠳᠡ ᠶᠢᠨ ᠡᠳ᠋ ᠤᠨ ᠵᠠᠰᠠᠭ ᠤᠨ ᠳᠦᠰᠤᠪ ᠤᠨ ᠤᠷᠤᠯᠭ᠎ᠠ ᠨᠢ 6.3  ᠳ᠋ᠦᠩᠰᠢᠭᠤᠷ ᠳᠦᠬᠦᠷᠢᠭ ᠲᠤ ᠬᠦᠷᠴᠤ᠂ 26.7% ᠪᠠᠷ ᠨᠡᠮᠡᠭᠳᠡᠪᠡ︔  ᠨᠡᠶᠢᠭᠡᠮ ᠤᠨ ᠭᠡᠷᠡᠭᠯᠡᠭᠡᠨ ᠤ ᠵᠤᠶᠢᠯᠡᠰ ᠢ ᠵᠢᠵᠢᠭᠯᠡᠨ ᠪᠤᠷᠤᠯᠠᠭᠤᠯᠤᠬᠰᠠᠨ ᠶᠡᠷᠦᠩᠭᠡᠢ ᠳᠤᠭ᠎ᠠ ᠨᠢ 67.8  ᠳ᠋ᠦᠩᠰᠢᠭᠤᠷ ᠳᠦᠬᠦᠷᠢᠭ ᠲᠤ ᠬᠦᠷᠴᠤ᠂ 5.7%  ᠪᠠᠷ ᠨᠡᠮᠡᠭᠳᠡᠪᠡ︔  ᠬᠤᠳᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠤᠨ ᠳᠤᠮᠳᠠᠴᠢ ᠳᠤᠬᠢᠷᠠᠭᠤᠯᠵᠤ ᠪᠤᠯᠬᠤ ᠤᠷᠤᠯᠭ᠎ᠠ ᠨᠢ 48431 ᠳᠦᠬᠦᠷᠢᠭ ᠲᠤ ᠬᠦᠷᠴᠤ᠂ 7.5% ᠪᠠᠷ ᠨᠡᠮᠡᠭᠳᠡᠪᠡ᠃       ᠨᠢᠭᠡ ᠵᠢᠯ ᠤᠨ ᠳᠤᠷᠰᠢ᠂  ᠪᠢᠳᠠ ᠭᠤᠤᠯᠳᠠᠭᠤ ᠳᠤᠤᠷᠠᠬᠢ ᠠᠵᠢᠯ ᠤᠳ ᠢ ᠬᠢᠪᠡ᠄       ︵ᠨᠢᠭᠡ︶ ᠬᠦᠴᠢᠷᠳᠡᠯ ᠢ ᠳᠤᠭᠤᠯᠵᠤ ᠬᠤᠷᠢᠭ᠎ᠠ ᠱᠤᠭᠤᠮ ᠢ ᠰᠠᠬᠢᠨ᠂ ︽ᠭᠤᠷᠪᠠᠨ ᠶᠡᠭᠡ ᠪᠤᠭᠤᠮᠳᠠ ᠰᠢᠪᠳᠤᠯᠬᠤ ᠳᠠᠶᠢᠯᠠᠯᠳᠤᠭᠠᠨ︾ ᠤ ᠠᠩᠬᠠᠨ ᠤ ᠢᠯᠠᠯᠳᠠ ᠶᠢ ᠤᠯᠪᠠ᠃ ᠬᠦᠨᠳᠤ ᠶᠡᠭᠡ ᠠᠶᠤᠯ ᠳᠦᠭᠰᠢᠬᠦᠷᠢ ᠶᠢ ᠰᠡᠷᠭᠡᠶᠢᠯᠡᠨ ᠨᠠᠮᠳᠠᠭᠤᠯᠵᠤ᠂ ᠵᠠᠰᠠᠭ ᠤᠨ ᠤᠷᠳᠤᠨ ᠤ ᠦᠷᠢ ᠰᠢᠷᠢ ᠶᠢᠨ ︽ᠨᠢᠭᠡ ᠬᠠᠭᠤᠳᠠᠰᠤ ᠭᠤᠷᠪᠠᠨ ᠳᠠᠩᠰᠠ︾  ᠶᠢ ᠪᠠᠶᠢᠭᠤᠯᠤᠨ᠂ ᠤᠯᠤᠰ ᠤᠨ ᠡᠳ᠋ ᠬᠦᠷᠦᠩᠭᠡ ᠶᠢ ᠳᠤᠳᠤᠯᠠᠨ ᠪᠡᠯᠡ ᠮᠦᠩᠬᠦ ᠶᠢ ᠬᠠᠷᠭᠤᠭᠤᠯᠬᠤ ᠡᠬᠦᠷᠭᠡ ᠶᠢ ᠪᠡᠶᠡᠯᠡᠬᠦᠯᠵᠤ᠂  ᠵᠤᠬᠢᠶᠠᠨ ᠪᠠᠶᠢᠭᠤᠯᠤᠯᠳᠠ ᠶᠢᠨ ᠪᠠᠶᠢᠭᠤᠯᠤᠮᠵᠢ᠂  ᠦᠷᠢ ᠰᠢᠷᠢ ᠶᠢᠨ ᠳᠦᠰᠤᠯ᠂  ᠠᠶᠤᠯ ᠳᠦᠭᠰᠢᠬᠦᠷᠢ ᠶᠢ ᠤᠷᠢᠳᠴᠢᠯᠠᠨ ᠰᠡᠷᠡᠮᠵᠢᠯᠡᠬᠦ ᠵᠡᠷᠭᠡ ᠳᠤᠬᠳᠠᠯᠴᠠᠭ᠎ᠠ ᠶᠢᠨ ᠳᠤᠬᠳᠠᠴᠠ ᠶᠢ ᠴᠢᠨᠠᠬᠰᠢᠳᠠ ᠪᠦᠷᠢᠨᠰᠢᠬᠦᠯᠤᠨ ᠳᠡᠬᠦᠯᠳᠡᠷᠵᠢᠬᠦᠯᠵᠤ᠂ ᠳᠠᠯᠳᠠ ᠴᠢᠨᠠᠷᠳᠠᠢ ᠦᠷᠢ ᠰᠢᠷᠢ ᠶᠢ ᠨᠠᠮᠳᠠᠭᠤᠯᠬᠤ ᠶᠢ ᠡᠷᠴᠢᠮᠳᠡᠢ ᠠᠬᠢᠭᠤᠯᠤᠨ ᠂ ᠰᠢᠰᠲ᠋ᠧᠮᠳᠤ ᠴᠢᠨᠠᠷᠳᠠᠢ ᠮᠦᠩᠬᠦᠨ ᠬᠦᠢᠯᠭᠡᠭᠡᠨ ᠤ ᠠᠶᠤᠯ ᠳᠦᠭᠰᠢᠬᠦᠷᠢ ᠡᠬᠦᠰᠬᠦ ᠦᠭᠡᠢ ᠪᠠᠶᠢᠬᠤ ᠬᠤᠷᠢᠭ᠎ᠠ ᠱᠤᠭᠤᠮ ᠢ ᠪᠠᠳᠤ ᠰᠠᠬᠢᠪᠠ︔ ᠪᠦᠬᠦ ᠵᠢᠯ ᠳᠤ ᠵᠠᠰᠠᠭ ᠤᠨ ᠤᠷᠳᠤᠨ ᠤ ᠦᠷᠢ ᠰᠢᠷᠢ ᠶᠢ 21.3  ᠳ᠋ᠦᠩᠰᠢᠭᠤᠷ ᠳᠦᠬᠦᠷᠢᠭ ᠨᠠᠮᠳᠠᠭᠤᠯᠤᠨ ᠰᠢᠢᠳᠪᠤᠷᠢᠯᠡᠵᠤ᠂  ᠵᠢᠯ ᠤᠨ ᠡᠬᠦᠷᠭᠡ ᠪᠠᠨ 333.2% ᠢᠶᠠᠷ ᠪᠡᠶᠡᠯᠡᠬᠦᠯᠵᠤ᠂  ᠵᠠᠰᠠᠭ  ᠤᠨ ᠤᠷᠳᠤᠨ ᠤ ᠪᠦᠬᠦ ᠦᠷᠢ ᠰᠢᠷᠢ ᠶᠢᠨ ᠨᠤᠷᠮ᠎ᠠ ᠶᠢ 105.9% ᠪᠠᠷ ᠪᠠᠭᠠᠰᠬᠠᠨ᠂ ᠠᠵᠢᠯ ᠤᠨ ᠠᠬᠢᠴᠠ ᠨᠢ ᠪᠦᠬᠦ ᠬᠤᠳᠠ᠂ ᠦᠪᠡᠷᠳᠡᠭᠡᠨ ᠵᠠᠰᠠᠬᠤ ᠤᠷᠤᠨ ᠳᠤ ᠳᠡᠷᠢᠬᠦᠯᠡᠪᠡ᠃ ᠶᠠᠳᠠᠭᠤ ᠠᠴᠠ  ᠠᠩᠬᠢᠵᠢᠷᠠᠭᠤᠯᠬᠤ ᠦᠷ᠎ᠠ ᠪᠦᠳᠤᠮᠵᠢ ᠶᠢ ᠦᠷᠬᠦᠯᠵᠢᠯᠡᠨ ᠪᠠᠳᠤᠳᠬᠠᠵᠤ᠂ ᠤᠨᠤᠪᠴᠢᠳᠠᠢ ᠢᠯᠭᠠᠨ ᠳᠤᠳᠤᠯᠠᠬᠤ ᠪᠠ ᠬᠦᠳᠡᠯᠦᠩᠬᠦᠢ ᠬᠢᠨᠠᠨ ᠭᠡᠮᠵᠢᠯᠳᠡ ᠬᠢᠬᠦ ᠶᠢ ᠳᠤᠪᠤᠶᠢᠯᠭᠠᠨ᠂ ᠡᠯ᠎ᠠ ᠳᠦᠷᠤᠯ ᠤᠨ ᠶᠠᠳᠠᠭᠤ ᠶᠢ ᠳᠡᠳᠬᠦᠬᠦ ᠪᠠᠳᠤᠯᠠᠭ᠎ᠠ ᠶᠢᠨ ᠠᠷᠭ᠎ᠠ ᠭᠡᠮᠵᠢᠶ᠎ᠠ  ᠶᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠵᠤ᠂  ᠭᠤᠤᠯᠳᠠᠯᠭ᠎ᠠ ᠲᠠᠢ ᠬᠦᠴᠢᠷᠳᠡᠯ ᠲᠠᠢ ᠤᠯᠠᠨ ᠳᠦᠮᠡᠨ ᠢ ᠭᠤᠷᠪᠠᠨ ᠱᠠᠳᠤ ᠪᠠᠷ ᠬᠤᠯᠪᠤᠭᠠᠯᠠᠨ ᠳᠠᠭᠠᠭᠠᠴᠢᠯᠠᠵᠤ ᠬᠠᠪᠰᠤᠷᠤᠨ ᠳᠡᠳᠬᠦᠵᠤ᠂ ᠤᠯᠤᠰ ᠤᠨ ᠳᠡᠰ ᠤᠨ ᠶᠠᠳᠠᠭᠤ ᠬᠦᠴᠢᠷᠳᠡᠯᠳᠡᠢ ᠱᠤᠭᠤᠮ ᠠᠴᠠ  ᠳᠤᠷᠤᠬᠰᠢ ᠭᠡᠷ ᠪᠦᠯᠢ ᠨᠢᠭᠡ ᠴᠦ ᠪᠠᠶᠢᠬᠤ ᠦᠭᠡᠢ ᠪᠤᠯᠪᠠ᠃ ᠪᠤᠬᠢᠷᠳᠤᠯ ᠢ ᠰᠡᠷᠭᠡᠶᠢᠯᠡᠨ ᠵᠠᠰᠠᠬᠤ ᠶᠢ ᠬᠦᠨᠵᠡᠭᠡᠢ ᠠᠬᠢᠭᠤᠯᠵᠤ᠂  ᠳᠦᠪ ᠤᠨ ᠤᠷᠴᠢᠨ ᠳᠤᠭᠤᠷᠢᠨ ᠤ ᠱᠠᠯᠠᠪᠳᠠᠭᠤᠯᠤᠨ ᠪᠠᠶᠢᠴᠠᠭᠠᠯᠳᠠ ᠶᠢᠨ ︽ᠡᠷᠬᠢᠵᠤ ᠬᠠᠷᠠᠬᠤ︾ ᠪᠠ ᠦᠪᠡᠷᠳᠡᠭᠡᠨ ᠵᠠᠰᠠᠬᠤ ᠤᠷᠤᠨ ᠤ ᠠᠮᠢ ᠠᠬᠤᠢ ᠤᠷᠴᠢᠨ ᠳᠤᠭᠤᠷᠢᠨ ᠤ ᠬᠠᠮᠠᠭᠠᠯᠠᠯᠳᠠ ᠶᠢᠨ ᠶᠡᠭᠡ ᠪᠠᠶᠢᠴᠠᠭᠠᠯᠳᠠ ᠳᠤ ᠬᠠᠷᠢᠭᠤ ᠳᠤᠰᠬᠠᠬᠰᠠᠨ 11  ᠠᠰᠠᠭᠤᠳᠠᠯ ᠢ ᠪᠦᠬᠦᠨ ᠢ ᠵᠠᠰᠠᠨ ᠴᠡᠭᠴᠡᠯᠡᠵᠤ᠂  ᠠᠭᠠᠷ ᠮᠠᠨᠳᠠᠯ᠂  ᠤᠰᠤ᠂  ᠬᠦᠷᠤᠰᠤ ᠰᠢᠷᠤᠢ ᠵᠡᠷᠭᠡ ᠶᠢᠨ ᠪᠤᠬᠢᠷᠳᠤᠯ ᠢ ᠰᠡᠷᠭᠡᠶᠢᠯᠡᠨ ᠵᠠᠰᠠᠬᠰᠠᠨ ᠰᠢᠯᠭᠠᠨ ᠬᠤᠷᠢᠶᠠᠬᠤ ᠵᠢᠭᠠᠯᠳᠠ ᠳᠤᠭ᠎ᠠ ᠨᠢ ᠴᠦᠮ ᠪᠠᠷᠢᠮᠵᠢᠶᠠᠨ ᠳᠤ ᠬᠦᠷᠴᠤ᠂  ᠪᠦᠬᠦ ᠵᠢᠯ ᠳᠤ ᠠᠭᠠᠷ  ᠤᠨ ᠴᠢᠨᠠᠷ ᠰᠠᠶᠢᠵᠢᠷᠠᠬᠰᠠᠨ ᠡᠳᠤᠷ ᠤᠨ ᠳᠤᠭ᠎ᠠ ᠶᠢᠨ ᠬᠠᠷᠢᠴᠠᠯ ᠨᠢ 85% ᠳᠤ ᠬᠦᠷᠴᠤ᠂  ᠭᠤᠤᠯᠳᠠᠯᠭ᠎ᠠ ᠲᠠᠢ ᠰᠠᠪᠠ ᠭᠠᠵᠠᠷ ᠢ ᠴᠦᠮ ︽ᠭᠤᠤᠯ ᠤᠨ ᠠᠬᠠᠯᠠᠬᠴᠢ ᠶᠢᠨ ᠳᠦᠷᠢᠮ︾ ᠤᠨ ᠬᠠᠮᠢᠶᠠᠷᠤᠯᠳᠠ ᠳᠤ ᠤᠷᠤᠭᠤᠯᠵᠤ᠂  ᠬᠦᠭᠡ ᠤᠬᠳᠠᠷᠭᠤᠢ ᠴᠠᠭᠠᠨ ᠡᠬᠦᠯᠡ ᠪᠠ ᠴᠡᠩᠭᠡᠭ ᠤᠰᠤ ᠬᠦᠭᠡᠮᠳᠦᠭ ᠠᠭᠤᠯᠠ ᠶᠢ ᠭᠡᠪ ᠤᠨ ᠪᠠᠶᠢᠳᠠᠯ ᠲᠠᠢ ᠪᠤᠯᠭᠠᠪᠠ       ︵ᠬᠤᠶᠠᠷ︶ ᠵᠠᠩᠬᠢᠯᠠᠭ᠎ᠠ ᠶᠢ ᠠᠳᠬᠤᠨ ᠰᠠᠭᠤᠷᠢ ᠶᠢ ᠪᠠᠳᠤᠳᠬᠠᠵᠤ᠂  ᠠᠵᠤ ᠠᠬᠤᠢ ᠶᠢᠨ ᠡᠷᠬᠢᠯᠳᠡ ᠶᠢ ᠳᠤᠬᠳᠠᠭᠤᠨ ᠳᠢᠭᠯᠢᠮ ᠲᠠᠢ ᠪᠤᠯᠭᠠᠪᠠ᠃ ᠬᠠᠩᠭᠠᠯᠭ᠎ᠠ ᠶᠢᠨ ᠳᠠᠯ᠎ᠠ ᠶᠢᠨ ᠪᠦᠳᠤᠴᠡ ᠶᠢᠨ ᠴᠢᠨᠠᠷᠳᠠᠢ ᠦᠭᠡᠷᠡᠴᠢᠯᠡᠯᠳᠡ  ᠪᠠᠷ ᠭᠤᠤᠯ ᠰᠢᠵᠢᠮ ᠪᠤᠯᠭᠠᠬᠤ ᠶᠢ ᠪᠠᠷᠢᠮᠳᠠᠯᠠᠨ᠂  ᠳᠦᠷᠤᠯ ᠵᠤᠶᠢᠯ ᠠᠳᠬᠤᠬᠤ᠂  ᠪᠡᠯᠡ ᠤᠷᠤᠭᠤᠯᠤᠯᠳᠠ ᠶᠢ ᠳᠤᠬᠳᠠᠪᠤᠷᠢᠵᠢᠭᠤᠯᠬᠤ᠂  ᠳᠤᠳᠠᠭᠤᠳᠠᠯ ᠢ ᠨᠦᠬᠦᠪᠤᠷᠢᠯᠡᠬᠦ ᠳᠡᠭᠡᠷ᠎ᠠ ᠬᠦᠴᠤ ᠳᠠᠯᠪᠢᠨ᠂  ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠰᠠᠭᠤᠷᠢ ᠨᠢ ᠤᠯᠠᠮ ᠪᠠᠳᠤᠵᠢᠪᠠ᠃  ᠬᠦᠴᠤᠨ ᠢᠶᠠᠨ ᠳᠦᠪᠯᠡᠷᠡᠬᠦᠯᠤᠨ ᠭᠤᠤᠯᠳᠠᠯᠭ᠎ᠠ ᠲᠠᠢ ᠳᠦᠷᠤᠯ ᠵᠤᠶᠢᠯ ᠤᠨ ᠪᠦᠳᠤᠭᠡᠨ ᠪᠠᠶᠢᠭᠤᠯᠤᠯᠳᠠ ᠶᠢ ᠠᠬᠢᠭᠤᠯᠵᠤ᠂ ᠡᠯ᠎ᠠ ᠳᠦᠷᠤᠯ ᠤᠨ ᠳᠦᠷᠤᠯ ᠵᠤᠶᠢᠯ ᠢ 44 ᠪᠠᠷᠢᠯᠭ᠎ᠠ ᠡᠬᠢᠯᠡᠬᠦᠯᠵᠤ ᠰᠡᠷᠬᠦᠭᠡᠨ᠂  ᠳᠤᠬᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢ 7.2  ᠳ᠋ᠦᠩᠰᠢᠭᠤᠷ ᠳᠦᠬᠦᠷᠢᠭ ᠪᠡᠶᠡᠯᠡᠬᠦᠯᠵᠤ᠂  ᠯᠠᠩ ᠵᠢᠩ ᠳᠤᠮᠤ ᠪᠠᠭᠤᠳᠠᠯ᠂  ᠪᠦᠸᠧ ᠢᠤᠢ ᠠᠢ ᠷᠦᠢ ᠳᠤᠮᠤ ᠪᠠᠭᠤᠳᠠᠯ᠂  ᠦᠬᠠᠢ ᠪᠠᠩᠬᠢ ᠶᠢᠨ ᠤᠷᠤᠨ ᠨᠤᠳᠤᠭ ᠤᠨ ᠶᠡᠷᠦᠩᠭᠡᠢ ᠭᠡᠯᠳᠡᠰ᠂  ᠱᠧᠨ  ᠬᠤᠸᠠ ᠬᠤᠳᠠᠯᠳᠤᠭᠠᠨ ᠤ ᠶᠠᠪᠠᠭᠠᠨ ᠶᠠᠪᠤᠬᠤ ᠵᠡᠭᠡᠯᠢ᠂ ᠬᠤᠳᠠ ᠶᠢᠨ ᠬᠢᠳᠠᠳ ᠡᠮᠨᠡᠯᠭᠡ ᠶᠢᠨ ᠬᠤᠷᠢᠶᠠᠨ ᠤ ᠰᠢᠨ᠎ᠠ ᠪᠠᠷ ᠪᠠᠶᠢᠭᠤᠯᠬᠤ ᠠᠰᠠᠷ ᠵᠡᠷᠭᠡ ᠨᠢᠭᠡ ᠪᠦᠯᠦᠭ ᠭᠤᠤᠯᠳᠠᠯᠭ᠎ᠠ ᠲᠠᠢ ᠳᠦᠷᠤᠯ ᠵᠤᠶᠢᠯ ᠢ ᠵᠠᠯᠭᠠᠪᠠᠷ ᠨᠤᠳᠤᠬᠰᠢᠭᠤᠯᠪᠠ᠃  ᠠᠵᠤ ᠤᠶᠢᠯᠡᠳᠪᠤᠷᠢ ᠶᠢᠨ ᠶᠡᠷᠦᠩᠭᠡᠢ ᠭᠡᠮᠵᠢᠶ᠎ᠠ ᠨᠢ ᠦᠷᠬᠦᠯᠵᠢᠯᠡᠨ ᠪᠠᠭᠠᠰᠤᠬᠰᠠᠨ ᠪᠠᠶᠢᠳᠠᠯ ᠳᠤᠤᠷ᠎ᠠ᠂  ᠭᠤᠷᠪᠠᠳᠤᠭᠠᠷ ᠠᠵᠤ ᠤᠶᠢᠯᠡᠰ ᠨᠢ ᠠᠵᠤ ᠠᠬᠤᠢ  ᠶᠢᠨ ᠳᠤᠬᠳᠠᠭᠤᠨ ᠨᠡᠮᠡᠭᠳᠡᠯ ᠢ ᠬᠦᠴᠤᠳᠡᠢ ᠳᠠᠶᠢᠴᠢᠯᠠᠨ᠂ ᠨᠡᠮᠡᠭᠳᠡᠯ ᠦᠷᠳᠡᠭ ᠢ 51.4 ᠳ᠋ᠦᠩᠰᠢᠭᠤᠷ ᠳᠦᠬᠦᠷᠢᠭ ᠪᠡᠶᠡᠯᠡᠬᠦᠯᠵᠤ᠂ GDP ᠳᠠᠬᠢ ᠡᠵᠡᠯᠡᠬᠦ ᠬᠠᠷᠢᠴᠠᠯ ᠨᠢ 86% ᠶᠢ ᠳᠠᠪᠠᠪᠠ᠃ ᠶᠢᠰᠦᠳᠦᠭᠡᠷ ᠬᠤᠭᠤᠴᠠᠭᠠᠨ ᠤ ᠳᠤᠮᠳᠠᠳᠤ ᠤᠯᠤᠰ ᠰᠢᠨ᠎ᠠ ᠽᠢᠯᠠᠨᠳ᠋ ᠤᠨ ᠤᠯᠠᠨ ᠤᠯᠤᠰ ᠤᠨ ᠺᠢᠨᠤ᠋ ᠶᠢᠨ ᠨᠠᠶᠢᠷ᠂  ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠮᠠᠰᠢᠨ ᠳᠡᠷᠭᠡ ᠪᠠᠷ ᠵᠤᠭᠠᠴᠠᠬᠤ ᠬᠤᠷᠠᠯ᠂  ᠳᠤᠯᠤᠳᠤᠭᠠᠷ ᠬᠤᠭᠤᠴᠠᠭᠠᠨ ᠤ ᠮᠠᠨᠳᠠᠷᠠᠸ᠎ᠠ ᠴᠡᠴᠡᠭ ᠤᠨ ᠵᠤᠭᠠᠴᠠᠯ ᠤᠨ ᠰᠤᠶᠤᠯ ᠤᠨ ᠨᠠᠶᠢᠷ ᠵᠡᠷᠭᠡ ᠳᠤᠮᠤ ᠭᠡᠯᠪᠡᠷᠢ ᠶᠢᠨ ᠠᠵᠢᠯᠯᠠᠭ᠎ᠠ ᠶᠢ ᠠᠮᠵᠢᠯᠳᠠ ᠲᠠᠢ ᠡᠷᠬᠢᠯᠡᠨ ᠬᠢᠵᠤ᠂ ᠤᠯᠤᠰ ᠤᠨ ᠳᠤᠳᠤᠭᠠᠳᠤ ᠭᠠᠳᠠᠭᠠᠳᠤ ᠶᠢᠨ ᠵᠠᠭᠤᠴᠢᠯᠠᠭᠤᠷ ᠪᠠ ᠨᠡᠶᠢᠭᠡᠮ ᠤᠨ ᠡᠯ᠎ᠡ ᠡᠳᠡᠭᠡᠳ ᠤᠨ  ᠬᠢᠨ ᠢ ᠳᠠᠳᠠᠵᠤ ᠬᠢᠶ᠎ᠠ ᠪᠠᠭᠰᠢ ᠳᠤ ᠦᠷᠭᠡᠨ ᠢᠶᠠᠷ ᠠᠩᠬᠠᠷᠤᠯ ᠳᠠᠯᠪᠢᠭᠤᠯᠵᠤ᠂ ᠪᠦᠬᠦ ᠵᠢᠯ ᠳᠤ ᠬᠦᠯᠢᠶᠡᠨ ᠠᠪᠤᠬᠰᠠᠨ ᠵᠤᠭᠠᠴᠠᠬᠴᠢ ᠶᠢᠨ ᠶᠡᠷᠦᠩᠭᠡᠢ  ᠳᠤᠭ᠎ᠠ ᠨᠢ 285.7  ᠳᠦᠮᠡᠨ ᠬᠦᠮᠤᠨ ᠤᠳᠠᠭ᠎ᠠ ᠳᠤ ᠬᠦᠷᠴᠤ᠂  ᠬᠤᠨᠤᠭ ᠦᠩᠭᠡᠷᠡᠭᠡᠭᠰᠡᠨ  ᠵᠤᠭᠠᠴᠠᠬᠴᠢ 64.1  ᠳᠦᠮᠡᠨ ᠬᠦᠮᠤᠨ ᠤᠳᠠᠭ᠎ᠠ ᠳᠤ ᠬᠦᠷᠴᠤ᠂  ᠵᠤᠭᠠᠴᠠᠯ ᠤᠨ ᠪᠦᠬᠦ ᠤᠷᠤᠯᠭ᠎ᠠ ᠶᠢ 9  ᠳ᠋ᠦᠩᠰᠢᠭᠤᠷ ᠳᠦᠬᠦᠷᠢᠭ  ᠪᠡᠶᠡᠯᠡᠬᠦᠯᠪᠡ᠃ ᠰᠢᠨ᠎ᠠ ᠪᠠᠷ ᠨᠡᠮᠡᠭᠳᠡᠬᠦᠯᠦᠭᠰᠡᠨ ᠬᠤᠭᠤᠯᠠ ᠤᠮᠳᠠᠭᠠᠨ  ᠤ ᠭᠠᠵᠠᠷ 65᠂  ᠳᠤᠮᠤ ᠪᠠᠭᠤᠳᠠᠯ 3 ᠪᠠᠶᠢᠵᠤ᠂  ᠬᠤᠳᠠ ᠶᠢᠨ ᠭᠡᠷᠡᠭᠯᠡᠭᠡᠨ ᠤ ᠬᠢᠷᠢ ᠳᠦᠪᠰᠢᠨ ᠢ ᠳᠦᠷᠭᠡᠨ ᠳᠡᠭᠡᠭᠰᠢᠯᠡᠬᠦᠯᠪᠡ᠃  ᠳᠡᠯᠭᠡᠨ ᠦᠵᠡᠬᠦᠯᠦᠯᠭᠡ ᠶᠢ 15  ᠳᠠᠯᠠᠪᠠᠢ ᠳᠠᠭᠠᠭᠠᠴᠢᠯᠠᠨ ᠬᠢᠵᠤ᠂  ᠳᠡᠯᠭᠡᠨ ᠦᠵᠡᠬᠦᠯᠦᠯᠭᠡ  ᠳᠤ ᠤᠷᠤᠯᠴᠠᠬᠰᠠᠨ ᠬᠦᠮᠤᠨ ᠤ ᠳᠤᠭ᠎ᠠ 24.4  ᠳᠦᠮᠡᠨ ᠬᠦᠮᠤᠨ ᠤᠳᠠᠭ᠎ᠠ ᠳᠤ ᠬᠦᠷᠴᠤ᠂  ᠠᠷᠠᠯᠵᠢᠶ᠎ᠠ ᠪᠦᠳᠦᠭᠰᠡᠨ ᠪᠦᠬᠦ ᠳᠤᠭ᠎ᠠ ᠨᠢ 85  ᠳ᠋ᠦᠩᠰᠢᠭᠤᠷ ᠳᠦᠬᠦᠷᠢᠭ ᠲᠤ ᠬᠦᠷᠪᠡ᠃ ᠡᠯᠧᠺᠲᠷᠤᠨ ᠬᠤᠳᠠᠯᠳᠤᠭᠠᠨ ᠤ ᠠᠵᠤ ᠠᠬᠤᠶᠢᠯᠠᠯ ᠤᠨ ᠳᠤᠭ᠎ᠠ ᠨᠡᠮᠡᠭᠳᠡᠭᠡᠳ 31  ᠪᠤᠯᠵᠤ᠂  ᠵᠢᠯ ᠤᠨ ᠡᠵᠡᠩᠨᠡᠯᠳᠡ ᠬᠢᠭᠰᠡᠨ ᠳᠤᠭ᠎ᠠ ᠨᠢ 7452.4  ᠳᠦᠮᠡᠨ ᠳᠦᠬᠦᠷᠢᠭ ᠲᠤ ᠬᠦᠷᠪᠡ᠃  ᠳᠦᠷᠭᠡᠨ ᠳᠠᠮᠵᠢᠭᠤᠯᠭ᠎ᠠ ᠶᠢᠨ ᠪᠠᠷᠠᠭᠠᠨ ᠤ ᠬᠦᠢᠯᠭᠡᠭᠡᠨ ᠤ ᠴᠡᠭ 29 ᠪᠠᠶᠢᠵᠤ᠂  ᠵᠢᠯ ᠳᠤ ᠳᠤᠰᠴᠤ ᠬᠦᠷᠭᠡᠭᠰᠡᠨ ᠪᠠᠷᠠᠭ᠎ᠠ ᠨᠢ 560  ᠳᠦᠮᠡ ᠶᠢ ᠳᠠᠪᠠᠪᠠ᠃ ᠳᠤᠭᠤᠷᠢᠭ ᠤᠨ ᠵᠠᠰᠠᠭ  ᠤᠨ ᠤᠷᠳᠤᠨ ᠤ ᠳᠠᠭᠠᠭᠠᠴᠢᠯᠠᠬᠰᠠᠨ ᠦᠭᠡᠷᠡᠴᠢᠯᠡᠯᠳᠡ ᠶᠢ ᠪᠦᠬᠦ ᠳᠠᠯ᠎ᠠ ᠪᠠᠷ ᠬᠦᠨᠵᠡᠭᠡᠶᠢᠷᠡᠬᠦᠯᠬᠦ ᠡᠬᠦᠷᠭᠡ ᠶᠢ 36  ᠳᠦᠷᠤᠯ ᠪᠡᠶᠡᠯᠡᠬᠦᠯᠵᠤ᠂ ᠵᠠᠬ᠎ᠠ ᠳᠡᠯᠭᠡᠬᠦᠷ ᠤᠨ ᠭᠤᠤᠯ ᠴᠤᠬᠴᠠ ᠶᠢᠨ ᠰᠢᠨ᠎ᠠ ᠠᠮᠢᠵᠢᠷᠠᠯ ᠤᠨ ᠬᠦᠴᠤᠨ ᠲᠠᠢ ᠪᠤᠯᠬᠤ  ᠶᠢ ᠳᠠᠶᠢᠴᠢᠯᠠᠨ᠂  ᠪᠦᠬᠦ ᠵᠢᠯ ᠳᠤ ᠰᠢᠨ᠎ᠠ ᠪᠠᠷ ᠨᠡᠮᠡᠭᠳᠡᠭᠰᠡᠨ ᠳᠠᠩᠰᠠᠯᠠᠭᠤᠯᠤᠬᠰᠠᠨ ᠠᠵᠤ ᠠᠬᠤᠶᠢᠯᠠᠯ 660᠂  ᠬᠤᠪᠢ ᠶᠢᠨ ᠤᠶᠢᠯᠡᠳᠪᠤᠷᠢ ᠬᠤᠳᠠᠯᠳᠤᠭᠠᠨ ᠤ ᠡᠷᠤᠭᠡ 1120 ᠳᠤ ᠬᠦᠷᠴᠤ᠂  ᠵᠠᠬ᠎ᠠ ᠳᠡᠯᠭᠡᠬᠦᠷ ᠤᠨ ᠭᠤᠤᠯ ᠴᠤᠬᠴᠠ ᠶᠢᠨ ᠳᠠᠩᠰᠠᠯᠠᠭᠤᠯᠤᠬᠰᠠᠨ ᠪᠡᠯᠡ ᠮᠦᠩᠬᠦ ᠨᠢ 1500  ᠳ᠋ᠦᠩᠰᠢᠭᠤᠷ ᠳᠦᠬᠦᠷᠢᠭ ᠢ ᠰᠢᠪᠳᠤᠯᠪᠠ᠃  ᠠᠷᠠᠯᠵᠢᠶᠠᠴᠢᠨ ᠤᠷᠢᠵᠤ ᠪᠡᠯᠡ ᠳᠠᠳᠠᠬᠤ ᠳᠦᠷᠤᠯ ᠵᠤᠶᠢᠯ ᠨᠢ 224  ᠳᠦᠷᠤᠯ ᠵᠤᠶᠢᠯ ᠢ ᠠᠪᠴᠠᠯᠳᠤᠭᠤᠯᠤᠨ᠂  ᠨᠤᠳᠤᠬᠰᠢᠭᠤᠯᠬᠤ ᠪᠠᠷ ᠭᠡᠯᠡᠯᠴᠡᠭᠡᠷ ᠳᠤᠬᠳᠠᠬᠰᠠᠨ ᠳᠦᠷᠤᠯ ᠵᠤᠶᠢᠯ 48  ᠪᠤᠯᠪᠠ᠃       ︵ᠭᠤᠷᠪᠠ︶ ᠬᠠᠮᠢᠶᠠᠷᠤᠯᠳᠠ ᠶᠢ ᠴᠢᠬᠤᠯᠠᠴᠢᠯᠠᠨ ᠴᠢᠨᠠᠷ ᠳᠡᠰ ᠢ ᠳᠡᠭᠡᠭᠰᠢᠯᠡᠬᠦᠯᠵᠤ᠂  ᠬᠤᠳᠠ ᠶᠢᠨ ᠳᠦᠷᠬᠦ ᠪᠠᠶᠢᠳᠠᠯ ᠢ ᠦᠷᠬᠦᠯᠵᠢᠯᠡᠨ ᠰᠠᠶᠢᠵᠢᠷᠠᠭᠤᠯᠪᠠ᠃ ᠬᠤᠳᠠ ᠶᠢᠨ ᠦᠵᠡᠮᠵᠢ ᠶᠢᠨ ᠨᠤᠭᠤᠭᠠᠷᠠᠭᠤᠯᠤᠯᠳᠠ ᠶᠢ ᠴᠡᠴᠡᠷᠯᠢᠭᠵᠢᠬᠦᠯᠵᠤ ᠪᠠᠶᠢᠬᠰᠠᠨ ᠠᠴᠠ ᠴᠡᠴᠡᠷᠯᠢᠭᠵᠢᠬᠦᠯᠵᠤ ᠤᠷᠠᠯᠢᠬᠵᠢᠭᠤᠯᠬᠤ ᠵᠦᠭ ᠬᠤᠪᠢᠷᠠᠭᠤᠯᠤᠨ᠂  ᠦᠵᠡᠮᠵᠢ  ᠶᠢᠨ ᠨᠤᠭᠤᠭᠠᠷᠠᠭᠤᠯᠤᠯᠳᠠ ᠶᠢᠨ 28  ᠪᠠᠷᠢᠯᠭ᠎ᠠ ᠶᠢ ᠳᠡᠰᠵᠢᠬᠦᠯᠵᠤ᠂ 3500  ᠮᠤ᠋ ᠴᠡᠴᠡᠭ ᠳᠠᠷᠢᠨ᠂ ᠵᠠᠮ ᠤᠨ ᠬᠠᠵᠠᠭᠤ᠂  ᠴᠡᠴᠡᠷᠯᠢᠭ ᠠᠭᠤᠳᠠᠮ ᠳᠠᠯᠠᠪᠠᠢ᠂  ᠤᠷᠤᠨ ᠰᠠᠭᠤᠴᠠ ᠶᠢᠨ ᠵᠢᠵᠢᠭ ᠳᠤᠭᠤᠷᠢᠭ ᠲᠤ ︽ᠴᠡᠴᠡᠭ ᠳᠠᠷᠢᠵᠤ ᠦᠩᠭᠡ ᠪᠤᠳᠤᠭ ᠨᠡᠮᠡᠷᠢᠯᠡᠭᠰᠡᠨ︾ ᠪᠠᠶᠢᠨ᠎ᠠ᠃ ︽ᠭᠤᠷᠪᠠᠨ ᠬᠦᠨᠳᠡᠯᠡᠨ ᠵᠢᠷᠭᠤᠭᠠᠨ ᠭᠤᠯᠳᠤ︾ ᠵᠠᠪᠰᠠᠷ ᠤᠨ ᠤᠰᠤᠨ ᠬᠤᠭᠤᠯᠠᠢ ᠳᠤᠤᠷ ᠢ ᠪᠦᠬᠦ ᠱᠤᠭᠤᠮ ᠢᠶᠠᠷ ᠨᠢ ᠨᠡᠪᠳᠡᠷᠡᠬᠦᠯᠤᠨ᠂ ᠭᠤᠤᠯ ᠳᠠᠭᠠᠯᠳᠠ ᠬᠤᠭᠤᠯᠠᠢ ᠳᠤᠤᠷ ᠢ 293  ᠺᠢᠯᠤᠮᠧᠲᠷ ᠳᠡᠪᠢᠰᠴᠤ᠂  7100  ᠰᠦᠷᠴᠢᠬᠦᠷ ᠤᠬᠰᠠᠷᠠᠭᠤᠯᠤᠨ᠂  ᠵᠠᠪᠰᠠᠷ ᠤᠨ ᠤᠰᠤ ᠶᠢ 100%  ᠪᠠᠷ ᠡᠭᠡᠬᠦᠯᠤᠨ ᠠᠰᠢᠬᠯᠠᠵᠤ᠂  ᠨᠤᠭᠤᠭᠠᠷᠠᠭᠤᠯᠤᠯᠳᠠ ᠶᠢᠨ ᠤᠰᠤᠯᠠᠬᠤ ᠦᠪᠡᠷ ᠤᠨ ᠦᠷᠳᠡᠭ ᠢ 90% ᠪᠠᠷ ᠪᠠᠭᠤᠷᠠᠭᠤᠯᠪᠠ᠃  ᠬᠤᠳᠠ ᠶᠢᠨ ᠳᠤᠭᠤᠷᠢᠭ ᠤᠨ ᠬᠤᠶᠠᠳᠡᠬᠢ ᠤᠳᠠᠭ᠎ᠠ ᠶᠢᠨ ᠬᠤᠭᠤᠯᠠᠢ ᠳᠤᠤᠷ ᠢ ᠴᠡᠪᠡᠷᠯᠡᠵᠤ ᠪᠦᠭᠯᠡᠷᠡᠬᠦ ᠠᠵᠢᠯᠯᠠᠭ᠎ᠠ ᠶᠢ ᠦᠷᠨᠢᠬᠦᠯᠤᠨ᠂  ᠴᠠᠬᠢᠯᠭᠠᠨ ᠬᠠᠩᠭᠠᠬᠤ᠂  ᠤᠰᠤ ᠬᠠᠩᠭᠠᠬᠤ᠂  ᠳᠤᠯᠠᠭᠠᠯᠠᠯᠭ᠎ᠠ ᠬᠠᠩᠭᠠᠬᠤ ᠵᠢᠴᠢ ᠳᠤᠶᠢᠮᠠᠷ ᠰᠡᠷᠭᠡᠶᠢᠯᠡᠵᠤ ᠤᠨᠳᠠᠷᠠᠭᠠᠬᠤ ᠳᠦᠬᠦᠭᠡᠷᠤᠮᠵᠢ ᠶᠢ ᠵᠠᠰᠠᠨ ᠰᠡᠯᠪᠢᠵᠤ ᠬᠠᠮᠠᠭᠠᠯᠠᠨ᠂  ᠬᠤᠳᠠ  ᠶᠢᠨ ᠶᠠᠪᠤᠳᠠᠯ ᠤᠨ ᠳᠦᠬᠦᠭᠡᠷᠤᠮᠵᠢ ᠶᠢᠨ ᠡᠷᠬᠢᠯᠳᠡ ᠶᠢ ᠳᠤᠬᠳᠠᠭᠤᠨ ᠨᠠᠶᠢᠳᠠᠪᠤᠷᠢᠳᠠᠢ ᠪᠤᠯᠭᠠᠪᠠ᠃ ᠬᠤᠳᠠ ᠶᠢᠨ ᠨᠠᠷᠢᠯᠢᠬᠵᠢᠭᠤᠯᠤᠬᠰᠠᠨ ᠬᠠᠮᠢᠶᠠᠷᠤᠯᠳᠠ ᠶᠢᠨ ᠴᠢᠨᠠᠷ ᠢ ᠰᠠᠶᠢᠵᠢᠷᠠᠭᠤᠯᠤᠨ ᠦᠷ᠎ᠠ ᠪᠦᠳᠤᠮᠵᠢ ᠶᠢ ᠨᠡᠮᠡᠭᠳᠡᠬᠦᠯᠵᠤ᠂ ᠬᠤᠳᠠ ᠶᠢᠨ ᠶᠠᠪᠤᠳᠠᠯ ᠤᠨ ᠡᠷᠬᠢᠯᠳᠡ ᠶᠢᠨ ᠰᠡᠯᠪᠢᠨ ᠬᠠᠮᠠᠭᠠᠯᠠᠬᠤ ᠵᠠᠷᠤᠯᠭ᠎ᠠ ᠨᠢ  2017 ᠤᠨ ᠤ ᠬᠢ ᠠᠴᠠ 20% ᠪᠠᠷ ᠪᠠᠭᠤᠷᠠᠪᠠ᠃  12319 ᠬᠤᠳᠠ ᠶᠢᠨ ᠤᠶᠢᠯᠡᠴᠢᠯᠡᠭᠡᠨ ᠤ ᠬᠠᠯᠠᠮᠰᠢᠯ ᠤᠳᠠᠰᠤ ᠶᠢ ᠨᠡᠪᠳᠡᠷᠡᠬᠦᠯᠵᠤ᠂  ᠬᠤᠳᠠ ᠶᠢᠨ ᠬᠠᠮᠢᠶᠠᠷᠤᠯᠳᠠ ᠶᠢᠨ ᠭᠡᠷᠡᠭ ᠢ 2.3  ᠳᠦᠮᠡ ᠬᠦᠯᠢᠶᠡᠨ ᠰᠢᠢᠳᠪᠤᠷᠢᠯᠡᠵᠤ᠂  1.7  ᠳᠦᠮᠡᠨ ᠭᠡᠷᠡᠭ ᠢ  ᠬᠦᠢᠴᠡᠳᠭᠡᠵᠤ ᠳᠠᠭᠤᠰᠬᠠᠪᠠ᠃  ᠪᠦᠬᠦ ᠤᠯᠤᠰ ᠤᠨ ᠪᠤᠯᠪᠠᠰᠤᠨ ᠬᠤᠳᠠ ᠪᠠ ᠪᠦᠬᠦ ᠤᠯᠤᠰ ᠤᠨ ᠡᠷᠡᠬᠦᠯ ᠬᠠᠮᠠᠭᠠᠯᠠᠯ ᠤᠨ ᠬᠤᠳᠠ ᠶᠢ ᠡᠬᠦᠳᠤᠨ ᠪᠠᠶᠢᠭᠤᠯᠬᠤ ᠳᠠᠬᠢᠨ ᠰᠢᠯᠭᠠᠨ ᠬᠤᠷᠢᠶᠠᠯᠳᠠ ᠶᠢ ᠠᠮᠵᠢᠯᠳᠠ ᠲᠠᠢ ᠦᠩᠭᠡᠷᠡᠭᠡᠪᠡ       ︵ᠳᠦᠷᠪᠡ︶ ᠠᠷᠠᠳ ᠤᠨ ᠠᠮᠢᠳᠤᠷᠠᠯ ᠢ ᠬᠠᠷᠠᠭᠠᠯᠵᠠᠨ ᠵᠤᠯ ᠵᠢᠷᠭᠠᠯ ᠢ ᠨᠡᠮᠡᠭᠳᠡᠬᠦᠯᠵᠤ᠂  ᠨᠡᠶᠢᠭᠡᠮ ᠤᠨ ᠪᠦᠬᠦ ᠳᠠᠯ᠎ᠠ ᠶᠢᠨ ᠡᠶ᠎ᠡ ᠵᠤᠬᠢᠴᠠᠯ ᠳᠤᠬᠳᠠᠭᠤᠨ ᠢ ᠬᠠᠮᠠᠭᠠᠯᠠᠪᠠ᠃ ᠪᠦᠬᠦ ᠵᠢᠯ ᠳᠤ ᠠᠷᠠᠳ ᠤᠨ ᠠᠮᠢᠳᠤᠷᠠᠯ ᠤᠨ ᠬᠦᠷᠢᠶ᠎ᠡ ᠴᠠᠷᠠᠭ᠎ᠠ ᠳᠤ ᠨᠡᠶᠢᠳᠡ 11.2  ᠳ᠋ᠦᠩᠰᠢᠭᠤᠷ ᠳᠦᠬᠦᠷᠢᠭ ᠵᠠᠷᠤᠴᠠᠭᠤᠯᠪᠠ᠃  ᠰᠢᠨ᠎ᠠ ᠪᠠᠷ ᠨᠡᠮᠡᠭᠳᠡᠬᠦᠯᠦᠭᠰᠡᠨ ᠬᠤᠳᠠ ᠪᠠᠯᠭᠠᠰᠤᠨ ᠤ ᠠᠵᠢᠯ ᠤᠯᠤᠬᠰᠠᠨ ᠬᠦᠮᠤᠨ 1155  ᠪᠠᠶᠢᠵᠤ᠂  ᠬᠤᠳᠠ ᠪᠠᠯᠭᠠᠰᠤᠨ ᠤ ᠳᠠᠩᠰᠠᠯᠠᠭᠤᠯᠤᠬᠰᠠᠨ ᠠᠵᠢᠯ ᠠᠯᠳᠠᠬᠰᠠᠨ ᠨᠤᠷᠮ᠎ᠠ ᠶᠢ 2.69% ᠶᠢᠨ ᠳᠤᠤᠷ᠎ᠠ ᠳᠦᠪᠰᠢᠨ ᠳᠤ ᠪᠠᠶᠢᠯᠭᠠᠪᠠ᠃  ᠬᠠᠤᠯᠢ   ᠳᠤ ᠳᠤᠬᠳᠠᠭᠠᠬᠰᠠᠨ ᠬᠦᠮᠤᠰ ᠢ ᠳᠠᠭᠠᠳᠬᠠᠯ ᠳᠤ ᠤᠷᠤᠯᠴᠠᠭᠤᠯᠬᠤ ᠶᠢ ᠪᠦᠬᠦ ᠳᠠᠯ᠎ᠠ ᠪᠠᠷ ᠪᠡᠶᠡᠯᠡᠬᠦᠯᠵᠤ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠦᠨᠳᠤᠰᠤᠨ ᠨᠠᠰᠤᠵᠢᠯ ᠤᠨ ᠳᠠᠭᠠᠳᠬᠠᠯ ᠪᠠ ᠦᠨᠳᠤᠰᠤᠨ ᠡᠮ ᠡᠮᠨᠡᠯᠭᠡ ᠶᠢᠨ ᠳᠠᠭᠠᠳᠬᠠᠯ ᠳᠤ ᠤᠷᠤᠯᠴᠠᠭᠤᠯᠬᠤ ᠶᠢ ᠨᠢ ᠴᠦᠮ ᠤᠷᠤᠯᠴᠠᠭᠤᠯᠵᠤ᠂  ᠬᠤᠳᠠ ᠶᠢᠨ ᠨᠠᠭᠠᠳᠤ ᠵᠠᠬ᠎ᠠ  ᠶᠢᠨ ᠠᠮᠢᠳᠤᠷᠠᠯ ᠤᠨ ᠪᠠᠳᠤᠯᠠᠭ᠎ᠠ ᠪᠠ ᠨᠡᠶᠢᠭᠡᠮ ᠤᠨ ᠠᠪᠤᠷᠠᠨ ᠳᠤᠰᠠᠯᠠᠬᠤ ᠬᠢᠷᠢ ᠳᠦᠪᠰᠢᠨ ᠢ ᠯᠠᠪᠳᠠᠭᠤᠨ ᠢᠶᠠᠷ ᠳᠡᠭᠡᠭᠰᠢᠯᠡᠬᠦᠯᠪᠡ᠃ 2018 — 2019 ᠤᠨ ᠤ ᠳᠤᠯᠠᠭᠠᠯᠠᠯᠭ᠎ᠠ ᠬᠠᠩᠭᠠᠬᠤ ᠬᠤᠭᠤᠴᠠᠭ᠎ᠠ ᠶᠢ 20 ᠡᠳᠤᠷ ᠤᠷᠢᠳᠴᠢᠯᠠᠭᠤᠯᠤᠨ᠂  ᠪᠦᠬᠦ ᠳᠤᠭᠤᠷᠢᠭ ᠤᠨ ᠰᠠᠭᠤᠭᠠᠯᠢ ᠠᠷᠠᠳ ᠤᠨ ᠬᠠᠯᠠᠭᠤᠨ ᠳᠤᠯᠠᠭᠠᠨ ᠢᠶᠠᠷ ᠡᠪᠤᠯ ᠦᠩᠭᠡᠷᠡᠭᠡᠬᠦ ᠶᠢ ᠪᠠᠳᠤᠯᠠᠪᠠ᠃ ᠬᠢᠶ᠎ᠠ ᠪᠠᠭᠰᠢ ᠶᠢᠨ ᠨᠢᠭᠡᠳᠤᠭᠡᠷ ᠳᠤᠮᠳᠠᠳᠤ ᠰᠤᠷᠭᠠᠭᠤᠯᠢ ᠶᠢᠨ ᠵᠡᠬᠦᠨ ᠰᠤᠷᠭᠠᠭᠤᠯᠢ  ᠶᠢᠨ ᠳᠤᠭᠤᠷᠢᠭ ᠪᠠ ᠭᠤᠷᠪᠠᠳᠤᠭᠠᠷ ᠪᠠᠭ᠎ᠠ ᠰᠤᠷᠭᠠᠭᠤᠯᠢ ᠶᠢᠨ ᠰᠢᠨ᠎ᠠ ᠪᠠᠷ ᠪᠠᠶᠢᠭᠤᠯᠬᠤ ᠠᠰᠠᠷ ᠤᠨ ᠪᠠᠷᠢᠯᠭ᠎ᠠ ᠶᠢ ᠳᠠᠭᠤᠰᠬᠠᠨ ᠠᠰᠢᠬᠯᠠᠯᠳᠠ ᠳᠤ ᠤᠷᠤᠭᠤᠯᠵᠤ᠂ 9 ᠰᠤᠷᠭᠠᠭᠤᠯᠢ ᠶᠢ ᠰᠡᠯᠪᠢᠨ ᠵᠠᠰᠠᠵᠤ᠂  ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠳᠤ 2263  ᠰᠤᠷᠤᠬᠴᠢ ᠰᠢᠨ᠎ᠠ ᠪᠠᠷ ᠰᠤᠷᠭᠠᠭᠤᠯᠢ ᠳᠤ ᠤᠷᠤᠵᠤ᠂ 13.7%  ᠪᠠᠷ ᠨᠡᠮᠡᠭᠳᠡᠨ᠂  ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ  ᠳᠡᠬᠦᠰᠬᠦ ᠰᠢᠯᠭᠠᠯᠳᠠ ᠶᠢᠨ ᠬᠢᠷᠢ ᠪᠦᠳᠤᠮᠵᠢ ᠨᠢ ᠳᠠᠬᠢᠨ ᠪᠦᠬᠦ ᠬᠤᠳᠠ ᠳᠤ ᠳᠡᠷᠢᠬᠦᠯᠡᠪᠡ᠃ ᠦᠨᠳᠤᠷ ᠵᠡᠷᠭᠡ ᠶᠢᠨ ᠰᠤᠷᠭᠠᠨ ᠬᠦᠮᠤᠵᠢᠯ ᠪᠠ ᠦᠨᠳᠤᠰᠤᠳᠡᠨ ᠤ ᠰᠤᠷᠭᠠᠨ ᠬᠦᠮᠤᠵᠢᠯ ᠨᠢ ᠪᠠᠳᠤᠵᠢᠨ ᠬᠦᠭᠵᠢᠪᠡ᠃  ᠰᠠᠭᠤᠭᠠᠯᠢ ᠠᠷᠠᠳ ᠤᠨ ᠡᠯᠧᠺᠲᠷᠤᠨ ᠡᠷᠡᠬᠦᠯ ᠮᠡᠨᠳᠤ ᠶᠢᠨ ᠳᠠᠩᠰᠠ ᠡᠪᠭᠡᠮᠡᠯ ᠢ 14.8  ᠳᠦᠮᠡᠨ ᠬᠤᠪᠢ ᠪᠠᠶᠢᠭᠤᠯᠵᠤ᠂  ᠭᠡᠷ ᠪᠦᠯᠢ ᠶᠢᠨ ᠡᠮᠴᠢ ᠲᠠᠢ ᠭᠡᠯᠡᠯᠴᠡᠭᠡᠷ ᠳᠤᠬᠳᠠᠬᠰᠠᠨ ᠤᠶᠢᠯᠡᠴᠢᠯᠡᠭᠡ ᠶᠢᠨ ᠬᠠᠮᠤᠷᠤᠬᠰᠠᠨ ᠨᠤᠷᠮ᠎ᠠ ᠨᠢ  49.3% ᠳᠤ ᠬᠦᠷᠴᠤ᠂  ᠳᠤᠭᠤᠷᠢᠭ ᠤᠨ ᠡᠮ ᠡᠮᠨᠡᠯᠭᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ ᠵᠢᠯ ᠳᠤ ᠬᠦᠯᠢᠶᠡᠨ ᠡᠮᠴᠢᠯᠡᠭᠰᠡᠨ ᠬᠦᠮᠤᠨ ᠤ ᠳᠤᠭ᠎ᠠ  14.7 ᠳᠦᠮᠡ   ᠳᠤ ᠬᠦᠷᠪᠡ᠃ ᠬᠢᠳᠠᠳ ᠮᠤᠩᠭᠤᠯ ᠡᠮᠨᠡᠯᠭᠡ ᠪᠠ ᠤᠨᠴᠠᠯᠢᠬᠳᠤ ᠳᠤᠰᠬᠠᠢ ᠡᠮᠨᠡᠯᠭᠡ ᠶᠢᠨ ᠬᠦᠭᠵᠢᠯᠳᠡ ᠶᠢᠨ ᠪᠠᠶᠢᠳᠠᠯ ᠮᠠᠰᠢ ᠰᠠᠶᠢᠨ ᠪᠠᠶᠢᠨ᠎ᠠ᠃ ᠤᠯᠠᠨ ᠨᠡᠶᠢᠳᠡ ᠶᠢᠨ ᠰᠤᠶᠤᠯ ᠤᠨ ᠠᠵᠢᠯᠯᠠᠭ᠎ᠠ ᠶᠢ 410 ᠳᠠᠯᠠᠪᠠᠢ ᠡᠷᠬᠢᠯᠡᠨ ᠬᠢᠵᠤ᠂ ᠳᠤᠭᠤᠷᠢᠭ ᠤᠨ ᠰᠤᠶᠤᠯ ᠤᠨ ᠤᠷᠳᠤᠨ ᠨᠢ ᠤᠯᠤᠰ ᠤᠨ ᠬᠤᠶᠠᠳᠤᠭᠠᠷ ᠳᠡᠰ ᠤᠨ ᠰᠤᠶᠤᠯ ᠤᠨ ᠤᠷᠳᠤᠨ ᠪᠤᠯᠵᠤ᠂  ᠰᠢᠨ ᠪᠸᠢ ᠨᠡᠶᠢᠭᠡᠮ ᠳᠤᠭᠤᠷᠢᠭ ᠨᠢ ᠦᠪᠡᠷᠳᠡᠭᠡᠨ ᠵᠠᠰᠠᠬᠤ ᠤᠷᠤᠨ ᠤ ᠰᠤᠶᠤᠯ ᠤᠨ ᠳᠡᠷᠢᠬᠦᠨ ᠤ ᠨᠡᠶᠢᠭᠡᠮ ᠳᠤᠭᠤᠷᠢᠭ ᠢᠶᠠᠷ ᠦᠨᠡᠯᠡᠭᠳᠡᠨ᠂ ᠪᠦᠬᠦ ᠳᠤᠭᠤᠷᠢᠭ ᠤᠨ ᠠᠷᠠᠳ ᠳᠦᠮᠡᠨ ᠤ ᠤᠶᠤᠨ ᠰᠠᠨᠠᠭ᠎ᠠ ᠰᠤᠶᠤᠯ ᠤᠨ ᠠᠮᠢᠳᠤᠷᠠᠯ ᠨᠢ ᠡᠳᠤᠷ ᠢᠷᠡᠬᠦᠶ᠎ᠠ ᠪᠠᠶᠠᠯᠢᠬᠵᠢᠵᠤ᠂ ᠨᠡᠶᠢᠭᠡᠮ ᠵᠢᠷᠤᠮ ᠤᠨ ᠭᠤᠤᠯᠯᠠᠬᠴᠢ ᠦᠷᠳᠡᠭ ᠤᠨ ᠦᠵᠡᠯᠳᠡ ᠶᠢ ᠤᠶᠢᠯᠡᠳᠤᠯᠭᠡᠵᠢᠬᠦᠯᠬᠦ ᠭᠡᠪ ᠰᠤᠷᠳᠠᠯ ᠤᠯᠠᠮ ᠬᠦᠨ ᠵᠤᠵᠠᠭᠠᠨ ᠪᠤᠯᠪᠠ᠃  ᠬᠠᠷ᠎ᠠ ᠪᠦᠯᠦᠭᠳᠡᠨ ᠢ ᠱᠦᠬᠦᠷᠳᠡᠨ ᠬᠠᠷᠬᠢᠰ ᠬᠦᠴᠤᠨ ᠢ ᠠᠷᠢᠯᠭᠠᠬᠤ ᠳᠤᠰᠬᠠᠢ ᠳᠡᠮᠡᠴᠡᠯ ᠢ ᠬᠦᠨᠵᠡᠭᠡᠢ ᠦᠷᠨᠢᠬᠦᠯᠵᠤ᠂ ᠬᠠᠷ᠎ᠠ ᠪᠦᠯᠦᠭᠳᠡᠨ ᠬᠠᠷᠬᠢᠰ ᠬᠦᠴᠤᠨ ᠪᠠ ᠬᠠᠤᠯᠢ ᠶᠢ ᠵᠦᠷᠢᠴᠡᠭᠰᠡᠨ ᠶᠠᠯᠠᠳᠤ ᠡᠳᠡᠭᠡᠳ ᠲᠤ ᠴᠢᠩᠭ᠎ᠠ ᠴᠤᠬᠢᠯᠳᠠ ᠦᠭᠴᠤ᠂ ᠳᠦᠮᠡᠨ ᠬᠦᠮᠤᠨ ᠤ ᠳᠤᠮᠳᠠᠬᠢ ᠭᠡᠷᠡᠭ ᠭᠠᠷᠬᠤ ᠳᠤᠭ᠎ᠠ ᠨᠢ ᠪᠦᠬᠦ ᠬᠤᠳᠠ ᠳᠤ ᠬᠠᠮᠤᠭ ᠳᠤᠤᠷ᠎ᠠ ᠪᠠᠶᠢᠵᠤ᠂  ᠤᠯᠠᠨ ᠳᠦᠮᠡᠨ ᠤ ᠠᠮᠤᠷ ᠳᠦᠪᠰᠢᠨ ᠤ ᠬᠠᠨᠤᠮᠵᠢ ᠶᠢᠨ ᠭᠡᠮᠵᠢᠶ᠎ᠠ ᠳᠠᠰᠤᠷᠠᠯᠳᠠ ᠦᠭᠡᠢ ᠳᠡᠭᠡᠭᠰᠢᠯᠡᠪᠡ᠃ ᠠᠶᠤᠯᠬᠦᠢ ᠶᠢᠨ ᠤᠶᠢᠯᠡᠳᠪᠤᠷᠢᠯᠡᠯ᠂  ᠵᠠᠮ ᠬᠠᠷᠢᠯᠴᠠᠭᠠᠨ ᠤ ᠠᠮᠤᠷ ᠳᠦᠪᠰᠢᠨ᠂ ᠳᠤᠶᠢᠮᠠᠷ ᠰᠡᠷᠭᠡᠶᠢᠯᠡᠵᠤ ᠤᠨᠳᠠᠷᠠᠭᠠᠬᠤ ᠠᠮᠤᠷ ᠳᠦᠪᠰᠢᠨ ᠪᠠ ᠢᠳᠡᠭᠡᠨ ᠡᠮ ᠤᠨ ᠵᠤᠶᠢᠯ ᠤᠨ ᠠᠮᠤᠷ ᠳᠦᠪᠰᠢᠨ ᠤ ᠪᠠᠶᠢᠳᠠᠯ ᠳᠤᠬᠳᠠᠭᠤᠨ ᠪᠤᠯᠪᠠ᠃  ︽ᠹᠧᠩ ᠴᠢᠶᠤᠤ ᠶᠢᠨ ᠳᠤᠷᠰᠢᠯᠭ᠎ᠠ︾ ᠪᠠᠷ ᠳᠤᠯᠢᠳᠠᠭᠤᠯᠤᠨ ᠨᠡᠶᠢᠭᠡᠮ ᠤᠨ ᠵᠦᠷᠢᠴᠡᠯ ᠵᠢᠭᠤᠷᠠᠯᠳᠤᠭᠠᠨ ᠢ ᠡᠶᠡᠳᠡᠬᠦᠯᠵᠤ᠂ ᠬᠤᠳᠠ ᠳᠤᠭᠤᠷᠢᠭ ᠬᠤᠶᠠᠷ ᠱᠠᠳᠤ ᠬᠤᠯᠪᠤᠭᠠᠯᠠᠨ ᠪᠠᠶᠢᠭᠤᠯᠵᠤ ᠬᠠᠮᠳᠤᠪᠠᠷ ᠬᠠᠮᠢᠶᠠᠷᠤᠬᠰᠠᠨ ᠶᠡᠷᠦᠩᠭᠡᠶᠢᠯᠡᠨ ᠵᠠᠰᠠᠬᠤ ᠳᠦᠪ ᠢ ᠪᠠᠶᠢᠭᠤᠯᠵᠤ ᠠᠰᠢᠬᠯᠠᠯᠳᠠ  ᠳᠤ ᠤᠷᠤᠭᠤᠯᠤᠨ᠂ ᠵᠦᠷᠢᠴᠡᠯ ᠵᠢᠭᠤᠷᠠᠯᠳᠤᠭᠠᠨ ᠢ ᠴᠠᠭ ᠳᠠᠷᠤᠢ ᠳᠤᠨᠢ ᠡᠶᠡᠳᠡᠬᠦᠯᠤᠨ ᠰᠢᠢᠳᠪᠤᠷᠢᠯᠡᠬᠦ ᠶᠢ ᠠᠬᠢᠭᠤᠯᠵᠤ ᠂ ᠬᠤᠳᠠ ᠶᠢᠨ ᠳᠦᠪ ᠤᠨ ᠰᠠᠭᠤᠭ᠎ᠠ ᠭᠠᠵᠠᠷ ᠤᠨ ᠤᠯᠤᠰ ᠳᠦᠷᠦ ᠶᠢᠨ ᠠᠮᠤᠷ ᠳᠦᠪᠰᠢᠨ ᠢ ᠬᠦᠴᠤᠳᠡᠢ ᠪᠠᠳᠤᠯᠠᠪᠠ ᠃  ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠬᠠᠤᠯᠢ ᠶᠤᠰᠤᠭᠠᠷ ᠰᠠᠶᠢᠳᠤᠷ ᠬᠢᠵᠤ᠂ ᠦᠪᠡᠷᠳᠡᠭᠡᠨ ᠵᠠᠰᠠᠬᠤ ᠤᠷᠤᠨ  ᠳᠤ ᠴᠤᠷ ᠤᠨ ᠭᠠᠭᠴᠠ ᠪᠦᠬᠦ ᠤᠯᠤᠰ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠳᠤ ︽ᠭᠤᠷᠪᠠ ᠦᠭᠡᠢ︾ ᠰᠢᠶᠠᠨ ᠤ ᠳᠤᠭᠤᠷᠢᠭ ᠪᠤᠯᠪᠠ᠃ ᠢᠳᠡᠭᠡᠨ ᠤ ᠵᠤᠶᠢᠯ ᠡᠮ ᠤᠨ ᠵᠤᠶᠢᠯ ᠤᠨ ᠠᠮᠤᠷ ᠳᠦᠪᠰᠢᠨ ᠢ ᠬᠢᠨᠠᠨ ᠬᠠᠮᠢᠶᠠᠷᠬᠤ  ᠨᠢ ᠦᠷᠬᠦᠯᠵᠢᠯᠡᠨ ᠴᠢᠩᠭᠠᠷᠠᠵᠤ᠂  ᠠᠶᠤᠯᠬᠦᠢ ᠤᠶᠢᠯᠡᠳᠪᠤᠷᠢᠯᠡᠯ ᠤᠨ ᠪᠠᠶᠢᠳᠠᠯ ᠶᠡᠷᠦᠩᠭᠡᠢ ᠳᠡᠭᠡᠨ ᠳᠤᠬᠳᠠᠭᠤᠨ ᠪᠤᠯᠪᠠ᠃  ᠡᠬᠦᠨ ᠤ ᠬᠠᠮᠳᠤ ᠠᠵᠢᠯᠴᠢᠨ ᠤ ᠡᠪᠯᠡᠯ᠂  ᠡᠪ ᠬᠠᠮᠳᠤ ᠵᠠᠯᠠᠭᠤᠴᠤᠳ ᠤᠨ ᠡᠪᠯᠡᠯ᠂  ᠡᠮᠡᠭᠳᠡᠶᠢᠴᠤᠳ  ᠤᠨ ᠬᠤᠯᠪᠤᠭᠠᠳᠤ ᠬᠤᠷᠠᠯ᠂  ᠵᠡᠮᠳᠡᠭᠴᠤᠳ ᠤᠨ ᠬᠤᠯᠪᠤᠭᠠᠳᠤ ᠬᠤᠷᠠᠯ᠂  ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂  ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂  ᠬᠤᠶᠢᠴᠢ ᠦᠶ᠎ᠠ ᠶᠢᠨ ᠬᠢᠨ ᠢ ᠬᠠᠯᠠᠮᠵᠢᠯᠠᠬᠤ ᠠᠵᠢᠯ ᠤᠨ ᠵᠦᠪᠯᠡᠯ᠂ ᠨᠠᠰᠤᠳᠠᠶᠢᠴᠤᠳ ᠤᠨ ᠠᠵᠢᠯ ᠤᠨ ᠵᠦᠪᠯᠡᠯ ᠵᠡᠷᠭᠡ ᠠᠵᠢᠯ ᠳᠡᠭᠡᠷ᠎ᠠ ᠪᠠᠨ ᠰᠢᠨ᠎ᠠ ᠠᠬᠢᠴᠠ ᠲᠠᠢ ᠪᠤᠯᠵᠤ᠂  ᠦᠨᠳᠤᠰᠤᠳᠡᠨ ᠱᠠᠰᠢᠨ ᠰᠤᠷᠳᠠᠬᠤᠨ ᠤ ᠭᠡᠷᠡᠭ ᠡᠷᠬᠢᠯᠡᠬᠦ ᠳᠤᠪᠴᠢᠶ᠎ᠠ᠂  ᠤᠯᠤᠰ ᠤᠨ ᠪᠠᠳᠤᠯᠠᠨ ᠬᠠᠮᠠᠭᠠᠯᠠᠯᠳᠠ ᠶᠢᠨ ᠳᠠᠶᠢᠴᠢᠯᠠᠯᠳᠠ᠂  ᠠᠷᠠᠳ ᠤᠨ ᠠᠭᠠᠷ ᠤᠨ ᠰᠡᠷᠭᠡᠶᠢᠯᠡᠯᠳᠡ᠂  ᠳᠡᠤᠭᠡ ᠰᠤᠳᠤᠷ ᠤᠨ ᠳᠠᠩᠰᠠ ᠡᠪᠭᠡᠮᠡᠯ᠂  ᠳᠤᠭ᠎ᠠ ᠪᠦᠷᠢᠳᠭᠡᠯ ᠴᠠᠭ ᠠᠭᠤᠷ ᠠᠮᠢᠰᠬᠤᠯ ᠵᠡᠷᠭᠡ ᠠᠵᠢᠯ ᠳᠡᠭᠡᠷ᠎ᠠ ᠪᠠᠨ ᠴᠤ ᠰᠢᠨ᠎ᠠ ᠠᠮᠵᠢᠯᠳᠠ ᠶᠢ ᠤᠯᠤᠬᠰᠠᠨ ᠪᠠᠶᠢᠨ᠎ᠠ᠃       ︵ᠳᠠᠪᠤ︶ ᠰᠤᠷᠳᠠᠯ ᠢ ᠬᠤᠪᠢᠷᠠᠭᠤᠯᠵᠤ ᠨᠠᠶᠢᠳᠠᠪᠤᠷᠢᠵᠢᠭᠤᠯᠤᠯᠳᠠ ᠶᠢ ᠠᠳᠬᠤᠨ᠂  ᠵᠠᠰᠠᠭ ᠤᠨ ᠤᠷᠳᠤᠨ ᠤ ᠳᠤᠰ ᠪᠡᠶ᠎ᠡ ᠶᠢᠨ ᠪᠠᠶᠢᠭᠤᠯᠤᠯᠳᠠ ᠶᠢ ᠳᠠᠰᠤᠷᠠᠯᠳᠠ ᠦᠭᠡᠢ ᠴᠢᠩᠭᠠᠳᠬᠠᠪᠠ᠃ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠠᠷᠪᠠ ᠶᠢᠰᠤᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠳᠤᠤᠱᠯᠠᠭᠤᠯᠵᠤ᠂ ︽ᠬᠤᠶᠠᠷ ᠢ ᠰᠤᠷᠤᠯᠴᠠᠵᠤ ᠬᠢᠷᠢ ᠳᠡᠩᠴᠡᠭᠰᠡᠨ ᠨᠠᠮ ᠤᠨ ᠭᠡᠰᠢᠬᠦᠨ ᠪᠤᠯᠬᠤ︾ ᠰᠤᠷᠤᠯᠴᠠᠯᠭ᠎ᠠ ᠬᠦᠮᠤᠵᠢᠯ ᠢ ᠪᠠᠶᠢᠩᠭᠤᠵᠢᠭᠤᠯᠤᠨ ᠳᠦᠷᠢᠮᠵᠢᠬᠦᠯᠬᠦ ᠠᠵᠢᠯᠯᠠᠭ᠎ᠠ ᠶᠢ ᠯᠠᠪᠳᠠᠭᠤᠨ ᠪᠠᠳᠤᠳᠠᠢ ᠠᠬᠢᠭᠤᠯᠤᠨ᠂ ︽ᠳᠦᠷᠪᠡᠨ ᠤᠬᠠᠮᠰᠠᠷ︾ ᠢ ᠪᠠᠳᠤ ᠪᠠᠬᠢ ᠪᠤᠢ ᠪᠤᠯᠭᠠᠵᠤ᠂  ︽ᠳᠦᠷᠪᠡᠨ ᠢᠳᠡᠭᠡᠯ︾ ᠢ ᠪᠠᠳᠤᠳᠬᠠᠨ᠂  ︽ᠬᠤᠶᠠᠷ ᠢ ᠬᠠᠮᠠᠭᠠᠯᠠᠬᠤ︾ ᠶᠢ ᠤᠶᠢᠯᠡᠳᠤᠯᠭᠡᠵᠢᠬᠦᠯᠵᠤ᠂  ᠳᠦᠪ᠂  ᠦᠪᠡᠷᠳᠡᠭᠡᠨ ᠵᠠᠰᠠᠬᠤ ᠤᠷᠤᠨ᠂  ᠬᠤᠳᠠ ᠪᠠ ᠳᠤᠭᠤᠷᠢᠭ ᠤᠨ ᠨᠠᠮ ᠤᠨ ᠬᠤᠷᠢᠶᠠᠨ ᠤ ᠡᠯ᠎ᠡ ᠳᠦᠷᠤᠯ ᠤᠨ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠳᠡᠷᠡ ᠭᠡᠪ ᠢᠶᠠᠷ ᠨᠢ ᠳᠤᠤᠱᠯᠠᠭᠤᠯᠤᠨ ᠨᠠᠶᠢᠳᠠᠪᠤᠷᠢᠵᠢᠭᠤᠯᠪᠠ᠃ ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠪᠦᠬᠦ ᠳᠠᠯ᠎ᠠ ᠪᠠᠷ ᠠᠬᠢᠭᠤᠯᠤᠨ ᠂  ᠳᠤᠭᠤᠷᠢᠭ ᠤᠨ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠬᠢᠨᠠᠯᠳᠠ ᠪᠠ ᠠᠵᠢᠯ ᠤᠨ ᠬᠢᠨᠠᠯᠳᠠ ᠶᠢ ᠰᠠᠨᠠᠭᠠᠴᠢᠯᠠᠭ᠎ᠠ ᠲᠠᠢ ᠪᠠᠷ ᠬᠦᠯᠢᠶᠡᠨ ᠠᠪᠴᠤ᠂  ᠳᠤᠭᠤᠷᠢᠭ  ᠤᠨ ᠤᠯᠤᠰ ᠳᠦᠷᠦ ᠶᠢᠨ ᠵᠦᠪᠯᠡᠯᠭᠡᠨ ᠤ ᠠᠷᠠᠳᠴᠢᠯᠠᠯᠳᠤ ᠬᠢᠨᠠᠯᠳᠠ ᠪᠠ ᠨᠡᠶᠢᠭᠡᠮ ᠤᠨ ᠶᠠᠷᠢᠶ᠎ᠠ ᠭᠡᠯᠡᠯᠴᠡᠭᠡᠨ ᠤ ᠬᠢᠨᠠᠯᠳᠠ ᠶᠢ ᠤᠬᠠᠮᠰᠠᠷ ᠠᠴᠠ ᠪᠠᠨ ᠬᠦᠯᠢᠶᠡᠨ ᠠᠪᠴᠤ᠂  ᠠᠷᠠᠳ ᠤᠨ ᠳᠦᠯᠦᠭᠡᠯᠡᠭᠴᠢᠳ ᠤᠨ ᠰᠠᠨᠠᠭᠤᠯᠭ᠎ᠠ ᠶᠢ 102᠂  ᠤᠯᠤᠰ ᠳᠦᠷᠦ ᠶᠢᠨ ᠵᠦᠪᠯᠡᠯᠭᠡᠨ ᠤ ᠭᠡᠰᠢᠬᠦᠳ ᠤᠨ ᠰᠠᠨᠠᠯ ᠳᠤᠷᠠᠳᠤᠯᠭ᠎ᠠ ᠶᠢ 93 ᠬᠦᠢᠴᠡᠳᠭᠡᠨ᠂  ᠬᠤᠳᠠ ᠶᠢᠨ ᠳᠠᠷᠤᠭ᠎ᠠ ᠶᠢᠨ ᠬᠠᠯᠠᠮᠰᠢᠯ ᠤᠳᠠᠰᠤ ᠪᠠ ᠳᠤᠭᠤᠷᠢᠭ ᠤᠨ ᠳᠠᠷᠤᠭ᠎ᠠ ᠶᠢᠨ ᠵᠠᠬᠢᠳᠠᠯ ᠤᠨ ᠬᠠᠶᠢᠷᠴᠠᠭ ᠢᠶᠠᠷ ᠤᠯᠠᠨ ᠳᠦᠮᠡᠨ ᠤ ᠢᠷᠡᠬᠦᠯᠦᠭᠰᠡᠨ ᠤᠳᠠᠰᠤ ᠵᠠᠬᠢᠳᠠᠯ ᠢ  2505 ᠬᠦᠯᠢᠶᠡᠨ ᠠᠪᠴᠤ᠂ ᠬᠦᠢᠴᠡᠳᠭᠡᠭᠰᠡᠨ ᠨᠤᠷᠮ᠎ᠠ  ᠨᠢ 100% ᠳᠤ ᠬᠦᠷᠪᠡ᠃ ︽ᠭᠤᠷᠪᠠᠨ ᠴᠢᠬᠤᠯᠠ ᠨᠢᠭᠡ ᠳᠤᠮᠤ︾ ᠶᠢᠨ ᠬᠠᠮᠳᠤ ᠪᠠᠷ ᠢᠶᠠᠨ ᠰᠢᠢᠳᠪᠤᠷᠢᠳᠤ ᠪᠤᠳᠤᠯᠭ᠎ᠠ ᠳᠤᠬᠳᠠᠭᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂  ᠵᠠᠰᠠᠭ ᠤᠨ ᠤᠷᠳᠤᠨ ᠤ ᠨᠠᠮ ᠤᠨ ᠳᠤᠭᠤᠶᠢᠯᠠᠩ ᠤᠨ ᠬᠤᠷᠠᠯ ᠪᠠ ᠪᠠᠶᠢᠩᠭᠤ ᠶᠢᠨ ᠶᠠᠪᠤᠳᠠᠯ ᠤᠨ ᠬᠤᠷᠠᠯ ᠤᠨ ᠠᠵᠢᠯ ᠤᠨ ᠳᠤᠬᠳᠠᠴᠠ ᠶᠢ ᠪᠦᠷᠢᠨᠰᠢᠬᠦᠯᠤᠨ ᠳᠡᠬᠦᠯᠳᠡᠷᠵᠢᠬᠦᠯᠪᠡ᠃ ᠵᠠᠰᠠᠭ ᠤᠨ ᠤᠷᠳᠤᠨ ᠤ ᠰᠢᠰᠲ᠋ᠧᠮ ᠤᠨ ᠪᠦᠬᠦ ᠳᠠᠯ᠎ᠠ ᠪᠠᠷ ᠨᠠᠮ ᠢ ᠴᠢᠩᠭ᠎ᠠ ᠵᠠᠰᠠᠬᠤ ᠶᠢ ᠦᠷᠬᠦᠯᠵᠢᠯᠡᠨ ᠬᠦᠭᠵᠢᠬᠦᠯᠵᠤ᠂ ᠨᠠᠮ ᠤᠨ ᠰᠤᠷᠳᠠᠯ ᠠᠷᠢᠭᠤᠨ ᠴᠢᠭᠡᠴᠢ ᠪᠠᠷ ᠵᠠᠰᠠᠭ ᠪᠠᠷᠢᠬᠤ ᠭᠤᠤᠯ ᠴᠤᠬᠴᠠ ᠶᠢᠨ ᠬᠠᠷᠢᠭᠤᠴᠠᠯᠭ᠎ᠠ ᠶᠢ ᠦᠨᠡᠨ ᠬᠦ ᠬᠦᠢᠴᠡᠳᠭᠡᠨ᠂  ᠤᠯᠤᠰ ᠳᠦᠷᠦ ᠶᠢᠨ ᠰᠠᠬᠢᠯᠭ᠎ᠠ ᠪᠠᠳᠤ ᠪᠠ ᠤᠯᠤᠰ ᠳᠦᠷᠦ ᠶᠢᠨ ᠶᠤᠰᠤ ᠳᠦᠷᠢᠮ ᠢ ᠴᠢᠩᠭ᠎ᠠ ᠰᠠᠬᠢᠵᠤ᠂  ᠢᠯᠵᠠᠷᠠᠯ ᠢ ᠡᠰᠡᠷᠬᠦᠴᠡᠵᠤ ᠠᠷᠢᠭᠤᠨ ᠴᠢᠭᠡᠴᠢ ᠶᠢ ᠡᠷᠬᠢᠮᠯᠡᠬᠦ ᠦᠵᠡᠯ ᠰᠠᠨᠠᠭᠠᠨ ᠤ ᠰᠡᠷᠭᠡᠶᠢᠯᠡᠯᠳᠡ ᠶᠢᠨ ᠱᠤᠭᠤᠮ ᠢ ᠪᠠᠳᠤᠳᠬᠠᠵᠤ᠂ ᠳᠦᠪ ᠴᠢᠭᠡᠴᠢ ᠤᠬᠢ ᠰᠠᠶᠢᠨ ᠤᠯᠤᠰ ᠳᠦᠷᠦ  ᠶᠢᠨ ᠤᠷᠴᠢᠨ ᠠᠬᠤᠢ ᠶᠢ ᠪᠦᠷᠢᠯᠳᠦᠬᠦᠯᠪᠡ᠃       ᠳᠦᠯᠦᠭᠡᠯᠡᠭᠴᠢᠳ ᠡ︕ ᠬᠦᠴᠢᠷ ᠪᠡᠷᠭᠡᠰᠢᠶᠠᠯ ᠢ ᠳᠤᠭᠤᠯᠤᠮᠠᠨᠵᠢᠨ ᠰᠠᠢᠢ ᠠᠮᠵᠢᠯᠳᠠ ᠪᠦᠳᠤᠮᠵᠢ ᠶᠢ ᠤᠯᠵᠤ ᠴᠢᠳᠠᠨ᠎ᠠ᠃  ᠦᠩᠭᠡᠷᠡᠭᠰᠡᠨ ᠨᠢᠭᠡ ᠵᠢᠯ ᠳᠤ᠂  ᠪᠢᠳᠠ ᠬᠦᠭᠵᠢᠯᠳᠡ ᠶᠢ ᠡᠷᠢᠯᠬᠢᠯᠡᠬᠦ ᠪᠠ ᠦᠷᠢ ᠰᠢᠷᠢ ᠶᠢ ᠨᠠᠮᠳᠠᠭᠤᠯᠬᠤ ᠬᠤᠤᠰ ᠰᠢᠯᠭᠠᠯᠳᠠ ᠶᠢ ᠦᠩᠭᠡᠷᠡᠭᠡᠨ᠂ ᠠᠵᠤ ᠠᠬᠤᠢ ᠮᠠᠭᠤᠳᠠᠬᠰᠠᠨ ᠳᠠᠷᠤᠭᠠᠰᠤ ᠵᠢᠱᠢᠭᠰᠡᠨ ᠪᠠᠶᠢᠳᠠᠯ  ᠠᠴᠠ ᠳᠠᠪᠠᠵᠤ᠂  ᠦᠷᠢ ᠰᠢᠷᠢ ᠶᠢ ᠨᠠᠮᠳᠠᠭᠤᠯᠬᠤ ᠬᠦᠴᠢᠷᠳᠡᠯ ᠪᠤᠳᠤᠬᠰᠠᠨ ᠠᠴᠠ ᠭᠠᠳᠠᠭᠤᠷ ᠪᠡᠷᠭᠡ ᠬᠠᠳᠠᠭᠤᠵᠢᠯᠳᠠᠢ ᠪᠤᠯᠪᠠ᠃ ᠳᠤᠬᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠪᠠᠭᠤᠷᠠᠬᠰᠠᠨ ᠪᠠᠶᠢᠳᠠᠯ   ᠳᠤ ᠴᠢᠭᠯᠡᠬᠦᠯᠤᠨ᠂ ᠪᠢᠳᠠ ᠬᠦᠴᠤᠨ ᠢᠶᠠᠨ ᠳᠦᠪᠯᠡᠷᠡᠬᠦᠯᠤᠨ ᠳᠦᠷᠤᠯ ᠵᠤᠶᠢᠯ ᠢ ᠠᠳᠬᠤᠨ ᠪᠡᠯᠡ ᠤᠷᠤᠭᠤᠯᠤᠯᠳᠠ ᠶᠢ ᠤᠷᠤᠭᠤᠯᠤᠨ ᠠᠪᠴᠢᠷᠠᠵᠤ ᠂ ᠪᠦᠬᠦ ᠵᠢᠯ ᠳᠤ ᠪᠠᠷᠢᠯᠭ᠎ᠠ ᠡᠬᠢᠯᠡᠬᠦᠯᠵᠤ ᠨᠤᠳᠤᠬᠰᠢᠬᠰᠠᠨ ᠭᠤᠤᠯᠳᠠᠯᠭ᠎ᠠ ᠲᠠᠢ ᠳᠦᠷᠤᠯ ᠵᠤᠶᠢᠯ 44 ᠪᠤᠯᠵᠤ᠂ ᠳᠡᠷᠡᠴᠢᠯᠡᠨ 2019 ᠤᠨ ᠳᠤ ᠨᠢᠭᠡ ᠪᠦᠯᠦᠭ ᠰᠢᠯᠢᠳᠡᠭ ᠳᠦᠷᠤᠯ ᠵᠤᠶᠢᠯ ᠢ ᠨᠦᠭᠡᠴᠡᠯᠡᠪᠡ᠃ ᠡᠳ᠋ ᠤᠨ ᠵᠠᠰᠠᠭ ᠤᠨ ᠣᠷᠤᠯᠭ᠎ᠠ ᠵᠠᠷᠤᠯᠭ᠎ᠠ ᠶᠢᠨ ᠵᠦᠷᠢᠴᠡᠯ ᠳᠤ ᠴᠢᠭᠯᠡᠬᠦᠯᠤᠨ᠂ ᠪᠢᠳᠠ ᠵᠤᠬᠢᠴᠠᠭᠤᠯᠵᠤ ᠪᠠᠶᠢᠭᠠᠳ ᠳᠡᠭᠡᠳᠤ ᠱᠠᠳᠤᠨ ᠤ ᠳᠤᠰᠬᠠᠢ ᠳᠦᠷᠤᠯ ᠤᠨ ᠪᠡᠯᠡ ᠮᠦᠩᠬᠦ ᠶᠢ 7.8 ᠳ᠋ᠦᠩᠰᠢᠭᠤᠷ ᠳᠦᠬᠦᠷᠢᠭ ᠢ ᠬᠤᠪᠢᠳᠠᠨ ᠤᠯᠵᠤ᠂ ᠡᠯ᠎ᠠ ᠳᠠᠯ᠎ᠠ ᠶᠢᠨ ᠵᠠᠷᠤᠯᠭ᠎ᠠ ᠪᠠ ᠵᠠᠰᠠᠭ ᠤᠨ ᠣᠷᠳᠤᠨ ᠤ ᠦᠷᠢ ᠰᠢᠷᠢ ᠶᠢ ᠨᠠᠮᠳᠠᠭᠤᠯᠬᠤ ᠶᠢ ᠬᠦᠴᠤᠳᠡᠢ ᠪᠠᠳᠤᠯᠠᠵᠤ᠂ ᠬᠢᠵᠠᠭᠠᠷ ᠲᠠᠢ ᠡᠳ᠋ ᠤᠨ ᠬᠦᠴᠤᠨ ᠳᠤ ᠳᠦᠰᠢᠭᠯᠡᠨ ᠨᠡᠩ ᠶᠡᠭᠡ ᠬᠦᠭᠵᠢᠯᠳᠡ ᠶᠢ ᠪᠡᠶᠡᠯᠡᠬᠦᠯᠪᠡ᠃ ᠠᠵᠤ ᠠᠬᠤᠢ ᠶᠢᠨ ᠨᠡᠮᠡᠭᠳᠡᠯ ᠤᠨ ᠳᠠᠷᠤᠭᠠᠰᠤ ᠶᠡᠭᠡ ᠪᠠᠶᠢᠭ᠎ᠠ ᠪᠠᠶᠢᠳᠠᠯ ᠳᠤ ᠴᠢᠭᠯᠡᠬᠦᠯᠤᠨ᠂  ᠪᠢᠳᠠ ᠠᠵᠤ ᠠᠬᠤᠢ ᠶᠢᠨ ᠡᠷᠬᠢᠯᠳᠡ ᠶᠢ ᠳᠤᠬᠢᠷᠠᠭᠤᠯᠬᠤ  ᠶᠢ ᠦᠷᠬᠦᠯᠵᠢᠯᠡᠨ ᠴᠢᠩᠭᠠᠳᠬᠠᠨ᠂ ᠬᠢᠶ᠎ᠠ ᠪᠠᠭᠰᠢ ᠶᠢᠨ ᠬᠦᠭᠵᠢᠯᠳᠡ ᠶᠢᠨ ᠬᠤᠷᠳᠤᠴᠠ ᠶᠢ ᠮᠠᠨ ᠤ ᠬᠤᠳᠠ ᠶᠢᠨ ᠪᠤᠰᠤᠳ ᠬᠤᠰᠢᠭᠤ ᠳᠤᠭᠤᠷᠢᠭ ᠲᠠᠢ ᠮᠦᠷᠦ ᠵᠡᠷᠭᠡᠴᠡᠨ ᠳᠠᠪᠠᠵᠤ ᠭᠠᠷᠬᠤ ᠶᠢ ᠪᠡᠶᠡᠯᠡᠬᠦᠯᠵᠤ᠂ ᠤᠯᠠᠨ ᠨᠡᠶᠢᠳᠡ ᠶᠢᠨ ᠡᠳ᠋ ᠤᠨ ᠵᠠᠰᠠᠭ ᠤᠨ ᠳᠦᠰᠤᠪ ᠤᠨ ᠣᠷᠤᠯᠭ᠎ᠠ ᠨᠢ ᠦᠪᠡᠷᠳᠡᠭᠡᠨ ᠵᠠᠰᠠᠬᠤ ᠤᠷᠤᠨ ᠤ 103  ᠬᠤᠰᠢᠭᠤ ᠰᠢᠶᠠᠨ ᠳᠤᠭᠤᠷᠢᠭ ᠤᠨ 43 ᠳ᠋ᠤᠭᠠᠷ ᠲᠤ ᠵᠢᠬᠰᠠᠭᠠᠬᠳᠠᠪᠠ᠃  ᠡᠨᠡ ᠨᠢᠭᠡ ᠵᠢᠯ ᠤᠨ ᠦᠩᠭᠡᠷᠡᠯᠳᠡ ᠨᠢ ᠪᠢᠳᠠᠨ ᠳᠤ ᠴᠢᠷᠮᠠᠶᠢᠯᠭ᠎ᠠ ᠬᠦᠮᠤᠨ ᠢ ᠭᠤᠮᠤᠳᠠᠭᠠᠬᠤ ᠦᠭᠡᠢ᠂ ᠠᠷᠭ᠎ᠠ ᠤᠬᠠᠭᠠᠨ ᠨᠢ ᠯᠠᠪ ᠬᠦᠴᠢᠷᠳᠡᠯ ᠠᠴᠠ ᠨᠢ ᠤᠯᠠᠨ ᠪᠠᠶᠢᠵᠤ᠂ ᠪᠦᠬᠦ ᠳᠤᠭᠤᠷᠢᠭ ᠢᠶᠠᠷ ᠢᠶᠠᠨ ᠭᠡᠢ ᠬᠤᠭᠤᠰᠤᠨ ᠰᠠᠨᠠᠬᠤ ᠦᠭᠡᠢ ᠪᠤᠳᠠᠳᠠᠢ ᠠᠵᠢᠯᠯᠠᠳᠠᠭ ᠯᠠ ᠶᠤᠮ ᠪᠤᠯ  ᠳᠤᠭᠤᠯᠵᠤ ᠳᠡᠶᠢᠯᠬᠦ ᠦᠭᠡᠢ ᠬᠦᠴᠢᠷ ᠭᠡᠮᠡᠨ ᠪᠠᠶᠢᠬᠤ ᠦᠭᠡᠢ᠂  ᠪᠦᠳᠤᠭᠡᠵᠤ ᠳᠡᠶᠢᠯᠬᠦ ᠦᠭᠡᠢ ᠤᠶᠢᠯᠡᠰ ᠭᠡᠮᠡᠨ ᠪᠠᠶᠢᠬᠤ ᠦᠭᠡᠢ  ᠶᠢ ᠪᠠᠳᠤ ᠢᠳᠡᠭᠡᠬᠦᠯᠦᠭᠰᠡᠨ ᠪᠠᠶᠢᠨ᠎ᠠ᠃       ᠡᠳᠡᠭᠡᠷ ᠠᠮᠵᠢᠯᠳᠠ ᠪᠦᠳᠤᠮᠵᠢ ᠶᠢ ᠤᠯᠤᠬᠰᠠᠨ ᠨᠢ ᠬᠤᠳᠠ ᠶᠢᠨ ᠨᠠᠮ ᠤᠨ ᠬᠤᠷᠢᠶ᠎ᠠ᠂  ᠬᠤᠳᠠ ᠶᠢᠨ ᠵᠠᠰᠠᠭ ᠤᠨ ᠤᠷᠳᠤᠨ ᠪᠠ ᠳᠤᠭᠤᠷᠢᠭ ᠤᠨ ᠨᠠᠮ ᠤᠨ ᠬᠤᠷᠢᠶᠠᠨ ᠤ ᠵᠦᠪ ᠤᠨᠤᠪᠴᠢᠳᠠᠢ ᠤᠳᠤᠷᠢᠳᠤᠯᠭ᠎ᠠ ᠠᠴᠠ  ᠰᠠᠯᠵᠤ ᠴᠢᠳᠠᠬᠤ ᠦᠭᠡᠢ ᠶᠤᠮ᠂  ᠳᠤᠭᠤᠷᠢᠭ ᠤᠨ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ᠂  ᠳᠤᠭᠤᠷᠢᠭ  ᠤᠨ ᠤᠯᠤᠰ ᠳᠦᠷᠦ ᠶᠢᠨ ᠵᠦᠪᠯᠡᠯᠭᠡᠨ ᠤ ᠬᠢᠨᠠᠯᠳᠠ ᠳᠡᠮᠵᠢᠯᠭᠡ ᠠᠴᠠ ᠰᠠᠯᠵᠤ ᠴᠢᠳᠠᠬᠤ ᠦᠭᠡᠢ ᠶᠤᠮ᠂  ᠪᠦᠬᠦ ᠳᠤᠭᠤᠷᠢᠭ ᠤᠨ ᠠᠷᠠᠳ ᠳᠦᠮᠡᠨ ᠤ ᠬᠠᠮᠳᠤ ᠶᠢᠨ ᠴᠢᠷᠮᠠᠶᠢᠯᠭ᠎ᠠ ᠠᠴᠠ  ᠰᠠᠯᠵᠤ ᠴᠢᠳᠠᠬᠤ ᠦᠭᠡᠢ ᠶᠤᠮ᠃ ᠠᠳᠡ ᠪᠢ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠢ ᠳᠦᠯᠦᠭᠡᠯᠡᠨ᠂ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠪᠦᠬᠦ ᠳᠦᠯᠦᠭᠡᠯᠡᠭᠴᠢ ᠪᠠ ᠤᠯᠤᠰ ᠳᠦᠷᠦ ᠶᠢᠨ ᠵᠦᠪᠯᠡᠯᠭᠡᠨ ᠤ ᠭᠡᠰᠢᠬᠦᠳ ᠲᠤ᠂  ᠡᠯ᠎ᠠ ᠠᠷᠠᠳᠴᠢᠯᠠᠬᠰᠠᠨ ᠨᠠᠮ ᠪᠦᠯᠦᠭ ᠤᠨ ᠬᠢᠨ᠂  ᠨᠠᠮ ᠪᠦᠯᠦᠭ ᠤᠨ ᠪᠤᠰᠤ ᠬᠦᠮᠤᠰ ᠪᠠ ᠠᠷᠠᠳ ᠤᠨ ᠪᠦᠯᠬᠦᠮ ᠳᠤ᠂  ᠳᠤᠭᠤᠷᠢᠭ ᠲᠤ ᠰᠠᠭᠤᠭ᠎ᠠ ᠴᠢᠯᠦᠭᠡᠯᠡᠬᠦ ᠴᠡᠷᠢᠭ ᠤᠨ ᠵᠢᠯᠤᠭᠤᠳᠤᠬᠴᠢ᠂  ᠵᠡᠪᠰᠡᠭᠳᠤ  ᠴᠠᠬᠳᠠᠭᠠᠨ ᠤ ᠭᠡᠯᠳᠡᠰ ᠤᠨ ᠳᠠᠷᠤᠭ᠎ᠠ ᠪᠠᠶᠢᠯᠳᠤᠬᠴᠢ᠂ ᠳᠤᠳᠤᠭᠠᠳᠤ ᠶᠢ ᠬᠠᠮᠠᠭᠠᠯᠠᠬᠤ ᠺᠠᠳ᠋ᠷ ᠴᠠᠬᠳᠠᠭ᠎ᠠ ᠪᠠ ᠰᠢᠭᠤᠳ ᠬᠠᠷᠢᠶ᠎ᠠ ᠪᠠᠶᠢᠭᠤᠯᠭ᠎ᠠ ᠳᠤ᠂  ᠬᠢᠶ᠎ᠠ ᠪᠠᠭᠰᠢ ᠶᠢᠨ ᠬᠦᠭᠵᠢᠯᠳᠡ ᠶᠢ ᠬᠠᠯᠠᠮᠵᠢᠯᠠᠵᠤ ᠳᠡᠮᠵᠢᠵᠤ ᠢᠷᠡᠭᠰᠡᠨ ᠡᠯ᠎ᠡ ᠡᠳᠡᠭᠡᠳ ᠤᠨ ᠬᠦᠮᠤᠰ ᠲᠤ᠂  ᠪᠦᠬᠦ ᠳᠤᠭᠤᠷᠢᠭ ᠤᠨ ᠠᠷᠠᠳ ᠳᠦᠮᠡᠨ ᠳᠤ ᠴᠢᠩ ᠰᠡᠳᠬᠢᠯ ᠤᠨ ᠳᠠᠯᠠᠷᠬᠠᠯ ᠪᠠ ᠡᠷᠬᠢᠮ ᠳᠡᠭᠡᠳᠤ ᠬᠦᠨᠳᠤᠳᠭᠡᠯ ᠢᠶᠠᠨ ᠳᠡᠪᠰᠢᠬᠦᠯᠵᠤ ᠪᠠᠶᠢᠨ᠎ᠠ︕       ᠠᠮᠵᠢᠯᠳᠠ ᠪᠠᠨ ᠦᠨᠡᠯᠡᠬᠦ ᠶᠢᠨ ᠬᠠᠮᠳᠤ ᠪᠢᠳᠠ ᠪᠠᠰᠠ᠂  ᠭᠢᠶ᠎ᠠ ᠪᠠᠭᠰᠢ ᠶᠢᠨ ᠠᠵᠤ ᠠᠬᠤᠢ ᠨᠡᠶᠢᠭᠡᠮ ᠤᠨ ᠬᠦᠭᠵᠢᠯᠳᠡ ᠳᠤ ᠴᠦᠭᠡᠨ ᠪᠤᠰᠤ ᠠᠰᠠᠭᠤᠳᠠᠯ ᠤᠷᠤᠰᠢᠵᠤ ᠪᠠᠶᠢᠬᠤ ᠶᠢ ᠰᠡᠷᠭᠡᠭ ᠢᠶᠠᠷ ᠳᠠᠨᠢᠵᠤ ᠪᠠᠶᠢᠨ᠎ᠠ᠂  ᠭᠤᠤᠯᠳᠠᠭᠤ᠄  ᠶᠡᠷᠦᠩᠭᠡᠶᠢᠯᠡᠭᠰᠡᠨ ᠠᠵᠤ ᠠᠬᠤᠢ ᠶᠢᠨ ᠪᠤᠳᠠᠳᠤ ᠬᠦᠴᠤᠨ ᠤ ᠳᠡᠭᠡᠭᠰᠢᠯᠡᠯᠳᠡ ᠳᠦᠷᠭᠡᠨ ᠪᠤᠰᠤ᠂ ᠦᠷᠬᠦᠯᠵᠢᠯᠡᠭᠰᠡᠨ ᠬᠦᠭᠵᠢᠯᠳᠡ ᠶᠢᠨ ᠳᠡᠭᠡᠭᠡᠭᠴᠢ ᠪᠠ ᠭᠠᠷᠳᠠᠴᠠ ᠴᠦᠭᠡᠨ᠂ ᠳᠤᠳᠠᠭᠤᠳᠠᠯ ᠢᠶᠠᠨ ᠨᠦᠬᠦᠪᠤᠷᠢᠯᠡᠬᠦ ᠡᠬᠦᠷᠭᠡ ᠮᠦᠨ ᠯᠠ ᠬᠠᠳᠠᠭᠤᠵᠢᠯᠳᠠᠢ ᠪᠠᠶᠢᠬᠰᠠᠭᠠᠷ︔  ᠵᠠᠰᠠᠭ ᠤᠨ ᠤᠷᠳᠤᠨ ᠤ ᠦᠷᠢ ᠰᠢᠷᠢ ᠶᠢ ᠨᠠᠮᠳᠠᠭᠤᠯᠬᠤ ᠪᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠦᠷᠢ ᠶᠢ ᠳᠦᠯᠦᠬᠦ ᠳᠠᠷᠤᠭᠠᠰᠤ ᠨᠡᠯᠢᠶᠡᠳ ᠶᠡᠭᠡ ᠪᠤᠢ︔ ᠤᠷᠤᠨ ᠨᠤᠳᠤᠭ ᠤᠨ ᠠᠷᠠᠯᠵᠢᠶ᠎ᠠ ᠬᠢᠬᠦ ᠤᠷᠴᠢᠨ ᠠᠬᠤᠢ ᠶᠢ ᠳᠦᠷᠭᠡᠨ ᠰᠠᠶᠢᠵᠢᠷᠠᠭᠤᠯᠵᠤ᠂ ᠦᠭᠡᠷᠡᠴᠢᠯᠡᠯᠳᠡ ᠰᠢᠨᠡᠴᠢᠯᠡᠯᠳᠡ  ᠶᠢᠨ ᠰᠢᠨ᠎ᠠ ᠠᠮᠢᠵᠢᠷᠠᠯ ᠤᠨ ᠬᠦᠴᠤᠨ ᠢ ᠬᠦᠢᠴᠡᠳ ᠪᠠᠳᠠᠷᠠᠭᠤᠯᠬᠤ ᠴᠢᠬᠤᠯᠠᠳᠠᠢ ᠪᠠᠶᠢᠨ᠎ᠠ︔ ᠰᠤᠷᠭᠠᠭᠤᠯᠢ ᠳᠠᠪᠰᠢᠬᠤ ᠂  ᠠᠵᠢᠯ ᠤᠯᠭᠤᠬᠤ᠂  ᠤᠷᠤᠨ ᠰᠠᠭᠤᠴᠠ᠂  ᠪᠠᠷᠠᠭᠠᠨ ᠤ ᠦᠨ᠎ᠠ ᠵᠡᠷᠭᠡ ᠤᠯᠠᠨ ᠳᠦᠮᠡᠨ ᠤ ᠨᠡᠶᠢᠳᠡᠮ ᠠᠩᠬᠠᠷᠴᠤ ᠪᠠᠶᠢᠭ᠎ᠠ ᠠᠰᠠᠭᠤᠳᠠᠯ ᠢ ᠬᠠᠷᠠᠬᠠᠨ ᠳᠤᠶᠢᠯᠪᠤᠷᠢᠳᠠᠢ ᠰᠢᠢᠳᠪᠤᠷᠢᠯᠡᠬᠦ ᠴᠢᠬᠤᠯᠠᠳᠠᠢ ᠪᠠᠶᠢᠨ᠎ᠠ︔ ᠵᠠᠰᠠᠭ ᠤᠨ ᠤᠷᠳᠤᠨ ᠤ ᠴᠢᠳᠠᠪᠬᠢ ᠶᠢ ᠬᠤᠪᠢᠷᠠᠭᠤᠯᠬᠤ ᠨᠢ ᠮᠦᠨ ᠯᠠ ᠤᠷᠤᠨᠵᠢᠵᠤ ᠳᠡᠶᠢᠯᠬᠦ ᠦᠭᠡᠢ ᠪᠠᠶᠢᠵᠤ᠂  ᠴᠢᠳᠠᠪᠬᠢ ᠨᠢ ᠭᠡᠳᠦᠷᠡᠭᠰᠡᠨ᠂ ᠴᠢᠳᠠᠪᠬᠢ ᠨᠢ ᠳᠤᠳᠠᠮᠠᠭ᠂ ᠴᠢᠳᠠᠪᠬᠢ ᠨᠢ ᠵᠦᠷᠢᠵᠤ ᠭᠠᠷᠤᠬᠰᠠᠨ ᠠᠰᠠᠭᠤᠳᠠᠯ ᠠᠳᠠᠯᠢ ᠪᠤᠰᠤ ᠭᠡᠮᠵᠢᠶ᠎ᠠ ᠪᠠᠷ ᠤᠷᠤᠰᠢᠵᠤ ᠪᠤᠢ︔  ᠺᠠᠳ᠋ᠷᠴᠤᠳ ᠨᠢ ᠡᠬᠦᠷᠭᠡ ᠬᠠᠷᠢᠭᠤᠴᠠᠯᠭ᠎ᠠ ᠪᠠᠨ ᠡᠬᠦᠷᠭᠡᠯᠡᠬᠦ ᠦᠭᠡᠢ᠂  ᠰᠠᠶᠢᠨ ᠠᠵᠢᠯᠯᠠᠬᠤ ᠦᠭᠡᠢ᠂  ᠠᠵᠢᠯ ᠳᠠᠭᠠᠨ ᠠᠯᠵᠠᠭᠤᠷᠠᠵᠤ ᠬᠤᠶᠢᠷᠭᠤᠰᠢᠬᠤ ᠦᠵᠡᠭᠳᠡᠯ ᠮᠦᠨ ᠯᠠ ᠤᠷᠤᠰᠢᠵᠤ᠂ ᠬᠠᠤᠯᠢ ᠪᠠᠷ ᠵᠠᠰᠠᠬᠤ ᠤᠬᠠᠮᠰᠠᠷ ᠪᠠ ᠠᠷᠢᠭᠤᠨ ᠴᠢᠭᠡᠴᠢ ᠶᠢᠨ ᠤᠬᠠᠮᠰᠠᠷ ᠢ ᠨᠢ ᠬᠠᠷᠠᠬᠠᠨ ᠴᠢᠩᠭᠠᠳᠬᠠᠬᠤ ᠴᠢᠬᠤᠯᠠ ᠲᠠᠢ ᠪᠠᠶᠢᠨ᠎ᠠ᠃ ᠡᠬᠦᠨ ᠳᠤ᠂  ᠪᠢᠳᠠ ᠢᠳᠡᠪᠬᠢᠳᠡᠢ ᠮᠦᠷᠳᠡᠭᠡᠨ ᠪᠦᠳᠤᠮᠵᠢᠳᠡᠢ ᠠᠷᠭ᠎ᠠ ᠭᠡᠮᠵᠢᠶ᠎ᠠ ᠠᠪᠴᠤ᠂  ᠨᠢᠭᠡ ᠨᠢᠭᠡ ᠪᠠᠷ ᠨᠠᠷᠢᠨ ᠬᠢᠨᠠᠮᠠᠭᠠᠢ ᠰᠢᠢᠳᠪᠤᠷᠢᠯᠡᠨ ᠬᠠᠯᠠᠨ ᠰᠠᠶᠢᠵᠢᠷᠠᠭᠤᠯᠤᠨ᠎ᠠ᠃       ᠬᠤᠶᠠᠷ᠂ 2019 ᠤᠨ ᠤ  ᠬᠠᠷᠠᠯᠳᠠᠳᠤ ᠡᠬᠦᠷᠭᠡ ᠪᠠ ᠠᠵᠢᠯ ᠤᠨ ᠭᠤᠤᠯᠳᠠᠯᠭ᠎ᠠ       ᠡᠨᠡ ᠵᠢᠯ ᠪᠤᠯ ᠰᠢᠨ᠎ᠠ ᠳᠤᠮᠳᠠᠳᠤ ᠤᠯᠤᠰ ᠪᠠᠶᠢᠭᠤᠯᠤᠬᠳᠠᠬᠰᠠᠨ 70 ᠵᠢᠯ ᠤᠨ ᠤᠢ ᠪᠠᠶᠢᠵᠤ᠂  ᠴᠢᠨᠡᠭᠡᠯᠢᠭ ᠨᠡᠶᠢᠭᠡᠮ ᠢ ᠪᠦᠬᠦ ᠳᠠᠯ᠎ᠠ ᠪᠠᠷ ᠪᠡᠶᠡᠯᠡᠬᠦᠯᠬᠦ ᠵᠠᠩᠬᠢᠯᠠᠭ᠎ᠠ ᠶᠢᠨ ᠵᠢᠯ ᠪᠤᠯᠤᠨ᠎ᠠ᠃ ᠵᠠᠰᠠᠭ ᠤᠨ ᠤᠷᠳᠤᠨ ᠤ ᠠᠵᠢᠯ ᠢ ᠰᠠᠶᠢᠳᠤᠷ ᠬᠢᠬᠦ ᠳᠤ᠂  ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂  ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂  ᠭᠤᠷᠪᠠᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ  ᠶᠢ ᠪᠦᠬᠦ ᠳᠠᠯ᠎ᠠ ᠪᠠᠷ ᠳᠤᠤᠱᠯᠠᠭᠤᠯᠤᠨ᠂ ᠦᠪᠡᠷᠳᠡᠭᠡᠨ ᠵᠠᠰᠠᠬᠤ ᠤᠷᠤᠨ᠂  ᠬᠤᠳᠠ ᠪᠠ ᠳᠤᠭᠤᠷᠢᠭ ᠤᠨ ᠨᠠᠮ ᠤᠨ ᠬᠤᠷᠢᠶᠠᠨ ᠤ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠤᠰᠤᠭᠠᠷ᠂ ︽ᠳᠠᠪᠤ ᠶᠢ ᠴᠤᠬᠴᠠᠵᠢᠭᠤᠯᠬᠤ︾ ᠶᠡᠷᠦᠩᠭᠡᠢ ᠪᠠᠶᠢᠷᠢᠯᠠᠭᠤᠯᠤᠯᠳᠠ ᠶᠢ ᠨᠢᠭᠡᠳᠤᠯᠳᠡᠢ ᠳᠦᠯᠦᠪᠵᠢᠬᠦᠯᠤᠨ ᠠᠬᠢᠭᠤᠯᠵᠤ᠂  ︽ᠳᠦᠷᠪᠡᠨ ᠪᠦᠬᠦ ᠳᠠᠯ᠎ᠠ︾  ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠵᠤᠬᠢᠴᠠᠩᠭᠤᠢ ᠪᠠᠷ ᠠᠬᠢᠭᠤᠯᠵᠤ᠂  ᠳᠤᠬᠳᠠᠭᠤᠨ ᠤ ᠳᠤᠮᠳᠠ ᠤᠷᠤᠬᠰᠢᠯᠠᠬᠤ ᠠᠵᠢᠯ ᠤᠨ ᠶᠡᠷᠦᠩᠭᠡᠢ ᠬᠦᠭ ᠠᠶᠠᠰ ᠢ ᠪᠠᠷᠢᠮᠳᠠᠯᠠᠨ᠂  ᠰᠢᠨ᠎ᠠ ᠬᠦᠭᠵᠢᠯᠳᠡ ᠶᠢᠨ ᠤᠶᠢᠯᠠᠭᠠᠬᠳᠠᠬᠤᠨ ᠢ ᠪᠠᠷᠢᠮᠳᠠᠯᠠᠵᠤ᠂  ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠶᠢ ᠪᠠᠷᠢᠮᠳᠠᠯᠠᠨ᠂  ᠬᠠᠩᠭᠠᠯᠭ᠎ᠠ  ᠶᠢᠨ ᠳᠠᠯ᠎ᠠ ᠶᠢᠨ ᠪᠦᠳᠤᠴᠡ ᠶᠢᠨ ᠴᠢᠨᠠᠷᠳᠠᠢ ᠦᠭᠡᠷᠡᠴᠢᠯᠡᠯᠳᠡ ᠪᠠᠷ ᠭᠤᠤᠯ ᠰᠢᠵᠢᠮ ᠪᠤᠯᠭᠠᠬᠤ ᠶᠢ ᠪᠠᠷᠢᠮᠳᠠᠯᠠᠵᠤ᠂  ᠤᠳᠤᠬᠢᠴᠢᠯᠠᠬᠰᠠᠨ ᠠᠵᠤ ᠠᠬᠤᠢ ᠶᠢᠨ ᠳᠤᠬᠳᠠᠯᠴᠠᠭ᠎ᠠ ᠶᠢ ᠳᠦᠷᠭᠡᠨ ᠪᠠᠶᠢᠭᠤᠯᠵᠤ᠂  ᠭᠤᠷᠪᠠᠨ ᠶᠡᠭᠡ ᠪᠤᠭᠤᠮᠳᠠ ᠰᠢᠪᠳᠤᠯᠬᠤ ᠳᠠᠶᠢᠯᠠᠯᠳᠤᠭᠠᠨ ᠢ ᠦᠷᠬᠦᠯᠵᠢᠯᠡᠨ ᠰᠠᠶᠢᠳᠤᠷ ᠬᠢᠵᠤ᠂  ᠠᠷᠠᠯᠵᠢᠶ᠎ᠠ ᠬᠢᠬᠦ ᠤᠷᠴᠢᠨ ᠠᠬᠤᠢ ᠶᠢ ᠴᠢᠨᠠᠬᠰᠢᠳᠠ ᠰᠢᠯᠢᠳᠡᠭᠵᠢᠬᠦᠯᠤᠨ᠂  ᠵᠠᠬ᠎ᠠ ᠳᠡᠯᠭᠡᠬᠦᠷ ᠤᠨ ᠢᠳᠡᠭᠡᠯ ᠢ ᠪᠦᠬᠦ ᠳᠠᠯ᠎ᠠ ᠪᠠᠷ ᠬᠦᠪᠴᠢᠯᠡᠵᠤ᠂  ᠨᠡᠮᠡᠭᠳᠡᠯ ᠢ ᠳᠤᠬᠳᠠᠭᠤᠨ ᠪᠤᠯᠭᠠᠬᠤ᠂  ᠦᠭᠡᠷᠡᠴᠢᠯᠡᠯᠳᠡ ᠶᠢ ᠠᠬᠢᠭᠤᠯᠬᠤ᠂  ᠪᠦᠳᠤᠴᠡ ᠶᠢ ᠳᠤᠬᠢᠷᠠᠭᠤᠯᠬᠤ᠂  ᠠᠷᠠᠳ ᠤᠨ ᠠᠮᠢᠳᠤᠷᠠᠯ ᠢ ᠬᠠᠷᠡᠭᠠᠯᠵᠠᠬᠤ᠂  ᠠᠶᠤᠯ ᠳᠦᠭᠰᠢᠬᠦᠷᠢ ᠶᠢ ᠰᠡᠷᠭᠡᠶᠢᠯᠡᠬᠦ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠵᠤ᠂  ᠠᠷᠠᠳ ᠤᠯᠠᠨ ᠤ ᠬᠦᠷᠳᠡᠮᠵᠢ ᠶᠢᠨ ᠳᠦᠷᠦᠭᠳᠡᠯ᠂  ᠵᠤᠯ ᠵᠢᠷᠭᠠᠯᠳᠤ ᠳᠦᠷᠦᠭᠳᠡᠯ ᠪᠠ ᠠᠮᠤᠷ ᠳᠦᠪᠰᠢᠨ ᠤ ᠳᠦᠷᠦᠭᠳᠡᠯ ᠢ ᠨᠡᠮᠡᠭᠳᠡᠬᠦᠯᠤᠨ᠂  ᠬᠢᠶ᠎ᠠ ᠪᠠᠭᠰᠢ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠳᠠᠢ ᠬᠦᠭᠵᠢᠯᠳᠡ ᠶᠢᠨ ᠰᠢᠨ᠎ᠠ ᠪᠠᠶᠢᠳᠠᠯ ᠢ ᠳᠡᠮᠡᠴᠡᠨ ᠪᠤᠢ ᠪᠤᠯᠭᠠᠵᠤ᠂  ᠴᠢᠨᠡᠭᠡᠯᠢᠭ ᠨᠡᠶᠢᠭᠡᠮ ᠢ ᠪᠦᠬᠦ ᠳᠠᠯ᠎ᠠ ᠪᠠᠷ ᠪᠡᠶᠡᠯᠡᠬᠦᠯᠬᠦ ᠰᠢᠪᠳᠤᠷᠭᠠᠨ  ᠤ ᠠᠵᠢᠯ ᠳᠤ ᠰᠢᠢᠳᠪᠤᠷᠢᠳᠤ ᠴᠢᠨᠠᠷᠳᠠᠢ ᠰᠠᠭᠤᠷᠢ ᠳᠠᠯᠪᠢᠵᠤ᠂  ᠰᠢᠯᠢᠳᠡᠭ ᠠᠮᠵᠢᠯᠳᠠ ᠪᠠᠷ ᠢᠶᠠᠨ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠬᠳᠠᠬᠰᠠᠨ 70  ᠵᠢᠯ ᠤᠨ ᠤᠢ ᠶᠢ ᠪᠡᠶᠠᠷᠯᠠᠨ ᠪᠡᠯᠭᠡᠯᠡᠨ᠎ᠠ᠃       ᠡᠯ᠎ᠠ ᠳᠠᠯ᠎ᠠ ᠶᠢᠨ ᠬᠦᠴᠤᠨ ᠵᠤᠶᠢᠯ ᠢ ᠶᠡᠷᠦᠩᠭᠡᠶᠢᠯᠡᠨ ᠪᠤᠳᠤᠯᠬᠢᠯᠠᠭᠠᠳ᠂  ᠡᠨᠡ  ᠵᠢᠯ ᠤᠨ ᠪᠦᠬᠦ ᠳᠤᠭᠤᠷᠢᠭ  ᠤᠨ ᠭᠤᠤᠯ ᠵᠢᠱᠢᠭᠰᠡᠨ ᠬᠠᠷᠠᠯᠳᠠ ᠶᠢ ᠢᠩᠬᠢᠵᠤ ᠳᠤᠬᠳᠠᠭᠠᠪᠠ᠄  ᠤᠷᠤᠨ ᠨᠤᠳᠤᠭ ᠤᠨ ᠤᠶᠢᠯᠡᠳᠪᠤᠷᠢᠯᠡᠯ ᠤᠨ ᠶᠡᠷᠦᠩᠭᠡᠢ ᠦᠷᠳᠡᠭ ᠢ  5% ᠤᠷᠴᠢᠮ ᠢᠶᠠᠷ ᠨᠡᠮᠡᠭᠳᠡᠬᠦᠯᠵᠤ᠂  ᠤᠯᠠᠨ ᠨᠡᠶᠢᠳᠡ ᠶᠢᠨ ᠡᠳ᠋ ᠤᠨ ᠵᠠᠰᠠᠭ ᠤᠨ ᠳᠦᠰᠤᠪ ᠤᠨ ᠤᠷᠤᠯᠭ᠎ᠠ ᠶᠢ  6% ᠤᠷᠴᠢᠮ ᠢᠶᠠᠷ ᠨᠡᠮᠡᠭᠳᠡᠬᠦᠯᠤᠨ᠂  ᠪᠦᠬᠦ ᠨᠡᠶᠢᠭᠡᠮ ᠤᠨ ᠳᠤᠬᠳᠠᠮᠠᠯ ᠬᠦᠷᠦᠩᠭᠡ  ᠶᠢᠨ ᠪᠡᠯᠡ ᠤᠷᠤᠭᠤᠯᠤᠯᠳᠠ ᠶᠢ 12% ᠤᠷᠴᠢᠮ ᠢᠶᠠᠷ ᠨᠡᠮᠡᠭᠳᠡᠬᠦᠯᠵᠤ᠂  ᠨᠡᠶᠢᠭᠡᠮ ᠤᠨ ᠭᠡᠷᠡᠭᠯᠡᠭᠡᠨ ᠤ ᠵᠤᠶᠢᠯ ᠢ ᠵᠢᠵᠢᠭᠯᠡᠨ ᠪᠤᠷᠤᠯᠠᠭᠤᠯᠤᠬᠰᠠᠨ ᠶᠡᠷᠦᠩᠭᠡᠢ ᠳᠤᠭ᠎ᠠ ᠶᠢ  7% ᠤᠷᠴᠢᠮ ᠢᠶᠠᠷ ᠨᠡᠮᠡᠭᠳᠡᠬᠦᠯᠵᠤ᠂  ᠬᠤᠳᠠ ᠪᠠᠯᠭᠠᠰᠤᠨ  ᠤ ᠰᠠᠭᠤᠭᠠᠯᠢ ᠠᠷᠠᠳ ᠤᠨ ᠬᠦᠮᠤᠨ ᠳᠤᠮᠳᠠᠴᠢ ᠳᠤᠬᠢᠷᠠᠭᠤᠯᠵᠤ ᠪᠤᠯᠬᠤ ᠤᠷᠤᠯᠭ᠎ᠠ ᠶᠢ  7% ᠤᠷᠴᠢᠮ ᠢᠶᠠᠷ ᠨᠡᠮᠡᠭᠳᠡᠬᠦᠯᠤᠨ᠎ᠠ᠃        ᠡᠨᠡ ᠵᠢᠯ ᠤᠨ ᠠᠵᠢᠯ ᠢ ᠰᠠᠶᠢᠳᠤᠷ ᠬᠢᠬᠦ ᠳᠤ᠂  ᠪᠢᠳᠠ ᠤᠯᠤᠰ ᠳᠦᠷᠦ ᠶᠢᠨ ᠳᠤᠬᠳᠠᠯ ᠬᠦᠴᠤ ᠪᠠᠨ ᠪᠠᠳᠤᠯᠠᠨ᠂ ᠠᠰᠠᠭᠤᠳᠠᠯ ᠤᠨ ᠤᠳᠤᠷᠢᠳᠤᠮᠵᠢ ᠶᠢ ᠪᠠᠷᠢᠮᠳᠠᠯᠠᠵᠤ᠂  ᠬᠦᠭ ᠠᠶᠠᠰ ᠤᠨ ᠬᠦᠴᠤᠯᠡᠴᠡ ᠪᠠᠨ ᠡᠵᠡᠮᠳᠡᠨ᠂  ᠪᠠᠶᠢᠳᠠᠯ ᠢ ᠴᠢᠳᠠᠮᠠᠭᠠᠢ ᠪᠠᠷ ᠵᠠᠳᠠᠯᠬᠤ ᠪᠠ ᠳᠦᠷᠦ ᠶᠢᠨ ᠪᠤᠳᠤᠯᠭ᠎ᠠ ᠶᠢ ᠰᠤᠳᠤᠯᠵᠤ᠂ ᠤᠳᠤᠬᠠᠨ ᠤ ᠱᠠᠳᠤᠨ ᠤ ᠭᠤᠤᠯ ᠵᠦᠷᠢᠴᠡᠯ ᠢ ᠠᠳᠬᠤᠨ ᠠᠵᠢᠯ ᠤᠨ ᠰᠢᠪᠳᠤᠯᠤᠯᠳᠠ ᠶᠢ ᠡᠷᠢᠨ ᠤᠯᠤᠨ᠎ᠠ᠃ ᠨᠢᠭᠡ ᠳᠤ ᠰᠡᠳᠬᠢᠯ ᠢᠶᠠᠷ ᠨᠢᠬᠳᠠᠷᠠᠭᠤᠯᠤᠨ ᠬᠦᠴᠤ ᠪᠠᠨ ᠬᠠᠮᠳᠤᠳᠬᠠᠵᠤ ᠦᠪᠡᠷ ᠤᠨ ᠤᠴᠢᠷ ᠶᠠᠪᠤᠳᠠᠯ ᠢᠶᠠᠨ ᠰᠠᠶᠢᠳᠤᠷ ᠬᠢᠨ᠎ᠠ᠃ ᠠᠵᠤ ᠠᠬᠤᠢ ᠶᠢᠨ ᠪᠠᠶᠢᠳᠠᠯ ᠭᠡᠳᠤᠢ ᠬᠤᠪᠢᠷᠠᠯᠳᠠ ᠲᠠᠢ ᠪᠠᠶᠢᠬᠰᠠᠨ ᠴᠦ᠂  ᠬᠦᠭᠵᠢᠯᠳᠡ ᠶᠢ ᠡᠷᠢᠯᠬᠢᠯᠡᠬᠦ ᠪᠠ ᠳᠤᠳᠠᠭᠤᠳᠠᠯ  ᠢ ᠨᠦᠬᠦᠪᠤᠷᠢᠯᠡᠬᠦ ᠠᠵᠢᠯ ᠤᠨ ᠭᠤᠤᠯᠳᠠᠯᠭ᠎ᠠ ᠬᠤᠪᠢᠷᠠᠬᠤ ᠦᠭᠡᠢ᠂  ᠠᠵᠤ ᠠᠬᠤᠢ ᠶᠢᠨ ᠡᠷᠬᠢᠯᠳᠡ ᠶᠢ ᠳᠤᠬᠢᠷᠠᠭᠤᠯᠬᠤ᠂  ᠭᠤᠤᠯᠳᠠᠯᠭ᠎ᠠ ᠲᠠᠢ ᠳᠦᠷᠤᠯ ᠵᠤᠶᠢᠯ ᠤᠨ ᠪᠦᠳᠤᠭᠡᠨ ᠪᠠᠶᠢᠭᠤᠯᠤᠯᠳᠠ ᠬᠢᠬᠦ᠂ ᠬᠤᠳᠠᠯᠳᠤᠭ᠎ᠠ ᠬᠢᠬᠦ ᠤᠷᠴᠢᠨ ᠠᠬᠤᠢ ᠶᠢ ᠰᠠᠶᠢᠵᠢᠷᠠᠭᠤᠯᠬᠤ᠂ ᠠᠷᠠᠯᠵᠢᠶᠠᠴᠢᠨ ᠤᠷᠢᠵᠤ ᠪᠡᠯᠡ ᠳᠠᠳᠠᠬᠤ ᠶᠢ ᠠᠳᠬᠤᠬᠤ ᠠᠵᠢᠯ ᠤᠨ ᠬᠦᠴᠤᠯᠡᠴᠡ   ᠨᠢ ᠬᠤᠪᠢᠷᠠᠬᠤ ᠦᠭᠡᠢ ᠪᠠᠶᠢᠵᠤ᠂  ᠡᠨᠡ ᠵᠢᠯ ᠳᠤᠬᠳᠠᠮᠠᠯ ᠬᠦᠷᠦᠩᠭᠡ ᠶᠢᠨ ᠪᠡᠯᠡ ᠤᠷᠤᠭᠤᠯᠬᠤ ᠠᠵᠤ ᠠᠬᠤᠶᠢᠯᠠᠯ ᠤᠨ ᠳᠤᠬᠳᠠᠭᠤᠨ ᠨᠡᠮᠡᠭᠳᠡᠯ ᠢ ᠴᠢᠷᠮᠠᠶᠢᠨ ᠪᠡᠶᠡᠯᠡᠬᠦᠯᠵᠤ᠂ ᠭᠡᠷᠡᠭᠯᠡᠭᠡᠨ ᠤ ᠵᠠᠬ᠎ᠠ ᠳᠡᠯᠭᠡᠬᠦᠷ ᠤᠨ ᠴᠢᠨᠠᠷ ᠳᠡᠰ ᠢ ᠢᠯᠡᠷᠭᠡᠢ ᠰᠠᠶᠢᠵᠢᠷᠠᠭᠤᠯᠵᠤ᠂ ᠨᠡᠶᠢᠭᠡᠮ ᠤᠨ ᠪᠡᠯᠡ ᠤᠷᠤᠭᠤᠯᠤᠯᠳᠠ ᠶᠢᠨ ᠢᠳᠡᠭᠡᠯ ᠢ ᠪᠦᠬᠦ ᠳᠠᠯ᠎ᠠ ᠪᠠᠷ ᠰᠠᠶᠢᠵᠢᠷᠠᠭᠤᠯᠬᠤ ᠶᠢ ᠪᠡᠶᠡᠯᠡᠬᠦᠯᠤᠨ᠎ᠠ᠃ ᠬᠤᠶᠠᠷ ᠲᠤ ᠳᠡᠭᠡᠳᠤ ᠱᠠᠳᠤᠨ ᠤ ᠳᠦᠷᠦ ᠶᠢᠨ ᠪᠤᠳᠤᠯᠭ᠎ᠠ ᠶᠢ ᠦᠨᠡᠨ ᠬᠦ ᠪᠦᠳᠤᠮᠵᠢᠳᠡᠢ ᠳᠤᠤᠱᠯᠠᠭᠤᠯᠤᠨ᠎ᠠ᠃ ᠤᠯᠤᠰ ᠤᠨ ᠭᠠᠶᠢᠯᠢ ᠶᠢ ᠬᠦᠩᠭᠡᠷᠡᠬᠦᠯᠤᠨ ᠰᠤᠶᠢᠳᠭᠡᠯ ᠢ ᠪᠠᠭᠤᠷᠠᠭᠤᠯᠬᠤ᠂  ᠬᠠᠩᠭᠠᠯᠭ᠎ᠠ ᠶᠢ ᠰᠢᠯᠢᠳᠡᠭᠵᠢᠬᠦᠯᠬᠦ᠂  ᠳᠤᠳᠤᠭᠠᠳᠤ ᠭᠡᠷᠡᠭᠴᠡᠭᠡ ᠶᠢ ᠳᠠᠶᠢᠴᠢᠯᠠᠬᠤ᠂  ᠠᠵᠢᠯ ᠤᠯᠭᠤᠯᠳᠠ ᠶᠢ ᠦᠷᠭᠡᠳᠭᠡᠬᠦ ᠵᠡᠷᠭᠡ ᠳᠠᠯ᠎ᠠ ᠶᠢᠨ ᠳᠦᠷᠦ ᠶᠢᠨ ᠪᠤᠳᠤᠯᠭ᠎ᠠ ᠠᠷᠭ᠎ᠠ ᠭᠡᠮᠵᠢᠶ᠎ᠠ ᠶᠢ ᠳᠡᠷᠡ ᠭᠡᠪ ᠢᠶᠠᠷ ᠨᠢ ᠳᠤᠤᠱᠯᠠᠭᠤᠯᠤᠨ ᠤᠷᠤᠨᠵᠢᠭᠤᠯᠵᠤ᠂ ᠨᠠᠶᠢᠳᠠᠪᠤᠷᠢᠵᠢᠭᠤᠯᠬᠤ ᠴᠢᠭᠯᠡᠯᠳᠤ ᠴᠢᠨᠠᠷ ᠪᠠ ᠪᠦᠳᠤᠮᠵᠢᠳᠤ ᠴᠢᠨᠠᠷ ᠢ ᠨᠡᠮᠡᠭᠳᠡᠬᠦᠯᠤᠨ᠂ ᠳᠦᠷᠦ  ᠶᠢᠨ ᠪᠤᠳᠤᠯᠭ᠎ᠠ ᠶᠢᠨ ᠬᠠᠮᠤᠭ ᠤᠨ ᠶᠡᠭᠡ ᠨᠦᠯᠦᠭᠡᠯᠡᠯ ᠢ ᠪᠠᠳᠠᠷᠠᠭᠤᠯᠤᠨ᠂ ᠳᠦᠷᠦ ᠶᠢᠨ ᠪᠤᠳᠤᠯᠭ᠎ᠠ ᠶᠢᠨ ᠠᠵᠠ ᠳᠤᠬᠢᠶᠠᠯ ᠢ ᠬᠦᠭᠵᠢᠯᠳᠡ ᠶᠢᠨ ᠬᠦᠳᠡᠯᠭᠡᠭᠴᠢ ᠬᠦᠴᠤᠨ ᠪᠤᠯᠭᠠᠨ᠎ᠠ᠃ ᠭᠤᠷᠪᠠ ᠳᠤ ᠳᠡᠤᠭᠡᠨ ᠠᠰᠠᠭᠤᠳᠠᠯ ᠢ ᠢᠳᠡᠪᠬᠢᠳᠡᠢ ᠯᠠᠪᠳᠠᠭᠤᠨ ᠢᠶᠠᠷ ᠰᠢᠢᠳᠪᠤᠷᠢᠯᠡᠨ᠎ᠠ᠃ ᠵᠠᠰᠠᠭ ᠤᠨ ᠤᠷᠳᠤᠨ ᠤ ᠰᠠᠯᠠᠭ᠎ᠠ ᠮᠦᠴᠢᠷ ᠪᠠ ᠤᠯᠤᠰ ᠤᠨ ᠦᠮᠴᠢᠯᠡᠯᠳᠤ ᠠᠵᠤ ᠠᠬᠤᠶᠢᠯᠠᠯ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠦᠷᠢᠳᠦᠭᠰᠡᠨ ᠠᠰᠠᠭᠤᠳᠠᠯ  ᠢ ᠳᠤᠬᠢᠳᠠᠢ ᠰᠢᠢᠳᠪᠤᠷᠢᠯᠡᠵᠤ᠂  ᠨᠡᠬᠦᠯᠭᠡᠨ ᠰᠢᠯᠵᠢᠬᠦᠯᠦᠭᠰᠡᠨ ᠮᠠᠯᠴᠢᠨ ᠳᠠᠷᠢᠶᠠᠴᠢᠳ ᠤᠨ ᠳᠤᠬᠳᠠᠭᠤᠨ ᠢᠶᠠᠷ ᠠᠵᠢᠯ ᠤᠯᠬᠤ ᠪᠠ ᠦᠷᠬᠦᠯᠵᠢᠯᠡᠭᠰᠡᠨ ᠬᠦᠭᠵᠢᠯᠳᠡ ᠶᠢᠨ ᠠᠰᠠᠭᠤᠳᠠᠯ ᠢ ᠳᠤᠬᠢᠳᠠᠢ ᠰᠢᠢᠳᠪᠤᠷᠢᠯᠡᠨ᠂ ᠶᠠᠭᠠᠬᠢᠬᠰᠠᠨ ᠴᠦ ᠠᠰᠠᠭᠤᠳᠠᠯ ᠢ  ᠤᠯᠠᠮ ᠠᠴᠠ ᠤᠯᠠᠮ ᠬᠤᠷᠠᠮᠳᠤᠭᠤᠯᠵᠤ᠂ ᠤᠯᠠᠮ ᠠᠴᠠ ᠤᠯᠠᠮ ᠪᠤᠳᠤᠯᠢᠶᠠᠨᠳᠠᠢ ᠪᠤᠯᠭᠠᠬᠤ ᠦᠭᠡᠢ᠂ ︽ᠳᠡᠤᠭᠡᠨ ᠠᠰᠠᠭᠤᠳᠠᠯ ᠢ ᠬᠦᠨᠳᠤᠳᠭᠡᠨ᠂ ᠤᠳᠤᠬᠠᠨ ᠤ ᠪᠠᠶᠢᠳᠠᠯ ᠢ ᠴᠦ ᠤᠮᠳᠤᠭᠠᠶᠢᠯᠠᠬᠤ ᠦᠭᠡᠢ︾ ᠪᠠᠶᠢᠬᠤ ᠵᠠᠷᠴᠢᠮ ᠢᠶᠠᠷ᠂ ᠳᠡᠤᠭᠡᠨ ᠠᠴᠠ ᠦᠯᠡᠳᠡᠭᠳᠡᠵᠤ ᠢᠷᠡᠭᠰᠡᠨ ᠠᠰᠠᠭᠤᠳᠠᠯ ᠢ ᠳᠦᠯᠦᠪᠯᠡᠭᠡ ᠲᠠᠢ᠂  ᠠᠯᠬᠤᠮ ᠳᠠᠷᠠᠭ᠎ᠠ  ᠲᠠᠢ᠂  ᠬᠦᠴᠤᠳᠡᠢ ᠰᠢᠢᠳᠪᠤᠷᠢᠯᠡᠨ᠎ᠠ᠃       ᠳᠡᠭᠡᠷ᠎ᠠ ᠳᠤᠷᠠᠳᠤᠬᠰᠠᠨ ᠬᠠᠷᠠᠯᠳᠠ ᠶᠢᠨ ᠳᠤᠭᠤᠷᠢᠨ ᠳᠤ᠂  ᠳᠤᠤᠷᠠᠬᠢ ᠠᠵᠢᠯ ᠤᠳ ᠢ ᠭᠤᠤᠯᠳᠠᠯᠭ᠎ᠠ ᠲᠠᠢ ᠰᠠᠶᠢᠳᠤᠷ ᠬᠢᠨ᠎ᠠ᠄       ︵ᠨᠢᠭᠡ︶ ︽ᠭᠤᠷᠪᠠᠨ ᠶᠡᠭᠡ ᠪᠤᠭᠤᠮᠳᠠ ᠰᠢᠪᠳᠤᠯᠬᠤ ᠳᠠᠶᠢᠯᠠᠯᠳᠤᠭᠠᠨ︾ ᠢ ᠦᠷᠬᠦᠯᠵᠢᠯᠡᠨ ᠰᠠᠶᠢᠳᠤᠷ ᠬᠢᠵᠤ᠂  ᠴᠢᠨᠠᠷ ᠰᠠᠶᠢᠳᠠᠢ ᠬᠦᠭᠵᠢᠯᠳᠡ ᠶᠢᠨ ᠬᠤᠷᠢᠭ᠎ᠠ ᠱᠤᠭᠤᠮ ᠢ ᠰᠠᠬᠢᠨ᠎ᠠ᠃ ᠨᠢᠭᠡᠨᠳᠡ ᠤᠯᠤᠬᠰᠠᠨ ᠦᠷ᠎ᠠ ᠪᠦᠳᠤᠮᠵᠢ ᠪᠠᠨ ᠦᠷᠬᠦᠯᠵᠢᠯᠡᠨ ᠪᠠᠳᠤᠳᠬᠠᠨ᠂  ᠳᠤᠪᠤᠶᠢᠮ᠎ᠠ ᠠᠰᠠᠭᠤᠳᠠᠯ ᠳᠤ ᠴᠢᠭᠯᠡᠬᠦᠯᠤᠨ ᠭᠤᠤᠯᠳᠠᠯᠭ᠎ᠠ ᠲᠠᠢ ᠳᠠᠶᠢᠯᠠᠯᠳᠤᠭᠠᠨ ᠢ ᠰᠠᠶᠢᠳᠤᠷ ᠬᠢᠵᠤ᠂  ︽ᠭᠤᠷᠪᠠᠨ ᠶᠡᠭᠡ ᠪᠤᠭᠤᠮᠳᠠ ᠰᠢᠪᠳᠤᠯᠬᠤ ᠳᠠᠶᠢᠯᠠᠯᠳᠤᠭᠠᠨ︾ ᠤ ᠨᠡᠩ ᠶᠡᠭᠡ ᠨᠡᠩ ᠰᠠᠶᠢᠨ ᠦᠷ᠎ᠠ ᠪᠦᠳᠤᠮᠵᠢ ᠤᠯᠬᠤ ᠶᠢ ᠡᠷᠴᠢᠮᠳᠡᠢ ᠠᠬᠢᠭᠤᠯᠤᠨ᠎ᠠ᠃       ᠬᠦᠨᠳᠤ ᠶᠡᠭᠡ ᠠᠶᠤᠯ ᠳᠦᠭᠰᠢᠬᠦᠷᠢ ᠶᠢ ᠰᠡᠷᠭᠡᠶᠢᠯᠡᠨ ᠨᠠᠮᠳᠠᠭᠤᠯᠤᠨ᠎ᠠ᠃  ᠪᠦᠬᠦ ᠵᠢᠯ ᠳᠤ ᠵᠠᠰᠠᠭ ᠤᠨ ᠤᠷᠳᠤᠨ ᠤ ᠦᠷᠢ ᠰᠢᠷᠢ ᠶᠢ 12.8  ᠳ᠋ᠦᠩᠰᠢᠭᠤᠷ ᠳᠦᠬᠦᠷᠢᠭ ᠨᠠᠮᠳᠠᠭᠤᠯᠵᠤ᠂  ᠳᠠᠯᠳᠠ ᠴᠢᠨᠠᠷᠳᠠᠢ ᠦᠷᠢ ᠰᠢᠷᠢ  ᠶᠢ ᠨᠠᠮᠳᠠᠭᠤᠯᠬᠤ ᠶᠢ ᠨᠡᠩ ᠴᠢᠬᠤᠯᠠᠴᠢᠯᠠᠨ᠂ ᠪᠦᠬᠦ ᠦᠷᠢ ᠰᠢᠷᠢ ᠶᠢ ᠪᠠᠭᠠᠰᠬᠠᠵᠤ ᠵᠦᠢ ᠵᠤᠬᠢᠰᠳᠠᠢ ᠪᠤᠯᠭᠠᠵᠤ᠂ ᠠᠶᠤᠯ ᠳᠦᠭᠰᠢᠬᠦᠷᠢ ᠶᠢᠨ ᠵᠡᠷᠭᠡ ᠳᠡᠰ ᠢ  ᠪᠠᠭᠤᠷᠠᠭᠤᠯᠤᠨ ᠭᠤᠤᠯᠳᠠᠯᠭ᠎ᠠ ᠲᠠᠢ ᠠᠶᠤᠯ ᠳᠦᠭᠰᠢᠬᠦᠷᠢ ᠶᠢ ᠤᠷᠢᠳᠴᠢᠯᠠᠨ ᠰᠡᠷᠡᠮᠵᠢᠯᠡᠬᠦᠯᠬᠦ ᠤᠷᠤᠨ ᠳᠤᠭᠤᠷᠢᠭ ᠢ ᠠᠶᠤᠯ ᠳᠦᠭᠰᠢᠬᠦᠷᠢ ᠶᠢ ᠰᠠᠨᠠᠭᠤᠯᠬᠤ ᠤᠷᠤᠨ ᠳᠤᠭᠤᠷᠢᠭ ᠪᠤᠯᠭᠠᠨ᠎ᠠ᠃ ᠦᠷᠢ ᠰᠢᠷᠢ ᠶᠢ ᠨᠠᠮᠳᠠᠭᠤᠯᠬᠤ ᠠᠷᠭ᠎ᠠ ᠭᠡᠯᠪᠡᠷᠢ ᠶᠢ ᠴᠢᠨᠠᠬᠰᠢᠳᠠ ᠰᠢᠨᠡᠴᠢᠯᠡᠨ᠂  ᠡᠳ᠋ ᠤᠨ ᠵᠠᠰᠠᠭ ᠤᠨ ᠪᠡᠯᠡ ᠮᠦᠩᠬᠦᠨ ᠤ ᠰᠢᠭᠤᠳ ᠳᠦᠯᠦᠬᠦ ᠬᠠᠷᠢᠴᠠᠯ ᠢ ᠨᠡᠮᠡᠭᠳᠡᠬᠦᠯᠤᠨ᠎ᠠ᠃ ᠡᠳ᠋ ᠤᠨ ᠵᠠᠰᠠᠭ ᠤᠨ ᠡᠩ ᠤᠨ ᠴᠢᠨᠠᠷᠳᠠᠢ ᠵᠠᠷᠤᠯᠭ᠎ᠠ ᠶᠢ ᠴᠢᠩᠭ᠎ᠠ ᠬᠤᠷᠢᠬᠯᠠᠨ᠂ ᠠᠯᠪᠠᠨ ᠪᠠᠶᠢᠭᠤᠯᠭ᠎ᠠ ᠶᠢᠨ ᠠᠯᠪᠠᠨ ᠤ ᠵᠠᠷᠤᠳᠠᠯ᠂  ᠵᠠᠮ ᠬᠠᠷᠢᠯᠴᠠᠭᠠᠨ ᠤ ᠰᠤᠶᠢᠳᠭᠡᠯ ᠤᠨ ᠳᠤᠬᠳᠠᠬᠰᠠᠨ ᠪᠠᠷᠢᠮᠵᠢᠶ᠎ᠠ ᠶᠢ ᠨᠢᠳᠤᠨᠤᠨ ᠤ ᠰᠠᠭᠤᠷᠢᠨ ᠳᠡᠭᠡᠷ᠎ᠠ 7% ᠪᠠᠷ ᠪᠠᠭᠠᠰᠬᠠᠵᠤ᠂ ᠬᠤᠳᠠ  ᠶᠢᠨ ᠬᠠᠮᠢᠶᠠᠷᠤᠯᠳᠠ ᠶᠢᠨ ᠡᠩ ᠤᠨ ᠴᠢᠨᠠᠷᠳᠠᠢ ᠵᠠᠷᠤᠯᠭ᠎ᠠ ᠶᠢ 16% ᠪᠠᠷ ᠪᠠᠭᠠᠰᠬᠠᠨ᠂ ᠴᠢᠬᠤᠯᠠ ᠦᠭᠡᠢ ᠵᠠᠷᠤᠯᠭ᠎ᠠ  ᠶᠢ ᠡᠷᠡᠰ ᠪᠠᠭᠠᠰᠬᠠᠨ᠎ᠠ᠃ ᠨᠢᠭᠡᠳᠤᠯᠳᠡᠢ ᠦᠷᠢ ᠰᠢᠷᠢ ᠶᠢᠨ ᠬᠠᠮᠢᠶᠠᠷᠤᠯᠳᠠ ᠶᠢᠨ ᠰᠢᠰᠲ᠋ᠧᠮ ᠢ ᠦᠷᠬᠦᠯᠵᠢᠯᠡᠨ ᠳᠡᠬᠦᠯᠳᠡᠷᠵᠢᠬᠦᠯᠵᠤ᠂ ᠦᠷᠢ ᠰᠢᠷᠢ ᠶᠢ ᠬᠢᠨᠠᠨ ᠡᠵᠡᠮᠳᠡᠬᠦ ᠪᠠ ᠠᠶᠤᠯ ᠳᠦᠭᠰᠢᠬᠦᠷᠢ ᠶᠢ ᠤᠷᠢᠳᠴᠢᠯᠠᠨ ᠰᠡᠷᠡᠮᠵᠢᠯᠡᠬᠦᠯᠬᠦ ᠳᠤᠬᠳᠠᠴᠠ ᠶᠢ ᠪᠦᠷᠢᠨᠰᠢᠬᠦᠯᠤᠨ᠂ ᠦᠷᠢ ᠬᠢᠵᠤ ᠬᠦᠭᠵᠢᠬᠦ ᠶᠢ ᠦᠨᠳᠤᠰᠤᠨ ᠠᠴᠠ   ᠨᠢ ᠬᠤᠷᠢᠬᠯᠠᠨ᠎ᠠ᠃ ᠮᠦᠩᠬᠦᠨ ᠬᠦᠢᠯᠭᠡᠭᠡᠨ ᠤ ᠬᠦᠷᠢᠶ᠎ᠠ ᠴᠠᠷᠠᠭ᠎ᠠ ᠶᠢᠨ ᠬᠦᠳᠡᠯᠤᠩᠬᠦᠢ ᠪᠠᠶᠢᠳᠠᠯ ᠢ ᠨᠢᠬᠳᠠ ᠠᠩᠬᠠᠷᠴᠤ᠂  ᠮᠦᠩᠬᠦᠨ ᠬᠦᠢᠯᠭᠡᠭᠡᠨ ᠤ ᠰᠠᠮᠠᠭᠤᠨ ᠦᠵᠡᠭᠳᠡᠯ ᠢ ᠡᠷᠡᠰ ᠵᠠᠰᠠᠨ ᠴᠡᠭᠴᠡᠯᠡᠵᠤ᠂  ᠬᠠᠤᠯᠢ ᠪᠤᠰᠤ ᠪᠠᠷ ᠵᠤᠭᠤᠰ ᠴᠤᠬᠯᠠᠭᠤᠯᠬᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠤ᠂  ᠰᠢᠰᠲ᠋ᠧᠮᠳᠤ ᠴᠢᠨᠠᠷᠳᠠᠢ ᠮᠦᠩᠬᠦᠨ ᠬᠦᠢᠯᠭᠡᠭᠡᠨ ᠤ ᠠᠶᠤᠯ ᠳᠦᠭᠰᠢᠬᠦᠷᠢ ᠡᠬᠦᠰᠬᠦ ᠦᠭᠡᠢ ᠪᠠᠶᠢᠬᠤ ᠬᠤᠷᠢᠭ᠎ᠠ ᠱᠤᠭᠤᠮ ᠢ ᠰᠠᠬᠢᠨ᠎ᠠ᠃       ᠤᠨᠢᠨ ᠳᠡᠭᠡᠷ᠎ᠠ ᠨᠢ ᠶᠠᠳᠠᠭᠤ ᠶᠢ ᠳᠡᠳᠬᠦᠬᠦ ᠶᠢ ᠯᠠᠪᠳᠠᠭᠤᠨ ᠪᠠᠳᠤᠳᠠᠢ ᠰᠠᠶᠢᠳᠤᠷ ᠬᠢᠨ᠎ᠠ᠃ ᠮᠠᠨ ᠤ ᠳᠤᠭᠤᠷᠢᠭ ᠤᠨ ᠳᠠᠩᠰᠠ ᠡᠪᠭᠡᠮᠡᠯ ᠪᠠᠶᠢᠭᠤᠯᠤᠬᠰᠠᠨ ᠦᠭᠡᠢ ᠶᠠᠳᠠᠭᠤ ᠬᠦᠴᠢᠷᠳᠡᠯᠳᠡᠢ ᠡᠷᠤᠭᠡ ᠶᠢᠨ ᠪᠤᠳᠠᠳᠤ ᠪᠠᠶᠢᠳᠠᠯ  ᠠᠴᠠ ᠡᠬᠦᠰᠤᠨ᠂ ᠡᠨᠡ ᠵᠢᠯ ᠶᠠᠳᠠᠭᠤ ᠶᠢ ᠳᠡᠳᠬᠦᠬᠦ ᠠᠵᠢᠯ ᠤᠨ ᠭᠤᠤᠯᠳᠠᠯᠭ᠎ᠠ ᠶᠢ ᠰᠢᠯᠵᠢᠬᠦᠯᠦᠭᠰᠡᠨ ᠳᠠᠷᠢᠶᠠᠴᠢᠳ ᠪᠠ ᠳᠤᠤᠷ᠎ᠠ ᠤᠷᠤᠯᠭ᠎ᠠ ᠲᠠᠢ ᠬᠦᠮᠤᠰ ᠤᠨ ᠤᠷᠤᠯᠭ᠎ᠠ ᠶᠢ ᠨᠡᠮᠡᠭᠳᠡᠬᠦᠯᠵᠤ ᠴᠢᠨᠡᠭᠡᠯᠢᠭᠵᠢᠬᠦᠯᠬᠦ ᠳᠡᠭᠡᠷ᠎ᠠ ᠳᠠᠯᠪᠢᠵᠤ᠂  ᠦᠨᠳᠤᠰᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠵᠤ᠂  ᠦᠷᠬᠦᠯᠵᠢᠯᠡᠭᠰᠡᠨ ᠬᠦᠭᠵᠢᠯᠳᠡ ᠶᠢᠨ ᠠᠰᠠᠭᠤᠳᠠᠯ ᠢ ᠰᠢᠢᠳᠪᠤᠷᠢᠯᠡᠨ᠂  ᠨᠢᠭᠡ ᠬᠦᠮᠤᠨ ᠢ ᠴᠤ ᠭᠡᠳ ᠴᠢᠨᠡᠭᠡᠯᠢᠭ ᠨᠡᠶᠢᠭᠡᠮ ᠤᠨ ᠵᠠᠮ ᠳᠡᠭᠡᠷ᠎ᠠ ᠡᠩᠨᠡᠭᠡᠨ ᠠᠴᠠ   ᠨᠢ ᠬᠤᠴᠤᠷᠤᠭᠤᠯᠬᠤ ᠦᠭᠡᠢ᠃ ᠬᠦᠳᠡᠭᠡ ᠳᠤᠰᠬᠤᠨ ᠳᠤ ᠦᠯᠡᠳᠡᠭᠰᠡᠨ 16 ᠡᠷᠤᠭᠡ ᠳᠤ ︽ᠬᠤᠳᠠ ᠳᠤ ᠤᠷᠤᠬᠤ︾ ᠨᠦᠬᠦᠴᠡᠯ ᠢ ᠪᠦᠷᠢᠯᠳᠦᠬᠦᠯᠤᠨ᠂ ᠰᠢᠯᠵᠢᠬᠦᠯᠵᠤ ᠳᠤᠬᠢᠷᠠᠭᠤᠯᠤᠬᠰᠠᠨ ᠤ ᠳᠠᠷᠠᠭᠠᠬᠢ ︽ᠠᠵᠢᠯ ᠤᠯᠭᠤᠬᠤ ᠳᠤ ᠬᠦᠴᠢᠷ ︾ ︽ᠠᠮᠢᠳᠤᠷᠠᠬᠤ ᠳᠤ ᠬᠦᠴᠢᠷ︾ ᠵᠡᠷᠭᠡ ᠳᠠᠷᠤᠭᠠᠰᠤ ᠶᠢ ᠨᠢ ᠤᠯᠠᠨ ᠠᠷᠭ᠎ᠠ ᠵᠠᠮ ᠢᠶᠠᠷ ᠰᠢᠢᠳᠪᠤᠷᠢᠯᠡᠨ᠎ᠠ᠃ ᠰᠢᠨ᠎ᠠ ᠨᠢᠭᠡ ᠡᠭᠡᠯᠵᠢ ᠶᠢᠨ ᠤᠶᠢᠯᠡᠰ ᠪᠦᠳᠤᠭᠡᠵᠤ ᠠᠵᠢᠯ ᠤᠯᠭᠤᠬᠤ ᠠᠵᠢᠯᠯᠠᠭᠠᠨ ᠤ ᠳᠦᠯᠦᠪᠯᠡᠭᠡ ᠶᠢ ᠡᠬᠢᠯᠡᠨ ᠭᠡᠷᠡᠭᠵᠢᠬᠦᠯᠵᠤ᠂ ︽ᠪᠤᠯᠪᠠᠰᠤᠷᠠᠯ + ᠠᠵᠢᠯ ᠤᠯᠭᠤᠯᠳᠠ + ᠨᠡᠶᠢᠭᠡᠮ ᠤᠨ ᠳᠠᠭᠠᠳᠬᠠᠯ︾ ᠳᠤ ᠤᠷᠤᠯᠴᠠᠭᠤᠯᠬᠤ ᠨᠢᠭᠡ ᠪᠦᠯᠦᠭ ᠬᠠᠪᠰᠤᠷᠤᠨ ᠳᠡᠳᠬᠦᠬᠦ ᠳᠦᠰᠤᠯ ᠢ ᠳᠤᠬᠳᠠᠭᠠᠨ᠂ ︽ᠠᠵᠢᠯ ᠲᠠᠢ ᠬᠦᠮᠤᠨ ᠦᠭᠡᠢ︾ ᠭᠡᠷ ᠪᠦᠯᠢ ᠶᠢ ᠦᠭᠡᠢ ᠪᠤᠯᠭᠠᠬᠤ ᠶᠢ ᠪᠡᠶᠡᠯᠡᠬᠦᠯᠵᠤ᠂ ᠰᠢᠯᠵᠢᠬᠦᠯᠦᠭᠰᠡᠨ ᠮᠠᠯᠴᠢᠨ ᠳᠠᠷᠢᠶᠠᠴᠢᠳ ᠪᠠ ᠳᠤᠤᠷ᠎ᠠ ᠤᠷᠤᠯᠭ᠎ᠠ ᠲᠠᠢ ᠬᠦᠮᠤᠰ  ᠤᠨ ᠬᠦᠳᠡᠯᠮᠤᠷᠢ ᠬᠦᠴᠤᠨ ᠤ ᠤᠷᠤᠯᠭ᠎ᠠ ᠪᠠ ᠡᠳ᠋ ᠬᠦᠷᠦᠩᠭᠡ ᠶᠢᠨ ᠴᠢᠨᠠᠷᠳᠠᠢ ᠤᠷᠤᠯᠭ᠎ᠠ ᠶᠢ ᠳᠤᠬᠳᠠᠭᠤᠨ ᠢᠶᠠᠷ ᠨᠡᠮᠡᠭᠳᠡᠬᠦᠯᠬᠦ ᠶᠢ ᠠᠬᠢᠭᠤᠯᠤᠨ᠎ᠠ᠃ ᠵᠠᠰᠠᠭ ᠤᠨ ᠤᠷᠳᠤᠨ᠂  ᠠᠵᠤ ᠠᠬᠤᠶᠢᠯᠠᠯ ᠪᠠ ᠨᠡᠶᠢᠭᠡᠮ ᠤᠨ ᠵᠤᠬᠢᠶᠠᠨ ᠪᠠᠶᠢᠭᠤᠯᠤᠯᠳᠠ ᠶᠢᠨ ᠶᠠᠳᠠᠭᠤ ᠶᠢ ᠳᠡᠳᠬᠦᠵᠤ ᠬᠦᠴᠢᠷᠳᠡᠯ ᠲᠠᠢ ᠶᠢ ᠬᠠᠪᠰᠤᠷᠤᠬᠤ ᠬᠠᠮᠳᠤᠷᠠᠯ ᠬᠦᠴᠤᠨ ᠢ ᠳᠦᠷᠭᠡᠨ ᠪᠦᠷᠢᠯᠳᠦᠬᠦᠯᠵᠤ᠂ ᠬᠦᠨᠳᠤ ᠡᠪᠡᠳᠴᠢᠨ ᠲᠠᠢ᠂  ᠭᠤᠤᠨᠢ ᠭᠠᠭᠴᠠ᠂  ᠦᠷ᠎ᠠ ᠬᠡᠤᠬᠡᠳ ᠦᠭᠡᠢ ᠵᠡᠷᠭᠡ ᠤᠨᠴᠠ ᠬᠦᠴᠢᠷᠳᠡᠯ ᠲᠠᠢ ᠭᠡᠷ ᠪᠦᠯᠢ ᠳᠤ ᠴᠢᠭᠯᠡᠬᠦᠯᠤᠨ᠂ ᠳᠤᠬᠳᠠᠪᠤᠷᠢᠳᠠᠢ ᠦᠷᠬᠦᠯᠵᠢᠯᠡᠬᠦ ᠴᠢᠨᠠᠷᠳᠠᠢ ᠠᠪᠤᠷᠠᠨ ᠳᠤᠰᠠᠯᠠᠬᠤ ᠳᠤᠬᠳᠠᠴᠠ ᠶᠢ ᠪᠠᠶᠢᠭᠤᠯᠤᠨ᠂ ᠤᠨᠢᠨ ᠳᠡᠭᠡᠷ᠎ᠠ ᠨᠢ ᠬᠠᠪᠰᠤᠷᠤᠨ ᠤᠭ ᠦᠨᠳᠤᠰᠤᠨ ᠠᠴᠠ ᠨᠢ ᠳᠡᠳᠬᠦᠬᠦ ᠶᠢ ᠪᠠᠳᠤᠯᠠᠨ᠎ᠠ᠃ ᠬᠤᠳᠠ ᠬᠦᠳᠡᠭᠡ ᠶᠢ ᠨᠢᠭᠡᠳᠤᠯᠳᠡᠢ ᠳᠦᠯᠦᠪᠵᠢᠬᠦᠯᠦᠭᠰᠡᠨ ᠬᠦᠷᠢᠶᠡᠯᠡᠩ ᠳᠤᠭᠤᠷᠢᠭ ᠤᠨ ᠬᠦᠭᠵᠢᠯᠳᠡ  ᠶᠢ ᠳᠦᠷᠭᠡᠳᠭᠡᠨ᠂ ᠠᠵᠤ ᠤᠶᠢᠯᠡᠰ ᠤᠨ ᠬᠦᠭᠵᠢᠯᠳᠡ ᠶᠢ ᠠᠬᠢᠭᠤᠯᠵᠤ᠂ ᠬᠤᠳᠠ ᠶᠢᠨ ᠴᠢᠳᠠᠪᠬᠢ ᠶᠢ ᠳᠡᠬᠦᠯᠳᠡᠷᠵᠢᠬᠦᠯᠤᠨ᠂ ᠬᠦᠮᠤᠨ ᠠᠷᠠᠳ ᠤᠨ ᠤᠷᠤᠰᠢᠨ ᠰᠠᠭᠤᠷᠢᠰᠢᠬᠤ ᠤᠷᠴᠢᠨ ᠳᠤᠭᠤᠷᠢᠨ ᠢ ᠭᠤᠶᠤᠵᠢᠭᠤᠯᠵᠤ᠂ ᠭᠤᠤᠯᠳᠠᠯᠭᠠᠳᠤ ᠬᠤᠳᠠ ᠶᠢᠨ ᠳᠤᠭᠤᠷᠢᠭ ᠤᠨ ᠪᠦᠳᠤᠭᠡᠨ ᠪᠠᠶᠢᠭᠤᠯᠤᠯᠳᠠ ᠲᠠᠢ ᠵᠡᠷᠭᠡᠪᠡᠷ ᠶᠠᠪᠤᠬᠳᠠᠭᠤᠯᠵᠤ᠂ ᠬᠦᠭᠵᠢᠯᠳᠡ ᠶᠢ ᠨᠢ ᠠᠬᠢᠭᠤᠯᠤᠯᠴᠠᠨ᠂ ᠵᠤᠬᠢᠴᠠᠩᠭᠤᠢ ᠪᠠᠷ ᠬᠠᠮᠳᠤᠪᠠᠷ ᠤᠷᠤᠬᠰᠢᠯᠠᠬᠤ ᠶᠢ ᠠᠬᠢᠭᠤᠯᠤᠨ᠎ᠠ᠃       ᠠᠮᠢ ᠠᠬᠤᠢ ᠤᠷᠴᠢᠨ ᠳᠤᠭᠤᠷᠢᠨ ᠤ ᠬᠠᠮᠠᠭᠠᠯᠠᠯᠳᠠ ᠶᠢ ᠴᠢᠩᠭᠠᠳᠬᠠᠨ᠎ᠠ᠃ ᠰᠢ ᠶᠢᠨ ᠫᠢᠩ ᠶᠡᠷᠦᠩᠭᠡᠢ ᠱᠦᠵᠢ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭ᠎ᠠ ᠶᠢᠨ ᠬᠤᠷᠠᠯ ᠳᠡᠭᠡᠷ᠎ᠠ ᠦᠪᠤᠷ ᠮᠤᠩᠭᠤᠯ ᠤᠨ ᠳᠦᠯᠦᠭᠡᠯᠡᠭᠴᠢᠳ ᠤᠨ ᠪᠦᠯᠬᠦᠮ  ᠤᠨ ᠬᠢᠨᠡᠨ ᠵᠦᠪᠯᠡᠬᠦ ᠳᠤ ᠤᠷᠤᠯᠴᠠᠬᠤ ᠦᠶᠡᠰ ᠤᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠪᠠ ︽ᠳᠦᠷᠪᠡᠨ ᠨᠢᠭᠡ  ︾ ᠶᠢᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠪᠦᠬᠦ ᠳᠠᠯ᠎ᠠ ᠪᠠᠷ ᠳᠤᠤᠱᠯᠠᠭᠤᠯᠤᠨ᠂ ᠠᠮᠢ ᠠᠬᠤᠢ ᠶᠢᠨ ᠪᠤᠯᠪᠠᠰᠤᠨ ᠤ ᠪᠦᠳᠤᠭᠡᠨ ᠪᠠᠶᠢᠭᠤᠯᠤᠯᠳᠠ ᠶᠢ ᠴᠢᠩᠭᠠᠳᠬᠠᠬᠤ ᠪᠠᠶᠢᠯᠳᠤᠬᠤ ᠪᠤᠳᠤᠯᠭ᠎ᠠ ᠶᠢᠨ ᠳᠤᠬᠳᠠᠯ ᠬᠦᠴᠤ ᠶᠢ ᠴᠠᠭ ᠦᠷᠬᠦᠯᠵᠢ ᠪᠠᠳᠤᠯᠠᠨ᠂ ᠠᠮᠢ ᠠᠬᠤᠢ ᠶᠢ ᠤᠷᠢᠳᠠᠪᠠᠷ ᠴᠢᠬᠤᠯᠠᠴᠢᠯᠠᠬᠰᠠᠨ᠂  ᠪᠤᠬᠢᠷᠳᠤᠯ ᠦᠭᠡᠢ ᠬᠦᠭᠵᠢᠯᠳᠡ  ᠪᠠᠷ ᠤᠳᠤᠷᠢᠳᠤᠮᠵᠢ ᠪᠤᠯᠭᠠᠬᠰᠠᠨ ᠴᠢᠨᠠᠷ ᠰᠠᠶᠢᠳᠠᠢ ᠬᠦᠭᠵᠢᠯᠳᠡ ᠶᠢᠨ ᠰᠢᠨ᠎ᠠ ᠵᠠᠮ ᠢ ᠡᠷᠢᠯᠬᠢᠯᠡᠵᠤ᠂ ᠠᠮᠢ ᠠᠬᠤᠢ  ᠶᠢᠨ ᠰᠢᠰᠲ᠋ᠧᠮ ᠢ ᠬᠠᠮᠠᠭᠠᠯᠠᠬᠤ ᠬᠦᠴᠤᠯᠡᠴᠡ ᠪᠠᠨ ᠨᠡᠮᠡᠭᠳᠡᠬᠦᠯᠤᠨ᠂ ᠪᠤᠬᠢᠷᠳᠤᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠢ ᠰᠠᠶᠢᠳᠤᠷ ᠬᠢᠵᠤ᠂ ᠬᠢᠶ᠎ᠠ ᠪᠠᠭᠰᠢ ᠶᠢᠨ ᠬᠦᠭᠡ ᠤᠬᠳᠠᠷᠭᠤᠢ ᠴᠠᠭᠠᠨ ᠡᠬᠦᠯᠡ ᠪᠠ ᠴᠡᠩᠭᠡᠭ ᠤᠰᠤ  ᠬᠦᠬᠡᠮᠳᠦᠭ ᠠᠭᠤᠯᠠ ᠶᠢ ᠪᠠᠳᠤ ᠬᠠᠮᠠᠭᠠᠯᠠᠨ᠎ᠠ᠃ ᠬᠤᠳᠠ᠂  ᠤᠢ ᠰᠢᠭᠤᠢ᠂  ᠨᠤᠭᠤ ᠭᠠᠵᠠᠷ᠂  ᠰᠠᠪᠠ ᠭᠠᠵᠠᠷ᠂  ᠳᠠᠷᠢᠶᠠᠨ ᠭᠠᠵᠠᠷ ᠵᠡᠷᠭᠡ ᠳᠠᠪᠤᠨ ᠠᠮᠢ ᠠᠬᠤᠢ ᠶᠢᠨ ᠰᠢᠰᠲ᠋ᠧᠮ ᠤᠨ ᠪᠦᠳᠤᠭᠡᠨ ᠪᠠᠶᠢᠭᠤᠯᠤᠯᠳᠠ ᠶᠢ ᠳᠦᠷᠭᠡᠳᠭᠡᠵᠤ᠂ ᠠᠭᠤᠯᠠ ᠤᠰᠤ ᠤᠢ ᠰᠢᠭᠤᠢ ᠳᠠᠷᠢᠶᠠᠨ ᠭᠠᠵᠠᠷ ᠨᠠᠭᠤᠷ ᠴᠦᠬᠦᠷᠤᠮ ᠨᠤᠳᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠳᠠ ᠪᠠ ᠰᠡᠷᠬᠦᠯᠳᠡ ᠶᠢ ᠪᠦᠬᠦ ᠳᠠᠯ᠎ᠠ ᠪᠠᠷ ᠠᠬᠢᠭᠤᠯᠤᠨ᠎ᠠ᠃ ᠤᠯᠤᠰ ᠤᠨ ᠭᠠᠵᠠᠷ ᠰᠢᠷᠤᠢ ᠶᠢ ᠨᠤᠭᠤᠭᠠᠷᠠᠭᠤᠯᠬᠤ ᠠᠵᠢᠯᠯᠠᠭ᠎ᠠ ᠶᠢ ᠦᠷᠨᠢᠬᠦᠯᠵᠤ᠂ 1 ᠳᠦᠮᠡᠨ ᠮᠤ᠋ ᠤᠶᠢᠵᠢᠭᠤᠯᠤᠯᠳᠠ ᠬᠢᠵᠤ᠂ ᠬᠤᠳᠠ ᠳᠤᠭᠤᠷᠢᠬᠰᠠᠨ ᠠᠮᠢ ᠠᠬᠤᠢ ᠶᠢᠨ ᠬᠠᠯᠬᠠᠪᠴᠢ ᠶᠢ ᠪᠦᠷᠢᠯᠳᠦᠬᠦᠯᠤᠨ᠎ᠠ᠃ ᠭᠤᠤᠯ ᠤᠨ ᠠᠬᠠᠯᠠᠬᠴᠢ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂  ᠭᠤᠤᠯᠳᠠᠯᠭ᠎ᠠ ᠲᠠᠢ ᠰᠠᠪᠠ ᠭᠠᠵᠠᠷ᠂  ᠠᠮᠢ ᠠᠬᠤᠢ ᠶᠢᠨ ᠤᠰᠤᠨ ᠰᠢᠰᠲ᠋ᠧᠮ ᠵᠢᠴᠢ ᠬᠤᠳᠠ ᠶᠢᠨ ᠭᠤᠤᠯ ᠤᠨ ᠤᠷᠤᠰᠬᠠᠯ ᠢ ᠵᠠᠰᠠᠬᠤ ᠶᠢ ᠴᠢᠩᠭᠠᠳᠬᠠᠵᠤ᠂ ᠤᠯᠠᠭᠠᠨᠮᠦ᠋ᠷᠡᠨ ᠤ ᠦᠵᠡᠮᠵᠢ ᠶᠢᠨ ᠭᠤᠤᠯ ᠤᠨ ᠤᠰᠤᠨ ᠤ ᠴᠢᠨᠠᠷ ᠢ ᠰᠠᠶᠢᠵᠢᠷᠠᠭᠤᠯᠬᠤ ᠶᠢ ᠦᠷᠬᠦᠯᠵᠢᠯᠡᠨ ᠠᠬᠢᠭᠤᠯᠤᠨ᠎ᠠ᠃ ᠤᠷᠴᠢᠨ ᠳᠤᠭᠤᠷᠢᠨ ᠤ ᠬᠠᠮᠠᠭᠠᠯᠠᠯᠳᠠ ᠶᠢᠨ ᠡᠯ᠎ᠠ ᠳᠦᠷᠤᠯ ᠤᠨ ᠬᠢᠵᠠᠭᠠᠷᠯᠠᠬᠤ ᠴᠢᠨᠠᠷᠳᠠᠢ ᠵᠢᠭᠠᠯᠳᠠ ᠳᠤᠭ᠎ᠠ ᠶᠢᠨ ᠡᠬᠦᠷᠭᠡ ᠶᠢ ᠪᠡᠶᠡᠯᠡᠬᠦᠯᠵᠤ᠂ ᠠᠭᠠᠷ ᠮᠠᠨᠳᠠᠯ ᠤᠨ ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯ ᠢ ᠰᠠᠶᠢᠳᠤᠷ ᠬᠢᠵᠤ᠂ ᠬᠤᠳᠠ ᠶᠢᠨ ᠠᠭᠠᠷ ᠤᠨ ᠴᠢᠨᠠᠷ ᠰᠠᠶᠢᠵᠢᠷᠠᠬᠰᠠᠨ ᠡᠳᠤᠷ ᠤᠨ ᠳᠤᠭ᠎ᠠ ᠶᠢ  ᠦᠷᠬᠦᠯᠵᠢᠯᠡᠨ ᠨᠡᠮᠡᠭᠳᠡᠬᠦᠯᠤᠨ᠎ᠠ᠃       ︵ᠬᠤᠶᠠᠷ︶ ᠪᠦᠳᠤᠮᠵᠢᠳᠡᠢ ᠪᠡᠯᠡ ᠤᠷᠤᠭᠤᠯᠤᠯᠳᠠ ᠶᠢ ᠡᠷᠴᠢᠮᠳᠡᠢ ᠦᠷᠭᠡᠳᠭᠡᠨ᠂ ᠴᠢᠨᠠᠷ ᠰᠠᠶᠢᠳᠠᠢ ᠬᠦᠭᠵᠢᠯᠳᠡ ᠶᠢᠨ ᠰᠠᠭᠤᠷᠢ ᠶᠢ ᠪᠠᠳᠤᠳᠬᠠᠨ᠎ᠠ᠃ ᠳᠦᠷᠤᠯ ᠵᠤᠶᠢᠯ ᠢ ᠠᠳᠬᠤᠬᠤ ᠪᠤᠯ ᠬᠦᠭᠵᠢᠯᠳᠡ ᠶᠢ ᠠᠳᠬᠤᠵᠤ ᠪᠠᠶᠢᠭ᠎ᠠ ᠶᠠᠪᠤᠳᠠᠯ ᠮᠦᠨ ᠭᠡᠬᠦ ᠤᠶᠢᠯᠠᠭᠠᠬᠳᠠᠬᠤᠨ ᠢ ᠪᠠᠷᠢᠮᠳᠠᠯᠠᠨ᠂ ᠳᠦᠷᠤᠯ ᠵᠤᠶᠢᠯ ᠤᠨ ᠪᠦᠳᠤᠭᠡᠨ ᠪᠠᠶᠢᠭᠤᠯᠤᠯᠳᠠ ᠪᠠ ᠠᠷᠠᠯᠵᠢᠶᠠᠴᠢᠨ ᠤᠷᠢᠵᠤ ᠪᠡᠯᠡ ᠳᠠᠳᠠᠬᠤ ᠶᠢ ᠠᠵᠤ ᠠᠬᠤᠢ ᠶᠢᠨ ᠠᠵᠢᠯ ᠤᠨ ᠳᠡᠷᠢᠬᠦᠨ ᠴᠢᠬᠤᠯᠠ ᠡᠬᠦᠷᠭᠡ ᠪᠤᠯᠭᠠᠨ᠂ ᠭᠤᠤᠯᠳᠠᠯᠭ᠎ᠠ ᠲᠠᠢ ᠳᠦᠷᠤᠯ ᠵᠤᠶᠢᠯ ᠤᠨ ᠵᠢᠯ ᠤᠨ ᠳᠤᠳᠤᠷ᠎ᠠ ᠨᠢᠭᠡ ᠪᠦᠯᠦᠭ ᠢ ᠨᠢ ᠪᠠᠷᠢᠯᠭ᠎ᠠ ᠡᠬᠢᠯᠡᠬᠦᠯᠤᠨ᠂  ᠨᠢᠭᠡ ᠪᠦᠯᠦᠭ ᠢ ᠨᠢ ᠨᠤᠳᠤᠬᠰᠢᠭᠤᠯᠵᠤ᠂  ᠨᠢᠭᠡ ᠪᠦᠯᠦᠭ ᠢ ᠨᠢ ᠨᠦᠭᠡᠴᠡᠯᠡᠨ᠂ ᠬᠤᠶᠢᠰᠢᠳᠠ ᠶᠢᠨ ᠬᠦᠭᠵᠢᠯᠳᠡ ᠳᠤ ᠪᠠᠳᠤ ᠰᠠᠭᠤᠷᠢ ᠶᠢ ᠳᠠᠯᠪᠢᠨ᠎ᠠ᠃       ᠭᠤᠤᠯᠳᠠᠯᠭ᠎ᠠ ᠲᠠᠢ ᠳᠦᠷᠤᠯ ᠵᠤᠶᠢᠯ ᠤᠨ ᠪᠦᠳᠤᠭᠡᠨ ᠪᠠᠶᠢᠭᠤᠯᠤᠯᠳᠠ ᠶᠢ ᠠᠬᠢᠭᠤᠯᠤᠨ᠎ᠠ᠃ ᠪᠦᠬᠦ ᠵᠢᠯ ᠳᠤ ᠭᠤᠤᠯᠳᠠᠯᠭ᠎ᠠ ᠲᠠᠢ ᠳᠦᠷᠤᠯ ᠵᠤᠶᠢᠯ ᠢ 59  ᠳᠤᠬᠢᠷᠠᠭᠤᠯᠤᠨ᠂  ᠶᠡᠷᠦᠩᠭᠡᠢ ᠪᠡᠯᠡ ᠤᠷᠤᠭᠤᠯᠤᠯᠳᠠ ᠨᠢ 116.5 ᠳ᠋ᠦᠩᠰᠢᠭᠤᠷ ᠳᠦᠬᠦᠷᠢᠭ ᠪᠠᠶᠢᠵᠤ᠂  ᠵᠢᠯ ᠤᠨ ᠳᠤᠳᠤᠷ᠎ᠠ 14.8 ᠳ᠋ᠦᠩᠰᠢᠭᠤᠷ ᠳᠦᠬᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠬᠦᠯᠬᠦ ᠪᠠᠷ ᠳᠦᠯᠦᠪᠯᠡᠵᠤ ᠪᠤᠢ᠃ ᠭᠤᠤᠯᠳᠠᠯᠭ᠎ᠠ ᠲᠠᠢ ᠳᠦᠷᠤᠯ ᠵᠤᠶᠢᠯ ᠤᠨ ᠪᠦᠳᠤᠭᠡᠨ ᠪᠠᠶᠢᠭᠤᠯᠤᠯᠳᠠ ᠶᠢᠨ ᠠᠬᠢᠴᠠ ᠶᠢ ᠡᠷᠴᠢᠮᠳᠡᠢ ᠪᠠᠳᠤᠯᠠᠨ᠂ ᠯᠠᠩ ᠵᠢᠩ ᠳᠤᠮᠤ ᠪᠠᠭᠤᠳᠠᠯ ︵ᠬᠤᠶᠠᠳᠤᠭᠠᠷ ᠬᠤᠭᠤᠴᠠᠭ᠎ᠠ ︶᠂  ᠳᠠᠷᠢᠶᠠᠯᠠᠩ ᠤᠨ ᠶᠡᠷᠦᠩᠭᠡᠶᠢᠯᠡᠭᠰᠡᠨ ᠴᠤᠬᠴᠠ᠂ ᠨᠠᠢᠮᠠᠳᠤᠭᠠᠷ ᠪᠠᠭ᠎ᠠ ᠰᠤᠷᠭᠠᠭᠤᠯᠢ᠂  ᠶᠡᠷᠦᠩᠭᠡᠶᠢᠯᠡᠭᠰᠡᠨ ᠠᠰᠠᠷᠠᠮᠵᠢ ᠶᠢᠨ ᠳᠦᠪ᠂  ᠵᠠᠪᠰᠠᠷ ᠤᠨ ᠤᠰᠤ ᠶᠢ ᠶᠡᠷᠦᠩᠭᠡᠶᠢᠯᠡᠨ ᠠᠰᠢᠬᠯᠠᠬᠤ ᠪᠠᠷᠢᠯᠭ᠎ᠠ᠂ ᠱᠧᠨ ᠬᠤᠸᠠ ᠺᠠᠩ ᠴᠧᠩ ᠨᠡᠶᠢᠭᠡᠮ ᠳᠤᠭᠤᠷᠢᠭ ᠤᠨ ᠶᠡᠷᠦᠩᠭᠡᠶᠢᠯᠡᠭᠰᠡᠨ ᠤᠶᠢᠯᠡᠴᠢᠯᠡᠭᠡᠨ ᠤ ᠳᠦᠪ ᠵᠡᠷᠭᠡ ᠭᠤᠤᠯᠳᠠᠯᠭ᠎ᠠ ᠲᠠᠢ ᠳᠦᠷᠤᠯ ᠵᠤᠶᠢᠯ ᠤᠨ ᠪᠦᠳᠤᠭᠡᠨ ᠪᠠᠶᠢᠭᠤᠯᠤᠯᠳᠠ ᠶᠢᠨ ᠪᠠᠷᠢᠯᠭ᠎ᠠ ᠳᠠᠭᠤᠰᠴᠤ ᠠᠰᠢᠬᠯᠠᠯᠳᠠ ᠳᠤ ᠤᠷᠤᠬᠤ ᠶᠢ ᠪᠠᠳᠤᠯᠠᠨ᠂ ᠤᠯᠠᠭᠠᠨᠮᠦ᠋ᠷᠡᠨ ᠤ ᠭᠤᠷᠪᠠᠳᠤᠭᠠᠷ ᠬᠦᠬᠦᠷᠭᠡ᠂  ᠱᠧᠩ ᠯᠢ ᠳᠤᠮᠤ ᠪᠠᠭᠤᠳᠠᠯ᠂  ᠰᠢᠨ ᠴᠧᠩ ᠡᠤ ᠶᠤᠸᠠᠢ ᠠᠭᠤᠳᠠᠮ ᠳᠠᠯᠠᠪᠠᠢ᠂  ᠮᠤᠩᠭᠤᠯ ᠦᠨᠳᠤᠰᠤᠳᠡᠨ ᠤ ᠰᠤᠷᠭᠠᠭᠤᠯᠢ᠂ ᠠᠵᠢᠯᠴᠢᠨ ᠤ ᠰᠤᠶᠤᠯ ᠤᠨ ᠤᠷᠳᠤᠨ᠂  ᠨᠠᠮ ᠤᠨ ᠪᠠᠶᠢᠭᠤᠯᠤᠯᠳᠠ ᠶᠢᠨ ᠠᠮᠢᠳᠤᠷᠠᠯ ᠤᠨ ᠤᠷᠳᠤᠨ ᠵᠡᠷᠭᠡ ᠭᠤᠤᠯᠳᠠᠯᠭ᠎ᠠ ᠲᠠᠢ ᠳᠦᠷᠤᠯ ᠵᠤᠶᠢᠯ ᠤᠨ ᠵᠢᠯ ᠤᠨ ᠪᠡᠯᠡ ᠤᠷᠤᠭᠤᠯᠬᠤ ᠳᠦᠯᠦᠪᠯᠡᠭᠡ ᠶᠢ ᠪᠡᠶᠡᠯᠡᠬᠦᠯᠤᠨ᠎ᠠ᠃       ᠠᠷᠠᠯᠵᠢᠶᠠᠴᠢᠨ ᠤᠷᠢᠵᠤ ᠪᠡᠯᠡ ᠳᠠᠳᠠᠬᠤ ᠠᠵᠢᠯ ᠢ ᠰᠠᠶᠢᠳᠤᠷ ᠠᠳᠬᠤᠨ᠎ᠠ᠃ ᠠᠷᠠᠯᠵᠢᠶᠠᠴᠢᠨ ᠤᠷᠢᠵᠤ ᠪᠡᠯᠡ ᠳᠠᠳᠠᠬᠤ ᠠᠵᠢᠯ ᠢ ᠪᠦᠬᠦ ᠳᠤᠭᠤᠷᠢᠭ ᠤᠨ ︽ᠬᠦᠯᠭᠡ ᠰᠢᠳᠠᠷ᠎ᠠ︾  ᠪᠤᠯᠭᠠᠬᠤ ᠶᠢ ᠪᠠᠷᠢᠮᠳᠠᠯᠠᠨ᠂ ᠭᠤᠤᠯᠳᠠᠯᠭ᠎ᠠ ᠲᠠᠢ ᠠᠵᠤ ᠠᠬᠤᠶᠢᠯᠠᠯ ᠪᠠ ᠳᠦᠷᠤᠯ ᠵᠤᠶᠢᠯ ᠢ ᠬᠠᠮᠤᠭ ᠤᠨ ᠵᠠᠩᠬᠢᠯᠠᠭ᠎ᠠ ᠶᠢᠨ ᠨᠢᠭᠡ ᠠᠯᠬᠤᠮ ᠪᠤᠯᠭᠠᠵᠤ᠂ ᠠᠵᠤ ᠠᠬᠤᠢ ᠨᠡᠶᠢᠭᠡᠮ ᠤᠨ ᠬᠦᠭᠵᠢᠯᠳᠡ ᠶᠢ ᠳᠠᠶᠢᠴᠢᠯᠠᠬᠤ ᠠᠮᠢᠵᠢᠷᠠᠯ ᠤᠨ ᠬᠦᠴᠤᠨ ᠪᠤᠯᠭᠠᠵᠤ᠂  ᠨᠡᠶᠢᠭᠡᠮ ᠤᠨ ᠡᠯ᠎ᠡ ᠡᠳᠡᠭᠡᠳ  ᠤᠨ ᠪᠡᠯᠡ ᠤᠷᠤᠭᠤᠯᠬᠤ ᠬᠠᠯᠠᠭᠤᠨ ᠰᠡᠳᠬᠢᠯᠭᠡ ᠶᠢ ᠪᠦᠬᠦ ᠳᠠᠯ᠎ᠠ ᠪᠠᠷ ᠬᠦᠭᠵᠢᠭᠡᠨ᠎ᠠ᠃ ︽ᠶᠡᠭᠡ ᠶᠢ ᠠᠳᠬᠤᠨ ᠪᠠᠭ᠎ᠠ  ᠶᠢ ᠴᠤ ᠳᠠᠯᠪᠢᠬᠤ ᠦᠭᠡᠢ᠂ ᠬᠤᠯᠠ ᠶᠢ ᠬᠦᠭᠡᠭᠡᠴᠡᠯᠳᠦᠨ ᠤᠶᠢᠷ᠎ᠠ ᠶᠢ ᠴᠤ ᠬᠠᠶᠠᠬᠤ ᠦᠭᠡᠢ︾ ᠠᠷᠠᠯᠵᠢᠶᠠᠴᠢᠨ ᠤᠷᠢᠬᠤ ᠰᠡᠳᠬᠢᠴᠡ ᠶᠢ ᠪᠠᠷᠢᠮᠳᠠᠯᠠᠨ᠂ ᠰᠢᠯᠢᠳᠡᠭ᠂  ᠳᠤᠳᠠᠮᠠᠭ᠂  ᠰᠢᠨ᠎ᠠ ᠶᠢ ᠤᠷᠢᠬᠤ ᠳᠡᠭᠡᠷ᠎ᠠ ᠬᠦᠴᠤ ᠳᠠᠯᠪᠢᠵᠤ᠂ ᠤᠳᠤ ᠦᠶ᠎ᠠ ᠶᠢᠨ ᠤᠶᠢᠯᠡᠴᠢᠯᠡᠭᠡᠨ ᠤ ᠤᠶᠢᠯᠡᠰ᠂  ᠤᠳᠤ ᠦᠶ᠎ᠠ ᠶᠢᠨ ᠡᠨᠧᠷᠬᠢ ᠶᠢᠨ ᠠᠵᠤ ᠠᠬᠤᠢ᠂  ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠠ ᠪᠠᠷ ᠬᠦᠭᠵᠢᠵᠤ ᠪᠠᠶᠢᠭ᠎ᠠ ᠠᠵᠤ ᠤᠶᠢᠯᠡᠰ ᠵᠡᠷᠭᠡ ᠬᠦᠷᠢᠶ᠎ᠡ ᠴᠠᠷᠠᠭᠠᠨ ᠳᠠᠬᠢ ᠨᠢᠭᠡ ᠪᠦᠯᠦᠭ ᠬᠤᠪᠤᠷ ᠠᠵᠤ ᠠᠬᠤᠶᠢᠯᠠᠯ ᠪᠠ ᠰᠢᠯᠢᠳᠡᠭ ᠳᠦᠷᠤᠯ ᠵᠤᠶᠢᠯ ᠢ ᠳᠦᠷᠭᠡᠨ ᠤᠷᠤᠭᠤᠯᠤᠨ ᠠᠪᠴᠢᠷᠠᠵᠤ᠂ ᠪᠦᠬᠦ ᠵᠢᠯ ᠳᠤ ᠤᠷᠤᠭᠤᠯᠤᠨ ᠠᠪᠴᠢᠷᠠᠬᠤ ᠠᠵᠤ ᠠᠬᠤᠶᠢᠯᠠᠯ ᠪᠠ ᠳᠦᠷᠤᠯ ᠵᠤᠶᠢᠯ ᠢ 30 ᠠᠴᠠ ᠳᠤᠳᠠᠭᠤ ᠪᠠᠶᠢᠯᠭᠠᠬᠤ ᠦᠭᠡᠢ᠂ ᠤᠷᠤᠨᠵᠢᠭᠤᠯᠬᠤ ᠪᠡᠯᠡ ᠮᠦᠩᠬᠦ ᠶᠢ 15  ᠳ᠋ᠦᠩᠰᠢᠭᠤᠷ ᠳᠦᠬᠦᠷᠢᠭ ᠠᠴᠠ ᠳᠠᠪᠠᠭᠤᠯᠤᠨ᠎ᠠ᠃ ᠡᠬᠦᠳᠡᠨ  ᠠᠴᠠ ᠪᠠᠨ ᠭᠠᠷᠴᠤ ᠠᠷᠠᠯᠵᠢᠶᠠᠴᠢᠨ ᠤᠷᠢᠬᠤ ᠶᠢᠨ ᠳᠠᠭᠠᠤ᠂  ᠠᠵᠤ ᠠᠬᠤᠶᠢᠯᠠᠯ᠂  ᠠᠷᠠᠯᠵᠢᠶᠠᠴᠢᠨ᠂ ᠠᠶᠤᠯ ᠳᠦᠭᠰᠢᠬᠦᠷᠢ ᠶᠢ ᠳᠤᠰᠠᠯᠠᠬᠤ ᠳᠤ ᠪᠡᠯᠡ ᠤᠷᠤᠭᠤᠯᠬᠤ ᠺᠤᠮᠫᠠᠨᠢ ᠵᠢᠴᠢ ᠳᠤᠰᠬᠠᠢ ᠠᠷᠠᠯᠵᠢᠶᠠᠴᠢᠨ ᠤᠷᠢᠬᠤ ᠪᠠᠶᠢᠭᠤᠯᠤᠮᠵᠢ ᠶᠢ ᠤᠷᠢᠵᠤ ᠪᠤᠳᠠᠳᠤ ᠭᠠᠵᠠᠷ ᠲᠤᠨᠢ ᠪᠠᠶᠢᠴᠠᠭᠠᠯᠳᠠ ᠬᠢᠯᠭᠡᠨ᠂ ᠤᠯᠠᠷᠢᠯ ᠪᠤᠯᠭᠠᠨ ᠨᠢᠭᠡ ᠤᠳᠠᠭ᠎ᠠ ᠬᠤᠳᠠ ᠪᠠᠨ ᠳᠠᠨᠢᠯᠴᠠᠭᠤᠯᠬᠤ ᠪᠠ ᠠᠷᠠᠯᠵᠢᠶᠠᠴᠢᠨ ᠤᠷᠢᠬᠤ ᠳᠠᠨᠢᠯᠴᠠᠭᠤᠯᠭ᠎ᠠ ᠶᠢᠨ ᠠᠵᠢᠯᠯᠠᠭ᠎ᠠ ᠶᠢ ᠵᠤᠬᠢᠶᠠᠨ ᠪᠠᠶᠢᠭᠤᠯᠤᠨ᠎ᠠ᠃       ᠳᠦᠷᠤᠯ ᠵᠤᠶᠢᠯ ᠢ ᠠᠬᠢᠭᠤᠯᠬᠤ ᠬᠦᠴᠢᠷᠳᠡᠯ ᠢ ᠴᠢᠷᠮᠠᠶᠢᠨ ᠰᠢᠢᠳᠪᠤᠷᠢᠯᠡᠨ᠎ᠠ᠃ ᠭᠤᠤᠯᠳᠠᠯᠭ᠎ᠠ ᠲᠠᠢ ᠳᠦᠷᠤᠯ ᠵᠤᠶᠢᠯ ᠢ ᠳᠤᠬᠳᠠᠮᠠᠯ ᠬᠤᠭᠤᠴᠠᠭ᠎ᠠ ᠲᠠᠢ ᠪᠠᠷ ᠳᠤᠬᠢᠷᠠᠭᠤᠯᠬᠤ ᠪᠠ ᠬᠠᠷᠢᠭᠤᠴᠠᠯᠭ᠎ᠠ ᠨᠡᠭᠡᠮᠵᠢᠯᠡᠵᠤ ᠦᠷ᠎ᠠ ᠪᠦᠳᠤᠮᠵᠢ  ᠶᠢ ᠴᠢᠬᠤᠯᠠᠴᠢᠯᠠᠬᠤ ᠳᠤᠬᠳᠠᠴᠠ ᠶᠢ ᠪᠠᠶᠢᠭᠤᠯᠵᠤ᠂ ︽ᠨᠢᠭᠡ ᠭᠠᠷᠠᠭ ᠲᠤ ᠨᠢᠭᠡ ᠤᠳᠠᠭ᠎ᠠ ᠳᠤᠬᠢᠷᠠᠭᠤᠯᠤᠯᠳᠠ ᠬᠢᠵᠤ᠂  ᠬᠠᠭᠠᠰ ᠰᠠᠷ᠎ᠠ ᠳᠤ ᠨᠢᠭᠡ ᠤᠳᠠᠭ᠎ᠠ ᠳ᠋ᠦᠩᠨᠡᠯᠳᠡ ᠬᠢᠬᠦ︾ ᠶᠢ ᠪᠠᠷᠢᠮᠳᠠᠯᠠᠨ᠂ ᠫᠠᠶᠢᠰᠠ ᠡᠯᠬᠦᠨ ᠱᠠᠯᠠᠪᠳᠠᠭᠤᠯᠤᠨ ᠠᠯᠪᠠᠯᠠᠬᠤ᠂ ᠠᠬᠤᠢ ᠳᠠᠯᠠᠪᠠᠢ ᠳᠤ ᠠᠯᠪᠠᠯᠠᠬᠤ᠂  ︽ᠨᠢᠭᠡ ᠶᠠᠪᠤᠳᠠᠯ ᠢ ᠨᠢᠭᠡ ᠨᠢᠭᠡ ᠪᠠᠷ ᠵᠦᠪᠯᠡᠬᠦ︾ ᠵᠡᠷᠭᠡ ᠠᠷᠭ᠎ᠠ ᠭᠡᠯᠪᠡᠷᠢ ᠶᠢ ᠠᠪᠬᠤ ᠪᠠᠷ ᠳᠠᠮᠵᠢᠨ᠂ ᠳᠦᠷᠤᠯ ᠵᠤᠶᠢᠯ ᠤᠨ ᠪᠦᠳᠤᠭᠡᠨ ᠪᠠᠶᠢᠭᠤᠯᠤᠯᠳᠠ ᠶᠢᠨ ᠠᠬᠢᠴᠠ ᠶᠢ ᠪᠦᠬᠦ ᠳᠠᠯ᠎ᠠ  ᠪᠠᠷ ᠳᠦᠷᠭᠡᠳᠭᠡᠨ᠎ᠠ᠃ ᠳᠦᠷᠤᠯ ᠵᠤᠶᠢᠯ ᠢ ᠵᠦᠪᠰᠢᠶᠡᠷᠡᠬᠦᠯᠬᠦ ᠴᠠᠭ ᠤᠨ ᠬᠢᠵᠠᠭᠠᠷᠯᠠᠯ ᠢ ᠶᠡᠭᠡ ᠪᠠᠷ ᠪᠠᠭᠠᠰᠬᠠᠨ᠂ ᠰᠦᠯᠵᠢᠶᠡᠨ ᠳᠡᠭᠡᠷ᠎ᠠ ᠳᠦᠪᠯᠡᠷᠡᠬᠦᠯᠤᠨ ᠵᠦᠪᠰᠢᠶᠡᠷᠡᠬᠦᠯᠬᠦ ᠪᠠ ᠤᠯᠠᠨ ᠵᠢᠷᠤᠭ ᠳᠦᠯᠦᠪᠯᠡᠭᠡ ᠶᠢ ᠬᠤᠯᠪᠤᠭᠠᠯᠠᠨ ᠵᠦᠪᠰᠢᠶᠡᠷᠡᠬᠦᠯᠬᠦ ᠳᠤᠬᠳᠠᠴᠠ ᠶᠢ ᠪᠦᠬᠦ ᠳᠠᠯ᠎ᠠ ᠪᠠᠷ ᠳᠡᠯᠭᠡᠷᠡᠬᠦᠯᠵᠤ᠂ ᠵᠡᠷᠭᠡᠪᠡᠷ ᠬᠤᠯᠪᠤᠭᠠᠯᠠᠨ ᠵᠦᠪᠰᠢᠶᠡᠷᠡᠬᠦᠯᠬᠦ ᠪᠠ ᠰᠡᠬᠦᠯᠡᠷᠬᠢ ᠳᠤᠳᠠᠭᠤᠳᠠᠯ ᠢ ᠵᠦᠪᠰᠢᠶᠡᠷᠡᠨ᠂ ᠳᠦᠷᠤᠯ ᠵᠤᠶᠢᠯ ᠢ ᠪᠠᠶᠢᠭᠤᠯᠬᠤ ᠠᠴᠠ  ᠠᠪᠤᠭᠠᠳ ᠪᠠᠷᠢᠯᠭ᠎ᠠ ᠳᠠᠭᠤᠰᠬᠠᠵᠤ ᠰᠢᠯᠭᠠᠨ ᠬᠤᠷᠢᠶᠠᠯᠳᠠ ᠶᠢ ᠦᠩᠭᠡᠷᠡᠭᠡᠬᠦ ᠪᠦᠬᠦ ᠳᠡᠰ ᠳᠠᠷᠠᠭᠠᠯᠠᠯ ᠤᠨ ᠬᠢᠨᠠᠨ ᠵᠦᠪᠰᠢᠶᠡᠷᠡᠬᠦ ᠴᠠᠭ ᠬᠤᠭᠤᠴᠠᠭ᠎ᠠ ᠶᠢ ᠪᠠᠭᠠᠰᠬᠠᠭᠠᠳ 100  ᠠᠵᠢᠯᠯᠠᠬᠤ ᠡᠳᠤᠷ ᠳᠤᠳᠤᠷ᠎ᠠ ᠪᠠᠶᠢᠯᠭᠠᠵᠤ᠂ ᠳᠤᠭᠤᠷᠢᠭ ᠤᠨ ᠳᠤᠰ ᠱᠠᠳᠤᠨ ᠤ ᠡᠩ ᠤᠨ ᠴᠢᠨᠠᠷᠳᠠᠢ ᠬᠢᠨᠠᠨ ᠵᠦᠪᠰᠢᠶᠡᠷᠡᠬᠦᠯᠬᠦ ᠤᠴᠢᠷ ᠶᠠᠪᠤᠳᠠᠯ ᠢ ᠬᠦᠢᠴᠡᠳᠭᠡᠬᠦ ᠴᠠᠭ ᠤᠨ ᠬᠢᠵᠠᠭᠠᠷᠯᠠᠯ ᠢ 3 ᠠᠵᠢᠯᠯᠠᠬᠤ ᠡᠳᠤᠷ ᠳᠤᠳᠤᠷ᠎ᠠ ᠪᠤᠯᠭᠠᠨ᠎ᠠ᠃ ᠬᠦᠭᠵᠢᠯᠳᠡ ᠶᠢᠨ ᠠᠵᠠ ᠳᠤᠬᠢᠶᠠᠯ ᠢ ᠠᠯᠬᠤᠮ ᠳᠠᠷᠠᠭ᠎ᠠ ᠲᠠᠢ ᠶᠠᠪᠤᠬᠳᠠᠭᠤᠯᠬᠤ ᠳᠤᠮᠳᠠ ᠠᠯᠳᠠᠵᠤ ᠶᠠᠪᠤᠭᠤᠯᠵᠤ ᠪᠤᠯᠬᠤ ᠦᠭᠡᠢ᠂  ᠭᠤᠤᠯᠳᠠᠯᠭ᠎ᠠ ᠲᠠᠢ ᠳᠦᠷᠤᠯ ᠵᠤᠶᠢᠯ ᠢ ᠳᠦᠯᠬᠢᠯᠴᠡᠵᠤ ᠳᠠᠳᠠᠯᠴᠠᠬᠤ ᠳᠤᠮᠳᠠ ᠭᠤᠭᠤᠵᠢᠬᠳᠠᠭᠤᠯᠵᠤ ᠪᠤᠯᠬᠤ ᠦᠭᠡᠢ᠃       ︵ᠭᠤᠷᠪᠠ︶ ᠭᠡᠷᠡᠭᠯᠡᠭᠡᠨ ᠤ ᠲᠠᠯᠳᠠ ᠬᠦᠴᠤᠨ ᠢ ᠬᠦᠴᠤᠯᠡᠨ ᠬᠦᠭᠵᠢᠭᠡᠵᠤ᠂ ᠴᠢᠨᠠᠷ ᠰᠠᠶᠢᠳᠠᠢ ᠬᠦᠭᠵᠢᠯᠳᠡ  ᠶᠢᠨ ᠨᠦᠬᠡᠴᠡ ᠬᠦᠴᠤᠨ ᠢ ᠨᠡᠮᠡᠭᠳᠡᠬᠦᠯᠤᠨ᠎ᠡ᠃ ᠭᠡᠷᠡᠭᠯᠡᠭᠡᠨ ᠤ ᠰᠠᠭᠤᠷᠢ ᠦᠢᠯᠡᠳᠤᠯ ᠢ ᠬᠦᠢᠴᠡᠳ ᠪᠠᠳᠠᠷᠠᠭᠤᠯᠤᠨ᠂ ᠲᠤᠳᠠᠭᠤᠳᠠᠯ ᠢ ᠨᠦᠬᠦᠪᠤᠷᠢᠯᠡᠬᠦ᠂ ᠪᠠᠭᠤᠷᠠᠢ ᠲᠦᠷᠦᠯ ᠵᠦᠢᠯ ᠢ ᠬᠦᠴᠤᠷᠭᠡᠭᠵᠢᠬᠦᠯᠬᠦ ᠶᠢ ᠲᠦᠷᠭᠡᠳᠭᠡᠵᠤ᠂ ᠪᠦᠳᠤᠮᠵᠢᠳᠡᠢ ᠭᠡᠷᠡᠭᠴᠡᠭᠡ ᠶᠢ ᠲᠤᠬᠳᠠᠭᠤᠨ ᠢᠶᠠᠷ ᠨᠡᠮᠡᠭᠳᠡᠬᠦᠯᠤᠨ᠂ ᠤᠳᠤ ᠦᠶ᠎ᠠ ᠶᠢᠨ ᠦᠢᠯᠡᠴᠢᠯᠡᠭᠡᠨ ᠤ ᠦᠢᠯᠡᠰ  ᠤᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠤᠨ᠎ᠠ᠃        ᠰᠤᠶᠤᠯ ᠵᠤᠭᠠᠴᠠᠯ ᠤᠨ ᠭᠡᠷᠡᠭᠯᠡᠭᠡ ᠶᠢ ᠠᠬᠢᠭᠤᠯᠤᠨ᠎ᠠ᠃ ︽ᠪᠦᠬᠦ ᠤᠷᠤᠨ ᠪᠦᠰᠡ ᠶᠢᠨ ᠵᠤᠭᠠᠴᠠᠯ ᠤᠨ ᠬᠤᠳᠠ︾ ᠶᠢ ᠪᠠᠶᠢᠭᠤᠯᠬᠤ ᠭᠤᠤᠯ ᠡᠬᠦᠷᠭᠡ ᠶᠢᠨ ᠲᠤᠭᠤᠷᠢᠨ ᠳᠤ ᠬᠢᠶ᠎ᠠ ᠪᠠᠭᠰᠢ ᠶᠢ ᠤᠷᠳᠤᠰ ᠵᠤᠭᠠᠴᠠᠯ ᠤᠨ ᠲᠦᠪᠯᠡᠷᠡᠬᠦᠯᠵᠤ ᠲᠠᠷᠬᠠᠭᠠᠬᠤ ᠲᠦᠪ ᠤᠨ ᠭᠦᠭᠵᠢᠯᠳᠡ ᠶᠢᠨ ᠪᠠᠶᠢᠷᠢ ᠰᠠᠭᠤᠷᠢ ᠶᠢ ᠲᠦᠷᠭᠡᠨ ᠲᠤᠬᠳᠠᠭᠠᠵᠤ᠂ ᠪᠦᠬᠦ ᠵᠢᠯ ᠳᠤ ᠵᠤᠭᠠᠴᠠᠬᠰᠠᠳ ᠢ ᠬᠦᠯᠢᠶᠡᠨ ᠠᠪᠤᠬᠰᠠᠨ ᠲᠤᠭ᠎ᠠ ᠪᠤᠯᠤᠨ ᠵᠤᠭᠠᠴᠠᠯ ᠤᠨ ᠶᠡᠷᠤᠩᠭᠡᠢ ᠤᠷᠤᠯᠭ᠎ᠠ ᠶᠢᠨ ᠨᠡᠮᠡᠭᠳᠡᠯ  ᠢ15% ᠠᠴᠠ ᠲᠠᠪᠠᠭᠤᠯᠤᠨ᠎ᠡ᠃ ᠰᠢᠯᠢᠳᠡᠭ ᠵᠤᠭᠠᠴᠠᠯ ᠤᠨ ᠦᠢᠯᠡᠳᠬᠦᠨ ᠢ ᠦᠷᠬᠦᠯᠵᠢᠯᠡᠨ ᠡᠬᠦᠳᠴᠤ᠂ ᠦᠨᠳᠤᠰᠤᠳᠠᠨ ᠤ ᠪᠦᠯᠬᠦᠮᠳᠠᠯ ᠤᠨ ᠭᠤᠤᠯ ᠰᠡᠳᠤᠪᠳᠤ ᠵᠤᠭᠠᠴᠠᠯ ᠤᠨ ᠦᠵᠡᠮᠵᠢ ᠶᠢᠨ ᠤᠷᠤᠨ ᠢ ᠡᠬᠢᠯᠡᠨ ᠪᠠᠶᠢᠭᠤᠯᠵᠤ᠂ ᠲᠠᠯ᠎ᠠ ᠨᠤᠳᠤᠭ ᠤᠨ ᠲᠤᠷᠭᠠᠨ ᠵᠠᠮ ᠤᠨ ᠬᠢᠶ᠎ᠠ ᠪᠠᠯᠭᠠᠰᠤ ᠶᠢᠨ ᠬᠤᠶᠢᠨᠠᠬᠢ ᠪᠠᠷᠢᠯᠭ᠎ᠠ ᠶᠢ ᠲᠠᠭᠤᠰᠬᠠᠨ᠂ ᠬᠤᠳᠠ ᠶᠢᠨ ᠮᠦᠵᠠᠢ ᠶᠢᠨ ᠰᠦᠷᠦᠭᠵᠢᠯ᠂ ᠯᠸᠢ ᠵᠢᠶᠠ ᠫᠦᠸᠧ ᠤᠰᠤᠨ ᠦᠵᠡᠮᠵᠢ ᠶᠢᠨ ᠴᠡᠴᠡᠷᠯᠢᠭ ᠪᠤᠯᠤᠨ ᠲᠠᠷᠢᠶᠠᠯᠠᠩ ᠤᠨ ᠶᠡᠷᠤᠩᠭᠡᠶᠢᠯᠡᠭᠰᠡᠨ ᠴᠤᠬᠴᠠ ᠶᠢ ᠡᠬᠦᠳᠴᠤ᠂ ᠨᠢᠭᠡ ᠪᠦᠯᠦᠭ ᠡᠪᠤᠯ ᠤᠨ ᠤᠯᠠᠷᠢᠯ ᠤᠨ ᠵᠤᠭᠠᠴᠠᠯ  ᠤᠨ ᠲᠦᠷᠦᠯ ᠵᠦᠢᠯ ᠪᠤᠯᠤᠨ ᠭᠡᠷ ᠲᠤᠳᠤᠷᠠᠬᠢ ᠪᠡᠶᠡᠴᠢᠯᠡᠨ ᠤᠶᠢᠯᠠᠭᠠᠬᠤ ᠲᠦᠷᠦᠯ ᠵᠦᠢᠯ ᠢ ᠡᠬᠦᠳᠤᠨ᠎ᠡ᠃ ᠰᠤᠶᠤᠯ ᠵᠤᠭᠠᠴᠠᠯ ᠤᠨ ᠠᠵᠢᠯᠯᠠᠭ᠎ᠠ ᠶᠢ ᠴᠢᠷᠮᠠᠶᠢᠨ ᠪᠠᠶᠠᠯᠢᠭᠵᠢᠭᠤᠯᠵᠤ᠂ ᠬᠤᠳᠠ ᠲᠤᠭᠤᠷᠢᠭ ᠬᠤᠶᠠᠷ ᠱᠠᠳᠤ ᠬᠠᠮᠵᠢᠯᠴᠠᠨ ᠡᠸᠦ᠋ᠷᠤᠫᠠ ᠠᠽᠢᠶ᠎ᠠ ᠶᠢᠨ ᠲᠠᠯ᠎ᠠ ᠨᠤᠳᠤᠭ ᠤᠨ ᠲᠤᠷᠭᠠᠨ ᠵᠠᠮ ᠤᠨ ᠰᠤᠶᠤᠯ ᠵᠤᠭᠠᠴᠠᠯ ᠤᠨ ᠨᠠᠶᠢᠷ᠂ ᠲᠤᠮᠳᠠᠳᠤ ᠤᠯᠤᠰ —  ᠲᠤᠮᠳᠠ ᠵᠡᠬᠦᠨ ᠡᠸᠦ᠋ᠷᠤᠫᠠ ᠶᠢᠨ ︽16 +1 ᠲᠠᠭᠤᠤ ᠬᠦᠭᠵᠢᠮ ᠤᠨ ᠭᠠᠷᠠᠭ︾᠂ ᠮᠠᠨᠳᠠᠷᠠᠸ᠎ᠠ ᠴᠡᠴᠡᠭ ᠤᠨ ᠰᠤᠶᠤᠯ ᠵᠤᠭᠠᠴᠠᠯ ᠤᠨ ᠨᠠᠶᠢᠷ ᠪᠤᠯᠤᠨ ᠲᠠᠭᠤᠤ ᠰᠢᠯᠦᠭ ᠤᠨ ᠨᠠᠭᠠᠳᠤᠮ ᠵᠡᠷᠭᠡ ᠤᠨᠴᠠᠯᠢᠬᠳᠤ ᠰᠤᠶᠤᠯ  ᠤᠨ ᠠᠵᠢᠯᠯᠠᠭ᠎ᠠ ᠶᠢ ᠰᠠᠶᠢᠳᠤᠷ ᠡᠷᠬᠢᠯᠡᠵᠤ᠂ ᠬᠤᠳᠠ ᠶᠢᠨ ᠭᠤᠤᠯ ᠱᠤᠭᠤᠮ ᠤᠨ ᠺᠢᠨᠤ᠋ ᠤᠷᠠᠯᠢᠭ ᠤᠨ ᠨᠠᠶᠢᠷ ᠢ ᠬᠢᠨ᠎ᠠ ᠃ ᠰᠢᠨ᠎ᠡ ᠵᠠᠭᠤᠴᠢᠯᠠᠭᠤᠷ ᠤᠨ ᠪᠤᠷᠤᠯᠠᠭᠤᠯᠭ᠎ᠠ᠂ ᠪᠠᠶᠠᠷ ᠨᠠᠶᠢᠷ ᠤᠨ ᠪᠤᠷᠤᠯᠠᠭᠤᠯᠭ᠎ᠠ᠂ ᠤᠯᠠᠨ ᠨᠡᠶᠢᠳᠡ ᠶᠢᠨ ᠲᠠᠪᠴᠠᠩ ᠤᠨ ᠪᠤᠷᠤᠯᠠᠭᠤᠯᠭ᠎ᠠ ᠵᠡᠷᠭᠡ ᠭᠡᠯᠪᠡᠷᠢ ᠶᠢ ᠢᠳᠡᠪᠬᠢᠳᠡᠢ ᠠᠰᠢᠬᠯᠠᠨ᠂ ᠬᠢᠶ᠎ᠠ ᠪᠠᠭᠰᠢ ᠶᠢᠨ ᠰᠤᠶᠤᠯ ᠵᠤᠭᠠᠴᠠᠯ  ᠤᠨ ᠨᠡᠷᠡᠳᠤ ᠲᠡᠮᠳᠡᠭ ᠤᠨ ᠲᠦᠷᠢ ᠲᠦᠷᠬᠦ ᠶᠢ ᠲᠡᠯᠭᠡᠷᠡᠬᠦᠯᠤᠨ᠎ᠡ᠃ ᠤᠶᠤᠨᠴᠢ ᠵᠤᠭᠠᠴᠠᠯ ᠤᠨ ᠵᠠᠬᠪᠤᠷ ᠢ ᠲᠠᠰᠤᠷᠠᠯᠳᠠ ᠦᠭᠡᠢ ᠰᠢᠨᠡᠴᠢᠯᠡᠵᠤ᠂  ︽ᠬᠢᠶ᠎ᠠ ᠪᠠᠭᠰᠢ ᠶᠢᠨ ᠵᠢᠭᠤᠯᠴᠢᠯᠠᠯ ᠤᠨ ᠫᠠᠰᠫᠤᠷᠲ︾   ᠢ ᠨᠡᠭᠡᠭᠡᠵᠤ᠂ ᠵᠤᠭᠠᠴᠠᠯ ᠤᠨ ᠦᠢᠯᠡᠴᠢᠯᠡᠭᠡᠨ ᠤ ᠴᠤᠬᠴᠠᠵᠢᠯᠳᠠ᠂ ᠤᠶᠤᠨᠴᠢᠯᠠᠯᠳᠠ ᠶᠢ ᠪᠠᠶᠠᠯᠠᠬᠦᠯᠤᠨ᠎ᠡ᠃       ᠬᠤᠳᠠ ᠶᠢᠨ ᠦᠢᠯᠡᠴᠢᠯᠡᠭᠡᠨ ᠤ ᠭᠡᠷᠡᠭᠯᠡᠭᠡ ᠶᠢ ᠠᠬᠢᠭᠤᠯᠤᠨ᠎ᠠ᠃ ᠠᠮᠢᠳᠤᠷᠠᠯ ᠤᠨ ᠤᠶᠢᠯᠡᠴᠢᠯᠡᠭᠡᠨ ᠤ ᠤᠶᠢᠯᠡᠰ ᠤᠨ ᠳᠤᠳᠠᠭᠤᠳᠠᠯ ᠢ ᠳᠦᠷᠭᠡᠨ ᠨᠦᠬᠦᠪᠤᠷᠢᠯᠡᠨ᠂ ᠪᠠᠭᠤᠴᠠ᠂  ᠢᠳᠡᠭᠡᠨ ᠤᠮᠳᠠᠭᠠᠨ᠂  ᠪᠠᠷᠠᠭ᠎ᠠ ᠬᠤᠳᠠᠯᠳᠤᠨ ᠠᠪᠬᠤ᠂  ᠵᠤᠭ᠎ᠠ ᠴᠡᠩᠭᠡᠯ ᠵᠡᠷᠭᠡ ᠶᠢᠨ ᠭᠡᠪᠴᠢᠶᠡᠵᠢᠯ ᠪᠠ ᠳᠡᠰ ᠳᠠᠪᠬᠤᠷᠭ᠎ᠠ ᠶᠢ ᠲᠡᠭᠡᠭᠰᠢᠯᠡᠬᠦᠯᠤᠨ᠎ᠡ᠃ ᠱᠧᠩ ᠯᠢ ᠳᠠᠪᠤᠨ ᠤᠳᠤᠨ ᠳᠡᠰ ᠤᠨ ᠳᠤᠮᠤ ᠪᠠᠭᠤᠳᠠᠯ ᠢ ᠡᠬᠢᠯᠡᠨ ᠪᠦᠳᠤᠭᠡᠨ ᠪᠠᠶᠢᠭᠤᠯᠵᠤ᠂ ᠬᠤᠤ ᠮᠧᠨ ᠱᠧᠩ ᠶᠠᠨ᠂ ᠺᠠᠢ ᠲᠧ ᠵᠡᠷᠭᠡ ᠳᠡᠭᠡᠳᠤ ᠳᠡᠰ ᠤᠨ ᠳᠤᠮᠤ ᠪᠠᠭᠤᠳᠠᠯ ᠢ ᠠᠰᠢᠬᠯᠠᠯᠳᠠ ᠳᠤ ᠤᠷᠤᠭᠤᠯᠤᠨ᠂  500 ᠠᠴᠠ ᠳᠡᠭᠡᠭᠰᠢ ᠤᠷᠤ ᠶᠢ ᠰᠢᠨ᠎ᠠ ᠪᠠᠷ ᠨᠡᠮᠡᠭᠳᠡᠬᠦᠯᠵᠤ᠂ ᠪᠠᠭᠤᠳᠠᠯ ᠤᠨ ᠦᠢᠯᠡᠴᠢᠯᠡᠭᠡᠨ ᠤ ᠤᠷᠴᠢᠨ ᠲᠤᠭᠤᠷᠢᠨ ᠢ ᠪᠦᠬᠦ ᠲᠠᠯ᠎ᠠ ᠪᠠᠷ ᠰᠠᠶᠢᠵᠢᠷᠠᠭᠤᠯᠤᠨ᠎ᠠ᠃ ᠲᠠᠢ ᠬᠤᠸᠠ ᠬᠤᠳᠠᠯᠳᠤᠭᠠᠨ ᠤ ᠶᠠᠪᠠᠭᠠᠨ ᠵᠤᠷᠴᠢᠬᠤ ᠵᠡᠭᠡᠯᠢ᠂ ᠯᠧ ᠺᠠᠨᠭ᠌ ᠪᠠᠭᠠᠷ᠂ ᠮᠸᠡᠭ ᠰᠢᠨ ᠠᠭᠤᠳᠠᠮ ᠲᠠᠯᠠᠪᠠᠢ ᠶᠢ ᠵᠢᠯᠤᠭᠤᠳᠤᠨ ᠤᠨᠴᠠᠯᠢᠬᠳᠤ ᠠᠮᠳᠠᠳᠤ ᠢᠳᠡᠭᠡᠨ ᠤ ᠵᠡᠭᠡᠯᠢ ᠶᠢ ᠡᠬᠦᠳᠤᠨ ᠪᠠᠶᠢᠭᠤᠯᠵᠤ᠂ ᠨᠡᠷᠡᠳᠤ ᠢᠳᠡᠭᠡᠨ ᠤᠮᠳᠠᠭᠠᠨ ᠢ ᠤᠷᠤᠭᠤᠯᠤᠨ ᠠᠪᠴᠢᠷᠠᠵᠤ᠂ ᠤᠷᠤᠨ ᠨᠤᠳᠤᠭ ᠤᠨ ᠠᠮᠳᠠᠳᠤ ᠢᠳᠡᠭᠡᠨ ᠢ ᠲᠡᠯᠭᠡᠷᠡᠬᠦᠯᠤᠨ᠎ᠡ᠃  ᠰᠢᠨ ᠴᠸᠡᠭ ᠡᠤ ᠶᠤᠸᠠᠢ ᠠᠭᠤᠳᠠᠮ ᠲᠠᠯᠠᠪᠠᠢ ᠶᠢ ᠲᠦᠷᠭᠡᠨ ᠨᠤᠳᠤᠬᠰᠢᠭᠤᠯᠬᠤ ᠶᠢ ᠠᠬᠢᠭᠤᠯᠤᠨ᠂ ᠬᠤ᠋ ᠨᠸᠡᠭ ᠠᠭᠤᠳᠠᠮ ᠲᠠᠯᠠᠪᠠᠢ᠂ ᠶᠢᠨ ᠴᠧᠨ ᠤᠯᠠᠨ ᠤᠯᠤᠰ ᠤᠨ ᠪᠠᠭᠤᠳᠠᠯ ᠵᠡᠷᠭᠡ ᠬᠤᠳᠠᠯᠳᠤᠭᠠᠨ ᠤ ᠶᠡᠷᠤᠩᠭᠡᠢ ᠴᠤᠬᠴᠠ ᠶᠢ ᠵᠤᠷᠢᠬᠵᠢᠭᠤᠯᠤᠨ ᠴᠢᠨᠠᠷ ᠲᠡᠰ ᠢ ᠨᠢ ᠲᠡᠭᠡᠭᠰᠢᠯᠡᠬᠦᠯᠵᠤ᠂ ᠪᠠᠷᠠᠭ᠎ᠠ ᠬᠤᠳᠠᠯᠳᠤᠨ ᠠᠪᠬᠤ ᠰᠠᠶᠢᠨ ᠤᠷᠴᠢᠨ ᠲᠤᠭᠤᠷᠢᠨ ᠢ ᠲᠦᠷᠭᠡᠨ ᠡᠬᠦᠳᠤᠨ᠎ᠡ᠃ ᠰᠡᠯᠡᠬᠦᠴᠡᠯ ᠵᠤᠭ᠎ᠠ ᠴᠡᠩᠭᠡᠯ ᠤᠨ ᠦᠢᠯᠡᠰ ᠢ ᠪᠠᠶᠠᠯᠢᠬᠵᠢᠭᠤᠯᠵᠤ᠂ ᠴᠠᠭ ᠦᠶ᠎ᠡ ᠶᠢᠨ᠂ ᠲᠡᠭᠡᠳᠤ ᠲᠡᠰ ᠤᠨ ᠰᠡᠯᠡᠬᠦᠴᠡᠯ ᠵᠤᠭ᠎ᠠ ᠴᠡᠩᠭᠡᠯ ᠤᠨ ᠵᠠᠬᠪᠤᠷ ᠢ ᠬᠦᠴᠤᠯᠡᠨ ᠤᠷᠤᠭᠤᠯᠤᠨ ᠠᠪᠴᠢᠷᠠᠵᠤ᠂ ᠬᠤᠳᠠ ᠶᠢᠨ ᠦᠳᠡᠰᠢ ᠶᠢᠨ ᠠᠮᠢᠳᠤᠷᠠᠯ ᠢ ᠨᠡᠩ ᠤᠯᠠᠨ ᠶᠠᠩᠵᠤ ᠪᠤᠯᠭᠠᠨ᠎ᠠ᠃       ᠠᠷᠠᠯᠵᠢᠶ᠎ᠠ ᠬᠤᠷᠠᠯ ᠦᠵᠡᠰᠬᠦᠯᠡᠩ ᠤᠨ ᠭᠡᠷᠡᠭᠯᠡᠭᠡ ᠶᠢ ᠠᠬᠢᠭᠤᠯᠤᠨ᠎ᠠ᠃  ᠤᠷᠳᠤᠰ ᠤᠨ ᠤᠯᠠᠨ ᠤᠯᠤᠰ  ᠤᠨ ᠬᠤᠷᠠᠯ ᠦᠵᠡᠰᠬᠦᠯᠡᠩ ᠤᠨ ᠲᠦᠪ ᠲᠤ ᠲᠦᠰᠢᠭᠯᠡᠨ᠂ ᠬᠤᠷᠠᠯ ᠦᠵᠡᠰᠬᠦᠯᠡᠩ ᠤᠨ ᠦᠢᠯᠡᠰ ᠢ ᠲᠦᠷᠭᠡᠨ ᠬᠦᠭᠵᠢᠬᠦᠯᠵᠤ᠂  ᠲᠤᠮᠳᠠᠳᠤ ᠤᠯᠤᠰ ᠤᠨ ᠱᠠᠩ ᠹᠸᠢ ᠬᠠᠨᠭ᠍ᠭᠠᠯᠭ᠎ᠠ ᠶᠢᠨ ᠠᠷᠠᠯᠵᠢᠶᠠᠴᠢᠳ ᠤᠨ ᠶᠡᠭᠡ ᠬᠤᠷᠠᠯ᠂ ᠤᠯᠠᠨ ᠤᠯᠤᠰ ᠤᠨ ᠨᠡᠬᠦᠷᠡᠰᠤ ᠵᠢᠴᠢ ᠡᠨᠧᠷᠬᠢ ᠶᠢᠨ ᠠᠵᠤ ᠦᠢᠯᠡᠳᠪᠤᠷᠢ ᠶᠢᠨ ᠦᠵᠡᠬᠦᠯᠦᠯᠭᠡ ᠶᠢᠨ ᠬᠤᠷᠠᠯ᠂ ᠤᠯᠠᠨ ᠤᠯᠤᠰ ᠤᠨ ᠮᠠᠰᠢᠨ ᠲᠡᠷᠭᠡᠨ ᠤ ᠦᠵᠡᠬᠦᠯᠦᠯᠭᠡ ᠶᠢᠨ ᠬᠤᠷᠠᠯ ᠵᠡᠷᠭᠡ ᠨᠡᠷ᠎ᠡ ᠲᠡᠮᠳᠡᠭᠳᠤ ᠲᠠᠸᠠᠷ ᠤᠨ ᠦᠵᠡᠰᠬᠦᠯᠡᠩ ᠢ ᠰᠠᠶᠢᠳᠤᠷ ᠡᠷᠬᠢᠯᠡᠵᠤ᠂ ᠨᠢᠭᠡ ᠪᠦᠯᠦᠭ ᠤᠯᠤᠰ ᠤᠨ ᠲᠤᠳᠤᠭᠠᠳᠤ ᠭᠠᠳᠠᠭᠠᠳᠤ ᠶᠢᠨ ᠠᠯᠳᠠᠷᠳᠠᠢ ᠦᠵᠡᠰᠬᠦᠯᠡᠩ ᠢ ᠲᠠᠰᠤᠷᠠᠯᠳᠠ ᠦᠭᠡᠢ ᠤᠷᠤᠭᠤᠯᠤᠨ ᠠᠪᠴᠢᠷᠠᠵᠤ᠂ ︽ᠭᠠᠷᠠᠭ ᠪᠤᠯᠭᠠᠨ ᠠᠵᠢᠯᠯᠠᠭ᠎ᠠ ᠲᠠᠢ᠂ ᠰᠠᠷ᠎ᠠ ᠪᠤᠯᠭᠠᠨ ᠪᠤᠷᠤᠯᠠᠭᠤᠯᠭ᠎ᠠ ᠲᠠᠢ︾  ᠪᠠᠶᠢᠬᠤ ᠶᠢ ᠪᠠᠶᠡᠯᠡᠬᠦᠯᠤᠨ᠎ᠡ᠃ ᠺᠠᠨᠭ᠌ ᠪᠸᠢ ᠦᠢᠯᠡᠰ ᠪᠤᠰᠬᠠᠬᠤ ᠬᠦᠷᠢᠶᠠᠯᠠᠩ ᠢᠶᠠᠷ ᠠᠴᠢᠶᠠᠯᠠᠬᠴᠢ ᠪᠤᠯᠭᠠᠵᠤ᠂ ᠡᠯᠧᠺᠲᠷᠤᠨ ᠬᠤᠳᠠᠯᠳᠤᠭᠠᠨ ᠤ ᠪᠠᠷᠠᠭᠠᠨ ᠤ ᠬᠦᠢᠯᠭᠡᠭᠡᠨ ᠤ ᠦᠢᠯᠡᠰ ᠢ ᠬᠦᠭᠵᠢᠬᠦᠯᠵᠤ᠂ ᠰᠢᠨ᠎ᠡ ᠪᠠᠷ ᠡᠯᠧᠺᠲᠷᠤᠨ ᠬᠤᠳᠠᠯᠳᠤᠭᠠᠨ ᠤ ᠪᠠᠷᠠᠭᠠᠨ ᠤ ᠬᠦᠢᠯᠭᠡᠭᠡᠨ ᠤ ᠠᠵᠤ ᠠᠬᠤᠶᠢᠯᠠᠯ ᠢ 5 ᠠᠴᠠ ᠲᠡᠭᠡᠭᠰᠢ ᠤᠷᠤᠭᠤᠯᠤᠨ ᠠᠪᠴᠢᠷᠠᠵᠤ᠂ ᠠᠷᠠᠯᠵᠢᠶᠠᠨ ᠤ ᠭᠡᠪᠴᠢᠶ᠎ᠡ ᠪᠤᠯᠤᠨ ᠵᠠᠬ᠎ᠠ ᠲᠡᠯᠭᠡᠬᠦᠷ ᠤᠨ ᠲᠤᠭ᠎ᠠ ᠶᠢ ᠲᠠᠰᠤᠷᠠᠯᠳᠠ ᠦᠭᠡᠢ ᠪᠤᠵᠠᠭᠠᠶᠢᠷᠠᠭᠤᠯᠤᠨ᠂ ᠬᠢᠯᠢ ᠠᠯᠤᠰᠯᠠᠬᠰᠠᠨ ᠡᠯᠧᠺᠲᠷᠤᠨ ᠬᠤᠳᠠᠯᠳᠤᠭᠠᠨ ᠤ ᠶᠠᠪᠤᠳᠠᠯ ᠪᠤᠯᠤᠨ ᠬᠠᠨᠭ᠍ᠭᠠᠯᠭ᠎ᠠ  ᠶᠢᠨ ᠭᠡᠯᠬᠢᠶ᠎ᠡ ᠶᠢᠨ ᠪᠠᠷᠠᠭᠠᠨ ᠤ ᠬᠦᠢᠯᠭᠡᠭᠡ ᠶᠢ ᠰᠦᠪᠡᠭᠴᠢᠯᠡᠨ ᠬᠦᠭᠵᠢᠬᠦᠯᠵᠤ᠂ ᠠᠵᠢᠯ ᠲᠦᠷᠦᠯ ᠤᠨ ᠭᠦᠭᠵᠢᠯᠳᠡ  ᠶᠢᠨ ᠠᠵᠠ ᠲᠤᠬᠢᠶᠠᠯ ᠢ ᠡᠵᠡᠮᠳᠡᠨ᠎ᠡ᠃      ᠭᠡᠷ ᠪᠠᠶᠢᠰᠢᠩ ᠭᠠᠵᠠᠷ ᠬᠦᠷᠤᠩᠭᠡ ᠶᠢᠨ ᠠᠵᠤ ᠦᠢᠯᠡᠰ ᠢ ᠲᠤᠬᠳᠠᠭᠤᠨ ᠢᠶᠠᠷ ᠴᠢᠯᠤᠭᠡᠳᠡᠢ ᠪᠤᠯᠭᠠᠨ᠎ᠠ᠃  ᠦᠯᠡᠳᠡᠵᠤ ᠪᠠᠶᠢᠭ᠎ᠠ ᠲᠠᠸᠠᠷ ᠤᠨ ᠪᠠᠶᠢᠰᠢᠩ ᠪᠠ ᠰᠤᠯᠠ ᠪᠠᠶᠢᠭ᠎ᠠ ᠭᠠᠵᠠᠷ ᠰᠢᠷᠤᠢ ᠶᠢ ᠬᠦᠭᠵᠢᠭᠡᠨ᠂ ᠲᠤᠮᠤ ᠭᠡᠯᠪᠡᠷᠢ  ᠶᠢᠨ ᠠᠵᠤ ᠠᠬᠤᠶᠢᠯᠠᠯ ᠤᠨ ᠶᠡᠷᠤᠩᠭᠡᠢ ᠭᠡᠯᠳᠡᠰ ᠢ ᠲᠦᠷᠭᠡᠨ ᠤᠷᠤᠭᠤᠯᠤᠨ ᠠᠪᠴᠢᠷᠠᠵᠤ᠂ ᠦᠪᠤᠷ ᠮᠤᠩᠭᠤᠯ ᠤᠨ ᠪᠠᠩᠭᠢ᠂ ᠪᠦᠸᠧᠬᠠᠢ ᠪᠠᠩᠭᠢ᠂ ᠤᠷᠳᠤᠰ ᠪᠠᠩᠭᠢ᠂ ᠱᠠᠨᠳᠦ᠋ᠡᠭ ᠤᠨ ᠡᠨᠧᠷᠬᠢ ᠶᠢᠨ ᠺᠤᠮᠫᠠᠨᠢ᠂ ᠮᠠᠨ ᠱᠢ ᠪᠦᠯᠦᠭᠯᠡᠯ ᠵᠡᠷᠭᠡ ᠠᠵᠤ ᠠᠬᠤᠶᠢᠯᠠᠯ ᠤᠨ ᠤᠷᠤᠵᠤ ᠰᠠᠭᠤᠬᠤ ᠶᠢ ᠠᠬᠢᠭᠤᠯᠤᠨ᠂ ᠡᠵᠡᠨ ᠬᠤᠷᠤᠭ᠎ᠠ ᠬᠤᠰᠢᠭᠤᠨ ᠤ ᠠᠭᠤᠷᠬᠠᠢ  ᠶᠢᠨ ᠤᠷᠤᠨ ᠤ ᠢᠳᠡᠭᠡᠮᠵᠢᠳᠤ ᠵᠢᠭᠡᠯᠡᠯᠭᠡ ᠶᠢᠨ ᠬᠤᠯᠪᠤᠭᠠᠳᠤ ᠬᠤᠷᠰᠢᠶ᠎ᠠ ᠶᠢᠨ ᠲᠦᠷᠢᠮ ᠢ ᠦᠭᠡᠷᠡᠴᠢᠯᠡᠨ ᠨᠡᠬᠦᠯᠭᠡᠨ ᠠᠪᠴᠢᠷᠠᠵᠤ᠂ ᠤᠳᠤ ᠦᠶ᠎ᠠ ᠶᠢᠨ ᠮᠦᠡᠭᠬᠦᠨ ᠬᠦᠢᠯᠭᠡᠭᠡ᠂  ᠲᠡᠭᠡᠳᠤ ᠲᠡᠰ ᠤᠨ ᠬᠤᠳᠠᠯᠳᠤᠭᠠᠨ ᠤ ᠶᠠᠪᠤᠳᠠᠯ᠂ ᠬᠠᠤᠯᠢ ᠴᠠᠭᠠᠵᠠ ᠶᠢᠨ ᠦᠢᠯᠡᠴᠢᠯᠡᠭᠡ᠂ ᠮᠡᠳᠡᠭᠡ ᠵᠠᠩᠭᠢ ᠮᠡᠷᠭᠡᠵᠢᠯ ᠵᠡᠷᠭᠡ ᠬᠦᠷᠢᠶ᠎ᠠ ᠭᠡᠪᠴᠢᠶᠡᠨ ᠤ ᠠᠵᠤ ᠠᠬᠤᠶᠢᠯᠠᠯ  ᠢᠶᠠᠷ ᠠᠰᠠᠷ ᠲᠠᠬᠳᠤ ᠶᠢᠨ ᠠᠵᠤ ᠠᠬᠤᠢ ᠶᠢ ᠬᠦᠭᠵᠢᠬᠦᠯᠬᠦ ᠪᠠᠷ ᠴᠢᠷᠮᠠᠶᠢᠨ᠎ᠠ᠃  ᠤᠷᠤᠨ ᠰᠠᠭᠤᠴᠠ ᠶᠢᠨ ᠲᠦᠷᠦᠯ ᠵᠦᠢᠯ ᠤᠨ ᠪᠦᠳᠤᠭᠡᠨ ᠪᠠᠶᠢᠭᠤᠯᠤᠯᠳᠠ ᠶᠢ ᠵᠤᠬᠢᠰᠳᠠᠢ ᠠᠬᠢᠭᠤᠯᠵᠤ᠂ ᠺᠠᠨᠭ᠌ ᠶᠠ ᠵᠢᠤᠢ᠂ ᠶᠢᠩ ᠰᠢᠨ ᠵᠢᠶᠠ ᠶᠤᠸᠠᠨ᠂ ᠱᠧᠨ ᠬᠤᠸᠠ ᠪᠦᠯᠦᠭᠯᠡᠯ ᠤᠨ ᠺᠠᠨᠭ᠌ ᠴᠸᠡᠭ G ᠲᠤᠭᠤᠷᠢᠭ᠂ ᠬᠤᠸᠠ ᠱᠸᠡᠭ ᠵᠢᠵᠢᠭ ᠲᠤᠭᠤᠷᠢᠭ ᠵᠡᠷᠭᠡ ᠦᠷᠬᠦᠯᠵᠢᠯᠡᠨ ᠪᠠᠶᠢᠭᠤᠯᠬᠤ ᠲᠦᠷᠦᠯ ᠵᠦᠢᠯ ᠢ ᠲᠠᠭᠤᠰᠬᠠᠵᠤ᠂ ︽ᠲᠤᠯᠤᠭ᠎ᠠ ᠶᠢ ᠦᠯᠦ ᠵᠦᠪᠰᠢᠶᠡᠷᠡᠬᠦ︾ ᠵᠦᠪᠰᠢᠶᠡᠷᠡᠬᠦ ᠶᠢ ᠬᠢᠵᠠᠭᠠᠷᠯᠠᠬᠤ ᠲᠦᠷᠦ ᠶᠢᠨ ᠪᠤᠳᠤᠯᠭ᠎ᠠ ᠶᠤᠰᠤᠭᠠᠷ ᠰᠢᠨ᠎ᠡ ᠤᠷᠤᠨ ᠰᠠᠭᠤᠴᠠ ᠶᠢᠨ ᠲᠦᠷᠦᠯ ᠵᠦᠢᠯ  ᠢ ᠵᠤᠬᠢᠰᠳᠠᠢ ᠴᠢᠯᠦᠭᠡᠳᠡᠢ ᠪᠤᠯᠭᠠᠵᠤ᠂ ᠭᠡᠷ ᠪᠠᠶᠢᠰᠢᠩ ᠭᠠᠵᠠᠷ ᠬᠦᠷᠤᠩᠭᠡ ᠶᠢᠨ ᠵᠠᠬ᠎ᠠ ᠲᠡᠯᠭᠡᠬᠦᠷ ᠤᠨ ᠲᠤᠬᠳᠠᠭᠤᠨ ᠡᠷᠬᠢᠯᠳᠡ ᠶᠢ ᠠᠬᠢᠭᠤᠯᠤᠨ᠂ ᠲᠠᠸᠠᠷ ᠤᠨ ᠪᠠᠶᠢᠰᠢᠩ ᠤᠨ ᠦᠨ᠎ᠡ ᠬᠠᠨᠭ᠍ᠰᠢ ᠶᠢᠨ ᠵᠦᠢ ᠵᠤᠬᠢᠰᠳᠠᠢ ᠡᠵᠡᠮᠳᠡᠯ ᠢ ᠪᠠᠳᠤᠯᠠᠨ᠎ᠠ᠃       ︵ᠲᠦᠷᠪᠡ︶ ᠰᠢᠯᠢᠳᠡᠭ ᠰᠠᠶᠢᠨ ᠬᠦᠭᠵᠢᠯᠳᠡ ᠶᠢᠨ ᠤᠷᠴᠢᠨ ᠲᠤᠭᠤᠷᠢᠨ ᠢ ᠡᠬᠦᠳᠴᠤ᠂ ᠴᠢᠨᠠᠷ ᠰᠠᠶᠢᠳᠠᠢ ᠬᠦᠭᠵᠢᠯᠳᠡ ᠶᠢᠨ ᠠᠮᠢᠵᠢᠷᠠᠯ ᠤᠨ ᠬᠦᠴᠤᠨ ᠢ ᠬᠦᠭᠵᠢᠭᠡᠨ᠎ᠡ᠃ ᠵᠦᠭᠡᠯᠡᠨ ᠤᠷᠴᠢᠨ ᠲᠤᠭᠤᠷᠢᠨ ᠢ ᠬᠦᠴᠤ ᠲᠠᠯᠪᠢᠨ ᠡᠬᠦᠳᠴᠤ᠂ ᠦᠢᠯᠡᠴᠢᠯᠡᠭᠡ᠂ ᠦᠭᠡᠷᠡᠴᠢᠯᠡᠯᠳᠡ᠂ ᠰᠢᠨᠡᠴᠢᠯᠡᠯᠳᠡ ᠶᠢ ᠬᠦᠭᠵᠢᠯᠳᠡ ᠶᠢᠨ ᠤᠷᠴᠢᠨ ᠲᠤᠭᠤᠷᠢᠨ ᠢ ᠰᠢᠯᠢᠳᠡᠭᠵᠢᠬᠦᠯᠬᠦ ᠴᠢᠬᠤᠯᠠ ᠠᠵᠢᠯ ᠪᠤᠯᠭᠠᠨ᠂ ᠬᠢᠶ᠎ᠠ ᠪᠠᠭᠰᠢ ᠶᠢ ᠦᠢᠯᠡᠴᠢᠯᠡᠭᠡ ᠤᠬᠢ ᠰᠠᠶᠢᠨ ᠭᠠᠵᠠᠷ᠂ ᠪᠡᠯᠡ ᠤᠷᠤᠭᠤᠯᠬᠤ ᠭᠡᠰᠢᠭᠳᠦ ᠭᠠᠵᠠᠷ ᠪᠠ ᠬᠦᠭᠵᠢᠯᠳᠡ ᠶᠢᠨ ᠬᠤᠳᠤᠬᠳᠤ ᠤᠷᠤᠨ ᠪᠤᠯᠭᠠᠨ᠎ᠠ᠃       ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠦᠭᠵᠢᠯᠳᠡ ᠶᠢ ᠬᠦᠴᠤᠳᠠᠢ ᠲᠡᠮᠵᠢᠨ᠎ᠡ᠃  ᠲᠦᠷᠦ ᠶᠢᠨ ᠶᠠᠪᠤᠳᠠᠯ ᠤᠨ ᠬᠤᠷᠢᠶᠠᠨ ᠤ ᠭᠠᠶᠢᠯᠢ ᠶᠢ ᠬᠠᠰᠤᠵᠤ ᠰᠦᠢᠳᠭᠡᠯ ᠢ ᠪᠠᠭᠤᠷᠠᠭᠤᠯᠬᠤ ᠴᠢᠭᠯᠡᠯᠳᠡ ᠲᠦᠷᠦ ᠶᠢᠨ ᠪᠤᠳᠤᠯᠭ᠎ᠠ  ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠡᠯ᠎ᠡ ᠱᠠᠳᠤᠨ ᠤ ᠵᠠᠰᠠᠭ ᠤᠨ ᠤᠷᠳᠤᠨ ᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠬᠦᠭᠵᠢᠬᠦᠯᠬᠦ ᠠᠷᠭ᠎ᠠ ᠪᠠᠷᠢᠯ ᠢ ᠪᠦᠬᠦ ᠲᠠᠯ᠎ᠠ ᠪᠠᠷ ᠲᠤᠤᠱᠯᠠᠭᠤᠯᠤᠨ᠂ ᠬᠤᠷᠸ᠎ᠠ ᠠᠵᠤ ᠠᠬᠤᠢ  ᠶᠢᠨ ᠲᠦᠷᠦ ᠶᠢᠨ ᠪᠤᠳᠤᠯᠭ᠎ᠠ ᠬᠢᠭᠡᠳ ᠵᠠᠬ᠎ᠠ ᠲᠡᠯᠭᠡᠬᠦᠷ ᠤᠨ ᠭᠤᠤᠯ ᠴᠤᠬᠴᠠ ᠶᠢᠨ ᠭᠡᠷᠡᠭᠴᠡᠭᠡ ᠲᠠᠢ ᠤᠨᠤᠪᠴᠢᠳᠠᠢ ᠵᠤᠯᠭᠠᠭᠤᠯᠤᠨ᠎ᠠ᠃ ᠵᠠᠰᠠᠭ ᠤᠨ ᠤᠷᠳᠤᠨ ᠪᠤᠯᠤᠨ ᠤᠯᠤᠰ ᠤᠨ ᠦᠮᠴᠢᠯᠡᠯᠳᠤ ᠠᠵᠤ ᠠᠬᠤᠶᠢᠯᠠᠯ ᠤᠨ ᠬᠤᠪᠢ ᠶᠢᠨ ᠡᠵᠡᠩᠨᠡᠯᠳᠡ ᠶᠢᠨ ᠠᠵᠤ ᠠᠬᠤᠶᠢᠯᠠᠯ ᠳᠤ ᠦᠷᠢᠳᠦᠭᠰᠡᠨ ᠵᠤᠭᠤᠰᠤᠨ ᠤ ᠠᠰᠠᠭᠤᠳᠠᠯ ᠢ ᠬᠦᠴᠤᠳᠠᠢ᠂ ᠡᠮᠬᠢ ᠲᠠᠷᠠᠭ᠎ᠠ  ᠲᠠᠢ ᠰᠢᠢᠳᠪᠤᠷᠢᠯᠡᠵᠤ᠂ ᠦᠡᠭᠭᠡᠷᠡᠭᠰᠡᠨ ᠤ ᠦᠷᠢ ᠶᠢ ᠲᠦᠷᠭᠡᠨ ᠴᠠᠶᠢᠷᠠᠭᠤᠯᠤᠨ᠂ ᠵᠢᠯ ᠬᠤᠪᠢᠶᠡᠨ ᠲᠦᠯᠦᠬᠦ ᠲᠦᠯᠦᠪᠯᠡᠭᠡ ᠲᠤᠬᠳᠠᠭᠠᠵᠤ᠂ ᠬᠤᠪᠢ ᠶᠢᠨ ᠡᠵᠡᠩᠨᠡᠯᠳᠡ ᠶᠢᠨ ᠠᠵᠤ ᠠᠬᠤᠶᠢᠯᠠᠯ ᠢ ᠠᠮᠤᠷᠵᠢᠭᠤᠯᠤᠨ᠂  ᠬᠦᠭᠵᠢᠯᠳᠡ  ᠶᠢ ᠰᠡᠳᠬᠢᠯ ᠠᠮᠤᠷ ᠰᠦᠪᠡᠭᠴᠢᠯᠡᠬᠦ ᠪᠤᠯᠭᠠᠨ᠎ᠠ᠃ ᠬᠤᠳᠠᠯᠳᠤᠭ᠎ᠠ ᠡᠷᠬᠢᠯᠡᠬᠦ ᠤᠷᠴᠢᠨ ᠲᠤᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠬᠦᠯᠤᠨ᠂ ︽ᠲᠠᠪᠤᠨ ᠤᠳᠤᠨ ᠲᠡᠰ ᠤᠨ ᠲᠡᠯᠭᠡᠬᠦᠷ ᠤᠨ ᠬᠤᠶᠠᠳᠤᠭᠠᠷ ᠡᠵᠡᠨ︾ ᠢ ᠠᠷᠠᠳ  ᠠᠴᠠ ᠡᠵᠡᠩᠨᠡᠭᠰᠡᠨ ᠠᠵᠤ ᠠᠬᠤᠶᠢᠯᠠᠯ ᠳᠤ ᠦᠢᠯᠡᠴᠢᠯᠡᠬᠦ ᠦᠨᠳᠤᠰᠤᠨ ᠪᠠᠷᠢᠮᠵᠢᠶ᠎ᠠ ᠪᠤᠯᠭᠠᠵᠤ᠂ ᠨᠦᠬᠦᠴᠡᠯ ᠵᠦᠪᠰᠢᠶᠡᠷᠡᠭᠰᠡᠨ ᠪᠠᠶᠢᠳᠠᠯ ᠲᠤᠤᠷ᠎ᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠬᠠᠪᠰᠤᠷᠤᠨ ᠲᠦᠷᠦᠯ ᠵᠦᠢᠯ  ᠤᠨ ᠭᠠᠷ ᠬᠦᠢᠴᠡᠳᠭᠡᠯ᠂ ᠪᠡᠯᠡ ᠬᠤᠷᠠᠮᠳᠤᠭᠤᠯᠬᠤ ᠵᠢᠭᠡᠯᠡᠯᠭᠡ᠂ ᠠᠯᠪᠠᠯᠠᠬᠤ ᠭᠠᠵᠠᠷ᠂ ᠠᠵᠢᠯᠳᠠᠨ ᠤ ᠪᠠᠶᠢᠷᠢ᠂ ᠵᠠᠮᠨᠠᠬᠤ ᠲᠡᠷᠭᠡ ᠮᠠᠰᠢᠨ᠂ ᠠᠵᠢᠯᠳᠠᠨ ᠤ ᠦᠷ᠎ᠡ ᠭᠡᠤᠭᠡᠳ ᠤᠨ ᠰᠤᠷᠭᠠᠭᠤᠯᠢ ᠳᠤ ᠤᠷᠤᠬᠤ᠂ ᠡᠷᠤᠭᠡ ᠠᠮᠠᠨ ᠲᠠᠩᠰᠠ  ᠪᠠᠨ ᠤᠷᠤᠭᠤᠯᠬᠤ ᠵᠡᠷᠭᠡ ᠪᠤᠳᠠᠳᠤ ᠠᠰᠠᠭᠤᠳᠠᠯ ᠢ ᠰᠢᠢᠳᠪᠤᠷᠢᠯᠡᠵᠤ᠂ ᠬᠠᠶᠢᠷ᠎ᠠ ᠬᠠᠯᠠᠮᠵᠢ ᠶᠢ ᠠᠵᠤ ᠠᠬᠤᠶᠢᠯᠠᠯ ᠳᠤ ᠬᠦᠷᠭᠡᠬᠦ ᠠᠵᠢᠯᠯᠠᠭ᠎ᠠ ᠶᠢ ᠢᠳᠡᠪᠬᠢᠳᠡᠢ ᠦᠷᠨᠢᠬᠦᠯᠤᠨ᠂ ᠠᠵᠤ ᠠᠬᠤᠶᠢᠯᠠᠯ ᠠᠵᠢᠯ ᠡᠷᠬᠢᠯᠡᠬᠦ ᠳᠤ ᠰᠠᠭᠠᠳ ᠦᠭᠡᠢ ᠵᠠᠮ ᠨᠡᠭᠡᠭᠡᠨ᠎ᠡ᠃ ᠤᠳᠤᠷᠢᠳᠬᠤ ᠺᠠᠳ᠋ᠷ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠲᠠᠢ ᠴᠡᠭ ᠲᠤᠬᠳᠠᠨ ᠬᠠᠷᠢᠯᠴᠠᠬᠤ ᠠᠵᠢᠯ ᠤᠨ ᠲᠦᠷᠢᠮ ᠢ ᠭᠡᠷᠡᠭᠵᠢᠬᠦᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠰᠠᠭᠤᠳᠠᠯ ᠤᠨ ᠬᠤᠷᠠᠯ  ᠢ ᠲᠤᠬᠳᠠᠮᠠᠯ ᠬᠤᠭᠤᠴᠠᠭ᠎ᠠ ᠲᠠᠢ ᠬᠤᠷᠠᠯᠳᠤᠭᠤᠯᠵᠤ᠂ ᠵᠠᠰᠠᠭ ᠤᠨ ᠤᠷᠳᠤᠨ ᠬᠢᠭᠡᠳ ᠠᠵᠤ ᠠᠬᠤᠶᠢᠯᠠᠯ᠂ ᠤᠯᠤᠰ  ᠤᠨ ᠦᠮᠴᠢᠯᠡᠯᠳᠤ ᠠᠵᠤ ᠠᠬᠤᠶᠢᠯᠠᠯ ᠬᠢᠭᠡᠳ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠬᠤᠭᠤᠷᠤᠨᠳᠤ ᠶᠢᠨ ᠬᠠᠷᠢᠯᠴᠠᠬᠤ ᠲᠠᠪᠴᠠᠩ ᠢ ᠪᠠᠶᠢᠭᠤᠯᠤᠨ᠂ ᠲᠦᠷᠦ ᠶᠢᠨ ᠪᠤᠳᠤᠯᠭ᠎ᠠ ᠬᠢᠭᠡᠳ ᠵᠠᠬ᠎ᠠ ᠲᠡᠯᠭᠡᠬᠦᠷ᠂ ᠬᠠᠨᠭ᠍ᠭᠠᠯᠭ᠎ᠠ ᠬᠢᠭᠡᠳ ᠭᠡᠷᠡᠭᠴᠡᠭᠡ ᠶᠢ ᠵᠠᠢ ᠦᠭᠡᠢ ᠵᠤᠯᠭᠠᠭᠤᠯᠬᠤ ᠶᠢ ᠪᠡᠶᠡᠯᠡᠬᠦᠯᠵᠤ᠂ ᠪᠦᠬᠦ ᠲᠤᠭᠤᠷᠢᠭ ᠤᠨ ᠠᠵᠤ ᠠᠬᠤᠶᠢᠯᠠᠯ ᠰᠡᠳᠬᠢᠯ ᠨᠢᠭᠡᠳᠤᠨ ᠬᠦᠭᠵᠢᠵᠤ᠂ ᠬᠠᠷᠢᠯᠴᠠᠨ ᠠᠰᠢᠭ ᠬᠦᠷᠳᠡᠬᠦ ᠪᠤᠯᠭᠠᠨ᠎ᠠ᠃ ᠦᠢᠯᠡᠴᠢᠯᠡᠬᠦ ᠲᠤᠮᠳᠠ ᠬᠠᠮᠢᠶᠠᠷᠬᠤ ᠶᠢ ᠪᠠᠷᠢᠮᠳᠠᠯᠠᠵᠤ᠂ ᠵᠦᠪᠳᠡᠯᠴᠡᠵᠤ ᠶᠠᠷᠢᠯᠴᠠᠭᠤᠯᠬᠤ ᠭᠡᠯᠪᠡᠷᠢ ᠶᠢ ᠢᠳᠡᠪᠬᠢᠳᠡᠢ ᠠᠪᠴᠤ ᠠᠵᠤ ᠠᠬᠤᠶᠢᠯᠠᠯ ᠳᠤ ᠬᠤᠯᠪᠤᠬᠳᠠᠬᠰᠠᠨ ᠵᠦᠷᠢᠴᠡᠯ ᠵᠢᠭᠤᠷᠠᠯᠳᠤᠭᠠᠨ ᠢ ᠰᠢᠢᠳᠪᠤᠷᠢᠯᠡᠨ᠂ ᠵᠠᠰᠠᠭ ᠵᠠᠬᠢᠷᠭᠠᠨ ᠤ ᠬᠠᠮᠢᠶᠠᠷᠤᠯᠳᠠ ᠪᠠᠷ ᠰᠢᠯᠳᠠᠭ ᠪᠤᠯᠭᠠᠵᠤ ᠰᠢᠭᠤᠳ ᠭᠠᠷ ᠲᠦᠷᠦᠬᠦ᠂ ᠠᠵᠤ ᠠᠬᠤᠶᠢᠯᠠᠯ ᠤᠨ ᠭᠡᠪ ᠤᠨ ᠦᠢᠯᠡᠳᠪᠤᠷᠢᠯᠡᠯ ᠡᠵᠡᠩᠨᠡᠯᠳᠡ ᠶᠢᠨ ᠠᠵᠢᠯᠯᠠᠭ᠎ᠠ ᠶᠢ ᠬᠠᠷᠰᠢᠯᠠᠬᠤ ᠠᠴᠠ ᠵᠠᠶᠢᠯᠠᠰᠬᠢᠨ᠎ᠠ᠃ ᠠᠵᠤ ᠠᠬᠤᠶᠢᠯᠠᠯᠳᠠᠨ ᠤ ᠠᠮᠢ ᠪᠠᠶ᠎ᠠ ᠶᠢᠨ ᠠᠮᠤᠷ ᠲᠦᠪᠰᠢᠨ ᠪᠤᠯᠤᠨ ᠡᠳ᠋ ᠬᠦᠷᠤᠩᠭᠡ ᠶᠢᠨ ᠠᠮᠤᠷ ᠲᠦᠪᠰᠢᠨ ᠢ ᠬᠠᠤᠯᠢ ᠶᠤᠰᠤᠭᠠᠷ ᠬᠠᠮᠠᠭᠠᠯᠠᠨ᠎ᠠ᠃       ᠭᠤᠤᠯᠳᠠᠯᠭ᠎ᠠ ᠲᠠᠢ ᠬᠦᠷᠢᠶ᠎ᠠ ᠭᠡᠪᠴᠢᠶᠡᠨ ᠤ ᠦᠭᠡᠷᠡᠴᠢᠯᠡᠯᠳᠡ ᠶᠢ ᠲᠤᠬᠳᠠᠭᠤᠨ ᠢᠶᠠᠷ ᠠᠬᠢᠭᠤᠯᠤᠨ᠎ᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠳᠡ ᠶᠢ ᠲᠠᠰᠤᠷᠠᠯᠳᠠ ᠦᠭᠡᠢ ᠬᠦᠨᠵᠡᠭᠡᠶᠢᠷᠡᠬᠦᠯᠵᠤ᠂ ᠵᠠᠬ᠎ᠠ ᠲᠡᠯᠭᠡᠬᠦᠷ ᠤᠨ ᠭᠤᠤᠯ ᠴᠤᠬᠴᠠ ᠶᠢᠨ ᠡᠵᠡᠩᠨᠡᠯᠳᠡ ᠶᠢᠨ ᠲᠠᠷᠤᠭᠠᠰᠤ ᠶᠢ ᠬᠦᠡᠭᠭᠡᠷᠡᠬᠦᠯᠤᠨ᠂ ᠡᠯ᠎ᠡ ᠵᠦᠢᠯ ᠤᠨ ᠭᠠᠶᠢᠯᠢ  ᠶᠢ ᠬᠠᠰᠤᠬᠤ ᠲᠦᠷᠦ ᠶᠢᠨ ᠪᠤᠳᠤᠯᠭ᠎ᠠ ᠶᠢ ᠪᠦᠳᠤᠮᠵᠢᠳᠠᠢ ᠨᠠᠶᠢᠳᠠᠪᠤᠷᠢᠵᠢᠭᠤᠯᠤᠨ᠎ᠠ᠃ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠦᠭᠡᠷᠡᠴᠢᠯᠡᠯᠳᠡ ᠶᠢ ᠦᠷᠬᠦᠯᠵᠢᠯᠡᠨ ᠰᠠᠶᠢᠳᠤᠷ ᠠᠳᠬᠤᠵᠤ᠂ ᠵᠠᠬ᠎ᠠ ᠲᠡᠯᠭᠡᠬᠦᠷ ᠲᠤ ᠤᠷᠤᠭᠤᠯᠬᠤ ᠶᠢ ᠵᠦᠪᠰᠢᠶᠡᠷᠡᠬᠦ ᠨᠠᠵᠠᠭᠠᠢ ᠲᠠᠯ᠎ᠠ ᠶᠢᠨ ᠨᠠᠷᠢᠨ ᠲᠠᠩᠰᠠ ᠶᠢᠨ ᠲᠦᠷᠢᠮ ᠢ ᠪᠦᠬᠦ ᠲᠠᠯ᠎ᠠ ᠪᠠᠷ ᠭᠡᠷᠡᠭᠵᠢᠬᠦᠯᠤᠨ᠂ ᠠᠵᠤ ᠠᠬᠤᠶᠢᠯᠠᠯ ᠤᠨ ᠬᠦᠴᠤᠨ ᠦᠭᠡᠢ ᠪᠤᠯᠭᠠᠬᠤ ᠲᠦᠬᠦᠮ ᠪᠦᠷᠢᠳᠭᠡᠯ ᠪᠤᠯᠤᠨ ᠪᠦᠬᠦ ᠶᠠᠪᠤᠴᠠ ᠶᠢ ᠡᠯᠧᠺᠲᠷᠤᠨᠴᠢᠯᠡᠬᠦ ᠶᠢ ᠬᠦᠴᠤᠳᠡᠢ ᠲᠡᠯᠭᠡᠷᠡᠬᠦᠯᠵᠤ᠂ ᠵᠠᠬ᠎ᠠ ᠲᠡᠯᠭᠡᠬᠦᠷ ᠤᠨ ᠬᠢᠨᠠᠨ ᠬᠠᠮᠢᠶᠠᠷᠬᠤ  ᠲᠤᠬᠳᠠᠴᠠ ᠶᠢ ᠲᠡᠬᠦᠯᠳᠡᠷᠵᠢᠬᠦᠯᠤᠨ᠂ ᠠᠵᠢᠯ ᠭᠡᠷᠡᠭ ᠤᠨ ᠲᠤᠮᠳᠠ ᠪᠠ ᠬᠤᠶᠢᠨᠠᠬᠢ ᠬᠠᠮᠢᠶᠠᠷᠤᠯᠳᠠ ᠶᠢ ᠡᠷᠴᠢᠮᠵᠢᠬᠦᠯᠵᠤ᠂ ᠵᠠᠬ᠎ᠠ ᠲᠡᠯᠭᠡᠬᠦᠷ ᠤᠨ ᠡᠮᠬᠢ ᠲᠢᠭᠯᠢᠮ ᠢ ᠴᠡᠭᠴᠡᠯᠡᠨ ᠲᠦᠷᠢᠮᠵᠢᠬᠦᠯᠵᠤ᠂ ᠵᠠᠬ᠎ᠠ ᠲᠡᠯᠬᠡᠬᠦᠷ ᠤᠨ ᠭᠤᠤᠯ ᠴᠤᠬᠴᠠ ᠶᠢᠨ ᠠᠮᠢᠵᠢᠷᠠᠯ ᠤᠨ ᠬᠦᠴᠤᠨ ᠢ ᠬᠦᠭᠵᠢᠭᠡᠨ᠎ᠡ᠃ ᠤᠯᠤᠰ ᠤᠨ ᠦᠮᠴᠢᠯᠡᠯᠳᠤ ᠠᠵᠤ ᠠᠬᠤᠶᠢᠯᠠᠯ ᠤᠨ ᠦᠭᠡᠷᠡᠴᠢᠯᠡᠯᠳᠡ ᠶᠢ ᠲᠦᠷᠭᠡᠳᠭᠡᠵᠤ᠂ ᠤᠯᠤᠰ  ᠤᠨ ᠦᠮᠴᠢᠯᠡᠯᠳᠤ ᠠᠵᠤ ᠠᠬᠤᠶᠢᠯᠠᠯ ᠢ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠲᠠᠬᠢᠨ ᠨᠡᠶᠢᠯᠡᠬᠦᠯᠬᠦ ᠶᠢ ᠭᠡᠷᠡᠭᠵᠢᠬᠦᠯᠤᠨ᠂ ᠤᠯᠤᠰ ᠤᠨ ᠦᠮᠴᠢᠯᠡᠯᠳᠤ ᠠᠵᠤ ᠠᠬᠤᠶᠢᠯᠠᠯ ᠤᠨ ᠲᠡᠤᠭᠡᠨ ᠠᠴᠠ ᠦᠯᠡᠳᠡᠵᠤ ᠢᠷᠡᠭᠰᠡᠨ ᠠᠰᠠᠭᠤᠳᠠᠯ ᠢ ᠬᠦᠴᠤᠯᠡᠨ ᠰᠢᠢᠳᠪᠤᠷᠢᠯᠡᠵᠤ᠂ ᠵᠠᠬ᠎ᠠ ᠲᠡᠯᠭᠡᠬᠦᠷᠴᠢᠯᠡᠭᠰᠡᠨ ᠡᠵᠡᠩᠨᠡᠯᠳᠡ ᠶᠢᠨ ᠲᠤᠬᠳᠠᠴᠠ ᠪᠤᠯᠤᠨ ᠵᠤᠷᠢᠬᠵᠢᠭᠤᠯᠤᠨ ᠬᠦᠯᠢᠶᠡᠰᠤᠯᠡᠬᠦ ᠲᠤᠬᠳᠠᠴᠠ ᠶᠢ ᠪᠠᠶᠢᠭᠤᠯᠤᠨ ᠲᠡᠬᠦᠯᠳᠡᠷᠵᠢᠬᠦᠯᠵᠤ᠂ ᠤᠳᠤ ᠦᠶ᠎ᠡ ᠶᠢᠨ ᠠᠵᠤ ᠠᠬᠤᠶᠢᠯᠠᠯ ᠤᠨ ᠬᠠᠮᠢᠶᠠᠷᠤᠯᠳᠠ ᠶᠢᠨ  ᠲᠤᠬᠳᠠᠴᠠ ᠶᠢ ᠰᠢᠨᠡᠴᠢᠯᠡᠨ᠂ ᠤᠯᠤᠰ ᠤᠨ ᠦᠮᠴᠢᠯᠡᠯᠳᠤ ᠠᠵᠤ ᠠᠬᠤᠶᠢᠯᠠᠯ  ᠤᠨ ᠲᠤᠳᠤᠭᠠᠳᠤ ᠠᠮᠢᠵᠢᠷᠠᠯ ᠤᠨ ᠬᠦᠴᠤ᠂ ᠵᠠᠬ᠎ᠠ ᠲᠡᠯᠭᠡᠬᠦᠷ ᠤᠨ ᠦᠷᠢᠰᠦᠯᠳᠤᠬᠦ ᠬᠦᠴᠤ ᠪᠤᠯᠤᠨ ᠬᠦᠭᠵᠢᠯᠳᠡ ᠶᠢ ᠲᠠᠭᠠᠭᠤᠯᠬᠤ ᠬᠦᠴᠤ ᠶᠢ ᠨᠡᠮᠡᠭᠳᠡᠬᠦᠯᠤᠨ᠎ᠡ᠃ ᠤᠯᠤᠰ ᠤᠨ ᠦᠮᠴᠢᠯᠡᠯᠳᠤ ᠬᠦᠷᠤᠩᠭᠡ ᠶᠢᠨ ᠬᠢᠨᠠᠯᠳᠠ ᠬᠠᠮᠢᠶᠠᠷᠤᠯᠳᠠ  ᠶᠢ ᠡᠷᠴᠢᠮᠵᠢᠬᠦᠯᠵᠤ᠂ ᠠᠵᠤ ᠠᠬᠤᠶᠢᠯᠠᠯ ᠢ ᠬᠠᠮᠢᠶᠠᠷᠴᠤ ᠪᠠᠶᠢᠬᠰᠠᠨ ᠠᠴᠠ ᠬᠦᠷᠤᠩᠭᠡ ᠶᠢ ᠬᠠᠮᠢᠶᠠᠷᠬᠤ ᠵᠦᠭ ᠬᠤᠪᠢᠷᠠᠭᠤᠯᠬᠤ ᠶᠢ ᠪᠡᠶᠡᠯᠡᠬᠦᠯᠤᠨ᠂ ᠡᠳ᠋ ᠬᠦᠷᠤᠩᠭᠡ ᠶᠢ ᠲᠤᠳᠤᠷᠬᠠᠶᠢᠯᠠᠨ ᠪᠡᠯᠡ ᠮᠦᠡᠭᠬᠦ ᠶᠢ ᠬᠠᠷᠭᠤᠭᠤᠯᠬᠤ ᠠᠵᠢᠯ  ᠢ ᠬᠦᠨᠵᠡᠭᠡᠢ ᠦᠷᠨᠢᠬᠦᠯᠵᠤ᠂ ᠤᠯᠤᠰ ᠤᠨ ᠦᠮᠴᠢᠯᠡᠯᠳᠤ ᠡᠳ᠋ ᠬᠦᠷᠤᠩᠭᠡ ᠶᠢᠨ ᠰᠠᠭᠤᠷᠢ ᠲᠤᠭ᠎ᠠ ᠶᠢ  ᠲᠤᠳᠤᠷᠬᠠᠢ᠂ ᠵᠠᠷᠤᠯᠭ᠎ᠠ ᠨᠢ ᠢᠯᠡ᠂ ᠠᠰᠢᠭ ᠤᠷᠤᠯᠭ᠎ᠠ ᠲᠠᠢ ᠪᠠᠶᠢᠬᠤ ᠶᠢ ᠪᠡᠶᠡᠯᠡᠬᠦᠯᠤᠨ᠎ᠡ᠃ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠢᠳᠡᠪᠬᠢᠳᠡᠢ ᠠᠬᠢᠭᠤᠯᠵᠤ᠂ ᠲᠦᠰᠦᠪ ᠤᠨ ᠬᠠᠮᠢᠶᠠᠷᠤᠯᠳᠠ ᠪᠠ ᠭᠠᠶᠢᠯᠢ  ᠶᠢᠨ ᠤᠷᠤᠯᠭ᠎ᠠ ᠶᠢ ᠲᠠᠳᠠᠪᠤᠷᠢᠯᠠᠨ ᠬᠠᠮᠢᠶᠠᠷᠬᠤ ᠬᠢᠷᠢ ᠭᠡᠮᠵᠢᠶ᠎ᠡ ᠶᠢ ᠲᠡᠭᠡᠭᠰᠢᠯᠡᠬᠦᠯᠤᠨ᠎ᠡ᠃       ᠰᠢᠨ᠎ᠡ ᠶᠢ ᠡᠬᠦᠳᠬᠦ ᠪᠠᠷ ᠬᠦᠳᠡᠯᠭᠡᠭᠴᠢ ᠬᠦᠴᠤᠨ ᠪᠤᠯᠭᠠᠬᠤ ᠪᠠᠶᠢᠯᠳᠤᠬᠤ ᠪᠤᠳᠤᠯᠭ᠎ᠠ ᠶᠢ ᠬᠦᠨᠵᠡᠭᠡᠢ ᠭᠡᠷᠡᠭᠵᠢᠬᠦᠯᠤᠨ᠎ᠡ᠃ ᠬᠤᠳᠠ ᠶᠢᠨ ᠲᠡᠭᠡᠳᠤ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠠᠯᠡᠩ ᠲᠤᠭᠤᠷᠢᠭ ᠤᠨ ᠬᠦᠭᠵᠢᠯᠳᠡ ᠶᠢ ᠪᠦᠬᠦ ᠬᠦᠴᠤ ᠪᠠᠷ ᠢᠶᠠᠨ ᠲᠡᠮᠵᠢᠵᠤ᠂ ᠬᠠᠮᠳᠤᠪᠠᠷ ᠪᠠᠶᠢᠭᠤᠯᠵᠤ ᠬᠠᠮᠳᠤᠪᠠᠷ ᠡᠳ᠋ᠯᠡᠬᠦ ᠬᠠᠮᠳᠤᠷᠠᠯᠴᠠᠭᠠᠨ  ᠤ ᠲᠤᠬᠳᠠᠴᠠ ᠶᠢ ᠬᠦᠨᠵᠡᠭᠡᠶᠢᠷᠡᠬᠦᠯᠤᠨ᠂ ᠬᠦᠷᠢᠶᠠᠯᠡᠩ ᠲᠤᠭᠤᠷᠢᠭ ᠤᠨ ᠠᠵᠤ ᠠᠬᠤᠢ ᠶᠢᠨ ᠪᠤᠰᠤ ᠴᠢᠳᠠᠪᠬᠢ ᠶᠢ ᠲᠦᠷᠭᠡᠨ ᠬᠠᠷᠢᠭᠤᠴᠠᠨ ᠵᠤᠯᠭᠠᠭᠤᠯᠵᠤ᠂ ᠬᠦᠷᠢᠶᠠᠯᠠᠩ ᠲᠤᠭᠤᠷᠢᠭ ᠤᠶᠤᠨ ᠴᠢᠳᠠᠯ ᠢᠶᠠᠨ ᠭᠠᠷᠭᠠᠨ ᠬᠦᠭᠵᠢᠯᠳᠡ ᠶᠢ ᠡᠷᠢᠯᠬᠢᠯᠡᠬᠦ ᠪᠤᠯᠭᠠᠵᠤ᠂ ᠬᠢᠶ᠎ᠠ ᠪᠠᠭᠰᠢ ᠶᠢᠨ ᠰᠢᠨ᠎ᠡ ᠶᠢ ᠡᠬᠦᠳᠬᠦ ᠬᠦᠳᠡᠯᠭᠡᠭᠴᠢ ᠬᠦᠴᠤᠨ ᠤ ᠭᠤᠤᠯ ᠵᠢᠬᠰᠠᠭᠠᠯ ᠤᠨ ᠭᠠᠵᠠᠷ ᠪᠤᠯᠭᠠᠨ᠎ᠠ᠃ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠠᠵᠤ ᠦᠢᠯᠡᠰ ᠤᠨ ᠭᠡᠯᠬᠢᠶ᠎ᠡ ᠶᠢᠨ ᠦᠨᠳᠤᠷ ᠲᠡᠰ ᠵᠦᠭ ᠲᠠᠪᠰᠢᠬᠤ ᠶᠢ ᠲᠠᠶᠢᠴᠢᠯᠠᠨ᠂ ᠪᠤᠳᠠᠳᠤ ᠴᠤᠬᠴᠠ ᠶᠢᠨ ᠠᠵᠤ ᠠᠬᠤᠢ ᠶᠢᠨ ᠭᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠬᠦ ᠶᠢ ᠠᠬᠢᠭᠤᠯᠵᠤ᠂  ᠲᠤᠮᠳᠠ ᠲᠡᠭᠡᠳᠤ ᠲᠡᠰ ᠤᠨ ᠭᠡᠷᠡᠭᠯᠡᠭᠡ᠂ ᠰᠢᠨ᠎ᠡ ᠪᠠᠷ ᠬᠦᠭᠵᠢᠭᠰᠡᠨ ᠦᠢᠯᠡᠴᠢᠯᠡᠭᠡᠨ ᠤ ᠦᠢᠯᠡᠰ᠂ ᠤᠳᠤ ᠦᠶ᠎ᠡ ᠶᠢᠨ ᠬᠠᠨᠭ᠍ᠭᠠᠯᠭ᠎ᠠ ᠶᠢᠨ ᠭᠡᠯᠬᠢᠶ᠎ᠡ᠂ ᠬᠦᠮᠤᠨ ᠤ ᠬᠦᠴᠤᠨ ᠤ ᠡᠬᠢ ᠪᠠᠶᠠᠯᠢᠭ ᠤᠨ ᠦᠢᠯᠡᠴᠢᠯᠡᠭᠡ ᠵᠡᠷᠭᠡ ᠬᠦᠷᠢᠶ᠎ᠠ ᠭᠡᠪᠴᠢᠶᠡᠨ ᠳᠤ ᠰᠢᠨ᠎ᠡ ᠨᠡᠮᠡᠭᠳᠡᠯ ᠤᠨ ᠴᠡᠭ ᠢ ᠪᠤᠶᠢᠵᠢᠭᠤᠯᠤᠨ᠎ᠠ᠃ 5G ᠰᠦᠯᠵᠢᠶ᠎ᠡ ᠶᠢ ᠲᠦᠭᠡᠮᠡᠯᠵᠢᠬᠦᠯᠤᠨ ᠭᠡᠷᠡᠭᠯᠡᠬᠦ ᠶᠢ ᠤᠷᠢᠳᠴᠢᠯᠡᠨ ᠲᠡᠯᠭᠡᠷᠡᠬᠦᠯᠵᠤ᠂ ᠠᠵᠤ ᠦᠢᠯᠡᠰ ᠤᠨ ᠬᠦᠭᠵᠢᠯᠳᠡ᠂ ᠬᠤᠳᠠ ᠶᠢᠨ ᠪᠦᠳᠤᠭᠡᠨ ᠪᠠᠶᠢᠭᠤᠯᠤᠯᠳᠠ᠂ ᠠᠮᠢᠳᠤᠷᠠᠯ ᠤᠨ ᠦᠢᠯᠡᠴᠢᠯᠡᠭᠡ ᠵᠡᠷᠭᠡ ᠬᠦᠷᠢᠶ᠎ᠡ ᠭᠡᠪᠴᠢᠶᠡᠨ  ᠳᠤ ᠪᠤᠳᠠᠰ ᠤᠨ ᠬᠦᠢᠯᠭᠡᠭᠡ ᠶᠢᠨ ᠰᠦᠯᠵᠢᠶ᠎ᠡ᠂ ᠵᠤᠬᠢᠶᠠᠮᠠᠯ ᠪᠤᠳᠠᠳᠤ ᠠᠬᠤᠢ᠂ ᠵᠤᠬᠢᠶᠠᠮᠠᠯ ᠤᠶᠤᠨ ᠵᠡᠷᠭᠡ ᠰᠢᠨ᠎ᠡ ᠮᠡᠷᠭᠡᠵᠢᠯ ᠢ ᠲᠡᠯᠭᠡᠷᠡᠬᠦᠯᠤᠨ᠎ᠡ᠃ ᠤᠯᠠᠨ ᠢᠶᠠᠷ ᠢᠶᠠᠨ ᠦᠢᠯᠡᠰ ᠪᠤᠰᠬᠠᠬᠤ᠂ ᠲᠠᠶᠠᠭᠠᠷ ᠢᠶᠠᠨ ᠰᠢᠨ᠎ᠡ ᠶᠢ ᠡᠬᠦᠳᠬᠦ ᠶᠢ ᠬᠦᠨᠵᠡᠭᠡᠢ ᠠᠬᠢᠭᠤᠯᠵᠤ᠂ ᠰᠢᠨ᠎ᠡ ᠶᠢ ᠡᠬᠦᠳᠦᠭᠰᠡᠨ ᠠᠵᠤ ᠠᠬᠤᠶᠢᠯᠠᠯ ᠢ ᠲᠡᠮᠵᠢᠬᠦ ᠡᠯ᠎ᠡ ᠵᠦᠢᠯ ᠤᠨ ᠲᠡᠳᠬᠦᠬᠦ ᠲᠦᠷᠦ  ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠠᠯᠢ ᠰᠢᠨ᠎ᠡ ᠶᠢ ᠡᠬᠦᠳᠴᠤ ᠦᠢᠯᠡᠰ ᠪᠤᠰᠬᠠᠬᠤ ᠦᠢᠯᠡᠴᠢᠯᠡᠭᠡᠨ ᠤ ᠲᠦᠪ᠂ ᠺᠠᠨᠭ᠌ ᠪᠸᠢ ᠦᠢᠯᠡᠰ ᠪᠤᠰᠬᠠᠬᠤ ᠬᠦᠷᠢᠶᠠᠯᠠᠩ ᠵᠡᠷᠭᠡ ᠤᠯᠠᠨ ᠢᠶᠠᠷ ᠢᠶᠠᠨ ᠦᠢᠯᠡᠰ ᠪᠤᠰᠬᠠᠬᠤ ᠠᠴᠢᠶᠠᠯᠠᠬᠴᠢ ᠶᠢ ᠲᠠᠮᠵᠢᠨ ᠪᠤᠵᠠᠭᠠᠶᠢᠷᠠᠭᠤᠯᠤᠨ ᠬᠦᠴᠤᠷᠭᠡᠭᠵᠢᠬᠦᠯᠤᠨ᠎ᠡ᠃ ᠴᠢᠳᠠᠪᠤᠷᠢᠳᠠᠨ ᠢᠶᠠᠷ ᠲᠤᠭᠤᠷᠢᠭ ᠢᠶᠠᠨ ᠬᠦᠴᠤᠷᠭᠡᠭᠵᠢᠬᠦᠯᠬᠦ ᠪᠠᠶᠢᠯᠳᠤᠬᠤ ᠪᠤᠳᠤᠯᠭ᠎ᠠ ᠶᠢ ᠭᠡᠷᠡᠭᠵᠢᠬᠦᠯᠵᠤ᠂ ᠲᠡᠭᠡᠳᠤ ᠵᠡᠷᠭᠡ ᠶᠢᠨ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠯᠤᠭ᠎ᠠ ᠬᠠᠷᠢᠯᠴᠠᠭ᠎ᠠ ᠬᠠᠮᠳᠤᠷᠠᠯᠴᠠᠭ᠎ᠠ ᠪᠠᠨ ᠦᠷᠬᠦᠯᠵᠢᠯᠡᠨ ᠬᠦᠨᠵᠡᠭᠡᠶᠢᠷᠡᠬᠦᠯᠤᠨ ᠨᠢᠭᠡ ᠪᠦᠯᠦᠭ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠬᠦᠳᠬᠦ ᠪᠠ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠦᠷᠢᠶ᠎ᠠ ᠭᠡᠪᠴᠢᠶᠡᠨ ᠤ ᠰᠢᠯᠢᠳᠡᠭ ᠴᠢᠳᠠᠪᠤᠷᠢᠳᠠᠨ ᠢ ᠪᠤᠶᠢᠵᠢᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠳᠠᠢ ᠬᠦᠭᠵᠢᠯᠳᠡ ᠳᠤ ᠬᠦᠴᠤ ᠲᠠᠢ ᠤᠶᠤᠨ ᠤ ᠲᠤᠯᠭᠠᠭᠤᠷᠢ ᠶᠢ ᠬᠠᠨᠭ᠍ᠭᠠᠨ᠎ᠠ᠃       ︵ᠲᠠᠪᠤ︶ ᠪᠠᠶᠢᠭᠤᠯᠬᠤ ᠪᠠ ᠬᠠᠮᠢᠶᠠᠷᠬᠤ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠳᠠᠯᠠᠵᠤ᠂ ᠤᠳᠤᠬᠢᠴᠢᠯᠠᠬᠰᠠᠨ ᠴᠢᠨᠠᠷᠯᠢᠭ ᠬᠤᠳᠠ ᠶᠢ ᠡᠬᠦᠳᠤᠨ ᠪᠠᠶᠢᠭᠤᠯᠤᠨ᠎ᠠ᠃ ᠰᠢᠨᠵᠢᠯᠡᠬᠦ ᠤᠬᠠᠭᠠᠨᠴᠢ ᠲᠦᠯᠦᠪᠵᠢᠬᠦᠯᠭᠡ  ᠪᠠᠷ ᠬᠤᠳᠠ ᠶᠢᠨ ᠪᠦᠳᠤᠭᠡᠨ ᠪᠠᠶᠢᠭᠤᠯᠤᠯᠳᠠ ᠶᠢ ᠬᠦᠳᠤᠯᠤᠨ ᠲᠠᠭᠠᠭᠤᠯᠬᠤ ᠶᠢ ᠪᠠᠷᠢᠮᠳᠠᠯᠠᠵᠤ᠂ ᠬᠤᠳᠠ ᠶᠢ ᠬᠠᠮᠢᠶᠠᠷᠴᠤ ᠪᠠᠶᠢᠬᠰᠠᠨ ᠢ ᠬᠤᠳᠠ ᠶᠢ ᠵᠠᠰᠠᠬᠤ ᠵᠦᠭ ᠬᠤᠪᠢᠷᠠᠭᠤᠯᠬᠤ ᠶᠢ ᠠᠬᠢᠭᠤᠯᠤᠨ᠂ ᠵᠤᠬᠢᠴᠠᠯᠳᠤᠨ ᠬᠦᠭᠵᠢᠭᠰᠡᠨ ᠂ ᠤᠯᠠᠨ ᠡᠰᠢᠳᠤ ᠬᠠᠮᠳᠤᠪᠠᠷ ᠵᠠᠰᠠᠬᠰᠠᠨ ᠬᠤᠳᠠ ᠶᠢᠨ ᠬᠦᠭᠵᠢᠯᠳᠡ ᠶᠢᠨ ᠵᠠᠬᠪᠤᠷ ᠢ ᠪᠦᠷᠢᠯᠳᠦᠬᠦᠯᠵᠤ᠂ ᠬᠤᠳᠠ ᠶᠢᠨ ᠠᠵᠢᠯᠯᠠᠭᠠᠨ ᠦᠨᠳᠤᠷ ᠠᠰᠢᠭ ᠲᠠᠢ ᠡᠮᠬᠢ ᠲᠢᠭᠯᠢᠮ ᠲᠠᠢ ᠪᠠᠶᠢᠬᠤ ᠶᠢ ᠠᠬᠢᠭᠤᠯᠤᠨ᠂ ᠬᠤᠳᠠ ᠨᠢ ᠠᠮᠢᠳᠤᠷᠠᠯ ᠢ ᠨᠡᠩ ᠭᠤᠶᠤ ᠰᠠᠶᠢᠬᠠᠨ ᠪᠤᠯᠭᠠᠬᠤ ᠶᠢ ᠪᠠᠶᠠᠯᠠᠬᠦᠯᠤᠨ᠎ᠡ᠃       ᠴᠢᠨᠠᠷᠵᠢᠯ ᠬᠤᠳᠠ ᠶᠢᠨ ᠪᠦᠳᠤᠭᠡᠨ ᠪᠠᠶᠢᠭᠤᠯᠤᠯᠳᠠ ᠶᠢ ᠲᠦᠷᠭᠡᠳᠭᠡᠨ᠎ᠡ᠃ ᠬᠤᠳᠠ ᠶᠢᠨ ᠶᠠᠪᠤᠳᠠᠯ ᠤᠨ ᠦᠨᠳᠤᠰᠤᠨ ᠴᠢᠳᠠᠪᠤᠷᠢ ᠶᠢ ᠲᠡᠬᠦᠯᠳᠡᠷᠵᠢᠬᠦᠯᠵᠤ᠂ ᠬᠤᠳᠠ ᠶᠢᠨ  ᠲᠤᠯᠠᠭᠠᠯᠠᠭ᠎ᠠ ᠶᠢᠨ ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢ ᠡᠬᠢᠯᠡᠬᠦᠯᠵᠤ᠂ ︽ ᠲᠤᠯᠠᠭᠠᠯᠠᠭ᠎ᠠ ᠶᠢᠨ ᠢᠷᠡᠯᠳᠡ ᠭᠠᠭᠴᠠᠬᠠᠨ ᠪᠠᠶᠢᠬᠤ︾ ᠲᠤᠯᠠᠭᠠᠯᠠᠭ᠎ᠠ ᠬᠠᠨᠭ᠍ᠭᠠᠬᠤ ᠠᠰᠠᠭᠤᠳᠠᠯ ᠢ ᠲᠦᠷᠭᠡᠨ ᠰᠢᠢᠳᠪᠤᠷᠢᠯᠡᠨ᠎ᠡ︔ ᠵᠠᠪᠰᠠᠷ ᠤᠨ ᠤᠰᠤ ᠶᠢ ᠶᠡᠷᠤᠩᠭᠡᠶᠢᠯᠡᠨ ᠠᠰᠢᠬᠯᠠᠬᠤ ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢ ᠪᠠᠶᠠᠯᠠᠬᠦᠯᠵᠤ᠂ ᠠᠮᠢᠳᠤᠷᠠᠯ ᠤᠨ ᠴᠢᠨᠠᠷᠳᠠᠢ ᠪᠤᠰᠤ ᠭᠡᠷᠡᠭᠯᠡᠭᠡᠨ ᠤ ᠤᠰᠤ ᠶᠢ ᠴᠦᠮ ᠵᠠᠪᠰᠠᠷ ᠤᠨ ᠤᠰᠤ ᠪᠠᠷ ᠬᠠᠯᠠᠬᠤ ᠶᠢ ᠪᠠᠶᠠᠯᠡᠬᠦᠯᠤᠨ᠎ᠡ︔ ᠬᠤᠳᠠ ᠶᠢᠨ ᠦᠶᠡᠷ ᠢ ᠰᠡᠷᠭᠡᠶᠢᠯᠡᠬᠦ ᠶᠡᠷᠤᠩᠭᠡᠶᠢᠯᠡᠨ  ᠦᠭᠡᠷᠡᠴᠢᠯᠡᠨ ᠵᠠᠰᠠᠬᠤ ᠪᠠᠷᠢᠯᠭ᠎ᠠ ᠶᠢ ᠠᠬᠢᠭᠤᠯᠵᠤ᠂ ᠬᠤᠳᠠ ᠶᠢᠨ ᠲᠤᠳᠤᠷᠠᠬᠢ   ᠤᠰᠤᠳᠤᠬᠤ ᠠᠶᠤᠯ ᠲᠠᠢ ᠭᠠᠵᠠᠷ ᠢ ᠪᠠᠶᠢᠴᠠᠭᠠᠨ ᠵᠠᠰᠠᠵᠤ᠂ ᠭᠤᠤᠯᠳᠠᠯᠭ᠎ᠠ ᠲᠠᠢ ᠤᠷᠤᠰᠬᠠᠯ ᠤᠨ ᠤᠷᠤᠨ᠂ ᠭᠤᠤᠯ ᠤᠨ ᠭᠡᠰᠡᠭ ᠤᠨ ᠬᠠᠰᠢᠯᠭ᠎ᠠ ᠶᠢ ᠪᠠᠬᠢᠵᠢᠬᠦᠯᠬᠦ᠂ ᠭᠤᠤᠯ ᠤᠨ ᠰᠠᠪᠠ ᠶᠢ ᠨᠡᠪᠳᠡᠷᠡᠬᠦᠯᠬᠦ ᠶᠢ ᠪᠠᠳᠤᠯᠠᠨ᠎ᠠ᠃ ᠤᠯᠠᠭᠠᠨᠮᠦ᠋ᠷᠡᠨ ᠤ ᠭᠤᠷᠪᠠᠳᠤᠭᠠᠷ ᠬᠦᠬᠦᠷᠭᠡ ᠪᠤᠯᠤᠨ ᠤᠯᠠᠨ ᠨᠡᠶᠢᠳᠡ ᠶᠢᠨ ᠵᠠᠮ ᠬᠠᠷᠢᠯᠴᠠᠭᠠᠨ ᠤ ᠬᠦᠢᠰᠤ ᠲᠦᠪ ᠢ ᠡᠬᠢᠯᠡᠨ ᠪᠠᠶᠢᠭᠤᠯᠵᠤ᠂ ᠲᠤᠯᠠᠭᠠᠯᠠᠭ᠎ᠠ᠂ ᠰᠢᠳᠠᠮᠠᠭᠠᠢ ᠭᠡᠢ᠂ ᠴᠠᠬᠢᠯᠭᠠᠨ᠂ ᠤᠰᠤ᠂ ᠴᠢᠮᠡᠭᠡ ᠬᠤᠯᠪᠤᠭ᠎ᠠ ᠵᠡᠷᠭᠡ ᠬᠤᠳᠠ ᠶᠢᠨ ᠶᠠᠪᠤᠳᠠᠯ ᠤᠨ ᠲᠦᠬᠦᠭᠡᠷᠤᠮᠵᠢ ᠶᠢᠨ ᠪᠠᠭᠳᠠᠭᠠᠮᠵᠢ ᠶᠢ ᠦᠷᠭᠡᠳᠭᠡᠨ ᠰᠢᠨᠡᠴᠢᠯᠡᠬᠦ ᠪᠠ ᠤᠶᠤᠨᠯᠢᠭ ᠤᠨ ᠲᠡᠰ ᠢ ᠲᠡᠭᠡᠭᠰᠢᠯᠡᠬᠦᠯᠬᠦ ᠶᠢ ᠠᠬᠢᠭᠤᠯᠤᠨ᠂ ᠤᠯᠠᠨ ᠲᠦᠮᠡᠨ ᠤ ᠠᠶᠠᠨ ᠵᠠᠮ ᠬᠦᠭᠡᠭᠡᠬᠦ ᠪᠠ ᠠᠮᠢᠳᠤᠷᠠᠯ ᠢ ᠨᠡᠩ ᠲᠦᠬᠦᠮ ᠪᠤᠯᠭᠠᠨ᠎ᠠ᠃ ᠬᠤᠳᠠ ᠶᠢᠨ ᠤᠷᠴᠢᠨ ᠲᠤᠭᠤᠷᠢᠨ  ᠢ ᠬᠦᠴᠤᠯᠡᠨ ᠭᠤᠶᠤᠵᠢᠭᠤᠯᠵᠤ᠂ ︽ᠭᠠᠵᠠᠷ ᠤᠷᠤᠨ ᠳᠤ ᠪᠠᠨ ᠲᠤᠬᠢᠷᠠᠭᠤᠯᠤᠨ ᠲᠠᠷᠢᠵᠤ ᠤᠶᠢᠵᠢᠭᠤᠯᠬᠤ︾ ᠵᠠᠷᠴᠢᠮ ᠶᠤᠰᠤᠭᠠᠷ ᠵᠠᠮ ᠤᠨ ᠭᠡᠰᠡᠭ᠂ ᠴᠡᠴᠡᠷᠯᠢᠭ ᠠᠭᠤᠳᠠᠮ ᠲᠠᠯᠠᠪᠠᠢ᠂ ᠵᠢᠵᠢᠭ ᠲᠤᠭᠤᠷᠢᠭ ᠰᠤᠷᠭᠠᠭᠤᠯᠢ ᠶᠢᠨ ᠬᠦᠷᠢᠶ᠎ᠠ ᠶᠢᠨ ᠨᠤᠭᠤᠭᠠᠷᠠᠭᠤᠯᠤᠯᠳᠠ ᠶᠢ ᠲᠡᠰ ᠲᠡᠪᠰᠢᠬᠦᠯᠬᠦ 19 ᠵᠦᠢᠯ ᠤᠨ ᠪᠠᠷᠢᠯᠭ᠎ᠠ ᠶᠢ ᠬᠢᠵᠤ᠂  ᠴᠡᠴᠡᠭ ᠤᠨ ᠲᠠᠷᠢᠶ᠎ᠠ ᠶᠢ 1500 ᠮᠤ᠋ ᠪᠠᠶᠢᠭᠤᠯᠤᠨ᠎ᠠ︔ ᠬᠤᠳᠠ ᠶᠢᠨ ᠶᠠᠪᠤᠳᠠᠯ ᠤᠨ ᠰᠡᠯᠪᠢᠨ ᠵᠠᠰᠠᠬᠤ ᠪᠠ ᠡᠳᠤᠷ ᠲᠤᠳᠤᠮ ᠤᠨ ᠴᠡᠪᠡᠷᠯᠡᠭᠡ  ᠶᠢᠨ ᠬᠢᠷᠢ ᠭᠡᠮᠵᠢᠶ᠎ᠡ ᠶᠢ ᠤᠯᠠᠮ ᠨᠢᠭᠡ ᠠᠯᠬᠤᠮ ᠲᠡᠭᠡᠭᠰᠢᠯᠡᠬᠦᠯᠵᠤ᠂ ᠬᠤᠳᠠ ᠶᠢᠨ ᠦᠡᠭᠭᠡ ᠲᠦᠷᠰᠤ ᠶᠢ ᠭᠡᠵᠢᠶᠡᠳᠡ ᠰᠢᠨ᠎ᠡ ᠴᠡᠪᠡᠷ ᠪᠠᠶᠢᠯᠭᠠᠵᠤ᠂ ᠦᠵᠡᠰᠬᠦᠯᠡᠩ᠂ ᠠᠷᠢᠭᠤᠨ ᠴᠡᠪᠡᠷ ᠤᠷᠴᠢᠨ ᠲᠤᠭᠤᠷᠢᠨ ᠢ ᠪᠦᠬᠦ ᠲᠤᠭᠤᠷᠢᠭ ᠤᠨ ᠰᠠᠭᠤᠭᠠᠯᠢ ᠠᠷᠠᠳ ᠤᠨ ᠬᠠᠮᠤᠭ ᠤᠨ ᠦᠨᠳᠤᠰᠤᠨ ᠠᠮᠢᠳᠤᠷᠠᠯ ᠤᠨ ᠠᠰᠠᠷᠠᠮᠵᠢ ᠪᠤᠯᠭᠠᠨ᠎ᠠ᠃       ᠬᠤᠳᠠ ᠶᠢᠨ ᠨᠠᠷᠢᠯᠢᠭᠵᠢᠭᠤᠯᠤᠬᠰᠠᠨ ᠬᠠᠮᠢᠶᠠᠷᠤᠯᠳᠠ ᠶᠢ ᠡᠷᠴᠢᠮᠵᠢᠬᠦᠯᠤᠨ᠎ᠡ᠃ ︽ᠬᠤᠸᠠᠷ ᠬᠠᠳᠬᠤᠬᠤ︾  ᠲᠠᠢ ᠠᠳᠠᠯᠢ ᠪᠠᠷ ᠬᠤᠳᠠ ᠪᠠᠨ ᠵᠠᠰᠠᠬᠤ ᠶᠢ ᠠᠭᠢᠭᠤᠯᠬᠤ ᠶᠢ ᠪᠠᠷᠢᠮᠳᠠᠯᠠᠨ᠂ ᠭᠤᠤᠯ ᠵᠡᠭᠡᠯᠢ᠂ ᠭᠤᠤᠯ ᠵᠠᠮ ᠠᠴᠠ ᠵᠢᠵᠢᠭ ᠵᠡᠭᠡᠯᠢ ᠭᠤᠳᠤᠮᠵᠢ᠂ ᠰᠠᠭᠤᠭᠠᠯᠢ ᠠᠷᠠᠳ ᠤᠨ ᠲᠤᠭᠤᠷᠢᠭ ᠵᠦᠭ ᠤᠷᠳᠤᠳᠬᠠᠵᠤ᠂ ᠪᠠᠶᠢᠭᠤᠯᠵᠤ ᠲᠠᠭᠤᠰᠤᠬᠰᠠᠨ ᠲᠤᠭᠤᠷᠢᠭ ᠠᠴᠠ  ᠬᠤᠶᠢᠳᠤ ᠲᠤᠭᠤᠷᠢᠭ ᠵᠦᠭ ᠤᠷᠳᠤᠳᠬᠠᠨ᠂ ᠨᠠᠷᠢᠯᠢᠭᠵᠢᠭᠤᠯᠤᠬᠰᠠᠨ ᠬᠠᠮᠢᠶᠠᠷᠤᠯᠳᠠ ᠶᠢ ᠪᠦᠬᠦ ᠲᠠᠯ᠎ᠠ ᠪᠠᠷ ᠦᠨᠴᠦᠭ ᠪᠤᠯᠤᠩ ᠪᠦᠷᠢ ᠳᠤ ᠲᠦᠭᠡᠮᠡᠯᠵᠢᠬᠦᠯᠬᠦ ᠶᠢ ᠪᠠᠶᠠᠯᠡᠬᠦᠯᠵᠤ᠂ ᠬᠤᠳᠠ  ᠶᠢᠨ ᠵᠠᠰᠠᠭ ᠤᠨ ᠤᠷᠳᠤᠨ ᠤ ᠰᠠᠭᠤᠭ᠎ᠠ ᠭᠠᠵᠠᠷ ᠤᠨ ᠲᠡᠷᠢᠬᠦᠨ ᠪᠠᠶᠢᠷᠢ ᠶᠢ ᠲᠤᠪᠤᠶᠢᠯᠭᠠᠨ᠎ᠠ᠃ ᠬᠤᠳᠠ ᠶᠢᠨ ᠰᠡᠯᠪᠢᠨ ᠵᠠᠰᠠᠬᠤ ᠦᠪᠡᠷ ᠤᠨ ᠦᠷᠳᠡᠭ ᠢ ᠪᠠᠭᠤᠷᠠᠭᠤᠯᠵᠤ ᠦᠷ᠎ᠡ ᠠᠰᠢᠭ ᠢ ᠨᠢ ᠲᠡᠭᠡᠭᠰᠢᠯᠡᠬᠦᠯᠬᠦ ᠶᠢ ᠠᠬᠢᠭᠤᠯᠵᠤ᠂ ᠤᠯᠠᠨ ᠡᠰᠢᠳᠤ  ᠭᠤᠤᠯ ᠴᠤᠬᠴᠠ ᠶᠢᠨ ᠬᠤᠳᠠ ᠶᠢᠨ ᠶᠠᠪᠤᠳᠠᠯ ᠤᠨ ᠪᠦᠳᠤᠭᠡᠨ ᠪᠠᠶᠢᠭᠤᠯᠤᠯᠳᠠ ᠪᠠ ᠰᠡᠯᠪᠢᠨ ᠵᠠᠰᠠᠯᠳᠠ ᠶᠢᠨ ᠠᠵᠢᠯ ᠳᠤ ᠤᠷᠤᠯᠴᠠᠬᠤ ᠶᠢ ᠵᠤᠷᠢᠬᠵᠢᠭᠤᠯᠤᠨ᠂ ᠬᠠᠮᠤᠭ ᠤᠨ ᠪᠠᠭ᠎ᠠ ᠪᠡᠯᠡ ᠤᠷᠤᠭᠤᠯᠤᠯᠳᠠ ᠪᠠᠷ ᠬᠠᠮᠤᠭ ᠤᠨ ᠶᠡᠭᠡ ᠨᠡᠶᠢᠭᠡᠮ ᠤᠨ ᠦᠷ᠎ᠡ ᠠᠰᠢᠭ ᠢ ᠲᠠᠶᠢᠴᠢᠯᠠᠨ᠎ᠠ᠃ ᠬᠤᠳᠠ ᠶᠢᠨ ᠪᠠᠷᠢᠮᠵᠢᠶᠠᠵᠢᠬᠰᠠᠨ ᠬᠠᠮᠢᠶᠠᠷᠤᠯᠳᠠ ᠶᠢᠨ ᠲᠤᠬᠳᠠᠯᠴᠠᠭ᠎ᠠ ᠶᠢ ᠪᠠᠶᠢᠭᠤᠯᠤᠨ ᠲᠡᠬᠦᠯᠳᠡᠷᠵᠢᠬᠦᠯᠵᠤ᠂ ᠤᠯᠤᠰ ᠤᠨ ᠪᠠᠷᠢᠮᠵᠢᠶ᠎ᠠ ᠠᠴᠠ ᠴᠢᠩᠭ᠎ᠠ ᠬᠤᠳᠠ ᠶᠢᠨ ᠬᠠᠮᠢᠶᠠᠷᠤᠯᠳᠠ ᠶᠢᠨ ᠠᠷᠭ᠎ᠠ ᠶᠢ ᠰᠦᠪᠡᠭᠴᠢᠯᠡᠨ ᠲᠤᠭᠳᠠᠭᠠᠵᠤ᠂ ᠬᠠᠮᠢᠶᠠᠷᠤᠯᠳᠠ ᠶᠢ ᠨᠡᠩ ᠲᠦᠷᠢᠮᠵᠢᠬᠦᠨ᠂ ᠬᠠᠤᠯᠢ ᠭᠡᠷᠡᠭᠵᠢᠬᠦᠯᠦᠯᠳᠡ ᠶᠢ ᠨᠡᠩ ᠬᠦᠴᠤᠨ ᠲᠠᠢ ᠪᠤᠯᠭᠠᠨ᠎ᠠ᠃ ᠴᠢᠨᠠᠷᠵᠢᠯ ᠵᠢᠵᠢᠭ ᠲᠤᠭᠤᠷᠢᠭ ᠤᠨ ᠪᠦᠳᠤᠭᠡᠨ ᠪᠠᠶᠢᠭᠤᠯᠤᠯᠳᠠ ᠶᠢ ᠬᠦᠨᠵᠡᠭᠡᠶᠢᠷᠡᠬᠦᠯᠵᠤ᠂ ᠠᠳᠠᠯ ᠠᠬᠤᠢ ᠶᠢᠨ ᠦᠢᠯᠡᠴᠢᠯᠡᠭᠡᠨ ᠤ ᠬᠢᠷᠢ ᠭᠡᠮᠵᠢᠶ᠎ᠡ ᠶᠢ ᠪᠦᠬᠦ ᠲᠠᠯ᠎ᠠ  ᠪᠠᠷ ᠲᠡᠭᠡᠭᠰᠢᠯᠡᠬᠦᠯᠤᠨ᠂ ᠤᠷᠤᠨ ᠰᠠᠭᠤᠴᠠ ᠶᠢᠨ ᠲᠤᠭᠤᠷᠢᠭ ᠤᠨ ᠬᠠᠮᠢᠶᠠᠷᠤᠯᠳᠠ ᠪᠠ ᠦᠢᠯᠡᠴᠢᠯᠡᠭᠡ ᠶᠢᠨ ᠨᠠᠷᠢᠨ ᠲᠠᠩᠰᠠ ᠶᠢ ᠲᠡᠯᠭᠡᠷᠡᠬᠦᠯᠤᠨ᠂ ᠤᠷᠤᠨ ᠰᠠᠭᠤᠴᠠ ᠶᠢᠨ ᠵᠢᠵᠢᠭ ᠲᠤᠭᠤᠷᠢᠭ ᠤᠨ ᠵᠦᠷᠢᠴᠡᠯ ᠵᠢᠭᠤᠷᠠᠯᠳᠤᠭᠠᠨ ᠤ ᠬᠠᠤᠯᠢ ᠶᠤᠰᠤᠭᠠᠷ ᠡᠷᠭᠡ ᠠᠰᠢᠭ ᠢᠶᠠᠨ ᠬᠠᠮᠠᠭᠠᠯᠠᠬᠤ ᠵᠠᠮ ᠢ ᠰᠠᠭᠠᠳ ᠦᠭᠡᠢ ᠪᠤᠯᠭᠠᠨ᠎ᠠ᠃       ᠨᠡᠶᠢᠭᠡᠮ ᠤᠨ ᠵᠠᠰᠠᠯᠳᠠ ᠶᠢᠨ ᠰᠢᠨ᠎ᠡ ᠶᠢ ᠡᠬᠦᠳᠬᠦ ᠶᠢ ᠠᠬᠢᠭᠤᠯᠤᠨ᠎ᠠ᠃ ᠨᠡᠶᠢᠭᠡᠮ ᠲᠤᠭᠤᠷᠢᠭ ᠤᠨ ᠵᠠᠰᠠᠬᠤ ᠲᠤᠬᠳᠠᠯᠴᠠᠭ᠎ᠠ ᠶᠢ ᠲᠡᠬᠦᠯᠳᠡᠷᠵᠢᠬᠦᠯᠵᠤ᠂ ᠦᠨᠳᠤᠰᠤᠨ ᠬᠠᠮᠢᠶᠠᠷᠤᠯᠳᠠ ᠶᠢᠨ ᠤᠷᠤᠴᠠ ᠶᠢᠨ ᠪᠠᠶᠢᠭᠤᠯᠤᠯᠳᠠ ᠶᠢ ᠦᠷᠬᠦᠯᠵᠢᠯᠡᠨ ᠠᠬᠢᠭᠤᠯᠵᠤ᠂ ᠨᠡᠶᠢᠭᠡᠮ ᠲᠤᠭᠤᠷᠢᠭ ᠤᠨ ᠦᠪᠡᠷᠳᠡᠭᠡᠨ ᠵᠠᠰᠠᠬᠤ ᠰᠢᠨᠡᠴᠢᠯᠡᠯᠳᠡ ᠶᠢ ᠠᠬᠢᠭᠤᠯᠤᠨ᠂ ᠨᠡᠶᠢᠭᠡᠮ ᠲᠤᠭᠤᠷᠢᠭ᠂ ᠰᠠᠭᠤᠭᠠᠯᠢ ᠠᠷᠠᠳ ᠤᠨ ᠵᠦᠪᠯᠡᠯ᠂ ᠨᠡᠶᠢᠭᠡᠮ ᠤᠨ ᠵᠤᠬᠢᠶᠠᠨ ᠪᠠᠶᠢᠭᠤᠯᠤᠯᠳᠠ ᠶᠢᠨ ᠦᠨᠳᠤᠰᠤᠨ ᠱᠠᠳᠤᠨ ᠤ ᠵᠠᠰᠠᠯᠳᠠ ᠲᠤᠮᠳᠠ ᠨᠡᠩ ᠶᠡᠭᠡ ᠦᠢᠯᠡᠳᠤᠯ ᠪᠠᠳᠠᠷᠠᠭᠤᠯᠬᠤ ᠶᠢ ᠠᠬᠢᠭᠤᠯᠤᠨ᠎ᠠ᠃ ᠦᠨᠳᠤᠰᠤᠨ ᠱᠠᠳᠤᠨ ᠤ ᠬᠦᠮᠤᠨ ᠠᠮᠠ ᠶᠢᠨ ᠦᠢᠯᠡᠴᠢᠯᠡᠭᠡᠨ ᠤ ᠬᠠᠮᠢᠶᠠᠷᠤᠯᠳᠠ ᠶᠢᠨ ᠠᠵᠢᠯ ᠢ ᠰᠢᠨᠡᠴᠢᠯᠡᠵᠤ᠂  ᠲᠦᠷᠢᠮᠵᠢᠯᠳᠡ᠂  ᠬᠠᠤᠯᠢᠵᠢᠯᠳᠠ᠂ ᠨᠠᠷᠢᠯᠢᠬᠵᠢᠯᠳᠠ ᠶᠢ ᠲᠦᠷᠭᠡᠨ ᠪᠡᠶᠡᠯᠡᠬᠦᠯᠤᠨ᠂ ᠨᠡᠩ ᠤᠯᠠᠨ  ᠤᠶᠤᠨᠴᠢ᠂ ᠲᠦᠬᠦᠮ᠂ ᠪᠤᠳᠠᠳᠠᠢ ᠦᠢᠯᠡᠴᠢᠯᠡᠭᠡᠨ ᠤ ᠠᠷᠭ᠎ᠠ ᠪᠠᠷᠢᠯ ᠢ ᠲᠠᠰᠤᠷᠠᠯᠳᠠ ᠦᠭᠡᠢ ᠭᠡᠷᠡᠭᠵᠢᠬᠦᠯᠤᠨ᠎ᠡ᠃ ᠦᠨᠳᠤᠰᠤᠨ ᠱᠠᠳᠤᠨ ᠤ ᠬᠠᠤᠯᠢ ᠪᠠᠷ ᠵᠠᠰᠠᠬᠤ ᠪᠠᠶᠢᠭᠤᠯᠤᠯᠳᠠ ᠶᠢ ᠡᠷᠴᠢᠮᠵᠢᠬᠦᠯᠵᠤ᠂ ︽ᠲᠤᠯᠤᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠬᠦᠯᠬᠦ ᠤᠬᠠᠭᠤᠯᠭ᠎ᠠ ᠶᠢᠨ ᠬᠦᠴᠤᠯᠡᠴᠡ ᠶᠢ ᠨᠡᠮᠡᠭᠳᠡᠬᠦᠯᠤᠨ᠎ᠡ᠃ ᠨᠡᠶᠢᠭᠡᠮ ᠤᠨ ᠵᠦᠷᠢᠴᠡᠯ ᠢ ᠰᠡᠷᠭᠡᠶᠢᠯᠡᠨ ᠰᠢᠢᠳᠪᠤᠷᠢᠯᠡᠬᠦ ᠲᠤᠬᠳᠠᠴᠠ ᠶᠢ ᠲᠡᠬᠦᠯᠳᠡᠷᠵᠢᠬᠦᠯᠵᠤ᠂ ᠵᠠᠬᠢᠳᠠᠯ ᠰᠤᠷᠪᠤᠯᠵᠢᠯᠠᠯ ᠲᠤᠬᠳᠠᠭᠤᠨ ᠢ ᠬᠠᠮᠠᠭᠠᠯᠠᠬᠤ ᠶᠢ ᠬᠠᠤᠯᠢ ᠲᠦᠷᠢᠮ ᠶᠤᠰᠤᠭᠠᠷ ᠶᠠᠪᠤᠭᠤᠯᠬᠤ ᠶᠢ ᠠᠬᠢᠭᠤᠯᠤᠨ᠎ᠠ᠃ ᠡᠶ᠎ᠡ ᠵᠤᠬᠢᠴᠠᠯ ᠲᠠᠢ ᠬᠦᠳᠡᠯᠮᠤᠷᠢ ᠶᠢᠨ ᠬᠠᠷᠢᠴᠠᠭ᠎ᠠ ᠶᠢ ᠪᠠᠶᠢᠭᠤᠯᠵᠤ᠂ ᠮᠠᠯᠴᠢᠨ ᠲᠠᠷᠢᠶᠠᠴᠢᠨ ᠬᠦᠯᠤᠰᠤᠨ ᠠᠵᠢᠯᠴᠢᠨ ᠤ ᠴᠠᠯᠢᠩ ᠢ ᠦᠷᠢᠳᠤᠬᠦ ᠠᠰᠠᠭᠤᠳᠠᠯ ᠢ ᠬᠦᠴᠤᠯᠡᠨ ᠰᠢᠢᠳᠪᠤᠷᠢᠯᠡᠨ᠎ᠡ᠃ ᠬᠠᠷ᠎ᠠ ᠪᠦᠯᠦᠭᠳᠡᠨ ᠢ ᠱᠦᠬᠦᠷᠳᠡᠨ ᠬᠠᠷᠬᠢᠰ ᠬᠦᠴᠤᠨ ᠢ ᠠᠷᠢᠯᠭᠠᠬᠤ ᠲᠤᠰᠬᠠᠢ ᠲᠡᠮᠡᠴᠡᠯ ᠢ ᠬᠦᠨᠵᠡᠭᠡᠢ ᠦᠷᠨᠢᠬᠦᠯᠵᠤ ᠂ ᠬᠠᠷ᠎ᠠ ᠪᠦᠯᠦᠭᠳᠡᠨ ᠢ ᠲᠦᠢᠯᠪᠤᠷᠢᠳᠠᠢ ᠱᠦᠬᠦᠷᠳᠡᠵᠤ᠂ ᠬᠠᠷᠬᠢᠰ ᠬᠦᠴᠤᠨ ᠢ ᠪᠦᠷᠢᠮᠤᠰᠤᠨ ᠠᠷᠢᠯᠭᠠᠨ᠎ᠠ︔ ᠤᠶᠤᠨᠴᠢ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠪᠠ ᠰᠢᠤᠸᠠᠢ ᠯᠢᠶᠠᠩ ᠢᠨᠵᠧᠨᠧᠷᠢᠩ ᠢ ᠪᠦᠬᠦ ᠲᠠᠯ᠎ᠠ ᠪᠠᠷ ᠠᠬᠢᠭᠤᠯᠵᠤ᠂ ᠤᠯᠠᠨ ᠨᠡᠶᠢᠳᠡ ᠶᠢᠨ ᠠᠮᠤᠷ ᠢ ᠬᠠᠮᠠᠭᠠᠯᠠᠬᠤ ᠸᠢᠳᠢᠤ᠋ ᠬᠢᠨᠠᠨ ᠡᠵᠡᠮᠳᠡᠬᠦᠷ ᠤᠨ ᠲᠤᠬᠳᠠᠯᠴᠠᠭ᠎ᠠ ᠶᠢ ᠲᠡᠬᠦᠯᠳᠡᠷᠵᠢᠬᠦᠯᠤᠨ᠂ ᠬᠠᠤᠯᠢ ᠶᠢ ᠵᠦᠷᠢᠴᠡᠭᠰᠡᠨ ᠶᠠᠯᠠᠳᠤ ᠡᠳᠡᠭᠡᠳ ᠢ ᠲᠠᠯᠳᠠᠯᠠᠬᠤ ᠭᠠᠵᠠᠷ ᠦᠭᠡᠢ ᠪᠤᠯᠭᠠᠵᠤ᠂ ︽ᠬᠠᠮᠤᠭ ᠤᠨ ᠠᠮᠤᠷ ᠲᠦᠪᠰᠢᠨ ᠬᠤᠳᠠ︾ ᠶᠢ ᠡᠬᠦᠳᠤᠨ ᠪᠠᠶᠢᠭᠤᠯᠤᠬᠰᠠᠨ ᠦᠷ᠎ᠡ ᠪᠦᠳᠤᠮᠵᠢ ᠪᠠᠨ ᠡᠷᠡᠰ ᠬᠠᠮᠠᠭᠠᠯᠠᠨ᠎ᠠ᠃       ︵ᠵᠢᠷᠭᠤᠭ᠎ᠠ︶ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ ᠳᠤ ᠴᠢᠭᠯᠡᠬᠦᠯᠵᠤ᠂ ᠪᠦᠬᠦ ᠲᠤᠭᠤᠷᠢᠭ ᠤᠨ ᠠᠷᠠᠳ ᠲᠦᠮᠡᠨ ᠤ ᠵᠤᠯ ᠵᠢᠷᠭᠠᠯ ᠤᠨ ᠵᠢᠭᠠᠯᠳᠠ ᠲᠤᠭ᠎ᠠ ᠶᠢ ᠲᠡᠭᠡᠭᠰᠢᠯᠡᠬᠦᠯᠤᠨ᠎ᠡ᠃ ᠠᠷᠠᠳ ᠲᠦᠮᠡᠨ  ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠠᠯ ᠰᠠᠨᠠᠭ᠎ᠠ ᠶᠢ ᠪᠠᠷᠢᠮᠳᠠᠯᠠᠵᠤ᠂ ᠨᠡᠶᠢᠭᠡᠮ ᠤᠨ ᠪᠦᠬᠦ ᠲᠠᠯ᠎ᠠ ᠶᠢᠨ ᠲᠠᠪᠰᠢᠯᠳᠠ ᠪᠠ ᠬᠦᠮᠤᠨ ᠤ ᠪᠦᠬᠦ ᠲᠠᠯ᠎ᠠ ᠶᠢᠨ ᠬᠦᠭᠵᠢᠯᠳᠡ ᠶᠢ ᠲᠦᠷᠭᠡᠨ ᠠᠬᠢᠭᠤᠯᠤᠨ᠂ ᠠᠷᠠᠳ ᠤᠯᠠᠨ ᠤ ᠡᠳᠤᠷ ᠢᠷᠡᠬᠦᠶ᠎ᠠ ᠨᠡᠮᠡᠭᠳᠡᠵᠤ ᠪᠠᠶᠢᠬᠤ ᠰᠠᠶᠢᠨ ᠰᠠᠶᠢᠬᠠᠨ ᠠᠮᠢᠳᠤᠷᠠᠯ ᠤᠨ ᠭᠡᠷᠡᠭᠴᠡᠭᠡ ᠶᠢ ᠬᠦᠴᠤᠯᠡᠨ ᠬᠠᠨᠭ᠍ᠭᠠᠵᠤ᠂ ᠪᠦᠬᠦ ᠲᠤᠭᠤᠷᠢᠭ ᠤᠨ ᠠᠷᠠᠳ ᠲᠦᠮᠡᠨ ᠤ ᠬᠦᠷᠳᠡᠮᠵᠢ ᠶᠢᠨ ᠲᠦᠷᠦᠭᠳᠡᠯ᠂ ᠵᠤᠯ ᠵᠢᠷᠭᠠᠯᠳᠤ ᠲᠦᠷᠦᠭᠳᠡᠯ᠂ ᠠᠮᠤᠷ ᠲᠦᠪᠰᠢᠨ ᠲᠦᠷᠦᠭᠳᠡᠯ ᠢ ᠨᠡᠩ ᠬᠦᠢᠴᠡᠳ᠂ ᠨᠡᠩ ᠪᠠᠳᠤᠯᠠᠭ᠎ᠠ ᠲᠠᠢ᠂ ᠨᠡᠩ  ᠦᠷᠬᠦᠯᠵᠢ ᠶᠢᠨ ᠪᠤᠯᠭᠠᠨ᠎ᠠ᠃         ᠰᠤᠷᠭᠠᠨ ᠬᠦᠮᠤᠵᠢᠯ ᠤᠨ ᠦᠢᠯᠡᠰ ᠢ ᠤᠷᠢᠳᠠᠪᠠᠷ ᠬᠦᠭᠵᠢᠬᠦᠯᠤᠨ᠎ᠡ᠃ ᠨᠠᠢᠮᠠᠳᠤᠭᠠᠷ ᠪᠠᠭ᠎ᠠ ᠰᠤᠷᠭᠠᠭᠤᠯᠢ᠂ ᠮᠤᠩᠭᠤᠯ ᠦᠨᠳᠤᠰᠤᠳᠠᠨ ᠤ ᠰᠤᠷᠭᠠᠭᠤᠯᠢ ᠪᠠ ᠬᠤᠶᠠᠳᠤᠭᠠᠷ ᠪᠠᠭ᠎ᠠ ᠰᠤᠷᠭᠠᠭᠤᠯᠢ ᠶᠢᠨ ᠲᠠᠮᠢᠷ ᠤᠨ ᠤᠷᠳᠤᠨ ᠢ ᠰᠢᠨ᠎ᠡ ᠪᠠᠷ ᠪᠠᠶᠢᠭᠤᠯᠵᠤ᠂ ᠰᠤᠷᠭᠠᠭᠤᠯᠢ ᠶᠢᠨ ᠤᠷᠤᠨ ᠪᠠᠶᠢᠷᠢ ᠶᠢᠨ ᠬᠠᠨᠭ᠍ᠭᠠᠯᠭ᠎ᠠ ᠶᠢ ᠦᠷᠬᠦᠯᠵᠢᠯᠡᠨ ᠨᠡᠮᠡᠭᠳᠡᠬᠦᠯᠵᠤ᠂ ᠦᠨᠳᠤᠰᠤᠳᠠᠨ ᠤ ᠰᠤᠷᠭᠠᠨ ᠬᠦᠮᠤᠵᠢᠯ ᠢ ᠲᠦᠷᠭᠡᠨ ᠬᠦᠭᠵᠢᠬᠦᠯᠤᠨ᠎ᠡ᠃ ᠶᠤᠰᠤ ᠰᠤᠷᠳᠠᠬᠤᠨ ᠢᠶᠠᠷ ᠬᠦᠮᠤᠨ ᠢ ᠬᠦᠮᠤᠵᠢᠬᠦᠯᠬᠦ ᠦᠨᠳᠤᠰᠤᠨ ᠡᠬᠦᠷᠭᠡ ᠶᠢ ᠨᠠᠶᠢᠳᠠᠪᠤᠷᠢᠵᠢᠭᠤᠯᠵᠤ᠂ ᠲᠤᠮᠳᠠᠳᠤ ᠪᠠᠭ᠎ᠠ ᠰᠤᠷᠭᠠᠭᠤᠯᠢ ᠶᠢᠨ ᠲᠠᠷᠤᠭᠠᠰᠤ  ᠶᠢ ᠬᠦᠡᠭᠭᠡᠷᠡᠬᠦᠯᠬᠦ ᠪᠠ ᠶᠤᠰᠤ ᠰᠤᠷᠳᠠᠬᠤᠨ ᠤ ᠬᠦᠮᠤᠵᠢᠯ ᠤᠨ ᠠᠵᠢᠯ ᠢ ᠪᠦᠬᠦ ᠲᠠᠯ᠎ᠠ ᠪᠠᠷ ᠠᠬᠢᠭᠤᠯᠵᠤ᠂ ᠰᠤᠷᠭᠠᠭᠤᠯᠢ ᠶᠢᠨ ᠬᠦᠮᠤᠵᠢᠯ᠂ ᠭᠡᠷ ᠪᠦᠯᠢ ᠶᠢᠨ ᠬᠦᠮᠤᠵᠢᠯ ᠪᠠ ᠨᠡᠶᠢᠭᠡᠮ ᠤᠨ ᠬᠦᠮᠤᠵᠢᠯ ᠢ ᠪᠦᠳᠤᠮᠵᠢᠳᠡᠢ ᠵᠤᠯᠭᠠᠭᠤᠯᠬᠤ ᠶᠢ ᠪᠡᠶᠡᠯᠡᠬᠦᠯᠤᠨ᠎ᠡ᠃ ᠪᠠᠭᠰᠢ ᠶᠢᠨ ᠶᠤᠰᠤ ᠰᠤᠷᠳᠠᠬᠤᠨ ᠭᠡᠪ ᠪᠤᠯᠪᠠᠰᠤᠷᠠᠯ ᠤᠨ ᠪᠠᠶᠢᠭᠤᠯᠤᠯᠳᠠ ᠶᠢ ᠦᠷᠬᠦᠯᠵᠢᠯᠡᠨ ᠰᠠᠶᠢᠳᠤᠷ ᠠᠳᠬᠤᠵᠤ᠂ ᠨᠢᠭᠡ ᠪᠦᠯᠦᠭ ᠠᠯᠳᠠᠷᠳᠠᠢ ᠰᠤᠷᠭᠠᠭᠤᠯᠢ ᠶᠢᠨ ᠵᠠᠬᠢᠷᠤᠯ᠂ ᠠᠩᠭᠢ ᠶᠢᠨ ᠡᠷᠬᠢᠯᠡᠭᠴᠢ ᠪᠠ  ᠬᠢᠴᠢᠶᠠᠯ ᠤᠨ ᠲᠤᠯᠤᠭᠠᠶᠢᠯᠠᠬᠴᠢ ᠶᠢ ᠬᠦᠴᠤᠯᠡᠨ ᠪᠤᠶᠢᠵᠢᠭᠤᠯᠵᠤ᠂ ᠰᠤᠷᠭᠠᠨ ᠬᠦᠮᠤᠵᠢᠯᠳᠠᠨ ᠵᠠᠬᠢᠷᠤᠯ ᠪᠠ ᠦᠨᠳᠤᠷ ᠭᠡᠪ ᠪᠤᠯᠪᠠᠰᠤᠷᠠᠯ ᠲᠠᠢ ᠪᠠᠭᠰᠢ ᠪᠠᠷ ᠬᠢᠶ᠎ᠠ ᠪᠠᠭᠰᠢ ᠶᠢᠨ ᠰᠤᠷᠭᠠᠨ ᠬᠦᠮᠤᠵᠢᠯ ᠤᠨ ᠨᠡᠷ᠎ᠡ ᠲᠡᠮᠳᠡᠭ ᠢ ᠲᠤᠯᠭᠠᠭᠤᠷᠢᠯᠠᠭᠤᠯᠤᠨ᠎ᠠ᠃ ᠲᠡᠭᠡᠳᠤ ᠵᠡᠷᠭᠡ ᠶᠢᠨ ᠰᠤᠷᠭᠠᠨ ᠬᠦᠮᠤᠵᠢᠯ ᠪᠠ ᠠᠵᠢᠯ ᠮᠡᠷᠭᠡᠵᠢᠯ ᠤᠨ ᠰᠤᠷᠭᠠᠨ ᠬᠦᠮᠤᠵᠢᠯ ᠤᠨ ᠬᠦᠭᠵᠢᠯᠳᠡ ᠶᠢ ᠲᠡᠮᠵᠢᠵᠤ᠂  ᠠᠷᠠᠳ ᠠᠴᠠ ᠡᠷᠬᠢᠯᠡᠭᠰᠡᠨ ᠰᠤᠷᠭᠠᠨ ᠬᠦᠮᠤᠵᠢᠯ ᠤᠨ ᠬᠦᠭᠵᠢᠯᠳᠡ ᠶᠢ ᠵᠤᠷᠢᠭᠵᠢᠭᠤᠯᠤᠨ ᠲᠦᠷᠢᠮᠵᠢᠬᠦᠯᠤᠨ᠎ᠡ᠃ ᠪᠠᠭᠰᠢ ᠶᠢ ᠲᠠᠶᠢᠪᠤᠰᠢᠷᠡᠭᠤᠯᠬᠤ ᠢᠨᠵᠧᠨᠧᠷᠢᠩ ᠢ ᠰᠠᠶᠢᠳᠤᠷ ᠬᠢᠵᠤ᠂  ᠰᠢᠨ᠎ᠡ ᠴᠠᠭ ᠦᠶ᠎ᠡ ᠶᠢᠨ ᠪᠠᠭᠰᠢ ᠶᠢᠨ ᠡᠩᠨᠡᠭᠡᠨ ᠤ ᠪᠠᠶᠢᠭᠤᠯᠤᠯᠳᠠ ᠶᠢᠨ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠲᠤᠬᠠᠢ ᠭᠡᠷᠡᠭᠵᠢᠬᠦᠯᠬᠦ ᠰᠠᠨᠠᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠪᠠᠭᠰᠢ ᠶᠢᠨ ᠦᠨᠳᠤᠰᠤᠨ ᠬᠦᠷᠳᠡᠭᠡᠮᠵᠢ ᠪᠠ ᠨᠡᠶᠢᠭᠡᠮ ᠤᠨ ᠪᠠᠶᠢᠷᠢ ᠰᠠᠭᠤᠷᠢ ᠶᠢ ᠲᠡᠭᠡᠭᠰᠢᠯᠡᠬᠦᠯᠤᠨ᠂ ᠲᠤᠬᠳᠠᠭᠤᠨ ᠪᠠᠭᠰᠢ ᠶᠢᠨ ᠡᠩᠨᠡᠭᠡ ᠶᠢ ᠪᠠᠶᠢᠭᠤᠯᠵᠤ᠂ ᠪᠠᠭᠰᠢ ᠨᠠᠷ ᠪᠤᠯᠤᠨ ᠭᠡᠷ ᠤᠨ ᠠᠬᠠᠮᠠᠳ ᠢ ᠰᠡᠳᠬᠢᠯ ᠠᠮᠤᠷ ᠪᠤᠯᠭᠠᠨ᠎ᠠ᠃ ᠰᠤᠳᠤᠯᠭ᠎ᠠ ᠰᠤᠷᠤᠯᠴᠠᠯᠭ᠎ᠠ ᠵᠤᠭᠠᠴᠠᠯ ᠤᠨ ᠬᠠᠷᠠᠯᠳᠠᠳᠤ ᠭᠠᠵᠠᠷ ᠤᠨ ᠪᠦᠳᠤᠭᠡᠨ ᠪᠠᠶᠢᠭᠤᠯᠤᠯᠳᠠ ᠶᠢ ᠲᠦᠷᠭᠡᠳᠭᠡᠵᠤ᠂ ᠵᠤᠨ ᠡᠪᠤᠯ  ᠤᠨ ᠰᠡᠯᠡᠬᠦᠴᠡᠯ ᠤᠨ ᠰᠠᠭᠤᠷᠢᠨ ᠭᠠᠵᠠᠷ ᠢ ᠡᠬᠦᠳᠤᠨ᠎ᠡ᠃       ᠨᠡᠶᠢᠭᠡᠮ ᠤᠨ ᠪᠠᠳᠤᠯᠠᠭ᠎ᠠ ᠶᠢᠨ ᠬᠢᠷᠢ ᠭᠡᠮᠵᠢᠶ᠎ᠡ ᠶᠢ ᠲᠡᠭᠡᠭᠰᠢᠯᠡᠬᠦᠯᠤᠨ᠎ᠡ᠃ ᠤᠯᠠᠨ ᠲᠠᠪᠬᠤᠷᠭ᠎ᠠ ᠪᠦᠬᠦᠢ ᠨᠡᠶᠢᠭᠡᠮ ᠤᠨ ᠪᠠᠳᠤᠯᠠᠭ᠎ᠠ ᠶᠢᠨ ᠲᠤᠬᠳᠠᠯᠴᠠᠭ᠎ᠠ ᠶᠢ ᠲᠡᠬᠦᠯᠳᠡᠷᠵᠢᠬᠦᠯᠵᠤ᠂ ᠨᠡᠶᠢᠭᠡᠮ ᠤᠨ ᠲᠠᠭᠠᠳᠬᠠᠯ ᠪᠤᠯᠤᠨ ᠡᠮᠨᠡᠯᠭᠡ  ᠶᠢᠨ ᠲᠠᠭᠠᠳᠬᠠᠯ ᠢ ᠬᠠᠤᠯᠢ ᠪᠠᠷ ᠲᠤᠬᠳᠠᠭᠠᠬᠰᠠᠨ ᠤᠯᠠᠨ ᠲᠦᠮᠡᠨ ᠳᠤ ᠴᠦᠮ ᠪᠦᠷᠬᠦᠬᠦᠯᠬᠦ ᠶᠢ ᠪᠠᠳᠤᠯᠠᠨ᠂ ᠭᠠᠵᠠᠷ ᠰᠢᠷᠤᠢ ᠶᠢ ᠨᠢ ᠲᠠᠳᠠᠪᠤᠷᠢᠯᠠᠬᠰᠠᠨ ᠮᠠᠯᠴᠢᠨ ᠲᠠᠷᠢᠶᠠᠴᠢᠨ ᠤ ᠨᠠᠰᠤᠵᠢᠯ ᠤᠨ ᠲᠠᠭᠠᠳᠬᠠᠯ ᠢ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠦᠨᠳᠤᠰᠤᠨ ᠨᠠᠰᠤᠵᠢᠯ ᠤᠨ ᠲᠠᠭᠠᠳᠬᠠᠯ ᠤᠨ ᠬᠦᠷᠢᠶᠠᠨ ᠳᠤ ᠤᠷᠤᠭᠤᠯᠵᠤ᠂ ᠮᠤᠵᠢ ᠠᠯᠤᠰᠯᠠᠨ ᠦᠭᠡᠷ᠎ᠡ ᠭᠠᠵᠠᠷ ᠡᠮᠨᠡᠬᠦᠯᠤᠨ ᠡᠮᠨᠡᠯᠭᠡ ᠳᠤ ᠰᠠᠭᠤᠬᠰᠠᠨ ᠵᠠᠷᠤᠳᠠᠯ ᠢ ᠰᠢᠭᠤᠳ ᠳ᠋ᠦᠡᠭᠨᠠᠨ ᠪᠤᠳᠤᠵᠤ ᠬᠤᠶᠠᠳᠤᠭᠠᠷ ᠤᠳᠠᠭ᠎ᠠ ᠲᠠᠩᠰᠠ ᠲᠠᠶᠢᠯᠠᠬᠤ ᠶᠢ ᠪᠠᠶᠠᠯᠠᠬᠦᠯᠤᠨ᠎ᠡ᠃ ᠬᠤᠳᠠ ᠬᠦᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠶᠢᠨ ᠪᠠᠷᠢᠮᠵᠢᠶ᠎ᠠ ᠪᠤᠯᠤᠨ ᠤᠨᠴᠠ ᠬᠦᠴᠢᠷᠳᠡᠯᠳᠡᠢ ᠠᠰᠠᠷᠠᠨ ᠲᠡᠵᠢᠭᠡᠵᠤ ᠪᠠᠶᠢᠭ᠎ᠠ ᠬᠦᠮᠤᠰ  ᠤᠨ ᠪᠠᠳᠤᠯᠠᠪᠤᠷᠢ ᠶᠢᠨ ᠪᠠᠷᠢᠮᠵᠢᠶ᠎ᠠ ᠶᠢ ᠲᠤᠬᠳᠠᠭᠤᠨ ᠢᠶᠠᠷ ᠲᠡᠭᠡᠭᠰᠢᠯᠡᠬᠦᠯᠵᠤ᠂ ᠨᠡᠶᠢᠭᠡᠮ ᠤᠨ ᠬᠠᠪᠰᠤᠷᠤᠨ ᠲᠡᠳᠬᠦᠵᠤ ᠠᠪᠤᠷᠠᠨ ᠲᠤᠰᠠᠯᠠᠬᠤ ᠬᠦᠴᠤᠯᠡᠴᠡ ᠶᠢ ᠨᠡᠮᠡᠭᠳᠡᠬᠦᠯᠤᠨ᠂ ᠬᠦᠴᠢᠷᠳᠡᠯᠳᠡᠢ ᠤᠯᠠᠨ ᠲᠦᠮᠡᠨ ᠤ ᠪᠠᠳᠤᠯᠠᠬᠤ ᠶᠤᠰᠤᠳᠠᠢ ᠶᠢ  ᠨᠢ ᠠᠯᠢ ᠴᠢᠳᠠᠬᠤ ᠪᠠᠷ ᠪᠠᠳᠤᠯᠠᠵᠤ᠂ ᠲᠤᠰᠠᠯᠠᠬᠤ ᠶᠤᠰᠤᠳᠠᠢ ᠶᠢ ᠨᠢ ᠠᠯᠢ ᠴᠢᠳᠠᠬᠤ ᠪᠠᠷ ᠲᠤᠰᠠᠯᠠᠨ᠎ᠠ᠃ ᠴᠡᠷᠢᠭ  ᠠᠴᠠ ᠬᠠᠯᠠᠬᠳᠠᠬᠰᠠᠳ ᠲᠤ ᠦᠢᠯᠡᠴᠢᠯᠡᠬᠦ ᠪᠠᠳᠤᠯᠠᠭ᠎ᠠ ᠶᠢᠨ ᠲᠤᠬᠳᠠᠯᠴᠠᠭ᠎ᠠ ᠶᠢ ᠪᠠᠶᠢᠭᠤᠯᠤᠨ ᠲᠡᠬᠦᠯᠳᠡᠷᠵᠢᠬᠦᠯᠵᠤ᠂ ᠴᠡᠷᠢᠭ ᠠᠴᠠ ᠬᠠᠯᠠᠬᠳᠠᠬᠰᠠᠳ ᠤᠨ ᠬᠠᠤᠯᠢ ᠶᠤᠰᠤᠨ ᠤ ᠡᠷᠭᠡ ᠠᠰᠢᠭ ᠢ ᠦᠨᠡᠨ ᠬᠦ ᠬᠠᠮᠠᠭᠠᠯᠠᠨ᠎ᠠ᠃  ︽ᠨᠤᠭᠤᠭ᠎ᠠ  ᠶᠢᠨ ᠰᠠᠬᠰᠤ︾ ᠶᠢᠨ ᠢᠨᠵᠧᠨᠧᠷᠢᠩ ᠢ ᠡᠬᠢᠯᠡᠨ ᠭᠡᠷᠡᠭᠵᠢᠬᠦᠯᠵᠤ᠂ ᠨᠢᠭᠡᠨ ᠪᠠᠷᠢᠮᠵᠢᠶᠠᠵᠢᠭᠰᠠᠨ ᠨᠤᠭᠤᠭ᠎ᠠ ᠶᠢᠨ ᠵᠠᠬ᠎ᠠ ᠲᠡᠯᠭᠡᠬᠦᠷ ᠢ ᠰᠢᠨ᠎ᠡ ᠪᠠᠷ ᠪᠠᠶᠢᠭᠤᠯᠵᠤ᠂ ᠪᠠᠷᠠᠭᠠᠨ ᠤ ᠦᠨ᠎ᠡ ᠬᠠᠨᠭ᠍ᠰᠢ ᠶᠢ ᠲᠡᠭᠰᠢᠷᠡᠬᠦᠯᠬᠦ᠂ ᠰᠠᠭᠤᠭᠠᠯᠢ ᠠᠷᠠᠳ ᠲᠤ ᠲᠦᠬᠦᠮ ᠪᠤᠯᠭᠠᠬᠤ ᠲᠡᠯ᠎ᠠ ᠪᠠᠷ ᠪᠤᠳᠠᠳᠠᠢ ᠠᠷᠭ᠎ᠠ ᠤᠬᠠᠭᠠᠨ ᠰᠡᠳᠤᠵᠤ᠂ ᠪᠤᠳᠠᠳᠤ ᠠᠵᠢᠯ ᠬᠢᠨ᠎ᠠ᠃       ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠦᠢᠯᠡᠴᠢᠯᠡᠭᠡ ᠶᠢ ᠡᠷᠴᠢᠮᠵᠢᠬᠦᠯᠤᠨ᠎ᠡ᠃ ︽ᠶᠡᠭᠡ ᠡᠷᠡᠬᠦᠯ ᠮᠡᠨᠳᠤ︾ ᠶᠢᠨ ᠤᠶᠢᠯᠠᠭᠠᠬᠳᠠᠬᠤᠨ ᠢ ᠢᠳᠡᠪᠬᠢᠳᠡᠢ ᠰᠠᠨᠠᠭᠠᠴᠢᠯᠠᠵᠤ᠂ ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠦᠢᠯᠡᠴᠢᠯᠡᠭᠡᠨ ᠤ ᠲᠤᠬᠳᠠᠯᠴᠠᠭ᠎ᠠ ᠶᠢ ᠲᠡᠬᠦᠯᠳᠡᠷᠵᠢᠬᠦᠯᠤᠨ᠂ ᠡᠷᠡᠬᠦᠯ ᠮᠡᠨᠳᠤ ᠬᠤᠳᠠ ᠶᠢᠨ ᠪᠤᠳᠠᠳᠤ ᠠᠭᠤᠯᠬᠤᠨ ᠢ ᠬᠦᠨᠵᠡᠭᠡᠶᠢᠷᠡᠬᠦᠯᠤᠨ᠎ᠡ᠃ ᠱᠠᠳᠤ ᠬᠤᠪᠢᠶᠠᠨ ᠤᠨᠤᠰᠢᠯᠠᠨ ᠡᠮᠨᠡᠬᠦ ᠲᠦᠷᠢᠮ ᠤᠨ ᠪᠠᠶᠢᠭᠤᠯᠤᠯᠳᠠ ᠶᠢ ᠠᠬᠢᠭᠤᠯᠵᠤ᠂ ᠦᠨᠳᠤᠰᠤᠨ ᠱᠠᠳᠤᠨ ᠤ ᠡᠮ ᠡᠮᠨᠡᠯᠭᠡ ᠶᠢᠨ ᠪᠠᠶᠢᠭᠤᠯᠤᠮᠵᠢ ᠶᠢᠨ ᠪᠦᠬᠦ ᠰᠠᠯᠠᠭᠠᠨ ᠤ ᠡᠮᠴᠢ᠂ ᠰᠤᠪᠢᠯᠠᠬᠴᠢ ᠪᠠ ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠦᠢᠯᠡᠴᠢᠯᠡᠭᠡᠨ ᠤ ᠡᠩᠨᠡᠭᠡ ᠶᠢᠨ ᠪᠠᠶᠢᠭᠤᠯᠤᠯᠳᠠ ᠶᠢ ᠴᠢᠩᠭᠠᠳᠬᠠᠨ᠂ ᠦᠨᠳᠤᠰᠤᠨ ᠱᠠᠳᠤᠨ ᠳᠤ ᠤᠷᠢᠳᠠᠪᠠᠷ ᠤᠨᠤᠰᠢᠯᠠᠭᠤᠯᠤᠨ ᠡᠮᠨᠡᠭᠦᠯᠬᠦ ᠨᠤᠷᠮ᠎ᠠ ᠶᠢ ᠲᠠᠰᠤᠷᠠᠯᠳᠠ ᠦᠭᠡᠢ ᠲᠡᠭᠡᠭᠰᠢᠯᠡᠬᠦᠯᠵᠤ᠂ ᠨᠡᠶᠢᠭᠡᠮ ᠲᠤᠭᠤᠷᠢᠭ ᠤᠨ ᠡᠮᠨᠡᠯᠭᠡ ᠶᠢᠨ ᠬᠤᠷᠢᠶ᠎ᠠ᠂ ᠭᠡᠷ ᠪᠦᠯᠢ ᠶᠢᠨ ᠡᠮᠴᠢ ᠶᠢ ᠤᠯᠠᠨ ᠲᠦᠮᠡᠨ  ᠤ ᠡᠬᠦᠳᠡᠨ ᠲᠡᠭᠡᠷᠡᠬᠢ ᠡᠷᠡᠬᠦᠯ ᠮᠡᠨᠳᠤ ᠶᠢᠨ ᠬᠠᠮᠠᠭᠠᠯᠠᠬᠴᠢ ᠪᠤᠯᠭᠠᠨ᠎ᠠ᠃ ᠬᠤᠳᠠ ᠶᠢᠨ ᠰᠢᠭᠤᠳ ᠬᠠᠷᠢᠶ᠎ᠠ ᠡᠮᠨᠡᠯᠭᠡ  ᠶᠢᠨ ᠪᠠᠶᠢᠭᠤᠯᠤᠮᠵᠢ ᠶᠢᠨ ᠭᠡᠪ ᠤᠨ ᠡᠷᠬᠢᠯᠡᠭᠡ ᠶᠢ ᠪᠠᠳᠤᠯᠠᠵᠤ᠂ ᠨᠡᠶᠢᠭᠡᠮ ᠤᠨ ᠬᠦᠷᠤᠩᠭᠡ  ᠡᠮ ᠡᠮᠨᠡᠯᠭᠡ ᠪᠠ ᠡᠷᠡᠬᠦᠯ ᠮᠡᠨᠳᠤ ᠨᠠᠰᠤᠳᠠᠨ ᠤ ᠠᠰᠠᠷᠠᠮᠵᠢ ᠶᠢᠨ ᠪᠠᠶᠢᠭᠤᠯᠤᠮᠵᠢ ᠡᠷᠬᠢᠯᠡᠬᠦ ᠶᠢ ᠵᠤᠷᠢᠬᠵᠢᠭᠤᠯᠤᠨ᠂ ᠬᠢᠳᠡᠳ ᠡᠮ ᠡᠮᠨᠡᠯᠭᠡ᠂ ᠮᠤᠩᠭᠤᠯ ᠡᠮ ᠡᠮᠨᠡᠯᠭᠡ ᠶᠢᠨ ᠦᠢᠯᠡᠰ ᠤᠨ ᠬᠦᠭᠵᠢᠯᠳᠡ ᠶᠢ ᠲᠡᠮᠵᠢᠵᠤ᠂ ᠲᠡᠷᠢᠬᠦᠨ ᠤ ᠡᠮᠨᠡᠯᠭᠡ ᠶᠢᠨ ᠮᠡᠷᠭᠡᠵᠢᠯ ᠪᠠ ᠦᠢᠯᠡᠴᠢᠯᠡᠭᠡ ᠶᠢ ᠰᠦᠪᠡᠭᠴᠢᠯᠡᠨ ᠤᠷᠤᠭᠤᠯᠵᠤ ᠠᠪᠴᠢᠷᠠᠨ᠎ᠠ᠃       ᠰᠤᠶᠤᠯ ᠤᠨ ᠦᠢᠯᠡᠰ ᠢ ᠶᠡᠭᠡᠪᠡᠷ ᠬᠦᠭᠵᠢᠬᠦᠯᠤᠨ᠎ᠡ᠃ ᠨᠡᠶᠢᠭᠡᠮ ᠵᠢᠷᠤᠮ ᠤᠨ ᠭᠤᠤᠯᠯᠠᠬᠴᠢ ᠦᠷᠳᠡᠭ ᠤᠨ ᠦᠵᠡᠯᠳᠡ ᠶᠢ ᠦᠢᠯᠡᠳᠤᠯᠭᠡᠵᠢᠬᠦᠯᠵᠤ᠂ ᠲᠤᠮᠳᠠᠳᠤ ᠶᠢᠨ ᠦᠨᠳᠤᠰᠤᠳᠠᠨ ᠤ ᠤᠯᠠᠮᠵᠢᠯᠠᠯᠳᠤ ᠰᠤᠶᠤᠯ ᠢ ᠵᠠᠯᠭᠠᠮᠵᠢᠯᠠᠨ᠂  ᠠᠷᠠᠳ ᠢᠷᠭᠡᠳ ᠤᠨ ᠶᠤᠰᠤ ᠰᠤᠷᠳᠠᠬᠤᠨ ᠪᠤᠯᠤᠨ ᠤᠶᠤᠨ ᠰᠠᠨᠠᠭᠠᠨ ᠤ ᠪᠤᠯᠪᠠᠰᠤᠨ ᠤ ᠪᠠᠶᠢᠭᠤᠯᠤᠯᠳᠠ ᠶᠢ ᠴᠢᠩᠭᠠᠳᠬᠠᠨ᠎ᠠ᠃ ᠤᠯᠤᠰ ᠤᠨ ᠤᠯᠡᠨ ᠨᠡᠶᠢᠳᠡ ᠶᠢᠨ ᠰᠤᠶᠤᠯ ᠤᠨ ᠦᠢᠯᠡᠴᠢᠯᠡᠭᠡᠨ ᠤ ᠲᠤᠬᠳᠠᠯᠴᠠᠭ᠎ᠠ ᠶᠢᠨ ᠵᠢᠱᠢᠶ᠎ᠠ ᠦᠵᠡᠬᠦᠯᠬᠦ ᠤᠷᠤᠨ ᠢ ᠡᠬᠦᠳᠤᠨ ᠪᠠᠶᠢᠭᠤᠯᠤᠬᠰᠠᠨ ᠦᠷ᠎ᠡ ᠪᠦᠳᠤᠭᠡᠯ ᠢ ᠪᠠᠬᠢᠵᠢᠬᠦᠯᠵᠤ᠂ ᠠᠵᠢᠯᠴᠢᠨ ᠤ ᠰᠤᠶᠤᠯ ᠤᠨ ᠠᠮᠢᠳᠤᠷᠠᠯ ᠤᠨ ᠲᠦᠪ ᠢ ᠡᠬᠢᠯᠡᠨ ᠪᠠᠶᠢᠭᠤᠯᠵᠤ᠂ ᠦᠨᠳᠤᠰᠤᠨ ᠱᠠᠳᠤᠨ ᠤ ᠰᠤᠶᠤᠯ ᠤᠨ ᠠᠮᠢᠳᠤᠷᠠᠯ ᠤᠨ ᠰᠠᠭᠤᠷᠢᠨ ᠭᠠᠵᠠᠷ ᠢ ᠬᠠᠮᠠᠭᠠᠯᠠᠨ᠂ ᠪᠠᠶᠠᠷ ᠲᠤᠷᠠᠰᠬᠠᠯ ᠤᠨ ᠠᠵᠢᠯᠯᠠᠭ᠎ᠠ ᠪᠤᠯᠤᠨ ᠤᠯᠠᠨ ᠲᠦᠮᠡᠨᠴᠢ ᠴᠢᠨᠠᠷᠳᠠᠢ ᠰᠤᠶᠤᠯ ᠤᠨ ᠠᠵᠢᠯᠯᠠᠭ᠎ᠠ ᠶᠢ ᠢᠳᠡᠪᠬᠢᠳᠡᠢ ᠵᠤᠬᠢᠶᠠᠨ ᠪᠠᠶᠢᠭᠤᠯᠤᠨ᠎ᠠ᠃ ᠰᠤᠶᠤᠯ ᠤᠨ ᠡᠬᠦᠳᠤᠨ ᠪᠦᠳᠤᠭᠡᠯᠳᠡ ᠶᠢ ᠲᠠᠰᠤᠷᠠᠯᠳᠠ ᠦᠭᠡᠢ ᠴᠡᠴᠡᠭᠯᠡᠬᠦᠯᠤᠨ ᠬᠦᠭᠵᠢᠬᠦᠯᠵᠤ᠂ ᠬᠢᠶ᠎ᠠ ᠪᠠᠭᠰᠢ ᠶᠢᠨ ᠬᠦᠭ ᠠᠶᠠᠰ ᠢ ᠬᠠᠷᠠᠭᠤᠯᠤᠬᠰᠠᠨ ᠰᠤᠶᠤᠯ ᠤᠷᠠᠯᠢᠭ  ᠤᠨ ᠪᠦᠳᠤᠭᠡᠯ ᠢ ᠨᠡᠩ ᠤᠯᠠᠨ ᠭᠠᠷᠭᠠᠨ᠎ᠠ᠃ ᠦᠨᠳᠤᠰᠤᠳᠠᠨ ᠤ ᠰᠤᠶᠤᠯ ᠪᠠ ᠪᠤᠳᠠᠰ ᠤᠨ ᠪᠤᠰᠤ ᠰᠤᠶᠤᠯ ᠤᠨ ᠦᠯᠡᠳᠡᠭᠳᠡᠯ ᠢ  ᠬᠠᠮᠠᠭᠠᠯᠠᠬᠤ ᠶᠢ ᠴᠢᠬᠤᠯᠠᠴᠢᠯᠠᠨ᠎ᠠ᠃         ᠠᠮᠤᠷ ᠲᠦᠪᠰᠢᠨ ᠤ ᠬᠤᠷᠢᠭ᠎ᠠ ᠱᠤᠭᠤᠮ ᠢ ᠯᠠᠪᠳᠠᠭᠤᠨ ᠪᠠᠳᠤᠳᠠᠢ ᠰᠠᠬᠢᠨ᠎ᠠ᠃ ᠠᠮᠤᠷ ᠲᠦᠪᠰᠢᠨ ᠤ ᠬᠠᠷᠢᠭᠤᠴᠠᠯᠭ᠎ᠠ ᠶᠢ ᠴᠢᠩᠭ᠎ᠠ ᠪᠠᠷ ᠨᠠᠷᠢᠨ ᠲᠤᠳᠤᠷᠬᠠᠢ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠠᠷᠬᠠᠭ ᠭᠡᠮ ᠢ ᠪᠠᠶᠢᠴᠠᠭᠠᠨ ᠴᠡᠭᠴᠡᠯᠡᠬᠦ ᠶᠢ ᠬᠦᠨᠵᠡᠭᠡᠢ ᠦᠷᠨᠢᠬᠦᠯᠤᠨ᠂  ᠬᠦᠨᠳᠤ ᠤᠨᠴᠠ ᠶᠡᠭᠡ ᠠᠳᠡᠯ ᠭᠡᠷᠡᠭ ᠡᠬᠦᠰᠬᠦ ᠶᠢ ᠴᠢᠩᠭ᠎ᠠ ᠰᠡᠷᠭᠡᠶᠢᠯᠡᠨ᠎ᠡ᠃ ᠪᠠᠴᠢᠮ ᠠᠷᠭᠠᠴᠠᠭᠠᠬᠤ ᠬᠠᠮᠢᠶᠠᠷᠤᠯᠳᠠ ᠶᠢᠨ ᠲᠤᠬᠳᠠᠯᠴᠠᠭ᠎ᠠ ᠶᠢ ᠤᠯᠠᠮ ᠨᠢᠭᠡ ᠠᠯᠬᠤᠮ ᠲᠡᠬᠦᠯᠳᠡᠷᠵᠢᠬᠦᠯᠵᠤ᠂ ᠭᠠᠯ ᠰᠡᠷᠭᠡᠶᠢᠯᠡᠯᠭᠡ᠂ ᠵᠠᠮ ᠬᠠᠷᠢᠯᠴᠠᠭ᠎ᠠ᠂ ᠬᠦᠮᠤᠨ ᠲᠦᠪᠯᠡᠷᠡᠭᠰᠡᠨ ᠭᠠᠵᠠᠷ᠂ ᠤᠨᠴᠠ ᠲᠦᠷᠦᠯ  ᠤᠨ ᠲᠦᠬᠦᠭᠡᠷᠤᠮᠵᠢ᠂ ᠠᠶᠤᠯᠳᠠᠢ ᠬᠢᠮᠢ ᠶᠢᠨ ᠪᠤᠳᠠᠰ ᠵᠡᠷᠭᠡ ᠭᠤᠤᠯᠳᠠᠯᠭ᠎ᠠ ᠲᠠᠢ ᠬᠦᠷᠢᠶᠠᠨ ᠤ ᠠᠮᠤᠷ ᠲᠦᠪᠰᠢᠨ ᠤ ᠬᠠᠮᠢᠶᠠᠷᠤᠯᠳᠠ ᠶᠢ ᠡᠷᠴᠢᠮᠵᠢᠬᠦᠯᠤᠨ᠎ᠡ᠃ ᠢᠳᠡᠭᠡᠨ ᠤ ᠠᠮᠤᠷ ᠲᠦᠪᠰᠢᠨ ᠢ ᠡᠬᠢ ᠠᠴᠠ ᠨᠢ ᠵᠠᠰᠠᠬᠤ᠂ ᠲᠦᠷᠦᠯ ᠬᠤᠪᠢᠶᠡᠨ ᠬᠢᠨᠠᠨ ᠬᠠᠮᠢᠶᠠᠷᠬᠤ ᠪᠠ ᠪᠦᠬᠦ ᠶᠠᠪᠤᠴᠠ ᠶᠢ ᠨᠡᠭᠡᠮᠵᠢᠯᠡᠬᠦ ᠶᠢ ᠴᠢᠩᠭᠠᠳᠬᠠᠵᠤ᠂ ᠰᠠᠭᠤᠭᠠᠯᠢ ᠠᠷᠠᠳ ᠤᠨ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠪᠠᠳᠤ ᠰᠠᠬᠢᠨ᠎ᠠ᠃ ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠠᠮᠤᠷ ᠲᠦᠪᠰᠢᠨ ᠢ ᠲᠡᠭᠡᠳᠤ ᠭᠡᠮᠵᠢᠶ᠎ᠡ ᠪᠠᠷ ᠴᠢᠬᠤᠯᠠᠴᠢᠯᠠᠵᠤ᠂ ᠬᠢᠵᠢᠭ ᠡᠪᠡᠳᠴᠢᠨ ᠰᠡᠷᠭᠡᠶᠢᠯᠡᠬᠦ ᠪᠤᠳᠤ ᠪᠠ ᠡᠮ ᠤᠨ ᠵᠦᠢᠯᠡᠰ ᠤᠨ ᠬᠢᠨᠠᠯᠳᠠ ᠬᠠᠮᠢᠶᠠᠷᠤᠯᠳᠠ ᠶᠢ ᠴᠢᠩᠭᠠᠳᠬᠠᠨ᠂ ᠡᠯ᠎ᠡ ᠲᠦᠷᠦᠯ ᠤᠨ ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠭᠡᠨᠡᠳᠳᠡ ᠶᠢᠨ ᠭᠡᠷᠡᠭ ᠤᠴᠢᠷ ᠢ ᠦᠨᠡᠨ ᠬᠦ ᠰᠡᠷᠭᠡᠶᠢᠯᠡᠨ᠎ᠡ᠃       ᠲᠤᠭᠤᠷᠢᠭ ᠲᠤ ᠰᠠᠭᠤᠭ᠎ᠠ ᠠᠷᠠᠳ ᠤᠨ ᠵᠡᠪᠰᠡᠭᠳᠤ ᠬᠦᠴᠤᠨ ᠤ ᠭᠡᠯᠳᠡᠰ ᠤᠨ ᠬᠤᠸᠠᠷᠠᠨ ᠢ ᠪᠡᠯᠡᠳᠭᠡᠨ ᠪᠠᠶᠢᠭᠤᠯᠵᠤ᠂ ᠤᠯᠤᠰ ᠤᠨ ᠪᠠᠳᠤᠯᠠᠨ ᠬᠠᠮᠠᠭᠠᠯᠠᠯᠳᠠ ᠶᠢᠨ ᠰᠤᠷᠭᠠᠨ ᠬᠦᠮᠤᠵᠢᠯ᠂ ᠤᠯᠤᠰ ᠤᠨ ᠪᠠᠳᠤᠯᠠᠨ ᠬᠠᠮᠠᠭᠠᠯᠠᠯᠳᠠ ᠶᠢᠨ ᠪᠡᠯᠡᠳᠭᠡᠯ ᠬᠦᠴᠤᠨ ᠵᠢᠴᠢ ᠠᠷᠠᠳ ᠤᠨ ᠠᠭᠠᠷ ᠤᠨ ᠰᠡᠷᠭᠡᠶᠢᠯᠡᠯᠳᠡ ᠶᠢᠨ ᠠᠵᠢᠯ ᠢ ᠴᠢᠩᠭᠠᠳᠬᠠᠵᠤ᠂ ᠴᠡᠷᠢᠭ ᠠᠷᠠᠳ ᠠᠭᠤᠰᠤᠯᠴᠠᠨ ᠬᠦᠭᠵᠢᠬᠦ ᠶᠢ ᠠᠬᠢᠭᠤᠯᠤᠨ᠂ ᠬᠤᠶᠠᠷ ᠢ ᠬᠦᠷᠢᠶᠡᠯᠡᠵᠤ ᠬᠠᠮᠳᠤᠪᠠᠷ ᠪᠠᠶᠢᠭᠤᠯᠬᠤ ᠶᠢ ᠲᠠᠰᠤᠷᠠᠯᠳᠠ ᠦᠭᠡᠢ ᠬᠦᠨᠵᠡᠭᠡᠶᠢᠷᠡᠬᠦᠯᠤᠨ᠎ᠡ᠃ ᠨᠠᠮ ᠤᠨ ᠦᠨᠳᠤᠰᠤᠳᠠᠨ ᠤ ᠲᠦᠷᠦ ᠶᠢᠨ ᠪᠤᠳᠤᠯᠭ᠎ᠠ  ᠶᠢ ᠰᠠᠶᠢᠳᠤᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠤᠰᠤᠳᠠᠨ ᠤ ᠪᠦᠯᠬᠦᠮᠳᠠᠯ ᠪᠠ ᠬᠢᠯᠢ ᠬᠢᠵᠠᠭᠠᠷ ᠤᠨ ᠲᠤᠬᠳᠠᠭᠤᠨ ᠢ ᠦᠨᠡᠨ ᠬᠦ ᠪᠠᠳᠤᠯᠠᠨ᠎ᠠ᠃ ᠲᠦᠷᠪᠡᠳᠤᠭᠡᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠳᠠ ᠶᠢᠨ ᠠᠵᠢᠯ ᠢ ᠨᠠᠷᠢᠨ ᠬᠢᠨᠠᠮᠠᠭᠠᠢ ᠰᠠᠶᠢᠳᠤᠷ ᠬᠢᠵᠤ᠂ ᠲᠤᠭ᠎ᠠ ᠪᠠᠷᠢᠮᠳᠠ ᠶᠢ ᠪᠤᠳᠠᠳᠠᠢ ᠠᠪᠴᠤ ᠂ ᠦᠨᠡᠨ ᠪᠠᠶᠢᠳᠠᠯ ᠢ ᠬᠦᠢᠴᠡᠳ ᠤᠶᠢᠯᠠᠭᠠᠨ᠎ᠠ᠃ ᠠᠵᠢᠯᠴᠢᠨ ᠤ ᠡᠪᠯᠡᠯ᠂ ᠡᠪ ᠬᠠᠮᠳᠤ ᠵᠠᠯᠠᠭᠤᠴᠤᠳ ᠤᠨ ᠡᠪᠯᠡᠯ᠂ ᠡᠮᠡᠭᠳᠡᠶᠢᠴᠤᠳ ᠤᠨ ᠬᠤᠯᠪᠤᠭᠠᠳᠤ ᠬᠤᠷᠠᠯ᠂ ᠦᠢᠯᠡᠳᠪᠤᠷᠢ ᠬᠤᠳᠠᠯᠳᠤᠭᠠᠨ ᠤ ᠬᠤᠯᠪᠤᠭ᠎ᠠ ᠵᠡᠷᠭᠡ ᠠᠷᠠᠳ ᠤᠨ ᠪᠦᠯᠬᠦᠮ ᠤᠨ ᠬᠦᠬᠦᠷᠭᠡ ᠬᠤᠯᠪᠤᠭᠠᠰᠤ ᠶᠢᠨ ᠦᠢᠯᠡᠳᠤᠯ ᠢ ᠪᠠᠳᠠᠷᠠᠭᠤᠯᠬᠤ ᠶᠢ ᠲᠡᠮᠵᠢᠵᠤ᠂ ᠡᠮᠡᠭᠳᠡᠶᠢᠴᠤᠳ᠂ ᠭᠡᠤᠭᠡᠳ᠂ ᠨᠠᠰᠤᠳᠠᠶᠢᠴᠤᠳ᠂ ᠵᠡᠮᠳᠡᠭᠴᠤᠳ ᠤᠨ ᠬᠠᠤᠯᠢ ᠶᠤᠰᠤᠨ ᠤ ᠡᠷᠭᠡ ᠠᠰᠢᠭ ᠢ ᠬᠠᠤᠯᠢ ᠶᠤᠰᠤᠭᠠᠷ ᠪᠠᠳᠤᠯᠠᠨ᠎ᠠ᠃ ᠠᠬᠠᠮᠠᠳ ᠺᠠᠳ᠋ᠷᠴᠤᠳ ᠤᠨ ᠲᠦᠷᠦ ᠶᠢᠨ ᠪᠤᠳᠤᠯᠭ᠎ᠠ ᠶᠢᠨ ᠬᠦᠷᠳᠡᠭᠡᠮᠵᠢ ᠶᠢ ᠪᠦᠳᠤᠮᠵᠢᠳᠠᠢ ᠨᠠᠶᠢᠳᠠᠪᠤᠷᠢᠵᠢᠭᠤᠯᠵᠤ᠂ ᠠᠬᠠᠮᠠᠳ ᠺᠠᠳ᠋ᠷᠴᠤᠳ ᠤᠨ ᠪᠤᠳᠠᠳᠤ ᠠᠰᠠᠭᠤᠳᠠᠯ ᠢ ᠬᠠᠪᠰᠤᠷᠤᠨ ᠰᠢᠢᠳᠪᠤᠷᠢᠯᠡᠨ᠎ᠡ᠃ ᠱᠠᠰᠢᠨ ᠰᠤᠷᠳᠠᠬᠤᠨ᠂ ᠭᠠᠳᠠᠭᠠᠳᠤ ᠶᠠᠪᠤᠳᠠᠯ᠂ ᠬᠠᠷᠢᠶᠠᠳᠤ᠂ ᠠᠰᠠᠷᠠᠮᠵᠢ᠂ ᠲᠤᠭ᠎ᠠ ᠪᠦᠷᠢᠳᠭᠡᠯ᠂ ᠲᠠᠩᠰᠠ ᠡᠪᠭᠡᠮᠡᠯ᠂ ᠴᠠᠭ ᠠᠭᠤᠷ᠂ ᠭᠠᠵᠠᠷ ᠤᠷᠤᠨ ᠤ ᠤᠶᠢᠯᠠᠯᠭ᠎ᠠ ᠵᠡᠷᠭᠡ ᠡᠯ᠎ᠡ ᠵᠦᠢᠯ ᠤᠨ ᠠᠵᠢᠯ ᠢ ᠦᠷᠬᠦᠯᠵᠢᠯᠡᠨ ᠰᠠᠶᠢᠳᠤᠷ ᠬᠢᠨ᠎ᠡ᠃       ᠭᠤᠷᠪᠠ᠂  ᠠᠷᠠᠳ ᠤᠯᠠᠨ ᠬᠠᠨᠤᠮᠵᠢᠳᠠᠢ ᠵᠠᠰᠠᠭ ᠤᠨ ᠤᠷᠳᠤᠨ ᠢ ᠴᠢᠷᠮᠠᠶᠢᠨ ᠪᠠᠶᠢᠭᠤᠯᠤᠨ᠎ᠠ       ᠵᠠᠰᠠᠭ ᠤᠨ ᠤᠷᠳᠤᠨ ᠤ ᠲᠤᠰ ᠪᠠᠶ᠎ᠠ ᠶᠢᠨ ᠪᠠᠶᠢᠭᠤᠯᠤᠯᠳᠠ ᠶᠢ ᠪᠦᠬᠦ ᠲᠠᠯ᠎ᠠ ᠪᠠᠷ ᠴᠢᠩᠭᠠᠳᠬᠠᠵᠤ᠂ ᠤᠯᠤᠰ ᠲᠦᠷᠦ ᠪᠠᠳᠤ᠂ ᠬᠠᠷᠢᠭᠤᠴᠠᠯᠭ᠎ᠠ ᠴᠢᠩᠭ᠎ᠠ᠂ ᠴᠢᠳᠠᠪᠤᠷᠢ ᠭᠠᠷᠮᠠᠭᠠᠢ᠂ ᠰᠤᠷᠳᠠᠯ ᠰᠠᠶᠢᠨ ᠺᠠᠳ᠋ᠷ ᠤᠨ ᠡᠩᠨᠡᠭᠡ ᠶᠢ ᠴᠢᠷᠮᠠᠶᠢᠨ ᠪᠠᠶᠢᠭᠤᠯᠵᠤ᠂ ᠴᠤᠭ ᠵᠤᠯᠢ ᠪᠠᠳᠠᠷᠠᠬᠰᠠᠨ ᠤᠶᠤᠨ ᠰᠠᠨᠠᠭᠠᠨ ᠤ ᠪᠠᠶᠢᠳᠠᠯ ᠢᠶᠠᠷ 2019 ᠤᠨ ᠤ ᠡᠯ᠎ᠡ ᠵᠦᠢᠯ ᠤᠨ ᠠᠵᠢᠯ ᠢᠶᠠᠨ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃       ︵ᠨᠢᠭᠡ︶ ᠤᠯᠤᠰ ᠲᠦᠷᠦ ᠶᠢᠨ ᠴᠢᠭᠯᠡᠯ ᠢᠶᠠᠨ ᠪᠠᠳᠤᠳᠬᠠᠨ᠎ᠠ᠃ ᠰᠢ ᠶᠢᠨ ᠫᠢᠡᠭ ᠤᠨ ᠰᠢᠨ᠎ᠡ ᠴᠠᠭ ᠦᠶ᠎ᠡ  ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠦᠨᠳᠤᠰᠤᠨ ᠠᠷᠭ᠎ᠠ ᠪᠤᠳᠤᠯᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ︽ᠲᠦᠷᠪᠡᠨ ᠤᠬᠠᠮᠰᠠᠷ︾ ᠢ ᠪᠠᠳᠤ ᠪᠤᠢ ᠪᠤᠯᠭᠠᠨ᠂ ︽ᠲᠦᠷᠪᠡᠨ ᠢᠳᠡᠭᠡᠯ︾ ᠢ ᠪᠠᠳᠤᠳᠬᠠᠵᠤ᠂ ᠦᠵᠠᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠲᠡᠭᠡᠷ᠎ᠡ ᠪᠠᠨ ᠢᠮᠠᠬᠳᠠ ᠰᠢ ᠶᠢᠨ ᠫᠢᠡᠭ ᠨᠦᠬᠦᠷ ᠢᠶᠠᠷ ᠭᠤᠤᠯᠯᠠᠬᠴᠢ ᠪᠤᠯᠭᠠᠬᠰᠠᠨ ᠨᠠᠮ ᠤᠨ ᠲᠦᠪ ᠬᠤᠷᠢᠶ᠎ᠠ ᠲᠠᠢ ᠲᠡᠭᠡᠳᠤ ᠭᠡᠮᠵᠢᠶ᠎ᠡ ᠪᠠᠷ ᠨᠢᠭᠡᠳᠤᠯ ᠲᠠᠢ ᠪᠠᠶᠢᠬᠤ ᠶᠢ ᠪᠠᠳᠤᠯᠠᠨ᠎ᠠ᠃ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠬᠦᠨ ᠪᠤᠯᠬᠤ︾ ᠰᠤᠷᠤᠯᠴᠠᠯᠭ᠎ᠠ ᠬᠦᠮᠤᠵᠢᠯ ᠢ ᠪᠠᠶᠢᠡᠭᠭᠤᠵᠢᠭᠤᠯᠤᠨ ᠲᠦᠷᠢᠮᠵᠢᠬᠦᠯᠬᠦ ᠶᠢ ᠦᠷᠬᠦᠯᠵᠢᠯᠡᠨ ᠠᠬᠢᠭᠤᠯᠵᠤ᠂ ︽ᠤᠭ ᠰᠠᠨᠠᠭ᠎ᠠ ᠪᠠᠨ ᠦᠯᠦ ᠮᠠᠷᠳᠠᠨ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠭᠤᠤᠯ ᠰᠡᠳᠤᠪᠳᠤ ᠬᠦᠮᠤᠵᠢᠯ ᠢ ᠯᠠᠪᠳᠠᠭᠤᠨ ᠪᠠᠳᠤᠳᠠᠢ ᠦᠷᠨᠢᠬᠦᠯᠵᠤ᠂ ᠨᠠᠮ ᠤᠨ ᠰᠢᠨ᠎ᠡ ᠶᠢ ᠡᠬᠦᠳᠬᠦ ᠤᠨᠤᠯ ᠢᠶᠠᠷ ᠦᠨᠡᠨ ᠬᠦ ᠲᠠᠷᠢᠬᠢ ᠲᠤᠯᠤᠭᠠᠢ ᠪᠠᠨ ᠵᠡᠪᠰᠡᠭᠯᠡᠨ᠎ᠡ᠃ ᠲᠦᠪ᠂ ᠦᠪᠡᠷᠳᠡᠭᠡᠨ ᠵᠠᠰᠠᠬᠤ ᠤᠷᠤᠨ᠂ ᠬᠤᠳᠠ ᠪᠠ ᠲᠤᠭᠤᠷᠢᠭ ᠤᠨ ᠨᠠᠮ ᠤᠨ ᠬᠤᠷᠢᠶᠠᠨ ᠤ ᠡᠯ᠎ᠡ ᠵᠦᠢᠯ ᠤᠨ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠠᠷᠯᠢᠭ ᠪᠠᠶᠢᠪᠠᠯ ᠡᠷᠭᠡᠪᠰᠢ ᠭᠡᠷᠡᠭᠵᠢᠬᠦᠯᠵᠤ᠂ ᠬᠤᠷᠢᠭ᠎ᠠ ᠪᠠᠶᠢᠪᠠᠯ ᠡᠷᠭᠡᠪᠰᠢ ᠵᠤᠬᠰᠤᠬᠤ ᠶᠢ ᠤᠬᠠᠮᠰᠠᠷ ᠠᠴᠠ ᠪᠠᠨ ᠪᠠᠶᠠᠯᠠᠬᠦᠯᠤᠨ᠎ᠡ᠃ ᠦᠪᠡᠷᠳᠡᠭᠡᠨ ᠵᠠᠰᠠᠬᠤ ᠤᠷᠤᠨ ᠤ ᠲᠤᠭᠤᠷᠢᠨ ᠪᠠᠶᠢᠴᠠᠭᠠᠬᠤ ᠲᠤᠭᠤᠶᠢᠯᠠᠩ ᠤᠨ ᠲᠤᠰᠬᠠᠬᠰᠠᠨ ᠰᠠᠨᠠᠯ ᠲᠠᠢ ᠴᠢᠩᠭ᠎ᠠ ᠠᠳᠠᠯᠢᠳᠬᠠᠨ ᠲᠤᠭᠤᠷᠢᠨ ᠪᠠᠶᠢᠴᠠᠭᠠᠬᠤ ᠲᠤᠭᠤᠶᠢᠯᠠᠩ ᠤᠨ ᠲᠤᠰᠬᠠᠬᠰᠠᠨ ᠠᠰᠠᠭᠤᠳᠠᠯ ᠢ ᠬᠠᠯᠠᠨ ᠰᠠᠶᠢᠵᠢᠷᠠᠭᠤᠯᠬᠤ ᠶᠢ ᠰᠠᠶᠢᠳᠤᠷ ᠠᠳᠬᠤᠵᠤ᠂ ᠬᠠᠯᠠᠨ ᠰᠠᠶᠢᠵᠢᠷᠠᠭᠤᠯᠤᠬᠰᠠᠨ ᠪᠤᠳᠠᠳᠤ ᠦᠷ᠎ᠡ ᠪᠦᠳᠤᠮᠵᠢ ᠪᠠᠷ ᠢᠶᠠᠨ ᠵᠠᠰᠠᠭ ᠤᠨ ᠤᠷᠳᠤᠨ ᠤ ᠠᠵᠢᠯ ᠤᠨ ᠬᠢᠷᠢ ᠭᠡᠮᠵᠢᠶ᠎ᠡ ᠶᠢ ᠪᠦᠬᠦ ᠲᠠᠯ᠎ᠠ ᠪᠠᠷ ᠲᠡᠭᠡᠭᠰᠢᠯᠡᠬᠦᠯᠬᠦ ᠪᠠᠷ ᠴᠢᠷᠮᠠᠶᠢᠨ᠎ᠠ᠃       ︵ᠬᠤᠶᠠᠷ︶ ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠪᠠᠷᠢᠮᠳᠠᠯᠠᠨ᠎ᠠ᠃ ᠬᠠᠤᠯᠢ ᠳᠤ ᠲᠤᠬᠳᠠᠭᠠᠬᠰᠠᠨ ᠲᠤᠰᠢᠶᠠᠯ ᠬᠠᠷᠢᠭᠤᠴᠠᠯᠭ᠎ᠠ ᠪᠠᠨ ᠡᠷᠭᠡᠪᠰᠢ ᠬᠦᠢᠴᠡᠳᠭᠡᠬᠦ᠂ ᠬᠠᠤᠯᠢ ᠪᠠᠷ ᠤᠯᠭᠤᠬᠰᠠᠨ ᠦᠭᠡᠢ ᠡᠷᠭᠡ ᠶᠢ ᠦᠯᠦ ᠬᠢᠬᠦ  ᠶᠢ ᠪᠠᠷᠢᠮᠳᠠᠯᠠᠵᠤ᠂ ᠬᠠᠤᠯᠢ ᠪᠠᠷ ᠵᠠᠰᠠᠬᠤ ᠵᠠᠰᠠᠭ ᠤᠨ ᠤᠷᠳᠤᠨ ᠢ ᠲᠦᠷᠭᠡᠨ ᠪᠠᠶᠢᠭᠤᠯᠤᠨ᠂ ᠲᠦᠷᠦ ᠪᠠᠷᠢᠬᠤ ᠳᠤ ᠢᠳᠡᠭᠡᠯ ᠲᠠᠢ᠂ ᠬᠠᠤᠯᠢ ᠭᠡᠷᠡᠭᠵᠢᠬᠦᠯᠬᠦ ᠳᠤ ᠪᠠᠷᠢᠮᠳᠠ ᠲᠠᠢ᠂ ᠬᠢᠨᠠᠯᠳᠠ ᠲᠠᠯᠪᠢᠬᠤ ᠳᠤ ᠪᠦᠳᠤᠮᠵᠢ ᠲᠠᠢ ᠪᠠᠶᠢᠬᠤ ᠶᠢ ᠪᠡᠶᠡᠯᠡᠬᠦᠯᠤᠨ᠎ᠡ᠃ ︽ᠭᠤᠷᠪᠠᠨ ᠴᠢᠬᠤᠯᠠ ᠨᠢᠭᠡ ᠲᠤᠮᠤ︾  ᠤᠴᠢᠷ ᠶᠠᠪᠤᠳᠠᠯ ᠢ ᠬᠠᠮᠳᠤᠪᠠᠷ ᠰᠢᠢᠳᠪᠷᠢ ᠲᠤᠬᠳᠠᠭᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠵᠠᠰᠠᠭ ᠤᠨ ᠤᠷᠳᠤᠨ ᠤ ᠬᠠᠤᠯᠢ ᠴᠠᠭᠠᠵᠠ ᠶᠢᠨ ᠵᠦᠪᠯᠡᠭᠴᠢ ᠶᠢᠨ ᠦᠢᠯᠡᠳᠤᠯ ᠢ ᠬᠦᠢᠴᠡᠳ ᠪᠠᠳᠠᠷᠠᠭᠤᠯᠤᠨ᠂ ᠬᠠᠤᠯᠢ ᠴᠠᠭᠠᠵᠠ ᠲᠦᠷᠢᠮ ᠲᠤᠬᠳᠠᠭᠠᠯ ᠤᠨ ᠴᠢᠨᠠᠷᠳᠠᠢ ᠬᠢᠨᠠᠨ ᠪᠠᠶᠢᠴᠠᠭᠠᠯᠳᠠ ᠶᠢ ᠴᠢᠩᠭᠠᠳᠬᠠᠵᠤ᠂ ᠵᠠᠰᠠᠭ ᠤᠨ ᠤᠷᠳᠤᠨ ᠤ ᠰᠢᠢᠳᠪᠤᠷᠢᠳᠤ ᠪᠤᠳᠤᠯᠭ᠎ᠠ ᠶᠢᠨ ᠠᠷᠠᠳᠴᠢᠯᠠᠬᠰᠠᠨ᠂ ᠰᠢᠨᠵᠢᠯᠡᠬᠦ ᠤᠬᠠᠭᠠᠨᠴᠢᠯᠠᠬᠰᠠᠨ ᠬᠢᠷᠢ ᠭᠡᠮᠵᠢᠶ᠎ᠡ ᠶᠢ ᠲᠡᠭᠡᠭᠰᠢᠯᠡᠬᠦᠯᠤᠨ᠎ᠡ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠳᠠ ᠲᠠᠯᠪᠢᠬᠤ᠂ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠯ ᠢᠶᠠᠷ ᠬᠢᠨᠠᠯᠳᠠ ᠲᠠᠯᠪᠢᠬᠤ ᠪᠠ ᠨᠡᠶᠢᠭᠡᠮ ᠤᠨ ᠶᠠᠷᠢᠶ᠎ᠠ ᠭᠡᠯᠡᠯᠴᠡᠭᠡᠨ ᠤ ᠬᠢᠨᠠᠯᠳᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠠᠵᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠦᠪᠯᠡᠯᠭᠡᠨ ᠤ ᠰᠠᠨᠠᠯ ᠲᠤᠷᠠᠳᠤᠯᠭ᠎ᠠ ᠶᠢ ᠨᠠᠷᠢᠨ ᠬᠢᠨᠠᠮᠠᠭᠠᠢ ᠰᠢᠢᠳᠪᠤᠷᠢᠯᠡᠵᠤ᠂ ᠡᠯ᠎ᠡ ᠠᠷᠠᠳᠴᠢᠯᠠᠬᠰᠠᠨ ᠨᠠᠮ ᠪᠦᠯᠦᠭ᠂ ᠨᠠᠮ ᠤᠨ ᠭᠠᠳᠠᠨᠠᠬᠢ ᠬᠦᠮᠤᠰ ᠪᠤᠯᠤᠨ ᠠᠷᠠᠳ ᠤᠨ ᠪᠦᠯᠬᠦᠮ ᠤᠨ ᠰᠠᠨᠠᠯ ᠰᠠᠨᠠᠭᠤᠯᠭ᠎ᠠ ᠶᠢ ᠬᠦᠢᠴᠡᠳ ᠰᠤᠨᠤᠰᠤᠨ᠎ᠡ᠃ ᠠᠷᠠᠳ ᠤᠨ ᠠᠮᠢᠳᠤᠷᠠᠯ ᠤᠨ ᠭᠡᠷᠡᠭ ᠶᠠᠪᠤᠳᠠᠯ ᠤᠨ ᠲᠦᠷᠦᠯ ᠵᠦᠢᠯ ᠢ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠪᠢᠯᠧᠲ ᠦᠭᠴᠤ ᠪᠠᠳᠤᠯᠠᠬᠤ ᠲᠦᠷᠢᠮ  ᠤᠨ ᠲᠤᠷᠰᠢᠯᠳᠠ ᠶᠢᠨ ᠠᠵᠢᠯ ᠢ ᠢᠳᠡᠪᠬᠢᠳᠡᠢ ᠭᠡᠷᠡᠭᠵᠢᠬᠦᠯᠵᠤ᠂ ᠴᠢᠩ ᠴᠦᠨ ᠱᠠᠨ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠠᠷᠠᠳ ᠤᠨ ᠠᠮᠢᠳᠤᠷᠠᠯ ᠤᠨ ᠭᠡᠷᠡᠭ ᠶᠠᠪᠤᠳᠠᠯ ᠤᠨ ᠲᠦᠷᠦᠯ ᠵᠦᠢᠯ ᠢ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠲᠦᠯᠦᠭᠡᠯᠡᠭᠴᠢᠳ ᠤᠨ ᠬᠤᠷᠠᠯ ᠢᠶᠠᠷ ᠵᠦᠪᠯᠡᠬᠦᠯᠬᠦ ᠶᠢ ᠲᠡᠮᠵᠢᠨ᠎ᠡ᠃ ᠵᠠᠰᠠᠭ  ᠤᠨ ᠶᠠᠪᠤᠳᠠᠯ ᠢ ᠢᠯᠡ ᠪᠤᠯᠭᠠᠬᠤ ᠶᠢ ᠪᠦᠬᠦ ᠲᠠᠯ᠎ᠠ ᠪᠠᠷ ᠠᠬᠢᠭᠤᠯᠵᠤ᠂ ᠠᠷᠠᠳ ᠤᠯᠠᠨ ᠤ ᠮᠡᠳᠡᠬᠦ ᠡᠷᠭᠡ᠂ ᠤᠷᠤᠯᠴᠠᠬᠤ ᠡᠷᠭᠡ ᠪᠠ ᠬᠢᠨᠠᠯᠳᠠ ᠲᠠᠯᠪᠢᠬᠤ ᠡᠷᠭᠡ ᠶᠢ ᠬᠦᠢᠴᠡᠳ ᠪᠠᠳᠤᠯᠠᠨ᠎ᠠ᠃ ᠵᠠᠰᠠᠭ ᠤᠨ ᠶᠠᠪᠤᠳᠠᠯ ᠢ ᠢᠯᠡ ᠪᠤᠯᠭᠠᠬᠤ ᠶᠢ ᠪᠦᠬᠦ ᠲᠠᠯ᠎ᠠ ᠪᠠᠷ ᠠᠬᠢᠭᠤᠯᠵᠤ᠂ ᠬᠤᠳᠠ ᠶᠢᠨ ᠲᠠᠷᠤᠭ᠎ᠠ ᠳᠤ ᠢᠷᠡᠬᠦᠯᠦᠭᠰᠡᠨ ᠤᠳᠠᠰᠤ᠂ ᠲᠤᠭᠤᠷᠢᠭ  ᠤᠨ ᠲᠠᠷᠤᠭ᠎ᠠ ᠳᠤ ᠢᠷᠡᠬᠦᠯᠦᠭᠰᠡᠨ ᠵᠠᠬᠢᠳᠠᠯ ᠢ ᠰᠢᠢᠳᠪᠤᠷᠢᠯᠡᠬᠦ ᠠᠵᠢᠯ ᠢ ᠨᠠᠷᠢᠨ ᠬᠢᠨᠠᠮᠠᠭᠠᠢ ᠰᠠᠶᠢᠳᠤᠷ ᠬᠢᠵᠤ᠂ ᠤᠯᠠᠨ ᠲᠦᠮᠡᠨ ᠤ ᠪᠠᠶᠢᠳᠠᠯ ᠢ ᠮᠡᠳᠡᠬᠦ ᠡᠷᠭᠡ᠂ ᠤᠷᠤᠯᠴᠠᠬᠤ ᠡᠷᠭᠡ ᠪᠠ ᠬᠢᠨᠠᠯᠳᠠ ᠲᠠᠯᠪᠢᠬᠤ ᠡᠷᠭᠡ ᠶᠢ ᠪᠠᠳᠤᠯᠠᠨ᠎ᠠ᠃       ︵ ᠭᠤᠷᠪᠠ︶  ᠲᠦᠪ ᠴᠢᠭᠡᠴᠢ ᠠᠷᠢᠭᠤᠨ ᠴᠡᠪᠡᠷ ᠢ ᠪᠠᠳᠤᠯᠠᠨ᠎ᠠ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ  ᠭᠤᠤᠯ ᠴᠤᠬᠴᠠ ᠶᠢᠨ ᠬᠠᠷᠢᠭᠤᠴᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠨᠠᠷᠢᠨ ᠬᠢᠨᠠᠮᠠᠭᠠᠢ ᠬᠦᠢᠴᠡᠳᠭᠡᠵᠤ᠂ ᠵᠠᠰᠠᠭ ᠤᠨ ᠤᠷᠳᠤᠨ ᠤ ᠰᠢᠰᠲ᠋ᠧᠮ ᠤᠨ ᠨᠠᠮ  ᠤᠨ ᠰᠤᠷᠳᠠᠯ ᠠᠷᠢᠭᠤᠨ ᠴᠢᠭᠡᠴᠢ ᠪᠠᠷ ᠵᠠᠰᠠᠭ ᠪᠠᠷᠢᠬᠤ ᠪᠠᠶᠢᠭᠤᠯᠤᠯᠳᠠ ᠪᠠ ᠢᠯᠵᠠᠷᠠᠯ ᠢ ᠡᠰᠡᠷᠭᠦᠴᠡᠬᠦ ᠲᠡᠮᠡᠴᠡᠯ ᠢ ᠬᠦᠨᠵᠡᠭᠡᠢ ᠠᠬᠢᠭᠤᠯᠤᠨ᠂ ᠢᠯᠵᠠᠷᠠᠬᠤ ᠵᠤᠷᠢᠭ ᠢ ᠨᠢ ᠮᠤᠬᠤᠭᠠᠵᠤ᠂ ᠢᠯᠵᠠᠷᠠᠬᠤ ᠵᠠᠢ ᠦᠭᠡᠢ ᠪᠤᠯᠭᠠᠨ᠂ ᠤᠬᠠᠮᠰᠠᠷ  ᠠᠴᠠ ᠪᠠᠨ ᠢᠯᠵᠠᠷᠠᠬᠤ ᠰᠠᠨᠠᠭ᠎ᠠ ᠦᠭᠡᠢ ᠪᠤᠯᠭᠠᠨ᠎ᠠ᠃ ᠵᠠᠰᠠᠭ ᠤᠨ ᠤᠷᠳᠤᠨ ᠤ ᠪᠡᠯᠡ ᠤᠷᠤᠭᠤᠯᠤᠯᠳᠠ᠂ ᠪᠠᠷᠢᠯᠭ᠎ᠠ  ᠶᠢᠨ ᠪᠦᠳᠤᠭᠡᠨ ᠪᠠᠶᠢᠭᠤᠯᠤᠯᠳᠠ ᠶᠢᠨ ᠲᠠᠭᠠᠭᠠᠴᠢᠯᠠᠬᠴᠢ ᠡᠷᠢᠬᠦ ᠵᠡᠷᠭᠡ ᠭᠤᠤᠯᠳᠠᠯᠭ᠎ᠠ ᠲᠠᠢ ᠬᠦᠷᠢᠶ᠎ᠠ ᠭᠡᠪᠴᠢᠶ᠎ᠡ᠂ ᠵᠠᠩᠬᠢᠯᠠᠭ᠎ᠠ ᠶᠢᠨ ᠭᠤᠬᠴᠤᠭ᠎ᠠ ᠶᠢᠨ ᠬᠢᠨᠠᠯᠳᠠ ᠬᠠᠮᠢᠶᠠᠷᠤᠯᠳᠠ ᠶᠢ ᠦᠷᠬᠦᠯᠵᠢᠯᠡᠨ ᠴᠢᠩᠭᠠᠳᠬᠠᠵᠤ᠂ ᠬᠢᠨᠠᠨ ᠪᠤᠳᠤᠯᠳᠠ ᠪᠠ ᠲᠤᠭᠤᠷᠢᠨ ᠪᠠᠶᠢᠴᠠᠭᠠᠬᠰᠠᠨ ᠦᠷ᠎ᠡ ᠳ᠋ᠦᠡᠭ ᠤᠨ ᠠᠰᠢᠬᠯᠠᠮᠵᠢ ᠶᠢ ᠴᠢᠩᠭᠠᠳᠬᠠᠨ᠂ ᠢᠯᠵᠠᠷᠠᠯ ᠢ ᠤᠭ ᠡᠬᠢ ᠠᠴᠠ  ᠨᠢ ᠤᠷᠢᠳᠴᠢᠯᠡᠨ ᠰᠡᠷᠭᠡᠶᠢᠯᠡᠵᠤ᠂ ᠺᠠᠳ᠋ᠷᠴᠤᠳ  ᠴᠢᠭᠡᠴᠢ ᠰᠢᠳᠤᠷᠭᠤ᠂ ᠵᠠᠰᠠᠭ ᠤᠨ ᠤᠷᠳᠤᠨ ᠠᠷᠢᠭᠤᠨ ᠴᠢᠭᠡᠴᠢ᠂  ᠤᠯᠤᠰ ᠲᠦᠷᠦ ᠢᠯᠡ ᠲᠤᠳᠤ ᠪᠠᠶᠢᠬᠤ ᠶᠢ ᠪᠠᠳᠤᠯᠠᠨ᠎ᠠ᠃ ᠠᠯᠢᠪᠠ ᠭᠡᠯᠪᠡᠷᠢ ᠶᠢᠨ ᠦᠵᠡᠯ ᠪᠤᠯᠤᠨ ᠨᠤᠶᠠᠨᠴᠢ ᠰᠤᠷᠳᠠᠯ  ᠢ ᠡᠷᠡᠰ ᠡᠰᠡᠷᠬᠦᠴᠡᠨ ᠵᠠᠯᠠᠷᠠᠭᠤᠯᠵᠤ᠂ ᠱᠠᠭᠠᠷᠳᠠᠨ ᠪᠠᠶᠢᠴᠠᠭᠠᠵᠤ ᠬᠢᠨᠠᠨ ᠰᠢᠯᠭᠠᠠᠬᠤ ᠶᠢ ᠲᠦᠷᠢᠮᠵᠢᠬᠦᠯᠤᠨ᠂ ᠪᠢᠴᠢᠭ ᠮᠠᠲ᠋ᠧᠷᠢᠶᠠᠯ ᠢ ᠴᠤᠮᠬᠠᠳᠬᠠᠨ ᠬᠤᠷᠠᠯ ᠢ ᠴᠦᠭᠡᠳᠭᠡᠵᠤ᠂ ᠺᠠᠳ᠋ᠷᠴᠤᠳ ᠢ ᠪᠤᠳᠠᠳᠤ ᠠᠰᠠᠭᠤᠳᠠᠯ ᠢ ᠰᠢᠢᠳᠪᠤᠷᠢᠯᠡᠬᠦ ᠲᠡᠭᠡᠷ᠎ᠡ ᠨᠡᠩ ᠤᠯᠠᠨ ᠤᠶᠤᠨ ᠤᠬᠠᠭᠠᠨ ᠬᠦᠴᠤᠨ ᠴᠢᠳᠠᠯ ᠢᠶᠠᠨ ᠭᠡᠷᠡᠭᠯᠡᠬᠦ ᠪᠤᠯᠭᠠᠨ᠎ᠠ  ᠃       ︵ᠲᠦᠷᠪᠡ︶ ᠵᠤᠷᠢᠬᠳᠠᠢ ᠪᠠᠷ ᠬᠠᠷᠢᠭᠤᠴᠠᠯᠭ᠎ᠠ ᠡᠬᠦᠷᠭᠡᠯᠡᠬᠦ ᠶᠢ ᠡᠷᠴᠢᠮᠵᠢᠬᠦᠯᠤᠨ᠎ᠡ᠃ ᠪᠤᠰᠢᠭᠤ ᠱᠠᠯᠠᠮᠠᠭᠠᠢ ᠠᠵᠢᠯᠯᠠᠨ ᠲᠦᠳᠡᠯ ᠦᠭᠡᠢ ᠬᠦᠢᠴᠡᠳᠭᠡᠬᠦ ᠠᠵᠢᠯ ᠤᠨ ᠰᠤᠷᠳᠠᠯ ᠢ ᠶᠡᠭᠡᠪᠡᠷ ᠪᠠᠳᠠᠷᠠᠭᠤᠯᠤᠨ᠂ ᠵᠠᠰᠠᠭ ᠶᠠᠪᠤᠭᠤᠯᠬᠤ ᠳᠤ ᠪᠦᠳᠤᠬᠦᠯᠢᠭ᠂ ᠴᠠᠯᠠᠭᠠᠶᠢᠷᠠᠬᠤ᠂ ᠬᠤᠶᠢᠷᠭᠤᠰᠢᠬᠤ ᠠᠵᠢᠯᠯᠠᠭ᠎ᠠ ᠶᠢ ᠴᠢᠩᠭ᠎ᠠ ᠴᠡᠭᠴᠡᠯᠡᠵᠤ᠂ ︽ᠤᠷᠤᠬᠤ ᠳᠤ ᠲᠦᠪᠡᠭ  ᠲᠠᠢ᠂ ᠦᠵᠡᠬᠦ ᠳᠤ ᠬᠠᠯᠠ ᠲᠠᠢ᠂ ᠪᠦᠳᠤᠭᠡᠬᠦ ᠳᠤ ᠬᠦᠴᠢᠷ︾ ᠵᠡᠷᠭᠡ  ᠤᠳᠠᠭᠠᠯᠢᠭ᠂ ᠬᠢᠬᠦ ᠦᠭᠡᠢ ᠦᠵᠡᠭᠳᠡᠯ ᠢ ᠡᠷᠡᠰ ᠵᠠᠯᠠᠷᠠᠭᠤᠯᠤᠨ᠂ ᠲᠤᠬᠳᠠᠭᠠᠬᠰᠠᠨ ᠠᠵᠢᠯ ᠢ ᠡᠷᠡᠰ ᠰᠠᠶᠢᠨ ᠬᠢᠵᠤ᠂ ᠠᠮᠠᠯᠳᠤᠬᠰᠠᠨ ᠤᠴᠢᠷ ᠢ ᠡᠷᠡᠰ ᠰᠠᠶᠢᠨ ᠪᠠᠶᠠᠯᠠᠬᠦᠯᠤᠨ᠂ ᠵᠠᠰᠠᠭ ᠤᠨ ᠤᠷᠳᠤᠨ ᠤ ᠢᠳᠡᠭᠡᠬᠦᠯᠬᠦ ᠬᠦᠴᠤᠨ ᠪᠤᠯᠤᠨ ᠭᠡᠷᠡᠭᠵᠢᠬᠦᠯᠬᠦ ᠬᠦᠴᠤᠨ ᠢ ᠪᠦᠬᠦ ᠲᠠᠯ᠎ᠠ ᠪᠠᠷ ᠲᠡᠭᠡᠭᠰᠢᠯᠡᠬᠦᠯᠤᠨ᠎ᠡ᠃ ᠪᠤᠳᠠᠳᠠᠢ ᠠᠵᠢᠯᠯᠠᠨ ᠦᠢᠯᠡᠰ ᠪᠦᠳᠤᠭᠡᠬᠦ ᠰᠠᠶᠢᠨ ᠰᠠᠶᠢᠬᠠᠨ ᠠᠭᠤᠷ ᠠᠮᠢᠰᠬᠤᠯ ᠢ ᠲᠦᠷᠭᠡᠨ ᠪᠤᠢ ᠪᠤᠯᠭᠠᠵᠤ᠂ ᠺᠠᠳ᠋ᠷᠴᠤᠳ ᠤᠨ ᠠᠳᠠᠯᠢᠳᠬᠠᠬᠤ ᠰᠤᠷᠬᠤ ᠬᠦᠢᠴᠡᠬᠦ ᠲᠠᠪᠠᠭ᠋ᠤ ᠲᠤᠳᠤᠭᠠᠳᠤ ᠬᠦᠳᠡᠯᠭᠡᠭᠴᠢ ᠬᠦᠴᠤᠨ  ᠢ ᠬᠦᠭᠵᠢᠭᠡᠨ᠂ ︽ᠬᠠᠳᠠᠭᠠᠰᠤ ᠬᠠᠳᠠᠬᠤ︾ ᠵᠤᠷᠢᠭ ᠰᠠᠨᠠᠭ᠎ᠠ ᠪᠠᠷ ᠡᠯ᠎ᠡ ᠵᠦᠢᠯ ᠤᠨ ᠭᠤᠤᠯᠳᠠᠯᠭ᠎ᠠ ᠲᠠᠢ ᠠᠵᠢᠯ ᠪᠠ ᠭᠤᠤᠯᠳᠠᠯᠭ᠎ᠠ ᠲᠠᠢ ᠡᠬᠦᠷᠭᠡ ᠶᠢ ᠨᠠᠶᠢᠳᠠᠪᠤᠷᠢᠵᠢᠭᠤᠯᠬᠤ ᠶᠢ ᠰᠠᠶᠢᠳᠤᠷ ᠠᠳᠬᠤᠵᠤ᠂ ᠵᠤᠷᠢᠬᠳᠠᠢ ᠪᠠᠷ ᠬᠠᠷᠢᠭᠤᠴᠠᠬᠤ᠂ ᠡᠷᠡᠮᠡᠭᠡᠶᠢᠯᠡᠨ ᠲᠡᠮᠡᠴᠡᠵᠤ ᠪᠤᠳᠠᠳᠤ ᠠᠵᠢᠯ ᠬᠢᠬᠦ ᠶᠢ ᠵᠠᠰᠠᠭ ᠤᠨ ᠤᠷᠳᠤᠨ ᠤ ᠠᠵᠢᠯ ᠤᠨ ᠢᠯᠡ ᠲᠤᠳᠤ ᠦᠨᠳᠤᠰᠤᠨ ᠤᠨᠴᠠᠯᠢᠭ ᠪᠤᠯᠭᠠᠨ᠎ᠠ᠃       ᠲᠦᠯᠦᠭᠡᠯᠡᠭᠴᠢᠳ ᠡ︕ ᠪᠦᠯᠬᠦᠮᠳᠠᠨ ᠬᠦᠴᠤᠨ ᠢᠶᠠᠨ ᠲᠦᠪᠯᠡᠷᠡᠬᠦᠯᠵᠤ᠂ ᠪᠤᠳᠠᠳᠠᠢ ᠠᠵᠢᠯᠯᠠᠨ ᠢᠷᠡᠭᠡᠳᠤᠢ  ᠶᠢᠨ ᠰᠠᠶᠢᠨ ᠰᠠᠶᠢᠬᠠᠨ ᠢ ᠡᠬᠦᠳᠤᠶ᠎ᠠ᠃ ᠪᠢᠳᠡ ᠰᠢ ᠶᠢᠨ ᠫᠢᠡᠭ ᠨᠦᠬᠦᠷ ᠢᠶᠠᠷ ᠭᠤᠤᠯᠯᠠᠬᠴᠢ ᠪᠤᠯᠭᠠᠬᠰᠠᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠡᠩ ᠶᠡᠭᠡ ᠨᠢᠬᠳᠠᠷᠠᠨ ᠪᠦᠯᠬᠦᠮᠳᠠᠵᠤ᠂ ᠰᠢ ᠶᠢᠨ ᠫᠢᠡᠭ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠠᠭᠤᠤ ᠶᠡᠭᠡ ᠲᠤᠭ  ᠢ ᠦᠨᠳᠤᠷ ᠮᠠᠨᠳᠤᠭᠤᠯᠤᠨ᠂ ᠤᠭ ᠰᠠᠨᠠᠭ᠎ᠠ ᠪᠠᠨ ᠦᠯᠦ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠤ᠂ ᠡᠷᠡᠯᠭᠡᠭᠯᠡᠨ ᠤᠷᠤᠬᠰᠢᠯᠠᠵᠤ᠂ ᠬᠠᠳᠠᠭᠤᠵᠢᠯᠳᠠᠢ ᠲᠡᠮᠡᠴᠡᠨ᠂  ᠬᠢᠶ᠎ᠠ ᠪᠠᠭᠰᠢ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠳᠠᠢ ᠬᠦᠭᠵᠢᠯᠳᠡ ᠶᠢᠨ ᠰᠠᠶᠢᠨ ᠰᠠᠶᠢᠬᠠᠨ ᠢᠷᠡᠭᠡᠳᠤᠢ ᠶᠢ ᠴᠢᠷᠮᠠᠶᠢᠨ ᠡᠬᠦᠳᠴᠤ᠂ ᠰᠢᠯᠢᠳᠡᠭ ᠠᠮᠵᠢᠯᠳᠠ ᠪᠠᠷ ᠢᠶᠠᠨ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠪᠠᠶᠢᠭᠤᠯᠤᠬᠳᠠᠬᠰᠠᠨ  70 ᠵᠢᠯ ᠤᠨ ᠤᠢ  ᠶᠢ ᠪᠡᠯᠭᠡᠯᠡᠶ᠎ᠡ︕
ᠢᠷᠡᠯᠲᠡ᠄ ᠲᠤᠰ ᠰᠦᠯᠵᠢᠶ᠎ᠡ