ᠳᠤᠭᠤᠷᠢᠭ ᠤᠨ ᠠᠩᠬᠠᠳᠤᠭᠠᠷ ᠬᠤᠭᠤᠴᠠᠭᠠᠨ ᠤ ᠠᠷᠠᠳ ᠤᠨ ᠳᠦᠯᠦᠭᠡᠯᠡᠭᠴᠢᠳ ᠤᠨ ᠶᠡᠭᠡ | ᠬᠤᠷᠠᠯ ᠤᠨ ᠭᠤᠷᠪᠠᠳᠤᠭᠠᠷ ᠤᠳᠠᠭ᠎ᠠ ᠶᠢᠨ ᠬᠤᠷᠠᠯ ᠤᠨ ᠪᠢᠴᠢᠭ ᠮᠠᠲ᠋ᠧᠷᠢᠶᠠᠯ ︵ ᠠᠷᠪᠠᠨ ᠭᠤᠷᠪᠠ ︶ | | | | | ᠵᠠᠰᠠᠭ ᠤᠨ ᠤᠷᠳᠤᠨ ᠤ ᠠᠵᠢᠯ ᠤᠨ ᠢᠯᠡᠳᠭᠡᠯ | | — ᠤᠷᠳᠤᠰ ᠬᠤᠳᠠ ᠶᠢᠨ ᠬᠢᠶ᠎ᠠ ᠪᠠᠭᠰᠢ ᠳᠤᠭᠤᠷᠢᠭ ᠤᠨ ᠠᠩᠬᠠᠳᠤᠭᠠᠷ | ᠬᠤᠭᠤᠴᠠᠭᠠᠨ ᠤ ᠠᠷᠠᠳ ᠤᠨᠲ᠋ᠦ᠋ᠯᠦᠭᠡᠯᠡᠭᠴᠢᠳ ᠤᠨ ᠶᠡᠭᠡ ᠬᠤᠷᠠᠯ ᠤᠨ | ᠭᠤᠷᠪᠠᠳᠤᠭᠠᠷ ᠤᠳᠠᠭ᠎ᠠ ᠶᠢᠨ ᠬᠤᠷᠠᠯ ᠳᠡᠭᠡᠷ᠎ᠠ | ︵2019 ᠤᠨ ᠤ 3 ᠰᠠᠷ᠎ᠠ ᠶᠢᠨ 21 ᠡᠳᠤᠷ︶ | ᠯᠢ ᠳ᠋ᠦᠩ | | | ᠳᠦᠯᠦᠭᠡᠯᠡᠭᠴᠢᠳ ᠡ᠄ | ᠤᠳᠤ ᠪᠢ ᠬᠢᠶ᠎ᠠ ᠪᠬᠠᠰᠢ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠢ ᠳᠦᠯᠦᠭᠡᠯᠡᠨ ᠶᠡᠭᠡ ᠬᠤᠷᠠᠯ ᠳᠤ ᠠᠵᠢᠯ ᠤᠨ ᠢᠯᠡᠳᠭᠡᠯ ᠬᠢᠶ᠎ᠠ᠂ ᠬᠢᠨᠠᠨ | ᠵᠦᠪᠯᠡᠬᠦ ᠪᠤᠯᠪᠠᠤ᠂ ᠳᠡᠷᠡᠴᠢᠯᠡᠨ ᠳᠤᠭᠤᠷᠢᠭ ᠤᠨ ᠤᠯᠤᠰ ᠳᠦᠷᠦ ᠶᠢᠨ ᠵᠦᠪᠯᠡᠯᠭᠡᠨ ᠤ ᠭᠡᠰᠢᠬᠦᠳ ᠪᠠ ᠰᠤᠯᠠ ᠤᠷᠤᠯᠴᠠᠬᠰᠠᠨ ᠪᠤᠰᠤᠳ ᠬᠦᠮᠤᠰ ᠰᠠᠨᠠᠯ ᠢᠶᠠᠨ | ᠳᠤᠷᠠᠳᠬᠤ ᠪᠤᠯᠪᠠᠤ᠃ | | | ᠨᠢᠭᠡ᠂ 2018 ᠤᠨ ᠤ ᠠᠵᠢᠯ ᠤᠨ ᠡᠷᠬᠢᠴᠡᠬᠦᠯᠤᠯ | 2018 ᠤᠨ ᠪᠤᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠳᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠳᠡ ᠶᠢᠨ ᠵᠢᠯ | ᠪᠤᠯᠤᠨ᠎ᠠ᠂ ᠦᠭᠡᠷᠡᠴᠢᠯᠡᠯᠳᠡ ᠨᠡᠭᠡᠭᠡᠯᠳᠡ ᠬᠢᠭᠰᠡᠨ 40 ᠵᠢᠯ ᠤᠨ ᠤᠢ ᠪᠤᠯᠤᠨ᠎ᠠ᠂ ᠬᠢᠶ᠎ᠠ ᠪᠠᠭᠰᠢ ᠶᠢᠨ ᠬᠦᠭᠵᠢᠯᠳᠡ ᠳᠤᠮᠳᠠᠬᠢ ᠶᠡᠷᠦ ᠪᠤᠰᠤ ᠶᠢᠨ ᠴᠢᠬᠤᠯᠠ ᠨᠢᠭᠡ | ᠵᠢᠯ ᠪᠤᠯᠤᠨ᠎ᠠ᠃ ᠨᠢᠭᠡ ᠵᠢᠯ ᠤᠨ ᠳᠤᠷᠰᠢ᠂ ᠪᠢᠳᠠ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠰᠢ ᠶᠢᠨ ᠫᠢᠩ ᠶᠡᠷᠦᠩᠭᠡᠢ ᠱᠦᠵᠢ ᠶᠢᠨ | ︽ᠭᠤᠷᠪᠠ ᠶᠢ ᠯᠠᠪᠳᠠᠭᠤᠨ ᠪᠠᠳᠤᠳᠠᠢ ᠪᠠᠶᠢᠯᠭᠠᠬᠤ︾ ᠴᠢᠬᠤᠯᠠ ᠨᠠᠶᠢᠳᠠᠯᠭ᠎ᠠ ᠶᠢ ᠴᠠᠭ ᠦᠷᠬᠦᠯᠵᠢ ᠪᠠᠳᠤ ᠴᠡᠭᠡᠵᠢᠯᠡᠵᠤ᠂ ᠬᠤᠳᠠ ᠶᠢᠨ ᠨᠠᠮ ᠤᠨ ᠬᠤᠷᠢᠶ᠎ᠠ᠂ | ᠬᠤᠳᠠ ᠶᠢᠨ ᠵᠠᠰᠠᠭ ᠤᠨ ᠤᠷᠳᠤᠨ ᠪᠠ ᠳᠤᠭᠤᠷᠢᠭ ᠤᠨ ᠨᠠᠮ ᠤᠨ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠳᠤᠤᠷ᠎ᠠ᠂ ᠳᠤᠬᠳᠠᠭᠤᠨ ᠤ ᠳᠤᠮᠳᠠ | ᠤᠷᠤᠬᠰᠢᠯᠠᠬᠤ ᠠᠵᠢᠯ ᠤᠨ ᠶᠡᠷᠦᠩᠭᠡᠢ ᠬᠦᠭ ᠠᠶᠠᠰ ᠢ ᠪᠠᠷᠢᠮᠳᠠᠯᠠᠨ᠂ ᠪᠦᠬᠦ ᠬᠦᠴᠤᠨ ᠢᠶᠠᠷ ᠢᠶᠠᠨ ᠨᠡᠮᠡᠭᠳᠡᠯ ᠢ ᠳᠤᠬᠳᠠᠪᠤᠷᠢᠵᠢᠭᠤᠯᠤᠨ᠂ ᠦᠭᠡᠷᠡᠴᠢᠯᠡᠯᠳᠡ ᠶᠢ | ᠠᠬᠢᠭᠤᠯᠵᠤ᠂ ᠪᠦᠳᠤᠴᠡ ᠶᠢ ᠳᠤᠬᠢᠷᠠᠭᠤᠯᠤᠨ᠂ ᠠᠷᠠᠳ ᠤᠨ ᠠᠮᠢᠳᠤᠷᠠᠯ ᠢ ᠬᠠᠷᠠᠭᠠᠯᠵᠠᠵᠤ᠂ ᠠᠶᠤᠯ ᠳᠦᠭᠰᠢᠬᠦᠷᠢ ᠶᠢ ᠰᠡᠷᠭᠡᠶᠢᠯᠡᠨ᠂ ᠳᠤᠭᠤᠷᠢᠭ ᠤᠨ | ᠠᠩᠬᠠᠳᠤᠭᠠᠷ ᠬᠤᠭᠤᠴᠠᠭᠠᠨ ᠤ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠠᠴᠠ ᠳᠤᠬᠳᠠᠭᠠᠬᠰᠠᠨ ᠬᠠᠷᠠᠯᠳᠠᠳᠤ ᠡᠬᠦᠷᠭᠡ ᠶᠢ ᠨᠡᠯᠢᠶᠡᠳ ᠴᠢᠨᠠᠷᠯᠢᠭ | ᠪᠡᠶᠡᠯᠡᠬᠦᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠳᠤ ᠢᠳᠡᠷᠡᠬᠦᠨ ᠠᠯᠬᠤᠴᠠ ᠲᠠᠢ ᠪᠤᠯᠤᠬᠰᠠᠨ ᠪᠠᠶᠢᠨ᠎ᠠ᠃ ᠪᠦᠬᠦ ᠵᠢᠯ | ᠳᠤ ᠤᠷᠤᠨ ᠨᠤᠳᠤᠭ ᠤᠨ ᠤᠶᠢᠯᠡᠳᠪᠤᠷᠢᠯᠡᠯ ᠤᠨ ᠶᠡᠷᠦᠩᠭᠡᠢ ᠦᠷᠳᠡᠭ ᠨᠢ 59.7 ᠳ᠋ᠦᠩᠰᠢᠭᠤᠷ ᠳᠦᠬᠦᠷᠢᠭ ᠲᠤ ᠬᠦᠷᠴᠤ᠂ 5% ᠪᠠᠷ ᠨᠡᠮᠡᠭᠳᠡᠪᠡ︔ ᠤᠯᠠᠨ | ᠨᠡᠶᠢᠳᠡ ᠶᠢᠨ ᠡᠳ᠋ ᠤᠨ ᠵᠠᠰᠠᠭ ᠤᠨ ᠳᠦᠰᠤᠪ ᠤᠨ ᠤᠷᠤᠯᠭ᠎ᠠ ᠨᠢ 6.3 ᠳ᠋ᠦᠩᠰᠢᠭᠤᠷ ᠳᠦᠬᠦᠷᠢᠭ ᠲᠤ ᠬᠦᠷᠴᠤ᠂ 26.7% ᠪᠠᠷ ᠨᠡᠮᠡᠭᠳᠡᠪᠡ︔ ᠨᠡᠶᠢᠭᠡᠮ ᠤᠨ | ᠭᠡᠷᠡᠭᠯᠡᠭᠡᠨ ᠤ ᠵᠤᠶᠢᠯᠡᠰ ᠢ ᠵᠢᠵᠢᠭᠯᠡᠨ ᠪᠤᠷᠤᠯᠠᠭᠤᠯᠤᠬᠰᠠᠨ ᠶᠡᠷᠦᠩᠭᠡᠢ ᠳᠤᠭ᠎ᠠ ᠨᠢ 67.8 ᠳ᠋ᠦᠩᠰᠢᠭᠤᠷ ᠳᠦᠬᠦᠷᠢᠭ ᠲᠤ ᠬᠦᠷᠴᠤ᠂ 5.7% ᠪᠠᠷ ᠨᠡᠮᠡᠭᠳᠡᠪᠡ︔ | ᠬᠤᠳᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠤᠨ ᠳᠤᠮᠳᠠᠴᠢ ᠳᠤᠬᠢᠷᠠᠭᠤᠯᠵᠤ ᠪᠤᠯᠬᠤ ᠤᠷᠤᠯᠭ᠎ᠠ ᠨᠢ 48431 ᠳᠦᠬᠦᠷᠢᠭ ᠲᠤ | ᠬᠦᠷᠴᠤ᠂ 7.5% ᠪᠠᠷ ᠨᠡᠮᠡᠭᠳᠡᠪᠡ᠃ | ᠨᠢᠭᠡ ᠵᠢᠯ ᠤᠨ ᠳᠤᠷᠰᠢ᠂ ᠪᠢᠳᠠ ᠭᠤᠤᠯᠳᠠᠭᠤ ᠳᠤᠤᠷᠠᠬᠢ ᠠᠵᠢᠯ ᠤᠳ ᠢ ᠬᠢᠪᠡ᠄ | ︵ᠨᠢᠭᠡ︶ ᠬᠦᠴᠢᠷᠳᠡᠯ ᠢ ᠳᠤᠭᠤᠯᠵᠤ ᠬᠤᠷᠢᠭ᠎ᠠ ᠱᠤᠭᠤᠮ ᠢ ᠰᠠᠬᠢᠨ᠂ ︽ᠭᠤᠷᠪᠠᠨ ᠶᠡᠭᠡ ᠪᠤᠭᠤᠮᠳᠠ ᠰᠢᠪᠳᠤᠯᠬᠤ ᠳᠠᠶᠢᠯᠠᠯᠳᠤᠭᠠᠨ︾ ᠤ ᠠᠩᠬᠠᠨ ᠤ | ᠢᠯᠠᠯᠳᠠ ᠶᠢ ᠤᠯᠪᠠ᠃ ᠬᠦᠨᠳᠤ ᠶᠡᠭᠡ ᠠᠶᠤᠯ ᠳᠦᠭᠰᠢᠬᠦᠷᠢ ᠶᠢ ᠰᠡᠷᠭᠡᠶᠢᠯᠡᠨ ᠨᠠᠮᠳᠠᠭᠤᠯᠵᠤ᠂ ᠵᠠᠰᠠᠭ ᠤᠨ ᠤᠷᠳᠤᠨ ᠤ ᠦᠷᠢ ᠰᠢᠷᠢ ᠶᠢᠨ ︽ᠨᠢᠭᠡ ᠬᠠᠭᠤᠳᠠᠰᠤ | ᠭᠤᠷᠪᠠᠨ ᠳᠠᠩᠰᠠ︾ ᠶᠢ ᠪᠠᠶᠢᠭᠤᠯᠤᠨ᠂ ᠤᠯᠤᠰ ᠤᠨ ᠡᠳ᠋ ᠬᠦᠷᠦᠩᠭᠡ ᠶᠢ ᠳᠤᠳᠤᠯᠠᠨ ᠪᠡᠯᠡ ᠮᠦᠩᠬᠦ ᠶᠢ ᠬᠠᠷᠭᠤᠭᠤᠯᠬᠤ ᠡᠬᠦᠷᠭᠡ ᠶᠢ ᠪᠡᠶᠡᠯᠡᠬᠦᠯᠵᠤ᠂ ᠵᠤᠬᠢᠶᠠᠨ | ᠪᠠᠶᠢᠭᠤᠯᠤᠯᠳᠠ ᠶᠢᠨ ᠪᠠᠶᠢᠭᠤᠯᠤᠮᠵᠢ᠂ ᠦᠷᠢ ᠰᠢᠷᠢ ᠶᠢᠨ ᠳᠦᠰᠤᠯ᠂ ᠠᠶᠤᠯ ᠳᠦᠭᠰᠢᠬᠦᠷᠢ ᠶᠢ ᠤᠷᠢᠳᠴᠢᠯᠠᠨ ᠰᠡᠷᠡᠮᠵᠢᠯᠡᠬᠦ ᠵᠡᠷᠭᠡ ᠳᠤᠬᠳᠠᠯᠴᠠᠭ᠎ᠠ ᠶᠢᠨ | ᠳᠤᠬᠳᠠᠴᠠ ᠶᠢ ᠴᠢᠨᠠᠬᠰᠢᠳᠠ ᠪᠦᠷᠢᠨᠰᠢᠬᠦᠯᠤᠨ ᠳᠡᠬᠦᠯᠳᠡᠷᠵᠢᠬᠦᠯᠵᠤ᠂ ᠳᠠᠯᠳᠠ ᠴᠢᠨᠠᠷᠳᠠᠢ ᠦᠷᠢ ᠰᠢᠷᠢ ᠶᠢ ᠨᠠᠮᠳᠠᠭᠤᠯᠬᠤ ᠶᠢ ᠡᠷᠴᠢᠮᠳᠡᠢ ᠠᠬᠢᠭᠤᠯᠤᠨ᠂ ᠰᠢᠰᠲ᠋ᠧᠮᠳᠤ | ᠴᠢᠨᠠᠷᠳᠠᠢ ᠮᠦᠩᠬᠦᠨ ᠬᠦᠢᠯᠭᠡᠭᠡᠨ ᠤ ᠠᠶᠤᠯ ᠳᠦᠭᠰᠢᠬᠦᠷᠢ ᠡᠬᠦᠰᠬᠦ ᠦᠭᠡᠢ ᠪᠠᠶᠢᠬᠤ ᠬᠤᠷᠢᠭ᠎ᠠ ᠱᠤᠭᠤᠮ ᠢ ᠪᠠᠳᠤ ᠰᠠᠬᠢᠪᠠ︔ ᠪᠦᠬᠦ ᠵᠢᠯ ᠳᠤ ᠵᠠᠰᠠᠭ ᠤᠨ ᠤᠷᠳᠤᠨ | ᠤ ᠦᠷᠢ ᠰᠢᠷᠢ ᠶᠢ 21.3 ᠳ᠋ᠦᠩᠰᠢᠭᠤᠷ ᠳᠦᠬᠦᠷᠢᠭ ᠨᠠᠮᠳᠠᠭᠤᠯᠤᠨ ᠰᠢᠢᠳᠪᠤᠷᠢᠯᠡᠵᠤ᠂ ᠵᠢᠯ ᠤᠨ ᠡᠬᠦᠷᠭᠡ ᠪᠠᠨ 333.2% ᠢᠶᠠᠷ ᠪᠡᠶᠡᠯᠡᠬᠦᠯᠵᠤ᠂ ᠵᠠᠰᠠᠭ ᠤᠨ | ᠤᠷᠳᠤᠨ ᠤ ᠪᠦᠬᠦ ᠦᠷᠢ ᠰᠢᠷᠢ ᠶᠢᠨ ᠨᠤᠷᠮ᠎ᠠ ᠶᠢ 105.9% ᠪᠠᠷ ᠪᠠᠭᠠᠰᠬᠠᠨ᠂ ᠠᠵᠢᠯ ᠤᠨ ᠠᠬᠢᠴᠠ ᠨᠢ ᠪᠦᠬᠦ ᠬᠤᠳᠠ᠂ ᠦᠪᠡᠷᠳᠡᠭᠡᠨ ᠵᠠᠰᠠᠬᠤ ᠤᠷᠤᠨ ᠳᠤ | ᠳᠡᠷᠢᠬᠦᠯᠡᠪᠡ᠃ ᠶᠠᠳᠠᠭᠤ ᠠᠴᠠ ᠠᠩᠬᠢᠵᠢᠷᠠᠭᠤᠯᠬᠤ ᠦᠷ᠎ᠠ ᠪᠦᠳᠤᠮᠵᠢ ᠶᠢ ᠦᠷᠬᠦᠯᠵᠢᠯᠡᠨ ᠪᠠᠳᠤᠳᠬᠠᠵᠤ᠂ ᠤᠨᠤᠪᠴᠢᠳᠠᠢ ᠢᠯᠭᠠᠨ ᠳᠤᠳᠤᠯᠠᠬᠤ ᠪᠠ ᠬᠦᠳᠡᠯᠦᠩᠬᠦᠢ | ᠬᠢᠨᠠᠨ ᠭᠡᠮᠵᠢᠯᠳᠡ ᠬᠢᠬᠦ ᠶᠢ ᠳᠤᠪᠤᠶᠢᠯᠭᠠᠨ᠂ ᠡᠯ᠎ᠠ ᠳᠦᠷᠤᠯ ᠤᠨ ᠶᠠᠳᠠᠭᠤ ᠶᠢ ᠳᠡᠳᠬᠦᠬᠦ ᠪᠠᠳᠤᠯᠠᠭ᠎ᠠ ᠶᠢᠨ ᠠᠷᠭ᠎ᠠ ᠭᠡᠮᠵᠢᠶ᠎ᠠ ᠶᠢ ᠪᠦᠬᠦ ᠳᠠᠯ᠎ᠠ ᠪᠠᠷ | ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠬᠦᠴᠢᠷᠳᠡᠯ ᠲᠠᠢ ᠤᠯᠠᠨ ᠳᠦᠮᠡᠨ ᠢ ᠭᠤᠷᠪᠠᠨ ᠱᠠᠳᠤ ᠪᠠᠷ ᠬᠤᠯᠪᠤᠭᠠᠯᠠᠨ ᠳᠠᠭᠠᠭᠠᠴᠢᠯᠠᠵᠤ ᠬᠠᠪᠰᠤᠷᠤᠨ ᠳᠡᠳᠬᠦᠵᠤ᠂ | ᠤᠯᠤᠰ ᠤᠨ ᠳᠡᠰ ᠤᠨ ᠶᠠᠳᠠᠭᠤ ᠬᠦᠴᠢᠷᠳᠡᠯᠳᠡᠢ ᠱᠤᠭᠤᠮ ᠠᠴᠠ ᠳᠤᠷᠤᠬᠰᠢ ᠭᠡᠷ ᠪᠦᠯᠢ ᠨᠢᠭᠡ ᠴᠦ ᠪᠠᠶᠢᠬᠤ ᠦᠭᠡᠢ ᠪᠤᠯᠪᠠ᠃ ᠪᠤᠬᠢᠷᠳᠤᠯ ᠢ ᠰᠡᠷᠭᠡᠶᠢᠯᠡᠨ ᠵᠠᠰᠠᠬᠤ | ᠶᠢ ᠬᠦᠨᠵᠡᠭᠡᠢ ᠠᠬᠢᠭᠤᠯᠵᠤ᠂ ᠳᠦᠪ ᠤᠨ ᠤᠷᠴᠢᠨ ᠳᠤᠭᠤᠷᠢᠨ ᠤ ᠱᠠᠯᠠᠪᠳᠠᠭᠤᠯᠤᠨ ᠪᠠᠶᠢᠴᠠᠭᠠᠯᠳᠠ ᠶᠢᠨ ︽ᠡᠷᠬᠢᠵᠤ ᠬᠠᠷᠠᠬᠤ︾ ᠪᠠ ᠦᠪᠡᠷᠳᠡᠭᠡᠨ ᠵᠠᠰᠠᠬᠤ ᠤᠷᠤᠨ | ᠤ ᠠᠮᠢ ᠠᠬᠤᠢ ᠤᠷᠴᠢᠨ ᠳᠤᠭᠤᠷᠢᠨ ᠤ ᠬᠠᠮᠠᠭᠠᠯᠠᠯᠳᠠ ᠶᠢᠨ ᠶᠡᠭᠡ ᠪᠠᠶᠢᠴᠠᠭᠠᠯᠳᠠ ᠳᠤ ᠬᠠᠷᠢᠭᠤ ᠳᠤᠰᠬᠠᠬᠰᠠᠨ 11 ᠠᠰᠠᠭᠤᠳᠠᠯ ᠢ ᠪᠦᠬᠦᠨ ᠢ ᠵᠠᠰᠠᠨ ᠴᠡᠭᠴᠡᠯᠡᠵᠤ᠂ | ᠠᠭᠠᠷ ᠮᠠᠨᠳᠠᠯ᠂ ᠤᠰᠤ᠂ ᠬᠦᠷᠤᠰᠤ ᠰᠢᠷᠤᠢ ᠵᠡᠷᠭᠡ ᠶᠢᠨ ᠪᠤᠬᠢᠷᠳᠤᠯ ᠢ ᠰᠡᠷᠭᠡᠶᠢᠯᠡᠨ ᠵᠠᠰᠠᠬᠰᠠᠨ ᠰᠢᠯᠭᠠᠨ ᠬᠤᠷᠢᠶᠠᠬᠤ ᠵᠢᠭᠠᠯᠳᠠ ᠳᠤᠭ᠎ᠠ ᠨᠢ ᠴᠦᠮ ᠪᠠᠷᠢᠮᠵᠢᠶᠠᠨ | ᠳᠤ ᠬᠦᠷᠴᠤ᠂ ᠪᠦᠬᠦ ᠵᠢᠯ ᠳᠤ ᠠᠭᠠᠷ ᠤᠨ ᠴᠢᠨᠠᠷ ᠰᠠᠶᠢᠵᠢᠷᠠᠬᠰᠠᠨ ᠡᠳᠤᠷ ᠤᠨ ᠳᠤᠭ᠎ᠠ ᠶᠢᠨ ᠬᠠᠷᠢᠴᠠᠯ ᠨᠢ 85% ᠳᠤ ᠬᠦᠷᠴᠤ᠂ ᠭᠤᠤᠯᠳᠠᠯᠭ᠎ᠠ ᠲᠠᠢ ᠰᠠᠪᠠ | ᠭᠠᠵᠠᠷ ᠢ ᠴᠦᠮ ︽ᠭᠤᠤᠯ ᠤᠨ ᠠᠬᠠᠯᠠᠬᠴᠢ ᠶᠢᠨ ᠳᠦᠷᠢᠮ︾ ᠤᠨ ᠬᠠᠮᠢᠶᠠᠷᠤᠯᠳᠠ ᠳᠤ ᠤᠷᠤᠭᠤᠯᠵᠤ᠂ ᠬᠦᠭᠡ ᠤᠬᠳᠠᠷᠭᠤᠢ ᠴᠠᠭᠠᠨ ᠡᠬᠦᠯᠡ ᠪᠠ ᠴᠡᠩᠭᠡᠭ ᠤᠰᠤ | ᠬᠦᠭᠡᠮᠳᠦᠭ ᠠᠭᠤᠯᠠ ᠶᠢ ᠭᠡᠪ ᠤᠨ ᠪᠠᠶᠢᠳᠠᠯ ᠲᠠᠢ ᠪᠤᠯᠭᠠᠪᠠ᠃ | ︵ᠬᠤᠶᠠᠷ︶ ᠵᠠᠩᠬᠢᠯᠠᠭ᠎ᠠ ᠶᠢ ᠠᠳᠬᠤᠨ ᠰᠠᠭᠤᠷᠢ ᠶᠢ ᠪᠠᠳᠤᠳᠬᠠᠵᠤ᠂ ᠠᠵᠤ ᠠᠬᠤᠢ ᠶᠢᠨ ᠡᠷᠬᠢᠯᠳᠡ ᠶᠢ ᠳᠤᠬᠳᠠᠭᠤᠨ ᠳᠢᠭᠯᠢᠮ ᠲᠠᠢ ᠪᠤᠯᠭᠠᠪᠠ᠃ | ᠬᠠᠩᠭᠠᠯᠭ᠎ᠠ ᠶᠢᠨ ᠳᠠᠯ᠎ᠠ ᠶᠢᠨ ᠪᠦᠳᠤᠴᠡ ᠶᠢᠨ ᠴᠢᠨᠠᠷᠳᠠᠢ ᠦᠭᠡᠷᠡᠴᠢᠯᠡᠯᠳᠡ ᠪᠠᠷ ᠭᠤᠤᠯ ᠰᠢᠵᠢᠮ ᠪᠤᠯᠭᠠᠬᠤ ᠶᠢ ᠪᠠᠷᠢᠮᠳᠠᠯᠠᠨ᠂ ᠳᠦᠷᠤᠯ ᠵᠤᠶᠢᠯ | ᠠᠳᠬᠤᠬᠤ᠂ ᠪᠡᠯᠡ ᠤᠷᠤᠭᠤᠯᠤᠯᠳᠠ ᠶᠢ ᠳᠤᠬᠳᠠᠪᠤᠷᠢᠵᠢᠭᠤᠯᠬᠤ᠂ ᠳᠤᠳᠠᠭᠤᠳᠠᠯ ᠢ ᠨᠦᠬᠦᠪᠤᠷᠢᠯᠡᠬᠦ ᠳᠡᠭᠡᠷ᠎ᠠ ᠬᠦᠴᠤ ᠳᠠᠯᠪᠢᠨ᠂ ᠠᠵᠤ ᠠᠬᠤᠢ ᠨᠡᠶᠢᠭᠡᠮ ᠤᠨ | ᠬᠦᠭᠵᠢᠯᠳᠡ ᠶᠢᠨ ᠰᠠᠭᠤᠷᠢ ᠨᠢ ᠤᠯᠠᠮ ᠪᠠᠳᠤᠵᠢᠪᠠ᠃ ᠬᠦᠴᠤᠨ ᠢᠶᠠᠨ ᠳᠦᠪᠯᠡᠷᠡᠬᠦᠯᠤᠨ ᠭᠤᠤᠯᠳᠠᠯᠭ᠎ᠠ ᠲᠠᠢ ᠳᠦᠷᠤᠯ ᠵᠤᠶᠢᠯ ᠤᠨ ᠪᠦᠳᠤᠭᠡᠨ ᠪᠠᠶᠢᠭᠤᠯᠤᠯᠳᠠ ᠶᠢ | ᠠᠬᠢᠭᠤᠯᠵᠤ᠂ ᠡᠯ᠎ᠠ ᠳᠦᠷᠤᠯ ᠤᠨ ᠳᠦᠷᠤᠯ ᠵᠤᠶᠢᠯ ᠢ 44 ᠪᠠᠷᠢᠯᠭ᠎ᠠ ᠡᠬᠢᠯᠡᠬᠦᠯᠵᠤ ᠰᠡᠷᠬᠦᠭᠡᠨ᠂ ᠳᠤᠬᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢ 7.2 | ᠳ᠋ᠦᠩᠰᠢᠭᠤᠷ ᠳᠦᠬᠦᠷᠢᠭ ᠪᠡᠶᠡᠯᠡᠬᠦᠯᠵᠤ᠂ ᠯᠠᠩ ᠵᠢᠩ ᠳᠤᠮᠤ ᠪᠠᠭᠤᠳᠠᠯ᠂ ᠪᠦᠸᠧ ᠢᠤᠢ ᠠᠢ ᠷᠦᠢ ᠳᠤᠮᠤ ᠪᠠᠭᠤᠳᠠᠯ᠂ ᠦᠬᠠᠢ ᠪᠠᠩᠬᠢ ᠶᠢᠨ ᠤᠷᠤᠨ ᠨᠤᠳᠤᠭ | ᠤᠨ ᠶᠡᠷᠦᠩᠭᠡᠢ ᠭᠡᠯᠳᠡᠰ᠂ ᠱᠧᠨ ᠬᠤᠸᠠ ᠬᠤᠳᠠᠯᠳᠤᠭᠠᠨ ᠤ ᠶᠠᠪᠠᠭᠠᠨ ᠶᠠᠪᠤᠬᠤ ᠵᠡᠭᠡᠯᠢ᠂ ᠬᠤᠳᠠ ᠶᠢᠨ ᠬᠢᠳᠠᠳ ᠡᠮᠨᠡᠯᠭᠡ ᠶᠢᠨ ᠬᠤᠷᠢᠶᠠᠨ ᠤ ᠰᠢᠨ᠎ᠠ ᠪᠠᠷ | ᠪᠠᠶᠢᠭᠤᠯᠬᠤ ᠠᠰᠠᠷ ᠵᠡᠷᠭᠡ ᠨᠢᠭᠡ ᠪᠦᠯᠦᠭ ᠭᠤᠤᠯᠳᠠᠯᠭ᠎ᠠ ᠲᠠᠢ ᠳᠦᠷᠤᠯ ᠵᠤᠶᠢᠯ ᠢ ᠵᠠᠯᠭᠠᠪᠠᠷ ᠨᠤᠳᠤᠬᠰᠢᠭᠤᠯᠪᠠ᠃ ᠠᠵᠤ ᠤᠶᠢᠯᠡᠳᠪᠤᠷᠢ ᠶᠢᠨ ᠶᠡᠷᠦᠩᠭᠡᠢ ᠭᠡᠮᠵᠢᠶ᠎ᠠ | ᠨᠢ ᠦᠷᠬᠦᠯᠵᠢᠯᠡᠨ ᠪᠠᠭᠠᠰᠤᠬᠰᠠᠨ ᠪᠠᠶᠢᠳᠠᠯ ᠳᠤᠤᠷ᠎ᠠ᠂ ᠭᠤᠷᠪᠠᠳᠤᠭᠠᠷ ᠠᠵᠤ ᠤᠶᠢᠯᠡᠰ ᠨᠢ ᠠᠵᠤ ᠠᠬᠤᠢ ᠶᠢᠨ ᠳᠤᠬᠳᠠᠭᠤᠨ ᠨᠡᠮᠡᠭᠳᠡᠯ ᠢ ᠬᠦᠴᠤᠳᠡᠢ ᠳᠠᠶᠢᠴᠢᠯᠠᠨ᠂ | ᠨᠡᠮᠡᠭᠳᠡᠯ ᠦᠷᠳᠡᠭ ᠢ 51.4 ᠳ᠋ᠦᠩᠰᠢᠭᠤᠷ ᠳᠦᠬᠦᠷᠢᠭ ᠪᠡᠶᠡᠯᠡᠬᠦᠯᠵᠤ᠂ GDP ᠳᠠᠬᠢ ᠡᠵᠡᠯᠡᠬᠦ ᠬᠠᠷᠢᠴᠠᠯ ᠨᠢ 86% ᠶᠢ ᠳᠠᠪᠠᠪᠠ᠃ ᠶᠢᠰᠦᠳᠦᠭᠡᠷ | ᠬᠤᠭᠤᠴᠠᠭᠠᠨ ᠤ ᠳᠤᠮᠳᠠᠳᠤ ᠤᠯᠤᠰ ᠰᠢᠨ᠎ᠠ ᠽᠢᠯᠠᠨᠳ᠋ ᠤᠨ ᠤᠯᠠᠨ ᠤᠯᠤᠰ ᠤᠨ ᠺᠢᠨᠤ᠋ ᠶᠢᠨ ᠨᠠᠶᠢᠷ᠂ ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ | ᠮᠠᠰᠢᠨ ᠳᠡᠷᠭᠡ ᠪᠠᠷ ᠵᠤᠭᠠᠴᠠᠬᠤ ᠬᠤᠷᠠᠯ᠂ ᠳᠤᠯᠤᠳᠤᠭᠠᠷ ᠬᠤᠭᠤᠴᠠᠭᠠᠨ ᠤ ᠮᠠᠨᠳᠠᠷᠠᠸ᠎ᠠ ᠴᠡᠴᠡᠭ ᠤᠨ ᠵᠤᠭᠠᠴᠠᠯ ᠤᠨ ᠰᠤᠶᠤᠯ ᠤᠨ ᠨᠠᠶᠢᠷ ᠵᠡᠷᠭᠡ ᠳᠤᠮᠤ ᠭᠡᠯᠪᠡᠷᠢ ᠶᠢᠨ | ᠠᠵᠢᠯᠯᠠᠭ᠎ᠠ ᠶᠢ ᠠᠮᠵᠢᠯᠳᠠ ᠲᠠᠢ ᠡᠷᠬᠢᠯᠡᠨ ᠬᠢᠵᠤ᠂ ᠤᠯᠤᠰ ᠤᠨ ᠳᠤᠳᠤᠭᠠᠳᠤ ᠭᠠᠳᠠᠭᠠᠳᠤ ᠶᠢᠨ ᠵᠠᠭᠤᠴᠢᠯᠠᠭᠤᠷ ᠪᠠ ᠨᠡᠶᠢᠭᠡᠮ ᠤᠨ ᠡᠯ᠎ᠡ ᠡᠳᠡᠭᠡᠳ ᠤᠨ ᠬᠢᠨ ᠢ | ᠳᠠᠳᠠᠵᠤ ᠬᠢᠶ᠎ᠠ ᠪᠠᠭᠰᠢ ᠳᠤ ᠦᠷᠭᠡᠨ ᠢᠶᠠᠷ ᠠᠩᠬᠠᠷᠤᠯ ᠳᠠᠯᠪᠢᠭᠤᠯᠵᠤ᠂ ᠪᠦᠬᠦ ᠵᠢᠯ ᠳᠤ ᠬᠦᠯᠢᠶᠡᠨ ᠠᠪᠤᠬᠰᠠᠨ ᠵᠤᠭᠠᠴᠠᠬᠴᠢ ᠶᠢᠨ ᠶᠡᠷᠦᠩᠭᠡᠢ ᠳᠤᠭ᠎ᠠ ᠨᠢ 285.7 | ᠳᠦᠮᠡᠨ ᠬᠦᠮᠤᠨ ᠤᠳᠠᠭ᠎ᠠ ᠳᠤ ᠬᠦᠷᠴᠤ᠂ ᠬᠤᠨᠤᠭ ᠦᠩᠭᠡᠷᠡᠭᠡᠭᠰᠡᠨ ᠵᠤᠭᠠᠴᠠᠬᠴᠢ 64.1 ᠳᠦᠮᠡᠨ ᠬᠦᠮᠤᠨ ᠤᠳᠠᠭ᠎ᠠ ᠳᠤ ᠬᠦᠷᠴᠤ᠂ ᠵᠤᠭᠠᠴᠠᠯ ᠤᠨ ᠪᠦᠬᠦ | ᠤᠷᠤᠯᠭ᠎ᠠ ᠶᠢ 9 ᠳ᠋ᠦᠩᠰᠢᠭᠤᠷ ᠳᠦᠬᠦᠷᠢᠭ ᠪᠡᠶᠡᠯᠡᠬᠦᠯᠪᠡ᠃ ᠰᠢᠨ᠎ᠠ ᠪᠠᠷ ᠨᠡᠮᠡᠭᠳᠡᠬᠦᠯᠦᠭᠰᠡᠨ ᠬᠤᠭᠤᠯᠠ ᠤᠮᠳᠠᠭᠠᠨ ᠤ ᠭᠠᠵᠠᠷ 65᠂ ᠳᠤᠮᠤ ᠪᠠᠭᠤᠳᠠᠯ 3 | ᠪᠠᠶᠢᠵᠤ᠂ ᠬᠤᠳᠠ ᠶᠢᠨ ᠭᠡᠷᠡᠭᠯᠡᠭᠡᠨ ᠤ ᠬᠢᠷᠢ ᠳᠦᠪᠰᠢᠨ ᠢ ᠳᠦᠷᠭᠡᠨ ᠳᠡᠭᠡᠭᠰᠢᠯᠡᠬᠦᠯᠪᠡ᠃ ᠳᠡᠯᠭᠡᠨ ᠦᠵᠡᠬᠦᠯᠦᠯᠭᠡ ᠶᠢ 15 ᠳᠠᠯᠠᠪᠠᠢ ᠳᠠᠭᠠᠭᠠᠴᠢᠯᠠᠨ ᠬᠢᠵᠤ᠂ | ᠳᠡᠯᠭᠡᠨ ᠦᠵᠡᠬᠦᠯᠦᠯᠭᠡ ᠳᠤ ᠤᠷᠤᠯᠴᠠᠬᠰᠠᠨ ᠬᠦᠮᠤᠨ ᠤ ᠳᠤᠭ᠎ᠠ 24.4 ᠳᠦᠮᠡᠨ ᠬᠦᠮᠤᠨ ᠤᠳᠠᠭ᠎ᠠ ᠳᠤ ᠬᠦᠷᠴᠤ᠂ ᠠᠷᠠᠯᠵᠢᠶ᠎ᠠ ᠪᠦᠳᠦᠭᠰᠡᠨ ᠪᠦᠬᠦ ᠳᠤᠭ᠎ᠠ ᠨᠢ | 85 ᠳ᠋ᠦᠩᠰᠢᠭᠤᠷ ᠳᠦᠬᠦᠷᠢᠭ ᠲᠤ ᠬᠦᠷᠪᠡ᠃ ᠡᠯᠧᠺᠲᠷᠤᠨ ᠬᠤᠳᠠᠯᠳᠤᠭᠠᠨ ᠤ ᠠᠵᠤ ᠠᠬᠤᠶᠢᠯᠠᠯ ᠤᠨ ᠳᠤᠭ᠎ᠠ ᠨᠡᠮᠡᠭᠳᠡᠭᠡᠳ 31 ᠪᠤᠯᠵᠤ᠂ ᠵᠢᠯ ᠤᠨ | ᠡᠵᠡᠩᠨᠡᠯᠳᠡ ᠬᠢᠭᠰᠡᠨ ᠳᠤᠭ᠎ᠠ ᠨᠢ 7452.4 ᠳᠦᠮᠡᠨ ᠳᠦᠬᠦᠷᠢᠭ ᠲᠤ ᠬᠦᠷᠪᠡ᠃ ᠳᠦᠷᠭᠡᠨ ᠳᠠᠮᠵᠢᠭᠤᠯᠭ᠎ᠠ ᠶᠢᠨ ᠪᠠᠷᠠᠭᠠᠨ ᠤ ᠬᠦᠢᠯᠭᠡᠭᠡᠨ ᠤ ᠴᠡᠭ 29 | ᠪᠠᠶᠢᠵᠤ᠂ ᠵᠢᠯ ᠳᠤ ᠳᠤᠰᠴᠤ ᠬᠦᠷᠭᠡᠭᠰᠡᠨ ᠪᠠᠷᠠᠭ᠎ᠠ ᠨᠢ 560 ᠳᠦᠮᠡ ᠶᠢ ᠳᠠᠪᠠᠪᠠ᠃ ᠳᠤᠭᠤᠷᠢᠭ ᠤᠨ ᠵᠠᠰᠠᠭ ᠤᠨ ᠤᠷᠳᠤᠨ ᠤ ᠳᠠᠭᠠᠭᠠᠴᠢᠯᠠᠬᠰᠠᠨ | ᠦᠭᠡᠷᠡᠴᠢᠯᠡᠯᠳᠡ ᠶᠢ ᠪᠦᠬᠦ ᠳᠠᠯ᠎ᠠ ᠪᠠᠷ ᠬᠦᠨᠵᠡᠭᠡᠶᠢᠷᠡᠬᠦᠯᠬᠦ ᠡᠬᠦᠷᠭᠡ ᠶᠢ 36 ᠳᠦᠷᠤᠯ ᠪᠡᠶᠡᠯᠡᠬᠦᠯᠵᠤ᠂ ᠵᠠᠬ᠎ᠠ ᠳᠡᠯᠭᠡᠬᠦᠷ ᠤᠨ ᠭᠤᠤᠯ ᠴᠤᠬᠴᠠ ᠶᠢᠨ ᠰᠢᠨ᠎ᠠ | ᠠᠮᠢᠵᠢᠷᠠᠯ ᠤᠨ ᠬᠦᠴᠤᠨ ᠲᠠᠢ ᠪᠤᠯᠬᠤ ᠶᠢ ᠳᠠᠶᠢᠴᠢᠯᠠᠨ᠂ ᠪᠦᠬᠦ ᠵᠢᠯ ᠳᠤ ᠰᠢᠨ᠎ᠠ ᠪᠠᠷ ᠨᠡᠮᠡᠭᠳᠡᠭᠰᠡᠨ ᠳᠠᠩᠰᠠᠯᠠᠭᠤᠯᠤᠬᠰᠠᠨ ᠠᠵᠤ ᠠᠬᠤᠶᠢᠯᠠᠯ 660᠂ ᠬᠤᠪᠢ ᠶᠢᠨ | ᠤᠶᠢᠯᠡᠳᠪᠤᠷᠢ ᠬᠤᠳᠠᠯᠳᠤᠭᠠᠨ ᠤ ᠡᠷᠤᠭᠡ 1120 ᠳᠤ ᠬᠦᠷᠴᠤ᠂ ᠵᠠᠬ᠎ᠠ ᠳᠡᠯᠭᠡᠬᠦᠷ ᠤᠨ ᠭᠤᠤᠯ ᠴᠤᠬᠴᠠ ᠶᠢᠨ ᠳᠠᠩᠰᠠᠯᠠᠭᠤᠯᠤᠬᠰᠠᠨ ᠪᠡᠯᠡ ᠮᠦᠩᠬᠦ ᠨᠢ 1500 | ᠳ᠋ᠦᠩᠰᠢᠭᠤᠷ ᠳᠦᠬᠦᠷᠢᠭ ᠢ ᠰᠢᠪᠳᠤᠯᠪᠠ᠃ ᠠᠷᠠᠯᠵᠢᠶᠠᠴᠢᠨ ᠤᠷᠢᠵᠤ ᠪᠡᠯᠡ ᠳᠠᠳᠠᠬᠤ ᠳᠦᠷᠤᠯ ᠵᠤᠶᠢᠯ ᠨᠢ 224 ᠳᠦᠷᠤᠯ ᠵᠤᠶᠢᠯ ᠢ ᠠᠪᠴᠠᠯᠳᠤᠭᠤᠯᠤᠨ᠂ | ᠨᠤᠳᠤᠬᠰᠢᠭᠤᠯᠬᠤ ᠪᠠᠷ ᠭᠡᠯᠡᠯᠴᠡᠭᠡᠷ ᠳᠤᠬᠳᠠᠬᠰᠠᠨ ᠳᠦᠷᠤᠯ ᠵᠤᠶᠢᠯ 48 ᠪᠤᠯᠪᠠ᠃ | ︵ᠭᠤᠷᠪᠠ︶ ᠬᠠᠮᠢᠶᠠᠷᠤᠯᠳᠠ ᠶᠢ ᠴᠢᠬᠤᠯᠠᠴᠢᠯᠠᠨ ᠴᠢᠨᠠᠷ ᠳᠡᠰ ᠢ ᠳᠡᠭᠡᠭᠰᠢᠯᠡᠬᠦᠯᠵᠤ᠂ ᠬᠤᠳᠠ ᠶᠢᠨ ᠳᠦᠷᠬᠦ ᠪᠠᠶᠢᠳᠠᠯ ᠢ ᠦᠷᠬᠦᠯᠵᠢᠯᠡᠨ ᠰᠠᠶᠢᠵᠢᠷᠠᠭᠤᠯᠪᠠ᠃ | ᠬᠤᠳᠠ ᠶᠢᠨ ᠦᠵᠡᠮᠵᠢ ᠶᠢᠨ ᠨᠤᠭᠤᠭᠠᠷᠠᠭᠤᠯᠤᠯᠳᠠ ᠶᠢ ᠴᠡᠴᠡᠷᠯᠢᠭᠵᠢᠬᠦᠯᠵᠤ ᠪᠠᠶᠢᠬᠰᠠᠨ ᠠᠴᠠ ᠴᠡᠴᠡᠷᠯᠢᠭᠵᠢᠬᠦᠯᠵᠤ ᠤᠷᠠᠯᠢᠬᠵᠢᠭᠤᠯᠬᠤ ᠵᠦᠭ ᠬᠤᠪᠢᠷᠠᠭᠤᠯᠤᠨ᠂ | ᠦᠵᠡᠮᠵᠢ ᠶᠢᠨ ᠨᠤᠭᠤᠭᠠᠷᠠᠭᠤᠯᠤᠯᠳᠠ ᠶᠢᠨ 28 ᠪᠠᠷᠢᠯᠭ᠎ᠠ ᠶᠢ ᠳᠡᠰᠵᠢᠬᠦᠯᠵᠤ᠂ 3500 ᠮᠤ᠋ ᠴᠡᠴᠡᠭ ᠳᠠᠷᠢᠨ᠂ ᠵᠠᠮ ᠤᠨ ᠬᠠᠵᠠᠭᠤ᠂ ᠴᠡᠴᠡᠷᠯᠢᠭ ᠠᠭᠤᠳᠠᠮ | ᠳᠠᠯᠠᠪᠠᠢ᠂ ᠤᠷᠤᠨ ᠰᠠᠭᠤᠴᠠ ᠶᠢᠨ ᠵᠢᠵᠢᠭ ᠳᠤᠭᠤᠷᠢᠭ ᠲᠤ ︽ᠴᠡᠴᠡᠭ ᠳᠠᠷᠢᠵᠤ ᠦᠩᠭᠡ ᠪᠤᠳᠤᠭ ᠨᠡᠮᠡᠷᠢᠯᠡᠭᠰᠡᠨ︾ ᠪᠠᠶᠢᠨ᠎ᠠ᠃ ︽ᠭᠤᠷᠪᠠᠨ ᠬᠦᠨᠳᠡᠯᠡᠨ | ᠵᠢᠷᠭᠤᠭᠠᠨ ᠭᠤᠯᠳᠤ︾ ᠵᠠᠪᠰᠠᠷ ᠤᠨ ᠤᠰᠤᠨ ᠬᠤᠭᠤᠯᠠᠢ ᠳᠤᠤᠷ ᠢ ᠪᠦᠬᠦ ᠱᠤᠭᠤᠮ ᠢᠶᠠᠷ ᠨᠢ ᠨᠡᠪᠳᠡᠷᠡᠬᠦᠯᠤᠨ᠂ ᠭᠤᠤᠯ ᠳᠠᠭᠠᠯᠳᠠ ᠬᠤᠭᠤᠯᠠᠢ ᠳᠤᠤᠷ ᠢ 293 | ᠺᠢᠯᠤᠮᠧᠲᠷ ᠳᠡᠪᠢᠰᠴᠤ᠂ 7100 ᠰᠦᠷᠴᠢᠬᠦᠷ ᠤᠬᠰᠠᠷᠠᠭᠤᠯᠤᠨ᠂ ᠵᠠᠪᠰᠠᠷ ᠤᠨ ᠤᠰᠤ ᠶᠢ 100% ᠪᠠᠷ ᠡᠭᠡᠬᠦᠯᠤᠨ ᠠᠰᠢᠬᠯᠠᠵᠤ᠂ ᠨᠤᠭᠤᠭᠠᠷᠠᠭᠤᠯᠤᠯᠳᠠ | ᠶᠢᠨ ᠤᠰᠤᠯᠠᠬᠤ ᠦᠪᠡᠷ ᠤᠨ ᠦᠷᠳᠡᠭ ᠢ 90% ᠪᠠᠷ ᠪᠠᠭᠤᠷᠠᠭᠤᠯᠪᠠ᠃ ᠬᠤᠳᠠ ᠶᠢᠨ ᠳᠤᠭᠤᠷᠢᠭ ᠤᠨ ᠬᠤᠶᠠᠳᠡᠬᠢ ᠤᠳᠠᠭ᠎ᠠ ᠶᠢᠨ ᠬᠤᠭᠤᠯᠠᠢ ᠳᠤᠤᠷ ᠢ | ᠴᠡᠪᠡᠷᠯᠡᠵᠤ ᠪᠦᠭᠯᠡᠷᠡᠬᠦ ᠠᠵᠢᠯᠯᠠᠭ᠎ᠠ ᠶᠢ ᠦᠷᠨᠢᠬᠦᠯᠤᠨ᠂ ᠴᠠᠬᠢᠯᠭᠠᠨ ᠬᠠᠩᠭᠠᠬᠤ᠂ ᠤᠰᠤ ᠬᠠᠩᠭᠠᠬᠤ᠂ ᠳᠤᠯᠠᠭᠠᠯᠠᠯᠭ᠎ᠠ ᠬᠠᠩᠭᠠᠬᠤ ᠵᠢᠴᠢ ᠳᠤᠶᠢᠮᠠᠷ ᠰᠡᠷᠭᠡᠶᠢᠯᠡᠵᠤ | ᠤᠨᠳᠠᠷᠠᠭᠠᠬᠤ ᠳᠦᠬᠦᠭᠡᠷᠤᠮᠵᠢ ᠶᠢ ᠵᠠᠰᠠᠨ ᠰᠡᠯᠪᠢᠵᠤ ᠬᠠᠮᠠᠭᠠᠯᠠᠨ᠂ ᠬᠤᠳᠠ ᠶᠢᠨ ᠶᠠᠪᠤᠳᠠᠯ ᠤᠨ ᠳᠦᠬᠦᠭᠡᠷᠤᠮᠵᠢ ᠶᠢᠨ ᠡᠷᠬᠢᠯᠳᠡ ᠶᠢ ᠳᠤᠬᠳᠠᠭᠤᠨ ᠨᠠᠶᠢᠳᠠᠪᠤᠷᠢᠳᠠᠢ | ᠪᠤᠯᠭᠠᠪᠠ᠃ ᠬᠤᠳᠠ ᠶᠢᠨ ᠨᠠᠷᠢᠯᠢᠬᠵᠢᠭᠤᠯᠤᠬᠰᠠᠨ ᠬᠠᠮᠢᠶᠠᠷᠤᠯᠳᠠ ᠶᠢᠨ ᠴᠢᠨᠠᠷ ᠢ ᠰᠠᠶᠢᠵᠢᠷᠠᠭᠤᠯᠤᠨ ᠦᠷ᠎ᠠ ᠪᠦᠳᠤᠮᠵᠢ ᠶᠢ ᠨᠡᠮᠡᠭᠳᠡᠬᠦᠯᠵᠤ᠂ ᠬᠤᠳᠠ ᠶᠢᠨ ᠶᠠᠪᠤᠳᠠᠯ | ᠤᠨ ᠡᠷᠬᠢᠯᠳᠡ ᠶᠢᠨ ᠰᠡᠯᠪᠢᠨ ᠬᠠᠮᠠᠭᠠᠯᠠᠬᠤ ᠵᠠᠷᠤᠯᠭ᠎ᠠ ᠨᠢ 2017 ᠤᠨ ᠤ ᠬᠢ ᠠᠴᠠ 20% ᠪᠠᠷ ᠪᠠᠭᠤᠷᠠᠪᠠ᠃ 12319 ᠬᠤᠳᠠ ᠶᠢᠨ ᠤᠶᠢᠯᠡᠴᠢᠯᠡᠭᠡᠨ ᠤ | ᠬᠠᠯᠠᠮᠰᠢᠯ ᠤᠳᠠᠰᠤ ᠶᠢ ᠨᠡᠪᠳᠡᠷᠡᠬᠦᠯᠵᠤ᠂ ᠬᠤᠳᠠ ᠶᠢᠨ ᠬᠠᠮᠢᠶᠠᠷᠤᠯᠳᠠ ᠶᠢᠨ ᠭᠡᠷᠡᠭ ᠢ 2.3 ᠳᠦᠮᠡ ᠬᠦᠯᠢᠶᠡᠨ ᠰᠢᠢᠳᠪᠤᠷᠢᠯᠡᠵᠤ᠂ 1.7 ᠳᠦᠮᠡᠨ ᠭᠡᠷᠡᠭ ᠢ | ᠬᠦᠢᠴᠡᠳᠭᠡᠵᠤ ᠳᠠᠭᠤᠰᠬᠠᠪᠠ᠃ ᠪᠦᠬᠦ ᠤᠯᠤᠰ ᠤᠨ ᠪᠤᠯᠪᠠᠰᠤᠨ ᠬᠤᠳᠠ ᠪᠠ ᠪᠦᠬᠦ ᠤᠯᠤᠰ ᠤᠨ ᠡᠷᠡᠬᠦᠯ ᠬᠠᠮᠠᠭᠠᠯᠠᠯ ᠤᠨ ᠬᠤᠳᠠ ᠶᠢ ᠡᠬᠦᠳᠤᠨ ᠪᠠᠶᠢᠭᠤᠯᠬᠤ | ᠳᠠᠬᠢᠨ ᠰᠢᠯᠭᠠᠨ ᠬᠤᠷᠢᠶᠠᠯᠳᠠ ᠶᠢ ᠠᠮᠵᠢᠯᠳᠠ ᠲᠠᠢ ᠦᠩᠭᠡᠷᠡᠭᠡᠪᠡ᠃ | ︵ᠳᠦᠷᠪᠡ︶ ᠠᠷᠠᠳ ᠤᠨ ᠠᠮᠢᠳᠤᠷᠠᠯ ᠢ ᠬᠠᠷᠠᠭᠠᠯᠵᠠᠨ ᠵᠤᠯ ᠵᠢᠷᠭᠠᠯ ᠢ ᠨᠡᠮᠡᠭᠳᠡᠬᠦᠯᠵᠤ᠂ ᠨᠡᠶᠢᠭᠡᠮ ᠤᠨ ᠪᠦᠬᠦ ᠳᠠᠯ᠎ᠠ ᠶᠢᠨ ᠡᠶ᠎ᠡ ᠵᠤᠬᠢᠴᠠᠯ ᠳᠤᠬᠳᠠᠭᠤᠨ ᠢ | ᠬᠠᠮᠠᠭᠠᠯᠠᠪᠠ᠃ ᠪᠦᠬᠦ ᠵᠢᠯ ᠳᠤ ᠠᠷᠠᠳ ᠤᠨ ᠠᠮᠢᠳᠤᠷᠠᠯ ᠤᠨ ᠬᠦᠷᠢᠶ᠎ᠡ ᠴᠠᠷᠠᠭ᠎ᠠ ᠳᠤ ᠨᠡᠶᠢᠳᠡ 11.2 ᠳ᠋ᠦᠩᠰᠢᠭᠤᠷ ᠳᠦᠬᠦᠷᠢᠭ ᠵᠠᠷᠤᠴᠠᠭᠤᠯᠪᠠ᠃ ᠰᠢᠨ᠎ᠠ ᠪᠠᠷ | ᠨᠡᠮᠡᠭᠳᠡᠬᠦᠯᠦᠭᠰᠡᠨ ᠬᠤᠳᠠ ᠪᠠᠯᠭᠠᠰᠤᠨ ᠤ ᠠᠵᠢᠯ ᠤᠯᠤᠬᠰᠠᠨ ᠬᠦᠮᠤᠨ 1155 ᠪᠠᠶᠢᠵᠤ᠂ ᠬᠤᠳᠠ ᠪᠠᠯᠭᠠᠰᠤᠨ ᠤ ᠳᠠᠩᠰᠠᠯᠠᠭᠤᠯᠤᠬᠰᠠᠨ ᠠᠵᠢᠯ ᠠᠯᠳᠠᠬᠰᠠᠨ | ᠨᠤᠷᠮ᠎ᠠ ᠶᠢ 2.69% ᠶᠢᠨ ᠳᠤᠤᠷ᠎ᠠ ᠳᠦᠪᠰᠢᠨ ᠳᠤ ᠪᠠᠶᠢᠯᠭᠠᠪᠠ᠃ ᠬᠠᠤᠯᠢ ᠳᠤ ᠳᠤᠬᠳᠠᠭᠠᠬᠰᠠᠨ ᠬᠦᠮᠤᠰ ᠢ ᠳᠠᠭᠠᠳᠬᠠᠯ ᠳᠤ ᠤᠷᠤᠯᠴᠠᠭᠤᠯᠬᠤ ᠶᠢ ᠪᠦᠬᠦ | ᠳᠠᠯ᠎ᠠ ᠪᠠᠷ ᠪᠡᠶᠡᠯᠡᠬᠦᠯᠵᠤ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠦᠨᠳᠤᠰᠤᠨ ᠨᠠᠰᠤᠵᠢᠯ ᠤᠨ ᠳᠠᠭᠠᠳᠬᠠᠯ ᠪᠠ ᠦᠨᠳᠤᠰᠤᠨ ᠡᠮ ᠡᠮᠨᠡᠯᠭᠡ ᠶᠢᠨ | ᠳᠠᠭᠠᠳᠬᠠᠯ ᠳᠤ ᠤᠷᠤᠯᠴᠠᠭᠤᠯᠬᠤ ᠶᠢ ᠨᠢ ᠴᠦᠮ ᠤᠷᠤᠯᠴᠠᠭᠤᠯᠵᠤ᠂ ᠬᠤᠳᠠ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ ᠪᠠ ᠨᠡᠶᠢᠭᠡᠮ ᠤᠨ ᠠᠪᠤᠷᠠᠨ | ᠳᠤᠰᠠᠯᠠᠬᠤ ᠬᠢᠷᠢ ᠳᠦᠪᠰᠢᠨ ᠢ ᠯᠠᠪᠳᠠᠭᠤᠨ ᠢᠶᠠᠷ ᠳᠡᠭᠡᠭᠰᠢᠯᠡᠬᠦᠯᠪᠡ᠃ 2018 — 2019 ᠤᠨ ᠤ ᠳᠤᠯᠠᠭᠠᠯᠠᠯᠭ᠎ᠠ ᠬᠠᠩᠭᠠᠬᠤ ᠬᠤᠭᠤᠴᠠᠭ᠎ᠠ ᠶᠢ 20 ᠡᠳᠤᠷ | ᠤᠷᠢᠳᠴᠢᠯᠠᠭᠤᠯᠤᠨ᠂ ᠪᠦᠬᠦ ᠳᠤᠭᠤᠷᠢᠭ ᠤᠨ ᠰᠠᠭᠤᠭᠠᠯᠢ ᠠᠷᠠᠳ ᠤᠨ ᠬᠠᠯᠠᠭᠤᠨ ᠳᠤᠯᠠᠭᠠᠨ ᠢᠶᠠᠷ ᠡᠪᠤᠯ ᠦᠩᠭᠡᠷᠡᠭᠡᠬᠦ ᠶᠢ ᠪᠠᠳᠤᠯᠠᠪᠠ᠃ ᠬᠢᠶ᠎ᠠ ᠪᠠᠭᠰᠢ ᠶᠢᠨ | ᠨᠢᠭᠡᠳᠤᠭᠡᠷ ᠳᠤᠮᠳᠠᠳᠤ ᠰᠤᠷᠭᠠᠭᠤᠯᠢ ᠶᠢᠨ ᠵᠡᠬᠦᠨ ᠰᠤᠷᠭᠠᠭᠤᠯᠢ ᠶᠢᠨ ᠳᠤᠭᠤᠷᠢᠭ ᠪᠠ ᠭᠤᠷᠪᠠᠳᠤᠭᠠᠷ ᠪᠠᠭ᠎ᠠ ᠰᠤᠷᠭᠠᠭᠤᠯᠢ ᠶᠢᠨ ᠰᠢᠨ᠎ᠠ ᠪᠠᠷ ᠪᠠᠶᠢᠭᠤᠯᠬᠤ ᠠᠰᠠᠷ ᠤᠨ | ᠪᠠᠷᠢᠯᠭ᠎ᠠ ᠶᠢ ᠳᠠᠭᠤᠰᠬᠠᠨ ᠠᠰᠢᠬᠯᠠᠯᠳᠠ ᠳᠤ ᠤᠷᠤᠭᠤᠯᠵᠤ᠂ 9 ᠰᠤᠷᠭᠠᠭᠤᠯᠢ ᠶᠢ ᠰᠡᠯᠪᠢᠨ ᠵᠠᠰᠠᠵᠤ᠂ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ | ᠳᠤ 2263 ᠰᠤᠷᠤᠬᠴᠢ ᠰᠢᠨ᠎ᠠ ᠪᠠᠷ ᠰᠤᠷᠭᠠᠭᠤᠯᠢ ᠳᠤ ᠤᠷᠤᠵᠤ᠂ 13.7% ᠪᠠᠷ ᠨᠡᠮᠡᠭᠳᠡᠨ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠡᠬᠦᠰᠬᠦ | ᠰᠢᠯᠭᠠᠯᠳᠠ ᠶᠢᠨ ᠬᠢᠷᠢ ᠪᠦᠳᠤᠮᠵᠢ ᠨᠢ ᠳᠠᠬᠢᠨ ᠪᠦᠬᠦ ᠬᠤᠳᠠ ᠳᠤ ᠳᠡᠷᠢᠬᠦᠯᠡᠪᠡ᠃ ᠦᠨᠳᠤᠷ ᠵᠡᠷᠭᠡ ᠶᠢᠨ ᠰᠤᠷᠭᠠᠨ ᠬᠦᠮᠤᠵᠢᠯ ᠪᠠ ᠦᠨᠳᠤᠰᠤᠳᠡᠨ ᠤ ᠰᠤᠷᠭᠠᠨ | ᠬᠦᠮᠤᠵᠢᠯ ᠨᠢ ᠪᠠᠳᠤᠵᠢᠨ ᠬᠦᠭᠵᠢᠪᠡ᠃ ᠰᠠᠭᠤᠭᠠᠯᠢ ᠠᠷᠠᠳ ᠤᠨ ᠡᠯᠧᠺᠲᠷᠤᠨ ᠡᠷᠡᠬᠦᠯ ᠮᠡᠨᠳᠤ ᠶᠢᠨ ᠳᠠᠩᠰᠠ ᠡᠪᠭᠡᠮᠡᠯ ᠢ 14.8 ᠳᠦᠮᠡᠨ ᠬᠤᠪᠢ ᠪᠠᠶᠢᠭᠤᠯᠵᠤ᠂ | ᠭᠡᠷ ᠪᠦᠯᠢ ᠶᠢᠨ ᠡᠮᠴᠢ ᠲᠠᠢ ᠭᠡᠯᠡᠯᠴᠡᠭᠡᠷ ᠳᠤᠬᠳᠠᠬᠰᠠᠨ ᠤᠶᠢᠯᠡᠴᠢᠯᠡᠭᠡ ᠶᠢᠨ ᠬᠠᠮᠤᠷᠤᠬᠰᠠᠨ ᠨᠤᠷᠮ᠎ᠠ ᠨᠢ 49.3% ᠳᠤ ᠬᠦᠷᠴᠤ᠂ ᠳᠤᠭᠤᠷᠢᠭ ᠤᠨ ᠡᠮ | ᠡᠮᠨᠡᠯᠭᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ ᠵᠢᠯ ᠳᠤ ᠬᠦᠯᠢᠶᠡᠨ ᠡᠮᠴᠢᠯᠡᠭᠰᠡᠨ ᠬᠦᠮᠤᠨ ᠤ ᠳᠤᠭ᠎ᠠ 14.7 ᠳᠦᠮᠡ ᠳᠤ ᠬᠦᠷᠪᠡ᠃ ᠬᠢᠳᠠᠳ ᠮᠤᠩᠭᠤᠯ | ᠡᠮᠨᠡᠯᠭᠡ ᠪᠠ ᠤᠨᠴᠠᠯᠢᠬᠳᠤ ᠳᠤᠰᠬᠠᠢ ᠡᠮᠨᠡᠯᠭᠡ ᠶᠢᠨ ᠬᠦᠭᠵᠢᠯᠳᠡ ᠶᠢᠨ ᠪᠠᠶᠢᠳᠠᠯ ᠮᠠᠰᠢ ᠰᠠᠶᠢᠨ ᠪᠠᠶᠢᠨ᠎ᠠ᠃ ᠤᠯᠠᠨ ᠨᠡᠶᠢᠳᠡ ᠶᠢᠨ ᠰᠤᠶᠤᠯ ᠤᠨ ᠠᠵᠢᠯᠯᠠᠭ᠎ᠠ ᠶᠢ | 410 ᠳᠠᠯᠠᠪᠠᠢ ᠡᠷᠬᠢᠯᠡᠨ ᠬᠢᠵᠤ᠂ ᠳᠤᠭᠤᠷᠢᠭ ᠤᠨ ᠰᠤᠶᠤᠯ ᠤᠨ ᠤᠷᠳᠤᠨ ᠨᠢ ᠤᠯᠤᠰ ᠤᠨ ᠬᠤᠶᠠᠳᠤᠭᠠᠷ ᠳᠡᠰ ᠤᠨ ᠰᠤᠶᠤᠯ ᠤᠨ ᠤᠷᠳᠤᠨ ᠪᠤᠯᠵᠤ᠂ ᠰᠢᠨ ᠪᠸᠢ | ᠨᠡᠶᠢᠭᠡᠮ ᠳᠤᠭᠤᠷᠢᠭ ᠨᠢ ᠦᠪᠡᠷᠳᠡᠭᠡᠨ ᠵᠠᠰᠠᠬᠤ ᠤᠷᠤᠨ ᠤ ᠰᠤᠶᠤᠯ ᠤᠨ ᠳᠡᠷᠢᠬᠦᠨ ᠤ ᠨᠡᠶᠢᠭᠡᠮ ᠳᠤᠭᠤᠷᠢᠭ ᠢᠶᠠᠷ ᠦᠨᠡᠯᠡᠭᠳᠡᠨ᠂ ᠪᠦᠬᠦ ᠳᠤᠭᠤᠷᠢᠭ ᠤᠨ ᠠᠷᠠᠳ | ᠳᠦᠮᠡᠨ ᠤ ᠤᠶᠤᠨ ᠰᠠᠨᠠᠭ᠎ᠠ ᠰᠤᠶᠤᠯ ᠤᠨ ᠠᠮᠢᠳᠤᠷᠠᠯ ᠨᠢ ᠡᠳᠤᠷ ᠢᠷᠡᠬᠦᠶ᠎ᠠ ᠪᠠᠶᠠᠯᠢᠬᠵᠢᠵᠤ᠂ ᠨᠡᠶᠢᠭᠡᠮ ᠵᠢᠷᠤᠮ ᠤᠨ ᠭᠤᠤᠯᠯᠠᠬᠴᠢ ᠦᠷᠳᠡᠭ ᠤᠨ ᠦᠵᠡᠯᠳᠡ ᠶᠢ | ᠤᠶᠢᠯᠡᠳᠤᠯᠭᠡᠵᠢᠬᠦᠯᠬᠦ ᠭᠡᠪ ᠰᠤᠷᠳᠠᠯ ᠤᠯᠠᠮ ᠬᠦᠨ ᠵᠤᠵᠠᠭᠠᠨ ᠪᠤᠯᠪᠠ᠃ ᠬᠠᠷ᠎ᠠ ᠪᠦᠯᠦᠭᠳᠡᠨ ᠢ ᠱᠦᠬᠦᠷᠳᠡᠨ ᠬᠠᠷᠬᠢᠰ ᠬᠦᠴᠤᠨ ᠢ ᠠᠷᠢᠯᠭᠠᠬᠤ ᠳᠤᠰᠬᠠᠢ ᠳᠡᠮᠡᠴᠡᠯ ᠢ | ᠬᠦᠨᠵᠡᠭᠡᠢ ᠦᠷᠨᠢᠬᠦᠯᠵᠤ᠂ ᠬᠠᠷ᠎ᠠ ᠪᠦᠯᠦᠭᠳᠡᠨ ᠬᠠᠷᠬᠢᠰ ᠬᠦᠴᠤᠨ ᠪᠠ ᠬᠠᠤᠯᠢ ᠶᠢ ᠵᠦᠷᠢᠴᠡᠭᠰᠡᠨ ᠶᠠᠯᠠᠳᠤ ᠡᠳᠡᠭᠡᠳ ᠲᠤ ᠴᠢᠩᠭ᠎ᠠ ᠴᠤᠬᠢᠯᠳᠠ ᠦᠭᠴᠤ᠂ ᠳᠦᠮᠡᠨ | ᠬᠦᠮᠤᠨ ᠤ ᠳᠤᠮᠳᠠᠬᠢ ᠭᠡᠷᠡᠭ ᠭᠠᠷᠬᠤ ᠳᠤᠭ᠎ᠠ ᠨᠢ ᠪᠦᠬᠦ ᠬᠤᠳᠠ ᠳᠤ ᠬᠠᠮᠤᠭ ᠳᠤᠤᠷ᠎ᠠ ᠪᠠᠶᠢᠵᠤ᠂ ᠤᠯᠠᠨ ᠳᠦᠮᠡᠨ ᠤ ᠠᠮᠤᠷ ᠳᠦᠪᠰᠢᠨ ᠤ ᠬᠠᠨᠤᠮᠵᠢ ᠶᠢᠨ | ᠭᠡᠮᠵᠢᠶ᠎ᠠ ᠳᠠᠰᠤᠷᠠᠯᠳᠠ ᠦᠭᠡᠢ ᠳᠡᠭᠡᠭᠰᠢᠯᠡᠪᠡ᠃ ᠠᠶᠤᠯᠬᠦᠢ ᠶᠢᠨ ᠤᠶᠢᠯᠡᠳᠪᠤᠷᠢᠯᠡᠯ᠂ ᠵᠠᠮ ᠬᠠᠷᠢᠯᠴᠠᠭᠠᠨ ᠤ ᠠᠮᠤᠷ ᠳᠦᠪᠰᠢᠨ᠂ ᠳᠤᠶᠢᠮᠠᠷ ᠰᠡᠷᠭᠡᠶᠢᠯᠡᠵᠤ | ᠤᠨᠳᠠᠷᠠᠭᠠᠬᠤ ᠠᠮᠤᠷ ᠳᠦᠪᠰᠢᠨ ᠪᠠ ᠢᠳᠡᠭᠡᠨ ᠡᠮ ᠤᠨ ᠵᠤᠶᠢᠯ ᠤᠨ ᠠᠮᠤᠷ ᠳᠦᠪᠰᠢᠨ ᠤ ᠪᠠᠶᠢᠳᠠᠯ ᠳᠤᠬᠳᠠᠭᠤᠨ ᠪᠤᠯᠪᠠ᠃ ︽ᠹᠧᠩ ᠴᠢᠶᠤᠤ ᠶᠢᠨ ᠳᠤᠷᠰᠢᠯᠭ᠎ᠠ︾ | ᠪᠠᠷ ᠳᠤᠯᠢᠳᠠᠭᠤᠯᠤᠨ ᠨᠡᠶᠢᠭᠡᠮ ᠤᠨ ᠵᠦᠷᠢᠴᠡᠯ ᠵᠢᠭᠤᠷᠠᠯᠳᠤᠭᠠᠨ ᠢ ᠡᠶᠡᠳᠡᠬᠦᠯᠵᠤ᠂ ᠬᠤᠳᠠ ᠳᠤᠭᠤᠷᠢᠭ ᠬᠤᠶᠠᠷ ᠱᠠᠳᠤ ᠬᠤᠯᠪᠤᠭᠠᠯᠠᠨ ᠪᠠᠶᠢᠭᠤᠯᠵᠤ ᠬᠠᠮᠳᠤᠪᠠᠷ | ᠬᠠᠮᠢᠶᠠᠷᠤᠬᠰᠠᠨ ᠶᠡᠷᠦᠩᠭᠡᠶᠢᠯᠡᠨ ᠵᠠᠰᠠᠬᠤ ᠳᠦᠪ ᠢ ᠪᠠᠶᠢᠭᠤᠯᠵᠤ ᠠᠰᠢᠬᠯᠠᠯᠳᠠ ᠳᠤ ᠤᠷᠤᠭᠤᠯᠤᠨ᠂ ᠵᠦᠷᠢᠴᠡᠯ ᠵᠢᠭᠤᠷᠠᠯᠳᠤᠭᠠᠨ ᠢ ᠴᠠᠭ ᠳᠠᠷᠤᠢ ᠳᠤᠨᠢ ᠡᠶᠡᠳᠡᠬᠦᠯᠤᠨ | ᠰᠢᠢᠳᠪᠤᠷᠢᠯᠡᠬᠦ ᠶᠢ ᠠᠬᠢᠭᠤᠯᠵᠤ᠂ ᠬᠤᠳᠠ ᠶᠢᠨ ᠳᠦᠪ ᠤᠨ ᠰᠠᠭᠤᠭ᠎ᠠ ᠭᠠᠵᠠᠷ ᠤᠨ ᠤᠯᠤᠰ ᠳᠦᠷᠦ ᠶᠢᠨ ᠠᠮᠤᠷ ᠳᠦᠪᠰᠢᠨ ᠢ ᠬᠦᠴᠤᠳᠡᠢ ᠪᠠᠳᠤᠯᠠᠪᠠ᠃ ᠵᠠᠬᠢᠳᠠᠯ | ᠰᠤᠷᠪᠤᠯᠵᠢᠯᠠᠭ᠎ᠠ ᠶᠢᠨ ᠠᠵᠢᠯ ᠢ ᠬᠠᠤᠯᠢ ᠶᠤᠰᠤᠭᠠᠷ ᠰᠠᠶᠢᠳᠤᠷ ᠬᠢᠵᠤ᠂ ᠦᠪᠡᠷᠳᠡᠭᠡᠨ ᠵᠠᠰᠠᠬᠤ ᠤᠷᠤᠨ ᠳᠤ ᠴᠤᠷ ᠤᠨ ᠭᠠᠭᠴᠠ ᠪᠦᠬᠦ ᠤᠯᠤᠰ ᠤᠨ ᠵᠠᠬᠢᠳᠠᠯ | ᠰᠤᠷᠪᠤᠯᠵᠢᠯᠠᠭ᠎ᠠ ᠶᠢᠨ ᠠᠵᠢᠯ ᠳᠤ ︽ᠭᠤᠷᠪᠠ ᠦᠭᠡᠢ︾ ᠰᠢᠶᠠᠨ ᠤ ᠳᠤᠭᠤᠷᠢᠭ ᠪᠤᠯᠪᠠ᠃ ᠢᠳᠡᠭᠡᠨ ᠤ ᠵᠤᠶᠢᠯ ᠡᠮ ᠤᠨ ᠵᠤᠶᠢᠯ ᠤᠨ ᠠᠮᠤᠷ ᠳᠦᠪᠰᠢᠨ ᠢ ᠬᠢᠨᠠᠨ | ᠬᠠᠮᠢᠶᠠᠷᠬᠤ ᠨᠢ ᠦᠷᠬᠦᠯᠵᠢᠯᠡᠨ ᠴᠢᠩᠭᠠᠷᠠᠵᠤ᠂ ᠠᠶᠤᠯᠬᠦᠢ ᠤᠶᠢᠯᠡᠳᠪᠤᠷᠢᠯᠡᠯ ᠤᠨ ᠪᠠᠶᠢᠳᠠᠯ ᠶᠡᠷᠦᠩᠭᠡᠢ ᠳᠡᠭᠡᠨ ᠳᠤᠬᠳᠠᠭᠤᠨ ᠪᠤᠯᠪᠠ᠃ ᠡᠬᠦᠨ ᠤ ᠬᠠᠮᠳᠤ | ᠠᠵᠢᠯᠴᠢᠨ ᠤ ᠡᠪᠯᠡᠯ᠂ ᠡᠪ ᠬᠠᠮᠳᠤ ᠵᠠᠯᠠᠭᠤᠴᠤᠳ ᠤᠨ ᠡᠪᠯᠡᠯ᠂ ᠡᠮᠡᠭᠳᠡᠶᠢᠴᠤᠳ ᠤᠨ ᠬᠤᠯᠪᠤᠭᠠᠳᠤ ᠬᠤᠷᠠᠯ᠂ ᠵᠡᠮᠳᠡᠭᠴᠤᠳ ᠤᠨ ᠬᠤᠯᠪᠤᠭᠠᠳᠤ ᠬᠤᠷᠠᠯ᠂ | ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠬᠤᠶᠢᠴᠢ ᠦᠶ᠎ᠠ ᠶᠢᠨ ᠬᠢᠨ ᠢ ᠬᠠᠯᠠᠮᠵᠢᠯᠠᠬᠤ ᠠᠵᠢᠯ ᠤᠨ ᠵᠦᠪᠯᠡᠯ᠂ | ᠨᠠᠰᠤᠳᠠᠶᠢᠴᠤᠳ ᠤᠨ ᠠᠵᠢᠯ ᠤᠨ ᠵᠦᠪᠯᠡᠯ ᠵᠡᠷᠭᠡ ᠠᠵᠢᠯ ᠳᠡᠭᠡᠷ᠎ᠠ ᠪᠠᠨ ᠰᠢᠨ᠎ᠠ ᠠᠬᠢᠴᠠ ᠲᠠᠢ ᠪᠤᠯᠵᠤ᠂ ᠦᠨᠳᠤᠰᠤᠳᠡᠨ ᠱᠠᠰᠢᠨ ᠰᠤᠷᠳᠠᠬᠤᠨ ᠤ ᠭᠡᠷᠡᠭ ᠡᠷᠬᠢᠯᠡᠬᠦ | ᠳᠤᠪᠴᠢᠶ᠎ᠠ᠂ ᠤᠯᠤᠰ ᠤᠨ ᠪᠠᠳᠤᠯᠠᠨ ᠬᠠᠮᠠᠭᠠᠯᠠᠯᠳᠠ ᠶᠢᠨ ᠳᠠᠶᠢᠴᠢᠯᠠᠯᠳᠠ᠂ ᠠᠷᠠᠳ ᠤᠨ ᠠᠭᠠᠷ ᠤᠨ ᠰᠡᠷᠭᠡᠶᠢᠯᠡᠯᠳᠡ᠂ ᠳᠡᠤᠭᠡ ᠰᠤᠳᠤᠷ ᠤᠨ ᠳᠠᠩᠰᠠ ᠡᠪᠭᠡᠮᠡᠯ᠂ | ᠳᠤᠭ᠎ᠠ ᠪᠦᠷᠢᠳᠭᠡᠯ ᠴᠠᠭ ᠠᠭᠤᠷ ᠠᠮᠢᠰᠬᠤᠯ ᠵᠡᠷᠭᠡ ᠠᠵᠢᠯ ᠳᠡᠭᠡᠷ᠎ᠠ ᠪᠠᠨ ᠴᠤ ᠰᠢᠨ᠎ᠠ ᠠᠮᠵᠢᠯᠳᠠ ᠶᠢ ᠤᠯᠤᠬᠰᠠᠨ ᠪᠠᠶᠢᠨ᠎ᠠ᠃ | ︵ᠳᠠᠪᠤ︶ ᠰᠤᠷᠳᠠᠯ ᠢ ᠬᠤᠪᠢᠷᠠᠭᠤᠯᠵᠤ ᠨᠠᠶᠢᠳᠠᠪᠤᠷᠢᠵᠢᠭᠤᠯᠤᠯᠳᠠ ᠶᠢ ᠠᠳᠬᠤᠨ᠂ ᠵᠠᠰᠠᠭ ᠤᠨ ᠤᠷᠳᠤᠨ ᠤ ᠳᠤᠰ ᠪᠡᠶ᠎ᠡ ᠶᠢᠨ ᠪᠠᠶᠢᠭᠤᠯᠤᠯᠳᠠ ᠶᠢ | ᠳᠠᠰᠤᠷᠠᠯᠳᠠ ᠦᠭᠡᠢ ᠴᠢᠩᠭᠠᠳᠬᠠᠪᠠ᠃ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠ ᠨᠠᠮ ᠤᠨ ᠠᠷᠪᠠ ᠶᠢᠰᠤᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠳᠤᠤᠱᠯᠠᠭᠤᠯᠵᠤ᠂ ︽ᠬᠤᠶᠠᠷ ᠢ ᠰᠤᠷᠤᠯᠴᠠᠵᠤ ᠬᠢᠷᠢ | ᠳᠡᠩᠴᠡᠭᠰᠡᠨ ᠨᠠᠮ ᠤᠨ ᠭᠡᠰᠢᠬᠦᠨ ᠪᠤᠯᠬᠤ︾ ᠰᠤᠷᠤᠯᠴᠠᠯᠭ᠎ᠠ ᠬᠦᠮᠤᠵᠢᠯ ᠢ ᠪᠠᠶᠢᠩᠭᠤᠵᠢᠭᠤᠯᠤᠨ ᠳᠦᠷᠢᠮᠵᠢᠬᠦᠯᠬᠦ ᠠᠵᠢᠯᠯᠠᠭ᠎ᠠ ᠶᠢ ᠯᠠᠪᠳᠠᠭᠤᠨ ᠪᠠᠳᠤᠳᠠᠢ ᠠᠬᠢᠭᠤᠯᠤᠨ᠂ | ︽ᠳᠦᠷᠪᠡᠨ ᠤᠬᠠᠮᠰᠠᠷ︾ ᠢ ᠪᠠᠳᠤ ᠪᠠᠬᠢ ᠪᠤᠢ ᠪᠤᠯᠭᠠᠵᠤ᠂ ︽ᠳᠦᠷᠪᠡᠨ ᠢᠳᠡᠭᠡᠯ︾ ᠢ ᠪᠠᠳᠤᠳᠬᠠᠨ᠂ ︽ᠬᠤᠶᠠᠷ ᠢ ᠬᠠᠮᠠᠭᠠᠯᠠᠬᠤ︾ ᠶᠢ ᠤᠶᠢᠯᠡᠳᠤᠯᠭᠡᠵᠢᠬᠦᠯᠵᠤ | ᠂ ᠳᠦᠪ᠂ ᠦᠪᠡᠷᠳᠡᠭᠡᠨ ᠵᠠᠰᠠᠬᠤ ᠤᠷᠤᠨ᠂ ᠬᠤᠳᠠ ᠪᠠ ᠳᠤᠭᠤᠷᠢᠭ ᠤᠨ ᠨᠠᠮ ᠤᠨ ᠬᠤᠷᠢᠶᠠᠨ ᠤ ᠡᠯ᠎ᠡ ᠳᠦᠷᠤᠯ ᠤᠨ ᠰᠢᠢᠳᠪᠤᠷᠢᠳᠤ ᠪᠤᠳᠤᠯᠭ᠎ᠠ ᠶᠢᠨ | ᠪᠠᠶᠢᠷᠢᠯᠠᠭᠤᠯᠤᠯᠳᠠ ᠶᠢ ᠳᠡᠷᠡ ᠭᠡᠪ ᠢᠶᠠᠷ ᠨᠢ ᠳᠤᠤᠱᠯᠠᠭᠤᠯᠤᠨ ᠨᠠᠶᠢᠳᠠᠪᠤᠷᠢᠵᠢᠭᠤᠯᠪᠠ᠃ ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠪᠦᠬᠦ ᠳᠠᠯ᠎ᠠ ᠪᠠᠷ ᠠᠬᠢᠭᠤᠯᠤᠨ᠂ | ᠳᠤᠭᠤᠷᠢᠭ ᠤᠨ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠬᠢᠨᠠᠯᠳᠠ ᠪᠠ ᠠᠵᠢᠯ ᠤᠨ ᠬᠢᠨᠠᠯᠳᠠ | ᠶᠢ ᠰᠠᠨᠠᠭᠠᠴᠢᠯᠠᠭ᠎ᠠ ᠲᠠᠢ ᠪᠠᠷ ᠬᠦᠯᠢᠶᠡᠨ ᠠᠪᠴᠤ᠂ ᠳᠤᠭᠤᠷᠢᠭ ᠤᠨ ᠤᠯᠤᠰ ᠳᠦᠷᠦ ᠶᠢᠨ ᠵᠦᠪᠯᠡᠯᠭᠡᠨ ᠤ ᠠᠷᠠᠳᠴᠢᠯᠠᠯᠳᠤ ᠬᠢᠨᠠᠯᠳᠠ ᠪᠠ ᠨᠡᠶᠢᠭᠡᠮ ᠤᠨ ᠶᠠᠷᠢᠶ᠎ᠠ | ᠭᠡᠯᠡᠯᠴᠡᠭᠡᠨ ᠤ ᠬᠢᠨᠠᠯᠳᠠ ᠶᠢ ᠤᠬᠠᠮᠰᠠᠷ ᠠᠴᠠ ᠪᠠᠨ ᠬᠦᠯᠢᠶᠡᠨ ᠠᠪᠴᠤ᠂ ᠠᠷᠠᠳ ᠤᠨ ᠳᠦᠯᠦᠭᠡᠯᠡᠭᠴᠢᠳ ᠤᠨ ᠰᠠᠨᠠᠭᠤᠯᠭ᠎ᠠ ᠶᠢ 102᠂ ᠤᠯᠤᠰ ᠳᠦᠷᠦ ᠶᠢᠨ | ᠵᠦᠪᠯᠡᠯᠭᠡᠨ ᠤ ᠭᠡᠰᠢᠬᠦᠳ ᠤᠨ ᠰᠠᠨᠠᠯ ᠳᠤᠷᠠᠳᠤᠯᠭ᠎ᠠ ᠶᠢ 93 ᠬᠦᠢᠴᠡᠳᠭᠡᠨ᠂ ᠬᠤᠳᠠ ᠶᠢᠨ ᠳᠠᠷᠤᠭ᠎ᠠ ᠶᠢᠨ ᠬᠠᠯᠠᠮᠰᠢᠯ ᠤᠳᠠᠰᠤ ᠪᠠ ᠳᠤᠭᠤᠷᠢᠭ ᠤᠨ ᠳᠠᠷᠤᠭ᠎ᠠ | ᠶᠢᠨ ᠵᠠᠬᠢᠳᠠᠯ ᠤᠨ ᠬᠠᠶᠢᠷᠴᠠᠭ ᠢᠶᠠᠷ ᠤᠯᠠᠨ ᠳᠦᠮᠡᠨ ᠤ ᠢᠷᠡᠬᠦᠯᠦᠭᠰᠡᠨ ᠤᠳᠠᠰᠤ ᠵᠠᠬᠢᠳᠠᠯ ᠢ 2505 ᠬᠦᠯᠢᠶᠡᠨ ᠠᠪᠴᠤ᠂ ᠬᠦᠢᠴᠡᠳᠭᠡᠭᠰᠡᠨ ᠨᠤᠷᠮ᠎ᠠ ᠨᠢ | 100% ᠳᠤ ᠬᠦᠷᠪᠡ᠃ ︽ᠭᠤᠷᠪᠠᠨ ᠴᠢᠬᠤᠯᠠ ᠨᠢᠭᠡ ᠳᠤᠮᠤ︾ ᠶᠢᠨ ᠬᠠᠮᠳᠤ ᠪᠠᠷ ᠢᠶᠠᠨ ᠰᠢᠢᠳᠪᠤᠷᠢᠳᠤ ᠪᠤᠳᠤᠯᠭ᠎ᠠ ᠳᠤᠬᠳᠠᠭᠠᠬᠤ ᠳᠦᠷᠢᠮ ᠢ ᠴᠢᠩᠭ᠎ᠠ | ᠨᠠᠶᠢᠳᠠᠪᠤᠷᠢᠵᠢᠭᠤᠯᠤᠨ᠂ ᠵᠠᠰᠠᠭ ᠤᠨ ᠤᠷᠳᠤᠨ ᠤ ᠨᠠᠮ ᠤᠨ ᠳᠤᠭᠤᠶᠢᠯᠠᠩ ᠤᠨ ᠬᠤᠷᠠᠯ ᠪᠠ ᠪᠠᠶᠢᠩᠭᠤ ᠶᠢᠨ ᠶᠠᠪᠤᠳᠠᠯ ᠤᠨ ᠬᠤᠷᠠᠯ ᠤᠨ ᠠᠵᠢᠯ ᠤᠨ ᠳᠤᠬᠳᠠᠴᠠ ᠶᠢ | ᠪᠦᠷᠢᠨᠰᠢᠬᠦᠯᠤᠨ ᠳᠡᠬᠦᠯᠳᠡᠷᠵᠢᠬᠦᠯᠪᠡ᠃ ᠵᠠᠰᠠᠭ ᠤᠨ ᠤᠷᠳᠤᠨ ᠤ ᠰᠢᠰᠲ᠋ᠧᠮ ᠤᠨ ᠪᠦᠬᠦ ᠳᠠᠯ᠎ᠠ ᠪᠠᠷ ᠨᠠᠮ ᠢ ᠴᠢᠩᠭ᠎ᠠ ᠵᠠᠰᠠᠬᠤ ᠶᠢ ᠦᠷᠬᠦᠯᠵᠢᠯᠡᠨ ᠬᠦᠭᠵᠢᠬᠦᠯᠵᠤ᠂ | ᠨᠠᠮ ᠤᠨ ᠰᠤᠷᠳᠠᠯ ᠠᠷᠢᠭᠤᠨ ᠴᠢᠭᠡᠴᠢ ᠪᠠᠷ ᠵᠠᠰᠠᠭ ᠪᠠᠷᠢᠬᠤ ᠭᠤᠤᠯ ᠴᠤᠬᠴᠠ ᠶᠢᠨ ᠬᠠᠷᠢᠭᠤᠴᠠᠯᠭ᠎ᠠ ᠶᠢ ᠦᠨᠡᠨ ᠬᠦ ᠬᠦᠢᠴᠡᠳᠭᠡᠨ᠂ ᠤᠯᠤᠰ ᠳᠦᠷᠦ ᠶᠢᠨ | ᠰᠠᠬᠢᠯᠭ᠎ᠠ ᠪᠠᠳᠤ ᠪᠠ ᠤᠯᠤᠰ ᠳᠦᠷᠦ ᠶᠢᠨ ᠶᠤᠰᠤ ᠳᠦᠷᠢᠮ ᠢ ᠴᠢᠩᠭ᠎ᠠ ᠰᠠᠬᠢᠵᠤ᠂ ᠢᠯᠵᠠᠷᠠᠯ ᠢ ᠡᠰᠡᠷᠬᠦᠴᠡᠵᠤ ᠠᠷᠢᠭᠤᠨ ᠴᠢᠭᠡᠴᠢ ᠶᠢ ᠡᠷᠬᠢᠮᠯᠡᠬᠦ ᠦᠵᠡᠯ ᠰᠠᠨᠠᠭᠠᠨ | ᠤ ᠰᠡᠷᠭᠡᠶᠢᠯᠡᠯᠳᠡ ᠶᠢᠨ ᠱᠤᠭᠤᠮ ᠢ ᠪᠠᠳᠤᠳᠬᠠᠵᠤ᠂ ᠳᠦᠪ ᠴᠢᠭᠡᠴᠢ ᠤᠬᠢ ᠰᠠᠶᠢᠨ ᠤᠯᠤᠰ ᠳᠦᠷᠦ ᠶᠢᠨ ᠤᠷᠴᠢᠨ ᠠᠬᠤᠢ ᠶᠢ ᠪᠦᠷᠢᠯᠳᠦᠬᠦᠯᠪᠡ᠃ | ᠳᠦᠯᠦᠭᠡᠯᠡᠭᠴᠢᠳ ᠡ︕ ᠬᠦᠴᠢᠷ ᠪᠡᠷᠭᠡᠰᠢᠶᠠᠯ ᠢ ᠳᠤᠭᠤᠯᠤᠮᠠᠨᠵᠢᠨ ᠰᠠᠢᠢ ᠠᠮᠵᠢᠯᠳᠠ ᠪᠦᠳᠤᠮᠵᠢ ᠶᠢ ᠤᠯᠵᠤ ᠴᠢᠳᠠᠨ᠎ᠠ᠃ ᠦᠩᠭᠡᠷᠡᠭᠰᠡᠨ ᠨᠢᠭᠡ ᠵᠢᠯ ᠳᠤ᠂ | ᠪᠢᠳᠠ ᠬᠦᠭᠵᠢᠯᠳᠡ ᠶᠢ ᠡᠷᠢᠯᠬᠢᠯᠡᠬᠦ ᠪᠠ ᠦᠷᠢ ᠰᠢᠷᠢ ᠶᠢ ᠨᠠᠮᠳᠠᠭᠤᠯᠬᠤ ᠬᠤᠤᠰ ᠰᠢᠯᠭᠠᠯᠳᠠ ᠶᠢ ᠦᠩᠭᠡᠷᠡᠭᠡᠨ᠂ ᠠᠵᠤ ᠠᠬᠤᠢ ᠮᠠᠭᠤᠳᠠᠬᠰᠠᠨ ᠳᠠᠷᠤᠭᠠᠰᠤ | ᠵᠢᠱᠢᠭᠰᠡᠨ ᠪᠠᠶᠢᠳᠠᠯ ᠠᠴᠠ ᠳᠠᠪᠠᠵᠤ᠂ ᠦᠷᠢ ᠰᠢᠷᠢ ᠶᠢ ᠨᠠᠮᠳᠠᠭᠤᠯᠬᠤ ᠬᠦᠴᠢᠷᠳᠡᠯ ᠪᠤᠳᠤᠬᠰᠠᠨ ᠠᠴᠠ ᠭᠠᠳᠠᠭᠤᠷ ᠪᠡᠷᠭᠡ ᠬᠠᠳᠠᠭᠤᠵᠢᠯᠳᠠᠢ ᠪᠤᠯᠪᠠ᠃ ᠳᠤᠬᠳᠠᠮᠠᠯ | ᠬᠦᠷᠦᠩᠭᠡ ᠶᠢᠨ ᠪᠡᠯᠡ ᠤᠷᠤᠭᠤᠯᠤᠯᠳᠠ ᠪᠠᠭᠤᠷᠠᠬᠰᠠᠨ ᠪᠠᠶᠢᠳᠠᠯ ᠳᠤ ᠴᠢᠭᠯᠡᠬᠦᠯᠤᠨ᠂ ᠪᠢᠳᠠ ᠬᠦᠴᠤᠨ ᠢᠶᠠᠨ ᠳᠦᠪᠯᠡᠷᠡᠬᠦᠯᠤᠨ ᠳᠦᠷᠤᠯ ᠵᠤᠶᠢᠯ ᠢ ᠠᠳᠬᠤᠨ ᠪᠡᠯᠡ | ᠤᠷᠤᠭᠤᠯᠤᠯᠳᠠ ᠶᠢ ᠤᠷᠤᠭᠤᠯᠤᠨ ᠠᠪᠴᠢᠷᠠᠵᠤ᠂ ᠪᠦᠬᠦ ᠵᠢᠯ ᠳᠤ ᠪᠠᠷᠢᠯᠭ᠎ᠠ ᠡᠬᠢᠯᠡᠬᠦᠯᠵᠤ ᠨᠤᠳᠤᠬᠰᠢᠬᠰᠠᠨ ᠭᠤᠤᠯᠳᠠᠯᠭ᠎ᠠ ᠲᠠᠢ ᠳᠦᠷᠤᠯ ᠵᠤᠶᠢᠯ 44 ᠪᠤᠯᠵᠤ᠂ | ᠳᠡᠷᠡᠴᠢᠯᠡᠨ 2019 ᠤᠨ ᠳᠤ ᠨᠢᠭᠡ ᠪᠦᠯᠦᠭ ᠰᠢᠯᠢᠳᠡᠭ ᠳᠦᠷᠤᠯ ᠵᠤᠶᠢᠯ ᠢ ᠨᠦᠭᠡᠴᠡᠯᠡᠪᠡ᠃ ᠡᠳ᠋ ᠤᠨ ᠵᠠᠰᠠᠭ ᠤᠨ ᠣᠷᠤᠯᠭ᠎ᠠ ᠵᠠᠷᠤᠯᠭ᠎ᠠ ᠶᠢᠨ ᠵᠦᠷᠢᠴᠡᠯ ᠳᠤ | ᠴᠢᠭᠯᠡᠬᠦᠯᠤᠨ᠂ ᠪᠢᠳᠠ ᠵᠤᠬᠢᠴᠠᠭᠤᠯᠵᠤ ᠪᠠᠶᠢᠭᠠᠳ ᠳᠡᠭᠡᠳᠤ ᠱᠠᠳᠤᠨ ᠤ ᠳᠤᠰᠬᠠᠢ ᠳᠦᠷᠤᠯ ᠤᠨ ᠪᠡᠯᠡ ᠮᠦᠩᠬᠦ ᠶᠢ 7.8 ᠳ᠋ᠦᠩᠰᠢᠭᠤᠷ ᠳᠦᠬᠦᠷᠢᠭ ᠢ ᠬᠤᠪᠢᠳᠠᠨ | ᠤᠯᠵᠤ᠂ ᠡᠯ᠎ᠠ ᠳᠠᠯ᠎ᠠ ᠶᠢᠨ ᠵᠠᠷᠤᠯᠭ᠎ᠠ ᠪᠠ ᠵᠠᠰᠠᠭ ᠤᠨ ᠣᠷᠳᠤᠨ ᠤ ᠦᠷᠢ ᠰᠢᠷᠢ ᠶᠢ ᠨᠠᠮᠳᠠᠭᠤᠯᠬᠤ ᠶᠢ ᠬᠦᠴᠤᠳᠡᠢ ᠪᠠᠳᠤᠯᠠᠵᠤ᠂ ᠬᠢᠵᠠᠭᠠᠷ ᠲᠠᠢ ᠡᠳ᠋ ᠤᠨ ᠬᠦᠴᠤᠨ | ᠳᠤ ᠳᠦᠰᠢᠭᠯᠡᠨ ᠨᠡᠩ ᠶᠡᠭᠡ ᠬᠦᠭᠵᠢᠯᠳᠡ ᠶᠢ ᠪᠡᠶᠡᠯᠡᠬᠦᠯᠪᠡ᠃ ᠠᠵᠤ ᠠᠬᠤᠢ ᠶᠢᠨ ᠨᠡᠮᠡᠭᠳᠡᠯ ᠤᠨ ᠳᠠᠷᠤᠭᠠᠰᠤ ᠶᠡᠭᠡ ᠪᠠᠶᠢᠭ᠎ᠠ ᠪᠠᠶᠢᠳᠠᠯ ᠳᠤ ᠴᠢᠭᠯᠡᠬᠦᠯᠤᠨ᠂ ᠪᠢᠳᠠ | ᠠᠵᠤ ᠠᠬᠤᠢ ᠶᠢᠨ ᠡᠷᠬᠢᠯᠳᠡ ᠶᠢ ᠳᠤᠬᠢᠷᠠᠭᠤᠯᠬᠤ ᠶᠢ ᠦᠷᠬᠦᠯᠵᠢᠯᠡᠨ ᠴᠢᠩᠭᠠᠳᠬᠠᠨ᠂ ᠬᠢᠶ᠎ᠠ ᠪᠠᠭᠰᠢ ᠶᠢᠨ ᠬᠦᠭᠵᠢᠯᠳᠡ ᠶᠢᠨ ᠬᠤᠷᠳᠤᠴᠠ ᠶᠢ ᠮᠠᠨ ᠤ ᠬᠤᠳᠠ ᠶᠢᠨ | ᠪᠤᠰᠤᠳ ᠬᠤᠰᠢᠭᠤ ᠳᠤᠭᠤᠷᠢᠭ ᠲᠠᠢ ᠮᠦᠷᠦ ᠵᠡᠷᠭᠡᠴᠡᠨ ᠳᠠᠪᠠᠵᠤ ᠭᠠᠷᠬᠤ ᠶᠢ ᠪᠡᠶᠡᠯᠡᠬᠦᠯᠵᠤ᠂ ᠤᠯᠠᠨ ᠨᠡᠶᠢᠳᠡ ᠶᠢᠨ ᠡᠳ᠋ ᠤᠨ ᠵᠠᠰᠠᠭ ᠤᠨ ᠳᠦᠰᠤᠪ ᠤᠨ ᠣᠷᠤᠯᠭ᠎ᠠ | ᠨᠢ ᠦᠪᠡᠷᠳᠡᠭᠡᠨ ᠵᠠᠰᠠᠬᠤ ᠤᠷᠤᠨ ᠤ 103 ᠬᠤᠰᠢᠭᠤ ᠰᠢᠶᠠᠨ ᠳᠤᠭᠤᠷᠢᠭ ᠤᠨ 43 ᠳ᠋ᠤᠭᠠᠷ ᠲᠤ ᠵᠢᠬᠰᠠᠭᠠᠬᠳᠠᠪᠠ᠃ ᠡᠨᠡ ᠨᠢᠭᠡ ᠵᠢᠯ ᠤᠨ ᠦᠩᠭᠡᠷᠡᠯᠳᠡ ᠨᠢ | ᠪᠢᠳᠠᠨ ᠳᠤ ᠴᠢᠷᠮᠠᠶᠢᠯᠭ᠎ᠠ ᠬᠦᠮᠤᠨ ᠢ ᠭᠤᠮᠤᠳᠠᠭᠠᠬᠤ ᠦᠭᠡᠢ᠂ ᠠᠷᠭ᠎ᠠ ᠤᠬᠠᠭᠠᠨ ᠨᠢ ᠯᠠᠪ ᠬᠦᠴᠢᠷᠳᠡᠯ ᠠᠴᠠ ᠨᠢ ᠤᠯᠠᠨ ᠪᠠᠶᠢᠵᠤ᠂ ᠪᠦᠬᠦ ᠳᠤᠭᠤᠷᠢᠭ ᠢᠶᠠᠷ ᠢᠶᠠᠨ | ᠭᠡᠢ ᠬᠤᠭᠤᠰᠤᠨ ᠰᠠᠨᠠᠬᠤ ᠦᠭᠡᠢ ᠪᠤᠳᠠᠳᠠᠢ ᠠᠵᠢᠯᠯᠠᠳᠠᠭ ᠯᠠ ᠶᠤᠮ ᠪᠤᠯ ᠳᠤᠭᠤᠯᠵᠤ ᠳᠡᠶᠢᠯᠬᠦ ᠦᠭᠡᠢ ᠬᠦᠴᠢᠷ ᠭᠡᠮᠡᠨ ᠪᠠᠶᠢᠬᠤ ᠦᠭᠡᠢ᠂ ᠪᠦᠳᠤᠭᠡᠵᠤ ᠳᠡᠶᠢᠯᠬᠦ | ᠦᠭᠡᠢ ᠤᠶᠢᠯᠡᠰ ᠭᠡᠮᠡᠨ ᠪᠠᠶᠢᠬᠤ ᠦᠭᠡᠢ ᠶᠢ ᠪᠠᠳᠤ ᠢᠳᠡᠭᠡᠬᠦᠯᠦᠭᠰᠡᠨ ᠪᠠᠶᠢᠨ᠎ᠠ᠃ | ᠡᠳᠡᠭᠡᠷ ᠠᠮᠵᠢᠯᠳᠠ ᠪᠦᠳᠤᠮᠵᠢ ᠶᠢ ᠤᠯᠤᠬᠰᠠᠨ ᠨᠢ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠤᠷᠳᠤᠨ ᠪᠠ ᠳᠤᠭᠤᠷᠢᠭ ᠤᠨ ᠨᠠᠮ ᠤᠨ | ᠬᠤᠷᠢᠶᠠᠨ ᠤ ᠵᠦᠪ ᠤᠨᠤᠪᠴᠢᠳᠠᠢ ᠤᠳᠤᠷᠢᠳᠤᠯᠭ᠎ᠠ ᠠᠴᠠ ᠰᠠᠯᠵᠤ ᠴᠢᠳᠠᠬᠤ ᠦᠭᠡᠢ ᠶᠤᠮ᠂ ᠳᠤᠭᠤᠷᠢᠭ ᠤᠨ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ᠂ | ᠳᠤᠭᠤᠷᠢᠭ ᠤᠨ ᠤᠯᠤᠰ ᠳᠦᠷᠦ ᠶᠢᠨ ᠵᠦᠪᠯᠡᠯᠭᠡᠨ ᠤ ᠬᠢᠨᠠᠯᠳᠠ ᠳᠡᠮᠵᠢᠯᠭᠡ ᠠᠴᠠ ᠰᠠᠯᠵᠤ ᠴᠢᠳᠠᠬᠤ ᠦᠭᠡᠢ ᠶᠤᠮ᠂ ᠪᠦᠬᠦ ᠳᠤᠭᠤᠷᠢᠭ ᠤᠨ ᠠᠷᠠᠳ ᠳᠦᠮᠡᠨ ᠤ | ᠬᠠᠮᠳᠤ ᠶᠢᠨ ᠴᠢᠷᠮᠠᠶᠢᠯᠭ᠎ᠠ ᠠᠴᠠ ᠰᠠᠯᠵᠤ ᠴᠢᠳᠠᠬᠤ ᠦᠭᠡᠢ ᠶᠤᠮ᠃ ᠠᠳᠡ ᠪᠢ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠢ ᠳᠦᠯᠦᠭᠡᠯᠡᠨ᠂ ᠠᠷᠠᠳ ᠤᠨ | ᠳᠦᠯᠦᠭᠡᠯᠡᠭᠴᠢᠳ ᠤᠨ ᠶᠡᠭᠡ ᠬᠤᠷᠠᠯ ᠤᠨ ᠪᠦᠬᠦ ᠳᠦᠯᠦᠭᠡᠯᠡᠭᠴᠢ ᠪᠠ ᠤᠯᠤᠰ ᠳᠦᠷᠦ ᠶᠢᠨ ᠵᠦᠪᠯᠡᠯᠭᠡᠨ ᠤ ᠭᠡᠰᠢᠬᠦᠳ ᠲᠤ᠂ ᠡᠯ᠎ᠠ ᠠᠷᠠᠳᠴᠢᠯᠠᠬᠰᠠᠨ ᠨᠠᠮ ᠪᠦᠯᠦᠭ | ᠤᠨ ᠬᠢᠨ᠂ ᠨᠠᠮ ᠪᠦᠯᠦᠭ ᠤᠨ ᠪᠤᠰᠤ ᠬᠦᠮᠤᠰ ᠪᠠ ᠠᠷᠠᠳ ᠤᠨ ᠪᠦᠯᠬᠦᠮ ᠳᠤ᠂ ᠳᠤᠭᠤᠷᠢᠭ ᠲᠤ ᠰᠠᠭᠤᠭ᠎ᠠ ᠴᠢᠯᠦᠭᠡᠯᠡᠬᠦ ᠴᠡᠷᠢᠭ ᠤᠨ ᠵᠢᠯᠤᠭᠤᠳᠤᠬᠴᠢ᠂ | ᠵᠡᠪᠰᠡᠭᠳᠤ ᠴᠠᠬᠳᠠᠭᠠᠨ ᠤ ᠭᠡᠯᠳᠡᠰ ᠤᠨ ᠳᠠᠷᠤᠭ᠎ᠠ ᠪᠠᠶᠢᠯᠳᠤᠬᠴᠢ᠂ ᠳᠤᠳᠤᠭᠠᠳᠤ ᠶᠢ ᠬᠠᠮᠠᠭᠠᠯᠠᠬᠤ ᠺᠠᠳ᠋ᠷ ᠴᠠᠬᠳᠠᠭ᠎ᠠ ᠪᠠ ᠰᠢᠭᠤᠳ ᠬᠠᠷᠢᠶ᠎ᠠ ᠪᠠᠶᠢᠭᠤᠯᠭ᠎ᠠ ᠳᠤ᠂ | ᠬᠢᠶ᠎ᠠ ᠪᠠᠭᠰᠢ ᠶᠢᠨ ᠬᠦᠭᠵᠢᠯᠳᠡ ᠶᠢ ᠬᠠᠯᠠᠮᠵᠢᠯᠠᠵᠤ ᠳᠡᠮᠵᠢᠵᠤ ᠢᠷᠡᠭᠰᠡᠨ ᠡᠯ᠎ᠡ ᠡᠳᠡᠭᠡᠳ ᠤᠨ ᠬᠦᠮᠤᠰ ᠲᠤ᠂ ᠪᠦᠬᠦ ᠳᠤᠭᠤᠷᠢᠭ ᠤᠨ ᠠᠷᠠᠳ ᠳᠦᠮᠡᠨ ᠳᠤ ᠴᠢᠩ | ᠰᠡᠳᠬᠢᠯ ᠤᠨ ᠳᠠᠯᠠᠷᠬᠠᠯ ᠪᠠ ᠡᠷᠬᠢᠮ ᠳᠡᠭᠡᠳᠤ ᠬᠦᠨᠳᠤᠳᠭᠡᠯ ᠢᠶᠠᠨ ᠳᠡᠪᠰᠢᠬᠦᠯᠵᠤ ᠪᠠᠶᠢᠨ᠎ᠠ︕ | ᠠᠮᠵᠢᠯᠳᠠ ᠪᠠᠨ ᠦᠨᠡᠯᠡᠬᠦ ᠶᠢᠨ ᠬᠠᠮᠳᠤ ᠪᠢᠳᠠ ᠪᠠᠰᠠ᠂ ᠭᠢᠶ᠎ᠠ ᠪᠠᠭᠰᠢ ᠶᠢᠨ ᠠᠵᠤ ᠠᠬᠤᠢ ᠨᠡᠶᠢᠭᠡᠮ ᠤᠨ ᠬᠦᠭᠵᠢᠯᠳᠡ ᠳᠤ ᠴᠦᠭᠡᠨ ᠪᠤᠰᠤ ᠠᠰᠠᠭᠤᠳᠠᠯ | ᠤᠷᠤᠰᠢᠵᠤ ᠪᠠᠶᠢᠬᠤ ᠶᠢ ᠰᠡᠷᠭᠡᠭ ᠢᠶᠠᠷ ᠳᠠᠨᠢᠵᠤ ᠪᠠᠶᠢᠨ᠎ᠠ᠂ ᠭᠤᠤᠯᠳᠠᠭᠤ᠄ ᠶᠡᠷᠦᠩᠭᠡᠶᠢᠯᠡᠭᠰᠡᠨ ᠠᠵᠤ ᠠᠬᠤᠢ ᠶᠢᠨ ᠪᠤᠳᠠᠳᠤ ᠬᠦᠴᠤᠨ ᠤ ᠳᠡᠭᠡᠭᠰᠢᠯᠡᠯᠳᠡ ᠳᠦᠷᠭᠡᠨ | ᠪᠤᠰᠤ᠂ ᠦᠷᠬᠦᠯᠵᠢᠯᠡᠭᠰᠡᠨ ᠬᠦᠭᠵᠢᠯᠳᠡ ᠶᠢᠨ ᠳᠡᠭᠡᠭᠡᠭᠴᠢ ᠪᠠ ᠭᠠᠷᠳᠠᠴᠠ ᠴᠦᠭᠡᠨ᠂ ᠳᠤᠳᠠᠭᠤᠳᠠᠯ ᠢᠶᠠᠨ ᠨᠦᠬᠦᠪᠤᠷᠢᠯᠡᠬᠦ ᠡᠬᠦᠷᠭᠡ ᠮᠦᠨ ᠯᠠ ᠬᠠᠳᠠᠭᠤᠵᠢᠯᠳᠠᠢ | ᠪᠠᠶᠢᠬᠰᠠᠭᠠᠷ︔ ᠵᠠᠰᠠᠭ ᠤᠨ ᠤᠷᠳᠤᠨ ᠤ ᠦᠷᠢ ᠰᠢᠷᠢ ᠶᠢ ᠨᠠᠮᠳᠠᠭᠤᠯᠬᠤ ᠪᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠦᠷᠢ ᠶᠢ ᠳᠦᠯᠦᠬᠦ ᠳᠠᠷᠤᠭᠠᠰᠤ | ᠨᠡᠯᠢᠶᠡᠳ ᠶᠡᠭᠡ ᠪᠤᠢ︔ ᠤᠷᠤᠨ ᠨᠤᠳᠤᠭ ᠤᠨ ᠠᠷᠠᠯᠵᠢᠶ᠎ᠠ ᠬᠢᠬᠦ ᠤᠷᠴᠢᠨ ᠠᠬᠤᠢ ᠶᠢ ᠳᠦᠷᠭᠡᠨ ᠰᠠᠶᠢᠵᠢᠷᠠᠭᠤᠯᠵᠤ᠂ ᠦᠭᠡᠷᠡᠴᠢᠯᠡᠯᠳᠡ ᠰᠢᠨᠡᠴᠢᠯᠡᠯᠳᠡ ᠶᠢᠨ ᠰᠢᠨ᠎ᠠ | ᠠᠮᠢᠵᠢᠷᠠᠯ ᠤᠨ ᠬᠦᠴᠤᠨ ᠢ ᠬᠦᠢᠴᠡᠳ ᠪᠠᠳᠠᠷᠠᠭᠤᠯᠬᠤ ᠴᠢᠬᠤᠯᠠᠳᠠᠢ ᠪᠠᠶᠢᠨ᠎ᠠ︔ ᠰᠤᠷᠭᠠᠭᠤᠯᠢ ᠳᠠᠪᠰᠢᠬᠤ᠂ ᠠᠵᠢᠯ ᠤᠯᠭᠤᠬᠤ᠂ ᠤᠷᠤᠨ ᠰᠠᠭᠤᠴᠠ᠂ ᠪᠠᠷᠠᠭᠠᠨ | ᠤ ᠦᠨ᠎ᠠ ᠵᠡᠷᠭᠡ ᠤᠯᠠᠨ ᠳᠦᠮᠡᠨ ᠤ ᠨᠡᠶᠢᠳᠡᠮ ᠠᠩᠬᠠᠷᠴᠤ ᠪᠠᠶᠢᠭ᠎ᠠ ᠠᠰᠠᠭᠤᠳᠠᠯ ᠢ ᠬᠠᠷᠠᠬᠠᠨ ᠳᠤᠶᠢᠯᠪᠤᠷᠢᠳᠠᠢ ᠰᠢᠢᠳᠪᠤᠷᠢᠯᠡᠬᠦ ᠴᠢᠬᠤᠯᠠᠳᠠᠢ ᠪᠠᠶᠢᠨ᠎ᠠ︔ ᠵᠠᠰᠠᠭ ᠤᠨ | ᠤᠷᠳᠤᠨ ᠤ ᠴᠢᠳᠠᠪᠬᠢ ᠶᠢ ᠬᠤᠪᠢᠷᠠᠭᠤᠯᠬᠤ ᠨᠢ ᠮᠦᠨ ᠯᠠ ᠤᠷᠤᠨᠵᠢᠵᠤ ᠳᠡᠶᠢᠯᠬᠦ ᠦᠭᠡᠢ ᠪᠠᠶᠢᠵᠤ᠂ ᠴᠢᠳᠠᠪᠬᠢ ᠨᠢ ᠭᠡᠳᠦᠷᠡᠭᠰᠡᠨ᠂ ᠴᠢᠳᠠᠪᠬᠢ ᠨᠢ ᠳᠤᠳᠠᠮᠠᠭ᠂ | ᠴᠢᠳᠠᠪᠬᠢ ᠨᠢ ᠵᠦᠷᠢᠵᠤ ᠭᠠᠷᠤᠬᠰᠠᠨ ᠠᠰᠠᠭᠤᠳᠠᠯ ᠠᠳᠠᠯᠢ ᠪᠤᠰᠤ ᠭᠡᠮᠵᠢᠶ᠎ᠠ ᠪᠠᠷ ᠤᠷᠤᠰᠢᠵᠤ ᠪᠤᠢ︔ ᠺᠠᠳ᠋ᠷᠴᠤᠳ ᠨᠢ ᠡᠬᠦᠷᠭᠡ ᠬᠠᠷᠢᠭᠤᠴᠠᠯᠭ᠎ᠠ ᠪᠠᠨ ᠡᠬᠦᠷᠭᠡᠯᠡᠬᠦ | ᠦᠭᠡᠢ᠂ ᠰᠠᠶᠢᠨ ᠠᠵᠢᠯᠯᠠᠬᠤ ᠦᠭᠡᠢ᠂ ᠠᠵᠢᠯ ᠳᠠᠭᠠᠨ ᠠᠯᠵᠠᠭᠤᠷᠠᠵᠤ ᠬᠤᠶᠢᠷᠭᠤᠰᠢᠬᠤ ᠦᠵᠡᠭᠳᠡᠯ ᠮᠦᠨ ᠯᠠ ᠤᠷᠤᠰᠢᠵᠤ᠂ ᠬᠠᠤᠯᠢ ᠪᠠᠷ ᠵᠠᠰᠠᠬᠤ ᠤᠬᠠᠮᠰᠠᠷ ᠪᠠ | ᠠᠷᠢᠭᠤᠨ ᠴᠢᠭᠡᠴᠢ ᠶᠢᠨ ᠤᠬᠠᠮᠰᠠᠷ ᠢ ᠨᠢ ᠬᠠᠷᠠᠬᠠᠨ ᠴᠢᠩᠭᠠᠳᠬᠠᠬᠤ ᠴᠢᠬᠤᠯᠠ ᠲᠠᠢ ᠪᠠᠶᠢᠨ᠎ᠠ᠃ ᠡᠬᠦᠨ ᠳᠤ᠂ ᠪᠢᠳᠠ ᠢᠳᠡᠪᠬᠢᠳᠡᠢ ᠮᠦᠷᠳᠡᠭᠡᠨ ᠪᠦᠳᠤᠮᠵᠢᠳᠡᠢ | ᠠᠷᠭ᠎ᠠ ᠭᠡᠮᠵᠢᠶ᠎ᠠ ᠠᠪᠴᠤ᠂ ᠨᠢᠭᠡ ᠨᠢᠭᠡ ᠪᠠᠷ ᠨᠠᠷᠢᠨ ᠬᠢᠨᠠᠮᠠᠭᠠᠢ ᠰᠢᠢᠳᠪᠤᠷᠢᠯᠡᠨ ᠬᠠᠯᠠᠨ ᠰᠠᠶᠢᠵᠢᠷᠠᠭᠤᠯᠤᠨ᠎ᠠ᠃ | ᠬᠤᠶᠠᠷ᠂ 2019 ᠤᠨ ᠤ ᠬᠠᠷᠠᠯᠳᠠᠳᠤ ᠡᠬᠦᠷᠭᠡ ᠪᠠ ᠠᠵᠢᠯ ᠤᠨ ᠭᠤᠤᠯᠳᠠᠯᠭ᠎ᠠ | ᠡᠨᠡ ᠵᠢᠯ ᠪᠤᠯ ᠰᠢᠨ᠎ᠠ ᠳᠤᠮᠳᠠᠳᠤ ᠤᠯᠤᠰ ᠪᠠᠶᠢᠭᠤᠯᠤᠬᠳᠠᠬᠰᠠᠨ 70 ᠵᠢᠯ ᠤᠨ ᠤᠢ ᠪᠠᠶᠢᠵᠤ᠂ ᠴᠢᠨᠡᠭᠡᠯᠢᠭ ᠨᠡᠶᠢᠭᠡᠮ ᠢ ᠪᠦᠬᠦ ᠳᠠᠯ᠎ᠠ ᠪᠠᠷ ᠪᠡᠶᠡᠯᠡᠬᠦᠯᠬᠦ | ᠵᠠᠩᠬᠢᠯᠠᠭ᠎ᠠ ᠶᠢᠨ ᠵᠢᠯ ᠪᠤᠯᠤᠨ᠎ᠠ᠃ ᠵᠠᠰᠠᠭ ᠤᠨ ᠤᠷᠳᠤᠨ ᠤ ᠠᠵᠢᠯ ᠢ ᠰᠠᠶᠢᠳᠤᠷ ᠬᠢᠬᠦ ᠳᠤ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ | ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ | ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠳᠠᠯ᠎ᠠ ᠪᠠᠷ ᠳᠤᠤᠱᠯᠠᠭᠤᠯᠤᠨ᠂ ᠦᠪᠡᠷᠳᠡᠭᠡᠨ ᠵᠠᠰᠠᠬᠤ ᠤᠷᠤᠨ᠂ | ᠬᠤᠳᠠ ᠪᠠ ᠳᠤᠭᠤᠷᠢᠭ ᠤᠨ ᠨᠠᠮ ᠤᠨ ᠬᠤᠷᠢᠶᠠᠨ ᠤ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠤᠰᠤᠭᠠᠷ᠂ ︽ᠳᠠᠪᠤ ᠶᠢ ᠴᠤᠬᠴᠠᠵᠢᠭᠤᠯᠬᠤ︾ | ᠶᠡᠷᠦᠩᠭᠡᠢ ᠪᠠᠶᠢᠷᠢᠯᠠᠭᠤᠯᠤᠯᠳᠠ ᠶᠢ ᠨᠢᠭᠡᠳᠤᠯᠳᠡᠢ ᠳᠦᠯᠦᠪᠵᠢᠬᠦᠯᠤᠨ ᠠᠬᠢᠭᠤᠯᠵᠤ᠂ ︽ᠳᠦᠷᠪᠡᠨ ᠪᠦᠬᠦ ᠳᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ | ᠪᠠᠶᠢᠷᠢᠯᠠᠭᠤᠯᠤᠯᠳᠠ ᠶᠢ ᠵᠤᠬᠢᠴᠠᠩᠭᠤᠢ ᠪᠠᠷ ᠠᠬᠢᠭᠤᠯᠵᠤ᠂ ᠳᠤᠬᠳᠠᠭᠤᠨ ᠤ ᠳᠤᠮᠳᠠ ᠤᠷᠤᠬᠰᠢᠯᠠᠬᠤ ᠠᠵᠢᠯ ᠤᠨ ᠶᠡᠷᠦᠩᠭᠡᠢ ᠬᠦᠭ ᠠᠶᠠᠰ ᠢ ᠪᠠᠷᠢᠮᠳᠠᠯᠠᠨ᠂ ᠰᠢᠨ᠎ᠠ | ᠬᠦᠭᠵᠢᠯᠳᠡ ᠶᠢᠨ ᠤᠶᠢᠯᠠᠭᠠᠬᠳᠠᠬᠤᠨ ᠢ ᠪᠠᠷᠢᠮᠳᠠᠯᠠᠵᠤ᠂ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠶᠢ ᠪᠠᠷᠢᠮᠳᠠᠯᠠᠨ᠂ ᠬᠠᠩᠭᠠᠯᠭ᠎ᠠ ᠶᠢᠨ ᠳᠠᠯ᠎ᠠ ᠶᠢᠨ ᠪᠦᠳᠤᠴᠡ | ᠶᠢᠨ ᠴᠢᠨᠠᠷᠳᠠᠢ ᠦᠭᠡᠷᠡᠴᠢᠯᠡᠯᠳᠡ ᠪᠠᠷ ᠭᠤᠤᠯ ᠰᠢᠵᠢᠮ ᠪᠤᠯᠭᠠᠬᠤ ᠶᠢ ᠪᠠᠷᠢᠮᠳᠠᠯᠠᠵᠤ᠂ ᠤᠳᠤᠬᠢᠴᠢᠯᠠᠬᠰᠠᠨ ᠠᠵᠤ ᠠᠬᠤᠢ ᠶᠢᠨ ᠳᠤᠬᠳᠠᠯᠴᠠᠭ᠎ᠠ ᠶᠢ ᠳᠦᠷᠭᠡᠨ | ᠪᠠᠶᠢᠭᠤᠯᠵᠤ᠂ ᠭᠤᠷᠪᠠᠨ ᠶᠡᠭᠡ ᠪᠤᠭᠤᠮᠳᠠ ᠰᠢᠪᠳᠤᠯᠬᠤ ᠳᠠᠶᠢᠯᠠᠯᠳᠤᠭᠠᠨ ᠢ ᠦᠷᠬᠦᠯᠵᠢᠯᠡᠨ ᠰᠠᠶᠢᠳᠤᠷ ᠬᠢᠵᠤ᠂ ᠠᠷᠠᠯᠵᠢᠶ᠎ᠠ ᠬᠢᠬᠦ ᠤᠷᠴᠢᠨ ᠠᠬᠤᠢ ᠶᠢ ᠴᠢᠨᠠᠬᠰᠢᠳᠠ | ᠰᠢᠯᠢᠳᠡᠭᠵᠢᠬᠦᠯᠤᠨ᠂ ᠵᠠᠬ᠎ᠠ ᠳᠡᠯᠭᠡᠬᠦᠷ ᠤᠨ ᠢᠳᠡᠭᠡᠯ ᠢ ᠪᠦᠬᠦ ᠳᠠᠯ᠎ᠠ ᠪᠠᠷ ᠬᠦᠪᠴᠢᠯᠡᠵᠤ᠂ ᠨᠡᠮᠡᠭᠳᠡᠯ ᠢ ᠳᠤᠬᠳᠠᠭᠤᠨ ᠪᠤᠯᠭᠠᠬᠤ᠂ ᠦᠭᠡᠷᠡᠴᠢᠯᠡᠯᠳᠡ ᠶᠢ | ᠠᠬᠢᠭᠤᠯᠬᠤ᠂ ᠪᠦᠳᠤᠴᠡ ᠶᠢ ᠳᠤᠬᠢᠷᠠᠭᠤᠯᠬᠤ᠂ ᠠᠷᠠᠳ ᠤᠨ ᠠᠮᠢᠳᠤᠷᠠᠯ ᠢ ᠬᠠᠷᠡᠭᠠᠯᠵᠠᠬᠤ᠂ ᠠᠶᠤᠯ ᠳᠦᠭᠰᠢᠬᠦᠷᠢ ᠶᠢ ᠰᠡᠷᠭᠡᠶᠢᠯᠡᠬᠦ ᠠᠵᠢᠯ ᠢ ᠯᠠᠪᠳᠠᠭᠤᠨ | ᠪᠠᠳᠤᠳᠠᠢ ᠰᠠᠶᠢᠳᠤᠷ ᠬᠢᠵᠤ᠂ ᠠᠷᠠᠳ ᠤᠯᠠᠨ ᠤ ᠬᠦᠷᠳᠡᠮᠵᠢ ᠶᠢᠨ ᠳᠦᠷᠦᠭᠳᠡᠯ᠂ ᠵᠤᠯ ᠵᠢᠷᠭᠠᠯᠳᠤ ᠳᠦᠷᠦᠭᠳᠡᠯ ᠪᠠ ᠠᠮᠤᠷ ᠳᠦᠪᠰᠢᠨ ᠤ ᠳᠦᠷᠦᠭᠳᠡᠯ ᠢ | ᠨᠡᠮᠡᠭᠳᠡᠬᠦᠯᠤᠨ᠂ ᠬᠢᠶ᠎ᠠ ᠪᠠᠭᠰᠢ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠳᠠᠢ ᠬᠦᠭᠵᠢᠯᠳᠡ ᠶᠢᠨ ᠰᠢᠨ᠎ᠠ ᠪᠠᠶᠢᠳᠠᠯ ᠢ ᠳᠡᠮᠡᠴᠡᠨ ᠪᠤᠢ ᠪᠤᠯᠭᠠᠵᠤ᠂ ᠴᠢᠨᠡᠭᠡᠯᠢᠭ | ᠨᠡᠶᠢᠭᠡᠮ ᠢ ᠪᠦᠬᠦ ᠳᠠᠯ᠎ᠠ ᠪᠠᠷ ᠪᠡᠶᠡᠯᠡᠬᠦᠯᠬᠦ ᠰᠢᠪᠳᠤᠷᠭᠠᠨ ᠤ ᠠᠵᠢᠯ ᠳᠤ ᠰᠢᠢᠳᠪᠤᠷᠢᠳᠤ ᠴᠢᠨᠠᠷᠳᠠᠢ ᠰᠠᠭᠤᠷᠢ ᠳᠠᠯᠪᠢᠵᠤ᠂ ᠰᠢᠯᠢᠳᠡᠭ ᠠᠮᠵᠢᠯᠳᠠ ᠪᠠᠷ ᠢᠶᠠᠨ ᠪᠦᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠬᠳᠠᠬᠰᠠᠨ 70 ᠵᠢᠯ ᠤᠨ ᠤᠢ ᠶᠢ ᠪᠡᠶᠠᠷᠯᠠᠨ ᠪᠡᠯᠭᠡᠯᠡᠨ᠎ᠠ᠃ | ᠡᠯ᠎ᠠ ᠳᠠᠯ᠎ᠠ ᠶᠢᠨ ᠬᠦᠴᠤᠨ ᠵᠤᠶᠢᠯ ᠢ ᠶᠡᠷᠦᠩᠭᠡᠶᠢᠯᠡᠨ ᠪᠤᠳᠤᠯᠬᠢᠯᠠᠭᠠᠳ᠂ ᠡᠨᠡ ᠵᠢᠯ ᠤᠨ ᠪᠦᠬᠦ ᠳᠤᠭᠤᠷᠢᠭ ᠤᠨ ᠭᠤᠤᠯ ᠵᠢᠱᠢᠭᠰᠡᠨ ᠬᠠᠷᠠᠯᠳᠠ ᠶᠢ | ᠢᠩᠬᠢᠵᠤ ᠳᠤᠬᠳᠠᠭᠠᠪᠠ᠄ ᠤᠷᠤᠨ ᠨᠤᠳᠤᠭ ᠤᠨ ᠤᠶᠢᠯᠡᠳᠪᠤᠷᠢᠯᠡᠯ ᠤᠨ ᠶᠡᠷᠦᠩᠭᠡᠢ ᠦᠷᠳᠡᠭ ᠢ 5% ᠤᠷᠴᠢᠮ ᠢᠶᠠᠷ ᠨᠡᠮᠡᠭᠳᠡᠬᠦᠯᠵᠤ᠂ ᠤᠯᠠᠨ ᠨᠡᠶᠢᠳᠡ ᠶᠢᠨ ᠡᠳ᠋ | ᠤᠨ ᠵᠠᠰᠠᠭ ᠤᠨ ᠳᠦᠰᠤᠪ ᠤᠨ ᠤᠷᠤᠯᠭ᠎ᠠ ᠶᠢ 6% ᠤᠷᠴᠢᠮ ᠢᠶᠠᠷ ᠨᠡᠮᠡᠭᠳᠡᠬᠦᠯᠤᠨ᠂ ᠪᠦᠬᠦ ᠨᠡᠶᠢᠭᠡᠮ ᠤᠨ ᠳᠤᠬᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢ | 12% ᠤᠷᠴᠢᠮ ᠢᠶᠠᠷ ᠨᠡᠮᠡᠭᠳᠡᠬᠦᠯᠵᠤ᠂ ᠨᠡᠶᠢᠭᠡᠮ ᠤᠨ ᠭᠡᠷᠡᠭᠯᠡᠭᠡᠨ ᠤ ᠵᠤᠶᠢᠯ ᠢ ᠵᠢᠵᠢᠭᠯᠡᠨ ᠪᠤᠷᠤᠯᠠᠭᠤᠯᠤᠬᠰᠠᠨ ᠶᠡᠷᠦᠩᠭᠡᠢ ᠳᠤᠭ᠎ᠠ ᠶᠢ 7% ᠤᠷᠴᠢᠮ ᠢᠶᠠᠷ | ᠨᠡᠮᠡᠭᠳᠡᠬᠦᠯᠵᠤ᠂ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠬᠦᠮᠤᠨ ᠳᠤᠮᠳᠠᠴᠢ ᠳᠤᠬᠢᠷᠠᠭᠤᠯᠵᠤ ᠪᠤᠯᠬᠤ ᠤᠷᠤᠯᠭ᠎ᠠ ᠶᠢ 7% ᠤᠷᠴᠢᠮ ᠢᠶᠠᠷ | ᠨᠡᠮᠡᠭᠳᠡᠬᠦᠯᠤᠨ᠎ᠠ᠃ | ᠡᠨᠡ ᠵᠢᠯ ᠤᠨ ᠠᠵᠢᠯ ᠢ ᠰᠠᠶᠢᠳᠤᠷ ᠬᠢᠬᠦ ᠳᠤ᠂ ᠪᠢᠳᠠ ᠤᠯᠤᠰ ᠳᠦᠷᠦ ᠶᠢᠨ ᠳᠤᠬᠳᠠᠯ ᠬᠦᠴᠤ ᠪᠠᠨ ᠪᠠᠳᠤᠯᠠᠨ᠂ ᠠᠰᠠᠭᠤᠳᠠᠯ ᠤᠨ ᠤᠳᠤᠷᠢᠳᠤᠮᠵᠢ ᠶᠢ | ᠪᠠᠷᠢᠮᠳᠠᠯᠠᠵᠤ᠂ ᠬᠦᠭ ᠠᠶᠠᠰ ᠤᠨ ᠬᠦᠴᠤᠯᠡᠴᠡ ᠪᠠᠨ ᠡᠵᠡᠮᠳᠡᠨ᠂ ᠪᠠᠶᠢᠳᠠᠯ ᠢ ᠴᠢᠳᠠᠮᠠᠭᠠᠢ ᠪᠠᠷ ᠵᠠᠳᠠᠯᠬᠤ ᠪᠠ ᠳᠦᠷᠦ ᠶᠢᠨ ᠪᠤᠳᠤᠯᠭ᠎ᠠ ᠶᠢ ᠰᠤᠳᠤᠯᠵᠤ᠂ ᠤᠳᠤᠬᠠᠨ | ᠤ ᠱᠠᠳᠤᠨ ᠤ ᠭᠤᠤᠯ ᠵᠦᠷᠢᠴᠡᠯ ᠢ ᠠᠳᠬᠤᠨ ᠠᠵᠢᠯ ᠤᠨ ᠰᠢᠪᠳᠤᠯᠤᠯᠳᠠ ᠶᠢ ᠡᠷᠢᠨ ᠤᠯᠤᠨ᠎ᠠ᠃ ᠨᠢᠭᠡ ᠳᠤ ᠰᠡᠳᠬᠢᠯ ᠢᠶᠠᠷ ᠨᠢᠬᠳᠠᠷᠠᠭᠤᠯᠤᠨ ᠬᠦᠴᠤ ᠪᠠᠨ | ᠬᠠᠮᠳᠤᠳᠬᠠᠵᠤ ᠦᠪᠡᠷ ᠤᠨ ᠤᠴᠢᠷ ᠶᠠᠪᠤᠳᠠᠯ ᠢᠶᠠᠨ ᠰᠠᠶᠢᠳᠤᠷ ᠬᠢᠨ᠎ᠠ᠃ ᠠᠵᠤ ᠠᠬᠤᠢ ᠶᠢᠨ ᠪᠠᠶᠢᠳᠠᠯ ᠭᠡᠳᠤᠢ ᠬᠤᠪᠢᠷᠠᠯᠳᠠ ᠲᠠᠢ ᠪᠠᠶᠢᠬᠰᠠᠨ ᠴᠦ᠂ ᠬᠦᠭᠵᠢᠯᠳᠡ | ᠶᠢ ᠡᠷᠢᠯᠬᠢᠯᠡᠬᠦ ᠪᠠ ᠳᠤᠳᠠᠭᠤᠳᠠᠯ ᠢ ᠨᠦᠬᠦᠪᠤᠷᠢᠯᠡᠬᠦ ᠠᠵᠢᠯ ᠤᠨ ᠭᠤᠤᠯᠳᠠᠯᠭ᠎ᠠ ᠬᠤᠪᠢᠷᠠᠬᠤ ᠦᠭᠡᠢ᠂ ᠠᠵᠤ ᠠᠬᠤᠢ ᠶᠢᠨ ᠡᠷᠬᠢᠯᠳᠡ ᠶᠢ ᠳᠤᠬᠢᠷᠠᠭᠤᠯᠬᠤ᠂ | ᠭᠤᠤᠯᠳᠠᠯᠭ᠎ᠠ ᠲᠠᠢ ᠳᠦᠷᠤᠯ ᠵᠤᠶᠢᠯ ᠤᠨ ᠪᠦᠳᠤᠭᠡᠨ ᠪᠠᠶᠢᠭᠤᠯᠤᠯᠳᠠ ᠬᠢᠬᠦ᠂ ᠬᠤᠳᠠᠯᠳᠤᠭ᠎ᠠ ᠬᠢᠬᠦ ᠤᠷᠴᠢᠨ ᠠᠬᠤᠢ ᠶᠢ ᠰᠠᠶᠢᠵᠢᠷᠠᠭᠤᠯᠬᠤ᠂ ᠠᠷᠠᠯᠵᠢᠶᠠᠴᠢᠨ ᠤᠷᠢᠵᠤ | ᠪᠡᠯᠡ ᠳᠠᠳᠠᠬᠤ ᠶᠢ ᠠᠳᠬᠤᠬᠤ ᠠᠵᠢᠯ ᠤᠨ ᠬᠦᠴᠤᠯᠡᠴᠡ ᠨᠢ ᠬᠤᠪᠢᠷᠠᠬᠤ ᠦᠭᠡᠢ ᠪᠠᠶᠢᠵᠤ᠂ ᠡᠨᠡ ᠵᠢᠯ ᠳᠤᠬᠳᠠᠮᠠᠯ ᠬᠦᠷᠦᠩᠭᠡ ᠶᠢᠨ ᠪᠡᠯᠡ ᠤᠷᠤᠭᠤᠯᠬᠤ ᠠᠵᠤ | ᠠᠬᠤᠶᠢᠯᠠᠯ ᠤᠨ ᠳᠤᠬᠳᠠᠭᠤᠨ ᠨᠡᠮᠡᠭᠳᠡᠯ ᠢ ᠴᠢᠷᠮᠠᠶᠢᠨ ᠪᠡᠶᠡᠯᠡᠬᠦᠯᠵᠤ᠂ ᠭᠡᠷᠡᠭᠯᠡᠭᠡᠨ ᠤ ᠵᠠᠬ᠎ᠠ ᠳᠡᠯᠭᠡᠬᠦᠷ ᠤᠨ ᠴᠢᠨᠠᠷ ᠳᠡᠰ ᠢ ᠢᠯᠡᠷᠭᠡᠢ ᠰᠠᠶᠢᠵᠢᠷᠠᠭᠤᠯᠵᠤ᠂ ᠨᠡᠶᠢᠭᠡᠮ ᠤᠨ | ᠪᠡᠯᠡ ᠤᠷᠤᠭᠤᠯᠤᠯᠳᠠ ᠶᠢᠨ ᠢᠳᠡᠭᠡᠯ ᠢ ᠪᠦᠬᠦ ᠳᠠᠯ᠎ᠠ ᠪᠠᠷ ᠰᠠᠶᠢᠵᠢᠷᠠᠭᠤᠯᠬᠤ ᠶᠢ ᠪᠡᠶᠡᠯᠡᠬᠦᠯᠤᠨ᠎ᠠ᠃ ᠬᠤᠶᠠᠷ ᠲᠤ ᠳᠡᠭᠡᠳᠤ ᠱᠠᠳᠤᠨ ᠤ ᠳᠦᠷᠦ ᠶᠢᠨ ᠪᠤᠳᠤᠯᠭ᠎ᠠ ᠶᠢ | ᠦᠨᠡᠨ ᠬᠦ ᠪᠦᠳᠤᠮᠵᠢᠳᠡᠢ ᠳᠤᠤᠱᠯᠠᠭᠤᠯᠤᠨ᠎ᠠ᠃ ᠤᠯᠤᠰ ᠤᠨ ᠭᠠᠶᠢᠯᠢ ᠶᠢ ᠬᠦᠩᠭᠡᠷᠡᠬᠦᠯᠤᠨ ᠰᠤᠶᠢᠳᠭᠡᠯ ᠢ ᠪᠠᠭᠤᠷᠠᠭᠤᠯᠬᠤ᠂ ᠬᠠᠩᠭᠠᠯᠭ᠎ᠠ ᠶᠢ ᠰᠢᠯᠢᠳᠡᠭᠵᠢᠬᠦᠯᠬᠦ᠂ | ᠳᠤᠳᠤᠭᠠᠳᠤ ᠭᠡᠷᠡᠭᠴᠡᠭᠡ ᠶᠢ ᠳᠠᠶᠢᠴᠢᠯᠠᠬᠤ᠂ ᠠᠵᠢᠯ ᠤᠯᠭᠤᠯᠳᠠ ᠶᠢ ᠦᠷᠭᠡᠳᠭᠡᠬᠦ ᠵᠡᠷᠭᠡ ᠳᠠᠯ᠎ᠠ ᠶᠢᠨ ᠳᠦᠷᠦ ᠶᠢᠨ ᠪᠤᠳᠤᠯᠭ᠎ᠠ ᠠᠷᠭ᠎ᠠ ᠭᠡᠮᠵᠢᠶ᠎ᠠ ᠶᠢ ᠳᠡᠷᠡ ᠭᠡᠪ | ᠢᠶᠠᠷ ᠨᠢ ᠳᠤᠤᠱᠯᠠᠭᠤᠯᠤᠨ ᠤᠷᠤᠨᠵᠢᠭᠤᠯᠵᠤ᠂ ᠨᠠᠶᠢᠳᠠᠪᠤᠷᠢᠵᠢᠭᠤᠯᠬᠤ ᠴᠢᠭᠯᠡᠯᠳᠤ ᠴᠢᠨᠠᠷ ᠪᠠ ᠪᠦᠳᠤᠮᠵᠢᠳᠤ ᠴᠢᠨᠠᠷ ᠢ ᠨᠡᠮᠡᠭᠳᠡᠬᠦᠯᠤᠨ᠂ ᠳᠦᠷᠦ ᠶᠢᠨ ᠪᠤᠳᠤᠯᠭ᠎ᠠ ᠶᠢᠨ | ᠬᠠᠮᠤᠭ ᠤᠨ ᠶᠡᠭᠡ ᠨᠦᠯᠦᠭᠡᠯᠡᠯ ᠢ ᠪᠠᠳᠠᠷᠠᠭᠤᠯᠤᠨ᠂ ᠳᠦᠷᠦ ᠶᠢᠨ ᠪᠤᠳᠤᠯᠭ᠎ᠠ ᠶᠢᠨ ᠠᠵᠠ ᠳᠤᠬᠢᠶᠠᠯ ᠢ ᠬᠦᠭᠵᠢᠯᠳᠡ ᠶᠢᠨ ᠬᠦᠳᠡᠯᠭᠡᠭᠴᠢ ᠬᠦᠴᠤᠨ ᠪᠤᠯᠭᠠᠨ᠎ᠠ᠃ | ᠭᠤᠷᠪᠠ ᠳᠤ ᠳᠡᠤᠭᠡᠨ ᠠᠰᠠᠭᠤᠳᠠᠯ ᠢ ᠢᠳᠡᠪᠬᠢᠳᠡᠢ ᠯᠠᠪᠳᠠᠭᠤᠨ ᠢᠶᠠᠷ ᠰᠢᠢᠳᠪᠤᠷᠢᠯᠡᠨ᠎ᠠ᠃ ᠵᠠᠰᠠᠭ ᠤᠨ ᠤᠷᠳᠤᠨ ᠤ ᠰᠠᠯᠠᠭ᠎ᠠ ᠮᠦᠴᠢᠷ ᠪᠠ ᠤᠯᠤᠰ ᠤᠨ ᠦᠮᠴᠢᠯᠡᠯᠳᠤ | ᠠᠵᠤ ᠠᠬᠤᠶᠢᠯᠠᠯ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠦᠷᠢᠳᠦᠭᠰᠡᠨ ᠠᠰᠠᠭᠤᠳᠠᠯ ᠢ ᠳᠤᠬᠢᠳᠠᠢ ᠰᠢᠢᠳᠪᠤᠷᠢᠯᠡᠵᠤ᠂ ᠨᠡᠬᠦᠯᠭᠡᠨ ᠰᠢᠯᠵᠢᠬᠦᠯᠦᠭᠰᠡᠨ | ᠮᠠᠯᠴᠢᠨ ᠳᠠᠷᠢᠶᠠᠴᠢᠳ ᠤᠨ ᠳᠤᠬᠳᠠᠭᠤᠨ ᠢᠶᠠᠷ ᠠᠵᠢᠯ ᠤᠯᠬᠤ ᠪᠠ ᠦᠷᠬᠦᠯᠵᠢᠯᠡᠭᠰᠡᠨ ᠬᠦᠭᠵᠢᠯᠳᠡ ᠶᠢᠨ ᠠᠰᠠᠭᠤᠳᠠᠯ ᠢ ᠳᠤᠬᠢᠳᠠᠢ ᠰᠢᠢᠳᠪᠤᠷᠢᠯᠡᠨ᠂ ᠶᠠᠭᠠᠬᠢᠬᠰᠠᠨ | ᠴᠦ ᠠᠰᠠᠭᠤᠳᠠᠯ ᠢ ᠤᠯᠠᠮ ᠠᠴᠠ ᠤᠯᠠᠮ ᠬᠤᠷᠠᠮᠳᠤᠭᠤᠯᠵᠤ᠂ ᠤᠯᠠᠮ ᠠᠴᠠ ᠤᠯᠠᠮ ᠪᠤᠳᠤᠯᠢᠶᠠᠨᠳᠠᠢ ᠪᠤᠯᠭᠠᠬᠤ ᠦᠭᠡᠢ᠂ ︽ᠳᠡᠤᠭᠡᠨ ᠠᠰᠠᠭᠤᠳᠠᠯ ᠢ ᠬᠦᠨᠳᠤᠳᠭᠡᠨ᠂ | ᠤᠳᠤᠬᠠᠨ ᠤ ᠪᠠᠶᠢᠳᠠᠯ ᠢ ᠴᠦ ᠤᠮᠳᠤᠭᠠᠶᠢᠯᠠᠬᠤ ᠦᠭᠡᠢ︾ ᠪᠠᠶᠢᠬᠤ ᠵᠠᠷᠴᠢᠮ ᠢᠶᠠᠷ᠂ ᠳᠡᠤᠭᠡᠨ ᠠᠴᠠ ᠦᠯᠡᠳᠡᠭᠳᠡᠵᠤ ᠢᠷᠡᠭᠰᠡᠨ ᠠᠰᠠᠭᠤᠳᠠᠯ ᠢ ᠳᠦᠯᠦᠪᠯᠡᠭᠡ ᠲᠠᠢ᠂ | ᠠᠯᠬᠤᠮ ᠳᠠᠷᠠᠭ᠎ᠠ ᠲᠠᠢ᠂ ᠬᠦᠴᠤᠳᠡᠢ ᠰᠢᠢᠳᠪᠤᠷᠢᠯᠡᠨ᠎ᠠ᠃ | ᠳᠡᠭᠡᠷ᠎ᠠ ᠳᠤᠷᠠᠳᠤᠬᠰᠠᠨ ᠬᠠᠷᠠᠯᠳᠠ ᠶᠢᠨ ᠳᠤᠭᠤᠷᠢᠨ ᠳᠤ᠂ ᠳᠤᠤᠷᠠᠬᠢ ᠠᠵᠢᠯ ᠤᠳ ᠢ ᠭᠤᠤᠯᠳᠠᠯᠭ᠎ᠠ ᠲᠠᠢ ᠰᠠᠶᠢᠳᠤᠷ ᠬᠢᠨ᠎ᠠ᠄ | ︵ᠨᠢᠭᠡ︶ ︽ᠭᠤᠷᠪᠠᠨ ᠶᠡᠭᠡ ᠪᠤᠭᠤᠮᠳᠠ ᠰᠢᠪᠳᠤᠯᠬᠤ ᠳᠠᠶᠢᠯᠠᠯᠳᠤᠭᠠᠨ︾ ᠢ ᠦᠷᠬᠦᠯᠵᠢᠯᠡᠨ ᠰᠠᠶᠢᠳᠤᠷ ᠬᠢᠵᠤ᠂ ᠴᠢᠨᠠᠷ ᠰᠠᠶᠢᠳᠠᠢ ᠬᠦᠭᠵᠢᠯᠳᠡ ᠶᠢᠨ | ᠬᠤᠷᠢᠭ᠎ᠠ ᠱᠤᠭᠤᠮ ᠢ ᠰᠠᠬᠢᠨ᠎ᠠ᠃ ᠨᠢᠭᠡᠨᠳᠡ ᠤᠯᠤᠬᠰᠠᠨ ᠦᠷ᠎ᠠ ᠪᠦᠳᠤᠮᠵᠢ ᠪᠠᠨ ᠦᠷᠬᠦᠯᠵᠢᠯᠡᠨ ᠪᠠᠳᠤᠳᠬᠠᠨ᠂ ᠳᠤᠪᠤᠶᠢᠮ᠎ᠠ ᠠᠰᠠᠭᠤᠳᠠᠯ ᠳᠤ ᠴᠢᠭᠯᠡᠬᠦᠯᠤᠨ | ᠭᠤᠤᠯᠳᠠᠯᠭ᠎ᠠ ᠲᠠᠢ ᠳᠠᠶᠢᠯᠠᠯᠳᠤᠭᠠᠨ ᠢ ᠰᠠᠶᠢᠳᠤᠷ ᠬᠢᠵᠤ᠂ ︽ᠭᠤᠷᠪᠠᠨ ᠶᠡᠭᠡ ᠪᠤᠭᠤᠮᠳᠠ ᠰᠢᠪᠳᠤᠯᠬᠤ ᠳᠠᠶᠢᠯᠠᠯᠳᠤᠭᠠᠨ︾ ᠤ ᠨᠡᠩ ᠶᠡᠭᠡ ᠨᠡᠩ ᠰᠠᠶᠢᠨ ᠦᠷ᠎ᠠ | ᠪᠦᠳᠤᠮᠵᠢ ᠤᠯᠬᠤ ᠶᠢ ᠡᠷᠴᠢᠮᠳᠡᠢ ᠠᠬᠢᠭᠤᠯᠤᠨ᠎ᠠ᠃ | ᠬᠦᠨᠳᠤ ᠶᠡᠭᠡ ᠠᠶᠤᠯ ᠳᠦᠭᠰᠢᠬᠦᠷᠢ ᠶᠢ ᠰᠡᠷᠭᠡᠶᠢᠯᠡᠨ ᠨᠠᠮᠳᠠᠭᠤᠯᠤᠨ᠎ᠠ᠃ ᠪᠦᠬᠦ ᠵᠢᠯ ᠳᠤ ᠵᠠᠰᠠᠭ ᠤᠨ ᠤᠷᠳᠤᠨ ᠤ ᠦᠷᠢ ᠰᠢᠷᠢ ᠶᠢ 12.8 ᠳ᠋ᠦᠩᠰᠢᠭᠤᠷ | ᠳᠦᠬᠦᠷᠢᠭ ᠨᠠᠮᠳᠠᠭᠤᠯᠵᠤ᠂ ᠳᠠᠯᠳᠠ ᠴᠢᠨᠠᠷᠳᠠᠢ ᠦᠷᠢ ᠰᠢᠷᠢ ᠶᠢ ᠨᠠᠮᠳᠠᠭᠤᠯᠬᠤ ᠶᠢ ᠨᠡᠩ ᠴᠢᠬᠤᠯᠠᠴᠢᠯᠠᠨ᠂ ᠪᠦᠬᠦ ᠦᠷᠢ ᠰᠢᠷᠢ ᠶᠢ ᠪᠠᠭᠠᠰᠬᠠᠵᠤ ᠵᠦᠢ ᠵᠤᠬᠢᠰᠳᠠᠢ | ᠪᠤᠯᠭᠠᠵᠤ᠂ ᠠᠶᠤᠯ ᠳᠦᠭᠰᠢᠬᠦᠷᠢ ᠶᠢᠨ ᠵᠡᠷᠭᠡ ᠳᠡᠰ ᠢ ᠪᠠᠭᠤᠷᠠᠭᠤᠯᠤᠨ ᠭᠤᠤᠯᠳᠠᠯᠭ᠎ᠠ ᠲᠠᠢ ᠠᠶᠤᠯ ᠳᠦᠭᠰᠢᠬᠦᠷᠢ ᠶᠢ ᠤᠷᠢᠳᠴᠢᠯᠠᠨ ᠰᠡᠷᠡᠮᠵᠢᠯᠡᠬᠦᠯᠬᠦ ᠤᠷᠤᠨ | ᠳᠤᠭᠤᠷᠢᠭ ᠢ ᠠᠶᠤᠯ ᠳᠦᠭᠰᠢᠬᠦᠷᠢ ᠶᠢ ᠰᠠᠨᠠᠭᠤᠯᠬᠤ ᠤᠷᠤᠨ ᠳᠤᠭᠤᠷᠢᠭ ᠪᠤᠯᠭᠠᠨ᠎ᠠ᠃ ᠦᠷᠢ ᠰᠢᠷᠢ ᠶᠢ ᠨᠠᠮᠳᠠᠭᠤᠯᠬᠤ ᠠᠷᠭ᠎ᠠ ᠭᠡᠯᠪᠡᠷᠢ ᠶᠢ ᠴᠢᠨᠠᠬᠰᠢᠳᠠ ᠰᠢᠨᠡᠴᠢᠯᠡᠨ | ᠂ ᠡᠳ᠋ ᠤᠨ ᠵᠠᠰᠠᠭ ᠤᠨ ᠪᠡᠯᠡ ᠮᠦᠩᠬᠦᠨ ᠤ ᠰᠢᠭᠤᠳ ᠳᠦᠯᠦᠬᠦ ᠬᠠᠷᠢᠴᠠᠯ ᠢ ᠨᠡᠮᠡᠭᠳᠡᠬᠦᠯᠤᠨ᠎ᠠ᠃ ᠡᠳ᠋ ᠤᠨ ᠵᠠᠰᠠᠭ ᠤᠨ ᠡᠩ ᠤᠨ ᠴᠢᠨᠠᠷᠳᠠᠢ ᠵᠠᠷᠤᠯᠭ᠎ᠠ ᠶᠢ ᠴᠢᠩᠭ᠎ᠠ | ᠬᠤᠷᠢᠬᠯᠠᠨ᠂ ᠠᠯᠪᠠᠨ ᠪᠠᠶᠢᠭᠤᠯᠭ᠎ᠠ ᠶᠢᠨ ᠠᠯᠪᠠᠨ ᠤ ᠵᠠᠷᠤᠳᠠᠯ᠂ ᠵᠠᠮ ᠬᠠᠷᠢᠯᠴᠠᠭᠠᠨ ᠤ ᠰᠤᠶᠢᠳᠭᠡᠯ ᠤᠨ ᠳᠤᠬᠳᠠᠬᠰᠠᠨ ᠪᠠᠷᠢᠮᠵᠢᠶ᠎ᠠ ᠶᠢ ᠨᠢᠳᠤᠨᠤᠨ ᠤ ᠰᠠᠭᠤᠷᠢᠨ | ᠳᠡᠭᠡᠷ᠎ᠠ 7% ᠪᠠᠷ ᠪᠠᠭᠠᠰᠬᠠᠵᠤ᠂ ᠬᠤᠳᠠ ᠶᠢᠨ ᠬᠠᠮᠢᠶᠠᠷᠤᠯᠳᠠ ᠶᠢᠨ ᠡᠩ ᠤᠨ ᠴᠢᠨᠠᠷᠳᠠᠢ ᠵᠠᠷᠤᠯᠭ᠎ᠠ ᠶᠢ 16% ᠪᠠᠷ ᠪᠠᠭᠠᠰᠬᠠᠨ᠂ ᠴᠢᠬᠤᠯᠠ ᠦᠭᠡᠢ ᠵᠠᠷᠤᠯᠭ᠎ᠠ ᠶᠢ | ᠡᠷᠡᠰ ᠪᠠᠭᠠᠰᠬᠠᠨ᠎ᠠ᠃ ᠨᠢᠭᠡᠳᠤᠯᠳᠡᠢ ᠦᠷᠢ ᠰᠢᠷᠢ ᠶᠢᠨ ᠬᠠᠮᠢᠶᠠᠷᠤᠯᠳᠠ ᠶᠢᠨ ᠰᠢᠰᠲ᠋ᠧᠮ ᠢ ᠦᠷᠬᠦᠯᠵᠢᠯᠡᠨ ᠳᠡᠬᠦᠯᠳᠡᠷᠵᠢᠬᠦᠯᠵᠤ᠂ ᠦᠷᠢ ᠰᠢᠷᠢ ᠶᠢ ᠬᠢᠨᠠᠨ ᠡᠵᠡᠮᠳᠡᠬᠦ | ᠪᠠ ᠠᠶᠤᠯ ᠳᠦᠭᠰᠢᠬᠦᠷᠢ ᠶᠢ ᠤᠷᠢᠳᠴᠢᠯᠠᠨ ᠰᠡᠷᠡᠮᠵᠢᠯᠡᠬᠦᠯᠬᠦ ᠳᠤᠬᠳᠠᠴᠠ ᠶᠢ ᠪᠦᠷᠢᠨᠰᠢᠬᠦᠯᠤᠨ᠂ ᠦᠷᠢ ᠬᠢᠵᠤ ᠬᠦᠭᠵᠢᠬᠦ ᠶᠢ ᠦᠨᠳᠤᠰᠤᠨ ᠠᠴᠠ ᠨᠢ ᠬᠤᠷᠢᠬᠯᠠᠨ᠎ᠠ᠃ | ᠮᠦᠩᠬᠦᠨ ᠬᠦᠢᠯᠭᠡᠭᠡᠨ ᠤ ᠬᠦᠷᠢᠶ᠎ᠠ ᠴᠠᠷᠠᠭ᠎ᠠ ᠶᠢᠨ ᠬᠦᠳᠡᠯᠤᠩᠬᠦᠢ ᠪᠠᠶᠢᠳᠠᠯ ᠢ ᠨᠢᠬᠳᠠ ᠠᠩᠬᠠᠷᠴᠤ᠂ ᠮᠦᠩᠬᠦᠨ ᠬᠦᠢᠯᠭᠡᠭᠡᠨ ᠤ ᠰᠠᠮᠠᠭᠤᠨ ᠦᠵᠡᠭᠳᠡᠯ ᠢ ᠡᠷᠡᠰ | ᠵᠠᠰᠠᠨ ᠴᠡᠭᠴᠡᠯᠡᠵᠤ᠂ ᠬᠠᠤᠯᠢ ᠪᠤᠰᠤ ᠪᠠᠷ ᠵᠤᠭᠤᠰ ᠴᠤᠬᠯᠠᠭᠤᠯᠬᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠤ᠂ ᠰᠢᠰᠲ᠋ᠧᠮᠳᠤ ᠴᠢᠨᠠᠷᠳᠠᠢ ᠮᠦᠩᠬᠦᠨ | ᠬᠦᠢᠯᠭᠡᠭᠡᠨ ᠤ ᠠᠶᠤᠯ ᠳᠦᠭᠰᠢᠬᠦᠷᠢ ᠡᠬᠦᠰᠬᠦ ᠦᠭᠡᠢ ᠪᠠᠶᠢᠬᠤ ᠬᠤᠷᠢᠭ᠎ᠠ ᠱᠤᠭᠤᠮ ᠢ ᠰᠠᠬᠢᠨ᠎ᠠ᠃ | ᠤᠨᠢᠨ ᠳᠡᠭᠡᠷ᠎ᠠ ᠨᠢ ᠶᠠᠳᠠᠭᠤ ᠶᠢ ᠳᠡᠳᠬᠦᠬᠦ ᠶᠢ ᠯᠠᠪᠳᠠᠭᠤᠨ ᠪᠠᠳᠤᠳᠠᠢ ᠰᠠᠶᠢᠳᠤᠷ ᠬᠢᠨ᠎ᠠ᠃ ᠮᠠᠨ ᠤ ᠳᠤᠭᠤᠷᠢᠭ ᠤᠨ ᠳᠠᠩᠰᠠ ᠡᠪᠭᠡᠮᠡᠯ ᠪᠠᠶᠢᠭᠤᠯᠤᠬᠰᠠᠨ | ᠦᠭᠡᠢ ᠶᠠᠳᠠᠭᠤ ᠬᠦᠴᠢᠷᠳᠡᠯᠳᠡᠢ ᠡᠷᠤᠭᠡ ᠶᠢᠨ ᠪᠤᠳᠠᠳᠤ ᠪᠠᠶᠢᠳᠠᠯ ᠠᠴᠠ ᠡᠬᠦᠰᠤᠨ᠂ ᠡᠨᠡ ᠵᠢᠯ ᠶᠠᠳᠠᠭᠤ ᠶᠢ ᠳᠡᠳᠬᠦᠬᠦ ᠠᠵᠢᠯ ᠤᠨ ᠭᠤᠤᠯᠳᠠᠯᠭ᠎ᠠ ᠶᠢ ᠰᠢᠯᠵᠢᠬᠦᠯᠦᠭᠰᠡᠨ | ᠳᠠᠷᠢᠶᠠᠴᠢᠳ ᠪᠠ ᠳᠤᠤᠷ᠎ᠠ ᠤᠷᠤᠯᠭ᠎ᠠ ᠲᠠᠢ ᠬᠦᠮᠤᠰ ᠤᠨ ᠤᠷᠤᠯᠭ᠎ᠠ ᠶᠢ ᠨᠡᠮᠡᠭᠳᠡᠬᠦᠯᠵᠤ ᠴᠢᠨᠡᠭᠡᠯᠢᠭᠵᠢᠬᠦᠯᠬᠦ ᠳᠡᠭᠡᠷ᠎ᠠ ᠳᠠᠯᠪᠢᠵᠤ᠂ ᠦᠨᠳᠤᠰᠤᠨ ᠠᠮᠢᠳᠤᠷᠠᠯ ᠢ | ᠪᠠᠳᠤᠯᠠᠨ ᠰᠠᠶᠢᠵᠢᠷᠠᠭᠤᠯᠵᠤ᠂ ᠦᠷᠬᠦᠯᠵᠢᠯᠡᠭᠰᠡᠨ ᠬᠦᠭᠵᠢᠯᠳᠡ ᠶᠢᠨ ᠠᠰᠠᠭᠤᠳᠠᠯ ᠢ ᠰᠢᠢᠳᠪᠤᠷᠢᠯᠡᠨ᠂ ᠨᠢᠭᠡ ᠬᠦᠮᠤᠨ ᠢ ᠴᠤ ᠭᠡᠳ ᠴᠢᠨᠡᠭᠡᠯᠢᠭ ᠨᠡᠶᠢᠭᠡᠮ ᠤᠨ ᠵᠠᠮ | ᠳᠡᠭᠡᠷ᠎ᠠ ᠡᠩᠨᠡᠭᠡᠨ ᠠᠴᠠ ᠨᠢ ᠬᠤᠴᠤᠷᠤᠭᠤᠯᠬᠤ ᠦᠭᠡᠢ᠃ ᠬᠦᠳᠡᠭᠡ ᠳᠤᠰᠬᠤᠨ ᠳᠤ ᠦᠯᠡᠳᠡᠭᠰᠡᠨ 16 ᠡᠷᠤᠭᠡ ᠳᠤ ︽ᠬᠤᠳᠠ ᠳᠤ ᠤᠷᠤᠬᠤ︾ ᠨᠦᠬᠦᠴᠡᠯ ᠢ | ᠪᠦᠷᠢᠯᠳᠦᠬᠦᠯᠤᠨ᠂ ᠰᠢᠯᠵᠢᠬᠦᠯᠵᠤ ᠳᠤᠬᠢᠷᠠᠭᠤᠯᠤᠬᠰᠠᠨ ᠤ ᠳᠠᠷᠠᠭᠠᠬᠢ ︽ᠠᠵᠢᠯ ᠤᠯᠭᠤᠬᠤ ᠳᠤ ᠬᠦᠴᠢᠷ︾ ︽ᠠᠮᠢᠳᠤᠷᠠᠬᠤ ᠳᠤ ᠬᠦᠴᠢᠷ︾ ᠵᠡᠷᠭᠡ ᠳᠠᠷᠤᠭᠠᠰᠤ ᠶᠢ | ᠨᠢ ᠤᠯᠠᠨ ᠠᠷᠭ᠎ᠠ ᠵᠠᠮ ᠢᠶᠠᠷ ᠰᠢᠢᠳᠪᠤᠷᠢᠯᠡᠨ᠎ᠠ᠃ ᠰᠢᠨ᠎ᠠ ᠨᠢᠭᠡ ᠡᠭᠡᠯᠵᠢ ᠶᠢᠨ ᠤᠶᠢᠯᠡᠰ ᠪᠦᠳᠤᠭᠡᠵᠤ ᠠᠵᠢᠯ ᠤᠯᠭᠤᠬᠤ ᠠᠵᠢᠯᠯᠠᠭᠠᠨ ᠤ ᠳᠦᠯᠦᠪᠯᠡᠭᠡ ᠶᠢ ᠡᠬᠢᠯᠡᠨ | ᠭᠡᠷᠡᠭᠵᠢᠬᠦᠯᠵᠤ᠂ ︽ᠪᠤᠯᠪᠠᠰᠤᠷᠠᠯ + ᠠᠵᠢᠯ ᠤᠯᠭᠤᠯᠳᠠ + ᠨᠡᠶᠢᠭᠡᠮ ᠤᠨ ᠳᠠᠭᠠᠳᠬᠠᠯ︾ ᠳᠤ ᠤᠷᠤᠯᠴᠠᠭᠤᠯᠬᠤ ᠨᠢᠭᠡ ᠪᠦᠯᠦᠭ ᠬᠠᠪᠰᠤᠷᠤᠨ ᠳᠡᠳᠬᠦᠬᠦ ᠳᠦᠰᠤᠯ ᠢ | ᠳᠤᠬᠳᠠᠭᠠᠨ᠂ ︽ᠠᠵᠢᠯ ᠲᠠᠢ ᠬᠦᠮᠤᠨ ᠦᠭᠡᠢ︾ ᠭᠡᠷ ᠪᠦᠯᠢ ᠶᠢ ᠦᠭᠡᠢ ᠪᠤᠯᠭᠠᠬᠤ ᠶᠢ ᠪᠡᠶᠡᠯᠡᠬᠦᠯᠵᠤ᠂ ᠰᠢᠯᠵᠢᠬᠦᠯᠦᠭᠰᠡᠨ ᠮᠠᠯᠴᠢᠨ ᠳᠠᠷᠢᠶᠠᠴᠢᠳ ᠪᠠ ᠳᠤᠤᠷ᠎ᠠ | ᠤᠷᠤᠯᠭ᠎ᠠ ᠲᠠᠢ ᠬᠦᠮᠤᠰ ᠤᠨ ᠬᠦᠳᠡᠯᠮᠤᠷᠢ ᠬᠦᠴᠤᠨ ᠤ ᠤᠷᠤᠯᠭ᠎ᠠ ᠪᠠ ᠡᠳ᠋ ᠬᠦᠷᠦᠩᠭᠡ ᠶᠢᠨ ᠴᠢᠨᠠᠷᠳᠠᠢ ᠤᠷᠤᠯᠭ᠎ᠠ ᠶᠢ ᠳᠤᠬᠳᠠᠭᠤᠨ ᠢᠶᠠᠷ ᠨᠡᠮᠡᠭᠳᠡᠬᠦᠯᠬᠦ ᠶᠢ | ᠠᠬᠢᠭᠤᠯᠤᠨ᠎ᠠ᠃ ᠵᠠᠰᠠᠭ ᠤᠨ ᠤᠷᠳᠤᠨ᠂ ᠠᠵᠤ ᠠᠬᠤᠶᠢᠯᠠᠯ ᠪᠠ ᠨᠡᠶᠢᠭᠡᠮ ᠤᠨ ᠵᠤᠬᠢᠶᠠᠨ ᠪᠠᠶᠢᠭᠤᠯᠤᠯᠳᠠ ᠶᠢᠨ ᠶᠠᠳᠠᠭᠤ ᠶᠢ ᠳᠡᠳᠬᠦᠵᠤ ᠬᠦᠴᠢᠷᠳᠡᠯ ᠲᠠᠢ ᠶᠢ | ᠬᠠᠪᠰᠤᠷᠤᠬᠤ ᠬᠠᠮᠳᠤᠷᠠᠯ ᠬᠦᠴᠤᠨ ᠢ ᠳᠦᠷᠭᠡᠨ ᠪᠦᠷᠢᠯᠳᠦᠬᠦᠯᠵᠤ᠂ ᠬᠦᠨᠳᠤ ᠡᠪᠡᠳᠴᠢᠨ ᠲᠠᠢ᠂ ᠭᠤᠤᠨᠢ ᠭᠠᠭᠴᠠ᠂ ᠦᠷ᠎ᠠ ᠬᠡᠤᠬᠡᠳ ᠦᠭᠡᠢ ᠵᠡᠷᠭᠡ ᠤᠨᠴᠠ | ᠬᠦᠴᠢᠷᠳᠡᠯ ᠲᠠᠢ ᠭᠡᠷ ᠪᠦᠯᠢ ᠳᠤ ᠴᠢᠭᠯᠡᠬᠦᠯᠤᠨ᠂ ᠳᠤᠬᠳᠠᠪᠤᠷᠢᠳᠠᠢ ᠦᠷᠬᠦᠯᠵᠢᠯᠡᠬᠦ ᠴᠢᠨᠠᠷᠳᠠᠢ ᠠᠪᠤᠷᠠᠨ ᠳᠤᠰᠠᠯᠠᠬᠤ ᠳᠤᠬᠳᠠᠴᠠ ᠶᠢ ᠪᠠᠶᠢᠭᠤᠯᠤᠨ᠂ ᠤᠨᠢᠨ ᠳᠡᠭᠡᠷ᠎ᠠ | ᠨᠢ ᠬᠠᠪᠰᠤᠷᠤᠨ ᠤᠭ ᠦᠨᠳᠤᠰᠤᠨ ᠠᠴᠠ ᠨᠢ ᠳᠡᠳᠬᠦᠬᠦ ᠶᠢ ᠪᠠᠳᠤᠯᠠᠨ᠎ᠠ᠃ ᠬᠤᠳᠠ ᠬᠦᠳᠡᠭᠡ ᠶᠢ ᠨᠢᠭᠡᠳᠤᠯᠳᠡᠢ ᠳᠦᠯᠦᠪᠵᠢᠬᠦᠯᠦᠭᠰᠡᠨ ᠬᠦᠷᠢᠶᠡᠯᠡᠩ ᠳᠤᠭᠤᠷᠢᠭ ᠤᠨ | ᠬᠦᠭᠵᠢᠯᠳᠡ ᠶᠢ ᠳᠦᠷᠭᠡᠳᠭᠡᠨ᠂ ᠠᠵᠤ ᠤᠶᠢᠯᠡᠰ ᠤᠨ ᠬᠦᠭᠵᠢᠯᠳᠡ ᠶᠢ ᠠᠬᠢᠭᠤᠯᠵᠤ᠂ ᠬᠤᠳᠠ ᠶᠢᠨ ᠴᠢᠳᠠᠪᠬᠢ ᠶᠢ ᠳᠡᠬᠦᠯᠳᠡᠷᠵᠢᠬᠦᠯᠤᠨ᠂ ᠬᠦᠮᠤᠨ ᠠᠷᠠᠳ ᠤᠨ | ᠤᠷᠤᠰᠢᠨ ᠰᠠᠭᠤᠷᠢᠰᠢᠬᠤ ᠤᠷᠴᠢᠨ ᠳᠤᠭᠤᠷᠢᠨ ᠢ ᠭᠤᠶᠤᠵᠢᠭᠤᠯᠵᠤ᠂ ᠭᠤᠤᠯᠳᠠᠯᠭᠠᠳᠤ ᠬᠤᠳᠠ ᠶᠢᠨ ᠳᠤᠭᠤᠷᠢᠭ ᠤᠨ ᠪᠦᠳᠤᠭᠡᠨ ᠪᠠᠶᠢᠭᠤᠯᠤᠯᠳᠠ ᠲᠠᠢ ᠵᠡᠷᠭᠡᠪᠡᠷ | ᠶᠠᠪᠤᠬᠳᠠᠭᠤᠯᠵᠤ᠂ ᠬᠦᠭᠵᠢᠯᠳᠡ ᠶᠢ ᠨᠢ ᠠᠬᠢᠭᠤᠯᠤᠯᠴᠠᠨ᠂ ᠵᠤᠬᠢᠴᠠᠩᠭᠤᠢ ᠪᠠᠷ ᠬᠠᠮᠳᠤᠪᠠᠷ ᠤᠷᠤᠬᠰᠢᠯᠠᠬᠤ ᠶᠢ ᠠᠬᠢᠭᠤᠯᠤᠨ᠎ᠠ᠃ | ᠠᠮᠢ ᠠᠬᠤᠢ ᠤᠷᠴᠢᠨ ᠳᠤᠭᠤᠷᠢᠨ ᠤ ᠬᠠᠮᠠᠭᠠᠯᠠᠯᠳᠠ ᠶᠢ ᠴᠢᠩᠭᠠᠳᠬᠠᠨ᠎ᠠ᠃ ᠰᠢ ᠶᠢᠨ ᠫᠢᠩ ᠶᠡᠷᠦᠩᠭᠡᠢ ᠱᠦᠵᠢ ᠶᠢᠨ ᠠᠷᠪᠠᠨ ᠭᠤᠷᠪᠠᠳᠤᠭᠠᠷ ᠬᠤᠭᠤᠴᠠᠭᠠᠨ | ᠤ ᠪᠦᠬᠦ ᠤᠯᠤᠰ ᠤᠨ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭ᠎ᠠ ᠶᠢᠨ ᠬᠤᠷᠠᠯ ᠳᠡᠭᠡᠷ᠎ᠠ ᠦᠪᠤᠷ ᠮᠤᠩᠭᠤᠯ ᠤᠨ | ᠳᠦᠯᠦᠭᠡᠯᠡᠭᠴᠢᠳ ᠤᠨ ᠪᠦᠯᠬᠦᠮ ᠤᠨ ᠬᠢᠨᠡᠨ ᠵᠦᠪᠯᠡᠬᠦ ᠳᠤ ᠤᠷᠤᠯᠴᠠᠬᠤ ᠦᠶᠡᠰ ᠤᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠪᠠ ︽ᠳᠦᠷᠪᠡᠨ ᠨᠢᠭᠡ ︾ ᠶᠢᠨ | ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠪᠦᠬᠦ ᠳᠠᠯ᠎ᠠ ᠪᠠᠷ ᠳᠤᠤᠱᠯᠠᠭᠤᠯᠤᠨ᠂ ᠠᠮᠢ ᠠᠬᠤᠢ ᠶᠢᠨ ᠪᠤᠯᠪᠠᠰᠤᠨ ᠤ ᠪᠦᠳᠤᠭᠡᠨ ᠪᠠᠶᠢᠭᠤᠯᠤᠯᠳᠠ ᠶᠢ ᠴᠢᠩᠭᠠᠳᠬᠠᠬᠤ | ᠪᠠᠶᠢᠯᠳᠤᠬᠤ ᠪᠤᠳᠤᠯᠭ᠎ᠠ ᠶᠢᠨ ᠳᠤᠬᠳᠠᠯ ᠬᠦᠴᠤ ᠶᠢ ᠴᠠᠭ ᠦᠷᠬᠦᠯᠵᠢ ᠪᠠᠳᠤᠯᠠᠨ᠂ ᠠᠮᠢ ᠠᠬᠤᠢ ᠶᠢ ᠤᠷᠢᠳᠠᠪᠠᠷ ᠴᠢᠬᠤᠯᠠᠴᠢᠯᠠᠬᠰᠠᠨ᠂ ᠪᠤᠬᠢᠷᠳᠤᠯ ᠦᠭᠡᠢ | ᠬᠦᠭᠵᠢᠯᠳᠡ ᠪᠠᠷ ᠤᠳᠤᠷᠢᠳᠤᠮᠵᠢ ᠪᠤᠯᠭᠠᠬᠰᠠᠨ ᠴᠢᠨᠠᠷ ᠰᠠᠶᠢᠳᠠᠢ ᠬᠦᠭᠵᠢᠯᠳᠡ ᠶᠢᠨ ᠰᠢᠨ᠎ᠠ ᠵᠠᠮ ᠢ ᠡᠷᠢᠯᠬᠢᠯᠡᠵᠤ᠂ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ | ᠬᠦᠴᠤᠯᠡᠴᠡ ᠪᠠᠨ ᠨᠡᠮᠡᠭᠳᠡᠬᠦᠯᠤᠨ᠂ ᠪᠤᠬᠢᠷᠳᠤᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠢ ᠰᠠᠶᠢᠳᠤᠷ ᠬᠢᠵᠤ᠂ ᠬᠢᠶ᠎ᠠ ᠪᠠᠭᠰᠢ ᠶᠢᠨ ᠬᠦᠭᠡ | ᠤᠬᠳᠠᠷᠭᠤᠢ ᠴᠠᠭᠠᠨ ᠡᠬᠦᠯᠡ ᠪᠠ ᠴᠡᠩᠭᠡᠭ ᠤᠰᠤ ᠬᠦᠬᠡᠮᠳᠦᠭ ᠠᠭᠤᠯᠠ ᠶᠢ ᠪᠠᠳᠤ ᠬᠠᠮᠠᠭᠠᠯᠠᠨ᠎ᠠ᠃ ᠬᠤᠳᠠ᠂ ᠤᠢ ᠰᠢᠭᠤᠢ᠂ ᠨᠤᠭᠤ ᠭᠠᠵᠠᠷ᠂ ᠰᠠᠪᠠ ᠭᠠᠵᠠᠷ᠂ | ᠳᠠᠷᠢᠶᠠᠨ ᠭᠠᠵᠠᠷ ᠵᠡᠷᠭᠡ ᠳᠠᠪᠤᠨ ᠠᠮᠢ ᠠᠬᠤᠢ ᠶᠢᠨ ᠰᠢᠰᠲ᠋ᠧᠮ ᠤᠨ ᠪᠦᠳᠤᠭᠡᠨ ᠪᠠᠶᠢᠭᠤᠯᠤᠯᠳᠠ ᠶᠢ ᠳᠦᠷᠭᠡᠳᠭᠡᠵᠤ᠂ ᠠᠭᠤᠯᠠ ᠤᠰᠤ ᠤᠢ ᠰᠢᠭᠤᠢ ᠳᠠᠷᠢᠶᠠᠨ | ᠭᠠᠵᠠᠷ ᠨᠠᠭᠤᠷ ᠴᠦᠬᠦᠷᠤᠮ ᠨᠤᠳᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠳᠠ ᠪᠠ ᠰᠡᠷᠬᠦᠯᠳᠡ ᠶᠢ ᠪᠦᠬᠦ ᠳᠠᠯ᠎ᠠ ᠪᠠᠷ ᠠᠬᠢᠭᠤᠯᠤᠨ᠎ᠠ᠃ ᠤᠯᠤᠰ ᠤᠨ ᠭᠠᠵᠠᠷ | ᠰᠢᠷᠤᠢ ᠶᠢ ᠨᠤᠭᠤᠭᠠᠷᠠᠭᠤᠯᠬᠤ ᠠᠵᠢᠯᠯᠠᠭ᠎ᠠ ᠶᠢ ᠦᠷᠨᠢᠬᠦᠯᠵᠤ᠂ 1 ᠳᠦᠮᠡᠨ ᠮᠤ᠋ ᠤᠶᠢᠵᠢᠭᠤᠯᠤᠯᠳᠠ ᠬᠢᠵᠤ᠂ ᠬᠤᠳᠠ ᠳᠤᠭᠤᠷᠢᠬᠰᠠᠨ ᠠᠮᠢ ᠠᠬᠤᠢ ᠶᠢᠨ ᠬᠠᠯᠬᠠᠪᠴᠢ | ᠶᠢ ᠪᠦᠷᠢᠯᠳᠦᠬᠦᠯᠤᠨ᠎ᠠ᠃ ᠭᠤᠤᠯ ᠤᠨ ᠠᠬᠠᠯᠠᠬᠴᠢ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠭᠤᠤᠯᠳᠠᠯᠭ᠎ᠠ ᠲᠠᠢ ᠰᠠᠪᠠ ᠭᠠᠵᠠᠷ᠂ ᠠᠮᠢ ᠠᠬᠤᠢ ᠶᠢᠨ | ᠤᠰᠤᠨ ᠰᠢᠰᠲ᠋ᠧᠮ ᠵᠢᠴᠢ ᠬᠤᠳᠠ ᠶᠢᠨ ᠭᠤᠤᠯ ᠤᠨ ᠤᠷᠤᠰᠬᠠᠯ ᠢ ᠵᠠᠰᠠᠬᠤ ᠶᠢ ᠴᠢᠩᠭᠠᠳᠬᠠᠵᠤ᠂ ᠤᠯᠠᠭᠠᠨᠮᠦ᠋ᠷᠡᠨ ᠤ ᠦᠵᠡᠮᠵᠢ ᠶᠢᠨ ᠭᠤᠤᠯ ᠤᠨ ᠤᠰᠤᠨ ᠤ ᠴᠢᠨᠠᠷ | ᠢ ᠰᠠᠶᠢᠵᠢᠷᠠᠭᠤᠯᠬᠤ ᠶᠢ ᠦᠷᠬᠦᠯᠵᠢᠯᠡᠨ ᠠᠬᠢᠭᠤᠯᠤᠨ᠎ᠠ᠃ ᠤᠷᠴᠢᠨ ᠳᠤᠭᠤᠷᠢᠨ ᠤ ᠬᠠᠮᠠᠭᠠᠯᠠᠯᠳᠠ ᠶᠢᠨ ᠡᠯ᠎ᠠ ᠳᠦᠷᠤᠯ ᠤᠨ ᠬᠢᠵᠠᠭᠠᠷᠯᠠᠬᠤ ᠴᠢᠨᠠᠷᠳᠠᠢ ᠵᠢᠭᠠᠯᠳᠠ | ᠳᠤᠭ᠎ᠠ ᠶᠢᠨ ᠡᠬᠦᠷᠭᠡ ᠶᠢ ᠪᠡᠶᠡᠯᠡᠬᠦᠯᠵᠤ᠂ ᠠᠭᠠᠷ ᠮᠠᠨᠳᠠᠯ ᠤᠨ ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯ ᠢ ᠰᠠᠶᠢᠳᠤᠷ ᠬᠢᠵᠤ᠂ ᠬᠤᠳᠠ ᠶᠢᠨ ᠠᠭᠠᠷ ᠤᠨ ᠴᠢᠨᠠᠷ | ᠰᠠᠶᠢᠵᠢᠷᠠᠬᠰᠠᠨ ᠡᠳᠤᠷ ᠤᠨ ᠳᠤᠭ᠎ᠠ ᠶᠢ ᠦᠷᠬᠦᠯᠵᠢᠯᠡᠨ ᠨᠡᠮᠡᠭᠳᠡᠬᠦᠯᠤᠨ᠎ᠠ᠃ | ︵ᠬᠤᠶᠠᠷ︶ ᠪᠦᠳᠤᠮᠵᠢᠳᠡᠢ ᠪᠡᠯᠡ ᠤᠷᠤᠭᠤᠯᠤᠯᠳᠠ ᠶᠢ ᠡᠷᠴᠢᠮᠳᠡᠢ ᠦᠷᠭᠡᠳᠭᠡᠨ᠂ ᠴᠢᠨᠠᠷ ᠰᠠᠶᠢᠳᠠᠢ ᠬᠦᠭᠵᠢᠯᠳᠡ ᠶᠢᠨ ᠰᠠᠭᠤᠷᠢ ᠶᠢ ᠪᠠᠳᠤᠳᠬᠠᠨ᠎ᠠ᠃ | ᠳᠦᠷᠤᠯ ᠵᠤᠶᠢᠯ ᠢ ᠠᠳᠬᠤᠬᠤ ᠪᠤᠯ ᠬᠦᠭᠵᠢᠯᠳᠡ ᠶᠢ ᠠᠳᠬᠤᠵᠤ ᠪᠠᠶᠢᠭ᠎ᠠ ᠶᠠᠪᠤᠳᠠᠯ ᠮᠦᠨ ᠭᠡᠬᠦ ᠤᠶᠢᠯᠠᠭᠠᠬᠳᠠᠬᠤᠨ ᠢ ᠪᠠᠷᠢᠮᠳᠠᠯᠠᠨ᠂ ᠳᠦᠷᠤᠯ ᠵᠤᠶᠢᠯ ᠤᠨ | ᠪᠦᠳᠤᠭᠡᠨ ᠪᠠᠶᠢᠭᠤᠯᠤᠯᠳᠠ ᠪᠠ ᠠᠷᠠᠯᠵᠢᠶᠠᠴᠢᠨ ᠤᠷᠢᠵᠤ ᠪᠡᠯᠡ ᠳᠠᠳᠠᠬᠤ ᠶᠢ ᠠᠵᠤ ᠠᠬᠤᠢ ᠶᠢᠨ ᠠᠵᠢᠯ ᠤᠨ ᠳᠡᠷᠢᠬᠦᠨ ᠴᠢᠬᠤᠯᠠ ᠡᠬᠦᠷᠭᠡ ᠪᠤᠯᠭᠠᠨ᠂ ᠭᠤᠤᠯᠳᠠᠯᠭ᠎ᠠ | ᠲᠠᠢ ᠳᠦᠷᠤᠯ ᠵᠤᠶᠢᠯ ᠤᠨ ᠵᠢᠯ ᠤᠨ ᠳᠤᠳᠤᠷ᠎ᠠ ᠨᠢᠭᠡ ᠪᠦᠯᠦᠭ ᠢ ᠨᠢ ᠪᠠᠷᠢᠯᠭ᠎ᠠ ᠡᠬᠢᠯᠡᠬᠦᠯᠤᠨ᠂ ᠨᠢᠭᠡ ᠪᠦᠯᠦᠭ ᠢ ᠨᠢ ᠨᠤᠳᠤᠬᠰᠢᠭᠤᠯᠵᠤ᠂ ᠨᠢᠭᠡ ᠪᠦᠯᠦᠭ ᠢ ᠨᠢ | ᠨᠦᠭᠡᠴᠡᠯᠡᠨ᠂ ᠬᠤᠶᠢᠰᠢᠳᠠ ᠶᠢᠨ ᠬᠦᠭᠵᠢᠯᠳᠡ ᠳᠤ ᠪᠠᠳᠤ ᠰᠠᠭᠤᠷᠢ ᠶᠢ ᠳᠠᠯᠪᠢᠨ᠎ᠠ᠃ | ᠭᠤᠤᠯᠳᠠᠯᠭ᠎ᠠ ᠲᠠᠢ ᠳᠦᠷᠤᠯ ᠵᠤᠶᠢᠯ ᠤᠨ ᠪᠦᠳᠤᠭᠡᠨ ᠪᠠᠶᠢᠭᠤᠯᠤᠯᠳᠠ ᠶᠢ ᠠᠬᠢᠭᠤᠯᠤᠨ᠎ᠠ᠃ ᠪᠦᠬᠦ ᠵᠢᠯ ᠳᠤ ᠭᠤᠤᠯᠳᠠᠯᠭ᠎ᠠ ᠲᠠᠢ ᠳᠦᠷᠤᠯ ᠵᠤᠶᠢᠯ ᠢ 59 | ᠳᠤᠬᠢᠷᠠᠭᠤᠯᠤᠨ᠂ ᠶᠡᠷᠦᠩᠭᠡᠢ ᠪᠡᠯᠡ ᠤᠷᠤᠭᠤᠯᠤᠯᠳᠠ ᠨᠢ 116.5 ᠳ᠋ᠦᠩᠰᠢᠭᠤᠷ ᠳᠦᠬᠦᠷᠢᠭ ᠪᠠᠶᠢᠵᠤ᠂ ᠵᠢᠯ ᠤᠨ ᠳᠤᠳᠤᠷ᠎ᠠ 14.8 ᠳ᠋ᠦᠩᠰᠢᠭᠤᠷ ᠳᠦᠬᠦᠷᠢᠭ | ᠤᠨ ᠪᠡᠯᠡ ᠤᠷᠤᠭᠤᠯᠤᠯᠳᠠ ᠶᠢ ᠪᠡᠶᠡᠯᠡᠬᠦᠯᠬᠦ ᠪᠠᠷ ᠳᠦᠯᠦᠪᠯᠡᠵᠤ ᠪᠤᠢ᠃ ᠭᠤᠤᠯᠳᠠᠯᠭ᠎ᠠ ᠲᠠᠢ ᠳᠦᠷᠤᠯ ᠵᠤᠶᠢᠯ ᠤᠨ ᠪᠦᠳᠤᠭᠡᠨ ᠪᠠᠶᠢᠭᠤᠯᠤᠯᠳᠠ ᠶᠢᠨ ᠠᠬᠢᠴᠠ ᠶᠢ | ᠡᠷᠴᠢᠮᠳᠡᠢ ᠪᠠᠳᠤᠯᠠᠨ᠂ ᠯᠠᠩ ᠵᠢᠩ ᠳᠤᠮᠤ ᠪᠠᠭᠤᠳᠠᠯ ︵ᠬᠤᠶᠠᠳᠤᠭᠠᠷ ᠬᠤᠭᠤᠴᠠᠭ᠎ᠠ︶᠂ ᠳᠠᠷᠢᠶᠠᠯᠠᠩ ᠤᠨ ᠶᠡᠷᠦᠩᠭᠡᠶᠢᠯᠡᠭᠰᠡᠨ ᠴᠤᠬᠴᠠ᠂ ᠨᠠᠢᠮᠠᠳᠤᠭᠠᠷ ᠪᠠᠭ᠎ᠠ | ᠰᠤᠷᠭᠠᠭᠤᠯᠢ᠂ ᠶᠡᠷᠦᠩᠭᠡᠶᠢᠯᠡᠭᠰᠡᠨ ᠠᠰᠠᠷᠠᠮᠵᠢ ᠶᠢᠨ ᠳᠦᠪ᠂ ᠵᠠᠪᠰᠠᠷ ᠤᠨ ᠤᠰᠤ ᠶᠢ ᠶᠡᠷᠦᠩᠭᠡᠶᠢᠯᠡᠨ ᠠᠰᠢᠬᠯᠠᠬᠤ ᠪᠠᠷᠢᠯᠭ᠎ᠠ᠂ ᠱᠧᠨ ᠬᠤᠸᠠ ᠺᠠᠩ ᠴᠧᠩ ᠨᠡᠶᠢᠭᠡᠮ | ᠳᠤᠭᠤᠷᠢᠭ ᠤᠨ ᠶᠡᠷᠦᠩᠭᠡᠶᠢᠯᠡᠭᠰᠡᠨ ᠤᠶᠢᠯᠡᠴᠢᠯᠡᠭᠡᠨ ᠤ ᠳᠦᠪ ᠵᠡᠷᠭᠡ ᠭᠤᠤᠯᠳᠠᠯᠭ᠎ᠠ ᠲᠠᠢ ᠳᠦᠷᠤᠯ ᠵᠤᠶᠢᠯ ᠤᠨ ᠪᠦᠳᠤᠭᠡᠨ ᠪᠠᠶᠢᠭᠤᠯᠤᠯᠳᠠ ᠶᠢᠨ ᠪᠠᠷᠢᠯᠭ᠎ᠠ ᠳᠠᠭᠤᠰᠴᠤ | ᠠᠰᠢᠬᠯᠠᠯᠳᠠ ᠳᠤ ᠤᠷᠤᠬᠤ ᠶᠢ ᠪᠠᠳᠤᠯᠠᠨ᠂ ᠤᠯᠠᠭᠠᠨᠮᠦ᠋ᠷᠡᠨ ᠤ ᠭᠤᠷᠪᠠᠳᠤᠭᠠᠷ ᠬᠦᠬᠦᠷᠭᠡ᠂ ᠱᠧᠩ ᠯᠢ ᠳᠤᠮᠤ ᠪᠠᠭᠤᠳᠠᠯ᠂ ᠰᠢᠨ ᠴᠧᠩ ᠡᠤ ᠶᠤᠸᠠᠢ ᠠᠭᠤᠳᠠᠮ | ᠳᠠᠯᠠᠪᠠᠢ᠂ ᠮᠤᠩᠭᠤᠯ ᠦᠨᠳᠤᠰᠤᠳᠡᠨ ᠤ ᠰᠤᠷᠭᠠᠭᠤᠯᠢ᠂ ᠠᠵᠢᠯᠴᠢᠨ ᠤ ᠰᠤᠶᠤᠯ ᠤᠨ ᠤᠷᠳᠤᠨ᠂ ᠨᠠᠮ ᠤᠨ ᠪᠠᠶᠢᠭᠤᠯᠤᠯᠳᠠ ᠶᠢᠨ ᠠᠮᠢᠳᠤᠷᠠᠯ ᠤᠨ ᠤᠷᠳᠤᠨ ᠵᠡᠷᠭᠡ | ᠭᠤᠤᠯᠳᠠᠯᠭ᠎ᠠ ᠲᠠᠢ ᠳᠦᠷᠤᠯ ᠵᠤᠶᠢᠯ ᠤᠨ ᠵᠢᠯ ᠤᠨ ᠪᠡᠯᠡ ᠤᠷᠤᠭᠤᠯᠬᠤ ᠳᠦᠯᠦᠪᠯᠡᠭᠡ ᠶᠢ ᠪᠡᠶᠡᠯᠡᠬᠦᠯᠤᠨ᠎ᠠ᠃ | ᠠᠷᠠᠯᠵᠢᠶᠠᠴᠢᠨ ᠤᠷᠢᠵᠤ ᠪᠡᠯᠡ ᠳᠠᠳᠠᠬᠤ ᠠᠵᠢᠯ ᠢ ᠰᠠᠶᠢᠳᠤᠷ ᠠᠳᠬᠤᠨ᠎ᠠ᠃ ᠠᠷᠠᠯᠵᠢᠶᠠᠴᠢᠨ ᠤᠷᠢᠵᠤ ᠪᠡᠯᠡ ᠳᠠᠳᠠᠬᠤ ᠠᠵᠢᠯ ᠢ ᠪᠦᠬᠦ ᠳᠤᠭᠤᠷᠢᠭ ᠤᠨ ︽ | ᠬᠦᠯᠭᠡ ᠰᠢᠳᠠᠷ᠎ᠠ︾ ᠪᠤᠯᠭᠠᠬᠤ ᠶᠢ ᠪᠠᠷᠢᠮᠳᠠᠯᠠᠨ᠂ ᠭᠤᠤᠯᠳᠠᠯᠭ᠎ᠠ ᠲᠠᠢ ᠠᠵᠤ ᠠᠬᠤᠶᠢᠯᠠᠯ ᠪᠠ ᠳᠦᠷᠤᠯ ᠵᠤᠶᠢᠯ ᠢ ᠬᠠᠮᠤᠭ ᠤᠨ ᠵᠠᠩᠬᠢᠯᠠᠭ᠎ᠠ ᠶᠢᠨ ᠨᠢᠭᠡ ᠠᠯᠬᠤᠮ | ᠪᠤᠯᠭᠠᠵᠤ᠂ ᠠᠵᠤ ᠠᠬᠤᠢ ᠨᠡᠶᠢᠭᠡᠮ ᠤᠨ ᠬᠦᠭᠵᠢᠯᠳᠡ ᠶᠢ ᠳᠠᠶᠢᠴᠢᠯᠠᠬᠤ ᠠᠮᠢᠵᠢᠷᠠᠯ ᠤᠨ ᠬᠦᠴᠤᠨ ᠪᠤᠯᠭᠠᠵᠤ᠂ ᠨᠡᠶᠢᠭᠡᠮ ᠤᠨ ᠡᠯ᠎ᠡ ᠡᠳᠡᠭᠡᠳ ᠤᠨ ᠪᠡᠯᠡ | ᠤᠷᠤᠭᠤᠯᠬᠤ ᠬᠠᠯᠠᠭᠤᠨ ᠰᠡᠳᠬᠢᠯᠭᠡ ᠶᠢ ᠪᠦᠬᠦ ᠳᠠᠯ᠎ᠠ ᠪᠠᠷ ᠬᠦᠭᠵᠢᠭᠡᠨ᠎ᠠ᠃ ︽ᠶᠡᠭᠡ ᠶᠢ ᠠᠳᠬᠤᠨ ᠪᠠᠭ᠎ᠠ ᠶᠢ ᠴᠤ ᠳᠠᠯᠪᠢᠬᠤ ᠦᠭᠡᠢ᠂ ᠬᠤᠯᠠ ᠶᠢ ᠬᠦᠭᠡᠭᠡᠴᠡᠯᠳᠦᠨ | ᠤᠶᠢᠷ᠎ᠠ ᠶᠢ ᠴᠤ ᠬᠠᠶᠠᠬᠤ ᠦᠭᠡᠢ︾ ᠠᠷᠠᠯᠵᠢᠶᠠᠴᠢᠨ ᠤᠷᠢᠬᠤ ᠰᠡᠳᠬᠢᠴᠡ ᠶᠢ ᠪᠠᠷᠢᠮᠳᠠᠯᠠᠨ᠂ ᠰᠢᠯᠢᠳᠡᠭ᠂ ᠳᠤᠳᠠᠮᠠᠭ᠂ ᠰᠢᠨ᠎ᠠ ᠶᠢ ᠤᠷᠢᠬᠤ ᠳᠡᠭᠡᠷ᠎ᠠ ᠬᠦᠴᠤ | ᠳᠠᠯᠪᠢᠵᠤ᠂ ᠤᠳᠤ ᠦᠶ᠎ᠠ ᠶᠢᠨ ᠤᠶᠢᠯᠡᠴᠢᠯᠡᠭᠡᠨ ᠤ ᠤᠶᠢᠯᠡᠰ᠂ ᠤᠳᠤ ᠦᠶ᠎ᠠ ᠶᠢᠨ ᠡᠨᠧᠷᠬᠢ ᠶᠢᠨ ᠠᠵᠤ ᠠᠬᠤᠢ᠂ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠠ | ᠪᠠᠷ ᠬᠦᠭᠵᠢᠵᠤ ᠪᠠᠶᠢᠭ᠎ᠠ ᠠᠵᠤ ᠤᠶᠢᠯᠡᠰ ᠵᠡᠷᠭᠡ ᠬᠦᠷᠢᠶ᠎ᠡ ᠴᠠᠷᠠᠭᠠᠨ ᠳᠠᠬᠢ ᠨᠢᠭᠡ ᠪᠦᠯᠦᠭ ᠬᠤᠪᠤᠷ ᠠᠵᠤ ᠠᠬᠤᠶᠢᠯᠠᠯ ᠪᠠ ᠰᠢᠯᠢᠳᠡᠭ ᠳᠦᠷᠤᠯ ᠵᠤᠶᠢᠯ ᠢ ᠳᠦᠷᠭᠡᠨ | ᠤᠷᠤᠭᠤᠯᠤᠨ ᠠᠪᠴᠢᠷᠠᠵᠤ᠂ ᠪᠦᠬᠦ ᠵᠢᠯ ᠳᠤ ᠤᠷᠤᠭᠤᠯᠤᠨ ᠠᠪᠴᠢᠷᠠᠬᠤ ᠠᠵᠤ ᠠᠬᠤᠶᠢᠯᠠᠯ ᠪᠠ ᠳᠦᠷᠤᠯ ᠵᠤᠶᠢᠯ ᠢ 30 ᠠᠴᠠ ᠳᠤᠳᠠᠭᠤ ᠪᠠᠶᠢᠯᠭᠠᠬᠤ ᠦᠭᠡᠢ᠂ | ᠤᠷᠤᠨᠵᠢᠭᠤᠯᠬᠤ ᠪᠡᠯᠡ ᠮᠦᠩᠬᠦ ᠶᠢ 15 ᠳ᠋ᠦᠩᠰᠢᠭᠤᠷ ᠳᠦᠬᠦᠷᠢᠭ ᠠᠴᠠ ᠳᠠᠪᠠᠭᠤᠯᠤᠨ᠎ᠠ᠃ ᠡᠬᠦᠳᠡᠨ ᠠᠴᠠ ᠪᠠᠨ ᠭᠠᠷᠴᠤ ᠠᠷᠠᠯᠵᠢᠶᠠᠴᠢᠨ ᠤᠷᠢᠬᠤ ᠶᠢᠨ ᠳᠠᠭᠠᠤ᠂ | ᠠᠵᠤ ᠠᠬᠤᠶᠢᠯᠠᠯ᠂ ᠠᠷᠠᠯᠵᠢᠶᠠᠴᠢᠨ᠂ ᠠᠶᠤᠯ ᠳᠦᠭᠰᠢᠬᠦᠷᠢ ᠶᠢ ᠳᠤᠰᠠᠯᠠᠬᠤ ᠳᠤ ᠪᠡᠯᠡ ᠤᠷᠤᠭᠤᠯᠬᠤ ᠺᠤᠮᠫᠠᠨᠢ ᠵᠢᠴᠢ ᠳᠤᠰᠬᠠᠢ ᠠᠷᠠᠯᠵᠢᠶᠠᠴᠢᠨ ᠤᠷᠢᠬᠤ | ᠪᠠᠶᠢᠭᠤᠯᠤᠮᠵᠢ ᠶᠢ ᠤᠷᠢᠵᠤ ᠪᠤᠳᠠᠳᠤ ᠭᠠᠵᠠᠷ ᠲᠤᠨᠢ ᠪᠠᠶᠢᠴᠠᠭᠠᠯᠳᠠ ᠬᠢᠯᠭᠡᠨ᠂ ᠤᠯᠠᠷᠢᠯ ᠪᠤᠯᠭᠠᠨ ᠨᠢᠭᠡ ᠤᠳᠠᠭ᠎ᠠ ᠬᠤᠳᠠ ᠪᠠᠨ ᠳᠠᠨᠢᠯᠴᠠᠭᠤᠯᠬᠤ ᠪᠠ ᠠᠷᠠᠯᠵᠢᠶᠠᠴᠢᠨ | ᠤᠷᠢᠬᠤ ᠳᠠᠨᠢᠯᠴᠠᠭᠤᠯᠭ᠎ᠠ ᠶᠢᠨ ᠠᠵᠢᠯᠯᠠᠭ᠎ᠠ ᠶᠢ ᠵᠤᠬᠢᠶᠠᠨ ᠪᠠᠶᠢᠭᠤᠯᠤᠨ᠎ᠠ᠃ | ᠳᠦᠷᠤᠯ ᠵᠤᠶᠢᠯ ᠢ ᠠᠬᠢᠭᠤᠯᠬᠤ ᠬᠦᠴᠢᠷᠳᠡᠯ ᠢ ᠴᠢᠷᠮᠠᠶᠢᠨ ᠰᠢᠢᠳᠪᠤᠷᠢᠯᠡᠨ᠎ᠠ᠃ ᠭᠤᠤᠯᠳᠠᠯᠭ᠎ᠠ ᠲᠠᠢ ᠳᠦᠷᠤᠯ ᠵᠤᠶᠢᠯ ᠢ ᠳᠤᠬᠳᠠᠮᠠᠯ ᠬᠤᠭᠤᠴᠠᠭ᠎ᠠ ᠲᠠᠢ ᠪᠠᠷ | ᠳᠤᠬᠢᠷᠠᠭᠤᠯᠬᠤ ᠪᠠ ᠬᠠᠷᠢᠭᠤᠴᠠᠯᠭ᠎ᠠ ᠨᠡᠭᠡᠮᠵᠢᠯᠡᠵᠤ ᠦᠷ᠎ᠠ ᠪᠦᠳᠤᠮᠵᠢ ᠶᠢ ᠴᠢᠬᠤᠯᠠᠴᠢᠯᠠᠬᠤ ᠳᠤᠬᠳᠠᠴᠠ ᠶᠢ ᠪᠠᠶᠢᠭᠤᠯᠵᠤ᠂ ︽ᠨᠢᠭᠡ ᠭᠠᠷᠠᠭ ᠲᠤ ᠨᠢᠭᠡ ᠤᠳᠠᠭ᠎ᠠ | ᠳᠤᠬᠢᠷᠠᠭᠤᠯᠤᠯᠳᠠ ᠬᠢᠵᠤ᠂ ᠬᠠᠭᠠᠰ ᠰᠠᠷ᠎ᠠ ᠳᠤ ᠨᠢᠭᠡ ᠤᠳᠠᠭ᠎ᠠ ᠳ᠋ᠦᠩᠨᠡᠯᠳᠡ ᠬᠢᠬᠦ︾ ᠶᠢ ᠪᠠᠷᠢᠮᠳᠠᠯᠠᠨ᠂ ᠫᠠᠶᠢᠰᠠ ᠡᠯᠬᠦᠨ ᠱᠠᠯᠠᠪᠳᠠᠭᠤᠯᠤᠨ ᠠᠯᠪᠠᠯᠠᠬᠤ᠂ ᠠᠬᠤᠢ | ᠳᠠᠯᠠᠪᠠᠢ ᠳᠤ ᠠᠯᠪᠠᠯᠠᠬᠤ᠂ ︽ᠨᠢᠭᠡ ᠶᠠᠪᠤᠳᠠᠯ ᠢ ᠨᠢᠭᠡ ᠨᠢᠭᠡ ᠪᠠᠷ ᠵᠦᠪᠯᠡᠬᠦ︾ ᠵᠡᠷᠭᠡ ᠠᠷᠭ᠎ᠠ ᠭᠡᠯᠪᠡᠷᠢ ᠶᠢ ᠠᠪᠬᠤ ᠪᠠᠷ ᠳᠠᠮᠵᠢᠨ᠂ ᠳᠦᠷᠤᠯ ᠵᠤᠶᠢᠯ ᠤᠨ ᠪᠦᠳᠤᠭᠡᠨ | ᠪᠠᠶᠢᠭᠤᠯᠤᠯᠳᠠ ᠶᠢᠨ ᠠᠬᠢᠴᠠ ᠶᠢ ᠪᠦᠬᠦ ᠳᠠᠯ᠎ᠠ ᠪᠠᠷ ᠳᠦᠷᠭᠡᠳᠭᠡᠨ᠎ᠠ᠃ ᠳᠦᠷᠤᠯ ᠵᠤᠶᠢᠯ ᠢ ᠵᠦᠪᠰᠢᠶᠡᠷᠡᠬᠦᠯᠬᠦ ᠴᠠᠭ ᠤᠨ ᠬᠢᠵᠠᠭᠠᠷᠯᠠᠯ ᠢ ᠶᠡᠭᠡ ᠪᠠᠷ ᠪᠠᠭᠠᠰᠬᠠᠨ᠂ | ᠰᠦᠯᠵᠢᠶᠡᠨ ᠳᠡᠭᠡᠷ᠎ᠠ ᠳᠦᠪᠯᠡᠷᠡᠬᠦᠯᠤᠨ ᠵᠦᠪᠰᠢᠶᠡᠷᠡᠬᠦᠯᠬᠦ ᠪᠠ ᠤᠯᠠᠨ ᠵᠢᠷᠤᠭ ᠳᠦᠯᠦᠪᠯᠡᠭᠡ ᠶᠢ ᠬᠤᠯᠪᠤᠭᠠᠯᠠᠨ ᠵᠦᠪᠰᠢᠶᠡᠷᠡᠬᠦᠯᠬᠦ ᠳᠤᠬᠳᠠᠴᠠ ᠶᠢ ᠪᠦᠬᠦ ᠳᠠᠯ᠎ᠠ ᠪᠠᠷ | ᠳᠡᠯᠭᠡᠷᠡᠬᠦᠯᠵᠤ᠂ ᠵᠡᠷᠭᠡᠪᠡᠷ ᠬᠤᠯᠪᠤᠭᠠᠯᠠᠨ ᠵᠦᠪᠰᠢᠶᠡᠷᠡᠬᠦᠯᠬᠦ ᠪᠠ ᠰᠡᠬᠦᠯᠡᠷᠬᠢ ᠳᠤᠳᠠᠭᠤᠳᠠᠯ ᠢ ᠵᠦᠪᠰᠢᠶᠡᠷᠡᠨ᠂ ᠳᠦᠷᠤᠯ ᠵᠤᠶᠢᠯ ᠢ ᠪᠠᠶᠢᠭᠤᠯᠬᠤ ᠠᠴᠠ ᠠᠪᠤᠭᠠᠳ | ᠪᠠᠷᠢᠯᠭ᠎ᠠ ᠳᠠᠭᠤᠰᠬᠠᠵᠤ ᠰᠢᠯᠭᠠᠨ ᠬᠤᠷᠢᠶᠠᠯᠳᠠ ᠶᠢ ᠦᠩᠭᠡᠷᠡᠭᠡᠬᠦ ᠪᠦᠬᠦ ᠳᠡᠰ ᠳᠠᠷᠠᠭᠠᠯᠠᠯ ᠤᠨ ᠬᠢᠨᠠᠨ ᠵᠦᠪᠰᠢᠶᠡᠷᠡᠬᠦ ᠴᠠᠭ ᠬᠤᠭᠤᠴᠠᠭ᠎ᠠ ᠶᠢ ᠪᠠᠭᠠᠰᠬᠠᠭᠠᠳ 100 | ᠠᠵᠢᠯᠯᠠᠬᠤ ᠡᠳᠤᠷ ᠳᠤᠳᠤᠷ᠎ᠠ ᠪᠠᠶᠢᠯᠭᠠᠵᠤ᠂ ᠳᠤᠭᠤᠷᠢᠭ ᠤᠨ ᠳᠤᠰ ᠱᠠᠳᠤᠨ ᠤ ᠡᠩ ᠤᠨ ᠴᠢᠨᠠᠷᠳᠠᠢ ᠬᠢᠨᠠᠨ ᠵᠦᠪᠰᠢᠶᠡᠷᠡᠬᠦᠯᠬᠦ ᠤᠴᠢᠷ ᠶᠠᠪᠤᠳᠠᠯ ᠢ ᠬᠦᠢᠴᠡᠳᠭᠡᠬᠦ | ᠴᠠᠭ ᠤᠨ ᠬᠢᠵᠠᠭᠠᠷᠯᠠᠯ ᠢ 3 ᠠᠵᠢᠯᠯᠠᠬᠤ ᠡᠳᠤᠷ ᠳᠤᠳᠤᠷ᠎ᠠ ᠪᠤᠯᠭᠠᠨ᠎ᠠ᠃ ᠬᠦᠭᠵᠢᠯᠳᠡ ᠶᠢᠨ ᠠᠵᠠ ᠳᠤᠬᠢᠶᠠᠯ ᠢ ᠠᠯᠬᠤᠮ ᠳᠠᠷᠠᠭ᠎ᠠ ᠲᠠᠢ ᠶᠠᠪᠤᠬᠳᠠᠭᠤᠯᠬᠤ ᠳᠤᠮᠳᠠ | ᠠᠯᠳᠠᠵᠤ ᠶᠠᠪᠤᠭᠤᠯᠵᠤ ᠪᠤᠯᠬᠤ ᠦᠭᠡᠢ᠂ ᠭᠤᠤᠯᠳᠠᠯᠭ᠎ᠠ ᠲᠠᠢ ᠳᠦᠷᠤᠯ ᠵᠤᠶᠢᠯ ᠢ ᠳᠦᠯᠬᠢᠯᠴᠡᠵᠤ ᠳᠠᠳᠠᠯᠴᠠᠬᠤ ᠳᠤᠮᠳᠠ ᠭᠤᠭᠤᠵᠢᠬᠳᠠᠭᠤᠯᠵᠤ ᠪᠤᠯᠬᠤ ᠦᠭᠡᠢ᠃ | ︵ᠭᠤᠷᠪᠠ︶ ᠭᠡᠷᠡᠭᠯᠡᠭᠡᠨ ᠤ ᠲᠠᠯᠳᠠ ᠬᠦᠴᠤᠨ ᠢ ᠬᠦᠴᠤᠯᠡᠨ ᠬᠦᠭᠵᠢᠭᠡᠵᠤ᠂ ᠴᠢᠨᠠᠷ ᠰᠠᠶᠢᠳᠠᠢ ᠬᠦᠭᠵᠢᠯᠳᠡ ᠶᠢᠨ ᠨᠦᠬᠡᠴᠡ ᠬᠦᠴᠤᠨ ᠢ ᠨᠡᠮᠡᠭᠳᠡᠬᠦᠯᠤᠨ᠎ᠡ᠃ | ᠭᠡᠷᠡᠭᠯᠡᠭᠡᠨ ᠤ ᠰᠠᠭᠤᠷᠢ ᠦᠢᠯᠡᠳᠤᠯ ᠢ ᠬᠦᠢᠴᠡᠳ ᠪᠠᠳᠠᠷᠠᠭᠤᠯᠤᠨ᠂ ᠲᠤᠳᠠᠭᠤᠳᠠᠯ ᠢ ᠨᠦᠬᠦᠪᠤᠷᠢᠯᠡᠬᠦ᠂ ᠪᠠᠭᠤᠷᠠᠢ ᠲᠦᠷᠦᠯ ᠵᠦᠢᠯ ᠢ ᠬᠦᠴᠤᠷᠭᠡᠭᠵᠢᠬᠦᠯᠬᠦ ᠶᠢ | ᠲᠦᠷᠭᠡᠳᠭᠡᠵᠤ᠂ ᠪᠦᠳᠤᠮᠵᠢᠳᠡᠢ ᠭᠡᠷᠡᠭᠴᠡᠭᠡ ᠶᠢ ᠲᠤᠬᠳᠠᠭᠤᠨ ᠢᠶᠠᠷ ᠨᠡᠮᠡᠭᠳᠡᠬᠦᠯᠤᠨ᠂ ᠤᠳᠤ ᠦᠶ᠎ᠠ ᠶᠢᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠳᠠᠢ | ᠬᠦᠭᠵᠢᠯᠳᠡ ᠶᠢ ᠠᠬᠢᠭᠤᠯᠤᠨ᠎ᠠ᠃ | ᠰᠤᠶᠤᠯ ᠵᠤᠭᠠᠴᠠᠯ ᠤᠨ ᠭᠡᠷᠡᠭᠯᠡᠭᠡ ᠶᠢ ᠠᠬᠢᠭᠤᠯᠤᠨ᠎ᠠ᠃ ︽ᠪᠦᠬᠦ ᠤᠷᠤᠨ ᠪᠦᠰᠡ ᠶᠢᠨ ᠵᠤᠭᠠᠴᠠᠯ ᠤᠨ ᠬᠤᠳᠠ︾ ᠶᠢ ᠪᠠᠶᠢᠭᠤᠯᠬᠤ ᠭᠤᠤᠯ ᠡᠬᠦᠷᠭᠡ ᠶᠢᠨ | ᠲᠤᠭᠤᠷᠢᠨ ᠳᠤ ᠬᠢᠶ᠎ᠠ ᠪᠠᠭᠰᠢ ᠶᠢ ᠤᠷᠳᠤᠰ ᠵᠤᠭᠠᠴᠠᠯ ᠤᠨ ᠲᠦᠪᠯᠡᠷᠡᠬᠦᠯᠵᠤ ᠲᠠᠷᠬᠠᠭᠠᠬᠤ ᠲᠦᠪ ᠤᠨ ᠭᠦᠭᠵᠢᠯᠳᠡ ᠶᠢᠨ ᠪᠠᠶᠢᠷᠢ ᠰᠠᠭᠤᠷᠢ ᠶᠢ ᠲᠦᠷᠭᠡᠨ | ᠲᠤᠬᠳᠠᠭᠠᠵᠤ᠂ ᠪᠦᠬᠦ ᠵᠢᠯ ᠳᠤ ᠵᠤᠭᠠᠴᠠᠬᠰᠠᠳ ᠢ ᠬᠦᠯᠢᠶᠡᠨ ᠠᠪᠤᠬᠰᠠᠨ ᠲᠤᠭ᠎ᠠ ᠪᠤᠯᠤᠨ ᠵᠤᠭᠠᠴᠠᠯ ᠤᠨ ᠶᠡᠷᠤᠩᠭᠡᠢ ᠤᠷᠤᠯᠭ᠎ᠠ ᠶᠢᠨ ᠨᠡᠮᠡᠭᠳᠡᠯ ᠢ15% ᠠᠴᠠ | ᠲᠠᠪᠠᠭᠤᠯᠤᠨᠡ᠃ ᠰᠢᠯᠢᠳᠡᠭ ᠵᠤᠭᠠᠴᠠᠯ ᠤᠨ ᠦᠢᠯᠡᠳᠬᠦᠨ ᠢ ᠦᠷᠬᠦᠯᠵᠢᠯᠡᠨ ᠡᠬᠦᠳᠴᠤ᠂ ᠦᠨᠳᠤᠰᠤᠳᠠᠨ ᠤ ᠪᠦᠯᠬᠦᠮᠳᠠᠯ ᠤᠨ ᠭᠤᠤᠯ ᠰᠡᠳᠤᠪᠳᠤ ᠵᠤᠭᠠᠴᠠᠯ ᠤᠨ | ᠦᠵᠡᠮᠵᠢ ᠶᠢᠨ ᠤᠷᠤᠨ ᠢ ᠡᠬᠢᠯᠡᠨ ᠪᠠᠶᠢᠭᠤᠯᠵᠤ᠂ ᠲᠠᠯ᠎ᠠ ᠨᠤᠳᠤᠭ ᠤᠨ ᠲᠤᠷᠭᠠᠨ ᠵᠠᠮ ᠤᠨ ᠬᠢᠶ᠎ᠠ ᠪᠠᠯᠭᠠᠰᠤ ᠶᠢᠨ ᠬᠤᠶᠢᠨᠠᠬᠢ ᠪᠠᠷᠢᠯᠭ᠎ᠠ ᠶᠢ ᠲᠠᠭᠤᠰᠬᠠᠨ᠂ ᠬᠤᠳᠠ | ᠶᠢᠨ ᠮᠦᠵᠠᠢ ᠶᠢᠨ ᠰᠦᠷᠦᠭᠵᠢᠯ᠂ ᠯᠸᠢ ᠵᠢᠶᠠ ᠫᠦᠸᠧ ᠤᠰᠤᠨ ᠦᠵᠡᠮᠵᠢ ᠶᠢᠨ ᠴᠡᠴᠡᠷᠯᠢᠭ ᠪᠤᠯᠤᠨ ᠲᠠᠷᠢᠶᠠᠯᠠᠩ ᠤᠨ ᠶᠡᠷᠤᠩᠭᠡᠶᠢᠯᠡᠭᠰᠡᠨ ᠴᠤᠬᠴᠠ ᠶᠢ ᠡᠬᠦᠳᠴᠤ᠂ | ᠨᠢᠭᠡ ᠪᠦᠯᠦᠭ ᠡᠪᠤᠯ ᠤᠨ ᠤᠯᠠᠷᠢᠯ ᠤᠨ ᠵᠤᠭᠠᠴᠠᠯ ᠤᠨ ᠲᠦᠷᠦᠯ ᠵᠦᠢᠯ ᠪᠤᠯᠤᠨ ᠭᠡᠷ ᠲᠤᠳᠤᠷᠠᠬᠢ ᠪᠡᠶᠡᠴᠢᠯᠡᠨ ᠤᠶᠢᠯᠠᠭᠠᠬᠤ ᠲᠦᠷᠦᠯ ᠵᠦᠢᠯ ᠢ ᠡᠬᠦᠳᠤᠨ᠎ᠡ᠃ | ᠰᠤᠶᠤᠯ ᠵᠤᠭᠠᠴᠠᠯ ᠤᠨ ᠠᠵᠢᠯᠯᠠᠭ᠎ᠠ ᠶᠢ ᠴᠢᠷᠮᠠᠶᠢᠨ ᠪᠠᠶᠠᠯᠢᠭᠵᠢᠭᠤᠯᠵᠤ᠂ ᠬᠤᠳᠠ ᠲᠤᠭᠤᠷᠢᠭ ᠬᠤᠶᠠᠷ ᠱᠠᠳᠤ ᠬᠠᠮᠵᠢᠯᠴᠠᠨ ᠡᠸᠦ᠋ᠷᠤᠫᠠ ᠠᠽᠢᠶ᠎ᠠ ᠶᠢᠨ ᠲᠠᠯ᠎ᠠ ᠨᠤᠳᠤᠭ | ᠤᠨ ᠲᠤᠷᠭᠠᠨ ᠵᠠᠮ ᠤᠨ ᠰᠤᠶᠤᠯ ᠵᠤᠭᠠᠴᠠᠯ ᠤᠨ ᠨᠠᠶᠢᠷ᠂ ᠲᠤᠮᠳᠠᠳᠤ ᠤᠯᠤᠰ — ᠲᠤᠮᠳᠠ ᠵᠡᠬᠦᠨ ᠡᠸᠦ᠋ᠷᠤᠫᠠ ᠶᠢᠨ ︽16 +1 ᠲᠠᠭᠤᠤ ᠬᠦᠭᠵᠢᠮ ᠤᠨ | ᠭᠠᠷᠠᠭ︾᠂ ᠮᠠᠨᠳᠠᠷᠠᠸ᠎ᠠ ᠴᠡᠴᠡᠭ ᠤᠨ ᠰᠤᠶᠤᠯ ᠵᠤᠭᠠᠴᠠᠯ ᠤᠨ ᠨᠠᠶᠢᠷ ᠪᠤᠯᠤᠨ ᠲᠠᠭᠤᠤ ᠰᠢᠯᠦᠭ ᠤᠨ ᠨᠠᠭᠠᠳᠤᠮ ᠵᠡᠷᠭᠡ ᠤᠨᠴᠠᠯᠢᠬᠳᠤ ᠰᠤᠶᠤᠯ ᠤᠨ ᠠᠵᠢᠯᠯᠠᠭ᠎ᠠ ᠶᠢ | ᠰᠠᠶᠢᠳᠤᠷ ᠡᠷᠬᠢᠯᠡᠵᠤ᠂ ᠬᠤᠳᠠ ᠶᠢᠨ ᠭᠤᠤᠯ ᠱᠤᠭᠤᠮ ᠤᠨ ᠺᠢᠨᠤ᠋ ᠤᠷᠠᠯᠢᠭ ᠤᠨ ᠨᠠᠶᠢᠷ ᠢ ᠬᠢᠨ᠎ᠠ᠃ ᠰᠢᠨ᠎ᠡ ᠵᠠᠭᠤᠴᠢᠯᠠᠭᠤᠷ ᠤᠨ ᠪᠤᠷᠤᠯᠠᠭᠤᠯᠭ᠎ᠠ᠂ ᠪᠠᠶᠠᠷ ᠨᠠᠶᠢᠷ ᠤᠨ | ᠪᠤᠷᠤᠯᠠᠭᠤᠯᠭ᠎ᠠ᠂ ᠤᠯᠠᠨ ᠨᠡᠶᠢᠳᠡ ᠶᠢᠨ ᠲᠠᠪᠴᠠᠩ ᠤᠨ ᠪᠤᠷᠤᠯᠠᠭᠤᠯᠭ᠎ᠠ ᠵᠡᠷᠭᠡ ᠭᠡᠯᠪᠡᠷᠢ ᠶᠢ ᠢᠳᠡᠪᠬᠢᠳᠡᠢ ᠠᠰᠢᠬᠯᠠᠨ᠂ ᠬᠢᠶ᠎ᠠ ᠪᠠᠭᠰᠢ ᠶᠢᠨ ᠰᠤᠶᠤᠯ ᠵᠤᠭᠠᠴᠠᠯ ᠤᠨ | ᠨᠡᠷᠡᠳᠤ ᠲᠡᠮᠳᠡᠭ ᠤᠨ ᠲᠦᠷᠢ ᠲᠦᠷᠬᠦ ᠶᠢ ᠲᠡᠯᠭᠡᠷᠡᠬᠦᠯᠤᠨ᠎ᠡ᠃ ᠤᠶᠤᠨᠴᠢ ᠵᠤᠭᠠᠴᠠᠯ ᠤᠨ ᠵᠠᠬᠪᠤᠷ ᠢ ᠲᠠᠰᠤᠷᠠᠯᠳᠠ ᠦᠭᠡᠢ ᠰᠢᠨᠡᠴᠢᠯᠡᠵᠤ᠂ ︽ᠬᠢᠶ᠎ᠠ ᠪᠠᠭᠰᠢ ᠶᠢᠨ | ᠵᠢᠭᠤᠯᠴᠢᠯᠠᠯ ᠤᠨ ᠫᠠᠰᠫᠤᠷᠲ︾ ᠢ ᠨᠡᠭᠡᠭᠡᠵᠤ᠂ ᠵᠤᠭᠠᠴᠠᠯ ᠤᠨ ᠦᠢᠯᠡᠴᠢᠯᠡᠭᠡᠨ ᠤ ᠴᠤᠬᠴᠠᠵᠢᠯᠳᠠ᠂ ᠤᠶᠤᠨᠴᠢᠯᠠᠯᠳᠠ ᠶᠢ ᠪᠠᠶᠠᠯᠠᠬᠦᠯᠤᠨ᠎ᠡ᠃ | ᠬᠤᠳᠠ ᠶᠢᠨ ᠦᠢᠯᠡᠴᠢᠯᠡᠭᠡᠨ ᠤ ᠭᠡᠷᠡᠭᠯᠡᠭᠡ ᠶᠢ ᠠᠬᠢᠭᠤᠯᠤᠨ᠎ᠠ᠃ ᠠᠮᠢᠳᠤᠷᠠᠯ ᠤᠨ ᠤᠶᠢᠯᠡᠴᠢᠯᠡᠭᠡᠨ ᠤ ᠤᠶᠢᠯᠡᠰ ᠤᠨ ᠳᠤᠳᠠᠭᠤᠳᠠᠯ ᠢ ᠳᠦᠷᠭᠡᠨ | ᠨᠦᠬᠦᠪᠤᠷᠢᠯᠡᠨ᠂ ᠪᠠᠭᠤᠴᠠ᠂ ᠢᠳᠡᠭᠡᠨ ᠤᠮᠳᠠᠭᠠᠨ᠂ ᠪᠠᠷᠠᠭ᠎ᠠ ᠬᠤᠳᠠᠯᠳᠤᠨ ᠠᠪᠬᠤ᠂ ᠵᠤᠭ᠎ᠠ ᠴᠡᠩᠭᠡᠯ ᠵᠡᠷᠭᠡ ᠶᠢᠨ ᠭᠡᠪᠴᠢᠶᠡᠵᠢᠯ ᠪᠠ ᠳᠡᠰ ᠳᠠᠪᠬᠤᠷᠭ᠎ᠠ ᠶᠢ | ᠲᠡᠭᠡᠭᠰᠢᠯᠡᠬᠦᠯᠤᠨ᠎ᠡ᠃ ᠱᠧᠩ ᠯᠢ ᠳᠠᠪᠤᠨ ᠤᠳᠤᠨ ᠳᠡᠰ ᠤᠨ ᠳᠤᠮᠤ ᠪᠠᠭᠤᠳᠠᠯ ᠢ ᠡᠬᠢᠯᠡᠨ ᠪᠦᠳᠤᠭᠡᠨ ᠪᠠᠶᠢᠭᠤᠯᠵᠤ᠂ ᠬᠤᠤ ᠮᠧᠨ ᠱᠧᠩ ᠶᠠᠨ᠂ ᠺᠠᠢ ᠲᠧ ᠵᠡᠷᠭᠡ | ᠳᠡᠭᠡᠳᠤ ᠳᠡᠰ ᠤᠨ ᠳᠤᠮᠤ ᠪᠠᠭᠤᠳᠠᠯ ᠢ ᠠᠰᠢᠬᠯᠠᠯᠳᠠ ᠳᠤ ᠤᠷᠤᠭᠤᠯᠤᠨ᠂ 500 ᠠᠴᠠ ᠳᠡᠭᠡᠭᠰᠢ ᠤᠷᠤ ᠶᠢ ᠰᠢᠨ᠎ᠠ ᠪᠠᠷ ᠨᠡᠮᠡᠭᠳᠡᠬᠦᠯᠵᠤ᠂ ᠪᠠᠭᠤᠳᠠᠯ ᠤᠨ | ᠦᠢᠯᠡᠴᠢᠯᠡᠭᠡᠨ ᠤ ᠤᠷᠴᠢᠨ ᠲᠤᠭᠤᠷᠢᠨ ᠢ ᠪᠦᠬᠦ ᠲᠠᠯ᠎ᠠ ᠪᠠᠷ ᠰᠠᠶᠢᠵᠢᠷᠠᠭᠤᠯᠤᠨ᠎ᠠ᠃ ᠲᠠᠢ ᠬᠤᠸᠠ ᠬᠤᠳᠠᠯᠳᠤᠭᠠᠨ ᠤ ᠶᠠᠪᠠᠭᠠᠨ ᠵᠤᠷᠴᠢᠬᠤ ᠵᠡᠭᠡᠯᠢ᠂ ᠯᠧ ᠺᠠᠨᠭ᠌ ᠪᠠᠭᠠᠷ | ᠂ ᠮᠸᠡᠭ ᠰᠢᠨ ᠠᠭᠤᠳᠠᠮ ᠲᠠᠯᠠᠪᠠᠢ ᠶᠢ ᠵᠢᠯᠤᠭᠤᠳᠤᠨ ᠤᠨᠴᠠᠯᠢᠬᠳᠤ ᠠᠮᠳᠠᠳᠤ ᠢᠳᠡᠭᠡᠨ ᠤ ᠵᠡᠭᠡᠯᠢ ᠶᠢ ᠡᠬᠦᠳᠤᠨ ᠪᠠᠶᠢᠭᠤᠯᠵᠤ᠂ ᠨᠡᠷᠡᠳᠤ ᠢᠳᠡᠭᠡᠨ ᠤᠮᠳᠠᠭᠠᠨ ᠢ | ᠤᠷᠤᠭᠤᠯᠤᠨ ᠠᠪᠴᠢᠷᠠᠵᠤ᠂ ᠤᠷᠤᠨ ᠨᠤᠳᠤᠭ ᠤᠨ ᠠᠮᠳᠠᠳᠤ ᠢᠳᠡᠭᠡᠨ ᠢ ᠲᠡᠯᠭᠡᠷᠡᠬᠦᠯᠤᠨ᠎ᠡ᠃ ᠰᠢᠨ ᠴᠸᠡᠭ ᠡᠤ ᠶᠤᠸᠠᠢ ᠠᠭᠤᠳᠠᠮ ᠲᠠᠯᠠᠪᠠᠢ ᠶᠢ ᠲᠦᠷᠭᠡᠨ | ᠨᠤᠳᠤᠬᠰᠢᠭᠤᠯᠬᠤ ᠶᠢ ᠠᠬᠢᠭᠤᠯᠤᠨ᠂ ᠬᠤ᠋ ᠨᠸᠡᠭ ᠠᠭᠤᠳᠠᠮ ᠲᠠᠯᠠᠪᠠᠢ᠂ ᠶᠢᠨ ᠴᠧᠨ ᠤᠯᠠᠨ ᠤᠯᠤᠰ ᠤᠨ ᠪᠠᠭᠤᠳᠠᠯ ᠵᠡᠷᠭᠡ ᠬᠤᠳᠠᠯᠳᠤᠭᠠᠨ ᠤ ᠶᠡᠷᠤᠩᠭᠡᠢ ᠴᠤᠬᠴᠠ | ᠶᠢ ᠵᠤᠷᠢᠬᠵᠢᠭᠤᠯᠤᠨ ᠴᠢᠨᠠᠷ ᠲᠡᠰ ᠢ ᠨᠢ ᠲᠡᠭᠡᠭᠰᠢᠯᠡᠬᠦᠯᠵᠤ᠂ ᠪᠠᠷᠠᠭ᠎ᠠ ᠬᠤᠳᠠᠯᠳᠤᠨ ᠠᠪᠬᠤ ᠰᠠᠶᠢᠨ ᠤᠷᠴᠢᠨ ᠲᠤᠭᠤᠷᠢᠨ ᠢ ᠲᠦᠷᠭᠡᠨ ᠡᠬᠦᠳᠤᠨ᠎ᠡ᠃ ᠰᠡᠯᠡᠬᠦᠴᠡᠯ | ᠵᠤᠭ᠎ᠠ ᠴᠡᠩᠭᠡᠯ ᠤᠨ ᠦᠢᠯᠡᠰ ᠢ ᠪᠠᠶᠠᠯᠢᠬᠵᠢᠭᠤᠯᠵᠤ᠂ ᠴᠠᠭ ᠦᠶ᠎ᠡ ᠶᠢᠨ᠂ ᠲᠡᠭᠡᠳᠤ ᠲᠡᠰ ᠤᠨ ᠰᠡᠯᠡᠬᠦᠴᠡᠯ ᠵᠤᠭ᠎ᠠ ᠴᠡᠩᠭᠡᠯ ᠤᠨ ᠵᠠᠬᠪᠤᠷ ᠢ ᠬᠦᠴᠤᠯᠡᠨ ᠤᠷᠤᠭᠤᠯᠤᠨ | ᠠᠪᠴᠢᠷᠠᠵᠤ᠂ ᠬᠤᠳᠠ ᠶᠢᠨ ᠦᠳᠡᠰᠢ ᠶᠢᠨ ᠠᠮᠢᠳᠤᠷᠠᠯ ᠢ ᠨᠡᠩ ᠤᠯᠠᠨ ᠶᠠᠩᠵᠤ ᠪᠤᠯᠭᠠᠨ᠎ᠠ᠃ | ᠠᠷᠠᠯᠵᠢᠶ᠎ᠠ ᠬᠤᠷᠠᠯ ᠦᠵᠡᠰᠬᠦᠯᠡᠩ ᠤᠨ ᠭᠡᠷᠡᠭᠯᠡᠭᠡ ᠶᠢ ᠠᠬᠢᠭᠤᠯᠤᠨ᠎ᠠ᠃ ᠤᠷᠳᠤᠰ ᠤᠨ ᠤᠯᠠᠨ ᠤᠯᠤᠰ ᠤᠨ ᠬᠤᠷᠠᠯ ᠦᠵᠡᠰᠬᠦᠯᠡᠩ ᠤᠨ ᠲᠦᠪ ᠲᠤ | ᠲᠦᠰᠢᠭᠯᠡᠨ᠂ ᠬᠤᠷᠠᠯ ᠦᠵᠡᠰᠬᠦᠯᠡᠩ ᠤᠨ ᠦᠢᠯᠡᠰ ᠢ ᠲᠦᠷᠭᠡᠨ ᠬᠦᠭᠵᠢᠬᠦᠯᠵᠤ᠂ ᠲᠤᠮᠳᠠᠳᠤ ᠤᠯᠤᠰ ᠤᠨ ᠱᠠᠩ ᠹᠸᠢ ᠬᠠᠨᠭ᠍ᠭᠠᠯᠭ᠎ᠠ ᠶᠢᠨ ᠠᠷᠠᠯᠵᠢᠶᠠᠴᠢᠳ ᠤᠨ | ᠶᠡᠭᠡ ᠬᠤᠷᠠᠯ᠂ ᠤᠯᠠᠨ ᠤᠯᠤᠰ ᠤᠨ ᠨᠡᠬᠦᠷᠡᠰᠤ ᠵᠢᠴᠢ ᠡᠨᠧᠷᠬᠢ ᠶᠢᠨ ᠠᠵᠤ ᠦᠢᠯᠡᠳᠪᠤᠷᠢ ᠶᠢᠨ ᠦᠵᠡᠬᠦᠯᠦᠯᠭᠡ ᠶᠢᠨ ᠬᠤᠷᠠᠯ᠂ ᠤᠯᠠᠨ ᠤᠯᠤᠰ ᠤᠨ ᠮᠠᠰᠢᠨ ᠲᠡᠷᠭᠡᠨ | ᠤ ᠦᠵᠡᠬᠦᠯᠦᠯᠭᠡ ᠶᠢᠨ ᠬᠤᠷᠠᠯ ᠵᠡᠷᠭᠡ ᠨᠡᠷ᠎ᠡ ᠲᠡᠮᠳᠡᠭᠳᠤ ᠲᠠᠸᠠᠷ ᠤᠨ ᠦᠵᠡᠰᠬᠦᠯᠡᠩ ᠢ ᠰᠠᠶᠢᠳᠤᠷ ᠡᠷᠬᠢᠯᠡᠵᠤ᠂ ᠨᠢᠭᠡ ᠪᠦᠯᠦᠭ ᠤᠯᠤᠰ ᠤᠨ ᠲᠤᠳᠤᠭᠠᠳᠤ ᠭᠠᠳᠠᠭᠠᠳᠤ | ᠶᠢᠨ ᠠᠯᠳᠠᠷᠳᠠᠢ ᠦᠵᠡᠰᠬᠦᠯᠡᠩ ᠢ ᠲᠠᠰᠤᠷᠠᠯᠳᠠ ᠦᠭᠡᠢ ᠤᠷᠤᠭᠤᠯᠤᠨ ᠠᠪᠴᠢᠷᠠᠵᠤ᠂ ︽ᠭᠠᠷᠠᠭ ᠪᠤᠯᠭᠠᠨ ᠠᠵᠢᠯᠯᠠᠭ᠎ᠠ ᠲᠠᠢ᠂ ᠰᠠᠷ᠎ᠠ ᠪᠤᠯᠭᠠᠨ ᠪᠤᠷᠤᠯᠠᠭᠤᠯᠭ᠎ᠠ ᠲᠠᠢ︾ | ᠪᠠᠶᠢᠬᠤ ᠶᠢ ᠪᠠᠶᠡᠯᠡᠬᠦᠯᠤᠨ᠎ᠡ᠃ ᠺᠠᠨᠭ᠌ ᠪᠸᠢ ᠦᠢᠯᠡᠰ ᠪᠤᠰᠬᠠᠬᠤ ᠬᠦᠷᠢᠶᠠᠯᠠᠩ ᠢᠶᠠᠷ ᠠᠴᠢᠶᠠᠯᠠᠬᠴᠢ ᠪᠤᠯᠭᠠᠵᠤ᠂ ᠡᠯᠧᠺᠲᠷᠤᠨ ᠬᠤᠳᠠᠯᠳᠤᠭᠠᠨ ᠤ ᠪᠠᠷᠠᠭᠠᠨ ᠤ | ᠬᠦᠢᠯᠭᠡᠭᠡᠨ ᠤ ᠦᠢᠯᠡᠰ ᠢ ᠬᠦᠭᠵᠢᠬᠦᠯᠵᠤ᠂ ᠰᠢᠨ᠎ᠡ ᠪᠠᠷ ᠡᠯᠧᠺᠲᠷᠤᠨ ᠬᠤᠳᠠᠯᠳᠤᠭᠠᠨ ᠤ ᠪᠠᠷᠠᠭᠠᠨ ᠤ ᠬᠦᠢᠯᠭᠡᠭᠡᠨ ᠤ ᠠᠵᠤ ᠠᠬᠤᠶᠢᠯᠠᠯ ᠢ 5 ᠠᠴᠠ ᠲᠡᠭᠡᠭᠰᠢ | ᠤᠷᠤᠭᠤᠯᠤᠨ ᠠᠪᠴᠢᠷᠠᠵᠤ᠂ ᠠᠷᠠᠯᠵᠢᠶᠠᠨ ᠤ ᠭᠡᠪᠴᠢᠶ᠎ᠡ ᠪᠤᠯᠤᠨ ᠵᠠᠬ᠎ᠠ ᠲᠡᠯᠭᠡᠬᠦᠷ ᠤᠨ ᠲᠤᠭ᠎ᠠ ᠶᠢ ᠲᠠᠰᠤᠷᠠᠯᠳᠠ ᠦᠭᠡᠢ ᠪᠤᠵᠠᠭᠠᠶᠢᠷᠠᠭᠤᠯᠤᠨ᠂ ᠬᠢᠯᠢ ᠠᠯᠤᠰᠯᠠᠬᠰᠠᠨ | ᠡᠯᠧᠺᠲᠷᠤᠨ ᠬᠤᠳᠠᠯᠳᠤᠭᠠᠨ ᠤ ᠶᠠᠪᠤᠳᠠᠯ ᠪᠤᠯᠤᠨ ᠬᠠᠨᠭ᠍ᠭᠠᠯᠭ᠎ᠠ ᠶᠢᠨ ᠭᠡᠯᠬᠢᠶ᠎ᠡ ᠶᠢᠨ ᠪᠠᠷᠠᠭᠠᠨ ᠤ ᠬᠦᠢᠯᠭᠡᠭᠡ ᠶᠢ ᠰᠦᠪᠡᠭᠴᠢᠯᠡᠨ ᠬᠦᠭᠵᠢᠬᠦᠯᠵᠤ᠂ ᠠᠵᠢᠯ ᠲᠦᠷᠦᠯ ᠤᠨ | ᠭᠦᠭᠵᠢᠯᠳᠡ ᠶᠢᠨ ᠠᠵᠠ ᠲᠤᠬᠢᠶᠠᠯ ᠢ ᠡᠵᠡᠮᠳᠡᠨ᠎ᠡ᠃ | ᠭᠡᠷ ᠪᠠᠶᠢᠰᠢᠩ ᠭᠠᠵᠠᠷ ᠬᠦᠷᠤᠩᠭᠡ ᠶᠢᠨ ᠠᠵᠤ ᠦᠢᠯᠡᠰ ᠢ ᠲᠤᠬᠳᠠᠭᠤᠨ ᠢᠶᠠᠷ ᠴᠢᠯᠤᠭᠡᠳᠡᠢ ᠪᠤᠯᠭᠠᠨ᠎ᠠ᠃ ᠦᠯᠡᠳᠡᠵᠤ ᠪᠠᠶᠢᠭ᠎ᠠ ᠲᠠᠸᠠᠷ ᠤᠨ ᠪᠠᠶᠢᠰᠢᠩ ᠪᠠ | ᠰᠤᠯᠠ ᠪᠠᠶᠢᠭ᠎ᠠ ᠭᠠᠵᠠᠷ ᠰᠢᠷᠤᠢ ᠶᠢ ᠬᠦᠭᠵᠢᠭᠡᠨ᠂ ᠲᠤᠮᠤ ᠭᠡᠯᠪᠡᠷᠢ ᠶᠢᠨ ᠠᠵᠤ ᠠᠬᠤᠶᠢᠯᠠᠯ ᠤᠨ ᠶᠡᠷᠤᠩᠭᠡᠢ ᠭᠡᠯᠳᠡᠰ ᠢ ᠲᠦᠷᠭᠡᠨ ᠤᠷᠤᠭᠤᠯᠤᠨ ᠠᠪᠴᠢᠷᠠᠵᠤ᠂ | ᠦᠪᠤᠷ ᠮᠤᠩᠭᠤᠯ ᠤᠨ ᠪᠠᠩᠭᠢ᠂ ᠪᠦᠸᠧᠬᠠᠢ ᠪᠠᠩᠭᠢ᠂ ᠤᠷᠳᠤᠰ ᠪᠠᠩᠭᠢ᠂ ᠱᠠᠨᠳᠦ᠋ᠡᠭ ᠤᠨ ᠡᠨᠧᠷᠬᠢ ᠶᠢᠨ ᠺᠤᠮᠫᠠᠨᠢ᠂ ᠮᠠᠨ ᠱᠢ ᠪᠦᠯᠦᠭᠯᠡᠯ ᠵᠡᠷᠭᠡ ᠠᠵᠤ ᠠᠬᠤᠶᠢᠯᠠᠯ | ᠤᠨ ᠤᠷᠤᠵᠤ ᠰᠠᠭᠤᠬᠤ ᠶᠢ ᠠᠬᠢᠭᠤᠯᠤᠨ᠂ ᠡᠵᠡᠨ ᠬᠤᠷᠤᠭ᠎ᠠ ᠬᠤᠰᠢᠭᠤᠨ ᠤ ᠠᠭᠤᠷᠬᠠᠢ ᠶᠢᠨ ᠤᠷᠤᠨ ᠤ ᠢᠳᠡᠭᠡᠮᠵᠢᠳᠤ ᠵᠢᠭᠡᠯᠡᠯᠭᠡ ᠶᠢᠨ ᠬᠤᠯᠪᠤᠭᠠᠳᠤ ᠬᠤᠷᠰᠢᠶ᠎ᠠ | ᠶᠢᠨ ᠲᠦᠷᠢᠮ ᠢ ᠦᠭᠡᠷᠡᠴᠢᠯᠡᠨ ᠨᠡᠬᠦᠯᠭᠡᠨ ᠠᠪᠴᠢᠷᠠᠵᠤ᠂ ᠤᠳᠤ ᠦᠶ᠎ᠠ ᠶᠢᠨ ᠮᠦᠡᠭᠬᠦᠨ ᠬᠦᠢᠯᠭᠡᠭᠡ᠂ ᠲᠡᠭᠡᠳᠤ ᠲᠡᠰ ᠤᠨ ᠬᠤᠳᠠᠯᠳᠤᠭᠠᠨ ᠤ ᠶᠠᠪᠤᠳᠠᠯ᠂ ᠬᠠᠤᠯᠢ | ᠴᠠᠭᠠᠵᠠ ᠶᠢᠨ ᠦᠢᠯᠡᠴᠢᠯᠡᠭᠡ᠂ ᠮᠡᠳᠡᠭᠡ ᠵᠠᠩᠭᠢ ᠮᠡᠷᠭᠡᠵᠢᠯ ᠵᠡᠷᠭᠡ ᠬᠦᠷᠢᠶ᠎ᠠ ᠭᠡᠪᠴᠢᠶᠡᠨ ᠤ ᠠᠵᠤ ᠠᠬᠤᠶᠢᠯᠠᠯ ᠢᠶᠠᠷ ᠠᠰᠠᠷ ᠲᠠᠬᠳᠤ ᠶᠢᠨ ᠠᠵᠤ ᠠᠬᠤᠢ ᠶᠢ | ᠬᠦᠭᠵᠢᠬᠦᠯᠬᠦ ᠪᠠᠷ ᠴᠢᠷᠮᠠᠶᠢᠨ᠎ᠠ᠃ ᠤᠷᠤᠨ ᠰᠠᠭᠤᠴᠠ ᠶᠢᠨ ᠲᠦᠷᠦᠯ ᠵᠦᠢᠯ ᠤᠨ ᠪᠦᠳᠤᠭᠡᠨ ᠪᠠᠶᠢᠭᠤᠯᠤᠯᠳᠠ ᠶᠢ ᠵᠤᠬᠢᠰᠳᠠᠢ ᠠᠬᠢᠭᠤᠯᠵᠤ᠂ ᠺᠠᠨᠭ᠌ ᠶᠠ ᠵᠢᠤᠢ᠂ ᠶᠢᠩ | ᠰᠢᠨ ᠵᠢᠶᠠ ᠶᠤᠸᠠᠨ᠂ ᠱᠧᠨ ᠬᠤᠸᠠ ᠪᠦᠯᠦᠭᠯᠡᠯ ᠤᠨ ᠺᠠᠨᠭ᠌ ᠴᠸᠡᠭ G ᠲᠤᠭᠤᠷᠢᠭ᠂ ᠬᠤᠸᠠ ᠱᠸᠡᠭ ᠵᠢᠵᠢᠭ ᠲᠤᠭᠤᠷᠢᠭ ᠵᠡᠷᠭᠡ ᠦᠷᠬᠦᠯᠵᠢᠯᠡᠨ ᠪᠠᠶᠢᠭᠤᠯᠬᠤ | ᠲᠦᠷᠦᠯ ᠵᠦᠢᠯ ᠢ ᠲᠠᠭᠤᠰᠬᠠᠵᠤ᠂ ︽ᠲᠤᠯᠤᠭ᠎ᠠ ᠶᠢ ᠦᠯᠦ ᠵᠦᠪᠰᠢᠶᠡᠷᠡᠬᠦ︾ ᠵᠦᠪᠰᠢᠶᠡᠷᠡᠬᠦ ᠶᠢ ᠬᠢᠵᠠᠭᠠᠷᠯᠠᠬᠤ ᠲᠦᠷᠦ ᠶᠢᠨ ᠪᠤᠳᠤᠯᠭ᠎ᠠ ᠶᠤᠰᠤᠭᠠᠷ ᠰᠢᠨ᠎ᠡ ᠤᠷᠤᠨ | ᠰᠠᠭᠤᠴᠠ ᠶᠢᠨ ᠲᠦᠷᠦᠯ ᠵᠦᠢᠯ ᠢ ᠵᠤᠬᠢᠰᠳᠠᠢ ᠴᠢᠯᠦᠭᠡᠳᠡᠢ ᠪᠤᠯᠭᠠᠵᠤ᠂ ᠭᠡᠷ ᠪᠠᠶᠢᠰᠢᠩ ᠭᠠᠵᠠᠷ ᠬᠦᠷᠤᠩᠭᠡ ᠶᠢᠨ ᠵᠠᠬ᠎ᠠ ᠲᠡᠯᠭᠡᠬᠦᠷ ᠤᠨ ᠲᠤᠬᠳᠠᠭᠤᠨ ᠡᠷᠬᠢᠯᠳᠡ ᠶᠢ | ᠠᠬᠢᠭᠤᠯᠤᠨ᠂ ᠲᠠᠸᠠᠷ ᠤᠨ ᠪᠠᠶᠢᠰᠢᠩ ᠤᠨ ᠦᠨ᠎ᠡ ᠬᠠᠨᠭ᠍ᠰᠢ ᠶᠢᠨ ᠵᠦᠢ ᠵᠤᠬᠢᠰᠳᠠᠢ ᠡᠵᠡᠮᠳᠡᠯ ᠢ ᠪᠠᠳᠤᠯᠠᠨ᠎ᠠ᠃ | ︵ᠲᠦᠷᠪᠡ︶ ᠰᠢᠯᠢᠳᠡᠭ ᠰᠠᠶᠢᠨ ᠬᠦᠭᠵᠢᠯᠳᠡ ᠶᠢᠨ ᠤᠷᠴᠢᠨ ᠲᠤᠭᠤᠷᠢᠨ ᠢ ᠡᠬᠦᠳᠴᠤ᠂ ᠴᠢᠨᠠᠷ ᠰᠠᠶᠢᠳᠠᠢ ᠬᠦᠭᠵᠢᠯᠳᠡ ᠶᠢᠨ ᠠᠮᠢᠵᠢᠷᠠᠯ ᠤᠨ ᠬᠦᠴᠤᠨ ᠢ | ᠬᠦᠭᠵᠢᠭᠡᠨ᠎ᠡ᠃ ᠵᠦᠭᠡᠯᠡᠨ ᠤᠷᠴᠢᠨ ᠲᠤᠭᠤᠷᠢᠨ ᠢ ᠬᠦᠴᠤ ᠲᠠᠯᠪᠢᠨ ᠡᠬᠦᠳᠴᠤ᠂ ᠦᠢᠯᠡᠴᠢᠯᠡᠭᠡ᠂ ᠦᠭᠡᠷᠡᠴᠢᠯᠡᠯᠳᠡ᠂ ᠰᠢᠨᠡᠴᠢᠯᠡᠯᠳᠡ ᠶᠢ ᠬᠦᠭᠵᠢᠯᠳᠡ ᠶᠢᠨ | ᠤᠷᠴᠢᠨ ᠲᠤᠭᠤᠷᠢᠨ ᠢ ᠰᠢᠯᠢᠳᠡᠭᠵᠢᠬᠦᠯᠬᠦ ᠴᠢᠬᠤᠯᠠ ᠠᠵᠢᠯ ᠪᠤᠯᠭᠠᠨ᠂ ᠬᠢᠶ᠎ᠠ ᠪᠠᠭᠰᠢ ᠶᠢ ᠦᠢᠯᠡᠴᠢᠯᠡᠭᠡ ᠤᠬᠢ ᠰᠠᠶᠢᠨ ᠭᠠᠵᠠᠷ᠂ ᠪᠡᠯᠡ ᠤᠷᠤᠭᠤᠯᠬᠤ ᠭᠡᠰᠢᠭᠳᠦ | ᠭᠠᠵᠠᠷ ᠪᠠ ᠬᠦᠭᠵᠢᠯᠳᠡ ᠶᠢᠨ ᠬᠤᠳᠤᠬᠳᠤ ᠤᠷᠤᠨ ᠪᠤᠯᠭᠠᠨ᠎ᠠ᠃ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠦᠭᠵᠢᠯᠳᠡ ᠶᠢ ᠬᠦᠴᠤᠳᠠᠢ ᠲᠡᠮᠵᠢᠨ᠎ᠡ᠃ ᠲᠦᠷᠦ ᠶᠢᠨ ᠶᠠᠪᠤᠳᠠᠯ ᠤᠨ ᠬᠤᠷᠢᠶᠠᠨ ᠤ ᠭᠠᠶᠢᠯᠢ ᠶᠢ | ᠬᠠᠰᠤᠵᠤ ᠰᠦᠢᠳᠭᠡᠯ ᠢ ᠪᠠᠭᠤᠷᠠᠭᠤᠯᠬᠤ ᠴᠢᠭᠯᠡᠯᠳᠡ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠡᠯ᠎ᠡ ᠱᠠᠳᠤᠨ ᠤ ᠵᠠᠰᠠᠭ ᠤᠨ ᠤᠷᠳᠤᠨ | ᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠬᠦᠭᠵᠢᠬᠦᠯᠬᠦ ᠠᠷᠭ᠎ᠠ ᠪᠠᠷᠢᠯ ᠢ ᠪᠦᠬᠦ ᠲᠠᠯ᠎ᠠ ᠪᠠᠷ ᠲᠤᠤᠱᠯᠠᠭᠤᠯᠤᠨ᠂ ᠬᠤᠷᠸ᠎ᠠ ᠠᠵᠤ ᠠᠬᠤᠢ ᠶᠢᠨ ᠲᠦᠷᠦ ᠶᠢᠨ | ᠪᠤᠳᠤᠯᠭ᠎ᠠ ᠬᠢᠭᠡᠳ ᠵᠠᠬ᠎ᠠ ᠲᠡᠯᠭᠡᠬᠦᠷ ᠤᠨ ᠭᠤᠤᠯ ᠴᠤᠬᠴᠠ ᠶᠢᠨ ᠭᠡᠷᠡᠭᠴᠡᠭᠡ ᠲᠠᠢ ᠤᠨᠤᠪᠴᠢᠳᠠᠢ ᠵᠤᠯᠭᠠᠭᠤᠯᠤᠨ᠎ᠠ᠃ ᠵᠠᠰᠠᠭ ᠤᠨ ᠤᠷᠳᠤᠨ ᠪᠤᠯᠤᠨ ᠤᠯᠤᠰ ᠤᠨ | ᠦᠮᠴᠢᠯᠡᠯᠳᠤ ᠠᠵᠤ ᠠᠬᠤᠶᠢᠯᠠᠯ ᠤᠨ ᠬᠤᠪᠢ ᠶᠢᠨ ᠡᠵᠡᠩᠨᠡᠯᠳᠡ ᠶᠢᠨ ᠠᠵᠤ ᠠᠬᠤᠶᠢᠯᠠᠯ ᠳᠤ ᠦᠷᠢᠳᠦᠭᠰᠡᠨ ᠵᠤᠭᠤᠰᠤᠨ ᠤ ᠠᠰᠠᠭᠤᠳᠠᠯ ᠢ ᠬᠦᠴᠤᠳᠠᠢ᠂ ᠡᠮᠬᠢ | ᠲᠠᠷᠠᠭ᠎ᠠ ᠲᠠᠢ ᠰᠢᠢᠳᠪᠤᠷᠢᠯᠡᠵᠤ᠂ ᠦᠡᠭᠭᠡᠷᠡᠭᠰᠡᠨ ᠤ ᠦᠷᠢ ᠶᠢ ᠲᠦᠷᠭᠡᠨ ᠴᠠᠶᠢᠷᠠᠭᠤᠯᠤᠨ᠂ ᠵᠢᠯ ᠬᠤᠪᠢᠶᠡᠨ ᠲᠦᠯᠦᠬᠦ ᠲᠦᠯᠦᠪᠯᠡᠭᠡ ᠲᠤᠬᠳᠠᠭᠠᠵᠤ᠂ ᠬᠤᠪᠢ ᠶᠢᠨ | ᠡᠵᠡᠩᠨᠡᠯᠳᠡ ᠶᠢᠨ ᠠᠵᠤ ᠠᠬᠤᠶᠢᠯᠠᠯ ᠢ ᠠᠮᠤᠷᠵᠢᠭᠤᠯᠤᠨ᠂ ᠬᠦᠭᠵᠢᠯᠳᠡ ᠶᠢ ᠰᠡᠳᠬᠢᠯ ᠠᠮᠤᠷ ᠰᠦᠪᠡᠭᠴᠢᠯᠡᠬᠦ ᠪᠤᠯᠭᠠᠨ᠎ᠠ᠃ ᠬᠤᠳᠠᠯᠳᠤᠭ᠎ᠠ ᠡᠷᠬᠢᠯᠡᠬᠦ ᠤᠷᠴᠢᠨ | ᠲᠤᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠬᠦᠯᠤᠨ᠂ ︽ᠲᠠᠪᠤᠨ ᠤᠳᠤᠨ ᠲᠡᠰ ᠤᠨ ᠲᠡᠯᠭᠡᠬᠦᠷ ᠤᠨ ᠬᠤᠶᠠᠳᠤᠭᠠᠷ ᠡᠵᠡᠨ︾ ᠢ ᠠᠷᠠᠳ ᠠᠴᠠ ᠡᠵᠡᠩᠨᠡᠭᠰᠡᠨ | ᠠᠵᠤ ᠠᠬᠤᠶᠢᠯᠠᠯ ᠳᠤ ᠦᠢᠯᠡᠴᠢᠯᠡᠬᠦ ᠦᠨᠳᠤᠰᠤᠨ ᠪᠠᠷᠢᠮᠵᠢᠶ᠎ᠠ ᠪᠤᠯᠭᠠᠵᠤ᠂ ᠨᠦᠬᠦᠴᠡᠯ ᠵᠦᠪᠰᠢᠶᠡᠷᠡᠭᠰᠡᠨ ᠪᠠᠶᠢᠳᠠᠯ ᠲᠤᠤᠷ᠎ᠠ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠢ ᠬᠠᠪᠰᠤᠷᠤᠨ ᠲᠦᠷᠦᠯ ᠵᠦᠢᠯ ᠤᠨ ᠭᠠᠷ ᠬᠦᠢᠴᠡᠳᠭᠡᠯ᠂ ᠪᠡᠯᠡ ᠬᠤᠷᠠᠮᠳᠤᠭᠤᠯᠬᠤ ᠵᠢᠭᠡᠯᠡᠯᠭᠡ᠂ ᠠᠯᠪᠠᠯᠠᠬᠤ ᠭᠠᠵᠠᠷ᠂ ᠠᠵᠢᠯᠳᠠᠨ ᠤ ᠪᠠᠶᠢᠷᠢ᠂ ᠵᠠᠮᠨᠠᠬᠤ | ᠲᠡᠷᠭᠡ ᠮᠠᠰᠢᠨ᠂ ᠠᠵᠢᠯᠳᠠᠨ ᠤ ᠦᠷ᠎ᠡ ᠭᠡᠤᠭᠡᠳ ᠤᠨ ᠰᠤᠷᠭᠠᠭᠤᠯᠢ ᠳᠤ ᠤᠷᠤᠬᠤ᠂ ᠡᠷᠤᠭᠡ ᠠᠮᠠᠨ ᠲᠠᠩᠰᠠ ᠪᠠᠨ ᠤᠷᠤᠭᠤᠯᠬᠤ ᠵᠡᠷᠭᠡ ᠪᠤᠳᠠᠳᠤ ᠠᠰᠠᠭᠤᠳᠠᠯ ᠢ | ᠰᠢᠢᠳᠪᠤᠷᠢᠯᠡᠵᠤ᠂ ᠬᠠᠶᠢᠷ᠎ᠠ ᠬᠠᠯᠠᠮᠵᠢ ᠶᠢ ᠠᠵᠤ ᠠᠬᠤᠶᠢᠯᠠᠯ ᠳᠤ ᠬᠦᠷᠭᠡᠬᠦ ᠠᠵᠢᠯᠯᠠᠭ᠎ᠠ ᠶᠢ ᠢᠳᠡᠪᠬᠢᠳᠡᠢ ᠦᠷᠨᠢᠬᠦᠯᠤᠨ᠂ ᠠᠵᠤ ᠠᠬᠤᠶᠢᠯᠠᠯ ᠠᠵᠢᠯ ᠡᠷᠬᠢᠯᠡᠬᠦ ᠳᠤ | ᠰᠠᠭᠠᠳ ᠦᠭᠡᠢ ᠵᠠᠮ ᠨᠡᠭᠡᠭᠡᠨ᠎ᠡ᠃ ᠤᠳᠤᠷᠢᠳᠬᠤ ᠺᠠᠳ᠋ᠷ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠲᠠᠢ ᠴᠡᠭ ᠲᠤᠬᠳᠠᠨ ᠬᠠᠷᠢᠯᠴᠠᠬᠤ ᠠᠵᠢᠯ ᠤᠨ ᠲᠦᠷᠢᠮ ᠢ | ᠭᠡᠷᠡᠭᠵᠢᠬᠦᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠰᠠᠭᠤᠳᠠᠯ ᠤᠨ ᠬᠤᠷᠠᠯ ᠢ ᠲᠤᠬᠳᠠᠮᠠᠯ ᠬᠤᠭᠤᠴᠠᠭ᠎ᠠ ᠲᠠᠢ ᠬᠤᠷᠠᠯᠳᠤᠭᠤᠯᠵᠤ᠂ ᠵᠠᠰᠠᠭ ᠤᠨ | ᠤᠷᠳᠤᠨ ᠬᠢᠭᠡᠳ ᠠᠵᠤ ᠠᠬᠤᠶᠢᠯᠠᠯ᠂ ᠤᠯᠤᠰ ᠤᠨ ᠦᠮᠴᠢᠯᠡᠯᠳᠤ ᠠᠵᠤ ᠠᠬᠤᠶᠢᠯᠠᠯ ᠬᠢᠭᠡᠳ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠬᠤᠭᠤᠷᠤᠨᠳᠤ ᠶᠢᠨ | ᠬᠠᠷᠢᠯᠴᠠᠬᠤ ᠲᠠᠪᠴᠠᠩ ᠢ ᠪᠠᠶᠢᠭᠤᠯᠤᠨ᠂ ᠲᠦᠷᠦ ᠶᠢᠨ ᠪᠤᠳᠤᠯᠭ᠎ᠠ ᠬᠢᠭᠡᠳ ᠵᠠᠬ᠎ᠠ ᠲᠡᠯᠭᠡᠬᠦᠷ᠂ ᠬᠠᠨᠭ᠍ᠭᠠᠯᠭ᠎ᠠ ᠬᠢᠭᠡᠳ ᠭᠡᠷᠡᠭᠴᠡᠭᠡ ᠶᠢ ᠵᠠᠢ ᠦᠭᠡᠢ ᠵᠤᠯᠭᠠᠭᠤᠯᠬᠤ ᠶᠢ | ᠪᠡᠶᠡᠯᠡᠬᠦᠯᠵᠤ᠂ ᠪᠦᠬᠦ ᠲᠤᠭᠤᠷᠢᠭ ᠤᠨ ᠠᠵᠤ ᠠᠬᠤᠶᠢᠯᠠᠯ ᠰᠡᠳᠬᠢᠯ ᠨᠢᠭᠡᠳᠤᠨ ᠬᠦᠭᠵᠢᠵᠤ᠂ ᠬᠠᠷᠢᠯᠴᠠᠨ ᠠᠰᠢᠭ ᠬᠦᠷᠳᠡᠬᠦ ᠪᠤᠯᠭᠠᠨ᠎ᠠ᠃ ᠦᠢᠯᠡᠴᠢᠯᠡᠬᠦ ᠲᠤᠮᠳᠠ | ᠬᠠᠮᠢᠶᠠᠷᠬᠤ ᠶᠢ ᠪᠠᠷᠢᠮᠳᠠᠯᠠᠵᠤ᠂ ᠵᠦᠪᠳᠡᠯᠴᠡᠵᠤ ᠶᠠᠷᠢᠯᠴᠠᠭᠤᠯᠬᠤ ᠭᠡᠯᠪᠡᠷᠢ ᠶᠢ ᠢᠳᠡᠪᠬᠢᠳᠡᠢ ᠠᠪᠴᠤ ᠠᠵᠤ ᠠᠬᠤᠶᠢᠯᠠᠯ ᠳᠤ ᠬᠤᠯᠪᠤᠬᠳᠠᠬᠰᠠᠨ ᠵᠦᠷᠢᠴᠡᠯ | ᠵᠢᠭᠤᠷᠠᠯᠳᠤᠭᠠᠨ ᠢ ᠰᠢᠢᠳᠪᠤᠷᠢᠯᠡᠨ᠂ ᠵᠠᠰᠠᠭ ᠵᠠᠬᠢᠷᠭᠠᠨ ᠤ ᠬᠠᠮᠢᠶᠠᠷᠤᠯᠳᠠ ᠪᠠᠷ ᠰᠢᠯᠳᠠᠭ ᠪᠤᠯᠭᠠᠵᠤ ᠰᠢᠭᠤᠳ ᠭᠠᠷ ᠲᠦᠷᠦᠬᠦ᠂ ᠠᠵᠤ ᠠᠬᠤᠶᠢᠯᠠᠯ ᠤᠨ ᠭᠡᠪ ᠤᠨ | ᠦᠢᠯᠡᠳᠪᠤᠷᠢᠯᠡᠯ ᠡᠵᠡᠩᠨᠡᠯᠳᠡ ᠶᠢᠨ ᠠᠵᠢᠯᠯᠠᠭ᠎ᠠ ᠶᠢ ᠬᠠᠷᠰᠢᠯᠠᠬᠤ ᠠᠴᠠ ᠵᠠᠶᠢᠯᠠᠰᠬᠢᠨ᠎ᠠ᠃ ᠠᠵᠤ ᠠᠬᠤᠶᠢᠯᠠᠯᠳᠠᠨ ᠤ ᠠᠮᠢ ᠪᠠᠶ᠎ᠠ ᠶᠢᠨ ᠠᠮᠤᠷ ᠲᠦᠪᠰᠢᠨ ᠪᠤᠯᠤᠨ ᠡᠳ᠋ | ᠬᠦᠷᠤᠩᠭᠡ ᠶᠢᠨ ᠠᠮᠤᠷ ᠲᠦᠪᠰᠢᠨ ᠢ ᠬᠠᠤᠯᠢ ᠶᠤᠰᠤᠭᠠᠷ ᠬᠠᠮᠠᠭᠠᠯᠠᠨ᠎ᠠ᠃ | ᠭᠤᠤᠯᠳᠠᠯᠭ᠎ᠠ ᠲᠠᠢ ᠬᠦᠷᠢᠶ᠎ᠠ ᠭᠡᠪᠴᠢᠶᠡᠨ ᠤ ᠦᠭᠡᠷᠡᠴᠢᠯᠡᠯᠳᠡ ᠶᠢ ᠲᠤᠬᠳᠠᠭᠤᠨ ᠢᠶᠠᠷ ᠠᠬᠢᠭᠤᠯᠤᠨ᠎ᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾ | ᠦᠭᠡᠷᠡᠴᠢᠯᠡᠯᠳᠡ ᠶᠢ ᠲᠠᠰᠤᠷᠠᠯᠳᠠ ᠦᠭᠡᠢ ᠬᠦᠨᠵᠡᠭᠡᠶᠢᠷᠡᠬᠦᠯᠵᠤ᠂ ᠵᠠᠬ᠎ᠠ ᠲᠡᠯᠭᠡᠬᠦᠷ ᠤᠨ ᠭᠤᠤᠯ ᠴᠤᠬᠴᠠ ᠶᠢᠨ ᠡᠵᠡᠩᠨᠡᠯᠳᠡ ᠶᠢᠨ ᠲᠠᠷᠤᠭᠠᠰᠤ ᠶᠢ ᠬᠦᠡᠭᠭᠡᠷᠡᠬᠦᠯᠤᠨ᠂ | ᠡᠯ᠎ᠡ ᠵᠦᠢᠯ ᠤᠨ ᠭᠠᠶᠢᠯᠢ ᠶᠢ ᠬᠠᠰᠤᠬᠤ ᠲᠦᠷᠦ ᠶᠢᠨ ᠪᠤᠳᠤᠯᠭ᠎ᠠ ᠶᠢ ᠪᠦᠳᠤᠮᠵᠢᠳᠠᠢ ᠨᠠᠶᠢᠳᠠᠪᠤᠷᠢᠵᠢᠭᠤᠯᠤᠨ᠎ᠠ᠃ ᠬᠤᠳᠠᠯᠳᠤᠭᠠᠨ ᠤ ᠶᠠᠪᠤᠳᠠᠯ ᠤᠨ ᠲᠦᠷᠢᠮ ᠤᠨ | ᠦᠭᠡᠷᠡᠴᠢᠯᠡᠯᠳᠡ ᠶᠢ ᠦᠷᠬᠦᠯᠵᠢᠯᠡᠨ ᠰᠠᠶᠢᠳᠤᠷ ᠠᠳᠬᠤᠵᠤ᠂ ᠵᠠᠬ᠎ᠠ ᠲᠡᠯᠭᠡᠬᠦᠷ ᠲᠤ ᠤᠷᠤᠭᠤᠯᠬᠤ ᠶᠢ ᠵᠦᠪᠰᠢᠶᠡᠷᠡᠬᠦ ᠨᠠᠵᠠᠭᠠᠢ ᠲᠠᠯ᠎ᠠ ᠶᠢᠨ ᠨᠠᠷᠢᠨ ᠲᠠᠩᠰᠠ ᠶᠢᠨ | ᠲᠦᠷᠢᠮ ᠢ ᠪᠦᠬᠦ ᠲᠠᠯ᠎ᠠ ᠪᠠᠷ ᠭᠡᠷᠡᠭᠵᠢᠬᠦᠯᠤᠨ᠂ ᠠᠵᠤ ᠠᠬᠤᠶᠢᠯᠠᠯ ᠤᠨ ᠬᠦᠴᠤᠨ ᠦᠭᠡᠢ ᠪᠤᠯᠭᠠᠬᠤ ᠲᠦᠬᠦᠮ ᠪᠦᠷᠢᠳᠭᠡᠯ ᠪᠤᠯᠤᠨ ᠪᠦᠬᠦ ᠶᠠᠪᠤᠴᠠ ᠶᠢ | ᠡᠯᠧᠺᠲᠷᠤᠨᠴᠢᠯᠡᠬᠦ ᠶᠢ ᠬᠦᠴᠤᠳᠡᠢ ᠲᠡᠯᠭᠡᠷᠡᠬᠦᠯᠵᠤ᠂ ᠵᠠᠬ᠎ᠠ ᠲᠡᠯᠭᠡᠬᠦᠷ ᠤᠨ ᠬᠢᠨᠠᠨ ᠬᠠᠮᠢᠶᠠᠷᠬᠤ ᠲᠤᠬᠳᠠᠴᠠ ᠶᠢ ᠲᠡᠬᠦᠯᠳᠡᠷᠵᠢᠬᠦᠯᠤᠨ᠂ ᠠᠵᠢᠯ ᠭᠡᠷᠡᠭ ᠤᠨ ᠲᠤᠮᠳᠠ | ᠪᠠ ᠬᠤᠶᠢᠨᠠᠬᠢ ᠬᠠᠮᠢᠶᠠᠷᠤᠯᠳᠠ ᠶᠢ ᠡᠷᠴᠢᠮᠵᠢᠬᠦᠯᠵᠤ᠂ ᠵᠠᠬ᠎ᠠ ᠲᠡᠯᠭᠡᠬᠦᠷ ᠤᠨ ᠡᠮᠬᠢ ᠲᠢᠭᠯᠢᠮ ᠢ ᠴᠡᠭᠴᠡᠯᠡᠨ ᠲᠦᠷᠢᠮᠵᠢᠬᠦᠯᠵᠤ᠂ ᠵᠠᠬ᠎ᠠ ᠲᠡᠯᠬᠡᠬᠦᠷ ᠤᠨ ᠭᠤᠤᠯ ᠴᠤᠬᠴᠠ | ᠶᠢᠨ ᠠᠮᠢᠵᠢᠷᠠᠯ ᠤᠨ ᠬᠦᠴᠤᠨ ᠢ ᠬᠦᠭᠵᠢᠭᠡᠨ᠎ᠡ᠃ ᠤᠯᠤᠰ ᠤᠨ ᠦᠮᠴᠢᠯᠡᠯᠳᠤ ᠠᠵᠤ ᠠᠬᠤᠶᠢᠯᠠᠯ ᠤᠨ ᠦᠭᠡᠷᠡᠴᠢᠯᠡᠯᠳᠡ ᠶᠢ ᠲᠦᠷᠭᠡᠳᠭᠡᠵᠤ᠂ ᠤᠯᠤᠰ ᠤᠨ | ᠦᠮᠴᠢᠯᠡᠯᠳᠤ ᠠᠵᠤ ᠠᠬᠤᠶᠢᠯᠠᠯ ᠢ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠲᠠᠬᠢᠨ ᠨᠡᠶᠢᠯᠡᠬᠦᠯᠬᠦ ᠶᠢ ᠭᠡᠷᠡᠭᠵᠢᠬᠦᠯᠤᠨ᠂ ᠤᠯᠤᠰ ᠤᠨ ᠦᠮᠴᠢᠯᠡᠯᠳᠤ ᠠᠵᠤ ᠠᠬᠤᠶᠢᠯᠠᠯ | ᠤᠨ ᠲᠡᠤᠭᠡᠨ ᠠᠴᠠ ᠦᠯᠡᠳᠡᠵᠤ ᠢᠷᠡᠭᠰᠡᠨ ᠠᠰᠠᠭᠤᠳᠠᠯ ᠢ ᠬᠦᠴᠤᠯᠡᠨ ᠰᠢᠢᠳᠪᠤᠷᠢᠯᠡᠵᠤ᠂ ᠵᠠᠬ᠎ᠠ ᠲᠡᠯᠭᠡᠬᠦᠷᠴᠢᠯᠡᠭᠰᠡᠨ ᠡᠵᠡᠩᠨᠡᠯᠳᠡ ᠶᠢᠨ ᠲᠤᠬᠳᠠᠴᠠ ᠪᠤᠯᠤᠨ | ᠵᠤᠷᠢᠬᠵᠢᠭᠤᠯᠤᠨ ᠬᠦᠯᠢᠶᠡᠰᠤᠯᠡᠬᠦ ᠲᠤᠬᠳᠠᠴᠠ ᠶᠢ ᠪᠠᠶᠢᠭᠤᠯᠤᠨ ᠲᠡᠬᠦᠯᠳᠡᠷᠵᠢᠬᠦᠯᠵᠤ᠂ ᠤᠳᠤ ᠦᠶ᠎ᠡ ᠶᠢᠨ ᠠᠵᠤ ᠠᠬᠤᠶᠢᠯᠠᠯ ᠤᠨ ᠬᠠᠮᠢᠶᠠᠷᠤᠯᠳᠠ ᠶᠢᠨ ᠲᠤᠬᠳᠠᠴᠠ | ᠶᠢ ᠰᠢᠨᠡᠴᠢᠯᠡᠨ᠂ ᠤᠯᠤᠰ ᠤᠨ ᠦᠮᠴᠢᠯᠡᠯᠳᠤ ᠠᠵᠤ ᠠᠬᠤᠶᠢᠯᠠᠯ ᠤᠨ ᠲᠤᠳᠤᠭᠠᠳᠤ ᠠᠮᠢᠵᠢᠷᠠᠯ ᠤᠨ ᠬᠦᠴᠤ᠂ ᠵᠠᠬ᠎ᠠ ᠲᠡᠯᠭᠡᠬᠦᠷ ᠤᠨ ᠦᠷᠢᠰᠦᠯᠳᠤᠬᠦ ᠬᠦᠴᠤ ᠪᠤᠯᠤᠨ | ᠬᠦᠭᠵᠢᠯᠳᠡ ᠶᠢ ᠲᠠᠭᠠᠭᠤᠯᠬᠤ ᠬᠦᠴᠤ ᠶᠢ ᠨᠡᠮᠡᠭᠳᠡᠬᠦᠯᠤᠨ᠎ᠡ᠃ ᠤᠯᠤᠰ ᠤᠨ ᠦᠮᠴᠢᠯᠡᠯᠳᠤ ᠬᠦᠷᠤᠩᠭᠡ ᠶᠢᠨ ᠬᠢᠨᠠᠯᠳᠠ ᠬᠠᠮᠢᠶᠠᠷᠤᠯᠳᠠ ᠶᠢ ᠡᠷᠴᠢᠮᠵᠢᠬᠦᠯᠵᠤ᠂ ᠠᠵᠤ | ᠠᠬᠤᠶᠢᠯᠠᠯ ᠢ ᠬᠠᠮᠢᠶᠠᠷᠴᠤ ᠪᠠᠶᠢᠬᠰᠠᠨ ᠠᠴᠠ ᠬᠦᠷᠤᠩᠭᠡ ᠶᠢ ᠬᠠᠮᠢᠶᠠᠷᠬᠤ ᠵᠦᠭ ᠬᠤᠪᠢᠷᠠᠭᠤᠯᠬᠤ ᠶᠢ ᠪᠡᠶᠡᠯᠡᠬᠦᠯᠤᠨ᠂ ᠡᠳ᠋ ᠬᠦᠷᠤᠩᠭᠡ ᠶᠢ ᠲᠤᠳᠤᠷᠬᠠᠶᠢᠯᠠᠨ ᠪᠡᠯᠡ | ᠮᠦᠡᠭᠬᠦ ᠶᠢ ᠬᠠᠷᠭᠤᠭᠤᠯᠬᠤ ᠠᠵᠢᠯ ᠢ ᠬᠦᠨᠵᠡᠭᠡᠢ ᠦᠷᠨᠢᠬᠦᠯᠵᠤ᠂ ᠤᠯᠤᠰ ᠤᠨ ᠦᠮᠴᠢᠯᠡᠯᠳᠤ ᠡᠳ᠋ ᠬᠦᠷᠤᠩᠭᠡ ᠶᠢᠨ ᠰᠠᠭᠤᠷᠢ ᠲᠤᠭ᠎ᠠ ᠶᠢ ᠲᠤᠳᠤᠷᠬᠠᠢ᠂ ᠵᠠᠷᠤᠯᠭ᠎ᠠ | ᠨᠢ ᠢᠯᠡ᠂ ᠠᠰᠢᠭ ᠤᠷᠤᠯᠭ᠎ᠠ ᠲᠠᠢ ᠪᠠᠶᠢᠬᠤ ᠶᠢ ᠪᠡᠶᠡᠯᠡᠬᠦᠯᠤᠨ᠎ᠡ᠃ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠢᠳᠡᠪᠬᠢᠳᠡᠢ | ᠠᠬᠢᠭᠤᠯᠵᠤ᠂ ᠲᠦᠰᠦᠪ ᠤᠨ ᠬᠠᠮᠢᠶᠠᠷᠤᠯᠳᠠ ᠪᠠ ᠭᠠᠶᠢᠯᠢ ᠶᠢᠨ ᠤᠷᠤᠯᠭ᠎ᠠ ᠶᠢ ᠲᠠᠳᠠᠪᠤᠷᠢᠯᠠᠨ ᠬᠠᠮᠢᠶᠠᠷᠬᠤ ᠬᠢᠷᠢ ᠭᠡᠮᠵᠢᠶ᠎ᠡ ᠶᠢ ᠲᠡᠭᠡᠭᠰᠢᠯᠡᠬᠦᠯᠤᠨ᠎ᠡ᠃ | ᠰᠢᠨ᠎ᠡ ᠶᠢ ᠡᠬᠦᠳᠬᠦ ᠪᠠᠷ ᠬᠦᠳᠡᠯᠭᠡᠭᠴᠢ ᠬᠦᠴᠤᠨ ᠪᠤᠯᠭᠠᠬᠤ ᠪᠠᠶᠢᠯᠳᠤᠬᠤ ᠪᠤᠳᠤᠯᠭ᠎ᠠ ᠶᠢ ᠬᠦᠨᠵᠡᠭᠡᠢ ᠭᠡᠷᠡᠭᠵᠢᠬᠦᠯᠤᠨ᠎ᠡ᠃ ᠬᠤᠳᠠ ᠶᠢᠨ ᠲᠡᠭᠡᠳᠤ ᠰᠢᠨ᠎ᠡ | ᠮᠡᠷᠭᠡᠵᠢᠯ ᠤᠨ ᠠᠵᠤ ᠦᠢᠯᠡᠰ ᠤᠨ ᠬᠦᠷᠢᠶᠠᠯᠡᠩ ᠲᠤᠭᠤᠷᠢᠭ ᠤᠨ ᠬᠦᠭᠵᠢᠯᠳᠡ ᠶᠢ ᠪᠦᠬᠦ ᠬᠦᠴᠤ ᠪᠠᠷ ᠢᠶᠠᠨ ᠲᠡᠮᠵᠢᠵᠤ᠂ ᠬᠠᠮᠳᠤᠪᠠᠷ ᠪᠠᠶᠢᠭᠤᠯᠵᠤ ᠬᠠᠮᠳᠤᠪᠠᠷ ᠡᠳ᠋ᠯᠡᠬᠦ | ᠬᠠᠮᠳᠤᠷᠠᠯᠴᠠᠭᠠᠨ ᠤ ᠲᠤᠬᠳᠠᠴᠠ ᠶᠢ ᠬᠦᠨᠵᠡᠭᠡᠶᠢᠷᠡᠬᠦᠯᠤᠨ᠂ ᠬᠦᠷᠢᠶᠠᠯᠡᠩ ᠲᠤᠭᠤᠷᠢᠭ ᠤᠨ ᠠᠵᠤ ᠠᠬᠤᠢ ᠶᠢᠨ ᠪᠤᠰᠤ ᠴᠢᠳᠠᠪᠬᠢ ᠶᠢ ᠲᠦᠷᠭᠡᠨ ᠬᠠᠷᠢᠭᠤᠴᠠᠨ | ᠵᠤᠯᠭᠠᠭᠤᠯᠵᠤ᠂ ᠬᠦᠷᠢᠶᠠᠯᠠᠩ ᠲᠤᠭᠤᠷᠢᠭ ᠤᠶᠤᠨ ᠴᠢᠳᠠᠯ ᠢᠶᠠᠨ ᠭᠠᠷᠭᠠᠨ ᠬᠦᠭᠵᠢᠯᠳᠡ ᠶᠢ ᠡᠷᠢᠯᠬᠢᠯᠡᠬᠦ ᠪᠤᠯᠭᠠᠵᠤ᠂ ᠬᠢᠶ᠎ᠠ ᠪᠠᠭᠰᠢ ᠶᠢᠨ ᠰᠢᠨ᠎ᠡ ᠶᠢ ᠡᠬᠦᠳᠬᠦ | ᠬᠦᠳᠡᠯᠭᠡᠭᠴᠢ ᠬᠦᠴᠤᠨ ᠤ ᠭᠤᠤᠯ ᠵᠢᠬᠰᠠᠭᠠᠯ ᠤᠨ ᠭᠠᠵᠠᠷ ᠪᠤᠯᠭᠠᠨ᠎ᠠ᠃ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠠᠵᠤ ᠦᠢᠯᠡᠰ ᠤᠨ ᠭᠡᠯᠬᠢᠶ᠎ᠡ ᠶᠢᠨ | ᠦᠨᠳᠤᠷ ᠲᠡᠰ ᠵᠦᠭ ᠲᠠᠪᠰᠢᠬᠤ ᠶᠢ ᠲᠠᠶᠢᠴᠢᠯᠠᠨ᠂ ᠪᠤᠳᠠᠳᠤ ᠴᠤᠬᠴᠠ ᠶᠢᠨ ᠠᠵᠤ ᠠᠬᠤᠢ ᠶᠢᠨ ᠭᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠬᠦ ᠶᠢ ᠠᠬᠢᠭᠤᠯᠵᠤ᠂ | ᠲᠤᠮᠳᠠ ᠲᠡᠭᠡᠳᠤ ᠲᠡᠰ ᠤᠨ ᠭᠡᠷᠡᠭᠯᠡᠭᠡ᠂ ᠰᠢᠨ᠎ᠡ ᠪᠠᠷ ᠬᠦᠭᠵᠢᠭᠰᠡᠨ ᠦᠢᠯᠡᠴᠢᠯᠡᠭᠡᠨ ᠤ ᠦᠢᠯᠡᠰ᠂ ᠤᠳᠤ ᠦᠶ᠎ᠡ ᠶᠢᠨ ᠬᠠᠨᠭ᠍ᠭᠠᠯᠭ᠎ᠠ ᠶᠢᠨ ᠭᠡᠯᠬᠢᠶ᠎ᠡ᠂ ᠬᠦᠮᠤᠨ ᠤ | ᠬᠦᠴᠤᠨ ᠤ ᠡᠬᠢ ᠪᠠᠶᠠᠯᠢᠭ ᠤᠨ ᠦᠢᠯᠡᠴᠢᠯᠡᠭᠡ ᠵᠡᠷᠭᠡ ᠬᠦᠷᠢᠶ᠎ᠠ ᠭᠡᠪᠴᠢᠶᠡᠨ ᠳᠤ ᠰᠢᠨ᠎ᠡ ᠨᠡᠮᠡᠭᠳᠡᠯ ᠤᠨ ᠴᠡᠭ ᠢ ᠪᠤᠶᠢᠵᠢᠭᠤᠯᠤᠨ᠎ᠠ᠃ 5G ᠰᠦᠯᠵᠢᠶ᠎ᠡ ᠶᠢ | ᠲᠦᠭᠡᠮᠡᠯᠵᠢᠬᠦᠯᠤᠨ ᠭᠡᠷᠡᠭᠯᠡᠬᠦ ᠶᠢ ᠤᠷᠢᠳᠴᠢᠯᠡᠨ ᠲᠡᠯᠭᠡᠷᠡᠬᠦᠯᠵᠤ᠂ ᠠᠵᠤ ᠦᠢᠯᠡᠰ ᠤᠨ ᠬᠦᠭᠵᠢᠯᠳᠡ᠂ ᠬᠤᠳᠠ ᠶᠢᠨ ᠪᠦᠳᠤᠭᠡᠨ ᠪᠠᠶᠢᠭᠤᠯᠤᠯᠳᠠ᠂ ᠠᠮᠢᠳᠤᠷᠠᠯ ᠤᠨ | ᠦᠢᠯᠡᠴᠢᠯᠡᠭᠡ ᠵᠡᠷᠭᠡ ᠬᠦᠷᠢᠶ᠎ᠡ ᠭᠡᠪᠴᠢᠶᠡᠨ ᠳᠤ ᠪᠤᠳᠠᠰ ᠤᠨ ᠬᠦᠢᠯᠭᠡᠭᠡ ᠶᠢᠨ ᠰᠦᠯᠵᠢᠶ᠎ᠡ᠂ ᠵᠤᠬᠢᠶᠠᠮᠠᠯ ᠪᠤᠳᠠᠳᠤ ᠠᠬᠤᠢ᠂ ᠵᠤᠬᠢᠶᠠᠮᠠᠯ ᠤᠶᠤᠨ ᠵᠡᠷᠭᠡ ᠰᠢᠨ᠎ᠡ | ᠮᠡᠷᠭᠡᠵᠢᠯ ᠢ ᠲᠡᠯᠭᠡᠷᠡᠬᠦᠯᠤᠨ᠎ᠡ᠃ ᠤᠯᠠᠨ ᠢᠶᠠᠷ ᠢᠶᠠᠨ ᠦᠢᠯᠡᠰ ᠪᠤᠰᠬᠠᠬᠤ᠂ ᠲᠠᠶᠠᠭᠠᠷ ᠢᠶᠠᠨ ᠰᠢᠨ᠎ᠡ ᠶᠢ ᠡᠬᠦᠳᠬᠦ ᠶᠢ ᠬᠦᠨᠵᠡᠭᠡᠢ ᠠᠬᠢᠭᠤᠯᠵᠤ᠂ ᠰᠢᠨ᠎ᠡ ᠶᠢ | ᠡᠬᠦᠳᠦᠭᠰᠡᠨ ᠠᠵᠤ ᠠᠬᠤᠶᠢᠯᠠᠯ ᠢ ᠲᠡᠮᠵᠢᠬᠦ ᠡᠯ᠎ᠡ ᠵᠦᠢᠯ ᠤᠨ ᠲᠡᠳᠬᠦᠬᠦ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠠᠯᠢ ᠰᠢᠨ᠎ᠡ ᠶᠢ | ᠡᠬᠦᠳᠴᠤ ᠦᠢᠯᠡᠰ ᠪᠤᠰᠬᠠᠬᠤ ᠦᠢᠯᠡᠴᠢᠯᠡᠭᠡᠨ ᠤ ᠲᠦᠪ᠂ ᠺᠠᠨᠭ᠌ ᠪᠸᠢ ᠦᠢᠯᠡᠰ ᠪᠤᠰᠬᠠᠬᠤ ᠬᠦᠷᠢᠶᠠᠯᠠᠩ ᠵᠡᠷᠭᠡ ᠤᠯᠠᠨ ᠢᠶᠠᠷ ᠢᠶᠠᠨ ᠦᠢᠯᠡᠰ ᠪᠤᠰᠬᠠᠬᠤ | ᠠᠴᠢᠶᠠᠯᠠᠬᠴᠢ ᠶᠢ ᠲᠠᠮᠵᠢᠨ ᠪᠤᠵᠠᠭᠠᠶᠢᠷᠠᠭᠤᠯᠤᠨ ᠬᠦᠴᠤᠷᠭᠡᠭᠵᠢᠬᠦᠯᠤᠨᠡ᠃ ᠴᠢᠳᠠᠪᠤᠷᠢᠳᠠᠨ ᠢᠶᠠᠷ ᠲᠤᠭᠤᠷᠢᠭ ᠢᠶᠠᠨ ᠬᠦᠴᠤᠷᠭᠡᠭᠵᠢᠬᠦᠯᠬᠦ ᠪᠠᠶᠢᠯᠳᠤᠬᠤ ᠪᠤᠳᠤᠯᠭ᠎ᠠ ᠶᠢ | ᠭᠡᠷᠡᠭᠵᠢᠬᠦᠯᠵᠤ᠂ ᠲᠡᠭᠡᠳᠤ ᠵᠡᠷᠭᠡ ᠶᠢᠨ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠯᠤᠭ᠎ᠠ ᠬᠠᠷᠢᠯᠴᠠᠭ᠎ᠠ ᠬᠠᠮᠳᠤᠷᠠᠯᠴᠠᠭ᠎ᠠ ᠪᠠᠨ | ᠦᠷᠬᠦᠯᠵᠢᠯᠡᠨ ᠬᠦᠨᠵᠡᠭᠡᠶᠢᠷᠡᠬᠦᠯᠤᠨ ᠨᠢᠭᠡ ᠪᠦᠯᠦᠭ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠬᠦᠳᠬᠦ ᠪᠠ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ | ᠤᠨ ᠬᠦᠷᠢᠶ᠎ᠠ ᠭᠡᠪᠴᠢᠶᠡᠨ ᠤ ᠰᠢᠯᠢᠳᠡᠭ ᠴᠢᠳᠠᠪᠤᠷᠢᠳᠠᠨ ᠢ ᠪᠤᠶᠢᠵᠢᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠳᠠᠢ ᠬᠦᠭᠵᠢᠯᠳᠡ ᠳᠤ ᠬᠦᠴᠤ ᠲᠠᠢ ᠤᠶᠤᠨ ᠤ | ᠲᠤᠯᠭᠠᠭᠤᠷᠢ ᠶᠢ ᠬᠠᠨᠭ᠍ᠭᠠᠨ᠎ᠠ᠃ | ︵ᠲᠠᠪᠤ︶ ᠪᠠᠶᠢᠭᠤᠯᠬᠤ ᠪᠠ ᠬᠠᠮᠢᠶᠠᠷᠬᠤ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠳᠠᠯᠠᠵᠤ᠂ ᠤᠳᠤᠬᠢᠴᠢᠯᠠᠬᠰᠠᠨ ᠴᠢᠨᠠᠷᠯᠢᠭ ᠬᠤᠳᠠ ᠶᠢ ᠡᠬᠦᠳᠤᠨ | ᠪᠠᠶᠢᠭᠤᠯᠤᠨ᠎ᠠ᠃ ᠰᠢᠨᠵᠢᠯᠡᠬᠦ ᠤᠬᠠᠭᠠᠨᠴᠢ ᠲᠦᠯᠦᠪᠵᠢᠬᠦᠯᠭᠡ ᠪᠠᠷ ᠬᠤᠳᠠ ᠶᠢᠨ ᠪᠦᠳᠤᠭᠡᠨ ᠪᠠᠶᠢᠭᠤᠯᠤᠯᠳᠠ ᠶᠢ ᠬᠦᠳᠤᠯᠤᠨ ᠲᠠᠭᠠᠭᠤᠯᠬᠤ ᠶᠢ ᠪᠠᠷᠢᠮᠳᠠᠯᠠᠵᠤ᠂ ᠬᠤᠳᠠ | ᠶᠢ ᠬᠠᠮᠢᠶᠠᠷᠴᠤ ᠪᠠᠶᠢᠬᠰᠠᠨ ᠢ ᠬᠤᠳᠠ ᠶᠢ ᠵᠠᠰᠠᠬᠤ ᠵᠦᠭ ᠬᠤᠪᠢᠷᠠᠭᠤᠯᠬᠤ ᠶᠢ ᠠᠬᠢᠭᠤᠯᠤᠨ᠂ ᠵᠤᠬᠢᠴᠠᠯᠳᠤᠨ ᠬᠦᠭᠵᠢᠭᠰᠡᠨ᠂ ᠤᠯᠠᠨ ᠡᠰᠢᠳᠤ ᠬᠠᠮᠳᠤᠪᠠᠷ ᠵᠠᠰᠠᠬᠰᠠᠨ | ᠬᠤᠳᠠ ᠶᠢᠨ ᠬᠦᠭᠵᠢᠯᠳᠡ ᠶᠢᠨ ᠵᠠᠬᠪᠤᠷ ᠢ ᠪᠦᠷᠢᠯᠳᠦᠬᠦᠯᠵᠤ᠂ ᠬᠤᠳᠠ ᠶᠢᠨ ᠠᠵᠢᠯᠯᠠᠭᠠᠨ ᠦᠨᠳᠤᠷ ᠠᠰᠢᠭ ᠲᠠᠢ ᠡᠮᠬᠢ ᠲᠢᠭᠯᠢᠮ ᠲᠠᠢ ᠪᠠᠶᠢᠬᠤ ᠶᠢ ᠠᠬᠢᠭᠤᠯᠤᠨ᠂ | ᠬᠤᠳᠠ ᠨᠢ ᠠᠮᠢᠳᠤᠷᠠᠯ ᠢ ᠨᠡᠩ ᠭᠤᠶᠤ ᠰᠠᠶᠢᠬᠠᠨ ᠪᠤᠯᠭᠠᠬᠤ ᠶᠢ ᠪᠠᠶᠠᠯᠠᠬᠦᠯᠤᠨ᠎ᠡ᠃ | ᠴᠢᠨᠠᠷᠵᠢᠯ ᠬᠤᠳᠠ ᠶᠢᠨ ᠪᠦᠳᠤᠭᠡᠨ ᠪᠠᠶᠢᠭᠤᠯᠤᠯᠳᠠ ᠶᠢ ᠲᠦᠷᠭᠡᠳᠭᠡᠨ᠎ᠡ᠃ ᠬᠤᠳᠠ ᠶᠢᠨ ᠶᠠᠪᠤᠳᠠᠯ ᠤᠨ ᠦᠨᠳᠤᠰᠤᠨ ᠴᠢᠳᠠᠪᠤᠷᠢ ᠶᠢ ᠲᠡᠬᠦᠯᠳᠡᠷᠵᠢᠬᠦᠯᠵᠤ᠂ | ᠬᠤᠳᠠ ᠶᠢᠨ ᠲᠤᠯᠠᠭᠠᠯᠠᠭ᠎ᠠ ᠶᠢᠨ ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢ ᠡᠬᠢᠯᠡᠬᠦᠯᠵᠤ᠂ ︽ ᠲᠤᠯᠠᠭᠠᠯᠠᠭ᠎ᠠ ᠶᠢᠨ ᠢᠷᠡᠯᠳᠡ ᠭᠠᠭᠴᠠᠬᠠᠨ ᠪᠠᠶᠢᠬᠤ︾ | ᠲᠤᠯᠠᠭᠠᠯᠠᠭ᠎ᠠ ᠬᠠᠨᠭ᠍ᠭᠠᠬᠤ ᠠᠰᠠᠭᠤᠳᠠᠯ ᠢ ᠲᠦᠷᠭᠡᠨ ᠰᠢᠢᠳᠪᠤᠷᠢᠯᠡᠨ᠎ᠡ︔ ᠵᠠᠪᠰᠠᠷ ᠤᠨ ᠤᠰᠤ ᠶᠢ ᠶᠡᠷᠤᠩᠭᠡᠶᠢᠯᠡᠨ ᠠᠰᠢᠬᠯᠠᠬᠤ ᠬᠤᠶᠠᠳᠤᠭᠠᠷ ᠬᠤᠭᠤᠴᠠᠭᠠᠨ ᠤ | ᠪᠠᠷᠢᠯᠭ᠎ᠠ ᠶᠢ ᠪᠠᠶᠠᠯᠠᠬᠦᠯᠵᠤ᠂ ᠠᠮᠢᠳᠤᠷᠠᠯ ᠤᠨ ᠴᠢᠨᠠᠷᠳᠠᠢ ᠪᠤᠰᠤ ᠭᠡᠷᠡᠭᠯᠡᠭᠡᠨ ᠤ ᠤᠰᠤ ᠶᠢ ᠴᠦᠮ ᠵᠠᠪᠰᠠᠷ ᠤᠨ ᠤᠰᠤ ᠪᠠᠷ ᠬᠠᠯᠠᠬᠤ ᠶᠢ ᠪᠠᠶᠠᠯᠡᠬᠦᠯᠤᠨ᠎ᠡ︔ ᠬᠤᠳᠠ | ᠶᠢᠨ ᠦᠶᠡᠷ ᠢ ᠰᠡᠷᠭᠡᠶᠢᠯᠡᠬᠦ ᠶᠡᠷᠤᠩᠭᠡᠶᠢᠯᠡᠨ ᠦᠭᠡᠷᠡᠴᠢᠯᠡᠨ ᠵᠠᠰᠠᠬᠤ ᠪᠠᠷᠢᠯᠭ᠎ᠠ ᠶᠢ ᠠᠬᠢᠭᠤᠯᠵᠤ᠂ ᠬᠤᠳᠠ ᠶᠢᠨ ᠲᠤᠳᠤᠷᠠᠬᠢ ᠤᠰᠤᠳᠤᠬᠤ ᠠᠶᠤᠯ ᠲᠠᠢ ᠭᠠᠵᠠᠷ ᠢ | ᠪᠠᠶᠢᠴᠠᠭᠠᠨ ᠵᠠᠰᠠᠵᠤ᠂ ᠭᠤᠤᠯᠳᠠᠯᠭ᠎ᠠ ᠲᠠᠢ ᠤᠷᠤᠰᠬᠠᠯ ᠤᠨ ᠤᠷᠤᠨ᠂ ᠭᠤᠤᠯ ᠤᠨ ᠭᠡᠰᠡᠭ ᠤᠨ ᠬᠠᠰᠢᠯᠭ᠎ᠠ ᠶᠢ ᠪᠠᠬᠢᠵᠢᠬᠦᠯᠬᠦ᠂ ᠭᠤᠤᠯ ᠤᠨ ᠰᠠᠪᠠ ᠶᠢ ᠨᠡᠪᠳᠡᠷᠡᠬᠦᠯᠬᠦ | ᠶᠢ ᠪᠠᠳᠤᠯᠠᠨ᠎ᠠ᠃ ᠤᠯᠠᠭᠠᠨᠮᠦ᠋ᠷᠡᠨ ᠤ ᠭᠤᠷᠪᠠᠳᠤᠭᠠᠷ ᠬᠦᠬᠦᠷᠭᠡ ᠪᠤᠯᠤᠨ ᠤᠯᠠᠨ ᠨᠡᠶᠢᠳᠡ ᠶᠢᠨ ᠵᠠᠮ ᠬᠠᠷᠢᠯᠴᠠᠭᠠᠨ ᠤ ᠬᠦᠢᠰᠤ ᠲᠦᠪ ᠢ ᠡᠬᠢᠯᠡᠨ ᠪᠠᠶᠢᠭᠤᠯᠵᠤ᠂ | ᠲᠤᠯᠠᠭᠠᠯᠠᠭ᠎ᠠ᠂ ᠰᠢᠳᠠᠮᠠᠭᠠᠢ ᠭᠡᠢ᠂ ᠴᠠᠬᠢᠯᠭᠠᠨ᠂ ᠤᠰᠤ᠂ ᠴᠢᠮᠡᠭᠡ ᠬᠤᠯᠪᠤᠭ᠎ᠠ ᠵᠡᠷᠭᠡ ᠬᠤᠳᠠ ᠶᠢᠨ ᠶᠠᠪᠤᠳᠠᠯ ᠤᠨ ᠲᠦᠬᠦᠭᠡᠷᠤᠮᠵᠢ ᠶᠢᠨ ᠪᠠᠭᠳᠠᠭᠠᠮᠵᠢ ᠶᠢ ᠦᠷᠭᠡᠳᠭᠡᠨ | ᠰᠢᠨᠡᠴᠢᠯᠡᠬᠦ ᠪᠠ ᠤᠶᠤᠨᠯᠢᠭ ᠤᠨ ᠲᠡᠰ ᠢ ᠲᠡᠭᠡᠭᠰᠢᠯᠡᠬᠦᠯᠬᠦ ᠶᠢ ᠠᠬᠢᠭᠤᠯᠤᠨ᠂ ᠤᠯᠠᠨ ᠲᠦᠮᠡᠨ ᠤ ᠠᠶᠠᠨ ᠵᠠᠮ ᠬᠦᠭᠡᠭᠡᠬᠦ ᠪᠠ ᠠᠮᠢᠳᠤᠷᠠᠯ ᠢ ᠨᠡᠩ ᠲᠦᠬᠦᠮ ᠪᠤᠯᠭᠠᠨ᠎ᠠ᠃ | ᠬᠤᠳᠠ ᠶᠢᠨ ᠤᠷᠴᠢᠨ ᠲᠤᠭᠤᠷᠢᠨ ᠢ ᠬᠦᠴᠤᠯᠡᠨ ᠭᠤᠶᠤᠵᠢᠭᠤᠯᠵᠤ᠂ ︽ᠭᠠᠵᠠᠷ ᠤᠷᠤᠨ ᠳᠤ ᠪᠠᠨ ᠲᠤᠬᠢᠷᠠᠭᠤᠯᠤᠨ ᠲᠠᠷᠢᠵᠤ ᠤᠶᠢᠵᠢᠭᠤᠯᠬᠤ︾ ᠵᠠᠷᠴᠢᠮ | ᠶᠤᠰᠤᠭᠠᠷ ᠵᠠᠮ ᠤᠨ ᠭᠡᠰᠡᠭ᠂ ᠴᠡᠴᠡᠷᠯᠢᠭ ᠠᠭᠤᠳᠠᠮ ᠲᠠᠯᠠᠪᠠᠢ᠂ ᠵᠢᠵᠢᠭ ᠲᠤᠭᠤᠷᠢᠭ ᠰᠤᠷᠭᠠᠭᠤᠯᠢ ᠶᠢᠨ ᠬᠦᠷᠢᠶ᠎ᠠ ᠶᠢᠨ ᠨᠤᠭᠤᠭᠠᠷᠠᠭᠤᠯᠤᠯᠳᠠ ᠶᠢ ᠲᠡᠰ ᠲᠡᠪᠰᠢᠬᠦᠯᠬᠦ | 19 ᠵᠦᠢᠯ ᠤᠨ ᠪᠠᠷᠢᠯᠭ᠎ᠠ ᠶᠢ ᠬᠢᠵᠤ᠂ ᠴᠡᠴᠡᠭ ᠤᠨ ᠲᠠᠷᠢᠶ᠎ᠠ ᠶᠢ 1500 ᠮᠤ᠋ ᠪᠠᠶᠢᠭᠤᠯᠤᠨ᠎ᠠ︔ ᠬᠤᠳᠠ ᠶᠢᠨ ᠶᠠᠪᠤᠳᠠᠯ ᠤᠨ ᠰᠡᠯᠪᠢᠨ ᠵᠠᠰᠠᠬᠤ ᠪᠠ ᠡᠳᠤᠷ | ᠲᠤᠳᠤᠮ ᠤᠨ ᠴᠡᠪᠡᠷᠯᠡᠭᠡ ᠶᠢᠨ ᠬᠢᠷᠢ ᠭᠡᠮᠵᠢᠶ᠎ᠡ ᠶᠢ ᠤᠯᠠᠮ ᠨᠢᠭᠡ ᠠᠯᠬᠤᠮ ᠲᠡᠭᠡᠭᠰᠢᠯᠡᠬᠦᠯᠵᠤ᠂ ᠬᠤᠳᠠ ᠶᠢᠨ ᠦᠡᠭᠭᠡ ᠲᠦᠷᠰᠤ ᠶᠢ ᠭᠡᠵᠢᠶᠡᠳᠡ ᠰᠢᠨ᠎ᠡ ᠴᠡᠪᠡᠷ | ᠪᠠᠶᠢᠯᠭᠠᠵᠤ᠂ ᠦᠵᠡᠰᠬᠦᠯᠡᠩ᠂ ᠠᠷᠢᠭᠤᠨ ᠴᠡᠪᠡᠷ ᠤᠷᠴᠢᠨ ᠲᠤᠭᠤᠷᠢᠨ ᠢ ᠪᠦᠬᠦ ᠲᠤᠭᠤᠷᠢᠭ ᠤᠨ ᠰᠠᠭᠤᠭᠠᠯᠢ ᠠᠷᠠᠳ ᠤᠨ ᠬᠠᠮᠤᠭ ᠤᠨ ᠦᠨᠳᠤᠰᠤᠨ ᠠᠮᠢᠳᠤᠷᠠᠯ ᠤᠨ | ᠠᠰᠠᠷᠠᠮᠵᠢ ᠪᠤᠯᠭᠠᠨ᠎ᠠ᠃ | ᠬᠤᠳᠠ ᠶᠢᠨ ᠨᠠᠷᠢᠯᠢᠭᠵᠢᠭᠤᠯᠤᠬᠰᠠᠨ ᠬᠠᠮᠢᠶᠠᠷᠤᠯᠳᠠ ᠶᠢ ᠡᠷᠴᠢᠮᠵᠢᠬᠦᠯᠤᠨ᠎ᠡ᠃ ︽ᠬᠤᠸᠠᠷ ᠬᠠᠳᠬᠤᠬᠤ︾ ᠲᠠᠢ ᠠᠳᠠᠯᠢ ᠪᠠᠷ ᠬᠤᠳᠠ ᠪᠠᠨ ᠵᠠᠰᠠᠬᠤ ᠶᠢ | ᠠᠭᠢᠭᠤᠯᠬᠤ ᠶᠢ ᠪᠠᠷᠢᠮᠳᠠᠯᠠᠨ᠂ ᠭᠤᠤᠯ ᠵᠡᠭᠡᠯᠢ᠂ ᠭᠤᠤᠯ ᠵᠠᠮ ᠠᠴᠠ ᠵᠢᠵᠢᠭ ᠵᠡᠭᠡᠯᠢ ᠭᠤᠳᠤᠮᠵᠢ᠂ ᠰᠠᠭᠤᠭᠠᠯᠢ ᠠᠷᠠᠳ ᠤᠨ ᠲᠤᠭᠤᠷᠢᠭ ᠵᠦᠭ ᠤᠷᠳᠤᠳᠬᠠᠵᠤ᠂ | ᠪᠠᠶᠢᠭᠤᠯᠵᠤ ᠲᠠᠭᠤᠰᠤᠬᠰᠠᠨ ᠲᠤᠭᠤᠷᠢᠭ ᠠᠴᠠ ᠬᠤᠶᠢᠳᠤ ᠲᠤᠭᠤᠷᠢᠭ ᠵᠦᠭ ᠤᠷᠳᠤᠳᠬᠠᠨ᠂ ᠨᠠᠷᠢᠯᠢᠭᠵᠢᠭᠤᠯᠤᠬᠰᠠᠨ ᠬᠠᠮᠢᠶᠠᠷᠤᠯᠳᠠ ᠶᠢ ᠪᠦᠬᠦ ᠲᠠᠯ᠎ᠠ ᠪᠠᠷ | ᠦᠨᠴᠦᠭ ᠪᠤᠯᠤᠩ ᠪᠦᠷᠢ ᠳᠤ ᠲᠦᠭᠡᠮᠡᠯᠵᠢᠬᠦᠯᠬᠦ ᠶᠢ ᠪᠠᠶᠠᠯᠡᠬᠦᠯᠵᠤ᠂ ᠬᠤᠳᠠ ᠶᠢᠨ ᠵᠠᠰᠠᠭ ᠤᠨ ᠤᠷᠳᠤᠨ ᠤ ᠰᠠᠭᠤᠭ᠎ᠠ ᠭᠠᠵᠠᠷ ᠤᠨ ᠲᠡᠷᠢᠬᠦᠨ ᠪᠠᠶᠢᠷᠢ ᠶᠢ | ᠲᠤᠪᠤᠶᠢᠯᠭᠠᠨ᠎ᠠ᠃ ᠬᠤᠳᠠ ᠶᠢᠨ ᠰᠡᠯᠪᠢᠨ ᠵᠠᠰᠠᠬᠤ ᠦᠪᠡᠷ ᠤᠨ ᠦᠷᠳᠡᠭ ᠢ ᠪᠠᠭᠤᠷᠠᠭᠤᠯᠵᠤ ᠦᠷ᠎ᠡ ᠠᠰᠢᠭ ᠢ ᠨᠢ ᠲᠡᠭᠡᠭᠰᠢᠯᠡᠬᠦᠯᠬᠦ ᠶᠢ ᠠᠬᠢᠭᠤᠯᠵᠤ᠂ ᠤᠯᠠᠨ ᠡᠰᠢᠳᠤ | ᠭᠤᠤᠯ ᠴᠤᠬᠴᠠ ᠶᠢᠨ ᠬᠤᠳᠠ ᠶᠢᠨ ᠶᠠᠪᠤᠳᠠᠯ ᠤᠨ ᠪᠦᠳᠤᠭᠡᠨ ᠪᠠᠶᠢᠭᠤᠯᠤᠯᠳᠠ ᠪᠠ ᠰᠡᠯᠪᠢᠨ ᠵᠠᠰᠠᠯᠳᠠ ᠶᠢᠨ ᠠᠵᠢᠯ ᠳᠤ ᠤᠷᠤᠯᠴᠠᠬᠤ ᠶᠢ ᠵᠤᠷᠢᠬᠵᠢᠭᠤᠯᠤᠨ᠂ | ᠬᠠᠮᠤᠭ ᠤᠨ ᠪᠠᠭ᠎ᠠ ᠪᠡᠯᠡ ᠤᠷᠤᠭᠤᠯᠤᠯᠳᠠ ᠪᠠᠷ ᠬᠠᠮᠤᠭ ᠤᠨ ᠶᠡᠭᠡ ᠨᠡᠶᠢᠭᠡᠮ ᠤᠨ ᠦᠷ᠎ᠡ ᠠᠰᠢᠭ ᠢ ᠲᠠᠶᠢᠴᠢᠯᠠᠨ᠎ᠠ᠃ ᠬᠤᠳᠠ ᠶᠢᠨ ᠪᠠᠷᠢᠮᠵᠢᠶᠠᠵᠢᠬᠰᠠᠨ ᠬᠠᠮᠢᠶᠠᠷᠤᠯᠳᠠ | ᠶᠢᠨ ᠲᠤᠬᠳᠠᠯᠴᠠᠭ᠎ᠠ ᠶᠢ ᠪᠠᠶᠢᠭᠤᠯᠤᠨ ᠲᠡᠬᠦᠯᠳᠡᠷᠵᠢᠬᠦᠯᠵᠤ᠂ ᠤᠯᠤᠰ ᠤᠨ ᠪᠠᠷᠢᠮᠵᠢᠶ᠎ᠠ ᠠᠴᠠ ᠴᠢᠩᠭ᠎ᠠ ᠬᠤᠳᠠ ᠶᠢᠨ ᠬᠠᠮᠢᠶᠠᠷᠤᠯᠳᠠ ᠶᠢᠨ ᠠᠷᠭ᠎ᠠ ᠶᠢ ᠰᠦᠪᠡᠭᠴᠢᠯᠡᠨ | ᠲᠤᠭᠳᠠᠭᠠᠵᠤ᠂ ᠬᠠᠮᠢᠶᠠᠷᠤᠯᠳᠠ ᠶᠢ ᠨᠡᠩ ᠲᠦᠷᠢᠮᠵᠢᠬᠦᠨ᠂ ᠬᠠᠤᠯᠢ ᠭᠡᠷᠡᠭᠵᠢᠬᠦᠯᠦᠯᠳᠡ ᠶᠢ ᠨᠡᠩ ᠬᠦᠴᠤᠨ ᠲᠠᠢ ᠪᠤᠯᠭᠠᠨ᠎ᠠ᠃ ᠴᠢᠨᠠᠷᠵᠢᠯ ᠵᠢᠵᠢᠭ ᠲᠤᠭᠤᠷᠢᠭ ᠤᠨ | ᠪᠦᠳᠤᠭᠡᠨ ᠪᠠᠶᠢᠭᠤᠯᠤᠯᠳᠠ ᠶᠢ ᠬᠦᠨᠵᠡᠭᠡᠶᠢᠷᠡᠬᠦᠯᠵᠤ᠂ ᠠᠳᠠᠯ ᠠᠬᠤᠢ ᠶᠢᠨ ᠦᠢᠯᠡᠴᠢᠯᠡᠭᠡᠨ ᠤ ᠬᠢᠷᠢ ᠭᠡᠮᠵᠢᠶ᠎ᠡ ᠶᠢ ᠪᠦᠬᠦ ᠲᠠᠯ᠎ᠠ ᠪᠠᠷ ᠲᠡᠭᠡᠭᠰᠢᠯᠡᠬᠦᠯᠤᠨ᠂ ᠤᠷᠤᠨ | ᠰᠠᠭᠤᠴᠠ ᠶᠢᠨ ᠲᠤᠭᠤᠷᠢᠭ ᠤᠨ ᠬᠠᠮᠢᠶᠠᠷᠤᠯᠳᠠ ᠪᠠ ᠦᠢᠯᠡᠴᠢᠯᠡᠭᠡ ᠶᠢᠨ ᠨᠠᠷᠢᠨ ᠲᠠᠩᠰᠠ ᠶᠢ ᠲᠡᠯᠭᠡᠷᠡᠬᠦᠯᠤᠨ᠂ ᠤᠷᠤᠨ ᠰᠠᠭᠤᠴᠠ ᠶᠢᠨ ᠵᠢᠵᠢᠭ ᠲᠤᠭᠤᠷᠢᠭ ᠤᠨ | ᠵᠦᠷᠢᠴᠡᠯ ᠵᠢᠭᠤᠷᠠᠯᠳᠤᠭᠠᠨ ᠤ ᠬᠠᠤᠯᠢ ᠶᠤᠰᠤᠭᠠᠷ ᠡᠷᠭᠡ ᠠᠰᠢᠭ ᠢᠶᠠᠨ ᠬᠠᠮᠠᠭᠠᠯᠠᠬᠤ ᠵᠠᠮ ᠢ ᠰᠠᠭᠠᠳ ᠦᠭᠡᠢ ᠪᠤᠯᠭᠠᠨ᠎ᠠ᠃ | ᠨᠡᠶᠢᠭᠡᠮ ᠤᠨ ᠵᠠᠰᠠᠯᠳᠠ ᠶᠢᠨ ᠰᠢᠨ᠎ᠡ ᠶᠢ ᠡᠬᠦᠳᠬᠦ ᠶᠢ ᠠᠬᠢᠭᠤᠯᠤᠨ᠎ᠠ᠃ ᠨᠡᠶᠢᠭᠡᠮ ᠲᠤᠭᠤᠷᠢᠭ ᠤᠨ ᠵᠠᠰᠠᠬᠤ ᠲᠤᠬᠳᠠᠯᠴᠠᠭ᠎ᠠ ᠶᠢ ᠲᠡᠬᠦᠯᠳᠡᠷᠵᠢᠬᠦᠯᠵᠤ᠂ | ᠦᠨᠳᠤᠰᠤᠨ ᠬᠠᠮᠢᠶᠠᠷᠤᠯᠳᠠ ᠶᠢᠨ ᠤᠷᠤᠴᠠ ᠶᠢᠨ ᠪᠠᠶᠢᠭᠤᠯᠤᠯᠳᠠ ᠶᠢ ᠦᠷᠬᠦᠯᠵᠢᠯᠡᠨ ᠠᠬᠢᠭᠤᠯᠵᠤ᠂ ᠨᠡᠶᠢᠭᠡᠮ ᠲᠤᠭᠤᠷᠢᠭ ᠤᠨ ᠦᠪᠡᠷᠳᠡᠭᠡᠨ ᠵᠠᠰᠠᠬᠤ ᠰᠢᠨᠡᠴᠢᠯᠡᠯᠳᠡ | ᠶᠢ ᠠᠬᠢᠭᠤᠯᠤᠨ᠂ ᠨᠡᠶᠢᠭᠡᠮ ᠲᠤᠭᠤᠷᠢᠭ᠂ ᠰᠠᠭᠤᠭᠠᠯᠢ ᠠᠷᠠᠳ ᠤᠨ ᠵᠦᠪᠯᠡᠯ᠂ ᠨᠡᠶᠢᠭᠡᠮ ᠤᠨ ᠵᠤᠬᠢᠶᠠᠨ ᠪᠠᠶᠢᠭᠤᠯᠤᠯᠳᠠ ᠶᠢᠨ ᠦᠨᠳᠤᠰᠤᠨ ᠱᠠᠳᠤᠨ ᠤ ᠵᠠᠰᠠᠯᠳᠠ | ᠲᠤᠮᠳᠠ ᠨᠡᠩ ᠶᠡᠭᠡ ᠦᠢᠯᠡᠳᠤᠯ ᠪᠠᠳᠠᠷᠠᠭᠤᠯᠬᠤ ᠶᠢ ᠠᠬᠢᠭᠤᠯᠤᠨ᠎ᠠ᠃ ᠦᠨᠳᠤᠰᠤᠨ ᠱᠠᠳᠤᠨ ᠤ ᠬᠦᠮᠤᠨ ᠠᠮᠠ ᠶᠢᠨ ᠦᠢᠯᠡᠴᠢᠯᠡᠭᠡᠨ ᠤ ᠬᠠᠮᠢᠶᠠᠷᠤᠯᠳᠠ ᠶᠢᠨ ᠠᠵᠢᠯ ᠢ | ᠰᠢᠨᠡᠴᠢᠯᠡᠵᠤ᠂ ᠲᠦᠷᠢᠮᠵᠢᠯᠳᠡ᠂ ᠬᠠᠤᠯᠢᠵᠢᠯᠳᠠ᠂ ᠨᠠᠷᠢᠯᠢᠬᠵᠢᠯᠳᠠ ᠶᠢ ᠲᠦᠷᠭᠡᠨ ᠪᠡᠶᠡᠯᠡᠬᠦᠯᠤᠨ᠂ ᠨᠡᠩ ᠤᠯᠠᠨ ᠤᠶᠤᠨᠴᠢ᠂ ᠲᠦᠬᠦᠮ᠂ ᠪᠤᠳᠠᠳᠠᠢ | ᠦᠢᠯᠡᠴᠢᠯᠡᠭᠡᠨ ᠤ ᠠᠷᠭ᠎ᠠ ᠪᠠᠷᠢᠯ ᠢ ᠲᠠᠰᠤᠷᠠᠯᠳᠠ ᠦᠭᠡᠢ ᠭᠡᠷᠡᠭᠵᠢᠬᠦᠯᠤᠨ᠎ᠡ᠃ ᠦᠨᠳᠤᠰᠤᠨ ᠱᠠᠳᠤᠨ ᠤ ᠬᠠᠤᠯᠢ ᠪᠠᠷ ᠵᠠᠰᠠᠬᠤ ᠪᠠᠶᠢᠭᠤᠯᠤᠯᠳᠠ ᠶᠢ ᠡᠷᠴᠢᠮᠵᠢᠬᠦᠯᠵᠤ᠂ | ︽ᠲᠤᠯᠤᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠬᠦᠯᠬᠦ ᠤᠬᠠᠭᠤᠯᠭ᠎ᠠ ᠶᠢᠨ ᠬᠦᠴᠤᠯᠡᠴᠡ ᠶᠢ ᠨᠡᠮᠡᠭᠳᠡᠬᠦᠯᠤᠨ᠎ᠡ᠃ ᠨᠡᠶᠢᠭᠡᠮ ᠤᠨ ᠵᠦᠷᠢᠴᠡᠯ ᠢ ᠰᠡᠷᠭᠡᠶᠢᠯᠡᠨ | ᠰᠢᠢᠳᠪᠤᠷᠢᠯᠡᠬᠦ ᠲᠤᠬᠳᠠᠴᠠ ᠶᠢ ᠲᠡᠬᠦᠯᠳᠡᠷᠵᠢᠬᠦᠯᠵᠤ᠂ ᠵᠠᠬᠢᠳᠠᠯ ᠰᠤᠷᠪᠤᠯᠵᠢᠯᠠᠯ ᠲᠤᠬᠳᠠᠭᠤᠨ ᠢ ᠬᠠᠮᠠᠭᠠᠯᠠᠬᠤ ᠶᠢ ᠬᠠᠤᠯᠢ ᠲᠦᠷᠢᠮ ᠶᠤᠰᠤᠭᠠᠷ ᠶᠠᠪᠤᠭᠤᠯᠬᠤ ᠶᠢ | ᠠᠬᠢᠭᠤᠯᠤᠨ᠎ᠠ᠃ ᠡᠶ᠎ᠡ ᠵᠤᠬᠢᠴᠠᠯ ᠲᠠᠢ ᠬᠦᠳᠡᠯᠮᠤᠷᠢ ᠶᠢᠨ ᠬᠠᠷᠢᠴᠠᠭ᠎ᠠ ᠶᠢ ᠪᠠᠶᠢᠭᠤᠯᠵᠤ᠂ ᠮᠠᠯᠴᠢᠨ ᠲᠠᠷᠢᠶᠠᠴᠢᠨ ᠬᠦᠯᠤᠰᠤᠨ ᠠᠵᠢᠯᠴᠢᠨ ᠤ ᠴᠠᠯᠢᠩ ᠢ ᠦᠷᠢᠳᠤᠬᠦ | ᠠᠰᠠᠭᠤᠳᠠᠯ ᠢ ᠬᠦᠴᠤᠯᠡᠨ ᠰᠢᠢᠳᠪᠤᠷᠢᠯᠡᠨ᠎ᠡ᠃ ᠬᠠᠷ᠎ᠠ ᠪᠦᠯᠦᠭᠳᠡᠨ ᠢ ᠱᠦᠬᠦᠷᠳᠡᠨ ᠬᠠᠷᠬᠢᠰ ᠬᠦᠴᠤᠨ ᠢ ᠠᠷᠢᠯᠭᠠᠬᠤ ᠲᠤᠰᠬᠠᠢ ᠲᠡᠮᠡᠴᠡᠯ ᠢ ᠬᠦᠨᠵᠡᠭᠡᠢ ᠦᠷᠨᠢᠬᠦᠯᠵᠤ᠂ | ᠬᠠᠷ᠎ᠠ ᠪᠦᠯᠦᠭᠳᠡᠨ ᠢ ᠲᠦᠢᠯᠪᠤᠷᠢᠳᠠᠢ ᠱᠦᠬᠦᠷᠳᠡᠵᠤ᠂ ᠬᠠᠷᠬᠢᠰ ᠬᠦᠴᠤᠨ ᠢ ᠪᠦᠷᠢᠮᠤᠰᠤᠨ ᠠᠷᠢᠯᠭᠠᠨ᠎ᠠ︔ ᠤᠶᠤᠨᠴᠢ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ | ᠪᠠ ᠰᠢᠤᠸᠠᠢ ᠯᠢᠶᠠᠩ ᠢᠨᠵᠧᠨᠧᠷᠢᠩ ᠢ ᠪᠦᠬᠦ ᠲᠠᠯ᠎ᠠ ᠪᠠᠷ ᠠᠬᠢᠭᠤᠯᠵᠤ᠂ ᠤᠯᠠᠨ ᠨᠡᠶᠢᠳᠡ ᠶᠢᠨ ᠠᠮᠤᠷ ᠢ ᠬᠠᠮᠠᠭᠠᠯᠠᠬᠤ ᠸᠢᠳᠢᠤ᠋ ᠬᠢᠨᠠᠨ ᠡᠵᠡᠮᠳᠡᠬᠦᠷ ᠤᠨ ᠲᠤᠬᠳᠠᠯᠴᠠᠭ᠎ᠠ | ᠶᠢ ᠲᠡᠬᠦᠯᠳᠡᠷᠵᠢᠬᠦᠯᠤᠨ᠂ ᠬᠠᠤᠯᠢ ᠶᠢ ᠵᠦᠷᠢᠴᠡᠭᠰᠡᠨ ᠶᠠᠯᠠᠳᠤ ᠡᠳᠡᠭᠡᠳ ᠢ ᠲᠠᠯᠳᠠᠯᠠᠬᠤ ᠭᠠᠵᠠᠷ ᠦᠭᠡᠢ ᠪᠤᠯᠭᠠᠵᠤ᠂ ︽ᠬᠠᠮᠤᠭ ᠤᠨ ᠠᠮᠤᠷ ᠲᠦᠪᠰᠢᠨ ᠬᠤᠳᠠ︾ ᠶᠢ | ᠡᠬᠦᠳᠤᠨ ᠪᠠᠶᠢᠭᠤᠯᠤᠬᠰᠠᠨ ᠦᠷ᠎ᠡ ᠪᠦᠳᠤᠮᠵᠢ ᠪᠠᠨ ᠡᠷᠡᠰ ᠬᠠᠮᠠᠭᠠᠯᠠᠨ᠎ᠠ᠃ | ︵ᠵᠢᠷᠭᠤᠭ᠎ᠠ︶ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ ᠳᠤ ᠴᠢᠭᠯᠡᠬᠦᠯᠵᠤ᠂ ᠪᠦᠬᠦ ᠲᠤᠭᠤᠷᠢᠭ ᠤᠨ ᠠᠷᠠᠳ ᠲᠦᠮᠡᠨ ᠤ ᠵᠤᠯ ᠵᠢᠷᠭᠠᠯ ᠤᠨ | ᠵᠢᠭᠠᠯᠳᠠ ᠲᠤᠭ᠎ᠠ ᠶᠢ ᠲᠡᠭᠡᠭᠰᠢᠯᠡᠬᠦᠯᠤᠨ᠎ᠡ᠃ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠠᠯ ᠰᠠᠨᠠᠭ᠎ᠠ ᠶᠢ ᠪᠠᠷᠢᠮᠳᠠᠯᠠᠵᠤ᠂ ᠨᠡᠶᠢᠭᠡᠮ ᠤᠨ ᠪᠦᠬᠦ | ᠲᠠᠯ᠎ᠠ ᠶᠢᠨ ᠲᠠᠪᠰᠢᠯᠳᠠ ᠪᠠ ᠬᠦᠮᠤᠨ ᠤ ᠪᠦᠬᠦ ᠲᠠᠯ᠎ᠠ ᠶᠢᠨ ᠬᠦᠭᠵᠢᠯᠳᠡ ᠶᠢ ᠲᠦᠷᠭᠡᠨ ᠠᠬᠢᠭᠤᠯᠤᠨ᠂ ᠠᠷᠠᠳ ᠤᠯᠠᠨ ᠤ ᠡᠳᠤᠷ ᠢᠷᠡᠬᠦᠶ᠎ᠠ ᠨᠡᠮᠡᠭᠳᠡᠵᠤ ᠪᠠᠶᠢᠬᠤ | ᠰᠠᠶᠢᠨ ᠰᠠᠶᠢᠬᠠᠨ ᠠᠮᠢᠳᠤᠷᠠᠯ ᠤᠨ ᠭᠡᠷᠡᠭᠴᠡᠭᠡ ᠶᠢ ᠬᠦᠴᠤᠯᠡᠨ ᠬᠠᠨᠭ᠍ᠭᠠᠵᠤ᠂ ᠪᠦᠬᠦ ᠲᠤᠭᠤᠷᠢᠭ ᠤᠨ ᠠᠷᠠᠳ ᠲᠦᠮᠡᠨ ᠤ ᠬᠦᠷᠳᠡᠮᠵᠢ ᠶᠢᠨ ᠲᠦᠷᠦᠭᠳᠡᠯ᠂ ᠵᠤᠯ | ᠵᠢᠷᠭᠠᠯᠳᠤ ᠲᠦᠷᠦᠭᠳᠡᠯ᠂ ᠠᠮᠤᠷ ᠲᠦᠪᠰᠢᠨ ᠲᠦᠷᠦᠭᠳᠡᠯ ᠢ ᠨᠡᠩ ᠬᠦᠢᠴᠡᠳ᠂ ᠨᠡᠩ ᠪᠠᠳᠤᠯᠠᠭ᠎ᠠ ᠲᠠᠢ᠂ ᠨᠡᠩ ᠦᠷᠬᠦᠯᠵᠢ ᠶᠢᠨ ᠪᠤᠯᠭᠠᠨ᠎ᠠ᠃ | ᠰᠤᠷᠭᠠᠨ ᠬᠦᠮᠤᠵᠢᠯ ᠤᠨ ᠦᠢᠯᠡᠰ ᠢ ᠤᠷᠢᠳᠠᠪᠠᠷ ᠬᠦᠭᠵᠢᠬᠦᠯᠤᠨ᠎ᠡ᠃ ᠨᠠᠢᠮᠠᠳᠤᠭᠠᠷ ᠪᠠᠭ᠎ᠠ ᠰᠤᠷᠭᠠᠭᠤᠯᠢ᠂ ᠮᠤᠩᠭᠤᠯ ᠦᠨᠳᠤᠰᠤᠳᠠᠨ ᠤ ᠰᠤᠷᠭᠠᠭᠤᠯᠢ ᠪᠠ | ᠬᠤᠶᠠᠳᠤᠭᠠᠷ ᠪᠠᠭ᠎ᠠ ᠰᠤᠷᠭᠠᠭᠤᠯᠢ ᠶᠢᠨ ᠲᠠᠮᠢᠷ ᠤᠨ ᠤᠷᠳᠤᠨ ᠢ ᠰᠢᠨ᠎ᠡ ᠪᠠᠷ ᠪᠠᠶᠢᠭᠤᠯᠵᠤ᠂ ᠰᠤᠷᠭᠠᠭᠤᠯᠢ ᠶᠢᠨ ᠤᠷᠤᠨ ᠪᠠᠶᠢᠷᠢ ᠶᠢᠨ ᠬᠠᠨᠭ᠍ᠭᠠᠯᠭ᠎ᠠ ᠶᠢ ᠦᠷᠬᠦᠯᠵᠢᠯᠡᠨ | ᠨᠡᠮᠡᠭᠳᠡᠬᠦᠯᠵᠤ᠂ ᠦᠨᠳᠤᠰᠤᠳᠠᠨ ᠤ ᠰᠤᠷᠭᠠᠨ ᠬᠦᠮᠤᠵᠢᠯ ᠢ ᠲᠦᠷᠭᠡᠨ ᠬᠦᠭᠵᠢᠬᠦᠯᠤᠨ᠎ᠡ᠃ ᠶᠤᠰᠤ ᠰᠤᠷᠳᠠᠬᠤᠨ ᠢᠶᠠᠷ ᠬᠦᠮᠤᠨ ᠢ ᠬᠦᠮᠤᠵᠢᠬᠦᠯᠬᠦ ᠦᠨᠳᠤᠰᠤᠨ ᠡᠬᠦᠷᠭᠡ | ᠶᠢ ᠨᠠᠶᠢᠳᠠᠪᠤᠷᠢᠵᠢᠭᠤᠯᠵᠤ᠂ ᠲᠤᠮᠳᠠᠳᠤ ᠪᠠᠭ᠎ᠠ ᠰᠤᠷᠭᠠᠭᠤᠯᠢ ᠶᠢᠨ ᠲᠠᠷᠤᠭᠠᠰᠤ ᠶᠢ ᠬᠦᠡᠭᠭᠡᠷᠡᠬᠦᠯᠬᠦ ᠪᠠ ᠶᠤᠰᠤ ᠰᠤᠷᠳᠠᠬᠤᠨ ᠤ ᠬᠦᠮᠤᠵᠢᠯ ᠤᠨ ᠠᠵᠢᠯ ᠢ ᠪᠦᠬᠦ ᠲᠠᠯ᠎ᠠ | ᠪᠠᠷ ᠠᠬᠢᠭᠤᠯᠵᠤ᠂ ᠰᠤᠷᠭᠠᠭᠤᠯᠢ ᠶᠢᠨ ᠬᠦᠮᠤᠵᠢᠯ᠂ ᠭᠡᠷ ᠪᠦᠯᠢ ᠶᠢᠨ ᠬᠦᠮᠤᠵᠢᠯ ᠪᠠ ᠨᠡᠶᠢᠭᠡᠮ ᠤᠨ ᠬᠦᠮᠤᠵᠢᠯ ᠢ ᠪᠦᠳᠤᠮᠵᠢᠳᠡᠢ ᠵᠤᠯᠭᠠᠭᠤᠯᠬᠤ ᠶᠢ ᠪᠡᠶᠡᠯᠡᠬᠦᠯᠤᠨ᠎ᠡ᠃ | ᠪᠠᠭᠰᠢ ᠶᠢᠨ ᠶᠤᠰᠤ ᠰᠤᠷᠳᠠᠬᠤᠨ ᠭᠡᠪ ᠪᠤᠯᠪᠠᠰᠤᠷᠠᠯ ᠤᠨ ᠪᠠᠶᠢᠭᠤᠯᠤᠯᠳᠠ ᠶᠢ ᠦᠷᠬᠦᠯᠵᠢᠯᠡᠨ ᠰᠠᠶᠢᠳᠤᠷ ᠠᠳᠬᠤᠵᠤ᠂ ᠨᠢᠭᠡ ᠪᠦᠯᠦᠭ ᠠᠯᠳᠠᠷᠳᠠᠢ ᠰᠤᠷᠭᠠᠭᠤᠯᠢ ᠶᠢᠨ | ᠵᠠᠬᠢᠷᠤᠯ᠂ ᠠᠩᠭᠢ ᠶᠢᠨ ᠡᠷᠬᠢᠯᠡᠭᠴᠢ ᠪᠠ ᠬᠢᠴᠢᠶᠠᠯ ᠤᠨ ᠲᠤᠯᠤᠭᠠᠶᠢᠯᠠᠬᠴᠢ ᠶᠢ ᠬᠦᠴᠤᠯᠡᠨ ᠪᠤᠶᠢᠵᠢᠭᠤᠯᠵᠤ᠂ ᠰᠤᠷᠭᠠᠨ ᠬᠦᠮᠤᠵᠢᠯᠳᠠᠨ ᠵᠠᠬᠢᠷᠤᠯ ᠪᠠ ᠦᠨᠳᠤᠷ ᠭᠡᠪ | ᠪᠤᠯᠪᠠᠰᠤᠷᠠᠯ ᠲᠠᠢ ᠪᠠᠭᠰᠢ ᠪᠠᠷ ᠬᠢᠶ᠎ᠠ ᠪᠠᠭᠰᠢ ᠶᠢᠨ ᠰᠤᠷᠭᠠᠨ ᠬᠦᠮᠤᠵᠢᠯ ᠤᠨ ᠨᠡᠷ᠎ᠡ ᠲᠡᠮᠳᠡᠭ ᠢ ᠲᠤᠯᠭᠠᠭᠤᠷᠢᠯᠠᠭᠤᠯᠤᠨ᠎ᠠ᠃ ᠲᠡᠭᠡᠳᠤ ᠵᠡᠷᠭᠡ ᠶᠢᠨ ᠰᠤᠷᠭᠠᠨ ᠬᠦᠮᠤᠵᠢᠯ | ᠪᠠ ᠠᠵᠢᠯ ᠮᠡᠷᠭᠡᠵᠢᠯ ᠤᠨ ᠰᠤᠷᠭᠠᠨ ᠬᠦᠮᠤᠵᠢᠯ ᠤᠨ ᠬᠦᠭᠵᠢᠯᠳᠡ ᠶᠢ ᠲᠡᠮᠵᠢᠵᠤ᠂ ᠠᠷᠠᠳ ᠠᠴᠠ ᠡᠷᠬᠢᠯᠡᠭᠰᠡᠨ ᠰᠤᠷᠭᠠᠨ ᠬᠦᠮᠤᠵᠢᠯ ᠤᠨ ᠬᠦᠭᠵᠢᠯᠳᠡ ᠶᠢ | ᠵᠤᠷᠢᠭᠵᠢᠭᠤᠯᠤᠨ ᠲᠦᠷᠢᠮᠵᠢᠬᠦᠯᠤᠨ᠎ᠡ᠃ ᠪᠠᠭᠰᠢ ᠶᠢ ᠲᠠᠶᠢᠪᠤᠰᠢᠷᠡᠭᠤᠯᠬᠤ ᠢᠨᠵᠧᠨᠧᠷᠢᠩ ᠢ ᠰᠠᠶᠢᠳᠤᠷ ᠬᠢᠵᠤ᠂ ᠰᠢᠨ᠎ᠡ ᠴᠠᠭ ᠦᠶ᠎ᠡ ᠶᠢᠨ ᠪᠠᠭᠰᠢ ᠶᠢᠨ ᠡᠩᠨᠡᠭᠡᠨ ᠤ | ᠪᠠᠶᠢᠭᠤᠯᠤᠯᠳᠠ ᠶᠢᠨ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠲᠤᠬᠠᠢ ᠭᠡᠷᠡᠭᠵᠢᠬᠦᠯᠬᠦ ᠰᠠᠨᠠᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠪᠠᠭᠰᠢ | ᠶᠢᠨ ᠦᠨᠳᠤᠰᠤᠨ ᠬᠦᠷᠳᠡᠭᠡᠮᠵᠢ ᠪᠠ ᠨᠡᠶᠢᠭᠡᠮ ᠤᠨ ᠪᠠᠶᠢᠷᠢ ᠰᠠᠭᠤᠷᠢ ᠶᠢ ᠲᠡᠭᠡᠭᠰᠢᠯᠡᠬᠦᠯᠤᠨ᠂ ᠲᠤᠬᠳᠠᠭᠤᠨ ᠪᠠᠭᠰᠢ ᠶᠢᠨ ᠡᠩᠨᠡᠭᠡ ᠶᠢ ᠪᠠᠶᠢᠭᠤᠯᠵᠤ᠂ ᠪᠠᠭᠰᠢ ᠨᠠᠷ | ᠪᠤᠯᠤᠨ ᠭᠡᠷ ᠤᠨ ᠠᠬᠠᠮᠠᠳ ᠢ ᠰᠡᠳᠬᠢᠯ ᠠᠮᠤᠷ ᠪᠤᠯᠭᠠᠨ᠎ᠠ᠃ ᠰᠤᠳᠤᠯᠭ᠎ᠠ ᠰᠤᠷᠤᠯᠴᠠᠯᠭ᠎ᠠ ᠵᠤᠭᠠᠴᠠᠯ ᠤᠨ ᠬᠠᠷᠠᠯᠳᠠᠳᠤ ᠭᠠᠵᠠᠷ ᠤᠨ ᠪᠦᠳᠤᠭᠡᠨ ᠪᠠᠶᠢᠭᠤᠯᠤᠯᠳᠠ ᠶᠢ | ᠲᠦᠷᠭᠡᠳᠭᠡᠵᠤ᠂ ᠵᠤᠨ ᠡᠪᠤᠯ ᠤᠨ ᠰᠡᠯᠡᠬᠦᠴᠡᠯ ᠤᠨ ᠰᠠᠭᠤᠷᠢᠨ ᠭᠠᠵᠠᠷ ᠢ ᠡᠬᠦᠳᠤᠨ᠎ᠡ᠃ | ᠨᠡᠶᠢᠭᠡᠮ ᠤᠨ ᠪᠠᠳᠤᠯᠠᠭ᠎ᠠ ᠶᠢᠨ ᠬᠢᠷᠢ ᠭᠡᠮᠵᠢᠶ᠎ᠡ ᠶᠢ ᠲᠡᠭᠡᠭᠰᠢᠯᠡᠬᠦᠯᠤᠨ᠎ᠡ᠃ ᠤᠯᠠᠨ ᠲᠠᠪᠬᠤᠷᠭ᠎ᠠ ᠪᠦᠬᠦᠢ ᠨᠡᠶᠢᠭᠡᠮ ᠤᠨ ᠪᠠᠳᠤᠯᠠᠭ᠎ᠠ ᠶᠢᠨ ᠲᠤᠬᠳᠠᠯᠴᠠᠭ᠎ᠠ ᠶᠢ | ᠲᠡᠬᠦᠯᠳᠡᠷᠵᠢᠬᠦᠯᠵᠤ᠂ ᠨᠡᠶᠢᠭᠡᠮ ᠤᠨ ᠲᠠᠭᠠᠳᠬᠠᠯ ᠪᠤᠯᠤᠨ ᠡᠮᠨᠡᠯᠭᠡ ᠶᠢᠨ ᠲᠠᠭᠠᠳᠬᠠᠯ ᠢ ᠬᠠᠤᠯᠢ ᠪᠠᠷ ᠲᠤᠬᠳᠠᠭᠠᠬᠰᠠᠨ ᠤᠯᠠᠨ ᠲᠦᠮᠡᠨ ᠳᠤ ᠴᠦᠮ ᠪᠦᠷᠬᠦᠬᠦᠯᠬᠦ ᠶᠢ | ᠪᠠᠳᠤᠯᠠᠨ᠂ ᠭᠠᠵᠠᠷ ᠰᠢᠷᠤᠢ ᠶᠢ ᠨᠢ ᠲᠠᠳᠠᠪᠤᠷᠢᠯᠠᠬᠰᠠᠨ ᠮᠠᠯᠴᠢᠨ ᠲᠠᠷᠢᠶᠠᠴᠢᠨ ᠤ ᠨᠠᠰᠤᠵᠢᠯ ᠤᠨ ᠲᠠᠭᠠᠳᠬᠠᠯ ᠢ ᠬᠤᠳᠠ ᠬᠦᠳᠡᠭᠡ ᠶᠢᠨ ᠰᠠᠭᠤᠭᠠᠯᠢ ᠠᠷᠠᠳ ᠤᠨ | ᠦᠨᠳᠤᠰᠤᠨ ᠨᠠᠰᠤᠵᠢᠯ ᠤᠨ ᠲᠠᠭᠠᠳᠬᠠᠯ ᠤᠨ ᠬᠦᠷᠢᠶᠠᠨ ᠳᠤ ᠤᠷᠤᠭᠤᠯᠵᠤ᠂ ᠮᠤᠵᠢ ᠠᠯᠤᠰᠯᠠᠨ ᠦᠭᠡᠷ᠎ᠡ ᠭᠠᠵᠠᠷ ᠡᠮᠨᠡᠬᠦᠯᠤᠨ ᠡᠮᠨᠡᠯᠭᠡ ᠳᠤ ᠰᠠᠭᠤᠬᠰᠠᠨ ᠵᠠᠷᠤᠳᠠᠯ ᠢ | ᠰᠢᠭᠤᠳ ᠳ᠋ᠦᠡᠭᠨᠠᠨ ᠪᠤᠳᠤᠵᠤ ᠬᠤᠶᠠᠳᠤᠭᠠᠷ ᠤᠳᠠᠭ᠎ᠠ ᠲᠠᠩᠰᠠ ᠲᠠᠶᠢᠯᠠᠬᠤ ᠶᠢ ᠪᠠᠶᠠᠯᠠᠬᠦᠯᠤᠨ᠎ᠡ᠃ ᠬᠤᠳᠠ ᠬᠦᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ | ᠪᠠᠳᠤᠯᠠᠪᠤᠷᠢ ᠶᠢᠨ ᠪᠠᠷᠢᠮᠵᠢᠶ᠎ᠠ ᠪᠤᠯᠤᠨ ᠤᠨᠴᠠ ᠬᠦᠴᠢᠷᠳᠡᠯᠳᠡᠢ ᠠᠰᠠᠷᠠᠨ ᠲᠡᠵᠢᠭᠡᠵᠤ ᠪᠠᠶᠢᠭ᠎ᠠ ᠬᠦᠮᠤᠰ ᠤᠨ ᠪᠠᠳᠤᠯᠠᠪᠤᠷᠢ ᠶᠢᠨ ᠪᠠᠷᠢᠮᠵᠢᠶ᠎ᠠ ᠶᠢ ᠲᠤᠬᠳᠠᠭᠤᠨ ᠢᠶᠠᠷ | ᠲᠡᠭᠡᠭᠰᠢᠯᠡᠬᠦᠯᠵᠤ᠂ ᠨᠡᠶᠢᠭᠡᠮ ᠤᠨ ᠬᠠᠪᠰᠤᠷᠤᠨ ᠲᠡᠳᠬᠦᠵᠤ ᠠᠪᠤᠷᠠᠨ ᠲᠤᠰᠠᠯᠠᠬᠤ ᠬᠦᠴᠤᠯᠡᠴᠡ ᠶᠢ ᠨᠡᠮᠡᠭᠳᠡᠬᠦᠯᠤᠨ᠂ ᠬᠦᠴᠢᠷᠳᠡᠯᠳᠡᠢ ᠤᠯᠠᠨ ᠲᠦᠮᠡᠨ ᠤ ᠪᠠᠳᠤᠯᠠᠬᠤ | ᠶᠤᠰᠤᠳᠠᠢ ᠶᠢ ᠨᠢ ᠠᠯᠢ ᠴᠢᠳᠠᠬᠤ ᠪᠠᠷ ᠪᠠᠳᠤᠯᠠᠵᠤ᠂ ᠲᠤᠰᠠᠯᠠᠬᠤ ᠶᠤᠰᠤᠳᠠᠢ ᠶᠢ ᠨᠢ ᠠᠯᠢ ᠴᠢᠳᠠᠬᠤ ᠪᠠᠷ ᠲᠤᠰᠠᠯᠠᠨ᠎ᠠ᠃ ᠴᠡᠷᠢᠭ ᠠᠴᠠ ᠬᠠᠯᠠᠬᠳᠠᠬᠰᠠᠳ ᠲᠤ | ᠦᠢᠯᠡᠴᠢᠯᠡᠬᠦ ᠪᠠᠳᠤᠯᠠᠭ᠎ᠠ ᠶᠢᠨ ᠲᠤᠬᠳᠠᠯᠴᠠᠭ᠎ᠠ ᠶᠢ ᠪᠠᠶᠢᠭᠤᠯᠤᠨ ᠲᠡᠬᠦᠯᠳᠡᠷᠵᠢᠬᠦᠯᠵᠤ᠂ ᠴᠡᠷᠢᠭ ᠠᠴᠠ ᠬᠠᠯᠠᠬᠳᠠᠬᠰᠠᠳ ᠤᠨ ᠬᠠᠤᠯᠢ ᠶᠤᠰᠤᠨ ᠤ ᠡᠷᠭᠡ ᠠᠰᠢᠭ ᠢ | ᠦᠨᠡᠨ ᠬᠦ ᠬᠠᠮᠠᠭᠠᠯᠠᠨ᠎ᠠ᠃ ︽ᠨᠤᠭᠤᠭ᠎ᠠ ᠶᠢᠨ ᠰᠠᠬᠰᠤ︾ ᠶᠢᠨ ᠢᠨᠵᠧᠨᠧᠷᠢᠩ ᠢ ᠡᠬᠢᠯᠡᠨ ᠭᠡᠷᠡᠭᠵᠢᠬᠦᠯᠵᠤ᠂ ᠨᠢᠭᠡᠨ ᠪᠠᠷᠢᠮᠵᠢᠶᠠᠵᠢᠭᠰᠠᠨ ᠨᠤᠭᠤᠭ᠎ᠠ ᠶᠢᠨ ᠵᠠᠬ᠎ᠠ | ᠲᠡᠯᠭᠡᠬᠦᠷ ᠢ ᠰᠢᠨ᠎ᠡ ᠪᠠᠷ ᠪᠠᠶᠢᠭᠤᠯᠵᠤ᠂ ᠪᠠᠷᠠᠭᠠᠨ ᠤ ᠦᠨ᠎ᠡ ᠬᠠᠨᠭ᠍ᠰᠢ ᠶᠢ ᠲᠡᠭᠰᠢᠷᠡᠬᠦᠯᠬᠦ᠂ ᠰᠠᠭᠤᠭᠠᠯᠢ ᠠᠷᠠᠳ ᠲᠤ ᠲᠦᠬᠦᠮ ᠪᠤᠯᠭᠠᠬᠤ ᠲᠡᠯ᠎ᠠ ᠪᠠᠷ ᠪᠤᠳᠠᠳᠠᠢ ᠠᠷᠭ᠎ᠠ | ᠤᠬᠠᠭᠠᠨ ᠰᠡᠳᠤᠵᠤ᠂ ᠪᠤᠳᠠᠳᠤ ᠠᠵᠢᠯ ᠬᠢᠨ᠎ᠠ᠃ | ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠦᠢᠯᠡᠴᠢᠯᠡᠭᠡ ᠶᠢ ᠡᠷᠴᠢᠮᠵᠢᠬᠦᠯᠤᠨ᠎ᠡ᠃ ︽ᠶᠡᠭᠡ ᠡᠷᠡᠬᠦᠯ ᠮᠡᠨᠳᠤ︾ ᠶᠢᠨ ᠤᠶᠢᠯᠠᠭᠠᠬᠳᠠᠬᠤᠨ ᠢ ᠢᠳᠡᠪᠬᠢᠳᠡᠢ | ᠰᠠᠨᠠᠭᠠᠴᠢᠯᠠᠵᠤ᠂ ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠦᠢᠯᠡᠴᠢᠯᠡᠭᠡᠨ ᠤ ᠲᠤᠬᠳᠠᠯᠴᠠᠭ᠎ᠠ ᠶᠢ ᠲᠡᠬᠦᠯᠳᠡᠷᠵᠢᠬᠦᠯᠤᠨ᠂ ᠡᠷᠡᠬᠦᠯ ᠮᠡᠨᠳᠤ ᠬᠤᠳᠠ ᠶᠢᠨ ᠪᠤᠳᠠᠳᠤ | ᠠᠭᠤᠯᠬᠤᠨ ᠢ ᠬᠦᠨᠵᠡᠭᠡᠶᠢᠷᠡᠬᠦᠯᠤᠨ᠎ᠡ᠃ ᠱᠠᠳᠤ ᠬᠤᠪᠢᠶᠠᠨ ᠤᠨᠤᠰᠢᠯᠠᠨ ᠡᠮᠨᠡᠬᠦ ᠲᠦᠷᠢᠮ ᠤᠨ ᠪᠠᠶᠢᠭᠤᠯᠤᠯᠳᠠ ᠶᠢ ᠠᠬᠢᠭᠤᠯᠵᠤ᠂ ᠦᠨᠳᠤᠰᠤᠨ ᠱᠠᠳᠤᠨ ᠤ ᠡᠮ | ᠡᠮᠨᠡᠯᠭᠡ ᠶᠢᠨ ᠪᠠᠶᠢᠭᠤᠯᠤᠮᠵᠢ ᠶᠢᠨ ᠪᠦᠬᠦ ᠰᠠᠯᠠᠭᠠᠨ ᠤ ᠡᠮᠴᠢ᠂ ᠰᠤᠪᠢᠯᠠᠬᠴᠢ ᠪᠠ ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠦᠢᠯᠡᠴᠢᠯᠡᠭᠡᠨ ᠤ ᠡᠩᠨᠡᠭᠡ ᠶᠢᠨ | ᠪᠠᠶᠢᠭᠤᠯᠤᠯᠳᠠ ᠶᠢ ᠴᠢᠩᠭᠠᠳᠬᠠᠨ᠂ ᠦᠨᠳᠤᠰᠤᠨ ᠱᠠᠳᠤᠨ ᠳᠤ ᠤᠷᠢᠳᠠᠪᠠᠷ ᠤᠨᠤᠰᠢᠯᠠᠭᠤᠯᠤᠨ ᠡᠮᠨᠡᠭᠦᠯᠬᠦ ᠨᠤᠷᠮ᠎ᠠ ᠶᠢ ᠲᠠᠰᠤᠷᠠᠯᠳᠠ ᠦᠭᠡᠢ ᠲᠡᠭᠡᠭᠰᠢᠯᠡᠬᠦᠯᠵᠤ᠂ | ᠨᠡᠶᠢᠭᠡᠮ ᠲᠤᠭᠤᠷᠢᠭ ᠤᠨ ᠡᠮᠨᠡᠯᠭᠡ ᠶᠢᠨ ᠬᠤᠷᠢᠶ᠎ᠠ᠂ ᠭᠡᠷ ᠪᠦᠯᠢ ᠶᠢᠨ ᠡᠮᠴᠢ ᠶᠢ ᠤᠯᠠᠨ ᠲᠦᠮᠡᠨ ᠤ ᠡᠬᠦᠳᠡᠨ ᠲᠡᠭᠡᠷᠡᠬᠢ ᠡᠷᠡᠬᠦᠯ ᠮᠡᠨᠳᠤ ᠶᠢᠨ ᠬᠠᠮᠠᠭᠠᠯᠠᠬᠴᠢ | ᠪᠤᠯᠭᠠᠨ᠎ᠠ᠃ ᠬᠤᠳᠠ ᠶᠢᠨ ᠰᠢᠭᠤᠳ ᠬᠠᠷᠢᠶ᠎ᠠ ᠡᠮᠨᠡᠯᠭᠡ ᠶᠢᠨ ᠪᠠᠶᠢᠭᠤᠯᠤᠮᠵᠢ ᠶᠢᠨ ᠭᠡᠪ ᠤᠨ ᠡᠷᠬᠢᠯᠡᠭᠡ ᠶᠢ ᠪᠠᠳᠤᠯᠠᠵᠤ᠂ ᠨᠡᠶᠢᠭᠡᠮ ᠤᠨ ᠬᠦᠷᠤᠩᠭᠡ ᠡᠮ ᠡᠮᠨᠡᠯᠭᠡ ᠪᠠ | ᠡᠷᠡᠬᠦᠯ ᠮᠡᠨᠳᠤ ᠨᠠᠰᠤᠳᠠᠨ ᠤ ᠠᠰᠠᠷᠠᠮᠵᠢ ᠶᠢᠨ ᠪᠠᠶᠢᠭᠤᠯᠤᠮᠵᠢ ᠡᠷᠬᠢᠯᠡᠬᠦ ᠶᠢ ᠵᠤᠷᠢᠬᠵᠢᠭᠤᠯᠤᠨ᠂ ᠬᠢᠳᠡᠳ ᠡᠮ ᠡᠮᠨᠡᠯᠭᠡ᠂ ᠮᠤᠩᠭᠤᠯ ᠡᠮ ᠡᠮᠨᠡᠯᠭᠡ ᠶᠢᠨ ᠦᠢᠯᠡᠰ ᠤᠨ | ᠬᠦᠭᠵᠢᠯᠳᠡ ᠶᠢ ᠲᠡᠮᠵᠢᠵᠤ᠂ ᠲᠡᠷᠢᠬᠦᠨ ᠤ ᠡᠮᠨᠡᠯᠭᠡ ᠶᠢᠨ ᠮᠡᠷᠭᠡᠵᠢᠯ ᠪᠠ ᠦᠢᠯᠡᠴᠢᠯᠡᠭᠡ ᠶᠢ ᠰᠦᠪᠡᠭᠴᠢᠯᠡᠨ ᠤᠷᠤᠭᠤᠯᠵᠤ ᠠᠪᠴᠢᠷᠠᠨ᠎ᠠ᠃ | ᠰᠤᠶᠤᠯ ᠤᠨ ᠦᠢᠯᠡᠰ ᠢ ᠶᠡᠭᠡᠪᠡᠷ ᠬᠦᠭᠵᠢᠬᠦᠯᠤᠨ᠎ᠡ᠃ ᠨᠡᠶᠢᠭᠡᠮ ᠵᠢᠷᠤᠮ ᠤᠨ ᠭᠤᠤᠯᠯᠠᠬᠴᠢ ᠦᠷᠳᠡᠭ ᠤᠨ ᠦᠵᠡᠯᠳᠡ ᠶᠢ ᠦᠢᠯᠡᠳᠤᠯᠭᠡᠵᠢᠬᠦᠯᠵᠤ᠂ | ᠲᠤᠮᠳᠠᠳᠤ ᠶᠢᠨ ᠦᠨᠳᠤᠰᠤᠳᠠᠨ ᠤ ᠤᠯᠠᠮᠵᠢᠯᠠᠯᠳᠤ ᠰᠤᠶᠤᠯ ᠢ ᠵᠠᠯᠭᠠᠮᠵᠢᠯᠠᠨ᠂ ᠠᠷᠠᠳ ᠢᠷᠭᠡᠳ ᠤᠨ ᠶᠤᠰᠤ ᠰᠤᠷᠳᠠᠬᠤᠨ ᠪᠤᠯᠤᠨ ᠤᠶᠤᠨ ᠰᠠᠨᠠᠭᠠᠨ ᠤ ᠪᠤᠯᠪᠠᠰᠤᠨ | ᠤ ᠪᠠᠶᠢᠭᠤᠯᠤᠯᠳᠠ ᠶᠢ ᠴᠢᠩᠭᠠᠳᠬᠠᠨ᠎ᠠ᠃ ᠤᠯᠤᠰ ᠤᠨ ᠤᠯᠡᠨ ᠨᠡᠶᠢᠳᠡ ᠶᠢᠨ ᠰᠤᠶᠤᠯ ᠤᠨ ᠦᠢᠯᠡᠴᠢᠯᠡᠭᠡᠨ ᠤ ᠲᠤᠬᠳᠠᠯᠴᠠᠭ᠎ᠠ ᠶᠢᠨ ᠵᠢᠱᠢᠶ᠎ᠠ ᠦᠵᠡᠬᠦᠯᠬᠦ ᠤᠷᠤᠨ ᠢ | ᠡᠬᠦᠳᠤᠨ ᠪᠠᠶᠢᠭᠤᠯᠤᠬᠰᠠᠨ ᠦᠷ᠎ᠡ ᠪᠦᠳᠤᠭᠡᠯ ᠢ ᠪᠠᠬᠢᠵᠢᠬᠦᠯᠵᠤ᠂ ᠠᠵᠢᠯᠴᠢᠨ ᠤ ᠰᠤᠶᠤᠯ ᠤᠨ ᠠᠮᠢᠳᠤᠷᠠᠯ ᠤᠨ ᠲᠦᠪ ᠢ ᠡᠬᠢᠯᠡᠨ ᠪᠠᠶᠢᠭᠤᠯᠵᠤ᠂ ᠦᠨᠳᠤᠰᠤᠨ | ᠱᠠᠳᠤᠨ ᠤ ᠰᠤᠶᠤᠯ ᠤᠨ ᠠᠮᠢᠳᠤᠷᠠᠯ ᠤᠨ ᠰᠠᠭᠤᠷᠢᠨ ᠭᠠᠵᠠᠷ ᠢ ᠬᠠᠮᠠᠭᠠᠯᠠᠨ᠂ ᠪᠠᠶᠠᠷ ᠲᠤᠷᠠᠰᠬᠠᠯ ᠤᠨ ᠠᠵᠢᠯᠯᠠᠭ᠎ᠠ ᠪᠤᠯᠤᠨ ᠤᠯᠠᠨ ᠲᠦᠮᠡᠨᠴᠢ ᠴᠢᠨᠠᠷᠳᠠᠢ ᠰᠤᠶᠤᠯ ᠤᠨ | ᠠᠵᠢᠯᠯᠠᠭ᠎ᠠ ᠶᠢ ᠢᠳᠡᠪᠬᠢᠳᠡᠢ ᠵᠤᠬᠢᠶᠠᠨ ᠪᠠᠶᠢᠭᠤᠯᠤᠨ᠎ᠠ᠃ ᠰᠤᠶᠤᠯ ᠤᠨ ᠡᠬᠦᠳᠤᠨ ᠪᠦᠳᠤᠭᠡᠯᠳᠡ ᠶᠢ ᠲᠠᠰᠤᠷᠠᠯᠳᠠ ᠦᠭᠡᠢ ᠴᠡᠴᠡᠭᠯᠡᠬᠦᠯᠤᠨ ᠬᠦᠭᠵᠢᠬᠦᠯᠵᠤ᠂ ᠬᠢᠶ᠎ᠠ | ᠪᠠᠭᠰᠢ ᠶᠢᠨ ᠬᠦᠭ ᠠᠶᠠᠰ ᠢ ᠬᠠᠷᠠᠭᠤᠯᠤᠬᠰᠠᠨ ᠰᠤᠶᠤᠯ ᠤᠷᠠᠯᠢᠭ ᠤᠨ ᠪᠦᠳᠤᠭᠡᠯ ᠢ ᠨᠡᠩ ᠤᠯᠠᠨ ᠭᠠᠷᠭᠠᠨ᠎ᠠ᠃ ᠦᠨᠳᠤᠰᠤᠳᠠᠨ ᠤ ᠰᠤᠶᠤᠯ ᠪᠠ ᠪᠤᠳᠠᠰ ᠤᠨ ᠪᠤᠰᠤ | ᠰᠤᠶᠤᠯ ᠤᠨ ᠦᠯᠡᠳᠡᠭᠳᠡᠯ ᠢ ᠬᠠᠮᠠᠭᠠᠯᠠᠬᠤ ᠶᠢ ᠴᠢᠬᠤᠯᠠᠴᠢᠯᠠᠨ᠎ᠠ᠃ | ᠠᠮᠤᠷ ᠲᠦᠪᠰᠢᠨ ᠤ ᠬᠤᠷᠢᠭ᠎ᠠ ᠱᠤᠭᠤᠮ ᠢ ᠯᠠᠪᠳᠠᠭᠤᠨ ᠪᠠᠳᠤᠳᠠᠢ ᠰᠠᠬᠢᠨ᠎ᠠ᠃ ᠠᠮᠤᠷ ᠲᠦᠪᠰᠢᠨ ᠤ ᠬᠠᠷᠢᠭᠤᠴᠠᠯᠭ᠎ᠠ ᠶᠢ ᠴᠢᠩᠭ᠎ᠠ ᠪᠠᠷ ᠨᠠᠷᠢᠨ ᠲᠤᠳᠤᠷᠬᠠᠢ | ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠠᠷᠬᠠᠭ ᠭᠡᠮ ᠢ ᠪᠠᠶᠢᠴᠠᠭᠠᠨ ᠴᠡᠭᠴᠡᠯᠡᠬᠦ ᠶᠢ ᠬᠦᠨᠵᠡᠭᠡᠢ ᠦᠷᠨᠢᠬᠦᠯᠤᠨ᠂ ᠬᠦᠨᠳᠤ ᠤᠨᠴᠠ ᠶᠡᠭᠡ ᠠᠳᠡᠯ ᠭᠡᠷᠡᠭ | ᠡᠬᠦᠰᠬᠦ ᠶᠢ ᠴᠢᠩᠭ᠎ᠠ ᠰᠡᠷᠭᠡᠶᠢᠯᠡᠨ᠎ᠡ᠃ ᠪᠠᠴᠢᠮ ᠠᠷᠭᠠᠴᠠᠭᠠᠬᠤ ᠬᠠᠮᠢᠶᠠᠷᠤᠯᠳᠠ ᠶᠢᠨ ᠲᠤᠬᠳᠠᠯᠴᠠᠭ᠎ᠠ ᠶᠢ ᠤᠯᠠᠮ ᠨᠢᠭᠡ ᠠᠯᠬᠤᠮ ᠲᠡᠬᠦᠯᠳᠡᠷᠵᠢᠬᠦᠯᠵᠤ᠂ ᠭᠠᠯ | ᠰᠡᠷᠭᠡᠶᠢᠯᠡᠯᠭᠡ᠂ ᠵᠠᠮ ᠬᠠᠷᠢᠯᠴᠠᠭ᠎ᠠ᠂ ᠬᠦᠮᠤᠨ ᠲᠦᠪᠯᠡᠷᠡᠭᠰᠡᠨ ᠭᠠᠵᠠᠷ᠂ ᠤᠨᠴᠠ ᠲᠦᠷᠦᠯ ᠤᠨ ᠲᠦᠬᠦᠭᠡᠷᠤᠮᠵᠢ᠂ ᠠᠶᠤᠯᠳᠠᠢ ᠬᠢᠮᠢ ᠶᠢᠨ ᠪᠤᠳᠠᠰ ᠵᠡᠷᠭᠡ ᠭᠤᠤᠯᠳᠠᠯᠭ᠎ᠠ | ᠲᠠᠢ ᠬᠦᠷᠢᠶᠠᠨ ᠤ ᠠᠮᠤᠷ ᠲᠦᠪᠰᠢᠨ ᠤ ᠬᠠᠮᠢᠶᠠᠷᠤᠯᠳᠠ ᠶᠢ ᠡᠷᠴᠢᠮᠵᠢᠬᠦᠯᠤᠨ᠎ᠡ᠃ ᠢᠳᠡᠭᠡᠨ ᠤ ᠠᠮᠤᠷ ᠲᠦᠪᠰᠢᠨ ᠢ ᠡᠬᠢ ᠠᠴᠠ ᠨᠢ ᠵᠠᠰᠠᠬᠤ᠂ ᠲᠦᠷᠦᠯ ᠬᠤᠪᠢᠶᠡᠨ | ᠬᠢᠨᠠᠨ ᠬᠠᠮᠢᠶᠠᠷᠬᠤ ᠪᠠ ᠪᠦᠬᠦ ᠶᠠᠪᠤᠴᠠ ᠶᠢ ᠨᠡᠭᠡᠮᠵᠢᠯᠡᠬᠦ ᠶᠢ ᠴᠢᠩᠭᠠᠳᠬᠠᠵᠤ᠂ ᠰᠠᠭᠤᠭᠠᠯᠢ ᠠᠷᠠᠳ ᠤᠨ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠪᠠᠳᠤ | ᠰᠠᠬᠢᠨ᠎ᠠ᠃ ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠠᠮᠤᠷ ᠲᠦᠪᠰᠢᠨ ᠢ ᠲᠡᠭᠡᠳᠤ ᠭᠡᠮᠵᠢᠶ᠎ᠡ ᠪᠠᠷ ᠴᠢᠬᠤᠯᠠᠴᠢᠯᠠᠵᠤ᠂ ᠬᠢᠵᠢᠭ ᠡᠪᠡᠳᠴᠢᠨ ᠰᠡᠷᠭᠡᠶᠢᠯᠡᠬᠦ ᠪᠤᠳᠤ | ᠪᠠ ᠡᠮ ᠤᠨ ᠵᠦᠢᠯᠡᠰ ᠤᠨ ᠬᠢᠨᠠᠯᠳᠠ ᠬᠠᠮᠢᠶᠠᠷᠤᠯᠳᠠ ᠶᠢ ᠴᠢᠩᠭᠠᠳᠬᠠᠨ᠂ ᠡᠯ᠎ᠡ ᠲᠦᠷᠦᠯ ᠤᠨ ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠭᠡᠨᠡᠳᠳᠡ ᠶᠢᠨ ᠭᠡᠷᠡᠭ | ᠤᠴᠢᠷ ᠢ ᠦᠨᠡᠨ ᠬᠦ ᠰᠡᠷᠭᠡᠶᠢᠯᠡᠨ᠎ᠡ᠃ | ᠲᠤᠭᠤᠷᠢᠭ ᠲᠤ ᠰᠠᠭᠤᠭ᠎ᠠ ᠠᠷᠠᠳ ᠤᠨ ᠵᠡᠪᠰᠡᠭᠳᠤ ᠬᠦᠴᠤᠨ ᠤ ᠭᠡᠯᠳᠡᠰ ᠤᠨ ᠬᠤᠸᠠᠷᠠᠨ ᠢ ᠪᠡᠯᠡᠳᠭᠡᠨ ᠪᠠᠶᠢᠭᠤᠯᠵᠤ᠂ ᠤᠯᠤᠰ ᠤᠨ ᠪᠠᠳᠤᠯᠠᠨ ᠬᠠᠮᠠᠭᠠᠯᠠᠯᠳᠠ | ᠶᠢᠨ ᠰᠤᠷᠭᠠᠨ ᠬᠦᠮᠤᠵᠢᠯ᠂ ᠤᠯᠤᠰ ᠤᠨ ᠪᠠᠳᠤᠯᠠᠨ ᠬᠠᠮᠠᠭᠠᠯᠠᠯᠳᠠ ᠶᠢᠨ ᠪᠡᠯᠡᠳᠭᠡᠯ ᠬᠦᠴᠤᠨ ᠵᠢᠴᠢ ᠠᠷᠠᠳ ᠤᠨ ᠠᠭᠠᠷ ᠤᠨ ᠰᠡᠷᠭᠡᠶᠢᠯᠡᠯᠳᠡ ᠶᠢᠨ ᠠᠵᠢᠯ ᠢ | ᠴᠢᠩᠭᠠᠳᠬᠠᠵᠤ᠂ ᠴᠡᠷᠢᠭ ᠠᠷᠠᠳ ᠠᠭᠤᠰᠤᠯᠴᠠᠨ ᠬᠦᠭᠵᠢᠬᠦ ᠶᠢ ᠠᠬᠢᠭᠤᠯᠤᠨ᠂ ᠬᠤᠶᠠᠷ ᠢ ᠬᠦᠷᠢᠶᠡᠯᠡᠵᠤ ᠬᠠᠮᠳᠤᠪᠠᠷ ᠪᠠᠶᠢᠭᠤᠯᠬᠤ ᠶᠢ ᠲᠠᠰᠤᠷᠠᠯᠳᠠ ᠦᠭᠡᠢ | ᠬᠦᠨᠵᠡᠭᠡᠶᠢᠷᠡᠬᠦᠯᠤᠨ᠎ᠡ᠃ ᠨᠠᠮ ᠤᠨ ᠦᠨᠳᠤᠰᠤᠳᠠᠨ ᠤ ᠲᠦᠷᠦ ᠶᠢᠨ ᠪᠤᠳᠤᠯᠭ᠎ᠠ ᠶᠢ ᠰᠠᠶᠢᠳᠤᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠤᠰᠤᠳᠠᠨ ᠤ | ᠪᠦᠯᠬᠦᠮᠳᠠᠯ ᠪᠠ ᠬᠢᠯᠢ ᠬᠢᠵᠠᠭᠠᠷ ᠤᠨ ᠲᠤᠬᠳᠠᠭᠤᠨ ᠢ ᠦᠨᠡᠨ ᠬᠦ ᠪᠠᠳᠤᠯᠠᠨ᠎ᠠ᠃ ᠲᠦᠷᠪᠡᠳᠤᠭᠡᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ | ᠪᠠᠶᠢᠴᠠᠭᠠᠯᠳᠠ ᠶᠢᠨ ᠠᠵᠢᠯ ᠢ ᠨᠠᠷᠢᠨ ᠬᠢᠨᠠᠮᠠᠭᠠᠢ ᠰᠠᠶᠢᠳᠤᠷ ᠬᠢᠵᠤ᠂ ᠲᠤᠭ᠎ᠠ ᠪᠠᠷᠢᠮᠳᠠ ᠶᠢ ᠪᠤᠳᠠᠳᠠᠢ ᠠᠪᠴᠤ᠂ ᠦᠨᠡᠨ ᠪᠠᠶᠢᠳᠠᠯ ᠢ ᠬᠦᠢᠴᠡᠳ ᠤᠶᠢᠯᠠᠭᠠᠨ᠎ᠠ᠃ | ᠠᠵᠢᠯᠴᠢᠨ ᠤ ᠡᠪᠯᠡᠯ᠂ ᠡᠪ ᠬᠠᠮᠳᠤ ᠵᠠᠯᠠᠭᠤᠴᠤᠳ ᠤᠨ ᠡᠪᠯᠡᠯ᠂ ᠡᠮᠡᠭᠳᠡᠶᠢᠴᠤᠳ ᠤᠨ ᠬᠤᠯᠪᠤᠭᠠᠳᠤ ᠬᠤᠷᠠᠯ᠂ ᠦᠢᠯᠡᠳᠪᠤᠷᠢ ᠬᠤᠳᠠᠯᠳᠤᠭᠠᠨ ᠤ ᠬᠤᠯᠪᠤᠭ᠎ᠠ ᠵᠡᠷᠭᠡ | ᠠᠷᠠᠳ ᠤᠨ ᠪᠦᠯᠬᠦᠮ ᠤᠨ ᠬᠦᠬᠦᠷᠭᠡ ᠬᠤᠯᠪᠤᠭᠠᠰᠤ ᠶᠢᠨ ᠦᠢᠯᠡᠳᠤᠯ ᠢ ᠪᠠᠳᠠᠷᠠᠭᠤᠯᠬᠤ ᠶᠢ ᠲᠡᠮᠵᠢᠵᠤ᠂ ᠡᠮᠡᠭᠳᠡᠶᠢᠴᠤᠳ᠂ ᠭᠡᠤᠭᠡᠳ᠂ ᠨᠠᠰᠤᠳᠠᠶᠢᠴᠤᠳ᠂ | ᠵᠡᠮᠳᠡᠭᠴᠤᠳ ᠤᠨ ᠬᠠᠤᠯᠢ ᠶᠤᠰᠤᠨ ᠤ ᠡᠷᠭᠡ ᠠᠰᠢᠭ ᠢ ᠬᠠᠤᠯᠢ ᠶᠤᠰᠤᠭᠠᠷ ᠪᠠᠳᠤᠯᠠᠨ᠎ᠠ᠃ ᠠᠬᠠᠮᠠᠳ ᠺᠠᠳ᠋ᠷᠴᠤᠳ ᠤᠨ ᠲᠦᠷᠦ ᠶᠢᠨ ᠪᠤᠳᠤᠯᠭ᠎ᠠ ᠶᠢᠨ ᠬᠦᠷᠳᠡᠭᠡᠮᠵᠢ | ᠶᠢ ᠪᠦᠳᠤᠮᠵᠢᠳᠠᠢ ᠨᠠᠶᠢᠳᠠᠪᠤᠷᠢᠵᠢᠭᠤᠯᠵᠤ᠂ ᠠᠬᠠᠮᠠᠳ ᠺᠠᠳ᠋ᠷᠴᠤᠳ ᠤᠨ ᠪᠤᠳᠠᠳᠤ ᠠᠰᠠᠭᠤᠳᠠᠯ ᠢ ᠬᠠᠪᠰᠤᠷᠤᠨ ᠰᠢᠢᠳᠪᠤᠷᠢᠯᠡᠨ᠎ᠡ᠃ ᠱᠠᠰᠢᠨ ᠰᠤᠷᠳᠠᠬᠤᠨ᠂ ᠭᠠᠳᠠᠭᠠᠳᠤ | ᠶᠠᠪᠤᠳᠠᠯ᠂ ᠬᠠᠷᠢᠶᠠᠳᠤ᠂ ᠠᠰᠠᠷᠠᠮᠵᠢ᠂ ᠲᠤᠭ᠎ᠠ ᠪᠦᠷᠢᠳᠭᠡᠯ᠂ ᠲᠠᠩᠰᠠ ᠡᠪᠭᠡᠮᠡᠯ᠂ ᠴᠠᠭ ᠠᠭᠤᠷ᠂ ᠭᠠᠵᠠᠷ ᠤᠷᠤᠨ ᠤ ᠤᠶᠢᠯᠠᠯᠭ᠎ᠠ ᠵᠡᠷᠭᠡ ᠡᠯ᠎ᠡ ᠵᠦᠢᠯ ᠤᠨ ᠠᠵᠢᠯ ᠢ | ᠦᠷᠬᠦᠯᠵᠢᠯᠡᠨ ᠰᠠᠶᠢᠳᠤᠷ ᠬᠢᠨ᠎ᠡ᠃ | ᠭᠤᠷᠪᠠ᠂ ᠠᠷᠠᠳ ᠤᠯᠠᠨ ᠬᠠᠨᠤᠮᠵᠢᠳᠠᠢ ᠵᠠᠰᠠᠭ ᠤᠨ ᠤᠷᠳᠤᠨ ᠢ ᠴᠢᠷᠮᠠᠶᠢᠨ ᠪᠠᠶᠢᠭᠤᠯᠤᠨ᠎ᠠ | ᠵᠠᠰᠠᠭ ᠤᠨ ᠤᠷᠳᠤᠨ ᠤ ᠲᠤᠰ ᠪᠠᠶ᠎ᠠ ᠶᠢᠨ ᠪᠠᠶᠢᠭᠤᠯᠤᠯᠳᠠ ᠶᠢ ᠪᠦᠬᠦ ᠲᠠᠯ᠎ᠠ ᠪᠠᠷ ᠴᠢᠩᠭᠠᠳᠬᠠᠵᠤ᠂ ᠤᠯᠤᠰ ᠲᠦᠷᠦ ᠪᠠᠳᠤ᠂ ᠬᠠᠷᠢᠭᠤᠴᠠᠯᠭ᠎ᠠ ᠴᠢᠩᠭ᠎ᠠ᠂ | ᠴᠢᠳᠠᠪᠤᠷᠢ ᠭᠠᠷᠮᠠᠭᠠᠢ᠂ ᠰᠤᠷᠳᠠᠯ ᠰᠠᠶᠢᠨ ᠺᠠᠳ᠋ᠷ ᠤᠨ ᠡᠩᠨᠡᠭᠡ ᠶᠢ ᠴᠢᠷᠮᠠᠶᠢᠨ ᠪᠠᠶᠢᠭᠤᠯᠵᠤ᠂ ᠴᠤᠭ ᠵᠤᠯᠢ ᠪᠠᠳᠠᠷᠠᠬᠰᠠᠨ ᠤᠶᠤᠨ ᠰᠠᠨᠠᠭᠠᠨ ᠤ ᠪᠠᠶᠢᠳᠠᠯ ᠢᠶᠠᠷ 2019 | ᠤᠨ ᠤ ᠡᠯ᠎ᠡ ᠵᠦᠢᠯ ᠤᠨ ᠠᠵᠢᠯ ᠢᠶᠠᠨ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ | ︵ᠨᠢᠭᠡ︶ ᠤᠯᠤᠰ ᠲᠦᠷᠦ ᠶᠢᠨ ᠴᠢᠭᠯᠡᠯ ᠢᠶᠠᠨ ᠪᠠᠳᠤᠳᠬᠠᠨ᠎ᠠ᠃ ᠰᠢ ᠶᠢᠨ ᠫᠢᠡᠭ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠦᠨᠳᠤᠰᠤᠨ ᠠᠷᠭ᠎ᠠ ᠪᠤᠳᠤᠯᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ︽ᠲᠦᠷᠪᠡᠨ ᠤᠬᠠᠮᠰᠠᠷ︾ ᠢ ᠪᠠᠳᠤ ᠪᠤᠢ | ᠪᠤᠯᠭᠠᠨ᠂ ︽ᠲᠦᠷᠪᠡᠨ ᠢᠳᠡᠭᠡᠯ︾ ᠢ ᠪᠠᠳᠤᠳᠬᠠᠵᠤ᠂ ᠦᠵᠠᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠲᠡᠭᠡᠷ᠎ᠡ ᠪᠠᠨ ᠢᠮᠠᠬᠳᠠ ᠰᠢ ᠶᠢᠨ ᠫᠢᠡᠭ ᠨᠦᠬᠦᠷ | ᠢᠶᠠᠷ ᠭᠤᠤᠯᠯᠠᠬᠴᠢ ᠪᠤᠯᠭᠠᠬᠰᠠᠨ ᠨᠠᠮ ᠤᠨ ᠲᠦᠪ ᠬᠤᠷᠢᠶ᠎ᠠ ᠲᠠᠢ ᠲᠡᠭᠡᠳᠤ ᠭᠡᠮᠵᠢᠶ᠎ᠡ ᠪᠠᠷ ᠨᠢᠭᠡᠳᠤᠯ ᠲᠠᠢ ᠪᠠᠶᠢᠬᠤ ᠶᠢ ᠪᠠᠳᠤᠯᠠᠨ᠎ᠠ᠃ ︽ᠬᠤᠶᠠᠷ ᠢ ᠰᠤᠷᠤᠯᠴᠠᠵᠤ | ᠬᠢᠷᠢ ᠲᠡᠩᠴᠡᠭᠰᠡᠨ ᠨᠠᠮ ᠤᠨ ᠭᠡᠰᠢᠬᠦᠨ ᠪᠤᠯᠬᠤ︾ ᠰᠤᠷᠤᠯᠴᠠᠯᠭ᠎ᠠ ᠬᠦᠮᠤᠵᠢᠯ ᠢ ᠪᠠᠶᠢᠡᠭᠭᠤᠵᠢᠭᠤᠯᠤᠨ ᠲᠦᠷᠢᠮᠵᠢᠬᠦᠯᠬᠦ ᠶᠢ ᠦᠷᠬᠦᠯᠵᠢᠯᠡᠨ ᠠᠬᠢᠭᠤᠯᠵᠤ᠂ ︽ᠤᠭ | ᠰᠠᠨᠠᠭ᠎ᠠ ᠪᠠᠨ ᠦᠯᠦ ᠮᠠᠷᠳᠠᠨ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠭᠤᠤᠯ ᠰᠡᠳᠤᠪᠳᠤ ᠬᠦᠮᠤᠵᠢᠯ ᠢ ᠯᠠᠪᠳᠠᠭᠤᠨ ᠪᠠᠳᠤᠳᠠᠢ ᠦᠷᠨᠢᠬᠦᠯᠵᠤ᠂ ᠨᠠᠮ ᠤᠨ | ᠰᠢᠨ᠎ᠡ ᠶᠢ ᠡᠬᠦᠳᠬᠦ ᠤᠨᠤᠯ ᠢᠶᠠᠷ ᠦᠨᠡᠨ ᠬᠦ ᠲᠠᠷᠢᠬᠢ ᠲᠤᠯᠤᠭᠠᠢ ᠪᠠᠨ ᠵᠡᠪᠰᠡᠭᠯᠡᠨ᠎ᠡ᠃ ᠲᠦᠪ᠂ ᠦᠪᠡᠷᠳᠡᠭᠡᠨ ᠵᠠᠰᠠᠬᠤ ᠤᠷᠤᠨ᠂ ᠬᠤᠳᠠ ᠪᠠ ᠲᠤᠭᠤᠷᠢᠭ ᠤᠨ ᠨᠠᠮ | ᠤᠨ ᠬᠤᠷᠢᠶᠠᠨ ᠤ ᠡᠯ᠎ᠡ ᠵᠦᠢᠯ ᠤᠨ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠠᠷᠯᠢᠭ ᠪᠠᠶᠢᠪᠠᠯ | ᠡᠷᠭᠡᠪᠰᠢ ᠭᠡᠷᠡᠭᠵᠢᠬᠦᠯᠵᠤ᠂ ᠬᠤᠷᠢᠭ᠎ᠠ ᠪᠠᠶᠢᠪᠠᠯ ᠡᠷᠭᠡᠪᠰᠢ ᠵᠤᠬᠰᠤᠬᠤ ᠶᠢ ᠤᠬᠠᠮᠰᠠᠷ ᠠᠴᠠ ᠪᠠᠨ ᠪᠠᠶᠠᠯᠠᠬᠦᠯᠤᠨ᠎ᠡ᠃ ᠦᠪᠡᠷᠳᠡᠭᠡᠨ ᠵᠠᠰᠠᠬᠤ ᠤᠷᠤᠨ ᠤ ᠲᠤᠭᠤᠷᠢᠨ | ᠪᠠᠶᠢᠴᠠᠭᠠᠬᠤ ᠲᠤᠭᠤᠶᠢᠯᠠᠩ ᠤᠨ ᠲᠤᠰᠬᠠᠬᠰᠠᠨ ᠰᠠᠨᠠᠯ ᠲᠠᠢ ᠴᠢᠩᠭ᠎ᠠ ᠠᠳᠠᠯᠢᠳᠬᠠᠨ ᠲᠤᠭᠤᠷᠢᠨ ᠪᠠᠶᠢᠴᠠᠭᠠᠬᠤ ᠲᠤᠭᠤᠶᠢᠯᠠᠩ ᠤᠨ ᠲᠤᠰᠬᠠᠬᠰᠠᠨ ᠠᠰᠠᠭᠤᠳᠠᠯ ᠢ | ᠬᠠᠯᠠᠨ ᠰᠠᠶᠢᠵᠢᠷᠠᠭᠤᠯᠬᠤ ᠶᠢ ᠰᠠᠶᠢᠳᠤᠷ ᠠᠳᠬᠤᠵᠤ᠂ ᠬᠠᠯᠠᠨ ᠰᠠᠶᠢᠵᠢᠷᠠᠭᠤᠯᠤᠬᠰᠠᠨ ᠪᠤᠳᠠᠳᠤ ᠦᠷ᠎ᠡ ᠪᠦᠳᠤᠮᠵᠢ ᠪᠠᠷ ᠢᠶᠠᠨ ᠵᠠᠰᠠᠭ ᠤᠨ ᠤᠷᠳᠤᠨ ᠤ ᠠᠵᠢᠯ ᠤᠨ | ᠬᠢᠷᠢ ᠭᠡᠮᠵᠢᠶ᠎ᠡ ᠶᠢ ᠪᠦᠬᠦ ᠲᠠᠯ᠎ᠠ ᠪᠠᠷ ᠲᠡᠭᠡᠭᠰᠢᠯᠡᠬᠦᠯᠬᠦ ᠪᠠᠷ ᠴᠢᠷᠮᠠᠶᠢᠨ᠎ᠠ᠃ | ︵ᠬᠤᠶᠠᠷ︶ ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠪᠠᠷᠢᠮᠳᠠᠯᠠᠨ᠎ᠠ᠃ ᠬᠠᠤᠯᠢ ᠳᠤ ᠲᠤᠬᠳᠠᠭᠠᠬᠰᠠᠨ ᠲᠤᠰᠢᠶᠠᠯ ᠬᠠᠷᠢᠭᠤᠴᠠᠯᠭ᠎ᠠ ᠪᠠᠨ ᠡᠷᠭᠡᠪᠰᠢ | ᠬᠦᠢᠴᠡᠳᠭᠡᠬᠦ᠂ ᠬᠠᠤᠯᠢ ᠪᠠᠷ ᠤᠯᠭᠤᠬᠰᠠᠨ ᠦᠭᠡᠢ ᠡᠷᠭᠡ ᠶᠢ ᠦᠯᠦ ᠬᠢᠬᠦ ᠶᠢ ᠪᠠᠷᠢᠮᠳᠠᠯᠠᠵᠤ᠂ ᠬᠠᠤᠯᠢ ᠪᠠᠷ ᠵᠠᠰᠠᠬᠤ ᠵᠠᠰᠠᠭ ᠤᠨ ᠤᠷᠳᠤᠨ ᠢ ᠲᠦᠷᠭᠡᠨ ᠪᠠᠶᠢᠭᠤᠯᠤᠨ᠂ | ᠲᠦᠷᠦ ᠪᠠᠷᠢᠬᠤ ᠳᠤ ᠢᠳᠡᠭᠡᠯ ᠲᠠᠢ᠂ ᠬᠠᠤᠯᠢ ᠭᠡᠷᠡᠭᠵᠢᠬᠦᠯᠬᠦ ᠳᠤ ᠪᠠᠷᠢᠮᠳᠠ ᠲᠠᠢ᠂ ᠬᠢᠨᠠᠯᠳᠠ ᠲᠠᠯᠪᠢᠬᠤ ᠳᠤ ᠪᠦᠳᠤᠮᠵᠢ ᠲᠠᠢ ᠪᠠᠶᠢᠬᠤ ᠶᠢ ᠪᠡᠶᠡᠯᠡᠬᠦᠯᠤᠨ᠎ᠡ᠃ ︽ | ᠭᠤᠷᠪᠠᠨ ᠴᠢᠬᠤᠯᠠ ᠨᠢᠭᠡ ᠲᠤᠮᠤ︾ ᠤᠴᠢᠷ ᠶᠠᠪᠤᠳᠠᠯ ᠢ ᠬᠠᠮᠳᠤᠪᠠᠷ ᠰᠢᠢᠳᠪᠷᠢ ᠲᠤᠬᠳᠠᠭᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠵᠠᠰᠠᠭ ᠤᠨ ᠤᠷᠳᠤᠨ | ᠤ ᠬᠠᠤᠯᠢ ᠴᠠᠭᠠᠵᠠ ᠶᠢᠨ ᠵᠦᠪᠯᠡᠭᠴᠢ ᠶᠢᠨ ᠦᠢᠯᠡᠳᠤᠯ ᠢ ᠬᠦᠢᠴᠡᠳ ᠪᠠᠳᠠᠷᠠᠭᠤᠯᠤᠨ᠂ ᠬᠠᠤᠯᠢ ᠴᠠᠭᠠᠵᠠ ᠲᠦᠷᠢᠮ ᠲᠤᠬᠳᠠᠭᠠᠯ ᠤᠨ ᠴᠢᠨᠠᠷᠳᠠᠢ ᠬᠢᠨᠠᠨ ᠪᠠᠶᠢᠴᠠᠭᠠᠯᠳᠠ | ᠶᠢ ᠴᠢᠩᠭᠠᠳᠬᠠᠵᠤ᠂ ᠵᠠᠰᠠᠭ ᠤᠨ ᠤᠷᠳᠤᠨ ᠤ ᠰᠢᠢᠳᠪᠤᠷᠢᠳᠤ ᠪᠤᠳᠤᠯᠭ᠎ᠠ ᠶᠢᠨ ᠠᠷᠠᠳᠴᠢᠯᠠᠬᠰᠠᠨ᠂ ᠰᠢᠨᠵᠢᠯᠡᠬᠦ ᠤᠬᠠᠭᠠᠨᠴᠢᠯᠠᠬᠰᠠᠨ ᠬᠢᠷᠢ ᠭᠡᠮᠵᠢᠶ᠎ᠡ ᠶᠢ | ᠲᠡᠭᠡᠭᠰᠢᠯᠡᠬᠦᠯᠤᠨ᠎ᠡ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠳᠠ ᠲᠠᠯᠪᠢᠬᠤ᠂ ᠤᠯᠤᠰ ᠲᠦᠷᠦ ᠶᠢᠨ ᠵᠦᠪᠯᠡᠯᠭᠡᠨ ᠤ | ᠠᠷᠠᠳᠴᠢᠯᠠᠯ ᠢᠶᠠᠷ ᠬᠢᠨᠠᠯᠳᠠ ᠲᠠᠯᠪᠢᠬᠤ ᠪᠠ ᠨᠡᠶᠢᠭᠡᠮ ᠤᠨ ᠶᠠᠷᠢᠶ᠎ᠠ ᠭᠡᠯᠡᠯᠴᠡᠭᠡᠨ ᠤ ᠬᠢᠨᠠᠯᠳᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠠᠵᠤ᠂ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠦᠪᠯᠡᠯᠭᠡᠨ ᠤ ᠰᠠᠨᠠᠯ ᠲᠤᠷᠠᠳᠤᠯᠭ᠎ᠠ ᠶᠢ ᠨᠠᠷᠢᠨ ᠬᠢᠨᠠᠮᠠᠭᠠᠢ | ᠰᠢᠢᠳᠪᠤᠷᠢᠯᠡᠵᠤ᠂ ᠡᠯ᠎ᠡ ᠠᠷᠠᠳᠴᠢᠯᠠᠬᠰᠠᠨ ᠨᠠᠮ ᠪᠦᠯᠦᠭ᠂ ᠨᠠᠮ ᠤᠨ ᠭᠠᠳᠠᠨᠠᠬᠢ ᠬᠦᠮᠤᠰ ᠪᠤᠯᠤᠨ ᠠᠷᠠᠳ ᠤᠨ ᠪᠦᠯᠬᠦᠮ ᠤᠨ ᠰᠠᠨᠠᠯ ᠰᠠᠨᠠᠭᠤᠯᠭ᠎ᠠ ᠶᠢ ᠬᠦᠢᠴᠡᠳ | ᠰᠤᠨᠤᠰᠤᠨᠡ᠃ ᠠᠷᠠᠳ ᠤᠨ ᠠᠮᠢᠳᠤᠷᠠᠯ ᠤᠨ ᠭᠡᠷᠡᠭ ᠶᠠᠪᠤᠳᠠᠯ ᠤᠨ ᠲᠦᠷᠦᠯ ᠵᠦᠢᠯ ᠢ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ | ᠪᠢᠯᠧᠲ ᠦᠭᠴᠤ ᠪᠠᠳᠤᠯᠠᠬᠤ ᠲᠦᠷᠢᠮ ᠤᠨ ᠲᠤᠷᠰᠢᠯᠳᠠ ᠶᠢᠨ ᠠᠵᠢᠯ ᠢ ᠢᠳᠡᠪᠬᠢᠳᠡᠢ ᠭᠡᠷᠡᠭᠵᠢᠬᠦᠯᠵᠤ᠂ ᠴᠢᠩ ᠴᠦᠨ ᠱᠠᠨ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ | ᠭᠠᠵᠠᠷ ᠠᠷᠠᠳ ᠤᠨ ᠠᠮᠢᠳᠤᠷᠠᠯ ᠤᠨ ᠭᠡᠷᠡᠭ ᠶᠠᠪᠤᠳᠠᠯ ᠤᠨ ᠲᠦᠷᠦᠯ ᠵᠦᠢᠯ ᠢ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠲᠦᠯᠦᠭᠡᠯᠡᠭᠴᠢᠳ ᠤᠨ ᠬᠤᠷᠠᠯ | ᠢᠶᠠᠷ ᠵᠦᠪᠯᠡᠬᠦᠯᠬᠦ ᠶᠢ ᠲᠡᠮᠵᠢᠨ᠎ᠡ᠃ ᠵᠠᠰᠠᠭ ᠤᠨ ᠶᠠᠪᠤᠳᠠᠯ ᠢ ᠢᠯᠡ ᠪᠤᠯᠭᠠᠬᠤ ᠶᠢ ᠪᠦᠬᠦ ᠲᠠᠯ᠎ᠠ ᠪᠠᠷ ᠠᠬᠢᠭᠤᠯᠵᠤ᠂ ᠠᠷᠠᠳ ᠤᠯᠠᠨ ᠤ ᠮᠡᠳᠡᠬᠦ ᠡᠷᠭᠡ᠂ ᠤᠷᠤᠯᠴᠠᠬᠤ | ᠡᠷᠭᠡ ᠪᠠ ᠬᠢᠨᠠᠯᠳᠠ ᠲᠠᠯᠪᠢᠬᠤ ᠡᠷᠭᠡ ᠶᠢ ᠬᠦᠢᠴᠡᠳ ᠪᠠᠳᠤᠯᠠᠨ᠎ᠠ᠃ ᠵᠠᠰᠠᠭ ᠤᠨ ᠶᠠᠪᠤᠳᠠᠯ ᠢ ᠢᠯᠡ ᠪᠤᠯᠭᠠᠬᠤ ᠶᠢ ᠪᠦᠬᠦ ᠲᠠᠯ᠎ᠠ ᠪᠠᠷ ᠠᠬᠢᠭᠤᠯᠵᠤ᠂ ᠬᠤᠳᠠ ᠶᠢᠨ | ᠲᠠᠷᠤᠭ᠎ᠠ ᠳᠤ ᠢᠷᠡᠬᠦᠯᠦᠭᠰᠡᠨ ᠤᠳᠠᠰᠤ᠂ ᠲᠤᠭᠤᠷᠢᠭ ᠤᠨ ᠲᠠᠷᠤᠭ᠎ᠠ ᠳᠤ ᠢᠷᠡᠬᠦᠯᠦᠭᠰᠡᠨ ᠵᠠᠬᠢᠳᠠᠯ ᠢ ᠰᠢᠢᠳᠪᠤᠷᠢᠯᠡᠬᠦ ᠠᠵᠢᠯ ᠢ ᠨᠠᠷᠢᠨ ᠬᠢᠨᠠᠮᠠᠭᠠᠢ ᠰᠠᠶᠢᠳᠤᠷ ᠬᠢᠵᠤ᠂ | ᠤᠯᠠᠨ ᠲᠦᠮᠡᠨ ᠤ ᠪᠠᠶᠢᠳᠠᠯ ᠢ ᠮᠡᠳᠡᠬᠦ ᠡᠷᠭᠡ᠂ ᠤᠷᠤᠯᠴᠠᠬᠤ ᠡᠷᠭᠡ ᠪᠠ ᠬᠢᠨᠠᠯᠳᠠ ᠲᠠᠯᠪᠢᠬᠤ ᠡᠷᠭᠡ ᠶᠢ ᠪᠠᠳᠤᠯᠠᠨ᠎ᠠ᠃ | ︵ ᠭᠤᠷᠪᠠ︶ ᠲᠦᠪ ᠴᠢᠭᠡᠴᠢ ᠠᠷᠢᠭᠤᠨ ᠴᠡᠪᠡᠷ ᠢ ᠪᠠᠳᠤᠯᠠᠨ᠎ᠠ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠭᠤᠤᠯ ᠴᠤᠬᠴᠠ ᠶᠢᠨ ᠬᠠᠷᠢᠭᠤᠴᠠᠯᠭ᠎ᠠ | ᠶᠢ ᠡᠷᠡᠰ ᠨᠠᠶᠢᠳᠠᠪᠤᠷᠢᠵᠢᠭᠤᠯᠵᠤ᠂ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠨᠠᠷᠢᠨ ᠬᠢᠨᠠᠮᠠᠭᠠᠢ ᠬᠦᠢᠴᠡᠳᠭᠡᠵᠤ᠂ ᠵᠠᠰᠠᠭ ᠤᠨ ᠤᠷᠳᠤᠨ ᠤ | ᠰᠢᠰᠲ᠋ᠧᠮ ᠤᠨ ᠨᠠᠮ ᠤᠨ ᠰᠤᠷᠳᠠᠯ ᠠᠷᠢᠭᠤᠨ ᠴᠢᠭᠡᠴᠢ ᠪᠠᠷ ᠵᠠᠰᠠᠭ ᠪᠠᠷᠢᠬᠤ ᠪᠠᠶᠢᠭᠤᠯᠤᠯᠳᠠ ᠪᠠ ᠢᠯᠵᠠᠷᠠᠯ ᠢ ᠡᠰᠡᠷᠭᠦᠴᠡᠬᠦ ᠲᠡᠮᠡᠴᠡᠯ ᠢ ᠬᠦᠨᠵᠡᠭᠡᠢ ᠠᠬᠢᠭᠤᠯᠤᠨ᠂ | ᠢᠯᠵᠠᠷᠠᠬᠤ ᠵᠤᠷᠢᠭ ᠢ ᠨᠢ ᠮᠤᠬᠤᠭᠠᠵᠤ᠂ ᠢᠯᠵᠠᠷᠠᠬᠤ ᠵᠠᠢ ᠦᠭᠡᠢ ᠪᠤᠯᠭᠠᠨ᠂ ᠤᠬᠠᠮᠰᠠᠷ ᠠᠴᠠ ᠪᠠᠨ ᠢᠯᠵᠠᠷᠠᠬᠤ ᠰᠠᠨᠠᠭ᠎ᠠ ᠦᠭᠡᠢ ᠪᠤᠯᠭᠠᠨ᠎ᠠ᠃ ᠵᠠᠰᠠᠭ ᠤᠨ ᠤᠷᠳᠤᠨ | ᠤ ᠪᠡᠯᠡ ᠤᠷᠤᠭᠤᠯᠤᠯᠳᠠ᠂ ᠪᠠᠷᠢᠯᠭ᠎ᠠ ᠶᠢᠨ ᠪᠦᠳᠤᠭᠡᠨ ᠪᠠᠶᠢᠭᠤᠯᠤᠯᠳᠠ ᠶᠢᠨ ᠲᠠᠭᠠᠭᠠᠴᠢᠯᠠᠬᠴᠢ ᠡᠷᠢᠬᠦ ᠵᠡᠷᠭᠡ ᠭᠤᠤᠯᠳᠠᠯᠭ᠎ᠠ ᠲᠠᠢ ᠬᠦᠷᠢᠶ᠎ᠠ ᠭᠡᠪᠴᠢᠶ᠎ᠡ᠂ ᠵᠠᠩᠬᠢᠯᠠᠭ᠎ᠠ | ᠶᠢᠨ ᠭᠤᠬᠴᠤᠭ᠎ᠠ ᠶᠢᠨ ᠬᠢᠨᠠᠯᠳᠠ ᠬᠠᠮᠢᠶᠠᠷᠤᠯᠳᠠ ᠶᠢ ᠦᠷᠬᠦᠯᠵᠢᠯᠡᠨ ᠴᠢᠩᠭᠠᠳᠬᠠᠵᠤ᠂ ᠬᠢᠨᠠᠨ ᠪᠤᠳᠤᠯᠳᠠ ᠪᠠ ᠲᠤᠭᠤᠷᠢᠨ ᠪᠠᠶᠢᠴᠠᠭᠠᠬᠰᠠᠨ ᠦᠷ᠎ᠡ ᠳ᠋ᠦᠡᠭ ᠤᠨ | ᠠᠰᠢᠬᠯᠠᠮᠵᠢ ᠶᠢ ᠴᠢᠩᠭᠠᠳᠬᠠᠨ᠂ ᠢᠯᠵᠠᠷᠠᠯ ᠢ ᠤᠭ ᠡᠬᠢ ᠠᠴᠠ ᠨᠢ ᠤᠷᠢᠳᠴᠢᠯᠡᠨ ᠰᠡᠷᠭᠡᠶᠢᠯᠡᠵᠤ᠂ ᠺᠠᠳ᠋ᠷᠴᠤᠳ ᠴᠢᠭᠡᠴᠢ ᠰᠢᠳᠤᠷᠭᠤ᠂ ᠵᠠᠰᠠᠭ ᠤᠨ ᠤᠷᠳᠤᠨ | ᠠᠷᠢᠭᠤᠨ ᠴᠢᠭᠡᠴᠢ᠂ ᠤᠯᠤᠰ ᠲᠦᠷᠦ ᠢᠯᠡ ᠲᠤᠳᠤ ᠪᠠᠶᠢᠬᠤ ᠶᠢ ᠪᠠᠳᠤᠯᠠᠨ᠎ᠠ᠃ ᠠᠯᠢᠪᠠ ᠭᠡᠯᠪᠡᠷᠢ ᠶᠢᠨ ᠦᠵᠡᠯ ᠪᠤᠯᠤᠨ ᠨᠤᠶᠠᠨᠴᠢ ᠰᠤᠷᠳᠠᠯ ᠢ ᠡᠷᠡᠰ ᠡᠰᠡᠷᠬᠦᠴᠡᠨ | ᠵᠠᠯᠠᠷᠠᠭᠤᠯᠵᠤ᠂ ᠱᠠᠭᠠᠷᠳᠠᠨ ᠪᠠᠶᠢᠴᠠᠭᠠᠵᠤ ᠬᠢᠨᠠᠨ ᠰᠢᠯᠭᠠᠠᠬᠤ ᠶᠢ ᠲᠦᠷᠢᠮᠵᠢᠬᠦᠯᠤᠨ᠂ ᠪᠢᠴᠢᠭ ᠮᠠᠲ᠋ᠧᠷᠢᠶᠠᠯ ᠢ ᠴᠤᠮᠬᠠᠳᠬᠠᠨ ᠬᠤᠷᠠᠯ ᠢ ᠴᠦᠭᠡᠳᠭᠡᠵᠤ᠂ ᠺᠠᠳ᠋ᠷᠴᠤᠳ ᠢ | ᠪᠤᠳᠠᠳᠤ ᠠᠰᠠᠭᠤᠳᠠᠯ ᠢ ᠰᠢᠢᠳᠪᠤᠷᠢᠯᠡᠬᠦ ᠲᠡᠭᠡᠷ᠎ᠡ ᠨᠡᠩ ᠤᠯᠠᠨ ᠤᠶᠤᠨ ᠤᠬᠠᠭᠠᠨ ᠬᠦᠴᠤᠨ ᠴᠢᠳᠠᠯ ᠢᠶᠠᠨ ᠭᠡᠷᠡᠭᠯᠡᠬᠦ ᠪᠤᠯᠭᠠᠨ᠎ᠠ ᠃ | ︵ᠲᠦᠷᠪᠡ︶ ᠵᠤᠷᠢᠬᠳᠠᠢ ᠪᠠᠷ ᠬᠠᠷᠢᠭᠤᠴᠠᠯᠭ᠎ᠠ ᠡᠬᠦᠷᠭᠡᠯᠡᠬᠦ ᠶᠢ ᠡᠷᠴᠢᠮᠵᠢᠬᠦᠯᠤᠨ᠎ᠡ᠃ ᠪᠤᠰᠢᠭᠤ ᠱᠠᠯᠠᠮᠠᠭᠠᠢ ᠠᠵᠢᠯᠯᠠᠨ ᠲᠦᠳᠡᠯ ᠦᠭᠡᠢ ᠬᠦᠢᠴᠡᠳᠭᠡᠬᠦ ᠠᠵᠢᠯ | ᠤᠨ ᠰᠤᠷᠳᠠᠯ ᠢ ᠶᠡᠭᠡᠪᠡᠷ ᠪᠠᠳᠠᠷᠠᠭᠤᠯᠤᠨ᠂ ᠵᠠᠰᠠᠭ ᠶᠠᠪᠤᠭᠤᠯᠬᠤ ᠳᠤ ᠪᠦᠳᠤᠬᠦᠯᠢᠭ᠂ ᠴᠠᠯᠠᠭᠠᠶᠢᠷᠠᠬᠤ᠂ ᠬᠤᠶᠢᠷᠭᠤᠰᠢᠬᠤ ᠠᠵᠢᠯᠯᠠᠭ᠎ᠠ ᠶᠢ ᠴᠢᠩᠭ᠎ᠠ ᠴᠡᠭᠴᠡᠯᠡᠵᠤ᠂ ︽ | ᠤᠷᠤᠬᠤ ᠳᠤ ᠲᠦᠪᠡᠭ ᠲᠠᠢ᠂ ᠦᠵᠡᠬᠦ ᠳᠤ ᠬᠠᠯᠠ ᠲᠠᠢ᠂ ᠪᠦᠳᠤᠭᠡᠬᠦ ᠳᠤ ᠬᠦᠴᠢᠷ︾ ᠵᠡᠷᠭᠡ ᠤᠳᠠᠭᠠᠯᠢᠭ᠂ ᠬᠢᠬᠦ ᠦᠭᠡᠢ ᠦᠵᠡᠭᠳᠡᠯ ᠢ ᠡᠷᠡᠰ ᠵᠠᠯᠠᠷᠠᠭᠤᠯᠤᠨ᠂ | ᠲᠤᠬᠳᠠᠭᠠᠬᠰᠠᠨ ᠠᠵᠢᠯ ᠢ ᠡᠷᠡᠰ ᠰᠠᠶᠢᠨ ᠬᠢᠵᠤ᠂ ᠠᠮᠠᠯᠳᠤᠬᠰᠠᠨ ᠤᠴᠢᠷ ᠢ ᠡᠷᠡᠰ ᠰᠠᠶᠢᠨ ᠪᠠᠶᠠᠯᠠᠬᠦᠯᠤᠨ᠂ ᠵᠠᠰᠠᠭ ᠤᠨ ᠤᠷᠳᠤᠨ ᠤ ᠢᠳᠡᠭᠡᠬᠦᠯᠬᠦ ᠬᠦᠴᠤᠨ ᠪᠤᠯᠤᠨ | ᠭᠡᠷᠡᠭᠵᠢᠬᠦᠯᠬᠦ ᠬᠦᠴᠤᠨ ᠢ ᠪᠦᠬᠦ ᠲᠠᠯ᠎ᠠ ᠪᠠᠷ ᠲᠡᠭᠡᠭᠰᠢᠯᠡᠬᠦᠯᠤᠨ᠎ᠡ᠃ ᠪᠤᠳᠠᠳᠠᠢ ᠠᠵᠢᠯᠯᠠᠨ ᠦᠢᠯᠡᠰ ᠪᠦᠳᠤᠭᠡᠬᠦ ᠰᠠᠶᠢᠨ ᠰᠠᠶᠢᠬᠠᠨ ᠠᠭᠤᠷ ᠠᠮᠢᠰᠬᠤᠯ ᠢ ᠲᠦᠷᠭᠡᠨ ᠪᠤᠢ | ᠪᠤᠯᠭᠠᠵᠤ᠂ ᠺᠠᠳ᠋ᠷᠴᠤᠳ ᠤᠨ ᠠᠳᠠᠯᠢᠳᠬᠠᠬᠤ ᠰᠤᠷᠬᠤ ᠬᠦᠢᠴᠡᠬᠦ ᠲᠠᠪᠠᠭ᠋ᠤ ᠲᠤᠳᠤᠭᠠᠳᠤ ᠬᠦᠳᠡᠯᠭᠡᠭᠴᠢ ᠬᠦᠴᠤᠨ ᠢ ᠬᠦᠭᠵᠢᠭᠡᠨ᠂ ︽ᠬᠠᠳᠠᠭᠠᠰᠤ ᠬᠠᠳᠠᠬᠤ︾ ᠵᠤᠷᠢᠭ | ᠰᠠᠨᠠᠭ᠎ᠠ ᠪᠠᠷ ᠡᠯ᠎ᠡ ᠵᠦᠢᠯ ᠤᠨ ᠭᠤᠤᠯᠳᠠᠯᠭ᠎ᠠ ᠲᠠᠢ ᠠᠵᠢᠯ ᠪᠠ ᠭᠤᠤᠯᠳᠠᠯᠭ᠎ᠠ ᠲᠠᠢ ᠡᠬᠦᠷᠭᠡ ᠶᠢ ᠨᠠᠶᠢᠳᠠᠪᠤᠷᠢᠵᠢᠭᠤᠯᠬᠤ ᠶᠢ ᠰᠠᠶᠢᠳᠤᠷ ᠠᠳᠬᠤᠵᠤ᠂ ᠵᠤᠷᠢᠬᠳᠠᠢ ᠪᠠᠷ | ᠬᠠᠷᠢᠭᠤᠴᠠᠬᠤ᠂ ᠡᠷᠡᠮᠡᠭᠡᠶᠢᠯᠡᠨ ᠲᠡᠮᠡᠴᠡᠵᠤ ᠪᠤᠳᠠᠳᠤ ᠠᠵᠢᠯ ᠬᠢᠬᠦ ᠶᠢ ᠵᠠᠰᠠᠭ ᠤᠨ ᠤᠷᠳᠤᠨ ᠤ ᠠᠵᠢᠯ ᠤᠨ ᠢᠯᠡ ᠲᠤᠳᠤ ᠦᠨᠳᠤᠰᠤᠨ ᠤᠨᠴᠠᠯᠢᠭ ᠪᠤᠯᠭᠠᠨ᠎ᠠ᠃ | ᠲᠦᠯᠦᠭᠡᠯᠡᠭᠴᠢᠳ ᠡ︕ ᠪᠦᠯᠬᠦᠮᠳᠠᠨ ᠬᠦᠴᠤᠨ ᠢᠶᠠᠨ ᠲᠦᠪᠯᠡᠷᠡᠬᠦᠯᠵᠤ᠂ ᠪᠤᠳᠠᠳᠠᠢ ᠠᠵᠢᠯᠯᠠᠨ ᠢᠷᠡᠭᠡᠳᠤᠢ ᠶᠢᠨ ᠰᠠᠶᠢᠨ ᠰᠠᠶᠢᠬᠠᠨ ᠢ ᠡᠬᠦᠳᠤᠶ᠎ᠠ᠃ ᠪᠢᠳᠡ | ᠰᠢ ᠶᠢᠨ ᠫᠢᠡᠭ ᠨᠦᠬᠦᠷ ᠢᠶᠠᠷ ᠭᠤᠤᠯᠯᠠᠬᠴᠢ ᠪᠤᠯᠭᠠᠬᠰᠠᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠡᠩ ᠶᠡᠭᠡ ᠨᠢᠬᠳᠠᠷᠠᠨ ᠪᠦᠯᠬᠦᠮᠳᠠᠵᠤ᠂ ᠰᠢ ᠶᠢᠨ ᠫᠢᠡᠭ | ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠠᠭᠤᠤ ᠶᠡᠭᠡ ᠲᠤᠭ ᠢ ᠦᠨᠳᠤᠷ ᠮᠠᠨᠳᠤᠭᠤᠯᠤᠨ᠂ | ᠤᠭ ᠰᠠᠨᠠᠭ᠎ᠠ ᠪᠠᠨ ᠦᠯᠦ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠤ᠂ ᠡᠷᠡᠯᠭᠡᠭᠯᠡᠨ ᠤᠷᠤᠬᠰᠢᠯᠠᠵᠤ᠂ ᠬᠠᠳᠠᠭᠤᠵᠢᠯᠳᠠᠢ ᠲᠡᠮᠡᠴᠡᠨ᠂ ᠬᠢᠶ᠎ᠠ | ᠪᠠᠭᠰᠢ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠳᠠᠢ ᠬᠦᠭᠵᠢᠯᠳᠡ ᠶᠢᠨ ᠰᠠᠶᠢᠨ ᠰᠠᠶᠢᠬᠠᠨ ᠢᠷᠡᠭᠡᠳᠤᠢ ᠶᠢ ᠴᠢᠷᠮᠠᠶᠢᠨ ᠡᠬᠦᠳᠴᠤ᠂ ᠰᠢᠯᠢᠳᠡᠭ ᠠᠮᠵᠢᠯᠳᠠ ᠪᠠᠷ | ᠢᠶᠠᠨ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠪᠠᠶᠢᠭᠤᠯᠤᠬᠳᠠᠬᠰᠠᠨ 70 ᠵᠢᠯ ᠤᠨ ᠤᠢ ᠶᠢ ᠪᠡᠯᠭᠡᠯᠡᠶ᠎ᠡ︕ | | | |