ᠯᠢ ᠳ᠋ᠦᠩ ᠪᠠᠶᠠᠷ ᠤᠨ ᠡᠳᠦᠷ ᠤᠨ ᠬᠤᠭᠤᠴᠠᠭᠠᠨ ᠤ ᠵᠠᠬ᠎ᠠ ᠳᠡᠯᠭᠡᠭᠦᠷ ᠤᠨ ᠬᠠᠩᠭᠠᠯᠭ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠ ᠠᠶᠤᠯᠭᠦᠶ ᠦᠢᠯᠡᠳᠪᠦᠷᠢᠯᠡᠯ ᠵᠡᠷᠭᠡ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020/10/10
        10 ᠰᠠᠷ᠎ᠠ ᠶᠢᠨ 1 ᠤ ᠡᠳᠦᠷ᠂  ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ  ᠂ ᠲᠣᠭᠤᠷᠢᠭ  ᠤᠨ ᠳᠠᠷᠤᠭ᠎ᠠ ᠯᠢ ᠳ᠋ᠦᠩ᠂ ᠬᠢᠶ᠎ᠠ ᠪᠠᠭᠰᠢ ᠲᠣᠭᠤᠷᠢᠭ ᠤᠨ ᠤᠯᠤᠰ ᠤᠨ ᠪᠠᠶᠠᠷ ᠤᠨ ᠬᠤᠭᠤᠴᠠᠭᠠᠨ ᠤ ᠵᠠᠬ᠎ᠠ ᠳᠡᠯᠭᠡᠭᠦᠷ ᠤᠨ ᠬᠠᠩᠭᠠᠯᠭ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠ ᠠᠶᠤᠯᠭᠦᠶ ᠦᠢᠯᠡᠳᠪᠦᠷᠢᠯᠡᠯ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠵᠦ᠂ ᠠᠷᠠᠳ ᠲᠦᠮᠡᠨ ᠢᠶᠠᠷ ᠭᠤᠤᠯ ᠪᠣᠯᠭᠠᠭᠰᠠᠨ ᠠᠵᠢᠯ ᠤᠨ ᠤᠳᠤᠷᠢᠳᠤᠮᠵᠢ ᠶᠢ ᠪᠠᠷᠢᠮᠲᠠᠯᠠᠨ᠂ ᠵᠠᠬ᠎ᠠ ᠳᠡᠯᠭᠡᠭᠦᠷ ᠤᠨ ᠬᠠᠩᠭᠠᠯᠭ᠎ᠠ ᠭᠦᠢᠴᠡᠳ᠂ ᠦᠨ᠎ᠡ ᠬᠠᠩᠰᠢ ᠲᠣᠭᠲᠠᠭᠤᠨ ᠪᠠᠶᠢᠬᠤ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠ ᠠᠶᠤᠯ ᠦᠭᠡᠶ ᠦᠢᠯᠡᠳᠪᠦᠷᠢᠯᠡᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠰᠠᠭᠤᠭᠠᠯᠢ ᠠᠷᠠᠳ ᠣᠯᠠᠨ ᠤ ᠪᠠᠶᠠᠷ ᠬᠥᠷ ᠲᠠᠢ ᠪᠥᠭᠡᠳ ᠠᠮᠤᠷ ᠲᠦᠪᠰᠢᠨ ᠢᠶᠠᠷ ᠪᠠᠶᠠᠷ ᠳᠤᠷᠠᠰᠬᠠᠯ ᠤᠨ ᠡᠳᠦᠷ ᠢ ᠥᠩᠭᠡᠷᠡᠭᠦᠯᠬᠦ ᠶᠢ ᠦᠨᠡᠨᠬᠦ ᠪᠠᠲᠤᠯᠠᠬᠤ  ᠶᠢ ᠴᠢᠬᠤᠯᠠᠴᠢᠯᠠᠪᠠ᠃
        ᠳ᠋ᠧ  ᠷᠥᠩ ᠬᠤᠳᠠᠯᠳᠣᠭᠠᠨ ᠤ ᠭᠠᠵᠠᠷ᠂ ᠢ ᠮᠢᠨ ᠢᠳᠡᠰᠢᠨ ᠨᠣᠭᠤᠭᠠᠨ ᠤ ᠵᠠᠬ᠎ᠠ ᠳᠡᠯᠭᠡᠭᠦᠷ ᠪᠠ  ᠰᠢᠨ᠎ᠡ ᠨᠡᠭᠡᠭᠡᠭᠰᠡᠨ ᠪᠠᠢ ᠯᠢᠶᠠᠨ ᠪᠠᠢ ᠱᠧᠩ ᠲᠣᠮᠤ ᠬᠤᠳᠠᠯᠳᠣᠭᠠᠨ ᠤ ᠲᠠᠯᠠᠪᠠᠢ ᠳᠤ᠂ ᠮᠢᠬ᠎ᠠ᠂ ᠢᠳᠡᠰᠢᠨ ᠨᠣᠭᠤᠭ᠎ᠠ ᠵᠢᠮᠢᠰ ᠤᠨ ᠬᠠᠩᠭᠠᠯᠭ᠎ᠠ ᠭᠦᠢᠴᠡᠳ᠂ ᠶᠧᠪᠡᠩ᠂ ᠴᠠᠢ ᠵᠡᠷᠭᠡ ᠪᠠᠶᠠᠷ ᠤᠨ ᠡᠳᠦᠷ ᠤᠨ ᠪᠡᠯᠡᠭ ᠤᠨ ᠬᠠᠶᠢᠷᠴᠠᠭ ᠨᠢᠳᠦ ᠭᠢᠯᠠᠰᠤᠮ᠎ᠠ ᠪᠠᠶᠢᠵᠤ᠂ ᠪᠠᠶᠠᠷ ᠤᠨ ᠡᠳᠦᠷ ᠤᠨ ᠠᠭᠤᠷ ᠠᠮᠢᠰᠬᠤᠯ ᠲᠡᠭᠦᠯᠳᠡᠷ ᠪᠠᠶᠢᠨ᠎ᠠ᠃  ᠯᠢ ᠳ᠋ᠦᠩ ᠬᠤᠳᠠᠯᠳᠣᠭᠠᠨ ᠤ ᠭᠠᠵᠠᠷ ᠤᠨ ᠣᠷᠴᠢᠨ ᠲᠣᠭᠤᠷᠢᠨ ᠢ ᠪᠠᠶᠢᠴᠠᠭᠠᠨ ᠦᠵᠡᠵᠦ᠂ ᠵᠠᠬ᠎ᠠ ᠳᠡᠯᠭᠡᠭᠦᠷ ᠤᠨ ᠬᠠᠩᠭᠠᠯᠭ᠎ᠠ᠂ ᠢᠳᠡᠭᠡᠨ ᠤ ᠠᠮᠤᠷ ᠲᠦᠪᠰᠢᠨ ᠪᠠ ᠭᠠᠯ ᠤᠨᠲᠠᠷᠠᠭᠠᠬᠤ ᠠᠮᠤᠷ ᠲᠦᠪᠰᠢᠨ ᠵᠡᠷᠭᠡ ᠪᠠᠶᠢᠳᠠᠯ ᠢ ᠨᠠᠷᠢᠨ  ᠣᠶᠢᠯᠠᠭᠠᠨ᠂ ᠢᠳᠡᠭᠡᠨ ᠤ ᠠᠮᠤᠷ ᠲᠦᠪᠰᠢᠨ ᠢ ᠴᠢᠩᠭ᠎ᠠ ᠠᠩᠬᠠᠷᠴᠤ᠂ ᠪᠠᠷᠠᠭᠠᠨ ᠤ ᠢᠷᠡᠯᠲᠡ ᠶᠢ ᠨᠠᠷᠢᠨ ᠨᠢᠮᠪᠠᠶ ᠵᠣᠬᠢᠶᠠᠨ ᠪᠠᠶᠢᠭᠤᠯᠤᠨ᠂ ᠲᠠᠸᠠᠷ ᠤᠨ ᠡᠯ᠎ᠡ ᠵᠠᠩᠭᠢᠯᠠᠭ᠎ᠠ ᠶᠢᠨ ᠪᠦᠬᠦ ᠶᠠᠪᠤᠴᠠ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠂ ᠪᠠᠶᠠᠷ ᠤᠨ ᠡᠳᠦᠷ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠬᠦᠢᠴᠡᠳ ᠶᠠᠰᠤ ᠴᠢᠨᠠᠷ ᠰᠠᠶᠢᠨ ᠪᠠᠷᠠᠭᠠᠨ ᠤ ᠦᠨ᠎ᠡ ᠲᠣᠭᠲᠠᠭᠤᠨ ᠪᠠᠶᠢᠬᠤ ᠶᠢ  ᠪᠠᠳᠤᠯᠠᠵᠤ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠡᠯ᠎ᠡ ᠲᠥᠷᠥᠯ ᠤᠨ ᠬᠡᠷᠡᠭᠯᠡᠭᠡᠨ ᠤ ᠲᠠᠯᠠᠪᠤᠷ᠂ ᠬᠥᠮᠦᠨ ᠣᠯᠠᠨ ᠴᠤᠭᠯᠠᠷᠠᠳᠠᠭ ᠭᠠᠵᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠬᠢᠨᠠᠮᠠᠭᠠᠶ ᠨᠠᠶᠢᠲᠠᠪᠤᠷᠢᠵᠢᠭᠤᠯᠤᠨ᠂ ᠥᠷᠭᠡᠨ ᠣᠯᠠᠨ ᠰᠠᠭᠤᠭᠠᠯᠢ ᠠᠷᠠᠳ ᠲᠦᠮᠡᠨ ᠳᠤ ᠠᠶᠤᠯ ᠦᠭᠡᠢ ᠪᠥᠭᠡᠳ ᠡᠮᠬᠢ ᠵᠢᠷᠤᠮ ᠲᠠᠢ ᠪᠠᠷᠠᠭ᠎ᠠ ᠬᠤᠳᠠᠯᠳᠤᠨ ᠠᠪᠬᠤ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠶ ᠬᠡᠵᠦ ᠴᠢᠬᠤᠯᠠᠴᠢᠯᠠᠪᠠ᠃        ᠯᠢ ᠳ᠋ᠦᠩ ᠠᠮᠠᠷᠠᠯᠲᠠ ᠶᠢᠨ ᠬᠤᠭᠤᠴᠠᠭᠠᠨ ᠤ ᠵᠤᠭᠠᠴᠠᠯ ᠤᠨ ᠵᠠᠬ᠎ᠠ ᠳᠡᠯᠭᠡᠭᠦᠷ ᠤᠨ ᠪᠠᠶᠢᠳᠠᠯ ᠳᠤ ᠮᠠᠰᠢ ᠰᠡᠳᠭᠢᠯ ᠲᠠᠯᠪᠢᠵᠤ᠂ ᠤᠷᠢᠳ ᠬᠤᠵᠢᠳ ᠺᠠᠢ ᠲᠧ ᠲᠣᠮᠣ ᠪᠠᠭᠤᠳᠠᠯ᠂ ᠺᠠᠩ ᠵᠧᠨ ᠪᠠᠯᠭᠠᠰᠤᠨ ᠳᠤ ᠬᠦᠷᠴᠦ᠂ ᠦᠵᠡᠮᠵᠢ ᠶᠢᠨ ᠣᠷᠣᠨ ᠤ ᠭᠦᠯᠢᠶᠡᠨ ᠠᠪᠬᠤ ᠬᠡᠮᠵᠢᠶ᠎ᠡ᠂ ᠪᠠᠭᠤᠳᠠᠯ ᠤᠨ ᠵᠤᠭᠠᠴᠠᠭᠰᠠᠳ ᠤᠨ ᠣᠷᠣᠵᠤ ᠰᠠᠭᠤᠭᠰᠠᠨ ᠨᠤᠷᠮ᠎ᠠ ᠪᠠ ᠵᠢᠭᠤᠯᠴᠢᠯᠠᠯ ᠤᠨ ᠲᠥᠬᠦᠭᠡᠷᠦᠮᠵᠢ ᠶᠢᠨ ᠠᠮᠤᠷ ᠲᠦᠪᠰᠢᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠯᠢ ᠳ᠋ᠦᠩ᠂ ᠪᠠᠭᠤᠳᠠᠯ  ᠂ ᠵᠢᠭᠤᠯᠴᠢᠯᠠᠯ ᠤᠨ ᠦᠵᠡᠮᠵᠢ ᠶᠢᠨ ᠣᠷᠣᠨ ᠵᠢᠴᠢ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠲᠠᠪᠤᠷᠢᠵᠢᠭᠤᠯᠵᠤ᠂ ᠠᠮᠤᠷ ᠲᠦᠪᠰᠢᠨ ᠤ ᠪᠠᠶᠢᠴᠠᠭᠠᠯᠲᠠ ᠪᠠᠨ ᠴᠢᠩᠭᠠᠳᠬᠠᠨ᠂ ᠠᠮᠤᠷ ᠲᠣᠭᠲᠠᠭᠤᠨ ᠡᠶ᠎ᠡ ᠵᠣᠬᠢᠴᠠᠯ ᠲᠠᠢ ᠨᠡᠶᠢᠭᠡᠮ ᠤᠨ ᠣᠷᠴᠢᠨ ᠲᠣᠭᠤᠷᠢᠨ ᠢ ᠴᠢᠷᠮᠠᠶᠢᠨ ᠪᠤᠢ ᠪᠣᠯᠭᠠᠨ᠎ᠠ᠃ ᠬᠤᠳᠠ ᠶᠢᠨ ᠦᠵᠡᠮᠵᠢ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠢ ᠪᠠᠲᠤᠯᠠᠵᠤ᠂ ᠴᠡᠪᠡᠷ ᠴᠡᠮᠴᠡᠭᠡᠷ ᠬᠤᠳᠠ ᠶᠢᠨ ᠲᠦᠷᠢ ᠲᠥᠷᠬᠦ ᠪᠠᠷ ᠥᠷᠭᠡᠨ ᠤᠯᠠᠨ ᠵᠤᠭᠠᠴᠠᠭᠰᠠᠳ ᠢ ᠤᠭᠲᠤᠬᠤ ᠬᠡᠷᠡᠭᠲᠡᠢ᠃ ᠴᠢᠨᠠᠷ ᠰᠠᠶᠢᠲᠠᠶ ᠵᠢᠭᠤᠯᠴᠢᠯᠠᠯ ᠤᠨ ᠪᠦᠲᠦᠭᠡᠭᠳᠡᠬᠦᠨ ᠪᠠ ᠦᠢᠯᠡᠴᠢᠯᠡᠭᠡᠨ ᠤ ᠬᠠᠩᠭᠠᠯᠭ᠎ᠠ ᠶᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠵᠢᠭᠤᠯᠴᠢᠯᠠᠯ ᠤᠨ ᠴᠢᠨᠠᠷ ᠳᠡᠰ ᠢ ᠳᠡᠭᠡᠭᠰᠢᠯᠡᠭᠦᠯᠦᠨ᠂ ᠵᠢᠭᠤᠯᠴᠢᠯᠠᠯ ᠤᠨ ᠦᠢᠯᠡᠰ ᠤᠨ ᠪᠠᠶᠢᠳᠠᠯ ᠢ ᠪᠠᠶᠠᠯᠢᠭᠵᠢᠭᠤᠯᠵᠤ᠂ ᠪᠦᠲᠦᠭᠡᠭᠳᠡᠬᠦᠨ ᠤ ᠲᠠᠲᠠᠬᠤ ᠬᠦᠴᠦᠨ ᠢ ᠨᠡᠮᠡᠭᠳᠡᠭᠦᠯᠦᠨ᠂ ᠬᠢᠶ᠎ᠠ ᠪᠠᠭᠰᠢ ᠲᠣᠭᠤᠷᠢᠭ ᠤᠨ ᠵᠢᠭᠤᠯᠴᠢᠯᠠᠯ ᠤᠨ ᠨᠥᠯᠥᠭᠡᠯᠡᠬᠦ ᠬᠦᠴᠦᠨ ᠢ  ᠦᠷᠭᠡᠳᠭᠡᠬᠦ ᠬᠡᠷᠡᠭᠳᠡᠢ ᠬᠡᠵᠦ ᠴᠢᠬᠤᠯᠠᠴᠢᠯᠠᠪᠠ᠃
ᠢᠷᠡᠯᠲᠡ᠄ ᠲᠤᠰ ᠰᠦᠯᠵᠢᠶ᠎ᠡ