ᠡᠳ᠋ ᠤᠨ ᠵᠠᠰᠠᠭ ᠠᠴᠠ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢ ᠳᠡᠮᠵᠢᠬᠦ ᠲᠤᠬᠠᠶ ᠰᠤᠷᠪᠤᠯᠵᠢᠯᠠᠭ᠎ᠠ
ᠨᠡᠶᠢᠲᠡᠯᠡᠭᠰᠡᠨ ᠴᠠᠭ᠄
2020/10/22
        ᠬᠥᠲᠥᠯᠥᠭᠴᠢ᠄ ᠣᠶᠢᠷ᠎ᠠ ᠶᠢᠨ ᠵᠢᠯ ᠤᠨ ᠲᠤᠷᠰᠢ᠂  ᠬᠢᠶ᠎ᠠ ᠪᠠᠭᠰᠢ ᠲᠣᠭᠤᠷᠢᠭ ᠨᠢ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠪᠠ ᠬᠦᠴᠦᠲᠡᠶ ᠳᠡᠮᠵᠢᠯᠭᠡ ᠳᠣᠤᠷ᠎ᠠ ᠠᠮᠢ ᠠᠬᠤᠶ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠦᠭᠡᠶ ᠬᠥᠭᠵᠢᠭᠦᠯᠬᠦ ᠣᠶᠢᠯᠠᠭᠠᠭᠳᠠᠬᠤᠨ ᠢ ᠪᠠᠷᠢᠮᠲᠠᠯᠠᠨ᠂ ᠠᠵᠤ ᠠᠬᠤᠶ ᠨᠡᠶᠢᠭᠡᠮ ᠤᠨ ᠡᠯ᠎ᠡ ᠵᠦᠢᠯ ᠤᠨ ᠠᠵᠢᠯ ᠦᠢᠯᠡᠰ ᠲᠦᠷᠭᠡᠨ ᠳᠠᠪᠰᠢᠵᠤ᠂ ᠢᠯᠠᠩᠭᠤᠶ᠎ᠠ ᠰᠤᠷᠭᠠᠨ ᠬᠥᠮᠦᠵᠢᠯ ᠤᠨ ᠦᠢᠯᠡᠰ ᠮᠡᠳᠡᠭᠳᠡᠬᠦ᠋ᠢᠴᠡ ᠬᠥᠭᠵᠢᠪᠡ᠃ ᠣᠳᠣᠬᠠᠨ ᠳᠤ᠂ ᠡᠳ᠋ ᠤᠨ ᠵᠠᠰᠠᠭ ᠠᠴᠠ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠡᠷᠬᠢᠨ ᠪᠠᠲᠤᠯᠠᠵᠤ ᠪᠠᠶᠢᠬᠤ ᠪᠤᠢ  ︖
        ᠰᠢᠶᠣᠤ ᠡᠷᠬᠢᠯᠡᠭᠴᠢ᠄ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ  ᠪᠠᠶᠢᠭ᠎ᠠ ᠰᠤᠷᠭᠠᠨ ᠬᠥᠮᠦᠵᠢᠯ ᠤᠨ ᠬᠡᠷᠡᠭᠴᠡᠭᠡ ᠶᠢ ᠬᠠᠩᠭᠠᠵᠤ᠂ ᠬᠢᠶ᠎ᠠ ᠪᠠᠭᠰᠢ ᠲᠣᠭᠤᠷᠢᠭ ᠤᠨ ᠰᠤᠷᠭᠠᠨ ᠬᠥᠮᠦᠵᠢᠯ ᠤᠨ  ᠦᠢᠯᠡᠰ ᠤᠨ ᠦᠷᠭᠦᠯᠵᠢᠯᠡᠨ ᠡᠷᠡᠭᠦᠯ ᠴᠢᠭᠢᠷᠠᠭ ᠢᠶᠠᠷ ᠬᠥᠭᠵᠢᠬᠦ ᠶᠢ ᠪᠠᠲᠤᠯᠠᠬᠤ ᠶᠢᠨ ᠲᠥᠯᠥᠭᠡ᠂ ᠮᠠᠨ ᠤ  ᠲᠣᠭᠤᠷᠢᠭ ᠤᠨ ᠡᠳ᠋ ᠤᠨ ᠵᠠᠰᠠᠭ ᠠᠴᠠ ᠰᠤᠷᠭᠠᠨ ᠬᠥᠮᠦᠵᠢᠯ ᠤᠨ ᠬᠥᠭᠵᠢᠯᠲᠡ ᠳᠤ ᠬᠡᠷᠡᠭᠰᠡᠬᠦ ᠪᠡᠯᠡ ᠮᠥᠩᠭᠦ ᠶᠢ ᠭᠤᠤᠯᠳᠠᠯᠭ᠎ᠠ ᠲᠠᠢ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠡᠲᠡᠭᠡᠳ ᠪᠣᠯᠭᠠᠨ ᠪᠦᠬᠦ ᠬᠦᠴᠦ ᠪᠠᠷ ᠢᠶᠠᠨ  ᠪᠠᠳᠤᠯᠠᠵᠦ᠂ ᠵᠢᠯ ᠪᠦᠷᠢ ᠶᠢᠨ ᠰᠤᠷᠭᠠᠨ ᠬᠥᠮᠦᠵᠢᠯ ᠤᠨ ᠪᠡᠯᠡ ᠣᠷᠣᠭᠤᠯᠤᠯᠲᠠ ᠨᠢ ᠬᠢᠶ᠎ᠠ ᠪᠠᠭᠰᠢ ᠲᠣᠭᠤᠷᠢᠭ ᠤᠨ ᠲᠤᠬᠠᠶ ᠶᠢᠨ ᠵᠢᠯ ᠤᠨ ᠡᠳ᠋ ᠤᠨ ᠵᠠᠰᠠᠭ ᠤᠨ ᠵᠠᠷᠤᠯᠭ᠎ᠠ ᠶᠢᠨ 60% ᠠᠴᠠ ᠳᠡᠭᠡᠭᠰᠢᠬᠢ ᠶᠢ ᠡᠵᠡᠯᠡᠨ᠂ ᠪᠦᠬᠦ ᠬᠤᠲᠠ ᠶᠢᠨ ᠴᠤᠷ ᠤᠨ ᠭᠠᠭᠴᠠ ᠰᠤᠷᠭᠠᠨ ᠬᠥᠮᠦᠵᠢᠯ ᠤᠨ ᠵᠠᠷᠤᠳᠠᠯ ᠨᠢ《 ᠭᠤᠷᠪᠠᠨ ᠨᠡᠮᠡᠭᠳᠡᠯ 》 ᠢ ᠪᠠᠳᠤᠯᠭᠰᠠᠨ ᠬᠤᠰᠢᠭᠤ ᠲᠣᠭᠤᠷᠢᠭ ᠪᠤᠯᠵᠠᠢ᠃ ᠣᠨᠴᠠᠭᠠᠶᠢᠯᠠᠨ ᠣᠶᠢᠷ᠎ᠠ ᠶᠢᠨ ᠭᠤᠷᠪᠠᠨ ᠵᠢᠯ ᠤᠨ ᠲᠤᠷᠰᠢ ᠮᠠᠨ ᠤ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠠᠵᠢᠯᠲᠠᠨ ᠵᠢᠴᠢ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠵᠢᠯ ᠤᠨ ᠳᠤᠮᠳᠠᠴᠢ ᠵᠠᠷᠤᠯᠭ᠎ᠠ ᠨᠢ 3.25 ᠳ᠋ᠦᠩᠰᠢᠭᠤᠷ ᠲᠥᠭᠦᠷᠢᠭ ᠲᠤ ᠬᠦᠷᠴᠦ᠂ ᠦᠨᠳᠦᠰᠦᠨ ᠪᠦᠲᠦᠭᠡᠨ ᠪᠠᠶᠢᠭᠤᠯᠤᠯᠲᠠ ᠳᠤ ᠵᠢᠯ ᠪᠦᠷᠢ ᠳᠤᠮᠳᠠᠴᠢ ᠪᠠᠷ 1.3 ᠳ᠋ᠦᠩᠰᠢᠭᠤᠷ ᠲᠥᠭᠦᠷᠢᠭ᠂ ᠵᠢᠭᠠᠨ ᠰᠤᠷᠭᠠᠬᠤ ᠲᠥᠬᠦᠭᠡᠷᠦᠮᠵᠢ ᠳᠤ ᠵᠢᠯ ᠪᠦᠷᠢ ᠳᠤᠮᠳᠠᠴᠢ ᠪᠠᠷ 2600 ᠲᠦᠮᠡᠨ ᠲᠥᠭᠦᠷᠢᠭ ᠣᠷᠣᠭᠤᠯᠵᠤ᠂ ᠬᠢᠶ᠎ᠠ ᠪᠠᠭᠰᠢ ᠲᠣᠭᠤᠷᠢᠭ ᠤᠨ ᠰᠤᠷᠭᠠᠨ ᠬᠥᠮᠦᠵᠢᠯ ᠤᠨ ᠰᠠᠭᠤᠷᠢ ᠨᠥᠬᠦᠴᠡᠯ ᠨᠢ ᠢᠮᠠᠭᠲᠠ ᠥᠪᠡᠷᠲᠡᠭᠡᠨ ᠵᠠᠰᠠᠬᠤ ᠣᠷᠣᠨ ᠤ  ᠲᠡᠷᠢᠬᠦᠨ ᠤ ᠪᠠᠶᠢᠷᠢᠨ ᠳᠤ ᠪᠠᠶᠢᠬᠤ ᠶᠢ ᠪᠠᠲᠤᠯᠠᠵᠤ᠂ ᠡᠩ ᠲᠡᠷᠢᠭᠦᠨ ᠳᠤ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢ ᠲᠠᠢ ᠰᠢᠶᠠᠨ ᠤ ᠰᠢᠯᠭᠠᠨ ᠠᠪᠬᠤ ᠶᠢ ᠥᠩᠭᠡᠷᠡᠭᠡᠨ᠂ ᠮᠠᠨ ᠤ ᠲᠣᠭᠤᠷᠢᠭ ᠤᠨ ᠰᠤᠷᠭᠠᠨ ᠬᠥᠮᠦᠵᠢᠯ ᠤᠨ ᠦᠢᠯᠡᠰ ᠤᠨ ᠥᠷᠨᠢᠩᠭᠦᠶ ᠬᠥᠭᠵᠢᠬᠦ ᠶᠢ ᠪᠦᠬᠦ ᠲᠠᠯ᠎ᠠ ᠪᠠᠷ ᠠᠬᠢᠭᠤᠯᠪᠠ᠃         ᠬᠥᠲᠥᠯᠥᠭᠴᠢ᠄ ᠡᠳ᠋ ᠤᠨ ᠵᠠᠰᠠᠭ ᠠᠴᠠ ᠰᠤᠷᠭᠠᠭᠤᠯᠢ ᠶᠢᠨ ᠬᠦᠷᠢᠶᠡᠨ ᠤ ᠦᠨᠳᠦᠰᠦᠨ ᠪᠦᠲᠦᠭᠡᠨ ᠪᠠᠶᠢᠭᠤᠯᠤᠯᠲᠠ ᠶᠢ ᠬᠡᠷᠬᠢᠨ ᠳᠡᠮᠵᠢᠵᠤ ᠪᠠᠶᠢᠬᠤ ᠪᠤᠢ︖         ᠰᠢᠶᠣᠤ ᠡᠷᠬᠢᠯᠡᠭᠴᠢ᠄ ᠬᠢᠶ᠎ᠠ ᠪᠠᠭᠰᠢ ᠲᠣᠭᠤᠷᠢᠭ ᠤᠨ ᠰᠤᠷᠭᠠᠨ ᠬᠥᠮᠦᠵᠢᠯ ᠲᠡᠭ ᠠᠴᠠ ᠡᠬᠢᠯᠡᠨ ᠪᠠᠭ᠎ᠠ ᠠᠴᠠ ᠶᠡᠭᠡ ᠪᠣᠯᠵᠤ᠂ ᠪᠠᠭᠤᠷᠠᠶ ᠠᠴᠠ ᠬᠦᠴᠦᠷᠬᠡᠭ  ᠪᠤᠯᠵᠤ᠂ ᠣᠳᠣ ᠪᠦᠬᠦ ᠬᠤᠲᠠ ᠴᠢᠨᠠᠭᠰᠢᠯᠠᠪᠠᠯ ᠥᠪᠡᠷᠲᠡᠭᠡᠨ ᠵᠠᠰᠠᠬᠤ ᠣᠷᠣᠨ ᠤ ᠡᠮᠦᠨ᠎ᠡ ᠡᠩᠨᠡᠭᠡᠨ ᠳᠤ ᠣᠷᠣᠪᠠ᠃ 2007 ᠣᠨ ᠳᠤ᠂ ᠬᠢᠶ᠎ᠠ ᠪᠠᠭᠰᠢ ᠲᠣᠭᠤᠷᠢᠭ ᠤᠨ ᠠᠩᠬᠠᠳᠠᠭᠴᠢ ᠰᠤᠷᠭᠠᠭᠤᠯᠢ  ᠪᠠᠶᠢᠭᠤᠯᠤᠭᠳᠠᠵᠦ᠂  8 ᠠᠩᠬᠢ 126 ᠨᠡᠷ᠎ᠡ ᠰᠤᠷᠤᠭᠴᠢ ᠪᠠᠶᠢᠭᠰᠠᠨ  ᠠᠴᠠ ᠣᠳᠣ ᠪᠣᠯᠲᠠᠯ᠎ᠠ 34 ᠰᠤᠷᠭᠠᠭᠤᠯᠢ ᠵᠢᠴᠢ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠥᠵᠢᠯ ᠤᠨ ᠪᠠᠶᠢᠭᠤᠯᠤᠮᠵᠢ ᠪᠠᠶᠢᠵᠤ᠂ ᠬᠡᠤᠬᠡᠳ ᠤᠨ ᠴᠡᠴᠡᠷᠯᠢᠭ ᠲᠤ 6910 ᠨᠡᠷ᠎ᠡ᠂ ᠪᠠᠭ᠎ᠠ ᠰᠤᠷᠭᠠᠭᠤᠯᠢ ᠳᠤ 11909 ᠨᠡᠷ᠎ᠡ ᠂ ᠠᠩᠬ᠎ᠠ ᠳᠤᠮᠳᠠᠳᠤ ᠳᠤ 6557 ᠨᠡᠷ᠎ᠡ᠂ ᠰᠤᠷᠤᠭᠴᠢ ᠶᠢᠨ ᠲᠤᠭ᠎ᠠ ᠨᠢ ᠨᠡᠶᠢᠲᠡ  25000 ᠨᠡᠷ᠎ᠡ ᠶᠢ ᠳᠠᠪᠠᠪᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠤᠷᠭᠠᠨ ᠬᠥᠮᠦᠵᠢᠯ ᠤᠨ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠬᠢᠶ᠎ᠠ ᠪᠠᠭᠰᠢ ᠲᠣᠭᠤᠷᠢᠭ ᠨᠢ ᠰᠤᠷᠭᠠᠨ ᠬᠥᠮᠦᠵᠢᠯ ᠤᠨ ᠠᠵᠢᠯ ᠳᠤ ᠤᠷᠢᠳ ᠬᠤᠵᠢᠳ ᠨᠡᠶᠢᠲᠡ 39 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠵᠢᠯ ᠪᠦᠷᠢ ᠨᠢᠭᠡ ᠪᠠᠭ᠎ᠠ ᠰᠤᠷᠭᠠᠭᠤᠯᠢ ᠪᠠ ᠬᠤᠶᠠᠷ ᠴᠡᠴᠡᠷᠯᠢᠭ᠂ ᠭᠤᠷᠪᠠᠨ ᠵᠢᠯ ᠳᠤ ᠨᠢᠭᠡ ᠠᠩᠬ᠎ᠠ ᠳᠤᠮᠳᠠᠳᠤ ᠰᠤᠷᠭᠠᠭᠤᠯᠢ ᠪᠠᠶᠢᠭᠤᠯᠬᠤ ᠶᠢ ᠪᠠᠳᠤᠯᠠᠯ᠎ᠠ᠃ ᠰᠤᠷᠭᠠᠭᠤᠯᠢ ᠶᠢᠨ ᠬᠦᠷᠢᠶᠡᠨ ᠤ ᠪᠦᠲᠦᠭᠡᠨ ᠪᠠᠶᠢᠭᠤᠯᠤᠯᠲᠠ ᠪᠠ ᠰᠠᠭᠤᠷᠢ ᠲᠥᠬᠦᠭᠡᠷᠦᠮᠵᠢ ᠵᠢᠴᠢ ᠪᠠᠶᠢᠷᠢ ᠶᠢᠨ ᠠᠰᠠᠷ ᠤᠨ ᠵᠠᠰᠠᠪᠤᠷᠢᠯᠠᠵᠤ ᠰᠢᠨᠡᠳᠬᠡᠬᠦ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠬᠢᠶ᠎ᠠ ᠪᠠᠭᠰᠢ ᠲᠣᠭᠤᠷᠢᠭ ᠤᠨ ᠡᠳ᠋ ᠤᠨ ᠵᠠᠰᠠᠭ ᠠᠴᠠ ᠡᠯ᠎ᠡ ᠲᠥᠷᠥᠯ ᠤᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ᠂  ᠳᠡᠭᠡᠲᠤ ᠱᠠᠲᠤᠨ ᠤ ᠲᠤᠰᠬᠠᠶ ᠪᠡᠯᠡ ᠮᠥᠩᠭᠦ ᠶᠢ ᠲᠡᠮᠡᠴᠡᠨ ᠣᠯᠵᠣ ᠂ ᠲᠤᠰ ᠱᠠᠲᠤᠨ ᠤ ᠪᠡᠯᠡ ᠮᠥᠩᠭᠦ ᠪᠠᠨ ᠢᠳᠡᠪᠬᠢᠲᠡᠢ ᠠᠰᠢᠭᠯᠠᠨ᠂ ᠨᠠᠢᠮᠠᠳᠤᠭᠠᠷ ᠪᠠᠭ᠎ᠠ ᠰᠤᠷᠭᠠᠭᠤᠯᠢ᠂ ᠬᠤᠶᠠᠳᠤᠭᠠᠷ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠣᠷᠳᠣᠨ᠂  ᠭᠤᠷᠪᠠᠳᠤᠭᠠᠷ ᠪᠠᠭ᠎ᠠ ᠰᠤᠷᠭᠠᠭᠤᠯᠢ ᠶᠢᠨ ᠲᠤᠷᠰᠢᠯᠲᠠ ᠶᠢᠨ ᠠᠰᠠᠷ᠂ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠵᠢᠭᠠᠨ ᠰᠤᠷᠭᠠᠬᠤ ᠠᠰᠠᠷ ᠵᠡᠷᠭᠡ ᠶᠢ ᠰᠢᠨ᠎ᠡ ᠪᠠᠷ  ᠪᠠᠶᠢᠭᠤᠯᠪᠠ᠂ ᠡᠭᠦᠨ ᠳᠤ᠄ ᠥᠪᠡᠷᠲᠡᠭᠡᠨ ᠵᠠᠰᠠᠬᠤ ᠣᠷᠣᠨ ᠤ ᠳᠡᠰ ᠤᠨ ᠵᠢᠱᠢᠶᠡᠴᠢ ᠴᠡᠴᠡᠷᠯᠢᠭ 6 ᠰᠠᠭᠤᠷᠢ᠂ ᠬᠤᠲᠠ ᠶᠢᠨ ᠳᠡᠰ ᠤᠨ ᠵᠢᠱᠢᠶᠡᠴᠢ ᠴᠡᠴᠡᠷᠯᠢᠭ 7 ᠰᠠᠭᠤᠷᠢ᠃          ᠬᠥᠲᠥᠯᠥᠭᠴᠢ᠄ ᠡᠳ᠋ ᠤᠨ ᠵᠠᠰᠠᠭ ᠠᠴᠠ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠬᠡᠷᠬᠢᠨ ᠳᠡᠮᠵᠢᠵᠤ ᠪᠠᠶᠢᠬᠤ ᠪᠤᠢ︖          ᠰᠢᠶᠣᠤ ᠡᠷᠬᠢᠯᠡᠭᠴᠢ᠄  ᠣᠳᠣᠬᠠᠨ ᠳᠤ᠂ ᠮᠠᠨ ᠤ ᠲᠣᠭᠤᠷᠢᠭ ᠲᠤ ᠪᠠᠭᠰᠢ ᠠᠵᠢᠯᠲᠠᠨ ᠨᠡᠶᠢᠲᠡ 3000 ᠰᠢᠬᠠᠮ ᠬᠦᠮᠦᠨ ᠪᠠᠶᠢᠨ᠎ᠠ᠂ ᠪᠠᠭᠰᠢ ᠶᠢᠨ ᠡᠩᠨᠡᠭᠡᠨ ᠤ ᠠᠵᠢᠯ ᠤᠨ ᠢᠳᠡᠪᠬᠢᠵᠢᠯ ᠢ ᠬᠦᠢᠴᠡᠳ    ᠳᠠᠶᠢᠴᠢᠯᠠᠬᠤ ᠶᠢᠨ ᠲᠥᠯᠥᠭᠡ᠂《 ᠮᠠᠨ ᠤ ᠬᠤᠲᠠ ᠶᠢᠨ ᠰᠢᠨ᠎ᠡ ᠴᠠᠭ ᠦᠶ᠎ᠡ ᠶᠢᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠬᠡᠷᠡᠭᠵᠢᠭᠦᠯᠬᠦ ᠰᠠᠨᠠᠯ 》 ᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠲᠠᠪᠣᠷᠢᠵᠢᠭᠤᠯᠵᠤ᠂ ᠡᠳ᠋ ᠤᠨ ᠵᠠᠰᠠᠭ ᠠᠴᠠ ᠢᠳᠡᠪᠬᠢᠲᠡᠶ ᠪᠠᠷ ᠪᠡᠯᠡ ᠮᠥᠩᠭᠦ ᠲᠤᠬᠢᠷᠠᠭᠤᠯᠤᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠳᠤ ᠬᠡᠷᠡᠭᠯᠡᠵᠦ ᠪᠠᠶᠢᠨ᠎ᠠ᠃ ᠨᠢᠭᠡ ᠳᠤ᠂ ᠵᠢᠯ ᠪᠦᠷᠢ 3000 ᠲᠦᠮᠡᠨ ᠲᠥᠭᠦᠷᠢᠭ ᠤᠨ ᠪᠡᠯᠡ ᠮᠥᠩᠭᠦ ᠲᠣᠬᠢᠷᠠᠭᠤᠯᠵᠤ᠂ 300 ᠣᠷᠴᠢᠮ ᠪᠣᠯᠪᠠᠰᠤᠷᠠᠩᠭᠤᠶ ᠰᠢᠯᠢᠳᠡᠭ  ᠪᠠᠭᠰᠢ ᠶᠢ ᠲᠠᠰᠤᠷᠠᠯᠲᠠ ᠥᠬᠡᠶ ᠣᠷᠣᠭᠤᠯᠤᠨ ᠠᠪᠴᠦ ᠢᠷᠡᠯ᠎ᠡ︔ ᠬᠤᠶᠠᠷ ᠲᠤ᠂ ᠲᠤᠰᠬᠠᠶ ᠵᠦᠢᠯ ᠤᠨ ᠵᠠᠷᠤᠳᠠᠯ ᠢ ᠬᠦᠢᠴᠡᠳ ᠲᠣᠭᠢᠷᠠᠭᠤᠯᠤᠨ᠂ ᠪᠠᠭᠰᠢ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠳᠡᠭᠡᠭᠰᠢᠯᠡᠯᠲᠡ ᠶᠢ ᠲᠡᠮᠵᠢᠨ᠎ᠡ᠂ ᠤᠢᠢᠷ᠎ᠠ ᠶᠢᠨ ᠭᠤᠷᠪᠠᠨ ᠵᠢᠯ ᠳᠤ ᠨᠡᠶᠢᠳᠡ 1100 ᠲᠦᠮᠡᠨ ᠲᠥᠭᠦᠷᠢᠭ ᠤᠨ ᠪᠣᠯᠪᠠᠰᠤᠷᠠᠯ ᠤᠨ ᠵᠠᠷᠤᠳᠠᠯ ᠳᠣᠬᠢᠷᠠᠭᠤᠯᠤᠨ ᠪᠠᠭᠰᠢ ᠶᠢᠨ ᠡᠩᠨᠡᠭᠡᠨ ᠤ ᠰᠤᠷᠭᠠᠨ ᠬᠥᠮᠦᠵᠢᠯ ᠪᠠ ᠪᠣᠯᠪᠠᠰᠤᠷᠠᠯ ᠳᠤ ᠬᠡᠷᠡᠭᠯᠡᠵᠦ᠂ ᠪᠠᠭᠰᠢ ᠶᠢᠨ ᠡᠩᠨᠡᠭᠡᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠪᠡ︔ ᠭᠤᠷᠪᠠ ᠳᠤ᠂ ᠪᠠᠭᠰᠢ ᠶᠢᠨ ᠠᠮᠵᠢᠯᠲᠠ ᠪᠦᠲᠦᠮᠵᠢ ᠶᠢᠨ ᠴᠠᠯᠢᠩ ᠤᠨ ᠥᠭᠡᠷᠡᠴᠢᠯᠡᠯᠲᠡ ᠶᠢ ᠢᠳᠡᠪᠬᠢᠲᠡᠢ ᠠᠬᠢᠭᠤᠯᠵᠤ᠂ ᠪᠠᠭᠰᠢ ᠶᠢᠨ ᠣᠯᠭᠤᠮᠵᠢ ᠶᠢ ᠲᠤᠬᠠᠶ ᠶᠢᠨ ᠭᠠᠵᠠᠷ ᠤᠨ ᠠᠯᠪᠠᠲᠠᠨ ᠤ ᠬᠢᠷᠢ ᠲᠦᠪᠰᠢᠨ ᠠᠴᠠ ᠳᠣᠤᠷ᠎ᠠ ᠦᠭᠡᠶ ᠪᠠᠶᠢᠯᠭᠠᠬᠤ ᠶᠢ ᠦᠨᠡᠨᠬᠦ ᠪᠠᠲᠣᠯᠠᠨ᠂ ᠵᠢᠯ ᠪᠦᠷᠢ 3 ᠳ᠋ᠦᠩᠰᠢᠭᠤᠷ ᠲᠥᠭᠦᠷᠢᠭ ᠣᠷᠴᠢᠮ ᠴᠠᠯᠢᠩ ᠲᠣᠬᠢᠷᠠᠭᠤᠯᠵᠤ᠂ ᠪᠠᠭᠰᠢ ᠶᠢᠨ ᠴᠠᠯᠢᠩ ᠢ ᠬᠤᠭᠤᠴᠠᠭ᠎ᠠ ᠶᠣᠰᠣᠭᠠᠷ᠂ ᠲᠤᠭ᠎ᠠ ᠶᠣᠰᠣᠭᠠᠷ ᠣᠯᠭᠤᠯᠣᠨ᠎ᠠ᠃          ᠬᠤᠶᠢᠰᠢᠳᠠ ᠶᠢᠨ ᠠᠵᠢᠯ ᠤᠨ ᠳᠤᠮᠳᠠ᠂ ᠡᠳ᠋ ᠤᠨ ᠵᠠᠰᠠᠭ ᠤᠨ ᠠᠵᠢᠯ ᠦᠷᠭᠦᠯᠵᠢᠯᠡᠨ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠤᠷᠭᠠᠨ ᠬᠦᠮᠦᠵᠢᠯ ᠤᠨ ᠦᠢᠯᠡᠰ ᠢ ᠡᠩ ᠲᠡᠷᠢᠭᠦᠨ ᠳᠤ ᠬᠥᠭᠵᠢᠭᠦᠯᠬᠦ ᠲᠤᠬᠠᠶ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠥᠩᠭᠡᠷᠡᠭᠰᠡᠨ ᠲᠠᠢ ᠪᠠᠨ ᠠᠳᠠᠯᠢ ᠪᠠᠷ ᠰᠤᠷᠭᠠᠨ ᠬᠥᠮᠦᠵᠢᠯ ᠤᠨ ᠣᠷᠣᠭᠤᠯᠤᠯᠲᠠ ᠶᠢ ᠳᠣᠪᠣᠶᠢᠮ᠎ᠠ ᠪᠠᠶᠢᠷᠢᠨ ᠳᠤ  ᠲᠠᠯᠪᠢᠵᠤ᠂ ᠮᠠᠨ ᠤ ᠲᠣᠭᠤᠷᠢᠭ ᠤᠨ ᠰᠤᠷᠭᠠᠨ ᠬᠥᠮᠦᠵᠢᠯ ᠤᠨ ᠦᠢᠯᠡᠰ ᠤᠨ ᠦᠷᠭᠦᠯᠵᠢᠯᠡᠨ ᠬᠥᠭᠵᠢᠬᠦ ᠶᠢ ᠪᠦᠬᠦ ᠲᠠᠯ᠎ᠠ ᠪᠠᠷ ᠪᠠᠲᠣᠯᠠᠨ᠎ᠠ᠃    
ᠢᠷᠡᠯᠲᠡ᠄ ᠲᠤᠰ ᠰᠦᠯᠵᠢᠶ᠎ᠡ