10 ᠰᠠᠷ᠎ᠠ ᠶᠢᠨ 20 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨᠰᠣᠷᠣᠭᠴᠢ ᠡᠯᠰᠡᠬᠦ ᠰᠢᠯᠭᠠᠯᠲᠠ ᠶᠢᠨ ᠲᠦᠪ ᠠᠯᠪᠠᠨ ᠸᠢᠴᠠᠲ ᠢᠶᠠᠷ ᠳᠡᠮᠵᠢᠨ ᠮᠡᠳᠡᠭᠡ ᠨᠡᠶᠢᠲᠡᠯᠡᠵᠦ᠂ | 2021 ᠣᠨ ᠤ ᠦᠪᠤᠷᠮᠤᠩᠭᠤᠯ ᠣᠷᠣᠨ ᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠳᠤ | ᠨᠡᠷ᠎ᠡ ᠮᠡᠳᠡᠭᠦᠯᠬᠦ ᠴᠠᠭ ᠨᠢ 2020ᠣᠨ ᠤ 11 ᠳ᠋ᠤᠭᠡᠷ ᠰᠠᠷ᠎ᠠ ᠶᠢᠨ 16 ᠤ ᠡᠳᠦᠷ ᠤᠨ 9᠄ 00 — | 2020 ᠣᠨ ᠤ 11 ᠳ᠋ᠤᠭᠡᠷ ᠰᠠᠷ᠎ᠠ ᠶᠢᠨ 27 ᠤ ᠡᠳᠦᠷ ᠤᠨ 18᠄ 00 ᠪᠣᠯᠤᠨ᠎ᠠ᠃ ᠪᠤᠶ ᠪᠦᠬᠦᠢ | ᠰᠢᠯᠭᠠᠭᠤᠯᠤᠭᠰᠠᠳ ᠰᠦᠯᠵᠢᠶᠡᠨ ᠳᠡᠭᠡᠷ᠎ᠡ ᠤᠷᠢᠳᠴᠢᠯᠠᠨ ᠨᠡᠷ᠎ᠡ ᠮᠡᠳᠡᠭᠦᠯᠬᠦ᠂ ᠰᠦᠯᠵᠢᠶᠡᠨ ᠳᠡᠭᠡᠷ᠎ᠡ ᠰᠦᠢᠳᠬᠡᠯ | ᠲᠤᠰᠢᠶᠠᠬᠤ ᠪᠠ ᠲᠤᠬᠠᠢ ᠶᠢᠨ ᠲᠠᠯᠠᠪᠤᠷ ᠲᠤ ᠨᠤᠲᠠᠯᠠᠬᠤ ᠵᠡᠷᠭᠡ ᠨᠡᠷ᠎ᠡ ᠮᠡᠳᠡᠭᠦᠯᠬᠦ ᠭᠠᠷᠭᠦ᠋ᠢᠴᠡᠳᠬᠡᠯ ᠢ | ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠦᠨ᠎ᠡ᠂ ᠬᠤᠭᠤᠴᠠᠭ᠎ᠠ ᠬᠡᠳᠦᠷᠡᠪᠡᠯ ᠨᠡᠷ᠎ᠡ ᠮᠡᠳᠡᠭᠦᠯᠬᠦ ᠬᠠᠮᠢᠶ᠎ᠠ | ᠪᠦᠬᠦᠢᠭᠠᠷᠳᠠᠮ ᠢ ᠬᠦᠯᠢᠶᠡᠨ ᠠᠪᠴᠤ ᠰᠢᠢᠳᠪᠤᠷᠢᠯᠡᠬᠦ ᠦᠭᠡᠢ ᠭᠡᠵᠡᠢ᠃ | ᠨᠡᠷ᠎ᠡ ᠮᠡᠳᠡᠭᠦᠯᠬᠦ ᠡᠲᠡᠭᠡᠳ ᠄ ᠦᠪᠤᠷ ᠮᠤᠩᠭᠤᠯ ᠣᠷᠣᠨ ᠳᠤ 2021 ᠣᠨ ᠤ ᠡᠩ ᠤᠨ ᠳᠡᠭᠡᠳᠤ | ᠰᠤᠷᠭᠠᠭᠤᠯᠢ ᠵᠢᠨᠰᠤᠷᠤᠭᠴᠢ ᠡᠯᠰᠡᠬᠦ ᠰᠢᠯᠭᠠᠯᠲᠠ ᠳᠤ ᠤᠷᠤᠯᠴᠠᠭᠰᠠᠳ ᠵᠢᠴᠢ ᠡᠯᠰᠡᠭᠳᠡᠭᠰᠡᠨ | ᠰᠢᠯᠭᠠᠭᠤᠯᠤᠭᠰᠠᠳ᠂ ᠡᠭᠦᠨ ᠳᠤ ᠨᠠᠮᠤᠷ ᠤᠨ ᠤᠯᠠᠷᠢᠯ ᠤᠨ ᠨᠢᠭᠡᠳᠦᠯᠲᠡᠶ ᠰᠢᠯᠭᠠᠯᠲᠠ᠂ ᠵᠢᠩᠬᠢᠨᠢ ᠠᠩᠭᠢ ᠶᠢᠨ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠪᠠᠭᠰᠢ ᠵᠢᠨᠰᠢᠯᠭᠠᠯᠲᠠ᠂ ᠵᠢᠩᠬᠢᠨᠢ ᠠᠩᠭᠢ ᠶᠢᠨ ᠲᠠᠮᠢᠷ ᠤᠨ | ᠬᠥᠳᠡᠯᠭᠡᠭᠡᠨ ᠤ ᠪᠣᠯᠪᠠᠰᠤᠷᠠᠯ ᠤᠨ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠰᠢᠯᠭᠠᠯᠲᠠ᠂ ᠵᠡᠮᠳᠡᠭ | ᠰᠣᠷᠣᠭᠴᠢ ᠶᠢᠨ ᠲᠤᠰᠠᠭᠠᠷ ᠰᠢᠯᠭᠠᠯᠲᠠ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠠᠩᠭᠢ᠂ᠳᠡᠭᠡᠳᠦ ᠵᠡᠷᠭᠡ ᠶᠢᠨ | ᠠᠵᠢᠯ ᠮᠡᠷᠭᠡᠵᠢᠯ ᠤᠨ ᠲᠤᠰᠬᠠᠢ ᠡᠯᠰᠡᠬᠦ ᠰᠣᠷᠣᠭᠴᠢ᠂ ᠭᠤᠷᠪᠠ ᠬᠤᠶᠠᠷ ᠬᠤᠪᠢᠶᠠᠷᠢ ᠬᠡᠰᠡᠭ᠂ ᠪᠠᠭᠠᠴᠤᠳ ᠤᠨᠠᠩᠭᠢ᠂ | ᠭᠠᠯ ᠰᠡᠷᠭᠡᠶᠢᠯᠡᠵᠦ ᠤᠨᠲᠠᠷᠠᠭᠠᠬᠤ ᠲᠤᠰᠠᠭᠠᠷ ᠰᠢᠯᠭᠠᠯᠲᠠ ᠵᠡᠷᠭᠡ ᠰᠢᠯᠭᠠᠯᠲᠠ ᠶᠢᠨ ᠲᠥᠷᠥᠯ ᠬᠡᠯᠪᠡᠷᠢ ᠪᠠ | ᠰᠠᠭᠤᠷᠢ ᠶᠢ ᠴᠢᠩᠭᠠᠳᠬᠠᠬᠤ ᠲᠥᠯᠥᠪᠯᠡᠭᠡ᠂ ᠳᠡᠭᠡᠳᠤ ᠬᠢᠷᠢ ᠲᠦᠪᠰᠢᠨ ᠪᠥᠬᠦᠶ ᠤᠷᠠᠯᠢᠭ ᠤᠨ ᠪᠦᠯᠬᠦᠮ᠂ ᠳᠡᠭᠡᠳᠤ | ᠬᠢᠷᠢ ᠲᠦᠪᠰᠢᠨ ᠪᠥᠬᠦᠶ ᠲᠠᠮᠢᠷᠴᠢᠨ ︵ᠨᠢᠭᠡᠳᠦᠭᠡᠷ ᠳᠡᠰ ᠤᠨ ᠲᠠᠮᠢᠷᠴᠢᠳ ᠤᠨ ᠲᠤᠰᠠᠭᠠᠷ ᠰᠢᠯᠭᠠᠯᠲᠠ ᠪᠠᠭᠲᠠᠨ᠎ᠠ︶᠂ | ᠪᠠᠲᠤᠯᠠᠨ ᠬᠦᠷᠭᠡᠬᠦ ᠰᠣᠷᠣᠭᠴᠢ᠂ᠪᠤᠰᠤᠳ ᠲᠤᠰᠠᠭᠠᠷ ᠰᠣᠷᠣᠭᠴᠢ ᠡᠯᠰᠡᠬᠦ ᠵᠡᠷᠭᠡ ᠲᠥᠷᠥᠯ ᠬᠡᠯᠪᠡᠷᠢ ᠶᠢᠨ | ᠰᠢᠯᠭᠠᠭᠤᠯᠤᠭᠴᠢ ᠶᠢ ᠪᠠᠭᠲᠠᠭᠠᠨ᠎ᠠ᠃ ᠡᠳᠡᠭᠡᠷ ᠨᠢ ᠴᠥᠮᠲ᠋ᠣᠭᠲᠠᠭᠠᠯ ᠶᠣᠰᠣᠭᠠᠷ ᠨᠡᠷ᠎ᠡ ᠮᠡᠳᠡᠭᠦᠯᠬᠦ ᠭᠠᠷᠳᠠᠮ ᠢ | ᠭᠦᠢᠴᠡᠳᠭᠡᠬᠦ ᠬᠡᠷᠡᠭᠲᠡᠶ᠃ | ᠨᠡᠷ᠎ᠡ ᠮᠡᠳᠡᠭᠦᠯᠬᠦ ᠨᠥᠬᠦᠴᠡᠯ᠄ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ | ᠬᠠᠤᠯᠢ ᠪᠠᠬᠠᠤᠯᠢ ᠴᠠᠭᠠᠵᠠ ᠶᠢ ᠵᠢᠷᠤᠮᠯᠡᠨ ᠰᠡᠬᠢᠳᠠᠭ᠂ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ | ᠬᠥᠮᠦᠵᠢᠯ ᠲᠡᠭᠦᠰᠦᠭᠰᠡᠨᠪᠤᠶᠤ ᠠᠳᠠᠯᠢ ᠲᠡᠰ ᠤᠨ ᠰᠤᠷᠤᠯᠭ᠎ᠠ ᠶᠢᠨ ᠨᠠᠮᠲᠠᠷ ᠲᠠᠢ᠂ ᠪᠡᠶ᠎ᠡ ᠮᠠᠬᠠᠪᠣᠳ ᠨᠢ | ᠬᠤᠯᠪᠣᠭᠳᠠᠯ ᠪᠦᠬᠦᠢ ᠱᠠᠭᠠᠷᠳᠠᠯᠭ᠎ᠠ ᠳ᠋ᠤ᠋ᠨᠡᠶᠢᠴᠡᠭᠰᠡᠨ ᠬᠥᠮᠦᠰ ᠨᠡᠷ᠎ᠡ ᠮᠡᠳᠡᠭᠦᠯᠬᠦ ᠪᠠᠷ ᠭᠤᠶᠤᠴᠢᠯᠠᠵᠤ ᠪᠣᠯᠤᠨ᠎ᠠ᠃ | ᠥᠪᠡᠷᠲᠡᠭᠡᠨ ᠵᠠᠰᠠᠬᠤ ᠣᠷᠣᠨ ᠤ ᠰᠤᠷᠭᠠᠨᠬᠥ᠋ᠮᠦᠵᠢᠯ ᠤᠨ ᠲᠢᠩᠬᠢᠮ ᠤᠨ ︽ᠣᠷᠣᠨ ᠤ ᠭᠠᠳᠠᠨ᠎ᠠ ᠠᠵᠢᠯ | ᠬᠥᠳᠡᠯᠮᠦᠷᠢ ᠬᠢᠵᠦ ᠪᠠᠶᠢᠭ᠎ᠠ ᠬᠥᠮᠦᠰ ᠤᠨ ᠳᠠᠭᠠᠵᠤ ᠨᠡᠭᠦᠭᠰᠡᠨᠦᠷᠡ ᠬᠡᠤᠬᠡᠳ ᠮᠠᠨ ᠤ ᠣᠷᠣᠨ ᠳᠤ ᠳᠡᠭᠡᠳᠤ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠪᠠ ᠳᠡᠭᠡᠳᠦ ᠰᠤᠷᠭᠠᠭᠤᠯᠢᠶᠢᠨ ᠰᠢᠯᠭᠠᠯᠲᠠ ᠳᠤ ᠤᠷᠤᠯᠴᠠᠬᠤ | ᠲᠤᠬᠠᠶ ᠰᠠᠨᠠᠯ︾ ︵ᠥᠪᠥᠷ ᠰᠤᠷᠭᠠᠨ ᠬᠥᠮᠦᠵᠢᠯ ᠠᠯᠪᠠᠨ ᠦᠰᠦᠭ ﹇2013﹈ 25 ᠳ᠋ᠤᠭᠠᠷᠲ᠋ᠣᠭᠠᠲᠤ᠂ ᠳᠣᠷᠣᠭᠰᠢ | 25 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠭᠡᠵᠦ ᠲᠣᠪᠴᠢᠯᠠᠨ᠎ᠠ︶ ᠤᠨ ᠬᠠᠮᠢᠶ᠎ᠠ ᠪᠦᠬᠦᠢ ᠲᠣᠭᠲᠠᠭᠠᠯᠶᠤᠰᠤᠭᠠᠷ | ᠣᠷᠣᠨ ᠤ ᠭᠠᠳᠠᠨ᠎ᠠ ᠬᠦᠴᠦ ᠶᠠᠪᠤᠭᠰᠠᠳ ︵ᠮᠠᠨ ᠤ ᠣᠷᠣᠨ ᠤ ᠡᠷᠦᠬᠡ ᠠᠮᠠ ᠶᠢᠨ ᠳᠠᠩᠰᠠ ᠦᠭᠡᠢ ᠪᠤᠰᠤᠳ | ᠠᠵᠢᠯᠤᠯᠤᠭᠰᠠᠳ ᠪᠠᠭᠲᠠᠨ᠎ᠠ᠂ ᠳᠣᠷᠣᠭᠰᠢ ᠠᠳᠠᠯᠢ︶ ᠤᠨ ᠳᠠᠭᠠᠵᠤ ᠨᠡᠭᠦᠭᠰᠡᠨ ᠦᠷ᠎ᠡ ᠬᠡᠦᠬᠡᠳ ᠪᠠ ᠡᠷᠦᠬᠡ | ᠠᠮᠠ ᠶᠢᠨ ᠳᠠᠩᠰᠠ ᠨᠢᠮᠠᠨ ᠤ ᠣᠷᠣᠨ ᠳᠤ ᠰᠢᠯᠵᠢᠨ ᠤᠷᠤᠭᠰᠠᠨ ᠰᠢᠯᠭᠠᠭᠤᠯᠤᠭᠰᠠᠳ᠂ ᠮᠠᠨ ᠤ ᠣᠷᠣᠨ ᠤ | ᠲᠡᠭᠡᠳᠤ ᠵᠡᠷᠭᠡ ᠶᠢᠨ ᠳᠤᠮᠳᠠᠳᠤᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠪᠦᠬᠦ ᠬᠢᠴᠢᠶᠡᠯ | ᠲᠥᠷᠥᠯ ᠤᠨ ᠰᠢᠯᠭᠠᠯᠲᠠ ᠳᠤ ᠤᠷᠤᠯᠴᠠᠭᠰᠠᠨ ᠪᠦᠭᠡᠳᠲ᠋ᠤᠤᠷᠠᠬᠢ ᠨᠦᠬᠦᠴᠡᠯ ᠢ ᠪᠦᠷᠢᠯᠳᠦᠭᠦᠯᠦᠭᠰᠡᠨ ᠪᠠᠶᠢᠪᠠᠯ ᠡ᠊ᠩ | ᠤᠨ ᠳᠡᠭᠡᠳᠤ ᠰᠤᠷᠭᠠᠭᠤᠯᠢ ᠳᠤ ᠡᠯᠰᠡᠬᠦ ᠰᠢᠯᠭᠠᠯᠲᠠ ᠳᠤ ᠤᠷᠤᠯᠴᠠᠵᠦᠪᠤᠯᠤᠨᠠ᠄ | 1. ᠣᠷᠣᠨ ᠤ ᠭᠠᠳᠠᠨ᠎ᠠ ᠠᠵᠢᠯ ᠬᠥᠳᠡᠯᠮᠦᠷᠢ ᠬᠢᠭᠰᠡᠳ ᠤᠨ ᠳᠠᠭᠠᠵᠤ ᠨᠡᠭᠦᠭᠰᠡᠨ | ᠦᠷ᠎ᠡ ᠬᠡᠤᠬᠡᠳᠤᠨᠰᠢᠯᠭᠠᠭᠤᠯᠤᠭᠰᠠᠳ᠂ ︽25 ᠳ᠋ᠤᠭᠠᠷ ᠲᠣᠭᠠᠲᠤ ᠪᠢᠴᠢᠭ ᠮᠠᠲ᠋ᠧᠷᠢᠶᠠᠯ︾ ᠤᠨ ᠲᠣᠭᠲᠠᠭᠠᠯ ᠳᠤ | ᠨᠡᠶᠢᠴᠡᠭᠰᠡᠨ 2018 ᠣᠨ ᠣᠲ᠋ᠤᠮᠳᠠᠳᠤ ᠰᠤᠷᠭᠠᠭᠤᠯᠢ ᠶᠢᠨ ᠰᠢᠯᠭᠠᠯᠲᠠ ᠳᠤ ᠣᠷᠣᠯᠴᠠᠬᠤ ᠨᠥᠬᠦᠴᠡᠯ ᠠᠴᠠ ᠭᠠᠳᠠᠨ᠎ᠠ᠂ | 2021 ᠣᠨ ᠤ 9 ᠰᠠᠷ᠎ᠠ ᠶᠢᠨ 1 ᠤᠡᠳᠦᠷ ᠪᠣᠯᠲᠠᠯ᠎ᠠ᠂ ᠡᠷᠬᠡᠪᠰᠢ ᠳᠣᠤᠷᠠᠬᠢ 3 ᠨᠥᠬᠦᠴᠡᠯ ᠳᠤ ᠨᠡᠶᠢᠴᠡᠭᠰᠡᠨ | ᠪᠠᠶᠢᠬᠤ ᠬᠡᠷᠡᠭᠲᠡᠶ᠄ ᠨᠢᠭᠡ ᠳᠤ᠂ 2018 ᠣᠨ ᠳ᠋ᠤ᠋ᠣᠷᠣᠨ ᠤ ᠳᠣᠲᠣᠷᠠᠬᠢ ᠳᠡᠭᠡᠳᠤ ᠵᠡᠷᠭᠡ ᠶᠢᠨ ᠳᠤᠮᠳᠠᠳᠤ | ᠰᠤᠷᠭᠠᠭᠤᠯᠢ ᠳᠤ ᠡᠯᠰᠡᠭᠳᠡᠭᠰᠡᠨ︔ ᠬᠤᠶᠠᠷ ᠲᠤ ᠲᠣᠰ ᠬᠥᠮᠦᠨ ᠨᠢᠮᠠᠨ ᠤ ᠣᠷᠣᠨ ᠤ ᠳᠡᠭᠡᠳᠤ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠱᠠᠲᠤ ᠦᠶ᠎ᠡ ᠶᠢᠨ ᠰᠤᠷᠭᠠᠭᠤᠯᠢ ︵ᠳᠤᠮᠳᠠ ᠵᠡᠷᠭᠡ ᠵᠢᠨᠠᠵᠢᠯ ᠮᠡᠷᠭᠡᠵᠢᠯ ᠤᠨ | ᠰᠤᠷᠭᠠᠭᠤᠯᠢ ᠪᠠᠭᠲᠠᠨ᠎ᠠ︶ ᠶᠢᠨ ᠬᠠᠷᠢᠶ᠎ᠠ ᠲᠠᠢ ᠮᠥᠷᠲᠡᠭᠡᠨ ᠦᠷᠭᠦᠯᠵᠢᠯᠡᠨ ᠪᠦᠬᠦᠯᠢ 3 ᠵᠢᠯ ᠰᠤᠷᠤᠯᠴᠠᠭᠰᠠᠨᠪᠠᠶᠢᠬᠤ︔ | ᠭᠤᠷᠪᠠ ᠳᠤ ᠭᠡᠷ ᠤᠨ ᠠᠬᠠᠮᠠᠳ ᠨᠢ ᠮᠠᠨ ᠤ ᠣᠷᠣᠨ ᠳᠤ ᠬᠠᠤᠯᠢ ᠶᠣᠰᠣᠨ ᠤ ᠲᠣᠭᠲᠠᠪᠤᠷᠢᠲᠠᠶ ᠣᠷᠣᠨ | ᠰᠠᠭᠤᠴᠠ︵ᠲᠦᠷᠢᠶᠡᠰᠦᠯᠡᠯ ᠪᠠᠭᠲᠠᠨ᠎ᠠ︶ ᠲᠠᠢ ᠮᠥᠷᠲᠡᠭᠡᠨ ᠦᠷᠭᠦᠯᠵᠢᠯᠡᠨ ᠰᠠᠭᠤᠵᠤ᠂ ᠬᠠᠤᠯᠢ ᠶᠣᠰᠣᠨ ᠤ | ᠡᠷᠬᠢᠯᠡᠭᠰᠡᠨ ᠠᠵᠢᠯ ᠲᠠᠢᠮᠥ᠋ᠷᠲᠡᠭᠡᠨ ᠪᠦᠬᠦᠯᠢ 3 ᠵᠢᠯ ᠭᠠᠶᠢᠯᠢ ᠲᠤᠰᠢᠶᠠᠭᠰᠠᠨ ︵ᠪᠤᠶᠤ ᠤᠯᠤᠰ ᠤᠨ ᠲᠣᠭᠲᠠᠭᠠᠯ | ᠶᠣᠰᠣᠭᠠᠷ ᠨᠡᠶᠢᠭᠡᠮ ᠤᠨ ᠳᠠᠭᠠᠳᠬᠠᠯ ᠳ᠋ᠤ᠋ᠤᠷᠤᠯᠴᠠᠭᠰᠠᠨ︶ ᠪᠠᠶᠢᠬᠤ ᠬᠡᠷᠡᠭᠲᠡᠢ᠃ | 2. ᠡᠷᠦᠬᠡ ᠠᠮᠠ ᠶᠢᠨ ᠳᠠᠩᠰᠠ ᠨᠢ ᠣᠷᠣᠨ ᠤ ᠭᠠᠳᠠᠨ᠎ᠠ ᠠᠴᠠ ᠮᠠᠨ ᠤ ᠣᠷᠣᠨ ᠳᠤ | ᠨᠡᠭᠦᠵᠦ ᠢᠷᠡᠭᠰᠡᠨᠰᠢᠯᠭᠠᠭᠤᠯᠤᠭᠴᠢ᠂ 2021 ᠣᠨ ᠤ 9 ᠳ᠋ᠤᠭᠡᠷ ᠰᠠᠷ᠎ᠠ ᠶᠢᠨ 1 ᠤ ᠡᠳᠦᠷ ᠪᠣᠯᠲᠠᠯ᠎ᠠ᠂ | ᠡᠷᠬᠡᠪᠰᠢ ᠳᠣᠤᠷᠠᠬᠢ ᠭᠤᠷᠪᠠᠨᠨᠥ᠋ᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠶ᠄ ᠨᠢᠭᠡ ᠳᠤ᠂ ᠲᠣᠰ ᠬᠥᠮᠦᠨ ᠨᠢ | ᠮᠠᠨ ᠤ ᠣᠷᠣᠨ ᠤ ᠳᠡᠭᠡᠳᠤ ᠵᠡᠷᠭᠡ ᠵᠢᠨᠲ᠋ᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ︵ᠳᠤᠮᠳᠠ | ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠠᠭᠲᠠᠨ᠎ᠠ︶ ᠶᠢᠨ ᠬᠠᠷᠢᠶ᠎ᠠ ᠲᠠᠢ ᠪᠥᠭᠡᠳ ᠦᠷᠭᠦᠯᠵᠢᠯᠡᠨ ᠪᠦᠬᠦᠯᠢ | 3 ᠵᠢᠯ ᠰᠤᠷᠤᠯᠴᠠᠭᠰᠠᠨᠪᠠᠶᠢᠬᠤ︔ ᠬᠤᠶᠠᠷ ᠲᠤ᠂ ᠲᠣᠰ ᠬᠥᠮᠦᠨ ᠨᠢᠮᠠᠨ ᠤ ᠣᠷᠣᠨ ᠤ ᠡᠷᠦᠬᠡ ᠠᠮᠠ ᠶᠢᠨ | ᠲᠠᠩᠰᠠ ᠶᠢ ᠣᠯᠤᠭᠠᠳ ᠪᠦᠬᠦᠯᠢ 3 ᠵᠢᠯ ᠪᠤᠯᠤᠭᠰᠠᠨ ᠪᠠᠶᠢᠬᠤ︔ ᠭᠤᠷᠪᠠ ᠳᠤ᠂ ᠭᠡᠷ ᠤᠨ ᠠᠬᠠᠮᠠᠳ ᠨᠢ ᠮᠠᠨ ᠤ | ᠣᠷᠣᠨ ᠳᠤ ᠬᠠᠤᠯᠢ ᠶᠣᠰᠣᠨ ᠤ ᠲᠣᠭᠲᠠᠪᠤᠷᠢᠲᠠᠶ ᠣᠷᠣᠨᠰᠠᠭᠤᠴᠠ ᠲᠠᠢ ᠪᠥᠭᠡᠳ ᠦᠷᠭᠦᠯᠵᠢᠯᠡᠨ | ᠰᠠᠭᠤᠷᠢᠰᠢᠵᠤ᠂ ᠬᠠᠤᠯᠢ ᠶᠣᠰᠣᠨ ᠤ ᠠᠵᠢᠯ ᠮᠡᠷᠭᠡᠵᠢᠯ ᠲᠠᠢ ᠪᠥᠭᠡᠳ ᠪᠦᠬᠦᠯᠢ 3 ᠵᠢᠯᠭᠠᠶᠢᠯᠢ ᠲᠤᠰᠢᠶᠠᠭᠰᠠᠨ | ︵ᠡᠰᠡᠭᠦᠯ᠎ᠡ ᠤᠯᠤᠰ ᠤᠨ ᠲᠣᠭᠲᠠᠭᠠᠯ ᠶᠣᠰᠣᠭᠠᠷ ᠨᠡᠶᠢᠭᠡᠮ ᠤᠨ ᠳᠠᠭᠠᠳᠬᠠᠯ ᠳᠤ ᠤᠷᠤᠯᠴᠠᠭᠰᠠᠨ︶ ᠪᠠᠶᠢᠬᠤᠬᠡᠷᠡᠭᠲᠡᠢ ᠃ | | ᠵᠢᠩᠬᠢᠨᠢ ᠠᠩᠭᠢ ᠶᠢᠨ ᠰᠤᠷᠤᠭᠴᠢ ᠡᠯᠰᠡᠬᠦ ᠨᠥᠬᠦᠴᠡᠯ ᠳᠤ ᠨᠡᠶᠢᠴᠡᠬᠦ ᠦᠭᠡᠢ ᠰᠢᠯᠭᠠᠭᠤᠯᠤᠭᠰᠠᠳ᠂ | ᠲᠤᠰᠬᠠᠶᠮᠡᠷᠭᠡᠵᠢᠯ ᠤᠨ ᠠᠩᠭᠢ ᠳᠤ ᠨᠡᠷ᠎ᠡ ᠮᠡᠳᠡᠭᠦᠯᠵᠦ ᠪᠣᠯᠤᠨ᠎ᠠ᠃ ᠰᠦᠯᠵᠢᠶᠡᠨ ᠳᠡᠭᠡᠷ᠎ᠡ ᠤᠷᠢᠳᠴᠢᠯᠠᠨ ᠨᠡᠷ᠎ᠡ | ᠮᠡᠳᠡᠭᠦᠯᠬᠦ ᠳᠡᠭᠡᠨ᠂︽ᠵᠥᠪᠬᠡᠨ ᠲᠤᠰᠬᠠᠶ ᠮᠡᠷᠭᠡᠵᠢᠯ ᠳᠤ ᠨᠡᠷ᠎ᠡ ᠮᠡᠳᠡᠭᠦᠯᠵᠦ ᠪᠣᠯᠤᠨ᠎ᠠ︾ ᠭᠡᠰᠡᠨ ᠠᠮᠠᠯᠠᠯ ᠳᠤ ᠡᠷᠬᠡᠪᠰᠢ | ︽ᠵᠠ︾ ᠶᠢ ᠰᠣᠩᠭᠤᠬᠤ ᠵᠢᠨᠬᠠᠮᠲᠤ᠂ ᠲᠤᠬᠠᠶ ᠶᠢᠨ ᠲᠠᠯᠠᠪᠠᠢ ᠳᠤ ᠨᠤᠲᠠᠯᠠᠬᠤ ᠦᠶᠡᠰ᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠳᠡᠭᠡᠳᠦᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠳᠡᠭᠡᠳᠦ | ᠵᠡᠷᠭᠡ ᠶᠢᠨ ᠠᠵᠢᠯ ᠮᠡᠷᠭᠡᠵᠢᠯ ︵ᠲᠤᠰᠬᠠᠶ ᠮᠡᠷᠭᠡᠵᠢᠯ︶ ᠳᠤ ᠨᠡᠷ᠎ᠡᠮᠡᠳᠡᠭᠦᠯᠬᠦ ᠠᠮᠠᠯᠠᠯᠲᠠ ᠶᠢᠨ ᠪᠢᠴᠢᠭ︾ ᠲᠤ ᠭᠠᠷ ᠤᠨ | ᠥᠰᠥᠭ ᠵᠢᠷᠤᠨ᠎ᠠ᠃ | ᠳᠡᠭᠡᠳᠤ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ ᠠᠵᠢᠯ ᠲᠥᠷᠥᠯ ᠢᠶᠠᠷ ᠨᠡᠷ᠎ᠡ ᠮᠡᠳᠡᠭᠦᠯᠵᠦ | ᠳᠤᠮᠳᠠ ᠵᠡᠷᠭᠡᠶᠢᠨ ᠠᠵᠢᠯ ᠮᠡᠷᠭᠡᠵᠢᠯ ᠤᠨ ᠰᠤᠷᠭᠠᠭᠤᠯᠢ ︵ᠠᠵᠢᠯ ᠮᠡᠷᠭᠡᠵᠢᠯ ᠤᠨ ᠳᠡᠭᠡᠳᠤ ᠳᠤᠮᠳᠠᠳᠤ᠂ | ᠳᠤᠮᠳᠠ ᠵᠡᠷᠭᠡ ᠶᠢᠨ ᠲᠤᠰᠬᠠᠶᠮᠡᠷᠭᠡᠵᠢᠯ ᠤᠨ ᠰᠤᠷᠭᠠᠭᠤᠯᠢ᠂ ᠮᠡᠷᠭᠡᠵᠢᠯ ᠤᠨ ᠠᠵᠢᠯᠴᠢᠨ ᠤ ᠰᠤᠷᠭᠠᠭᠤᠯᠢ | ᠪᠠᠭᠲᠠᠨ᠎ᠠ᠃ ᠳᠣᠷᠣᠭᠰᠢ ᠠᠳᠠᠯᠢ︶ ᠲᠡᠭᠦᠰᠬᠦᠰᠤᠷᠤᠭᠴᠢᠳ ︵ᠳᠣᠷᠣᠭᠰᠢ ᠳᠡᠭᠡᠳᠦ ᠵᠡᠷᠭᠡ ᠶᠢᠨ ᠠᠵᠢᠯ | ᠮᠡᠷᠭᠡᠵᠢᠯ ᠤᠨ ᠰᠢᠰᠲ᠋ᠧᠮ ᠢᠶᠠᠷ ᠰᠣᠷᠣᠭᠴᠢ ᠡᠯᠰᠡᠬᠦ ᠭᠡᠵᠦᠲ᠋ᠣᠪᠴᠢᠯᠠᠨ᠎ᠠ︶ ᠤᠨ ᠰᠢᠯᠭᠠᠭᠤᠯᠤᠭᠴᠢ ᠡᠷᠬᠡᠪᠰᠢ | ᠮᠡᠷᠭᠡᠵᠢᠯ ᠤᠨ ᠴᠢᠳᠠᠪᠤᠷᠢ ᠶᠢᠨ ᠬᠢᠨᠠᠨ ᠰᠢᠯᠭᠠᠯᠲᠠ ᠳᠤ ᠬᠢᠷᠢ ᠲᠡᠩᠴᠡᠭᠰᠡᠨᠪᠠᠶᠢᠬᠤ ᠬᠡᠷᠡᠭᠲᠡᠶ᠃ | | |