ᠬᠥᠲᠥᠯᠥᠭᠴᠢ᠄ ᠣᠶᠢᠷ᠎ᠠ ᠶᠢᠨ ᠵᠢᠯ ᠤᠨ ᠲᠤᠷᠰᠢ᠂ ᠬᠢᠶ᠎ᠠ ᠪᠠᠭᠰᠢ ᠲᠣᠭᠤᠷᠢᠭ ᠨᠢ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ | ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠪᠠ ᠬᠦᠴᠦᠲᠡᠶ ᠳᠡᠮᠵᠢᠯᠭᠡ ᠳᠣᠤᠷ᠎ᠠ ᠠᠮᠢ ᠠᠬᠤᠶ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠦᠭᠡᠶ ᠬᠥᠭᠵᠢᠭᠦᠯᠬᠦ | ᠣᠶᠢᠯᠠᠭᠠᠭᠳᠠᠬᠤᠨ ᠢ ᠪᠠᠷᠢᠮᠲᠠᠯᠠᠨ᠂ ᠠᠵᠤ ᠠᠬᠤᠶ ᠨᠡᠶᠢᠭᠡᠮ ᠤᠨ ᠡᠯ᠎ᠡ ᠵᠦᠢᠯ ᠤᠨ ᠠᠵᠢᠯ ᠦᠢᠯᠡᠰ ᠲᠦᠷᠭᠡᠨ ᠳᠠᠪᠰᠢᠵᠤ᠂ ᠢᠯᠠᠩᠭᠤᠶ᠎ᠠ ᠰᠤᠷᠭᠠᠨ ᠬᠥᠮᠦᠵᠢᠯ ᠤᠨ | ᠦᠢᠯᠡᠰ ᠮᠡᠳᠡᠭᠳᠡᠬᠦ᠋ᠢᠴᠡ ᠬᠥᠭᠵᠢᠪᠡ᠃ ᠣᠳᠣᠬᠠᠨ ᠳᠤ᠂ ᠡᠳ᠋ ᠤᠨ ᠵᠠᠰᠠᠭ ᠠᠴᠠ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠡᠷᠬᠢᠨ | ᠪᠠᠲᠤᠯᠠᠵᠤ ᠪᠠᠶᠢᠬᠤ ᠪᠤᠢ ︖ | | | | | ᠰᠢᠶᠣᠤ ᠡᠷᠬᠢᠯᠡᠭᠴᠢ᠄ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠤᠷᠭᠠᠨ ᠬᠥᠮᠦᠵᠢᠯ ᠤᠨ ᠬᠡᠷᠡᠭᠴᠡᠭᠡ ᠶᠢ ᠬᠠᠩᠭᠠᠵᠤ᠂ ᠬᠢᠶ᠎ᠠ ᠪᠠᠭᠰᠢ | ᠲᠣᠭᠤᠷᠢᠭ ᠤᠨ ᠰᠤᠷᠭᠠᠨ ᠬᠥᠮᠦᠵᠢᠯ ᠤᠨ ᠦᠢᠯᠡᠰ ᠤᠨ ᠦᠷᠭᠦᠯᠵᠢᠯᠡᠨ ᠡᠷᠡᠭᠦᠯ ᠴᠢᠭᠢᠷᠠᠭ ᠢᠶᠠᠷ ᠬᠥᠭᠵᠢᠬᠦ ᠶᠢ ᠪᠠᠲᠤᠯᠠᠬᠤ ᠶᠢᠨ ᠲᠥᠯᠥᠭᠡ᠂ ᠮᠠᠨ ᠤ ᠲᠣᠭᠤᠷᠢᠭ | ᠤᠨ ᠡᠳ᠋ ᠤᠨ ᠵᠠᠰᠠᠭ ᠠᠴᠠ ᠰᠤᠷᠭᠠᠨ ᠬᠥᠮᠦᠵᠢᠯ ᠤᠨ ᠬᠥᠭᠵᠢᠯᠲᠡ ᠳᠤ ᠬᠡᠷᠡᠭᠰᠡᠬᠦ ᠪᠡᠯᠡ ᠮᠥᠩᠭᠦ ᠶᠢ ᠭᠤᠤᠯᠳᠠᠯᠭ᠎ᠠ ᠲᠠᠢ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ | ᠡᠲᠡᠭᠡᠳ ᠪᠣᠯᠭᠠᠨ ᠪᠦᠬᠦ ᠬᠦᠴᠦ ᠪᠠᠷ ᠢᠶᠠᠨ ᠪᠠᠳᠤᠯᠠᠵᠦ᠂ ᠵᠢᠯ ᠪᠦᠷᠢ ᠶᠢᠨ ᠰᠤᠷᠭᠠᠨ ᠬᠥᠮᠦᠵᠢᠯ ᠤᠨ ᠪᠡᠯᠡ ᠣᠷᠣᠭᠤᠯᠤᠯᠲᠠ ᠨᠢ ᠬᠢᠶ᠎ᠠ ᠪᠠᠭᠰᠢ ᠲᠣᠭᠤᠷᠢᠭ ᠤᠨ | ᠲᠤᠬᠠᠶ ᠶᠢᠨ ᠵᠢᠯ ᠤᠨ ᠡᠳ᠋ ᠤᠨ ᠵᠠᠰᠠᠭ ᠤᠨ ᠵᠠᠷᠤᠯᠭ᠎ᠠ ᠶᠢᠨ 60% ᠠᠴᠠ ᠳᠡᠭᠡᠭᠰᠢᠬᠢ ᠶᠢ ᠡᠵᠡᠯᠡᠨ᠂ ᠪᠦᠬᠦ ᠬᠤᠲᠠ ᠶᠢᠨ ᠴᠤᠷ ᠤᠨ ᠭᠠᠭᠴᠠ ᠰᠤᠷᠭᠠᠨ | ᠬᠥᠮᠦᠵᠢᠯ ᠤᠨ ᠵᠠᠷᠤᠳᠠᠯ ᠨᠢ《 ᠭᠤᠷᠪᠠᠨ ᠨᠡᠮᠡᠭᠳᠡᠯ 》 ᠢ ᠪᠠᠳᠤᠯᠭᠰᠠᠨ ᠬᠤᠰᠢᠭᠤ ᠲᠣᠭᠤᠷᠢᠭ ᠪᠤᠯᠵᠠᠢ᠃ ᠣᠨᠴᠠᠭᠠᠶᠢᠯᠠᠨ ᠣᠶᠢᠷ᠎ᠠ ᠶᠢᠨ ᠭᠤᠷᠪᠠᠨ ᠵᠢᠯ ᠤᠨ ᠲᠤᠷᠰᠢ | ᠮᠠᠨ ᠤ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠠᠵᠢᠯᠲᠠᠨ ᠵᠢᠴᠢ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠵᠢᠯ ᠤᠨ ᠳᠤᠮᠳᠠᠴᠢ ᠵᠠᠷᠤᠯᠭ᠎ᠠ ᠨᠢ 3. | 25 ᠳ᠋ᠦᠩᠰᠢᠭᠤᠷ ᠲᠥᠭᠦᠷᠢᠭ ᠲᠤ ᠬᠦᠷᠴᠦ᠂ ᠦᠨᠳᠦᠰᠦᠨ ᠪᠦᠲᠦᠭᠡᠨ ᠪᠠᠶᠢᠭᠤᠯᠤᠯᠲᠠ ᠳᠤ ᠵᠢᠯ ᠪᠦᠷᠢ ᠳᠤᠮᠳᠠᠴᠢ ᠪᠠᠷ 1.3 ᠳ᠋ᠦᠩᠰᠢᠭᠤᠷ ᠲᠥᠭᠦᠷᠢᠭ᠂ ᠵᠢᠭᠠᠨ | ᠰᠤᠷᠭᠠᠬᠤ ᠲᠥᠬᠦᠭᠡᠷᠦᠮᠵᠢ ᠳᠤ ᠵᠢᠯ ᠪᠦᠷᠢ ᠳᠤᠮᠳᠠᠴᠢ ᠪᠠᠷ 2600 ᠲᠦᠮᠡᠨ ᠲᠥᠭᠦᠷᠢᠭ ᠣᠷᠣᠭᠤᠯᠵᠤ᠂ ᠬᠢᠶ᠎ᠠ ᠪᠠᠭᠰᠢ ᠲᠣᠭᠤᠷᠢᠭ ᠤᠨ ᠰᠤᠷᠭᠠᠨ ᠬᠥᠮᠦᠵᠢᠯ ᠤᠨ | ᠰᠠᠭᠤᠷᠢ ᠨᠥᠬᠦᠴᠡᠯ ᠨᠢ ᠢᠮᠠᠭᠲᠠ ᠥᠪᠡᠷᠲᠡᠭᠡᠨ ᠵᠠᠰᠠᠬᠤ ᠣᠷᠣᠨ ᠤ ᠲᠡᠷᠢᠬᠦᠨ ᠤ ᠪᠠᠶᠢᠷᠢᠨ ᠳᠤ ᠪᠠᠶᠢᠬᠤ ᠶᠢ ᠪᠠᠲᠤᠯᠠᠵᠤ᠂ ᠡᠩ ᠲᠡᠷᠢᠭᠦᠨ ᠳᠤ ᠤᠯᠤᠰ ᠤᠨ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢ ᠲᠠᠢ ᠰᠢᠶᠠᠨ ᠤ ᠰᠢᠯᠭᠠᠨ ᠠᠪᠬᠤ ᠶᠢ ᠥᠩᠭᠡᠷᠡᠭᠡᠨ᠂ ᠮᠠᠨ ᠤ ᠲᠣᠭᠤᠷᠢᠭ ᠤᠨ ᠰᠤᠷᠭᠠᠨ ᠬᠥᠮᠦᠵᠢᠯ ᠤᠨ | ᠦᠢᠯᠡᠰ ᠤᠨ ᠥᠷᠨᠢᠩᠭᠦᠶ ᠬᠥᠭᠵᠢᠬᠦ ᠶᠢ ᠪᠦᠬᠦ ᠲᠠᠯ᠎ᠠ ᠪᠠᠷ ᠠᠬᠢᠭᠤᠯᠪᠠ᠃ | ᠬᠥᠲᠥᠯᠥᠭᠴᠢ᠄ ᠡᠳ᠋ ᠤᠨ ᠵᠠᠰᠠᠭ ᠠᠴᠠ ᠰᠤᠷᠭᠠᠭᠤᠯᠢ ᠶᠢᠨ ᠬᠦᠷᠢᠶᠡᠨ ᠤ ᠦᠨᠳᠦᠰᠦᠨ ᠪᠦᠲᠦᠭᠡᠨ ᠪᠠᠶᠢᠭᠤᠯᠤᠯᠲᠠ ᠶᠢ ᠬᠡᠷᠬᠢᠨ ᠳᠡᠮᠵᠢᠵᠤ ᠪᠠᠶᠢᠬᠤ ᠪᠤᠢ︖ | | ᠰᠢᠶᠣᠤ ᠡᠷᠬᠢᠯᠡᠭᠴᠢ᠄ ᠬᠢᠶ᠎ᠠ ᠪᠠᠭᠰᠢ ᠲᠣᠭᠤᠷᠢᠭ ᠤᠨ ᠰᠤᠷᠭᠠᠨ ᠬᠥᠮᠦᠵᠢᠯ ᠲᠡᠭ ᠠᠴᠠ ᠡᠬᠢᠯᠡᠨ ᠪᠠᠭ᠎ᠠ ᠠᠴᠠ ᠶᠡᠭᠡ ᠪᠣᠯᠵᠤ᠂ ᠪᠠᠭᠤᠷᠠᠶ ᠠᠴᠠ ᠬᠦᠴᠦᠷᠬᠡᠭ | ᠪᠤᠯᠵᠤ᠂ ᠣᠳᠣ ᠪᠦᠬᠦ ᠬᠤᠲᠠ ᠴᠢᠨᠠᠭᠰᠢᠯᠠᠪᠠᠯ ᠥᠪᠡᠷᠲᠡᠭᠡᠨ ᠵᠠᠰᠠᠬᠤ ᠣᠷᠣᠨ ᠤ ᠡᠮᠦᠨ᠎ᠡ ᠡᠩᠨᠡᠭᠡᠨ ᠳᠤ ᠣᠷᠣᠪᠠ᠃ 2007 ᠣᠨ ᠳᠤ᠂ ᠬᠢᠶ᠎ᠠ ᠪᠠᠭᠰᠢ | ᠲᠣᠭᠤᠷᠢᠭ ᠤᠨ ᠠᠩᠬᠠᠳᠠᠭᠴᠢ ᠰᠤᠷᠭᠠᠭᠤᠯᠢ ᠪᠠᠶᠢᠭᠤᠯᠤᠭᠳᠠᠵᠦ᠂ 8 ᠠᠩᠬᠢ 126 ᠨᠡᠷ᠎ᠡ ᠰᠤᠷᠤᠭᠴᠢ ᠪᠠᠶᠢᠭᠰᠠᠨ ᠠᠴᠠ ᠣᠳᠣ ᠪᠣᠯᠲᠠᠯ᠎ᠠ 34 ᠰᠤᠷᠭᠠᠭᠤᠯᠢ | ᠵᠢᠴᠢ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠥᠵᠢᠯ ᠤᠨ ᠪᠠᠶᠢᠭᠤᠯᠤᠮᠵᠢ ᠪᠠᠶᠢᠵᠤ᠂ ᠬᠡᠤᠬᠡᠳ ᠤᠨ ᠴᠡᠴᠡᠷᠯᠢᠭ ᠲᠤ 6910 ᠨᠡᠷ᠎ᠡ᠂ ᠪᠠᠭ᠎ᠠ ᠰᠤᠷᠭᠠᠭᠤᠯᠢ ᠳᠤ | 11909 ᠨᠡᠷ᠎ᠡ᠂ ᠠᠩᠬ᠎ᠠ ᠳᠤᠮᠳᠠᠳᠤ ᠳᠤ 6557 ᠨᠡᠷ᠎ᠡ᠂ ᠰᠤᠷᠤᠭᠴᠢ ᠶᠢᠨ ᠲᠤᠭ᠎ᠠ ᠨᠢ ᠨᠡᠶᠢᠲᠡ 25000 ᠨᠡᠷ᠎ᠡ ᠶᠢ ᠳᠠᠪᠠᠪᠠ᠃ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠠᠴᠠ ᠨᠠᠰᠢ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠤᠷᠭᠠᠨ ᠬᠥᠮᠦᠵᠢᠯ ᠤᠨ ᠬᠡᠷᠡᠭᠴᠡᠭᠡ ᠶᠢ ᠬᠠᠩᠭᠠᠬᠤ ᠶᠢᠨ | ᠲᠥᠯᠥᠭᠡ᠂ ᠬᠢᠶ᠎ᠠ ᠪᠠᠭᠰᠢ ᠲᠣᠭᠤᠷᠢᠭ ᠨᠢ ᠰᠤᠷᠭᠠᠨ ᠬᠥᠮᠦᠵᠢᠯ ᠤᠨ ᠠᠵᠢᠯ ᠳᠤ ᠤᠷᠢᠳ ᠬᠤᠵᠢᠳ ᠨᠡᠶᠢᠲᠡ 39 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ | ᠂ ᠵᠢᠯ ᠪᠦᠷᠢ ᠨᠢᠭᠡ ᠪᠠᠭ᠎ᠠ ᠰᠤᠷᠭᠠᠭᠤᠯᠢ ᠪᠠ ᠬᠤᠶᠠᠷ ᠴᠡᠴᠡᠷᠯᠢᠭ᠂ ᠭᠤᠷᠪᠠᠨ ᠵᠢᠯ ᠳᠤ ᠨᠢᠭᠡ ᠠᠩᠬ᠎ᠠ ᠳᠤᠮᠳᠠᠳᠤ ᠰᠤᠷᠭᠠᠭᠤᠯᠢ ᠪᠠᠶᠢᠭᠤᠯᠬᠤ ᠶᠢ ᠪᠠᠳᠤᠯᠠᠯ᠎ᠠ᠃ | ᠰᠤᠷᠭᠠᠭᠤᠯᠢ ᠶᠢᠨ ᠬᠦᠷᠢᠶᠡᠨ ᠤ ᠪᠦᠲᠦᠭᠡᠨ ᠪᠠᠶᠢᠭᠤᠯᠤᠯᠲᠠ ᠪᠠ ᠰᠠᠭᠤᠷᠢ ᠲᠥᠬᠦᠭᠡᠷᠦᠮᠵᠢ ᠵᠢᠴᠢ ᠪᠠᠶᠢᠷᠢ ᠶᠢᠨ ᠠᠰᠠᠷ ᠤᠨ ᠵᠠᠰᠠᠪᠤᠷᠢᠯᠠᠵᠤ ᠰᠢᠨᠡᠳᠬᠡᠬᠦ ᠠᠵᠢᠯ ᠤᠨ | ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠬᠢᠶ᠎ᠠ ᠪᠠᠭᠰᠢ ᠲᠣᠭᠤᠷᠢᠭ ᠤᠨ ᠡᠳ᠋ ᠤᠨ ᠵᠠᠰᠠᠭ ᠠᠴᠠ ᠡᠯ᠎ᠡ ᠲᠥᠷᠥᠯ ᠤᠨ ᠵᠢᠭᠡᠯᠡᠯᠭᠡ ᠶᠢᠨ | ᠲᠡᠮᠳᠡᠭᠲᠦ ᠶᠢᠨ ᠪᠡᠯᠡ ᠮᠥᠩᠭᠦ᠂ ᠳᠡᠭᠡᠲᠤ ᠱᠠᠲᠤᠨ ᠤ ᠲᠤᠰᠬᠠᠶ ᠪᠡᠯᠡ ᠮᠥᠩᠭᠦ ᠶᠢ ᠲᠡᠮᠡᠴᠡᠨ ᠣᠯᠵᠣ᠂ ᠲᠤᠰ ᠱᠠᠲᠤᠨ ᠤ ᠪᠡᠯᠡ ᠮᠥᠩᠭᠦ ᠪᠠᠨ ᠢᠳᠡᠪᠬᠢᠲᠡᠢ | ᠠᠰᠢᠭᠯᠠᠨ᠂ ᠨᠠᠢᠮᠠᠳᠤᠭᠠᠷ ᠪᠠᠭ᠎ᠠ ᠰᠤᠷᠭᠠᠭᠤᠯᠢ᠂ ᠬᠤᠶᠠᠳᠤᠭᠠᠷ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠣᠷᠳᠣᠨ᠂ ᠭᠤᠷᠪᠠᠳᠤᠭᠠᠷ ᠪᠠᠭ᠎ᠠ ᠰᠤᠷᠭᠠᠭᠤᠯᠢ | ᠶᠢᠨ ᠲᠤᠷᠰᠢᠯᠲᠠ ᠶᠢᠨ ᠠᠰᠠᠷ᠂ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠵᠢᠭᠠᠨ ᠰᠤᠷᠭᠠᠬᠤ ᠠᠰᠠᠷ ᠵᠡᠷᠭᠡ ᠶᠢ ᠰᠢᠨ᠎ᠡ ᠪᠠᠷ ᠪᠠᠶᠢᠭᠤᠯᠪᠠ᠂ ᠡᠭᠦᠨ ᠳᠤ᠄ | ᠥᠪᠡᠷᠲᠡᠭᠡᠨ ᠵᠠᠰᠠᠬᠤ ᠣᠷᠣᠨ ᠤ ᠳᠡᠰ ᠤᠨ ᠵᠢᠱᠢᠶᠡᠴᠢ ᠴᠡᠴᠡᠷᠯᠢᠭ 6 ᠰᠠᠭᠤᠷᠢ᠂ ᠬᠤᠲᠠ ᠶᠢᠨ ᠳᠡᠰ ᠤᠨ ᠵᠢᠱᠢᠶᠡᠴᠢ ᠴᠡᠴᠡᠷᠯᠢᠭ 7 ᠰᠠᠭᠤᠷᠢ᠃ | ᠬᠥᠲᠥᠯᠥᠭᠴᠢ᠄ ᠡᠳ᠋ ᠤᠨ ᠵᠠᠰᠠᠭ ᠠᠴᠠ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠬᠡᠷᠬᠢᠨ ᠳᠡᠮᠵᠢᠵᠤ ᠪᠠᠶᠢᠬᠤ ᠪᠤᠢ︖ | ᠰᠢᠶᠣᠤ ᠡᠷᠬᠢᠯᠡᠭᠴᠢ᠄ ᠣᠳᠣᠬᠠᠨ ᠳᠤ᠂ ᠮᠠᠨ ᠤ ᠲᠣᠭᠤᠷᠢᠭ ᠲᠤ ᠪᠠᠭᠰᠢ ᠠᠵᠢᠯᠲᠠᠨ ᠨᠡᠶᠢᠲᠡ 3000 ᠰᠢᠬᠠᠮ ᠬᠦᠮᠦᠨ ᠪᠠᠶᠢᠨ᠎ᠠ᠂ ᠪᠠᠭᠰᠢ ᠶᠢᠨ | ᠡᠩᠨᠡᠭᠡᠨ ᠤ ᠠᠵᠢᠯ ᠤᠨ ᠢᠳᠡᠪᠬᠢᠵᠢᠯ ᠢ ᠬᠦᠢᠴᠡᠳ ᠳᠠᠶᠢᠴᠢᠯᠠᠬᠤ ᠶᠢᠨ ᠲᠥᠯᠥᠭᠡ᠂《 ᠮᠠᠨ ᠤ ᠬᠤᠲᠠ ᠶᠢᠨ ᠰᠢᠨ᠎ᠡ ᠴᠠᠭ ᠦᠶ᠎ᠡ ᠶᠢᠨ ᠪᠠᠭᠰᠢ ᠶᠢᠨ ᠡᠩᠨᠡᠭᠡᠨ ᠤ | ᠪᠠᠶᠢᠭᠤᠯᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠬᠡᠷᠡᠭᠵᠢᠭᠦᠯᠬᠦ ᠰᠠᠨᠠᠯ 》 ᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠲᠠᠪᠣᠷᠢᠵᠢᠭᠤᠯᠵᠤ᠂ | ᠡᠳ᠋ ᠤᠨ ᠵᠠᠰᠠᠭ ᠠᠴᠠ ᠢᠳᠡᠪᠬᠢᠲᠡᠶ ᠪᠠᠷ ᠪᠡᠯᠡ ᠮᠥᠩᠭᠦ ᠲᠤᠬᠢᠷᠠᠭᠤᠯᠤᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠳᠤ ᠬᠡᠷᠡᠭᠯᠡᠵᠦ ᠪᠠᠶᠢᠨ᠎ᠠ᠃ ᠨᠢᠭᠡ ᠳᠤ᠂ ᠵᠢᠯ ᠪᠦᠷᠢ | 3000 ᠲᠦᠮᠡᠨ ᠲᠥᠭᠦᠷᠢᠭ ᠤᠨ ᠪᠡᠯᠡ ᠮᠥᠩᠭᠦ ᠲᠣᠬᠢᠷᠠᠭᠤᠯᠵᠤ᠂ 300 ᠣᠷᠴᠢᠮ ᠪᠣᠯᠪᠠᠰᠤᠷᠠᠩᠭᠤᠶ ᠰᠢᠯᠢᠳᠡᠭ ᠪᠠᠭᠰᠢ ᠶᠢ ᠲᠠᠰᠤᠷᠠᠯᠲᠠ ᠥᠬᠡᠶ ᠣᠷᠣᠭᠤᠯᠤᠨ | ᠠᠪᠴᠦ ᠢᠷᠡᠯ᠎ᠡ︔ ᠬᠤᠶᠠᠷ ᠲᠤ᠂ ᠲᠤᠰᠬᠠᠶ ᠵᠦᠢᠯ ᠤᠨ ᠵᠠᠷᠤᠳᠠᠯ ᠢ ᠬᠦᠢᠴᠡᠳ ᠲᠣᠭᠢᠷᠠᠭᠤᠯᠤᠨ᠂ ᠪᠠᠭᠰᠢ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ | ᠳᠡᠭᠡᠭᠰᠢᠯᠡᠯᠲᠡ ᠶᠢ ᠲᠡᠮᠵᠢᠨ᠎ᠡ᠂ ᠤᠢᠢᠷ᠎ᠠ ᠶᠢᠨ ᠭᠤᠷᠪᠠᠨ ᠵᠢᠯ ᠳᠤ ᠨᠡᠶᠢᠳᠡ 1100 ᠲᠦᠮᠡᠨ ᠲᠥᠭᠦᠷᠢᠭ ᠤᠨ ᠪᠣᠯᠪᠠᠰᠤᠷᠠᠯ ᠤᠨ ᠵᠠᠷᠤᠳᠠᠯ ᠳᠣᠬᠢᠷᠠᠭᠤᠯᠤᠨ | ᠪᠠᠭᠰᠢ ᠶᠢᠨ ᠡᠩᠨᠡᠭᠡᠨ ᠤ ᠰᠤᠷᠭᠠᠨ ᠬᠥᠮᠦᠵᠢᠯ ᠪᠠ ᠪᠣᠯᠪᠠᠰᠤᠷᠠᠯ ᠳᠤ ᠬᠡᠷᠡᠭᠯᠡᠵᠦ᠂ ᠪᠠᠭᠰᠢ ᠶᠢᠨ ᠡᠩᠨᠡᠭᠡᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠢᠷᠢ | ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠪᠡ︔ ᠭᠤᠷᠪᠠ ᠳᠤ᠂ ᠪᠠᠭᠰᠢ ᠶᠢᠨ ᠠᠮᠵᠢᠯᠲᠠ ᠪᠦᠲᠦᠮᠵᠢ ᠶᠢᠨ ᠴᠠᠯᠢᠩ ᠤᠨ ᠥᠭᠡᠷᠡᠴᠢᠯᠡᠯᠲᠡ ᠶᠢ ᠢᠳᠡᠪᠬᠢᠲᠡᠢ | ᠠᠬᠢᠭᠤᠯᠵᠤ᠂ ᠪᠠᠭᠰᠢ ᠶᠢᠨ ᠣᠯᠭᠤᠮᠵᠢ ᠶᠢ ᠲᠤᠬᠠᠶ ᠶᠢᠨ ᠭᠠᠵᠠᠷ ᠤᠨ ᠠᠯᠪᠠᠲᠠᠨ ᠤ ᠬᠢᠷᠢ ᠲᠦᠪᠰᠢᠨ ᠠᠴᠠ ᠳᠣᠤᠷ᠎ᠠ ᠦᠭᠡᠶ ᠪᠠᠶᠢᠯᠭᠠᠬᠤ ᠶᠢ ᠦᠨᠡᠨᠬᠦ ᠪᠠᠲᠣᠯᠠᠨ᠂ ᠵᠢᠯ | ᠪᠦᠷᠢ 3 ᠳ᠋ᠦᠩᠰᠢᠭᠤᠷ ᠲᠥᠭᠦᠷᠢᠭ ᠣᠷᠴᠢᠮ ᠴᠠᠯᠢᠩ ᠲᠣᠬᠢᠷᠠᠭᠤᠯᠵᠤ᠂ ᠪᠠᠭᠰᠢ ᠶᠢᠨ ᠴᠠᠯᠢᠩ ᠢ ᠬᠤᠭᠤᠴᠠᠭ᠎ᠠ ᠶᠣᠰᠣᠭᠠᠷ᠂ ᠲᠤᠭ᠎ᠠ ᠶᠣᠰᠣᠭᠠᠷ ᠣᠯᠭᠤᠯᠣᠨᠠ᠃ | ᠬᠤᠶᠢᠰᠢᠳᠠ ᠶᠢᠨ ᠠᠵᠢᠯ ᠤᠨ ᠳᠤᠮᠳᠠ᠂ ᠡᠳ᠋ ᠤᠨ ᠵᠠᠰᠠᠭ ᠤᠨ ᠠᠵᠢᠯ ᠦᠷᠭᠦᠯᠵᠢᠯᠡᠨ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠰᠤᠷᠭᠠᠨ ᠬᠦᠮᠦᠵᠢᠯ ᠤᠨ ᠦᠢᠯᠡᠰ ᠢ ᠡᠩ ᠲᠡᠷᠢᠭᠦᠨ ᠳᠤ ᠬᠥᠭᠵᠢᠭᠦᠯᠬᠦ ᠲᠤᠬᠠᠶ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ | ᠲᠣᠭᠤᠷᠢᠨ ᠳᠤ᠂ ᠥᠩᠭᠡᠷᠡᠭᠰᠡᠨ ᠲᠠᠢ ᠪᠠᠨ ᠠᠳᠠᠯᠢ ᠪᠠᠷ ᠰᠤᠷᠭᠠᠨ ᠬᠥᠮᠦᠵᠢᠯ ᠤᠨ ᠣᠷᠣᠭᠤᠯᠤᠯᠲᠠ ᠶᠢ ᠳᠣᠪᠣᠶᠢᠮ᠎ᠠ ᠪᠠᠶᠢᠷᠢᠨ ᠳᠤ ᠲᠠᠯᠪᠢᠵᠤ᠂ ᠮᠠᠨ ᠤ ᠲᠣᠭᠤᠷᠢᠭ | ᠤᠨ ᠰᠤᠷᠭᠠᠨ ᠬᠥᠮᠦᠵᠢᠯ ᠤᠨ ᠦᠢᠯᠡᠰ ᠤᠨ ᠦᠷᠭᠦᠯᠵᠢᠯᠡᠨ ᠬᠥᠭᠵᠢᠬᠦ ᠶᠢ ᠪᠦᠬᠦ ᠲᠠᠯ᠎ᠠ ᠪᠠᠷ ᠪᠠᠲᠣᠯᠠᠨ᠎ᠠ᠃ |