︵2020 ᠤᠠ ᠤ 5 ᠰᠡᠷ᠎ᠠ ᠶᠢᠨ 28 ᠤ ᠡᠳᠦᠷ | ᠠᠷᠪᠡᠨ ᠭᠤᠷᠪᠠᠳᠤᠭᠠᠷ ᠬᠤᠭᠤᠴᠡᠭᠠᠠ ᠤ ᠪᠦᠬᠦ ᠤᠯᠦᠰ | ᠤᠨ ᠠᠷᠡᠦᠠ ᠤᠨ ᠲᠦᠯᠦᠭᠡᠯᠡᠭᠴᠢᠦᠠ ᠤᠨ ᠶᠡᠭᠡ ᠬᠤᠷᠡᠯ ᠤᠨ | ᠭᠤᠷᠪᠠᠳᠤᠭᠠᠷ ᠬᠤᠷᠡᠯ ᠠᠴᠠ ᠪᠠᠲᠤᠯᠠᠪᠠ︶ | | ᠨᠢᠭᠡᠳᠤᠭᠡᠷ ᠠᠩᠬᠢ ᠶᠡᠷᠤᠩᠭᠡᠢ ᠲᠦᠷᠢᠮ | ᠨᠢᠭᠡᠳᠦᠭᠡᠷ ᠪᠦᠯᠦᠭ ᠦᠨᠳᠦᠰᠦᠨ ᠲᠣᠭᠳᠠᠭᠠᠯ | ᠨᠢᠭᠡᠳᠦᠭᠡᠷ ᠵᠦᠢᠯ ᠢᠷᠭᠡᠨ ᠤ ᠭᠡᠷᠡᠭ ᠤᠨ ᠪᠡᠶᠡᠴᠢ ᠴᠣᠭᠴᠠ ᠶᠢᠨ ᠬᠠᠣᠯᠢ ᠶᠣᠰᠣᠨ ᠤ ᠡᠷᠭᠡ ᠠᠰᠢᠭ ᠢ | ᠬᠠᠮᠠᠭᠠᠯᠠᠵᠦ᠂ ᠢᠷᠭᠡᠨ ᠤ ᠭᠡᠷᠡᠭ ᠤᠨ ᠬᠠᠷᠢᠴᠠᠭ᠎ᠠ ᠶᠢ ᠲᠣᠭᠢᠷᠠᠭᠤᠯᠣᠨ᠂ ᠨᠠᠶᠢᠭᠡᠮ ᠪᠠ ᠠᠵᠦ ᠠᠬᠤᠢ ᠶᠢᠨ ᠡᠮᠭᠢ | ᠵᠢᠷᠣᠮ ᠢ ᠬᠠᠮᠠᠭᠠᠯᠠᠵᠦ᠂ ᠲᠣᠮᠳᠠᠳᠦ ᠣᠯᠣᠰ ᠤᠨ ᠣᠨᠴᠠᠯᠢᠭ ᠪᠦᠭᠦᠢ ᠨᠠᠶᠢᠭᠡᠮ ᠵᠢᠷᠣᠮ ᠤᠨ ᠭᠦᠭᠵᠢᠯᠳᠡ ᠶᠢᠨ | ᠱᠠᠭᠠᠷᠳᠠᠯᠭ᠎ᠠ ᠳᠤ ᠵᠣᠭᠢᠴᠠᠭᠤᠯᠵᠦ᠂ ᠨᠠᠶᠢᠭᠡᠮ ᠵᠢᠷᠣᠮ ᠤᠨ ᠭᠤᠣᠯᠯᠠᠬᠤ ᠦᠷᠳᠡᠭ ᠤᠨ ᠦᠵᠡᠯᠳᠡ ᠶᠢ | ᠪᠠᠳᠠᠷᠠᠭᠤᠯᠬᠤ ᠶᠢᠨ ᠲᠦᠯᠦᠭᠡ᠂ ᠦᠨᠳᠣᠰᠣᠨ ᠬᠠᠣᠯᠢ ᠶᠢ ᠦᠨᠳᠣᠰᠣᠯᠡᠨ᠂ ᠲᠣᠰ ᠬᠠᠣᠯᠢ ᠶᠢ ᠲᠣᠭᠳᠠᠭᠠᠪᠠ᠃ | ᠬᠤᠶᠠᠳᠣᠭᠠᠷ ᠵᠦᠢᠯ ᠢᠷᠭᠡᠨ ᠤ ᠬᠠᠣᠯᠢ ᠨᠢ ᠡᠷᠭᠡ ᠲᠡᠭᠰᠢ ᠪᠡᠶᠡᠴᠢ ᠴᠣᠭᠴᠠ ᠪᠣᠯᠬᠤ ᠪᠠᠶᠢᠭᠠᠯᠢ ᠭᠦᠮᠦᠨ᠂ | ᠬᠠᠣᠯᠢ ᠶᠢᠨ ᠭᠦᠮᠦᠨ ᠪᠣᠯᠣᠨ ᠬᠠᠣᠯᠢ ᠶᠢᠨ ᠭᠦᠮᠦᠨ ᠪᠣᠰᠣ ᠵᠣᠭᠢᠶᠠᠨ ᠪᠠᠶᠢᠭᠤᠯᠣᠯᠳᠠ ᠶᠢᠨ ᠬᠤᠭᠤᠷᠣᠨᠳᠣᠭᠢ | ᠭᠦᠮᠦᠨ ᠤ ᠪᠡᠶ᠎ᠡ ᠶᠢᠨ ᠬᠠᠷᠢᠴᠠᠭ᠎ᠠ ᠪᠠ ᠡᠳ᠋ ᠭᠦᠷᠦᠩᠭᠡ ᠶᠢᠨ ᠬᠠᠷᠢᠴᠠᠭ᠎ᠠ ᠶᠢ ᠲᠣᠭᠢᠷᠠᠭᠤᠯᠣᠨᠠ᠃ | ᠭᠤᠷᠪᠠᠳᠣᠭᠠᠷ ᠵᠦᠢᠯ ᠢᠷᠭᠡᠨ ᠤ ᠭᠡᠷᠡᠭ ᠤᠨ ᠪᠡᠶᠡᠴᠢ ᠴᠣᠭᠴᠠ ᠶᠢᠨ ᠪᠡᠶ᠎ᠡ ᠶᠢᠨ ᠡᠷᠭᠡ᠂ ᠡᠳ᠋ | ᠭᠦᠷᠦᠩᠭᠡ ᠶᠢᠨ ᠡᠷᠭᠡ ᠵᠢᠴᠢ ᠪᠣᠰᠣᠳ ᠬᠠᠣᠯᠢ ᠶᠣᠰᠣᠨ ᠤ ᠡᠷᠭᠡ ᠠᠰᠢᠭ ᠢ ᠬᠠᠣᠯᠢ ᠪᠠᠷ ᠬᠠᠮᠠᠭᠠᠯᠠᠨ᠎ᠠ᠂ ᠶᠠᠮᠠᠷᠪᠠ | ᠵᠣᠭᠢᠶᠠᠨ ᠪᠠᠶᠢᠭᠤᠯᠣᠯᠳᠠ ᠪᠤᠶᠤ ᠬᠤᠪᠢ ᠭᠦᠮᠦᠨ ᠬᠠᠯᠳᠠᠵᠦ ᠪᠣᠯᠬᠤ ᠦᠭᠡᠢ᠃ | ᠲᠦᠷᠪᠡᠳᠦᠭᠡᠷ ᠵᠦᠢᠯ ᠢᠷᠭᠡᠨ ᠤ ᠭᠡᠷᠡᠭ ᠤᠨ ᠠᠵᠢᠯᠯᠠᠭ᠎ᠠ ᠶᠢᠨ ᠲᠣᠮᠳᠠ ᠢᠷᠭᠡᠨ ᠤ ᠭᠡᠷᠡᠭ ᠤᠨ ᠪᠡᠶᠡᠴᠢ | ᠴᠣᠭᠴᠠ ᠶᠢᠨ ᠬᠠᠤᠯᠢ ᠴᠠᠭᠠᠵᠠ ᠶᠢᠨ ᠪᠠᠶᠢᠷᠢ ᠰᠠᠭᠤᠷᠢ ᠴᠦᠮ ᠠᠳᠠᠯᠢ ᠲᠡᠭᠰᠢ᠃ | ᠲᠠᠪᠣᠳᠣᠭᠠᠷ ᠵᠦᠢᠯ ᠢᠷᠭᠡᠨ ᠤ ᠭᠡᠷᠡᠭ ᠤᠨ ᠪᠡᠶᠡᠴᠢ ᠴᠣᠭᠴᠠ ᠢᠷᠭᠡᠨ ᠤ ᠭᠡᠷᠡᠭ ᠤᠨ ᠠᠵᠢᠯᠯᠠᠭ᠎ᠠ | ᠭᠢᠭᠦ ᠳᠤ᠂ ᠰᠠᠶᠢᠨ ᠳᠤᠷ᠎ᠠ ᠶᠢᠨ ᠪᠠᠶᠢᠬᠤ ᠵᠠᠷᠴᠢᠮ ᠢ ᠵᠢᠷᠣᠮᠯᠠᠵᠦ᠂ ᠦᠪᠡᠷ ᠤᠨ ᠰᠠᠨᠠᠭ᠎ᠠ ᠪᠠᠷ ᠢᠶᠠᠨ ᠢᠷᠭᠡᠨ ᠤ | ᠭᠡᠷᠡᠭ ᠤᠨ ᠬᠠᠣᠯᠢ ᠴᠠᠭᠠᠵᠠ ᠶᠢᠨ ᠬᠠᠷᠢᠴᠠᠭ᠎ᠠ ᠶᠢ ᠪᠠᠶᠢᠭᠤᠯᠬᠤ᠂ ᠬᠤᠪᠢᠷᠠᠭᠤᠯᠬᠤ᠂ ᠲᠠᠭᠤᠰᠬᠠᠬᠤ ᠭᠡᠷᠡᠭᠳᠡᠢ᠃ | ᠵᠢᠷᠭᠤᠳᠣᠭᠠᠷ ᠵᠦᠢᠯ ᠢᠷᠭᠡᠨ ᠤ ᠭᠡᠷᠡᠭ ᠤᠨ ᠪᠡᠶᠡᠴᠢ ᠴᠣᠭᠴᠠ ᠢᠷᠭᠡᠨ ᠤ ᠭᠡᠷᠡᠭ ᠤᠨ ᠠᠵᠢᠯᠯᠠᠭ᠎ᠠ | ᠭᠢᠭᠦ ᠳᠤ᠂ ᠭᠤᠤᠯᠴᠢ ᠪᠠᠶᠢᠬᠤ ᠵᠠᠷᠴᠢᠮ ᠢ ᠵᠢᠷᠣᠮᠯᠠᠵᠦ᠂ ᠡᠯ᠎ᠠ ᠲᠠᠯ᠎ᠠ ᠶᠢᠨ ᠬᠢᠨ ᠤ ᠡᠷᠭᠡ ᠪᠠ ᠡᠭᠦᠷᠭᠡ ᠶᠢ ᠵᠦᠢ | ᠵᠣᠭᠢᠰᠳᠠᠢ ᠲᠣᠭᠳᠠᠭᠠᠬᠤ ᠭᠡᠷᠡᠭᠳᠡᠢ᠃ | ᠲᠣᠯᠣᠳᠣᠭᠠᠷ ᠵᠦᠢᠯ ᠢᠷᠭᠡᠨ ᠤ ᠭᠡᠷᠡᠭ ᠤᠨ ᠪᠡᠶᠡᠴᠢ ᠴᠣᠭᠴᠠ ᠢᠷᠭᠡᠨ ᠤ ᠭᠡᠷᠡᠭ ᠤᠨ ᠠᠵᠢᠯᠯᠠᠭ᠎ᠠ | ᠭᠢᠭᠦ ᠳᠤ᠂ ᠦᠨᠡᠨᠴᠢ ᠢᠳᠡᠭᠡᠮᠵᠢᠳᠡᠢ ᠪᠠᠶᠢᠬᠤ ᠵᠠᠷᠴᠢᠮ ᠢ ᠵᠢᠷᠣᠮᠯᠠᠵᠦ᠂ ᠦᠨᠡᠨᠴᠢ ᠰᠢᠳᠦᠷᠭᠤ ᠶᠢ ᠡᠷᠭᠢᠮᠯᠡᠨ᠂ | ᠠᠮᠠᠯᠠᠯᠳᠠ ᠪᠠᠨ ᠭᠢᠴᠢᠶᠠᠩᠭᠦ᠋ᠢᠯᠡᠨ ᠰᠠᠭᠢᠬᠤ ᠭᠡᠷᠡᠭᠳᠡᠢ᠃ | ᠨᠠᠢᠮᠠᠳᠣᠭᠠᠷ ᠵᠦᠢᠯ ᠢᠷᠭᠡᠨ ᠤ ᠭᠡᠷᠡᠭ ᠤᠨ ᠪᠡᠶᠡᠴᠢ ᠴᠣᠭᠴᠠ ᠢᠷᠭᠡᠨ ᠤ ᠭᠡᠷᠡᠭ ᠤᠨ ᠠᠵᠢᠯᠯᠠᠭ᠎ᠠ | ᠭᠢᠭᠦ ᠳᠤ᠂ ᠬᠠᠣᠯᠢ ᠴᠠᠭᠠᠵᠠ ᠠᠴᠠ ᠵᠦᠷᠢᠴᠡᠵᠦ ᠪᠣᠯᠬᠤ ᠦᠭᠡᠢ᠂ ᠨᠡᠶᠢᠲᠡ ᠶᠢᠨ ᠡᠮᠬᠢ ᠵᠢᠷᠤᠮ ᠪᠠ ᠰᠠᠶᠢᠨ ᠰᠠᠶᠢᠬᠠᠨ | ᠬᠡᠪ ᠵᠠᠩᠰᠢᠯ ᠠᠴᠠ ᠵᠦᠷᠢᠴᠡᠵᠦ ᠪᠣᠯᠬᠤ ᠦᠭᠡᠢ᠃ | ᠶᠢᠰᠦᠳᠦᠭᠡᠷ ᠵᠦᠢᠯ ᠢᠷᠭᠡᠨ ᠤ ᠭᠡᠷᠡᠭ ᠤᠨ ᠪᠡᠶᠡᠴᠢ ᠴᠣᠭᠴᠠ ᠢᠷᠭᠡᠨ ᠤ ᠭᠡᠷᠡᠭ ᠤᠨ ᠠᠵᠢᠯᠯᠠᠭ᠎ᠠ | ᠭᠢᠭᠦ ᠳᠤ᠂ ᠡᠭᠢ ᠪᠠᠶᠠᠯᠢᠭ ᠢ ᠠᠷᠪᠢᠯᠠᠬᠤ᠂ ᠠᠮᠢ ᠠᠬᠤᠢ ᠶᠢᠨ ᠣᠷᠴᠢᠨ ᠨᠦᠭᠦᠴᠡᠯ ᠢ ᠬᠠᠮᠠᠭᠠᠯᠠᠬᠤ ᠳᠤ ᠠᠰᠢᠭᠳᠠᠢ | ᠪᠠᠶᠢᠯᠭᠠᠬᠤ ᠭᠡᠷᠡᠭᠳᠡᠢ᠃ | ᠠᠷᠪᠠᠳᠣᠭᠠᠷ ᠵᠦᠢᠯ ᠢᠷᠭᠡᠨ ᠤ ᠭᠡᠷᠡᠭ ᠤᠨ ᠵᠠᠭᠤᠷᠠᠯᠳᠣᠭᠠᠨ ᠢ ᠰᠢᠢᠳᠪᠦᠷᠢᠯᠡᠭᠦ ᠳᠤ᠂ ᠬᠠᠣᠯᠢ ᠴᠠᠭᠠᠵᠠ ᠶᠢ | ᠵᠢᠷᠣᠮᠯᠠᠬᠤ ᠭᠡᠷᠡᠭᠳᠡᠢ︔ ᠬᠠᠣᠯᠢ ᠴᠠᠭᠠᠵᠠ ᠳᠤ ᠲᠣᠭᠳᠠᠭᠠᠯ ᠦᠭᠡᠢ ᠪᠣᠯ᠂ ᠲᠠᠳᠬᠠᠯ ᠶᠣᠰᠣᠭᠠᠷ ᠰᠢᠢᠳᠪᠦᠷᠢᠯᠡᠵᠦ | ᠪᠣᠯᠣᠨ᠎ᠠ᠂ ᠭᠡᠪᠡᠴᠦ ᠨᠡᠶᠢᠲᠡ ᠶᠢᠨ ᠡᠮᠬᠢ ᠵᠢᠷᠤᠮ ᠪᠠ ᠰᠠᠶᠢᠨ ᠰᠠᠶᠢᠬᠠᠨ ᠬᠡᠪ ᠵᠠᠩᠰᠢᠯ ᠠᠴᠠ ᠵᠦᠷᠢᠴᠡᠵᠦ ᠪᠣᠯᠬᠤ | ᠦᠭᠡᠢ᠃ | ᠠᠷᠪᠠᠨ ᠨᠢᠭᠡᠳᠦᠭᠡᠷ ᠵᠦᠢᠯ ᠪᠣᠰᠣᠳ ᠬᠠᠣᠯᠢ ᠴᠠᠭᠠᠵᠠ ᠳᠤ ᠢᠷᠭᠡᠨ ᠤ ᠭᠡᠷᠡᠭ ᠤᠨ ᠬᠠᠷᠢᠴᠠᠭ᠎ᠠ ᠶᠢᠨ | ᠲᠣᠬᠠᠢ ᠣᠨᠴᠠᠭᠠᠢ ᠲᠣᠭᠳᠠᠭᠠᠯ ᠲᠠᠢ ᠪᠠᠶᠢᠪᠠᠯ᠂ ᠲᠠᠷᠠ ᠲᠤᠭᠳᠠᠭᠠᠯ ᠶᠤᠰᠤᠭᠠᠷ ᠶᠠᠪᠤᠭᠤᠯᠤᠨ᠎ᠠ᠃ | ᠠᠷᠪᠠᠨ ᠬᠤᠶᠠᠳᠣᠭᠠᠷ ᠵᠦᠢᠯ ᠪᠦᠭᠦᠳᠡ ᠨᠠᠶᠢᠷᠠᠮᠳᠠᠬᠤ ᠲᠣᠮᠳᠠᠳᠦ ᠠᠷᠠᠳ ᠣᠯᠣᠰ ᠤᠨ ᠨᠣᠳᠤᠭ ᠲᠠᠪᠢᠰᠭᠡᠷ | ᠲᠡᠬᠡᠷᠡᠭᠢ ᠢᠷᠭᠡᠨ ᠤ ᠭᠡᠷᠡᠭ ᠤᠨ ᠠᠵᠢᠯᠯᠠᠭ᠎ᠠ ᠳᠤ ᠪᠦᠭᠦᠳᠡ ᠨᠠᠶᠢᠷᠠᠮᠳᠠᠬᠤ ᠲᠣᠮᠳᠠᠳᠦ ᠠᠷᠠᠳ ᠣᠯᠣᠰ ᠤᠨ ᠬᠠᠣᠯᠢ | ᠴᠠᠭᠠᠵᠠ ᠶᠢ ᠲᠤᠬᠢᠷᠠᠭᠤᠯᠤᠨ ᠭᠡᠷᠡᠭᠯᠡᠨ᠎ᠡ᠃ ᠬᠠᠣᠯᠢ ᠴᠠᠭᠠᠵᠠ ᠳᠤ ᠠᠰᠳᠠᠭᠠᠨ ᠲᠣᠭᠳᠠᠭᠠᠯ ᠲᠠᠢ ᠪᠠᠶᠢᠪᠠᠯ᠂ ᠲᠠᠷᠠ | ᠲᠤᠭᠳᠠᠭᠠᠯ ᠶᠤᠰᠤᠭᠠᠷ ᠶᠠᠪᠤᠭᠤᠯᠤᠨ᠎ᠠ᠃ | ᠬᠤᠶᠠᠳᠣᠭᠠᠷ ᠪᠦᠯᠦᠭ ᠪᠠᠶᠢᠭᠠᠯᠢ ᠭᠦᠮᠦᠨ | ᠨᠢᠭᠡᠳᠦᠭᠡᠷ ᠭᠡᠰᠡᠭ ᠢᠷᠭᠡᠨ ᠤ ᠭᠡᠷᠡᠭ ᠤᠨ ᠡᠷᠭᠡ ᠶᠢᠨ ᠴᠢᠳᠠᠪᠦᠷᠢ ᠪᠠ ᠢᠷᠭᠡᠨ ᠤ ᠭᠡᠷᠡᠭ ᠤᠨ ᠦᠢᠯᠡ | ᠠᠵᠢᠯᠯᠠᠭ᠎ᠠ ᠶᠢᠨ ᠴᠢᠳᠠᠪᠦᠷᠢ | ᠠᠷᠪᠠᠨ ᠭᠤᠷᠪᠠᠳᠣᠭᠠᠷ ᠵᠦᠢᠯ ᠪᠠᠶᠢᠭᠠᠯᠢ ᠭᠦᠮᠦᠨ ᠲᠦᠷᠦᠭᠰᠡᠨ ᠴᠠᠭ ᠠᠴᠠ ᠪᠠᠨ ᠡᠭᠢᠯᠡᠨ ᠦᠬᠦᠳᠡᠯ᠎ᠡ ᠪᠠᠨ | ᠢᠷᠭᠡᠨ ᠤ ᠬᠡᠷᠡᠭ ᠤᠨ ᠡᠷᠬᠡ ᠶᠢᠨ ᠴᠢᠳᠠᠪᠤᠷᠢ ᠲᠠᠢ ᠪᠠᠶᠢᠵᠦ᠂ ᠬᠠᠤᠯᠢ ᠶᠤᠰᠤᠭᠠᠷ ᠢᠷᠭᠡᠨ ᠤ ᠬᠡᠷᠡᠭ ᠤᠨ ᠡᠷᠬᠡ ᠶᠢ | ᠡᠳ᠋ᠯᠡᠨ᠂ ᠢᠷᠭᠡᠨ ᠤ ᠬᠡᠷᠡᠭ ᠤᠨ ᠡᠭᠦᠷᠭᠡ ᠶᠢ ᠡᠭᠦᠷᠭᠡᠯᠡᠨ᠎ᠡ᠃ | ᠠᠷᠪᠠᠨ ᠲᠦᠷᠪᠡᠳᠦᠭᠡᠷ ᠵᠦᠢᠯ ᠪᠠᠶᠢᠭᠠᠯᠢ ᠭᠦᠮᠦᠨ ᠤ ᠢᠷᠭᠡᠨ ᠤ ᠭᠡᠷᠡᠭ ᠤᠨ ᠡᠷᠭᠡ ᠶᠢᠨ ᠴᠢᠳᠠᠪᠦᠷᠢ ᠴᠦᠮ | ᠠᠳᠠᠯᠢ ᠲᠡᠭᠰᠢ᠃ | ᠠᠷᠪᠠᠨ ᠲᠠᠪᠣᠳᠣᠭᠠᠷ ᠵᠦᠢᠯ ᠪᠠᠶᠢᠭᠠᠯᠢ ᠭᠦᠮᠦᠨ ᠤ ᠲᠦᠷᠦᠭᠰᠡᠨ ᠴᠠᠭ ᠪᠠ ᠦᠭᠦᠭᠰᠡᠨ ᠴᠠᠭ ᠢ | ᠲᠥᠷᠦᠭᠰᠡᠨ ᠭᠡᠷᠡᠴᠢ᠂ ᠦᠭᠦᠭᠰᠡᠨ ᠭᠡᠷᠡᠴᠢ ᠲᠡᠭᠡᠷ᠎ᠡ ᠲᠡᠮᠳᠡᠭᠯᠡᠭᠰᠡᠨ ᠴᠠᠭ ᠢᠶᠠᠷ ᠪᠠᠷᠢᠮᠵᠢᠶ᠎ᠡ ᠪᠣᠯᠭᠠᠨ᠎ᠠ︔ ᠲᠥᠷᠦᠭᠰᠡᠨ | ᠭᠡᠷᠡᠴᠢ᠂ ᠦᠭᠦᠭᠰᠡᠨ ᠭᠡᠷᠡᠴᠢ ᠦᠭᠡᠢ ᠪᠣᠯ᠂ ᠡᠷᠦᠭᠡ ᠠᠮᠠ ᠶᠢᠨ ᠲᠠᠩᠰᠠᠯᠠᠯᠳᠠ ᠪᠣᠶᠣ ᠪᠣᠰᠣᠳ ᠭᠦᠴᠦᠨ ᠪᠦᠭᠦᠢ | ᠪᠡᠶ᠎ᠡ ᠭᠡᠮ ᠤᠨ ᠲᠠᠩᠰᠠᠯᠠᠯᠳᠠ ᠳᠤ ᠲᠡᠮᠳᠡᠭᠯᠡᠭᠰᠡᠨ ᠴᠠᠭ ᠢᠶᠠᠷ ᠪᠠᠷᠢᠮᠵᠢᠶ᠎ᠠ ᠪᠣᠯᠭᠠᠨ᠎ᠠ᠃ ᠲᠡᠭᠡᠷᠡᠭᠢ ᠲᠡᠮᠳᠡᠭᠯᠡᠭᠰᠡᠨ | ᠴᠠᠭ ᠢ ᠦᠭᠡᠶᠢᠰᠭᠡᠵᠦ ᠲᠠᠶᠢᠯᠭᠦ ᠪᠣᠰᠣᠳ ᠭᠡᠷᠡᠴᠢ ᠪᠠᠷᠢᠮᠳᠠ ᠲᠠᠢ ᠪᠣᠯ᠂ ᠲᠣᠰ ᠭᠡᠷᠡᠴᠢ ᠪᠠᠷᠢᠮᠳᠠ ᠶᠢᠨ ᠭᠡᠷᠡᠴᠢᠯᠡᠭᠰᠡᠨ | ᠴᠠᠭ ᠢᠶᠠᠷ ᠪᠠᠷᠢᠮᠵᠢᠶ᠎ᠡ ᠪᠣᠯᠭᠠᠨ᠎ᠠ᠃ | ᠠᠷᠪᠠᠨ ᠵᠢᠷᠭᠤᠳᠣᠭᠠᠷ ᠵᠦᠢᠯ ᠦᠪ ᠭᠦᠷᠦᠩᠭᠡ ᠵᠠᠯᠭᠠᠮᠵᠢᠯᠠᠬᠤ᠂ ᠪᠡᠯᠡᠭᠯᠡᠨ ᠭᠦᠷᠭᠡᠯᠳᠠ ᠶᠢ ᠭᠦᠯᠢᠶᠡᠵᠦ | ᠠᠪᠬᠤ ᠵᠡᠷᠭᠡ ᠪᠠᠷ ᠬᠥᠪᠤᠷᠡᠯ ᠬᠡᠤᠬᠡᠳ ᠤᠨ ᠠᠰᠢᠭ ᠲᠣᠰᠠ ᠶᠢ ᠬᠠᠮᠠᠭᠠᠯᠠᠬᠤ ᠳᠤ ᠬᠤᠯᠪᠣᠭᠳᠠᠪᠠᠯ᠂ ᠬᠥᠪᠤᠷᠡᠯ | ᠭᠡᠦᠭᠡᠳ ᠢ ᠢᠷᠭᠡᠨ ᠤ ᠭᠡᠷᠡᠭ ᠤᠨ ᠡᠷᠭᠡ ᠶᠢᠨ ᠴᠢᠳᠠᠪᠦᠷᠢ ᠲᠠᠢ ᠪᠠᠷ ᠦᠵᠡᠨ᠎ᠡ︔ ᠭᠡᠪᠡᠴᠦ ᠬᠥᠪᠤᠷᠡᠯ ᠬᠡᠤᠬᠡᠳ ᠨᠢ | ᠬᠥᠡᠭᠭᠡᠵᠢᠵᠤ ᠭᠠᠷᠴᠦ ᠢᠷᠡᠭᠦ ᠦᠶ᠎ᠡ ᠳᠡᠭᠡᠨ ᠦᠬᠦᠭᠰᠡᠨ ᠬᠡᠤᠬᠡᠢ ᠪᠠᠶᠢᠪᠠᠯ᠂ ᠲᠡᠭᠦᠨ ᠤ ᠢᠷᠭᠡᠨ ᠤ ᠭᠡᠷᠡᠭ ᠤᠨ | ᠡᠷᠭᠡ ᠶᠢᠨ ᠴᠢᠳᠠᠪᠦᠷᠢ ᠡᠬᠢᠨ ᠠᠴᠠ ᠪᠠᠨ ᠠᠪᠤᠭᠠᠳ ᠤᠷᠤᠰᠢᠬᠤ ᠦᠭᠡᠢ᠃ | ᠠᠷᠪᠠᠨ ᠲᠣᠯᠣᠳᠣᠭᠠᠷ ᠵᠦᠢᠯ ᠪᠦᠭᠦᠯᠢ ᠠᠷᠪᠠᠨ ᠨᠠᠢᠮᠠᠨ ᠨᠠᠰᠦᠨ ᠠᠴᠠ ᠲᠡᠭᠡᠭᠰᠢᠭᠢ ᠪᠠᠶᠢᠭᠠᠯᠢ ᠭᠦᠮᠦᠨ | ᠪᠣᠯ ᠨᠠᠰᠦᠨ ᠳᠤ ᠭᠦᠷᠦᠭᠰᠡᠳ ᠮᠦᠨ᠃ ᠪᠦᠭᠦᠯᠢ ᠠᠷᠪᠠᠨ ᠨᠠᠢᠮᠠᠨ ᠨᠠᠰᠦ ᠭᠦᠷᠦᠭᠡᠳᠦᠢ ᠪᠠᠶᠢᠭᠠᠯᠢ ᠭᠦᠮᠦᠨ ᠪᠣᠯ | ᠨᠠᠰᠦᠨ ᠳᠤ ᠦᠯᠦ ᠭᠦᠷᠦᠭᠰᠡᠳ ᠮᠦᠨ᠃ | ᠠᠷᠪᠠᠨ ᠨᠠᠢᠮᠠᠳᠣᠭᠠᠷ ᠵᠦᠢᠯ ᠨᠠᠰᠦᠨ ᠳᠤ ᠭᠦᠷᠦᠭᠰᠡᠳ ᠪᠣᠯ ᠢᠷᠭᠡᠨ ᠤ ᠬᠡᠷᠡᠭ ᠤᠨ ᠦᠢᠯᠡ | ᠠᠵᠢᠯᠯᠠᠭ᠎ᠠ ᠶᠢᠨ ᠪᠦᠷᠢᠨ ᠴᠢᠳᠠᠪᠤᠷᠢ ᠲᠠᠢ ᠬᠦᠮᠦᠨ ᠮᠦᠨ᠂ ᠢᠷᠭᠡᠨ ᠤ ᠭᠡᠷᠡᠭ ᠤᠨ ᠬᠠᠣᠯᠢ ᠴᠠᠭᠠᠵᠠ ᠶᠢᠨ ᠦᠢᠯᠡ | ᠠᠵᠢᠯᠯᠠᠭ᠎ᠠ ᠶᠢ ᠪᠡᠶ᠎ᠡ ᠪᠠᠨ ᠲᠠᠭᠠᠭᠠᠵᠦ ᠭᠢᠵᠦ ᠪᠣᠯᠣᠨ᠎ᠠ᠃ | ᠪᠦᠭᠦᠯᠢ ᠠᠷᠪᠠᠨ ᠵᠢᠷᠭᠤᠭᠠᠨ ᠨᠠᠰᠦᠨ ᠠᠴᠠ ᠲᠡᠭᠡᠭᠰᠢᠭᠢ ᠨᠠᠰᠦᠨ ᠳᠤ ᠦᠯᠦ ᠭᠦᠷᠦᠭᠰᠡᠳ ᠦᠪᠠᠷ ᠤᠨ | ᠭᠦᠳᠡᠯᠮᠦᠷᠢ ᠶᠢᠨ ᠣᠷᠣᠯᠭ᠎ᠠ ᠪᠠᠷ ᠢᠶᠠᠨ ᠠᠮᠢᠳᠣᠷᠠᠯ ᠤᠨ ᠢᠶᠠᠨ ᠭᠤᠣᠯ ᠢᠷᠡᠯᠳᠡ ᠪᠣᠯᠭᠠᠵᠦ ᠪᠠᠶᠢᠪᠠᠯ᠂ ᠲᠡᠭᠦᠨ ᠢ | ᠢᠷᠭᠡᠨ ᠤ ᠬᠡᠷᠡᠭ ᠤᠨ ᠦᠢᠯᠡ ᠠᠵᠢᠯᠯᠠᠭ᠎ᠠ ᠶᠢᠨ ᠪᠦᠷᠢᠨ ᠴᠢᠳᠠᠪᠤᠷᠢ ᠲᠠᠢ ᠬᠦᠮᠦᠨ ᠢᠶᠠᠷ ᠦᠵᠡᠨ᠎ᠡ᠃ | ᠠᠷᠪᠠ ᠶᠢᠰᠦᠳᠦᠭᠡᠷ ᠵᠦᠢᠯ ᠪᠦᠭᠦᠯᠢ ᠨᠠᠢᠮᠠᠨ ᠨᠠᠰᠦᠨ ᠠᠴᠠ ᠲᠡᠭᠡᠭᠰᠢᠭᠢ ᠨᠠᠰᠦᠨ ᠳᠤ ᠦᠯᠦ ᠭᠦᠷᠦᠭᠰᠡᠳ | ᠪᠣᠯ ᠢᠷᠭᠡᠠ ᠤ ᠭᠡᠷᠡᠭ ᠤᠨ ᠦᠢᠯᠡ ᠠᠵᠢᠯᠯᠠᠭ᠎ᠠ ᠶᠢᠨ ᠴᠢᠳᠡᠪᠤᠷᠢ ᠨᠢ ᠬᠢᠵᠡᠭᠠᠷᠳᠡᠢ ᠬᠦᠮᠦᠠ ᠮᠦᠨ᠂ ᠢᠷᠭᠡᠨ ᠤ | ᠭᠡᠷᠡᠭ ᠤᠨ ᠬᠠᠣᠯᠢ ᠴᠠᠭᠠᠵᠠ ᠶᠢᠨ ᠦᠢᠯᠡ ᠠᠵᠢᠯᠯᠠᠭ᠎ᠠ ᠭᠢᠭᠦ ᠳᠤ ᠬᠠᠣᠯᠢ ᠪᠠᠷ ᠲᠣᠭᠳᠠᠭᠠᠭᠰᠠᠨ ᠣᠷᠣᠯᠠᠭᠴᠢ ᠨᠢ | ᠣᠷᠣᠯᠠᠵᠦ ᠭᠢᠭᠦ ᠪᠣᠶᠣ ᠡᠰᠡᠬᠦᠯ᠎ᠡ ᠬᠠᠣᠯᠢ ᠪᠠᠷ ᠲᠣᠭᠳᠠᠭᠠᠭᠰᠠᠨ ᠣᠷᠣᠯᠠᠭᠴᠢ ᠪᠠᠷ ᠨᠢ ᠵᠦᠪᠰᠢᠶᠡᠷᠡᠭᠦᠯᠭᠦ ᠪᠤᠶᠤ | ᠨᠡᠬᠡᠮᠵᠢᠯᠡᠨ ᠵᠦᠪᠰᠢᠶᠡᠷᠡᠭᠦᠯᠦᠨ᠎ᠡ︔ ᠭᠡᠪᠡᠴᠦ ᠴᠤᠯ ᠠᠰᠢᠬ ᠲᠤᠰᠠ ᠤᠯᠬᠤ ᠢᠷᠭᠡᠨ ᠤ ᠭᠡᠷᠡᠭ ᠤᠨ ᠬᠠᠣᠯᠢ | ᠴᠠᠭᠠᠵᠠ ᠶᠢᠨ ᠦᠢᠯᠡ ᠠᠵᠢᠯᠯᠠᠭ᠎ᠠ ᠪᠣᠶᠣ ᠨᠠᠰᠦ ᠵᠢᠯ᠂ ᠣᠶᠣᠨ ᠴᠢᠳᠠᠪᠤᠷᠢ ᠲᠠᠢ ᠨᠢ ᠵᠣᠭᠢᠴᠠᠭᠰᠠᠨ ᠢᠷᠭᠡᠨ ᠤ | ᠭᠡᠷᠡᠭ ᠤᠨ ᠬᠠᠣᠯᠢ ᠴᠠᠭᠠᠵᠠ ᠶᠢᠨ ᠦᠢᠯᠡ ᠠᠵᠢᠯᠯᠠᠭ᠎ᠠ ᠶᠢ ᠪᠡᠶ᠎ᠡ ᠪᠠᠨ ᠲᠠᠭᠠᠭᠠᠵᠦ ᠭᠢᠵᠦ ᠪᠣᠯᠣᠨ᠎ᠠ᠃ | ᠬᠤᠷᠢᠳᠣᠭᠠᠷ ᠵᠦᠢᠯ ᠪᠦᠭᠦᠯᠢ ᠨᠠᠢᠮᠡᠨ ᠨᠠᠰᠦ ᠭᠦᠷᠦᠭᠡᠳᠦᠢ ᠨᠠᠰᠦᠨ ᠳᠤ ᠦᠯᠦ ᠭᠦᠷᠦᠭᠰᠡᠳ ᠪᠣᠯ | ᠢᠷᠭᠡᠠ ᠤ ᠭᠡᠷᠡᠭ ᠤᠨ ᠦᠢᠯᠡ ᠠᠵᠢᠯᠯᠠᠭ᠎ᠠ ᠶᠢᠨ ᠴᠢᠳᠡᠪᠤᠷᠢ ᠦᠭᠡᠢ ᠭᠦᠮᠦᠨ ᠮᠦᠨ᠂ ᠬᠠᠣᠯᠢ ᠪᠠᠷ ᠲᠣᠭᠳᠠᠭᠠᠭᠰᠠᠨ | ᠣᠷᠣᠯᠠᠭᠴᠢ ᠨᠢ ᠢᠷᠭᠡᠨ ᠤ ᠭᠡᠷᠡᠭ ᠤᠨ ᠬᠠᠣᠯᠢ ᠴᠠᠭᠠᠵᠠ ᠶᠢᠨ ᠦᠢᠯᠡ ᠠᠵᠢᠯᠯᠠᠭ᠎ᠠ ᠶᠢ ᠨᠢ ᠣᠷᠣᠯᠠᠵᠦ ᠭᠢᠨ᠎ᠠ᠃ | ᠬᠤᠷᠢᠨ ᠨᠢᠭᠡᠳᠦᠭᠡᠷ ᠵᠦᠢᠯ ᠦᠪᠡᠷ ᠤᠨ ᠦᠢᠯᠡ ᠠᠵᠢᠯᠯᠠᠭ᠎ᠠ ᠪᠠᠨ ᠢᠯᠭᠠᠨ ᠲᠠᠨᠢᠵᠤ ᠴᠢᠳᠠᠬᠤ ᠦᠭᠡᠢ | ᠨᠠᠰᠦᠨ ᠳᠤ ᠭᠦᠷᠦᠭᠰᠡᠳ ᠪᠣᠯ ᠢᠷᠭᠡᠠ ᠤ ᠭᠡᠷᠡᠭ ᠤᠨ ᠦᠢᠯᠡ ᠠᠵᠢᠯᠯᠠᠭ᠎ᠠ ᠶᠢᠨ ᠴᠢᠳᠡᠪᠤᠷᠢ ᠦᠭᠡᠢ ᠭᠦᠮᠦᠨ ᠮᠦᠨ᠂ | ᠬᠠᠣᠯᠢ ᠪᠠᠷ ᠲᠣᠭᠳᠠᠭᠠᠭᠰᠠᠨ ᠣᠷᠣᠯᠠᠭᠴᠢ ᠨᠢ ᠢᠷᠭᠡᠨ ᠤ ᠭᠡᠷᠡᠭ ᠤᠨ ᠬᠠᠣᠯᠢ ᠴᠠᠭᠠᠵᠠ ᠶᠢᠨ ᠦᠢᠯᠡ | ᠠᠵᠢᠯᠯᠠᠭ᠎ᠠ ᠶᠢ ᠨᠢ ᠣᠷᠣᠯᠠᠵᠦ ᠭᠢᠨ᠎ᠠ᠃ | ᠪᠦᠭᠦᠯᠢ ᠨᠠᠢᠮᠠᠨ ᠨᠠᠰᠦᠨ ᠠᠴᠠ ᠲᠡᠭᠡᠭᠰᠢᠭᠢ ᠨᠠᠰᠦᠨ ᠳᠤ ᠦᠯᠦ ᠭᠦᠷᠦᠭᠰᠡᠳ ᠦᠪᠡᠷ ᠤᠨ ᠦᠢᠯᠡ | ᠠᠵᠢᠯᠯᠠᠭ᠎ᠠ ᠪᠠᠨ ᠢᠯᠭᠠᠨ ᠲᠠᠨᠢᠵᠤ ᠴᠢᠳᠠᠬᠤ ᠦᠭᠡᠢ ᠪᠠᠶᠢᠪᠠᠯ᠂ ᠡᠮᠦᠨᠡᠭᠢ ᠪᠠᠳᠠᠭ ᠤᠨ ᠲᠣᠭᠳᠠᠭᠠᠯ ᠢ ᠲᠤᠬᠢᠷᠠᠭᠤᠯᠤᠨ | ᠭᠡᠷᠡᠭᠯᠡᠨ᠎ᠡ᠃ | ᠬᠤᠷᠢᠨ ᠬᠤᠶᠠᠳᠣᠭᠠᠷ ᠵᠦᠢᠯ ᠦᠪᠡᠷ ᠤᠨ ᠦᠢᠯᠡ ᠠᠵᠢᠯᠯᠠᠭ᠎ᠠ ᠪᠠᠨ ᠪᠦᠷᠢᠨ ᠢᠯᠭᠠᠨ ᠲᠠᠨᠢᠵᠤ ᠴᠢᠳᠠᠬᠤ | ᠦᠭᠡᠢ ᠨᠠᠰᠦᠨ ᠳᠤ ᠭᠦᠷᠦᠭᠰᠡᠳ ᠪᠣᠯ ᠢᠷᠭᠡᠠ ᠤ ᠭᠡᠷᠡᠭ ᠤᠨ ᠦᠢᠯᠡ ᠠᠵᠢᠯᠯᠠᠭ᠎ᠠ ᠶᠢᠨ ᠴᠢᠳᠡᠪᠤᠷᠢ ᠨᠢ ᠬᠢᠵᠡᠭᠠᠷᠳᠡᠢ | ᠬᠦᠮᠦᠠ ᠮᠦᠨ᠂ ᠢᠷᠭᠡᠨ ᠤ ᠭᠡᠷᠡᠭ ᠤᠨ ᠬᠠᠣᠯᠢ ᠴᠠᠭᠠᠵᠠ ᠶᠢᠨ ᠦᠢᠯᠡ ᠠᠵᠢᠯᠯᠠᠭ᠎ᠠ ᠭᠢᠭᠦ ᠳᠤ ᠬᠠᠣᠯᠢ ᠪᠠᠷ | ᠲᠣᠭᠳᠠᠭᠠᠭᠰᠠᠨ ᠣᠷᠣᠯᠠᠭᠴᠢ ᠨᠢ ᠣᠷᠣᠯᠠᠵᠦ ᠭᠢᠭᠦ ᠪᠣᠶᠣ ᠡᠰᠡᠬᠦᠯ᠎ᠡ ᠬᠠᠣᠯᠢ ᠪᠠᠷ ᠲᠣᠭᠳᠠᠭᠠᠭᠰᠠᠨ | ᠣᠷᠣᠯᠠᠭᠴᠢ ᠪᠠᠷ ᠨᠢ ᠵᠦᠪᠰᠢᠶᠡᠷᠡᠭᠦᠯᠭᠦ ᠪᠤᠶᠤ ᠨᠡᠬᠡᠮᠵᠢᠯᠡᠨ ᠵᠦᠪᠰᠢᠶᠡᠷᠡᠭᠦᠯᠦᠨ᠎ᠡ︔ ᠭᠡᠪᠡᠴᠦ ᠴᠤᠯ ᠠᠰᠢᠬ ᠲᠤᠰᠠ | ᠤᠯᠬᠤ ᠢᠷᠭᠡᠨ ᠤ ᠭᠡᠷᠡᠭ ᠤᠨ ᠬᠠᠣᠯᠢ ᠴᠠᠭᠠᠵᠠ ᠶᠢᠨ ᠦᠢᠯᠡ ᠠᠵᠢᠯᠯᠠᠭ᠎ᠠ ᠪᠣᠶᠣ ᠣᠶᠣᠨ ᠴᠢᠳᠠᠪᠤᠷᠢ᠂ ᠣᠶᠣᠨ ᠤ | ᠡᠷᠡᠭᠦᠯ ᠮᠡᠨᠳᠦ ᠶᠢᠨ ᠪᠠᠶᠢᠳᠠᠯ ᠲᠠᠢ ᠨᠢ ᠵᠣᠭᠢᠴᠠᠭᠰᠠᠨ ᠢᠷᠭᠡᠨ ᠤ ᠭᠡᠷᠡᠭ ᠤᠨ ᠬᠠᠣᠯᠢ ᠴᠠᠭᠠᠵᠠ ᠶᠢᠨ ᠦᠢᠯᠡ | ᠠᠵᠢᠯᠯᠠᠭ᠎ᠠ ᠶᠢ ᠪᠡᠶ᠎ᠡ ᠪᠠᠨ ᠲᠠᠭᠠᠭᠠᠵᠦ ᠭᠢᠵᠦ ᠪᠣᠯᠣᠨ᠎ᠠ᠃ | ᠬᠤᠷᠢᠨ ᠭᠤᠷᠪᠠᠳᠣᠭᠠᠷ ᠵᠦᠢᠯ ᠢᠷᠭᠡᠠ ᠤ ᠭᠡᠷᠡᠭ ᠤᠨ ᠦᠢᠯᠡ ᠠᠵᠢᠯᠯᠠᠭ᠎ᠠ ᠶᠢᠨ ᠴᠢᠳᠡᠪᠤᠷᠢ ᠦᠭᠡᠢ | ᠭᠦᠮᠦᠨ᠂ ᠢᠷᠭᠡᠠ ᠤ ᠭᠡᠷᠡᠭ ᠤᠨ ᠦᠢᠯᠡ ᠠᠵᠢᠯᠯᠠᠭ᠎ᠠ ᠶᠢᠨ ᠴᠢᠳᠡᠪᠤᠷᠢ ᠨᠢ ᠬᠢᠵᠡᠭᠠᠷᠳᠡᠢ ᠬᠦᠮᠦᠠ ᠤ ᠭᠢᠨᠠᠨ | ᠬᠠᠮᠠᠭᠠᠯᠠᠭᠴᠢ ᠪᠤᠯ ᠲᠡᠭᠦᠨ ᠤ ᠬᠠᠣᠯᠢ ᠪᠠᠷ ᠲᠣᠭᠳᠠᠭᠠᠭᠰᠠᠨ ᠣᠷᠣᠯᠠᠭᠴᠢ ᠮᠦᠨ᠃ | ᠬᠤᠷᠢᠨ ᠲᠦᠷᠪᠡᠳᠦᠭᠡᠷ ᠵᠦᠢᠯ ᠦᠪᠡᠷ ᠤᠨ ᠦᠢᠯᠡ ᠠᠵᠢᠯᠯᠠᠭ᠎ᠠ ᠪᠠᠨ ᠢᠯᠭᠠᠨ ᠲᠠᠨᠢᠵᠤ ᠴᠢᠳᠠᠬᠤ ᠦᠭᠡᠢ | ᠪᠣᠶᠣ ᠪᠦᠷᠢᠨ ᠢᠯᠭᠠᠨ ᠲᠠᠨᠢᠵᠤ ᠴᠢᠳᠠᠬᠤ ᠦᠭᠡᠢ ᠨᠠᠰᠦᠨ ᠳᠤ ᠭᠦᠷᠦᠭᠰᠡᠨ ᠬᠥᠮᠥᠨ ᠤ ᠠᠰᠢᠭ ᠬᠤᠣᠷ ᠤᠨ | ᠬᠠᠷᠢᠴᠠᠭ᠎ᠠ ᠲᠠᠢ ᠭᠦᠮᠦᠨ ᠪᠣᠶᠣ ᠬᠤᠯᠪᠣᠭᠳᠠᠯ ᠪᠦᠭᠦᠢ ᠵᠣᠭᠢᠶᠠᠨ ᠪᠠᠶᠢᠭᠤᠯᠣᠯᠳᠠ ᠠᠷᠠᠳ ᠤᠨ ᠰᠢᠭᠦᠭᠦ ᠬᠤᠷᠢᠶ᠎ᠠ ᠳᠤ | ᠲᠣᠰ ᠨᠠᠰᠦᠨ ᠳᠤ ᠭᠦᠷᠦᠭᠰᠡᠨ ᠬᠥᠮᠥᠨ ᠤ ᠢᠷᠭᠡᠠ ᠤ ᠭᠡᠷᠡᠭ ᠤᠨ ᠦᠢᠯᠡ ᠠᠵᠢᠯᠯᠠᠭ᠎ᠠ ᠶᠢᠨ ᠴᠢᠳᠡᠪᠤᠷᠢ ᠦᠭᠡᠢ | ᠭᠦᠮᠦᠨ ᠪᠣᠶᠣ ᠢᠷᠭᠡᠠ ᠤ ᠭᠡᠷᠡᠭ ᠤᠨ ᠦᠢᠯᠡ ᠠᠵᠢᠯᠯᠠᠭ᠎ᠠ ᠶᠢᠨ ᠴᠢᠳᠡᠪᠤᠷᠢ ᠨᠢ ᠬᠢᠵᠡᠭᠠᠷᠳᠡᠢ ᠬᠦᠮᠦᠠ ᠢᠶᠠᠷ | ᠮᠠᠭᠠᠳᠯᠠᠨ ᠲᠣᠭᠳᠠᠭᠠᠯᠭᠠᠬᠤ ᠪᠠᠷ ᠭᠤᠶᠣᠴᠢᠯᠠᠵᠦ ᠪᠣᠯᠣᠨ᠎ᠠ᠃ | ᠠᠷᠠᠳ ᠤᠨ ᠰᠢᠭᠦᠭᠦ ᠬᠤᠷᠢᠶ᠎ᠠ ᠳᠤ ᠢᠷᠭᠡᠠ ᠤ ᠭᠡᠷᠡᠭ ᠤᠨ ᠦᠢᠯᠡ ᠠᠵᠢᠯᠯᠠᠭ᠎ᠠ ᠶᠢᠨ ᠴᠢᠳᠡᠪᠤᠷᠢ ᠦᠭᠡᠢ | ᠭᠦᠮᠦᠨ ᠪᠣᠶᠣ ᠢᠷᠭᠡᠠ ᠤ ᠭᠡᠷᠡᠭ ᠤᠨ ᠦᠢᠯᠡ ᠠᠵᠢᠯᠯᠠᠭ᠎ᠠ ᠶᠢᠨ ᠴᠢᠳᠡᠪᠤᠷᠢ ᠨᠢ ᠬᠢᠵᠡᠭᠠᠷᠳᠡᠢ ᠬᠦᠮᠦᠠ ᠢᠶᠠᠷ | ᠮᠠᠭᠠᠳᠯᠠᠨ ᠲᠣᠭᠳᠠᠭᠠᠭᠳᠠᠭᠰᠠᠨ ᠪᠠᠶᠢᠪᠠᠯ᠂ ᠲᠣᠰ ᠭᠦᠮᠦᠨ᠂ ᠠᠰᠢᠭ ᠬᠤᠣᠷ ᠤᠨ ᠬᠠᠷᠢᠴᠠᠭ᠎ᠠ ᠲᠠᠢ ᠭᠦᠮᠦᠨ ᠪᠣᠶᠣ | ᠬᠤᠯᠪᠣᠭᠳᠠᠯ ᠪᠦᠭᠦᠢ ᠵᠣᠭᠢᠶᠠᠨ ᠪᠠᠶᠢᠭᠤᠯᠣᠯᠳᠠ ᠶᠢᠨ ᠭᠤᠶᠣᠴᠢᠯᠠᠯ ᠢᠶᠠᠷ ᠲᠠᠮᠵᠢᠨ᠂ ᠠᠷᠠᠳ ᠤᠨ ᠰᠢᠭᠦᠭᠦ ᠬᠤᠷᠢᠶ᠎ᠠ | ᠲᠡᠭᠦᠨ ᠤ ᠣᠶᠣᠨ ᠴᠢᠳᠠᠪᠤᠷᠢ᠂ ᠣᠶᠣᠨ ᠤ ᠡᠷᠡᠭᠦᠯ ᠮᠠᠨᠳᠦ ᠶᠢᠨ ᠵᠠᠰᠠᠷᠠᠨ ᠰᠡᠷᠬᠦᠭᠰᠡᠨ ᠪᠠᠶᠢᠳᠠᠯ ᠢ ᠦᠨᠳᠦᠰᠦᠯᠡᠨ᠂ | ᠲᠣᠰ ᠨᠠᠰᠦᠨ ᠳᠤ ᠭᠦᠷᠦᠭᠰᠡᠨ ᠬᠦᠮᠦᠨ ᠢ ᠢᠷᠭᠡᠠ ᠤ ᠭᠡᠷᠡᠭ ᠤᠨ ᠦᠢᠯᠡ ᠠᠵᠢᠯᠯᠠᠭ᠎ᠠ ᠶᠢᠨ ᠴᠢᠳᠡᠪᠤᠷᠢ ᠨᠢ | ᠬᠢᠵᠡᠭᠠᠷᠳᠡᠢ ᠬᠦᠮᠦᠠ ᠪᠣᠶᠣ ᠢᠷᠭᠡᠨ ᠤ ᠬᠡᠷᠡᠭ ᠤᠨ ᠦᠢᠯᠡ ᠠᠵᠢᠯᠯᠠᠭ᠎ᠠ ᠶᠢᠨ ᠪᠦᠷᠢᠨ ᠴᠢᠳᠠᠪᠤᠷᠢ ᠲᠠᠢ ᠬᠦᠮᠦᠨ | ᠪᠣᠯᠵᠦ ᠰᠡᠷᠭᠦᠭᠰᠡᠨ ᠢᠶᠠᠷ ᠮᠠᠭᠠᠳᠯᠠᠨ ᠲᠣᠭᠳᠠᠭᠠᠵᠦ ᠪᠣᠯᠣᠨ᠎ᠠ᠃ | ᠲᠣᠰ ᠵᠦᠢᠯ ᠳᠤ ᠲᠣᠭᠳᠠᠭᠠᠭᠰᠠᠨ ᠬᠤᠯᠪᠣᠭᠳᠠᠯ ᠪᠦᠭᠦᠢ ᠵᠣᠭᠢᠶᠠᠨ ᠪᠠᠶᠢᠭᠤᠯᠣᠯᠳᠠ ᠳᠤ ᠰᠠᠭᠤᠭᠠᠯᠢ | ᠠᠷᠠᠳ ᠤᠨ ᠵᠦᠪᠯᠡᠯ᠂ ᠲᠤᠰᠬᠤᠨ ᠤ ᠠᠷᠠᠳ ᠤᠨ ᠵᠦᠪᠯᠡᠯ᠂ ᠰᠣᠷᠭᠠᠭᠤᠯᠢ᠂ ᠡᠮᠨᠡᠯᠭᠡ ᠶᠢᠨ ᠪᠠᠶᠢᠭᠤᠯᠣᠮᠵᠢ᠂ | ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠵᠡᠮᠲᠡᠭᠴᠦᠳ ᠤᠨ ᠬᠤᠯᠪᠣᠭᠠᠲᠤ ᠬᠤᠷᠠᠯ᠂ ᠬᠠᠣᠯᠢ ᠶᠣᠰᠣᠭᠠᠷ | ᠪᠠᠶᠢᠭᠤᠯᠣᠭᠰᠠᠨ ᠨᠠᠰᠦᠳᠠᠶᠢᠴᠣᠳ ᠤᠨ ᠵᠣᠭᠢᠶᠠᠨ ᠪᠠᠶᠢᠭᠤᠯᠣᠯᠳᠠ᠂ ᠠᠷᠠᠳ ᠤᠨ ᠶᠠᠪᠣᠳᠠᠯ ᠤᠨ ᠰᠠᠯᠠᠭ᠎ᠠ ᠮᠦᠴᠢᠷ | ᠵᠡᠷᠭᠡ ᠪᠠᠭᠳᠠᠨ᠎ᠠ᠃ | ᠬᠤᠷᠢᠨ ᠲᠠᠪᠣᠳᠣᠭᠠᠷ ᠵᠦᠢᠯ ᠪᠠᠶᠢᠭᠠᠯᠢ ᠭᠦᠮᠦᠨ ᠡᠷᠦᠭᠡ ᠠᠮᠠ ᠶᠢᠨ ᠲᠠᠩᠰᠠᠯᠠᠯᠳᠠ ᠪᠣᠶᠣ ᠪᠣᠰᠣᠳ | ᠭᠦᠴᠦᠨ ᠪᠦᠭᠦᠢ ᠪᠡᠶ᠎ᠡ ᠭᠡᠮ ᠤᠨ ᠲᠠᠩᠰᠠᠯᠠᠯᠳᠠ ᠳᠤ ᠲᠡᠮᠳᠡᠭᠯᠡᠭᠰᠡᠨ ᠰᠠᠭᠤᠬᠤ ᠭᠠᠵᠠᠷ ᠢᠶᠠᠷ ᠣᠷᠣᠨ ᠰᠠᠭᠤᠴᠠ | ᠪᠣᠯᠭᠠᠨ᠎ᠠ︔ ᠪᠠᠶᠢᠡᠭᠭᠤ ᠰᠠᠭᠤᠬᠤ ᠭᠠᠵᠠᠷ ᠪᠣᠯᠣᠨ ᠣᠷᠣᠨ ᠰᠠᠭᠤᠴᠠ ᠨᠢ ᠨᠢᠭᠡ ᠪᠢᠰᠢ ᠪᠣᠯ᠂ ᠪᠠᠶᠢᠡᠭᠭᠤ ᠰᠠᠭᠤᠬᠤ | ᠭᠠᠵᠠᠷ ᠢ ᠨᠢ ᠣᠷᠣᠨ ᠰᠠᠭᠤᠴᠠ ᠪᠠᠷ ᠦᠵᠡᠨ᠎ᠡ᠃ | ︵ᠦᠷᠬᠦᠯᠵᠢᠯᠡᠯ ᠪᠤᠢ︶ |