ᠣᠶᠢᠷ᠎ᠠ ᠳᠤ ᠂ ᠬᠢᠯᠢ ᠶᠢᠨ ᠭᠠᠳᠠᠨᠠᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ | ᠲᠦᠷᠭᠡᠨ ᠳᠠᠷᠬᠠᠬᠤ ᠪᠠᠶᠢᠳᠠᠯ ᠢᠯᠡᠷᠡᠨ᠂ ᠨᠢᠭᠡ ᠪᠥᠯᠥᠭ ᠤᠯᠤᠰ ᠲᠤ ᠨᠢᠭᠡᠨᠲᠡ ᠬᠤᠶᠠᠳᠤᠭᠠᠷ ᠣᠳᠠᠭᠠᠨ ᠤ | ᠬᠢᠵᠢᠭ ᠤᠨ ᠪᠠᠶᠢᠳᠠᠯ ᠭᠠᠷᠴᠤ᠂ ᠤᠯᠤᠰ ᠤᠨ ᠳᠣᠲᠣᠭᠠᠳᠤ ᠳᠤ ᠰᠢᠨᠵᠢᠶᠠᠩ᠂ ᠲᠢᠶᠠᠨᠵᠢᠨ᠂ ᠱᠠᠩᠬᠠᠶ᠂ ᠠᠨᠾᠦ᠋ᠢ | ᠵᠡᠷᠭᠡ ᠭᠠᠵᠠᠷ ᠲᠤ ᠳᠣᠬᠠᠢ ᠶᠢᠨ ᠭᠠᠵᠠᠷ ᠤᠨ ᠡᠪᠡᠳᠴᠢᠨ ᠤ ᠵᠢᠱᠢᠶ᠎ᠡ ᠨᠡᠮᠡᠭᠳᠡᠭᠰᠡᠨ ᠢ ᠵᠠᠯᠭᠠᠭ᠎ᠠ ᠪᠠᠷ ᠵᠠᠷᠯᠠᠨ | ᠮᠡᠳᠡᠭᠳᠡᠪᠡ᠃ ︽ ᠭᠠᠳᠠᠨ᠎ᠠ ᠠᠴᠠ ᠬᠠᠯᠳᠠᠪᠤᠷᠢᠯᠠᠨ ᠣᠷᠣᠬᠤ ᠶᠢ ᠰᠡᠷᠭᠡᠶᠢᠯᠡᠨ᠂ ᠳᠣᠳᠣᠭᠠᠳᠤ ᠳᠠᠭᠠᠨ ᠳᠠᠬᠢᠨ | ᠡᠭᠦᠰᠬᠦ ᠶᠢ ᠰᠡᠷᠭᠡᠶᠢᠯᠡᠭᠦ︾ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ | ᠡᠪᠦᠯ ᠤᠨ ᠤᠯᠠᠷᠢᠯ ᠤᠨ ᠪᠠᠶᠢᠩᠭᠤᠵᠢᠭᠤᠯᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ | ᠠᠵᠢᠯ ᠢ ᠣᠨᠣᠪᠴᠢᠲᠠᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠲᠦᠭᠰᠢᠭᠦᠷᠢ ᠶᠢ | ᠪᠦᠲᠦᠮᠵᠢᠲᠡᠶ ᠡᠵᠡᠮᠳᠡᠭᠦ ᠪᠠ ᠪᠠᠭᠤᠷᠠᠭᠤᠯᠬᠤ ᠶᠢᠨ ᠲᠥᠯᠥᠭᠡ᠂ ᠡᠳᠦᠭᠡ ᠬᠤᠯᠪᠣᠭᠳᠠᠯ ᠪᠦᠬᠦᠢ ᠤᠴᠢᠷ ᠶᠠᠪᠤᠳᠠᠯ ᠢ | ᠳᠣᠤᠷᠠᠬᠢ ᠮᠡᠲᠦ ᠮᠡᠳᠡᠭᠳᠡᠶ᠎ᠡ᠄ | ᠨᠢᠭᠡ᠂ ᠮᠡᠳᠡᠭᠦᠯᠬᠦ ᠳᠦᠷᠢᠮ ᠢ ᠴᠢᠩᠭ᠎ᠠ ᠭᠦᠢᠴᠡᠳᠬᠡᠭᠦ ᠬᠡᠷᠡᠭᠳᠡᠢ᠃ ᠣᠶᠢᠷ᠎ᠠ ᠳᠤ ᠰᠢᠨᠵᠢᠶᠠᠩ᠂ | ᠲᠢᠶᠠᠨᠵᠢᠨ᠂ ᠱᠠᠩᠬᠠᠶ ᠪᠣᠯᠤᠨ ᠠᠨᠾᠦ᠋ᠢ ᠵᠡᠷᠭᠡ ᠭᠠᠵᠠᠷ ᠤᠨ ᠠᠯᠪᠠᠨ ᠠᠴᠠ ᠨᠡᠶᠢᠲᠡᠯᠡᠭᠰᠡᠨ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠤᠯᠪᠣᠭᠳᠠᠯ ᠪᠥᠬᠦᠶ ᠮᠡᠳᠡᠭᠡ ᠵᠠᠩᠭᠢ ᠶᠢ ᠣᠨᠴᠠᠭᠠᠶᠢᠯᠠᠨ | ᠠᠩᠬᠠᠷᠬᠤ ᠬᠡᠷᠡᠭᠲᠡᠶ᠃ 10 ᠰᠠᠷ᠎ᠠ ᠶᠢᠨ 10 ᠤ ᠡᠳᠦᠷ ᠠᠴᠠ ᠨᠠᠭᠠᠰᠢ ᠰᠢᠨᠵᠢᠶᠠᠩ ᠤᠨ ᠺᠠᠱᠭᠠᠷ ᠣᠷᠣᠨ ᠠᠴᠠ᠂ | 10 ᠰᠠᠷ᠎ᠠ ᠶᠢᠨ 16 ᠤ ᠡᠳᠦᠷ ᠠᠴᠠ ᠨᠠᠭᠠᠰᠢ ᠰᠢᠨᠵᠢᠶᠠᠩ ᠤᠨ ᠺᠧᠽᠢᠯᠰᠤ ᠶᠢᠨ ᠬᠢᠷᠬᠢᠰ ᠦᠨᠳᠤᠰᠦᠳᠡᠨ ᠤ | ᠥᠪᠡᠷᠲᠡᠭᠡᠨ ᠵᠠᠰᠠᠬᠤ ᠵᠧᠤ ᠠᠴᠠ᠂ 10 ᠰᠠᠷ᠎ᠠ ᠶᠢᠨ 23 ᠤ ᠡᠳᠦᠷ ᠠᠴᠠ ᠨᠠᠭᠠᠰᠢ ᠲᠢᠶᠠᠨᠵᠢᠨ ᠬᠤᠲᠠ ᠶᠢᠨ ᠪᠢᠨ | ᠬᠠᠶ ᠰᠢᠨ᠎ᠡ ᠲᠣᠭᠤᠷᠢᠭ ᠤᠨ ᠬᠠᠨ ᠬᠥ᠋ ᠵᠡᠭᠡᠯᠢ᠂ ᠭᠤᠣᠯ ᠵᠢᠭᠠᠰᠤᠨ ᠤ ᠭᠠᠷᠠᠮ ᠤᠨ ᠬᠦᠢᠳᠡᠨ ᠭᠦᠮᠦᠷᠭᠡ ᠶᠢᠨ | ᠭᠦᠢᠯᠭᠡᠭᠡᠨ ᠤ ᠲᠣᠭᠤᠷᠢᠭ ᠤᠨ A ᠲᠣᠭᠤᠷᠢᠭ ᠪᠠ B ᠲᠣᠭᠤᠷᠢᠭ ᠤᠨ ᠠᠴᠠ᠂ 10 ᠰᠠᠷ᠎ᠠ ᠶᠢᠨ 25 ᠤ | ᠡᠳᠦᠷ ᠠᠴᠠ ᠨᠠᠭᠠᠰᠢ ᠱᠠᠩᠬᠠᠶ ᠬᠤᠲᠠ ᠶᠢᠨ ᠫᠦ᠋ ᠳ᠋ᠦᠩ ᠰᠢᠨ᠎ᠡ ᠲᠣᠭᠤᠷᠢᠭ ᠤᠨ ᠵᠦ ᠴᠢᠶᠣᠤ ᠪᠠᠯᠭᠠᠰᠤᠨ ᠤ ᠶᠢᠩ | ᠴᠢᠶᠠᠨ ᠲᠣᠰᠬᠤᠨ ᠠᠴᠠ ᠬᠢᠶ᠎ᠠ ᠪᠠᠭᠰᠢ ᠲᠤᠭᠤᠷᠢᠭ ᠲᠤ ᠣᠷᠣᠵᠣ ᠢᠷᠡᠭᠰᠡᠨ ᠬᠥᠮᠦᠰ᠂ ᠳᠠᠷᠤᠢ ᠲᠦᠷᠭᠡᠨ ᠬᠠᠷᠢᠶ᠎ᠠ | ᠨᠡᠶᠢᠭᠡᠮ ᠲᠣᠭᠤᠷᠢᠭ ᠪᠣᠯᠤᠨ ᠪᠠᠶᠢᠭᠤᠯᠭ᠎ᠠ ᠳᠠᠭᠠᠨ ᠮᠡᠳᠡᠭᠦᠯᠵᠦ ᠪᠦᠷᠢᠳᠬᠡᠭᠦᠯᠭᠦ ᠶᠢᠨ ᠬᠠᠮᠲᠤ᠂ | ᠰᠠᠨᠠᠭᠠᠴᠢᠯᠠᠭ᠎ᠠ ᠠᠴᠠ ᠪᠠᠨ ᠪᠥᠭᠡᠮ ᠬᠦᠴᠢᠯ ᠤᠨ ᠪᠠᠶᠢᠴᠠᠭᠠᠯᠳᠠ ᠬᠢᠵᠦ᠂ ᠶᠠᠪᠤᠭᠰᠠᠨ ᠵᠠᠮ ᠮᠥᠷ ᠪᠤᠯᠤᠨ ᠬᠤᠪᠢ | ᠬᠥᠮᠦᠨ ᠤ ᠡᠷᠡᠭᠦᠯ ᠮᠡᠨᠳᠦ ᠶᠢᠨ ᠪᠠᠶᠢᠳᠠᠯ ᠢᠶᠠᠨ ᠦᠨᠡᠨ ᠮᠥᠨ ᠢᠶᠠᠷ ᠨᠢ ᠬᠠᠩᠭᠠᠬᠤ ᠶᠢᠨ ᠬᠠᠮᠲᠤ ᠳᠣᠰᠠᠭᠠᠷᠯᠠᠵᠦ | ᠬᠠᠮᠢᠶᠠᠷᠤᠨ ᠡᠵᠡᠮᠳᠡᠬᠦ᠂ ᠪᠥᠭᠡᠮ ᠬᠦᠴᠢᠯ ᠤᠨ ᠪᠠᠶᠢᠴᠠᠭᠠᠯᠳᠠ᠂ ᠡᠷᠡᠭᠦᠯ ᠮᠡᠨᠳᠦ ᠶᠢ ᠮᠥᠷᠳᠡᠨ ᠪᠠᠶᠢᠴᠠᠭᠠᠬᠤ ᠵᠡᠷᠭᠡ | ᠠᠵᠢᠯ ᠢ ᠬᠠᠮᠵᠢᠯᠴᠠᠨ ᠰᠠᠶᠢᠲᠤᠷ ᠬᠢᠬᠦ ᠬᠡᠷᠡᠭᠲᠡᠶ᠃ ᠪᠥᠭᠡᠮ ᠬᠦᠴᠢᠯ ᠤᠨ ᠪᠠᠶᠢᠴᠠᠭᠠᠯᠳᠠ ᠶᠢᠨ ᠦᠷ᠎ᠡ ᠳ᠋ᠦᠩ ᠨᠢ | ᠪᠢᠯᠢᠭ ᠴᠢᠨᠠᠷ ᠢᠯᠡᠷᠡᠪᠡᠯ ᠰᠠᠶ᠋ᠢ ᠴᠢᠯᠥᠭᠡᠲᠡᠶ ᠡᠮᠬᠢ ᠵᠢᠷᠤᠮ ᠲᠠᠢ ᠰᠢᠯᠵᠢᠵᠦ ᠪᠤᠯᠤᠨ᠎ᠠ᠃ | ᠬᠤᠶᠠᠷ᠂ ᠬᠤᠪᠢ ᠪᠡᠶ᠎ᠡ ᠶᠢᠨ ᠡᠷᠡᠭᠦᠯ ᠮᠡᠨᠳᠦ ᠶᠢᠨ ᠪᠠᠶᠢᠳᠠᠯ ᠢᠶᠠᠨ ᠠᠩᠬᠠᠷᠬᠤ ᠬᠡᠷᠡᠭᠳᠡᠢ᠃ | ᠣᠶᠢᠷ᠎ᠠ ᠶᠢᠨ 14 ᠡᠳᠦᠷ ᠤᠨ ᠳᠣᠲᠣᠷ᠎ᠠ ᠰᠢᠨᠵᠢᠶᠠᠩ᠂ ᠲᠢᠶᠠᠨᠵᠢᠨ᠂ ᠱᠠᠩᠬᠠᠶ᠂ ᠠᠨᠾᠦ᠋ᠢ ᠳᠤ ᠵᠢᠭᠤᠯᠴᠢᠯᠠᠭᠰᠠᠨ | ᠰᠠᠭᠤᠭᠠᠯᠢ ᠠᠷᠠᠳ ᠬᠤᠪᠢ ᠪᠡᠶ᠎ᠡ ᠶᠢᠨ ᠡᠷᠡᠭᠦᠯ ᠮᠡᠨᠳᠦ ᠶᠢᠨ ᠪᠠᠶᠢᠴᠠᠭᠠᠯᠳᠠ ᠪᠠᠨ ᠰᠠᠶᠢᠲᠤᠷ ᠬᠢᠬᠦ ᠶᠢ ᠠᠩᠬᠠᠷᠴᠤ᠂ | ᠠᠯᠢ ᠴᠢᠳᠠᠬᠤ ᠪᠠᠷ ᠬᠥᠮᠦᠨ ᠣᠯᠠᠨ ᠴᠤᠭᠯᠠᠷᠠᠬᠤ ᠲᠠᠯᠠᠪᠤᠷ ᠲᠤ ᠣᠴᠢᠬᠤ ᠥᠬᠡᠶ᠂ ᠬᠠᠮᠲᠤ ᠶᠢᠨ ᠠᠵᠢᠯᠯᠠᠭ᠎ᠠ ᠳᠤ | ᠣᠷᠣᠯᠴᠠᠬᠤ ᠥᠬᠡᠶ᠃ ᠬᠡᠷᠪᠡ ᠪᠠᠶ᠎ᠠ ᠬᠠᠯᠠᠭᠤᠷᠠᠬᠤ᠂ ᠴᠡᠷ ᠦᠭᠡᠢ ᠬᠠᠨᠢᠶᠠᠬᠤ ᠵᠡᠷᠭᠡ ᠡᠪᠡᠳᠴᠢᠨ ᠤ ᠪᠠᠶᠢᠳᠠᠯ | ᠢᠯᠡᠷᠡᠪᠡᠯ᠂ ᠳᠠᠷᠤᠢ ᠲᠦᠷᠭᠡᠨ ᠡᠮᠴᠢᠯᠡᠭᠡᠨ ᠤ ᠠᠮᠠᠪᠴᠢ ᠵᠡᠭᠦᠵᠦ᠂ ᠤᠶᠢᠷ᠎ᠠ ᠬᠠᠪᠢ ᠶᠢᠨ ᠬᠠᠯᠠᠭᠤᠷᠠᠯ ᠤᠨ ᠡᠭᠦᠳᠡᠨ | ᠡᠮᠨᠡᠯᠭᠡ ᠳᠤ ᠬᠦᠷᠴᠦ ᠡᠮᠨᠡᠭᠦᠯᠵᠦ᠂ ᠡᠪᠡᠳᠴᠢᠨ ᠦᠵᠡᠭᠦᠯᠬᠦ ᠶᠠᠪᠤᠴᠠ ᠳᠤ ᠠᠯᠢ ᠴᠢᠳᠠᠬᠤ ᠪᠠᠷ ᠣᠯᠠᠨ ᠨᠡᠶᠢᠲᠡ ᠶᠢᠨ | ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠥᠬᠡᠶ᠃ | ᠭᠤᠷᠪᠠ᠂ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠲᠣᠭᠲᠠᠴᠠ ᠶᠢ ᠨᠠᠶᠢᠳᠠᠪᠤᠷᠢᠵᠢᠭᠤᠯᠬᠤ | ᠬᠡᠷᠡᠭᠳᠡᠢ᠃ ᠰᠠᠭᠤᠭᠠᠯᠢ ᠠᠷᠠᠳ ᠡᠮᠨᠡᠯᠭᠡ ᠶᠢᠨ ᠬᠤᠷᠢᠶ᠎ᠠ᠂ ᠬᠤᠳᠠᠯᠳᠤᠭᠠᠨ ᠤ ᠲᠠᠯᠠᠪᠤᠷ ᠬᠡᠲᠦ ᠳᠡᠯᠭᠡᠭᠦᠷ᠂ ᠪᠠᠭᠤᠳᠠᠯ᠂ | ᠡᠮ ᠤᠨ ᠳᠡᠯᠭᠡᠭᠦᠷ ᠵᠡᠷᠭᠡ ᠭᠦᠮᠦᠨ ᠣᠯᠠᠨᠳᠠᠢ ᠨᠡᠶᠢᠲᠡ ᠶᠢᠨ ᠲᠠᠯᠠᠪᠤᠷ ᠢᠶᠠᠷ ᠣᠷᠣᠵᠤ ᠭᠠᠷᠬᠤ ᠳᠠᠭᠠᠨ ᠬᠠᠮᠢᠶ᠎ᠠ | ᠪᠦᠬᠦᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠲᠠᠢ ᠢᠳᠡᠪᠬᠢᠲᠡᠶ ᠬᠠᠮᠵᠢᠯᠴᠠᠨ ᠂ | ᠡᠷᠡᠭᠦᠯ ᠮᠡᠨᠳᠦ ᠶᠢᠨ ᠺᠣᠳ᠋᠂ ᠠᠶᠠᠯᠠᠭᠰᠠᠨ ᠵᠠᠮ ᠮᠥᠷ ᠤᠨ ᠺᠤᠳ᠋ ᠢᠶᠠᠨ ᠰᠠᠨᠠᠭᠠᠴᠢᠯᠠᠭ᠎ᠠ ᠠᠴᠠ ᠪᠠᠨ ᠭᠠᠷᠭᠠᠨ | ᠦᠵᠡᠭᠦᠯᠵᠦ᠂ ᠪᠡᠶ᠎ᠡ ᠶᠢᠨ ᠳᠤᠯᠠᠭᠠᠨ ᠢ ᠰᠢᠭᠰᠢᠨ ᠪᠠᠶᠢᠴᠠᠭᠠᠬᠤ᠂ ᠠᠮᠠᠪᠴᠢ ᠵᠡᠭᠦᠬᠦ ᠪᠠ ᠭᠠᠷ ᠤᠨ ᠡᠷᠡᠭᠦᠯ ᠬᠠᠮᠠᠭᠠᠯᠠᠯ | ᠵᠡᠷᠭᠡ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠬᠠᠮᠵᠢᠯᠴᠠᠨ ᠰᠠᠶᠢᠲᠤᠷ ᠬᠢᠬᠦ ᠬᠡᠷᠡᠭᠲᠡᠶ᠃ | ᠲᠥᠷᠪᠡ᠂ ᠭᠠᠳᠠᠭᠰᠢ ᠭᠠᠷᠬᠤ ᠪᠠᠨ ᠠᠮᠤᠷ ᠲᠦᠪᠰᠢᠨ ᠵᠦᠶ ᠵᠣᠬᠢᠰᠲᠠᠶ ᠲᠣᠬᠢᠷᠠᠭᠤᠯᠬᠤ ᠬᠡᠷᠡᠭᠳᠡᠢ᠃ | ᠬᠡᠷᠪᠡ ᠲᠤᠯᠭᠠᠮ᠎ᠠ ᠴᠢᠬᠤᠯᠠ ᠪᠢᠰᠢ ᠪᠣᠯ ᠣᠶᠢᠷ᠎ᠠ ᠳᠤ᠂ ᠰᠢᠨᠵᠢᠶᠠᠩ᠂ ᠲᠢᠶᠠᠨᠵᠢᠨ᠂ ᠱᠠᠩᠬᠠᠶ᠂ ᠠᠨᠾᠦ᠋ᠢ ᠵᠡᠷᠭᠡ | ᠥᠨᠳᠥᠷ ᠳᠤᠮᠳᠠ ᠵᠡᠷᠭᠡ ᠶᠢᠨ ᠲᠦᠭᠰᠢᠭᠦᠷᠢᠲᠡᠶ ᠭᠠᠵᠠᠷ ᠣᠷᠣᠨ ᠳᠤ ᠪᠢᠲᠡᠭᠡᠶ ᠣᠴᠢᠭᠠᠷᠠᠶ᠃ ᠵᠠᠪᠠᠯ ᠣᠴᠢᠬᠤ | ᠴᠢᠬᠤᠯᠠᠲᠠᠶ ᠪᠣᠯ ᠬᠢᠶ᠎ᠠ ᠪᠠᠭᠰᠢ ᠲᠤᠭᠤᠷᠢᠭ ᠲᠤ ᠪᠤᠴᠠᠵᠤ ᠢᠷᠡᠬᠦ ᠠᠴᠠ ᠡᠮᠦᠨ᠎ᠡ ᠡᠷᠬᠡᠪᠰᠢ ᠰᠠᠨᠠᠭᠠᠴᠢᠯᠠᠭ᠎ᠠ ᠠᠴᠠ | ᠪᠠᠨ ᠬᠠᠷᠢᠶ᠎ᠠ ᠨᠡᠶᠢᠭᠡᠮ ᠲᠣᠭᠤᠷᠢᠭ ᠪᠣᠯᠤᠨ ᠪᠠᠶᠢᠭᠤᠯᠭ᠎ᠠ ᠳᠠᠭᠠᠨ ᠮᠡᠳᠡᠭᠦᠯᠬᠦ ᠶᠢᠨ ᠬᠠᠮᠲᠤ ᠬᠠᠮᠢᠶ᠎ᠠ ᠪᠦᠬᠦᠢ | ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠠᠮᠵᠢᠯᠴᠠᠨ ᠨᠠᠶᠢᠳᠠᠪᠤᠷᠢᠵᠢᠭᠤᠯᠬᠤ ᠬᠡᠷᠡᠭᠳᠡᠢ᠃ | ᠲᠠᠪᠤ᠂ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠬᠤ ᠬᠡᠷᠡᠭᠳᠡᠢ᠃ ᠬᠠᠷᠢᠶ᠎ᠠ | ᠣᠷᠣᠨ ᠤ ᠡᠯ᠎ᠡ ᠱᠠᠲᠤᠨ ᠤ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠵᠢᠴᠢ ᠭᠤᠣᠯᠳᠠᠯᠭ᠎ᠠ | ᠲᠠᠢ ᠪᠠᠶᠢᠭᠤᠯᠤᠮᠵᠢ ᠲᠠᠯᠠᠪᠤᠷ᠂ ᠪᠠᠶᠢᠩᠭᠤᠵᠢᠭᠤᠯᠤᠭᠰᠠᠨ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠤᠨ᠂ ᠣᠷᠣᠵᠤ ᠭᠠᠷᠤᠭᠰᠠᠨ ᠬᠥᠮᠦᠰ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢ ᠴᠢᠩᠭᠠᠳᠬᠠᠵᠤ | ᠂ ᠬᠡᠷᠪᠡ ᠬᠡᠪ ᠤᠨ ᠪᠤᠰᠤ ᠪᠠᠶᠢᠳᠠᠯ ᠢᠯᠡᠷᠡᠪᠡᠯ ᠴᠠᠭ ᠲᠤᠬᠠᠶ ᠳᠤᠨᠢ ᠳᠡᠭᠡᠭᠰᠢ ᠮᠡᠳᠡᠭᠦᠯᠬᠦ ᠬᠡᠷᠡᠭᠲᠡᠶ᠃ | ᠵᠢᠷᠭᠤᠭ᠎ᠠ᠂ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠴᠢᠩᠭᠠᠷᠠᠭᠤᠯᠬᠤ | ᠬᠡᠷᠡᠭᠳᠡᠢ᠃ ᠥᠷᠭᠡᠨ ᠣᠯᠠᠨ ᠰᠠᠭᠤᠭᠠᠯᠢ ᠠᠷᠠᠳ ᠡᠪᠡᠳᠴᠢᠨ ᠰᠡᠷᠭᠡᠶᠢᠯᠡᠬᠦ ᠤᠬᠠᠮᠰᠠᠷ ᠢᠶᠠᠨ ᠳᠡᠭᠡᠭᠰᠢᠯᠡᠭᠦᠯᠦᠨ᠂ | ᠰᠢᠨᠵᠢᠯᠡᠬᠦ ᠤᠬᠠᠭᠠᠨᠴᠢ ᠳᠦᠷᠢᠮᠵᠢᠯ ᠢᠶᠠᠷ ᠠᠮᠠᠪᠴᠢ ᠵᠡᠭᠦᠬᠦ ᠶᠢ ᠦᠷᠭᠦᠯᠵᠢᠯᠡᠨ ᠪᠠᠲᠤᠯᠠᠵᠤ᠂ ᠦᠷᠭᠦᠯᠵᠢ ᠭᠠᠷ ᠢᠶᠠᠨ | ᠣᠬᠢᠶᠠᠨ᠂ ᠦᠷᠭᠦᠯᠵᠢ ᠰᠠᠯᠬᠢ ᠨᠡᠪᠲᠡᠷᠡᠭᠦᠯᠵᠦ᠂ ᠪᠥᠭᠡᠮᠨᠡᠷᠡᠬᠦ ᠦᠭᠡᠢ᠂ ᠠᠮᠤᠷ ᠲᠦᠪᠰᠢᠨ ᠨᠡᠶᠢᠭᠡᠮ ᠤᠨ | ᠬᠠᠷᠢᠯᠴᠠᠭᠠᠨ ᠤ ᠵᠠᠶ ᠶᠢ ᠪᠠᠳᠣᠯᠠᠨ᠂ ᠨᠡᠶᠢᠲᠡ ᠶᠢᠨ ᠰᠠᠪᠬ᠎ᠠ ᠨᠡᠶᠢᠲᠡ ᠶᠢᠨ ᠰᠢᠨᠠᠭ᠎ᠠ ᠬᠡᠷᠡᠭᠯᠡᠬᠦ ᠶᠢ ᠰᠠᠨᠠᠭᠠᠴᠢᠯᠠᠨ᠎ᠠ᠃ | ᠵᠦᠢ ᠶᠤᠰᠤᠨ ᠤ ᠦᠨᠡᠮᠯᠡᠯ ᠲᠠᠢ ᠬᠡᠲᠦ ᠳᠡᠯᠭᠡᠭᠦᠷ ᠪᠤᠶᠤ ᠵᠠᠬ᠎ᠠ ᠳᠡᠯᠭᠡᠭᠦᠷ ᠲᠤ ᠬᠦᠷᠴᠦ ᠬᠥᠯᠳᠡᠭᠦᠤ ᠲᠦᠭᠦᠬᠡᠶ | ᠰᠢᠨ᠎ᠡ ᠰᠣᠷᠭᠤᠭ ᠪᠦᠲᠦᠭᠡᠭᠳᠡᠬᠦᠨ ᠢ ᠰᠣᠩᠭᠤᠨ ᠬᠤᠳᠠᠯᠳᠤᠨ ᠠᠪᠬᠤ ᠶᠢᠨ ᠬᠠᠮᠲᠤ ᠬᠤᠪᠢ ᠬᠥᠮᠦᠨ ᠤ | ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠶ᠃ | ᠥᠷᠭᠡᠨ ᠣᠯᠠᠨ ᠰᠠᠭᠤᠭᠠᠯᠢ ᠠᠷᠠᠳ ᠬᠤᠲᠠ᠂ ᠲᠣᠭᠤᠷᠢᠭ ᠤᠨ ᠰᠢᠨ᠎ᠡ ᠬᠡᠯᠪᠡᠷᠢ ᠶᠢᠨ ᠲᠢᠲᠢᠮᠯᠢᠭ | ᠸᠢᠷᠦ᠋ᠰ ᠲᠤ ᠬᠠᠯᠳᠠᠪᠤᠷᠢᠯᠠᠭᠳᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠵᠢᠯᠣᠭᠤᠳᠬᠤ ᠭᠠᠵᠠᠷ ᠤᠨ ᠨᠡᠶᠢᠲᠡᠯᠡᠭᠰᠡᠨ ᠰᠡᠷᠭᠡᠶᠢᠯᠡᠨ ᠡᠵᠡᠮᠳᠡᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠠᠩᠬᠠᠷᠴᠤ᠂ | ᠱᠠᠭᠠᠷᠳᠠᠯᠭ᠎ᠠ ᠶᠣᠰᠣᠭᠠᠷ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠭᠦ ᠠᠵᠢᠯ ᠢ ᠰᠠᠶᠢᠲᠤᠷ ᠬᠢᠬᠦ ᠬᠡᠷᠡᠭᠲᠡᠶ᠃ | | ᠬᠢᠶ᠎ᠠ ᠪᠠᠭᠰᠢ ᠲᠣᠭᠤᠷᠢᠭ ᠤᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠲᠤ | ᠬᠠᠯᠳᠠᠪᠤᠷᠢᠯᠠᠭᠳᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ | 2020 ᠣᠨ ᠤ 11 ᠰᠠᠷ᠎ᠠ ᠶᠢᠨ 10 ᠤ ᠡᠳᠦᠷ |