ᠡᠪᠦᠯ ᠤᠨ ᠤᠯᠠᠷᠢᠯ ᠤᠨ ᠪᠠᠶᠢᠩᠭᠤᠵᠢᠭᠤᠯᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨᠬᠦ ᠰᠠᠶᠢᠳᠤᠷ ᠬᠢᠬᠦ ᠲᠤᠬᠠᠶ ᠬᠢᠶ᠎ᠠ ᠪᠠᠭᠰᠢ ᠲᠣᠭᠤᠷᠢᠭ ᠤᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠪᠠᠴᠢᠮ ᠵᠠᠷᠯᠠᠯ
ᠨᠡᠶᠢᠲᠡᠯᠡᠭᠰᠡᠨ ᠴᠠᠭ᠄
2020/11/16
         ᠣᠶᠢᠷ᠎ᠠ ᠳᠤ  ᠂ ᠬᠢᠯᠢ ᠶᠢᠨ ᠭᠠᠳᠠᠨᠠᠬᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠦᠷᠭᠡᠨ ᠳᠠᠷᠬᠠᠬᠤ ᠪᠠᠶᠢᠳᠠᠯ ᠢᠯᠡᠷᠡᠨ᠂ ᠨᠢᠭᠡ ᠪᠥᠯᠥᠭ ᠤᠯᠤᠰ ᠲᠤ ᠨᠢᠭᠡᠨᠲᠡ ᠬᠤᠶᠠᠳᠤᠭᠠᠷ  ᠣᠳᠠᠭᠠᠨ ᠤ ᠬᠢᠵᠢᠭ ᠤᠨ ᠪᠠᠶᠢᠳᠠᠯ ᠭᠠᠷᠴᠤ᠂ ᠤᠯᠤᠰ ᠤᠨ ᠳᠣᠲᠣᠭᠠᠳᠤ ᠳᠤ ᠰᠢᠨᠵᠢᠶᠠᠩ᠂ ᠲᠢᠶᠠᠨᠵᠢᠨ᠂ ᠱᠠᠩᠬᠠᠶ᠂ ᠠᠨᠾᠦ᠋ᠢ ᠵᠡᠷᠭᠡ ᠭᠠᠵᠠᠷ ᠲᠤ ᠳᠣᠬᠠᠢ ᠶᠢᠨ ᠭᠠᠵᠠᠷ ᠤᠨ ᠡᠪᠡᠳᠴᠢᠨ ᠤ ᠵᠢᠱᠢᠶ᠎ᠡ  ᠨᠡᠮᠡᠭᠳᠡᠭᠰᠡᠨ ᠢ ᠵᠠᠯᠭᠠᠭ᠎ᠠ ᠪᠠᠷ ᠵᠠᠷᠯᠠᠨ ᠮᠡᠳᠡᠭᠳᠡᠪᠡ᠃ ︽ ᠭᠠᠳᠠᠨ᠎ᠠ   ᠠᠴᠠ ᠬᠠᠯᠳᠠᠪᠤᠷᠢᠯᠠᠨ  ᠣᠷᠣᠬᠤ ᠶᠢ ᠰᠡᠷᠭᠡᠶᠢᠯᠡᠨ᠂ ᠳᠣᠳᠣᠭᠠᠳᠤ ᠳᠠᠭᠠᠨ  ᠳᠠᠬᠢᠨ ᠡᠭᠦᠰᠬᠦ ᠶᠢ  ᠰᠡᠷᠭᠡᠶᠢᠯᠡᠭᠦ︾  ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠡᠪᠦᠯ ᠤᠨ ᠤᠯᠠᠷᠢᠯ ᠤᠨ ᠪᠠᠶᠢᠩᠭᠤᠵᠢᠭᠤᠯᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ  ᠠᠵᠢᠯ ᠢ ᠣᠨᠣᠪᠴᠢᠲᠠᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠲᠦᠭᠰᠢᠭᠦᠷᠢ ᠶᠢ ᠪᠦᠲᠦᠮᠵᠢᠲᠡᠶ ᠡᠵᠡᠮᠳᠡᠭᠦ ᠪᠠ  ᠪᠠᠭᠤᠷᠠᠭᠤᠯᠬᠤ ᠶᠢᠨ ᠲᠥᠯᠥᠭᠡ᠂  ᠡᠳᠦᠭᠡ ᠬᠤᠯᠪᠣᠭᠳᠠᠯ ᠪᠦᠬᠦᠢ ᠤᠴᠢᠷ ᠶᠠᠪᠤᠳᠠᠯ ᠢ ᠳᠣᠤᠷᠠᠬᠢ ᠮᠡᠲᠦ ᠮᠡᠳᠡᠭᠳᠡᠶ᠎ᠡ᠄          ᠨᠢᠭᠡ᠂ ᠮᠡᠳᠡᠭᠦᠯᠬᠦ ᠳᠦᠷᠢᠮ ᠢ ᠴᠢᠩᠭ᠎ᠠ ᠭᠦᠢᠴᠡᠳᠬᠡᠭᠦ ᠬᠡᠷᠡᠭᠳᠡᠢ᠃ ᠣᠶᠢᠷ᠎ᠠ ᠳᠤ ᠰᠢᠨᠵᠢᠶᠠᠩ᠂ ᠲᠢᠶᠠᠨᠵᠢᠨ᠂ ᠱᠠᠩᠬᠠᠶ ᠪᠣᠯᠤᠨ ᠠᠨᠾᠦ᠋ᠢ ᠵᠡᠷᠭᠡ ᠭᠠᠵᠠᠷ ᠤᠨ ᠠᠯᠪᠠᠨ ᠠᠴᠠ ᠨᠡᠶᠢᠲᠡᠯᠡᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠤᠯᠪᠣᠭᠳᠠᠯ ᠪᠥᠬᠦᠶ ᠮᠡᠳᠡᠭᠡ ᠵᠠᠩᠭᠢ ᠶᠢ ᠣᠨᠴᠠᠭᠠᠶᠢᠯᠠᠨ ᠠᠩᠬᠠᠷᠬᠤ ᠬᠡᠷᠡᠭᠲᠡᠶ᠃ 10 ᠰᠠᠷ᠎ᠠ ᠶᠢᠨ 10 ᠤ ᠡᠳᠦᠷ ᠠᠴᠠ ᠨᠠᠭᠠᠰᠢ ᠰᠢᠨᠵᠢᠶᠠᠩ ᠤᠨ ᠺᠠᠱᠭᠠᠷ ᠣᠷᠣᠨ ᠠᠴᠠ᠂ 10 ᠰᠠᠷ᠎ᠠ ᠶᠢᠨ 16 ᠤ ᠡᠳᠦᠷ ᠠᠴᠠ ᠨᠠᠭᠠᠰᠢ ᠰᠢᠨᠵᠢᠶᠠᠩ ᠤᠨ ᠺᠧᠽᠢᠯᠰᠤ ᠶᠢᠨ ᠬᠢᠷᠬᠢᠰ ᠦᠨᠳᠤᠰᠦᠳᠡᠨ ᠤ ᠥᠪᠡᠷᠲᠡᠭᠡᠨ ᠵᠠᠰᠠᠬᠤ ᠵᠧᠤ ᠠᠴᠠ᠂ 10 ᠰᠠᠷ᠎ᠠ ᠶᠢᠨ 23 ᠤ ᠡᠳᠦᠷ ᠠᠴᠠ ᠨᠠᠭᠠᠰᠢ ᠲᠢᠶᠠᠨᠵᠢᠨ ᠬᠤᠲᠠ ᠶᠢᠨ ᠪᠢᠨ ᠬᠠᠶ ᠰᠢᠨ᠎ᠡ ᠲᠣᠭᠤᠷᠢᠭ ᠤᠨ ᠬᠠᠨ ᠬᠥ᠋ ᠵᠡᠭᠡᠯᠢ᠂ ᠭᠤᠣᠯ ᠵᠢᠭᠠᠰᠤᠨ ᠤ ᠭᠠᠷᠠᠮ ᠤᠨ ᠬᠦᠢᠳᠡᠨ ᠭᠦᠮᠦᠷᠭᠡ ᠶᠢᠨ ᠭᠦᠢᠯᠭᠡᠭᠡᠨ ᠤ ᠲᠣᠭᠤᠷᠢᠭ ᠤᠨ A ᠲᠣᠭᠤᠷᠢᠭ ᠪᠠ B ᠲᠣᠭᠤᠷᠢᠭ ᠤᠨ ᠠᠴᠠ᠂ 10 ᠰᠠᠷ᠎ᠠ ᠶᠢᠨ 25 ᠤ ᠡᠳᠦᠷ ᠠᠴᠠ ᠨᠠᠭᠠᠰᠢ ᠱᠠᠩᠬᠠᠶ ᠬᠤᠲᠠ ᠶᠢᠨ ᠫᠦ᠋ ᠳ᠋ᠦᠩ ᠰᠢᠨ᠎ᠡ ᠲᠣᠭᠤᠷᠢᠭ ᠤᠨ ᠵᠦ ᠴᠢᠶᠣᠤ ᠪᠠᠯᠭᠠᠰᠤᠨ ᠤ ᠶᠢᠩ ᠴᠢᠶᠠᠨ ᠲᠣᠰᠬᠤᠨ ᠠᠴᠠ ᠬᠢᠶ᠎ᠠ ᠪᠠᠭᠰᠢ ᠲᠤᠭᠤᠷᠢᠭ ᠲᠤ ᠣᠷᠣᠵᠣ ᠢᠷᠡᠭᠰᠡᠨ ᠬᠥᠮᠦᠰ᠂  ᠳᠠᠷᠤᠢ ᠲᠦᠷᠭᠡᠨ ᠬᠠᠷᠢᠶ᠎ᠠ  ᠨᠡᠶᠢᠭᠡᠮ ᠲᠣᠭᠤᠷᠢᠭ ᠪᠣᠯᠤᠨ  ᠪᠠᠶᠢᠭᠤᠯᠭ᠎ᠠ ᠳᠠᠭᠠᠨ ᠮᠡᠳᠡᠭᠦᠯᠵᠦ ᠪᠦᠷᠢᠳᠬᠡᠭᠦᠯᠭᠦ ᠶᠢᠨ ᠬᠠᠮᠲᠤ᠂ ᠰᠠᠨᠠᠭᠠᠴᠢᠯᠠᠭ᠎ᠠ ᠠᠴᠠ ᠪᠠᠨ ᠪᠥᠭᠡᠮ ᠬᠦᠴᠢᠯ ᠤᠨ  ᠪᠠᠶᠢᠴᠠᠭᠠᠯᠳᠠ ᠬᠢᠵᠦ᠂  ᠶᠠᠪᠤᠭᠰᠠᠨ ᠵᠠᠮ ᠮᠥᠷ  ᠪᠤᠯᠤᠨ ᠬᠤᠪᠢ ᠬᠥᠮᠦᠨ ᠤ ᠡᠷᠡᠭᠦᠯ ᠮᠡᠨᠳᠦ ᠶᠢᠨ ᠪᠠᠶᠢᠳᠠᠯ ᠢᠶᠠᠨ ᠦᠨᠡᠨ ᠮᠥᠨ ᠢᠶᠠᠷ ᠨᠢ  ᠬᠠᠩᠭᠠᠬᠤ ᠶᠢᠨ ᠬᠠᠮᠲᠤ ᠳᠣᠰᠠᠭᠠᠷᠯᠠᠵᠦ ᠬᠠᠮᠢᠶᠠᠷᠤᠨ ᠡᠵᠡᠮᠳᠡᠬᠦ᠂ ᠪᠥᠭᠡᠮ ᠬᠦᠴᠢᠯ ᠤᠨ ᠪᠠᠶᠢᠴᠠᠭᠠᠯᠳᠠ᠂ ᠡᠷᠡᠭᠦᠯ ᠮᠡᠨᠳᠦ ᠶᠢ ᠮᠥᠷᠳᠡᠨ ᠪᠠᠶᠢᠴᠠᠭᠠᠬᠤ ᠵᠡᠷᠭᠡ ᠠᠵᠢᠯ ᠢ ᠬᠠᠮᠵᠢᠯᠴᠠᠨ ᠰᠠᠶᠢᠲᠤᠷ ᠬᠢᠬᠦ ᠬᠡᠷᠡᠭᠲᠡᠶ᠃ ᠪᠥᠭᠡᠮ ᠬᠦᠴᠢᠯ ᠤᠨ ᠪᠠᠶᠢᠴᠠᠭᠠᠯᠳᠠ ᠶᠢᠨ ᠦᠷ᠎ᠡ ᠳ᠋ᠦᠩ ᠨᠢ ᠪᠢᠯᠢᠭ ᠴᠢᠨᠠᠷ ᠢᠯᠡᠷᠡᠪᠡᠯ  ᠰᠠᠶ᠋ᠢ ᠴᠢᠯᠥᠭᠡᠲᠡᠶ ᠡᠮᠬᠢ ᠵᠢᠷᠤᠮ ᠲᠠᠢ ᠰᠢᠯᠵᠢᠵᠦ ᠪᠤᠯᠤᠨ᠎ᠠ᠃          ᠬᠤᠶᠠᠷ᠂  ᠬᠤᠪᠢ ᠪᠡᠶ᠎ᠡ ᠶᠢᠨ ᠡᠷᠡᠭᠦᠯ ᠮᠡᠨᠳᠦ ᠶᠢᠨ ᠪᠠᠶᠢᠳᠠᠯ ᠢᠶᠠᠨ ᠠᠩᠬᠠᠷᠬᠤ ᠬᠡᠷᠡᠭᠳᠡᠢ᠃ ᠣᠶᠢᠷ᠎ᠠ ᠶᠢᠨ 14 ᠡᠳᠦᠷ ᠤᠨ ᠳᠣᠲᠣᠷ᠎ᠠ ᠰᠢᠨᠵᠢᠶᠠᠩ᠂ ᠲᠢᠶᠠᠨᠵᠢᠨ᠂ ᠱᠠᠩᠬᠠᠶ᠂ ᠠᠨᠾᠦ᠋ᠢ ᠳᠤ  ᠵᠢᠭᠤᠯᠴᠢᠯᠠᠭᠰᠠᠨ ᠰᠠᠭᠤᠭᠠᠯᠢ ᠠᠷᠠᠳ ᠬᠤᠪᠢ ᠪᠡᠶ᠎ᠡ ᠶᠢᠨ ᠡᠷᠡᠭᠦᠯ ᠮᠡᠨᠳᠦ ᠶᠢᠨ ᠪᠠᠶᠢᠴᠠᠭᠠᠯᠳᠠ ᠪᠠᠨ ᠰᠠᠶᠢᠲᠤᠷ ᠬᠢᠬᠦ ᠶᠢ ᠠᠩᠬᠠᠷᠴᠤ᠂  ᠠᠯᠢ ᠴᠢᠳᠠᠬᠤ ᠪᠠᠷ ᠬᠥᠮᠦᠨ ᠣᠯᠠᠨ ᠴᠤᠭᠯᠠᠷᠠᠬᠤ ᠲᠠᠯᠠᠪᠤᠷ ᠲᠤ  ᠣᠴᠢᠬᠤ ᠥᠬᠡᠶ᠂ ᠬᠠᠮᠲᠤ ᠶᠢᠨ ᠠᠵᠢᠯᠯᠠᠭ᠎ᠠ ᠳᠤ ᠣᠷᠣᠯᠴᠠᠬᠤ ᠥᠬᠡᠶ᠃ ᠬᠡᠷᠪᠡ ᠪᠠᠶ᠎ᠠ ᠬᠠᠯᠠᠭᠤᠷᠠᠬᠤ᠂ ᠴᠡᠷ ᠦᠭᠡᠢ ᠬᠠᠨᠢᠶᠠᠬᠤ ᠵᠡᠷᠭᠡ ᠡᠪᠡᠳᠴᠢᠨ ᠤ ᠪᠠᠶᠢᠳᠠᠯ ᠢᠯᠡᠷᠡᠪᠡᠯ᠂  ᠳᠠᠷᠤᠢ ᠲᠦᠷᠭᠡᠨ  ᠡᠮᠴᠢᠯᠡᠭᠡᠨ ᠤ ᠠᠮᠠᠪᠴᠢ ᠵᠡᠭᠦᠵᠦ᠂ ᠤᠶᠢᠷ᠎ᠠ ᠬᠠᠪᠢ  ᠶᠢᠨ ᠬᠠᠯᠠᠭᠤᠷᠠᠯ ᠤᠨ ᠡᠭᠦᠳᠡᠨ ᠡᠮᠨᠡᠯᠭᠡ ᠳᠤ ᠬᠦᠷᠴᠦ ᠡᠮᠨᠡᠭᠦᠯᠵᠦ᠂ ᠡᠪᠡᠳᠴᠢᠨ ᠦᠵᠡᠭᠦᠯᠬᠦ ᠶᠠᠪᠤᠴᠠ ᠳᠤ ᠠᠯᠢ ᠴᠢᠳᠠᠬᠤ ᠪᠠᠷ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ  ᠰᠠᠭᠤᠬᠤ ᠥᠬᠡᠶ᠃          ᠭᠤᠷᠪᠠ᠂ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠲᠣᠭᠲᠠᠴᠠ ᠶᠢ ᠨᠠᠶᠢᠳᠠᠪᠤᠷᠢᠵᠢᠭᠤᠯᠬᠤ ᠬᠡᠷᠡᠭᠳᠡᠢ᠃ ᠰᠠᠭᠤᠭᠠᠯᠢ ᠠᠷᠠᠳ ᠡᠮᠨᠡᠯᠭᠡ ᠶᠢᠨ ᠬᠤᠷᠢᠶ᠎ᠠ᠂ ᠬᠤᠳᠠᠯᠳᠤᠭᠠᠨ ᠤ ᠲᠠᠯᠠᠪᠤᠷ ᠬᠡᠲᠦ ᠳᠡᠯᠭᠡᠭᠦᠷ᠂ ᠪᠠᠭᠤᠳᠠᠯ᠂ ᠡᠮ ᠤᠨ ᠳᠡᠯᠭᠡᠭᠦᠷ ᠵᠡᠷᠭᠡ  ᠭᠦᠮᠦᠨ ᠣᠯᠠᠨᠳᠠᠢ ᠨᠡᠶᠢᠲᠡ ᠶᠢᠨ ᠲᠠᠯᠠᠪᠤᠷ  ᠢᠶᠠᠷ ᠣᠷᠣᠵᠤ ᠭᠠᠷᠬᠤ ᠳᠠᠭᠠᠨ ᠬᠠᠮᠢᠶ᠎ᠠ ᠪᠦᠬᠦᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠬᠦ ᠠᠷᠭ᠎ᠠ  ᠬᠡᠮᠵᠢᠶ᠎ᠡ   ᠲᠠᠢ ᠢᠳᠡᠪᠬᠢᠲᠡᠶ ᠬᠠᠮᠵᠢᠯᠴᠠᠨ  ᠂ ᠡᠷᠡᠭᠦᠯ ᠮᠡᠨᠳᠦ ᠶᠢᠨ ᠺᠣᠳ᠋᠂  ᠠᠶᠠᠯᠠᠭᠰᠠᠨ ᠵᠠᠮ ᠮᠥᠷ ᠤᠨ ᠺᠤᠳ᠋ ᠢᠶᠠᠨ ᠰᠠᠨᠠᠭᠠᠴᠢᠯᠠᠭ᠎ᠠ ᠠᠴᠠ ᠪᠠᠨ ᠭᠠᠷᠭᠠᠨ ᠦᠵᠡᠭᠦᠯᠵᠦ᠂ ᠪᠡᠶ᠎ᠡ ᠶᠢᠨ ᠳᠤᠯᠠᠭᠠᠨ ᠢ ᠰᠢᠭᠰᠢᠨ ᠪᠠᠶᠢᠴᠠᠭᠠᠬᠤ᠂ ᠠᠮᠠᠪᠴᠢ ᠵᠡᠭᠦᠬᠦ ᠪᠠ ᠭᠠᠷ   ᠤᠨ ᠡᠷᠡᠭᠦᠯ ᠬᠠᠮᠠᠭᠠᠯᠠᠯ ᠵᠡᠷᠭᠡ  ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠬᠠᠮᠵᠢᠯᠴᠠᠨ ᠰᠠᠶᠢᠲᠤᠷ ᠬᠢᠬᠦ ᠬᠡᠷᠡᠭᠲᠡᠶ᠃          ᠲᠥᠷᠪᠡ᠂ ᠭᠠᠳᠠᠭᠰᠢ ᠭᠠᠷᠬᠤ ᠪᠠᠨ ᠠᠮᠤᠷ ᠲᠦᠪᠰᠢᠨ ᠵᠦᠶ ᠵᠣᠬᠢᠰᠲᠠᠶ ᠲᠣᠬᠢᠷᠠᠭᠤᠯᠬᠤ ᠬᠡᠷᠡᠭᠳᠡᠢ᠃ ᠬᠡᠷᠪᠡ ᠲᠤᠯᠭᠠᠮ᠎ᠠ ᠴᠢᠬᠤᠯᠠ ᠪᠢᠰᠢ ᠪᠣᠯ ᠣᠶᠢᠷ᠎ᠠ ᠳᠤ᠂ ᠰᠢᠨᠵᠢᠶᠠᠩ᠂ ᠲᠢᠶᠠᠨᠵᠢᠨ᠂ ᠱᠠᠩᠬᠠᠶ᠂ ᠠᠨᠾᠦ᠋ᠢ ᠵᠡᠷᠭᠡ ᠥᠨᠳᠥᠷ ᠳᠤᠮᠳᠠ ᠵᠡᠷᠭᠡ ᠶᠢᠨ ᠲᠦᠭᠰᠢᠭᠦᠷᠢᠲᠡᠶ ᠭᠠᠵᠠᠷ ᠣᠷᠣᠨ ᠳᠤ ᠪᠢᠲᠡᠭᠡᠶ ᠣᠴᠢᠭᠠᠷᠠᠶ᠃  ᠵᠠᠪᠠᠯ ᠣᠴᠢᠬᠤ ᠴᠢᠬᠤᠯᠠᠲᠠᠶ ᠪᠣᠯ  ᠬᠢᠶ᠎ᠠ ᠪᠠᠭᠰᠢ ᠲᠤᠭᠤᠷᠢᠭ ᠲᠤ ᠪᠤᠴᠠᠵᠤ ᠢᠷᠡᠬᠦ ᠠᠴᠠ ᠡᠮᠦᠨ᠎ᠡ ᠡᠷᠬᠡᠪᠰᠢ ᠰᠠᠨᠠᠭᠠᠴᠢᠯᠠᠭ᠎ᠠ ᠠᠴᠠ ᠪᠠᠨ ᠬᠠᠷᠢᠶ᠎ᠠ ᠨᠡᠶᠢᠭᠡᠮ ᠲᠣᠭᠤᠷᠢᠭ ᠪᠣᠯᠤᠨ  ᠪᠠᠶᠢᠭᠤᠯᠭ᠎ᠠ ᠳᠠᠭᠠᠨ ᠮᠡᠳᠡᠭᠦᠯᠬᠦ ᠶᠢᠨ ᠬᠠᠮᠲᠤ  ᠬᠠᠮᠢᠶ᠎ᠠ ᠪᠦᠬᠦᠢ ᠰᠡᠷᠭᠡᠶᠢᠯᠡᠨ ᠡᠵᠡᠮᠳᠡᠬᠦ ᠠᠷᠭ᠎ᠠ  ᠬᠡᠮᠵᠢᠶ᠎ᠡ ᠶᠢ ᠬᠠᠮᠵᠢᠯᠴᠠᠨ  ᠨᠠᠶᠢᠳᠠᠪᠤᠷᠢᠵᠢᠭᠤᠯᠬᠤ ᠬᠡᠷᠡᠭᠳᠡᠢ᠃          ᠲᠠᠪᠤ᠂ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠬᠤ ᠬᠡᠷᠡᠭᠳᠡᠢ᠃  ᠬᠠᠷᠢᠶ᠎ᠠ ᠣᠷᠣᠨ ᠤ ᠡᠯ᠎ᠡ ᠱᠠᠲᠤᠨ ᠤ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠵᠢᠴᠢ  ᠭᠤᠣᠯᠳᠠᠯᠭ᠎ᠠ ᠲᠠᠢ ᠪᠠᠶᠢᠭᠤᠯᠤᠮᠵᠢ ᠲᠠᠯᠠᠪᠤᠷ᠂ ᠪᠠᠶᠢᠩᠭᠤᠵᠢᠭᠤᠯᠤᠭᠰᠠᠨ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ  ᠨᠠᠶᠢᠳᠠᠪᠤᠷᠢᠵᠢᠭᠤᠯᠤᠨ᠂ ᠣᠷᠣᠵᠤ  ᠭᠠᠷᠤᠭᠰᠠᠨ ᠬᠥᠮᠦᠰ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢ ᠴᠢᠩᠭᠠᠳᠬᠠᠵᠤ᠂ ᠬᠡᠷᠪᠡ ᠬᠡᠪ ᠤᠨ ᠪᠤᠰᠤ ᠪᠠᠶᠢᠳᠠᠯ  ᠢᠯᠡᠷᠡᠪᠡᠯ ᠴᠠᠭ ᠲᠤᠬᠠᠶ ᠳᠤᠨᠢ ᠳᠡᠭᠡᠭᠰᠢ ᠮᠡᠳᠡᠭᠦᠯᠬᠦ ᠬᠡᠷᠡᠭᠲᠡᠶ᠃          ᠵᠢᠷᠭᠤᠭ᠎ᠠ᠂ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠴᠢᠩᠭᠠᠷᠠᠭᠤᠯᠬᠤ ᠬᠡᠷᠡᠭᠳᠡᠢ᠃ ᠥᠷᠭᠡᠨ ᠣᠯᠠᠨ ᠰᠠᠭᠤᠭᠠᠯᠢ ᠠᠷᠠᠳ ᠡᠪᠡᠳᠴᠢᠨ ᠰᠡᠷᠭᠡᠶᠢᠯᠡᠬᠦ ᠤᠬᠠᠮᠰᠠᠷ ᠢᠶᠠᠨ  ᠳᠡᠭᠡᠭᠰᠢᠯᠡᠭᠦᠯᠦᠨ᠂ ᠰᠢᠨᠵᠢᠯᠡᠬᠦ ᠤᠬᠠᠭᠠᠨᠴᠢ ᠳᠦᠷᠢᠮᠵᠢᠯ ᠢᠶᠠᠷ ᠠᠮᠠᠪᠴᠢ ᠵᠡᠭᠦᠬᠦ ᠶᠢ ᠦᠷᠭᠦᠯᠵᠢᠯᠡᠨ ᠪᠠᠲᠤᠯᠠᠵᠤ᠂ ᠦᠷᠭᠦᠯᠵᠢ ᠭᠠᠷ ᠢᠶᠠᠨ ᠣᠬᠢᠶᠠᠨ᠂ ᠦᠷᠭᠦᠯᠵᠢ ᠰᠠᠯᠬᠢ ᠨᠡᠪᠲᠡᠷᠡᠭᠦᠯᠵᠦ᠂ ᠪᠥᠭᠡᠮᠨᠡᠷᠡᠬᠦ ᠦᠭᠡᠢ᠂ ᠠᠮᠤᠷ ᠲᠦᠪᠰᠢᠨ ᠨᠡᠶᠢᠭᠡᠮ ᠤᠨ ᠬᠠᠷᠢᠯᠴᠠᠭᠠᠨ ᠤ ᠵᠠᠶ ᠶᠢ ᠪᠠᠳᠣᠯᠠᠨ᠂ ᠨᠡᠶᠢᠲᠡ ᠶᠢᠨ ᠰᠠᠪᠬ᠎ᠠ ᠨᠡᠶᠢᠲᠡ ᠶᠢᠨ ᠰᠢᠨᠠᠭ᠎ᠠ ᠬᠡᠷᠡᠭᠯᠡᠬᠦ ᠶᠢ ᠰᠠᠨᠠᠭᠠᠴᠢᠯᠠᠨ᠎ᠠ᠃  ᠵᠦᠢ ᠶᠤᠰᠤᠨ ᠤ ᠦᠨᠡᠮᠯᠡᠯ ᠲᠠᠢ ᠬᠡᠲᠦ ᠳᠡᠯᠭᠡᠭᠦᠷ ᠪᠤᠶᠤ ᠵᠠᠬ᠎ᠠ ᠳᠡᠯᠭᠡᠭᠦᠷ ᠲᠤ ᠬᠦᠷᠴᠦ ᠬᠥᠯᠳᠡᠭᠦᠤ ᠲᠦᠭᠦᠬᠡᠶ ᠰᠢᠨ᠎ᠡ ᠰᠣᠷᠭᠤᠭ ᠪᠦᠲᠦᠭᠡᠭᠳᠡᠬᠦᠨ ᠢ ᠰᠣᠩᠭᠤᠨ ᠬᠤᠳᠠᠯᠳᠤᠨ ᠠᠪᠬᠤ ᠶᠢᠨ ᠬᠠᠮᠲᠤ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠶ᠃          ᠥᠷᠭᠡᠨ ᠣᠯᠠᠨ ᠰᠠᠭᠤᠭᠠᠯᠢ ᠠᠷᠠᠳ ᠬᠤᠲᠠ᠂ ᠲᠣᠭᠤᠷᠢᠭ ᠤᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠭᠰᠠᠨ ᠠᠭᠤᠰᠬᠢᠨ ᠦᠷᠪᠢᠰᠦᠯ ᠤᠨ ᠬᠢᠵᠢᠭ ᠤᠨ  ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠨᠡᠶᠢᠲᠡᠯᠡᠭᠰᠡᠨ ᠰᠡᠷᠭᠡᠶᠢᠯᠡᠨ ᠡᠵᠡᠮᠳᠡᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠠᠩᠬᠠᠷᠴᠤ᠂ ᠱᠠᠭᠠᠷᠳᠠᠯᠭ᠎ᠠ ᠶᠣᠰᠣᠭᠠᠷ ᠰᠢᠨ᠎ᠡ ᠲᠢᠲᠢᠮᠯᠢᠭ  ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠭᠦ ᠠᠵᠢᠯ ᠢ ᠰᠠᠶᠢᠲᠤᠷ ᠬᠢᠬᠦ ᠬᠡᠷᠡᠭᠲᠡᠶ᠃                              ᠬᠢᠶ᠎ᠠ ᠪᠠᠭᠰᠢ ᠲᠣᠭᠤᠷᠢᠭ ᠤᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠲᠤ                              ᠬᠠᠯᠳᠠᠪᠤᠷᠢᠯᠠᠭᠳᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ                              ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ                                                2020 ᠣᠨ ᠤ 11 ᠰᠠᠷ᠎ᠠ ᠶᠢᠨ 10 ᠤ ᠡᠳᠦᠷ
ᠢᠷᠡᠯᠲᠡ᠄ ᠲᠤᠰ ᠰᠦᠯᠵᠢᠶ᠎ᠡ