ᠪᠦᠭᠦᠳᠡ ᠨᠡᠶᠢᠷᠡᠮᠳᠡᠬᠤ ᠲᠤᠮᠳᠡᠳᠤ ᠠᠷᠡᠳ ᠤᠯᠤᠰ ᠤᠨ ᠢᠷᠭᠡᠨ ᠤ ᠬᠠᠣᠯᠢ ᠶᠢᠨ ᠪᠢᠴᠢᠭ
ᠨᠡᠶᠢᠲᠡᠯᠡᠭᠰᠡᠨ ᠴᠠᠭ᠄
2020/11/18
            ︵ᠥᠷᠭᠦᠯᠵᠢᠯᠡᠯ︶      ᠬᠤᠶᠠᠳᠣᠭᠠᠷ ᠭᠡᠰᠡᠭ ᠭᠢᠨᠠᠨ ᠬᠠᠮᠠᠭᠠᠯᠠᠬᠤ      ᠬᠤᠷᠢᠨ ᠵᠢᠷᠭᠤᠳᠣᠭᠠᠷ ᠵᠦᠢᠯ ᠡᠴᠢᠬᠡ ᠡᠬᠡ ᠨᠢ ᠨᠠᠰᠦᠨ ᠳᠤ ᠦᠯᠦ ᠭᠦᠷᠦᠭᠰᠡᠨ ᠦᠷ᠎ᠡ ᠭᠡᠦᠭᠡᠳ ᠢᠶᠠᠨ ᠠᠰᠠᠷᠠᠨ ᠲᠡᠵᠢᠭᠡᠭᠦ᠂ ᠰᠣᠷᠭᠠᠨ ᠭᠦᠮᠦᠵᠢᠭᠦᠯᠭᠦ ᠪᠠ ᠬᠠᠮᠠᠭᠠᠯᠠᠬᠤ ᠡᠭᠦᠷᠭᠡ ᠲᠠᠢ᠃      ᠨᠠᠰᠦᠨ ᠳᠤ ᠭᠦᠷᠦᠭᠰᠡᠨ ᠦᠷ᠎ᠡ ᠭᠡᠦᠭᠡᠳ ᠨᠢ ᠡᠴᠢᠬᠡ ᠡᠬᠡ ᠪᠠᠨ ᠠᠴᠢᠯᠠᠨ ᠲᠡᠵᠢᠭᠡᠭᠦ᠂ ᠲᠡᠳᠭᠦᠨ ᠲᠣᠰᠠᠯᠠᠬᠤ ᠪᠠ ᠬᠠᠮᠠᠭᠠᠯᠠᠬᠤ ᠡᠭᠦᠷᠭᠡ ᠲᠠᠢ᠃      ᠬᠤᠷᠢᠨ ᠲᠣᠯᠣᠳᠣᠭᠠᠷ ᠵᠦᠢᠯ ᠡᠴᠢᠭᠡ ᠡᠭᠡ ᠪᠤᠯ ᠨᠠᠰᠦᠨ ᠳᠤ ᠦᠯᠦ ᠭᠦᠷᠦᠭᠰᠡᠨ ᠦᠷ᠎ᠡ ᠭᠡᠦᠭᠡᠳ ᠤᠨ ᠢᠶᠠᠨ ᠭᠢᠨᠠᠨ ᠬᠠᠮᠠᠭᠠᠯᠠᠭᠴᠢ ᠮᠦᠨ᠃      ᠨᠠᠰᠦᠨ ᠳᠤ ᠦᠯᠦ ᠭᠦᠷᠦᠭᠰᠡᠳ ᠤᠨ ᠡᠴᠢᠭᠡ ᠡᠭᠡ ᠨᠢ ᠨᠢᠭᠡᠨᠳᠡ ᠦᠭᠦᠭᠰᠡᠨ ᠪᠣᠶᠣ ᠭᠢᠨᠠᠨ ᠬᠠᠮᠠᠭᠠᠯᠠᠬᠤ ᠴᠢᠳᠠᠪᠦᠷᠢ ᠦᠭᠡᠢ ᠪᠣᠯ ᠲᠣᠣᠷ᠎ᠠ ᠵᠢᠭᠰᠠᠭᠠᠭᠰᠠᠨ ᠭᠢᠨᠠᠨ ᠬᠠᠮᠠᠭᠠᠯᠠᠬᠤ ᠴᠢᠳᠠᠪᠦᠷᠢ ᠲᠠᠢ ᠭᠦᠮᠦᠰ ᠲᠡᠰ ᠲᠠᠷᠠᠭᠠᠯᠠᠯ ᠢᠶᠠᠷ ᠢᠶᠠᠨ ᠭᠢᠨᠠᠨ ᠬᠠᠮᠠᠭᠠᠯᠠᠭᠴᠢ ᠪᠣᠯᠣᠨ᠎ᠠ᠄      ︵ᠨᠢᠭᠡ︶ ᠡᠪᠦᠭᠡ ᠡᠮᠡᠭᠡ᠂ ᠨᠠᠭᠠᠴᠤ ᠡᠪᠦᠭᠡ ᠡᠮᠡᠭᠡ︔      ︵ᠬᠤᠶᠠᠷ︶ ᠠᠬ᠎ᠠ᠂ ᠡᠭᠡᠴᠢ︔      ︵ᠭᠤᠷᠪᠠ︶ ᠭᠢᠨᠠᠨ ᠬᠠᠮᠠᠭᠠᠯᠠᠭᠴᠢ ᠪᠣᠯᠬᠤ ᠲᠣᠷᠠᠳᠠᠢ ᠪᠣᠰᠣᠳ ᠬᠤᠪᠢ ᠭᠦᠮᠦᠨ ᠪᠣᠶᠣ ᠵᠣᠭᠢᠶᠠᠨ ᠪᠠᠶᠢᠭᠤᠯᠣᠯᠳᠠ᠂ ᠭᠡᠪᠡᠴᠦ ᠨᠠᠰᠦᠨ ᠳᠤ ᠦᠯᠦ ᠭᠦᠷᠦᠭᠰᠡᠳ ᠤᠨ ᠣᠷᠣᠨ ᠰᠠᠭᠤᠴᠠ ᠶᠢᠨ ᠭᠠᠵᠠᠷ ᠤᠨ ᠰᠠᠭᠤᠭᠠᠯᠢ ᠠᠷᠠᠳ ᠤᠨ ᠵᠦᠪᠯᠡᠯ᠂ ᠲᠤᠰᠬᠤᠨ ᠤ ᠠᠷᠠᠳ ᠤᠨ ᠵᠦᠪᠯᠡᠯ ᠪᠣᠶᠣ ᠠᠷᠠᠳ ᠤᠨ ᠶᠠᠪᠣᠳᠠᠯ ᠤᠨ ᠰᠠᠯᠠᠭ᠎ᠠ ᠮᠦᠴᠢᠷ ᠢᠶᠠᠷ ᠵᠦᠪᠰᠢᠶᠡᠷᠡᠭᠦᠯᠭᠦ ᠭᠡᠷᠡᠭᠳᠡᠢ᠃      ᠬᠤᠷᠢᠨ ᠨᠠᠢᠮᠠᠳᠣᠭᠠᠷ ᠵᠦᠢᠯ ᠢᠷᠭᠡᠠ ᠤ ᠭᠡᠷᠡᠭ ᠤᠨ ᠦᠢᠯᠡ ᠠᠵᠢᠯᠯᠠᠭ᠎ᠠ ᠶᠢᠨ ᠴᠢᠳᠡᠪᠤᠷᠢ ᠦᠭᠡᠢ ᠪᠣᠶᠣ ᠢᠷᠭᠡᠠ ᠤ ᠭᠡᠷᠡᠭ ᠤᠨ ᠦᠢᠯᠡ ᠠᠵᠢᠯᠯᠠᠭ᠎ᠠ ᠶᠢᠨ ᠴᠢᠳᠡᠪᠤᠷᠢ ᠨᠢ ᠬᠢᠵᠡᠭᠠᠷᠳᠡᠢ ᠨᠠᠰᠦᠨ ᠳᠤ ᠭᠦᠷᠦᠭᠰᠡᠳ ᠲᠤ ᠲᠣᠣᠷ᠎ᠠ ᠵᠢᠭᠰᠠᠭᠠᠭᠰᠠᠨ ᠭᠢᠨᠠᠨ ᠬᠠᠮᠠᠭᠠᠯᠠᠬᠤ ᠴᠢᠳᠠᠪᠦᠷᠢ ᠲᠠᠢ ᠭᠦᠮᠦᠰ ᠲᠡᠰ ᠲᠠᠷᠠᠭᠠᠯᠠᠯ ᠢᠶᠠᠷ ᠢᠶᠠᠨ ᠭᠢᠨᠠᠨ ᠬᠠᠮᠠᠭᠠᠯᠠᠭᠴᠢ ᠪᠣᠯᠣᠨ᠎ᠠ᠄      ︵ᠨᠢᠭᠡ︶ ᠬᠤᠯᠪᠣᠰᠦ︔      ︵ᠬᠤᠶᠠᠷ︶ ᠡᠴᠢᠭᠡ ᠡᠭᠡ᠂ ᠦᠷ᠎ᠡ ᠭᠡᠦᠭᠡᠳ︔      ︵ᠭᠤᠷᠪᠠ︶ ᠪᠣᠰᠣᠳ ᠦᠢᠷ᠎ᠡ ᠲᠦᠷᠦᠯ ᠰᠠᠳᠦᠨ︔      ︵ᠲᠦᠷᠪᠡ︶ ᠭᠢᠨᠠᠨ ᠬᠠᠮᠠᠭᠠᠯᠠᠭᠴᠢ ᠪᠣᠯᠬᠤ ᠲᠣᠷᠠᠳᠠᠢ ᠪᠣᠰᠣᠳ ᠬᠤᠪᠢ ᠭᠦᠮᠦᠨ ᠪᠣᠶᠣ ᠵᠣᠭᠢᠶᠠᠨ ᠪᠠᠶᠢᠭᠤᠯᠣᠯᠳᠠ᠂ ᠭᠡᠪᠡᠴᠦ ᠭᠢᠨᠠᠨ ᠬᠠᠮᠠᠭᠠᠯᠠᠭᠳᠠᠭᠴᠢ ᠶᠢᠨ ᠣᠷᠣᠨ ᠰᠠᠭᠤᠴᠠ ᠶᠢᠨ ᠭᠠᠵᠠᠷ ᠤᠨ ᠰᠠᠭᠤᠭᠠᠯᠢ ᠠᠷᠠᠳ ᠤᠨ ᠵᠦᠪᠯᠡᠯ᠂ ᠲᠤᠰᠬᠤᠨ ᠤ ᠠᠷᠠᠳ ᠤᠨ ᠵᠦᠪᠯᠡᠯ ᠪᠣᠶᠣ ᠠᠷᠠᠳ ᠤᠨ ᠶᠠᠪᠣᠳᠠᠯ ᠤᠨ ᠰᠠᠯᠠᠭ᠎ᠠ ᠮᠦᠴᠢᠷ ᠢᠶᠠᠷ ᠵᠦᠪᠰᠢᠶᠡᠷᠡᠭᠦᠯᠭᠦ ᠭᠡᠷᠡᠭᠳᠡᠢ᠃      ᠬᠤᠷᠢ ᠶᠢᠰᠦᠳᠦᠭᠡᠷ ᠵᠦᠢᠯ ᠭᠢᠨᠠᠨ ᠬᠠᠮᠠᠭᠠᠯᠠᠭᠳᠠᠭᠴᠢ ᠶᠢᠨ ᠡᠴᠢᠭᠡ ᠡᠭᠡ ᠨᠢ ᠭᠢᠨᠠᠨ ᠬᠠᠮᠠᠭᠠᠯᠠᠭᠴᠢ ᠪᠤᠯᠵᠤ ᠪᠠᠶᠢᠭ᠎ᠠ ᠪᠣᠯ᠂ ᠭᠡᠷᠢᠶᠡᠰ ᠢᠶᠠᠷ ᠭᠢᠨᠠᠨ ᠬᠠᠮᠠᠭᠠᠯᠠᠭᠴᠢ ᠶᠢ ᠵᠢᠭᠠᠨ ᠲᠣᠭᠳᠠᠭᠠᠵᠦ ᠪᠣᠯᠣᠨ᠎ᠠ᠃      ᠭᠤᠴᠢᠳᠣᠭᠠᠷ ᠵᠦᠢᠯ ᠬᠠᠣᠯᠢ ᠶᠣᠰᠣᠭᠠᠷ ᠭᠢᠨᠠᠨ ᠬᠠᠮᠠᠭᠠᠯᠠᠬᠤ ᠭᠢᠷᠢ ᠭᠡᠮ ᠲᠠᠢ ᠭᠦᠮᠦᠰ ᠬᠤᠭᠤᠷᠣᠨᠳᠦ ᠪᠠᠨ ᠵᠦᠪᠳᠡᠯᠴᠡᠵᠦ ᠪᠠᠶᠢᠭᠠᠳ ᠭᠢᠨᠠᠨ ᠬᠠᠮᠠᠭᠠᠯᠠᠭᠴᠢ ᠶᠢ ᠲᠣᠭᠳᠠᠭᠠᠵᠦ ᠪᠣᠯᠣᠨ᠎ᠠ᠃ ᠭᠢᠨᠠᠨ ᠬᠠᠮᠠᠭᠠᠯᠠᠭᠴᠢ ᠶᠢ ᠵᠦᠪᠳᠡᠯᠴᠡᠨ ᠲᠣᠭᠳᠠᠭᠠᠬᠤ ᠳᠤ ᠭᠢᠨᠠᠨ ᠬᠠᠮᠠᠭᠠᠯᠠᠭᠳᠠᠭᠴᠢ ᠶᠢᠨ ᠦᠨᠡᠨ ᠪᠤᠳᠠᠳᠠᠢ ᠬᠦᠰᠡᠯ ᠰᠠᠨᠠᠭ᠎ᠠ ᠶᠢ ᠭᠦᠨᠳᠦᠳᠭᠡᠭᠦ ᠭᠡᠷᠡᠭᠳᠡᠢ᠃      ᠭᠤᠴᠢᠨ ᠨᠢᠭᠡᠳᠦᠭᠡᠷ ᠵᠦᠢᠯ ᠭᠢᠨᠠᠨ ᠬᠠᠮᠠᠭᠠᠯᠠᠭᠴᠢ ᠶᠢ ᠲᠣᠭᠳᠠᠭᠠᠬᠤ ᠳᠤ ᠮᠠᠷᠭᠤᠭᠠᠨ ᠲᠠᠢ ᠪᠠᠶᠢᠪᠠᠯ᠂ ᠭᠢᠨᠠᠨ ᠬᠠᠮᠠᠭᠠᠯᠠᠭᠳᠠᠭᠴᠢ ᠶᠢᠨ ᠣᠷᠣᠨ ᠰᠠᠭᠤᠴᠠ ᠶᠢᠨ ᠭᠠᠵᠠᠷ ᠤᠨ ᠰᠠᠭᠤᠭᠠᠯᠢ ᠠᠷᠠᠳ ᠤᠨ ᠵᠦᠪᠯᠡᠯ᠂ ᠲᠤᠰᠬᠤᠨ ᠤ ᠠᠷᠠᠳ ᠤᠨ ᠵᠦᠪᠯᠡᠯ ᠪᠣᠶᠣ ᠠᠷᠠᠳ ᠤᠨ ᠶᠠᠪᠣᠳᠠᠯ ᠤᠨ ᠰᠠᠯᠠᠭ᠎ᠠ ᠮᠦᠴᠢᠷ ᠠᠴᠠ ᠭᠢᠨᠠᠨ ᠬᠠᠮᠠᠭᠠᠯᠠᠭᠴᠢ ᠶᠢ ᠵᠢᠭᠠᠨ ᠲᠣᠭᠳᠠᠭᠠᠨ᠎ᠠ᠂ ᠬᠤᠯᠪᠣᠭᠳᠠᠯ ᠪᠦᠭᠦᠢ ᠲᠣᠬᠠᠢ ᠶᠢᠨ ᠭᠦᠮᠦᠨ ᠵᠢᠭᠠᠨ ᠲᠣᠭᠳᠠᠭᠠᠯᠳᠠ ᠶᠢ ᠵᠦᠪᠰᠢᠶᠡᠷᠡᠭᠦ ᠦᠭᠡᠢ ᠳᠤ ᠭᠦᠷᠪᠡᠯ᠂ ᠠᠷᠠᠳ ᠤᠨ ᠰᠢᠭᠦᠭᠦ ᠬᠤᠷᠢᠶ᠎ᠠ ᠳᠤ ᠭᠢᠨᠠᠨ ᠬᠠᠮᠠᠭᠠᠯᠠᠭᠴᠢ ᠶᠢ ᠵᠢᠭᠠᠨ ᠲᠣᠭᠳᠠᠭᠠᠯᠭᠠᠬᠤ ᠪᠠᠷ ᠭᠤᠶᠣᠴᠢᠯᠠᠵᠦ ᠪᠣᠯᠣᠨ᠎ᠠ︔ ᠬᠤᠯᠪᠣᠭᠳᠠᠯ ᠪᠦᠭᠦᠢ ᠲᠣᠬᠠᠢ ᠶᠢᠨ ᠭᠦᠮᠦᠨ ᠠᠷᠠᠳ ᠤᠨ ᠰᠢᠭᠦᠭᠦ ᠬᠤᠷᠢᠶ᠎ᠠ ᠳᠤ ᠭᠢᠨᠠᠨ ᠬᠠᠮᠠᠭᠠᠯᠠᠭᠴᠢ ᠶᠢ ᠵᠢᠭᠠᠨ ᠲᠣᠭᠳᠠᠭᠠᠯᠭᠠᠬᠤ ᠪᠠᠷ ᠰᠢᠭᠤᠳ ᠭᠤᠶᠣᠴᠢᠯᠠᠭᠰᠠᠨ ᠴᠦ ᠪᠣᠯᠣᠨ᠎ᠠ᠃      ᠰᠠᠭᠤᠭᠠᠯᠢ ᠠᠷᠠᠳ ᠤᠨ ᠵᠦᠪᠯᠡᠯ᠂ ᠲᠤᠰᠬᠤᠨ ᠤ ᠠᠷᠠᠳ ᠤᠨ ᠵᠦᠪᠯᠡᠯ᠂ ᠠᠷᠠᠳ ᠤᠨ ᠶᠠᠪᠣᠳᠠᠯ ᠤᠨ ᠰᠠᠯᠠᠭ᠎ᠠ ᠮᠦᠴᠢᠷ ᠪᠣᠶᠣ ᠠᠷᠠᠳ ᠤᠨ ᠰᠢᠭᠦᠭᠦ ᠬᠤᠷᠢᠶ᠎ᠠ ᠭᠢᠨᠠᠨ ᠬᠠᠮᠠᠭᠠᠯᠠᠭᠳᠠᠭᠴᠢ ᠶᠢᠨ ᠦᠨᠡᠨ ᠪᠤᠳᠠᠳᠠᠢ ᠬᠦᠰᠡᠯ ᠰᠠᠨᠠᠭ᠎ᠠ ᠶᠢ ᠭᠦᠨᠳᠦᠳᠭᠡᠵᠦ᠂ ᠭᠢᠨᠠᠨ ᠬᠠᠮᠠᠭᠠᠯᠠᠭᠳᠠᠭᠴᠢ ᠳᠤ ᠬᠠᠮᠤᠭ ᠤᠨ ᠠᠰᠢᠭᠳᠠᠢ ᠪᠠᠶᠢᠯᠭᠠᠬᠤ ᠵᠠᠷᠴᠢᠮ ᠢᠶᠠᠷ᠂ ᠬᠠᠣᠯᠢ ᠶᠣᠰᠣᠭᠠᠷ ᠭᠢᠨᠠᠨ ᠬᠠᠮᠠᠭᠠᠯᠠᠬᠤ ᠭᠢᠷᠢ ᠭᠡᠮ ᠲᠠᠢ ᠭᠦᠮᠦᠰ ᠤᠨ ᠲᠣᠳᠣᠷ᠎ᠠ ᠠᠴᠠ ᠭᠢᠨᠠᠨ ᠬᠠᠮᠠᠭᠠᠯᠠᠭᠴᠢ ᠶᠢ ᠵᠢᠭᠠᠨ ᠲᠣᠭᠳᠠᠭᠠᠬᠤ ᠭᠡᠷᠡᠭᠳᠡᠢ᠃      ᠲᠣᠰ ᠵᠦᠢᠯ ᠤᠨ ᠨᠢᠭᠡᠳᠦᠭᠡᠷ ᠪᠠᠳᠠᠭ ᠤᠨ ᠲᠣᠭᠳᠠᠭᠠᠯ ᠢ ᠦᠨᠳᠦᠰᠦᠯᠡᠨ ᠭᠢᠨᠠᠨ ᠬᠠᠮᠠᠭᠠᠯᠠᠭᠴᠢ ᠶᠢ ᠵᠢᠭᠠᠨ ᠲᠣᠭᠳᠠᠭᠠᠬᠤ ᠠᠴᠠ ᠡᠮᠦᠨ᠎ᠡ᠂ ᠭᠢᠨᠠᠨ ᠬᠠᠮᠠᠭᠠᠯᠠᠭᠳᠠᠭᠴᠢ ᠶᠢᠨ ᠪᠡᠶ᠎ᠡ ᠶᠢᠨ ᠡᠷᠭᠡ᠂ ᠡᠳ᠋ ᠭᠦᠷᠦᠩᠭᠡ ᠶᠢᠨ ᠡᠷᠭᠡ ᠵᠢᠴᠢ ᠪᠣᠰᠣᠳ ᠬᠠᠣᠯᠢ ᠶᠣᠰᠣᠨ ᠤ ᠡᠷᠭᠡ ᠠᠰᠢᠭ ᠨᠢ ᠬᠠᠮᠠᠭᠠᠯᠠᠬᠤ ᠭᠦᠮᠦᠨ ᠦᠭᠡᠢ ᠪᠠᠶᠢᠳᠠᠯ ᠳᠤ ᠣᠷᠣᠰᠢᠵᠦ ᠪᠠᠶᠢᠪᠠᠯ᠂ ᠭᠢᠨᠠᠨ ᠬᠠᠮᠠᠭᠠᠯᠠᠭᠳᠠᠭᠴᠢ ᠶᠢᠨ ᠣᠷᠣᠨ ᠰᠠᠭᠤᠴᠠ ᠶᠢᠨ ᠭᠠᠵᠠᠷ ᠤᠨ ᠰᠠᠭᠤᠭᠠᠯᠢ ᠠᠷᠠᠳ ᠤᠨ ᠵᠦᠪᠯᠡᠯ᠂ ᠲᠤᠰᠬᠤᠨ ᠤ ᠠᠷᠠᠳ ᠤᠨ ᠵᠦ᠋ᠪᠯᠡᠯ᠂ ᠬᠠᠣᠯᠢ ᠴᠠᠭᠠᠵᠠ ᠳᠤ ᠲᠣᠭᠳᠠᠭᠠᠭᠰᠠᠨ ᠬᠤᠯᠪᠣᠭᠳᠠᠯ ᠪᠦᠭᠦᠢ ᠵᠣᠭᠢᠶᠠᠨ ᠪᠠᠶᠢᠭᠤᠯᠣᠯᠳᠠ ᠪᠣᠶᠣ ᠠᠷᠠᠳ ᠤᠨ ᠶᠠᠪᠣᠳᠠᠯ ᠤᠨ ᠰᠠᠯᠠᠭ᠎ᠠ ᠮᠦᠴᠢᠷ ᠲᠦᠷ ᠴᠠᠭ ᠤᠨ ᠭᠢᠨᠠᠨ ᠬᠠᠮᠠᠭᠠᠯᠠᠭᠴᠢ ᠪᠣᠯᠣᠨ᠎ᠠ᠃      ᠭᠢᠨᠠᠨ ᠬᠠᠮᠠᠭᠠᠯᠠᠭᠴᠢ ᠶᠢ ᠵᠢᠭᠠᠨ ᠲᠣᠭᠳᠠᠭᠠᠭᠰᠠᠨ ᠤ ᠲᠠᠷᠠᠭ᠎ᠠ᠂ ᠲᠣᠷ᠎ᠠ ᠪᠠᠷ ᠢᠶᠠᠨ ᠬᠤᠪᠢᠷᠠᠭᠤᠯᠵᠦ ᠪᠣᠯᠬᠤ ᠦᠭᠡᠢ︔ ᠲᠣᠷ᠎ᠠ ᠪᠠᠷ ᠢᠶᠠᠨ ᠬᠤᠪᠢᠷᠠᠭᠤᠯᠣᠭᠰᠠᠨ ᠪᠠᠶᠢᠪᠠᠯ᠂ ᠵᠢᠭᠠᠨ ᠲᠣᠭᠳᠠᠭᠠᠭᠳᠠᠭᠰᠠᠨ ᠭᠢᠨᠠᠨ ᠬᠠᠮᠠᠭᠠᠯᠠᠭᠴᠢ ᠶᠢᠨ ᠬᠠᠷᠢᠭᠤᠴᠠᠯᠭ᠎ᠠ ᠶᠢ ᠭᠡᠯᠳᠦᠷᠢᠭᠦᠯᠭᠦ ᠦᠭᠡᠢ᠃      ᠭᠤᠴᠢᠨ ᠬᠤᠶᠠᠳᠣᠭᠠᠷ ᠵᠦᠢᠯ ᠬᠠᠣᠯᠢ ᠶᠣᠰᠣᠭᠠᠷ ᠭᠢᠨᠠᠨ ᠬᠠᠮᠠᠭᠠᠯᠠᠬᠤ ᠭᠢᠷᠢ ᠭᠡᠮ ᠲᠠᠢ ᠭᠦᠮᠦᠨ ᠦᠭᠡᠢ ᠪᠣᠯ᠂ ᠠᠷᠠᠳ ᠤᠨ ᠶᠠᠪᠣᠳᠠᠯ ᠤᠨ ᠰᠠᠯᠠᠭ᠎ᠠ ᠮᠦᠴᠢᠷ ᠭᠢᠨᠠᠨ ᠬᠠᠮᠠᠭᠠᠯᠠᠭᠴᠢ ᠪᠣᠯᠣᠨ᠎ᠠ᠂ ᠭᠢᠨᠠᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠶᠢ ᠭᠦᠢᠴᠡᠳᠭᠡᠭᠦ ᠨᠦᠭᠦᠴᠡᠯ ᠪᠦᠷᠢᠳᠦᠭᠰᠡᠨ ᠭᠢᠨᠠᠨ ᠬᠠᠮᠠᠭᠠᠯᠠᠭᠳᠠᠭᠴᠢ ᠶᠢᠨ ᠣᠷᠣᠨ ᠰᠠᠭᠤᠴᠠ ᠶᠢᠨ ᠭᠠᠵᠠᠷ ᠤᠨ ᠰᠠᠭᠤᠭᠠᠯᠢ ᠠᠷᠠᠳ ᠤᠨ ᠵᠦᠪᠯᠡᠯ᠂ ᠲᠤᠰᠬᠤᠨ ᠤ ᠠᠷᠠᠳ ᠤᠨ ᠵᠦᠪᠯᠡᠯ ᠭᠢᠨᠠᠨ ᠬᠠᠮᠠᠭᠠᠯᠠᠭᠴᠢ ᠪᠣᠯᠣᠭᠰᠠᠨ ᠴᠦ ᠪᠣᠯᠣᠨ᠎ᠠ᠃      ᠭᠤᠴᠢᠨ ᠭᠤᠷᠪᠠᠳᠣᠭᠠᠷ ᠵᠦᠢᠯ ᠢᠷᠭᠡᠨ ᠤ ᠭᠡᠷᠡᠭ ᠤᠨ ᠦᠢᠯᠡ ᠠᠵᠢᠯᠯᠠᠭ᠎ᠠ ᠶᠢᠨ ᠪᠦᠷᠢᠨ ᠴᠢᠳᠠᠪᠦᠷᠢ ᠲᠠᠢ ᠨᠠᠰᠦᠨ ᠳᠤ ᠭᠦᠷᠦᠭᠰᠡᠨ ᠬᠥᠮᠥᠨ ᠲᠡᠭᠦᠨ ᠤ ᠦᠢᠷ᠎ᠡ ᠲᠦᠷᠦᠯ ᠰᠠᠳᠦᠨ᠂ ᠭᠢᠨᠠᠨ ᠬᠠᠮᠠᠭᠠᠯᠠᠭᠴᠢ ᠪᠣᠯᠬᠤ ᠲᠣᠷᠠᠳᠠᠢ ᠪᠣᠰᠣᠳ ᠬᠤᠪᠢ ᠭᠦᠮᠦᠨ ᠪᠣᠶᠣ ᠵᠣᠭᠢᠶᠠᠨ ᠪᠠᠶᠢᠭᠤᠯᠣᠯᠳᠠ ᠲᠠᠢ ᠣᠷᠢᠳᠴᠢᠯᠠᠨ ᠵᠦᠪᠳᠡᠯᠴᠡᠵᠦ᠂ ᠪᠢᠴᠢᠭ ᠤᠨ ᠭᠡᠯᠪᠡᠷᠢ ᠪᠠᠷ ᠦᠪᠠᠷ ᠤᠨ ᠭᠢᠨᠠᠨ ᠬᠠᠮᠠᠭᠠᠯᠠᠭᠴᠢ ᠪᠠᠨ ᠲᠣᠭᠳᠠᠭᠠᠵᠦ᠂ ᠦᠪᠡᠷ ᠢᠶᠠᠨ ᠢᠷᠭᠡᠨ ᠤ ᠭᠡᠷᠡᠭ ᠤᠨ ᠦᠢᠯᠠ ᠠᠵᠢᠯᠯᠠᠭ᠎ᠠ ᠶᠢᠨ ᠴᠢᠳᠠᠪᠦᠷᠢ ᠪᠠᠨ ᠠᠯᠳᠠᠬᠤ ᠪᠣᠶᠣ ᠭᠡᠰᠡᠭ ᠲᠠᠯ᠎ᠠ ᠪᠠᠷ ᠠᠯᠳᠠᠬᠤ ᠦᠶ᠎ᠡ ᠳᠤ᠂ ᠳᠤᠰ ᠬᠢᠨᠠᠨ ᠬᠠᠮᠠᠭᠠᠯᠠᠬᠴᠢ ᠪᠠᠷ ᠭᠢᠨᠠᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠭᠦᠢᠴᠡᠳᠭᠡᠬᠦᠯᠵᠦ ᠪᠤᠯᠤᠨ᠎ᠠ᠃      ᠭᠤᠴᠢᠨ ᠲᠦᠷᠪᠡᠳᠦᠭᠡᠷ ᠵᠦᠢᠯ ᠭᠢᠨᠠᠨ ᠬᠠᠮᠠᠭᠠᠯᠠᠭᠴᠢ ᠶᠢᠨ ᠡᠭᠦᠷᠭᠡ ᠬᠠᠷᠢᠭᠤᠴᠠᠯᠭ᠎ᠠ ᠪᠣᠯ ᠭᠢᠨᠠᠨ ᠬᠠᠮᠠᠭᠠᠯᠠᠭᠳᠠᠭᠴᠢ ᠶᠢ ᠤᠷᠤᠯᠠᠨ ᠢᠷᠭᠡᠨ ᠤ ᠭᠡᠷᠡᠭ ᠤᠨ ᠬᠠᠣᠯᠢ ᠴᠠᠭᠠᠵᠠ ᠶᠢᠨ ᠦᠢᠯᠠ ᠠᠵᠢᠯᠯᠠᠭ᠎ᠠ ᠭᠢᠵᠦ᠂ ᠭᠢᠨᠠᠨ ᠬᠠᠮᠠᠭᠠᠯᠠᠭᠳᠠᠭᠴᠢ ᠶᠢᠨ ᠪᠡᠶ᠎ᠡ ᠶᠢᠨ ᠡᠷᠭᠡ᠂ ᠡᠳ᠋ ᠭᠦᠷᠦᠩᠭᠡ ᠶᠢᠨ ᠡᠷᠭᠡ ᠵᠢᠴᠢ ᠪᠣᠰᠣᠳ ᠬᠠᠣᠯᠢ ᠶᠣᠰᠣᠨ ᠤ ᠡᠷᠭᠡ ᠠᠰᠢᠭ ᠢ ᠬᠠᠮᠠᠭᠠᠯᠠᠬᠤ ᠵᠡᠷᠭᠡ ᠶᠠᠪᠤᠳᠠᠯ ᠪᠣᠯᠣᠨ᠎ᠠ᠃      ᠭᠢᠨᠠᠨ ᠬᠠᠮᠠᠭᠠᠯᠠᠭᠴᠢ ᠶᠢᠨ ᠭᠢᠨᠠᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠬᠠᠣᠯᠢ ᠶᠣᠰᠣᠭᠠᠷ ᠭᠦᠢᠴᠡᠳᠭᠡᠭᠰᠡᠨ ᠠᠴᠠ ᠪᠣᠢ ᠪᠣᠯᠣᠭᠰᠠᠨ ᠡᠷᠭᠡ ᠶᠢ ᠬᠠᠣᠯᠢ ᠪᠠᠷ ᠬᠠᠮᠠᠭᠠᠯᠠᠨ᠎ᠠ᠃      ᠬᠢᠨᠠᠨ ᠬᠠᠮᠠᠭᠠᠯᠠᠭᠴᠢ ᠬᠢᠨᠠᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠦᠭᠡᠢ ᠪᠤᠶᠤ ᠬᠢᠨᠠᠨ ᠬᠠᠮᠠᠭᠠᠯᠠᠭᠳᠠᠭᠴᠢ ᠶᠢᠨ ᠬᠠᠤᠯᠢ ᠶᠤᠰᠤᠨ ᠤ ᠡᠷᠬᠡ ᠠᠰᠢᠭ ᠢ ᠬᠥᠨᠤᠭᠡᠭᠰᠡᠨ ᠪᠠᠶᠢᠪᠠᠯ᠂ ᠬᠠᠣᠯᠢ ᠶᠢᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃      ᠭᠡᠨᠡᠳᠲᠡ ᠶᠢᠨ ᠬᠡᠷᠡᠭ ᠡᠭᠦᠰᠦᠭᠰᠡᠨ ᠵᠡᠷᠭᠡ ᠪᠠᠴᠢᠮ ᠪᠠᠶᠢᠳᠠᠯ ᠠᠴᠠ ᠪᠣᠯᠤᠭᠠᠳ ᠬᠢᠨᠠᠨ ᠬᠠᠮᠠᠭᠠᠯᠠᠭᠴᠢ ᠨᠢ ᠬᠢᠨᠠᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠲᠦᠷ ᠭᠦᠢᠴᠡᠳᠬᠡᠬᠦ ᠶᠢᠨ ᠠᠷᠭ᠎ᠠ ᠦᠭᠡᠢ ᠪᠣᠯᠵᠤ᠂ ᠬᠢᠨᠠᠨ ᠬᠠᠮᠠᠭᠠᠯᠠᠭᠳᠠᠬᠴᠢ ᠶᠢᠨ ᠠᠮᠢᠳᠤᠷᠠᠯ ᠬᠠᠷᠠᠭᠠᠯᠵᠠᠬᠤ ᠬᠦᠮᠦᠨ ᠦᠭᠡᠢ ᠪᠠᠶᠢᠳᠠᠯ ᠳᠤ ᠣᠷᠤᠰᠢᠵᠤ ᠪᠠᠶᠢᠪᠠᠯ᠂ ᠬᠢᠨᠠᠨ ᠬᠠᠮᠠᠭᠠᠯᠠᠬᠳᠡᠬᠴᠢ ᠶᠢᠨ ᠣᠷᠤᠨ ᠰᠠᠭᠤᠴᠠ ᠶᠢᠨ ᠭᠠᠵᠠᠷ ᠤᠨ ᠰᠠᠭᠤᠭᠠᠯᠢ ᠠᠷᠠᠳ ᠤᠨ ᠵᠥᠪᠯᠡᠯ᠂ ᠲᠣᠰᠬᠤᠨ ᠤ ᠠᠷᠠᠳ ᠤᠨ ᠵᠥᠪᠯᠠᠯ ᠪᠣᠶᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠬᠢᠨᠠᠨ ᠬᠠᠮᠠᠭᠠᠯᠠᠬᠳᠠᠬᠴᠢ ᠳᠤ ᠲᠦᠷ ᠴᠠᠭ ᠠᠮᠢᠳᠤᠷᠠᠯ ᠢ ᠨᠢ ᠬᠠᠷᠠᠭᠠᠯᠵᠠᠬᠤ ᠴᠢᠬᠤᠯᠠ ᠪᠦᠬᠦᠢ ᠠᠷᠭ᠎ᠠ ᠬᠡᠮᠵᠢᠶ᠎ᠠ ᠳᠤᠬᠢᠷᠠᠭᠤᠯᠬᠤ ᠬᠡᠷᠡᠭᠲᠡᠢ᠃      ᠭᠤᠴᠢᠨ ᠲᠠᠪᠣᠳᠣᠭᠠᠷ ᠵᠦᠢᠯ ᠬᠢᠨᠠᠨ ᠬᠠᠮᠠᠭᠠᠯᠠᠭᠴᠢ ᠨᠢ ᠬᠢᠨᠠᠨ ᠬᠠᠮᠠᠭᠠᠯᠠᠭᠳᠠᠭᠴᠢ ᠳᠤ ᠬᠠᠮᠤᠭ ᠤᠨ ᠠᠰᠢᠭᠲᠠᠢ ᠪᠠᠶᠢᠯᠭᠠᠬᠤ ᠵᠠᠷᠴᠢᠮ ᠶᠤᠰᠤᠭᠠᠷ ᠬᠢᠨᠠᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠃ ᠬᠢᠨᠠᠨ ᠬᠠᠮᠠᠭᠠᠯᠠᠭᠳᠠᠭᠴᠢ ᠶᠢᠨ ᠠᠰᠢᠭ ᠲᠤᠰᠠ ᠶᠢ ᠬᠠᠮᠠᠭᠠᠯᠠᠬᠤ ᠶᠢᠨ ᠲᠦᠯᠦᠭᠡ ᠪᠠᠶᠢᠬᠤ ᠶᠢ ᠭᠠᠷᠭᠠᠪᠠᠯ᠂ ᠬᠢᠨᠠᠨ ᠬᠠᠮᠠᠭᠠᠯᠠᠭᠴᠢ ᠨᠢ ᠬᠢᠨᠠᠨ ᠬᠠᠮᠠᠭᠠᠯᠠᠭᠳᠠᠭᠴᠢ ᠶᠢᠨ ᠡᠳ᠋ ᠬᠦᠷᠦᠩᠭᠡ ᠶᠢ ᠰᠢᠢᠳᠪᠦᠷᠢᠯᠡᠵᠦ ᠪᠤᠯᠬᠤ ᠦᠭᠡᠢ᠃      ᠨᠠᠰᠤᠨ ᠳᠤ ᠦᠯᠦ ᠬᠦᠷᠦᠭᠰᠡᠳ ᠤᠨ ᠬᠢᠨᠠᠨ ᠬᠠᠮᠠᠭᠠᠯᠠᠭᠴᠢ ᠬᠢᠨᠠᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠤ᠂ ᠬᠢᠨᠠᠨ ᠬᠠᠮᠠᠭᠠᠯᠠᠭᠳᠠᠭᠴᠢ ᠶᠢᠨ ᠠᠰᠢᠭ ᠲᠣᠰᠠ ᠳᠤ ᠬᠤᠯᠪᠤᠭᠳᠠᠬᠤ ᠲᠤᠭᠲᠠᠭᠠᠯ ᠭᠠᠷᠭᠠᠬᠤ ᠳᠠᠭᠠᠨ᠂ ᠬᠢᠨᠠᠨ ᠬᠠᠮᠠᠭᠠᠯᠠᠭᠳᠠᠭᠴᠢ ᠶᠢᠨ ᠨᠠᠰᠤ ᠵᠢᠯ ᠪᠠ ᠤᠶᠤᠨ ᠴᠢᠳᠠᠪᠤᠷᠢ ᠶᠢᠨ ᠪᠠᠶᠢᠳᠠᠯ ᠢ ᠦᠨᠳᠦᠰᠦᠯᠡᠵᠤ᠂ ᠬᠢᠨᠠᠨ ᠬᠠᠮᠠᠭᠠᠯᠠᠭᠳᠠᠭᠴᠢ ᠶᠢᠨ ᠦᠨᠡᠨ ᠪᠤᠳᠠᠲᠠᠢ ᠬᠦᠰᠡᠯ ᠰᠠᠨᠠᠭ᠎ᠠ ᠶᠢ ᠬᠦᠨᠳᠦᠳᠬᠡᠬᠦ ᠬᠡᠷᠡᠭᠲᠡᠢ᠃     ᠨᠠᠰᠤᠨ ᠳᠤ ᠬᠦᠷᠦᠭᠰᠡᠤᠨ ᠤᠨ ᠬᠢᠨᠠᠨ ᠬᠠᠮᠠᠭᠠᠯᠠᠭᠴᠢ ᠬᠢᠨᠠᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠡᠭᠡᠨ ᠬᠢᠨᠠᠨ ᠬᠠᠮᠠᠭᠠᠯᠠᠭᠳᠠᠭᠴᠢ ᠶᠢᠨ ᠦᠨᠡᠨ ᠪᠤᠳᠠᠲᠠᠢ ᠬᠦᠰᠡᠯ ᠰᠠᠨᠠᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠬᠦᠨᠳᠦᠳᠬᠡᠵᠦ᠂ ᠬᠢᠨᠠᠨ ᠬᠠᠮᠠᠭᠠᠯᠠᠭᠳᠠᠭᠴᠢ ᠶᠢᠨ ᠤᠶᠤᠨ ᠴᠢᠳᠠᠪᠤᠷᠢ᠂ ᠤᠶᠤᠨ ᠤ ᠡᠷᠡᠭᠦᠯ ᠮᠡᠨᠳᠦ ᠶᠢᠨ ᠪᠠᠶᠢᠳᠠᠯ ᠲᠠᠢ ᠪᠠᠨ ᠵᠤᠬᠢᠴᠠᠭᠰᠠᠨ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ ᠬᠢᠬᠦ ᠶᠢ ᠪᠠᠲᠤᠯᠠᠬᠤ ᠪᠦᠭᠡᠳ ᠲᠡᠭᠦᠨ ᠳᠤ ᠬᠠᠮᠵᠢᠯᠴᠠᠬᠤ ᠬᠡᠷᠡᠭᠲᠡᠢ᠃ ᠬᠢᠨᠠᠨ ᠬᠠᠮᠠᠭᠠᠯᠠᠭᠳᠠᠭᠴᠢ ᠶᠢᠨ ᠪᠡᠶ᠎ᠡ ᠪᠠᠨ ᠳᠠᠭᠠᠭᠠᠵᠤ ᠰᠢᠢᠳᠪᠦᠷᠢᠯᠡᠬᠦ ᠴᠢᠳᠠᠪᠤᠷᠢ ᠲᠠᠢ ᠬᠡᠷᠡᠭ ᠶᠠᠪᠤᠳᠠᠯ ᠳᠤ ᠬᠢᠨᠠᠨ ᠬᠠᠮᠠᠭᠠᠯᠠᠭᠴᠢ ᠭᠠᠷ ᠲᠦᠷᠦᠵᠦ ᠪᠤᠯᠬᠤ ᠦᠭᠡᠢ᠃      ᠭᠤᠴᠢᠨ ᠵᠢᠷᠭᠤᠳᠤᠭᠠᠷ ᠵᠦᠢᠯ ᠬᠢᠨᠠᠨ ᠬᠠᠮᠠᠭᠠᠯᠠᠭᠴᠢ ᠳᠤ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠠᠷᠠᠳ ᠤᠨ ᠰᠢᠬᠦᠬᠦ ᠬᠤᠷᠢᠶ᠎ᠠ ᠬᠤᠯᠪᠤᠭᠳᠠᠯ ᠪᠦᠬᠦᠢ ᠬᠤᠪᠢ ᠬᠦᠮᠦᠨ ᠪᠤᠶᠤ ᠵᠤᠬᠢᠶᠠᠨ ᠪᠠᠶᠢᠭᠤᠯᠤᠯᠲᠠ ᠶᠢᠨ ᠭᠤᠶᠤᠴᠢᠯᠠᠯ ᠢ ᠦᠨᠳᠦᠰᠦᠯᠡᠵᠦ᠂ ᠬᠢᠨᠠᠨ ᠬᠠᠮᠠᠭᠠᠯᠠᠭᠴᠢ ᠶᠢᠨ ᠬᠢᠷᠢ ᠬᠡᠮ ᠢ ᠨᠢ ᠬᠦᠴᠦᠨ ᠦᠭᠡᠢ ᠪᠤᠯᠭᠠᠵᠤ᠂ ᠴᠢᠬᠤᠯᠠ ᠪᠦᠬᠦᠢ ᠲᠦᠷ ᠴᠠᠭ ᠤᠨ ᠬᠢᠨᠠᠨ ᠬᠠᠮᠠᠭᠠᠯᠠᠬᠤ ᠠᠷᠭ᠎ᠠ ᠬᠡᠮᠵᠢᠶ᠎ᠡ ᠲᠤᠬᠢᠷᠠᠭᠤᠯᠬᠤ ᠪᠦᠭᠡᠳ ᠬᠢᠨᠠᠨ ᠬᠠᠮᠠᠭᠠᠯᠠᠭᠳᠠᠭᠴᠢ ᠳᠤ ᠬᠠᠮᠤᠭ ᠤᠨ ᠠᠰᠢᠭᠲᠠᠢ ᠪᠠᠶᠢᠯᠭᠠᠬᠤ ᠵᠠᠷᠴᠢᠮ ᠶᠣᠰᠣᠭᠠᠷ ᠬᠢᠨᠠᠨ ᠬᠠᠮᠠᠭᠠᠯᠠᠭᠴᠢ ᠶᠢ ᠬᠠᠤᠯᠢ ᠶᠤᠰᠤᠭᠠᠷ ᠵᠢᠭᠠᠨ ᠲᠤᠭᠲᠠᠭᠠᠨ᠎ᠡ᠄      ︵ᠨᠢᠭᠡ︶ ᠬᠢᠨᠠᠨ ᠬᠠᠮᠠᠭᠠᠯᠠᠭᠳᠠᠭᠴᠢ ᠶᠢᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠬᠦᠨᠳᠦ ᠨᠤᠴᠢᠲᠠᠢ ᠬᠤᠬᠢᠷᠠᠭᠤᠯᠬᠤ ᠦᠢᠯᠡ ᠠᠵᠢᠯᠯᠠᠭ᠎ᠠ ᠬᠢᠭᠰᠡᠨ︔      ︵ᠬᠤᠶᠠᠷ︶ ᠬᠢᠨᠠᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤ ᠬᠤᠶᠢᠷᠭᠤᠰᠢᠭᠰᠠᠨ᠂ ᠡᠰᠡᠭᠦᠯ᠎ᠡ ᠬᠢᠨᠠᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠳᠠᠶᠢᠯᠬᠦ ᠦᠭᠡᠢ ᠮᠦᠷᠲᠡᠭᠡᠨ ᠬᠢᠨᠠᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠶᠢᠨ ᠢᠶᠠᠨ ᠬᠡᠰᠡᠭ ᠢ ᠪᠤᠶᠤ ᠪᠦᠬᠦᠨ ᠢ ᠪᠤᠰᠤᠳ ᠲᠤ ᠨᠠᠶᠢᠳᠠᠬᠤ ᠶᠢ ᠲᠡᠪᠴᠢᠵᠤ ᠂ ᠬᠢᠨᠠᠨ ᠬᠠᠮᠠᠭᠠᠯᠠᠭᠳᠠᠭᠴᠢ ᠶᠢ ᠠᠶᠤᠯ ᠪᠡᠷᠬᠡᠰᠢᠶᠡᠯ ᠲᠠᠢ ᠪᠠᠶᠢᠳᠠᠯ ᠳᠤ ᠤᠷᠤᠭᠤᠯᠤᠭᠰᠠᠨ︔      ︵ᠭᠤᠷᠪᠠ︶ ᠬᠢᠨᠠᠨ ᠬᠠᠮᠠᠭᠠᠯᠠᠭᠳᠠᠭᠴᠢ ᠶᠢᠨ ᠬᠠᠤᠯᠢ ᠶᠤᠰᠤᠨ ᠤ ᠡᠷᠬᠡ ᠠᠰᠢᠭ ᠢ ᠬᠦᠨᠳᠦ ᠨᠤᠴᠢᠲᠠᠢ ᠬᠥᠨᠤᠭᠡᠭᠰᠡᠨ ᠪᠤᠰᠤᠳ ᠦᠢᠯᠡ ᠠᠵᠢᠯᠯᠠᠭ᠎ᠠ ᠬᠢᠭᠰᠡᠨ᠃      ᠲᠤᠰ ᠵᠦᠢᠯ ᠳᠤ ᠲᠤᠭᠲᠠᠭᠠᠭᠰᠠᠨ ᠬᠤᠯᠪᠤᠭᠳᠠᠯ ᠪᠦᠬᠦᠢ ᠬᠤᠪᠢ ᠬᠦᠮᠦᠨ ᠪᠠ ᠵᠤᠬᠢᠶᠠᠨ ᠪᠠᠶᠢᠭᠤᠯᠤᠯᠲᠠ ᠳᠤ᠂ ᠬᠠᠤᠯᠢ ᠶᠤᠰᠤᠭᠠᠷ ᠬᠢᠨᠠᠨ ᠬᠠᠮᠠᠭᠠᠯᠠᠬᠤ ᠬᠢᠷᠢ ᠬᠡᠮ ᠲᠠᠢ ᠪᠤᠰᠤᠳ ᠬᠦᠮᠦᠨ᠂ ᠰᠠᠭᠤᠭᠠᠯᠢ ᠠᠷᠠᠳ ᠤᠨ ᠵᠦᠪᠯᠡᠯ᠂ ᠲᠤᠰᠬᠤᠨ ᠤ ᠠᠷᠠᠳ ᠤᠨ ᠵᠦᠪᠯᠡᠯ᠂ ᠰᠤᠷᠭᠠᠭᠤᠯᠢ᠂ ᠡᠮᠨᠡᠯᠭᠡ ᠶᠢᠨ ᠪᠠᠶᠢᠭᠤᠯᠤᠮᠵᠢ᠂ ᠡᠮᠡᠭᠳᠡᠶᠢᠴᠦᠳ ᠤᠨ ᠬᠤᠯᠪᠤᠭᠠᠲᠤ ᠬᠤᠷᠠᠯ᠂ ᠵᠡᠮᠳᠡᠭᠴᠤᠳ ᠤᠨ ᠬᠤᠯᠪᠤᠭᠠᠲᠤ ᠬᠤᠷᠠᠯ᠂ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠵᠤᠬᠢᠶᠠᠨ ᠪᠠᠶᠢᠭᠤᠯᠤᠯᠲᠠ᠂ ᠬᠠᠤᠯᠢ ᠶᠤᠰᠤᠭᠠᠷ ᠪᠠᠶᠢᠭᠤᠯᠤᠭᠰᠠᠨ ᠨᠠᠰᠤᠲᠠᠶᠢᠴᠤᠳ ᠤᠨ ᠵᠤᠬᠢᠶᠠᠨ ᠪᠠᠶᠢᠭᠤᠯᠤᠯᠲᠠ᠂ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠵᠡᠷᠭᠡ ᠪᠠᠭᠲᠠᠨ᠎ᠠ᠃      ᠡᠮᠦᠨᠡᠬᠢ ᠪᠠᠳᠠᠭ ᠲᠤ ᠲᠤᠭᠲᠠᠭᠠᠭᠰᠠᠨ ᠬᠤᠪᠢ ᠬᠦᠮᠦᠨ ᠪᠠ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠠᠴᠠ ᠭᠠᠳᠠᠨᠠᠬᠢ ᠵᠤᠬᠢᠶᠠᠨ ᠪᠠᠶᠢᠭᠤᠯᠤᠯᠲᠠ ᠠᠷᠠᠳ ᠤᠨ ᠰᠢᠬᠦᠬᠦ ᠬᠤᠷᠢᠶ᠎ᠠ ᠳᠤ ᠬᠢᠨᠠᠨ ᠬᠠᠮᠠᠭᠠᠯᠠᠬᠴᠢ ᠶᠢᠨ ᠬᠢᠷᠢ ᠬᠡᠮ ᠢ ᠬᠦᠴᠦᠨ ᠦᠭᠡᠢ ᠪᠤᠯᠭᠠᠭᠤᠯᠬᠤ ᠪᠠᠷ ᠴᠠᠭ ᠲᠤᠬᠠᠢ ᠳᠤᠨᠢ ᠭᠤᠶᠣᠴᠢᠯᠠᠭᠰᠠᠨ ᠦᠭᠡᠢ ᠪᠠᠶᠢᠪᠠᠯ᠂ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠨᠢ ᠠᠷᠠᠳ ᠤᠨ ᠰᠢᠬᠦᠬᠦ ᠬᠤᠷᠢᠶ᠎ᠠ ᠳᠤ ᠭᠤᠶᠤᠴᠢᠯᠠᠬᠤ ᠬᠡᠷᠡᠭᠲᠡᠢ᠃      ᠭᠤᠴᠢᠨ ᠲᠤᠯᠤᠳᠤᠭᠠᠷ ᠵᠦᠢᠯ ᠬᠢᠨᠠᠨ ᠬᠠᠮᠠᠭᠠᠯᠠᠭᠳᠠᠭᠴᠢ ᠶᠢᠨ ᠠᠰᠠᠷᠠᠨ ᠲᠡᠵᠢᠭᠡᠬᠦ ᠵᠠᠷᠤᠳᠠᠯ᠂ ᠠᠴᠢᠯᠠᠨ ᠲᠡᠵᠢᠭᠡᠬᠦ ᠵᠠᠷᠤᠳᠠᠯ᠂ ᠲᠡᠳᠬᠦᠨ ᠲᠡᠵᠢᠭᠡᠬᠦ ᠵᠠᠷᠤᠳᠠᠯ ᠢ ᠬᠠᠤᠯᠢ ᠶᠤᠰᠤᠭᠠᠷ ᠡᠭᠦᠷᠭᠡᠯᠡᠵᠦ ᠪᠠᠶᠢᠭ᠎ᠠ ᠡᠴᠢᠬᠡ ᠡᠬᠡ᠂ ᠦᠷ᠎ᠡ ᠬᠡᠦᠬᠡᠳ᠂ ᠬᠤᠯᠪᠤᠭᠠᠰᠤ ᠵᠡᠷᠭᠡ ᠨᠢ ᠠᠷᠠᠳ ᠤᠨ ᠰᠢᠬᠦᠬᠦ ᠬᠤᠷᠢᠶ᠎ᠠ ᠳᠤ ᠬᠢᠨᠠᠨ ᠬᠠᠮᠠᠭᠠᠯᠠᠬᠴᠢ ᠶᠢᠨ ᠬᠢᠷᠢ ᠬᠡᠮ ᠢᠶᠠᠨ ᠬᠦᠴᠦᠨ ᠦᠭᠡᠢ ᠪᠤᠯᠭᠠᠭᠳᠠᠭᠰᠠᠨ ᠤ ᠳᠠᠷᠠᠭ᠎ᠠ᠂ ᠡᠭᠦᠷᠭᠡᠯᠡᠵᠦ ᠪᠠᠶᠢᠭ᠎ᠠ ᠡᠭᠦᠷᠭᠡ ᠪᠠᠨ ᠦᠷᠭᠦᠯᠵᠢᠯᠠᠨ ᠭᠦᠢᠴᠡᠳᠭᠡᠭᠦ ᠬᠡᠷᠡᠭᠲᠡᠢ᠃      ᠭᠤᠴᠢᠨ ᠨᠠᠢᠮᠠᠳᠤᠭᠠᠷ ᠵᠦᠢᠯ ᠬᠢᠨᠠᠨ ᠬᠠᠮᠠᠭᠠᠯᠠᠭᠳᠠᠭᠴᠢ ᠶᠢᠨ ᠡᠴᠢᠬᠡ ᠡᠬᠡ ᠪᠤᠶᠤ ᠦᠷ᠎ᠡ ᠬᠡᠦᠬᠡᠳ ᠨᠢ ᠠᠷᠠᠳ ᠤᠨ ᠰᠢᠬᠦᠬᠦ ᠬᠤᠷᠢᠶ᠎ᠠ ᠳᠤ ᠬᠢᠨᠠᠨ ᠬᠠᠮᠠᠭᠠᠯᠠᠭᠴᠢ ᠶᠢᠨ ᠬᠢᠷᠢ ᠬᠡᠮ ᠢᠶᠠᠨ ᠬᠦᠴᠦᠨ ᠦᠭᠡᠢ ᠪᠤᠯᠭᠠᠭᠳᠠᠭᠰᠠᠨ ᠤ ᠳᠠᠷᠠᠭ᠎ᠠ᠂ ᠬᠢᠨᠠᠨ ᠬᠠᠮᠠᠭᠠᠯᠠᠭᠳᠠᠭᠴᠢ ᠳᠤ ᠵᠤᠷᠢᠭᠤᠲᠠ ᠶᠠᠯ᠎ᠠ ᠬᠢᠭᠰᠡᠨ ᠢ ᠭᠠᠷᠭᠠᠪᠠᠯ᠂ ᠦᠨᠡᠭᠡᠷ ᠬᠡᠮᠰᠢᠨ ᠵᠠᠰᠠᠷᠠᠬᠤ ᠢᠯᠡᠷᠡᠯ ᠲᠠᠢ ᠪᠤᠯ᠂ ᠲᠡᠭᠦᠨ ᠤ ᠭᠤᠶᠤᠴᠢᠯᠠᠯ ᠢᠶᠠᠷ ᠳᠠᠮᠵᠢᠨ᠂ ᠠᠷᠠᠳ ᠤᠨ ᠰᠢᠬᠦᠬᠦ ᠬᠤᠷᠢᠶ᠎ᠠ ᠬᠢᠨᠠᠨ ᠬᠠᠮᠠᠭᠠᠯᠠᠭᠳᠠᠭᠴᠢ ᠶᠢᠨ ᠦᠨᠡᠨ ᠪᠤᠳᠠᠲᠠᠢ ᠬᠦᠰᠡᠯ ᠰᠠᠨᠠᠭ᠎ᠠ ᠶᠢ ᠬᠦᠨᠳᠦᠳᠬᠡᠭᠰᠡᠨ ᠤᠷᠢᠳᠠᠯ ᠲᠤᠤᠷ᠎ᠠ᠂ ᠪᠠᠶᠢᠳᠠᠯ ᠢ ᠦᠵᠡᠵᠦ ᠪᠠᠶᠢᠭᠠᠳ ᠬᠢᠨᠠᠨ ᠬᠠᠮᠠᠭᠠᠯᠠᠭᠴᠢ ᠶᠢᠨ ᠬᠢᠷᠢ ᠬᠡᠮ ᠢ ᠨᠢ ᠰᠡᠷᠬᠦᠭᠡᠵᠤ ᠪᠤᠯᠤᠨ᠎ᠠ᠂ ᠠᠷᠠᠳ ᠤᠨ ᠰᠢᠬᠦᠬᠦ ᠬᠤᠷᠢᠶᠠᠨ ᠤ ᠵᠢᠭᠠᠨ ᠲᠤᠭᠲᠠᠭᠠᠭᠰᠠᠨ ᠬᠢᠨᠠᠨ ᠬᠠᠮᠠᠭᠠᠯᠠᠭᠴᠢ ᠶᠢᠨ ᠬᠢᠨᠠᠨ ᠬᠠᠮᠠᠭᠠᠯᠠᠭᠳᠠᠭᠴᠢ ᠯᠤᠭ᠎ᠠ ᠶᠢᠨ ᠬᠢᠨᠠᠨ ᠬᠠᠮᠠᠭᠠᠯᠠᠬᠤ ᠬᠠᠷᠢᠴᠠᠭ᠎ᠠ ᠵᠡᠷᠭᠡ ᠳᠤᠨᠢ ᠳᠠᠭᠤᠰᠤᠨ᠎ᠠ᠃
ᠢᠷᠡᠯᠲᠡ᠄ ᠣᠷᠳᠣᠰ ᠮᠣᠩᠭᠤᠯ ᠰᠦᠯᠵᠢᠶ᠎ᠡ