ᠦᠦᠰᠢᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/11/25
         11 ᠰᠠᠷ᠎ᠠ ᠶᠢᠨ 20 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠡᠷᠳᠡᠨᠢᠪᠢᠯᠢᠭ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠬᠤᠰᠢᠭᠤ ᠳᠠᠷᠤᠭ᠎ᠠ ᠵᠣᠣ ᠹᠸᠢ ᠯᠦ ᠵᠢᠴᠢ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠤᠷᠤᠯᠴᠠᠨ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠶᠠᠨᠮᠠᠨᠳᠤᠬᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠤᠤ ᠸᠧᠶ ᠵᠡᠷᠭᠡ ᠬᠤᠯᠪᠣᠭᠳᠠᠯ ᠪᠥᠬᠦᠶ ᠰᠢᠶᠠᠨ ᠤ ᠲᠠᠰ ᠤᠨ ᠤᠳᠤᠷᠢᠳᠤᠯᠭ᠎ᠠ᠂ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠵᠠᠶ᠃
         
                  ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠢ ᠰᠠᠶᠢᠲᠤᠷ ᠬᠢᠬᠦ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠣᠶᠢᠷ᠎ᠠ ᠶᠢᠨ ᠬᠤᠭᠤᠴᠠᠭᠠᠨ ᠤ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠣᠯᠤᠨ ᠪᠥᠬᠦ ᠬᠤᠰᠢᠭᠤᠨ ᠤ ᠠᠵᠤ ᠠᠬᠤᠶ ᠶᠢᠨ ᠡᠷᠭᠢᠯᠳᠠ ᠶᠢᠨ ᠪᠠᠶᠢᠳᠠᠯ᠂ ᠪᠥᠬᠦ ᠬᠤᠰᠢᠭᠤᠨ ᠤ ᠬᠤᠤᠷᠲᠤ ᠡᠳ᠋ ᠢ ᠴᠠᠭᠠᠵᠠᠯᠠᠬᠤ ᠠᠵᠢᠯ ᠤᠨ ᠪᠠᠶᠢᠳᠠᠯ ᠪᠣᠯᠤᠨ ᠨᠡᠭᠦᠷᠡᠰᠦᠨ ᠤ ᠡᠬᠢ ᠪᠠᠶᠠᠯᠢᠭ ᠤᠨ ᠭᠥᠷᠢᠶᠠᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠵᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃
       
          ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠭᠠᠵᠠᠷ ᠤᠷᠤᠨ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠰᠢᠨ᠎ᠡ ᠴᠠᠭ ᠦᠶ᠎ᠡ ᠶᠢᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠢ ᠰᠠᠶᠢᠲᠤᠷ ᠬᠢᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ ᠦᠵᠡᠯ ᠰᠠᠨᠠᠭ᠎ᠠ ᠪᠠᠷ ᠬᠦᠲᠦᠯᠦᠨ ᠳᠠᠭᠠᠭᠤᠯᠬᠤ ᠪᠠ ᠦᠵᠡᠯ ᠰᠠᠨᠠᠭ᠎ᠠ ᠤᠯᠤᠰ ᠲᠥᠷᠥ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ ᠵᠠᠯᠠᠭᠤᠴᠤᠳ ᠪᠠᠭᠠᠴᠤᠳ ᠨᠠᠮ ᠤᠨ ᠦᠭᠡ ᠶᠢ ᠰᠤᠨᠤᠰᠤᠨ ᠨᠠᠮ ᠢᠶᠠᠨ ᠲᠠᠭᠠᠵᠤ ᠡᠬᠡ ᠣᠷᠣᠨ ᠪᠠ ᠠᠷᠠᠳ ᠲᠦᠮᠡᠨ ᠤ ᠠᠵᠢᠯ ᠦᠢᠯᠡᠰ ᠤᠨ ᠬᠥᠭᠵᠢᠯᠲᠡ ᠶᠢᠨ ᠵᠠᠯᠭᠠᠮᠵᠢᠯᠠᠭᠴᠢ ᠪᠣᠯᠬᠤ ᠶᠢ ᠵᠢᠯᠤᠭᠤᠳᠤᠨ ᠵᠠᠯᠠᠭᠤᠴᠤᠳ ᠪᠠᠭᠠᠴᠤᠳ ᠤᠨ ᠦᠰᠦᠨ ᠪᠤᠶᠢᠵᠢᠵᠤ ᠴᠢᠳᠠᠪᠤᠷᠢᠲᠠᠨ ᠪᠣᠯᠬᠤ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠵᠤ ᠬᠤᠶᠢᠴᠢ ᠨᠢᠭᠡ ᠦᠶ᠎ᠡ ᠶᠢᠨ ᠬᠢᠨ ᠢ ᠬᠠᠯᠠᠮᠵᠢᠯᠠᠬᠤ ᠰᠠᠭᠤᠷᠢ ᠮᠥᠩᠭᠦᠨ ᠤ ᠨᠡᠶᠢᠭᠡᠮᠯᠢᠭ ᠤᠨ ᠦᠢᠯᠡᠳᠦᠯ ᠢ ᠭᠦᠢᠴᠡᠳ ᠪᠠᠳᠠᠷᠠᠭᠤᠯᠤᠨ ᠰᠡᠳᠬᠢᠯ ᠢᠶᠠᠨ ᠨᠢᠭᠡᠳᠬᠡᠨ ᠭᠥᠴᠤ ᠪᠠᠨ ᠬᠠᠮᠲᠤᠳᠬᠠᠵᠤ ᠪᠦᠬᠦ ᠬᠤᠰᠢᠭᠤᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠰᠢᠨ᠎ᠡ ᠪᠠᠶᠢᠳᠠᠯ ᠢ ᠪᠦᠬᠦ ᠬᠦᠴᠦᠨ ᠢᠶᠠᠷ ᠢᠶᠠᠨ ᠡᠭᠦᠳᠭᠦ ᠭᠡᠷᠡᠭᠳᠡᠢ ᠭᠡᠵᠡᠢ᠃          ᠬᠤᠷᠠᠯ ᠠᠴᠠ ᠴᠢᠬᠤᠯᠠᠴᠢᠯᠠᠭᠰᠠᠨ ᠨᠢ᠂ ᠦᠵᠡᠯ ᠰᠠᠨᠠᠭ᠎ᠠ ᠤᠯᠤᠰ ᠲᠥᠷᠥ ᠶᠢᠨ ᠵᠢᠯᠣᠭᠤᠳᠤᠮᠵᠢ ᠪᠠ ᠥᠨᠳᠥᠷ ᠬᠡᠪ ᠴᠢᠨᠠᠷ ᠪᠦᠬᠦᠢ ᠡᠩᠨᠡᠭᠡᠨ ᠤ ᠪᠠᠶᠢᠭᠤᠯᠤᠯᠲᠠ᠂ ᠰᠠᠬᠢᠯᠭ᠎ᠠ ᠪᠠᠲᠤ ᠣᠪᠣᠷ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ ᠬᠤᠣᠷᠲᠤ ᠡᠳ᠋ ᠢ ᠴᠠᠭᠠᠵᠠᠯᠠᠬᠤ ᠠᠵᠢᠯ ᠤᠨ ᠡᠭᠦᠷᠭᠡᠲᠦ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠨ ᠨᠡᠮᠡᠭᠳᠡᠭᠦᠯᠤᠨ ᠬᠤᠣᠷᠲᠤ ᠡᠳ᠋ ᠢ ᠴᠠᠭᠠᠵᠠᠯᠠᠬᠤ ᠶᠡᠭᠡ ᠪᠠᠶᠢᠴᠠᠭᠠᠯᠲᠠ ᠶᠢ ᠦᠳᠲᠡᠷ ᠲᠦᠷᠭᠡᠨ ᠥᠷᠨᠢᠭᠦᠯᠵᠦ ᠬᠤᠣᠷᠲᠤ ᠡᠳ᠋ ᠲᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ︽ᠬᠤᠣᠷ ᠦᠭᠡᠢ︾ ᠡᠭᠦᠳᠦᠨ ᠪᠠᠶᠢᠭᠤᠯᠤᠯᠳᠠ ᠶᠢᠨ ᠠᠵᠢᠯ ᠢ ᠭᠦᠨᠵᠡᠭᠡᠶ ᠥᠷᠨᠢᠭᠦᠯᠤᠨ ᠤᠬᠠᠭᠤᠯᠭ᠎ᠠ ᠬᠥᠮᠦᠵᠢᠯ ᠤᠨ ᠡᠷᠴᠢᠮ ᠢᠶᠠᠨ ᠴᠢᠩᠭᠠᠷᠠᠭᠤᠯᠵᠤ ᠬᠤᠤᠷᠲᠤ ᠡᠳ᠋ ᠢ ᠴᠠᠭᠠᠵᠠᠯᠠᠬᠤ ᠠᠵᠢᠯ  ᠢ ᠰᠠᠶᠢᠲᠤᠷ ᠭᠢᠭᠦ ᠬᠡᠷᠡᠭᠲᠡᠶ ᠭᠡᠵᠡᠢ᠃          ᠬᠤᠷᠠᠯ ᠠᠴᠠ ᠴᠢᠬᠤᠯᠠᠴᠢᠯᠠᠭᠰᠠᠨ ᠨᠢ᠂ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠶᠣᠰᠣᠭᠠᠷ ᠵᠠᠬᠢᠳᠠᠯ ᠰᠤᠷᠪᠤᠯᠵᠢᠯᠠᠯ ᠤᠨ ᠬᠡᠷᠡᠭ ᠤᠴᠢᠷ ᠢ ᠰᠢᠢᠳᠪᠤᠷᠢᠯᠠᠭᠦ ᠠᠵᠢᠯ ᠢ ᠪᠣᠳᠠᠲᠠᠶ ᠠᠳᠬᠤᠵᠤ ᠰᠤᠷᠪᠤᠯᠵᠢᠯᠠᠯ ᠢ ᠬᠦᠯᠢᠶᠡᠨ ᠠᠪᠬᠤ ᠠᠵᠢᠯ ᠢ ᠭᠦᠨᠵᠡᠭᠡᠶ ᠥᠷᠨᠢᠭᠦᠯᠭᠦ ᠬᠡᠷᠡᠭᠲᠡᠶ᠃ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠳᠦᠷᠢᠮ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠴᠡᠭᠴᠡᠯᠠᠨ ᠰᠠᠶᠢᠵᠢᠷᠠᠭᠤᠯᠵᠤ ᠤᠯᠤᠰ ᠲᠥᠷᠥ ᠶᠢᠨ ᠬᠠᠷᠢᠭᠤᠴᠠᠯᠭ᠎ᠠ ᠡᠭᠦᠷᠭᠡᠯᠡᠬᠦ ᠶᠢ ᠴᠢᠩᠭᠠᠳᠬᠠᠨ ᠴᠡᠭᠴᠡᠯᠡᠨ ᠵᠠᠰᠠᠵᠤ ᠰᠠᠶᠢᠵᠢᠷᠠᠭᠤᠯᠬᠤ ᠶᠢ ᠠᠬᠢᠭᠤᠯᠵᠤ ᠡᠨᠡ ᠤᠳᠠᠭ᠎ᠠ ᠶᠢᠨ ᠲᠤᠰᠬᠠᠢ ᠴᠡᠭᠴᠡᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠭᠢᠭᠦ ᠬᠡᠷᠡᠭᠲᠡᠢ ᠭᠡᠵᠡᠢ᠃          ᠬᠤᠷᠠᠯ ᠠᠴᠠ ᠴᠢᠬᠤᠯᠠᠴᠢᠯᠠᠭᠰᠠᠨ ᠨᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠩᠭᠤᠵᠢᠭᠤᠯᠤᠨ ᠰᠠᠶᠢᠲᠤᠷ ᠬᠢᠵᠦ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠳᠠᠯᠠᠨ ᠬᠢᠯᠢ ᠳᠤ ᠣᠷᠣᠵᠤ ᠢᠷᠡᠭᠰᠡᠨ ᠬᠥᠮᠦᠰ ᠪᠠ ᠠᠶᠤᠯ ᠲᠦᠭᠰᠢᠭᠦᠷᠢᠲᠡᠶ ᠭᠠᠵᠠᠷ ᠣᠷᠣᠨ ᠤ ᠬᠥᠮᠦᠰ ᠢ ᠬᠠᠮᠢᠶᠠᠷᠤᠨ ᠡᠵᠡᠮᠳᠠᠵᠤ ᠰᠤᠷᠭᠠᠭᠤᠯᠢ᠂ ᠡᠮᠨᠡᠯᠭᠡ ᠶᠢᠨ ᠬᠤᠷᠢᠶ᠎ᠠ ᠵᠡᠷᠭᠡ ᠭᠤᠤᠯᠳᠠᠯᠭ᠎ᠠ ᠲᠠᠢ ᠲᠠᠯᠠᠪᠤᠷ ᠤᠨ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠠᠳᠬᠤᠨ ᠭᠥᠢᠳᠡᠨ ᠭᠡᠯᠭᠢᠶᠠᠳᠤ ᠢᠳᠡᠭᠡᠨ ᠢ ᠲᠤᠰᠬᠠᠶᠢᠯᠠᠨ ᠴᠡᠭᠴᠡᠯᠡᠨ ᠵᠠᠰᠠᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠠᠭᠦ ᠠᠵᠢᠯ ᠢ ᠰᠠᠶᠢᠲᠤᠷ ᠭᠢᠭᠦ ᠭᠡᠷᠡᠭᠳᠠᠢ᠃ ᠪᠦᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠨᠢᠭᠡᠳᠤᠯᠳᠠᠢ ᠲᠥᠯᠥᠪᠯᠡᠨ ᠠᠬᠢᠭᠤᠯᠵᠤ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ ᠬᠤᠳᠠᠯᠳᠤᠭ᠎ᠠ ᠡᠵᠡᠩᠨᠡᠬᠦ ᠣᠷᠴᠢᠨ ᠢ ᠰᠢᠯᠢᠳᠡᠭᠵᠢᠭᠦᠯᠵᠦ ᠠᠵᠤ ᠠᠬᠤᠢ ᠶᠢᠨ ᠨᠡᠮᠡᠭᠳᠡᠯ ᠤᠨ ᠪᠠᠶᠢᠳᠠᠯ ᠢ ᠦᠷᠭᠦᠯᠵᠢᠯᠡᠨ ᠪᠠᠬᠢᠵᠢᠭᠦᠯᠤᠨ ᠠᠶᠤᠯᠭᠦᠢ ᠦᠢᠯᠡᠳᠪᠦᠷᠢᠯᠡᠯ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠭᠤᠣᠯᠳᠠᠯᠭ᠎ᠠ ᠲᠠᠢ ᠠᠵᠢᠯ ᠢ ᠥᠴᠦᠬᠡᠨ ᠴᠤ ᠰᠤᠯᠠᠷᠠᠭᠤᠯᠤᠯ ᠦᠭᠡᠢ ᠴᠢᠩᠭ᠎ᠠ ᠠᠳᠬᠤᠵᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠭᠡᠷᠡᠭᠳᠠᠢ ᠭᠡᠵᠡᠢ᠃                                                      ᠰᠤᠷᠪᠤᠯᠵᠢᠯᠠᠭᠴᠢ᠄ ᠤᠶᠤᠨᠴᠢᠮᠡᠭ
ᠢᠷᠡᠯᠲᠡ᠄ ᠦᠦᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ