ᠴᠠᠯᠢᠩ ᠢᠶᠠᠨ ᠤᠯᠤᠭ᠎ᠠ ᠦᠭᠡᠢ ᠬᠦᠯᠤᠰᠤᠨ ᠲᠠᠷᠢᠶᠠᠴᠢᠨ ᠨᠡᠶᠢᠵᠠ ᠨᠠᠷ ᠠᠩᠬᠠᠷᠤᠯ ᠢᠶᠠᠨ ᠬᠠᠨᠳᠤᠭᠤᠯᠮᠤ︕ ᠲᠦᠷᠦ ᠶᠢᠨ ᠶᠠᠪᠤᠳᠠᠯ ᠤᠨ ᠬᠤᠷᠢᠶᠠᠨ ᠠᠴᠠ ᠢᠯᠡᠴᠢᠯᠡᠨ ᠵᠠᠭᠠᠯᠳᠤᠬᠤ ᠠᠷᠭ᠎ᠠ ᠵᠠᠮ ᠢ ᠰᠢᠯᠤᠭᠤᠳᠬᠠᠬᠤ ᠪᠠᠷ ᠪᠤᠢ
ᠨᠡᠶᠢᠲᠡᠯᠡᠭᠰᠡᠨ ᠴᠠᠭ᠄
2020/11/25
        ᠰᠢᠨᠬᠤᠸᠠ ᠬᠤᠷᠢᠶᠠᠨ ᠤ ᠪᠡᠭᠡᠵᠢᠩ ᠤᠨ 11 ᠰᠠᠷ᠎ᠡ ᠶᠢᠨ 23   ᠤ  ᠴᠠᠬᠢᠯᠭᠠᠨ  ᠮᠡᠳᠡᠭᠡ ᠠᠴᠠ  ︵ᠰᠤᠷᠪᠤᠯᠵᠢᠯᠠᠬᠴᠢ ᠵᠢᠶᠠᠩ ᠯᠢᠨ︶ ᠲᠦᠷᠦ ᠶᠢᠨ ᠶᠠᠪᠤᠳᠠᠯ ᠤᠨ ᠬᠤᠷᠢᠶ᠎ᠡ ᠬᠦᠯᠤᠰᠤᠨ ᠲᠠᠷᠢᠶᠠᠴᠢᠨ ᠤ ᠴᠠᠯᠢᠩ ᠢ ᠦᠷᠢᠳᠤᠬᠦ ᠶᠢ ᠦᠨᠳᠤᠰᠤᠨ ᠠᠴᠠ ᠨᠢ ᠵᠠᠰᠠᠬᠤ ᠠᠵᠢᠯ ᠤᠨ ᠤᠳᠤᠷᠢᠳᠬᠤ ᠲᠤᠭᠤᠢᠢᠯᠠᠩ 23 ᠤ ᠡᠳᠦᠷ ᠲᠧᠯᠸᠢᠰ ᠤᠳᠠᠰᠤ ᠬᠤᠷᠠᠯ ᠬᠤᠷᠠᠯᠳᠤᠭᠤᠯᠤᠨ᠂ ᠠᠵᠢᠯ ᠤᠨ ᠪᠠᠶᠢᠳᠠᠯ ᠢ ᠵᠠᠳᠠᠯᠤᠨ ᠰᠤᠳᠤᠯᠤᠨ ᠮᠠᠭᠠᠳᠯᠠᠵᠤ᠂ ᠬᠦᠯᠤᠰᠤᠨ ᠲᠠᠷᠢᠶᠠᠴᠢᠨ ᠤ ᠴᠡᠯᠢᠩ ᠢ ᠦᠷᠢᠳᠤᠬᠦ ᠶᠢ  ᠦᠨᠳᠦᠰᠦᠨ ᠠᠴᠠ ᠨᠢ ᠵᠠᠰᠠᠬᠤ ᠡᠪᠤᠯ ᠤᠨ ᠤᠯᠠᠷᠢᠯ ᠤᠨ ᠲᠤᠰᠬᠠᠢ ᠠᠵᠢᠯᠯᠠᠭ᠎ᠠ ᠶᠢ ᠪᠠᠶᠢᠷᠢᠯᠠᠭᠤᠯᠪᠠ᠃ ᠬᠤᠷᠠᠯ ᠠᠴᠠ᠂ ᠴᠠᠯᠢᠩ ᠢ ᠦᠷᠢᠳᠤᠬᠦ ᠬᠡᠮ ᠰᠤᠭᠤᠭ ᠢ ᠪᠦᠬᠦ ᠲᠠᠯ᠎ᠡ ᠪᠠᠷ ᠵᠢᠬᠰᠠᠭᠠᠨ ᠪᠠᠶᠢᠴᠠᠭᠠᠵᠤ᠂ ᠴᠠᠭ ᠲᠤᠬᠠᠢ ᠳᠤᠨᠢ ᠠᠷᠢᠯᠭᠠᠨ᠂ ᠬᠦᠯᠤᠰᠤᠨ ᠲᠠᠷᠢᠶᠠᠴᠢᠨ ᠤ ᠢᠯᠡᠴᠢᠯᠡᠨ‌ᠵᠠᠭᠠᠯᠳᠤᠬᠤ ᠠᠷᠭ᠎ᠠ ᠵᠠᠮ ᠢ ᠰᠢᠯᠤᠭᠤᠳᠬᠠᠵᠤ᠂ ᠲᠤᠬᠳᠠᠬᠰᠡᠨ ᠴᠠᠭ ᠲᠤ ᠬᠦᠯᠤᠰᠤᠨ ᠲᠠᠷᠢᠶᠠᠴᠢᠨ ᠤ ᠴᠠᠯᠢᠩ ᠢ  ᠦᠷᠢᠳᠤᠬᠦ ᠠᠰᠠᠭᠤᠳᠠᠯ ᠢ ᠰᠢᠢᠳᠪᠤᠷᠢᠯᠡᠬᠦ ᠭᠡᠷᠡᠭᠳᠠᠢ ᠭᠡᠵᠤ ᠲᠤᠷᠠᠳᠪᠠ᠃         ᠬᠤᠷᠠᠯ ᠠᠴᠠ᠂ ᠤᠯᠤᠰ ᠲᠦᠷᠦ ᠶᠢᠨ ᠬᠠᠷᠢᠭᠤᠴᠠᠯᠭ᠎ᠠ ᠡᠬᠦᠷᠭᠡᠯᠡᠯ ᠢᠶᠠᠨ  ᠴᠢᠩᠭᠠᠳᠬᠠᠵᠤ᠂  ᠠᠵᠢᠯ ᠤᠨ ᠬᠠᠷᠢᠭᠤᠴᠠᠯᠭ᠎ᠠ ᠪᠠᠨ ᠪᠤᠳᠠᠳᠠᠶᠢᠵᠢᠭᠤᠯᠤᠨ᠂ ᠱᠠᠯᠠᠪᠳᠠᠭᠤᠯᠤᠨ  ᠵᠢᠯᠤᠭᠤᠳᠴᠤ ᠰᠢᠯᠭᠠᠨ ᠪᠠᠶᠢᠴᠠᠭᠠᠬᠤ ᠪᠠᠨ ᠴᠢᠩᠭᠠᠳᠬᠠᠵᠤ᠂ ᠤᠬᠠᠭᠤᠯᠤᠨ ᠬᠦᠳᠤᠯᠤᠨ ᠲᠠᠭᠠᠭᠤᠯᠬᠤ ᠠᠵᠢᠯ ᠢ ᠰᠠᠶᠢᠳᠤᠷ ᠬᠢᠵᠤ᠂ ᠰᠢᠨᠵᠢᠯᠡᠬᠦ ᠤᠬᠠᠭᠠᠨᠴᠢ ᠪᠦᠳᠦᠮᠵᠢᠳᠠᠢ ᠲᠤᠬᠳᠠᠴᠠ ᠠᠷᠭ᠎ᠠ ᠬᠡᠮᠵᠢᠶ᠎ᠡ ᠪᠠ ᠦᠨᠡᠨ ᠬᠦ ᠠᠳᠬᠤᠵᠤ ᠪᠤᠳᠠᠳᠠᠢ ᠠᠵᠢᠯᠯᠠᠬᠤ ᠠᠵᠢᠯ ᠤᠨ ᠰᠤᠷᠳᠠᠯ ᠢᠶᠠᠷ ᠴᠠᠯᠢᠩ ᠢ ᠦᠷᠢᠳᠤᠬᠦ ᠶᠢ ᠦᠨᠳᠦᠰᠦᠨ ᠠᠴᠠ ᠨᠢ ᠵᠠᠰᠠᠬᠤ ᠡᠪᠤᠯ ᠤᠨ ᠤᠯᠠᠷᠢᠯ ᠤᠨ ᠲᠤᠰᠬᠠᠢ ᠠᠵᠢᠯᠯᠠᠭ᠎ᠠ ᠦᠷᠨᠢᠬᠦᠯᠤᠨ᠂ ᠪᠤᠳᠠᠳᠠᠢ ᠦᠷ᠎ᠡ ᠪᠦᠳᠦᠮᠵᠢ ᠤᠯᠬᠤ ᠶᠢ ᠦᠨᠡᠨ ᠬᠦ ᠪᠠᠳᠤᠯᠠᠬᠤ ᠭᠡᠷᠡᠭᠳᠠᠢ᠃ ᠴᠠᠯᠢᠩ ᠦᠷᠢᠳᠤᠬᠦ ᠠᠰᠠᠭᠤᠳᠠᠯ ᠤᠨ ᠡᠬᠦᠰᠦᠭᠰᠡᠨ ᠰᠢᠯᠳᠠᠭᠠᠨ ᠢ ᠬᠦᠨᠵᠡᠭᠡᠢ ᠵᠠᠳᠠᠯᠵᠤ᠂ ᠲᠦᠷᠦᠯ ᠬᠤᠪᠢᠶᠠᠨ ᠠᠷᠭ᠎ᠠ ᠪᠤᠳᠤᠯᠭ᠎ᠠ ᠭᠡᠷᠡᠭᠵᠢᠬᠦᠯᠤᠨ᠂ ᠴᠠᠯᠢᠩ ᠦᠷᠢᠳᠤᠬᠦ ᠠᠵᠢᠯᠯᠠᠭ᠎ᠠ ᠶᠢ ᠬᠠᠤᠯᠢ ᠶᠤᠰᠤᠭᠠᠷ ᠰᠢᠢᠳᠪᠤᠷᠢᠯᠡᠵᠤ᠂ ᠪᠡᠯᠡᠳᠭᠡᠯ ᠲᠦᠰᠤᠯ ᠢ ᠲᠡᠬᠦᠯᠳᠡᠷᠵᠢᠬᠦᠯᠤᠨ᠂ ᠤᠯᠠᠨ ᠲᠦᠮᠡᠨᠴᠢ ᠴᠢᠨᠠᠷᠳᠠᠢ ᠭᠡᠷᠡᠭ ᠢ ᠵᠤᠬᠢᠰᠳᠠᠢ ᠰᠢᠢᠳᠪᠤᠷᠢᠯᠡᠬᠦ ᠭᠡᠷᠡᠭᠳᠠᠢ ᠭᠡᠵᠤ ᠴᠢᠬᠤᠯᠠᠴᠢᠯᠠᠪᠠ᠃         ᠬᠤᠷᠠᠯ ᠠᠴᠠ᠂ ᠤᠢᠢᠷ᠎ᠡ ᠶᠢᠨ ᠵᠢᠯ ᠠᠴᠠ ᠨᠠᠭᠠᠰᠢ᠂ ᠡᠯ᠎ᠡ ᠭᠠᠵᠠᠷ ᠤᠷᠤᠨ᠂ ᠡᠯ᠎ᠡ ᠬᠤᠯᠪᠤᠬᠳᠠᠯ ᠪᠦᠬᠦᠢ ᠰᠠᠯᠠᠭ᠎ᠠ ᠮᠦᠴᠢᠷ ᠵᠤᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠵᠤ᠂ ᠲᠦᠷᠢᠮ ᠲᠤᠬᠳᠠᠴᠠ ᠶᠢ ᠲᠡᠬᠦᠯᠳᠡᠷᠵᠢᠬᠦᠯᠤᠨ᠂ ᠬᠠᠤᠯᠢ ᠭᠡᠷᠡᠭᠵᠢᠬᠦᠯᠬᠦ ᠪᠠᠶᠢᠴᠠᠭᠠᠯᠳᠠ ᠶᠢ ᠴᠢᠩᠭᠠᠳᠬᠠᠵᠤ᠂ ᠴᠠᠯᠢᠩ ᠦᠷᠢᠳᠤᠬᠦ ᠠᠰᠠᠭᠤᠳᠠᠯ ᠤᠯᠠᠨᠳᠠ ᠡᠬᠦᠰᠬᠦ   ᠬᠠᠨᠳᠤᠰᠢ ᠶᠢ ᠪᠦᠳᠦᠮᠵᠢᠳᠠᠢ ᠬᠤᠷᠢᠬᠯᠠᠵᠠᠢ᠃ ᠢᠯᠠᠩᠭᠤᠶ᠎ᠡ ᠵᠢᠯ ᠤᠨ ᠡᠬᠢᠨ ᠠᠴᠠ ᠨᠠᠭᠠᠰᠢ᠂ ︽ᠬᠦᠯᠤᠰᠤᠨ ᠲᠠᠷᠢᠶᠠᠴᠢᠨ ᠤ ᠴᠠᠯᠢᠩ ᠢ ᠲᠤᠭᠠᠴᠠᠭ᠎ᠠ ᠬᠢᠬᠦ ᠶᠢ ᠪᠠᠳᠤᠯᠬᠠᠤ ᠲᠦᠷᠢᠮ︾ ᠢ ᠲᠤᠭᠤᠰᠢᠯᠠᠭᠤᠯᠤᠨ ᠭᠡᠷᠡᠭᠵᠢᠬᠦᠯᠬᠦ ᠪᠠᠷ ᠭᠠᠷᠳᠠᠴᠠ ᠪᠤᠯᠭᠠᠵᠤ᠂ ᠡᠯ᠎ᠡ ᠵᠦᠢᠯ ‍ᠤᠨ‌‍ᠴᠠᠯᠢᠩ ᠤᠨ ᠲᠤᠭᠠᠴᠠᠭ᠎ᠠ ᠬᠢᠬᠦ ᠶᠢ ᠪᠠᠳᠤᠯᠠᠬᠤ ᠲᠦᠷᠢᠮ ᠢ ᠪᠤᠳᠠᠳᠠᠶᠢᠵᠢᠭᠤᠯᠤᠨ  ᠨᠠᠶᠢᠳᠠᠪᠤᠷᠢᠵᠢᠭᠤᠯᠵᠤ᠂  ᠡᠯ᠎ᠡ  ᠲᠦᠷᠦᠯ   ᠤᠨ ᠴᠠᠯᠢᠩ ᠦᠷᠢᠳᠤᠬᠦ ᠠᠰᠠᠭᠤᠳᠠᠯ ᠢ ᠵᠤᠬᠢᠰᠳᠠᠢ ᠰᠢᠢᠳᠪᠤᠷᠢᠯᠡᠨ᠂ ᠴᠠᠯᠢᠩ ᠦᠷᠢᠳᠤᠬᠦ ᠶᠢ ᠦᠨᠳᠤᠰᠤᠨ ᠠᠴᠠ ᠨᠢ ᠵᠠᠰᠠᠬᠤ ᠠᠵᠢᠯ ᠤᠨ ᠰᠢᠨ᠎ᠡ ᠠᠬᠢᠴᠠ ᠲᠠᠢ ᠪᠤᠯᠬᠤ ᠶᠢ ᠠᠬᠢᠭᠤᠯᠵᠠᠢ ᠭᠡᠵᠤ ᠵᠢᠭᠠᠵᠤ ᠭᠠᠷᠭᠠᠪᠠ᠃         ᠬᠤᠷᠠᠯ ᠲᠡᠭᠡᠷ᠎ᠡ᠂ ᠲᠦᠷᠦ ᠶᠢᠨ ᠶᠠᠪᠤᠳᠠᠯ ᠤᠨ ᠬᠤᠷᠢᠶᠠᠨ ᠤ ᠬᠦᠯᠤᠰᠤᠨ ᠲᠠᠷᠢᠶᠠᠴᠢᠨ ᠤ ᠴᠠᠯᠢᠩ ᠢ ᠦᠷᠢᠳᠤᠬᠦ ᠶᠢ ᠦᠨᠳᠤᠰᠤᠨ ᠠᠴᠠ ᠨᠢ ᠵᠠᠰᠠᠬᠤ ᠠᠵᠢᠯ ᠤᠨ ᠤᠳᠤᠷᠢᠳᠬᠤ ᠲᠤᠭᠤᠢᠢᠯᠠᠩ ᠤᠨ ᠲᠡᠳ᠋ ᠲᠠᠷᠤᠭ᠎ᠠ᠂ ᠬᠦᠮᠤᠨ ᠤ ᠬᠦᠴᠤᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠶᠠᠮᠤᠨ ᠤ ᠰᠠᠶᠢᠳ ᠵᠠᠩ ᠵᠢᠢ ᠨᠠᠨ ᠤᠳᠤᠷᠢᠳᠬᠤ  ᠲᠤᠭᠤᠢᠢᠯᠠᠩ ᠢ ᠲᠦᠯᠦᠭᠡᠯᠡᠨ ᠶᠠᠷᠢᠶ᠎ᠡ ᠲᠠᠯᠪᠢᠵᠤ᠂ ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠶᠠᠮᠤᠨ᠂ ᠪᠦᠬᠦ ᠤᠯᠤᠰ ‍ᠤᠨ‌ᠠᠵᠢᠯᠴᠢᠨ ᠤ ᠶᠡᠷᠤᠩᠭᠡᠢ ᠡᠪᠯᠡᠯ ᠤᠨ ᠬᠠᠷᠢᠭᠤᠴᠠᠯᠭᠠᠳᠠᠨ ᠨᠦᠬᠦᠳ ᠲᠤᠰ ᠰᠢᠰᠲ᠋ᠧᠮ ᠤᠨ ᠬᠢᠨ ᠤ 2021 ᠤᠨ ᠤ ᠴᠠᠭᠠᠨ‌‍ᠰᠠᠷ᠎ᠡ ᠠᠴᠠ ᠡᠮᠤᠨ᠎ᠡ ᠬᠦᠯᠤᠰᠤᠨ ᠲᠠᠷᠢᠶᠠᠴᠢᠨ ᠤ ᠴᠠᠯᠢᠩ ᠢ ᠲᠤᠭᠠᠴᠠᠭ᠎ᠠ ᠬᠢᠬᠦ ᠶᠢ ᠪᠠᠳᠤᠯᠠᠬᠤ ᠠᠵᠢᠯ ᠢ ᠰᠠᠶᠢᠳᠤᠷ ᠬᠢᠬᠦ ᠲᠤᠬᠠᠢ ᠪᠠᠶᠢᠷᠢᠯᠠᠭᠤᠯᠤᠯᠳᠠ ᠬᠢᠵᠤ᠂ ᠵᠢᠶᠠᠩᠰᠤ ᠮᠤᠵᠢ᠂ ᠭᠤᠸᠠᠩᠰᠢ ᠶᠢᠨ ᠵᠤᠸᠠᠩ ᠦᠨᠳᠤᠰᠤᠳᠡᠨ ᠤ ᠦᠪᠡᠷᠳᠡᠭᠡᠨ ᠵᠠᠰᠬᠠᠤ ᠤᠷᠤᠨ ᠤ ᠵᠠᠰᠠᠭ ᠤᠨ ᠤᠷᠳᠤᠨ ᠤ ᠬᠠᠷᠢᠭᠤᠴᠠᠯᠭᠠᠳᠠᠨ ᠨᠦᠬᠦᠳ ᠲᠤᠰ ᠭᠠᠵᠠᠷ ᠤᠷᠤᠨ ᠤ ᠴᠠᠯᠢᠩ ᠢ ᠦᠷᠢᠳᠦᠬᠦ ᠶᠢ ᠦᠨᠳᠤᠰᠤᠨ ᠠᠴᠠ ᠨᠢ ᠵᠠᠰᠠᠬᠤ ᠠᠵᠢᠯ ᠤᠨ ᠠᠬᠢᠴᠠ  ᠪᠠ  ᠲᠠᠷᠠᠭᠠᠴᠢ ᠶᠢᠨ  ᠠᠯᠬᠤᠮ   ᠤᠨ  ᠠᠵᠢᠯ   ᠤᠨ  ᠲᠦᠯᠦᠪᠯᠡᠭᠡ ᠪᠠᠨ‌‍ᠲ᠋ᠠᠨᠢᠯᠴᠠᠭᠤᠯᠪᠠ᠃
ᠢᠷᠡᠯᠲᠡ᠄ ᠠᠷᠠᠳ ᠤᠨ ᠰᠦᠯᠵᠢᠶ᠎ᠡ