︽ᠣᠷᠳᠣᠰ ᠬᠤᠲᠠ ᠶᠢᠨ ᠨᠠᠰᠤᠳᠠᠨ ᠤ ᠠᠰᠠᠷᠠᠮᠵᠢ ᠶᠢᠨ ᠦᠢᠯᠡᠴᠢᠯᠡᠭᠡᠨ ᠤ ᠲᠦᠷᠢᠮ︾ ᠢ 2021ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ
ᠨᠡᠶᠢᠲᠡᠯᠡᠭᠰᠡᠨ ᠴᠠᠭ᠄
2020/11/6
       ᠤᠢᠢᠷ ᠎ᠡ ᠶᠢᠨ ᠡᠳᠤᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ︽ᠣᠷᠳᠣᠰ ᠬᠤᠲᠠ ᠶᠢᠨ ᠨᠠᠰᠤᠳᠠᠨ ᠤ ᠠᠰᠠᠷᠠᠮᠵᠢ ᠶᠢᠨ ᠦᠢᠯᠡᠴᠢᠯᠡᠭᠡᠨ ᠤ ᠲᠦᠷᠢᠮ︾ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠢ ᠬᠤᠷᠠᠯᠳᠤᠭᠤᠯᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠲᠠ ᠶᠢᠨ ᠰᠢᠭᠤᠳ ᠬᠠᠷᠢᠶ᠎ᠠ ᠬᠤᠯᠪᠤᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠵᠠᠷᠢᠮ ᠦᠨᠳᠦᠰᠦᠨ ᠱᠠᠲᠤᠨ ᠤ ᠬᠠᠤᠯᠢ ᠲᠣᠭᠲᠠᠭᠠᠬᠤ ᠬᠠᠷᠢᠯᠴᠠᠬᠤ ᠴᠡᠭ ᠤᠨ ᠬᠠᠷᠢᠭᠤᠴᠠᠯᠭᠠᠲᠠᠨ ᠵᠢᠴᠢ ᠨᠠᠰᠤᠳᠠᠨ ᠤ ᠠᠰᠠᠷᠠᠮᠵᠢ ᠶᠢᠨ ᠵᠠᠷᠢᠮ ᠦᠢᠯᠡᠴᠢᠯᠡᠭᠡᠨ ᠤ ᠪᠠᠶᠢᠭᠤᠯᠤᠮᠵᠢ ᠶᠢᠨ ᠲᠥᠯᠥᠭᠡᠯᠡᠭᠴᠢ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠪᠠ᠃         ︽ᠣᠷᠳᠣᠰ ᠬᠤᠲᠠ ᠶᠢᠨ ᠨᠠᠰᠤᠳᠠᠨ ᠤ ᠠᠰᠠᠷᠠᠮᠵᠢ ᠶᠢᠨ ᠦᠢᠯᠡᠴᠢᠯᠡᠭᠡᠨ ᠤ ᠲᠦᠷᠢᠮ︾ ᠢ 2020 ᠣᠨ ᠤ 8 ᠰᠠᠷ᠎ᠠ ᠶᠢᠨ 28 ᠤ ᠡᠳᠦᠷ ᠣᠷᠳᠣᠰ ᠬᠤᠲᠠ ᠶᠢᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠳᠤᠭᠠᠷ ᠤᠳᠠᠭᠠᠨ ᠤ ᠬᠤᠷᠠᠯ ᠠᠴᠠ ᠪᠠᠲᠤᠯᠠᠵᠤ᠂ 2020 ᠣᠨ ᠤ 9 ᠰᠠᠷ᠎ᠠ ᠶᠢᠨ 23 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠬᠤᠶᠠᠳᠤᠭᠠᠷ ᠤᠳᠠᠭᠠᠨ ᠤ ᠬᠤᠷᠠᠯ ᠢᠶᠠᠷ ᠭᠢᠨᠠᠨ ᠵᠥᠪᠰᠢᠶᠡᠷᠡᠭᠦᠯᠵᠡᠢ᠃ 2021 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃         ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠠᠵᠢᠯ ᠤᠨ ᠵᠥᠪᠯᠡᠯ ᠤᠨ ᠬᠠᠷᠢᠭᠤᠴᠠᠯᠭᠠᠲᠠᠨ ︽ᠣᠷᠳᠣᠰ ᠬᠤᠲᠠ ᠶᠢᠨ ᠨᠠᠰᠤᠳᠠᠨ ᠤ ᠠᠰᠠᠷᠠᠮᠵᠢ ᠶᠢᠨ ᠦᠢᠯᠡᠴᠢᠯᠡᠭᠡᠨ ᠤ ᠲᠦᠷᠢᠮ︾ ᠢ ᠲᠣᠭᠲᠠᠭᠠᠭᠰᠠᠨ ᠠᠬᠤᠶ ᠪᠠᠶᠢᠳᠠᠯ᠂ ᠠᠴᠢ ᠬᠤᠯᠪᠣᠭᠳᠠᠯ ᠪᠠ ᠭᠤᠤᠯ ᠠᠭᠤᠯᠭ᠎ᠠ ᠶᠢᠨ ᠲᠤᠬᠠᠶ ᠲᠣᠪᠴᠢ ᠲᠠᠨᠢᠯᠴᠠᠭᠤᠯᠭ᠎ᠠ ᠬᠢᠵᠦ᠂ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠲᠦᠷᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠶᠠᠷᠢᠶ᠎ᠠ ᠲᠠᠯᠪᠢᠪᠠ᠃         ︽ᠣᠷᠳᠣᠰ ᠬᠤᠲᠠ ᠶᠢᠨ ᠨᠠᠰᠤᠳᠠᠨ ᠤ ᠠᠰᠠᠷᠠᠮᠵᠢ ᠶᠢᠨ ᠦᠢᠯᠡᠴᠢᠯᠡᠭᠡᠨ ᠤ ᠲᠦᠷᠢᠮ︾ ᠳᠤ ᠨᠡᠶᠢᠲᠡ 9 ᠪᠦᠯᠦᠭ᠂ 64 ᠵᠦᠢᠯ ᠪᠠᠶᠢᠵᠤ᠂ ᠶᠡᠷᠦᠩᠬᠡᠶ ᠲᠦᠷᠢᠮ᠂ ᠲᠥᠯᠥᠪᠵᠢᠭᠦᠯᠭᠡ ᠪᠠ ᠪᠥᠲᠥᠭᠡᠨ ᠪᠠᠶᠢᠭᠤᠯᠤᠯᠲᠠ᠂ ᠬᠡᠷ ᠲᠡᠭᠡᠨ ᠰᠠᠭᠤᠬᠤ ᠨᠡᠶᠢᠭᠡᠮ ᠲᠣᠭᠤᠷᠢᠭ ᠤᠨ ᠨᠠᠰᠤᠳᠠᠨ ᠤ ᠠᠰᠠᠷᠠᠮᠵᠢ ᠶᠢᠨ ᠦᠢᠯᠡᠴᠢᠯᠡᠭᠡ᠂ ᠪᠠᠶᠢᠭᠤᠯᠤᠮᠵᠢ ᠶᠢᠨ ᠨᠠᠰᠤᠳᠠᠨ ᠤ ᠠᠰᠠᠷᠠᠮᠵᠢ ᠶᠢᠨ ᠦᠢᠯᠡᠴᠢᠯᠡᠭᠡ᠂ ᠡᠮᠴᠢᠯᠡᠭᠡ ᠰᠤᠪᠢᠯᠠᠯᠳᠠ ᠡᠷᠡᠬᠦᠯᠵᠢᠯ ᠰᠤᠪᠢᠯᠠᠯᠳᠠ ᠶᠢᠨ ᠦᠢᠯᠡᠴᠢᠯᠡᠭᠡ᠂ ᠳᠡᠮᠵᠢᠯᠭᠡ ᠪᠠᠲᠤᠯᠠᠭ᠎ᠠ᠂ ᠬᠢᠨᠠᠯᠲᠠ ᠬᠠᠮᠢᠶᠠᠷᠤᠯᠲᠠ ᠵᠡᠷᠭᠡ ᠪᠦᠯᠦᠭ ᠲᠠᠢ᠃ ︽ᠳᠦᠷᠢᠮ︾ ᠢ ᠲᠣᠭᠲᠠᠭᠠᠭᠰᠠᠨ ᠨᠢ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠂ ᠬᠠᠤᠯᠢ ᠲᠣᠭᠲᠠᠭᠠᠬᠤ ᠲᠠᠯ᠎ᠠ ᠠᠴᠠ ᠨᠡᠶᠢᠭᠡᠮ ᠤᠨ ᠨᠠᠰᠤᠳᠠᠨ ᠤ ᠠᠰᠠᠷᠠᠮᠵᠢ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠶᠢ ᠠᠬᠢᠭᠤᠯᠵᠤ᠂ ᠮᠠᠨ ᠤ ᠬᠤᠲᠠ ᠶᠢᠨ ᠬᠥᠮᠦᠨ ᠠᠮᠠ ᠶᠢᠨ ᠨᠠᠰᠤᠵᠢᠯᠲᠠ ᠶᠢᠨ ᠪᠣᠳᠠᠲᠠᠢ ᠠᠰᠠᠭᠤᠳᠠᠯ ᠢ ᠢᠳᠡᠪᠬᠢᠲᠡᠢ ᠠᠷᠭᠠᠴᠠᠭᠠᠵᠤ᠂ ᠨᠠᠰᠤᠲᠠᠶᠢᠴᠤᠳ ᠤᠨ ᠣᠯᠠᠨ ᠳᠡᠰ ᠳᠠᠪᠬᠤᠷᠭ᠎ᠠ᠂ ᠨᠠᠰᠤᠳᠠᠨ ᠤ ᠠᠰᠠᠷᠠᠮᠵᠢ ᠶᠢᠨ ᠦᠢᠯᠡᠴᠢᠯᠡᠭᠡᠨ ᠤ ᠣᠯᠠᠨ ᠶᠠᠩᠵᠤ ᠶᠢᠨ ᠬᠡᠷᠡᠭᠴᠡᠭᠡ ᠱᠠᠭᠠᠷᠳᠠᠯᠭ᠎ᠠ ᠶᠢ ᠬᠠᠨᠭ᠍ᠭᠠᠵᠤ᠂ ᠮᠠᠨ ᠤ ᠬᠤᠲᠠ ᠶᠢᠨ ᠨᠠᠰᠤᠳᠠᠨ ᠤ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠴᠢᠨᠠᠭᠰᠢᠳᠠ ᠲᠡᠭᠦᠯᠳᠡᠷᠵᠢᠭᠦᠯᠬᠦ᠂ ᠨᠠᠰᠤᠳᠠᠨ ᠤ ᠠᠰᠠᠷᠠᠮᠵᠢ ᠶᠢᠨ ᠦᠢᠯᠡᠴᠢᠯᠡᠭᠡᠨ ᠤ ᠠᠵᠢᠯ ᠢ ᠳᠦᠷᠢᠮᠵᠢᠭᠦᠯᠬᠦ᠂ ᠨᠠᠰᠤᠳᠠᠨ ᠤ ᠠᠰᠠᠷᠠᠮᠵᠢ ᠶᠢᠨ ᠦᠢᠯᠡᠴᠢᠯᠡᠭᠡᠨ ᠤ ᠠᠵᠢᠯ ᠲᠥᠷᠥᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠴᠢᠬᠤᠯᠠ ᠦᠢᠯᠡᠳᠦᠯ ᠲᠠᠢ ᠶᠤᠮ᠃ ︽ᠳᠦᠷᠢᠮ︾ ᠨᠢ ᠮᠠᠨ ᠤ ᠬᠤᠲᠠ ᠶᠢᠨ ᠨᠡᠶᠢᠭᠡᠮ ᠤᠨ ᠪᠣᠳᠠᠲᠤ ᠪᠠᠶᠢᠳᠠᠯ ᠳᠤ ᠰᠠᠭᠤᠷᠢᠯᠠᠵᠤ᠂ ᠠᠰᠠᠭᠤᠳᠠᠯ ᠤᠨ ᠤᠳᠤᠷᠢᠳᠤᠮᠵᠢ ᠶᠢ ᠪᠠᠷᠢᠮᠲᠠᠯᠠᠨ᠂ ᠡᠯ᠎ᠡ ᠱᠠᠲᠤᠨ ᠤ ᠤᠳᠤᠷᠢᠳᠤᠯᠭ᠎ᠠ ᠳᠡᠭᠡᠲᠦ ᠬᠡᠮᠵᠢᠶ᠎ᠡ ᠪᠠᠷ ᠨᠤᠲᠠᠯᠠᠵᠤ᠂ ᠨᠡᠯᠢᠶᠡᠳ ᠴᠢᠩᠭ᠎ᠠ ᠬᠠᠨᠳᠤᠯᠭᠠᠲᠤ ᠴᠢᠨᠠᠷ ᠪᠠ ᠬᠡᠷᠡᠭᠵᠢᠭᠦᠯᠤᠰᠢᠳᠠᠢ ᠴᠢᠨᠠᠷ ᠲᠠᠢ ᠪᠠᠶᠢᠵᠤ᠂ ᠪᠦᠬᠦ ᠬᠤᠲᠠ ᠪᠠ ᠨᠡᠶᠢᠭᠡᠮ ᠤᠨ ᠡᠯ᠎ᠡ ᠡᠲᠡᠭᠡᠳ ᠤᠨ ᠣᠶᠤᠨ ᠤᠬᠠᠭᠠᠨ ᠪᠠ ᠬᠦᠴᠦᠨ ᠴᠢᠳᠠᠯ ᠢ ᠨᠢᠭᠲᠠᠷᠠᠭᠤᠯᠤᠭᠰᠠᠨ ᠪᠠᠶᠢᠨ᠎ᠠ᠃         ᠬᠤᠷᠠᠯ ᠠᠴᠠ ᠡᠯ᠎ᠡ ᠰᠣᠨᠢᠨ ᠮᠡᠳᠡᠭᠡᠨ ᠤ ᠵᠠᠭᠤᠴᠢᠯᠠᠭᠤᠷ᠂ ᠡᠯ᠎ᠡ ᠬᠠᠮᠢᠶ᠎ᠠ ᠪᠦᠬᠦᠢ ᠪᠠᠶᠢᠭᠤᠯᠭ᠎ᠠ ︽ᠳᠦᠷᠢᠮ︾ ᠤᠨ ᠰᠣᠨᠢᠨ ᠮᠡᠳᠡᠭᠡᠨ ᠤ ᠮᠡᠳᠡᠭᠡᠯᠡᠯ ᠪᠠ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯ ᠢ ᠢᠳᠡᠪᠬᠢᠲᠡᠶ ᠰᠠᠶᠢᠲᠤᠷ ᠬᠢᠵᠦ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠰᠤᠷᠤᠯᠴᠠᠨ᠂ ︽ᠳᠦᠷᠢᠮ︾ ᠢ ᠬᠡᠷᠡᠭᠵᠢᠭᠦᠯᠬᠦ ᠰᠠᠭᠤᠷᠢ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠳᠦᠷᠢᠮ︾ ᠢ ᠪᠦᠬᠦ ᠲᠠᠯ᠎ᠠ ᠪᠠᠷ ᠴᠢᠩᠭ᠎ᠠ ᠬᠡᠷᠡᠭᠵᠢᠭᠦᠯᠵᠦ᠂ ᠮᠠᠨ ᠤ ᠬᠤᠲᠠ ᠶᠢᠨ ᠨᠠᠰᠤᠳᠠᠨ ᠤ ᠠᠰᠠᠷᠠᠮᠵᠢ ᠶᠢᠨ ᠦᠢᠯᠡᠴᠢᠯᠡᠭᠡᠨ ᠤ ᠠᠵᠢᠯ ᠤᠨ ᠵᠢᠷᠤᠮᠵᠢᠯ ᠲᠠᠢ᠂ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ ᠬᠡᠵᠤ ᠱᠠᠭᠠᠷᠳᠠᠪᠠ᠃
ᠢᠷᠡᠯᠲᠡ᠄ ᠣᠷᠳᠣᠰ ᠮᠣᠩᠭᠤᠯ ᠰᠦᠯᠵᠢᠶ᠎ᠡ