ᠤᠶᠢᠷ᠎ᠠ ᠳᠤ᠂ ᠤᠯᠤᠰ ᠤᠨ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠮᠡᠳᠡᠭᠳᠡᠯ | ᠪᠠᠭᠤᠯᠭᠠᠵᠤ᠂ ᠡᠯ᠎ᠡ ᠭᠠᠵᠠᠷ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠢ ᠪᠡᠯᠴᠢᠭᠡᠷᠯᠡᠭᠦᠯᠬᠦ ᠶᠢ | ᠴᠠᠭᠠᠵᠠᠯᠠᠵᠤ ᠪᠡᠯᠴᠢᠭᠡᠷ ᠢ ᠰᠡᠷᠭᠦᠭᠡᠬᠦ ᠠᠵᠢᠯ ᠢ ᠴᠢᠩᠭᠠᠳᠬᠠᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ | ᠰᠡᠷᠭᠦᠯᠲᠡ ᠶᠢ ᠲᠦᠷᠭᠡᠳᠬᠡᠵᠦ᠂ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠦᠷ᠎ᠡ ᠪᠦᠲᠦᠭᠡᠯ ᠢ ᠪᠠᠬᠢᠵᠢᠯᠬᠦᠯᠬᠦ ᠶᠢ | ᠱᠠᠭᠠᠷᠳᠠᠪᠠ᠃ ᠮᠡᠳᠡᠭᠳᠡᠯ ᠳᠤ ᠵᠢᠭᠠᠵᠤ ᠭᠠᠷᠭᠠᠭᠰᠠᠨ ᠨᠢ᠂ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠰᠡᠷᠭᠦᠭᠡᠬᠦ | ᠠᠵᠢᠯ ᠢ ᠨᠠᠩ ᠳᠤᠪᠤᠶᠢᠮ᠎ᠠ ᠪᠠᠶᠢᠷᠢᠨ ᠳᠤ ᠳᠠᠯᠪᠢᠵᠤ᠂ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠤ | ᠣᠷᠣᠭᠤᠯᠵᠤ᠂ ᠢᠳᠡᠪᠬᠢᠲᠡᠶ ᠪᠠᠷ ᠲᠦᠯᠬᠢᠨ ᠠᠬᠢᠭᠤᠯᠤᠨ᠎ᠠ᠃ ᠡᠯ᠎ᠡ ᠭᠠᠵᠠᠷ ᠤᠨ ᠬᠢᠨ ᠪᠡᠯᠴᠢᠭᠡᠷᠯᠡᠭᠦᠯᠬᠦ ᠶᠢ | ᠴᠠᠭᠠᠵᠠᠯᠠᠵᠤ ᠪᠡᠯᠴᠢᠭᠡᠷ ᠢ ᠰᠡᠷᠭᠦᠭᠡᠬᠦ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠣᠷᠣᠨ ᠪᠦᠰᠡ ᠶᠢ ᠨᠢ | ᠲᠣᠳᠣᠷᠬᠠᠶ ᠬᠤᠪᠢᠶᠠᠷᠢᠯᠠᠬᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠡᠯᠴᠢᠭᠡᠷ ᠢ ᠰᠡᠷᠭᠦᠭᠡᠬᠦ ᠠᠷᠭ᠎ᠠ ᠬᠡᠮᠵᠢᠶ᠎ᠡ ᠶᠢ | ᠬᠡᠷᠡᠭᠵᠢᠭᠦᠯᠬᠦ ᠵᠢᠴᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ ᠭᠡᠪᠡ᠃ ᠪᠡᠯᠴᠢᠭᠡᠷᠯᠡᠭᠦᠯᠬᠦ ᠶᠢ | ᠴᠠᠭᠠᠵᠠᠯᠠᠵᠤ ᠪᠡᠯᠴᠢᠭᠡᠷ ᠢ ᠰᠡᠷᠭᠦᠭᠡᠬᠦ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠬᠠᠤᠯᠢ | ᠲᠣᠭᠲᠠᠭᠠᠯ ᠤᠨ ᠦᠨᠳᠦᠰᠦᠯᠡᠯ ᠲᠤᠭᠳᠠᠭᠠᠭᠰᠠᠨ ᠦᠭᠡᠢ ᠭᠠᠵᠠᠷ ᠣᠷᠣᠨ ᠬᠠᠮᠢᠶ᠎ᠠ ᠪᠦᠬᠦᠢ ᠬᠠᠤᠯᠢ ᠳᠦᠷᠢᠮ ᠢ | ᠲᠣᠭᠲᠠᠭᠠᠬᠤ ᠶᠢ ᠲᠦᠷᠭᠡᠳᠬᠡᠨ ᠠᠬᠢᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠡᠯᠴᠢᠭᠡᠷ ᠢ ᠰᠡᠷᠭᠦᠭᠡᠬᠦ ᠳᠦᠷᠢᠮ ᠢ | ᠪᠠᠶᠢᠭᠤᠯᠤᠨ ᠲᠡᠭᠦᠯᠳᠡᠷᠵᠢᠭᠦᠯᠬᠦ ᠪᠠ ᠨᠠᠶᠢᠳᠠᠪᠤᠷᠢᠵᠢᠭᠤᠯᠬᠤ ᠳᠤ ᠬᠠᠤᠯᠢ ᠴᠠᠭᠠᠵᠠ ᠶᠢᠨ ᠪᠠᠲᠤᠯᠠᠭ᠎ᠠ ᠬᠠᠩᠭᠠᠨ᠎ᠠ᠃ | ᠡᠯ᠎ᠡ ᠭᠠᠵᠠᠷ ᠤᠨ ᠬᠢᠨ ᠬᠦᠨᠳᠦ ᠨᠣᠴᠢᠲᠠᠶ ᠮᠠᠭᠤᠵᠢᠷᠠᠭᠰᠠᠨ᠂ ᠡᠯᠡᠰᠦᠷᠬᠡᠭᠵᠢᠭᠰᠡᠨ᠂ ᠬᠤᠵᠢᠷᠰᠢᠭᠰᠠᠨ᠂ ᠴᠦᠯᠵᠢᠭᠰᠡᠨ | ᠨᠤᠲᠤᠭ ᠪᠡᠯᠴᠢᠭᠡᠷ᠂ ᠠᠮᠢ ᠠᠬᠤᠶ ᠬᠡᠪᠡᠷᠡᠭ ᠣᠷᠣᠨ ᠤ ᠨᠤᠲᠤᠭ ᠪᠡᠯᠴᠢᠭᠡᠷ᠂ ᠪᠠᠶᠢᠭᠠᠯᠢ ᠶᠢᠨ ᠬᠠᠮᠠᠭᠠᠯᠠᠯᠲᠠ ᠶᠢᠨ | ᠭᠠᠵᠠᠷ ᠪᠣᠯᠤᠨ ᠠᠮᠢ ᠠᠬᠤᠢ ᠶᠢᠨ ᠬᠤᠷᠢᠭ᠎ᠠ ᠱᠤᠭᠤᠮ ᠵᠡᠷᠭᠡ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ | ᠬᠢᠬᠦ ᠶᠢ ᠴᠠᠭᠠᠵᠠᠯᠠᠭᠰᠠᠨ ᠨᠤᠲᠤᠭ ᠪᠡᠯᠴᠢᠭᠡᠷ ᠲᠤ ᠪᠡᠯᠴᠢᠭᠡᠷᠯᠡᠭᠦᠯᠬᠦ ᠶᠢ ᠴᠠᠭᠠᠵᠠᠯᠠᠬᠤ ᠪᠢᠲᠡᠭᠦᠮᠵᠢᠯᠡᠨ ᠬᠠᠮᠠᠭᠠᠯᠠᠬᠤ ᠶᠢ | ᠬᠠᠤᠯᠢ ᠶᠣᠰᠣᠭᠠᠷ ᠬᠡᠷᠡᠭᠵᠢᠬᠦᠯᠦᠨ᠎ᠡ᠃ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠠᠴᠠ ᠪᠤᠰᠤᠳ ᠤᠷᠤᠨ | ᠪᠦᠰᠡ ᠳᠤ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠱᠠᠭᠠᠷᠳᠠᠯᠭ᠎ᠠ ᠪᠣᠯᠤᠨ ᠦᠢᠯᠡᠳᠪᠦᠷᠢᠯᠡᠵᠤ ᠠᠰᠢᠭᠯᠠᠬᠤ | ᠠᠷᠭ᠎ᠠ ᠮᠠᠶ᠋ᠢᠭ ᠢ ᠦᠨᠳᠦᠰᠦᠯᠡᠨ ᠤᠯᠠᠷᠢᠯ ᠤᠨ ᠴᠢᠨᠠᠷᠲᠠᠶ ᠥᠨᠵᠢᠭᠦᠯᠦᠨ ᠮᠠᠯᠵᠢᠬᠤ ᠶᠢ ᠥᠷᠨᠢᠭᠦᠯᠬᠦ ᠶᠢᠨ ᠬᠠᠮᠲᠤ | ᠲᠤᠬᠠᠶ ᠶᠢᠨ ᠭᠠᠵᠠᠷ ᠤᠨ ᠴᠠᠭ ᠠᠭᠤᠷ ᠤᠨ ᠨᠥᠬᠦᠴᠡᠯ᠂ ᠡᠪᠡᠰᠦ ᠪᠡᠯᠴᠢᠭᠡᠷ ᠤᠨ ᠪᠠᠶᠢᠳᠠᠯ ᠲᠠᠢ ᠤᠶᠠᠯᠳᠤᠭᠤᠯᠤᠨ᠂ | ᠤᠯᠠᠷᠢᠯ ᠤᠨ ᠴᠢᠨᠠᠷᠲᠠᠶ ᠥᠨᠵᠢᠭᠦᠯᠦᠨ ᠮᠠᠯᠵᠢᠬᠤ ᠪᠣᠳᠠᠲᠠᠶ ᠣᠷᠣᠨ ᠪᠦᠰᠡ ᠪᠣᠯᠤᠨ ᠴᠠᠭ ᠬᠤᠭᠤᠴᠠᠭ᠎ᠠ ᠶᠢ ᠰᠢᠨᠵᠢᠯᠡᠬᠦ | ᠤᠬᠠᠭᠠᠨᠴᠢ ᠪᠠᠷ ᠲᠤᠭᠳᠠᠭᠠᠨ᠎ᠠ᠃ ᠦᠨᠵᠢᠬᠦᠯᠦᠨ ᠮᠠᠯᠵᠢᠬᠤ ᠬᠤᠭᠤᠴᠠᠭᠠᠨ ᠤ ᠨᠤᠲᠤᠭ ᠪᠡᠯᠴᠢᠭᠡᠷ ᠤᠨ | ᠬᠠᠮᠢᠶᠠᠷᠤᠯᠲᠠ ᠶᠢ ᠪᠡᠯᠴᠢᠭᠡᠷᠯᠡᠭᠦᠯᠬᠦ ᠶᠢ ᠴᠠᠭᠠᠵᠠᠯᠠᠬᠤ ᠬᠤᠭᠤᠴᠠᠭᠠᠨ ᠤ ᠬᠠᠮᠢᠶᠠᠷᠤᠯᠲᠠ ᠯᠤᠭ᠎ᠠ ᠠᠳᠠᠯᠢ ᠪᠠᠷᠢᠮᠵᠢᠶ᠎ᠠ | ᠪᠠᠷ ᠬᠡᠷᠡᠭᠵᠢᠬᠦᠯᠦᠨ᠎ᠡ᠃ ᠨᠤᠲᠤᠭ ᠪᠡᠯᠴᠢᠭᠡᠷ ᠤᠨ ᠲᠠᠯᠠᠪᠠᠢ ᠨᠡᠯᠢᠶᠡᠳ ᠶᠡᠭᠡ ᠪᠠᠶᠢᠬᠤ ᠰᠢᠶᠠᠨ ᠤ ᠱᠠᠲᠤᠨ ᠠᠴᠠ | ᠳᠡᠭᠡᠭᠰᠢᠬᠢ ᠣᠢ ᠰᠢᠭᠤᠶ ᠪᠠ ᠨᠤᠲᠤᠭ ᠪᠡᠯᠴᠢᠭᠡᠷ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤᠬᠠᠶ ᠶᠢᠨ | ᠭᠠᠵᠠᠷ ᠤᠨ ᠵᠠᠰᠠᠭ ᠤᠨ ᠣᠷᠳᠣᠨ ᠢ ᠢᠳᠡᠪᠬᠢᠲᠡᠶ ᠪᠠᠷ ᠤᠷᠢᠵᠤ᠂ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ | ᠰᠡᠷᠭᠦᠭᠡᠬᠦ ᠵᠠᠷᠯᠢᠭ ᠢ ᠴᠠᠭ ᠲᠤᠬᠠᠶ ᠳᠤᠨᠢ ᠨᠡᠶᠢᠳᠠᠯᠠᠨ᠎ᠠ᠃ | ᠮᠡᠳᠡᠭᠳᠡᠯ ᠳᠤ ᠱᠠᠭᠠᠷᠳᠠᠭᠰᠠᠨ ᠨᠢ᠂ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠰᠡᠷᠭᠦᠭᠡᠬᠦ | ᠬᠤᠭᠤᠴᠠᠭᠠᠨ ᠳᠤ᠂ ᠡᠯ᠎ᠡ ᠭᠠᠵᠠᠷ ᠤᠨ ᠬᠢᠨ ᠪᠠᠶᠢᠭᠤᠯᠤᠮᠵᠢ᠂ ᠠᠵᠢᠯᠲᠠᠨ᠂ ᠲᠡᠷᠭᠡ ᠬᠥᠰᠬᠡ ᠪᠠ ᠵᠠᠷᠤᠳᠠᠯ ᠵᠡᠷᠭᠡ | ᠲᠠᠯ᠎ᠠ ᠪᠠᠷ ᠪᠠᠲᠤᠯᠠᠭ᠎ᠠ ᠬᠠᠩᠭᠠᠬᠤ ᠬᠡᠷᠡᠭᠲᠡᠶ᠃ ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ ᠳᠠᠭᠠᠭᠠᠴᠢᠯᠠᠭᠤᠯᠬᠤ | ᠠᠵᠢᠯ ᠢ ᠢᠳᠡᠪᠬᠢᠲᠡᠢ ᠠᠬᠢᠭᠤᠯᠵᠤ᠂ ᠲᠠᠷᠢᠶᠠᠴᠢᠨ ᠮᠠᠯᠴᠢᠳ ᠲᠤ ᠤᠷᠲᠤ ᠬᠤᠭᠤᠴᠠᠭ᠎ᠠ ᠪᠠᠷ ᠲᠣᠭᠲᠠᠪᠤᠷᠢᠲᠠᠶ | ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢ ᠬᠠᠤᠯᠢ ᠶᠣᠰᠣᠭᠠᠷ ᠣᠯᠭᠤᠵᠤ᠂ ᠪᠡᠯᠴᠢᠭᠡᠷᠯᠡᠭᠦᠯᠬᠦ ᠶᠢ | ᠴᠠᠭᠠᠵᠠᠯᠠᠵᠤ ᠪᠡᠯᠴᠢᠭᠡᠷ ᠰᠡᠷᠭᠦᠭᠡᠬᠦ ᠠᠵᠢᠯ ᠳᠤ ᠰᠠᠭᠤᠷᠢ ᠲᠠᠯᠪᠢᠬᠤ ᠬᠡᠷᠡᠭᠲᠡᠶ᠃ ᠬᠢᠨᠠᠨ ᠬᠡᠮᠵᠢᠬᠦ ᠰᠢᠰᠲ᠋ᠧᠮᠵᠢ ᠶᠢ | ᠪᠦᠷᠢᠨ ᠪᠣᠯᠭᠠᠨ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠡᠯᠴᠢᠭᠡᠷ ᠰᠡᠷᠬᠦᠭᠡᠬᠦ ᠦᠷ᠎ᠡ ᠪᠦᠲᠦᠮᠵᠢ ᠶᠢ ᠴᠠᠭ | ᠲᠤᠬᠠᠶ ᠳᠤᠨᠢ ᠡᠵᠡᠮᠰᠢᠵᠦ᠂ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠰᠡᠷᠬᠦᠭᠡᠬᠦ ᠠᠵᠢᠯ ᠳᠤ ᠦᠨᠡᠯᠡᠯᠲᠡ ᠬᠢᠨ᠎ᠡ᠃ | ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠰᠡᠷᠭᠦᠭᠡᠬᠦ ᠨᠢ ᠮᠠᠯᠴᠢᠨ ᠲᠠᠷᠢᠶᠠᠴᠢᠨ ᠤ ᠦᠢᠯᠡᠳᠪᠦᠷᠢᠯᠡᠯ | ᠠᠮᠢᠳᠤᠷᠠᠯ ᠳᠤ ᠬᠤᠯᠪᠣᠭᠳᠠᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ | ᠱᠠᠩᠨᠠᠯ ᠤᠨ ᠲᠥᠷᠥ ᠶᠢᠨ ᠪᠤᠳᠤᠯᠭ᠎ᠠ ᠶᠢ ᠪᠦᠲᠦᠮᠵᠢᠲᠡᠶ ᠵᠣᠯᠭᠠᠭᠤᠯᠬᠤ ᠠᠵᠢᠯ ᠢ ᠰᠠᠶᠢᠲᠤᠷ ᠬᠢᠵᠦ᠂ ᠬᠠᠮᠢᠶ᠎ᠠ ᠪᠦᠬᠦᠢ | ᠰᠠᠯᠠᠭ᠎ᠠ ᠮᠥᠴᠢᠷ ᠲᠠᠢ ᠬᠠᠮᠳᠤᠷᠠᠨ ᠲᠡᠵᠢᠭᠡᠯ ᠡᠪᠡᠰᠦ ᠪᠣᠷᠳᠣᠭᠠᠨ ᠤ ᠰᠠᠭᠤᠷᠢᠨ ᠭᠠᠵᠠᠷ᠂ ᠬᠠᠰᠢᠶᠠᠯᠠᠨ ᠲᠡᠵᠢᠭᠡᠬᠦ | ᠬᠠᠰᠢᠶ᠎ᠠ ᠰᠠᠷᠠᠪᠴᠢ ᠵᠡᠷᠭᠡ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢᠶᠠᠨ | ᠨᠡᠮᠡᠭᠳᠡᠭᠦᠯᠬᠦ ᠪᠠᠷ ᠴᠢᠷᠮᠠᠶᠢᠵᠤ᠂ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠰᠡᠷᠭᠦᠭᠡᠬᠦ ᠠᠵᠢᠯ ᠢ ᠤᠷᠤᠭᠰᠢᠲᠠᠶ | ᠥᠷᠨᠢᠭᠦᠯᠬᠦ ᠳᠤ ᠨᠥᠬᠦᠴᠡᠯ ᠪᠦᠷᠢᠯᠳᠦᠭᠦᠯᠵᠦ ᠥᠭᠭᠦᠨ᠎ᠡ᠃ ᠡᠯ᠎ᠡ ᠭᠠᠵᠠᠷ ᠤᠨ ᠬᠢᠨ ᠨᠤᠲᠤᠭ ᠪᠡᠯᠴᠢᠭᠡᠷ ᠤᠨ | ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ ᠶᠢ ᠨᠠᠶᠢᠳᠠᠪᠤᠷᠢᠵᠢᠭᠤᠯᠬᠤ ᠶᠢ ᠣᠢ ᠰᠢᠭᠤᠶ ᠨᠤᠲᠤᠭ | ᠪᠡᠯᠴᠢᠭᠡᠷ ᠤᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢᠨ ᠴᠢᠬᠤᠯᠠ ᠠᠭᠤᠯᠭ᠎ᠠ ᠪᠣᠯᠭᠠᠵᠤ᠂ ᠬᠠᠤᠯᠢ | ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠬᠠᠤᠯᠢ ᠬᠡᠷᠡᠭᠵᠢᠭᠦᠯᠬᠦ ᠲᠣᠭᠤᠷᠢᠨ ᠪᠠᠶᠢᠴᠠᠭᠠᠯᠳᠠ ᠶᠢ ᠴᠢᠩᠭᠠᠳᠬᠠᠨ᠂ | ᠬᠠᠤᠯᠢ ᠬᠡᠷᠡᠭᠵᠢᠭᠦᠯᠬᠦ ᠶᠢᠨ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠣᠶᠤᠨᠴᠢ ᠬᠢᠨᠠᠨ | ᠡᠵᠡᠮᠰᠢᠯ᠂ ᠵᠢᠯᠣᠭᠤᠴᠢ ᠦᠭᠡᠢ ᠨᠢᠰᠬᠡᠯ᠂ ᠲᠣᠮᠣ ᠳ᠋ᠠᠶᠢᠲ᠋ᠠ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ | ᠪᠠᠷᠢᠯ ᠢ ᠬᠡᠷᠡᠭᠯᠡᠵᠦ᠂ ᠨᠤᠲᠤᠭ ᠪᠡᠯᠴᠢᠭᠡᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠤᠰᠬᠠᠶ ᠠᠵᠢᠯ ᠤᠨ | ᠬᠠᠤᠯᠢ ᠬᠡᠷᠡᠭᠵᠢᠭᠦᠯᠬᠦ ᠬᠦᠴᠦᠨ ᠤ ᠬᠦᠷᠦᠯᠴᠡᠬᠦ ᠦᠭᠡᠢ ᠲᠠᠯ᠎ᠠ ᠶᠢ ᠨᠥᠬᠦᠪᠥᠷᠢᠯᠡᠬᠦ ᠬᠡᠷᠡᠭᠲᠡᠶ᠃ ᠨᠤᠲᠤᠭ | ᠪᠡᠯᠴᠢᠭᠡᠷ ᠤᠨ ᠬᠠᠮᠢᠶᠠᠷᠤᠨ ᠬᠠᠮᠠᠭᠠᠯᠠᠭᠴᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠬᠠᠮᠢᠶᠠᠷᠤᠨ | ᠬᠠᠮᠠᠭᠠᠯᠠᠬᠤ ᠵᠠᠷᠤᠳᠠᠯ ᠢ ᠨᠠᠶᠢᠳᠠᠪᠤᠷᠢᠵᠢᠭᠤᠯᠬᠤ᠂ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠰᠡᠷᠭᠦᠭᠡᠬᠦ ᠠᠵᠢᠯ ᠢ | ᠨᠠᠶᠢᠳᠠᠪᠤᠷᠢᠵᠢᠭᠤᠯᠤᠭᠰᠠᠨ ᠦᠷ᠎ᠡ ᠪᠦᠲᠦᠮᠵᠢ ᠶᠢ ᠰᠢᠯᠭᠠᠨ ᠱᠠᠩᠨᠠᠬᠤ ᠲᠣᠭᠲᠠᠴᠠ ᠶᠢ ᠪᠠᠶᠢᠭᠤᠯᠵᠤ᠂ | ᠬᠠᠮᠢᠶᠠᠷᠤᠭᠴᠢ ᠶᠢᠨ ᠠᠵᠢᠯ ᠤᠨ ᠢᠳᠡᠪᠬᠢᠵᠢᠯ ᠢ ᠳᠠᠶᠢᠴᠢᠯᠠᠵᠤ᠂ ᠬᠠᠮᠢᠶᠠᠷᠤᠨ ᠬᠠᠮᠠᠭᠠᠯᠠᠭᠴᠢ ᠶᠢᠨ ᠬᠢᠨᠠᠯᠲᠠ ᠲᠠᠯᠪᠢᠬᠤ | ᠦᠢᠯᠡᠳᠦᠯ ᠢ ᠬᠦᠢᠴᠡᠳ ᠪᠠᠳᠠᠷᠠᠭᠤᠯᠤᠨ᠎ᠠ᠃ ︵ᠳᠤᠮᠳᠠᠳᠤ ᠤᠯᠤᠰ ᠤᠨ ᠨᠤᠭᠤᠭᠠᠨᠯᠢᠭ ᠴᠠᠭ ᠤᠨ ᠰᠣᠨᠢᠨ ᠤ | ᠰᠤᠷᠪᠤᠯᠵᠢᠯᠠᠭᠴᠢ ᠶᠤᠸᠠᠨ ᠲᠢᠶᠧ ᠵᠢᠶᠦ᠋ᠨ ᠴᠢᠮᠡᠭᠡᠯᠡᠭᠴᠢ ᠬᠤᠤ ᠮᠢᠩ︶ | ᠤᠯᠤᠰ ᠤᠨ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠪᠡᠯᠴᠢᠭᠡᠷᠯᠡᠭᠦᠯᠬᠦ ᠶᠢ | ᠴᠠᠭᠠᠵᠠᠯᠠᠵᠤ ᠪᠡᠯᠴᠢᠭᠡᠷ ᠢ ᠰᠡᠷᠭᠦᠭᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠮᠡᠳᠡᠭᠳᠡᠯ | | | | |