ᠤᠯᠤᠰ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠰᠡᠷᠭᠦᠭᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2020/11/6
         ᠤᠶᠢᠷ᠎ᠠ ᠳᠤ᠂ ᠤᠯᠤᠰ ᠤᠨ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠮᠡᠳᠡᠭᠳᠡᠯ ᠪᠠᠭᠤᠯᠭᠠᠵᠤ᠂ ᠡᠯ᠎ᠡ ᠭᠠᠵᠠᠷ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠢ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠰᠡᠷᠭᠦᠭᠡᠬᠦ ᠠᠵᠢᠯ ᠢ ᠴᠢᠩᠭᠠᠳᠬᠠᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠰᠡᠷᠭᠦᠯᠲᠡ ᠶᠢ ᠲᠦᠷᠭᠡᠳᠬᠡᠵᠦ᠂ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠦᠷ᠎ᠡ ᠪᠦᠲᠦᠭᠡᠯ ᠢ ᠪᠠᠬᠢᠵᠢᠯᠬᠦᠯᠬᠦ ᠶᠢ ᠱᠠᠭᠠᠷᠳᠠᠪᠠ᠃ ᠮᠡᠳᠡᠭᠳᠡᠯ ᠳᠤ ᠵᠢᠭᠠᠵᠤ ᠭᠠᠷᠭᠠᠭᠰᠠᠨ ᠨᠢ᠂ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠰᠡᠷᠭᠦᠭᠡᠬᠦ ᠠᠵᠢᠯ ᠢ ᠨᠠᠩ ᠳᠤᠪᠤᠶᠢᠮ᠎ᠠ ᠪᠠᠶᠢᠷᠢᠨ ᠳᠤ ᠳᠠᠯᠪᠢᠵᠤ᠂ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠤ ᠣᠷᠣᠭᠤᠯᠵᠤ᠂ ᠢᠳᠡᠪᠬᠢᠲᠡᠶ ᠪᠠᠷ ᠲᠦᠯᠬᠢᠨ ᠠᠬᠢᠭᠤᠯᠤᠨ᠎ᠠ᠃ ᠡᠯ᠎ᠡ ᠭᠠᠵᠠᠷ ᠤᠨ ᠬᠢᠨ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠰᠡᠷᠭᠦᠭᠡᠬᠦ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠣᠷᠣᠨ ᠪᠦᠰᠡ ᠶᠢ ᠨᠢ ᠲᠣᠳᠣᠷᠬᠠᠶ ᠬᠤᠪᠢᠶᠠᠷᠢᠯᠠᠬᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠡᠯᠴᠢᠭᠡᠷ ᠢ ᠰᠡᠷᠭᠦᠭᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠵᠢᠴᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ ᠭᠡᠪᠡ᠃ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠰᠡᠷᠭᠦᠭᠡᠬᠦ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠬᠠᠤᠯᠢ ᠲᠣᠭᠲᠠᠭᠠᠯ ᠤᠨ ᠦᠨᠳᠦᠰᠦᠯᠡᠯ ᠲᠤᠭᠳᠠᠭᠠᠭᠰᠠᠨ ᠦᠭᠡᠢ ᠭᠠᠵᠠᠷ ᠣᠷᠣᠨ ᠬᠠᠮᠢᠶ᠎ᠠ ᠪᠦᠬᠦᠢ ᠬᠠᠤᠯᠢ ᠳᠦᠷᠢᠮ ᠢ ᠲᠣᠭᠲᠠᠭᠠᠬᠤ ᠶᠢ ᠲᠦᠷᠭᠡᠳᠬᠡᠨ ᠠᠬᠢᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠡᠯᠴᠢᠭᠡᠷ ᠢ ᠰᠡᠷᠭᠦᠭᠡᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠪᠠ ᠨᠠᠶᠢᠳᠠᠪᠤᠷᠢᠵᠢᠭᠤᠯᠬᠤ ᠳᠤ ᠬᠠᠤᠯᠢ ᠴᠠᠭᠠᠵᠠ ᠶᠢᠨ ᠪᠠᠲᠤᠯᠠᠭ᠎ᠠ ᠬᠠᠩᠭᠠᠨ᠎ᠠ᠃ ᠡᠯ᠎ᠡ ᠭᠠᠵᠠᠷ ᠤᠨ ᠬᠢᠨ ᠬᠦᠨᠳᠦ ᠨᠣᠴᠢᠲᠠᠶ ᠮᠠᠭᠤᠵᠢᠷᠠᠭᠰᠠᠨ᠂ ᠡᠯᠡᠰᠦᠷᠬᠡᠭᠵᠢᠭᠰᠡᠨ᠂ ᠬᠤᠵᠢᠷᠰᠢᠭᠰᠠᠨ᠂ ᠴᠦᠯᠵᠢᠭᠰᠡᠨ ᠨᠤᠲᠤᠭ ᠪᠡᠯᠴᠢᠭᠡᠷ᠂ ᠠᠮᠢ ᠠᠬᠤᠶ ᠬᠡᠪᠡᠷᠡᠭ ᠣᠷᠣᠨ ᠤ ᠨᠤᠲᠤᠭ ᠪᠡᠯᠴᠢᠭᠡᠷ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠪᠣᠯᠤᠨ ᠠᠮᠢ ᠠᠬᠤᠢ ᠶᠢᠨ ᠬᠤᠷᠢᠭ᠎ᠠ ᠱᠤᠭᠤᠮ ᠵᠡᠷᠭᠡ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠬᠢᠬᠦ ᠶᠢ ᠴᠠᠭᠠᠵᠠᠯᠠᠭᠰᠠᠨ ᠨᠤᠲᠤᠭ ᠪᠡᠯᠴᠢᠭᠡᠷ ᠲᠤ ᠪᠡᠯᠴᠢᠭᠡᠷᠯᠡᠭᠦᠯᠬᠦ ᠶᠢ ᠴᠠᠭᠠᠵᠠᠯᠠᠬᠤ ᠪᠢᠲᠡᠭᠦᠮᠵᠢᠯᠡᠨ ᠬᠠᠮᠠᠭᠠᠯᠠᠬᠤ ᠶᠢ ᠬᠠᠤᠯᠢ ᠶᠣᠰᠣᠭᠠᠷ ᠬᠡᠷᠡᠭᠵᠢᠬᠦᠯᠦᠨ᠎ᠡ᠃ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠠᠴᠠ ᠪᠤᠰᠤᠳ ᠤᠷᠤᠨ ᠪᠦᠰᠡ ᠳᠤ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠱᠠᠭᠠᠷᠳᠠᠯᠭ᠎ᠠ ᠪᠣᠯᠤᠨ ᠦᠢᠯᠡᠳᠪᠦᠷᠢᠯᠡᠵᠤ ᠠᠰᠢᠭᠯᠠᠬᠤ ᠠᠷᠭ᠎ᠠ ᠮᠠᠶ᠋ᠢᠭ ᠢ ᠦᠨᠳᠦᠰᠦᠯᠡᠨ ᠤᠯᠠᠷᠢᠯ ᠤᠨ ᠴᠢᠨᠠᠷᠲᠠᠶ ᠥᠨᠵᠢᠭᠦᠯᠦᠨ ᠮᠠᠯᠵᠢᠬᠤ ᠶᠢ ᠥᠷᠨᠢᠭᠦᠯᠬᠦ ᠶᠢᠨ ᠬᠠᠮᠲᠤ ᠲᠤᠬᠠᠶ ᠶᠢᠨ ᠭᠠᠵᠠᠷ ᠤᠨ ᠴᠠᠭ ᠠᠭᠤᠷ ᠤᠨ ᠨᠥᠬᠦᠴᠡᠯ᠂ ᠡᠪᠡᠰᠦ ᠪᠡᠯᠴᠢᠭᠡᠷ ᠤᠨ ᠪᠠᠶᠢᠳᠠᠯ ᠲᠠᠢ ᠤᠶᠠᠯᠳᠤᠭᠤᠯᠤᠨ᠂ ᠤᠯᠠᠷᠢᠯ ᠤᠨ ᠴᠢᠨᠠᠷᠲᠠᠶ ᠥᠨᠵᠢᠭᠦᠯᠦᠨ ᠮᠠᠯᠵᠢᠬᠤ ᠪᠣᠳᠠᠲᠠᠶ ᠣᠷᠣᠨ ᠪᠦᠰᠡ ᠪᠣᠯᠤᠨ ᠴᠠᠭ ᠬᠤᠭᠤᠴᠠᠭ᠎ᠠ ᠶᠢ ᠰᠢᠨᠵᠢᠯᠡᠬᠦ ᠤᠬᠠᠭᠠᠨᠴᠢ ᠪᠠᠷ ᠲᠤᠭᠳᠠᠭᠠᠨ᠎ᠠ᠃ ᠦᠨᠵᠢᠬᠦᠯᠦᠨ ᠮᠠᠯᠵᠢᠬᠤ ᠬᠤᠭᠤᠴᠠᠭᠠᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢ ᠪᠡᠯᠴᠢᠭᠡᠷᠯᠡᠭᠦᠯᠬᠦ ᠶᠢ ᠴᠠᠭᠠᠵᠠᠯᠠᠬᠤ ᠬᠤᠭᠤᠴᠠᠭᠠᠨ ᠤ ᠬᠠᠮᠢᠶᠠᠷᠤᠯᠲᠠ ᠯᠤᠭ᠎ᠠ ᠠᠳᠠᠯᠢ ᠪᠠᠷᠢᠮᠵᠢᠶ᠎ᠠ  ᠪᠠᠷ ᠬᠡᠷᠡᠭᠵᠢᠬᠦᠯᠦᠨ᠎ᠡ᠃ ᠨᠤᠲᠤᠭ ᠪᠡᠯᠴᠢᠭᠡᠷ ᠤᠨ ᠲᠠᠯᠠᠪᠠᠢ ᠨᠡᠯᠢᠶᠡᠳ ᠶᠡᠭᠡ ᠪᠠᠶᠢᠬᠤ ᠰᠢᠶᠠᠨ ᠤ ᠱᠠᠲᠤᠨ ᠠᠴᠠ ᠳᠡᠭᠡᠭᠰᠢᠬᠢ ᠣᠢ ᠰᠢᠭᠤᠶ ᠪᠠ ᠨᠤᠲᠤᠭ ᠪᠡᠯᠴᠢᠭᠡᠷ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤᠬᠠᠶ ᠶᠢᠨ ᠭᠠᠵᠠᠷ ᠤᠨ ᠵᠠᠰᠠᠭ ᠤᠨ ᠣᠷᠳᠣᠨ ᠢ ᠢᠳᠡᠪᠬᠢᠲᠡᠶ ᠪᠠᠷ ᠤᠷᠢᠵᠤ᠂ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠰᠡᠷᠭᠦᠭᠡᠬᠦ ᠵᠠᠷᠯᠢᠭ ᠢ ᠴᠠᠭ ᠲᠤᠬᠠᠶ ᠳᠤᠨᠢ ᠨᠡᠶᠢᠳᠠᠯᠠᠨ᠎ᠠ᠃           ᠮᠡᠳᠡᠭᠳᠡᠯ ᠳᠤ ᠱᠠᠭᠠᠷᠳᠠᠭᠰᠠᠨ ᠨᠢ᠂ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠰᠡᠷᠭᠦᠭᠡᠬᠦ ᠬᠤᠭᠤᠴᠠᠭᠠᠨ ᠳᠤ᠂ ᠡᠯ᠎ᠡ ᠭᠠᠵᠠᠷ ᠤᠨ ᠬᠢᠨ ᠪᠠᠶᠢᠭᠤᠯᠤᠮᠵᠢ᠂ ᠠᠵᠢᠯᠲᠠᠨ᠂ ᠲᠡᠷᠭᠡ ᠬᠥᠰᠬᠡ ᠪᠠ ᠵᠠᠷᠤᠳᠠᠯ ᠵᠡᠷᠭᠡ ᠲᠠᠯ᠎ᠠ ᠪᠠᠷ ᠪᠠᠲᠤᠯᠠᠭ᠎ᠠ ᠬᠠᠩᠭᠠᠬᠤ ᠬᠡᠷᠡᠭᠲᠡᠶ᠃ ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ ᠳᠠᠭᠠᠭᠠᠴᠢᠯᠠᠭᠤᠯᠬᠤ ᠠᠵᠢᠯ ᠢ ᠢᠳᠡᠪᠬᠢᠲᠡᠢ ᠠᠬᠢᠭᠤᠯᠵᠤ᠂ ᠲᠠᠷᠢᠶᠠᠴᠢᠨ ᠮᠠᠯᠴᠢᠳ ᠲᠤ ᠤᠷᠲᠤ ᠬᠤᠭᠤᠴᠠᠭ᠎ᠠ ᠪᠠᠷ ᠲᠣᠭᠲᠠᠪᠤᠷᠢᠲᠠᠶ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢ ᠬᠠᠤᠯᠢ ᠶᠣᠰᠣᠭᠠᠷ ᠣᠯᠭᠤᠵᠤ᠂ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠰᠡᠷᠭᠦᠭᠡᠬᠦ ᠠᠵᠢᠯ ᠳᠤ ᠰᠠᠭᠤᠷᠢ ᠲᠠᠯᠪᠢᠬᠤ ᠬᠡᠷᠡᠭᠲᠡᠶ᠃ ᠬᠢᠨᠠᠨ ᠬᠡᠮᠵᠢᠬᠦ ᠰᠢᠰᠲ᠋ᠧᠮᠵᠢ ᠶᠢ ᠪᠦᠷᠢᠨ ᠪᠣᠯᠭᠠᠨ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠡᠯᠴᠢᠭᠡᠷ ᠰᠡᠷᠬᠦᠭᠡᠬᠦ ᠦᠷ᠎ᠡ ᠪᠦᠲᠦᠮᠵᠢ ᠶᠢ ᠴᠠᠭ ᠲᠤᠬᠠᠶ ᠳᠤᠨᠢ ᠡᠵᠡᠮᠰᠢᠵᠦ᠂ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠰᠡᠷᠬᠦᠭᠡᠬᠦ ᠠᠵᠢᠯ ᠳᠤ ᠦᠨᠡᠯᠡᠯᠲᠡ ᠬᠢᠨ᠎ᠡ᠃ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠰᠡᠷᠭᠦᠭᠡᠬᠦ ᠨᠢ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠳᠤ ᠬᠤᠯᠪᠣᠭᠳᠠᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠤᠳᠤᠯᠭ᠎ᠠ ᠶᠢ ᠪᠦᠲᠦᠮᠵᠢᠲᠡᠶ ᠵᠣᠯᠭᠠᠭᠤᠯᠬᠤ ᠠᠵᠢᠯ ᠢ ᠰᠠᠶᠢᠲᠤᠷ ᠬᠢᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠳᠤᠷᠠᠨ ᠲᠡᠵᠢᠭᠡᠯ ᠡᠪᠡᠰᠦ ᠪᠣᠷᠳᠣᠭᠠᠨ ᠤ ᠰᠠᠭᠤᠷᠢᠨ ᠭᠠᠵᠠᠷ᠂ ᠬᠠᠰᠢᠶᠠᠯᠠᠨ ᠲᠡᠵᠢᠭᠡᠬᠦ ᠬᠠᠰᠢᠶ᠎ᠠ ᠰᠠᠷᠠᠪᠴᠢ ᠵᠡᠷᠭᠡ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢᠶᠠᠨ ᠨᠡᠮᠡᠭᠳᠡᠭᠦᠯᠬᠦ ᠪᠠᠷ ᠴᠢᠷᠮᠠᠶᠢᠵᠤ᠂ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠰᠡᠷᠭᠦᠭᠡᠬᠦ ᠠᠵᠢᠯ ᠢ ᠤᠷᠤᠭᠰᠢᠲᠠᠶ ᠥᠷᠨᠢᠭᠦᠯᠬᠦ ᠳᠤ ᠨᠥᠬᠦᠴᠡᠯ ᠪᠦᠷᠢᠯᠳᠦᠭᠦᠯᠵᠦ ᠥᠭᠭᠦᠨ᠎ᠡ᠃ ᠡᠯ᠎ᠡ ᠭᠠᠵᠠᠷ ᠤᠨ ᠬᠢᠨ ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ ᠶᠢ ᠨᠠᠶᠢᠳᠠᠪᠤᠷᠢᠵᠢᠭᠤᠯᠬᠤ ᠶᠢ ᠣᠢ ᠰᠢᠭᠤᠶ ᠨᠤᠲᠤᠭ ᠪᠡᠯᠴᠢᠭᠡᠷ ᠤᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢᠨ ᠴᠢᠬᠤᠯᠠ ᠠᠭᠤᠯᠭ᠎ᠠ ᠪᠣᠯᠭᠠᠵᠤ᠂ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠬᠠᠤᠯᠢ ᠬᠡᠷᠡᠭᠵᠢᠭᠦᠯᠬᠦ ᠲᠣᠭᠤᠷᠢᠨ ᠪᠠᠶᠢᠴᠠᠭᠠᠯᠳᠠ ᠶᠢ ᠴᠢᠩᠭᠠᠳᠬᠠᠨ᠂ ᠬᠠᠤᠯᠢ ᠬᠡᠷᠡᠭᠵᠢᠭᠦᠯᠬᠦ ᠶᠢᠨ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠣᠶᠤᠨᠴᠢ ᠬᠢᠨᠠᠨ ᠡᠵᠡᠮᠰᠢᠯ᠂ ᠵᠢᠯᠣᠭᠤᠴᠢ ᠦᠭᠡᠢ ᠨᠢᠰᠬᠡᠯ᠂ ᠲᠣᠮᠣ ᠳ᠋ᠠᠶᠢᠲ᠋ᠠ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠵᠦ᠂ ᠨᠤᠲᠤᠭ ᠪᠡᠯᠴᠢᠭᠡᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠤᠰᠬᠠᠶ ᠠᠵᠢᠯ ᠤᠨ ᠬᠠᠤᠯᠢ ᠬᠡᠷᠡᠭᠵᠢᠭᠦᠯᠬᠦ ᠬᠦᠴᠦᠨ ᠤ ᠬᠦᠷᠦᠯᠴᠡᠬᠦ ᠦᠭᠡᠢ ᠲᠠᠯ᠎ᠠ ᠶᠢ ᠨᠥᠬᠦᠪᠥᠷᠢᠯᠡᠬᠦ ᠬᠡᠷᠡᠭᠲᠡᠶ᠃ ᠨᠤᠲᠤᠭ ᠪᠡᠯᠴᠢᠭᠡᠷ ᠤᠨ ᠬᠠᠮᠢᠶᠠᠷᠤᠨ ᠬᠠᠮᠠᠭᠠᠯᠠᠭᠴᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠬᠠᠮᠢᠶᠠᠷᠤᠨ ᠬᠠᠮᠠᠭᠠᠯᠠᠬᠤ ᠵᠠᠷᠤᠳᠠᠯ ᠢ ᠨᠠᠶᠢᠳᠠᠪᠤᠷᠢᠵᠢᠭᠤᠯᠬᠤ᠂ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠰᠡᠷᠭᠦᠭᠡᠬᠦ ᠠᠵᠢᠯ ᠢ ᠨᠠᠶᠢᠳᠠᠪᠤᠷᠢᠵᠢᠭᠤᠯᠤᠭᠰᠠᠨ ᠦᠷ᠎ᠡ ᠪᠦᠲᠦᠮᠵᠢ ᠶᠢ ᠰᠢᠯᠭᠠᠨ ᠱᠠᠩᠨᠠᠬᠤ ᠲᠣᠭᠲᠠᠴᠠ ᠶᠢ ᠪᠠᠶᠢᠭᠤᠯᠵᠤ᠂ ᠬᠠᠮᠢᠶᠠᠷᠤᠭᠴᠢ ᠶᠢᠨ ᠠᠵᠢᠯ ᠤᠨ ᠢᠳᠡᠪᠬᠢᠵᠢᠯ ᠢ ᠳᠠᠶᠢᠴᠢᠯᠠᠵᠤ᠂ ᠬᠠᠮᠢᠶᠠᠷᠤᠨ ᠬᠠᠮᠠᠭᠠᠯᠠᠭᠴᠢ ᠶᠢᠨ ᠬᠢᠨᠠᠯᠲᠠ ᠲᠠᠯᠪᠢᠬᠤ ᠦᠢᠯᠡᠳᠦᠯ ᠢ ᠬᠦᠢᠴᠡᠳ ᠪᠠᠳᠠᠷᠠᠭᠤᠯᠤᠨ᠎ᠠ᠃ ︵ᠳᠤᠮᠳᠠᠳᠤ ᠤᠯᠤᠰ ᠤᠨ ᠨᠤᠭᠤᠭᠠᠨᠯᠢᠭ ᠴᠠᠭ ᠤᠨ ᠰᠣᠨᠢᠨ ᠤ ᠰᠤᠷᠪᠤᠯᠵᠢᠯᠠᠭᠴᠢ ᠶᠤᠸᠠᠨ ᠲᠢᠶᠧ ᠵᠢᠶᠦ᠋ᠨ ᠴᠢᠮᠡᠭᠡᠯᠡᠭᠴᠢ ᠬᠤᠤ ᠮᠢᠩ︶            ᠤᠯᠤᠰ ᠤᠨ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠰᠡᠷᠭᠦᠭᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠮᠡᠳᠡᠭᠳᠡᠯ
ᠢᠷᠡᠯᠲᠡ᠄ ᠳᠤᠮᠳᠠᠳᠤ ᠤᠯᠤᠰ ᠤᠨ ᠣᠢ ᠰᠢᠭᠤᠶ ᠶᠢᠨ ᠰᠦᠯᠵᠢᠶ᠎ᠡ