ᠨᠢᠦ ᠵᠢᠶᠦ᠋ᠨ ᠶᠠᠨ ᠬᠤᠷᠠᠯ ᠢ ᠡᠷᠬᠢᠯᠡᠭᠰᠡᠨ ᠤ ᠬᠠᠮᠳᠤ ᠶᠠᠷᠢᠶ᠎ᠠ ᠲᠠᠯᠪᠢᠪᠠ | ᠤᠢᠢᠷ᠎ᠠ ᠶᠢᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠨᠢᠦ ᠵᠢᠶᠦ᠋ᠨ ᠶᠠᠨ ᠬᠤᠲᠠ ᠶᠢᠨ | ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠳ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠥᠪ ᠪᠠ | ᠥᠪᠡᠷᠲᠡᠭᠡᠨ ᠵᠠᠰᠠᠬᠤ ᠣᠷᠣᠨ ᠤ ᠬᠤᠯᠪᠤᠬᠳᠠᠯ ᠪᠦᠬᠦᠢ ᠪᠢᠴᠢᠭ ᠮᠠᠲ᠋ᠧᠷᠢᠶᠠᠯ᠂ ᠬᠤᠷᠠᠯ ᠤᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ᠂ ᠮᠠᠨ ᠤ ᠬᠤᠲᠠ ᠶᠢᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ᠂ | ᠨᠡᠶᠢᠭᠡᠮ ᠤᠨ ᠲᠣᠭᠲᠠᠭᠤᠨ ᠢ ᠬᠠᠮᠠᠭᠠᠯᠠᠬᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ | ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠳᠥᠷᠪᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠡᠳ᠋ ᠳᠠᠷᠤᠭ᠎ᠠ ᠯᠢ ᠶᠦᠩ ᠴᠢᠤᠸᠠᠨ ᠬᠤᠷᠠᠯ ᠳᠤ | ᠣᠷᠣᠯᠴᠠᠵᠤ ᠵᠢᠭᠠᠨ ᠵᠢᠯᠣᠭᠤᠳᠪᠠ᠃ | ᠬᠤᠷᠠᠯ ᠠᠴᠠ ᠲᠥᠪ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ | ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠱᠢ ᠲᠠᠢ ᠹᠧᠩ ᠤᠨ ᠥᠪᠡᠷᠲᠡᠭᠡᠨ | ᠵᠠᠰᠠᠬᠤ ᠣᠷᠣᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ | ᠨᠠᠶᠢᠳᠠᠪᠤᠷᠢᠵᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠳᠡᠭᠡᠷᠡᠬᠢ ᠶᠠᠷᠢᠶᠠᠨ ᠤ ᠱᠠᠭᠠᠷᠳᠠᠯᠭ᠎ᠠ ᠶᠢ | ᠤᠯᠠᠮᠵᠢᠯᠠᠪᠠ᠃ ᠪᠦᠬᠦ ᠬᠤᠲᠠ ᠶᠢᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ | ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠬᠦᠨ ᠢ ᠰᠤᠳᠤᠯᠤᠨ ᠲᠣᠬᠢᠷᠠᠭᠤᠯᠤᠯᠳᠠ ᠭᠢᠭᠦ ᠶᠢᠨ ᠬᠠᠮᠲᠤ ᠤᠳᠤᠷᠢᠳᠬᠤ ᠳᠤᠭᠤᠶᠢᠯᠠᠩ ᠤᠨ ᠠᠵᠢᠯ ᠤᠨ | ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ︽ᠣᠷᠳᠣᠰ ᠬᠤᠲᠠ ᠶᠢᠨ ᠨᠠᠮ ᠤᠨ ᠬᠤᠷᠢᠶᠡᠨ ᠤ ᠪᠠᠶᠢᠩᠭᠤ ᠶᠢᠨ | ᠬᠤᠷᠢᠶ᠎ᠠ ᠶᠢᠨ ᠤᠳᠤᠷᠢᠳᠬᠤ ᠪᠠᠭ᠂ ᠪᠦᠷᠢᠯᠳᠦᠬᠦᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ | ᠬᠠᠷᠢᠭᠤᠴᠠᠯᠭ᠎ᠠ ᠶᠢᠨ ᠨᠠᠷᠢᠨ ᠳᠠᠩᠰᠠ︾ ᠶᠢ ᠬᠢᠨᠠᠨ ᠵᠥᠪᠯᠡᠪᠠ᠃ ᠬᠤᠷᠠᠯ ᠠᠴᠠ ᠡᠯ᠎ᠡ ᠱᠠᠲᠤᠨ ᠤ ᠡᠯ᠎ᠡ ᠰᠠᠯᠠᠭ᠎ᠠ | ᠮᠥᠴᠢᠷ ᠤᠨ ᠬᠢᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ | ᠬᠡᠷᠡᠭᠵᠢᠭᠦᠯᠬᠦ ᠶᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠳᠤᠮᠳᠠᠬᠢ ᠴᠢᠬᠤᠯᠠ ᠦᠶ᠋ᠯᠡᠳᠦᠯ ᠢ ᠭᠦᠶ᠋ᠴᠡᠳ | ᠲᠠᠨᠢᠵᠤ᠂ ᠡᠯ᠎ᠡ ᠳᠦᠷᠦᠯ ᠤᠨ ᠠᠵᠢᠯ ᠤᠨ ᠱᠠᠭᠠᠷᠳᠠᠯᠭ᠎ᠠ ᠶᠢ ᠰᠠᠨᠠᠭᠠᠴᠢᠯᠠᠭ᠎ᠠ ᠠᠴᠠ ᠪᠠᠨ ᠨᠠᠶᠢᠳᠠᠪᠤᠷᠢᠵᠢᠭᠤᠯᠵᠤ᠂ | ᠪᠦᠬᠦ ᠬᠤᠲᠠ ᠶᠢᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠬᠦ | ᠲᠡᠮᠡᠴᠡᠯ ᠤᠨ ᠪᠤᠳᠠᠲᠠᠢ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠳᠡᠢ᠃ ᠠᠵᠢᠯ ᠤᠨ ᠬᠤᠪᠢᠶᠠᠷᠢᠯᠠᠯ ᠢ | ᠪᠣᠳᠠᠲᠠᠶᠢᠵᠢᠭᠤᠯᠤᠨ ᠨᠢᠭᠡᠳᠦᠯᠲᠡᠶ ᠲᠥᠯᠥᠪᠵᠢᠭᠦᠯᠭᠡ ᠪᠠᠨ ᠴᠢᠩᠭᠠᠳᠬᠠᠵᠤ᠂ ᠨᠠᠮ ᠤᠨ ᠬᠤᠷᠢᠶ᠎ᠠ ︵ᠨᠠᠮ ᠤᠨ | ᠤᠳᠤᠷᠢᠳᠬᠤ ᠳᠤᠭᠤᠶᠢᠯᠠᠩ︶ ᠶᠢᠨ ᠭᠤᠤᠯ ᠴᠣᠭᠴᠠ ᠶᠢᠨ ᠬᠠᠷᠢᠭᠤᠴᠠᠯᠭ᠎ᠠ᠂ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠢᠨᠠᠯᠲᠠ ᠲᠠᠯᠪᠢᠬᠤ ᠬᠠᠷᠢᠭᠤᠴᠠᠯᠭ᠎ᠠ᠂ ᠬᠤᠪᠢᠶᠠᠷᠢᠯᠠᠨ ᠬᠠᠮᠢᠶᠠᠷᠬᠤ | ᠤᠳᠤᠷᠢᠳᠤᠯᠭ᠎ᠠ ᠶᠢᠨ ︽ᠨᠢᠭᠡ ᠠᠵᠢᠯ ᠤᠨ ᠪᠠᠶᠢᠷᠢ ᠶᠢᠨ ᠬᠤᠤᠰ ᠬᠠᠷᠢᠭᠤᠴᠠᠯᠭ᠎ᠠ︾ ᠶᠢᠨ ᠬᠠᠷᠢᠭᠤᠴᠠᠯᠭ᠎ᠠ ᠶᠢ | ᠬᠢᠨᠠᠮᠠᠭᠠᠶ ᠨᠠᠶᠢᠳᠠᠪᠤᠷᠢᠵᠢᠭᠤᠯᠵᠤ᠂ ᠨᠠᠮ ᠤᠨ ᠬᠤᠷᠢᠶ᠎ᠠ ᠨᠢᠭᠡᠳᠦᠯᠲᠡᠶ ᠤᠳᠤᠷᠢᠳᠵᠤ᠂ ᠨᠠᠮ ᠵᠠᠰᠠᠭ ᠵᠡᠷᠭᠡ ᠪᠠᠷ | ᠠᠳᠬᠤᠨ ᠬᠠᠮᠲᠤ ᠪᠠᠷ ᠬᠠᠮᠢᠶᠠᠷᠳ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠵᠣᠬᠢᠶᠠᠨ ᠪᠠᠶᠢᠭᠤᠯᠤᠨ ᠵᠣᠬᠢᠴᠠᠭᠤᠯᠵᠤ | ᠂ ᠰᠠᠯᠠᠭ᠎ᠠ ᠮᠥᠴᠢᠷ ᠬᠠᠷᠢᠭᠤᠴᠠᠯᠭ᠎ᠠ ᠪᠠᠨ ᠭᠦᠶ᠋ᠴᠡᠳᠬᠡᠭᠰᠡᠨ ᠠᠵᠢᠯ ᠤᠨ ᠬᠠᠮᠳᠤᠷᠠᠯ ᠬᠦᠴᠦᠨ ᠢ ᠪᠦᠷᠢᠯᠳᠦᠭᠦᠯᠬᠦ | ᠬᠡᠷᠡᠭᠳᠡᠢ ᠬᠡᠵᠤ ᠴᠢᠬᠤᠯᠠᠴᠢᠯᠡᠪᠡ᠃ | ᠬᠤᠷᠠᠯ ᠠᠴᠠ ᠲᠥᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠤᠰᠢᠶᠠᠨ ᠰᠢᠢᠳᠪᠦᠷᠢᠯᠡᠭᠦᠯᠦᠭᠰᠡᠨ | ᠵᠠᠬᠢᠳᠠᠯ ᠰᠤᠷᠪᠤᠯᠵᠢᠯᠡᠯ ᠤᠨ ᠬᠡᠷᠡᠭ ᠢ ᠰᠢᠢᠳᠪᠦᠷᠢᠯᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ | ᠬᠤᠷᠠᠯ ᠠᠴᠠ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢᠶᠠᠷ ᠭᠤᠤᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠶ ᠦᠶ᠋ᠯᠡᠳᠦᠯᠭᠡᠵᠢᠭᠦᠯᠵᠦ᠂ ᠦᠨᠡᠨ ᠠᠴᠠ ᠵᠥᠪ ᠢ ᠡᠷᠢᠨ᠂ ᠬᠠᠤᠯᠢ | ᠲᠣᠭᠲᠠᠭᠠᠯ ᠶᠣᠰᠣᠭᠠᠷ᠂ ᠴᠠᠭ ᠲᠤᠬᠠᠶ ᠳᠤᠨᠢ ᠢᠳᠡᠪᠬᠢᠲᠡᠢ ᠪᠥᠭᠡᠳ ᠪᠦᠲᠦᠮᠵᠢᠲᠡᠶ ᠰᠢᠶ᠋ᠳᠪᠦᠷᠢᠯᠡᠬᠦ ᠬᠡᠷᠡᠭᠲᠡᠶ᠃ | ᠦᠨᠡᠨ ᠪᠣᠳᠠᠲᠠᠶ ᠠᠵᠢᠯ ᠤᠨ ᠦᠷ᠎ᠡ ᠪᠦᠲᠦᠮᠵᠢ ᠪᠠᠷ ᠤᠭ ᠰᠠᠨᠠᠭ᠎ᠠ ᠡᠭᠦᠷᠭᠡᠯᠡᠯ ᠬᠠᠷᠢᠭᠤᠴᠠᠯᠭ᠎ᠠ ᠪᠠᠨ | ᠦᠶ᠋ᠯᠡᠳᠦᠯᠭᠡᠵᠢᠭᠦᠯᠵᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠬᠦ ᠬᠡᠷᠡᠭᠳᠡᠢ᠃ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠴᠢᠩᠭᠠᠳᠬᠠᠵᠤ᠂ ᠵᠥᠷᠢᠴᠡᠯ ᠢ ᠨᠡᠮᠳᠠᠭᠤᠯᠬᠤ ᠶᠢ ᠡᠮᠬᠢ ᠵᠢᠷᠤᠮ ᠲᠠᠢ ᠠᠬᠢᠭᠤᠯᠤᠨ᠂ ᠣᠯᠠᠨ | ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠰᠠᠨᠠᠭᠠᠴᠢᠯᠠᠭ᠎ᠠ ᠠᠴᠠ ᠪᠠᠨ ᠬᠠᠷᠢᠭᠤᠯᠲᠠ ᠥᠭᠴᠦ᠂ | ᠠᠵᠤ ᠠᠬᠤᠶ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ | ᠪᠠᠶᠢᠬᠤ ᠶᠢ ᠦᠨᠡᠨ ᠬᠦ ᠪᠠᠲᠤᠯᠠᠬᠤ ᠬᠡᠷᠡᠭᠳᠡᠢ ᠬᠡᠵᠤ ᠴᠢᠬᠤᠯᠠᠴᠢᠯᠡᠪᠡ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠤ ᠲᠤᠰᠬᠠᠢ | ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠯ ᠢ ᠳᠠᠷᠤᠢ ᠳᠤᠨᠢ ᠬᠡᠷᠡᠭᠵᠢᠭᠦᠯᠵᠦ ᠳᠠᠷᠤᠢ ᠳᠤᠨᠢ ᠰᠠᠶᠢᠵᠢᠷᠠᠭᠤᠯᠬᠤ | ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠣᠷᠳᠣᠰ | ᠬᠤᠲᠠ ᠶᠢᠨ ᠬᠤᠳᠠᠯᠳᠤᠭ᠎ᠠ ᠡᠷᠬᠢᠯᠡᠬᠦ ᠣᠷᠴᠢᠨ ᠳᠤᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠶ | ᠠᠷᠭ᠎ᠠ ᠬᠡᠮᠵᠢᠶ᠎ᠡ ᠨᠦᠭᠦᠳ︾ ᠢ ᠰᠤᠳᠤᠯᠤᠨ ᠬᠢᠨᠠᠨ ᠵᠥᠪᠯᠡᠪᠡ᠃ ᠬᠤᠷᠠᠯ ᠠᠴᠠ ᠡᠯ᠎ᠡ ᠱᠠᠲᠤᠨ ᠤ ᠡᠯ᠎ᠡ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠨ ᠬᠢᠨ ᠲᠤᠰ ᠤᠳᠠᠭᠠᠨ ᠤ ᠲᠤᠰᠬᠠᠶ ᠲᠣᠭᠤᠷᠢᠨ ᠪᠠᠶᠢᠴᠠᠭᠠᠯᠲᠠ ᠪᠠᠷ ᠲᠣᠬᠢᠶᠠᠯ ᠪᠣᠯᠭᠠᠵᠤ | ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ | ᠠᠬᠢᠭᠤᠯᠵᠤ᠂ ᠪᠦᠬᠦ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠨᠠᠷᠵᠢᠯ ᠢ ᠳᠡᠭᠡᠭᠰᠢᠯᠡᠭᠦᠯᠤᠨ᠂ | ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠬᠦ ᠶᠢ ᠪᠠᠲᠤᠯᠠᠬᠤ ᠬᠡᠷᠡᠭᠳᠡᠢ ᠬᠡᠵᠤ | ᠴᠢᠬᠤᠯᠠᠴᠢᠯᠡᠪᠡ᠃ | ᠬᠤᠷᠠᠯ ᠠᠴᠠ ᠵᠢᠯ ᠤᠨ ᠡᠴᠦᠰ ᠤᠨ ᠠᠵᠢᠯ ᠢ ᠰᠠᠶᠢᠲᠤᠷ ᠬᠢᠬᠦ ᠲᠤᠬᠠᠶ ᠱᠠᠭᠠᠷᠳᠠᠯᠭ᠎ᠠ ᠳᠤᠷᠠᠳᠴᠤ᠂ ︽ | ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠵᠢᠷᠭᠤᠭ᠎ᠠ ᠶᠢ | ᠪᠠᠲᠤᠯᠠᠬᠤ︾ ᠡᠭᠦᠷᠭᠡ ᠶᠢ ᠨᠠᠶᠢᠳᠠᠪᠤᠷᠢᠵᠢᠭᠤᠯᠤᠨ᠂ ᠠᠶᠤᠯ ᠦᠭᠡᠢ ᠦᠶ᠋ᠯᠡᠳᠪᠦᠷᠢᠯᠡᠯ᠂ ᠬᠢᠵᠢᠭ ᠢ ᠰᠡᠷᠭᠡᠶᠢᠯᠡᠨ | ᠡᠵᠡᠮᠳᠡᠬᠦ ᠵᠡᠷᠭᠡ ᠭᠤᠤᠯᠳᠠᠯᠭ᠎ᠠ ᠲᠠᠢ ᠠᠵᠢᠯ ᠢ ᠪᠣᠳᠠᠲᠠᠶ ᠪᠥᠭᠡᠳ ᠪᠠᠲᠤᠲᠠᠶ ᠠᠳᠬᠤᠵᠤ᠂ ᠡᠯ᠎ᠡ ᠲᠦᠷᠦᠯ ᠤᠨ | ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠬᠡᠵᠤ | ᠴᠢᠬᠤᠯᠠᠴᠢᠯᠡᠪᠡ᠃ | ᠬᠤᠷᠠᠯ ᠠᠴᠠ ︽ᠣᠷᠳᠣᠰ ᠬᠤᠲᠠ ᠶᠢᠨ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ︿ᠬᠤᠶᠠᠷ | ᠵᠥᠪᠯᠡᠯ﹀ ᠤᠨ ᠬᠤᠭᠤᠴᠠᠭ᠎ᠠ ᠰᠣᠯᠢᠬᠤ ᠠᠵᠢᠯ ᠤᠨ ᠬᠡᠷᠡᠭᠵᠢᠭᠦᠯᠬᠦ ᠲᠥᠰᠦᠯ︾ ᠢ ᠰᠤᠳᠤᠯᠵᠤ ᠬᠢᠨᠠᠨ ᠵᠥᠪᠯᠡᠪᠡ᠃ | ᠬᠤᠷᠠᠯ ᠠᠴᠠ ᠪᠠᠰᠠ ᠪᠤᠰᠤᠳ ᠤᠴᠢᠷ ᠶᠠᠪᠤᠳᠠᠯ ᠤᠳ ᠢ ᠰᠤᠳᠤᠯᠪᠠ᠃ | | |