ᠲᠦᠷᠦᠭᠦᠬᠡᠨ᠂ ᠰᠤᠷᠭᠠᠨ ᠬᠥᠮᠦᠵᠢᠯ ᠤᠨ ᠶᠠᠮᠤᠨ ᠵᠡᠷᠭᠡ ᠨᠠᠢᠮᠠᠨ ᠶᠠᠮᠤᠨ ᠬᠤᠷᠢᠶ᠎ᠠ ᠬᠠᠮᠲᠤᠷᠠᠨ ︽ | ᠳᠤᠮᠳᠠᠳᠤ ᠰᠤᠷᠭᠠᠭᠤᠯᠢ᠂ ᠪᠠᠭ᠎ᠠ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠠᠮᠢᠵᠢᠷᠠᠯ ᠤᠨ ᠬᠦᠴᠦᠨ ᠢ ᠤᠯᠠᠮ ᠨᠢᠭᠡ | ᠠᠯᠬᠤᠮ ᠬᠥᠭᠵᠢᠭᠡᠬᠦ ᠲᠤᠬᠠᠶ ᠰᠠᠨᠠᠯ ᠤᠳ︾ ︵︽ᠰᠠᠨᠠᠯ ᠤᠳ︾ ᠭᠡᠵᠦ ᠳᠦᠭᠦᠮᠴᠢᠯᠡᠨ᠎ᠡ︶ ᠢ ᠳᠠᠷᠤᠮᠠᠯᠯᠠᠨ | ᠲᠠᠷᠬᠠᠭᠠᠵᠤ᠂ ᠰᠤᠷᠭᠠᠨ ᠬᠥᠮᠦᠵᠢᠯ ᠤᠨ ᠶᠠᠮᠤᠨ ᠤ ᠰᠠᠭᠤᠷᠢ ᠰᠤᠷᠭᠠᠨ ᠬᠥᠮᠦᠵᠢᠯ ᠤᠨ ᠵᠤᠷᠭᠠᠨ ᠠᠴᠠ ︽ᠰᠠᠨᠠᠯ ᠤᠳ | ︾ ᠢ ᠲᠠᠶᠢᠯᠪᠤᠷᠢᠯᠠᠪᠠ᠃ | | | ︽ᠰᠠᠨᠠᠯ ᠤᠳ︾ ᠢ ᠨᠡᠶᠢᠲᠡᠯᠡᠭᠰᠡᠨ ᠠᠬᠤᠶ ᠪᠠᠶᠢᠳᠠᠯ | | | ᠨᠢᠭᠡ ᠳᠤ᠂ ᠲᠥᠪ ᠬᠤᠷᠢᠶᠠᠨ ᠤ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ | ᠴᠢᠬᠤᠯᠠ ᠠᠷᠭ᠎ᠠ ᠬᠡᠮᠵᠢᠶ᠎ᠡ | ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠠᠴᠠ ᠰᠤᠷᠭᠠᠭᠤᠯᠢ | ᠡᠷᠬᠢᠯᠡᠬᠦ ᠠᠮᠢᠵᠢᠷᠠᠯ ᠤᠨ ᠬᠦᠴᠦᠨ ᠤ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠶᠡᠷᠦᠩᠬᠡᠢ | ᠱᠦᠵᠢ ᠰᠢ ᠶᠢᠨ ᠫᠢᠩ ᠪᠦᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠳᠡᠭᠡᠷ᠎ᠡ ᠲᠣᠳᠣᠷᠬᠠᠢ | ᠱᠠᠭᠠᠷᠳᠠᠯᠭ᠎ᠠ ᠳᠤᠷᠠᠳᠪᠠ᠃ 2019 ᠣᠨ ᠤ 6 ᠰᠠᠷ᠎ᠠ ᠳᠤ ᠳᠠᠷᠤᠮᠠᠯᠯᠠᠨ ᠲᠠᠷᠬᠠᠭᠠᠭᠰᠠᠨ ︽ᠰᠤᠷᠭᠠᠨ ᠬᠥᠮᠦᠵᠢᠯ | ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠴᠢᠨᠠᠷ ᠴᠢᠨᠰᠠᠭ᠎ᠠ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠳᠤ ᠲᠤᠰᠬᠠᠶᠢᠯᠠᠨ ︽ᠰᠤᠷᠭᠠᠭᠤᠯᠢ ᠶᠢᠨ ᠣᠷᠤᠰᠢᠨ | ᠳᠣᠭᠲᠠᠨᠢᠬᠤ ᠠᠮᠢᠵᠢᠷᠠᠯ ᠤᠨ ᠬᠦᠴᠦᠨ ᠢ ᠬᠥᠭᠵᠢᠭᠡᠬᠦ︾ ᠴᠢᠬᠤᠯᠠ ᠪᠠᠶᠢᠷᠢᠯᠠᠭᠤᠯᠤᠯᠲᠠ ᠶᠢ ᠬᠢᠵᠦ᠂ ᠡᠨᠡ ᠬᠦ ᠠᠵᠢᠯ ᠢ | ᠪᠠᠰᠠ ︽ᠲᠥᠪ ᠤᠨ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2020 ᠣᠨ ᠤ | ᠠᠵᠢᠯ ᠤᠨ ᠭᠤᠤᠯᠳᠠᠯᠭ᠎ᠠ︾ ᠳᠤ ᠣᠷᠣᠭᠤᠯᠪᠠ᠃ | ᠬᠤᠶᠠᠷ ᠲᠤ᠂ ᠰᠤᠷᠭᠠᠨ ᠬᠥᠮᠦᠵᠢᠯ ᠢ ᠵᠠᠰᠠᠬᠤ ᠳᠣᠭᠲᠠᠯᠴᠠᠭ᠎ᠠ ᠶᠢ ᠲᠡᠭᠦᠯᠳᠡᠷᠵᠢᠭᠦᠯᠬᠦ ᠴᠢᠬᠤᠯᠠ | ᠠᠭᠤᠯᠭ᠎ᠠ | ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ | ᠬᠤᠷᠠᠯ ᠠᠴᠠ ᠰᠤᠷᠭᠠᠨ ᠬᠥᠮᠥᠵᠢᠯ ᠢ ᠵᠠᠰᠠᠬᠤ ᠳᠣᠭᠲᠠᠯᠴᠠᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠲᠡᠶ | ᠭᠡᠵᠦ ᠴᠢᠬᠤᠯᠠᠴᠢᠯᠠᠪᠠ᠃ ᠪᠦᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠠᠴᠠ ᠨᠠᠭᠠᠰᠢ᠂ ᠲᠥᠪ | ᠬᠤᠷᠢᠶ᠎ᠠ ᠠᠴᠠ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠠᠯᠪᠠᠨ ᠵᠢᠷᠤᠮ ᠤᠨ ᠰᠤᠷᠭᠠᠨ | ᠬᠥᠮᠦᠵᠢᠯ ᠪᠠ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠲᠤᠬᠠᠶ | ᠭᠤᠷᠪᠠᠨ ᠴᠢᠬᠤᠯᠠ ᠪᠢᠴᠢᠭ ᠮᠠᠲ᠋ᠧᠷᠢᠶᠠᠯ ᠢ ᠤᠷᠢᠳ ᠬᠤᠵᠢᠳ ᠳᠠᠷᠤᠮᠠᠯᠯᠠᠨ ᠲᠠᠷᠬᠠᠭᠠᠵᠤ᠂ ᠰᠠᠭᠤᠷᠢ ᠰᠤᠷᠭᠠᠨ | ᠬᠥᠮᠦᠵᠢᠯ ᠤᠨ ᠲᠦᠷᠢᠮ ᠤᠨ ᠳᠣᠭᠲᠠᠯᠴᠠᠭᠠᠨ ᠤ ᠭᠤᠣᠯ ᠴᠣᠭᠴᠠ ᠶᠢᠨ ᠬᠡᠪ ᠮᠠᠶ᠋ᠢᠭ ᠢ ᠦᠨᠳᠦᠰᠦᠨ ᠳᠤ ᠪᠠᠨ | ᠪᠠᠶᠢᠭᠤᠯᠪᠠ᠃ ᠳᠤᠮᠳᠠᠳᠤ ᠰᠤᠷᠭᠠᠭᠤᠯᠢ᠂ ᠪᠠᠭ᠎ᠠ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠠᠮᠢᠵᠢᠷᠠᠯ ᠤᠨ | ᠬᠦᠴᠦᠨ ᠢ ᠬᠥᠭᠵᠢᠭᠡᠵᠦ᠂ ᠣᠳᠣ ᠦᠶ᠎ᠡ ᠶᠢᠨ ᠰᠤᠷᠭᠠᠭᠤᠯᠢ ᠶᠢᠨ ᠳᠦᠷᠢᠮ ᠤᠨ ᠪᠠᠶᠢᠭᠤᠯᠤᠯᠲᠠ ᠶᠢ ᠲᠦᠷᠭᠡᠳᠬᠡᠵᠦ᠂ | ᠣᠯᠠᠨ ᠲᠠᠯ᠎ᠠ ᠶᠢᠨ ᠥᠭᠡᠷᠡᠴᠢᠯᠡᠯᠲᠡ ᠲᠠᠢ ᠬᠤᠯᠪᠣᠭᠳᠠᠭᠰᠠᠨ ᠪᠣᠯᠬᠤᠷ ᠬᠠᠮᠢᠶ᠎ᠠ ᠪᠦᠬᠦᠢ ᠳᠦᠷᠢᠮ ᠢ ᠨᠠᠷᠢᠯᠢᠭᠵᠢᠭᠤᠯᠵᠤ | ᠂ ᠪᠣᠳᠠᠲᠠᠶᠢᠵᠢᠭᠤᠯᠬᠤ ᠴᠢᠬᠤᠯᠠᠲᠠᠶ᠂ ᠡᠨᠡ ᠪᠣᠯ ᠰᠠᠭᠤᠷᠢ ᠰᠤᠷᠭᠠᠨ ᠬᠥᠮᠦᠵᠢᠯ ᠢ ᠵᠠᠰᠠᠬᠤ ᠳᠣᠭᠲᠠᠯᠴᠠᠭ᠎ᠠ ᠶᠢ ᠤᠯᠠᠮ | ᠨᠢᠭᠡ ᠠᠯᠬᠤᠮ ᠲᠡᠭᠦᠯᠳᠡᠷᠵᠢᠭᠦᠯᠬᠦ ᠴᠢᠬᠤᠯᠠ ᠠᠭᠤᠯᠭ᠎ᠠ ᠪᠠ ᠰᠠᠭᠤᠷᠢ ᠢᠨᠵᠧᠨᠧᠷᠢᠩ ᠪᠣᠯᠤᠨ᠎ᠠ᠃ | ᠭᠤᠷᠪᠠ ᠳᠤ᠂ ᠰᠠᠭᠤᠷᠢ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠲᠤᠯᠭᠠᠮ | ᠱᠠᠭᠠᠷᠳᠠᠯᠭ᠎ᠠ | ᠣᠳᠣᠬᠠᠨ ᠳᠤ᠂ ᠮᠠᠨ ᠤ ᠤᠯᠤᠰ ᠤᠨ ᠰᠠᠭᠤᠷᠢ ᠰᠤᠷᠭᠠᠨ ᠬᠥᠮᠦᠵᠢᠯ ᠳᠤ ︽ᠰᠤᠷᠭᠠᠭᠤᠯᠢ ᠲᠠᠢ ᠪᠠᠶᠢᠬᠤ | ︾ ᠠᠰᠠᠭᠤᠳᠠᠯ ᠢ ᠦᠨᠳᠦᠰᠦᠨ ᠳᠤ ᠪᠠᠨ ᠰᠢᠢᠳᠪᠦᠷᠢᠯᠡᠵᠦ᠂ ︽ᠰᠠᠶᠢᠨ ᠰᠤᠷᠭᠠᠭᠤᠯᠢ ᠳᠤ ᠣᠷᠤᠬᠤ︾ ᠳᠠᠰᠢ | ᠰᠢᠯᠵᠢᠵᠦ ᠪᠠᠶᠢᠨ᠎ᠠ᠃ ᠮᠠᠨ ᠤ ᠤᠯᠤᠰ ᠤᠨ ᠰᠠᠭᠤᠷᠢ ᠰᠤᠷᠭᠠᠨ ᠬᠥᠮᠦᠵᠢᠯ ᠨᠢᠭᠡᠨᠲᠡ ᠴᠢᠨᠠᠷ ᠴᠢᠨᠰᠠᠭ᠎ᠠ ᠶᠢ ᠪᠦᠬᠦ | ᠲᠠᠯ᠎ᠠ ᠪᠠᠷ ᠳᠡᠭᠡᠭᠰᠢᠯᠡᠭᠦᠯᠬᠦ ᠰᠢᠨ᠎ᠡ ᠱᠠᠲᠤᠨ ᠳᠤ ᠣᠷᠣᠵᠤ᠂ ᠪᠠᠶᠢᠭᠤᠯᠤᠯ ᠲᠣᠭᠲᠠᠴᠠ ᠶᠢᠨ ᠲᠠᠯ᠎ᠠ ᠪᠠᠷ ᠰᠢᠨ᠎ᠡ ᠶᠢ | ᠡᠭᠦᠳᠴᠦ᠂ ᠰᠤᠷᠭᠠᠭᠤᠯᠢ ᠨᠢᠭᠡ ᠪᠦᠷᠢ ᠶᠢᠨ ᠰᠤᠷᠭᠠᠭᠤᠯᠢ ᠡᠷᠭᠢᠯᠡᠬᠦ ᠠᠮᠢᠵᠢᠷᠠᠯ ᠤᠨ ᠬᠦᠴᠦᠨ ᠢ ᠤᠯᠠᠮ ᠨᠢᠭᠡ | ᠠᠯᠬᠤᠮ ᠪᠠᠳᠠᠷᠠᠭᠤᠯᠬᠤ ᠪᠠ ᠴᠢᠩᠭᠠᠷᠠᠭᠤᠯᠬᠤ ᠶᠢ ᠲᠤᠯᠭᠠᠮ ᠱᠠᠭᠠᠷᠳᠠᠵᠤ ᠪᠠᠶᠢᠨ᠎ᠠ᠃ | | | ᠰᠤᠷᠭᠠᠭᠤᠯᠢ ᠡᠷᠬᠢᠯᠡᠬᠦ ᠠᠮᠢᠵᠢᠷᠠᠯ ᠤᠨ ᠬᠦᠴᠦᠨ ᠢ ᠬᠥᠭᠵᠢᠭᠡᠬᠦ | ᠳᠤ ᠵᠢᠷᠤᠮᠯᠠᠪᠠᠰᠤ ᠵᠣᠬᠢᠬᠤ ᠦᠨᠳᠦᠰᠦᠨ ᠵᠠᠷᠴᠢᠮ | | | ᠳᠤᠮᠳᠠᠳᠤ ᠰᠤᠷᠭᠠᠭᠤᠯᠢ᠂ ᠪᠠᠭ᠎ᠠ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠠᠮᠢᠵᠢᠷᠠᠯ ᠤᠨ ᠬᠦᠴᠦᠨ ᠢ | ᠬᠥᠭᠵᠢᠭᠡᠬᠦ ᠪᠣᠯ ᠨᠢᠭᠡᠨ ᠪᠤᠳᠤᠯᠢᠶᠠᠨᠲᠠᠶ ᠰᠢᠰᠲ᠋ᠧᠮᠲᠦ ᠢᠨᠵᠧᠨᠧᠷᠢᠩ ᠪᠣᠯᠤᠨ᠎ᠠ᠂ ᠥᠭᠡᠷᠡᠴᠢᠯᠡᠯᠲᠡ ᠤᠷᠤᠭᠰᠢᠲᠠᠶ | ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ︽ᠰᠠᠨᠠᠯ ᠤᠳ︾ ᠲᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠭᠤᠯᠵᠤ᠂ | ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠰᠤᠷᠭᠠᠨ ᠬᠥᠮᠦᠵᠢᠯ ᠤᠨ | ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠬᠦᠴᠦᠯᠡᠨ ᠭᠦᠨᠵᠡᠭᠡᠶᠢᠷᠡᠭᠦᠯᠵᠦ᠂ ᠳᠤᠮᠳᠠᠳᠤ | ᠰᠤᠷᠭᠠᠭᠤᠯᠢ᠂ ᠪᠠᠭ᠎ᠠ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠠᠮᠢᠵᠢᠷᠠᠯ ᠤᠨ ᠬᠦᠴᠦᠨ ᠢ ᠨᠢᠭᠲᠠᠷᠠᠭᠤᠯᠤᠨ | ᠬᠥᠭᠵᠢᠭᠦᠯᠬᠦ ᠳᠤ ᠲᠠᠪᠤᠨ ᠦᠨᠳᠦᠰᠦᠨ ᠵᠠᠷᠴᠢᠮ ᠢ ᠪᠠᠷᠢᠮᠲᠠᠯᠠᠬᠤ ᠬᠡᠷᠡᠭᠲᠡᠢ ᠭᠡᠵᠦ ᠲᠣᠳᠣᠷᠬᠠᠶᠢᠯᠠᠪᠠ᠃ | 1. ᠵᠥᠪ ᠴᠢᠭᠯᠡᠯ ᠢ ᠪᠠᠷᠢᠮᠲᠠᠯᠠᠬᠤ ᠬᠡᠷᠡᠭᠲᠡᠶ | ᠳᠤᠮᠳᠠᠳᠤ ᠰᠤᠷᠭᠠᠭᠤᠯᠢ᠂ ᠪᠠᠭ᠎ᠠ ᠰᠤᠷᠭᠠᠭᠤᠯᠢ ᠶᠢᠨ ᠠᠵᠢᠯ ᠳᠤ ᠬᠢ ᠨᠠᠮ ᠤᠨ ᠪᠦᠬᠦ ᠲᠠᠯ᠎ᠠ ᠶᠢᠨ | ᠤᠳᠤᠷᠢᠳᠤᠯᠭ᠎ᠠ ᠶᠢ ᠴᠢᠩᠭᠠᠳᠬᠠᠵᠤ᠂ ᠨᠡᠶᠢᠭᠡᠮ ᠵᠢᠷᠤᠮᠲᠤ ᠰᠤᠷᠭᠠᠭᠤᠯᠢ ᠡᠷᠬᠢᠯᠡᠬᠦ ᠴᠢᠭᠯᠡᠯ ᠢ ᠦᠨᠡᠨ ᠬᠦ ᠪᠠᠲᠤᠯᠠᠵᠤ᠂ | ᠤᠯᠤᠰ ᠤᠨ ᠪᠠᠶᠢᠳᠠᠯ ᠪᠠ ᠰᠤᠷᠭᠠᠨ ᠬᠥᠮᠥᠵᠢᠯ ᠤᠨ ᠪᠠᠶᠢᠳᠠᠯ ᠳᠤ ᠰᠠᠭᠤᠷᠢᠯᠠᠨ᠂ ᠰᠤᠷᠭᠠᠨ ᠬᠥᠮᠦᠵᠢᠯ ᠤᠨ ᠵᠢᠮ᠎ᠡ | ᠶᠣᠰᠣ ᠶᠢ ᠵᠢᠷᠤᠮᠯᠠᠵᠤ᠂ ᠰᠤᠷᠭᠠᠨ ᠬᠥᠮᠦᠵᠢᠯ ᠢ ᠵᠠᠰᠠᠬᠤ ᠳᠣᠭᠲᠠᠯᠴᠠᠭ᠎ᠠ ᠪᠠ ᠵᠠᠰᠠᠬᠤ ᠴᠢᠳᠠᠪᠤᠷᠢ ᠶᠢᠨ | ᠣᠳᠣᠬᠢᠴᠢᠯᠠᠯᠲᠠ ᠶᠢ ᠠᠬᠢᠭᠤᠯᠬᠤ ᠬᠡᠷᠡᠭᠲᠡᠢ᠃ | 2. ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠬᠤ ᠬᠡᠷᠡᠭᠲᠡᠢ | ᠦᠨᠳᠦᠰᠦᠨ ᠱᠠᠲᠤᠨ ᠠᠴᠠ ᠰᠤᠷᠭᠠᠭᠤᠯᠢ ᠶᠢᠨ ᠲᠤᠬᠠᠢ ᠲᠤᠰᠬᠠᠭᠰᠠᠨ ︽ᠬᠡᠲᠦᠷᠬᠡᠶ ᠬᠠᠮᠢᠶᠠᠷᠴᠤ᠂ | ᠵᠣᠷᠢᠭᠵᠢᠭᠤᠯᠬᠤ ᠪᠠᠷ ᠳᠤᠲᠠᠮᠠᠭ᠂ ᠪᠠᠲᠤᠯᠠᠬᠤ ᠨᠢ ᠠᠨᠠᠢ᠂ ᠬᠠᠮᠢᠶᠠᠷᠬᠤ ᠲᠣᠭᠲᠠᠴᠠ ᠨᠢ ᠪᠦᠷᠢᠨ ᠲᠡᠭᠦᠯᠳᠡᠷ ᠪᠢᠰᠢ︾ | ᠵᠡᠷᠭᠡ ᠳᠣᠪᠤᠶᠢᠮ᠎ᠠ ᠠᠰᠠᠭᠤᠳᠠᠯ ᠤᠨ ᠲᠣᠭᠤᠷᠢᠨ ᠳᠤ ᠬᠤᠯᠪᠤᠭᠳᠠᠬᠤ ᠪᠠᠶᠢᠭᠤᠯᠤᠯ ᠲᠣᠭᠲᠠᠴᠠ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠳᠤᠮᠳᠠᠳᠤ ᠰᠤᠷᠭᠠᠭᠤᠯᠢ᠂ ᠪᠠᠭ᠎ᠠ ᠰᠤᠷᠭᠠᠭᠤᠯᠢ ᠶᠢᠨ ᠰᠤᠷᠭᠠᠭᠤᠯᠢ | ᠡᠷᠬᠢᠯᠡᠬᠦ ᠠᠮᠢᠵᠢᠷᠠᠯ ᠤᠨ ᠬᠦᠴᠦᠨ ᠢ ᠨᠥᠯᠥᠭᠡᠯᠡᠬᠦ ᠪᠠ ᠬᠢᠵᠠᠭᠠᠷᠯᠠᠬᠤ ᠪᠣᠳᠠᠲᠠᠶ ᠬᠦᠴᠢᠷᠳᠡᠯ ᠢ ᠬᠦᠴᠦᠯᠡᠨ | ᠰᠢᠢᠳᠪᠦᠷᠢᠯᠡᠬᠦ ᠬᠡᠷᠡᠭᠲᠡᠢ᠃ | 3. ᠳᠦᠷᠢᠮ ᠤᠨ ᠲᠠᠯ᠎ᠠ ᠪᠠᠷ ᠰᠢᠨ᠎ᠡ ᠶᠢ ᠡᠭᠦᠳᠬᠦ ᠶᠢ ᠪᠠᠷᠢᠮᠲᠠᠯᠠᠬᠤ ᠬᠡᠷᠡᠭᠲᠡᠶ | ᠡᠯ᠎ᠡ ᠭᠠᠵᠠᠷ ᠤᠨ ᠠᠮᠵᠢᠯᠲᠠ ᠣᠯᠣᠭᠰᠠᠨ ᠲᠤᠷᠰᠢᠯᠭ᠎ᠠ ᠶᠢ ᠳ᠋ᠦᠩᠨᠡᠬᠦ ᠶᠢ ᠴᠢᠬᠤᠯᠠᠴᠢᠯᠠᠵᠤ᠂ ᠳᠡᠭᠡᠳᠦ | ᠳᠡᠰ ᠤᠨ ᠵᠢᠷᠤᠭ ᠲᠥᠯᠦᠪᠯᠡᠭᠡ ᠬᠢᠬᠦ ᠶᠢ ᠴᠢᠩᠭᠠᠳᠬᠠᠵᠤ᠂ ᠲᠦᠷᠢᠮ ᠤᠨ ᠳᠣᠭᠲᠠᠯᠴᠠᠭ᠎ᠠ ᠶᠢ ᠪᠠᠶᠢᠭᠤᠯᠤᠨ᠎ᠠ︔ ᠪᠠᠰᠠ | ᠡᠯ᠎ᠡ ᠭᠠᠵᠠᠷ ᠤᠨ ᠬᠢᠨ ᠦᠷᠭᠦᠯᠵᠢᠯᠡᠨ ᠭᠦᠨᠵᠡᠭᠡᠶ ᠬᠠᠶᠢᠨ ᠰᠦᠪᠡᠭᠴᠢᠯᠡᠵᠦ᠂ ᠲᠠᠰᠤᠷᠠᠯᠲᠠ ᠦᠭᠡᠢ ᠰᠢᠨ᠎ᠡ ᠶᠢ | ᠡᠭᠦᠳᠬᠦ ᠶᠢ ᠴᠢᠬᠤᠯᠠᠴᠢᠯᠠᠨ ᠵᠣᠷᠢᠭᠵᠢᠭᠤᠯᠵᠤ᠂ ᠳᠤᠮᠳᠠᠳᠤ ᠰᠤᠷᠭᠠᠭᠤᠯᠢ᠂ ᠪᠠᠭ᠎ᠠ ᠰᠤᠷᠭᠠᠭᠤᠯᠢ ᠶᠢᠨ ᠣᠷᠤᠰᠢᠨ | ᠳᠣᠭᠲᠠᠨᠢᠬᠤ ᠪᠠ ᠠᠮᠢᠵᠢᠷᠠᠯ ᠤᠨ ᠬᠦᠴᠦᠨ ᠢ ᠦᠷᠭᠦᠯᠵᠢᠯᠡᠨ ᠪᠠᠳᠠᠷᠠᠭᠤᠯᠬᠤ ᠪᠠ ᠬᠥᠭᠵᠢᠭᠡᠬᠦ ᠬᠡᠷᠡᠭᠲᠡᠢ᠃ | 4. ᠲᠠᠯᠪᠢᠬᠤ ᠪᠠ ᠬᠠᠮᠢᠶᠠᠷᠬᠤ ᠶᠢ ᠤᠶᠠᠯᠳᠤᠭᠤᠯᠬᠤ ᠶᠢ ᠪᠠᠷᠢᠮᠲᠠᠯᠠᠬᠤ ᠬᠡᠷᠡᠭᠲᠡᠶ | ᠵᠠᠰᠠᠭ ᠤᠨ ᠣᠷᠳᠣᠨ ᠤ ᠰᠤᠷᠭᠠᠭᠤᠯᠢ ᠡᠷᠭᠢᠯᠡᠬᠦ ᠭᠤᠤᠯ ᠴᠣᠭᠴᠠ ᠶᠢᠨ ᠬᠠᠷᠢᠭᠤᠴᠠᠯᠭ᠎ᠠ ᠪᠠ | ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠭᠤᠤᠯ ᠴᠣᠭᠴᠠ ᠶᠢᠨ ᠪᠠᠶᠢᠷᠢ ᠰᠠᠭᠤᠷᠢ ᠶᠢᠨ ᠬᠤᠭᠤᠷᠣᠨᠳᠣᠬᠢ | ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠵᠠᠰᠠᠭ ᠤᠨ ᠣᠷᠳᠣᠨ ᠪᠠ ᠰᠤᠷᠭᠠᠭᠤᠯᠢ ᠶᠢᠨ ᠡᠷᠬᠡ | ᠬᠠᠷᠢᠭᠤᠴᠠᠯᠭ᠎ᠠ ᠶᠢᠨ ᠵᠠᠭᠠᠭ ᠱᠤᠭᠤᠮ ᠢ ᠲᠣᠳᠤᠷᠬᠠᠶᠢᠯᠠᠨ᠎ᠠ᠃ ᠰᠠᠯᠠᠭ᠎ᠠ ᠮᠥᠴᠢᠷ ᠤᠨ ᠪᠠᠬᠢᠯᠡᠯᠲᠡ ᠶᠢ ᠡᠪᠳᠡᠵᠦ᠂ | ᠲᠠᠯᠪᠢᠬᠤ ᠶᠣᠰᠣᠲᠠᠶ ᠪᠦᠬᠦᠨ ᠢ ᠲᠠᠯᠪᠢᠬᠤ ᠶᠢ ᠴᠢᠬᠤᠯᠠᠴᠢᠯᠠᠨ᠂ ᠪᠠᠰᠠ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ | ᠠᠵᠢᠯᠯᠠᠭ᠎ᠠ ᠶᠢ ᠭᠤᠣᠯᠴᠢᠯᠠᠨ ᠵᠢᠷᠤᠮᠵᠢᠭᠤᠯᠵᠤ᠂ ᠤᠴᠢᠷ ᠶᠠᠪᠤᠳᠠᠯ ᠤᠨ ᠶᠠᠪᠤᠴᠠ ᠳᠤ ᠬᠢ ᠪᠠ ᠤᠴᠢᠷ ᠶᠠᠪᠤᠳᠠᠯ ᠤᠨ | ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ | 5. ᠡᠮᠬᠢ ᠵᠢᠷᠤᠮᠲᠠᠢ ᠲᠦᠯᠬᠢᠨ ᠠᠬᠢᠭᠤᠯᠬᠤ ᠶᠢ ᠪᠠᠷᠢᠮᠲᠠᠯᠠᠬᠤ ᠬᠡᠷᠡᠭᠲᠡᠶ | ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠨᠢᠭᠡᠳᠦᠯᠲᠡᠶ ᠲᠥᠯᠥᠪᠯᠡᠨ ᠤᠳᠤᠷᠢᠳᠬᠤ ᠪᠠ ᠰᠠᠯᠠᠭ᠎ᠠ | ᠮᠥᠴᠢᠷ ᠠᠴᠠ ᠵᠣᠬᠢᠴᠠᠭᠤᠯᠤᠨ ᠬᠠᠮᠵᠢᠯᠴᠠᠬᠤ ᠶᠢ ᠴᠢᠩᠭᠠᠳᠬᠠᠵᠤ᠂ ᠪᠣᠳᠠᠲᠤ ᠪᠠᠶᠢᠳᠠᠯ ᠠᠴᠠ ᠡᠭᠦᠰᠬᠦ ᠶᠢ | ᠴᠢᠬᠤᠯᠠᠴᠢᠯᠠᠵᠤ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠨ᠂ | ᠲᠥᠷᠥᠯ ᠬᠤᠪᠢᠶᠠᠨ ᠵᠢᠯᠣᠭᠤᠳᠬᠤ ᠪᠠᠨ ᠴᠢᠩᠭᠠᠳᠬᠠᠵᠤ᠂ ᠭᠠᠵᠠᠷ ᠣᠷᠣᠨ ᠪᠠ ᠰᠤᠷᠭᠠᠭᠤᠯᠢ ᠶᠢᠨ ᠢᠶᠠᠨ ᠪᠠᠶᠢᠳᠠᠯ ᠳᠤ | ᠳᠣᠬᠢᠷᠠᠭᠤᠯᠤᠨ᠂ ᠢᠳᠡᠪᠬᠢᠲᠡᠢ ᠪᠥᠭᠡᠳ ᠯᠠᠪᠳᠠᠭᠤᠨ ᠢᠶᠠᠷ ᠠᠬᠢᠭᠤᠯᠬᠤ ᠬᠡᠷᠡᠭᠲᠡᠢ᠃ | | |