ᠰᠤᠷᠭᠠᠨ ᠬᠥᠮᠦᠵᠢᠯ ᠤᠨ ᠶᠠᠮᠤᠨ ᠵᠡᠷᠭᠡ ᠨᠠᠢᠮᠠᠨ ᠶᠠᠮᠤᠨ ᠬᠤᠷᠢᠶᠠᠨ ᠤ ︽ᠳᠤᠮᠳᠠᠳᠤ ᠰᠤᠷᠭᠠᠭᠤᠯᠢ᠂ ᠪᠠᠭ᠎ᠠ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠬᠦ ᠲᠤᠬᠠᠶ ᠰᠠᠨᠠᠯ ᠤᠳ︾ ᠤᠨ ᠲᠠᠶᠢᠯᠤᠮᠵᠢ ︵ᠨᠢᠭᠡ︶
ᠨᠡᠶᠢᠲᠡᠯᠡᠭᠰᠡᠨ ᠴᠠᠭ᠄
2020/12/1
         ᠲᠦᠷᠦᠭᠦᠬᠡᠨ᠂ ᠰᠤᠷᠭᠠᠨ ᠬᠥᠮᠦᠵᠢᠯ ᠤᠨ ᠶᠠᠮᠤᠨ ᠵᠡᠷᠭᠡ ᠨᠠᠢᠮᠠᠨ ᠶᠠᠮᠤᠨ ᠬᠤᠷᠢᠶ᠎ᠠ ᠬᠠᠮᠲᠤᠷᠠᠨ ︽ᠳᠤᠮᠳᠠᠳᠤ ᠰᠤᠷᠭᠠᠭᠤᠯᠢ᠂ ᠪᠠᠭ᠎ᠠ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠬᠦ ᠲᠤᠬᠠᠶ ᠰᠠᠨᠠᠯ ᠤᠳ︾ ︵︽ᠰᠠᠨᠠᠯ ᠤᠳ︾ ᠭᠡᠵᠦ ᠳᠦᠭᠦᠮᠴᠢᠯᠡᠨ᠎ᠡ︶ ᠢ ᠳᠠᠷᠤᠮᠠᠯᠯᠠᠨ ᠲᠠᠷᠬᠠᠭᠠᠵᠤ᠂ ᠰᠤᠷᠭᠠᠨ ᠬᠥᠮᠦᠵᠢᠯ ᠤᠨ ᠶᠠᠮᠤᠨ ᠤ ᠰᠠᠭᠤᠷᠢ ᠰᠤᠷᠭᠠᠨ ᠬᠥᠮᠦᠵᠢᠯ ᠤᠨ ᠵᠤᠷᠭᠠᠨ ᠠᠴᠠ ︽ᠰᠠᠨᠠᠯ ᠤᠳ︾ ᠢ ᠲᠠᠶᠢᠯᠪᠤᠷᠢᠯᠠᠪᠠ᠃          ︽ᠰᠠᠨᠠᠯ ᠤᠳ︾ ᠢ ᠨᠡᠶᠢᠲᠡᠯᠡᠭᠰᠡᠨ ᠠᠬᠤᠶ ᠪᠠᠶᠢᠳᠠᠯ          ᠨᠢᠭᠡ ᠳᠤ᠂ ᠲᠥᠪ ᠬᠤᠷᠢᠶᠠᠨ ᠤ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ          ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠠᠴᠠ ᠰᠤᠷᠭᠠᠭᠤᠯᠢ ᠡᠷᠬᠢᠯᠡᠬᠦ ᠠᠮᠢᠵᠢᠷᠠᠯ ᠤᠨ ᠬᠦᠴᠦᠨ ᠤ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠶᠡᠷᠦᠩᠬᠡᠢ ᠱᠦᠵᠢ ᠰᠢ ᠶᠢᠨ ᠫᠢᠩ ᠪᠦᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠳᠡᠭᠡᠷ᠎ᠡ ᠲᠣᠳᠣᠷᠬᠠᠢ ᠱᠠᠭᠠᠷᠳᠠᠯᠭ᠎ᠠ ᠳᠤᠷᠠᠳᠪᠠ᠃ 2019 ᠣᠨ ᠤ 6 ᠰᠠᠷ᠎ᠠ ᠳᠤ ᠳᠠᠷᠤᠮᠠᠯᠯᠠᠨ ᠲᠠᠷᠬᠠᠭᠠᠭᠰᠠᠨ ︽ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠳᠤ ᠲᠤᠰᠬᠠᠶᠢᠯᠠᠨ ︽ᠰᠤᠷᠭᠠᠭᠤᠯᠢ ᠶᠢᠨ ᠣᠷᠤᠰᠢᠨ ᠳᠣᠭᠲᠠᠨᠢᠬᠤ ᠠᠮᠢᠵᠢᠷᠠᠯ ᠤᠨ ᠬᠦᠴᠦᠨ ᠢ ᠬᠥᠭᠵᠢᠭᠡᠬᠦ︾ ᠴᠢᠬᠤᠯᠠ ᠪᠠᠶᠢᠷᠢᠯᠠᠭᠤᠯᠤᠯᠲᠠ ᠶᠢ ᠬᠢᠵᠦ᠂ ᠡᠨᠡ ᠬᠦ ᠠᠵᠢᠯ ᠢ ᠪᠠᠰᠠ ︽ᠲᠥᠪ ᠤᠨ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2020 ᠣᠨ ᠤ ᠠᠵᠢᠯ ᠤᠨ ᠭᠤᠤᠯᠳᠠᠯᠭ᠎ᠠ︾ ᠳᠤ ᠣᠷᠣᠭᠤᠯᠪᠠ᠃          ᠬᠤᠶᠠᠷ ᠲᠤ᠂ ᠰᠤᠷᠭᠠᠨ ᠬᠥᠮᠦᠵᠢᠯ ᠢ ᠵᠠᠰᠠᠬᠤ ᠳᠣᠭᠲᠠᠯᠴᠠᠭ᠎ᠠ ᠶᠢ ᠲᠡᠭᠦᠯᠳᠡᠷᠵᠢᠭᠦᠯᠬᠦ ᠴᠢᠬᠤᠯᠠ ᠠᠭᠤᠯᠭ᠎ᠠ          ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠠᠴᠠ ᠰᠤᠷᠭᠠᠨ ᠬᠥᠮᠥᠵᠢᠯ ᠢ ᠵᠠᠰᠠᠬᠤ ᠳᠣᠭᠲᠠᠯᠴᠠᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ ᠪᠦᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠠᠴᠠ ᠨᠠᠭᠠᠰᠢ᠂ ᠲᠥᠪ ᠬᠤᠷᠢᠶ᠎ᠠ ᠠᠴᠠ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠠᠯᠪᠠᠨ ᠵᠢᠷᠤᠮ ᠤᠨ ᠰᠤᠷᠭᠠᠨ ᠬᠥᠮᠦᠵᠢᠯ ᠪᠠ ᠡᠩ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠲᠤᠬᠠᠶ ᠭᠤᠷᠪᠠᠨ ᠴᠢᠬᠤᠯᠠ ᠪᠢᠴᠢᠭ ᠮᠠᠲ᠋ᠧᠷᠢᠶᠠᠯ ᠢ ᠤᠷᠢᠳ ᠬᠤᠵᠢᠳ ᠳᠠᠷᠤᠮᠠᠯᠯᠠᠨ ᠲᠠᠷᠬᠠᠭᠠᠵᠤ ᠂ ᠰᠠᠭᠤᠷᠢ ᠰᠤᠷᠭᠠᠨ ᠬᠥᠮᠦᠵᠢᠯ ᠤᠨ ᠲᠦᠷᠢᠮ ᠤᠨ ᠳᠣᠭᠲᠠᠯᠴᠠᠭᠠᠨ ᠤ ᠭᠤᠣᠯ ᠴᠣᠭᠴᠠ ᠶᠢᠨ ᠬᠡᠪ ᠮᠠᠶ᠋ᠢᠭ ᠢ ᠦᠨᠳᠦᠰᠦᠨ ᠳᠤ ᠪᠠᠨ ᠪᠠᠶᠢᠭᠤᠯᠪᠠ᠃ ᠳᠤᠮᠳᠠᠳᠤ ᠰᠤᠷᠭᠠᠭᠤᠯᠢ᠂ ᠪᠠᠭ᠎ᠠ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ ᠣᠳᠣ ᠦᠶ᠎ᠡ ᠶᠢᠨ ᠰᠤᠷᠭᠠᠭᠤᠯᠢ ᠶᠢᠨ ᠳᠦᠷᠢᠮ ᠤᠨ ᠪᠠᠶᠢᠭᠤᠯᠤᠯᠲᠠ ᠶᠢ ᠲᠦᠷᠭᠡᠳᠬᠡᠵᠦ᠂ ᠣᠯᠠᠨ ᠲᠠᠯ᠎ᠠ ᠶᠢᠨ ᠥᠭᠡᠷᠡᠴᠢᠯᠡᠯᠲᠡ ᠲᠠᠢ ᠬᠤᠯᠪᠣᠭᠳᠠᠭᠰᠠᠨ ᠪᠣᠯᠬᠤᠷ ᠬᠠᠮᠢᠶ᠎ᠠ ᠪᠦᠬᠦᠢ ᠳᠦᠷᠢᠮ ᠢ ᠨᠠᠷᠢᠯᠢᠭᠵᠢᠭᠤᠯᠵᠤ᠂ ᠪᠣᠳᠠᠲᠠᠶᠢᠵᠢᠭᠤᠯᠬᠤ ᠴᠢᠬᠤᠯᠠᠲᠠᠶ᠂ ᠡᠨᠡ ᠪᠣᠯ ᠰᠠᠭᠤᠷᠢ ᠰᠤᠷᠭᠠᠨ ᠬᠥᠮᠦᠵᠢᠯ ᠢ ᠵᠠᠰᠠᠬᠤ ᠳᠣᠭᠲᠠᠯᠴᠠᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠴᠢᠬᠤᠯᠠ ᠠᠭᠤᠯᠭ᠎ᠠ ᠪᠠ ᠰᠠᠭᠤᠷᠢ ᠢᠨᠵᠧᠨᠧᠷᠢᠩ ᠪᠣᠯᠤᠨ᠎ᠠ᠃          ᠭᠤᠷᠪᠠ ᠳᠤ᠂ ᠰᠠᠭᠤᠷᠢ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠲᠤᠯᠭᠠᠮ ᠱᠠᠭᠠᠷᠳᠠᠯᠭ᠎ᠠ          ᠣᠳᠣᠬᠠᠨ ᠳᠤ᠂ ᠮᠠᠨ ᠤ ᠤᠯᠤᠰ ᠤᠨ ᠰᠠᠭᠤᠷᠢ ᠰᠤᠷᠭᠠᠨ ᠬᠥᠮᠦᠵᠢᠯ ᠳᠤ ︽ᠰᠤᠷᠭᠠᠭᠤᠯᠢ ᠲᠠᠢ ᠪᠠᠶᠢᠬᠤ︾ ᠠᠰᠠᠭᠤᠳᠠᠯ ᠢ ᠦᠨᠳᠦᠰᠦᠨ ᠳᠤ ᠪᠠᠨ ᠰᠢᠢᠳᠪᠦᠷᠢᠯᠡᠵᠦ᠂ ︽ᠰᠠᠶᠢᠨ ᠰᠤᠷᠭᠠᠭᠤᠯᠢ ᠳᠤ ᠣᠷᠤᠬᠤ︾ ᠳᠠᠰᠢ ᠰᠢᠯᠵᠢᠵᠦ ᠪᠠᠶᠢᠨ᠎ᠠ᠃ ᠮᠠᠨ ᠤ ᠤᠯᠤᠰ ᠤᠨ ᠰᠠᠭᠤᠷᠢ ᠰᠤᠷᠭᠠᠨ ᠬᠥᠮᠦᠵᠢᠯ ᠨᠢᠭᠡᠨᠲᠡ ᠴᠢᠨᠠᠷ ᠴᠢᠨᠰᠠᠭ᠎ᠠ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠰᠢᠨ᠎ᠡ ᠱᠠᠲᠤᠨ ᠳᠤ ᠣᠷᠣᠵᠤ᠂ ᠪᠠᠶᠢᠭᠤᠯᠤᠯ ᠲᠣᠭᠲᠠᠴᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠰᠤᠷᠭᠠᠭᠤᠯᠢ ᠨᠢᠭᠡ ᠪᠦᠷᠢ ᠶᠢᠨ ᠰᠤᠷᠭᠠᠭᠤᠯᠢ ᠡᠷᠭᠢᠯᠡᠬᠦ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠪᠠᠳᠠᠷᠠᠭᠤᠯᠬᠤ ᠪᠠ ᠴᠢᠩᠭᠠᠷᠠᠭᠤᠯᠬᠤ ᠶᠢ ᠲᠤᠯᠭᠠᠮ ᠱᠠᠭᠠᠷᠳᠠᠵᠤ ᠪᠠᠶᠢᠨ᠎ᠠ           ᠰᠤᠷᠭᠠᠭᠤᠯᠢ ᠡᠷᠬᠢᠯᠡᠬᠦ ᠠᠮᠢᠵᠢᠷᠠᠯ ᠤᠨ ᠬᠦᠴᠦᠨ ᠢ ᠬᠥᠭᠵᠢᠭᠡᠬᠦ           ᠳᠤ ᠵᠢᠷᠤᠮᠯᠠᠪᠠᠰᠤ ᠵᠣᠬᠢᠬᠤ ᠦᠨᠳᠦᠰᠦᠨ ᠵᠠᠷᠴᠢᠮ          ᠳᠤᠮᠳᠠᠳᠤ ᠰᠤᠷᠭᠠᠭᠤᠯᠢ᠂ ᠪᠠᠭ᠎ᠠ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠠᠮᠢᠵᠢᠷᠠᠯ ᠤᠨ ᠬᠦᠴᠦᠨ ᠢ ᠬᠥᠭᠵᠢᠭᠡᠬᠦ ᠪᠣᠯ ᠨᠢᠭᠡᠨ ᠪᠤᠳᠤᠯᠢᠶᠠᠨᠲᠠᠶ ᠰᠢᠰᠲ᠋ᠧᠮᠲᠦ ᠢᠨᠵᠧᠨᠧᠷᠢᠩ ᠪᠣᠯᠤᠨ᠎ᠠ᠂ ᠥᠭᠡᠷᠡᠴᠢᠯᠡᠯᠲᠡ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ︽ᠰᠠᠨᠠᠯ ᠤᠳ︾ ᠲᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠭᠤᠯᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠰᠤᠷᠭᠠᠨ ᠬᠥᠮᠦᠵᠢᠯ ᠤᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠬᠦᠴᠦᠯᠡᠨ ᠭᠦᠨᠵᠡᠭᠡᠶᠢᠷᠡᠭᠦᠯᠵᠦ᠂ ᠳᠤᠮᠳᠠᠳᠤ ᠰᠤᠷᠭᠠᠭᠤᠯᠢ᠂ ᠪᠠᠭ᠎ᠠ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠠᠮᠢᠵᠢᠷᠠᠯ ᠤᠨ ᠬᠦᠴᠦᠨ ᠢ ᠨᠢᠭᠲᠠᠷᠠᠭᠤᠯᠤᠨ ᠬᠥᠭᠵᠢᠭᠦᠯᠬᠦ ᠳᠤ ᠲᠠᠪᠤᠨ ᠦᠨᠳᠦᠰᠦᠨ ᠵᠠᠷᠴᠢᠮ ᠢ ᠪᠠᠷᠢᠮᠲᠠᠯᠠᠬᠤ ᠬᠡᠷᠡᠭᠲᠡᠢ ᠭᠡᠵᠦ ᠲᠣᠳᠣᠷᠬᠠᠶᠢᠯᠠᠪᠠ᠃          1. ᠵᠥᠪ ᠴᠢᠭᠯᠡᠯ ᠢ ᠪᠠᠷᠢᠮᠲᠠᠯᠠᠬᠤ ᠬᠡᠷᠡᠭᠲᠡᠶ          ᠳᠤᠮᠳᠠᠳᠤ ᠰᠤᠷᠭᠠᠭᠤᠯᠢ᠂ ᠪᠠᠭ᠎ᠠ ᠰᠤᠷᠭᠠᠭᠤᠯᠢ ᠶᠢᠨ ᠠᠵᠢᠯ ᠳᠤ ᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠨᠡᠶᠢᠭᠡᠮ ᠵᠢᠷᠤᠮᠲᠤ ᠰᠤᠷᠭᠠᠭᠤᠯᠢ ᠡᠷᠬᠢᠯᠡᠬᠦ ᠴᠢᠭᠯᠡᠯ ᠢ ᠦᠨᠡᠨ ᠬᠦ ᠪᠠᠲᠤᠯᠠᠵᠤ᠂ ᠤᠯᠤᠰ ᠤᠨ ᠪᠠᠶᠢᠳᠠᠯ ᠪᠠ ᠰᠤᠷᠭᠠᠨ ᠬᠥᠮᠥᠵᠢᠯ ᠤᠨ ᠪᠠᠶᠢᠳᠠᠯ ᠳᠤ ᠰᠠᠭᠤᠷᠢᠯᠠᠨ᠂ ᠰᠤᠷᠭᠠᠨ ᠬᠥᠮᠦᠵᠢᠯ ᠤᠨ ᠵᠢᠮ᠎ᠡ ᠶᠣᠰᠣ ᠶᠢ ᠵᠢᠷᠤᠮᠯᠠᠵᠤ᠂ ᠰᠤᠷᠭᠠᠨ ᠬᠥᠮᠦᠵᠢᠯ ᠢ ᠵᠠᠰᠠᠬᠤ ᠳᠣᠭᠲᠠᠯᠴᠠᠭ᠎ᠠ ᠪᠠ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠬᠡᠷᠡᠭᠲᠡᠢ᠃          2. ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠬᠤ ᠬᠡᠷᠡᠭᠲᠡᠢ          ᠦᠨᠳᠦᠰᠦᠨ ᠱᠠᠲᠤᠨ ᠠᠴᠠ ᠰᠤᠷᠭᠠᠭᠤᠯᠢ ᠶᠢᠨ ᠲᠤᠬᠠᠢ ᠲᠤᠰᠬᠠᠭᠰᠠᠨ ︽ᠬᠡᠲᠦᠷᠬᠡᠶ ᠬᠠᠮᠢᠶᠠᠷᠴᠤ᠂ ᠵᠣᠷᠢᠭᠵᠢᠭᠤᠯᠬᠤ ᠪᠠᠷ ᠳᠤᠲᠠᠮᠠᠭ᠂ ᠪᠠᠲᠤᠯᠠᠬᠤ ᠨᠢ ᠠᠨᠠᠢ᠂ ᠬᠠᠮᠢᠶᠠᠷᠬᠤ ᠲᠣᠭᠲᠠᠴᠠ ᠨᠢ ᠪᠦᠷᠢᠨ ᠲᠡᠭᠦᠯᠳᠡᠷ ᠪᠢᠰᠢ︾ ᠵᠡᠷᠭᠡ ᠳᠣᠪᠤᠶᠢᠮ᠎ᠠ ᠠᠰᠠᠭᠤᠳᠠᠯ ᠤᠨ ᠲᠣᠭᠤᠷᠢᠨ ᠳᠤ ᠬᠤᠯᠪᠤᠭᠳᠠᠬᠤ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠳᠤᠮᠳᠠᠳᠤ ᠰᠤᠷᠭᠠᠭᠤᠯᠢ᠂ ᠪᠠᠭ᠎ᠠ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠠᠮᠢᠵᠢᠷᠠᠯ ᠤᠨ ᠬᠦᠴᠦᠨ ᠢ ᠨᠥᠯᠥᠭᠡᠯᠡᠬᠦ ᠪᠠ ᠬᠢᠵᠠᠭᠠᠷᠯᠠᠬᠤ ᠪᠣᠳᠠᠲᠠᠶ ᠬᠦᠴᠢᠷᠳᠡᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃         3. ᠳᠦᠷᠢᠮ ᠤᠨ ᠲᠠᠯ᠎ᠠ ᠪᠠᠷ ᠰᠢᠨ᠎ᠡ ᠶᠢ ᠡᠭᠦᠳᠬᠦ ᠶᠢ ᠪᠠᠷᠢᠮᠲᠠᠯᠠᠬᠤ ᠬᠡᠷᠡᠭᠲᠡᠶ          ᠡᠯ᠎ᠡ ᠭᠠᠵᠠᠷ ᠤᠨ ᠠᠮᠵᠢᠯᠲᠠ ᠣᠯᠣᠭᠰᠠᠨ ᠲᠤᠷᠰᠢᠯᠭ᠎ᠠ ᠶᠢ ᠳ᠋ᠦᠩᠨᠡᠬᠦ ᠶᠢ ᠴᠢᠬᠤᠯᠠᠴᠢᠯᠠᠵᠤ᠂ ᠳᠡᠭᠡᠳᠦ ᠳᠡᠰ ᠤᠨ ᠵᠢᠷᠤᠭ ᠲᠥᠯᠦᠪᠯᠡᠭᠡ ᠬᠢᠬᠦ ᠶᠢ ᠴᠢᠩᠭᠠᠳᠬᠠᠵᠤ᠂ ᠲᠦᠷᠢᠮ ᠤᠨ ᠳᠣᠭᠲᠠᠯᠴᠠᠭ᠎ᠠ ᠶᠢ ᠪᠠᠶᠢᠭᠤᠯᠤᠨ᠎ᠠ︔ ᠪᠠᠰᠠ ᠡᠯ᠎ᠡ ᠭᠠᠵᠠᠷ ᠤᠨ ᠬᠢᠨ ᠦᠷᠭᠦᠯᠵᠢᠯᠡᠨ ᠭᠦᠨᠵᠡᠭᠡᠶ ᠬᠠᠶᠢᠨ ᠰᠦᠪᠡᠭᠴᠢᠯᠡᠵᠦ᠂ ᠲᠠᠰᠤᠷᠠᠯᠲᠠ ᠦᠭᠡᠢ ᠰᠢᠨ᠎ᠡ ᠶᠢ ᠡᠭᠦᠳᠬᠦ ᠶᠢ ᠴᠢᠬᠤᠯᠠᠴᠢᠯᠠᠨ ᠵᠣᠷᠢᠭᠵᠢᠭᠤᠯᠵᠤ᠂ ᠳᠤᠮᠳᠠᠳᠤ ᠰᠤᠷᠭᠠᠭᠤᠯᠢ᠂ ᠪᠠᠭ᠎ᠠ ᠰᠤᠷᠭᠠᠭᠤᠯᠢ ᠶᠢᠨ ᠣᠷᠤᠰᠢᠨ ᠳᠣᠭᠲᠠᠨᠢᠬᠤ ᠪᠠ ᠠᠮᠢᠵᠢᠷᠠᠯ ᠤᠨ ᠬᠦᠴᠦᠨ ᠢ ᠦᠷᠭᠦᠯᠵᠢᠯᠡᠨ ᠪᠠᠳᠠᠷᠠᠭᠤᠯᠬᠤ ᠪᠠ ᠬᠥᠭᠵᠢᠭᠡᠬᠦ ᠬᠡᠷᠡᠭᠲᠡᠢ᠃          4. ᠲᠠᠯᠪᠢᠬᠤ ᠪᠠ ᠬᠠᠮᠢᠶᠠᠷᠬᠤ ᠶᠢ ᠤᠶᠠᠯᠳᠤᠭᠤᠯᠬᠤ ᠶᠢ ᠪᠠᠷᠢᠮᠲᠠᠯᠠᠬᠤ ᠬᠡᠷᠡᠭᠲᠡᠶ          ᠵᠠᠰᠠᠭ ᠤᠨ ᠣᠷᠳᠣᠨ ᠤ ᠰᠤᠷᠭᠠᠭᠤᠯᠢ ᠡᠷᠭᠢᠯᠡᠬᠦ ᠭᠤᠤᠯ ᠴᠣᠭᠴᠠ ᠶᠢᠨ ᠬᠠᠷᠢᠭᠤᠴᠠᠯᠭ᠎ᠠ ᠪᠠ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠭᠤᠤᠯ ᠴᠣᠭᠴᠠ ᠶᠢᠨ ᠪᠠᠶᠢᠷᠢ ᠰᠠᠭᠤᠷᠢ ᠶᠢᠨ ᠬᠤᠭᠤᠷᠣᠨᠳᠣᠬᠢ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠵᠠᠰᠠᠭ ᠤᠨ ᠣᠷᠳᠣᠨ ᠪᠠ ᠰᠤᠷᠭᠠᠭᠤᠯᠢ ᠶᠢᠨ ᠡᠷᠬᠡ ᠬᠠᠷᠢᠭᠤᠴᠠᠯᠭ᠎ᠠ ᠶᠢᠨ ᠵᠠᠭᠠᠭ ᠱᠤᠭᠤᠮ ᠢ ᠲᠣᠳᠤᠷᠬᠠᠶᠢᠯᠠᠨ᠎ᠠ᠃ ᠰᠠᠯᠠᠭ᠎ᠠ ᠮᠥᠴᠢᠷ ᠤᠨ ᠪᠠᠬᠢᠯᠡᠯᠲᠡ ᠶᠢ ᠡᠪᠳᠡᠵᠦ᠂ ᠲᠠᠯᠪᠢᠬᠤ ᠶᠣᠰᠣᠲᠠᠶ ᠪᠦᠬᠦᠨ ᠢ ᠲᠠᠯᠪᠢᠬᠤ ᠶᠢ ᠴᠢᠬᠤᠯᠠᠴᠢᠯᠠᠨ᠂ ᠪᠠᠰᠠ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠠᠵᠢᠯᠯᠠᠭ᠎ᠠ ᠶᠢ ᠭᠤᠣᠯᠴᠢᠯᠠᠨ ᠵᠢᠷᠤᠮᠵᠢᠭᠤᠯᠵᠤ᠂ ᠤᠴᠢᠷ ᠶᠠᠪᠤᠳᠠᠯ ᠤᠨ ᠶᠠᠪᠤᠴᠠ ᠳᠤ ᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃         5. ᠡᠮᠬᠢ ᠵᠢᠷᠤᠮᠲᠠᠢ ᠲᠦᠯᠬᠢᠨ ᠠᠬᠢᠭᠤᠯᠬᠤ ᠶᠢ ᠪᠠᠷᠢᠮᠲᠠᠯᠠᠬᠤ ᠬᠡᠷᠡᠭᠲᠡᠶ          ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠨᠢᠭᠡᠳᠦᠯᠲᠡᠶ ᠲᠥᠯᠥᠪᠯᠡᠨ ᠤᠳᠤᠷᠢᠳᠬᠤ ᠪᠠ ᠰᠠᠯᠠᠭ᠎ᠠ ᠮᠥᠴᠢᠷ ᠠᠴᠠ ᠵᠣᠬᠢᠴᠠᠭᠤᠯᠤᠨ ᠬᠠᠮᠵᠢᠯᠴᠠᠬᠤ ᠶᠢ ᠴᠢᠩᠭᠠᠳᠬᠠᠵᠤ᠂ ᠪᠣᠳᠠᠲᠤ ᠪᠠᠶᠢᠳᠠᠯ ᠠᠴᠠ ᠡᠭᠦᠰᠬᠦ ᠶᠢ ᠴᠢᠬᠤᠯᠠᠴᠢᠯᠠᠵᠤ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠨ᠂ ᠲᠥᠷᠥᠯ ᠬᠤᠪᠢᠶᠠᠨ ᠵᠢᠯᠣᠭᠤᠳᠬᠤ ᠪᠠᠨ ᠴᠢᠩᠭᠠᠳᠬᠠᠵᠤ᠂ ᠭᠠᠵᠠᠷ ᠣᠷᠣᠨ ᠪᠠ ᠰᠤᠷᠭᠠᠭᠤᠯᠢ ᠶᠢᠨ ᠢᠶᠠᠨ ᠪᠠᠶᠢᠳᠠᠯ ᠳᠤ ᠳᠣᠬᠢᠷᠠᠭᠤᠯᠤᠨ᠂ ᠢᠳᠡᠪᠬᠢᠲᠡᠢ ᠪᠥᠭᠡᠳ ᠯᠠᠪᠳᠠᠭᠤᠨ ᠢᠶᠠᠷ ᠠᠬᠢᠭᠤᠯᠬᠤ ᠬᠡᠷᠡᠭᠲᠡᠢ᠃
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠤᠨ ᠤ ᠰᠤᠷᠭᠠᠨ ᠬᠥᠮᠦᠵᠢᠯ ᠤᠨ ᠲᠢᠩᠬᠢᠮ