ᠮᠦᠴᠢᠷ
ᠨᠡᠶᠢᠲᠡᠯᠡᠭᠰᠡᠨ ᠴᠠᠭ᠄
2020/12/10
  牧其尔小.jpg    
       ᠮᠦᠴᠢᠷ᠂ ᠡᠮᠡᠭᠲᠡᠢ᠂ ᠮᠣᠩᠭᠤᠯ ᠦᠨᠳᠦᠰᠦᠲᠡᠨ᠂ 1982 ᠣᠨ ᠤ 8 ᠰᠠᠷ᠎ᠠ ᠳᠤ ᠲᠦᠷᠦᠵᠠᠢ᠂ ᠥᠪᠥᠷ ᠮᠣᠩᠭᠤᠯ ᠤᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠬᠥᠮᠦᠨ᠂ 2006 ᠣᠨ ᠤ 7 ᠰᠠᠷ᠎ᠠ ᠳᠤ ᠠᠵᠢᠯ ᠳᠤ ᠣᠷᠣᠵᠤ᠂ 2005 ᠣᠨ ᠤ 5 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠠᠢ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠬᠠᠤᠯᠢ ᠴᠠᠭᠠᠵᠠ ᠶᠢᠨ ᠮᠠᠬᠢᠰᠲ᠋ᠧᠷ ᠤᠨ ᠴᠣᠯᠠ ᠲᠠᠢ᠃ ᠣᠲᠣ ᠣᠷᠳᠣᠰ ᠬᠤᠲᠠ ᠶᠢᠨ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠡᠳ᠋ ᠲᠣᠭᠤᠷᠢᠭ ᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠳᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ᠂ ᠲᠣᠭᠤᠷᠢᠭ ᠤᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠳᠡᠳ᠋ ᠱᠦᠵᠢ ᠶᠢᠨ ᠲᠤᠰᠢᠶᠠᠯ ᠢ ᠡᠭᠦᠷᠭᠡᠯᠡᠵᠦ ᠪᠠᠶᠢᠨ᠎ᠠ᠃       2002.09 — 2006.07 ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠬᠠᠤᠯᠢ ᠶᠢᠨ ᠤᠬᠠᠭᠠᠨ ᠤ ᠳᠡᠭᠡᠳᠦ ᠰᠤᠷᠭᠠᠭᠤᠯᠢ ᠶᠢᠨ ᠬᠠᠤᠯᠢ ᠶᠢᠨ ᠤᠬᠠᠭᠠᠨ ᠤ ᠲᠤᠰᠬᠠᠢ ᠮᠡᠷᠭᠡᠵᠢᠯ ᠳᠤ ᠰᠤᠷᠤᠯᠴᠠᠪᠠ ᠃           2006.07 — 2008.08 ᠤᠷᠳᠤᠰ ᠬᠤᠳᠠ ᠶᠢᠨ ᠳ᠋ᠦᠩᠱᠧᠩ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠳᠣᠪᠴᠢᠶᠠᠨ ᠤ ᠠᠯᠪᠠᠨ ᠭᠡᠷ ᠤᠨ ᠨᠠᠷᠢᠨ ᠪᠢᠴᠢᠭᠡᠴᠢ᠂ ᠵᠣᠭᠤᠰ ᠪᠠᠷᠢᠭᠴᠢ ᠪᠠᠶᠢᠪᠠ  ᠃         2008.08 — 2010.12 ᠤᠷᠳᠤᠰ ᠬᠤᠳᠠ ᠶᠢᠨ ᠬᠠᠤᠯᠢ ᠴᠠᠭᠠᠵᠠ ᠶᠢᠨ  ᠳᠣᠪᠴᠢᠶᠠᠨ ᠤ ᠳᠣᠪᠴᠢᠶᠠᠨ ᠳᠠᠷᠤᠭ᠎ᠠ ᠶᠢᠨ ᠲᠤᠰᠠᠯᠠᠭᠴᠢ ︵ᠵᠢᠩᠬᠢᠨᠢ ᠰᠠᠯᠠᠭᠠᠨ ᠳᠡᠰ︶  ᠪᠠᠶᠢᠪᠠ ᠃         2010.12 — 2016.01 ᠤᠷᠳᠤᠰ ᠬᠤᠳᠠ ᠶᠢᠨ ᠬᠠᠤᠯᠢ ᠴᠠᠭᠠᠵᠠ ᠶᠢᠨ  ᠳᠣᠪᠴᠢᠶᠠᠨ ᠤ ᠳᠣᠪᠴᠢᠶᠠᠨ ᠳᠠᠷᠤᠭ᠎ᠠ ᠶᠢᠨ ᠲᠤᠰᠠᠯᠠᠭᠴᠢ ︵ᠵᠢᠩᠬᠢᠨᠢ ᠰᠠᠯᠠᠭᠠᠨ ᠳᠡᠰ︶᠂ ᠪᠠᠶᠢᠭᠤᠯᠤᠯᠭ᠎ᠠ ᠶᠢᠨ ᠨᠠᠮ ᠤᠨ ᠬᠤᠷᠢᠶᠠᠨ ᠤ ᠳᠡᠳ᠋ ᠱᠦᠵᠢ  ᠪᠠᠶᠢᠪᠠ ︵ᠡᠨᠡ ᠬᠤᠭᠤᠴᠠᠭᠠᠨ ᠳᠤ᠄ 2010.03 — 2013.07 ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠬᠠᠤᠯᠢ ᠴᠠᠭᠠᠵᠠ ᠶᠢᠨ ᠳᠡᠭᠡᠳᠦ ᠰᠤᠷᠭᠠᠭᠤᠯᠢ ᠳᠤ ᠬᠠᠤᠯᠢ ᠴᠠᠭᠠᠵᠠ ᠶᠢᠨ ᠮᠠᠬᠢᠰᠲ᠋ᠧᠷ ᠤᠨ ᠴᠣᠯᠠ ᠬᠠᠮᠠᠭᠠᠯᠠᠬᠤ ᠪᠠᠷ  ᠰᠣᠷᠣᠯᠴᠠᠨ᠂ 2012.04 — 2012.07 ᠪᠦᠬᠦ ᠬᠤᠳᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠬᠢ ᠳᠤ ᠣᠷᠣᠯᠴᠠᠵᠤ᠂ 2012.08 — 2013.02 ᠬᠤᠳᠠ ᠶᠢᠨ ᠵᠠᠬᠢᠳᠠᠯ ᠰᠤᠷᠪᠤᠯᠵᠢᠯᠠᠭ᠎ᠠ ᠶᠢᠨ ᠳᠣᠪᠴᠢᠶᠠᠨ ᠤ ᠳᠣᠪᠴᠢᠶᠠᠨ ᠳᠠᠷᠤᠭ᠎ᠠ ᠶᠢᠨ ᠲᠤᠰᠠᠯᠠᠭᠴᠢ ᠶᠢᠨ ᠲᠤᠰᠢᠶᠠᠯ ᠢ ᠲᠦᠷ ᠡᠭᠦᠷᠭᠡᠯᠡᠨ᠂ 2013.05 — 2015.09 ᠵᠡᠭᠦᠨᠭᠠᠷ ᠬᠤᠰᠢᠭᠤᠨ ᠤ ᠯᠦᠩ ᠺᠸᠤ ᠪᠠᠯᠭᠠᠰᠣᠨ ᠤ ᠮᠣᠷᠢᠨᠬᠠᠰᠢᠶ᠎ᠠ ᠳᠣᠰᠬᠤᠨ ᠤ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠶᠢᠨ ᠲᠤᠰᠢᠶᠠᠯ ᠢ ᠡᠭᠦᠷᠭᠡᠯᠡᠵᠦ᠂ 2015.09 — 2016.01 ᠬᠤᠳᠠ ᠶᠢᠨ ᠵᠡᠭᠦᠨᠭᠠᠷ ᠬᠤᠰᠢᠭᠤᠨ ᠤ ᠯᠦᠩ ᠺᠸᠤ ᠪᠠᠯᠭᠠᠰᠤ ᠳᠤ ᠲᠣᠮᠢᠯᠠᠨ ᠰᠠᠭᠤᠯᠭᠠᠭᠰᠠᠨ ᠭᠤᠣᠯᠳᠠᠯᠭ᠎ᠠ ᠲᠠᠢ ᠠᠵᠢᠯ ᠢ ᠠᠬᠢᠭᠤᠯᠬᠤ ᠳᠤᠭᠤᠶᠢᠯᠠᠩ ᠤᠨ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠪᠡ︶ ᠃       2016.01 — 2018.12 ᠤᠷᠳᠤᠰ ᠬᠤᠳᠠ ᠶᠢᠨ ᠳᠣᠲᠣᠭᠠᠳᠤ ᠶᠢ ᠬᠠᠮᠠᠭᠠᠯᠠᠬᠤ  ᠲᠤᠪᠴᠢᠶᠠᠨ ᠤ ᠵᠢᠯᠣᠭᠤᠳᠬᠤ ᠲᠥᠪ ᠤᠨ ᠤᠯᠤᠰ ᠲᠦᠷᠦ ᠶᠢᠨ ᠭᠡᠰᠢᠭᠦᠨ ᠪᠠᠶᠢᠪᠠ ᠃       2018.12 — 2021.07 ᠤᠷᠳᠤᠰ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ ᠨᠠᠮ ᠤᠨ ᠬᠤᠷᠢᠶᠠᠨ ᠤ ᠭᠡᠰᠢᠭᠦᠨ᠂ ᠤᠯᠤᠰ ᠲᠦᠷᠦ ᠶᠢᠨ ᠬᠡᠯᠲᠡᠰ ᠤᠨ ᠡᠷᠬᠢᠯᠡᠭᠴᠢ ᠪᠠᠶᠢᠪᠠ ᠃          2021.07 — ᠤᠷᠳᠤᠰ ᠬᠤᠳᠠ ᠶᠢᠨ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠡᠳ᠋ ᠲᠣᠭᠤᠷᠢᠭ ᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠤᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ᠂ ᠲᠣᠭᠤᠷᠢᠭ ᠤᠨ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠳᠡᠳ᠋ ᠱᠦᠵᠢ ᠶᠢᠨ ᠲᠣᠰᠢᠶᠠᠯ ᠡᠭᠦᠷᠭᠡᠯᠡᠵᠦ ᠪᠠᠶᠢᠨ᠎ᠠ᠃
ᠢᠷᠡᠯᠲᠡ᠄ ᠳᠣᠰ ᠰᠦᠯᠵᠢᠶ᠎ᠡ