ᠬᠡᠷᠡᠭ ᠤᠨ ᠵᠢᠱᠢᠶ᠎ᠠ | ᠦᠢᠷ᠎ᠡ ᠳᠤ᠂ ᠤᠲᠤᠭ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠰᠢᠭᠦᠭᠴᠢ ᠨᠢᠭᠡᠨ | ᠬᠤᠳᠠᠯᠳᠤᠭᠠᠨ ᠤ ᠭᠡᠷ᠎ᠡ ᠶᠢᠨ ᠵᠠᠭᠤᠷᠠᠯᠳᠤᠭᠠᠨ ᠤ ᠬᠡᠷᠡᠭ ᠢ ᠠᠮᠵᠢᠯᠲᠠ ᠲᠠᠢ ᠡᠶᠡᠳᠡᠭᠦᠯᠦᠭᠰᠡᠨ ᠪᠠᠶᠢᠨ᠎ᠠ᠃ ᠪᠠᠶᠢᠴᠭᠠᠠᠨ | ᠲᠤᠲᠤᠯᠠᠭᠰᠠᠨ ᠢᠶᠠᠷ᠂ ᠵᠠᠭᠠᠯᠳᠤᠭᠳᠠᠭᠴᠢ 2018 ᠣᠨ ᠤ 1 ᠰᠠᠷ᠎ᠠ ᠳᠤ ᠵᠠᠭᠠᠯᠳᠤᠭᠴᠢ ᠶᠢᠨ ᠡᠵᠡᠩᠨᠡᠭᠰᠡᠨ ᠪᠣᠯᠣᠳ | ᠪᠦᠷᠬᠦᠭᠦᠯ ᠤᠨ ᠳᠡᠯᠭᠡᠭᠦᠷ ᠲᠤ 30000 ᠲᠥᠭᠦᠷᠢᠭ ᠤᠨ ᠪᠠᠷᠠᠭ᠎ᠠ ᠱᠡᠭᠡᠯᠡᠨ ᠠᠪᠴᠤ ᠦᠷᠢ ᠶᠢᠨ ᠪᠠᠷᠢᠮᠳᠠ ᠪᠢᠴᠢᠪᠡ | ᠃ ᠵᠠᠭᠠᠯᠳᠤᠭᠴᠢ ᠠᠴᠠ ᠣᠯᠠᠨ ᠤᠳᠠᠭ᠎ᠠ ᠦᠷᠢ ᠪᠠᠨ ᠨᠡᠬᠡᠭᠰᠡᠨ ᠳᠤ ᠵᠠᠭᠠᠯᠳᠤᠭᠳᠠᠭᠴᠢ 2020 ᠣᠨ ᠳᠤ ᠲᠤᠰ | ᠵᠣᠭᠤᠰ ᠢ ᠨᠢᠭᠡᠨᠲᠡ ᠪᠤᠴᠠᠭᠠᠭᠰᠠᠨ᠂ ᠦᠷᠢᠳᠦᠭᠰᠡᠨ ᠪᠠᠶᠢᠳᠠᠯ ᠪᠠᠶᠢᠬᠤ ᠦᠬᠡᠢ ᠭᠡᠵᠦ ᠲᠣᠳᠣᠷᠬᠠᠶ ᠢᠯᠡᠷᠬᠡᠶᠢᠯᠡᠭᠰᠡᠨ | ᠪᠤᠯᠬᠤᠷ ᠵᠠᠭᠠᠯᠳᠤᠭᠴᠢ ᠠᠷᠭ᠎ᠠ ᠪᠤᠰᠤ ᠰᠢᠭᠦᠬᠦ ᠬᠤᠷᠢᠶᠠᠨ ᠳᠤ ᠵᠠᠭᠠᠯᠳᠤᠵᠠᠢ᠃ ᠵᠠᠭᠠᠯᠳᠤᠭᠴᠢ ᠶᠢᠨ ᠵᠠᠷᠭᠤ ᠶᠢᠨ | ᠭᠤᠶᠤᠴᠢᠯᠠᠯ ᠨᠢ᠄ 1᠂ ᠵᠠᠭᠠᠯᠳᠤᠭᠳᠠᠭᠴᠢ ᠶᠢ 30000 ᠲᠥᠭᠦᠷᠢᠭ ᠤᠨ ᠪᠠᠷᠠᠭᠠᠨ ᠤ ᠵᠣᠭᠤᠰ ᠢ ᠲᠦᠯᠦᠬᠦᠯᠦᠨᠠ︔ | 2᠂ ᠵᠢᠯ ᠤᠨ ᠬᠦᠤ ᠶᠢᠨ ᠨᠤᠷᠮ᠎ᠠ ᠶᠢ 6% ᠪᠠᠷ ᠪᠤᠳᠤᠵᠤ ᠪᠡᠯᠡ ᠮᠥᠩᠭᠦ ᠶᠢ ᠡᠵᠡᠯᠡᠨ ᠬᠡᠷᠡᠭᠯᠡᠭᠰᠡᠨ | ᠬᠤᠭᠤᠴᠠᠭᠠᠨ ᠤ ᠬᠤᠬᠢᠷᠠᠯ ᠢ ᠲᠦᠯᠦᠬᠦᠯᠦᠨᠠ︔ 3᠂ ᠲᠤᠰ ᠬᠡᠷᠡᠭ ᠤᠨ ᠵᠠᠷᠭᠤ ᠶᠢᠨ ᠵᠠᠷᠤᠳᠠᠯ ᠢ ᠡᠭᠦᠷᠭᠡᠯᠡᠬᠦᠯᠦᠨᠠ᠃ | | ᠰᠢᠬᠦᠭᠴᠢ ᠠᠴᠠ ᠬᠡᠷᠡᠭ ᠤᠨ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠰᠢᠭᠦᠨ ᠲᠠᠰᠤᠯᠬᠤ ᠬᠡᠯᠪᠡᠷᠢ ᠶᠢᠨ | ᠰᠡᠳᠬᠢᠬᠦᠶ ᠪᠠᠷ ᠡᠶᠡᠳᠡᠭᠦᠯᠭᠡ ᠬᠢᠵᠦ᠂ ᠵᠠᠭᠠᠯᠳᠤᠭᠳᠠᠭᠴᠢ ᠳᠤ ᠥᠪᠡᠷ ᠤᠨ ᠡᠰᠡᠷᠭᠦᠴᠡᠨ ᠮᠠᠷᠭᠤᠬᠤ ᠤᠴᠢᠷ | ᠰᠢᠯᠲᠠᠭᠠᠨ ᠢᠶᠠᠨ ᠬᠡᠷᠡᠴᠢᠯᠡᠵᠦ᠂ ᠵᠠᠭᠠᠯᠳᠤᠭᠴᠢ ᠳᠤ ᠨᠢᠭᠡᠨᠲᠡ ᠪᠠᠷᠠᠭᠠᠨ ᠤ ᠵᠣᠭᠤᠰ ᠢ ᠲᠦᠯᠦᠭᠰᠡᠨ ᠭᠡᠷᠡᠴᠢ | ᠪᠠᠷᠢᠮᠲᠠ ᠶᠢ ᠲᠤᠰᠢᠶᠠᠬᠤ ᠬᠡᠷᠡᠭᠲᠡᠢ ᠬᠡᠰᠡᠨ ᠳᠤ ᠵᠠᠭᠠᠯᠳᠤᠭᠳᠠᠭᠴᠢ ᠭᠡᠷᠡᠴᠢ ᠪᠠᠷᠢᠮᠲᠠ ᠪᠠᠶᠢᠬᠤ ᠦᠬᠡᠢ ᠬᠡᠪᠡ᠃ | ᠰᠢᠭᠦᠬᠦ ᠲᠤᠰᠢᠶᠠᠯᠲᠠᠨ ᠠᠴᠠ ᠬᠡᠷᠡᠭ ᠲᠤ ᠬᠤᠯᠪᠣᠭᠳᠠᠭᠰᠠᠨ ᠬᠠᠤᠯᠢ ᠴᠠᠭᠠᠵᠠ ᠶᠢᠨ ᠲᠦᠷᠢᠮ ᠲᠣᠭᠲᠠᠭᠠᠯ ᠢ ᠬᠤᠶᠠᠷ | ᠲᠠᠯ᠎ᠠ ᠶᠢᠨ ᠲᠤᠬᠠᠶ ᠶᠢᠨ ᠬᠥᠮᠦᠨ ᠳᠤ ᠲᠠᠶᠢᠯᠪᠤᠷᠢᠯᠠᠨ ᠶᠣᠰᠣ ᠤᠴᠢᠷ ᠢ ᠲᠣᠳᠣᠷᠬᠠᠶᠢᠯᠠᠭᠰᠠᠨ ᠳᠤ᠂ ᠵᠠᠭᠠᠯᠳᠤᠭᠳᠠᠭᠴᠢ | ᠵᠠᠭᠠᠯᠳᠤᠭᠴᠢ ᠳᠤ ᠪᠠᠷᠠᠭᠠᠨ ᠤ ᠵᠣᠭᠤᠰ ᠢ ᠥᠷᠢᠲᠦᠵᠤ ᠪᠠᠶᠢᠭ᠎ᠠ ᠪᠣᠳᠠᠲᠤ ᠬᠡᠷᠡᠭ ᠢᠶᠠᠨ ᠮᠡᠳᠡᠷᠡᠵᠤ᠂ ᠵᠥᠪᠬᠡᠨ | ᠤᠳᠤᠬᠠᠨ ᠳᠤ ᠲᠦᠯᠦᠬᠦ ᠴᠢᠳᠠᠪᠤᠷᠢ ᠦᠭᠡᠢ ᠪᠠᠶᠢᠭ᠎ᠠ ᠪᠠᠨ ᠢᠯᠡᠷᠬᠡᠶᠢᠯᠡᠪᠡ᠃ ᠲᠤᠰ ᠬᠡᠷᠡᠭ ᠢ ᠡᠶᠡᠳᠡᠭᠦᠯᠬᠦ | ᠶᠠᠪᠤᠴᠠ ᠳᠤ ᠰᠢᠭᠦᠭᠴᠢ ᠲᠤᠬᠠᠶ ᠶᠢᠨ ᠬᠥᠮᠦᠨ ᠳᠤ ᠬᠠᠤᠯᠢ ᠴᠠᠭᠠᠵᠠ ᠶᠢᠨ ᠲᠦᠷᠢᠮ ᠲᠣᠭᠲᠠᠭᠠᠯ ᠢ ᠭᠦᠨᠵᠡᠭᠡᠶ | ᠣᠶᠢᠯᠠᠭᠠᠭᠤᠯᠵᠤ᠂ ᠠᠷᠠᠳ ᠤᠨ ᠰᠢᠭᠦᠬᠦ ᠬᠤᠷᠢᠶ᠎ᠠ ᠨᠢ ᠬᠡᠷᠡᠭ ᠢ ᠡᠶᠡᠳᠡᠭᠦᠯᠬᠦ ᠦᠶᠡᠰ ᠶᠠᠮᠠᠷ ᠴᠤ ᠵᠠᠷᠴᠢᠮ ᠦᠬᠡᠢ ᠪᠠᠷ | ᠡᠶᠡᠳᠡᠬᠦᠯᠬᠦ ᠪᠢᠰᠢ᠂ ᠬᠠᠷᠢᠨ ᠬᠦᠯᠢᠴᠡᠩᠭᠦᠶ ᠪᠠᠷ ᠬᠠᠤᠯᠢ ᠲᠠᠶᠢᠯᠪᠤᠷᠢᠯᠠᠨ ᠶᠣᠰᠣ ᠤᠴᠢᠷ ᠢ ᠲᠣᠳᠣᠷᠬᠠᠶᠢᠯᠠᠬᠤ ᠪᠠᠷ | ᠳᠠᠮᠵᠢᠨ ᠬᠤᠶᠠᠷ ᠲᠠᠯ᠎ᠠ ᠶᠢᠨ ᠲᠤᠬᠠᠶ ᠶᠢᠨ ᠬᠥᠮᠦᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠳᠠᠭ ᠬᠡᠰᠡᠨ ᠢ | ᠮᠡᠳᠡᠷᠡᠬᠦᠯᠵᠡᠢ᠃ ᠡᠨᠡ ᠤᠳᠠᠭᠠᠨ ᠤ ᠡᠶᠡᠳᠡᠭᠦᠯᠭᠡ ᠪᠠᠷ ᠳᠠᠮᠵᠢᠨ ᠵᠠᠭᠠᠯᠳᠤᠭᠴᠢ ᠪᠠ ᠵᠠᠭᠠᠯᠳᠤᠭᠳᠠᠭᠴᠢ ᠭᠠᠷ ᠭᠠᠷ ᠢᠶᠠᠨ | ᠠᠳᠬᠤᠨ ᠡᠪᠰᠡᠭᠰᠡᠨ ᠪᠠᠶᠢᠨ᠎ᠠ᠃ | ᠰᠢᠬᠦᠭᠴᠢ ᠶᠢᠨ ᠰᠠᠨᠠᠭᠤᠯᠤᠮᠵᠢ | 1᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠵᠠᠷᠭᠤ ᠶᠢᠨ ᠬᠠᠤᠯᠢ︾ ᠶᠢᠨ | ᠵᠢᠷᠠᠨ ᠳᠥᠷᠪᠡᠳᠦᠭᠡᠷ ᠵᠦᠶ᠋ᠯ ᠳᠤ ᠲᠤᠬᠠᠶ ᠶᠢᠨ ᠬᠥᠮᠦᠨ ᠥᠪᠡᠷ ᠤᠨ ᠳᠤᠷᠠᠳᠤᠭᠰᠠᠨ ᠵᠣᠷᠢᠯᠲᠠ ᠳᠠᠭᠠᠨ ᠭᠡᠷᠡᠴᠢ | ᠬᠠᠩᠭᠠᠬᠤ ᠬᠠᠷᠢᠭᠤᠴᠠᠯᠭ᠎ᠠ ᠲᠠᠢ ᠭᠡᠵᠡᠢ᠃ | 2᠂ ᠠᠷᠠᠳ ᠤᠨ ᠳᠡᠭᠡᠳᠦ ᠰᠢᠭᠦᠬᠦ ᠬᠤᠷᠢᠶᠠᠨ ᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠢᠷᠭᠡᠨ ᠤ ᠵᠠᠷᠭᠤ ᠶᠢᠨ ᠬᠠᠤᠯᠢ︾ ᠶᠢ ᠬᠡᠷᠡᠭᠯᠡᠬᠦ ᠲᠤᠬᠠᠶ ᠲᠠᠶᠢᠯᠪᠤᠷᠢᠯᠠᠯᠲᠠ ᠶᠢᠨ ᠶᠡᠷᠡᠳᠦᠭᠡᠷ ᠵᠦᠶ᠋ᠯ ᠳᠤ᠂ | ᠲᠤᠬᠠᠶ ᠶᠢᠨ ᠬᠥᠮᠦᠨ ᠤ ᠥᠪᠡᠷ ᠤᠨ ᠳᠤᠷᠠᠳᠤᠭᠰᠠᠨ ᠵᠠᠷᠭᠤ ᠶᠢᠨ ᠭᠤᠶᠤᠴᠢᠯᠠᠯ ᠳᠤ ᠦᠨᠳᠦᠰᠦᠯᠡᠭᠰᠡᠨ ᠪᠣᠳᠠᠲᠤ | ᠶᠠᠪᠤᠳᠠᠯ ᠪᠤᠶᠤ ᠨᠦᠬᠦᠭᠡ ᠲᠠᠯ᠎ᠠ ᠶᠢᠨ ᠵᠠᠷᠭᠤ ᠶᠢᠨ ᠭᠤᠶᠤᠴᠢᠯᠠᠯ ᠢ ᠨᠢᠴᠤᠭᠠᠬᠤ ᠳᠤ ᠦᠨᠳᠦᠰᠦᠯᠡᠭᠰᠡᠨ ᠪᠣᠳᠠᠲᠤ | ᠶᠠᠪᠤᠳᠠᠯ ᠳᠤ ᠭᠡᠷᠡᠴᠢ ᠪᠠᠷᠢᠮᠲᠠ ᠬᠠᠩᠭᠠᠵᠤ ᠭᠡᠷᠡᠴᠢᠯᠡᠬᠦ ᠬᠡᠷᠡᠭᠲᠡᠶ᠂ ᠭᠡᠪᠡᠴᠦ ᠬᠠᠤᠯᠢ ᠴᠠᠭᠠᠵᠠ ᠳᠤ ᠠᠰᠲᠠᠭᠠᠨ | ᠲᠣᠭᠲᠠᠭᠠᠯ ᠲᠠᠢ ᠨᠢ ᠡᠭᠦᠨ ᠳᠤ ᠪᠠᠭᠲᠠᠬᠤ ᠦᠭᠡᠢ᠃ ᠰᠢᠭᠦᠨ ᠲᠠᠰᠤᠯᠤᠯᠲᠠ ᠭᠠᠷᠭᠠᠬᠤ ᠠᠴᠠ ᠡᠮᠦᠨ᠎ᠡ ᠲᠤᠬᠠᠶ ᠶᠢᠨ | ᠬᠥᠮᠦᠨ ᠭᠡᠷᠡᠴᠢ ᠪᠠᠷᠢᠮᠲᠠ ᠬᠠᠩᠭᠠᠵᠤ ᠴᠢᠳᠠᠭᠰᠠᠨ ᠦᠭᠡᠢ ᠪᠤᠶᠤ ᠭᠡᠷᠡᠴᠢ ᠪᠠᠷᠢᠮᠲᠠ ᠨᠢ ᠲᠡᠭᠦᠨ ᠤ ᠪᠣᠳᠠᠲᠤ | ᠶᠠᠪᠤᠳᠠᠯ ᠤᠨ ᠵᠣᠷᠢᠯᠲᠠ ᠶᠢ ᠭᠡᠷᠡᠴᠢᠯᠡᠵᠦ ᠳᠡᠶᠢᠯᠬᠦ ᠦᠭᠡᠢ ᠪᠠᠶᠢᠪᠠᠯ ᠭᠡᠷᠡᠴᠢ ᠳᠤᠷᠠᠳᠴᠤ ᠭᠡᠷᠡᠴᠢᠯᠡᠬᠦ ᠬᠠᠷᠢᠭᠤᠴᠠᠯᠭ᠎ᠠ | ᠪᠦᠬᠦᠢ ᠲᠤᠬᠠᠶ ᠶᠢᠨ ᠬᠥᠮᠦᠨ ᠠᠰᠢᠭ ᠦᠭᠡᠢ ᠦᠷ᠎ᠡ ᠳ᠋ᠦᠩ ᠢ ᠡᠭᠦᠷᠭᠡᠯᠡᠨ᠎ᠡ ᠭᠡᠵᠡᠢ᠃ | 3᠂ ᠠᠷᠠᠳ ᠤᠨ ᠳᠡᠭᠡᠳᠦ ᠰᠢᠭᠦᠬᠦ ᠬᠤᠷᠢᠶᠠᠨ ᠤ ᠢᠷᠭᠡᠨ ᠤ ᠵᠠᠷᠭᠤ ᠶᠢᠨ ᠭᠡᠷᠡᠴᠢ ᠪᠠᠷᠢᠮᠲᠠ ᠶᠢᠨ ᠲᠤᠬᠠᠶ | ᠲᠣᠭᠲᠠᠭᠠᠯ ᠤᠨ ᠬᠤᠶᠠᠳᠤᠭᠠᠷ ᠵᠦᠶ᠋ᠯ ᠳᠤ᠂ ᠲᠤᠬᠠᠶ ᠶᠢᠨ ᠬᠥᠮᠦᠨ ᠨᠢ ᠥᠪᠡᠷ ᠤᠨ ᠳᠤᠷᠠᠳᠤᠭᠰᠠᠨ ᠵᠠᠷᠭᠤ ᠶᠢᠨ | ᠭᠤᠶᠤᠴᠢᠯᠠᠯ ᠳᠠᠭᠠᠨ ᠦᠨᠳᠦᠰᠦᠯᠡᠭᠰᠡᠨ ᠪᠣᠳᠠᠲᠤ ᠶᠠᠪᠤᠳᠠᠯ ᠪᠤᠶᠤ ᠨᠦᠬᠦᠬᠡ ᠲᠠᠯ᠎ᠠ ᠶᠢᠨ ᠵᠠᠷᠭᠤ ᠶᠢᠨ ᠭᠤᠶᠤᠴᠢᠯᠠᠯ ᠢ | ᠨᠢᠴᠤᠭᠠᠬᠤ ᠳᠤ ᠦᠨᠳᠦᠰᠦᠯᠡᠭᠰᠡᠨ ᠪᠣᠳᠠᠲᠤ ᠶᠠᠪᠤᠳᠠᠯ ᠳᠤ ᠭᠡᠷᠡᠴᠢ ᠪᠠᠷᠢᠮᠲᠠ ᠬᠠᠩᠭᠠᠵᠤ ᠭᠡᠷᠡᠴᠢᠯᠡᠬᠦ | ᠬᠠᠷᠢᠭᠤᠴᠠᠯᠭ᠎ᠠ ᠲᠠᠢ᠃ ᠭᠡᠷᠡᠴᠢ ᠪᠠᠷᠢᠮᠲᠠ ᠦᠭᠡᠢ ᠪᠤᠶᠤ ᠭᠡᠷᠡᠴᠢ ᠪᠠᠷᠢᠮᠲᠠ ᠨᠢ ᠲᠤᠬᠠᠶ ᠶᠢᠨ ᠬᠥᠮᠦᠨ ᠤ ᠪᠣᠳᠠᠲᠤ | ᠶᠠᠪᠤᠳᠠᠯ ᠤᠨ ᠵᠣᠷᠢᠯᠲᠠ ᠶᠢ ᠭᠡᠷᠡᠴᠢᠯᠡᠵᠦ ᠳᠡᠶᠢᠯᠬᠦ ᠦᠭᠡᠢ ᠪᠠᠶᠢᠪᠠᠯ᠂ ᠭᠡᠷᠡᠴᠢ ᠳᠤᠷᠠᠳᠬᠤ ᠬᠠᠷᠢᠭᠤᠴᠠᠯᠭ᠎ᠠ ᠲᠠᠢ | ᠲᠤᠬᠠᠶ ᠶᠢᠨ ᠬᠥᠮᠦᠨ ᠠᠰᠢᠭ ᠦᠭᠡᠢ ᠦᠷ᠎ᠡ ᠳ᠋ᠦᠩ ᠢ ᠡᠭᠦᠷᠭᠡᠯᠡᠨ᠎ᠡ ᠭᠡᠵᠡᠢ᠃ |