ᠬᠤᠸᠠ ᠷᠦᠢ ᠹᠧᠩ ᠪᠡᠬᠡᠵᠢᠩ ᠬᠤᠳᠠ ᠳᠤ ︽ᠲᠤᠮᠳᠠᠳᠤ ᠤᠯᠤᠰ ᠤᠨ ᠰᠢᠶᠠᠨ ᠤ ᠬᠡᠪᠴᠢᠶᠡᠨ ᠤ ᠠᠵᠤ ᠠᠬᠤᠢ ᠶᠢᠨ ᠬᠦᠭᠵᠢᠯᠳᠡ ᠶᠢᠨ ᠮᠡᠳᠡᠬᠦᠯᠦᠯᠳᠡ ︵2020︶︾ ᠵᠢᠴᠢ ᠪᠦᠬᠦ ᠤᠯᠤᠰ ᠤᠨ ᠵᠠᠭᠤᠨ ᠬᠦᠴᠦᠷᠬᠡᠭ ᠰᠢᠶᠠᠨ ︵ᠲᠤᠭᠤᠷᠢᠭ︶ ᠢ ᠨᠡᠶᠢᠳᠡᠯᠡᠬᠦ ᠬᠤᠷᠠᠯ ᠳᠤ ᠤᠷᠤᠯᠴᠠᠵᠤ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2020/12/8
       ᠣᠶᠢᠷ᠎ᠠ ᠶᠢᠨ ᠡᠳᠦᠷ᠂ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠡᠳ᠋ ᠤᠨ ᠵᠠᠰᠠᠭ ᠠᠵᠤ ᠠᠬᠤᠶ ᠶᠢᠨ ᠪᠠᠶᠢᠯᠳᠤᠬᠤ ᠪᠣᠳᠣᠯᠭ᠎ᠠ ᠶᠢᠨ ᠰᠤᠳᠤᠯᠭᠠᠨ ᠤ ᠬᠦᠷᠢᠶᠡᠯᠡᠩ ᠠᠴᠠ ᠭᠤᠤᠯᠯᠠᠨ ᠡᠷᠬᠢᠯᠡᠭᠰᠡᠨ ︽ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠡᠳ᠋ ᠤᠨ ᠵᠠᠰᠠᠭ ᠠᠵᠤ ᠠᠬᠤᠢ ᠶᠢᠨ ᠪᠠᠶᠢᠯᠳᠤᠬᠤ ᠪᠣᠳᠣᠯᠭ᠎ᠠ ᠶᠢᠨ ᠰᠤᠳᠤᠯᠭᠠᠨ ᠤ ᠬᠦᠷᠢᠶᠡᠯᠡᠩ ᠤᠨ ᠦᠷ᠎ᠡ ᠪᠦᠲᠦᠭᠡᠯ ᠢ ᠨᠡᠶᠢᠲᠡᠯᠡᠬᠦ ᠬᠤᠷᠠᠯ᠄ ︽ᠳᠤᠮᠳᠠᠳᠤ ᠤᠯᠤᠰ ᠤᠨ ᠰᠢᠶᠠᠨ ᠤ ᠬᠡᠪᠴᠢᠶᠡᠨ ᠤ ᠠᠵᠤ ᠠᠬᠤᠶ ᠶᠢᠨ ᠬᠥᠭᠵᠢᠯᠲᠡ ᠶᠢᠨ ᠮᠡᠳᠡᠭᠦᠯᠦᠯᠲᠡ ︵2020︶︾ ᠵᠢᠴᠢ ᠪᠥᠬᠦ ᠤᠯᠤᠰ ᠤᠨ ᠵᠠᠭᠤᠨ ᠬᠦᠴᠦᠷᠬᠡᠭ ᠰᠢᠶᠠᠨ ︵ᠲᠣᠭᠤᠷᠢᠭ︶ ᠤ ᠮᠡᠳᠡᠭᠦᠯᠦᠯᠲᠡ︾ ᠪᠡᠭᠡᠵᠢᠩ ᠳᠤ ᠶᠠᠪᠤᠭᠳᠠᠪᠠ᠃ ᠬᠤᠰᠢᠭᠤ ᠨᠠᠮ ᠤᠨ ᠬᠤᠷᠢᠶᠠᠨ ᠤ ᠱᠦᠵᠢ ᠬᠤᠸᠠ ᠷᠦᠢ ᠹᠧᠩ ᠬᠤᠷᠠᠯ ᠳᠤ ᠤᠷᠤᠯᠴᠠᠨ ︽ᠬᠦᠬᠡ ᠠᠭᠤᠯᠠ ᠬᠥᠬᠡᠮᠳᠦᠭ ᠤᠰᠤ ᠪᠠᠷ ᠴᠢᠨᠡᠭᠡᠯᠢᠭ ᠨᠡᠶᠢᠭᠡᠮ ᠢ ᠵᠠᠮᠴᠢᠯᠠᠵᠤ᠂ ᠡᠬᠢ ᠪᠠᠶᠠᠯᠢᠭ ᠤᠨ ᠬᠡᠯᠪᠡᠷᠢ ᠶᠢᠨ ᠭᠠᠵᠠᠷ ᠣᠷᠣᠨ ᠤ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠦᠨᠡᠨᠬᠦ ᠰᠠᠶᠢᠳᠤᠷ ᠵᠠᠮᠨᠠᠶ᠎ᠠ︾ ᠭᠡᠬᠦ ᠰᠡᠳᠦᠪ ᠢᠶᠠᠷ ᠰᠠᠨᠠᠯ ᠢᠶᠠᠨ ᠰᠣᠯᠢᠯᠴᠠᠪᠠ᠃
                ᠬᠤᠷᠠᠯ ᠳᠡᠭᠡᠷ᠎ᠡ ︽ᠳᠤᠮᠳᠠᠳᠤ ᠤᠯᠤᠰ ᠤᠨ ᠰᠢᠶᠠᠨ ᠤ ᠬᠡᠪᠴᠢᠶᠡᠨ ᠤ ᠠᠵᠤ ᠠᠬᠤᠶ ᠶᠢᠨ ᠬᠥᠭᠵᠢᠯᠲᠡ ᠶᠢᠨ ᠮᠡᠳᠡᠬᠦᠯᠦᠯᠳᠡ ︵2020︶︾ ᠶᠢ ᠨᠡᠶᠢᠲᠡᠯᠡᠵᠦ᠂ ᠡᠵᠡᠨ ᠬᠤᠷᠤᠭ᠎ᠠ ᠬᠤᠰᠢᠭᠤ ᠵᠠᠯᠭᠠᠭ᠎ᠠ ᠪᠠᠷ ᠪᠥᠬᠦ ᠤᠯᠤᠰ ᠤᠨ ᠰᠢᠶᠠᠨ ᠤ ᠬᠡᠪᠴᠢᠶᠡᠨ ᠤ ᠠᠵᠤ ᠠᠬᠤᠶ ᠶᠢᠨ ᠥᠷᠢᠰᠥᠯᠳᠦᠬᠦ ᠬᠦᠴᠦᠨ ᠤ ᠵᠠᠭᠤᠨ ᠬᠦᠴᠦᠷᠬᠡᠭ ᠲᠤ ᠵᠢᠭᠰᠠᠭᠠᠭᠳᠠᠪᠠ᠃
        ᠣᠶᠢᠯᠠᠭᠠᠭᠰᠠᠨ ᠢᠶᠠᠷ᠂ ︽ᠳᠤᠮᠳᠠᠳᠤ ᠤᠯᠤᠰ ᠤᠨ ᠰᠢᠶᠠᠨ ᠤ ᠬᠡᠪᠴᠢᠶᠡᠨ ᠤ ᠠᠵᠤ ᠠᠬᠤᠶ ᠶᠢᠨ ᠬᠥᠭᠵᠢᠯᠲᠡ ᠶᠢᠨ ᠮᠡᠳᠡᠭᠦᠯᠦᠯᠲᠡ ︵2020︶︾ ᠨᠢ ᠠᠵᠤ ᠠᠬᠤᠶ ᠶᠢᠨ ᠬᠡᠪᠴᠢᠶ᠎ᠡ᠂ ᠣᠷᠣᠨ ᠨᠤᠲᠤᠭ ᠤᠨ ᠣᠯᠠᠨ ᠨᠡᠶᠢᠲᠡ ᠶᠢᠨ ᠡᠳ᠋ ᠤᠨ ᠵᠠᠰᠠᠭ ᠤᠨ ᠣᠷᠣᠯᠭ᠎ᠠ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠠᠵᠤ ᠠᠬᠤᠶᠢᠯᠠᠯ ᠤᠨ ᠲᠤᠭ᠎ᠠ ᠪᠠ ᠣᠷᠣᠨ ᠪᠦᠰᠡ ᠶᠢᠨ ᠦᠷᠢᠰᠦᠯᠳᠦᠬᠡᠨ ᠤ ᠪᠠᠶᠢᠷᠢ ᠰᠠᠭᠤᠷᠢ ᠵᠡᠷᠭᠡ ᠡᠯᠧᠮᠧᠨ᠋ᠲ ᠢ ᠦᠨᠳᠦᠰᠦᠯᠡᠨ ᠪᠥᠬᠦ ᠤᠯᠤᠰ ᠤᠨ ᠬᠤᠶᠠᠷ ᠮᠢᠩᠭ᠎ᠠ ᠤᠷᠴᠢᠮ ᠰᠢᠶᠠᠨ ᠤ ᠬᠡᠪᠴᠢᠶᠡᠨ ᠤ ᠠᠵᠤ ᠠᠬᠤᠶ ᠶᠢᠨ ᠨᠢᠭᠡᠴᠢ ᠶᠢᠨ ᠳᠣᠲᠣᠷ᠎ᠠ ᠠᠴᠠ 400 ᠬᠦᠴᠦᠷᠬᠡᠭ ᠰᠢᠶᠠᠨ ︵ᠬᠤᠲᠠ︶ ᠢ ᠰᠢᠯᠢᠨ ᠰᠣᠩᠭᠤᠵᠤ᠂ ᠵᠠᠳᠠᠯᠤᠨ ᠰᠤᠳᠤᠯᠵᠤ ᠠᠳᠠᠯᠢᠳᠬᠠᠬᠤ ᠰᠠᠭᠤᠷᠢ ᠪᠤᠯᠭᠠᠳᠠᠭ᠃ ᠮᠡᠳᠡᠭᠦᠯᠦᠯᠲᠡ ᠳᠤ ᠰᠢᠶᠠᠨ ᠤ ᠬᠡᠪᠴᠢᠶᠡᠨ ᠤ ᠠᠵᠤ ᠠᠬᠤᠶ ᠶᠢᠨ ᠦᠷᠢᠰᠦᠯᠳᠦᠬᠡᠨ ᠪᠠ ᠪᠡᠯᠡ ᠣᠷᠣᠭᠤᠯᠤᠯᠲᠠ ᠶᠢᠨ ᠲᠠᠯᠳᠠ ᠬᠦᠴᠦᠨ ᠤ ᠬᠦᠢᠴᠡᠳᠬᠡᠯ ᠲᠤᠭᠠᠨ ᠤ ᠲᠤᠭᠳᠠᠯᠴᠠᠭ᠎ᠠ ᠶᠢ ᠪᠠᠶᠢᠭᠤᠯᠵᠤ᠂ 2020 ᠣᠨ ᠤ 400 ᠰᠢᠶᠠᠨ ︵ᠬᠤᠳᠠ︶ ᠤ ᠠᠵᠤ ᠠᠬᠤᠶ ᠶᠢᠨ ᠥᠷᠢᠰᠥᠯᠳᠦᠬᠦ ᠬᠦᠴᠦᠨ ᠪᠠ ᠪᠡᠯᠡ ᠣᠷᠣᠭᠤᠯᠤᠯᠲᠠ ᠶᠢᠨ ᠲᠠᠯᠳᠠ ᠬᠦᠴᠦᠨ ᠤ ᠵᠢᠭᠠᠯᠳᠠ ᠲᠤᠭ᠎ᠠ ᠳᠤ ᠭᠡᠷᠡᠴᠢᠯᠡᠯᠲᠡ ᠶᠢᠨ ᠰᠤᠳᠤᠯᠭᠠᠨ ᠬᠢᠪᠡ᠃
       ᠬᠤᠸᠠ ᠷᠦᠢ ᠹᠧᠩ ᠰᠠᠨᠠᠯ ᠰᠣᠯᠢᠯᠴᠠᠬᠤ ᠶᠠᠷᠢᠶᠠᠨ ᠳᠠᠭᠠᠨ᠂ ᠣᠶᠢᠷ᠎ᠠ ᠶᠢᠨ ᠵᠢᠯ ᠳᠤ᠂ ᠡᠵᠡᠨ ᠬᠤᠷᠤᠭ᠎ᠠ ᠬᠤᠰᠢᠭᠤ ᠶᠡᠷᠦᠩᠬᠡᠶ ᠱᠦᠵᠢ ᠰᠢ ᠶᠢᠨ ᠫᠢᠩ ᠤᠨ ︽ᠬᠦᠬᠡ ᠠᠭᠤᠯᠠ ᠬᠦᠬᠡᠮᠳᠦᠭ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠬᠥᠭᠵᠢᠯᠲᠡ ᠶᠢᠨ ᠣᠨᠣᠯᠵᠢᠬᠤᠨ ᠢ ᠭᠦᠨᠵᠡᠭᠡᠶ ᠲᠤᠤᠱᠯᠠᠭᠤᠯᠵᠤ᠂ ︽ᠠᠮᠢ ᠠᠬᠤᠶ ᠶᠢ ᠤᠷᠢᠳ ᠢᠶᠠᠷ ᠪᠣᠳᠣᠯᠬᠢᠯᠠᠵᠤ᠂ ᠪᠣᠬᠢᠷᠲᠤᠯ ᠥᠬᠡᠶ ᠬᠥᠭᠵᠢᠭᠦᠯᠬᠦ︾ ᠤᠳᠤᠷᠢᠳᠤᠮᠵᠢ ᠶᠢ ᠡᠬᠦᠷᠢᠳᠡ ᠪᠠᠷᠢᠮᠲᠠᠯᠠᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠶᠠᠪᠤᠴᠠ ᠳᠤ ᠠᠭᠤᠰᠤᠯᠴᠠᠭᠤᠯᠵᠤ᠂ ᠡᠬᠢ ᠪᠠᠶᠠᠯᠢᠭ ᠤᠨ ᠬᠡᠯᠪᠡᠷᠢ ᠶᠢᠨ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠠᠶᠠᠨ ᠢ ᠨᠡᠬᠡᠬᠡᠪᠡ᠃ ᠨᠢᠭᠡ ᠳᠤ ᠠᠭᠤᠯᠠ ᠤᠰᠤ ᠣᠢ ᠰᠢᠭᠤᠶ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠤᠨ ᠰᠢᠰᠲ᠋ᠧᠮ ᠲᠠᠢ ᠵᠠᠰᠠᠯᠳᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠦᠬᠦ ᠬᠦᠴᠦᠨ ᠢᠶᠠᠷ ᠢᠶᠠᠨ ᠪᠠᠬᠢᠵᠢᠬᠦᠯᠵᠦ᠂ ᠪᠦᠬᠦ ᠤᠯᠤᠰ ᠤᠨ ᠠᠩᠬᠠᠳᠠᠭᠴᠢ ᠰᠢᠶᠠᠨ ᠤ ᠱᠠᠲᠤᠨ ᠤ ︽ᠠᠭᠤᠯᠠ ᠤᠰᠤ ᠣᠶ ᠰᠢᠭᠤᠶ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠤᠨ ᠶᠡᠷᠦᠩᠬᠡᠶᠢᠯᠡᠭᠰᠡᠨ ᠵᠠᠰᠠᠯᠳᠠ ᠪᠠ ᠪᠣᠬᠢᠷᠲᠤᠯ ᠦᠭᠡᠶ ᠬᠦᠭᠵᠢᠯᠳᠡ ᠶᠢᠨ ᠲᠦᠯᠦᠪᠵᠢᠬᠦᠯᠬᠡ︾  ᠶᠢ ᠨᠠᠶᠢᠷᠠᠭᠤᠯᠵᠤ᠂ ᠲᠡᠭᠷᠢᠯᠢᠭ ᠪᠤᠬᠢᠷᠳᠤᠯ ᠦᠬᠡᠢ ᠡᠨᠧᠷᠭᠢ ᠶᠢᠨ 50 ᠲᠦᠮᠡᠨ ᠺᠢᠯᠣᠸᠠᠲ ᠤᠨ ︽ᠠᠮᠢ ᠠᠬᠤᠶ ᠶᠢᠨ ᠵᠠᠰᠠᠯᠲᠠ + ᠭᠡᠷᠡᠯ ᠸᠣᠯᠲ︾ ᠤᠨ ᠲᠥᠷᠥᠯ ᠵᠦᠢᠯ ᠢ ᠡᠬᠢᠯᠡᠨ ᠬᠡᠷᠡᠭᠵᠢᠭᠦᠯᠪᠡ᠃ ᠴᠡᠪᠡᠷᠴᠢ ᠡᠨᠧᠷᠭᠢ ᠶᠢ ᠨᠡᠭᠡᠭᠡᠨ ᠠᠰᠢᠭᠯᠠᠬᠤ᠂ ᠠᠭᠤᠷᠬᠠᠢ ᠶᠢᠨ ᠣᠷᠣᠨ ᠤ ᠠᠮᠢ ᠠᠬᠤᠢ ᠶᠢ ᠵᠠᠰᠠᠨ ᠰᠡᠷᠭᠦᠭᠡᠬᠦ ᠪᠠ ᠰᠤᠯᠠ ᠭᠠᠵᠠᠷ ᠰᠢᠷᠣᠢ ᠶᠢ ᠠᠰᠢᠭᠯᠠᠬᠤ ᠶᠢ ᠳᠠᠶᠢᠴᠢᠯᠠᠨ᠂ ︽ᠠᠭᠯᠠᠭ ᠠᠭᠤᠯᠠ ᠠᠲᠠᠷ ᠭᠠᠵᠠᠷ︾ ᠢ ᠦᠨᠡᠨᠬᠦ ︽ᠠᠯᠲᠠᠨ ᠮᠥᠩᠭᠦᠨ ᠠᠭᠤᠯᠠ︾ ᠪᠣᠯᠭᠠᠨ᠎ᠠ᠃ ᠬᠤᠶᠠᠷ ᠲᠤ ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢᠨ ᠰᠣᠯᠢᠭᠳᠠᠯ ᠢ ᠬᠦᠴᠦᠯᠡᠨ ᠲᠦᠷᠭᠡᠳᠬᠡᠵᠦ ᠂ ᠨᠡᠭᠦᠷᠡᠰᠦᠨ ᠤ ᠠᠵᠤ ᠦᠢᠯᠡᠰ ᠤᠨ ᠲᠤᠭᠠᠴᠢᠯᠠᠯᠳᠠ ᠶᠢᠨ ᠬᠡᠯᠪᠡᠷᠢ ᠪᠠᠨ ᠬᠤᠪᠢᠷᠠᠭᠤᠯᠬᠤ ᠶᠢ ᠢᠳᠡᠪᠬᠢᠲᠡᠶ ᠠᠬᠢᠭᠤᠯᠵᠤ᠂ ᠤᠶᠤᠨᠴᠢᠯᠠᠭᠰᠠᠨ ᠡᠨᠧᠷᠭᠢ ᠶᠢᠨ ᠰᠤᠯᠢᠯᠴᠠᠭᠠᠨ ᠤ ᠲᠠᠪᠴᠠᠩ ᠢ ᠪᠠᠶᠢᠭᠤᠯᠵᠤ᠂ ︽ᠠᠭᠤᠷᠬᠠᠢ︾ ᠠᠴᠠ ︽ᠭᠠᠷᠠᠮ︾ ᠬᠦᠷᠲᠡᠯᠡᠬᠢ ᠡᠨᠧᠷᠭᠢ ᠶᠢ ᠭᠠᠳᠠᠭᠰᠢ ᠬᠦᠷᠭᠡᠬᠦ ᠵᠠᠮ ᠢ ᠨᠡᠪᠳᠡᠷᠡᠬᠦᠯᠵᠦ᠂ ︽ᠡᠵᠡᠨ ᠬᠤᠷᠤᠭ᠎ᠠ ᠶᠢᠨ ᠴᠢᠨᠠᠷ ᠰᠠᠶᠢᠲᠠᠶ ᠨᠡᠭᠦᠷᠡᠰᠦ︾ ᠶᠢᠨ ᠵᠠᠬ᠎ᠠ ᠳᠡᠯᠭᠡᠭᠦᠷ ᠤᠨ ᠡᠵᠡᠯᠡᠬᠦ ᠨᠣᠷᠮ᠎ᠠ ᠪᠠ ᠦᠷᠢᠰᠦᠯᠳᠦᠬᠦ ᠬᠦᠴᠦᠨ ᠢᠯᠡᠳᠲᠡ ᠳᠡᠭᠡᠭᠰᠢᠯᠡᠪᠡ︔ ᠤᠯᠤᠰ ᠤᠨ ︽ᠤᠰᠤᠲᠥ᠋ᠷᠥᠭᠴᠢ ᠲᠦᠯᠡᠰᠢᠨ ᠳ᠋ᠢᠶᠠᠨ ᡂᠢ ᠶᠢᠨ ᠮᠠᠰᠢᠨ ᠲᠡᠷᠭᠡᠨ ᠤ ᠵᠢᠱᠢᠶ᠎ᠡ ᠦᠵᠡᠭᠦᠯᠬᠦ ᠬᠤᠲᠠ ᠶᠢᠨ ᠰᠦᠷᠦᠭᠵᠢᠯ︾ ᠢ ᠭᠤᠶᠤᠴᠢᠯᠠᠨ ᠮᠡᠳᠡᠭᠦᠯᠬᠦ ᠶᠢ ᠳᠡᠮᠵᠢᠬᠦ ᠠᠵᠠ ᠲᠣᠬᠢᠶᠠᠯ ᠢ ᠠᠳᠬᠤᠵᠤ᠂ ᠤᠰᠤᠲᠥ᠋ᠷᠥᠭᠴᠢ ᠦᠢᠯᠡᠳᠬᠦ ᠥᠪᠡᠷ ᠤᠨ ᠥᠷᠲᠡᠭ ᠳᠣᠣᠷ᠎ᠠ᠂ ᠬᠡᠷᠡᠭᠯᠡᠭᠡᠨ ᠤ ᠤᠷᠴᠢᠨ ᠥᠷᠭᠡᠨ ᠵᠡᠷᠭᠡ ᠲᠠᠪᠠᠭᠤᠯᠢᠭ ᠲᠤ ᠰᠠᠭᠤᠷᠢᠯᠠᠨ᠂ ᠨᠢᠭᠡᠨᠲᠡ ᠭᠡᠷ᠎ᠡ ᠲᠣᠭᠲᠠᠭᠰᠠᠨ ᠶᠤᠸᠠᠨ ᠵᠢᠩ ᠡᠨᠧᠷᠭᠢ ᠱᠠᠩ ᠴᠢ ᠬᠤᠩ ᠶᠠᠨ᠂ ᠰᠢᠨ ᠶᠤᠸᠠᠨ ᠬᠦᠳᠡᠯᠬᠡᠭᠴᠢ ᠬᠦᠴᠦᠨ ᠵᠡᠷᠭᠡ ᠴᠢᠬᠤᠯᠠ ᠶᠡᠭᠡ ᠲᠥᠷᠥᠯ ᠵᠦᠢᠯ ᠢ ᠲᠦᠷᠭᠡᠬᠡᠨ ᠤᠷᠤᠨᠰᠢᠭᠤᠯᠬᠤ ᠶᠢ ᠠᠬᠢᠭᠤᠯᠵᠤ᠂ ᠢᠵᠢ ᠲᠦᠬᠦᠷ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠰᠦᠷᠦᠭᠵᠢᠯ ᠢ ᠪᠠᠶᠢᠭᠤᠯᠤᠨ᠎ᠠ᠃ᠭᠤᠷᠪᠠ ᠳᠤ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢᠨ ᠳᠤᠲᠠᠭᠤᠳᠠᠯ ᠳᠤ ᠠᠩᠬᠠᠷᠤᠯ ᠢᠶᠠᠨ ᠲᠦᠪᠯᠡᠷᠡᠬᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠶᠡᠬᠡᠪᠡᠷ ᠬᠡᠷᠡᠭᠵᠢᠭᠦᠯᠤᠨ ᠦᠷᠭᠦᠯᠵᠢᠯᠡᠨ ᠠᠬᠢᠭᠤᠯᠵᠤ᠂ ᠠᠮᠢ ᠠᠬᠤᠢ ᠶᠢᠨ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠶ ᠭᠤᠶᠤᠮᠰᠤᠭ ᠰᠠᠶᠢᠬᠠᠨ ᠬᠥᠳᠡᠭᠡ ᠲᠣᠰᠬᠤᠨ ᠢ ᠲᠦᠷᠭᠡᠳᠬᠡᠨ ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢᠯᠡᠳᠲᠡ ᠰᠠᠶᠢᠵᠢᠷᠠᠵᠤ᠂ ︽ᠠᠵᠤ ᠠᠬᠤᠶᠢᠯᠠᠯ ᠭᠠᠵᠠᠷ ᠣᠷᠣᠨ ᠬᠦᠴᠦ ᠪᠠᠨ ᠬᠠᠮᠳᠤᠳᠬᠠᠨ ᠬᠡᠷᠡᠭᠯᠡᠭᠡ ᠪᠠᠷ ᠶᠠᠳᠠᠭᠤ ᠶᠢ ᠲᠡᠳᠬᠦᠬᠦ ᠶᠢ ᠠᠬᠢᠭᠤᠯᠬᠤ︾ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ︽ᠦᠢᠯᠡᠳᠪᠦᠷᠢᠯᠡᠯ ᠪᠠ ᠪᠣᠷᠣᠯᠠᠭᠤᠯᠭ᠎ᠠ︾ ᠶᠢᠨ ᠬᠤᠶᠠᠷ ᠵᠣᠬᠢᠶᠠᠨ ᠪᠠᠶᠢᠭᠤᠯᠤᠯᠳᠠ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠤ᠂ ᠬᠥᠬᠡᠬᠤᠲᠠ᠂ ᠪᠡᠭᠡᠵᠢᠩ ᠵᠡᠷᠭᠡ ᠭᠠᠵᠠᠷ ᠣᠷᠣᠨ ᠢ ᠬᠠᠮᠤᠷᠤᠭᠰᠠᠨ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠳᠦᠬᠡᠭᠳᠡᠬᠦᠨ ᠢ ᠲᠥᠪᠯᠡᠷᠡᠭᠦᠯᠦᠨ ᠲᠠᠷᠬᠠᠭᠠᠬᠤ ᠰᠤᠯᠢᠯᠴᠠᠭᠠᠨ ᠤ ᠲᠥᠪ ᠢ ᠪᠠᠶᠢᠭᠤᠯᠵᠤ᠂ 2020 ᠣᠨ ᠳᠤ ᠲᠥᠪ ᠤᠨ ᠠᠵᠤ ᠠᠬᠤᠶᠢᠯᠠᠯ᠂ ᠤᠯᠤᠰ ᠤᠨ ᠦᠮᠴᠢᠯᠡᠯᠳᠦ ᠠᠵᠤ ᠠᠬᠤᠶᠢᠯᠠᠯ ᠲᠠᠢ ᠣᠷᠳᠣ ᠬᠤᠭᠤᠴᠠᠭᠠᠨ ᠤ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ᠮᠠᠯᠴᠢᠨ ᠲᠠᠷᠢᠶᠠᠴᠢᠳ ᠢ ᠲᠠᠶᠢᠴᠢᠯᠠᠨ ᠳᠤᠮᠳᠠᠴᠢ ᠣᠷᠣᠯᠭ᠎ᠠ ᠶᠢ 5000 ᠲᠥᠭᠦᠷᠢᠭ ᠠᠴᠠ ᠳᠡᠭᠡᠭᠰᠢ ᠨᠡᠮᠡᠭᠳᠡᠭᠦᠯᠪᠠ᠃ ᠳᠥᠷᠪᠡ ᠳᠤ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠡᠯ᠎ᠡ ᠦᠨᠳᠦᠰᠦᠲᠡᠨ ᠤ ᠣᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠢ ᠬᠠᠩᠭᠠᠵᠤ᠂ ᠵᠢᠯ ᠪᠦᠷᠢ 80% ᠠᠴᠠ ᠳᠡᠭᠡᠭᠰᠢᠬᠢ ᠬᠡᠷᠡᠭᠯᠡᠵᠦ ᠪᠣᠯᠬᠤ ᠡᠳ᠋ ᠤᠨ ᠬᠦᠴᠦᠨ ᠢ ᠠᠷᠠᠳ ᠤᠨ ᠠᠮᠢᠳᠤᠷᠠᠯ ᠤᠨ ᠪᠠᠳᠤᠯᠠᠭ᠎ᠠ ᠪᠠ ᠰᠠᠶᠢᠵᠢᠷᠠᠭᠤᠯᠬᠤ ᠳᠤ ᠬᠡᠷᠡᠭᠯᠡᠵᠦ᠂ ᠨᠢᠯᠬ᠎ᠠ ᠪᠠᠯᠴᠢᠷ ᠳᠠᠭᠠᠨ ᠬᠥᠮᠦᠵᠢᠯ ᠲᠠᠢ᠂ ᠰᠤᠷᠤᠯᠴᠠᠬᠤ ᠠᠴᠠ ᠰᠤᠷᠭᠠᠨ ᠬᠥᠮᠦᠵᠢᠯ ᠲᠠᠢ᠂ ᠬᠥᠳᠡᠯᠮᠦᠷᠢᠯᠡᠬᠦ ᠠᠴᠠ ᠣᠷᠣᠯᠭ᠎ᠠ ᠲᠠᠢ᠂ ᠡᠪᠡᠳᠴᠢᠯᠡᠪᠡᠯ ᠡᠮᠨᠡᠯᠭᠡ ᠲᠠᠢ᠂ ᠥᠲᠡᠯᠪᠡᠯ ᠠᠰᠠᠷᠠᠮᠵᠢ ᠲᠠᠢ᠂ ᠰᠠᠭᠤᠬᠤ ᠠᠴᠠ ᠣᠷᠣᠨ ᠰᠠᠭᠤᠴᠠ ᠲᠠᠢ ᠣᠯᠠᠨ ᠨᠡᠶᠢᠲᠡ ᠶᠢᠨ ᠦᠢᠯᠡᠴᠢᠯᠡᠬᠡᠨ ᠤ ᠲᠤᠭᠳᠠᠯᠴᠠᠭ᠎ᠠ ᠶᠢ ᠦᠨᠳᠦᠰᠦᠨ ᠳᠡᠭᠡᠨ ᠪᠠᠶᠢᠭᠤᠯᠵᠤ᠂ ᠡᠯ᠎ᠡ ᠦᠨᠳᠦᠰᠦᠲᠡᠨ ᠤ ᠤᠯᠠᠨ ᠲᠦᠮᠡᠨ ᠤ ᠵᠣᠯ ᠵᠢᠷᠭᠠᠯᠲᠤ ᠲᠦᠷᠦᠭᠳᠡᠯ᠂ ᠬᠦᠷᠲᠡᠮᠵᠢ ᠶᠢᠨ ᠲᠦᠷᠦᠭᠳᠡᠯ᠂ ᠠᠮᠤᠷ ᠲᠦᠪᠰᠢᠨ ᠲᠦᠷᠦᠭᠳᠡᠯ ᠨᠡᠩ ᠲᠡᠭᠦᠯᠳᠡᠷ᠂ ᠪᠠᠲᠤᠯᠠᠭ᠎ᠠ ᠲᠠᠢ ᠪᠠᠶᠢᠬᠤ ᠪᠤᠯᠤᠨ᠎ᠠ ᠬᠡᠪᠡ᠃        ᠬᠤᠸᠠ ᠷᠦᠢ ᠹᠧᠩ ᠢᠯᠡᠷᠬᠡᠶᠢᠯᠡᠬᠦ ᠳᠡᠭᠡᠨ᠂ ᠬᠤᠶᠢᠰᠢᠳᠠ᠂ ᠡᠵᠡᠨ ᠬᠤᠷᠤᠭ᠎ᠠ ᠬᠤᠰᠢᠭᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠦᠷᠭᠦᠯᠵᠢᠯᠡᠨ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠨᠠᠮ ᠤᠨ ᠲᠥᠪ ᠬᠤᠷᠢᠶᠠᠨ ᠤ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠪᠡ ᠪᠠ 2035 ᠤᠨ ᠤ ᠠᠯᠤᠰ ᠤᠨ ᠬᠠᠷᠠᠯᠲᠠ︾ ᠶᠢᠨ ᠲᠤᠬᠠᠶ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠲᠤᠭᠤᠷᠢᠨ ᠳᠤ᠂ ᠲᠡᠷᠢᠭᠦᠨ ᠤ ᠭᠠᠵᠠᠷ ᠣᠷᠣᠨ ᠤ ᠬᠥᠭᠵᠢᠯᠲᠡ ᠶᠢᠨ ᠲᠤᠷᠰᠢᠯᠭ᠎ᠠ ᠶᠢ ᠰᠤᠷᠤᠯᠴᠠᠵᠤ᠂ ᠤᠳᠤᠬᠢᠴᠢᠯᠠᠭᠰᠠᠨ ᠡᠨᠧᠷᠭᠢ ᠶᠢᠨ ᠠᠵᠤ ᠠᠬᠤᠶ ᠶᠢᠨ ᠵᠢᠱᠢᠶ᠎ᠡ ᠦᠵᠡᠭᠦᠯᠬᠦ ᠬᠤᠰᠢᠭᠤᠴᠢ ᠣᠷᠣᠨ ᠢ ᠬᠦᠴᠦᠯᠡᠨ ᠴᠣᠭᠴᠠᠯᠠᠵᠤ᠂ ᠡᠬᠢ ᠪᠠᠶᠠᠯᠢᠭ ᠤᠨ ᠬᠡᠯᠪᠡᠷᠢ ᠶᠢᠨ ᠭᠠᠵᠠᠷ ᠣᠷᠣᠨ ᠤ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠤᠢᠭᠡᠢ ᠨᠡᠬᠡᠬᠡᠵᠦ᠂ ᠤᠳᠤᠬᠢᠴᠢᠯᠠᠭᠰᠠᠨ ᠪᠦᠲᠦᠭᠡᠨ ᠪᠠᠶᠢᠭᠤᠯᠤᠯᠲᠠ ᠶᠢᠨ ᠰᠢᠨ᠎ᠡ ᠠᠶᠠᠨ ᠵᠠᠮ ᠢᠶᠠᠨ ᠴᠢᠷᠮᠠᠶᠢᠨ ᠡᠬᠢᠯᠡᠬᠦᠯᠦᠨ᠎ᠡ ᠬᠡᠪᠡ᠃
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠥᠯᠵᠢᠶ᠎ᠡ