ᠤᠷᠳᠤᠰ ᠤᠨ ᠪᠠᠶᠢᠭᠠᠯᠢ ᠶᠢᠨ ᠲᠧᠭᠨᠢᠢᠡ ᠮᠡᠷᠬᠡᠵᠢᠯ ᠤᠨ ᠰᠤᠷᠭᠠᠭᠤᠯᠢ ᠳᠤ ᠤᠯᠠᠭᠠᠨᠮᠦ᠋ᠴᠢᠷ ᠲᠠᠢ ᠪᠤᠯᠤᠯ᠎ᠠ
ᠨᠡᠶᠢᠲᠡᠯᠡᠭᠰᠡᠨ ᠴᠠᠭ᠄
2020/12/8
              ︽ᠤᠯᠠᠭᠠᠨᠮᠦ᠋ᠴᠢᠷ︾ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠰᠤᠷᠭᠠᠭᠤᠯᠢ ᠶᠢᠨ ᠣᠨᠴᠠᠯᠢᠭᠲᠤ ᠰᠤᠷᠭᠠᠨ ᠬᠥᠮᠦᠵᠢᠯ ᠢ ᠬᠥᠭᠵᠢᠭᠦᠯᠬᠦ ᠪᠠᠷ᠂ ᠣᠷᠳᠣᠰ ᠤᠨ ᠪᠠᠶᠢᠭᠠᠯᠢ ᠶᠢᠨ ᠲᠧᠭᠨᠢᠢᠡ ᠮᠡᠷᠬᠡᠵᠢᠯ ᠤᠨ ᠰᠤᠷᠭᠠᠭᠤᠯᠢ ︽ᠦᠵᠡᠰᠬᠦᠯᠠᠩᠳᠤ ᠵᠠᠮ ᠤᠨ ᠳᠠᠭᠤᠤ︾ ᠬᠡᠮᠡᠬᠦ ᠤᠳᠬ᠎ᠠ ᠤᠷᠠᠯᠢᠭ ᠤᠨ ᠦᠳᠡᠰᠢᠯᠡᠭᠡ ᠡᠷᠬᠢᠯᠡᠵᠦ᠂ ᠣᠷᠳᠣᠰ ᠤᠨ ᠪᠠᠶᠢᠭᠠᠯᠢ ᠶᠢᠨ ᠲᠧᠭᠨᠢᠭ ᠮᠡᠷᠬᠡᠵᠢᠯ ᠤᠨ ᠰᠤᠷᠭᠠᠭᠤᠯᠢ ᠳᠤ ᠤᠯᠠᠭᠠᠨᠮᠥ᠋ᠴᠢᠷ ᠤᠨ ᠫᠠᠶᠢᠰᠠ ᠡᠯᠭᠦᠪᠡ᠃           ᠣᠷᠳᠣᠰ ᠤᠨ ᠪᠠᠶᠢᠭᠠᠯᠢ ᠶᠢᠨ ᠲᠧᠭᠨᠢᠢᠡ ᠮᠡᠷᠬᠡᠵᠢᠯ ᠤᠨ ᠰᠤᠷᠭᠠᠭᠤᠯᠢ ᠶᠢᠨ ᠤᠯᠠᠭᠠᠨᠮᠥ᠋ᠴᠢᠷ ᠪᠣᠯ ᠣᠷᠳᠣᠰ ᠤᠨ ᠪᠠᠶᠢᠭᠠᠯᠢ ᠶᠢᠨ ᠲᠧᠭᠨᠢᠭ ᠮᠡᠷᠬᠡᠵᠢᠯ ᠤᠨ ᠰᠤᠷᠭᠠᠭᠤᠯᠢ ᠪᠣᠯᠤᠨ ᠳ᠋ᠦᠩ ᠵᠢᠶᠣᠤ ᠦᠨᠳᠦᠰᠦᠲᠡᠨ ᠤ ᠳᠠᠭᠤᠤ ᠪᠥᠵᠢᠭ ᠤᠨ ᠪᠦᠯᠬᠦᠮ ᠤᠨ ᠬᠢᠨ ᠬᠠᠮᠲᠤᠷᠠᠨ᠂ ᠰᠤᠷᠭᠠᠭᠤᠯᠢ ᠠᠵᠤ ᠠᠬᠤᠢᠢᠯᠠᠯ ᠬᠤᠷᠰᠢᠵᠤ ᠪᠠᠶᠢᠭᠤᠯᠤᠭᠰᠠᠨ ᠰᠤᠷᠭᠠᠭᠤᠯᠢ ᠶᠢᠨ ᠬᠥᠷᠢᠶᠡᠨ ᠳᠠᠬᠢ ᠤᠯᠠᠭᠠᠨᠮᠥ᠋ᠴᠢᠷ ᠪᠤᠯᠤᠨ᠎ᠡ᠃ ᠲᠤᠰ ᠰᠤᠷᠭᠠᠭᠤᠯᠢ ᠶᠢᠨ ᠤᠯᠠᠭᠠᠨᠮᠦ᠋ᠴᠢᠷ ᠨᠢ ᠰᠤᠷᠤᠭᠴᠢᠳ ᠢᠶᠠᠨ ᠳᠠᠶᠢᠴᠢᠯᠠᠨ᠂ ᠪᠥᠵᠢᠭ᠂ ᠬᠥᠭᠵᠢᠮ᠂ ᠲᠠᠭᠤᠤ ᠵᠡᠷᠭᠡ ᠲᠠᠯ᠎ᠠ ᠪᠠᠷ ᠰᠤᠷᠭᠠᠬᠤ ᠶᠢᠨ ᠲᠠᠭᠠᠤ ᠲᠣᠭᠯᠠᠯᠲᠠ ᠪᠡᠯᠡᠳᠬᠡᠵᠦ᠂ ᠰᠤᠷᠤᠭᠴᠢᠳ ᠢᠶᠠᠨ ᠨᠡᠶᠢᠭᠡᠮ ᠳᠤ ᠲᠠᠪᠰᠢᠨ ᠤᠷᠤᠬᠤ ᠳᠤ ᠲᠠᠪᠴᠠᠩ ᠪᠣᠯᠤᠨ ᠭᠦᠬᠦᠷᠬᠡ ᠶᠢᠨ ᠦᠢᠯᠡᠳᠦᠯ ᠦᠵᠡᠬᠦᠯᠵᠤ ᠦᠭᠴᠤ ᠪᠠᠶᠢᠭ᠎ᠠ ᠵᠤᠷᠢᠯᠭ᠎ᠠ ᠲᠠᠢ᠃          ᠦᠳᠡᠰᠢᠯᠡᠭᠡ ᠶᠢᠨ ᠠᠬᠤᠢ ᠲᠠᠯᠠᠪᠠᠢ ᠳᠤ ᠣᠷᠳᠣᠰ ᠤᠨ ᠪᠠᠶᠢᠭᠠᠯᠢ ᠶᠢᠨ ᠲᠧᠭᠨᠢᠢᠡ ᠮᠡᠷᠬᠡᠵᠢᠯ ᠤᠨ ᠰᠤᠷᠭᠠᠭᠤᠯᠢ ᠶᠢᠨ ᠲᠡᠭᠦᠰᠬᠦ ᠰᠤᠷᠤᠭᠴᠢᠳ ᠰᠤᠷᠭᠠᠭᠤᠯᠢ ᠶᠢᠨ ᠪᠠᠭᠰᠢ ᠰᠤᠷᠤᠭᠴᠢᠳ ᠲᠠᠭᠠᠨ ᠲᠣᠭᠯᠠᠯᠲᠠ ᠭᠠᠷᠭᠠᠵᠤ᠂ ︽ᠴᠡᠴᠡᠭ ᠮᠢᠷᠡᠯᠵᠠᠬᠰᠠᠨ ᠳᠤᠮᠳᠠᠳᠤ ᠤᠯᠤᠰ︾᠂ ︽ᠬᠦᠭᠵᠢᠶᠠᠨᠳᠤ ᠲᠠᠯ᠎ᠠ ᠨᠤᠲᠤᠭ ︾ ᠭᠡᠬᠦ ᠪᠦᠵᠢᠭ ᠪᠠ ︽ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠬᠤ︾᠂ ︽ᠨᠣᠮᠢᠨ ᠵᠢᠪᠬᠤᠭ᠎ᠠ︾ ᠵᠡᠷᠭᠡ ᠲᠠᠭᠤᠤ ᠵᠢᠴᠢ ᠬᠤᠪᠢᠰᠬᠠᠯᠳᠤ ᠳᠠᠭᠤᠤ ᠨᠤᠭᠤᠳ ᠢ ᠬᠤᠯᠪᠣᠭᠠᠯᠠᠨ ᠲᠠᠭᠤᠯᠠᠵᠠᠭᠠᠵᠦ᠂ ᠣᠯᠠᠨ ᠤ ᠲᠠᠭᠠᠰᠢᠶᠠᠯ ᠢ ᠣᠯᠤᠬᠰᠠᠨ ᠪᠠᠶᠢᠨ᠎ᠠ᠃
ᠢᠷᠡᠯᠲᠡ᠄ ᠣᠷᠳᠣᠰ ᠮᠣᠩᠭᠤᠯ ᠰᠦᠯᠵᠢᠶ᠎ᠡ