ᠮᠠᠨ ᠤ ᠣᠷᠣᠨ ᠤ ᠬᠤᠨᠢᠨ ᠮᠢᠬᠠᠨ ᠤ ᠭᠠᠷᠤᠯᠲᠠ ᠵᠢᠴᠢ ᠰᠠᠭᠠᠯᠢ ᠶᠢᠨ ᠦᠨᠢᠶᠡᠨ ᠤ ᠲᠤᠭ᠎ᠠ ᠪᠠ ᠰᠦ ᠶᠢᠨ ᠭᠠᠷᠤᠯᠲᠠ ᠪᠥᠬᠦ ᠤᠯᠤᠰ ᠲᠤ ᠨᠢᠭᠡᠳᠦᠭᠡᠷ ᠪᠠᠶᠢᠷᠢᠨ ᠳᠤ ᠲᠣᠳᠤᠷᠠᠪᠠ
ᠨᠡᠶᠢᠲᠡᠯᠡᠭᠰᠡᠨ ᠴᠠᠭ᠄
2020/12/8
         12 ᠳ᠋ᠤᠭᠠᠷ ᠰᠠᠷ᠎ᠠ ᠶᠢᠨ 5 ᠤ ᠡᠳᠦᠷ᠂ ᠢᠯᠢ ᠶᠢᠨ ᠴᠡᠯᠡᠭᠡᠷ ᠲᠠᠯ᠎ᠠ ᠶᠢᠨ ᠰᠣᠳᠣᠨ ᠰᠦ ᠶᠢᠨ ᠰᠠᠭᠤᠷᠢᠨ ᠭᠠᠵᠠᠷ ᠲᠤ 60 ᠰᠠᠭᠠᠯᠢ ᠶᠢᠨ ᠦᠨᠢᠶ᠎ᠡ ᠶᠢ ᠡᠷᠭᠢᠯᠳᠦᠭᠦᠯᠦᠨ ᠰᠠᠭᠠᠬᠤ ᠲᠦᠬᠦᠭᠡᠷᠦᠮᠵᠢ ᠪᠠᠷ ᠬᠠᠮᠲᠤ ᠳᠤᠨᠢ ᠰᠠᠭᠠᠵᠤ ᠪᠠᠶᠢᠪᠠ᠃ ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠤᠨ ᠲᠤᠷᠰᠢ᠂ ᠥᠪᠥᠷ ᠮᠣᠩᠭᠤᠯ ᠨᠢ ᠠᠮᠤ ᠪᠤᠳᠠᠭ᠎ᠠ ᠶᠢ ᠪᠣᠷᠳᠤᠭ᠎ᠠ ᠪᠣᠯᠭᠠᠨ ᠥᠭᠡᠷᠡᠴᠢᠯᠡᠬᠦ ᠲᠤᠷᠰᠢᠯᠲᠠ ᠪᠠᠷ ᠭᠠᠷᠳᠠᠯ ᠪᠣᠯᠭᠠᠵᠤ᠂ ᠲᠡᠵᠢᠭᠡᠬᠦ ᠶᠢᠨ ᠲᠥᠯᠥᠭᠡ ᠲᠠᠷᠢᠬᠤ᠂ ᠲᠠᠷᠢᠵᠤ ᠲᠡᠵᠢᠭᠡᠬᠦ ᠶᠢ ᠤᠶᠠᠯᠳᠤᠭᠤᠯᠬᠤ ᠶᠢ ᠬᠦᠴᠦᠯᠡᠨ ᠠᠬᠢᠭᠤᠯᠵᠤ᠂ ᠲᠠᠷᠢᠵᠤ ᠲᠡᠵᠢᠭᠡᠬᠦ ᠶᠢ ᠬᠠᠷᠢᠯᠴᠠᠨ ᠠᠬᠢᠭᠤᠯᠤᠭᠰᠠᠨ ᠡᠪᠡᠰᠦ ᠪᠡᠯᠴᠢᠭᠡᠷ ᠮᠠᠯ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠭᠪᠤᠷ ᠢ ᠪᠤᠢ ᠪᠣᠯᠭᠠᠨ᠂ ᠥᠪᠥᠷ ᠮᠣᠩᠭᠤᠯ ᠤᠨ ᠣᠳᠣ ᠦᠶ᠎ᠡ ᠶᠢᠨ ᠮᠠᠯ ᠠᠵᠤ ᠠᠬᠤᠢ ᠶᠢᠨ ᠲᠦᠷᠭᠡᠨ ᠬᠥᠭᠵᠢᠯᠲᠡ ᠶᠢ ᠠᠬᠢᠭᠤᠯᠵᠤ᠂ ᠬᠤᠨᠢᠨ ᠮᠢᠬᠠᠨ ᠤ ᠭᠠᠷᠤᠯᠲᠠ ᠵᠢᠴᠢ ᠰᠠᠭᠠᠯᠢ ᠶᠢᠨ ᠦᠨᠢᠶᠡᠨ ᠤ ᠲᠤᠭ᠎ᠠ ᠪᠠ ᠰᠦ ᠶᠢᠨ ᠭᠠᠷᠤᠯᠲᠠ ᠪᠦᠬᠦ ᠤᠯᠤᠰ ᠲᠤ ᠨᠢᠭᠡᠳᠦᠭᠡᠷ ᠪᠠᠶᠢᠷᠢᠨ ᠳᠤ ᠲᠣᠳᠤᠷᠠᠨ᠂ ᠦᠬᠡᠷ ᠤᠨ ᠮᠢᠬᠠᠨ ᠤ ᠭᠠᠷᠤᠯᠲᠠ ᠪᠦᠬᠦ ᠤᠯᠤᠰ ᠲᠤ ᠬᠤᠶᠠᠳᠤᠭᠠᠷ ᠪᠠᠶᠢᠷᠢᠨ ᠳᠤ ᠲᠣᠳᠤᠷᠠᠵᠤ᠂ ᠪᠦᠬᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠪᠦᠲᠦᠴᠡ ᠶᠢ ᠰᠢᠯᠢᠳᠡᠭᠵᠢᠭᠦᠯᠬᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ᠂ ᠠᠵᠤ ᠦᠢᠯᠡᠰ ᠤᠨ ᠳᠡᠰ ᠳᠡᠪᠰᠢᠬᠦ ᠶᠢ ᠲᠦᠯᠬᠢᠨ ᠠᠬᠢᠭᠤᠯᠬᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠡᠷᠡᠭᠯᠡᠭᠡᠨ ᠤ ᠳᠡᠰ ᠳᠡᠪᠰᠢᠬᠦ ᠱᠠᠭᠠᠷᠳᠠᠯᠭ᠎ᠠ ᠶᠢ ᠬᠠᠩᠭᠠᠬᠤ ᠳᠤ ᠪᠠᠲᠤ ᠪᠠᠬᠢ ᠰᠠᠭᠤᠷᠢ ᠶᠢ ᠲᠠᠯᠪᠢᠵᠤ᠂ 2020 ᠣᠨ ᠳᠤ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠠᠮᠤ ᠪᠤᠳᠠᠭ᠎ᠠ ᠶᠢ ᠪᠣᠷᠳᠤᠭ᠎ᠠ ᠪᠣᠯᠭᠠᠨ ᠦᠭᠡᠷᠡᠴᠢᠯᠡᠬᠦ ᠲᠤᠷᠰᠢᠯᠲᠠ ᠶᠢᠨ ᠠᠵᠢᠯ ᠤᠨ ᠬᠢᠨᠠᠨ ᠰᠢᠯᠭᠠᠯᠲᠠ ᠳᠤ ᠪᠥᠬᠦ ᠤᠯᠤᠰ ᠲᠤ ᠲᠡᠷᠢᠭᠦᠯᠡᠪᠡ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ