ᠮᠠᠰᠢᠨᠲᠤ ᠪᠤᠰᠤ ᠲᠡᠷᠭᠡᠨ ᠤ ᠴᠡᠭᠴᠡᠯᠡᠨ ᠵᠠᠰᠠᠬᠤ ᠶᠢ ᠴᠢᠩᠭᠠᠳᠬᠠᠵᠤ  ᠵᠠᠮ ᠬᠠᠷᠢᠯᠴᠠᠭᠠᠨ ᠤ ︽ᠠᠷᠬᠠᠭ ᠭᠡᠮ︾ ᠢ ᠠᠷᠢᠯᠭᠠᠨ᠎ᠠ
ᠨᠡᠶᠢᠲᠡᠯᠡᠭᠰᠡᠨ ᠴᠠᠭ᠄
2020/4/10
       ᠲᠣᠪᠴᠢ ᠲᠠᠨᠢᠯᠴᠠᠭᠤᠯᠭ᠎ᠠ᠄ ᠵᠠᠮ ᠬᠠᠷᠢᠯᠴᠠᠭ᠎ᠠ ᠳᠤ ᠣᠷᠣᠯᠴᠠᠭᠰᠠᠳ ᠤᠨ ᠪᠣᠯᠪᠠᠰᠤᠨ ᠤᠬᠠᠮᠰᠠᠷ ᠳᠤᠲᠠᠮᠠᠭ ᠪᠠ ᠣᠳᠣ ᠶᠢᠨ ᠬᠡᠷᠡᠭᠵᠢᠭᠦᠯᠵᠦ ᠪᠠᠶᠢᠭ᠎ᠠ ᠬᠠᠤᠯᠢ ᠴᠠᠭᠠᠵᠠ ᠬᠠᠤᠯᠢ ᠲᠣᠭᠲᠠᠭᠠᠯ ᠤᠨ ᠰᠢᠢᠳᠭᠡᠭᠦ ᠡᠷᠴᠢᠮ ᠨᠡᠯᠢᠶᠡᠳ ᠪᠠᠭ᠎ᠠ ᠪᠠᠶᠢᠬᠤ ᠳᠠᠪᠬᠤᠷ ᠨᠥᠯᠥᠭᠡ ᠠᠴᠠ ᠪᠣᠯᠵᠣ᠂ ᠮᠠᠰᠢᠨᠲᠤ ᠪᠤᠰᠤ ᠲᠡᠷᠭᠡ ᠶᠢᠨ ᠵᠠᠮ ᠬᠠᠷᠢᠯᠴᠠᠭ᠎ᠠ ᠳᠤ ᠣᠷᠣᠯᠴᠠᠬᠤ ᠳᠤᠷ᠎ᠠ ᠶᠢᠨ ᠴᠢᠨᠠᠷ ᠨᠡᠯᠢᠶᠡᠳ ᠶᠡᠭᠡ᠂ ᠡᠯ᠎ᠡ ᠲᠥᠷᠥᠯ ᠤᠨ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠪᠠ ᠪᠣᠯᠪᠠᠰᠤᠨ ᠪᠤᠰᠤ ᠵᠠᠮ ᠬᠠᠷᠢᠯᠴᠠᠭᠠᠨ ᠤ ᠦᠵᠡᠭᠳᠡᠯ ᠲᠣᠪᠤᠶᠢᠮ᠎ᠠ ᠪᠠᠶᠢᠵᠤ᠂ ᠵᠠᠮ ᠬᠠᠷᠢᠯᠴᠠᠭᠠᠨ ᠤ ᠬᠡᠪ ᠤᠨ ᠡᠮᠬᠢ ᠵᠢᠷᠤᠮ ᠢ ᠲᠦᠢᠯ ᠤᠨ ᠶᠡᠭᠡ ᠪᠠᠷ ᠰᠠᠮᠠᠭᠤᠷᠠᠭᠤᠯᠣᠨ᠂ ᠲᠤᠶᠢᠯ ᠤᠨ ᠠᠮᠠᠷᠬᠠᠨ ᠵᠠᠮ ᠬᠠᠷᠢᠯᠴᠠᠭᠠᠨ ᠤ ᠠᠳᠡᠯ ᠪᠠ ᠵᠠᠮ ᠬᠠᠷᠢᠯᠴᠠᠭᠠᠨ ᠤ ᠲᠦᠭᠵᠢᠷᠡᠯ ᠡᠭᠦᠰᠦᠨ᠎ᠠ᠃  ᠬᠠᠤᠯᠢ ᠶᠣᠰᠣᠭᠠᠷ ᠮᠠᠰᠢᠨᠲᠤ ᠪᠤᠰᠤ ᠲᠡᠷᠭᠡᠨ ᠤ ᠬᠠᠮᠢᠶᠠᠷᠤᠯᠳᠠ ᠶᠢ ᠴᠢᠩᠭᠠᠳᠬᠠᠬᠤ ᠨᠢ ᠬᠤᠲᠠ ᠶᠢᠨ ᠳᠦᠷᠢ ᠲᠥᠷᠬᠦ ᠶᠢ  ᠳᠡᠭᠡᠭᠰᠢᠯᠡᠭᠦᠯᠥᠨ᠂ ᠪᠣᠯᠪᠠᠰᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠶᠢᠨ ᠨᠢᠭᠡᠨ ᠴᠢᠬᠤᠯᠠ  ᠠᠭᠤᠯᠭ᠎ᠠ ᠪᠣᠯᠬᠤ ᠪᠠᠷ ᠪᠠᠷᠠᠬᠤ ᠦᠭᠡᠢ᠂ ᠪᠠᠰᠠ ᠵᠠᠮ ᠬᠠᠷᠢᠯᠴᠠᠭᠠᠨ ᠤ ᠠᠳᠡᠯ ᠢ ᠰᠡᠷᠭᠡᠶᠢᠯᠡᠬᠦ ᠪᠠ ᠪᠠᠭᠠᠰᠬᠠᠵᠤ᠂ ᠬᠥᠮᠦᠰ ᠤᠨ   ᠭᠠᠳᠠᠭᠰᠢ ᠭᠠᠷᠬᠤ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠬᠦ ᠪᠣᠳᠠᠲᠠᠶ ᠠᠷᠭ᠎ᠠ ᠬᠡᠮᠵᠢᠶᠡᠨ ᠤ ᠨᠢᠭᠡ ᠪᠣᠯᠤᠨ᠎ᠠ᠃ ᠡᠭᠦᠨ ᠤ ᠲᠤᠯᠠᠳᠠ᠂ ᠬᠢᠶ᠎ᠠ ᠪᠠᠭᠰᠢ ᠲᠣᠭᠤᠷᠢᠭ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ  ᠮᠠᠰᠢᠨᠲᠤ ᠪᠤᠰᠤ ᠲᠡᠷᠭᠡᠨ ᠤ ᠪᠣᠯᠪᠠᠰᠤᠨ ᠪᠤᠰᠤ ᠵᠠᠮ ᠬᠠᠷᠢᠯᠴᠠᠭᠠᠨ ᠤ ᠦᠢᠯᠡ ᠠᠵᠢᠯᠯᠠᠭ᠎ᠠ ᠶᠢ ᠴᠡᠭᠴᠡᠯᠡᠨ ᠵᠠᠰᠠᠬᠤ ᠠᠵᠢᠯᠯᠠᠭ᠎ᠠ ᠶᠢ ᠢᠳᠡᠪᠬᠢᠲᠡᠶ ᠪᠠᠶᠢᠷᠢᠯᠠᠭᠤᠯᠤᠨ ᠥᠷᠨᠢᠭᠦᠯᠵᠦ᠂ ᠵᠠᠮ ᠬᠠᠷᠢᠯᠴᠠᠭᠠᠨ ᠤ ︽ᠠᠷᠬᠠᠭ ᠬᠡᠮ︾ ᠲᠠᠢ ᠬᠦᠴᠦᠲᠡᠶ ᠵᠠᠷᠯᠠᠪᠠ᠃
        ᠬᠥᠲᠥᠯᠥᠭᠴᠢ᠄ ᠥᠨᠥᠳᠥᠷ᠂ ᠪᠢᠳᠡ ᠬᠢᠶ᠎ᠡ ᠪᠠᠭᠰᠢ ᠲᠣᠭᠤᠷᠢᠭ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠳᠠᠷᠤᠭ᠎ᠠ ᠯᠢ ᠶᠦᠩ ᠱᠧᠩ ᠢ ᠣᠨᠴᠠᠭᠠᠶᠢᠯᠠᠨ ᠤᠷᠢᠵᠤ᠂ ᠮᠠᠰᠢᠨᠲᠤ ᠪᠤᠰᠤ ᠲᠡᠷᠭᠡᠨ ᠤ ᠪᠣᠯᠪᠠᠰᠤᠨ ᠪᠤᠰᠤ ᠵᠠᠮ ᠬᠠᠷᠢᠯᠴᠠᠭᠠᠨ ᠤ ᠦᠢᠯᠡ ᠠᠵᠢᠯᠯᠠᠭ᠎ᠠ ᠶᠢ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠦᠭᠰᠡᠨ ᠪᠠᠶᠢᠳᠠᠯ ᠢ ᠣᠯᠠᠨ ᠳᠤ ᠲᠠᠨᠢᠯᠴᠠᠭᠤᠯᠤᠶ᠎ᠠ᠃  ᠯᠢ ᠳᠠᠷᠤᠭ᠎ᠠ ᠲᠠ ᠰᠠᠶᠢᠨ ᠤᠤ︖ ᠬᠢᠶ᠎ᠡ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ᠰᠤᠷᠪᠤᠯᠵᠢᠯᠠᠭ᠎ᠠ ᠶᠢᠨ ᠶᠠᠷᠢᠯᠴᠠᠭᠠᠨ ᠳᠤ ᠮᠣᠷᠢᠯᠠᠨ ᠰᠠᠭᠠᠲᠠᠭᠰᠠᠨ ᠢ ᠪᠠᠶᠠᠷᠯᠠᠨ ᠤᠭᠲᠤᠵᠤ ᠪᠠᠶᠢᠨ᠎ᠠ᠃         ᠯᠢ ᠶᠦᠩ ᠱᠧᠩ᠄ ᠬᠥᠲᠥᠯᠥᠭᠴᠢ ᠰᠠᠶᠢᠨ ᠤᠤ᠂ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ᠂ ᠬᠢᠶ᠎ᠡ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ᠰᠤᠷᠪᠤᠯᠵᠢᠯᠠᠭ᠎ᠠ ᠶᠢᠨ ᠶᠠᠷᠢᠯᠴᠠᠭᠠᠨ ᠳᠤ  ᠬᠦᠷᠴᠦ ᠢᠷᠡᠭᠰᠡᠨ ᠳᠤ ᠮᠠᠰᠢ ᠪᠠᠶᠠᠷᠲᠠᠶ ᠪᠠᠶᠢᠨ᠎ᠠ᠃         ᠬᠥᠲᠥᠯᠥᠭᠴᠢ᠄ ᠯᠢ ᠳᠠᠷᠤᠭ᠎ᠠ ᠲᠠ ᠮᠠᠨ ᠤ ᠥᠷᠭᠡᠨ ᠣᠯᠠᠨ ᠰᠦᠯᠵᠢᠶᠡᠨ ᠠᠨᠳᠠ ᠨᠠᠷ ᠲᠤ ᠮᠠᠰᠢᠨᠲᠤ ᠪᠤᠰᠤ ᠳᠡᠷᠭᠡᠨ ᠳᠤ ᠦᠷᠬᠦᠯᠵᠢ ᠶᠠᠮᠠᠷ ᠶᠠᠮᠠᠷ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠪᠠᠶᠢᠵᠦ᠂ ᠲᠠᠳᠡᠨ ᠤ ᠭᠤᠤᠯ ᠬᠤᠤᠷ ᠬᠥᠨᠥᠭᠡᠯ   ᠢ ᠲᠠᠨᠢᠯᠴᠠᠭᠤᠯᠵᠦ ᠥᠭᠬᠦᠨ᠎ᠡ ᠤᠤ︖         ᠯᠢ ᠶᠦᠩ ᠱᠧᠩ᠄ ᠮᠠᠰᠢᠨᠲᠤ ᠪᠤᠰᠤ ᠲᠡᠷᠭᠡ ᠳᠥᠭᠦᠮ ᠳᠥᠲᠡ᠂  ᠵᠠᠷᠤᠳᠠᠯ ᠪᠠᠭ᠎ᠠ ᠵᠡᠷᠭᠡ ᠳᠠᠪᠠᠭᠤᠯᠢᠭ ᠲᠠᠯ᠎ᠠ ᠲᠠᠢ᠂ ᠢᠯᠠᠩᠭᠤᠶ᠎ᠠ ᠬᠠᠮᠲᠤ ᠡᠳ᠋ᠯᠡᠬᠦ ᠳᠤᠭᠤᠶ ᠲᠡᠷᠭᠡᠨ APP ᠶᠡᠭᠡ ᠪᠠᠷ ᠳᠡᠯᠭᠡᠷᠡᠵᠦ᠂ ᠲᠦᠷᠭᠡᠨ ᠬᠦᠷᠭᠡᠯᠳᠡ ᠂  ᠵᠠᠭᠢᠶᠠᠯᠠᠯᠭ᠎ᠠ ᠶᠢᠨ ᠬᠤᠭᠤᠯᠠ ᠵᠡᠷᠭᠡ ᠶᠢᠨ ᠬᠦᠭᠵᠢᠯᠳᠡ ᠠᠴᠠ ᠪᠣᠯᠵᠦ᠂ ᠮᠠᠰᠢᠨᠲᠤ ᠪᠤᠰᠤ ᠲᠡᠷᠭᠡᠨ ᠤ ᠵᠠᠮ ᠬᠠᠷᠢᠯᠴᠠᠭᠠᠨ ᠤ ᠳᠤᠮᠳᠠ ᠡᠵᠡᠯᠡᠬᠦ  ᠬᠠᠷᠢᠴᠠᠯ ᠨᠢ ᠤᠯᠠᠮ ᠶᠡᠬᠡᠰᠴᠦ ᠪᠠᠶᠢᠨ᠎ᠠ᠃ ᠭᠡᠪᠡᠴᠦ ᠵᠠᠮ ᠬᠠᠷᠢᠯᠴᠠᠭ᠎ᠠ ᠳᠤ ᠣᠷᠣᠯᠴᠠᠭᠰᠠᠳ ᠤᠨ ᠪᠣᠯᠪᠠᠰᠤᠨ ᠤᠬᠠᠮᠰᠠᠷ ᠳᠤᠲᠠᠮᠠᠭ ᠪᠠ ᠣᠳᠣ ᠶᠢᠨ ᠬᠡᠷᠡᠭᠵᠢᠭᠦᠯᠵᠦ ᠪᠠᠶᠢᠭ᠎ᠠ ᠬᠠᠤᠯᠢ ᠴᠠᠭᠠᠵᠠ ᠬᠠᠤᠯᠢ ᠲᠣᠭᠲᠠᠭᠠᠯ ᠤᠨ ᠰᠢᠢᠳᠭᠡᠭᠦ ᠡᠷᠴᠢᠮ ᠨᠡᠯᠢᠶᠡᠳ ᠪᠠᠭ᠎ᠠ ᠪᠠᠶᠢᠬᠤ ᠳᠠᠪᠬᠤᠷ ᠨᠥᠯᠥᠭᠡ ᠠᠴᠠ ᠪᠣᠯᠵᠣ᠂ ᠮᠠᠰᠢᠨᠲᠤ ᠪᠤᠰᠤ ᠲᠡᠷᠭᠡ ᠶᠢᠨ ᠵᠠᠮ ᠬᠠᠷᠢᠯᠴᠠᠭ᠎ᠠ ᠳᠤ ᠣᠷᠣᠯᠴᠠᠬᠤ ᠳᠤᠷ᠎ᠠ ᠶᠢᠨ ᠴᠢᠨᠠᠷ ᠨᠡᠯᠢᠶᠡᠳ ᠶᠡᠭᠡ᠂ ᠤᠯᠠᠭᠠᠨ ᠳ᠋ᠧᠩ ᠢ ᠳᠠᠭᠠᠷᠢᠬᠤ᠂ ᠰᠥᠷᠴᠦ ᠶᠠᠪᠤᠬᠤ᠂ ᠬᠠᠤᠯᠢ ᠠᠴᠠ ᠵᠥᠷᠢᠴᠡᠨ ᠬᠥᠮᠦᠨ  ᠪᠠᠷᠠᠭ᠎ᠠ ᠠᠴᠢᠶᠠᠯᠠᠬᠤ᠂ ᠮᠠᠰᠢᠨ ᠲᠡᠷᠭᠡᠨ ᠤ ᠵᠠᠮ ᠢ ᠡᠵᠡᠯᠡᠨ ᠬᠡᠷᠡᠭᠯᠡᠬᠦ᠂ ᠳᠤᠷ᠎ᠠ ᠪᠠᠷ ᠢᠶᠠᠨ ᠵᠣᠭᠰᠣᠭᠠᠬᠤ ᠵᠡᠷᠭᠡ ᠡᠯ᠎ᠡ ᠲᠥᠷᠥᠯ ᠤᠨ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠪᠠ ᠪᠣᠯᠪᠠᠰᠤᠨ ᠪᠤᠰᠤ ᠵᠠᠮ ᠬᠠᠷᠢᠯᠴᠠᠭᠠᠨ ᠤ ᠦᠵᠡᠭᠳᠡᠯ ᠲᠣᠪᠤᠶᠢᠮ᠎ᠠ  ᠪᠠᠶᠢᠨ᠎ᠠ᠃ ᠡᠳᠡᠭᠡᠷ ᠦᠵᠡᠭᠳᠡᠯ ᠤᠨ ᠶᠡᠭᠡ ᠪᠠᠷ ᠣᠷᠣᠰᠢᠵᠦ ᠪᠠᠶᠢᠬᠤ ᠨᠢ ᠨᠢᠭᠡ ᠲᠠᠯ᠎ᠠ ᠪᠠᠷ ᠵᠠᠮ ᠬᠠᠷᠢᠯᠴᠠᠭᠠᠨ ᠤ ᠬᠡᠪ ᠤᠨ ᠡᠮᠬᠢ ᠵᠢᠷᠤᠮ ᠢ ᠲᠦᠢᠯ ᠤᠨ ᠶᠡᠭᠡ ᠪᠠᠷ ᠰᠠᠮᠠᠭᠤᠷᠠᠭᠤᠯᠵᠤ᠂ ᠵᠠᠮ ᠬᠠᠷᠢᠯᠴᠠᠭᠠᠨ ᠤ ᠠᠳᠡᠯ ᠪᠠ ᠵᠠᠮ ᠬᠠᠷᠢᠯᠴᠠᠭᠠᠨ ᠤ ᠲᠦᠭᠵᠢᠷᠡᠯ ᠢ ᠲᠦᠢᠯ ᠤᠨ ᠠᠮᠠᠷᠬᠠᠨ ᠪᠣᠶ ᠪᠣᠯᠭᠠᠵᠤ᠂ ᠨᠥᠭᠦᠭᠡ ᠲᠠᠯ᠎ᠠ ᠪᠠᠷ ᠪᠠᠰᠠ ᠮᠠᠨ ᠤ ᠬᠤᠲᠠ ᠶᠢᠨ ᠳᠦᠷᠰᠦ ᠪᠠᠶᠢᠳᠠᠯ ᠢ ᠲᠦᠢᠯ ᠤᠨ ᠶᠡᠭᠡ ᠪᠠᠷ ᠨᠥᠯᠥᠭᠡᠯᠡᠵᠦ ᠪᠠᠶᠢᠨ᠎ᠠ᠃ ᠡᠭᠦᠨ ᠤ ᠬᠠᠮᠲᠤ᠂ ᠮᠠᠰᠢ ᠣᠯᠠᠨ ᠮᠠᠰᠢᠨᠲᠤ ᠪᠤᠰᠤ ᠲᠡᠷᠭᠡᠨ ᠤ ᠵᠢᠯᠣᠭᠤᠴᠢ ᠳᠠᠭᠠᠳᠬᠠᠯ ᠬᠤᠳᠠᠯᠳᠤᠨ ᠠᠪᠤᠭᠰᠠᠨ ᠦᠭᠡᠢ᠂ ᠵᠠᠮ ᠬᠠᠷᠢᠯᠴᠠᠭᠠᠨ ᠤ ᠠᠳᠡᠯ ᠭᠠᠷᠤᠪᠠᠯ ᠯᠤᠲᠤ ᠶᠡᠭᠡ ᠠᠵᠤ ᠠᠬᠤᠶ ᠶᠢᠨ ᠬᠤᠬᠢᠷᠠᠯ ᠲᠣᠯᠭᠠᠷᠠᠨ᠎ᠠ᠂ ᠡᠶᠢᠮᠦ ᠠᠴᠠ ᠮᠠᠰᠢᠨᠲᠤ ᠪᠤᠰᠤ ᠲᠡᠷᠭᠡ ᠬᠠᠤᠯᠢ ᠶᠢ ᠵᠥᠷᠢᠴᠡᠪᠡᠯ ᠲᠦᠢᠯ ᠤᠨ ᠶᠡᠭᠡ ᠬᠤᠣᠷ ᠬᠥᠨᠥᠭᠡᠯ ᠲᠠᠢ᠃         ᠬᠥᠲᠥᠯᠥᠭᠴᠢ᠄ ᠬᠢᠶ᠎ᠠ ᠪᠠᠭᠰᠢ ᠲᠣᠭᠤᠷᠢᠭ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠮᠠᠰᠢᠨᠲᠤ ᠪᠤᠰᠤ ᠲᠡᠷᠭᠡᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠡᠭᠴᠡᠯᠡᠨ ᠵᠠᠰᠠᠬᠤ ᠠᠵᠢᠯᠯᠠᠭ᠎ᠠ ᠳᠤ ᠭᠤᠤᠯᠳᠠᠭᠤ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠶ︖         ᠯᠢ ᠶᠦᠩ ᠱᠧᠩ᠄ ᠮᠠᠰᠢᠨᠲᠤ ᠪᠤᠰᠤ ᠲᠡᠷᠭᠡ ᠶᠢ ᠵᠠᠰᠠᠵᠦ ᠴᠡᠭᠴᠡᠯᠡᠬᠦ ᠠᠵᠢᠯ ᠨᠢ ᠥᠷᠯᠥᠭᠡ ᠦᠳᠡᠰᠢ ᠶᠢᠨ ᠬᠤᠭᠤᠷᠣᠨᠳᠦ ᠠᠮᠵᠢᠯᠳᠠ ᠣᠯᠵᠦ᠂ ᠨᠢᠭᠡ ᠯᠡ ᠳᠡᠭᠡᠷ᠎ᠡ ᠪᠦᠲᠦᠭᠡᠴᠢᠬᠡᠬᠦ ᠠᠵᠢᠯ ᠪᠢᠰᠢ᠂ ᠬᠠᠷᠢᠨ ᠣᠷᠳᠣ ᠬᠤᠭᠤᠴᠠᠭ᠎ᠠ ᠪᠠᠷ ᠪᠠᠷᠢᠮᠲᠠᠯᠠᠵᠤ᠂  ᠠᠯᠬᠤᠮ ᠳᠠᠷᠠᠭ᠎ᠠ ᠲᠠᠢ ᠤᠷᠤᠭᠰᠢᠯᠠᠭᠤᠯᠬᠤ ᠠᠵᠢᠯ ᠪᠣᠯᠤᠨ᠎ᠠ᠃ ᠬᠢᠶ᠎ᠠ ᠪᠠᠭᠰᠢ ᠲᠣᠭᠤᠷᠢᠭ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠨᠢ ᠬᠢᠶ᠎ᠠ ᠪᠠᠭᠰᠢ ᠲᠣᠭᠤᠷᠢᠭ ᠤᠨ ᠪᠣᠳᠠᠲᠤ ᠪᠠᠶᠢᠳᠠᠯ ᠢ ᠦᠨᠳᠦᠰᠦᠯᠡᠨ᠂ ᠬᠢᠶ᠎ᠠ ᠪᠠᠭᠰᠢ ᠲᠣᠭᠤᠷᠢᠭ ᠤᠨ ᠵᠢᠯᠣᠭᠤᠴᠢ ᠳᠤ ᠲᠣᠬᠢᠷᠠᠬᠤ ᠬᠠᠮᠢᠶᠠᠷᠤᠯᠲᠠ ᠶᠢᠨ ᠠᠷᠭ᠎ᠠ ᠶᠢ ᠠᠯᠬᠤᠮ ᠠᠯᠬᠤᠮ ᠢᠶᠠᠷ ᠰᠦᠪᠡᠭᠴᠢᠯᠡᠨ ᠭᠠᠷᠭᠠᠪᠠ᠃ ᠨᠢᠭᠡ᠂ ᠴᠢᠩᠭ᠎ᠠ ᠴᠣᠬᠢᠯᠲᠠ ᠥᠭᠬᠦ ᠶᠢ ᠪᠠᠷᠢᠮᠲᠠᠯᠠᠪᠠ ᠪᠢᠳᠡ ᠬᠠᠷᠠᠭᠤᠯ ᠦᠢᠯᠡᠴᠢᠯᠡᠭᠡ᠂  ᠵᠠᠮ ᠤᠨ ᠦᠢᠯᠡᠴᠢᠯᠡᠭᠡ ᠵᠢᠴᠢ ᠣᠨᠴᠠ ᠡᠭᠦᠷᠭᠡ ᠭᠦᠢᠴᠡᠳᠭᠡᠭᠦ ᠳᠤᠮᠳᠠ ᠠᠩᠭᠢ ᠶᠢ ᠰᠢᠨᠵᠢᠯᠡᠬᠦ ᠤᠬᠠᠭᠠᠨᠴᠢ ᠪᠠᠷ ᠦᠢᠯᠡᠴᠢᠯᠡᠭᠡᠨ ᠢ ᠲᠣᠬᠢᠷᠠᠭᠤᠯᠵᠤ᠂ ᠴᠠᠭ   ᠵᠥᠷᠢᠭᠦᠯᠵᠦ ᠬᠠᠣᠯᠢ ᠭᠡᠷᠡᠭᠵᠢᠭᠦᠯᠥᠨ᠂ ᠮᠣᠲ᠋ᠣᠷ ᠢᠶᠠᠷ ᠲᠣᠭᠤᠷᠢᠨ ᠴᠠᠭᠳᠠᠬᠤ ᠵᠡᠷᠭᠡ ᠠᠷᠭ᠎ᠠ ᠮᠠᠶ᠋ᠢᠭ ᠢ ᠠᠮᠢᠳᠤᠯᠢᠭ ᠢᠶᠠᠷ ᠬᠡᠷᠡᠭᠯᠡᠵᠦ᠂ ᠪᠠᠶᠢᠴᠠᠭᠠᠯᠲᠠ ᠶᠢᠨ ᠨᠢᠭᠲᠠᠴᠠ᠂ ᠳᠠᠪᠲᠠᠮᠵᠢ ᠪᠠ ᠦᠷ᠎ᠡ ᠪᠦᠲᠦᠮᠵᠢ ᠪᠠᠨ ᠳᠡᠭᠡᠭᠰᠢᠯᠡᠬᠦᠯᠦᠨ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠲᠠᠢ ᠮᠠᠰᠢᠨᠲᠤ ᠪᠤᠰᠤ ᠲᠡᠷᠭᠡ ᠶᠢ ᠬᠠᠤᠯᠢ ᠶᠣᠰᠣᠭᠠᠷ ᠴᠢᠩᠭ᠎ᠠ ᠵᠢᠷᠤᠮᠯᠠᠨ ᠰᠢᠳᠬᠡᠨ ᠲᠤᠷᠭᠠᠨ᠎ᠠ᠃ ᠬᠤᠶᠠᠷ᠂ ᠬᠠᠮᠢᠶᠠᠷᠤᠯᠲᠠ ᠶᠢ ᠰᠢᠨᠡᠴᠢᠯᠡᠪᠠ᠃ ᠨᠢᠭᠡ ᠳᠤ ᠮᠠᠰᠢᠨᠲᠤ ᠪᠤᠰᠤ ᠲᠡᠷᠭᠡ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠥᠷᠢᠯᠡᠭᠰᠡᠨ ᠳᠠᠷᠠᠭ᠎ᠠ᠂ ᠲᠡᠷᠭᠡ ᠶᠢ ᠬᠤᠴᠣᠷᠭᠠᠨ ᠠᠪᠬᠤ ᠠᠯᠪᠠᠳᠠᠯᠭ᠎ᠠ ᠶᠢᠨ ᠭᠡᠷᠡᠴᠢ ᠪᠠᠷᠢᠮᠲᠠ ᠭᠠᠷᠭᠠᠨ᠂ ᠲᠦᠷ ᠦᠯᠡᠳᠡᠭᠡᠨ ᠠᠪᠤᠭᠰᠠᠨ ᠲᠡᠷᠭᠡ ᠶᠢ ᠨᠢ ᠬᠠᠤᠯᠢ ᠬᠡᠷᠡᠭᠵᠢᠭᠦᠯᠬᠦ ᠦᠢᠯᠡᠴᠢᠯᠡᠭᠡᠨ ᠤ ᠲᠥᠪ ᠲᠤ ᠰᠢᠯᠵᠢᠭᠦᠯᠦᠨ ᠲᠤᠰᠢᠶᠠᠵᠤ᠂  ᠵᠢᠯᠣᠭᠤᠴᠢ ᠶᠢ ᠨᠢ ᠬᠤᠶᠠᠷ ᠡᠳᠦᠷ ᠬᠠᠤᠯᠢ ᠴᠠᠭᠠᠵᠠ ᠶᠢᠨ ᠮᠡᠳᠡᠯᠭᠡ ᠲᠦᠪᠯᠡᠷᠡᠭᠦᠯᠦᠨ ᠰᠣᠷᠣᠯᠴᠠᠭᠤᠯᠵᠤ  ᠨᠢᠭᠡ ᠡᠳᠦᠷ ᠵᠠᠮ ᠤᠨ ᠠᠭᠤᠯᠵᠠᠷ ᠤᠨ ᠦᠢᠯᠡᠳᠥᠯᠬᠡ  ᠬᠢᠯᠭᠡᠨ᠂ ᠰᠤᠷᠤᠯᠴᠠᠵᠤ ᠳᠠᠭᠤᠰᠤᠭᠰᠠᠨ ᠳᠠᠷᠠᠭ᠎ᠠ ᠣᠨᠣᠯ ᠤᠨ ᠰᠢᠯᠭᠠᠯᠲᠠ ᠬᠢᠵᠦ᠂ ᠰᠢᠯᠭᠠᠯᠲᠠ ᠳᠤ ᠬᠢᠷᠢ ᠲᠡᠩᠴᠡᠪᠡᠯ ᠰᠠᠶ᠋ᠢ ᠲᠡᠷᠭᠡ ᠬᠥᠰᠬᠡ ᠶᠢ ᠪᠤᠴᠠᠭᠠᠨ᠎ᠠ᠃ ᠬᠤᠶᠠᠷ ᠲᠤ ᠲᠦᠷᠭᠡᠨ ᠬᠦᠷᠭᠡᠯᠳᠡ ᠵᠢᠴᠢ ᠵᠠᠭᠢᠶᠠᠯᠠᠯᠭ᠎ᠠ ᠶᠢᠨ ᠬᠤᠭᠤᠯᠠᠨ ᠤ ᠲᠡᠷᠭᠡ ᠬᠥᠰᠬᠡ ᠳᠤ ︽ᠨᠢᠭᠡ ᠲᠡᠷᠭᠡ ᠨᠢᠭᠡ ᠲᠠᠩᠰᠠ᠂ ᠨᠢᠭᠡ ᠬᠥᠮᠦᠨ ᠨᠢᠭᠡ ᠲᠠᠩᠰᠠ︾ ᠶᠢᠨ ᠡᠷᠦᠬᠡ ᠠᠮᠠ ᠶᠢᠨ  ᠳᠠᠩᠰᠠᠴᠢᠯᠬᠠᠰᠠᠨ ᠬᠠᠮᠢᠶᠠᠷᠤᠯᠲᠠ ᠶᠢᠨ ᠠᠷᠭ᠎ᠠ ᠭᠡᠷᠡᠭᠵᠢᠬᠦᠯᠦᠭᠰᠡᠨ  ᠪᠥᠭᠡᠳ ᠲᠡᠷᠭᠡ ᠬᠥᠰᠬᠡ ᠶᠢᠨ ᠳ᠋ᠤᠭᠠᠷᠯᠠᠯ ᠢ ᠨᠢᠭᠡᠳᠦᠯᠲᠡᠶ  ᠵᠢᠷᠤᠵᠤ ᠲᠥᠯᠥᠪᠯᠡᠨ ᠲᠡᠷᠭᠡ ᠬᠥᠰᠬᠡ ᠶᠢᠨ ᠨᠢᠭᠡᠳᠦᠯᠲᠡᠶ ᠣᠷᠣᠨ ᠪᠠᠶᠢᠷᠢ ᠳᠤ ᠡᠯᠭᠦᠵᠦ᠂ ᠰᠦᠷᠴᠢᠨ ᠳᠦᠷᠬᠢᠬᠦ ᠶᠢ ᠱᠠᠭᠠᠷᠳᠠᠪᠠ᠃ ᠭᠤᠷᠪᠠ ᠳᠤ᠂ ᠲᠦᠷᠭᠡᠨ ᠬᠦᠷᠭᠡᠯᠳᠡ ᠵᠢᠴᠢ ᠵᠠᠭᠢᠶᠠᠯᠠᠯᠭ᠎ᠠ ᠶᠢᠨ ᠬᠤᠭᠤᠯᠠᠨ ᠤ ᠠᠵᠤ ᠠᠬᠤᠶᠢᠯᠠᠯ ᠢ ᠳᠣᠲᠣᠭᠠᠳᠤ ᠶᠢᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠠᠶᠢᠭᠤᠯᠤᠨ ᠲᠡᠭᠦᠯᠳᠡᠷᠵᠢᠬᠦᠯᠵᠦ  ᠬᠠᠷᠢᠶ᠎ᠠ ᠪᠥᠬᠦᠶ ᠬᠥᠮᠦᠰ ᠵᠢᠴᠢ ᠮᠠᠰᠢᠨᠲᠤ ᠪᠤᠰᠤ ᠲᠡᠷᠭᠡᠨ ᠤ  ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠶᠢ ᠱᠠᠭᠠᠷᠳᠠᠪᠠ᠃ ᠭᠤᠷᠪᠠ᠂ ᠤᠬᠠᠭᠤᠯᠭ᠎ᠠ ᠶᠢ ᠴᠢᠩᠭᠠᠳᠬᠠᠪᠠ᠃ ᠤᠯᠠᠮᠵᠢᠯᠠᠯᠲᠤ ᠵᠠᠭᠤᠴᠢᠯᠠᠭᠤᠷ ᠪᠠ ᠰᠢᠨ᠎ᠡ ᠵᠠᠭᠤᠴᠢᠯᠠᠭᠤᠷ ᠢ ᠥᠷᠭᠡᠨ ᠢᠶᠠᠷ ᠬᠡᠷᠡᠭᠯᠡᠵᠦ᠂ ᠴᠡᠭᠴᠡᠯᠡᠨ ᠵᠠᠰᠠᠬᠤ ᠠᠵᠢᠯ ᠤᠨ ᠭᠤᠤᠯᠳᠠᠯᠭ᠎ᠠ ᠲᠠᠢ ᠤᠶᠠᠯᠳᠤᠭᠤᠯᠤᠨ᠂ ᠤᠬᠠᠭᠤᠯᠤᠨ ᠰᠠᠨᠠᠭᠤᠯᠬᠤ᠂ ᠬᠡᠷᠡᠭ ᠤᠨ ᠵᠢᠱᠢᠶ᠎ᠡ ᠪᠠᠷ ᠰᠡᠷᠡᠮᠵᠢᠯᠡᠬᠦᠯᠬᠦ᠂  ᠦᠢᠯᠡᠴᠢᠯᠡᠭᠡ ᠪᠠᠷ ᠮᠡᠳᠡᠭᠳᠡᠬᠦ ᠠᠵᠢᠯ ᠢ ᠭᠦᠨᠵᠡᠭᠡᠶ ᠥᠷᠨᠢᠭᠦᠯᠦᠨ᠎ᠡ᠃ ᠸᠢᠴᠠᠲ ᠵᠢᠴᠢ ᠪᠢᠴᠢᠯ ᠪᠥᠷᠬᠡ ᠵᠡᠷᠭᠡ ᠲᠠᠪᠴᠠᠩ ᠢ ᠲᠦᠰᠢᠭᠯᠡᠨ ᠭᠤᠤᠯᠳᠠᠯᠭ᠎ᠠ ᠲᠠᠢ ᠵᠢᠯᠣᠭᠤᠴᠢ ᠳᠤ ᠰᠠᠨᠠᠭᠤᠯᠤᠮᠵᠢ ᠶᠢᠨ ᠣᠬᠤᠷ ᠮᠡᠳᠡᠭᠡ ᠶᠠᠪᠤᠭᠤᠯᠬᠤ᠂ ᠲᠧᠯᠸᠢᠰ ᠬᠤᠷᠢᠶ᠎ᠠ ᠪᠠᠷ ᠳᠠᠮᠵᠢᠭᠤᠯᠤᠨ ᠳᠡᠯᠭᠡᠴᠡ ᠶᠢᠨ ᠦᠰᠦᠭ ᠢ ᠨᠡᠪᠲᠡᠷᠡᠭᠦᠯᠬᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠴᠣᠩᠬᠤᠨ ᠤ ᠨᠢᠭᠡᠴᠡ᠂ ᠬᠥᠮᠦᠰ ᠨᠢᠭᠲᠠᠷᠠᠭᠰᠠᠨ ᠣᠷᠣᠨ ᠳᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠡᠷᠭᠡ ᠠᠷᠭ᠎ᠠ  ᠪᠠᠷᠢᠯ ᠢᠶᠠᠷ ᠤᠬᠠᠭᠤᠯᠭ᠎ᠠ ᠰᠠᠨᠠᠭᠤᠯᠤᠮᠵᠢ ᠶᠢ ᠴᠢᠩᠭᠠᠷᠠᠭᠤᠯᠵᠠᠢ᠃         ᠬᠥᠲᠥᠯᠥᠭᠴᠢ᠄ ᠯᠢ ᠳᠠᠷᠤᠭ᠎ᠠ ᠶᠢᠨ ᠲᠠᠨᠢᠯᠴᠠᠭᠤᠯᠭ᠎ᠠ ᠶᠢ ᠰᠣᠨᠣᠰᠤᠭᠠᠳ᠂ ᠣᠯᠠᠨ ᠢᠶᠠᠷ ᠢᠶᠠᠨ ᠮᠠᠰᠢᠨᠲᠤ ᠪᠤᠰᠤ ᠲᠡᠷᠭᠡᠨ ᠤ  ᠬᠠᠣᠯᠢ ᠠᠴᠠ ᠵᠥᠷᠢᠴᠡᠭᠰᠡᠨ ᠠᠵᠢᠯᠯᠠᠭ᠎ᠠ ᠶᠢᠨ ᠬᠤᠤᠷ ᠬᠥᠨᠥᠭᠡᠯ ᠢ ᠨᠡᠯᠢᠶᠡᠳ ᠪᠦᠬᠦ ᠲᠠᠯ᠎ᠠ ᠪᠠᠷ ᠣᠶᠢᠯᠠᠭᠠᠪᠠ᠃ ᠰᠠᠶᠢᠨ ᠰᠠᠶᠢᠬᠠᠨ ᠵᠠᠮ ᠬᠠᠷᠢᠯᠴᠠᠭᠠᠨ ᠤ ᠡᠮᠬᠢ ᠵᠢᠷᠤᠮ ᠨᠢ ᠣᠯᠠᠨ ᠤ ᠣᠷᠣᠯᠴᠠᠯᠭ᠎ᠠ ᠶᠢ ᠲᠥᠰᠢᠭᠯᠡᠨ᠎ᠡ ᠂ ᠠᠮᠤᠷ ᠲᠥᠪᠰᠢᠨ ᠪᠥᠭᠡᠳ ᠰᠠᠭᠠᠳ ᠥᠬᠡᠶ ᠵᠠᠮ ᠬᠠᠷᠢᠯᠴᠠᠭᠠᠨ ᠤ ᠣᠷᠴᠢᠨ  ᠲᠣᠭᠤᠷᠢᠨ ᠨᠢ ᠪᠠᠰᠠ ᠣᠯᠠᠨ ᠤ ᠬᠠᠮᠠᠭᠠᠯᠠᠬᠤ ᠶᠢ ᠲᠥᠰᠢᠭᠯᠡᠨ᠎ᠡ  ᠂ ᠠᠳᠡ ᠪᠢᠳᠡ ᠪᠠᠰᠠ ᠥᠷᠭᠡᠨ ᠣᠯᠠᠨ ᠰᠠᠭᠤᠭᠠᠯᠢ ᠠᠷᠠᠳ ᠢ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠠᠮᠤᠷ ᠲᠦᠪᠰᠢᠨ ᠪᠣᠯᠪᠠᠰᠤᠨ ᠢᠶᠠᠷ ᠵᠠᠮ ᠬᠠᠷᠢᠯᠴᠠᠭ᠎ᠠ   ᠳᠤ  ᠣᠷᠣᠯᠴᠠᠨ᠂ ᠰᠠᠶᠢᠨ ᠰᠠᠶᠢᠬᠠᠨ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠬᠠᠮᠲᠤ ᠪᠠᠷ  ᠪᠤᠢ  ᠪᠣᠯᠭᠠᠶ᠎ᠠ ᠭᠡᠵᠦ ᠤᠷᠢᠶᠠᠯᠠᠵᠤ ᠪᠠᠶᠢᠨ᠎ᠠ᠃ ᠯᠢ ᠳᠠᠷᠤᠭ᠎ᠠ ᠶᠢᠨ ᠥᠨᠥᠳᠦᠷ  ᠤᠨ ᠰᠦᠯᠵᠢᠶᠡᠨ ᠥᠷᠲᠡᠭᠡ ᠶᠢᠨ ᠰᠤᠷᠪᠤᠯᠵᠢᠯᠠᠭ᠎ᠠ ᠶᠢᠨ ᠶᠠᠷᠢᠯᠴᠠᠭᠠᠨ  ᠬᠦᠷᠴᠦ ᠢᠷᠡᠭᠰᠡᠨ ᠳᠤ ᠮᠠᠰᠢ ᠲᠠᠯᠠᠷᠬᠠᠵᠤ ᠪᠠᠶᠢᠨ᠎ᠠ᠂ ᠰᠦᠯᠵᠢᠶᠡᠨ ᠤ ᠠᠨᠳᠠ ᠨᠠᠷ ᠤᠨ ᠠᠩᠬᠠᠷᠤᠯ ᠳᠤ ᠲᠠᠯᠠᠷᠬᠠᠵᠤ ᠪᠠᠶᠢᠨ᠎ᠠ᠂ ᠲᠣᠰ  ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠃
ᠢᠷᠡᠯᠲᠡ᠄ ᠲᠤᠰ ᠰᠦᠯᠵᠢᠶ᠎ᠡ