ᠬᠢᠶ᠎ᠠ ᠪᠠᠭᠰᠢ ᠲᠣᠭᠤᠷᠢᠭ ᠤᠨ ᠠᠯᠪᠠᠲᠠᠨ ᠤ ᠡᠮᠴᠢᠯᠡᠭᠡᠨ ᠤ ᠳᠣᠰᠠᠯᠠᠮᠵᠢ  ᠶᠢᠨ ᠠᠷᠭ᠎ᠠ
ᠨᠡᠶᠢᠲᠡᠯᠡᠭᠰᠡᠨ ᠴᠠᠭ᠄
2020/4/16
ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂  ᠰᠠᠯᠠᠭ᠎ᠠ ᠮᠥᠴᠢᠷ᠂  ᠰᠢᠭᠤᠳ ᠬᠠᠮᠢᠶᠠᠷᠤᠯᠳᠠ ᠶᠢᠨ ᠰᠠᠯᠠᠭ᠎ᠠ ᠮᠥᠴᠢᠷ᠄            ︽ᠬᠢᠶ᠎ᠠ ᠪᠠᠭᠰᠢ ᠲᠣᠭᠤᠷᠢᠭ ᠤᠨ ᠠᠯᠪᠠᠲᠠᠨ ᠤ  ᠡᠮᠴᠢᠯᠡᠭᠡᠨ ᠤ ᠳᠣᠰᠠᠯᠠᠮᠵᠢ   ᠶᠢᠨ ᠠᠷᠭ᠎ᠠ  ︾ ᠶᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠵᠢᠷᠤᠮᠯᠠᠨ ᠬᠡᠷᠡᠭᠵᠢᠭᠦᠯᠲᠦᠭᠡᠶ᠃                                          ᠣᠷᠳᠣᠰ ᠬᠤᠲᠠ ᠶᠢᠨ ᠬᠢᠶ᠎ᠡ ᠪᠠᠭᠰᠢ ᠲᠣᠭᠤᠷᠢᠭ ᠤᠨ                                           ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                             2019 ᠣᠨ ᠤ 7 ᠰᠠᠷ᠎ᠠ ᠶᠢᠨ 30 ᠤ ᠡᠳᠦᠷ           ᠬᠢᠶ᠎ᠠ  ᠪᠠᠭᠰᠢ  ᠲᠣᠭᠤᠷᠢᠭ ᠤᠨ ᠠᠯᠪᠠᠲᠠᠨ ᠤ ᠡᠮᠴᠢᠯᠡᠭᠡᠨ ᠤ ᠳᠣᠰᠠᠯᠠᠮᠵᠢ  ᠵᠢᠨ‌ᠠᠷᠭ᠎ᠠ     ᠨᠢᠭᠡᠳᠦᠭᠡᠷ ᠵᠦᠢᠯ          ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ  ᠤᠨ ᠠᠯᠪᠠᠲᠠᠨ ᠤ ᠬᠠᠤᠯᠢ︾᠂ ︽ᠲᠥᠷᠥ ᠶᠢᠨ ᠠᠯᠪᠠᠲᠠᠨ ᠤ ᠡᠮᠴᠢᠯᠡᠭᠡᠨ ᠤ ᠳᠣᠰᠠᠯᠠᠮᠵᠢ ᠶᠢ ᠬᠡᠷᠡᠭᠵᠢᠭᠦᠯᠬᠦ ᠲᠤᠬᠠᠶ  ᠬᠥᠳᠡᠯᠮᠦᠷᠢ ᠶᠢᠨ ᠪᠠᠲᠤᠯᠠᠭ᠎ᠠ ᠶᠢᠨ ᠶᠠᠮᠤᠨ᠂ ᠡᠳ᠋ ᠤᠨ ᠵᠠᠰᠠᠭ ᠤᠨ ᠶᠠᠮᠤᠨ ᠤ ᠰᠠᠨᠠᠯ ᠢ  ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ   ᠤᠨ ᠤᠯᠠᠮᠵᠢᠯᠠᠨ  ᠶᠠᠪᠤᠭᠤᠯᠤᠭᠰᠠᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2000﹈ 37 ᠳ᠋ᠤᠭᠠᠷ ᠲᠣᠭᠠᠲᠤ︶ ᠪᠣᠯᠤᠨ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠠᠯᠪᠠᠲᠠᠨ ᠤ ᠡᠮᠴᠢᠯᠡᠭᠡᠨ ᠤ ᠳᠣᠰᠠᠯᠠᠮᠵᠢ   ᠶᠢ ᠬᠡᠷᠡᠭᠵᠢᠭᠦᠯᠬᠦ ᠲᠤᠬᠠᠶ  ᠥᠪᠡᠷᠳᠡᠭᠡᠨ ᠵᠠᠰᠠᠬᠤ ᠣᠷᠣᠨ ᠤ ᠬᠥᠳᠡᠯᠮᠦᠷᠢ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ   ᠤᠨ ᠲᠢᠩᠬᠢᠮ  ‍ᠤᠨ‌‍ᠰᠠᠨᠠᠯ ᠢ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ  ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ   ᠤᠨ ᠤᠯᠠᠮᠵᠢᠯᠠᠨ  ᠶᠠᠪᠤᠭᠤᠯᠤᠭᠰᠠᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2001﹈ 2 ᠳ᠋ᠤᠭᠠᠷ ᠲᠣᠭᠠᠲᠤ︶᠂ ︽ᠣᠷᠳᠣᠰ ᠬᠤᠲᠠ ᠶᠢᠨ ᠲᠣᠰ ᠱᠠᠲᠤᠨ ᠤ ᠠᠯᠪᠠᠲᠠᠨ ᠤ ᠡᠮᠴᠢᠯᠡᠭᠡᠨ ᠤ ᠳᠣᠰᠠᠯᠠᠮᠵᠢ ᠶᠢᠨ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠶ ᠣᠷᠳᠣᠰ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ   ᠤᠨ  ᠳᠣᠪᠴᠢᠶᠠᠨ ᠤ ᠮᠡᠳᠡᠭᠳᠡᠯ︾ ︵ᠣᠷᠳᠤᠰ ᠭᠦᠮᠦᠨ ᠨᠠᠶᠢᠭᠡᠮ ᠲᠠᠷᠬᠠᠭᠠᠭᠰᠠᠨ ﹇2018﹈ 289  ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ  ᠳᠣᠭᠤᠷᠢᠭ ᠤᠨ ᠠᠯᠪᠠᠲᠠᠨ ᠤ ᠡᠮᠴᠢᠯᠡᠭᠡᠨ ᠤ ᠬᠠᠷᠠᠭᠠᠯᠵᠠᠯ ᠢ ᠪᠠᠲᠤᠯᠠᠬᠤ ᠶᠢᠨ ᠲᠤᠰᠠᠳᠠ᠂ ᠬᠢᠶ᠎ᠠ ᠪᠠᠭᠰᠢ ᠳᠣᠭᠤᠷᠢᠭ  ᠤᠨ ᠪᠣᠳᠠᠲᠤ  ᠪᠠᠶᠢᠳᠠᠯ ᠲᠠᠢ ᠤᠶᠠᠯᠳᠤᠭᠤᠯᠤᠨ᠂ ᠲᠣᠰ ᠠᠷᠭ᠎ᠠ ᠶᠢ ᠲᠣᠭᠲᠠᠭᠠᠪᠠ᠃      ᠬᠤᠶᠠᠳᠣᠭᠠᠷ  ᠵᠦᠢᠯ        ᠡᠮᠴᠢᠯᠡᠭᠡᠨ ᠤ ᠲᠤᠰᠠᠯᠠᠮᠵᠢ   ᠶᠢᠨ  ᠵᠠᠷᠴᠢᠮ      ᠲᠤᠭᠤᠷᠢᠭ ᠤᠨ ᠠᠯᠪᠠᠲᠠᠨ ᠤ ᠡᠮᠴᠢᠯᠡᠭᠡᠨ ᠤ ᠲᠤᠰᠠᠯᠠᠮᠵᠢ  ᠶᠢᠨ ᠬᠢᠷᠢ ᠬᠡᠮᠵᠢᠶ᠎ᠡ ᠶᠢ ᠠᠵᠤ ᠠᠬᠤᠢ ᠶᠢᠨ ᠬᠥᠭᠵᠢᠯᠲᠡ ᠶᠢᠨ ᠬᠢᠷᠢ ᠬᠡᠮᠵᠢᠶ᠎ᠡ ᠪᠠ ᠡᠳ᠋ ᠤᠨ ᠵᠠᠰᠠᠭ ᠤᠨ ᠡᠭᠦᠷᠭᠡᠯᠡᠬᠦ ᠴᠢᠳᠠᠪᠤᠷᠢ ᠯᠤᠭ᠎ᠠ ᠬᠠᠷᠢᠯᠴᠠᠨ ᠵᠣᠬᠢᠴᠠᠭᠤᠯᠬᠤ ᠬᠡᠷᠡᠭᠲᠡᠶ᠃ ᠠᠯᠪᠠᠲᠠᠨ ᠤ ᠡᠮᠴᠢᠯᠡᠭᠡᠨ ᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠦᠨᠡᠨᠬᠦ ᠪᠠᠲᠤᠯᠠᠬᠤ ᠶᠢᠨ  ᠲᠥᠯᠦᠭᠡ᠂  ᠴᠣᠭᠯᠠᠭᠤᠯᠬᠤ ᠪᠠᠷᠢᠮᠵᠢᠶ᠎ᠠ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠡᠮᠴᠢᠯᠡᠭᠡᠨ ᠤ ᠲᠤᠰᠠᠯᠠᠮᠵᠢ ᠶᠢᠨ ᠵᠠᠷᠤᠳᠠᠯ ᠢ ᠨᠢᠭᠡᠳᠦᠯᠲᠡᠶ ᠲᠥᠯᠥᠪᠯᠡᠨ ᠬᠡᠷᠡᠭᠯᠡᠬᠦ ᠬᠡᠷᠡᠭᠲᠡᠶ᠃     ᠭᠤᠷᠪᠠᠳᠤᠭᠠᠷ ᠵᠦᠢᠯ          ᠡᠮᠴᠢᠯᠡᠭᠡᠨ ᠤ ᠲᠤᠰᠠᠯᠠᠮᠵᠢ   ᠶᠢᠨ ᠬᠡᠪᠴᠢᠶ᠎ᠡ      ︵ᠨᠢᠭᠡ︶ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠯᠪᠠᠲᠠᠨ ᠤ ᠬᠠᠤᠯᠢ︾ ᠶᠢ ᠬᠡᠷᠡᠭᠵᠢᠭᠦᠯᠵᠦ ᠪᠠᠶᠢᠭ᠎ᠠ ᠬᠢᠶ᠎ᠡ ᠪᠠᠭᠰᠢ ᠲᠣᠭᠤᠷᠢᠭ ᠤᠨ ᠪᠠᠶᠢᠭᠤᠯᠭ᠎ᠠ ᠶᠢᠨ ᠠᠵᠢᠯᠳᠠᠨ ᠪᠠ ᠠᠵᠢᠯ ᠠᠴᠠ    ᠪᠠᠨ ᠠᠮᠠᠷᠠᠭᠰᠠᠨ ᠠᠵᠢᠯᠳᠠᠨ  ᠃      ︵ᠬᠤᠶᠠᠷ︶ ᠵᠥᠪᠰᠢᠶᠡᠷᠡᠯ ᠢᠶᠠᠷ ᠠᠯᠪᠠᠲᠠᠨ ᠤ ᠬᠠᠤᠯᠢ ᠪᠠᠷ ᠯᠠᠪᠯᠠᠯᠲᠠ ᠪᠣᠯᠭᠠᠨ ᠬᠠᠮᠢᠶᠠᠷᠬᠤ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ ᠶᠢᠨ ᠠᠵᠢᠯᠳᠠᠨ ᠪᠠ ᠠᠵᠢᠯ ᠠᠴᠠ    ᠪᠠᠨ ᠠᠮᠠᠷᠠᠭᠰᠠᠨ ᠠᠵᠢᠯᠳᠠᠨ᠃      ︵ᠭᠤᠷᠪᠠ︶ ᠲᠣᠰ ᠠᠷᠭ᠎ᠠ ᠶᠢ ᠬᠡᠷᠡᠭᠵᠢᠭᠦᠯᠬᠦ ᠠᠴᠠ ᠡᠮᠦᠨ᠎ᠡ ᠨᠢᠭᠡᠨᠲᠡ ᠠᠯᠪᠠᠲᠠᠨ ᠤ ᠡᠮᠴᠢᠯᠡᠭᠡᠨ ᠤ ᠲᠤᠰᠠᠯᠠᠮᠵᠢ ᠳᠤ ᠵᠢᠭᠰᠠᠭᠠᠨ ᠣᠷᠣᠭᠤᠯᠤᠭᠰᠠᠨ ᠨᠢᠭᠡᠴᠡ ᠵᠢᠴᠢ ᠠᠵᠢᠯᠲᠠᠨ  ᠃      ︵ᠳᠥᠷᠪᠡ︶ ᠡᠮᠴᠢᠯᠡᠭᠡᠨ ᠤ ᠳᠠᠭᠠᠳᠬᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠰᠡᠨ ᠠᠯᠪᠠᠲᠠᠨ ᠤ ᠡᠮᠴᠢᠯᠡᠭᠡᠨ ᠤ ᠲᠤᠰᠠᠯᠠᠮᠵᠢ ᠶᠢ  ᠭᠦᠢᠴᠡᠳᠬᠡᠭᠦ  ᠨᠢᠭᠡᠴᠡ ᠵᠢᠴᠢ ᠠᠵᠢᠯᠲᠠᠨ᠃       ᠲᠥᠷᠪᠡᠳᠦᠭᠡᠷ ᠵᠦᠢᠯ          ᠡᠮᠴᠢᠯᠡᠭᠡᠨ ᠤ  ᠲᠤᠰᠠᠯᠠᠮᠵᠢ ᠶᠢᠨ ᠵᠠᠷᠤᠳᠠᠯ ᠤᠨ ᠴᠤᠭᠯᠠᠭᠤᠯᠬᠤ ᠪᠠ ᠬᠡᠷᠡᠭᠯᠡᠬᠦ      ︵ᠨᠢᠭᠡ︶ ᠡᠮᠴᠢᠯᠡᠭᠡᠨ ᠤ ᠲᠤᠰᠠᠯᠠᠮᠵᠢ ᠶᠢᠨ ᠵᠠᠷᠤᠳᠠᠯ ᠤᠨ ᠪᠡᠯᠡ ᠴᠤᠭᠯᠠᠭᠤᠯᠬᠤ ᠪᠠᠷᠢᠮᠵᠢᠶ᠎ᠠ ᠶᠢ ᠬᠢᠶ᠎ᠠ ᠪᠠᠭᠰᠢ ᠲᠣᠭᠤᠷᠢᠭ ᠤᠨ ᠡᠮᠴᠢᠯᠡᠭᠡᠨ ᠤ ᠲᠤᠰᠠᠯᠠᠮᠵᠢ  ᠶᠢ ᠭᠦᠷᠳᠡᠭᠦ ᠬᠥᠮᠦᠰ ᠤᠨ ᠲᠣᠰ ᠬᠤᠭᠤᠴᠠᠭᠠᠨ ᠤ  ᠪᠣᠳᠠᠳᠤ ᠬᠡᠷᠡᠭᠯᠡᠭᠡᠨ   ᠤ ᠬᠢᠷᠢ ᠬᠡᠮᠵᠢᠶ᠎ᠡ᠂ ᠦᠨᠳᠦᠰᠦᠨ ᠡᠮᠴᠢᠯᠡᠭᠡᠨ ᠤ ᠳᠠᠭᠠᠳᠬᠠᠯ ᠤᠨ ᠪᠠᠯᠠ ᠴᠤᠭᠯᠠᠭᠤᠯᠬᠤ ᠬᠢᠷᠢ ᠬᠡᠮᠵᠢᠶ᠎ᠡ ᠪᠠ ᠡᠳ᠋ ᠤᠨ ᠵᠠᠰᠠᠭ ᠤᠨ  ᠡᠭᠦᠷᠭᠡᠯᠡᠭᠦ ᠴᠢᠳᠠᠪᠤᠷᠢ ᠵᠡᠷᠭᠡ ᠬᠦᠴᠦᠨ ᠵᠦᠢᠯ ᠢ ᠦᠨᠳᠦᠰᠦᠯᠡᠨ ᠵᠦᠶ ᠵᠣᠬᠢᠰᠲᠠᠶ ᠲᠣᠭᠲᠠᠭᠠᠨ᠎ᠠ᠃ ᠬᠢᠶ᠎ᠠ ᠪᠠᠭᠰᠢ ᠲᠣᠭᠤᠷᠢᠭ ᠤᠨ ᠠᠯᠪᠠᠲᠠᠨ ᠤ ᠡᠮᠴᠢᠯᠡᠭᠡᠨ ᠤ ᠲᠤᠰᠠᠯᠠᠮᠵᠢ ᠶᠢᠨ ᠪᠠᠯᠠ ᠴᠤᠭᠯᠠᠭᠤᠯᠬᠤ ᠪᠠᠷᠢᠮᠵᠢᠶ᠎ᠠ ᠨᠢ ᠠᠵᠢᠯᠲᠠᠨ ᠠᠵᠢᠯᠴᠢᠨ ᠤ ᠴᠠᠯᠢᠩ ᠤᠨ ᠶᠡᠷᠦᠩᠬᠡᠶ ᠲᠣᠭᠠᠨ ᠤ 2.6% ᠪᠣᠯᠤᠨ᠎ᠠ᠃      ︵ᠬᠤᠶᠠᠷ︶ ᠠᠯᠪᠠᠲᠠᠨ ᠤ ᠡᠮᠴᠢᠯᠡᠭᠡᠨ ᠤ ᠲᠤᠰᠠᠯᠠᠮᠵᠢ ᠶᠢᠨ ᠵᠠᠷᠤᠳᠠᠯ   ᠢ ᠲᠣᠭᠲᠠᠭᠠᠭᠰᠠᠨ ᠪᠡᠯᠡ ᠴᠤᠭᠯᠠᠭᠤᠯᠬᠤ  ᠪᠠᠷᠢᠮᠵᠢᠶ᠎ᠠ ᠶᠣᠰᠣᠭᠠᠷ ᠴᠤᠭᠯᠠᠭᠤᠯᠬᠤ ᠶᠢᠨ ᠬᠠᠮᠲᠤ  ᠲᠣᠭᠤᠷᠢᠭ ᠤᠨ ᠡᠳ᠋ ᠤᠨ ᠵᠠᠰᠠᠭ   ᠤᠨ ᠲᠣᠰ ᠵᠢᠯ ᠤᠨ ᠲᠥᠰᠦᠪ ᠲᠤ  ᠣᠷᠣᠭᠤᠯᠬᠤ ᠬᠡᠷᠡᠭᠲᠡᠶ᠃ ᠲᠣᠭᠤᠷᠢᠭ ᠤᠨ ᠡᠳ᠋ ᠤᠨ ᠵᠠᠰᠠᠭ   ᠤᠨ ᠲᠣᠪᠴᠢᠶ᠎ᠠ ᠠᠴᠠ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠡᠳ᠋ ᠤᠨ ᠵᠠᠰᠠᠭ   ᠤᠨ ᠲᠤᠰᠬᠠᠶ ᠳᠠᠩᠰᠠ ᠪᠠᠷ ᠳᠠᠮᠵᠢᠭᠤᠯᠤᠨ ᠲᠣᠭᠤᠷᠢᠭ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠳᠤ ᠬᠠᠷᠭᠤᠭᠤᠯᠤᠨ ᠥᠭᠬᠦ ᠬᠡᠷᠡᠭᠲᠡᠶ᠃      ︵ᠭᠤᠷᠪᠠ︶ ᠠᠯᠪᠠᠲᠠᠨ ᠤ ᠡᠮᠴᠢᠯᠡᠭᠡᠨ ᠤ ᠲᠤᠰᠠᠯᠠᠮᠵᠢ ᠶᠢ ᠳᠣᠤᠷᠠᠬᠢ ᠲᠤᠰᠠᠯᠠᠮᠵᠢ   ᠶᠢᠨ ᠵᠠᠷᠤᠯᠭ᠎ᠠ ᠳᠤ ᠬᠡᠷᠡᠭᠯᠡᠨ᠎ᠡ᠄      1. ᠦᠨᠳᠦᠰᠦᠨ ᠡᠮᠴᠢᠯᠡᠭᠡᠨ ᠤ ᠳᠠᠭᠠᠳᠬᠠᠯ ᠤᠨ ᠬᠡᠷᠡᠭᠯᠡᠬᠦ ᠡᠮ᠂ ᠣᠨᠣᠰᠢᠯᠠᠨ ᠡᠮᠨᠡᠬᠦ ᠲᠥᠷᠥᠯ  ᠵᠦᠢᠯ ᠪᠠ ᠡᠮᠴᠢᠯᠡᠭᠡᠨ ᠤ ᠦᠢᠯᠡᠴᠢᠯᠡᠭᠡᠨ ᠤ ᠬᠡᠪᠴᠢᠶ᠎ᠡ ᠵᠢᠴᠢ ᠥᠭᠬᠦ ᠪᠠᠷᠢᠮᠵᠢᠶ᠎ᠠ ᠳᠤ ᠨᠡᠶᠢᠴᠡᠵᠦ᠂ ᠦᠨᠳᠦᠰᠦᠨ ᠡᠮᠴᠢᠯᠡᠭᠡᠨ ᠤ ᠳᠠᠭᠠᠳᠬᠠᠯ ᠤᠨ ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠪᠠ ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ ᠤᠨ ᠬᠠᠮᠤᠭ ᠥᠨᠳᠥᠷ ᠥᠭᠬᠦ ᠬᠢᠵᠠᠭᠠᠷ ᠲᠤᠭ᠎ᠠ ᠠᠴᠠ ᠬᠡᠲᠦᠷᠡᠭᠰᠡᠨ ᠨᠡᠶᠢᠯᠡᠪᠦᠷᠢ ᠠᠴᠠ ᠳᠡᠭᠡᠭᠰᠢ ᠬᠡᠰᠡᠭ ᠤᠨ ᠡᠮᠨᠡᠯᠭᠡ ᠳᠤ ᠰᠠᠭᠤᠭᠰᠠᠨ  ᠡᠮᠴᠢᠯᠡᠭᠡᠨ ᠤ ᠵᠠᠷᠤᠳᠠᠯ ᠪᠠᠭᠲᠠᠨ᠎ᠠ᠃      2. ᠳᠡᠳ᠋ ᠭᠠᠵᠠᠷ ᠤᠨ ᠲᠠᠰ ᠠᠴᠠ ᠳᠡᠭᠡᠭᠰᠢᠬᠢ ᠤᠳᠤᠷᠢᠳᠬᠤ ᠺᠠᠳ᠋ᠷ ︵ᠳᠡᠳ᠋ ᠭᠠᠵᠠᠷ ᠤᠨ ᠲᠠᠰ ᠪᠠᠭᠲᠠᠨ᠎ᠠ︶ ᠪᠣᠯᠤᠨ ᠵᠢᠩᠬᠢᠨᠢ ᠳᠡᠭᠡᠳᠦ ᠲᠠᠰ ᠤᠨ ᠬᠠᠷᠠᠭᠠᠯᠵᠠᠯ ᠭᠥᠷᠳᠡᠭᠰᠡᠨ ᠲᠤᠰᠬᠠᠶ ᠮᠡᠷᠭᠡᠵᠢᠯ ᠤᠨ ᠠᠵᠢᠯᠲᠠᠨ ᠬᠤᠶᠠᠷ ᠵᠢᠯ ᠳᠤ ᠨᠢᠭᠡ ᠤᠳᠠᠭ᠎ᠠ ᠥᠷᠨᠢᠭᠦᠯᠦᠭᠰᠡᠨ ᠪᠥᠬᠦ ᠲᠠᠯ᠎ᠠ ᠶᠢᠨ ᠪᠡᠶ᠎ᠡ ᠶᠢᠨ ᠪᠠᠶᠢᠴᠠᠭᠠᠯᠲᠠ ᠵᠢᠨ‌ᠡᠮᠴᠢᠯᠡᠭᠡᠨ ᠤ ᠵᠠᠷᠤᠳᠠᠯ ᠃ ᠰᠣᠶᠣᠯ ᠤᠨ ᠶᠡᠭᠡ ᠬᠤᠪᠢᠰᠬᠠᠯ ᠤᠨ  ᠰᠢᠷᠬᠠᠭᠳᠠᠭᠰᠠᠳ ᠵᠡᠷᠭᠡ ᠡᠮᠴᠢᠯᠡᠭᠡᠨ ᠤ ᠬᠠᠷᠠᠭᠠᠯᠵᠠᠯ  ᠤᠨ ᠭᠦᠮᠦᠰ ᠦᠨᠳᠦᠰᠦᠨ ᠡᠮᠴᠢᠯᠡᠭᠡᠨ ᠤ ᠳᠠᠭᠠᠳᠬᠠᠯ   ᠳᠤ ᠣᠷᠣᠯᠴᠠᠪᠠᠯ ᠪᠠᠶᠢᠭᠤᠯᠭ᠎ᠠ ᠠᠴᠠ  ᠢᠯᠡᠭᠦᠦ ᠡᠭᠦᠷᠭᠡᠯᠡᠭᠰᠡᠨ1000 ᠲᠥᠭᠦᠷᠢᠭ ᠤᠨ ᠡᠮᠴᠢᠯᠡᠭᠡᠨ ᠤ ᠳᠠᠭᠠᠳᠬᠠᠯ ᠤᠨ ᠬᠠᠷᠠᠭᠠᠯᠵᠠᠯ ᠤᠨ ᠵᠠᠷᠤᠳᠠᠯ ᠃ ᠠᠯᠪᠠᠲᠠᠨ ᠤ ᠡᠮᠴᠢᠯᠡᠭᠡᠨ ᠤ ᠲᠤᠰᠠᠯᠠᠮᠵᠢ  ᠭᠦᠷᠳᠡᠭᠰᠡᠨ  ᠭᠦᠮᠦᠰ ᠤᠨ ᠬᠤᠶᠠᠷ ᠵᠢᠯ ᠳᠤ ᠨᠢᠭᠡ ᠤᠳᠠᠭ᠎ᠠ ᠡᠷᠡᠭᠦᠯ ᠮᠡᠨᠳᠦ   ᠶᠢᠨ ᠪᠡᠶ᠎ᠡ ᠶᠢᠨ ᠪᠠᠶᠢᠴᠠᠭᠠᠯᠲᠠ ᠬᠢᠬᠦ ᠳᠤ ᠡᠭᠦᠰᠦᠭᠰᠡᠨ ᠵᠠᠷᠤᠳᠠᠯ᠃      3. ᠠᠯᠪᠠᠲᠠᠨ ᠤ  ᠡᠮᠴᠢᠯᠡᠭᠡᠨ ᠤ ᠲᠤᠰᠠᠯᠠᠮᠵᠢ ᠳᠤ ᠣᠷᠣᠯᠴᠠᠭᠰᠠᠨ ᠬᠥᠮᠦᠰ ᠤᠨ ᠠᠵᠢᠯ ᠠᠴᠠ ᠪᠣᠯᠤᠭᠰᠠᠨ ᠭᠡᠮᠲᠦᠯ᠂ ᠠᠵᠢᠯ ᠤᠨ ᠨᠥᠯᠥᠭᠡᠨ ᠤ ᠡᠪᠡᠳᠴᠢᠨ᠂  ᠭᠥᠩᠭᠡᠵᠢᠭᠦ ᠠᠴᠠ ᠡᠭᠦᠰᠦᠭᠰᠡᠨ ᠡᠮᠴᠢᠯᠡᠭᠡᠨ ᠤ ᠵᠠᠷᠤᠳᠠᠯ᠃      4. ᠠᠯᠪᠠᠲᠠᠨ ᠤ ᠡᠮᠴᠢᠯᠡᠭᠡᠨ ᠤ ᠲᠤᠰᠠᠯᠠᠮᠵᠢ ᠳᠤ ᠣᠷᠣᠯᠴᠠᠬᠤ ᠬᠥᠮᠦᠰ ᠶᠡᠭᠡ ᠲᠣᠭᠠᠨ ᠤ  ᠡᠮᠴᠢᠯᠡᠭᠡᠨ ᠤ  ᠳᠠᠭᠠᠳᠬᠠᠯ ᠳᠤ ᠣᠷᠣᠯᠴᠠᠬᠤ ᠳᠤ ᠲᠤᠰᠢᠶᠠᠪᠠᠰᠤ ᠵᠣᠬᠢᠬᠤ ᠵᠠᠷᠤᠳᠠᠯ᠃       ︵ᠳᠥᠷᠪᠡ︶ ᠠᠯᠪᠠᠲᠠᠨ ᠤ ᠡᠮᠴᠢᠯᠡᠭᠡᠨ ᠤ ᠲᠤᠰᠠᠯᠠᠮᠵᠢ ᠶᠢᠨ ᠵᠠᠷᠤᠳᠠᠯ ᠬᠢᠭᠡᠳ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠰᠠᠯᠭᠠᠨ ᠲᠣᠭᠠᠴᠠᠭ᠎ᠠ ᠬᠢᠵᠦ᠂ ᠲᠤᠰᠬᠠᠶ ᠵᠣᠭᠤᠰ ᠢ ᠲᠤᠰᠬᠠᠶ  ᠵᠦᠢᠯ ᠳᠤᠨᠢ ᠬᠡᠷᠡᠭᠯᠡᠬᠦ ᠶᠢᠨ ᠬᠠᠮᠲᠤ ᠣᠷᠣᠯᠭ᠎ᠠ ᠵᠠᠷᠤᠯᠭ᠎ᠠ ᠶᠢ ᠲᠡᠩᠴᠡᠭᠦᠷᠢᠲᠡᠶ ᠪᠠᠶᠢᠯᠭᠠᠬᠤ ᠵᠠᠷᠴᠢᠮ  ᠶᠣᠰᠣᠭᠠᠷ ᠴᠢᠩᠭ᠎ᠠ ᠬᠠᠮᠢᠶᠠᠷᠬᠤ ᠬᠡᠷᠡᠭᠲᠡᠶ᠃      ᠲᠠᠪᠤᠳᠤᠭᠠᠷ  ᠵᠦᠢᠯ          ᠡᠮᠴᠢᠯᠡᠭᠡᠨ ᠤ ᠲᠤᠰᠠᠯᠠᠮᠵᠢ ᠶᠢᠨ ᠪᠠᠷᠢᠮᠵᠢᠶ᠎ᠠ      ︵ᠨᠢᠭᠡ︶ ᠲᠤᠰ ᠠᠷᠭ᠎ᠠ   ᠳᠤ ᠲᠣᠭᠲᠠᠭᠠᠭᠰᠠᠨ ᠡᠮᠴᠢᠯᠡᠭᠡᠨ ᠤ ᠵᠠᠷᠤᠳᠠᠯ ᠨᠢ ᠦᠨᠳᠦᠰᠦᠨ ᠡᠮᠴᠢᠯᠡᠭᠡᠨ ᠟ ᠤ ᠳᠠᠭᠠᠳᠬᠠᠯ ᠤᠨ ᠬᠡᠷᠡᠭᠯᠡᠬᠦ ᠡᠮ  ᠂ ᠣᠨᠣᠰᠢᠯᠠᠨ ᠡᠮᠨᠡᠬᠦ ᠲᠥᠷᠥᠯ ᠵᠦᠢᠯ  ᠪᠠ ᠡᠮᠴᠢᠯᠡᠭᠡᠨ   ᠤ ᠦᠢᠯᠡᠴᠢᠯᠡᠭᠡᠨ   ᠤ ᠬᠡᠪᠴᠢᠶ᠎ᠡ ᠵᠢᠴᠢ ᠥᠭᠬᠦ ᠪᠠᠷᠢᠮᠵᠢᠶ᠎ᠠ ᠵᠡᠷᠭᠡ ᠲᠣᠭᠲᠠᠭᠠᠯ   ᠳᠤ ᠨᠡᠶᠢᠴᠡᠭᠰᠡᠨ ᠪᠠᠶᠢᠬᠤ ᠬᠡᠷᠡᠭᠲᠡᠢ᠂  ᠳᠡᠭᠦᠨ ᠤ ᠵᠠᠷᠤᠯᠭ᠎ᠠ   ᠶᠢ ᠳᠣᠣᠷᠠᠬᠢ ᠪᠠᠷᠢᠮᠵᠢᠶ᠎ᠠ ᠶᠣᠰᠣᠭᠠᠷ  ᠳᠣᠰᠠᠯᠠᠬᠤ ᠬᠡᠷᠡᠭᠲᠡᠢ᠄      1. ᠨᠢᠭᠡ  ᠵᠢᠯ ᠳᠤ ᠡᠭᠦᠰᠦᠭᠰᠡᠨ ᠡᠮᠨᠡᠯᠭᠡ ᠳᠤ ᠰᠠᠭᠤᠭᠰᠠᠨ  ᠡᠮᠴᠢᠯᠡᠭᠡᠨ ᠤ ᠵᠠᠷᠤᠳᠠᠯ ᠂ ᠦᠨᠳᠦᠰᠦᠨ ᠡᠮᠴᠢᠯᠡᠭᠡᠨ ᠤ ᠳᠠᠭᠠᠳᠬᠠᠯ ᠤᠨ ᠨᠢᠭᠡᠳᠦᠯᠲᠡᠶ  ᠲᠥᠯᠥᠪᠯᠡᠯ ᠤᠨ ᠰᠠᠭᠤᠷᠢ ᠮᠥᠩᠭᠦ ᠪᠠ ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠠᠮᠤᠭ  ᠦᠨᠳᠦᠷ ᠥᠭᠬᠦ ᠬᠢᠵᠠᠭᠠᠷ ᠲᠤᠭ᠎ᠠ ᠶᠢᠨ ᠨᠡᠶᠢᠯᠡᠪᠦᠷᠢ ︵33 ᠲᠦᠮᠡᠨ ᠲᠥᠭᠦᠷᠢᠭ︶ ᠠᠴᠠ  ᠳᠠᠪᠠᠭᠰᠠᠨ ᠬᠡᠰᠡᠭ    ᠤᠨ 90% ᠪᠠᠷ  ᠳᠣᠰᠠᠯᠠᠨ᠎ᠠ᠃      2. ᠠᠯᠪᠠᠲᠠᠨ ᠤ ᠡᠮᠴᠢᠯᠡᠭᠡᠨ ᠤ ᠲᠤᠰᠠᠯᠠᠮᠵᠢ ᠳᠤ ᠣᠷᠣᠯᠴᠠᠭᠰᠠᠨ ᠬᠥᠮᠦᠰ ᠠᠯᠪᠠᠨ ᠪᠠᠶᠢᠭᠤᠯᠭ᠎ᠠ ᠠᠵᠢᠯ  ᠦᠢᠯᠡᠰ ᠤᠨ ᠨᠢᠭᠡᠴᠡ ᠶᠢᠨ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠳᠦᠷᠢᠮ ᠢ  ᠬᠡᠷᠡᠭᠵᠢᠭᠦᠯᠭᠦ ᠠᠴᠠ ᠡᠮᠦᠨ᠎ᠡ᠂ ᠠᠵᠢᠯ ᠠᠴᠠ ᠪᠣᠯᠤᠭᠰᠠᠨ ᠭᠡᠮᠲᠦᠯ᠂ ᠠᠵᠢᠯ ᠤᠨ ᠨᠥᠯᠥᠭᠡᠨ ᠤ ᠡᠪᠡᠳᠴᠢᠨ ᠤ ᠲᠤᠰᠠᠯᠠᠮᠵᠢ ᠳᠤ ᠡᠮᠨᠡᠨ ᠵᠠᠰᠠᠬᠤ᠂ ᠡᠷᠡᠭᠦᠯᠵᠢᠭᠦᠯᠬᠦ᠂ ᠲᠤᠰᠠᠯᠠᠬᠤ ᠪᠠᠭᠠᠵᠢ ᠬᠡᠷᠡᠭᠰᠡᠯ ᠲᠣᠬᠢᠷᠠᠭᠤᠯᠬᠤ ᠠᠴᠠ ᠪᠣᠯᠤᠭᠰᠠᠨ ᠡᠮᠴᠢᠯᠡᠭᠡᠨ ᠤ ᠵᠠᠷᠤᠳᠠᠯ ᠪᠠᠭᠲᠠᠨ᠎ᠠ᠂ ᠳᠠᠩᠰᠠ ᠲᠠᠶᠢᠯᠬᠤ ᠬᠠᠷᠢᠴᠠᠯ ᠨᠢ 100% ᠪᠣᠯᠤᠨ᠎ᠠ᠃      3. ᠠᠯᠪᠠᠲᠠᠨ ᠤ ᠡᠮᠴᠢᠯᠡᠭᠡᠨ ᠤ ᠲᠤᠰᠠᠯᠠᠮᠵᠢ ᠳᠤ ᠣᠷᠣᠯᠴᠠᠭᠰᠠᠨ ᠬᠥᠮᠦᠰ ᠤᠨ  ᠬᠥᠩᠭᠡᠵᠢᠭᠦ ︵ᠦᠳᠦᠭᠡᠨ ᠭᠥᠩᠭᠡᠵᠢᠭᠦᠯᠭᠦ ᠪᠠ ᠣᠷᠤᠭ ᠤᠨᠠᠭᠠᠬᠤ ᠪᠠᠭᠳᠠᠨ᠎ᠠ︶ ᠠᠴᠠ ᠪᠣᠯᠵᠣ ᠭᠥᠷᠳᠡᠬᠦ  ᠳᠣᠰᠠᠯᠠᠮᠵᠢ ᠳᠤ ᠲᠣᠰ ᠬᠤᠭᠤᠴᠠᠭᠠᠨ ᠳᠤ ᠡᠭᠦᠰᠦᠭᠰᠡᠨ ᠡᠮᠨᠡᠯᠭᠡ  ᠳᠤ ᠰᠠᠭᠤᠭᠰᠠᠨ ᠡᠮᠴᠢᠯᠡᠭᠡᠨ ᠤ ᠵᠠᠷᠤᠳᠠᠯ ︵ᠲᠠᠩᠰᠠ ᠲᠠᠶᠢᠯᠬᠤ ᠬᠠᠷᠢᠴᠠᠯ ᠨᠢ 100% ᠪᠣᠯᠤᠨ᠎ᠠ︶ ᠪᠠ  ᠬᠥᠩᠭᠡᠵᠢᠯᠳᠠ ᠶᠢᠨ ᠨᠢᠭᠡ   ᠤᠳᠠᠭᠠᠨ ᠤ ᠴᠢᠨᠠᠷᠲᠠᠶ ᠰᠢᠮ᠎ᠡ ᠲᠡᠵᠢᠭᠡᠯ ᠤᠨ ᠲᠤᠰᠠᠯᠠᠮᠵᠢ ᠶᠢᠨ ᠵᠠᠷᠤᠳᠠᠯ ᠪᠠᠭᠲᠠᠨ᠎ᠠ᠂ ᠡᠭᠦᠨ ᠳᠤ ᠬᠥᠩᠭᠡᠵᠢᠯᠲᠡ ᠶᠢᠨ ᠨᠢᠭᠡ ᠤᠳᠠᠭᠠᠨ ᠤ ᠴᠢᠨᠠᠷᠲᠠᠶ ᠰᠢᠮ᠎ᠡ ᠲᠡᠵᠢᠭᠡᠯ ᠤᠨ ᠲᠤᠰᠠᠯᠠᠮᠵᠢ ᠶᠢᠨ ᠵᠠᠷᠤᠳᠠᠯ   ᠢ ᠣᠷᠤᠭ ᠤᠨᠠᠭᠠᠬᠤ 400 ᠲᠥᠭᠦᠷᠢᠭ᠂   ᠡᠷᠡᠭᠦᠯ ᠭᠥᠩᠭᠡᠵᠢᠯ  700 ᠲᠥᠭᠦᠷᠢᠭ᠂  ᠬᠡᠪᠡᠯᠢ ᠬᠠᠭᠠᠯᠵᠤ ᠭᠥᠩᠭᠡᠵᠢᠭᠦ᠂ ᠪᠡᠷᠬᠡ  ᠭᠥᠩᠭᠡᠵᠢᠯᠳᠠ᠂ ᠣᠯᠠᠨ ᠬᠡᠤᠬᠡᠳ 1300 ᠲᠥᠭᠦᠷᠢᠭ ᠤᠨ ᠪᠠᠷᠢᠮᠵᠢᠶ᠎ᠠ ᠪᠠᠷ  ᠣᠯᠭᠤᠯᠣᠨ᠎ᠠ᠃  ᠭᠥᠩᠭᠡᠵᠢᠯᠳᠠ ᠶᠢᠨ ᠨᠡᠮᠡᠭᠦᠷᠢ᠂ ᠡᠷᠡᠭᠲᠡᠶ ᠠᠵᠢᠯᠲᠠᠨ ᠠᠵᠢᠯᠴᠢᠨ ᠤ ᠠᠮᠠᠷᠠᠯᠲᠠ ᠶᠢᠨ ᠬᠤᠭᠤᠴᠠᠭᠠᠨ ᠤ ᠨᠡᠮᠡᠭᠦᠷᠢ  ᠭᠦᠷᠳᠡᠭᠦ ᠥᠬᠡᠶ᠃       ︵ᠬᠤᠶᠠᠷ︶ ᠠᠯᠪᠠᠲᠠᠨ ᠤ ᠡᠮᠴᠢᠯᠡᠭᠡᠨ ᠤ ᠲᠤᠰᠠᠯᠠᠮᠵᠢ ᠳᠤ ᠣᠷᠣᠯᠴᠠᠭᠰᠠᠨ ᠬᠥᠮᠦᠰ ᠲᠤ ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ ᠤᠨ ᠵᠠᠷᠤᠳᠠᠯ ᠬᠥᠮᠦᠨ ᠪᠦᠷᠢ  ᠵᠢᠯ   ᠳᠤ 100 ᠲᠥᠭᠦᠷᠢᠭ   ᠤᠨ ᠪᠠᠷᠢᠮᠵᠢᠶ᠎ᠠ ᠪᠠᠷ ᠳᠣᠰᠢᠶᠠᠨ᠎ᠠ᠃     ᠵᠢᠷᠭᠤᠳᠤᠭᠠᠷ  ᠵᠦᠢᠯ          ᠡᠮᠴᠢᠯᠡᠭᠡᠨ ᠤ ᠲᠤᠰᠠᠯᠠᠮᠵᠢ ᠶᠢᠨ ᠠᠵᠢᠯ ᠤᠨ ᠬᠠᠮᠢᠶᠠᠷᠤᠯᠲᠠ ᠪᠠ ᠬᠢᠨᠠᠯᠲᠠ      ︵ᠨᠢᠭᠡ︶ ᠲᠣᠭᠤᠷᠢᠭ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ  ᠬᠢᠶ᠎ᠡ ᠪᠠᠭᠰᠢ ᠲᠣᠭᠤᠷᠢᠭ ᠤᠨ ᠠᠯᠪᠠᠲᠠᠨ ᠤ ᠡᠮᠴᠢᠯᠡᠭᠡᠨ ᠤ ᠲᠤᠰᠠᠯᠠᠮᠵᠢ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠶᠢ ᠡᠭᠦᠷᠭᠡᠯᠡᠵᠦ᠂ ᠪᠣᠳᠠᠲᠠᠶ ᠭᠠᠷᠲᠠᠨ  ᠬᠢᠭᠦ ᠠᠵᠢᠯ  ᠤᠨ  ᠰᠢᠯᠭᠠᠨ ᠬᠢᠨᠠᠬᠤ᠂ ᠬᠢᠨᠠᠯᠲᠠ ᠲᠠᠯᠪᠢᠬᠤ ᠪᠠ  ᠬᠠᠮᠢᠶᠠᠷᠤᠯᠳᠠ ᠪᠠᠨ ᠴᠢᠩᠭᠠᠳᠬᠠᠬᠤ ᠬᠡᠷᠡᠭᠲᠡᠶ᠃       ︵ᠬᠤᠶᠠᠷ︶ ᠲᠣᠭᠤᠷᠢᠭ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠲᠥᠪ  ᠠᠯᠪᠠᠲᠠᠨ ᠤ ᠡᠮᠴᠢᠯᠡᠭᠡᠨ ᠤ ᠲᠤᠰᠠᠯᠠᠮᠵᠢ ᠶᠢᠨ ᠭᠠᠷᠳᠠᠨ ᠬᠢᠬᠦ ᠠᠵᠢᠯ ᠢ ᠬᠠᠷᠢᠭᠤᠴᠠᠵᠤ᠂ ᠠᠯᠪᠠᠲᠠᠨ ᠤ ᠡᠮᠴᠢᠯᠡᠭᠡᠨ ᠤ ᠲᠤᠰᠠᠯᠠᠮᠵᠢ ᠶᠢᠨ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ  ᠬᠡᠷᠡᠭᠵᠢᠭᠦᠯᠦᠨ᠂ ᠲᠥᠰᠦᠪ ᠪᠠ ᠲᠥᠰᠦᠪ ᠤᠨ  ᠭᠦᠢᠴᠡᠳᠭᠡᠯ᠂ ᠡᠳ᠋ ᠤᠨ ᠶᠠᠪᠤᠳᠠᠯ ᠤᠨ ᠨᠢᠭᠲᠠᠯᠠᠨ  ᠪᠤᠳᠣᠬᠤ᠂ ᠳᠣᠲᠣᠭᠠᠳᠤ ᠶᠢᠨ ᠬᠢᠨᠠᠨ  ᠪᠣᠳᠣᠯᠳᠠ ᠵᠡᠷᠭᠡ ᠲᠦᠷᠢᠮ ᠪᠠ ᠪᠤᠰᠤᠳ ᠡᠯ᠎ᠡ  ᠵᠦᠢᠯ ᠤᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠠᠯᠪᠠᠲᠠᠨ ᠤ ᠡᠮᠴᠢᠯᠡᠭᠡᠨ ᠤ ᠲᠤᠰᠠᠯᠠᠮᠵᠢ ᠶᠢᠨ ᠠᠷᠭ᠎ᠠ ᠬᠢᠭᠡᠳ ᠦᠨᠳᠦᠰᠦᠨ ᠡᠮᠴᠢᠯᠡᠭᠡᠨ ᠤ ᠳᠠᠭᠠᠳᠬᠠᠯ ᠤᠨ ᠳᠦᠷᠢᠮ ᠤᠨ ᠲᠥᠷᠥ ᠶᠢᠨ ᠪᠣᠳᠣᠯᠭ᠎ᠠ ᠶᠢᠨ  ᠵᠤᠯᠭᠠᠯᠳᠠ ᠪᠠ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂ ᠠᠯᠪᠠᠲᠠᠨ ᠤ ᠡᠪᠡᠳᠴᠢᠨ ᠦᠵᠡᠭᠦᠯᠬᠦ ᠳᠤ ᠳᠥᠭᠦᠮ ᠦᠵᠡᠭᠦᠯᠵᠦ᠂ ᠬᠤᠯᠪᠣᠭᠳᠠᠯ ᠪᠦᠬᠦᠢ ᠵᠠᠷᠤᠳᠠᠯ ᠢ ᠴᠠᠭ ᠲᠤᠬᠠᠶ ᠳᠤᠨᠢ ᠳ᠋ᠦᠩᠨᠡᠨ ᠪᠣᠳᠣᠬᠤ ᠶᠢᠨ ᠬᠠᠮᠲᠤ᠂ ᠪᠠᠰᠠ ᠲᠣᠭᠲᠠᠭᠠᠯ ᠶᠣᠰᠣᠭᠠᠷ ᠵᠠᠷᠤᠳᠠᠯ ᠵᠠᠷᠤᠯᠭ᠎ᠠ  ᠶᠢ ᠴᠢᠩᠭ᠎ᠠ ᠬᠢᠵᠠᠭᠠᠷᠯᠠᠵᠤ᠂ ᠬᠠᠮᠢᠶᠠᠷᠤᠯᠲᠠ ᠦᠢᠯᠡᠴᠢᠯᠡᠭᠡᠨ ᠤ ᠬᠢᠷᠢ ᠬᠡᠮᠵᠢᠶ᠎ᠡ ᠪᠠᠨ ᠴᠢᠷᠮᠠᠶᠢᠨ ᠳᠡᠭᠡᠭᠰᠢᠯᠡᠭᠦᠯᠵᠦ᠂  ᠬᠢᠶ᠎ᠠ  ᠪᠠᠭᠰᠢ ᠲᠣᠭᠤᠷᠢᠭ ‍ᠤᠨ‌ᠠᠯᠪᠠᠲᠠᠨ ᠤ ᠡᠮᠴᠢᠯᠡᠭᠡᠨ ᠤ ᠲᠤᠰᠠᠯᠠᠮᠵᠢ ᠶᠢᠨ ᠬᠠᠷᠠᠭᠠᠯᠵᠠᠯ ᠢ ᠨᠠᠶᠢᠳᠠᠪᠣᠷᠢᠵᠢᠭᠤᠯᠬᠤ  ᠶᠢ ᠪᠠᠳᠣᠯᠠᠬᠤ ᠬᠡᠷᠡᠭᠳᠡᠢ᠃      ︵ᠭᠤᠷᠪᠠ︶ ᠲᠣᠭᠤᠷᠢᠭ ᠤᠨ ᠡᠳ᠋ ᠤᠨ ᠵᠠᠰᠠᠭ   ᠤᠨ ᠲᠣᠪᠴᠢᠶ᠎ᠠ ᠡᠮᠴᠢᠯᠡᠭᠡᠨ ᠤ ᠲᠤᠰᠠᠯᠠᠮᠵᠢ ᠶᠢᠨ ᠵᠠᠷᠤᠳᠠᠯ   ᠤᠨ ᠬᠢᠨᠠᠨ ᠥᠭᠬᠦ ᠶᠢ ᠬᠠᠷᠢᠭᠤᠴᠠᠬᠤ ᠶᠢᠨ ᠬᠠᠮᠲᠤ ᠡᠳ᠋ ᠤᠨ ᠵᠠᠰᠠᠭ   ᠤᠨ ᠲᠤᠰᠬᠠᠶ ᠡᠷᠦᠬᠡ ᠶᠢᠨ ᠬᠠᠮᠢᠶᠠᠷᠤᠯᠲᠠ ᠶᠢ  ᠴᠢᠩᠭᠠᠳᠬᠠᠨ᠂ ᠲᠤᠰᠠᠯᠠᠮᠵᠢ ᠶᠢᠨ ᠵᠠᠷᠤᠳᠠᠯ   ᠤᠨ ᠬᠤᠪᠢᠶᠠᠷᠢᠯᠠᠯᠲᠠ ᠪᠠ ᠬᠡᠷᠡᠭᠯᠡᠯᠲᠡ ᠶᠢᠨ  ᠪᠠᠶᠢᠳᠠᠯ ᠳᠤ ᠬᠢᠨᠠᠯᠲᠠ  ᠳᠠᠯᠪᠢᠨ  ᠪᠠᠶᠢᠴᠠᠭᠠᠬᠤ ᠬᠡᠷᠡᠭᠲᠡᠶ᠃      ︵ᠳᠥᠷᠪᠡᠨ︶ ᠬᠢᠨᠠᠨ ᠪᠣᠳᠣᠬᠤ ᠰᠠᠯᠠᠭ᠎ᠠ ᠮᠥᠴᠢᠷ ᠤᠨ ᠠᠯᠪᠠᠲᠠᠨ ᠤ ᠡᠮᠴᠢᠯᠡᠭᠡᠨ ᠤ ᠲᠤᠰᠠᠯᠠᠮᠵᠢ ᠶᠢᠨ ᠵᠠᠷᠤᠳᠠᠯ ᠤᠨ ᠬᠢᠨᠠᠨ ᠪᠣᠳᠣᠬᠤ ᠠᠵᠢᠯ ᠢ ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠬᠤ ᠬᠡᠷᠡᠭᠲᠡᠶ᠃      ᠳᠣᠯᠣᠳᠤᠭᠠᠷ  ᠵᠦᠢᠯ          ᠲᠣᠰ ᠠᠷᠭ᠎ᠠ ᠶᠢ  ᠠᠯᠪᠠᠨ  ᠪᠢᠴᠢᠭ   ᠳᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃
ᠢᠷᠡᠯᠲᠡ᠄ ᠲᠤᠰ ᠰᠦᠯᠵᠢᠶ᠎ᠡ