2020 ᠣᠨ ᠤ ︽ᠠᠶᠤᠩᠭ᠎ᠠ ᠮᠡᠲᠦ ᠰᠦᠷ ᠬᠦᠴᠦᠨ ᠢᠶᠠᠷ ᠪᠣᠬᠢᠷᠳᠥᠯ ᠢ ᠠᠷᠢᠯᠭᠠᠬᠤ︾ ᠲᠤᠰᠬᠠᠶ ᠠᠵᠢᠯᠯᠠᠭ᠎ᠠ ᠶᠢᠨ ᠳᠤᠭᠤᠶᠢᠯᠠᠩ ᠪᠠᠶᠢᠭᠤᠯᠬᠤ ᠳᠤᠬᠠᠢ ᠣᠷᠳᠣᠰ ᠬᠤᠲᠠ ᠶᠢᠨ ᠬᠢᠶ᠎ᠡ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ                                    ᠣᠷᠳᠣᠰ ᠬᠢᠶ᠎ᠠ ᠵᠠᠰᠠᠭ ᠠᠯᠪᠠᠨ ᠲᠠᠷᠬᠠᠭᠠᠭᠰᠠᠨ〔 2020〕14  ᠳ᠋ᠦ᠋ᠭᠡᠷ ᠲᠣᠭᠠᠲᠤ
ᠨᠡᠶᠢᠲᠡᠯᠡᠭᠰᠡᠨ ᠴᠠᠭ᠄
2020/5/12
ᠲᠣᠭᠤᠷᠢᠭ ᠤᠨ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠢᠭᠡᠴᠡ᠄        ︽2020 ᠣᠨ ᠤ ︿ᠠᠶᠤᠩᠭ᠎ᠠ ᠮᠡᠲᠦ ᠰᠦᠷ ᠬᠦᠴᠦᠨ ᠢᠶᠠᠷ ᠪᠣᠬᠢᠷᠳᠥᠯ ᠢ ᠠᠷᠢᠯᠭᠠᠬᠤ﹀ ᠠᠮᠢ ᠠᠬᠤᠶ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠬᠦ ᠲᠣᠰᠬᠠᠢ ᠠᠵᠢᠯᠯᠠᠭ᠎ᠠ ᠶᠢ ᠥᠷᠨᠢᠭᠦᠯᠬᠦ ᠲᠤᠬᠠᠶ ᠣᠷᠳᠣᠰ ᠬᠤᠲᠠ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠮᠡᠳᠡᠭᠳᠡᠯ︾ ︵ᠣᠷᠳᠣᠰ ᠪᠣᠬᠢᠷᠲᠤᠯ ᠢ ᠰᠡᠷᠭᠡᠶᠢᠯᠡᠨ ᠵᠠᠰᠠᠬᠤ ᠲᠠᠷᠬᠠᠭᠠᠭᠰᠠᠨ〔 2020〕 6 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠬᠤᠲᠠ ᠶᠢᠨ ᠱᠠᠲᠤᠨ ᠤ ᠲᠤᠬᠠᠶ ᠶᠢᠨ ᠭᠠᠵᠠᠷ ᠤᠨ ᠪᠠᠶᠢᠴᠠᠭᠠᠬᠤ ᠳᠤᠭᠤᠶᠢᠯᠠᠩ ᠤᠨ ᠰᠢᠯᠵᠢᠭᠦᠯᠦᠨ ᠬᠦᠢᠴᠡᠳᠭᠡᠭᠰᠡᠨ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠤᠨ ᠮᠥᠷᠳᠡᠨ ᠴᠡᠭᠴᠡᠯᠡᠨ ᠰᠠᠶᠢᠵᠢᠷᠠᠭᠤᠯᠬᠤ ᠶᠢ ᠯᠠᠪᠳᠠᠭᠤᠨ ᠪᠠᠲᠤᠲᠠᠶ ᠪᠥᠭᠡᠳ ᠪᠦᠲᠦᠮᠵᠢᠲᠡᠶ ᠰᠠᠶᠢᠲᠤᠷ ᠬᠢᠬᠦ ᠶᠢᠨ ᠲᠤᠰᠠᠳᠠ᠂ ᠲᠣᠭᠤᠷᠢᠭ ᠤᠨ ᠵᠠᠰᠠᠭ ᠤᠨ ᠣᠷᠳᠣᠨ ᠰᠤᠳᠤᠯᠬᠤ ᠪᠠᠷ ᠳᠡᠮᠵᠢᠨ᠂ ᠬᠢᠶ᠎ᠠ ᠪᠠᠭᠰᠢ ᠲᠣᠭᠤᠷᠢᠭ ᠤᠨ 2020 ᠣᠨ ᠤ ︽ᠠᠶᠤᠩᠭ᠎ᠠ ᠮᠡᠲᠦ ᠰᠦᠷ ᠬᠦᠴᠦᠨ ᠢᠶᠠᠷ ᠪᠣᠬᠢᠷᠳᠥᠯ ᠢ ᠠᠷᠢᠯᠭᠠᠬᠤ︾ ᠲᠤᠰᠬᠠᠶ ᠠᠵᠢᠯᠯᠠᠭ᠎ᠠ ᠶᠢᠨ ᠳᠤᠭᠤᠶᠢᠯᠠᠩ ᠢ ᠪᠠᠶᠢᠭᠤᠯᠬᠤ ᠪᠠᠷ ᠲᠣᠭᠲᠠᠪᠠ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠤᠷᠠᠬᠢ ᠮᠡᠲᠦ ᠮᠡᠳᠡᠭᠳᠡᠶ᠎ᠡ᠄        ᠨᠢᠭᠡ᠂ ᠲᠤᠰᠬᠠᠶ ᠠᠵᠢᠯᠯᠠᠭ᠎ᠠ ᠶᠢᠨ ᠳᠤᠭᠤᠶᠢᠯᠠᠩ ᠤᠨ ᠪᠦᠷᠢᠯᠳᠦᠬᠦᠨ          ᠳᠤᠭᠤᠶᠢᠯᠠᠩ ᠤᠨ ᠳᠠᠷᠤᠭ᠎ᠠ᠄ ᠯᠢ ᠳ᠋ᠦᠩ    ᠲᠣᠭᠤᠷᠢᠭ ᠤᠨ ᠨᠠᠮ ᠤᠨ ᠬᠤᠷᠢᠶᠠᠨ ᠤ ᠳᠡᠳ᠋  ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ        ᠪᠠᠶᠢᠩᠭᠤ ᠶᠢᠨ ᠳᠡᠳ᠋ ᠳᠤᠭᠤᠶᠢᠯᠠᠩ ᠤᠨ ᠳᠠᠷᠤᠭ᠎ᠠ᠄ ᠵᠠᠩ ᠫᠢᠩ     ᠲᠣᠭᠤᠷᠢᠭ ᠤᠨ ᠵᠠᠰᠠᠭ ᠤᠨ ᠣᠷᠳᠣᠨ ᠤ ᠲᠣᠭᠤᠷᠢᠭ ᠤᠨ ᠳᠡᠳ᠋ ᠳᠠᠷᠤᠭ᠎ᠠ᠂        ᠳᠡᠳ᠋ ᠳᠤᠭᠤᠶᠢᠯᠠᠩ ᠤᠨ ᠳᠠᠷᠤᠭ᠎ᠠ᠄ ᠴᠧᠩ ᠵᠢᠶᠧ       ᠲᠣᠭᠤᠷᠢᠭ ᠤᠨ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶᠠᠨ ᠤ ᠳᠠᠷᠤᠭ᠎ᠠ        ᠭᠡᠰᠢᠭᠦᠨ᠄ ᠶᠤᠸᠠᠨ ᠰᠢᠨ         ᠲᠣᠭᠤᠷᠢᠭ ᠤᠨ ᠰᠢᠢᠳᠪᠦᠷᠢᠲᠦ  ᠪᠣᠳᠣᠯᠭ᠎ᠠ ᠶᠢᠨ ᠵᠥᠪᠯᠡᠯᠭᠡ ᠥᠭᠬᠦ ᠲᠥᠪ ᠤᠨ ᠳᠡᠳ᠋ ᠡᠷᠬᠢᠯᠡᠭᠴᠢ                 ᠵᠠᠩ ᠶᠤᠸᠠᠢ ᠴᠧᠩ     ᠲᠣᠭᠤᠷᠢᠭ ᠤᠨ ᠠᠵᠤ ᠦᠢᠯᠡᠰ ᠤᠨ ᠬᠥᠭᠵᠢᠯᠲᠡ ᠶᠢᠨ ᠲᠥᠪ ᠤᠨ ᠳᠡᠳ᠋ ᠡᠷᠬᠢᠯᠡᠭᠴᠢ                 ᠱᠣᠣ ᠮᠢᠩ ᠹᠧᠩ        ᠲᠣᠭᠤᠷᠢᠭ ᠤᠨ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶᠠᠨ ᠤ ᠳᠡᠳ᠋ ᠳᠠᠷᠤᠭ᠎ᠠ                 ᠯᠢᠶᠠᠩ ᠶᠢᠩ          ᠲᠣᠭᠤᠷᠢᠭ ᠤᠨ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶᠠᠨ ᠤ ᠳᠡᠳ᠋ ᠳᠠᠷᠤᠭ᠎ᠠ        ᠲᠤᠰᠬᠠᠶ ᠠᠵᠢᠯᠯᠠᠭ᠎ᠠ ᠶᠢᠨ ᠳᠤᠭᠤᠶᠢᠯᠠᠩ ᠤᠨ ᠳᠣᠤᠷ᠎ᠠ ᠠᠯᠪᠠᠨ ᠬᠡᠷ ᠭᠠᠷᠭᠠᠵᠤ᠂ ᠠᠯᠪᠠᠨ ᠬᠡᠷ ᠢ ᠲᠣᠭᠤᠷᠢᠭ ᠤᠨ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶᠠᠨ ᠳᠤ ᠲᠣᠬᠢᠷᠠᠭᠤᠯᠤᠨ᠂ ᠠᠯᠪᠠᠨ ᠬᠡᠷ ᠤᠨ ᠡᠷᠬᠢᠯᠡᠭᠴᠢ ᠶᠢ ᠴᠧᠩ ᠵᠢᠶᠧ ᠬᠠᠪᠰᠤᠷᠭᠠᠨ ᠬᠦᠢᠴᠡᠳᠭᠡᠨ᠎ᠡ᠃         ᠬᠤᠶᠠᠷ᠂ ᠲᠤᠰᠬᠠᠶ ᠠᠵᠢᠯᠯᠠᠭ᠎ᠠ ᠶᠢᠨ ᠳᠤᠭᠤᠶᠢᠯᠠᠩ ᠵᠢᠴᠢ ᠠᠯᠪᠠᠨ ᠭᠡᠷ ᠤᠨ ᠠᠵᠢᠯ ᠤᠨ ᠡᠭᠦᠷᠭᠡ ᠬᠠᠷᠢᠭᠤᠴᠠᠯᠭ᠎ᠠ         ᠲᠣᠭᠤᠷᠢᠭ ᠤᠨ ︽ᠠᠶᠤᠩᠭ᠎ᠠ ᠮᠡᠲᠦ ᠰᠦᠷ ᠬᠦᠴᠦᠨ ᠢᠶᠠᠷ ᠪᠣᠬᠢᠷᠳᠥᠯ ᠢ ᠠᠷᠢᠯᠭᠠᠬᠤ︾ ᠲᠤᠰᠬᠠᠶ ᠠᠵᠢᠯᠯᠠᠭ᠎ᠠ ᠶᠢᠨ ᠳᠤᠭᠤᠶᠢᠯᠠᠩ ᠬᠤᠲᠠ ᠶᠢᠨ ᠲᠤᠰᠬᠠᠶ ᠬᠠᠤᠯᠢ ᠬᠡᠷᠡᠭᠵᠢᠭᠦᠯᠬᠦ ᠠᠵᠢᠯᠯᠠᠭ᠎ᠠ ᠶᠢᠨ ᠤᠳᠤᠷᠢᠳᠬᠤ ᠳᠤᠭᠤᠶᠢᠯᠠᠩ ᠲᠠᠢ ᠬᠠᠷᠢᠯᠴᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠬᠤᠷᠠᠯ ᠬᠤᠷᠠᠯᠳᠤᠭᠤᠯᠵᠤ ᠲᠣᠭᠤᠷᠢᠭ ᠤᠨ ︽ᠠᠶᠤᠩᠭ᠎ᠠ ᠮᠡᠲᠦ ᠰᠦᠷ ᠬᠦᠴᠦᠨ ᠢᠶᠠᠷ ᠪᠣᠬᠢᠷᠳᠥᠯ ᠢ ᠠᠷᠢᠯᠭᠠᠬᠤ︾ ᠲᠤᠰᠬᠠᠶ ᠠᠵᠢᠯᠯᠠᠭ᠎ᠠ ᠶᠢᠨ ᠠᠬᠢᠴᠠ ᠶᠢᠨ ᠪᠠᠶᠢᠳᠠᠯ ᠢ ᠰᠣᠨᠣᠰᠣᠨ᠂ ᠲᠤᠬᠠᠶ ᠶᠢᠨ ᠭᠠᠵᠠᠷ ᠤᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠ ᠠᠵᠢᠯ ᠤᠨ ᠲᠥᠰᠦᠯ ᠢ ᠰᠤᠳᠤᠯᠤᠨ ᠲᠣᠭᠲᠠᠭᠠᠵᠤ᠂ ᠲᠣᠭᠲᠠᠮᠠᠯ ᠬᠤᠭᠤᠴᠠᠭ᠎ᠠ ᠪᠠᠷ ᠬᠤᠲᠠ ᠶᠢᠨ ︽ᠠᠶᠤᠩᠭ᠎ᠠ ᠮᠡᠲᠦ ᠰᠦᠷ ᠬᠦᠴᠦᠨ ᠢᠶᠠᠷ ᠪᠣᠬᠢᠷᠳᠥᠯ ᠢ ᠠᠷᠢᠯᠭᠠᠬᠤ︾ ᠬᠠᠤᠯᠢ ᠬᠡᠷᠡᠭᠵᠢᠭᠦᠯᠬᠦ ᠲᠣᠰᠬᠠᠢ ᠠᠵᠢᠯᠯᠠᠭ᠎ᠠ ᠶᠢᠨ ᠤᠳᠤᠷᠢᠳᠬᠤ ᠳᠤᠭᠤᠶᠢᠯᠠᠩ ᠳᠤ ᠴᠡᠭᠴᠡᠯᠡᠨ ᠰᠠᠶᠢᠵᠢᠷᠠᠭᠤᠯᠬᠤ ᠠᠬᠢᠴᠠ ᠪᠠᠨ ᠮᠡᠳᠡᠭᠦᠯᠦᠨ ᠬᠦᠷᠭᠡᠬᠦ ᠬᠡᠷᠡᠭᠲᠡᠶ᠃  ᠲᠣᠭᠤᠷᠢᠭ ᠤᠨ ︽ᠠᠶᠤᠩᠭ᠎ᠠ ᠮᠡᠲᠦ ᠰᠦᠷ ᠬᠦᠴᠦᠨ ᠢᠶᠠᠷ ᠪᠣᠬᠢᠷᠳᠥᠯ ᠢ ᠠᠷᠢᠯᠭᠠᠬᠤ︾ ᠲᠤᠰᠬᠠᠶ ᠠᠵᠢᠯᠯᠠᠭᠠᠨ ᠤ ᠳᠤᠭᠤᠶᠢᠯᠠᠩ ᠤᠨ ᠠᠯᠪᠠᠨ ᠬᠡᠷ ᠨᠢ ᠬᠤᠲᠠ ᠶᠢᠨ ᠲᠤᠰᠬᠠᠶ ᠬᠠᠤᠯᠢ ᠬᠡᠷᠡᠭᠵᠢᠭᠦᠯᠬᠦ ᠠᠵᠢᠯᠯᠠᠭ᠎ᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ᠂ ᠬᠤᠲᠠ ᠶᠢᠨ ︽ᠠᠶᠤᠩᠭ᠎ᠠ ᠮᠡᠲᠦ ᠰᠦᠷ ᠬᠦᠴᠦᠨ ᠢᠶᠠᠷ ᠪᠣᠬᠢᠷᠳᠥᠯ ᠢ ᠠᠷᠢᠯᠭᠠᠬᠤ︾ ᠨᠢᠭᠡᠳᠦᠭᠡᠷ ᠪᠠᠶᠢᠴᠠᠭᠠᠬᠤ ᠳᠤᠭᠤᠶᠢᠯᠠᠩ ᠲᠠᠢ ᠬᠠᠷᠢᠭᠤᠴᠠᠨ ᠵᠣᠬᠢᠴᠠᠵᠦ᠂ ᠲᠤᠰᠢᠶᠠᠨ ᠰᠢᠢᠳᠪᠦᠷᠢᠯᠡᠭᠦᠯᠦᠭᠰᠡᠨ ᠡᠯ᠎ᠡ ᠵᠦᠢᠯ ᠤᠨ ᠠᠮᠢ ᠠᠬᠤᠶ ᠣᠷᠴᠢᠨ ᠲᠣᠭᠤᠷᠢᠨ ᠤ ᠠᠰᠠᠭᠤᠳᠠᠯ ᠢ ᠴᠠᠭ ᠲᠤᠬᠠᠶ ᠳᠤᠨᠢ ᠲᠠᠨᠢᠵᠤ ᠠᠪᠬᠤ ᠶᠢᠨ ᠬᠠᠮᠲᠤ᠂ ᠲᠤᠰᠬᠠᠶ ᠠᠵᠢᠯᠯᠠᠭ᠎ᠠ ᠶᠢᠨ ᠳᠤᠭᠤᠶᠢᠯᠠᠩ ᠳᠤ ᠠᠵᠢᠯ ᠤᠨ ᠠᠬᠢᠴᠠ ᠪᠠᠨ ᠲᠣᠭᠲᠠᠮᠠᠯ ᠬᠤᠭᠤᠴᠠᠭ᠎ᠠ ᠲᠠᠢ ᠪᠠᠷ ᠬᠠᠷᠢᠭᠤ  ᠮᠡᠳᠡᠭᠦᠯᠦᠨ᠂ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠠᠰᠠᠭᠤᠳᠠᠯ ᠳᠤ ᠵᠦᠢᠯ ᠳᠠᠷᠠᠭᠠᠯᠠᠨ ᠴᠡᠭᠴᠡᠯᠡᠨ ᠰᠠᠶᠢᠵᠢᠷᠠᠭᠤᠯᠬᠤ ᠡᠬᠡ ᠲᠠᠩᠰᠠ ᠶᠢ ᠪᠠᠶᠢᠭᠤᠯᠬᠤ ᠶᠢᠨ ᠬᠠᠮᠲᠤ᠂ ᠲᠣᠭᠤᠷᠢᠭ ᠤᠨ ᠲᠤᠰᠬᠠᠶ ᠠᠵᠢᠯᠯᠠᠭ᠎ᠠ ᠶᠢᠨ ᠳᠤᠭᠤᠶᠢᠯᠠᠩ ᠤᠨ ᠤᠳᠤᠷᠢᠳᠤᠯᠭ᠎ᠠ ᠳᠣᠤᠷ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠢ ᠰᠢᠮᠳᠠᠭᠤᠯᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠠᠭ ᠲᠤᠬᠠᠶ ᠳᠤᠨᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃
ᠢᠷᠡᠯᠲᠡ᠄ ᠲᠤᠰ ᠰᠦᠯᠵᠢᠶ᠎ᠡ