ᠬᠢᠶ᠎ᠠ ᠪᠠᠭᠰᠢ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠪᠠ ᠬᠡᠤᠬᠡᠳ ᠤᠨ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠥᠮᠦᠵᠢᠯ ᠢ ᠴᠢᠩᠭᠠᠳᠬᠠᠵᠤ᠂ ᠪᠠᠭᠰᠢ ᠰᠤᠷᠤᠭᠴᠢᠳ ᠤᠨ ᠪᠡᠶ᠎ᠡ ᠰᠡᠳᠬᠢᠯ | ᠤᠨ ᠡᠷᠡᠭᠦᠯ ᠮᠡᠨᠳᠦ ᠶᠢ ᠪᠠᠲᠤᠯᠠᠬᠤ ᠶᠢᠨ ᠲᠤᠰᠠᠳᠠ᠂ ᠰᠤᠳᠤᠯᠤᠯᠳᠠ ᠪᠠᠷ ᠳᠡᠮᠵᠢᠨ᠂ ᠢᠯᠡ ᠳᠤᠳᠤ᠂ ᠡᠷᠬᠡ ᠲᠡᠭᠰᠢ᠂ | ᠥᠷᠢᠰᠦᠯᠳᠦᠭᠦ᠂ ᠰᠢᠯᠢᠳᠡᠭ ᠢ ᠨᠢ ᠰᠣᠩᠭᠤᠬᠤ ᠵᠠᠷᠴᠢᠮ ᠶᠣᠰᠣᠭᠠᠷ᠂ ᠨᠡᠶᠢᠭᠡᠮ ᠨᠡᠶᠢᠲᠡ ᠳᠤ ᠬᠠᠨᠳᠤᠭᠤᠯᠤᠨ | ᠳᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠤᠨ ᠰᠤᠷᠭᠠᠭᠤᠯᠢ ᠶᠢᠨ ᠡᠮᠴᠢ ︵ᠡᠷᠡᠭᠦᠯᠵᠢᠯ ᠤᠨ ᠡᠮᠴᠢ︶ | 10 ᠨᠡᠷᠡᠰ ᠣᠷᠣᠭᠤᠯᠤᠨ ᠠᠪᠴᠢᠷᠠᠨ᠎ᠠ ᠭᠡᠵᠦ ᠳᠣᠭᠳᠠᠪᠠ᠂ ᠡᠳᠦᠭᠡ ᠳᠣᠤᠷᠠᠬᠢ ᠮᠡᠲᠦ ᠵᠠᠷᠯᠠᠶ᠎ᠠ᠄ | ᠨᠢᠭᠡ᠂ ᠣᠷᠣᠭᠤᠯᠤᠨ ᠠᠪᠴᠢᠷᠠᠬᠤ ᠲᠤᠰᠢᠶᠠᠯ ᠤᠨ ᠪᠠᠶᠢᠷᠢ ᠵᠢᠴᠢ ᠬᠥᠮᠦᠨ ᠤ ᠲᠤᠭ᠎ᠠ | ᠲᠣᠰ ᠤᠳᠠᠭ᠎ᠠ ᠳᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠤᠨ ᠰᠤᠷᠭᠠᠭᠤᠯᠢ ᠶᠢᠨ | ᠡᠮᠴᠢ ︵ᠡᠷᠡᠭᠦᠯᠵᠢᠯ ᠤᠨ ᠡᠮᠴᠢ︶ 10 ᠨᠡᠷᠡᠰ ᠣᠷᠣᠭᠤᠯᠤᠨ ᠠᠪᠴᠢᠷᠠᠨ᠎ᠠ ᠃ | ᠬᠤᠶᠠᠷ᠂ ᠣᠷᠣᠭᠤᠯᠵᠤ ᠠᠪᠴᠢᠷᠠᠬᠤ ᠬᠥᠮᠦᠰ ᠤᠨ ᠬᠢᠷᠢ ᠬᠡᠮ ᠤᠨ ᠨᠥᠬᠦᠴᠡᠯ | ︵ᠨᠢᠭᠡ︶ ᠦᠨᠳᠦᠰᠦᠨ ᠨᠥᠬᠦᠴᠡᠯ | 1᠂ ᠡᠬᠡ ᠤᠯᠤᠰ ᠢᠶᠠᠨ ᠬᠠᠶᠢᠷᠠᠯᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠤᠳᠤᠷᠢᠳᠤᠯᠭ᠎ᠠ ᠶᠢ ᠬᠦᠷᠢᠶᠡᠯᠡᠵᠦ᠂ ᠨᠠᠮ ᠤᠨ ᠦᠨᠳᠦᠰᠦᠨ ᠱᠤᠭᠤᠮ ᠢ ᠪᠠᠷᠢᠮᠳᠠᠯᠠᠭᠰᠠᠨ᠃ | 2᠂ ᠬᠠᠤᠯᠢ ᠴᠠᠭᠠᠵᠠ ᠰᠠᠬᠢᠯᠭ᠎ᠠ ᠪᠠᠳᠤ ᠶᠢ ᠵᠢᠷᠤᠮᠯᠠᠵᠤ᠂ ᠵᠠᠩ ᠰᠤᠷᠲᠠᠯ ᠲᠥᠪ ᠴᠢᠭᠡᠴᠢ᠂ | ᠰᠢᠯᠢᠳᠡᠭ ᠰᠠᠶᠢᠨ ᠳᠣᠬᠠᠶᠢᠯᠠᠭᠰᠠᠨ ᠠᠵᠢᠯ ᠤᠨ ᠶᠣᠰᠣ ᠰᠣᠷᠳᠠᠬᠤᠨ ᠲᠠᠢ᠃ | 3᠂ ᠠᠵᠢᠯ ᠤᠨ ᠪᠠᠶᠢᠷᠢ ᠳᠤ ᠬᠡᠷᠡᠭᠰᠡᠬᠦ ᠬᠢᠷᠢ ᠬᠡᠮ ᠤᠨ ᠨᠥᠬᠦᠴᠡᠯ ᠵᠢᠴᠢ ᠮᠡᠷᠭᠡᠵᠢᠯ ᠤᠨ | ᠱᠠᠭᠠᠷᠳᠠᠯᠭ᠎ᠠ ᠲᠠᠢ᠃ | 4᠂ ᠡᠭᠦᠷᠭᠡ ᠬᠠᠷᠢᠭᠤᠴᠠᠯᠭ᠎ᠠ ᠪᠠᠨ ᠬᠡᠪ ᠤᠨ ᠶᠣᠰᠣᠭᠠᠷ ᠭᠦᠢᠴᠡᠳᠬᠡᠭᠦ ᠪᠡᠶ᠎ᠡ ᠮᠠᠬᠠᠪᠣᠳ ᠤᠨ | ᠨᠥᠬᠦᠴᠡᠯ ᠪᠠ ᠠᠵᠢᠯ ᠤᠨ ᠪᠠᠶᠢᠷᠢ ᠶᠢᠨ ᠱᠠᠭᠠᠷᠳᠠᠯᠭ᠎ᠠ ᠳᠤ ᠨᠡᠶᠢᠴᠡᠭᠰᠡᠨ ᠠᠵᠢᠯ ᠤᠨ ᠴᠢᠳᠠᠪᠤᠷᠢ ᠲᠠᠢ᠃ | 5᠂ ᠳᠣᠤᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠨᠡᠷ᠎ᠡ ᠮᠡᠳᠡᠭᠦᠯᠵᠦ ᠪᠣᠯᠬᠤ ᠥᠬᠡᠶ᠄ | ︵1︶ ᠶᠠᠯ᠎ᠠ ᠬᠢᠭᠰᠡᠨ ᠠᠴᠠ ᠪᠣᠯᠵᠣ ᠡᠷᠡᠭᠦᠤ ᠶᠢᠨ ᠰᠢᠢᠳᠬᠡᠯ ᠣᠯᠤᠭᠰᠠᠨ ᠪᠠᠶᠢᠪᠠᠯ᠃ | ︵2︶ ᠵᠠᠰᠠᠭ ᠵᠠᠬᠢᠷᠭᠠᠨ ᠤ ᠠᠵᠢᠯ ᠠᠴᠠ ᠭᠥᠭᠡᠭᠡᠭᠳᠡᠭᠰᠡᠨ ᠰᠢᠢᠳᠬᠡᠯ ᠣᠯᠣᠭᠠᠳ ᠪᠦᠬᠦᠯᠢ 5 ᠵᠢᠯ | ᠪᠣᠯᠤᠭᠠᠳᠤᠶ ᠪᠤᠶᠤ ᠪᠤᠰᠤᠳ ᠵᠠᠰᠠᠭ ᠵᠠᠬᠢᠷᠭᠠᠨ ᠤ ᠰᠢᠢᠳᠬᠡᠯ ᠣᠯᠣᠭᠠᠳ ᠶᠠᠭ ᠰᠢᠢᠳᠬᠡᠯ ᠤᠨ ᠬᠤᠭᠤᠴᠠᠭᠠᠨ ᠳᠤ | ᠪᠠᠶᠢᠭ᠎ᠠ᠃ | ︵3︶ ᠣᠶᠢᠷ᠎ᠠ ᠶᠢᠨ 3 ᠵᠢᠯ ᠳᠤ᠂ ᠪᠥᠬᠦ ᠤᠯᠤᠰ ᠤᠨ ᠪᠠᠶᠢᠭᠤᠯᠭ᠎ᠠ᠂ ᠠᠵᠢᠯ ᠦᠢᠯᠡᠰ ᠤᠨ | ᠨᠢᠭᠡᠴᠡ ᠶᠢᠨ ᠡᠯᠰᠡᠬᠦ ︵ᠤᠷᠢᠬᠤ︶ ᠰᠢᠯᠭᠠᠯᠲᠠ᠂ ᠪᠡᠶ᠎ᠡ ᠶᠢᠨ ᠪᠠᠶᠢᠴᠠᠭᠠᠯᠲᠠ ᠪᠤᠶᠤ ᠰᠢᠯᠭᠠᠨ ᠪᠠᠶᠢᠴᠠᠭᠠᠬᠤ ᠳᠤᠮᠳᠠ | ᠰᠠᠬᠢᠯᠭ᠎ᠠ ᠪᠠᠲᠤ ᠶᠢ ᠵᠥᠷᠢᠴᠡᠭᠰᠡᠨ ᠦᠢᠯᠡ ᠠᠵᠢᠯᠯᠠᠭ᠎ᠠ ᠣᠷᠣᠰᠢᠵᠤ ᠪᠠᠶᠢᠭ᠎ᠠ᠃ | ︵4︶ ᠬᠠᠤᠯᠢ ᠴᠠᠭᠠᠵᠠ ᠰᠠᠬᠢᠯᠭ᠎ᠠ ᠪᠠᠲᠤ ᠶᠢ ᠵᠥᠷᠢᠴᠡᠭᠰᠡᠨ ᠰᠡᠵᠢᠭᠯᠡᠯᠲᠡᠶ ᠤᠴᠢᠷ ᠠᠴᠠ ᠬᠢᠨᠠᠨ | ᠪᠤᠳᠤᠬᠤ᠂ ᠰᠠᠬᠢᠯᠭ᠎ᠠ ᠪᠠᠲᠤ ᠶᠢᠨ ᠬᠢᠨᠠᠨ ᠪᠠᠶᠢᠴᠠᠭᠠᠯᠲᠠ ᠶᠢ ᠬᠦᠯᠢᠶᠡᠵᠦ ᠪᠠᠶᠢᠬᠤ ᠪᠤᠶᠤ ᠶᠠᠯ᠎ᠠ ᠬᠢᠭᠰᠡᠨ ᠢᠶᠠᠷ | ᠰᠡᠵᠢᠭᠯᠡᠭᠳᠡᠵᠦ᠂ ᠬᠠᠤᠯᠢ ᠴᠠᠭᠠᠵᠠ ᠶᠢᠨ ᠶᠠᠪᠤᠴᠠ ᠬᠠᠷᠠᠬᠠᠨ ᠳᠠᠭᠤᠰᠤᠭᠠᠳᠤᠶ ᠪᠠᠶᠢᠬᠤ᠃ | ︵5︶ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠦᠷᠢᠮ ᠲᠣᠭᠲᠠᠭᠠᠯ ᠳᠤ ᠨᠡᠷ᠎ᠡ ᠮᠡᠳᠡᠭᠦᠯᠬᠦ ᠳᠤ | ᠲᠣᠬᠢᠷᠠᠮᠵᠢ ᠦᠭᠡᠢ ᠭᠡᠵᠦ ᠲᠣᠭᠲᠠᠭᠠᠭᠰᠠᠨ ᠪᠤᠰᠤᠳ ᠪᠠᠶᠢᠳᠠᠯ ︵ᠲᠤᠰ ᠵᠦᠢᠯ ᠳᠤ ᠲᠣᠭᠲᠠᠭᠠᠭᠰᠠᠨ | ᠰᠢᠢᠳᠬᠡᠭᠳᠡᠭᠰᠡᠨ ᠬᠤᠭᠤᠴᠠᠭ᠎ᠠ ᠶᠢᠨ ᠳᠠᠭᠤᠰᠬᠤ ᠡᠳᠦᠷ ᠬᠤᠭᠤᠴᠠᠭ᠎ᠠ ᠨᠢ ᠠᠯᠪᠠᠨ ᠵᠠᠷ ᠨᠡᠶᠢᠲᠡᠯᠡᠭᠰᠡᠨ ᠡᠳᠦᠷ | ᠪᠣᠯᠤᠨ᠎ᠠ︶᠃ | ︵ᠬᠤᠶᠠᠷ︶ ᠬᠢᠷᠢ ᠬᠡᠮ ᠤᠨ ᠨᠥᠬᠦᠴᠡᠯ | 1᠂ ᠪᠦᠬᠦᠯᠢ 40 ᠨᠠᠰᠤ ᠵᠢᠴᠢ ᠲᠡᠭᠦᠨ ᠠᠴᠠ ᠳᠣᠭᠤᠭᠰᠢ ︵ᠳᠠᠷᠤᠶ᠄ 1980 ᠣᠨ ᠤ 5 | ᠰᠠᠷ᠎ᠠ ᠶᠢᠨ 1 ᠤ ᠡᠳᠦᠷ ᠵᠢᠴᠢ ᠲᠡᠭᠦᠨ ᠠᠴᠠ ᠬᠤᠶᠢᠰᠢ ᠲᠦᠷᠦᠭᠰᠡᠨ︶ ᠨᠠᠰᠤ ᠲᠠᠢ ᠃ | 2᠂ ᠤᠯᠤᠰ ᠠᠴᠠ ᠮᠡᠳᠡᠷᠡᠭᠰᠡᠨ ᠶᠡᠭᠡ ᠰᠤᠷᠭᠠᠭᠤᠯᠢ ᠶᠢᠨ ᠵᠢᠩᠬᠢᠨᠢ ᠠᠩᠭᠢ ᠵᠢᠴᠢ ᠲᠡᠭᠦᠨ ᠠᠴᠠ | ᠳᠡᠭᠡᠭᠰᠢ ᠰᠤᠷᠤᠯᠭ᠎ᠠ ᠶᠢᠨ ᠨᠠᠮᠲᠠᠷ ᠲᠠᠢ᠃ | 3᠂ 3 ᠵᠢᠯ ᠠᠴᠠ ᠳᠡᠭᠡᠭᠰᠢ ᠬᠠᠮᠢᠶ᠎ᠠ ᠪᠦᠬᠦᠢ ᠠᠵᠢᠯ ᠤᠨ ᠳᠣᠷᠰᠢᠯᠭ᠎ᠠ ᠲᠠᠢ᠂ ᠶᠡᠭᠡ ᠡᠮᠴᠢ ᠵᠢᠴᠢ | ᠲᠡᠭᠦᠨ ᠠᠴᠠ ᠳᠡᠭᠡᠭᠰᠢᠬᠢ ᠲᠤᠰᠬᠠᠶ ᠮᠡᠷᠭᠡᠵᠢᠯ ᠤᠨ ᠴᠣᠯᠠ ᠪᠠ ᠠᠵᠢᠯ ᠡᠷᠬᠢᠯᠡᠬᠦ ᠡᠮᠴᠢ ᠶᠢᠨ ᠬᠢᠷᠢ ᠬᠡᠮ ᠤᠨ ᠦᠨᠡᠮᠯᠡᠯ | ᠤᠯᠤᠭᠰᠠᠨ᠃ | 4. ᠠᠵᠢᠯ ᠦᠢᠯᠡᠰ ᠤᠨ ᠨᠢᠭᠡᠴᠡ ᠶᠢᠨ ᠣᠷᠣᠨ ᠲᠤᠭ᠎ᠠ ᠳᠤ ᠠᠵᠢᠯᠯᠠᠵᠤ ᠪᠠᠶᠢᠭ᠎ᠠ ᠠᠵᠢᠯᠲᠠᠨ ᠤ ᠪᠡᠶ᠎ᠡ | ᠶᠢᠨ ᠭᠠᠷᠣᠯ ᠲᠠᠢ᠃ | ᠭᠤᠷᠪᠠ᠂ ᠣᠷᠣᠭᠤᠯᠵᠤ ᠠᠪᠴᠢᠷᠠᠬᠤ ᠶᠠᠪᠤᠴᠠ | ᠲᠣᠰ ᠤᠳᠠᠭᠠᠨ ᠤ ᠢᠯᠡ ᠪᠠᠷ ᠣᠷᠣᠭᠤᠯᠵᠤ ᠠᠪᠴᠢᠷᠠᠬᠤ ᠠᠵᠢᠯ ᠰᠦᠯᠵᠢᠶᠡᠨ ᠳᠡᠭᠡᠷ᠎ᠡ ᠨᠡᠷ᠎ᠡ | ᠮᠡᠳᠡᠭᠦᠯᠬᠦ᠂ ᠳᠤᠬᠠᠢ ᠶᠢᠨ ᠲᠠᠯᠠᠪᠤᠷ ᠲᠤ ᠨᠤᠲᠠᠯᠠᠬᠤ ᠪᠠ ᠬᠢᠷᠢ ᠬᠡᠮ ᠢ ᠬᠢᠨᠠᠨ ᠪᠠᠶᠢᠴᠠᠭᠠᠬᠤ᠂ ᠨᠢᠭᠤᠷᠲᠠᠨ ᠰᠢᠯᠭᠠᠬᠤ᠂ | ᠪᠡᠶ᠎ᠡ ᠶᠢᠨ ᠪᠠᠶᠢᠴᠠᠭᠠᠯᠳᠠ ᠬᠢᠬᠦ ᠪᠠ ᠰᠢᠨᠵᠢᠯᠡᠨ ᠪᠠᠶᠢᠴᠠᠭᠠᠬᠤ ᠵᠡᠷᠭᠡ ᠶᠠᠪᠤᠴᠠ ᠶᠣᠰᠣᠭᠠᠷ ᠶᠠᠪᠤᠭᠳᠠᠨ᠎ᠠ᠃ | ︵ᠨᠢᠭᠡ︶ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ | 1᠂ ᠨᠡᠷ᠎ᠡ ᠮᠡᠳᠡᠭᠦᠯᠦᠭᠰᠡᠳ ︽ᠬᠢᠶ᠎ᠠ ᠪᠠᠭᠰᠢ ᠲᠣᠭᠤᠷᠢᠭ ᠤᠨ 2020 ᠣᠨ ᠤ ᠳᠤᠮᠳᠠᠳᠤ ᠪᠠᠭ᠎ᠠ | ᠰᠤᠷᠭᠠᠭᠤᠯᠢ ᠬᠡᠤᠬᠡᠳ ᠤᠨ ᠴᠡᠴᠡᠷᠯᠢᠭ ᠤᠨ ᠰᠤᠷᠭᠠᠭᠤᠯᠢ ᠶᠢᠨ ᠡᠮᠴᠢ ︵ᠡᠷᠡᠭᠦᠯᠵᠢᠯ ᠤᠨ ᠡᠮᠴᠢ︶ ᠣᠷᠣᠭᠤᠯᠤᠨ | ᠠᠪᠴᠢᠷᠠᠬᠤ ᠨᠡᠷ᠎ᠡ ᠮᠡᠳᠡᠭᠦᠯᠬᠦ ᠭᠥᠰᠥᠨᠦᠭᠳᠦ︾ ᠂ ︽ᠬᠢᠶ᠎ᠠ ᠪᠠᠭᠰᠢ ᠲᠣᠭᠤᠷᠢᠭ ᠤᠨ 2020 ᠣᠨ ᠤ ᠳᠤᠮᠳᠠᠳᠤ | ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠤᠨ ᠰᠤᠷᠭᠠᠭᠤᠯᠢ ᠶᠢᠨ ᠡᠮᠴᠢ ︵ᠡᠷᠡᠭᠦᠯᠵᠢᠯ ᠤᠨ ᠡᠮᠴᠢ︶ | ᠣᠷᠣᠭᠤᠯᠤᠨ ᠠᠪᠴᠢᠷᠠᠬᠤ ᠨᠡᠷ᠎ᠡ ᠮᠡᠳᠡᠭᠦᠯᠬᠦ ᠬᠤᠷᠢᠶᠠᠩᠭᠤᠶ ᠭᠥᠰᠥᠨᠦᠭᠳᠦ︾ ᠶᠢ ᠲᠠᠭᠯᠠᠵᠤ᠂ ᠪᠢᠴᠢᠭ ᠮᠠᠲ᠋ᠧᠷᠢᠶᠠᠯ | ᠤᠨ ᠬᠠᠪᠳᠠᠰᠤ ︵︽ᠣᠪᠣᠭ ᠨᠡᠷ᠎ᠡ + ᠰᠤᠷᠤᠯᠭ᠎ᠠ ᠶᠢᠨ ᠨᠠᠮᠲᠠᠷ︾︶ ᠶᠢᠨ ᠬᠡᠯᠪᠡᠷᠢ ᠪᠠᠷ ᠡᠯᠧᠺᠲᠷᠣᠨ ᠢᠮᠧᠯ ᠳᠤ | ᠶᠠᠪᠤᠭᠤᠯᠤᠨ᠎ᠠ᠄ kbsjtj04778599905@163.com᠂ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠴᠠᠭ | 2020 ᠣᠨ 5 ᠰᠠᠷ᠎ᠠ ᠶᠢᠨ 24 ᠤ ᠡᠳᠦᠷ ᠤᠨ 17᠄ 30 ᠭᠦᠷᠳᠡᠯ᠎ᠡ ᠃ | 2᠂ ᠨᠡᠷ᠎ᠡ ᠮᠡᠳᠡᠭᠦᠯᠬᠦ ᠦᠶ᠎ᠡ ᠳᠤ᠂ ᠰᠢᠯᠭᠠᠯᠳᠠ ᠳᠤ ᠨᠡᠷ᠎ᠡ ᠮᠡᠳᠡᠭᠦᠯᠦᠭᠴᠢ ᠡᠷᠬᠡᠪᠰᠢ ᠰᠦᠯᠵᠢᠶᠡᠨ | ᠳᠡᠭᠡᠷ᠎ᠡ ︽ᠬᠢᠶ᠎ᠠ ᠪᠠᠭᠰᠢ ᠲᠣᠭᠤᠷᠢᠭ ᠤᠨ ᠰᠤᠷᠭᠠᠭᠤᠯᠢ ᠶᠢᠨ ᠡᠮᠴᠢ ᠣᠷᠣᠭᠤᠯᠵᠤ ᠠᠪᠴᠢᠷᠠᠬᠤ ᠢᠲᠡᠭᠡᠮᠵᠢ ᠶᠢᠨ | ᠠᠮᠠᠯᠠᠯᠲᠠ ᠶᠢᠨ ᠪᠢᠴᠢᠭ︾ ᠲᠤ ᠭᠠᠷ ᠤᠨ ᠥᠰᠥᠭ ᠵᠢᠷᠤᠬᠤ ᠬᠡᠷᠡᠭᠲᠡᠶ᠂ ᠡᠰᠡᠪᠠᠯ ᠨᠡᠷ᠎ᠡ ᠮᠡᠳᠡᠭᠦᠯᠬᠦ ᠶᠢ ᠭᠥᠯᠢᠶᠡᠨ | ᠠᠪᠬᠤ ᠥᠬᠡᠶ᠃ ᠣᠷᠣᠭᠤᠯᠵᠤ ᠠᠪᠴᠢᠷᠠᠬᠤ ᠠᠯᠪᠠᠨ ᠵᠠᠷ ᠤᠨ ᠨᠥᠬᠦᠴᠡᠯ ᠢ ᠬᠢᠨᠠᠮᠠᠭᠠᠶ ᠤᠩᠰᠢᠵᠤ᠂ ᠲᠣᠰ | ᠬᠥᠮᠦᠨ ᠤ ᠨᠡᠷ᠎ᠡ ᠮᠡᠳᠡᠭᠦᠯᠭᠦ ᠨᠥᠬᠦᠴᠡᠯ ᠳᠤ ᠨᠡᠶᠢᠴᠡᠬᠦ ᠡᠰᠡᠬᠦ ᠶᠢ ᠨᠠᠷᠢᠨ ᠢᠯᠭᠠᠨ ᠳᠣᠲᠣᠯᠠᠬᠤ ᠬᠡᠷᠡᠭᠲᠡᠶ ᠃ | ᠰᠢᠯᠭᠠᠯᠳᠠ ᠳᠤ ᠨᠡᠷ᠎ᠡ ᠮᠡᠳᠡᠭᠦᠯᠦᠭᠴᠢ ᠡᠷᠬᠡᠪᠰᠢ ᠰᠦᠯᠵᠢᠶᠡᠨ ᠳᠡᠭᠡᠷ᠎ᠡ ᠲᠤᠰᠢᠶᠠᠭᠰᠠᠨ ᠮᠠᠲ᠋ᠧᠷᠢᠶᠠᠯ ᠤᠨ ᠦᠨᠡᠨ | ᠪᠣᠳᠠᠳᠠᠢ᠂ ᠣᠨᠣᠪᠴᠢᠳᠠᠢ᠂ ᠪᠦᠷᠢᠨ ᠪᠦᠲᠦᠨ ᠂ ᠭᠦᠴᠦᠨ ᠲᠠᠢ ᠴᠢᠨᠠᠷ ᠲᠤ ᠬᠠᠷᠢᠭᠤᠴᠠᠬᠤ ᠬᠡᠷᠡᠭᠲᠡᠶ᠂ | ᠲᠤᠰᠢᠶᠠᠭᠰᠠᠨ ᠮᠠᠲ᠋ᠧᠷᠢᠶᠠᠯ ᠨᠢ ᠦᠨᠡᠨ ᠪᠣᠳᠠᠲᠠᠶ ᠪᠢᠰᠢ᠂ ᠣᠨᠣᠪᠴᠢ ᠥᠬᠡᠶ᠂ ᠪᠦᠷᠢᠨ ᠪᠦᠲᠦᠨ ᠪᠤᠰᠤ ᠠᠴᠠ ᠪᠣᠯᠵᠣ | ᠨᠡᠷ᠎ᠡ ᠮᠡᠳᠡᠭᠦᠯᠭᠦ᠂ ᠰᠢᠯᠭᠠᠬᠤ ᠪᠤᠶᠤ ᠤᠷᠢᠨ ᠬᠡᠷᠡᠭᠯᠡᠬᠦ ᠶᠢ ᠨᠥᠯᠥᠭᠡᠯᠡᠭᠰᠡᠨ ᠪᠠᠶᠢᠪᠠᠯ᠂ ᠬᠠᠷᠢᠭᠤᠴᠠᠯᠭ᠎ᠠ ᠶᠢ | ᠥᠪᠡᠰᠦᠪᠡᠨ ᠡᠭᠦᠷᠭᠡᠯᠡᠨ᠎ᠡ᠃ ᠨᠡᠷ᠎ᠡ ᠮᠡᠳᠡᠭᠦᠯᠬᠦ ᠦᠶ᠎ᠡ ᠳᠤ᠂ ᠰᠢᠯᠭᠠᠯᠲᠠ ᠳᠤ ᠨᠡᠷ᠎ᠡ ᠮᠡᠳᠡᠭᠦᠯᠦᠭᠴᠢ ᠡᠷᠬᠡᠪᠰᠢ ᠲᠣᠰ | ᠬᠥᠮᠦᠨ ᠤ ᠣᠶᠢᠷ᠎ᠠ ᠶᠢᠨ ᠬᠤᠭᠤᠴᠠᠭᠠᠨ ᠤ ᠡᠮᠦᠨ᠎ᠡ ᠲᠠᠯ᠎ᠠ ᠶᠢᠨ ᠮᠠᠯᠠᠭᠠᠶ ᠥᠬᠡᠶ ᠳᠣᠭᠠᠳᠤ ᠥᠩᠭᠡᠲᠦ ᠬᠡᠷᠡᠯ ᠵᠢᠷᠤᠭ | ︵jpg ᠬᠡᠯᠪᠡᠷᠢ᠂ ᠶᠡᠭᠡ ᠪᠠᠭ᠎ᠠ ᠨᠢ 20KB ᠠᠴᠠ ᠳᠣᠷᠣᠭᠰᠢ︶ ᠪᠠᠶᠢᠬᠤ ᠬᠡᠷᠡᠭᠲᠡᠶ᠃ ᠲᠣᠰ ᠬᠥᠮᠦᠨ ᠤ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠰᠤᠷᠤᠯᠴᠠᠭᠰᠠᠨ | ᠥᠩᠭᠡᠷᠡᠯᠲᠡ ᠶᠢ ᠪᠦᠷᠢᠨ ᠪᠦᠲᠦᠨ ᠲᠠᠭᠯᠠᠨ ᠪᠢᠴᠢᠭᠦ ᠬᠡᠷᠡᠭᠲᠡᠶ ︵ᠰᠤᠷᠭᠠᠭᠤᠯᠢ ᠳᠤ ᠣᠷᠣᠵᠤ ᠳᠡᠭᠦᠰᠦᠭᠰᠡᠨ ᠣᠨ | ᠰᠠᠷ᠎ᠠ᠂ ᠰᠠᠭᠤᠭᠰᠨ ᠰᠤᠷᠭᠠᠭᠤᠯᠢ᠂ ᠳᠡᠭᠡᠳᠦ ᠰᠤᠷᠭᠠᠭᠤᠯᠢ ᠰᠠᠯᠪᠤᠷᠢ᠂ ᠲᠤᠰᠬᠠᠶ ᠮᠡᠷᠭᠡᠵᠢᠯ ᠵᠡᠷᠭᠡ ᠶᠢ ᠲᠠᠭᠯᠠᠨ | ᠪᠢᠴᠢᠬᠦ ᠬᠡᠷᠡᠭᠲᠡᠶ︶᠂ ᠮᠡᠳᠡᠭᠡ ᠵᠠᠩᠭᠢ ᠨᠢᠭᠡᠪᠦᠷᠢ ᠶᠢ ᠴᠥᠮ ᠣᠨᠣᠪᠴᠢᠳᠠᠢ ᠪᠠᠷ ᠳᠠᠮᠵᠢᠭᠤᠯᠬᠤ ᠶᠢ ᠦᠨᠡᠨ ᠬᠦ | ᠪᠠᠲᠤᠯᠠᠵᠤ᠂ ᠬᠤᠪᠢ ᠬᠥᠮᠦᠨ ᠤ ᠮᠡᠳᠡᠭᠡ ᠵᠠᠩᠭᠢ ᠳᠤ ᠠᠯᠳᠠᠭ᠎ᠠ ᠲᠠᠢ ᠠᠴᠠ ᠪᠣᠯᠵᠣ ᠵᠠᠰᠠᠪᠤᠷᠢ ᠣᠷᠣᠭᠤᠯᠬᠤ | ᠴᠢᠬᠤᠯᠠᠲᠠᠶ ᠪᠣᠯ᠂ ᠰᠢᠯᠭᠠᠭᠤᠯᠤᠭᠴᠢ ᠲᠣᠰ ᠬᠥᠮᠦᠨ ᠨᠢ ᠣᠷᠣᠭᠤᠯᠤᠨ ᠠᠪᠴᠢᠷᠠᠭᠰᠠᠨ ᠨᠢᠭᠡᠴᠡ ᠲᠠᠢ ᠬᠠᠷᠢᠯᠴᠠᠵᠤ | ᠵᠠᠰᠠᠪᠤᠷᠢ ᠣᠷᠣᠭᠤᠯᠬᠤ ᠬᠡᠷᠡᠭᠲᠡᠶ᠃ | 3᠂ ᠡᠯᠰᠡᠬᠦ ᠠᠵᠢᠯ ᠤᠨ ᠠᠵᠢᠯᠳᠠᠨ ᠰᠦᠯᠵᠢᠶᠡᠨ ᠳᠡᠭᠡᠷ᠎ᠡ ᠤᠷᠢᠭᠳᠠᠭᠰᠠᠳ ᠤᠨ ᠬᠢᠷᠢ ᠬᠡᠮ ᠤᠨ | ᠠᠩᠬᠠᠨ ᠤ ᠬᠢᠨᠠᠯᠲᠠ ᠬᠢᠭᠦ ᠶᠢᠨ ᠬᠠᠮᠳᠤ ᠬᠢᠨᠠᠨ ᠬᠠᠷᠭᠤᠭᠤᠯᠤᠭᠰᠠᠨ ᠰᠠᠨᠠᠯ ᠳᠤᠷᠠᠳᠴᠤ᠂ ᠨᠡᠷ᠎ᠡ ᠮᠡᠳᠡᠭᠦᠯᠬᠦ | ᠨᠥᠬᠦᠴᠡᠯ ᠳᠤ ᠨᠡᠶᠢᠴᠡᠬᠦ ᠦᠭᠡᠢ ᠪᠤᠶᠤ ᠮᠡᠳᠡᠭᠡ ᠵᠠᠩᠭᠢ ᠪᠦᠷᠢᠨ ᠪᠤᠰᠤ ᠪᠠᠶᠢᠪᠠᠯ ᠬᠢᠨᠠᠨ ᠬᠠᠷᠭᠤᠭᠤᠯᠤᠯᠳᠠ ᠶᠢ | ᠪᠠᠳᠤᠯᠠᠬᠤ ᠦᠭᠡᠢ᠂ ᠬᠤᠳᠠᠯ ᠬᠠᠭᠤᠷᠮᠠᠭ ᠮᠡᠳᠡᠭᠡ ᠵᠠᠩᠭᠢ ᠪᠠᠷ ᠨᠡᠷ᠎ᠡ ᠮᠡᠳᠡᠭᠦᠯᠵᠦ ᠬᠢᠷᠢ ᠬᠡᠮ ᠤᠨ ᠳᠠᠬᠢᠨ | ᠬᠢᠨᠠᠯᠲᠠ ᠳᠤ ᠣᠷᠣᠭᠰᠠᠳ ᠢ ᠲᠣᠰ ᠤᠳᠠᠭᠠᠨ ᠤ ᠨᠡᠷ᠎ᠡ ᠮᠡᠳᠡᠭᠦᠯᠬᠦ ᠬᠢᠷᠢ ᠬᠡᠮ ᠢ ᠬᠦᠴᠦᠨ ᠥᠬᠡᠶ ᠪᠣᠯᠭᠠᠨ᠎ᠠ᠃ ᠬᠢᠷᠢ | ᠬᠡᠮ ᠤᠨ ᠠᠩᠬᠠᠨ ᠤ ᠬᠢᠨᠠᠯᠲᠠ ᠶᠢᠨ ᠳᠠᠭᠤᠰᠬᠤ ᠴᠠᠭ ᠨᠢ 5 ᠰᠠᠷ᠎ᠠ ᠶᠢᠨ 26 ᠤ ᠡᠳᠦᠷ ᠤᠨ 17᠄ 30 | ᠭᠦᠷᠳᠡᠯ᠎ᠡ᠃ | ︵ᠬᠤᠶᠠᠷ︶ ᠲᠤᠬᠠᠶ ᠶᠢᠨ ᠲᠠᠯᠠᠪᠤᠷ ᠤᠨ ᠨᠤᠲᠠᠯᠠᠯᠲᠠ ᠬᠢᠭᠡᠳ ᠬᠢᠷᠢ ᠬᠡᠮ ᠢ ᠬᠢᠨᠠᠨ ᠪᠠᠶᠢᠴᠠᠭᠠᠬᠤ | 1᠂ ᠲᠤᠬᠠᠶ ᠶᠢᠨ ᠲᠠᠯᠠᠪᠤᠷ ᠤᠨ ᠬᠢᠷᠢ ᠬᠡᠮ ᠢ ᠳᠠᠬᠢᠨ ᠬᠢᠨᠠᠬᠤ ᠴᠠᠭ᠂ ᠭᠠᠵᠠᠷ ᠢ ︽ᠬᠢᠶ᠎ᠡ ᠪᠠᠭᠰᠢ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ︾ ᠳᠤ ᠠᠰᠳᠠᠭᠠᠨ ᠨᠡᠶᠢᠳᠡᠯᠡᠨ᠎ᠡ᠂ | ᠰᠦᠯᠵᠢᠶᠡᠨ ᠤ ᠬᠠᠶ᠋ᠢᠭ᠄ http://www.kbs.gov.cn᠂ ᠲᠣᠭᠲᠠᠭᠰᠠᠨ ᠴᠠᠭ ᠲᠤ ᠬᠢᠷᠢ ᠬᠡᠮ ᠤᠨ ᠳᠠᠬᠢᠨ | ᠬᠢᠨᠠᠯᠲᠠ ᠳᠤ ᠣᠷᠣᠯᠴᠠᠭᠰᠠᠨ ᠥᠬᠡᠶ ᠪᠣᠯ ᠲᠣᠰ ᠤᠳᠠᠭᠠᠨ ᠤ ᠣᠷᠣᠭᠤᠯᠵᠤ ᠠᠪᠴᠢᠷᠠᠬᠤ ᠬᠢᠷᠢ ᠬᠡᠮ ᠢᠶᠠᠨ | ᠥᠪᠡᠷᠲᠡᠭᠡᠨ ᠲᠠᠶᠠᠭᠳᠠᠭᠰᠠᠨ ᠢᠶᠠᠷ ᠦᠵᠡᠨ᠎ᠡ᠃ | 2 ᠂ ᠬᠢᠷᠢ ᠬᠡᠮ ᠤᠨ ᠳᠠᠬᠢᠨ ᠬᠢᠨᠠᠯᠲᠠ ᠳᠤ ᠣᠷᠣᠭᠰᠠᠨ ᠤᠷᠢᠭᠳᠠᠭᠰᠠᠳ᠂ ᠡᠷᠬᠡᠪᠰᠢ ᠲᠣᠭᠲᠠᠭᠰᠠᠨ | ᠴᠠᠭ ᠤᠨ ᠳᠣᠲᠣᠷ᠎ᠠ ︽ᠬᠢᠶ᠎ᠠ ᠪᠠᠭᠰᠢ ᠲᠣᠭᠤᠷᠢᠭ ᠤᠨ 2020 ᠣᠨ ᠤ ᠳᠤᠮᠳᠠᠳᠤ ᠪᠠᠭ᠎ᠠ ᠰᠤᠷᠭᠠᠭᠤᠯᠢ | ᠬᠡᠤᠬᠡᠳ ᠤᠨ ᠴᠡᠴᠡᠷᠯᠢᠭ ᠤᠨ ᠰᠤᠷᠭᠠᠭᠤᠯᠢ ᠶᠢᠨ ᠡᠮᠴᠢ ︵ᠡᠷᠡᠭᠦᠯᠵᠢᠯ ᠤᠨ ᠡᠮᠴᠢ︶ ᠣᠷᠣᠭᠤᠯᠤᠨ ᠠᠪᠴᠢᠷᠠᠬᠤ | ᠨᠡᠷ᠎ᠡ ᠮᠡᠳᠡᠭᠦᠯᠬᠦ ᠬᠦᠰᠦᠨᠦᠭᠲᠦ︾ ᠪᠠ ᠲᠣᠰ ᠬᠥᠮᠦᠨ ᠤ ᠭᠠᠷ ᠤᠨ ᠥᠰᠥᠭ ᠵᠢᠷᠤᠭᠰᠠᠨ ︽ᠬᠢᠶ᠎ᠠ ᠪᠠᠭᠰᠢ | ᠲᠣᠭᠤᠷᠢᠭ ᠤᠨ ᠰᠤᠷᠭᠠᠭᠤᠯᠢ ᠶᠢᠨ ᠡᠮᠴᠢ ᠣᠷᠣᠭᠤᠯᠵᠤ ᠠᠪᠴᠢᠷᠠᠬᠤ ᠢᠲᠡᠭᠡᠮᠵᠢ ᠶᠢᠨ ᠠᠮᠠᠯᠠᠯᠲᠠ ᠶᠢᠨ ᠪᠢᠴᠢᠭ︾ ᠂ | ᠬᠤᠶᠠᠳᠤᠭᠠᠷ ᠦᠶ᠎ᠡ ᠶᠢᠨ ᠪᠡᠶ᠎ᠡ ᠶᠢᠨ ᠦᠨᠡᠮᠯᠡᠯ᠂ ᠠᠵᠢᠯ ᠡᠷᠭᠢᠯᠡᠬᠦ ᠡᠮᠴᠢ ᠶᠢᠨ ᠬᠢᠷᠢ ᠬᠡᠮ ᠤᠨ ᠦᠨᠡᠮᠯᠡᠯ ᠤᠨ ᠣᠭ | ᠪᠢᠴᠢᠭ ᠵᠢᠴᠢ ᠬᠠᠭᠤᠯᠪᠤᠷᠢ᠂ ᠰᠤᠷᠤᠯᠭ᠎ᠠ ᠶᠢᠨ ᠨᠠᠮᠲᠠᠷ ᠤᠨ ᠦᠨᠡᠮᠯᠡᠯ᠂ ᠡᠷᠳᠡᠮ ᠤᠨ ᠴᠤᠯᠠ ᠶᠢᠨ ᠦᠨᠡᠮᠯᠡᠯ᠂ | ᠰᠤᠷᠭᠠᠨ ᠬᠥᠮᠦᠵᠢᠯ ᠤᠨ ᠶᠠᠮᠤᠨ ᠤ ᠰᠤᠷᠤᠯᠭ᠎ᠠ ᠶᠢᠨ ᠨᠠᠮᠲᠠᠷ ᠤᠨ ᠦᠨᠡᠮᠯᠡᠯ ᠤᠨ ᠡᠯᠧᠺᠲᠷᠣᠨ ᠳᠡᠩᠰᠡᠯᠡᠯᠲᠡ ᠶᠢᠨ | ᠬᠦᠰᠦᠨᠦᠭᠲᠦ ᠪᠤᠶᠤ ᠳᠤᠮᠳᠠᠳᠤ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠤᠷᠤᠯᠭ᠎ᠠ ᠶᠢᠨ | ᠨᠠᠮᠲᠠᠷ ᠤᠨ ᠭᠡᠷᠡᠴᠢᠯᠡᠯ ᠤᠨ ᠮᠡᠳᠡᠭᠦᠯᠦᠯᠲᠡ ᠵᠢᠴᠢ ᠠᠵᠢᠯ ᠤᠨ ᠪᠠᠶᠢᠷᠢ ᠶᠢᠨ ᠨᠥᠬᠦᠴᠡᠯ ᠤᠨ ᠱᠠᠭᠠᠷᠳᠠᠯᠭ᠎ᠠ ᠶᠢᠨ | ᠬᠠᠮᠢᠶ᠎ᠠ ᠪᠥᠬᠦᠶ ᠮᠠᠲ᠋ᠧᠷᠢᠶᠠᠯ ᠢᠶᠠᠨ ᠠᠪᠴᠤ ᠳᠣᠭᠳᠠᠭᠰᠠᠨ ᠭᠠᠵᠠᠷ ᠲᠤ ᠣᠴᠢᠵᠤ ᠬᠢᠷᠢ ᠬᠡᠮ ᠢᠶᠠᠨ ᠬᠢᠨᠠᠨ | ᠪᠠᠶᠢᠴᠠᠭᠠᠯᠭᠠᠨ᠎ᠠ᠃ | ︵ ᠭᠤᠷᠪᠠ︶ ᠨᠢᠭᠤᠷᠲᠠᠨ ᠰᠢᠯᠭᠠᠬᠤ ᠶᠠᠪᠤᠳᠠᠯ | 1 ᠂ ᠨᠢᠭᠤᠷᠲᠠᠨ ᠰᠢᠯᠭᠠᠬᠤ ᠴᠠᠭ᠂ ᠭᠠᠵᠠᠷ ᠢ ︽ᠬᠢᠶ᠎ᠠ ᠪᠠᠭᠰᠢ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ ᠤ ᠠᠯᠪᠠᠨ ᠰᠦᠯᠵᠢᠶ᠎ᠡ︾ ᠳᠤ ᠠᠰᠳᠠᠭᠠᠨ ᠨᠡᠶᠢᠳᠡᠯᠡᠨ᠎ᠡ᠂ ᠰᠦᠯᠵᠢᠶᠡᠨ ᠤ ᠬᠠᠶ᠋ᠢᠭ᠄ http: | //www.kbs.gov.cn᠂ ᠲᠣᠭᠲᠠᠭᠰᠠᠨ ᠴᠠᠭ ᠲᠤ ᠨᠢᠭᠤᠷᠳᠠᠨ ᠰᠢᠯᠭᠠᠬᠤ ᠳᠤ ᠣᠷᠣᠯᠴᠠᠭᠰᠠᠨ ᠦᠭᠡᠢ ᠶᠢ | ᠲᠣᠰ ᠤᠳᠠᠭᠠᠨ ᠤ ᠣᠷᠣᠭᠤᠯᠵᠤ ᠠᠪᠴᠢᠷᠠᠬᠤ ᠬᠢᠷᠢ ᠬᠡᠮ ᠢᠶᠠᠨ ᠥᠪᠡᠷᠲᠡᠭᠡᠨ ᠲᠠᠶᠠᠭᠳᠠᠭᠰᠠᠨ ᠢᠶᠠᠷ ᠦᠵᠡᠨ᠎ᠡ ᠃ | | 2᠂ ᠨᠢᠭᠤᠷᠲᠠᠨ ᠰᠢᠯᠭᠠᠬᠤ ᠠᠷᠭ᠎ᠠ᠄ ᠮᠡᠷᠭᠡᠵᠢᠯ ᠴᠢᠳᠠᠪᠤᠷᠢ ᠶᠢᠨ ᠪᠠᠶᠢᠴᠠᠭᠠᠯᠲᠠ᠂ ᠨᠣᠮ ᠬᠠᠶᠠᠯᠴᠠᠬᠤ | ᠵᠡᠷᠭᠡ ︵ᠴᠠᠭ ᠤᠨ ᠣᠷᠳᠣ 15 ᠮᠢᠨᠦ᠋ᠲ︶᠃ | 3᠂ ᠨᠢᠭᠤᠷᠲᠠᠨ ᠰᠢᠯᠭᠠᠬᠤ ᠳᠤ ᠣᠷᠣᠯᠴᠠᠭᠰᠠᠨ ᠰᠢᠯᠭᠠᠭᠤᠯᠤᠭᠴᠢ ᠰᠢᠯᠭᠠᠯᠲᠠ ᠡᠬᠢᠯᠡᠬᠦ ᠠᠴᠠ 60 | ᠮᠢᠨᠦ᠋ᠲ ᠤᠨ ᠡᠮᠦᠨ᠎ᠡ ᠲᠣᠰ ᠬᠥᠮᠦᠨ ᠤ ᠬᠤᠶᠠᠳᠤᠭᠠᠷ ᠦᠶ᠎ᠡ ᠶᠢᠨ ᠪᠡᠶ᠎ᠡ ᠶᠢᠨ ᠦᠨᠡᠮᠯᠡᠯ᠂ ᠨᠢᠭᠤᠷᠲᠠᠨ ᠰᠢᠯᠭᠠᠬᠤ | ᠮᠡᠳᠡᠭᠳᠡᠯ ᠤᠨ ᠪᠢᠴᠢᠭ ᠢᠶᠠᠨ ᠠᠪᠴᠤ ᠲᠣᠭᠲᠠᠭᠰᠠᠨ ᠰᠢᠯᠭᠠᠯᠲᠠ ᠶᠢᠨ ᠳᠠᠰᠤᠭ ᠲᠤ ᠬᠦᠷᠴᠦ ᠨᠡᠷ᠎ᠡ ᠮᠡᠳᠡᠭᠦᠯᠬᠦ | ᠬᠡᠷᠡᠭᠲᠡᠶ᠃ ᠨᠢᠭᠤᠷᠳᠠᠨ ᠰᠢᠯᠭᠠᠬᠤ ᠬᠢᠷᠢ ᠪᠦᠲᠦᠮᠵᠢ ᠶᠢᠨ ᠪᠦᠷᠢᠨ ᠬᠤᠪᠢ ᠨᠢ ᠵᠠᠭᠤᠨ ᠬᠤᠪᠢ᠂ ᠨᠢᠭᠤᠷᠳᠠᠨ | ᠰᠢᠯᠭᠠᠭᠰᠠᠨ ᠬᠢᠷᠢ ᠪᠦᠲᠦᠮᠵᠢ ᠶᠢ ᠲᠡᠷᠡ ᠳᠣᠤᠷ᠎ᠠ ᠨᠢ ᠨᠡᠶᠢᠲᠡᠯᠡᠵᠦ᠂ ᠣᠷᠢᠭᠳᠠᠭᠰᠠᠳ ᠠᠴᠠ ᠭᠠᠷ ᠤᠨ ᠦᠰᠦᠭ | ᠵᠢᠷᠤᠵᠤ ᠨᠤᠲᠠᠯᠠᠨ᠎ᠠ᠃ | ︵ ᠳᠥᠷᠪᠡ︶ ᠬᠢᠷᠢ ᠪᠦᠲᠦᠮᠵᠢ ᠶᠢ ᠨᠡᠶᠢᠲᠡᠯᠡᠬᠦ | 1᠂ ᠢᠯᠡ ᠪᠠᠷ ᠠᠵᠢᠯᠲᠠᠨ ᠡᠯᠰᠡᠬᠦ ᠬᠤᠭᠤᠴᠠᠭᠠᠨ ᠳᠠᠬᠢ ᠬᠢᠷᠢ ᠪᠦᠲᠦᠮᠵᠢ ᠶᠢ ᠨᠡᠶᠢᠲᠡᠯᠡᠬᠦ᠂ ᠮᠡᠳᠡᠭᠡ | ᠵᠠᠩᠭᠢ ᠶᠢ ᠨᠡᠶᠢᠳᠡᠯᠡᠭᠦ ᠵᠡᠷᠭᠡ ᠤᠴᠢᠷ ᠶᠠᠪᠤᠳᠠᠯ ᠢ ︽ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠤ ᠠᠯᠪᠠᠨ ᠰᠦᠯᠵᠢᠶ᠎ᠡ︾ ᠳᠤ ᠨᠡᠶᠢᠲᠡᠯᠡᠨ᠎ᠡ᠂ ᠴᠠᠭ ᠲᠤᠬᠠᠶ ᠳᠤᠨᠢ ᠰᠦᠯᠵᠢᠶᠡᠨ ᠳᠡᠭᠡᠷ᠎ᠡ ᠭᠠᠷᠴᠤ | ᠪᠠᠶᠢᠴᠠᠭᠠᠨ ᠯᠠᠪᠯᠠᠭᠠᠷᠠᠶ᠃ | 2᠂ ᠠᠵᠢᠯ ᠤᠨ ᠪᠠᠶᠢᠷᠢ ᠶᠢᠨ ᠣᠷᠢᠭᠳᠠᠭᠰᠠᠳ ᠤᠨ ᠬᠢᠷᠢ ᠪᠦᠲᠦᠮᠵᠢ ᠶᠢᠨ ᠥᠨᠳᠥᠷ ᠠᠴᠠ ᠳᠣᠤᠷ᠎ᠠ | ᠳᠡᠰ ᠳᠠᠷᠠᠭᠠᠯᠠᠯ ᠢᠶᠠᠷ ᠵᠢᠱᠢᠨ ᠡᠯᠰᠡᠭᠰᠡᠨ ᠬᠥᠮᠦᠰ ᠤᠨ ᠨᠡᠷᠡᠰ ᠢ ᠲᠣᠭᠲᠠᠭᠠᠵᠤ᠂ ᠡᠴᠦᠰ ᠤᠨ ᠣᠷᠣᠨ ᠳᠤ | ᠬᠢᠷᠢ ᠪᠦᠳᠦᠮᠵᠢ ᠨᠢ ᠵᠡᠷᠭᠡᠴᠡᠭᠰᠡᠨ ᠣᠷᠢᠭᠳᠠᠭᠰᠠᠳ ᠪᠦᠬᠦᠨ ᠢᠶᠠᠷ ᠢᠶᠠᠨ ᠵᠢᠱᠢᠨ ᠡᠯᠰᠡᠭᠰᠡᠨ ᠬᠥᠮᠦᠰ ᠤᠨ ᠨᠡᠷᠡᠰ | ᠲᠤ ᠣᠷᠣᠨ᠎ᠠ ᠃ | ︵ᠲᠠᠪᠤ︶ ᠪᠡᠶ᠎ᠡ ᠶᠢᠨ ᠪᠠᠶᠢᠴᠠᠭᠠᠯᠲᠠ ᠪᠠ ᠰᠢᠯᠭᠠᠨ ᠪᠠᠶᠢᠴᠠᠭᠠᠯᠳᠠ | 1 ᠂ ᠨᠢᠭᠤᠷᠲᠠᠨ ᠰᠢᠯᠭᠠᠬᠤ ᠠᠵᠢᠯ ᠳᠠᠭᠤᠰᠤᠭᠰᠠᠨ ᠤ ᠳᠠᠷᠠᠭ᠎ᠠ᠂ ᠵᠢᠱᠢᠨ ᠡᠯᠰᠡᠭᠰᠡᠨ ᠬᠥᠮᠦᠰ | ᠪᠡᠶ᠎ᠡ ᠶᠢᠨ ᠪᠠᠶᠢᠴᠠᠭᠠᠯᠲᠠ ᠬᠢᠨ᠎ᠡ᠃ ᠪᠡᠶ᠎ᠡ ᠶᠢᠨ ᠪᠠᠶᠢᠴᠠᠭᠠᠯᠲᠠ ᠶᠢᠨ ᠪᠣᠳᠠᠲᠠᠶ ᠴᠠᠭ ᠪᠠ ᠭᠠᠵᠠᠷ ᠢ ︽ᠬᠢᠶ᠎ᠠ ᠪᠠᠭᠰᠢ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ︾ ᠳᠡᠭᠡᠷ᠎ᠡ ᠠᠰᠳᠠᠭᠠᠨ ᠮᠡᠳᠡᠭᠳᠡᠨ᠎ᠡ᠃ | 2᠂ ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠠᠵᠢᠯᠲᠠᠨ ᠡᠯᠰᠡᠬᠦ ᠠᠵᠢᠯ ᠤᠨ ᠤᠳᠤᠷᠢᠳᠬᠤ | ᠳᠤᠭᠤᠶᠢᠯᠠᠩ ᠠᠴᠠ ᠪᠣᠳᠠᠲᠠᠶ ᠬᠡᠷᠡᠭᠵᠢᠭᠦᠯᠵᠦ᠂ ᠪᠡᠶ᠎ᠡ ᠶᠢᠨ ᠪᠠᠶᠢᠴᠠᠭᠠᠯᠲᠠ ᠬᠢᠭᠦ ᠡᠮᠨᠡᠯᠭᠡ ᠶᠢᠨ ᠬᠤᠷᠢᠶ᠎ᠠ ᠶᠢ | ᠠᠵᠢᠯᠲᠠᠨ ᠡᠯᠰᠡᠬᠦ ᠰᠢᠯᠭᠠᠯᠲᠠ ᠶᠢᠨ ᠶᠠᠪᠤᠳᠠᠯ ᠤᠨ ᠠᠵᠢᠯ ᠤᠨ ᠤᠳᠤᠷᠢᠳᠬᠤ ᠳᠤᠭᠤᠶᠢᠯᠠᠩ ᠠᠴᠠ ᠲᠣᠭᠲᠠᠭᠠᠨ᠎ᠠ᠃ | ᠪᠡᠶ᠎ᠡ ᠶᠢᠨ ᠪᠠᠶᠢᠴᠠᠭᠠᠯᠲᠠ ᠶᠢ ᠠᠯᠪᠠᠲᠠᠨ ᠡᠯᠰᠡᠨ ᠬᠡᠷᠡᠭᠯᠡᠬᠦ ᠪᠡᠶ᠎ᠡ ᠶᠢᠨ ᠪᠠᠶᠢᠴᠠᠭᠠᠯᠲᠠ ᠶᠢᠨ ᠬᠤᠯᠪᠣᠭᠳᠠᠯ ᠪᠦᠭᠦᠢ | ᠲᠣᠭᠲᠠᠭᠠᠯ ᠢᠶᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ ᠤᠷᠢᠭᠳᠠᠭᠰᠠᠳ ᠳᠠᠬᠢᠨ ᠪᠠᠶᠢᠴᠠᠭᠠᠯᠲᠠ ᠬᠢᠬᠦ | ᠴᠢᠬᠤᠯᠠ ᠲᠠᠢ ᠪᠣᠯ᠂ ᠤᠷᠢᠬᠤ ᠨᠢᠭᠡᠴᠡ ᠮᠡᠳᠡᠭᠳᠡᠯ ᠢ ᠣᠯᠤᠭᠰᠠᠨ ᠤ ᠳᠠᠷᠠᠭ᠎ᠠ ᠴᠠᠭ ᠲᠤᠬᠠᠶ ᠳᠤᠨᠢ | ᠤᠷᠢᠭᠳᠠᠭᠰᠠᠳ ᠲᠤ ᠳᠠᠬᠢᠨ ᠪᠠᠶᠢᠴᠠᠭᠠᠯᠲᠠ ᠬᠢᠭᠦ ᠪᠠᠷ ᠮᠡᠳᠡᠭᠳᠡᠬᠦ ᠬᠡᠷᠡᠭᠲᠡᠶ᠃ | 3᠂ ᠵᠢᠱᠢᠨ ᠡᠯᠰᠡᠭᠰᠡᠨ ᠭᠦᠮᠦᠰ ᠴᠠᠭ ᠲᠠᠭᠠᠨ ᠪᠡᠶ᠎ᠡ ᠶᠢᠨ ᠪᠠᠶᠢᠴᠠᠭᠠᠯᠲᠠ ᠬᠢᠬᠦ ᠦᠭᠡᠢ᠂ ᠪᠡᠶ᠎ᠡ ᠶᠢᠨ | ᠪᠠᠶᠢᠴᠠᠭᠠᠯᠳᠠ ᠨᠢ ᠬᠢᠷᠢ ᠲᠡᠩᠴᠡᠭᠰᠡᠨ ᠦᠭᠡᠢ ᠪᠤᠶᠤ ᠪᠡᠶ᠎ᠡ ᠶᠢᠨ ᠪᠠᠶᠢᠴᠠᠭᠠᠯᠲᠠ ᠶᠢᠨ ᠶᠠᠪᠤᠴᠠ ᠳᠤ ᠬᠠᠭᠤᠷᠮᠠᠭᠯᠠᠵᠤ᠂ | ᠦᠨᠡᠨ ᠪᠠᠶᠢᠳᠠᠯ ᠢ ᠨᠢᠭᠤᠭᠰᠠᠨ ᠪᠠᠶᠢᠪᠠᠯ ᠴᠥᠮ ᠡᠯᠰᠡᠨ ᠬᠡᠷᠡᠭᠯᠡᠬᠦ ᠬᠢᠷᠢ ᠬᠡᠮ ᠢ ᠨᠢ ᠬᠦᠴᠦᠨ ᠦᠭᠡᠢ ᠪᠣᠯᠭᠠᠨ᠎ᠠ᠃ | 4 . ᠪᠡᠶ᠎ᠡ ᠶᠢᠨ ᠪᠠᠶᠢᠴᠠᠭᠠᠯᠲᠠ ᠶᠢᠨ ᠠᠵᠢᠯ ᠳᠠᠭᠤᠰᠤᠭᠰᠠᠨ ᠤ ᠳᠠᠷᠠᠭ᠎ᠠ ᠲᠡᠩᠴᠡᠭᠦᠤ ᠲᠤᠭ᠎ᠠ ᠪᠠᠷ | ᠬᠢᠨᠠᠨ ᠪᠠᠶᠢᠴᠠᠭᠠᠬᠤ ᠬᠡᠪᠴᠢᠶᠡᠨ ᠳᠤ ᠣᠷᠣᠬᠤ ᠵᠢᠱᠢᠭᠳᠡᠭᠴᠢ ᠶᠢ ᠲᠣᠭᠲᠠᠭᠠᠬᠤ ᠳᠤ᠂ ᠮᠣᠷᠠᠯ ᠴᠢᠳᠠᠪᠤᠷᠢ | ᠪᠦᠷᠢᠳᠦᠭᠰᠡᠨ ᠪᠠᠷᠢᠮᠵᠢᠶ᠎ᠠ ᠶᠣᠰᠣᠭᠠᠷ᠂ ᠤᠷᠢᠨ ᠬᠡᠷᠡᠭᠯᠡᠬᠦ ᠪᠠᠷ ᠪᠠᠶᠢᠭ᠎ᠠ ᠠᠵᠢᠯ ᠤᠨ ᠪᠠᠶᠢᠷᠢ ᠶᠢᠨ ᠱᠠᠭᠠᠷᠳᠠᠯᠭ᠎ᠠ ᠶᠢ | ᠦᠨᠳᠦᠰᠦᠯᠡᠨ᠂ ᠬᠢᠨᠠᠨ ᠰᠢᠯᠭᠠᠭᠳᠠᠬᠤ ᠡᠲᠡᠭᠡᠳ ᠤᠨ ᠶᠡᠷᠦᠩᠬᠡᠶᠢᠯᠡᠭᠰᠡᠨ ᠬᠡᠪ ᠴᠢᠨᠠᠷ ᠢ ᠪᠦᠬᠦ ᠲᠠᠯ᠎ᠠ ᠪᠠᠷ᠂ | ᠣᠨᠣᠪᠴᠢᠲᠠᠶ᠂ ᠪᠤᠰᠤᠳᠴᠢ ᠪᠠᠷ ᠦᠨᠡᠯᠡᠬᠦ ᠶᠢᠨ ᠬᠠᠮᠲᠤ ᠬᠢᠷᠢ ᠬᠡᠮ ᠤᠨ ᠨᠥᠬᠦᠴᠡᠯ ᠳᠤ ᠳᠠᠬᠢᠨ ᠪᠠᠶᠢᠴᠠᠭᠠᠯᠲᠠ ᠬᠢᠬᠦ | ᠬᠡᠷᠡᠭᠲᠡᠶ᠃ ᠰᠢᠯᠭᠠᠨ ᠪᠠᠶᠢᠴᠠᠭᠠᠭᠠᠳ ᠬᠢᠷᠢ ᠲᠡᠩᠴᠡᠭᠰᠡᠨ ᠦᠭᠡᠢ ᠪᠤᠶᠤ ᠣᠷᠣᠭᠤᠯᠵᠤ ᠠᠪᠴᠢᠷᠠᠬᠤ ᠬᠢᠷᠢ | ᠬᠡᠮ ᠢᠶᠠᠨ ᠥᠪᠡᠷᠲᠡᠭᠡᠨ ᠲᠠᠶᠠᠭᠳᠠᠭᠰᠠᠨ ᠭᠦᠮᠦᠰ ᠤᠨ ᠡᠯᠰᠡᠨ ᠬᠡᠷᠡᠭᠯᠡᠬᠦ ᠬᠢᠷᠢ ᠬᠡᠮ ᠢ ᠨᠢ ᠬᠦᠴᠦᠨ ᠦᠭᠡᠢ | ᠪᠣᠯᠭᠠᠨ᠎ᠠ᠃ | ︵ᠵᠢᠷᠭᠤᠭ᠎ᠠ︶ ᠵᠠᠷᠯᠠᠨ ᠨᠡᠶᠢᠲᠡᠯᠡᠬᠦ ᠪᠠ ᠤᠷᠢᠨ ᠬᠡᠷᠡᠭᠯᠡᠬᠦ | 1᠂ ᠠᠵᠢᠯ ᠤᠨ ᠪᠠᠶᠢᠷᠢ ᠶᠢ ᠦᠨᠳᠦᠰᠦᠯᠡᠨ᠂ ᠣᠷᠣᠭᠤᠯᠤᠨ ᠠᠪᠴᠢᠷᠠᠭᠰᠠᠨ ᠬᠥᠮᠦᠰ ᠤᠨ ᠨᠢᠭᠤᠷᠲᠠᠨ | ᠰᠢᠯᠭᠠᠭᠰᠠᠨ ᠬᠢᠷᠢ ᠪᠦᠲᠦᠮᠵᠢ᠂ ᠪᠡᠶ᠎ᠡ ᠶᠢᠨ ᠪᠠᠶᠢᠴᠠᠭᠠᠯᠲᠠ ᠪᠠ ᠰᠢᠯᠭᠠᠨ ᠪᠠᠶᠢᠴᠠᠭᠠᠭᠰᠠᠨ ᠦᠷ᠎ᠡ ᠳ᠋ᠦᠩ ᠤᠨ | ᠶᠣᠰᠣᠭᠠᠷ ᠤᠷᠢᠵᠤ ᠬᠡᠷᠡᠭᠯᠡᠭᠦ ᠬᠥᠮᠦᠰ ᠤᠨ ᠨᠡᠷᠡᠰ ᠢ ᠲᠣᠭᠲᠠᠭᠠᠵᠤ᠂ ︽ᠬᠢᠶ᠎ᠠ ᠪᠠᠭᠰᠢ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ ᠤ ᠠᠯᠪᠠᠨ ᠰᠦᠯᠵᠢᠶ᠎ᠡ︾ ᠳᠡᠭᠡᠷ᠎ᠡ ᠵᠠᠷᠯᠠᠨ ᠨᠡᠶᠢᠲᠡᠯᠡᠵᠦ᠂ ᠵᠠᠷᠯᠠᠨ ᠨᠡᠶᠢᠲᠡᠯᠡᠬᠦ | ᠬᠤᠭᠤᠴᠠᠭᠠᠨ ᠳᠤ ᠨᠡᠶᠢᠭᠡᠮ ᠤᠨ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠶᠢ ᠬᠦᠯᠢᠶᠡᠨ᠎ᠡ᠂ ᠵᠠᠷᠯᠠᠨ ᠨᠡᠶᠢᠲᠡᠯᠡᠬᠦ | ᠬᠤᠭᠤᠴᠠᠭ᠎ᠠ ᠨᠢ 7 ᠡᠳᠦᠷ ᠪᠣᠯᠤᠨ᠎ᠠ᠃ | 2᠂ ᠵᠠᠷᠯᠠᠨ ᠨᠡᠶᠢᠲᠡᠯᠡᠬᠦ ᠬᠤᠭᠤᠴᠠᠭᠠᠨ ᠳᠤ᠂ ᠤᠷᠢᠨ ᠬᠡᠷᠡᠭᠯᠡᠬᠦ ᠶᠢ ᠨᠥᠯᠥᠭᠡᠯᠡᠬᠦ ᠲᠤᠰᠬᠠᠭᠰᠠᠨ | ᠠᠰᠠᠭᠤᠳᠠᠯ ᠲᠠᠢ ᠪᠥᠭᠡᠳ ᠲᠤᠰᠬᠠᠭᠰᠠᠨ ᠠᠰᠠᠭᠤᠳᠠᠯ ᠤᠨ ᠦᠨᠡᠨ ᠪᠣᠯᠬᠤ ᠶᠢ ᠪᠠᠶᠢᠴᠠᠭᠠᠨ ᠳᠣᠲᠣᠯᠠᠭᠰᠠᠨ ᠪᠠᠶᠢᠪᠠᠯ | ᠂ ᠡᠯᠰᠡᠨ ᠬᠡᠷᠡᠭᠯᠡᠬᠦ ᠬᠢᠷᠢ ᠬᠡᠮ ᠢ ᠨᠢ ᠬᠦᠴᠦᠨ ᠥᠬᠡᠶ ᠪᠣᠯᠭᠠᠵᠤ᠂ ᠠᠵᠢᠯ ᠤᠨ ᠪᠠᠶᠢᠷᠢ ᠶᠢ ᠨᠢ ᠦᠨᠳᠦᠰᠦᠯᠡᠬᠦ ᠶᠢᠨ | ᠬᠠᠮᠲᠤ ᠣᠷᠣᠭᠤᠯᠤᠨ ᠠᠪᠴᠢᠷᠠᠭᠰᠠᠨ ᠬᠥᠮᠦᠰ ᠤᠨ ᠨᠢᠭᠤᠷᠲᠠᠨ ᠰᠢᠯᠭᠠᠭᠰᠠᠨ ᠬᠢᠷᠢ ᠪᠦᠲᠦᠮᠵᠢ ᠶᠢᠨ ᠥᠨᠳᠥᠷ ᠠᠴᠠ | ᠳᠣᠣᠷ᠎ᠠ ᠲᠠᠰ ᠳᠠᠷᠠᠭᠠᠯᠠᠯ ᠢᠶᠠᠷ ᠲᠡᠩᠴᠡᠭᠦᠤ ᠲᠤᠭ᠎ᠠ ᠪᠠᠷ ᠨᠥᠬᠦᠪᠥᠷᠢᠯᠡᠬᠦ ᠬᠡᠷᠡᠭᠲᠡᠶ᠃ ᠲᠤᠰᠬᠠᠭᠰᠠᠨ ᠠᠰᠠᠭᠤᠳᠠᠯ ᠢ | ᠲᠦᠷ ᠴᠠᠭ ᠲᠤ ᠪᠠᠶᠢᠴᠠᠭᠠᠨ ᠳᠣᠲᠣᠯᠠᠬᠤ ᠳᠤ ᠬᠦᠴᠢᠷᠲᠡᠶ ᠪᠠᠶᠢᠪᠠᠯ᠂ ᠡᠯᠰᠡᠨ ᠬᠡᠷᠡᠭᠯᠡᠬᠦ ᠶᠢ ᠲᠦᠷ | ᠬᠤᠶᠢᠰᠢᠯᠠᠭᠤᠯᠵᠤ᠂ ᠠᠰᠠᠭᠤᠳᠠᠯ ᠢ ᠪᠠᠶᠢᠴᠠᠭᠠᠨ ᠳᠣᠲᠣᠯᠠᠭᠰᠠᠨ ᠤ ᠳᠠᠷᠠᠭ᠎ᠠ ᠰᠠᠶ᠋ᠢ ᠤᠷᠢᠨ ᠬᠡᠷᠡᠭᠯᠡᠬᠦ ᠡᠰᠡᠬᠦ ᠪᠠᠨ | ᠲᠣᠭᠲᠠᠭᠠᠨ᠎ᠠ ᠃ ᠵᠠᠷᠯᠠᠨ ᠨᠡᠶᠢᠲᠡᠯᠡᠬᠦ ᠬᠤᠭᠤᠴᠠᠭ᠎ᠠ ᠨᠢ ᠳᠦᠭᠦᠷᠦᠭᠰᠡᠨ ᠤ ᠲᠡᠷᠠᠭ᠎ᠠ ᠲᠡᠬᠢᠵᠦ ᠳᠠᠷᠠᠭᠠᠯᠠᠨ ᠨᠥᠬᠦᠬᠦ | ᠤᠢᠭᠡᠢ᠃ ᠠᠰᠠᠭᠤᠳᠠᠯ ᠦᠭᠡᠢ ᠪᠤᠶᠤ ᠲᠤᠰᠬᠠᠭᠰᠠᠨ ᠠᠰᠠᠭᠤᠳᠠᠯ ᠨᠢ ᠤᠷᠢᠨ ᠬᠡᠷᠡᠭᠯᠡᠬᠦ ᠶᠢ ᠨᠥᠯᠥᠭᠡᠯᠡᠬᠦ ᠦᠭᠡᠢ ᠪᠣᠯ᠂ | ᠳᠣᠭᠳᠠᠭᠠᠯ ᠶᠣᠰᠣᠭᠠᠷ ᠤᠷᠢᠨ ᠬᠡᠷᠡᠭᠯᠡᠬᠦ ᠭᠠᠷᠳᠠᠮ ᠭᠦᠢᠴᠡᠳᠬᠡᠭᠦ ᠬᠡᠷᠡᠭᠲᠡᠶ᠃ | ᠲᠥᠷᠪᠡ᠂ ᠣᠷᠣᠭᠤᠯᠤᠨ ᠠᠪᠴᠢᠷᠠᠬᠤ ᠬᠠᠷᠠᠭᠠᠯᠵᠠᠯ | 1 ᠂ ᠣᠷᠣᠭᠤᠯᠣᠨ ᠠᠪᠴᠢᠷᠠᠭᠰᠠᠨ ᠰᠤᠷᠭᠠᠭᠤᠯᠢ ᠶᠢᠨ ᠡᠮᠴᠢ ︵ ᠡᠷᠡᠭᠦᠯᠵᠢᠯ ᠤᠨ ᠡᠮᠴᠢ︶ | ᠤᠯᠤᠰ ᠤᠨ ᠠᠵᠢᠯ ᠤᠨ ᠪᠠᠶᠢᠷᠢ ᠳᠤ ᠪᠠᠶᠢᠭ᠎ᠠ ᠵᠢᠩᠬᠢᠨᠢ ᠠᠵᠢᠯᠲᠠᠨ ᠤ ᠬᠠᠷᠠᠭᠠᠯᠵᠠᠯ ᠢ ᠭᠥᠷᠳᠡᠬᠦ ᠶᠢᠨ ᠬᠠᠮᠲᠤ ︽ | ᠠᠵᠢᠯ ᠦᠢᠯᠡᠰ ᠤᠨ ᠨᠢᠭᠡᠴᠡ ᠶᠢᠨ ᠤᠷᠢᠵᠤ ᠬᠡᠷᠡᠭᠯᠡᠬᠦ ᠭᠡᠷ᠎ᠡ︾ ᠳᠣᠭᠳᠠᠨᠠ᠃ | 2᠂ ᠣᠷᠣᠭᠤᠯᠤᠨ ᠠᠪᠴᠢᠷᠠᠭᠰᠠᠨ ᠰᠤᠷᠭᠠᠭᠤᠯᠢ ᠶᠢᠨ ᠡᠮᠴᠢ ︵ᠡᠷᠡᠭᠦᠯᠵᠢᠯ ᠤᠨ ᠡᠮᠴᠢ︶ ᠳᠤ | ᠰᠢᠯᠵᠢᠯᠲᠡ ᠶᠢᠨ ᠴᠢᠨᠠᠷᠲᠠᠶ ᠨᠡᠶᠢᠲᠡ ᠶᠢᠨ ᠪᠠᠶᠢᠷᠢ ᠬᠠᠩᠭᠠᠨ᠎ᠠ᠃ | ᠲᠠᠪᠤ᠂ ᠪᠤᠰᠤᠳ ᠤᠴᠢᠷ ᠶᠠᠪᠤᠳᠠᠯ | 1᠂ ᠡᠯᠰᠡᠨ ᠬᠡᠷᠡᠭᠯᠡᠬᠦ ᠬᠥᠮᠦᠰ ᠲᠣᠭᠲᠠᠭᠰᠠᠨ ᠴᠠᠭ ᠤᠨ ᠳᠣᠲᠣᠷ᠎ᠠ ᠨᠡᠷ᠎ᠡ ᠮᠡᠳᠡᠭᠦᠯᠬᠦ ᠬᠡᠷᠡᠭᠲᠡᠶ᠂ | ᠡᠰᠡᠪᠠᠯ ᠥᠪᠡᠷᠳᠡᠭᠡᠨ ᠳᠠᠶᠠᠭᠳᠠᠭᠰᠠᠨ ᠢᠶᠠᠷ ᠦᠵᠡᠵᠦ᠂ ᠡᠯᠰᠡᠨ ᠬᠡᠷᠡᠭᠯᠡᠬᠦ ᠬᠢᠷᠢ ᠬᠡᠮ ᠢ ᠨᠢ ᠬᠠᠰᠤᠨ᠎ᠠ᠃ ᠪᠡᠶ᠎ᠡ ᠶᠢᠨ | ᠪᠠᠶᠢᠴᠠᠭᠠᠯᠲᠠ᠂ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠥᠬᠡᠶ ᠪᠤᠶᠤ ᠲᠣᠰ ᠬᠥᠮᠦᠨ ᠥᠪᠡᠷᠳᠡᠭᠡᠨ | ᠲᠠᠶᠠᠭᠳᠠᠭᠰᠠᠨ ᠵᠡᠷᠭᠡ ᠰᠢᠯᠲᠠᠭᠠᠨ ᠠᠴᠠ ᠪᠣᠯᠤᠭᠰᠠᠨ ᠬᠤᠭᠤᠰᠣᠨ ᠠᠵᠢᠯ ᠤᠨ ᠪᠠᠶᠢᠷᠢ ᠳᠤ ᠳᠠᠭᠢᠵᠤ ᠳᠠᠷᠠᠭᠠᠯᠠᠨ | ᠨᠥᠬᠦᠬᠦ ᠥᠬᠡᠶ᠂ ᠡᠭᠦᠨ ᠳᠤ ᠤᠷᠢᠭᠳᠠᠭᠰᠰᠠᠨ ᠤ ᠳᠠᠷᠠᠭ᠎ᠠ ᠲᠠᠶᠠᠭᠳᠠᠭᠰᠠᠨ ᠬᠥᠮᠦᠨ ᠢ ᠢᠲᠡᠭᠡᠮᠵᠢ ᠶᠢᠨ ᠲᠠᠩᠰᠠ | ᠡᠪᠬᠡᠮᠡᠯ ᠳᠤ ᠲᠡᠮᠳᠡᠭᠯᠡᠨ ᠣᠷᠣᠭᠤᠯᠤᠨ᠎ᠠ᠃ | 2᠂ ᠣᠷᠣᠭᠤᠯᠤᠨ ᠠᠪᠴᠢᠷᠠᠭᠰᠠᠨ ᠬᠥᠮᠦᠰ ᠤᠨ ᠬᠢᠷᠢ ᠬᠡᠮ ᠤᠨ ᠬᠢᠨᠠᠨ ᠪᠠᠶᠢᠴᠠᠭᠠᠯᠲᠠ ᠶᠢ ᠵᠠᠷᠯᠠᠨ | ᠠᠵᠢᠯᠲᠠᠨ ᠡᠯᠰᠡᠬᠦ ᠠᠵᠢᠯ ᠤᠨ ᠪᠥᠬᠦ ᠶᠠᠪᠤᠴᠠ ᠳᠤ ᠲᠤᠭᠤᠰᠢᠯᠠᠭᠤᠯᠵᠤ᠂ ᠤᠷᠢᠨ ᠬᠡᠷᠡᠭᠯᠡᠬᠦ ᠶᠠᠮᠠᠷᠪᠠ ᠱᠠᠲᠤ ᠦᠶ᠎ᠡ | ᠵᠢᠴᠢ ᠲᠤᠷᠰᠢᠨ ᠬᠡᠷᠡᠭᠯᠡᠭᠦ ᠬᠤᠭᠤᠴᠠᠭᠠᠨ ᠳᠤ ᠣᠷᠣᠭᠤᠯᠤᠨ ᠠᠪᠴᠢᠷᠠᠭᠰᠠᠨ ᠬᠥᠮᠦᠰ ᠤᠨ ᠰᠢᠯᠭᠠᠯᠲᠠ ᠳᠤ | ᠣᠷᠣᠯᠴᠠᠬᠤ ᠨᠥᠬᠦᠴᠡᠯ ᠯᠦᠭᠡ ᠨᠡᠶᠢᠴᠡᠭᠦ ᠥᠬᠡᠶ ᠪᠤᠶᠤ ᠬᠤᠳᠠᠯ ᠬᠡᠯᠡᠵᠦ ᠬᠠᠭᠤᠷᠮᠠᠭ ᠵᠣᠬᠢᠶᠠᠭᠰᠠᠨ᠂ ᠬᠤᠳᠠᠯ | ᠨᠡᠷ᠎ᠡ ᠪᠠᠷ ᠣᠷᠣᠯᠠᠭᠰᠠᠨ ᠢ ᠣᠯᠵᠤ ᠮᠡᠳᠡᠨ ᠪᠠᠶᠢᠴᠠᠭᠠᠨ ᠳᠣᠲᠣᠯᠠᠪᠠᠯ᠂ ᠤᠷᠢᠨ ᠬᠡᠷᠡᠭᠯᠡᠬᠦ ᠬᠢᠷᠢ ᠬᠡᠮ ᠢ ᠨᠢ ᠬᠦᠴᠦᠨ | ᠥᠬᠡᠶ ᠪᠣᠯᠭᠠᠬᠤ ᠶᠢᠨ ᠬᠠᠮᠲᠤ ᠢᠲᠡᠭᠡᠮᠵᠢ ᠶᠢᠨ ᠲᠠᠩᠰᠠ ᠡᠪᠬᠡᠮᠡᠯ ᠳᠤ ᠲᠡᠮᠳᠡᠭᠯᠡᠨ ᠣᠷᠣᠭᠤᠯᠤᠨ᠎ᠠ᠃ | 3᠂ ᠣᠷᠣᠭᠤᠯᠵᠤ ᠠᠪᠴᠢᠷᠠᠭᠰᠠᠨ ᠬᠥᠮᠦᠰ ᠭᠡᠷ᠎ᠡ ᠳᠤ ᠪᠣᠯᠵᠣᠭᠰᠠᠨ ᠦᠢᠯᠡᠴᠢᠯᠡᠭᠡᠨ ᠤ ᠬᠤᠭᠤᠴᠠᠭᠠᠨ | ᠤ ᠵᠢᠷᠭᠤᠭᠠᠨ ᠵᠢᠯ ᠤᠨ ᠳᠣᠲᠣᠷ᠎ᠠ ᠲᠤᠰᠢᠶᠠᠯ ᠠᠴᠠ ᠪᠠᠨ ᠪᠠᠭᠤᠬᠤ ᠪᠤᠶᠤ ᠬᠢᠶ᠎ᠠ ᠪᠠᠭᠰᠠᠢ ᠲᠣᠭᠤᠷᠢᠭ ᠤᠨ ᠰᠤᠷᠭᠠᠨ | ᠬᠥᠮᠦᠵᠢᠯ ᠪᠡᠶ᠎ᠡ ᠶᠢᠨ ᠲᠠᠮᠢᠷ ᠤᠨ ᠰᠢᠰᠲ᠋ᠧᠮ ᠠᠴᠠ ᠰᠢᠯᠵᠢᠵᠦ ᠪᠣᠯᠬᠤ ᠦᠭᠡᠢ᠂ ᠡᠰᠡᠪᠠᠯ ᠬᠠᠮᠢᠶ᠎ᠠ ᠪᠦᠬᠦᠢ | ᠠᠵᠢᠯᠲᠠᠨ ᠤ ᠶᠠᠪᠤᠳᠠᠯ ᠤᠨ ᠭᠠᠷ ᠭᠦᠢᠴᠡᠳᠬᠡᠯ ᠬᠢᠵᠦ ᠥᠭᠬᠦ ᠦᠭᠡᠢ᠃ | 4᠂ ᠲᠣᠰ ᠤᠳᠠᠭᠠᠨ ᠤ ᠤᠷᠢᠵᠤ ᠬᠡᠷᠡᠭᠯᠡᠬᠦ ᠳᠤ ᠳᠠᠪᠲᠠᠬᠤ ᠬᠡᠪᠴᠢᠶ᠎ᠡ ᠪᠠ ᠰᠢᠯᠭᠠᠯᠲᠠ ᠶᠢᠨ | ᠯᠠᠪᠯᠠᠯᠲᠠ ᠶᠢᠨ ᠪᠢᠴᠢᠭ ᠢ ᠵᠢᠭᠠᠨ ᠲᠣᠭᠲᠠᠭᠠᠬᠤ ᠥᠬᠡᠶ᠂ ᠶᠠᠮᠠᠷᠴᠤ ᠪᠠᠶᠢᠭᠤᠯᠤᠮᠵᠢ ᠳᠤ ᠨᠠᠶᠢᠳᠠᠵᠤ ᠰᠢᠯᠭᠠᠯᠲᠠ ᠶᠢᠨ | ᠳᠠᠪᠳᠠᠬᠤ ᠪᠣᠯᠪᠠᠰᠤᠷᠠᠯ ᠤᠨ ᠠᠩᠭᠢ ᠡᠷᠭᠢᠯᠡᠬᠦ ᠥᠬᠡᠶ᠂ ᠨᠡᠶᠢᠭᠡᠮ ᠳᠡᠭᠡᠷ᠎ᠡ ᠢᠯᠡᠷᠡᠭᠰᠡᠨ ᠠᠵᠢᠯ ᠦᠢᠯᠡᠰ ᠤᠨ ᠨᠢᠭᠡᠴᠡ | ᠶᠢᠨ ᠰᠢᠯᠭᠠᠯᠲᠠ ᠶᠢᠨ ᠰᠡᠳᠦᠪ ᠭᠠᠷᠭᠠᠬᠤ ᠳᠤᠭᠤᠶᠢᠯᠠᠩ᠂ ᠲᠤᠰᠬᠠᠶ ᠪᠣᠯᠪᠠᠰᠤᠷᠠᠯ ᠤᠨ ᠪᠠᠶᠢᠭᠤᠯᠤᠮᠵᠢ ᠵᠡᠷᠭᠡ | ᠨᠡᠷ᠎ᠡ ᠪᠠᠷ ᠰᠢᠯᠲᠠᠭᠯᠠᠭᠰᠠᠨ ᠳᠠᠪᠳᠠᠬᠤ ᠠᠩᠭᠢ᠂ ᠳᠡᠪᠳᠠᠬᠤ ᠰᠦᠯᠵᠢᠶ᠎ᠡ ᠪᠤᠶᠤ ᠲᠠᠷᠬᠠᠭᠰᠠᠨ ᠬᠡᠪᠯᠡᠭᠳᠡᠬᠦᠨ ᠵᠡᠷᠭᠡ ᠨᠢ | ᠴᠥᠮ ᠲᠣᠰ ᠤᠳᠠᠭᠠᠨ ᠤ ᠰᠢᠯᠭᠠᠯᠲᠠ ᠲᠠᠢ ᠬᠠᠮᠢᠶ᠎ᠠ ᠥᠬᠡᠶ ᠃ | 5᠂ ᠲᠣᠰ ᠠᠯᠪᠠᠨ ᠵᠠᠷ ᠢ ᠬᠢᠶ᠎ᠠ ᠪᠠᠭᠰᠢ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠳᠣᠯᠠᠭ᠎ᠠ ᠶᠢᠨ ᠲᠣᠪᠴᠢᠶ᠎ᠠ᠂ ᠬᠢᠶ᠎ᠠ ᠪᠠᠭᠰᠢ ᠲᠣᠭᠤᠷᠢᠭ ᠤᠨ ᠰᠤᠷᠭᠠᠨ ᠬᠥᠮᠦᠵᠢᠯ ᠪᠡᠶ᠎ᠡ ᠶᠢᠨ | ᠲᠠᠮᠢᠷ ᠤᠨ ᠲᠣᠪᠴᠢᠶ᠎ᠠ ᠬᠠᠷᠢᠭᠤᠴᠠᠨ ᠲᠠᠶᠢᠯᠪᠤᠷᠢᠯᠠᠨ᠎ᠠ᠃ | ᠲᠦᠷᠦ ᠶᠢᠨ ᠪᠣᠳᠣᠯᠭ᠎ᠠ ᠶᠢᠨ ᠯᠠᠪᠯᠠᠨ ᠠᠰᠠᠭᠤᠬᠤ᠄ 0477 — 8599905 | ᠠᠵᠢᠯᠲᠠᠨ ᠡᠯᠰᠡᠬᠦ ᠳᠤ ᠬᠢᠨᠠᠯᠲᠠ ᠲᠠᠯᠪᠢᠬᠤ᠄ 0477 — 8599869 | ᠣᠷᠳᠣᠰ ᠬᠤᠲᠠ ᠶᠢᠨ ᠬᠢᠶ᠎ᠡ ᠪᠠᠭᠰᠢ ᠲᠣᠭᠤᠷᠢᠭ ᠤᠨ ᠰᠤᠷᠭᠠᠭᠤᠯᠢ ᠶᠢᠨ | ᠡᠮᠴᠢ ᠣᠷᠣᠭᠤᠯᠤᠨ ᠠᠪᠴᠢᠷᠠᠬᠤ ᠤᠳᠤᠷᠢᠳᠬᠤ ᠳᠣᠭᠤᠶᠢᠯᠠᠩ | 2020 ᠣᠨ ᠤ 5 ᠰᠠᠷ᠎ᠠ ᠶᠢᠨ 6 ᠤ ᠡᠳᠦᠷ | ᠨᠠᠷᠢᠨ ᠠᠭᠤᠯᠭ᠎ᠠ ᠶᠢ ᠳᠣᠣᠷᠠᠬᠢ ᠰᠦᠯᠵᠢᠶᠠᠨ ᠬᠠᠶᠠᠭ ᠲᠤ ᠤᠴᠢᠵᠤ ᠦᠵᠡᠭᠡᠷᠡᠢ ᠄ | http://www.kbs.gov.cn/gsgg/202005/t20200506_2633736.html |