ᠭᠤᠤᠯᠳᠠᠯᠭ᠎ᠠ ᠲᠠᠢ ᠭᠠᠵᠠᠷ ᠣᠷᠣᠨ ᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠳᠤ ᠲᠣᠬᠢᠷᠠᠭᠤᠯᠤᠯᠲᠠ ᠬᠢᠵᠦ ᠰᠢᠨ᠎ᠡ ᠲᠢᠲᠢᠮᠯᠡᠭ ᠠᠭᠤᠰᠬᠢᠨ ᠦᠷᠪᠢᠰᠦᠯ ᠣᠷᠤᠵᠤ ᠢᠷᠡᠬᠦ ᠪᠠ ᠳᠡᠯᠭᠡᠷᠡᠬᠦ ᠶᠢ ᠴᠢᠩᠭ᠎ᠠ ᠰᠡᠷᠭᠡᠶᠢᠯᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠡᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠮᠡᠳᠡᠭᠳᠡᠯ
ᠨᠡᠶᠢᠲᠡᠯᠡᠭᠰᠡᠨ ᠴᠠᠭ᠄
2020/5/20
        ᠥᠪᠥᠷ ᠰᠡᠷᠭᠡᠶᠢᠯᠡᠯᠲᠡ ᠵᠢᠯᠣᠭᠤᠳᠬᠤ ᠴᠠᠬᠢᠯᠭᠠᠨ ︹2020︺ 36 ᠳ᠋ᠤᠭᠠᠷ ᠲᠣᠭᠠᠲᠤ ᠡᠯ᠎ᠡ ᠠᠶᠢᠮᠠᠭ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠡᠯ᠎ᠡ ᠠᠵᠢᠯᠯᠠᠬᠤ ᠳᠤᠭᠤᠶᠢᠯᠠᠩ᠂ ᠪᠦᠷᠢᠯᠳᠦᠬᠦᠨ ᠨᠢᠭᠡᠴᠢ ᠳᠤ᠄         ᠤᠯᠤᠰ ᠤᠨ ᠳᠣᠲᠣᠭᠠᠳᠤ ᠶᠢᠨ ᠬᠡᠰᠡᠭ ᠭᠠᠵᠠᠷ ᠣᠷᠣᠨ ᠤ ᠬᠢᠵᠢᠭ ᠤᠨ ᠪᠠᠶᠢᠳᠠᠯ ᠤᠨ ᠲᠦᠭᠰᠢᠭᠦᠷᠢ ᠶᠢᠨ ᠵᠡᠷᠭᠡ ᠳᠡᠰ ᠢ ᠲᠣᠬᠢᠷᠠᠭᠤᠯᠤᠭᠰᠠᠨ ᠪᠠ ᠬᠡᠰᠡᠭ ᠮᠣᠵᠢ ᠣᠷᠣᠨ ᠳᠤ ᠲᠤᠰ ᠨᠤᠲᠤᠭ ᠤᠨ ᠬᠢᠵᠢᠭ ᠤᠨ ᠪᠠᠶᠢᠳᠠᠯ ᠡᠭᠦᠰᠦᠭᠰᠡᠨ ᠪᠣᠳᠠᠲᠤ ᠪᠠᠶᠢᠳᠠᠯ ᠢ ᠦᠨᠳᠦᠰᠦᠯᠡᠨ᠂ ᠤᠯᠤᠰ ᠤᠨ ︽ᠭᠠᠳᠠᠭᠠᠳᠤ ᠠᠴᠠ ᠣᠷᠤᠵᠤ ᠢᠷᠡᠬᠦ ᠶᠢ ᠰᠡᠷᠭᠡᠶᠢᠯᠡᠨ᠂ ᠳᠣᠲᠣᠭᠠᠳᠤ ᠳᠤ ᠪᠠᠨ ᠡᠭᠦᠰᠬᠦ ᠶᠢ ᠰᠡᠷᠭᠡᠶᠢᠯᠡᠬᠦ︾ ᠠᠷᠭ᠎ᠠ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠭᠠᠳᠠᠨ᠎ᠠ ᠠᠴᠠ ᠣᠷᠤᠵᠤ ᠢᠷᠡᠬᠦ ᠴᠢᠨᠠᠷᠲᠠᠶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠦᠢᠯ ᠤᠨ ᠣᠨᠤᠪᠴᠢᠲᠠᠢ ᠰᠠᠶᠢᠲᠤᠷ ᠬᠢᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠡᠳᠦᠭᠡ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠭᠠᠳᠠᠨ᠎ᠠ ᠠᠴᠠ ᠣᠷᠤᠵᠤ ᠢᠷᠡᠬᠦ ᠶᠢ ᠴᠢᠩᠭ᠎ᠠ ᠰᠡᠷᠭᠡᠶᠢᠯᠡᠨ ᠡᠵᠡᠮᠳᠡᠬᠦ ᠶᠢ ᠤᠯᠠᠮ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠮᠡᠳᠡᠭᠳᠡᠯ︾ ︵ᠥᠪᠥᠷ ᠰᠡᠷᠭᠡᠶᠢᠯᠡᠯᠲᠡ ᠵᠢᠯᠣᠭᠤᠳᠬᠤ ᠲᠠᠷᠬᠠᠭᠠᠭᠰᠠᠨ ︹2020︺ 82 ᠳ᠋ᠤᠭᠠᠷ ᠲᠣᠭᠠᠲᠤ︶ ᠤᠨ ᠬᠠᠮᠢᠶ᠎ᠠ ᠪᠦᠬᠦᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠳᠤ ᠲᠣᠣᠷᠠᠬᠢ ᠮᠡᠲᠦ ᠲᠣᠬᠢᠷᠠᠭᠤᠯᠤᠯᠲᠠ ᠬᠢᠪᠡ᠄           ᠨᠢᠭᠡ᠂ ᠬᠠᠷᠠᠮᠥ᠋ᠷᠡᠨ ᠮᠤᠵᠢ ᠶᠢᠨ ᠬᠠᠷᠪᠢᠨ ᠬᠤᠲᠠ ᠶᠢᠨ ᠵᠠᠮ ᠤᠨ ᠭᠠᠳᠠᠨᠠᠬᠢ ᠲᠣᠭᠤᠷᠢᠭ᠂ ᠨᠠᠨ ᠭᠠᠩ ᠲᠣᠭᠤᠷᠢᠭ᠂ ᠳ᠋ᠤᠤ ᠯᠢ ᠲᠣᠭᠤᠷᠢᠭ᠂ ᠬᠤᠯᠠᠨ ᠲᠣᠭᠤᠷᠢᠭ᠂ ᠠ ᠴᠧᠩ ᠲᠣᠭᠤᠷᠢᠭ᠂ ᠮᠥ ᠯᠠᠨ ᠰᠢᠶᠠᠨ᠂ ᠮᠦ ᠳ᠋ᠠᠨ ᠵᠢᠶᠠᠩ ᠬᠤᠲᠠ ᠶᠢᠨ ᠰᠦᠶ ᠹᠧᠨ ᠾᠧ ᠬᠤᠲᠠ᠂ ᠰᠢ ᠠᠨ ᠲᠣᠭᠤᠷᠢᠭ᠂ ᠯᠢᠶᠣᠤᠨᠢᠩ ᠮᠤᠵᠢ ᠶᠢᠨ ᠹᠦᠱᠦ᠋ᠨ ᠬᠤᠲᠠ ᠶᠢᠨ ᠱᠦᠨ ᠴᠧᠩ ᠲᠣᠭᠤᠷᠢᠭ᠂ ᠪᠡᠭᠡᠵᠢᠩ ᠬᠤᠲᠠ ᠶᠢᠨ ᠴᠤᠤᠶᠠᠩ ᠲᠣᠭᠤᠷᠢᠭ ᠢ ᠨᠢᠭᠡᠨᠲᠡ ᠳᠤᠮᠳᠠ ᠥᠨᠳᠥᠷ ᠲᠦᠭᠰᠢᠭᠦᠷᠢ ᠶᠢᠨ ᠵᠡᠷᠭᠡ ᠳᠡᠰ ᠠᠴᠠ ᠲᠣᠬᠢᠷᠠᠭᠤᠯᠤᠭᠠᠳ ᠳᠣᠤᠷ᠎ᠠ ᠵᠡᠷᠭᠡ ᠳᠡᠰ ᠪᠣᠯᠭᠠᠪᠠ᠃ 5 ᠳ᠋ᠤᠭᠠᠷ ᠰᠠᠷ᠎ᠠ ᠶᠢᠨ 10 ᠤ ᠡᠳᠦᠷ ᠤᠨ 12 ᠴᠠᠭ ᠠᠴᠠ ᠡᠬᠢᠯᠡᠨ᠂ ᠳᠡᠭᠡᠷ᠎ᠡ ᠳᠤᠷᠠᠳᠤᠭᠰᠠᠨ ᠭᠠᠵᠠᠷ ᠣᠷᠣᠨ ᠠᠴᠠ ᠮᠠᠨ ᠤ ᠣᠷᠣᠨ ᠳᠤ ᠣᠷᠣᠵᠤ ᠢᠷᠡᠬᠦ ᠬᠥᠮᠦᠰ ᠲᠤ ︽14 ᠡᠳᠦᠷ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ + 2 ᠤᠳᠠᠭ᠎ᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠬᠦ + 1 ᠤᠳᠠᠭ᠎ᠠ ᠴᠢᠰᠤᠨ ᠴᠠᠶᠢᠪᠠᠩ ᠤᠨ ᠡᠰᠡᠷᠭᠦ ᠴᠣᠭᠴᠠ ᠶᠢ ᠪᠠᠶᠢᠴᠠᠭᠠᠨ ᠰᠢᠨᠵᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠳᠠᠬᠢᠨ ᠬᠡᠷᠡᠭᠵᠢᠭᠦᠯᠬᠦ ᠥᠬᠡᠶ︔ ᠡᠷᠡᠭᠦᠯ ᠮᠡᠨᠳᠦ ᠶᠢᠨ ᠨᠡᠪᠲᠡᠷᠡᠯ ᠤᠨ ᠺᠣᠳ᠋ ᠤᠨ ︽ᠨᠣᠭᠤᠭᠠᠨ ᠺᠣᠳ᠋︾ ᠲᠠᠢ ᠪᠥᠭᠡᠳ ᠡᠮᠦᠨᠡᠬᠢ 7 ᠡᠳᠦᠷ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠨᠢ ᠪᠢᠯᠢᠭ ᠴᠢᠨᠠᠷ ᠤᠨ ᠭᠡᠷᠡᠴᠢ ᠲᠠᠢ ᠪᠠᠶᠢᠪᠠᠯ᠂ ᠬᠡᠪ ᠤᠨ ᠶᠣᠰᠣᠭᠠᠷ ᠠᠵᠢᠯ ᠦᠢᠯᠡᠳᠪᠦᠷᠢᠯᠡᠯ ᠰᠤᠷᠤᠯᠭ᠎ᠠ ᠪᠠᠨ ᠰᠡᠷᠭᠦᠭᠡᠵᠦ ᠪᠣᠯᠤᠨ᠎ᠠ︔ ᠡᠷᠡᠭᠦᠯ ᠮᠡᠨᠳᠦ ᠶᠢᠨ ᠨᠡᠪᠲᠡᠷᠡᠯ ᠤᠨ ᠺᠣᠳ᠋ ᠤᠨ ︽ᠨᠣᠭᠤᠭᠠᠨ ᠺᠣᠳ᠋︾ ᠲᠠᠢ ᠪᠣᠯᠪᠠᠴᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠭᠡᠷᠡᠴᠢ ᠬᠠᠩᠭᠠᠵᠤ ᠳᠡᠶᠢᠯᠬᠦ ᠥᠬᠡᠶ ᠪᠣᠯ᠂ ᠮᠠᠨ ᠤ ᠣᠷᠣᠨ ᠳᠤ ᠣᠷᠤᠵᠤ ᠢᠷᠡᠭᠰᠡᠨ ᠬᠦᠮᠦᠰ 24 ᠴᠠᠭ ᠤᠨ ᠳᠣᠲᠣᠷ᠎ᠠ ᠡᠷᠬᠡᠪᠰᠢ ᠨᠢᠭᠡ ᠤᠳᠠᠭ᠎ᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠯᠭᠡᠵᠦ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠨᠢ ᠪᠢᠯᠢᠭ ᠴᠢᠨᠠᠷ ᠲᠠᠢ ᠪᠠᠶᠢᠪᠠᠯ ᠂ ᠬᠡᠪ ᠤᠨ ᠶᠣᠰᠣᠭᠠᠷ ᠠᠵᠢᠯ ᠦᠢᠯᠡᠳᠪᠦᠷᠢᠯᠡᠯ ᠰᠤᠷᠤᠯᠭ᠎ᠠ ᠪᠠᠨ ᠰᠡᠷᠭᠦᠭᠡᠵᠦ ᠪᠣᠯᠤᠨ᠎ᠠ  ᠃         ᠬᠤᠶᠠᠷ᠂ ᠡᠯ᠎ᠡ ᠭᠠᠵᠠᠷ ᠣᠷᠣᠨ ᠨᠤᠭᠤᠳ ᠳᠡᠭᠡᠷ᠎ᠡ ᠳᠤᠷᠠᠳᠤᠭᠰᠠᠨ ᠭᠠᠵᠠᠷ ᠣᠷᠣᠨ ᠠᠴᠠ ᠣᠷᠣᠵᠤ ᠢᠷᠡᠭᠰᠡᠨ ᠬᠥᠮᠦᠰ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢ ᠴᠢᠩᠭᠠᠳᠬᠠᠵᠤ᠂ ᠡᠷᠡᠭᠦᠯ ᠮᠡᠨᠳᠦ ᠶᠢᠨ ᠬᠢᠨᠠᠨ ᠬᠡᠮᠵᠢᠬᠦ ᠠᠵᠢᠯ ᠢ ᠰᠠᠶᠢᠲᠤᠷ ᠬᠢᠵᠦ᠂ ᠬᠡᠪ ᠤᠨ ᠪᠤᠰᠤ ᠪᠠᠶᠢᠳᠠᠯ ᠭᠠᠷᠪᠠᠯ ᠴᠠᠭ ᠲᠤᠬᠠᠶ ᠳᠤ ᠨᠢ ᠲᠣᠭᠲᠠᠭᠰᠠᠨ ᠴᠡᠭ ᠪᠦᠬᠦᠢ ᠡᠮᠴᠢᠯᠡᠭᠡᠨ ᠤ ᠪᠠᠶᠢᠭᠤᠯᠤᠮᠵᠢ ᠳᠤ ᠬᠦᠷᠭᠡᠵᠦ ᠪᠠᠶᠢᠴᠠᠭᠠᠯᠭᠠᠵᠤ ᠡᠮᠨᠡᠭᠦᠯᠬᠦ ᠬᠡᠷᠡᠭᠲᠡᠶ᠃         ᠭᠤᠷᠪᠠ᠂ ᠲᠣᠰ ᠮᠡᠳᠡᠭᠳᠡᠯ ᠤᠨ ᠬᠡᠷᠡᠭᠵᠢᠭᠦᠯᠬᠦ ᠴᠠᠭ ᠨᠢ 2020 ᠣᠨ ᠤ 5 ᠳ᠋ᠤᠭᠠᠷ ᠰᠠᠷ᠎ᠠ ᠶᠢᠨ 24 ᠤ ᠡᠳᠦᠷ ᠤᠨ 12 ᠴᠠᠭ ᠬᠦᠷᠲᠡᠯ᠎ᠡ ᠶᠠᠪᠤᠭᠳᠠᠨ᠎ᠠ᠃                                          2020 ᠣᠨ ᠤ 5 ᠰᠠᠷ᠎ᠠ ᠶᠢᠨ 10 ᠤ ᠡᠳᠦᠷ  ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ