ᠪᠦᠬᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠬᠦ ᠬᠡᠪᠴᠢᠶ᠎ᠡ ᠶᠢᠨ ᠬᠤᠯᠪᠣᠭᠳᠠᠯ ᠪᠥᠬᠦᠶ ᠵᠦᠢᠯᠡᠰ ᠢ ᠤᠯᠠᠮ ᠨᠢᠭᠡ ᠠᠯᠬᠤᠮ ᠲᠣᠳᠣᠷᠬᠠᠶᠢᠯᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠮᠡᠳᠡᠭᠳᠡᠯ
ᠨᠡᠶᠢᠲᠡᠯᠡᠭᠰᠡᠨ ᠴᠠᠭ᠄
2020/5/20
     ᠥᠪᠥᠷ ᠰᠡᠷᠭᠡᠶᠢᠯᠡᠯᠲᠡ ᠵᠢᠯᠣᠭᠤᠳᠬᠤ ᠲᠠᠷᠬᠠᠭᠠᠭᠰᠠᠨ ︹2020︺ 88 ᠳ᠋ᠤᠭᠠᠷ ᠲᠣᠭᠠᠲᠤ ᠡᠯ᠎ᠡ ᠠᠶᠢᠮᠠᠭ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠡᠯ᠎ᠡ ᠠᠵᠢᠯᠯᠠᠬᠤ ᠳᠤᠭᠤᠶᠢᠯᠠᠩ᠂ ᠪᠦᠷᠢᠯᠳᠦᠭᠦᠨ ᠨᠢᠭᠡᠴᠢ ᠳᠤ᠄         ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠳᠤ ᠴᠢᠭᠯᠡᠭᠦᠯᠦᠭᠰᠡᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠶ ᠵᠢᠯᠣᠭᠤᠳᠬᠤ ᠰᠠᠨᠠᠯ︾ ︵ᠲᠥᠷᠥ ᠲᠠᠷᠬᠠᠭᠠᠭᠰᠠᠨ ᠢᠯᠡ ᠴᠠᠬᠢᠯᠭᠠᠨ ︹2020︺ 14 ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ︽ᠭᠠᠳᠠᠭᠠᠳᠤ ᠠᠴᠠ ᠣᠷᠤᠵᠤ ᠢᠷᠡᠬᠦ ᠶᠢ ᠰᠡᠷᠭᠡᠶᠢᠯᠡᠨ ᠂ ᠳᠣᠲᠣᠭᠠᠳᠤ ᠳᠤ ᠪᠠᠨ ᠳᠠᠬᠢᠨ ᠡᠭᠦᠰᠬᠦ ᠶᠢ ᠰᠡᠷᠭᠡᠶᠢᠯᠡᠬᠦ︾ ᠶᠡᠷᠦᠩᠬᠡᠢ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠪᠠᠶᠢᠴᠠᠭᠠᠨ ᠬᠡᠮᠵᠢᠯᠲᠡ ᠬᠢᠬᠦ ᠬᠦᠷᠢᠶ᠎ᠡ ᠬᠡᠪᠴᠢᠶ᠎ᠡ ᠪᠠᠨ ᠤᠯᠠᠮ ᠥᠷᠭᠡᠳᠬᠡᠨ ᠂ ᠭᠤᠤᠯᠳᠠᠯᠭ᠎ᠠ ᠲᠠᠢ ᠬᠥᠮᠦᠰ ︽ᠪᠠᠶᠢᠴᠠᠭᠠᠬᠤ ᠶᠣᠰᠣᠲᠠᠶ ᠶᠢ ᠨᠢ ᠪᠦᠬᠦᠨ ᠢ ᠪᠠᠶᠢᠴᠠᠭᠠᠬᠤ︾᠂ ᠪᠤᠰᠤᠳ ᠬᠥᠮᠦᠰ ︽ᠪᠠᠶᠢᠴᠠᠭᠠᠬᠤ ᠳᠤᠷᠠᠲᠠᠶ ᠶᠢ ᠨᠢ ᠪᠦᠬᠦᠨ ᠢ ᠪᠠᠶᠢᠴᠠᠭᠠᠬᠤ︾ ᠶᠢ ᠬᠡᠷᠡᠭᠵᠢᠭᠦᠯᠵᠦ᠂ ᠴᠠᠭ ᠲᠤᠬᠠᠶ ᠳᠤ ᠨᠢ ᠢᠯᠡᠷᠡᠭᠦᠯᠬᠦ᠂ ᠲᠦᠷᠭᠡᠨ ᠰᠢᠢᠳᠪᠦᠷᠢᠯᠡᠬᠦ᠂ ᠲᠦᠢᠯ ᠤᠨ ᠣᠨᠤᠪᠴᠢᠲᠠᠢ ᠪᠠᠷ ᠬᠠᠮᠢᠶᠠᠷᠤᠨ ᠡᠵᠡᠮᠳᠡᠬᠦ᠂ ᠪᠦᠲᠦᠮᠵᠢᠲᠡᠶ ᠪᠠᠷ ᠠᠪᠤᠷᠠᠨ ᠵᠠᠰᠠᠬᠤ ᠶᠢ ᠥᠨᠡᠨ ᠬᠦ  ᠪᠡᠶᠡᠯᠡᠭᠦᠯᠭᠦ ᠶᠢᠨ ᠲᠤᠰᠠᠳᠠ᠂ ᠡᠳᠦᠭᠡ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠬᠦ ᠬᠡᠪᠴᠢᠶ᠎ᠡ ᠶᠢ ᠤᠯᠠᠮ ᠨᠢᠭᠡ ᠠᠯᠬᠤᠮ ᠲᠣᠳᠣᠷᠬᠠᠶᠢᠯᠠᠬᠤ ᠬᠤᠯᠪᠣᠭᠳᠠᠯ ᠪᠦᠬᠦᠢ ᠤᠴᠢᠷ ᠢ ᠳᠣᠤᠷᠠᠬᠢ ᠮᠡᠲᠦ ᠮᠡᠳᠡᠭᠳᠡᠪᠡ         ᠨᠢᠭᠡ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠬᠦ ︽ᠪᠠᠶᠢᠴᠠᠭᠠᠬᠤ ᠶᠣᠰᠣᠲᠠᠶ ᠶᠢ ᠨᠢ ᠪᠦᠬᠦᠨ ᠢ ᠪᠠᠶᠢᠴᠠᠭᠠᠬᠤ︾ ᠬᠡᠪᠴᠢᠶ᠎ᠡ         ︵ᠨᠢᠭᠡ︶ ᠲᠣᠳᠣᠯᠠᠭᠰᠠᠨ ᠡᠪᠡᠳᠴᠢᠨ ᠤ ᠵᠢᠱᠢᠶ᠎ᠡ ᠲᠠᠢ ᠨᠢᠭᠲᠠ ᠣᠶᠢᠷᠠᠲᠤᠭᠰᠠᠳ︔         ︵ᠬᠤᠶᠠᠷ︶ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠬᠥᠮᠦᠰ︔         ︵ᠭᠤᠷᠪᠠ︶ ᠳᠤᠮᠳᠠ᠂ ᠦᠨᠳᠦᠷ ᠲᠦᠭᠰᠢᠭᠦᠷᠢ ᠶᠢᠨ ᠭᠠᠵᠠᠷ ᠣᠷᠣᠨ ᠪᠣᠯᠤᠨ ᠬᠤᠪᠸᠢ ᠮᠤᠵᠢ ᠠᠴᠠ ᠢᠷᠡᠭᠰᠡᠨ ᠬᠥᠮᠦᠰ︔         ︵ᠳᠥᠷᠪᠡ︶ ᠡᠭᠦᠳᠡᠨ ᠡᠮᠨᠡᠯᠭᠡ ᠳᠠᠬᠢ ᠬᠠᠯᠠᠭᠤᠷᠠᠬᠤ ᠡᠪᠡᠳᠴᠢᠲᠡᠨ᠂ ᠡᠮᠨᠡᠯᠭᠡ ᠳᠤ ᠰᠢᠨ᠎ᠡ ᠪᠠᠷ ᠰᠠᠭᠤᠭᠰᠠᠨ ᠡᠪᠡᠳᠴᠢᠲᠡᠨ ᠵᠢᠴᠢ ᠬᠠᠪᠰᠤᠷᠤᠨ ᠰᠤᠪᠢᠯᠠᠬᠤ ᠬᠥᠮᠦᠰ︔         ︵ᠲᠠᠪᠤ︶ ᠡᠮᠴᠢᠯᠡᠭᠡᠨ ᠤ ᠪᠠᠶᠢᠭᠤᠯᠤᠮᠵᠢ ᠶᠢᠨ ᠠᠵᠢᠯᠳᠡᠠ᠂ ᠪᠣᠭᠤᠮᠲᠠ ᠶᠢᠨ ᠬᠢᠵᠢᠭ ᠪᠠᠶᠢᠴᠠᠭᠠᠬᠤ ᠪᠠ ᠬᠢᠯᠢ ᠶᠢᠨ ᠰᠡᠷᠭᠡᠶᠢᠯᠡᠯᠲᠡ ᠶᠢᠨ ᠪᠠᠶᠢᠴᠠᠭᠠᠭᠴᠢ︔         ︵ᠵᠢᠷᠭᠤᠭ᠎ᠠ︶ ᠬᠤᠷᠢᠭᠤᠯ ᠤᠨ ᠭᠠᠵᠠᠷ ᠤᠨ ᠠᠵᠢᠯᠲᠠᠨ᠂ ᠨᠡᠶᠢᠭᠡᠮ ᠤᠨ ᠠᠰᠠᠷᠠᠮᠵᠢ ᠨᠠᠰᠤᠵᠢᠯ ᠤᠨ ᠪᠠᠶᠢᠭᠤᠯᠤᠮᠵᠢ ᠶᠢᠨ ᠠᠵᠢᠯᠲᠠᠨ᠂ ᠣᠯᠠᠨ ᠨᠡᠶᠢᠲᠡ ᠶᠢᠨ ᠲᠠᠯᠠᠪᠤᠷ ᠤᠨ ᠦᠢᠯᠡᠴᠢᠯᠡᠭᠡᠨ ᠤ ᠠᠵᠢᠯᠲᠠᠨ︔         ︵ᠳᠣᠯᠤᠭ᠎ᠠ︶ ᠳᠤᠮᠳᠠ᠂ ᠦᠨᠳᠦᠷ ᠲᠦᠭᠰᠢᠭᠦᠷᠢ ᠶᠢᠨ ᠭᠠᠵᠠᠷ ᠣᠷᠣᠨ ᠠᠴᠠ ᠮᠠᠨ ᠤ ᠣᠷᠣᠨ ᠳᠤ ᠪᠤᠴᠠᠵᠤ ᠢᠷᠡᠭᠰᠡᠨ ᠶᠡᠭᠡ ᠳᠡᠭᠡᠳᠦ ᠰᠤᠷᠭᠠᠭᠤᠯᠢ ᠪᠠ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠶᠢᠨ ᠪᠠᠭᠰᠢ ᠠᠵᠢᠯᠲᠠᠨ ᠠᠵᠢᠯᠴᠢᠨ ᠪᠣᠯᠤᠨ ᠰᠤᠷᠤᠭᠴᠢ᠃         ᠬᠤᠶᠠᠷ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠬᠦ ︽ᠪᠠᠶᠢᠴᠠᠭᠠᠬᠤ ᠳᠤᠷᠠᠲᠠᠶ ᠶᠢ ᠨᠢ ᠪᠦᠬᠦᠨ ᠢ ᠪᠠᠶᠢᠴᠠᠭᠠᠬᠤ︾ ᠬᠡᠪᠴᠢᠶ᠎ᠡ ᠳᠡᠭᠡᠷ᠎ᠡ ᠳᠤᠷᠠᠳᠤᠭᠰᠠᠨ ᠲᠣᠭᠲᠠᠭᠠᠯ ᠠᠴᠠ ᠭᠠᠳᠠᠨᠠᠬᠢ ᠪᠤᠰᠤᠳ ᠬᠥᠮᠦᠰ ᠰᠡᠶᠢᠠ ᠳᠤᠷ᠎ᠠ ᠠᠴᠠ ᠪᠠᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠯᠭᠡᠵᠦ ᠪᠣᠯᠣᠨ᠎ᠠ᠃         ᠭᠤᠷᠪᠠ᠂ ᠠᠵᠢᠯ ᠤᠨ ᠱᠠᠭᠠᠷᠳᠠᠯᠭ᠎ᠠ         ︵ᠨᠢᠭᠡ︶ ᠥᠪᠡᠷᠲᠡᠭᠡᠨ ᠵᠠᠰᠠᠬᠤ ᠣᠷᠣᠨ ᠪᠠ ᠡᠯ᠎ᠡ ᠠᠶᠢᠮᠠᠭ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠳ ᠠᠯᠪᠠᠨ ᠰᠦᠯᠵᠢᠶ᠎ᠡ᠂ ᠸᠢᠴᠠᠲ ᠤᠨ ᠣᠯᠠᠨ ᠨᠡᠶᠢᠲᠡ ᠶᠢᠨ ᠨᠣᠮᠧᠷ ᠵᠡᠷᠭᠡ ᠪᠠᠷ ᠳᠠᠮᠵᠢᠭᠤᠯᠤᠨ ᠪᠦᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠬᠦ ᠪᠠᠶᠢᠭᠤᠯᠤᠮᠵᠢ ᠶᠢᠨ ᠨᠡᠷᠡᠰ ᠪᠠ ᠠᠰᠠᠭᠤᠨ ᠯᠠᠪᠯᠠᠬᠤ ᠪᠣᠯᠵᠣᠭᠠᠨ ᠤ ᠤᠲᠠᠰᠤ ᠶᠢ ᠴᠠᠭ ᠲᠤᠬᠠᠶ ᠳᠤ ᠨᠢ ᠨᠡᠶᠢᠲᠡᠯᠡᠬᠦ ᠪᠦᠭᠡᠳ ᠲᠤᠰᠬᠠᠶ ᠬᠥᠮᠦᠨ ᠴᠠᠭ ᠲᠤᠬᠠᠶ ᠳᠤ ᠨᠢ ᠰᠢᠨᠡᠳᠬᠡᠬᠦ ᠬᠡᠷᠡᠭᠲᠡᠶ᠃         ︵ᠬᠤᠶᠠᠷ︶ ︽ᠪᠠᠶᠢᠴᠠᠭᠠᠬᠤ ᠶᠣᠰᠣᠲᠠᠶ ᠶᠢ ᠨᠢ ᠪᠦᠬᠦᠨ ᠢ ᠪᠠᠶᠢᠴᠠᠭᠠᠬᠤ︾ ᠳᠤ ᠬᠡᠷᠡᠭᠰᠡᠬᠦ ᠵᠠᠷᠤᠳᠠᠯ ᠢ ᠡᠯ᠎ᠡ ᠭᠠᠵᠠᠷ ᠤᠨ ᠵᠠᠰᠠᠭ ᠤᠨ ᠣᠷᠳᠣᠨ ᠡᠭᠦᠷᠭᠡᠯᠡᠨ᠎ᠡ ︵ᠡᠭᠦᠳᠡᠨ ᠡᠮᠨᠡᠯᠭᠡ ᠳᠠᠬᠢ ᠬᠠᠯᠠᠭᠤᠷᠠᠬᠤ ᠡᠪᠡᠳᠴᠢᠲᠡᠨ ᠪᠠ ᠡᠮᠨᠡᠯᠭᠡ  ᠳᠤ ᠰᠢᠨ᠎ᠡ ᠪᠠᠷ ᠣᠷᠤᠵᠤ ᠰᠠᠭᠤᠭᠰᠠᠨ ᠡᠪᠡᠳᠴᠢᠲᠡᠨ ᠪᠠᠭᠲᠠᠬᠤ ᠦᠭᠡᠢ︶᠂ ︽ᠪᠠᠶᠢᠴᠠᠭᠠᠬᠤ ᠳᠤᠷᠠᠲᠠᠶ ᠶᠢ ᠨᠢ ᠪᠦᠬᠦᠨ ᠢ ᠪᠠᠶᠢᠴᠠᠭᠠᠬᠤ︾ ᠳᠤ ᠬᠡᠷᠡᠭᠰᠡᠬᠦ ᠵᠠᠷᠤᠳᠠᠯ ᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠤᠶᠤ ᠬᠤᠪᠢ ᠬᠥᠮᠦᠨ ᠡᠭᠦᠷᠭᠡᠯᠡᠬᠦ ᠬᠡᠷᠡᠭᠲᠡᠢ᠃         ︵ᠭᠤᠷᠪᠠ︶ ︽ᠪᠠᠶᠢᠴᠠᠭᠠᠬᠤ ᠶᠣᠰᠣᠲᠠᠶ ᠶᠢ ᠨᠢ ᠪᠦᠬᠦᠨ ᠢ ᠪᠠᠶᠢᠴᠠᠭᠠᠬᠤ︾ ᠪᠦᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠬᠦ ᠲᠥᠷᠥᠯ ᠵᠦᠢᠯ ᠢ ︽ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠴᠢᠩᠭᠠᠳᠬᠠᠵᠤ ᠰᠢᠨ᠎ᠡ ᠲᠢᠲᠢᠮᠯᠡᠭ ᠠᠭᠤᠰᠬᠢᠨ ᠦᠷᠪᠢᠰᠦᠯ ᠣᠷᠣᠵᠤ ᠢᠷᠡᠬᠦ ᠪᠠ ᠳᠡᠯᠭᠡᠷᠡᠬᠦ ᠶᠢ ᠴᠢᠩᠭ᠎ᠠ ᠰᠡᠷᠭᠡᠶᠢᠯᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠪᠠᠴᠢᠮ ᠮᠡᠳᠡᠭᠳᠡᠯ︾ ︵ᠥᠪᠥᠷ ᠰᠡᠷᠭᠡᠶᠢᠯᠡᠯᠲᠡ ᠵᠢᠯᠣᠭᠤᠳᠬᠤ ᠴᠠᠬᠢᠯᠭᠠᠨ ︹2020︺ 37 ᠳ᠋ᠤᠭᠠᠷ ᠲᠣᠭᠠᠲᠤ︶ ᠤᠨ ᠶᠣᠰᠣᠭᠠᠷ ᠬᠡᠷᠡᠭᠵᠢᠭᠦᠯᠬᠦ ᠬᠡᠷᠡᠭᠲᠡᠢ᠃         ︵ᠳᠥᠷᠪᠡ︶ ᠡᠯ᠎ᠡ ᠪᠠᠶᠢᠴᠠᠭᠠᠨ ᠬᠡᠮᠵᠢᠯᠲᠡ ᠬᠢᠬᠦ ᠪᠠᠶᠢᠭᠤᠯᠤᠮᠵᠢ ᠨᠤᠭᠤᠳ ᠵᠢᠷᠤᠮᠵᠢᠭᠤᠯᠬᠤ ᠪᠠᠶᠢᠭᠤᠯᠤᠯᠲᠠ ᠪᠠ ᠠᠵᠢᠯᠲᠠᠨ ᠤ ᠪᠣᠯᠪᠠᠰᠤᠷᠠᠭᠤᠯᠤᠯ ᠢᠶᠠᠨ ᠴᠢᠩᠭᠠᠳᠬᠠᠵᠤ᠂ ᠪᠠᠶᠢᠴᠠᠭᠠᠨ ᠬᠡᠮᠵᠢᠯᠲᠡ ᠬᠢᠬᠦ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ︔ ᠲᠤᠷᠰᠢᠯᠲᠠ ᠶᠢᠨ ᠲᠠᠰᠤᠭ ᠤᠨ ᠠᠮᠢᠳᠤ ᠪᠣᠳᠠᠰ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠪᠣᠢ ᠪᠦᠬᠦᠢ ᠪᠠᠶᠢᠴᠠᠭᠠᠨ ᠬᠡᠮᠵᠢᠯᠲᠡ ᠬᠢᠯᠭᠡᠭᠰᠡᠳ ᠢ ᠨᠠᠷᠢᠨ ᠲᠡᠮᠳᠡᠭᠯᠡᠬᠦ ᠶᠢᠨ ᠬᠠᠮᠲᠤ ᠳᠠᠩᠰᠠ ᠡᠪᠬᠡᠮᠡᠯ ᠳᠤ ᠣᠷᠣᠭᠤᠯᠬᠤ ᠬᠡᠷᠡᠭᠲᠡᠢ᠃                                     2020 ᠣᠨ ᠤ 5 ᠳ᠋ᠤᠭᠠᠷ ᠰᠠᠷ᠎ᠠ ᠶᠢᠨ 14 ᠤ ᠡᠳᠦᠷ ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ