2020 ᠣᠨ ᠤ ᠪᠥᠬᠦ ᠤᠯᠤᠰ ᠤᠨ ᠬᠤᠶᠠᠷ ᠬᠤᠷᠠᠯ — ᠲᠥᠯᠥᠭᠡᠯᠡᠭᠴᠢ ᠬᠡᠰᠢᠭᠦᠨ                  ᠠᠯᠲᠠᠨᠰᠠᠩ ᠭᠡᠰᠢᠭᠦᠨ᠄ ︽ᠢᠨᠲ᠋ᠧᠷ ᠰᠦᠯᠵᠢᠶ᠎ᠡ + ᠮᠣᠩᠭᠤᠯ ᠬᠡᠯᠡᠨ ᠤ ᠸᠢᠴᠠᠲ ᠤᠨ ᠣᠯᠠᠨ ᠨᠡᠶᠢᠲᠡ ᠶᠢᠨ ᠲᠠᠪᠴᠠᠩ︾ ᠢ ᠲᠦᠷᠭᠡᠬᠡᠨ ᠰᠢᠯᠢᠳᠡᠭᠵᠢᠭᠦᠯᠬᠦ ᠶᠢ ᠰᠠᠨᠠᠭᠤᠯᠪᠠ
ᠨᠡᠶᠢᠲᠡᠯᠡᠭᠰᠡᠨ ᠴᠠᠭ᠄
2020/5/26
           ᠠᠷᠠᠳ ᠤᠨ ᠰᠦᠯᠵᠢᠶ᠎ᠡ ᠶᠢᠨ ᠪᠡᠭᠡᠵᠢᠩ ᠤᠨ 5 ᠰᠠᠷ᠎ᠠ ᠶᠢᠨ 24 ᠤ ᠡᠳᠦᠷ ᠤᠨ ᠴᠠᠬᠢᠯᠭᠠᠨ ᠮᠡᠳᠡᠭᠡ ︵ᠳᠣᠷᠣᠨ᠎ᠠ︶      5ᠰᠠᠷ᠎ᠠ ᠶᠢᠨ 21 ᠤ ᠡᠳᠦᠷ ᠤᠨ ᠦᠳᠡ ᠬᠤᠶᠢᠨ᠎ᠠ᠂ ᠪᠥᠬᠦ ᠤᠯᠤᠰ ᠤᠨ  ᠤᠯᠤᠰ  ᠲᠥᠷᠥ ᠶᠢᠨ ᠵᠥᠪᠯᠡᠯᠭᠡᠨ ᠤ ᠠᠷᠪᠠᠨ‌ᠭᠤᠷᠪᠠᠳᠤᠭᠠᠷ ᠬᠤᠭᠤᠴᠠᠭᠠᠨ ᠤ ᠭᠤᠷᠪᠠᠳᠤᠭᠠᠷ ᠬᠤᠷᠠᠯ ᠪᠡᠭᠡᠵᠢᠩ  ᠳᠤ ᠡᠬᠢᠯᠡᠪᠡ᠃  ᠪᠦᠬᠦ ᠤᠯᠤᠰ ᠤᠨ ᠤᠯᠤᠰ ᠲᠥᠷᠥ ᠵᠢᠨ‌ᠵᠥ᠋ᠪᠯᠡᠯᠭᠡᠨ ᠤ ᠭᠡᠰᠢᠭᠦᠨ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠳᠡᠳ᠋ ᠱᠦᠵᠢ᠂ᠵᠠᠬᠢᠷᠤᠯ ᠠᠯᠲᠠᠨᠰᠠᠩ ᠡᠨᠡ ᠵᠢᠯ ᠶᠡᠭᠡ ᠬᠤᠷᠠᠯ ᠳᠤ ᠬᠤᠶᠠᠷ ᠳᠤᠷᠠᠳᠤᠯᠭ᠎ᠠ ᠳᠡᠪᠰᠢᠭᠦᠯᠵᠡᠶ᠃ ᠡᠭᠦᠨ ᠳᠤ ᠨᠢᠭᠡ ᠨᠢ ᠪᠣᠯ ︽ᠢᠨᠲ᠋ᠧᠷ‌‍ᠰᠦ᠋ᠯᠵᠢᠶ᠎ᠡ + ᠮᠣᠩᠭᠤᠯ ᠸᠢᠴᠠᠲ ᠤᠨ ᠣᠯᠠᠨ ᠨᠡᠶᠢᠲᠡ ᠶᠢᠨ ᠲᠠᠪᠴᠠᠩ︾ ᠢ ᠲᠦᠷᠭᠡᠬᠡᠨ ᠰᠢᠯᠢᠳᠡᠭᠵᠢᠭᠦᠯᠬᠦ ᠶᠢ ᠰᠠᠨᠠᠭᠤᠯᠪᠠ᠃  
                     ᠮᠡᠳᠡᠭᠡ ᠵᠠᠩᠭᠢᠵᠢᠯᠲᠠ ᠨᠢ ᠳᠤᠮᠳᠠᠳᠤ ᠶᠢᠨ ᠦᠨᠳᠦᠰᠦᠲᠡᠨ ᠳᠤ ᠣᠯᠳᠠᠬᠤᠶ᠎ᠠ ᠪᠡᠷᠬᠡ ᠠᠵᠠ ᠲᠣᠬᠢᠶᠠᠯ ᠢ  ᠠᠪᠴᠢᠷᠠᠵᠤ᠂ ᠡᠷᠬᠡᠪᠰᠢ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢᠨ ᠲᠡᠤᠬᠡᠨ ᠠᠵᠠ ᠲᠣᠬᠢᠶᠠᠯ ᠢ ᠬᠤᠷᠴᠠ ᠰᠡᠷᠭᠡᠭ ᠢᠶᠠᠷ ᠣᠯᠵᠤ ᠠᠳᠬᠤᠨ᠂ ᠰᠦᠯᠵᠢᠶᠡᠨ ᠳᠡᠭᠡᠷᠡᠬᠢ  ᠵᠥᠪ  ᠲᠠᠯ᠎ᠠ ᠶᠢᠨ  ᠤᠬᠠᠭᠤᠯᠭ᠎ᠠ  ᠪᠠ  ᠶᠠᠷᠢᠶ᠎ᠠ  ᠬᠡᠯᠡᠯᠴᠡᠭᠡᠨ ᠤ ᠪᠠᠶᠢᠳᠠᠯ ᠢ ᠬᠢᠨᠠᠨ ᠡᠵᠡᠮᠳᠡᠬᠦ ᠵᠢ‌‍ᠴᠢᠩᠭᠠᠳᠬᠠᠵᠤ᠂ ᠰᠦᠯᠵᠢᠶᠡᠨ ᠤ ᠠᠮᠤᠷ ᠲᠦᠪᠰᠢᠨ ᠢ  ᠬᠠᠮᠠᠭᠠᠯᠠᠨ᠂ ᠰᠦᠯᠵᠢᠶᠡᠨ ᠤ ᠳᠠᠮᠵᠢᠭᠤᠯᠭ᠎ᠠ ᠶᠢᠨ ᠣᠶᠢᠯᠠᠭᠠᠭᠳᠠᠬᠤᠨ᠂ ᠠᠭᠤᠯᠭ᠎ᠠ  ᠂ ᠬᠡᠯᠪᠡᠷᠢ᠂ ᠠᠷᠭ᠎ᠠ᠂ ᠰᠤᠷᠭᠠᠨ ᠬᠦᠮᠦᠵᠢᠯ ᠵᠡᠷᠭᠡ ᠠᠷᠭ᠎ᠠ ᠪᠠᠷᠢᠯ ᠤᠨ ᠰᠢᠨ᠎ᠡ ᠡᠭᠦᠳᠦᠯᠲᠡ ᠶᠢ ᠠᠬᠢᠭᠤᠯᠵᠤ᠂ ᠮᠡᠳᠡᠭᠡ ᠵᠠᠩᠭᠢ ᠶᠢᠨ ᠬᠦᠷᠢᠶᠡᠨ ᠳᠠᠬᠢ ᠭᠤᠣᠯ ᠮᠡᠷᠭᠡᠵᠢᠯ ᠤᠨ ᠰᠢᠪᠲᠤᠯᠤᠯᠲᠠ ᠶᠢ ᠠᠬᠢᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠵᠡᠭᠦᠯᠬᠦ ᠮᠡᠳᠡᠭᠡ ᠵᠠᠩᠭᠢᠵᠢᠯᠲᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠬᠤ ᠬᠡᠷᠡᠭᠲᠡᠢ᠃                ᠠᠯᠲᠠᠨᠰᠠᠩ ᠬᠡᠯᠡᠬᠦ ᠳᠤ ᠪᠠᠨ᠂ ᠦᠨᠳᠦᠰᠦᠲᠡᠨ ᠤ ᠬᠡᠯᠡ ᠪᠣᠯ ᠴᠥᠭᠡᠨ ᠲᠣᠭᠠᠲᠤ ᠦᠨᠳᠦᠰᠦᠲᠡᠨ ᠤ  ᠭᠠᠳᠠᠭᠠᠳᠤ ᠣᠷᠴᠢᠨ ᠲᠠᠢ ᠬᠠᠷᠢᠯᠴᠠᠬᠤ ᠭᠤᠣᠯ ᠪᠠᠭᠠᠵᠢ ᠶᠤᠮ᠃ ᠮᠡᠳᠡᠭᠡ ᠵᠠᠩᠭᠢᠵᠢᠯᠲᠠ᠂ ᠰᠦᠯᠵᠢᠶᠡᠵᠢᠯᠲᠡ᠂  ᠤᠶᠤᠨᠴᠢᠯᠠᠯᠳᠠ ᠶᠢᠨ ᠴᠠᠭ ᠦᠶ᠎ᠡ ᠶᠢᠨ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠤᠯᠠᠮᠵᠢᠯᠠᠨ  ᠲᠠᠷᠬᠠᠭᠠᠬᠤ ᠮᠡᠷᠭᠡᠵᠢᠯ ᠨᠢ ᠲᠤᠬᠠᠶ ᠶᠢᠨ ᠭᠠᠵᠠᠷ ᠤᠨ ᠠᠷᠠᠳ ᠣᠯᠠᠨ ᠤ ᠦᠢᠯᠡᠳᠪᠦᠷᠢᠯᠡᠯ ᠠᠮᠢᠳᠤᠷᠠᠯ ᠲᠠᠢ ᠬᠤᠯᠪᠣᠭᠳᠠᠬᠤ ᠪᠠᠷ ᠪᠠᠷᠠᠬᠤ ᠦᠭᠡᠶ᠃  ᠪᠠᠰᠠ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠴᠠᠭ ᠲᠤᠬᠠᠶ ᠳᠤᠨᠢ ᠣᠨᠣᠪᠴᠢᠲᠠᠶ ᠬᠠᠷᠢᠭᠤ ᠲᠤᠰᠬᠠᠬᠤ ᠪᠠ ᠮᠠᠨ ᠤ  ᠤᠯᠤᠰ ᠤᠨ ᠥᠨᠢ ᠤᠳᠠᠭᠠᠨ ᠠᠮᠤᠷ ᠲᠦᠪᠰᠢᠨ ᠪᠠᠶᠢᠬᠤ ᠳᠤ ᠬᠤᠯᠪᠣᠭᠳᠠᠬᠤ ᠶᠤᠮ᠃ ᠰᠦᠯᠵᠢᠶ᠎ᠡ ᠨᠢ ᠦᠵᠡᠯ ᠰᠠᠨᠠᠭᠠᠨ ᠤ  ᠵᠢᠯᠣᠭᠤᠳᠣᠯᠭ᠎ᠠ  ᠬᠢᠬᠦ᠂ ᠮᠡᠳᠡᠭᠡ ᠵᠠᠩᠭᠢ ᠳᠠᠮᠵᠢᠭᠤᠯᠬᠤ᠂ ᠮᠡᠳᠡᠯᠭᠡ ᠲᠦᠭᠡᠮᠡᠯᠵᠢᠭᠦᠯᠬᠦ ᠳᠤ ᠰᠢᠨ᠎ᠡ ᠪᠠᠷ ᠪᠣᠢ ᠪᠣᠯᠣᠭᠰᠠᠨ ᠪᠦᠲᠦᠮᠵᠢᠲᠡᠶ ᠠᠷᠭ᠎ᠠ  ᠪᠠᠷᠢᠯ ᠪᠣᠯᠤᠭᠰᠠᠨ ᠤ ᠬᠤᠪᠢ ᠳᠤ᠂ ᠬᠥᠮᠦᠰ ᠤᠨ ᠠᠮᠢᠳᠤᠷᠠᠯ ᠳᠤ ᠮᠠᠰᠢ ᠣᠯᠠᠨ ᠲᠥᠬᠦᠮ ᠦᠵᠡᠭᠦᠯᠵᠦ᠂  ᠬᠠᠷᠢᠯᠴᠠᠭᠠᠨ ᠤ ᠬᠠᠷᠰᠢ ᠰᠠᠭᠠᠳ ᠢ ᠠᠷᠢᠯᠭᠠᠬᠤ ᠪᠦᠲᠦᠮᠵᠢᠲᠡᠶ ᠠᠷᠭ᠎ᠠ ᠪᠠᠷᠢᠯ ᠪᠣᠯᠵᠠᠢ᠃                  ᠲᠡᠷᠡ ᠵᠢᠭᠠᠵᠤ ᠭᠠᠷᠭᠠᠭᠰᠠᠨ ᠨᠢ᠂ ᠣᠳᠣᠬᠠᠨ ᠳᠤ᠂ ᠸᠢᠴᠠᠲ ᠤᠨ ᠠᠮᠢ ᠠᠬᠤᠶ ᠶᠢᠨ ᠰᠢᠰᠲ᠋ᠧᠮ ᠨᠢ ᠨᠢᠭᠡᠨᠲᠡ ᠣᠯᠠᠨ ᠨᠡᠶᠢᠲᠡ ᠶᠢᠨ ᠨᠡᠶᠢᠭᠡᠮ ᠤᠨ ᠬᠠᠷᠢᠯᠴᠠᠭᠠᠨ ᠤ ᠬᠠᠮᠤᠭ ᠤᠨ ᠴᠢᠬᠤᠯᠠ ᠪᠠᠭᠠᠵᠢ ᠶᠢᠨ ᠨᠢᠭᠡ  ᠪᠣᠯᠤᠭᠰᠠᠨ ᠪᠥᠭᠡᠳ ᠪᠠᠰᠠ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠴᠢᠬᠤᠯᠠ ᠲᠠᠯᠠᠪᠤᠷ ᠪᠣᠯᠤᠭᠰᠠᠨ ᠪᠠᠶᠢᠨ᠎ᠠ᠃ ᠥᠪᠥᠷ ᠮᠣᠩᠭᠤᠯ ᠤᠨ ᠡᠯ᠎ᠡ ᠵᠠᠰᠠᠭ ᠵᠠᠬᠢᠷᠭ᠎ᠠ ᠠᠵᠤ ᠠᠬᠤᠶᠢᠯᠠᠯ ᠠᠵᠢᠯ ᠦᠢᠯᠡᠰ ᠤᠨ  ᠨᠢᠭᠡᠴᠡ  ᠵᠢᠴᠢ  ᠬᠤᠪᠢ  ᠬᠥᠮᠦᠨ ᠴᠥᠮ ᠲᠤᠰ ᠰᠢᠰᠲ᠋ᠧᠮ ᠳᠤ ᠸᠢᠴᠠᠲ ᠤᠨ  ᠣᠯᠠᠨ‌ᠨᠡᠶᠢᠲᠡ ᠶᠢᠨ ᠨᠣᠮᠧᠷ ᠢ ᠨᠡᠭᠡᠭᠡᠵᠡᠢ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ  ᠵᠥᠪᠯᠡᠯ ᠤᠨ ᠠᠯᠪᠠᠨ ᠬᠡᠷ ᠤᠨ ᠮᠥᠷᠳᠡᠨ ᠵᠠᠳᠠᠯᠤᠭᠰᠠᠨ ᠢᠶᠠᠷ᠂  ᠣᠳᠣᠬᠠᠨ ᠳᠤ᠂  ᠥᠪᠥᠷ‌ᠮᠣᠩᠭᠤᠯ ‍ᠤᠨ‌ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠵᠠᠰᠠᠭ ᠤᠨ ᠶᠠᠪᠤᠳᠠᠯ ᠢ ᠮᠣᠩᠭᠤᠯ ᠬᠡᠯᠡᠨ ᠪᠠᠷ ᠨᠡᠶᠢᠲᠡᠯᠡᠬᠦ ᠲᠠᠪᠴᠠᠩ — ︽ᠥᠪᠥᠷ ᠮᠣᠩᠭᠤᠯ ᠤᠨ ᠥᠪᠡᠷᠲᠡᠭᠡᠨ  ᠵᠠᠰᠠᠬᠤ  ᠣᠷᠣᠨ ᠤ ᠠᠷᠠᠳ ᠤᠨ ᠵᠠᠰᠠᠭ ‍ᠤᠨ‌ᠣᠷᠳᠣᠨ ᠤ ᠠᠯᠪᠠᠨ ᠨᠡᠶᠢᠲᠡᠯᠡᠯ︾ ᠸᠢᠴᠠᠲ ᠤᠨ ᠨᠡᠶᠢᠲᠡ ᠶᠢᠨ ᠳ᠋ᠤᠭᠠᠷ ᠪᠠ ᠮᠣᠩᠭᠤᠯ  ᠬᠡᠯᠡᠨ ᠤ ᠵᠠᠰᠠᠭ ᠤᠨ ᠶᠠᠪᠤᠳᠠᠯ ‍ᠦᠨ‌ᠦᠢᠯᠡᠴᠢᠯᠡᠭᠡᠨ ᠤ ᠰᠢᠯᠵᠢᠮᠡᠯ  ᠲᠠᠪᠴᠠᠩ ᠳᠡᠭᠡᠷ᠎ᠡ ᠨᠡᠭᠡᠭᠡᠨ ᠠᠰᠢᠭᠯᠠᠭᠰᠠᠨ ︽ᠵᠠᠰᠠᠭ ᠤᠨ  ᠶᠠᠪᠤᠳᠠᠯ ᠤᠨ  ᠦᠢᠯᠡᠴᠢᠯᠡᠭᠡᠨ ‍ᠤ‌‍ᠸᠢᠴᠠᠲ ᠤᠨ ᠲᠠᠪᠴᠠᠩ︾ ᠪᠠᠭᠲᠠᠭᠠᠭᠠᠳ᠂ ᠨᠠᠭᠠᠲᠤ ᠵᠠᠬ᠎ᠠ ᠳᠠᠭᠠᠨ 300  ᠭᠠᠷᠤᠶ ᠲᠦᠢᠯ ᠤᠨ ᠬᠥᠭᠵᠢᠶᠡᠨᠲᠡᠶ ᠮᠣᠩᠭᠤᠯ ᠬᠡᠯᠡᠨ ᠤ ᠸᠢᠴᠠᠲ ᠤᠨ ᠨᠡᠶᠢᠲᠡ ᠶᠢᠨ ᠳ᠋ᠤᠭᠠᠷ ᠪᠣᠶ᠃                  ᠸᠢᠴᠠᠲ ᠤᠨ ᠲᠠᠪᠴᠠᠩ ᠤᠨ ᠠᠵᠢᠯᠯᠠᠭᠠᠨ ᠤ Android᠂ iOS᠂ Windows ᠵᠡᠷᠭᠡ ᠵᠢᠯᠣᠭᠤᠳᠬᠤ ᠰᠢᠰᠲ᠋ᠧᠮ ᠤᠨ ᠮᠣᠩᠭᠤᠯ ᠦᠰᠦᠭ ᠤᠨ ᠲᠢᠭ ᠬᠠᠷᠢᠯᠴᠠᠨ ᠨᠢᠭᠡᠳᠦᠯ  ᠦᠭᠡᠢ᠂  ᠴᠢᠨᠠᠭᠰᠢᠯᠠᠪᠠᠯ  ᠵᠠᠷᠢᠮ  ᠬᠡᠪᠯᠡᠯ ᠳᠤ ᠮᠣᠩᠭᠤᠯ ᠥᠰᠥᠭ ᠤᠨ ᠲᠢᠭ ᠪᠠᠶᠢᠳᠠᠭ ᠦᠭᠡᠢ ᠪᠣᠯᠬᠤᠷ᠂ ᠬᠠᠮᠢᠶ᠎ᠠ ᠪᠥᠬᠦᠶ ᠠᠵᠢᠯᠲᠠᠳ ᠵᠦᠪᠬᠡᠨ ᠵᠢᠷᠤᠭ ᠤᠨ ᠬᠡᠯᠪᠡᠷᠢ ᠪᠠᠷ  ᠠᠭᠤᠯᠭ᠎ᠠ ᠶᠢ ᠨᠡᠶᠢᠲᠡᠯᠡᠬᠦ ᠯᠡ ᠬᠡᠷᠡᠭᠲᠡᠶ ᠪᠣᠯᠵᠠᠶ᠃ ᠭᠡᠷᠡᠯ ᠵᠢᠷᠤᠭ ᠨᠡᠶᠢᠲᠡᠯᠡᠬᠦ ᠠᠷᠭ᠎ᠠ ᠬᠡᠯᠪᠡᠷᠢ ᠨᠢ ᠬᠡᠷᠡᠭᠯᠡᠭᠴᠢᠳ ᠢ ᠬᠠᠷᠢᠯᠴᠠᠨ ᠰᠣᠯᠢᠯᠴᠠᠬᠤ ᠪᠠ ᠡᠷᠢᠵᠦ ᠠᠰᠢᠭᠯᠠᠬᠤ ᠶᠢᠨ ᠠᠷᠭ᠎ᠠ  ᠦᠭᠡᠢ  ᠪᠣᠯᠭᠠᠭᠰᠠᠨ ᠢᠶᠠᠷ ᠪᠠᠷᠠᠬᠤ ᠦᠭᠡᠢ ᠪᠠᠰᠠ ᠣᠯᠠᠨ ᠨᠡᠶᠢᠲᠡ ᠶᠢᠨ ᠳ᠋ᠤᠭᠠᠷ ‍ᠤᠨ‌ᠡᠵᠡᠩᠨᠡᠭᠴᠢ ᠶᠢᠨ ᠠᠵᠢᠯ ᠤᠨ ᠬᠡᠮᠵᠢᠶ᠎ᠡ ᠶᠢ ᠨᠡᠮᠡᠭᠳᠡᠭᠦᠯᠵᠡᠶ᠃                ᠡᠶᠢᠮᠦ ᠠᠴᠠ ᠠᠯᠲᠠᠨᠰᠠᠩ  ᠳᠤᠷᠠᠳᠤᠯᠭ᠎ᠠ ᠳᠤ ᠪᠠᠨ᠂  ᠥᠪᠥᠷ  ᠮᠣᠩᠭᠤᠯ ᠤᠨ  ᠥᠪᠡᠷᠲᠡᠭᠡᠨ  ᠵᠠᠰᠠᠬᠤ ᠣᠷᠣᠨ ‍ᠤ‌ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ᠨᠢᠭᠡ ᠵᠦᠢᠯ ᠤᠨ ᠮᠣᠩᠭᠤᠯ ᠦᠰᠦᠭ ᠤᠨ ᠲᠢᠭ ᠢ ᠰᠣᠩᠭᠤᠨ ᠲᠣᠭᠲᠠᠭᠠᠵᠤ᠂ ᠡᠨᠡ ᠬᠦ ᠦᠰᠦᠭ ᠤᠨ ᠲᠢᠭ ᠢ ᠸᠢᠴᠠᠲ ᠵᠢᠴᠢ ᠣᠯᠠᠨ ᠨᠡᠶᠢᠲᠡ ᠶᠢᠨ ᠳ᠋ᠤᠭᠠᠷ ᠲᠤ ᠰᠢᠭᠢᠳᠬᠡᠨ ᠣᠷᠤᠭᠤᠯᠵᠤ᠂ ᠪᠤᠢ ᠪᠦᠬᠦᠢ ᠸᠢᠴᠠᠲ ᠵᠢᠴᠢ ᠨᠡᠶᠢᠲᠡ ᠶᠢᠨ ᠳ᠋ᠤᠭᠠᠷ ᠤᠨ ᠴᠥᠮ ᠮᠣᠩᠭᠤᠯ  ᠬᠡᠯᠡ ᠶᠢ ᠲᠣᠭᠲᠠᠪᠤᠷᠢᠲᠠᠶ ᠵᠥᠪ ᠣᠨᠣᠪᠴᠢᠲᠠᠶ ᠢᠯᠡᠷᠡᠭᠦᠯᠬᠦ ᠶᠢ ᠳᠡᠮᠵᠢᠩᠰᠡᠨ ᠤ ᠳᠡᠭᠡᠷ᠎ᠡ᠂ ᠣᠯᠠᠨ ᠨᠡᠶᠢᠲᠡ ᠶᠢᠨ ᠳ᠋ᠤᠭᠠᠷ ᠤᠨ ᠡᠵᠡᠩᠨᠡᠭᠴᠢ ᠳᠠᠬᠢᠭᠠᠳ ᠮᠡᠷᠭᠡᠵᠢᠯ ᠤᠨ ᠠᠷᠭ᠎ᠠ  ᠪᠠᠷᠢᠯ ᠢ ᠬᠡᠷᠡᠭᠯᠡᠨ‌‍ᠪᠣᠰᠤᠭ᠎ᠠ ᠬᠡᠪᠯᠡᠯ ᠤᠨ ᠬᠡᠯᠪᠡᠷᠢ ᠵᠡᠷᠭᠡ ᠪᠤᠰᠤᠳ ᠠᠰᠠᠭᠤᠳᠠᠯ ᠢ ᠰᠢᠢᠳᠪᠦᠷᠢᠯᠡᠪᠡᠯ᠂ ᠪᠣᠶ ᠪᠥᠬᠦᠶ ᠣᠯᠠᠨ ᠨᠡᠶᠢᠲᠡ ᠶᠢᠨ ᠳ᠋ᠤᠭᠠᠷ ‍ᠤᠨ‌ᠠᠭᠤᠯᠭ᠎ᠠ ᠵᠢᠴᠢ ᠸᠢᠴᠠᠲ ᠤᠨ ᠠᠭᠤᠯᠭ᠎ᠠ ᠶᠢ ᠥᠰᠥᠭ  ᠪᠢᠴᠢᠭ ᠤᠨ  ᠬᠡᠯᠪᠡᠷᠢ ᠪᠠᠷ  ᠳᠠᠮᠵᠢᠭᠤᠯᠤᠨ  ᠨᠡᠪᠲᠡᠷᠡᠭᠦᠯᠵᠦ  ᠪᠣᠯᠣᠨ᠎ᠠ ᠭᠡᠵᠡᠢ᠃
ᠢᠷᠡᠯᠲᠡ᠄ ᠠᠷᠠᠳ ᠤᠨ ᠰᠦᠯᠵᠢᠶ᠎ᠡ