ᠯᠣᠩᠬᠤᠨ ᠳᠤ ᠰᠠᠪᠠᠯᠠᠭᠰᠠᠨ ᠰᠢᠲᠠᠮᠠᠬᠠᠶ ᠬᠡᠢ ᠶᠢᠨ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠵᠢᠷᠤᠮᠵᠢᠭᠤᠯᠵᠤ ᠠᠮᠤᠷ ᠲᠦᠪᠰᠢᠨ ᠤ ᠳᠠᠯᠳᠠ ᠭᠡᠮ ᠡᠭᠦᠰᠬᠦ ᠶᠢ ᠬᠤᠷᠢᠭᠯᠠᠨ᠎ᠠ
ᠨᠡᠶᠢᠲᠡᠯᠡᠭᠰᠡᠨ ᠴᠠᠭ᠄
2020/5/27
        ᠣᠶᠢᠷ᠎ᠠ ᠶᠢᠨ ᠬᠤᠭᠤᠴᠠᠭᠠᠨ ᠳᠤ᠂ ᠬᠢᠶ᠎ᠠ ᠪᠠᠭᠰᠢ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠳᠥᠭᠡᠨ ᠪᠠᠶᠢᠭᠤᠯᠤᠯᠳᠠ ᠶᠢᠨ ᠲᠣᠪᠴᠢᠶ᠎ᠠ  ᠪᠠᠷᠢᠯᠭ᠎ᠠ ᠶᠢᠨ ᠭᠠᠵᠠᠷ ᠬᠠᠶᠠᠭᠳᠠᠮᠠᠯ ᠰᠢᠲᠠᠮᠠᠬᠠᠶ ᠬᠡᠶ ᠶᠢᠨ ᠯᠣᠩᠬᠤᠨ ᠳᠤ ᠰᠢᠩᠭᠡᠨᠵᠢᠮᠡᠯ ᠴᠢᠯᠠᠭᠤᠨ ᠲᠣᠰᠣᠨ ᠬᠡᠶ ᠰᠠᠪᠠᠯᠠᠭᠰᠠᠨ ᠦᠵᠡᠭᠳᠡᠯ ᠢ ᠣᠯᠵᠤ ᠮᠡᠳᠡᠭᠡᠳ ᠴᠠᠭ ᠲᠤᠬᠠᠶ ᠳᠤᠨᠢ ᠪᠠᠶᠢᠴᠠᠭᠠᠨ ᠰᠢᠢᠳᠪᠦᠷᠢᠯᠡᠵᠦ ᠴᠡᠭᠴᠡᠯᠡᠨ ᠰᠠᠶᠢᠵᠢᠷᠠᠭᠤᠯᠪᠠ᠃ ᠡᠶᠢᠮᠦᠷᠬᠦ ᠰᠠᠮᠠᠭᠤᠨ ᠦᠵᠡᠭᠳᠡᠯ ᠢ ᠬᠢᠶ᠎ᠠ ᠪᠠᠭᠰᠢ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠳᠥᠭᠡᠨ ᠪᠠᠶᠢᠭᠤᠯᠤᠯᠳᠠ ᠶᠢᠨ ᠲᠣᠪᠴᠢᠶᠠᠨ ᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠳᠤᠭᠤᠶᠢᠯᠠᠩ ᠬᠠᠮᠢᠶ᠎ᠠ ᠪᠦᠬᠦᠢ ᠪᠠᠶᠢᠴᠠᠭᠠᠯᠲᠠ ᠶᠢᠨ ᠮᠠᠲ᠋ᠧᠷᠢᠶᠠᠯ ᠢᠶᠠᠨ ᠠᠪᠴᠤ ᠡᠵᠡᠨ ᠬᠤᠷᠤᠭ᠎ᠠ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠳᠥᠭᠡᠨ ᠪᠠᠶᠢᠭᠤᠯᠤᠯᠳᠠ ᠶᠢᠨ ᠲᠣᠪᠴᠢᠶ᠎ᠠ ᠪᠣᠯᠣᠨ ᠡᠵᠡᠨ ᠬᠤᠷᠤᠭ᠎ᠠ ᠬᠤᠰᠢᠭᠤᠨ ᠤ ᠰᠢᠲᠠᠮᠠᠬᠠᠶ ᠬᠡᠶ ᠶᠢᠨ ᠠᠯᠪᠠᠨ ᠭᠡᠷ ᠲᠠᠢ ᠨᠡᠪᠲᠡᠷᠡᠯᠴᠡᠨ ᠰᠣᠯᠢᠯᠴᠠᠴᠤ᠂ ᠯᠣᠩᠬᠤᠨ ᠳᠤ ᠰᠠᠪᠠᠯᠠᠭᠰᠠᠨ ᠰᠢᠲᠠᠮᠠᠬᠠᠶ ᠬᠡᠢ ᠶᠢᠨ ᠠᠵᠢᠯ ᠲᠥᠷᠥᠯ ᠤᠨ ᠬᠠᠮᠢᠶᠠᠷᠤᠯᠲᠠ ᠶᠢᠨ ᠠᠷᠭ᠎ᠠ ᠳᠤ ᠡᠮᠬᠢᠯᠡᠨ ᠳ᠋ᠦᠩᠨᠡᠯᠲᠡ ᠬᠢᠵᠡᠶ᠃         ᠬᠢᠶ᠎ᠠ ᠪᠠᠭᠰᠢ ᠲᠣᠭᠤᠷᠢᠭ ᠲᠤ ᠣᠳᠣ ᠬᠠᠳᠠᠭᠠᠯᠠᠨ ᠲᠣᠬᠢᠷᠠᠭᠤᠯᠬᠤ ᠥᠷᠲᠡᠭᠡ᠂ ᠬᠠᠩᠭᠠᠬᠤ ᠥᠷᠲᠡᠭᠡ  ᠪᠠᠶᠢᠭᠤᠯᠤᠭᠠᠳᠤᠢ᠂ ᠢᠳᠡᠭᠡᠨ ᠤᠮᠳᠠᠭᠠᠨ ᠤ ᠬᠤᠳᠠᠯᠳᠤᠭᠠᠴᠢᠨ᠂ ᠪᠠᠷᠢᠯᠭ᠎ᠠ ᠶᠢᠨ ᠭᠠᠵᠠᠷ᠂ ᠰᠠᠭᠤᠭᠠᠯᠢ ᠠᠷᠠᠳ ᠤᠨ ᠬᠡᠷᠡᠭᠯᠡᠭᠴᠢ ᠵᠡᠷᠭᠡ ᠦᠵᠦᠭᠦᠷ ᠤᠨ ᠬᠡᠷᠡᠭᠯᠡᠭᠴᠢ ᠶᠢᠨ ᠬᠡᠷᠡᠭᠯᠡᠳᠡᠭ ᠯᠣᠩᠬᠤᠨ ᠳᠤ ᠰᠠᠪᠠᠯᠠᠭᠰᠠᠨ ᠰᠢᠲᠠᠮᠠᠬᠠᠶ ᠬᠡᠶ ᠨᠢ ᠳ᠋ᠦᠩᠱᠧᠩ ᠲᠣᠭᠤᠷᠢᠭ᠂ ᠡᠵᠡᠨ ᠬᠤᠷᠤᠭ᠎ᠠ ᠬᠤᠰᠢᠭᠤ ᠬᠤᠶᠠᠷ ᠭᠠᠵᠠᠷ ᠤᠨ ᠡᠵᠡᠩᠨᠡᠯᠲᠡ ᠶᠢᠨ ᠬᠤᠳᠠᠯᠳᠤᠭᠠᠴᠢᠨ  ᠠᠴᠠ ᠢᠷᠡᠵᠦ᠂ ᠣᠷᠣᠨ ᠪᠦᠰᠡ ᠠᠯᠣᠰᠯᠠᠨ ᠬᠠᠤᠯᠢ ᠠᠴᠠ ᠵᠥᠷᠢᠴᠡᠭᠰᠡᠨ ᠡᠵᠡᠩᠨᠡᠯᠳᠡ ᠳᠤ ᠬᠠᠷᠢᠶᠠᠯᠠᠭᠳᠠᠨ᠎ᠠ᠃ ᠮᠠᠨ ᠤ ᠲᠣᠭᠤᠷᠢᠭ ᠤᠨ ᠯᠣᠩᠬᠤᠨ ᠳᠤ ᠰᠠᠪᠠᠯᠠᠭᠰᠠᠨ ᠰᠢᠲᠠᠮᠠᠬᠠᠶ ᠬᠡᠢ ᠶᠢᠨ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠳᠤᠲᠠᠭᠤᠳᠠᠯ ᠢ ᠨᠥᠬᠦᠪᠥᠷᠢᠯᠡᠬᠦ ᠶᠢᠨ ᠲᠥᠯᠥᠭᠡ᠂ ᠳ᠋ᠦᠩᠱᠧᠩ ᠲᠣᠭᠤᠷᠢᠭ᠂ ᠡᠵᠡᠨ ᠬᠤᠷᠤᠭ᠎ᠠ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠲᠠᠢ ᠬᠠᠷᠢᠯᠴᠠᠬᠤ ᠪᠠᠷ ᠳᠠᠮᠵᠢᠨ᠂ ᠡᠵᠡᠩᠨᠡᠯᠲᠡ ᠶᠢᠨ ᠬᠤᠳᠠᠯᠳᠤᠭᠠᠴᠢᠨ ᠤ ᠬᠢᠶ᠎ᠡ ᠪᠠᠭᠰᠢ ᠲᠣᠭᠤᠷᠢᠭ ᠲᠤ ᠰᠢᠩᠭᠡᠨᠵᠢᠮᠡᠯ ᠴᠢᠯᠠᠭᠤᠨ ᠲᠣᠰᠣᠨ ᠬᠡᠢ ᠡᠵᠡᠩᠨᠡᠵᠦ ᠪᠠᠶᠢᠭ᠎ᠠ ᠪᠠᠶᠢᠳᠠᠯ ᠢ ᠴᠤᠭᠯᠠᠭᠤᠯᠤᠨ ᠣᠶᠢᠯᠠᠭᠠᠵᠤ᠂ ᠡᠵᠡᠩᠨᠡᠯᠲᠡ ᠶᠢᠨ ᠬᠤᠳᠠᠯᠳᠤᠭᠠᠴᠢᠨ ᠢ ᠨᠠᠷᠢᠨ ᠲᠣᠳᠣᠷᠬᠠᠶ ᠬᠡᠷᠡᠭᠯᠡᠭᠴᠢ ᠶᠢᠨ ᠳᠠᠩᠰᠠ ᠡᠪᠬᠡᠮᠡᠯ ᠢ ᠬᠠᠩᠭᠠᠯᠭᠠᠵᠤ᠂ ᠬᠢᠶ᠎ᠠ ᠪᠠᠭᠰᠢ ᠲᠣᠭᠤᠷᠢᠭ ᠤᠨ ᠯᠣᠩᠬᠤᠨ ᠳᠤ ᠰᠠᠪᠠᠯᠠᠭᠰᠠᠨ ᠰᠢᠲᠠᠮᠠᠬᠠᠶ ᠬᠡᠢ ᠶᠢᠨ ᠬᠡᠷᠡᠭᠯᠡᠭᠴᠢ ᠶᠢᠨ ᠮᠠᠲ᠋ᠧᠷᠢᠶᠠᠯ ᠢ ᠠᠩᠬ᠎ᠠ ᠠᠯᠬᠤᠮ ᠡᠵᠡᠮᠰᠢᠨ᠂ ᠳᠠᠷᠠᠭ᠎ᠠ ᠠᠯᠬᠤᠮ ᠤᠨ ᠯᠣᠩᠬᠤᠨ ᠳᠤ ᠰᠠᠪᠠᠯᠠᠭᠰᠠᠨ ᠰᠢᠲᠠᠮᠠᠬᠠᠶ ᠬᠡᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠳᠤ ᠪᠡᠯᠡᠳᠬᠡᠯ ᠬᠢᠯ᠎ᠡ᠃
ᠢᠷᠡᠯᠲᠡ᠄ ᠲᠤᠰ ᠰᠦᠯᠵᠢᠶ᠎ᠡ