ᠨᠡᠶᠢᠬᠡᠮ ᠤᠨ ᠳᠠᠭᠠᠳᠬᠠᠯ ᠤᠨ  ᠰᠦᠢᠳᠬᠡᠯ ᠢ  ᠱᠠᠳᠤᠴᠢᠯᠠᠭᠰᠠᠨ ᠴᠢᠨᠠᠷᠲᠠᠶ ᠬᠠᠰᠤᠵᠤ ᠬᠡᠯᠲᠦᠷᠢᠭᠦᠯᠬᠦ ᠲᠥᠷᠥ ᠶᠢᠨ  ᠪᠤᠳᠤᠯᠭ᠎ᠠ
ᠨᠡᠶᠢᠲᠡᠯᠡᠭᠰᠡᠨ ᠴᠠᠭ᠄
2020/5/6
      ᠳᠣᠪᠴᠢ ᠲᠠᠨᠢᠯᠴᠠᠭᠤᠯᠭ᠎ᠠ᠄ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠰᠢ᠂  ᠬᠢᠶ᠎ᠠ ᠪᠠᠭᠰᠢ ᠲᠤᠭᠤᠷᠢᠭ  ᠤᠨ ᠬᠠᠷᠢᠶᠠᠨ ᠳᠠᠬᠢ ᠶᠡᠭᠡ ᠪᠠᠭ᠎ᠠ ᠠᠵᠤ ᠠᠬᠤᠶᠢᠯᠠᠯ ᠴᠥᠮ ᠬᠦᠨᠳᠦ ᠨᠣᠴᠢᠲᠠᠶ ᠨᠥᠯᠥᠭᠡᠯᠡᠭᠳᠡᠵᠦ᠂ ᠬᠡᠪ ᠤᠨ ᠶᠣᠰᠣᠭᠠᠷ ᠡᠵᠡᠩᠨᠡᠵᠦ ᠳᠡᠶᠢᠯᠬᠦ ᠥᠬᠡᠶ ᠪᠣᠯᠵᠠᠶ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠤᠨ ᠬᠢᠶ᠎ᠠ ᠪᠠᠭᠰᠢ ᠲᠤᠭᠤᠷᠢᠭ ᠤᠨ ᠬᠠᠷᠢᠶᠠᠨ ᠳᠠᠬᠢ ᠡᠯ᠎ᠡ ᠠᠵᠤ ᠠᠬᠤᠶᠢᠯᠠᠯ ᠳᠤ ᠦᠵᠡᠭᠦᠯᠬᠦ ᠨᠥᠯᠥᠭᠡ ᠶᠢ ᠬᠥᠩᠭᠡᠷᠡᠭᠦᠯᠵᠦ᠂ ᠠᠵᠤ ᠠᠬᠤᠶᠢᠯᠠᠯ ᠤᠨ ᠠᠵᠢᠯ ᠢᠶᠠᠨ ᠡᠬᠢᠯᠡᠭᠦᠯᠭᠦ ᠪᠠ ᠠᠵᠢᠯ   ᠢᠶᠠᠨ ᠰᠡᠷᠭᠦᠭᠡᠬᠦ  ᠳᠠᠷᠤᠯᠳᠠ ᠶᠢ  ᠪᠠᠭᠠᠰᠬᠠᠬᠤ ᠶᠢᠨ ᠲᠥᠯᠥᠭᠡ ᠂ ᠬᠢᠶ᠎ᠠ ᠪᠠᠭᠰᠢ ᠲᠣᠭᠤᠷᠢᠭ ᠤᠨ ᠨᠡᠶᠢᠭᠡᠮ ᠤᠨ ᠪᠠᠲᠤᠯᠠᠭ᠎ᠠ ᠵᠢᠨ‌‍ᠲ᠋ᠣᠪᠴᠢᠶ᠎ᠠ ᠬᠢᠵᠢᠭ ᠤᠨ ᠬᠤᠭᠤᠴᠠᠭᠠᠨ ᠳᠤ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠱᠠᠳᠤᠴᠢᠯᠠᠭᠰᠠᠨ ᠴᠢᠨᠠᠷᠲᠠᠶ ᠪᠠᠷ ᠬᠠᠰᠤᠵᠤ ᠭᠡᠯᠳᠦᠷᠢᠭᠦᠯᠬᠦ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠰᠦᠯᠵᠢᠶᠡᠨ ᠳᠡᠭᠡᠷ᠎ᠡ ᠠᠵᠢᠯᠯᠠᠬᠤ᠂ ᠤᠲᠠᠰᠤ ᠪᠠᠷ ᠬᠠᠷᠢᠯᠴᠠᠬᠤ ᠪᠠᠷ ᠳᠠᠮᠵᠢᠭᠤᠯᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠬᠠᠰᠤᠵᠤ ᠭᠡᠯᠳᠦᠷᠢᠭᠦᠯᠬᠦ ᠲᠤᠬᠠᠶᠢᠯᠠᠭᠰᠠᠨ ᠠᠵᠢᠯ ᠢ ᠥᠷᠨᠢᠭᠦᠯᠵᠦ᠂ ᠠᠵᠤ ᠠᠬᠤᠶᠢᠯᠠᠯ ᠳᠤ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠦᠨᠡᠨ ᠬᠦ ᠬᠦᠷᠲᠡᠭᠡᠨ᠎ᠡ᠃
      ᠬᠥᠲᠥᠯᠥᠭᠴᠢ᠄ ᠰᠦᠯᠵᠢᠶᠡᠨ ᠠᠨᠳᠠ ᠨᠠᠷ ᠰᠠᠶᠢᠨ  ᠪᠠᠶᠢᠨ᠎ᠠ ᠤᠤ︖ ᠥᠨᠥᠳᠦᠷ ᠪᠢᠳᠡ ᠬᠢᠶ᠎ᠠ ᠪᠠᠭᠰᠢ ᠲᠣᠭᠤᠷᠢᠭ ᠤᠨ ᠨᠡᠶᠢᠭᠡᠮ ᠤᠨ ᠪᠠᠲᠤᠯᠠᠭ᠎ᠠ ᠶᠢᠨ ᠳᠣᠪᠴᠢᠶᠠᠨ ᠤ ᠳᠠᠷᠤᠭ᠎ᠠ ᠰᠢᠶᠠ ᠬᠤᠸᠠᠨ ᠢ ᠤᠷᠢᠵᠤ᠂ ᠠᠵᠤ ᠠᠬᠤᠶᠢᠯᠠᠯ ᠤᠨ ᠨᠡᠶᠢᠭᠡᠮ ᠤᠨ ᠳᠠᠭᠠᠳᠬᠠᠯ ᠤᠨ  ᠰᠦᠢᠳᠬᠡᠯ ᠢ  ᠱᠠᠳᠤᠴᠢᠯᠠᠭᠰᠠᠨ ᠴᠢᠨᠠᠷᠲᠠᠶ ᠪᠠᠷ ᠬᠠᠰᠤᠵᠤ ᠭᠡᠯᠳᠦᠷᠢᠭᠦᠯᠬᠦ ᠶᠢ ᠮᠠᠨ ᠤ ᠲᠤᠭᠤᠷᠢᠭ ᠲᠤ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠣᠯᠠᠨ ᠳᠤ  ᠲᠠᠨᠢᠯᠴᠠᠭᠤᠯᠤᠶ᠎ᠠ ᠃ ᠰᠢᠶᠠ ᠲᠣᠪᠴᠢᠶᠠᠨ ᠳᠠᠷᠤᠭ᠎ᠠ  ᠂ ᠲᠠ ᠰᠠᠶᠢᠨ  ᠪᠠᠶᠢᠨ᠎ᠠ ᠤᠤ  ︕       ᠰᠢᠶᠠ ᠬᠤᠸᠠᠨ᠄  ᠬᠥᠲᠥᠯᠥᠭᠴᠢ ᠰᠠᠶᠢᠨ ᠪᠠᠶᠢᠨ᠎ᠠ ᠤᠤ᠂ ᠰᠦᠯᠵᠢᠶᠡᠨ ᠠᠨᠳᠠ ᠨᠠᠷ ᠰᠠᠶᠢᠨ ᠪᠠᠶᠢᠨ᠎ᠠ ᠤᠤ᠂ ᠬᠢᠶ᠎ᠠ ᠪᠠᠭᠰᠢ ᠲᠣᠭᠤᠷᠢᠭ ᠤᠨ ᠵᠠᠰᠠᠭ ᠤᠨ ᠣᠷᠳᠣᠨ ᠤ ᠰᠦᠯᠵᠢᠶᠡᠨ ᠤ ᠥᠷᠳᠡᠭᠡ ᠶᠢᠨ ᠰᠤᠷᠪᠤᠯᠵᠢᠯᠠᠭ᠎ᠠ ᠶᠢᠨ ᠶᠠᠷᠢᠯᠴᠠᠭᠠᠨ ᠳᠤ ᠮᠤᠷᠢᠯᠠᠨ ᠰᠠᠭᠠᠳᠠᠭᠰᠠᠨ ᠳᠠᠭᠠᠨ ᠮᠠᠰᠢ  ᠪᠠᠶᠠᠷᠯᠠᠵᠤ ᠪᠠᠶᠢᠨ᠎ᠠ᠃       ᠬᠥᠲᠥᠯᠥᠭᠴᠢ᠄ ᠰᠢᠶᠠ ᠲᠣᠪᠴᠢᠶᠠᠨ ᠳᠠᠷᠤᠭ᠎ᠠ ᠮᠠᠨ ᠤ ᠲᠣᠭᠤᠷᠢᠭ ᠤᠨ ᠶᠠᠮᠠᠷ ᠶᠠᠮᠠᠷ ᠠᠵᠤ ᠠᠬᠤᠶᠢᠯᠠᠯ ᠨᠡᠶᠢᠭᠡᠮ ᠤᠨ ᠳᠠᠭᠠᠳᠬᠠᠯ ᠤᠨ  ᠰᠦᠢᠳᠬᠡᠯ ᠢ ᠬᠠᠰᠤᠵᠤ  ᠬᠡᠯᠲᠦᠷᠢᠭᠦᠯᠬᠦ ᠲᠥᠷᠥ ᠶᠢᠨ  ᠪᠤᠳᠤᠯᠭ᠎ᠠ ᠶᠢ ᠭᠦᠷᠳᠡᠵᠦ ᠪᠣᠯᠬᠤ ᠪᠣᠶ︖ ᠶᠠᠮᠠᠷ ᠪᠣᠳᠠᠲᠠᠶ  ᠬᠠᠰᠤᠵᠤ ᠬᠡᠯᠲᠦᠷᠢᠭᠦᠯᠬᠦ ᠠᠷᠭ᠎ᠠ ᠬᠡᠮᠵᠢᠶ᠎ᠡ  ᠪᠠᠶᠢᠳᠠᠭ ᠪᠣᠶ︖       ᠰᠢᠶᠠ ᠬᠤᠸᠠᠨ  ᠄ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠡᠳ᠋ ᠤᠨ ᠵᠠᠰᠠᠭ ᠤᠨ ᠶᠠᠮᠤᠨ᠂ ᠭᠠᠶᠢᠯᠢ ᠶᠢᠨ ᠶᠠᠪᠤᠳᠠᠯ ᠤᠨ ᠶᠡᠷᠦᠩᠬᠡᠶ  ᠳᠤᠪᠴᠢᠶᠠᠨ ᠤ ᠬᠠᠮᠲᠤᠷᠠᠨ ᠲᠣᠭᠲᠠᠭᠠᠭᠰᠠᠨ ︽ᠠᠵᠤ ᠠᠬᠤᠶᠢᠯᠠᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠢ  ᠱᠠᠳᠤᠴᠢᠯᠠᠭᠰᠠᠨ ᠴᠢᠨᠠᠷᠲᠠᠶ ᠪᠠᠷ ᠬᠠᠰᠤᠵᠤ ᠭᠡᠯᠳᠦᠷᠢᠭᠦᠯᠬᠦ ᠲᠤᠬᠠᠶ ᠮᠡᠳᠡᠭᠳᠡᠯ︾ ᠵᠢᠴᠢ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ︽ᠠᠵᠤ ᠠᠬᠤᠶᠢᠯᠠᠯ ‍ᠤᠨ‌ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠱᠠᠳᠤᠴᠢᠯᠠᠭᠰᠠᠨ ᠴᠢᠨᠠᠷᠲᠠᠶ ᠪᠠᠷ ᠬᠠᠰᠤᠵᠤ ᠭᠡᠯᠳᠦᠷᠢᠭᠦᠯᠬᠦ ᠲᠤᠬᠠᠶ ᠬᠡᠷᠡᠭᠵᠢᠭᠦᠯᠭᠦ ᠰᠠᠨᠠᠯ︾ ᠢ ᠦᠨᠳᠦᠰᠦᠯᠡᠨ᠂ ᠭᠡᠯᠳᠦᠷᠢᠭᠦᠯᠬᠦ᠂ ᠬᠠᠰᠤᠬᠤ᠂ ᠬᠤᠶᠢᠰᠢᠯᠠᠭᠤᠯᠬᠤ ᠭᠤᠷᠪᠠᠨ ᠵᠦᠢᠯ ᠤᠨ ᠠᠷᠭ᠎ᠠ ᠬᠡᠮᠵᠢᠶ᠎ᠡ ᠶᠢ ᠲᠣᠳᠣᠷᠬᠠᠶᠢᠯᠠᠪᠠ᠃ ᠭᠡᠯᠳᠦᠷᠢᠭᠦᠯᠬᠦ ᠭᠡᠳᠡᠭ ᠨᠢ ᠳᠠᠷᠤᠶ 2020 ᠣᠨ ᠤ 2 ᠰᠠᠷ᠎ᠠ ᠠᠴᠠ ᠡᠬᠢᠯᠡᠨ᠂ ᠬᠢᠶ᠎ᠠ ᠪᠠᠭᠰᠢ ᠲᠤᠭᠤᠷᠢᠭ ᠤᠨ ᠬᠠᠷᠢᠶᠠᠨ ᠳᠠᠬᠢ ᠳᠤᠮᠳᠠ ᠵᠢᠵᠢᠭ ᠪᠢᠴᠢᠯ ᠬᠡᠯᠪᠡᠷᠢ ᠶᠢᠨ ᠠᠵᠤ ᠠᠬᠤᠶᠢᠯᠠᠯ ᠤᠨ  ᠨᠠᠰᠤᠵᠢᠯ ᠤᠨ ᠳᠠᠭᠠᠳᠬᠠᠯ᠂ ᠠᠵᠢᠯ  ᠠᠯᠳᠠᠭᠰᠠᠳ ᠤᠨ ᠳᠠᠭᠠᠳᠬᠠᠯ᠂ ᠠᠵᠢᠯ ᠠᠴᠠ ᠪᠣᠯᠤᠭᠰᠠ ᠭᠡᠮᠳᠦᠯ ᠤᠨ ᠳᠠᠭᠠᠳᠬᠠᠯ  ᠵᠡᠷᠭᠡ ᠭᠤᠷᠪᠠᠨ ᠵᠦᠢᠯ ᠤᠨ ᠨᠡᠶᠢᠭᠡᠮ ᠤᠨ ᠳᠠᠭᠠᠳᠬᠠᠯ ᠤᠨ ᠪᠠᠶᠢᠭᠤᠯᠭ᠎ᠠ ᠨᠢᠭᠡᠴᠠ ᠠᠴᠠ ᠳᠣᠰᠢᠶᠠᠬᠤ ᠰᠦᠢᠳᠬᠡᠯ ᠢ  ᠭᠡᠯᠳᠦᠷᠢᠭᠦᠯᠦᠨ᠎ᠡ᠂ ᠭᠡᠯᠳᠦᠷᠢᠭᠦᠯᠬᠦ ᠬᠤᠭᠤᠴᠠᠭ᠎ᠠ ᠨᠢ 2  ᠳ᠋ᠣᠭᠠᠷ ᠰᠠᠷ᠎ᠠ ᠠᠴᠠ 6 ᠳ᠋ᠣᠭᠠᠷ ᠰᠠᠷ᠎ᠠ ᠪᠣᠯᠤᠨ᠎ᠠ  ᠃ ᠬᠠᠰᠤᠬᠤ ᠭᠡᠳᠡᠭ ᠨᠢ ᠬᠢᠶ᠎ᠠ ᠪᠠᠭᠰᠢ ᠲᠤᠭᠤᠷᠢᠭ ᠤᠨ ᠬᠠᠷᠢᠶᠠᠨ ᠳᠠᠬᠢ ᠲᠣᠮᠣ ᠬᠡᠯᠪᠡᠷᠢ ᠶᠢᠨ ᠠᠵᠤ ᠠᠬᠤᠶᠢᠯᠠᠯ ᠵᠡᠷᠭᠡ ᠳᠠᠭᠠᠳᠬᠠᠯ ᠳᠤ ᠣᠷᠣᠯᠴᠠᠭᠰᠠᠨ ᠪᠤᠰᠤᠳ ᠪᠠᠶᠢᠭᠤᠯᠭ᠎ᠠ ᠨᠢᠭᠡᠴᠡ ᠶᠢᠨ ᠭᠤᠷᠪᠠᠨ ᠵᠦᠢᠯ ᠤᠨ ᠨᠡᠶᠢᠭᠡᠮ ᠤᠨ ᠳᠠᠭᠠᠳᠬᠠᠯ ᠤᠨ  ᠪᠠᠶᠢᠭᠤᠯᠭ᠎ᠠ ᠨᠢᠭᠡᠴᠡ ᠠᠴᠠ ᠳᠣᠰᠢᠶᠠᠬᠤ ᠰᠦᠢᠳᠬᠡᠯ   ᠢ ᠬᠠᠭᠠᠰ ᠢᠶᠠᠷ ᠬᠠᠰᠤᠵᠤ ᠳᠠᠲᠠᠪᠤᠷᠢᠯᠠᠨ᠎ᠠ᠂ ᠬᠠᠰᠤᠵᠤ ᠲᠠᠲᠠᠪᠤᠷᠢᠯᠠᠬᠤ ᠬᠤᠭᠤᠴᠠᠭ᠎ᠠ ᠨᠢ 2 ᠳ᠋ᠣᠭᠠᠷ ᠰᠠᠷ᠎ᠠ ᠠᠴᠠ 4 ᠳ᠋ᠣᠭᠠᠷ ᠰᠠᠷ᠎ᠠ ᠪᠣᠯᠤᠨ᠎ᠠ᠃ ᠬᠤᠶᠢᠰᠢᠯᠠᠭᠤᠯᠬᠤ ᠭᠡᠳᠡᠭ ᠨᠢ ᠬᠢᠵᠢᠭ ᠤᠨ ᠪᠠᠶᠢᠳᠠᠯ ᠤᠨ ᠨᠥᠯᠥᠭᠡ ᠠᠴᠠ ᠪᠤᠯᠵᠤ᠂  ᠦᠢᠯᠡᠳᠪᠦᠷᠢᠯᠡᠯ ᠡᠵᠡᠩᠨᠡᠯᠲᠡ  ᠳᠤ ᠬᠦᠨᠳᠦ ᠨᠣᠴᠢᠲᠠᠶ ᠬᠦᠴᠢᠷᠳᠡᠯ ᠳᠣᠯᠭᠠᠷᠠᠭᠰᠠᠨ ᠠᠵᠤ ᠠᠬᠤᠶᠢᠯᠠᠯ  ᠬᠤᠶᠢᠰᠢᠯᠠᠭᠤᠯᠤᠨ ᠳᠣᠰᠢᠶᠠᠬᠤ ᠪᠠᠷ  ᠭᠤᠶᠤᠴᠢᠯᠠᠵᠤ ᠪᠣᠯᠤᠨ᠎ᠠ᠂ ᠬᠤᠶᠢᠰᠢᠯᠠᠭᠤᠯᠤᠨ ᠲᠤᠰᠢᠶᠠᠬᠤ ᠬᠤᠭᠤᠴᠠᠭ᠎ᠠ ᠶᠢ ᠵᠠᠷᠴᠢᠮ ᠳᠡᠭᠡᠷ᠎ᠡ ᠪᠠᠨ 6 ᠰᠠᠷ᠎ᠠ ᠠᠴᠠ  ᠬᠡᠳᠦᠷᠡᠭᠦᠯᠵᠦ ᠪᠣᠯᠬᠤ ᠦᠭᠡᠢ᠂ ᠬᠤᠶᠢᠰᠢᠯᠠᠭᠤᠯᠤᠨ ᠲᠤᠰᠢᠶᠠᠬᠤ ᠬᠤᠭᠤᠴᠠᠭᠠᠨ ᠳᠤ  ᠬᠤᠭᠤᠴᠠᠭ᠎ᠠ  ᠰᠠᠭᠠᠳᠠᠭᠠᠭᠰᠠᠨ ᠲᠣᠷᠭᠠᠭᠤᠯᠢ ᠶᠢᠨ ᠮᠥᠩᠭᠦ ᠬᠤᠷᠢᠶᠠᠬᠤ ᠦᠭᠡᠢ᠃       ᠬᠥᠲᠥᠯᠥᠭᠴᠢ᠄ ᠲᠡᠭᠡᠪᠡᠯ ᠬᠢᠶ᠎ᠠ ᠪᠠᠭᠰᠢ ᠲᠤᠭᠤᠷᠢᠭ ᠤᠨ ᠬᠠᠷᠢᠶᠠᠨ ᠳᠠᠬᠢ  ᠠᠵᠤ ᠠᠬᠤᠶᠢᠯᠠᠯ    ᠢ ᠬᠡᠷᠬᠢᠨ ᠲᠥᠷᠥᠯ ᠵᠦᠢᠯ  ᠢᠯᠭᠠᠨ  ᠳᠣᠭᠳᠠᠭᠠᠬᠤ ᠪᠣᠶ︖       ᠰᠢᠶᠠ ᠬᠤᠸᠠᠨ  ᠄ 1᠂ ᠲᠣᠮᠣ ᠬᠡᠯᠪᠡᠷᠢ ᠶᠢᠨ ᠠᠵᠤ ᠠᠬᠤᠶᠢᠯᠠᠯ ᠪᠣᠯᠤᠨ ᠳᠤᠮᠳᠠ ᠵᠢᠵᠢᠭ ᠪᠢᠴᠢᠯ ᠬᠡᠯᠪᠡᠷᠢ ᠶᠢᠨ ᠠᠵᠤ ᠠᠬᠤᠶᠢᠯᠠᠯ ᠤᠨ ᠲᠥᠷᠥᠯ ᠵᠦᠢᠯ ᠢ ᠪᠣᠯ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠳᠠᠭᠠᠳᠬᠠᠯ ᠤᠨ ᠦᠢᠯᠡᠰ ᠤᠨ ᠬᠠᠮᠢᠶᠠᠷᠤᠯᠲᠠ ᠶᠢᠨ ᠲᠣᠪᠴᠢᠶ᠎ᠠ  ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ  ᠲᠤᠪᠴᠢᠶᠠᠨ ᠤ ︽ᠳᠤᠮᠳᠠ ᠵᠢᠵᠢᠭ ᠬᠡᠯᠪᠡᠷᠢ ᠶᠢᠨ ᠠᠵᠤ ᠠᠬᠤᠶᠢᠯᠠᠯ  ᠤᠨ ᠲᠥᠷᠥᠯ ᠵᠦᠢᠯ ᠬᠤᠪᠢᠶᠠᠷᠢᠯᠠᠬᠤ ᠪᠠᠷᠢᠮᠵᠢᠶ᠎ᠠ ᠶᠢᠨ ᠲᠣᠭᠲᠠᠭᠠᠯ   ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠠᠵᠤ ᠦᠢᠯᠡᠳᠪᠦᠷᠢᠯᠡᠯ ᠮᠡᠳᠡᠭᠡ ᠵᠠᠩᠬᠢᠴᠢᠯᠠᠯᠳᠠ ᠶᠢᠨ ᠶᠠᠮᠤᠨ   ᠤ ᠬᠤᠯᠪᠣᠭᠠᠲᠤ ᠠᠵᠤ ᠠᠬᠤᠶᠢᠯᠠᠯ ﹇2011﹈ 300 ᠳ᠋ᠤᠭᠠᠷ ᠲᠣᠭᠠᠲᠤ︶᠂ ︽ᠲᠤᠭ᠎ᠠ ᠪᠦᠷᠢᠳᠬᠡᠯ ᠤᠨ ᠲᠠᠯ᠎ᠠ ᠪᠠᠷ ᠬᠢ ᠲᠣᠮᠣ ᠳᠤᠮᠳᠠ ᠵᠢᠵᠢᠭ ᠪᠢᠴᠢᠯ ᠬᠡᠯᠪᠡᠷᠢ ᠶᠢᠨ ᠠᠵᠤ ᠠᠬᠤᠶᠢᠯᠠᠯ  ᠤᠨ ᠲᠥᠷᠥᠯ ᠵᠦᠢᠯ ᠢ ᠬᠤᠪᠢᠶᠠᠷᠢᠯᠠᠬᠤ ᠠᠷᠭ᠎ᠠ ︵2017︶ ᠶᠢ ᠳᠠᠷᠤᠮᠠᠯᠯᠠᠨ ᠶᠠᠪᠤᠭᠤᠯᠬᠤ ᠲᠤᠬᠠᠶ ᠤᠯᠤᠰ  ᠤᠨ ᠲᠤᠭ᠎ᠠ ᠪᠦᠷᠢᠳᠬᠡᠯ ᠤᠨ  ᠳᠣᠪᠴᠢᠶᠠᠨ ᠤ ᠮᠡᠳᠡᠭᠳᠡᠯ︾ ︵ᠤᠯᠤᠰ ᠪᠦᠷᠢᠳᠬᠡᠯ ᠦᠰᠦᠭ ﹇2017﹈ 213 ᠳ᠋ᠤᠭᠠᠷ ᠲᠣᠭᠠᠲᠤ︶ ᠤᠨ ᠶᠣᠰᠣᠭᠠᠷ ᠲᠣᠭᠲᠠᠭᠠᠭᠰᠠᠨ ᠨᠡᠷᠡᠰ ᠢ ᠦᠨᠳᠦᠰᠦᠯᠡᠨ ᠬᠤᠪᠢᠶᠠᠷᠢᠯᠠᠭᠰᠠᠨ ᠪᠥᠭᠡᠳ ᠲᠤᠬᠠᠶᠢᠯᠠᠭᠰᠠᠨ ᠠᠵᠢᠯ ᠤᠨ ᠮᠡᠳᠡᠭᠡ ᠵᠠᠩᠭᠢ ᠶᠢᠨ ᠰᠢᠰᠲ᠋ᠧᠮ ᠳᠤ ᠠᠵᠤ ᠠᠬᠤᠶᠢᠯᠠᠯ ᠤᠨ ᠲᠥᠷᠥᠯ  ᠵᠦᠢᠯ ᠢ ᠢᠯᠭᠠᠬᠤ ᠴᠢᠳᠠᠮᠵᠢ ᠶᠢ ᠨᠡᠮᠡᠭᠳᠡᠭᠦᠯᠵᠦ᠂ ᠭᠤᠶᠤᠴᠢᠯᠠᠨ ᠮᠡᠳᠡᠭᠦᠯᠬᠦ ᠪᠠ ᠬᠢᠨᠠᠨ ᠲᠣᠭᠲᠠᠭᠠᠬᠤ ᠳᠤ ᠳᠥᠭᠦᠮ  ᠦᠵᠡᠭᠦᠯᠪᠠ᠃ 2᠂ ᠠᠵᠤ ᠠᠬᠤᠶᠢᠯᠠᠯ ᠤᠨ ᠲᠥᠷᠥᠯ ᠵᠦᠢᠯ ᠬᠤᠪᠢᠶᠠᠨ  ᠪᠥᠷᠢᠳᠬᠡᠭᠰᠡᠨ ᠬᠡᠪᠴᠢᠶᠡᠨ ᠳᠤ ᠪᠠᠶᠢᠬᠤ ᠥᠬᠡᠶ ᠳᠠᠭᠠᠳᠬᠠᠯ ᠳᠤ ᠣᠷᠣᠯᠴᠠᠭᠰᠠᠨ ᠠᠵᠤ ᠠᠬᠤᠶᠢᠯᠠᠯ᠂ ᠡᠰᠡᠬᠦᠯ᠎ᠡ ᠳᠠᠭᠠᠳᠬᠠᠯ ᠳᠤ ᠣᠷᠣᠯᠴᠠᠭᠰᠠᠨ ᠠᠵᠤ ᠠᠬᠤᠶᠢᠯᠠᠯ ᠲᠥᠷᠥᠯ ᠵᠦᠢᠯ ᠤᠨ ᠬᠤᠪᠢᠶᠠᠷᠢᠯᠠᠭᠰᠠᠨ  ᠦᠷ᠎ᠡ ᠳ᠋ᠦᠩ ᠳᠤ ᠣᠨᠳᠣᠤ ᠰᠠᠨᠠᠯ ᠲᠠᠢ ᠪᠣᠯ᠂ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠬᠡᠮ ᠲᠠᠢ ᠳᠠᠭᠠᠳᠬᠠᠯ ᠳᠤ ᠣᠷᠣᠯᠴᠠᠭᠰᠠᠨ ᠠᠵᠤ ᠠᠬᠤᠶᠢᠯᠠᠯ  ᠮᠠᠨ ᠤ ᠪᠠᠶᠢᠭᠤᠯᠭ᠎ᠠ ᠶᠢᠨ ᠲᠤᠬᠠᠶᠢᠯᠠᠭᠰᠠᠨ  ᠠᠵᠢᠯ ᠤᠨ  ᠴᠤᠩᠬᠤᠪᠴᠢ ᠳᠤ ᠬᠦᠷᠴᠦ 2019 ᠣᠨ ᠤ ᠲᠣᠰ ᠪᠠᠶᠢᠭᠤᠯᠭ᠎ᠠ ᠨᠢᠭᠡᠴᠡ ᠶᠢᠨ  ᠬᠠᠷᠢᠶᠠᠯᠠᠭᠳᠠᠬᠤ ᠠᠵᠢᠯ ᠲᠥᠷᠥᠯ᠂ ᠡᠵᠡᠩᠨᠡᠯᠲᠡ ᠶᠢᠨ ᠣᠷᠣᠯᠭ᠎ᠠ᠂ ᠡᠳ᠋ ᠬᠥᠷᠥᠩᠭᠡ ᠶᠢᠨ ᠶᠡᠷᠦᠩᠬᠡᠶ ᠲᠤᠭ᠎ᠠ ᠪᠠ 2019 ᠣᠨ ᠤ 12 ᠳ᠋ᠤᠭᠠᠷ ᠰᠠᠷ᠎ᠠ ᠳᠤ ᠪᠣᠳᠠᠲᠠᠶ ᠠᠵᠢᠯᠯᠠᠭᠰᠠᠨ ᠬᠥᠮᠦᠨ ᠤ ᠲᠤᠭ᠎ᠠ ᠶᠢ ᠲᠤᠰᠢᠶᠠᠵᠤ᠂ ᠲᠤᠬᠠᠶᠢᠯᠠᠭᠰᠠᠨ ᠠᠵᠢᠯ ᠤᠨ ᠠᠵᠢᠯᠲᠠᠨ  ᠬᠢᠨᠠᠨ ᠬᠠᠷᠭᠤᠭᠤᠯᠤᠭᠰᠠᠨ ᠤ ᠳᠠᠷᠠᠭ᠎ᠠ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠨᠤᠲᠠᠯᠠᠭᠤᠯᠬᠤ ᠶᠢᠨ ᠬᠠᠮᠲᠤ᠂ ᠰᠢᠨ᠎ᠡ ᠪᠠᠷ ᠬᠤᠪᠢᠶᠠᠷᠢᠯᠠᠨ ᠲᠣᠭᠲᠠᠭᠠᠭᠰᠠᠨ ᠠᠵᠤ ᠠᠬᠤᠶᠢᠯᠠᠯ ᠤᠨ ᠲᠥᠷᠥᠯ ᠵᠦᠢᠯ   ᠤᠨ ᠨᠡᠷᠡᠰ ᠢ ᠴᠠᠭ ᠲᠤᠬᠠᠶ ᠳᠤᠨᠢ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ  ᠳᠤ ᠬᠠᠷᠢᠭᠤ ᠳᠣᠰᠬᠠᠵᠤ᠂ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ  ᠠᠴᠠ ᠨᠢᠭᠡᠳᠦᠯᠳᠠᠢ ᠪᠠᠷ ᠲᠤᠬᠠᠶᠢᠯᠠᠭᠰᠠᠨ ᠠᠵᠢᠯ ᠤᠨ ᠮᠡᠳᠡᠭᠡ ᠵᠠᠩᠭᠢ ᠶᠢᠨ ᠰᠢᠰᠲ᠋ᠧᠮ ᠳᠤ  ᠠᠵᠤ ᠠᠬᠤᠶᠢᠯᠠᠯ ᠤᠨ ᠲᠥᠷᠥᠯ  ᠵᠦᠢᠯ   ᠢ ᠢᠯᠭᠠᠨ᠎ᠠ  ᠃       ᠬᠥᠲᠥᠯᠥᠭᠴᠢ᠄ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠨᠡᠶᠢᠬᠡᠮ ᠤᠨ ᠳᠠᠭᠠᠳᠬᠠᠯ ᠤᠨ  ᠰᠦᠢᠳᠬᠡᠯ ᠢ ᠱᠠᠳᠤᠴᠢᠯᠠᠭᠰᠠᠨ ᠴᠢᠨᠠᠷᠲᠠᠶ ᠬᠠᠰᠤᠵᠤ ᠬᠡᠯᠲᠦᠷᠢᠭᠦᠯᠬᠦ ᠲᠥᠷᠥ ᠶᠢᠨ  ᠪᠤᠳᠤᠯᠭ᠎ᠠ ᠶᠢ ᠨᠠᠶᠢᠳᠠᠪᠤᠷᠢᠵᠢᠭᠤᠯᠬᠤ ᠳᠤ ᠶᠠᠮᠠᠷ ᠶᠠᠮᠠᠷ ᠪᠣᠳᠠᠲᠠᠶ ᠠᠷᠭ᠎ᠠ ᠬᠡᠮᠵᠢᠶ᠎ᠡ ᠠᠪᠤᠭᠰᠠᠨ ᠪᠣᠶ︖       ᠰᠢᠶᠠ ᠬᠤᠸᠠᠨ᠄ ᠮᠠᠨ ᠤ ᠲᠣᠪᠴᠢᠶ᠎ᠠ ︽ᠨᠡᠶᠢᠭᠡᠮ ᠤᠨ ᠪᠠᠲᠤᠯᠠᠭ᠎ᠠ ᠶᠢᠨ ᠲᠤᠰᠬᠠᠶ ᠲᠤᠰᠢᠶᠠᠯᠲᠠᠨ  ᠨᠢᠭᠡ ᠳᠤ ᠨᠢᠭᠡ ᠬᠠᠨᠳᠤᠭᠤᠯᠬᠤ︾ ᠰᠢᠨ᠎ᠡ ᠶᠢ ᠡᠭᠦᠳᠬᠦ ᠠᠵᠢᠯᠯᠠᠭ᠎ᠠ ᠥᠷᠨᠢᠭᠦᠯᠵᠦ᠂ ᠠᠵᠢᠯᠲᠠᠨ ︽ᠠᠵᠢᠯ ᠢᠶᠠᠨ ᠰᠡᠷᠭᠦᠭᠡᠬᠦ ᠲᠤᠰᠬᠠᠶ ᠲᠤᠰᠢᠶᠠᠯᠲᠠᠨ ︾ ᠤ ᠰᠢᠨ᠎ᠡ ᠠᠵᠢᠯ ᠤᠨ ᠪᠠᠶᠢᠷᠢ ᠳᠤ ᠭᠠᠷᠴᠤ᠂ ᠠᠵᠤ ᠠᠬᠤᠶᠢᠯᠠᠯ ᠳᠤ ᠲᠥᠷᠥ ᠶᠢᠨ  ᠪᠣᠳᠣᠯᠭ᠎ᠠ ᠶᠢᠨ ︽ᠪᠡᠯᠡᠭ︾ ᠬᠦᠷᠭᠡᠵᠦ᠂ ᠨᠡᠶᠢᠬᠡᠮ ᠤᠨ ᠳᠠᠭᠠᠳᠬᠠᠯ ᠤᠨ ᠰᠦᠢᠳᠬᠡᠯ ᠢ ᠱᠠᠳᠤᠴᠢᠯᠠᠭᠰᠠᠨ ᠴᠢᠨᠠᠷᠲᠠᠶ ᠬᠠᠰᠤᠵᠤ ᠭᠡᠯᠳᠦᠷᠢᠭᠦᠯᠬᠦ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠭᠳᠠᠬᠤ ᠶᠢ ᠦᠨᠡᠨ ᠬᠦ ᠪᠠᠲᠤᠯᠠᠵᠤ᠂ ᠠᠵᠤ ᠠᠬᠤᠶᠢᠯᠠᠯ ᠢ  ᠬᠠᠪᠰᠤᠷᠤᠨ  ᠭᠦᠴᠢᠷ ᠠᠰᠠᠭᠤᠳᠠᠯ   ᠢ  ᠰᠢᠢᠳᠪᠦᠷᠢᠯᠡᠵᠦ᠂  ᠭᠦᠴᠢᠷ  ᠪᠡᠷᠬᠡᠰᠢᠶᠠᠯ ᠢ ᠲᠤᠭᠤᠯᠤᠨ᠎ᠠ᠃ ᠡᠮᠦᠨᠡᠬᠢ ᠬᠤᠭᠤᠴᠠᠭᠠᠨ ᠤ ᠪᠥᠬᠦ ᠲᠠᠯ᠎ᠠ ᠪᠠᠷ ᠪᠠᠶᠢᠳᠠᠯ ᠢ ᠣᠶᠢᠯᠠᠭᠠᠵᠤ᠂ ᠨᠠᠷᠢᠯᠢᠭ  ᠤᠨᠣᠪᠴᠢᠳᠠᠢ ᠪᠠᠷ  ᠪᠠᠶᠢᠴᠠᠭᠠᠨ ᠰᠤᠳᠤᠯᠬᠤ ᠪᠠᠷ ᠳᠡᠮᠵᠢᠨ᠂ ᠪᠥᠬᠦ  ᠲᠣᠭᠤᠷᠢᠭ ᠤᠨ ᠳᠠᠭᠠᠳᠬᠠᠯ ᠳᠤ ᠣᠷᠣᠯᠴᠠᠭᠰᠠᠨ ᠠᠵᠤ ᠠᠬᠤᠶᠢᠯᠠᠯ ᠤᠨ ᠪᠠᠶᠢᠳᠠᠯ ᠢ ᠭᠦᠢᠴᠡᠳ ᠤᠶᠢᠯᠠᠭᠠᠬᠤ ᠶᠢᠨ ᠬᠠᠮᠳᠣ ᠠᠵᠤ ᠠᠬᠤᠶᠢᠯᠠᠯ ᠢ ᠬᠥᠮᠦᠨ ᠪᠦᠷᠢ ᠳᠤ ᠳᠠᠭᠠᠭᠠᠴᠢᠯᠠᠭᠤᠯᠵᠤ᠂ ᠳᠠᠭᠠᠳᠬᠠᠯ ᠳᠤ ᠣᠷᠣᠯᠴᠠᠭᠰᠠᠨ ᠪᠠᠶᠢᠭᠤᠯᠭ᠎ᠠ ᠨᠢᠭᠡᠴᠡ ᠳᠤ ᠨᠡᠶᠢᠭᠡᠮ ᠤᠨ ᠪᠠᠲᠤᠯᠠᠭ᠎ᠠ ᠶᠢᠨ ᠲᠤᠰᠬᠠᠶ ᠲᠤᠰᠢᠶᠠᠯᠲᠠᠨ ᠳᠣᠭᠢᠷᠠᠭᠤᠯᠤᠨ  ᠂ ᠪᠠᠶᠢᠭᠤᠯᠭ᠎ᠠ ᠨᠢᠭᠡᠴᠡ ᠨᠢᠭᠡᠪᠦᠷᠢ ᠳᠤ ᠲᠤᠰᠬᠠᠶ ᠬᠠᠷᠢᠶᠠᠯᠠᠭᠳᠠᠬᠤ ᠨᠡᠶᠢᠭᠡᠮ ᠤᠨ ᠪᠠᠲᠤᠯᠠᠭ᠎ᠠ ᠶᠢᠨ ᠲᠤᠰᠬᠠᠶ ᠲᠤᠰᠢᠶᠠᠯᠲᠠᠨ ᠨᠢᠭᠡ ᠳᠤ ᠨᠢᠭᠡ ᠬᠠᠨᠳᠤᠭᠤᠯᠤᠨ ᠬᠠᠷᠢᠭᠤᠴᠠᠨ᠎ᠠ᠃ ᠨᠡᠶᠢᠭᠡᠮ ᠤᠨ ᠪᠠᠲᠤᠯᠠᠭ᠎ᠠ ᠶᠢᠨ ᠲᠤᠰᠬᠠᠶ ᠲᠤᠰᠢᠶᠠᠯᠲᠠᠨ ᠨᠡᠶᠢᠭᠡᠮ ᠤᠨ ᠳᠠᠭᠠᠳᠬᠠᠯ ᠤᠨ  ᠰᠦᠢᠳᠬᠡᠯ ᠢ ︽ᠬᠠᠰᠤᠬᠤ᠂ ᠬᠡᠯᠲᠦᠷᠢᠭᠦᠯᠬᠦ᠂ ᠬᠤᠶᠢᠰᠢᠯᠠᠭᠤᠯᠬᠤ︾ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠣᠰᠣᠭᠠᠷ᠂ ᠲᠤᠬᠠᠶᠢᠯᠠᠭᠰᠠᠨ ᠠᠵᠢᠯ ᠤᠨ ᠮᠡᠳᠡᠭᠡ ᠵᠠᠩᠭᠢ ᠶᠢᠨ ᠳᠤᠭᠤᠶᠢᠯᠠᠩ᠂ ᠸᠢᠴᠠᠲ ᠤᠨ ᠨᠡᠶᠢᠲᠡ ᠶᠢᠨ ᠳ᠋ᠤᠭᠠᠷ ᠵᠡᠷᠭᠡ ᠮᠡᠳᠡᠭᠡ ᠵᠠᠩᠭᠢ ᠶᠢᠨ ᠵᠠᠭᠤᠴᠢ ᠪᠠᠷ ᠳᠠᠮᠵᠢᠭᠤᠯᠤᠨ᠂ ᠳᠠᠭᠠᠳᠬᠠᠯ ᠳᠤ ᠣᠷᠣᠯᠴᠠᠭᠰᠠᠨ ᠠᠵᠤ  ᠠᠬᠤᠶᠢᠯᠠᠯ ᠳᠤ ᠨᠡᠶᠢᠭᠡᠮ ᠤᠨ ᠳᠠᠭᠠᠳᠬᠠᠯ ᠤᠨ  ᠰᠦᠢᠳᠬᠡᠯ ᠢ ᠬᠠᠰᠤᠵᠤ ᠭᠡᠯᠳᠦᠷᠢᠭᠦᠯᠬᠦ ᠲᠥᠷᠥ ᠶᠢᠨ ᠪᠣᠳᠣᠯᠭ᠎ᠠ ᠶᠢ   ᠳᠠᠮᠵᠢᠭᠤᠯᠤᠨ᠎ᠠ᠃       ᠳᠠᠭᠠᠳᠬᠠᠯ ᠳᠤ ᠣᠷᠣᠯᠴᠠᠭᠰᠠᠨ ᠠᠵᠤ ᠠᠬᠤᠶᠢᠯᠠᠯ ᠪᠣᠯᠤᠨ ᠳᠠᠭᠠᠳᠬᠠᠯ ᠳᠤ ᠣᠷᠣᠯᠴᠠᠭᠰᠠᠨ ᠬᠥᠮᠦᠰ ᠵᠠᠰᠠᠭ  ᠤᠨ ᠶᠠᠪᠤᠳᠠᠯ ᠤᠨ  ᠦᠢᠯᠡᠴᠢᠯᠡᠭᠡᠨ ᠤ ᠲᠠᠪᠴᠠᠩ᠂ QQ  ᠴᠤᠭᠯᠠᠷᠠᠯ᠂ ᠡᠯᠧᠺᠲᠷᠣᠨ ᠰᠢᠤᠳᠠᠨ ᠬᠠᠶᠢᠷᠴᠠᠭ ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ᠠᠯᠤᠰ ᠠᠴᠠ ᠭᠦᠢᠴᠡᠳᠬᠡᠵᠦ᠂ ᠤᠲᠠᠰᠤ ᠪᠠᠷ ᠵᠢᠯᠣᠭᠤᠳᠴᠤ᠂  ᠸᠢᠳᠢᠤ᠋ ᠪᠠᠷ ᠮᠠᠳᠠᠭ  ᠢᠶᠠᠨ  ᠰᠢᠢᠳᠪᠦᠷᠢᠯᠡᠵᠦ ᠪᠣᠯᠤᠨ᠎ᠠ᠃ ᠡᠭᠦᠨ ᠤ ᠬᠠᠮᠲᠤ᠂ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠵᠢᠯ ᠤᠨ ᠵᠣᠬᠢᠴᠠᠭᠤᠯᠬᠤ ᠴᠢᠳᠠᠮᠵᠢ ᠶᠢ  ᠭᠦᠢᠴᠡᠳ ᠪᠠᠳᠠᠷᠠᠭᠤᠯᠵᠤ᠂ ᠭᠠᠶᠢᠯᠢ ᠶᠢᠨ ᠶᠠᠪᠤᠳᠠᠯ᠂ ᠡᠳ᠋ ᠤᠨ ᠵᠠᠰᠠᠭ ᠵᠡᠷᠭᠡ ᠰᠠᠯᠠᠭ᠎ᠠ ᠮᠥᠴᠢᠷ ᠯᠦᠭᠡ ᠶᠢᠨ  ᠵᠤᠬᠢᠴᠠᠭᠤᠯᠭ᠎ᠠ ᠪᠠᠨ ᠴᠢᠩᠭᠠᠳᠬᠠᠨ᠂ ᠳᠡᠭᠡᠳᠦ ᠳᠣᠤᠷᠠᠳᠤ ᠱᠠᠲᠤ ᠪᠠᠷ ᠢᠶᠠᠨ ᠬᠤᠯᠪᠣᠭᠠᠯᠠᠨ ᠬᠥᠳᠡᠯᠦᠯᠴᠡᠬᠦ ᠶᠢ ᠪᠡᠶᠡᠯᠡᠭᠦᠯᠵᠦ᠂ ᠬᠠᠰᠤᠵᠤ ᠭᠡᠯᠳᠦᠷᠢᠭᠦᠯᠬᠦ ᠲᠥᠷᠥ ᠶᠢᠨ ᠪᠣᠳᠣᠯᠭ᠎ᠠ ᠶᠢ ᠣᠨᠣᠪᠴᠢᠲᠠᠶ ᠪᠠᠷ ᠨᠠᠶᠢᠳᠠᠪᠤᠷᠢᠵᠢᠭᠤᠯᠪᠠ᠃ ᠪᠠᠶᠢᠭᠤᠯᠭ᠎ᠠ ᠨᠢᠭᠡᠴᠡ ᠶᠢᠨ ᠲᠥᠷᠥᠯ ᠵᠦᠢᠯ ᠤᠨ ᠬᠤᠪᠢᠶᠠᠷᠢᠯᠠᠯ ᠪᠠ ᠬᠠᠰᠤᠵᠤ ᠬᠡᠯᠲᠦᠷᠢᠭᠦᠯᠦᠭᠰᠡᠨ ᠵᠣᠭᠤᠰ ᠤᠨ ᠲᠤᠭ᠎ᠠ ᠳᠤ  ᠮᠠᠳᠠᠭ ᠲᠠᠢ ᠠᠵᠤ ᠠᠬᠤᠶᠢᠯᠠᠯ ᠂ ᠨᠡᠶᠢᠭᠡᠮ ᠤᠨ ᠪᠠᠲᠤᠯᠠᠭ᠎ᠠ ᠶᠢᠨ ᠲᠤᠰᠬᠠᠶ ᠲᠤᠰᠢᠶᠠᠯᠲᠠᠨ  ᠴᠠᠭ ᠲᠤᠬᠠᠶ ᠳᠤᠨᠢ ᠲᠤᠭ᠎ᠠ ᠪᠠᠷᠢᠮᠲᠠ ᠶᠢ ᠰᠦᠯᠵᠢᠶ᠎ᠡ ᠢᠶᠠᠷ ᠳᠠᠮᠵᠢᠭᠤᠯᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠪᠠᠲᠤᠯᠠᠭ᠎ᠠ ᠶᠢᠨ ᠮᠡᠳᠡᠭᠡ ᠵᠠᠩᠭᠢ ᠶᠢᠨ ᠰᠢᠰᠲ᠋ᠧᠮ ᠳᠤ ᠬᠤᠪᠢᠶᠠᠨ ᠬᠦᠷᠲᠡᠭᠡᠬᠦ ᠶᠢᠨ ᠬᠠᠮᠲᠤ᠂ ᠠᠵᠤ ᠠᠬᠤᠶᠢᠯᠠᠯ  ᠳᠤ ᠬᠡᠷᠬᠢᠨ ᠭᠤᠶᠤᠴᠢᠯᠠᠨ ᠮᠡᠳᠡᠭᠦᠯᠬᠦ᠂ ᠬᠡᠷᠬᠢᠨ  ᠰᠦᠢᠳᠬᠡᠯ ᠲᠤᠰᠢᠶᠠᠬᠤ   ᠶᠢ ᠵᠢᠭᠠᠨ ᠥᠭᠴᠦ᠂ ᠠᠵᠤ ᠠᠬᠤᠶᠢᠯᠠᠯ   ᠳᠤ ᠨᠠᠷᠢᠯᠢᠭ ᠤᠨᠤᠪᠴᠢᠳᠠᠢ ᠪᠥᠬᠦ ᠲᠠᠯ᠎ᠠ ᠶᠢᠨ  ᠦᠢᠯᠡᠴᠢᠯᠡᠭᠡ  ᠬᠠᠩᠭᠠᠨ᠎ᠠ᠃       ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ ᠣᠯᠠᠨ᠂ ᠪᠠᠶᠢᠳᠠᠯ ᠨᠡᠯᠢᠶᠡᠳ ᠪᠤᠳᠤᠯᠢᠶᠠᠨᠲᠠᠶ ᠵᠠᠷᠢᠮ ᠠᠵᠤ ᠠᠬᠤᠶᠢᠯᠠᠯ ᠳᠤ ᠴᠢᠭᠯᠡᠭᠦᠯᠦᠨ ᠨᠡᠶᠢᠭᠡᠮ ᠤᠨ ᠪᠠᠲᠤᠯᠠᠭ᠎ᠠ ᠶᠢᠨ ᠲᠤᠰᠬᠠᠶ ᠲᠤᠰᠢᠶᠠᠯᠲᠠᠨ  ᠠᠶᠢᠯᠴᠢᠯᠠᠵᠤ ᠦᠢᠯᠡᠴᠢᠯᠡᠵᠦ᠂ ᠮᠠᠳᠠᠭ ᠲᠠᠢ ᠠᠰᠠᠭᠤᠳᠠᠯ ᠢ ᠰᠢᠢᠳᠪᠦᠷᠢᠯᠡᠨ᠂ ᠠᠵᠤ ᠠᠬᠤᠶᠢᠯᠠᠯ ᠨᠢᠭᠡᠪᠦᠷᠢ ᠳᠤ ︽ ᠲᠤᠰ ᠪᠡᠶ᠎ᠡ   ᠳᠤᠨᠢ ᠲᠤᠬᠢᠷᠠᠭᠤᠯᠤᠭᠰᠠᠨ︾  ᠰᠢᠢᠳᠪᠦᠷᠢᠯᠡᠭᠦ ᠠᠷᠭ᠎ᠠ ᠬᠡᠮᠵᠢᠶ᠎ᠡ ᠪᠠ  ᠰᠢᠢᠳᠪᠦᠷᠢᠯᠡᠭᠦ ᠲᠥᠰᠦᠯ ᠢ ᠥᠭᠬᠦ ᠶᠢᠨ ᠬᠠᠮᠲᠤ᠂ ᠠᠵᠤ ᠠᠬᠤᠶᠢᠯᠠᠯ ᠤᠨ  ᠳᠣᠷᠠᠳᠤᠭᠰᠠᠨ ᠠᠰᠠᠭᠤᠳᠠᠯ ᠢ ᠦᠨᠳᠦᠰᠦᠯᠡᠨ᠂ ᠠᠰᠠᠭᠤᠳᠠᠯ ᠤᠨ ᠡᠬᠡ ᠲᠠᠩᠰᠠ ᠶᠢ ᠲᠥᠷᠥᠯ ᠬᠤᠪᠢᠶᠠᠨ ᠪᠠᠶᠢᠭᠤᠯᠵᠤ᠂  ᠨᠢᠭᠡ ᠨᠢᠭᠡ ᠪᠠᠷ ᠳᠠᠷᠠᠭᠠᠯᠠᠨ  ᠳ᠋ᠣᠭᠠᠷ ᠬᠠᠰᠦᠨ᠂ ᠪᠦᠭᠦ ᠠᠵᠤ ᠠᠬᠤᠶᠢᠯᠠᠯ  ᠲᠥᠷᠥ ᠶᠢᠨ ᠪᠣᠳᠣᠯᠭ᠎ᠠ ᠶᠢᠨ ︽ᠪᠡᠯᠡᠭ︾   ᠢ   ᠡᠳᠡᠯᠡᠭᠦ ᠶᠢ ᠦᠨᠡᠨᠬᠦ ᠪᠠᠲᠤᠯᠠᠨ᠎ᠠ᠃       ᠬᠥᠲᠥᠯᠥᠭᠴᠢ᠄ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠱᠠᠳᠤᠴᠢᠯᠠᠭᠰᠠᠨ ᠴᠢᠨᠠᠷᠲᠠᠶ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ  ᠳᠤ  ᠨᠠᠰᠤᠵᠢᠯ ᠤᠨ ᠳᠠᠭᠠᠳᠬᠠᠯ᠂  ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠬᠠᠷᠠᠭᠠᠯᠵᠠᠯ  ᠭᠦᠷᠳᠡᠭᠰᠡᠨ ᠬᠥᠮᠦᠰ ᠲᠤ ᠨᠥᠯᠥᠭᠡ   ᠪᠠᠶᠢᠨ᠎ᠠ ᠤᠤ︖       ᠰᠢᠶᠠ ᠬᠤᠸᠠᠨ᠄ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠱᠠᠳᠤᠴᠢᠯᠠᠭᠰᠠᠨ ᠴᠢᠨᠠᠷᠲᠠᠶ ᠬᠠᠰᠤᠵᠤ ᠬᠡᠯᠲᠦᠷᠢᠭᠦᠯᠬᠦ ᠬᠤᠭᠤᠴᠠᠭᠠᠨ ᠳᠤ᠂ ᠪᠢᠳᠡ ᠳᠠᠭᠠᠳᠬᠠᠯ ᠳᠤ ᠣᠷᠣᠯᠴᠠᠭᠰᠠᠳ ᠤᠨ ᠬᠠᠤᠯᠢ ᠶᠣᠰᠣᠭᠠᠷ ᠡᠳ᠋ᠯᠡᠬᠦ ᠡᠯ᠎ᠡ ᠵᠦᠢᠯ ᠤᠨ ᠨᠡᠶᠢᠬᠡᠮ ᠤᠨ ᠳᠠᠭᠠᠳᠬᠠᠯ ᠤᠨ ᠬᠠᠷᠠᠭᠠᠯᠵᠠᠯ ᠢ ᠬᠡᠪ ᠤᠨ ᠶᠣᠰᠣᠭᠠᠷ᠂ ᠲᠤᠭ᠎ᠠ ᠶᠣᠰᠣᠭᠠᠷ ᠤᠯᠭᠤᠯᠤᠨ᠎ᠠ᠂ ᠨᠡᠶᠢᠭᠡᠮ ᠤᠨ ᠳᠠᠭᠠᠳᠬᠠᠯ ᠤᠨ  ᠰᠦᠢᠳᠬᠡᠯ ᠢ ᠬᠠᠰᠤᠵᠤ ᠭᠡᠯᠳᠦᠷᠢᠭᠦᠯᠦᠭᠰᠡᠨ ᠠᠴᠠ ᠪᠣᠯᠵᠣ ᠨᠡᠶᠢᠭᠡᠮ ᠤᠨ ᠳᠠᠭᠠᠳᠬᠠᠯ ᠤᠨ ᠬᠡᠪ ᠤᠨ ᠬᠠᠷᠠᠭᠠᠯᠵᠠᠯ ᠢ ᠬᠤᠶᠢᠰᠢᠯᠠᠭᠤᠯᠬᠤ ᠪᠤᠶᠤ ᠪᠠᠭᠠᠰᠬᠠᠬᠤ ᠥᠬᠡᠶ᠂ ᠠᠵᠢᠯᠲᠠᠨ ᠠᠵᠢᠯᠴᠢᠨ ᠤ ᠬᠤᠪᠢ ᠬᠥᠮᠦᠨ ᠤ ᠡᠷᠬᠡ ᠠᠰᠢᠭ ᠨᠥᠯᠥᠭᠡᠯᠡᠭᠳᠡᠬᠦ ᠥᠬᠡᠶ᠃       ᠬᠥᠲᠥᠯᠥᠭᠴᠢ᠄ ᠲᠣᠰ ᠤᠳᠠᠭᠠᠨ ᠤ ᠠᠵᠤ ᠠᠬᠤᠶᠢᠯᠠᠯ ᠤᠨ ᠨᠡᠶᠢᠭᠡᠮ ᠤᠨ  ᠳᠠᠭᠠᠳᠬᠠᠯ ᠤᠨ  ᠰᠦᠢᠳᠬᠡᠯ ᠢ ᠱᠠᠳᠤᠴᠢᠯᠠᠭᠰᠠᠨ ᠴᠢᠨᠠᠷᠲᠠᠶ ᠬᠠᠰᠤᠵᠤ ᠭᠡᠯᠳᠦᠷᠢᠭᠦᠯᠬᠦ ᠲᠥᠷᠥ ᠶᠢᠨ ᠪᠣᠳᠣᠯᠭ᠎ᠠ ᠶᠢ ᠨᠡᠶᠢᠲᠡᠯᠡᠬᠦ ᠠᠴᠠ ᠡᠮᠦᠨ᠎ᠡ᠂  ᠪᠢᠳᠠ ᠠᠵᠢᠯ  ᠠᠯᠳᠠᠭᠰᠠᠳ ᠤᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠦᠢᠳᠬᠡᠯ   ᠤᠨ ᠨᠣᠷᠮ᠎ᠠ ᠶᠢ ᠱᠠᠳᠤᠴᠢᠯᠠᠭᠰᠠᠨ ᠴᠢᠨᠠᠷᠲᠠᠶ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠭᠡᠷ ᠢᠷᠡᠵᠡᠶ᠂ ᠡᠨᠡ ᠤᠳᠠᠭᠠᠨ ᠤ ᠱᠠᠳᠤᠴᠢᠯᠠᠭᠰᠠᠨ ᠴᠢᠨᠠᠷᠲᠠᠶ ᠬᠠᠰᠤᠵᠤ ᠭᠡᠯᠳᠦᠷᠢᠭᠦᠯᠬᠦ ᠲᠥᠷᠥ ᠶᠢᠨ ᠪᠣᠳᠣᠯᠭ᠎ᠠ ᠶᠢ ᠨᠡᠶᠢᠲᠡᠯᠡᠭᠰᠡᠨ ᠤ ᠳᠠᠷᠠᠭ᠎ᠠ᠂ ᠰᠦᠢᠳᠬᠡᠯ   ᠤᠨ ᠨᠣᠷᠮ᠎ᠠ ᠶᠢ ᠱᠠᠳᠤᠴᠢᠯᠠᠭᠰᠠᠨ ᠴᠢᠨᠠᠷᠲᠠᠶ ᠪᠠᠭᠤᠷᠠᠭᠤᠯᠬᠤ  ᠲᠥᠷᠥ ᠶᠢᠨ ᠪᠣᠳᠣᠯᠭ᠎ᠠ ᠶᠢᠨ ᠬᠤᠭᠤᠴᠠᠭ᠎ᠠ   ᠨᠢ ᠲᠤᠯᠪᠠᠯ ᠪᠠᠰᠠ ᠦᠷᠭᠦᠯᠵᠢᠯᠡᠨ ᠬᠡᠷᠡᠭᠵᠢᠭᠦᠯᠦᠨ᠎ᠡ  ᠤᠤ︖       ᠰᠢᠶᠠ ᠬᠤᠸᠠᠨ᠄  ᠦᠷᠭᠦᠯᠵᠢᠯᠡᠨ ᠬᠡᠷᠡᠭᠵᠢᠭᠦᠯᠦᠨ᠎ᠡ᠃ ᠡᠨᠡ‌ᠤᠳᠠᠭᠠᠨ ᠤ ᠠᠵᠤ ᠠᠬᠤᠶᠢᠯᠠᠯ ᠤᠨ ᠨᠡᠶᠢᠭᠡᠮ ᠤᠨ  ᠳᠠᠭᠠᠳᠬᠠᠯ ᠤᠨ  ᠰᠦᠢᠳᠬᠡᠯ ᠢ ᠱᠠᠳᠤᠴᠢᠯᠠᠭᠰᠠᠨ ᠴᠢᠨᠠᠷᠲᠠᠶ ᠬᠠᠰᠤᠵᠤ ᠭᠡᠯᠳᠦᠷᠢᠭᠦᠯᠬᠦ ᠲᠥᠷᠥ ᠶᠢᠨ ᠪᠣᠳᠣᠯᠭ᠎ᠠ ᠪᠣᠯ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ   ᠳᠤ ᠴᠢᠭᠯᠡᠭᠦᠯᠦᠭᠰᠡᠨ ᠣᠨᠴᠠᠭᠠᠶ ᠲᠥᠷᠥ ᠶᠢᠨ ᠪᠣᠳᠣᠯᠭ᠎ᠠ ᠮᠥᠨ᠂ ᠤᠯᠤᠰ ᠠᠴᠠ ᠨᠢᠭᠡᠨᠲᠡ ᠠᠵᠢᠯ  ᠠᠯᠳᠠᠭᠰᠠᠳ ᠤᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠦᠢᠳᠬᠡᠯ ᠤᠨ ᠨᠣᠷᠮ᠎ᠠ ᠶᠢ ᠱᠠᠳᠤᠴᠢᠯᠠᠭᠰᠠᠨ ᠴᠢᠨᠠᠷᠲᠠᠶ ᠪᠠᠷ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ 2021 ᠣᠨ ᠤ 4 ᠰᠠᠷ᠎ᠠ ᠶᠢᠨ 30 ᠤ ᠡᠳᠦᠷ ᠪᠣᠯᠲᠠᠯ᠎ᠠ  ᠬᠡᠷᠡᠭᠵᠢᠭᠦᠯᠦᠨ᠎ᠡ ᠭᠡᠵᠦ ᠲᠣᠳᠣᠷᠬᠠᠶ ᠲᠣᠭᠲᠠᠭᠠᠵᠠᠶ᠃       ᠬᠥᠲᠥᠯᠥᠭᠴᠢ᠄ ᠠᠵᠤ ᠠᠬᠤᠶᠢᠯᠠᠯ ᠤᠨ ᠨᠡᠶᠢᠭᠡᠮ ᠤᠨ  ᠳᠠᠭᠠᠳᠬᠠᠯ ᠤᠨ  ᠰᠦᠢᠳᠬᠡᠯ ᠢ ᠱᠠᠳᠤᠴᠢᠯᠠᠭᠰᠠᠨ ᠴᠢᠨᠠᠷᠲᠠᠶ ᠬᠠᠰᠤᠵᠤ ᠬᠡᠯᠳᠦᠷᠡᠭᠦᠯᠦᠭᠰᠡᠨ ᠨᠢ ᠠᠵᠤ ᠠᠬᠤᠶᠢᠯᠠᠯ ᠠᠵᠢᠯᠲᠠᠨ ᠳᠠᠭᠠᠨ ᠳᠠᠭᠢᠵᠤ ᠨᠡᠶᠢᠭᠡᠮ ᠤᠨ ᠪᠠᠲᠤᠯᠠᠭ᠎ᠠ  ᠶᠢᠨ ᠰᠦᠢᠳᠬᠡᠯ ᠲᠤᠰᠢᠶᠠᠬᠤ ᠬᠡᠷᠡᠭ ᠥᠬᠡᠶ ᠭᠡᠰᠡᠨ ᠦᠭᠡ  ᠮᠥᠨ ᠤᠤ︖       ᠰᠢᠶᠠ ᠬᠤᠸᠠᠨ᠄ ᠠᠵᠤ ᠠᠬᠤᠶᠢᠯᠠᠯ ᠤᠨ ᠨᠡᠶᠢᠭᠡᠮ ᠤᠨ  ᠳᠠᠭᠠᠳᠬᠠᠯ ᠤᠨ  ᠰᠦᠢᠳᠬᠡᠯ ᠢ ᠱᠠᠳᠤᠴᠢᠯᠠᠭᠰᠠᠨ ᠴᠢᠨᠠᠷᠲᠠᠶ ᠬᠠᠰᠤᠵᠤ ᠬᠡᠯᠳᠦᠷᠡᠭᠦᠯᠦᠭᠰᠡᠨ ᠨᠢ ᠵᠥᠪᠬᠡᠨ ᠠᠵᠤ ᠠᠬᠤᠶᠢᠯᠠᠯ ᠤᠨ ᠨᠠᠰᠤᠵᠢᠯ ᠤᠨ ᠳᠠᠭᠠᠳᠬᠠᠯ᠂ ᠠᠵᠢᠯ  ᠠᠯᠳᠠᠭᠰᠠᠳ ᠤᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠪᠠᠶᠢᠭᠤᠯᠭ᠎ᠠ ᠨᠢᠭᠡᠴᠡ ᠠᠴᠠ ᠲᠤᠰᠢᠶᠠᠬᠤ  ᠰᠦᠢᠳᠬᠡᠯ ᠢ ᠬᠠᠰᠤᠵᠤ ᠭᠡᠯᠳᠦᠷᠢᠭᠦᠯᠦᠭᠰᠡᠨ ᠲᠡᠳᠦᠶ ᠶᠤᠮ  ᠃ ᠠᠵᠢᠯᠲᠠᠨ ᠠᠵᠢᠯᠴᠢᠨ ᠤ ᠥᠪᠡᠷ ᠢᠶᠠᠨ ᠲᠤᠰᠢᠶᠠᠬᠤ  ᠰᠦᠢᠳᠬᠡᠯ   ᠨᠢ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠬᠦᠷᠲᠡᠬᠦ ᠦᠭᠡᠢ᠂ ᠪᠠᠰᠠ ᠤᠤᠯ ᠤᠨ ᠬᠢ ᠲᠠᠢ ᠪᠠᠨ ᠠᠳᠠᠯᠢ ᠪᠠᠷ ᠬᠡᠪ ᠤᠨ ᠶᠣᠰᠣᠭᠠᠷ ᠲᠤᠰᠢᠶᠠᠬᠤ ᠬᠡᠷᠡᠭᠲᠡᠶ᠃ ᠡᠶᠢᠮᠦ ᠠᠴᠠ᠂ ᠠᠵᠤ ᠠᠬᠤᠶᠢᠯᠠᠯ  ᠱᠠᠭᠠᠷᠳᠠᠯᠭ᠎ᠠ ᠶᠣᠰᠣᠭᠠᠷ ᠬᠤᠪᠢ ᠬᠥᠮᠦᠨ ᠤ ᠲᠤᠰᠢᠶᠠᠬᠤ  ᠰᠦᠢᠳᠬᠡᠯ  ᠢ ᠣᠷᠣᠯᠠᠨ ᠬᠠᠰᠣᠵᠣ ᠣᠷᠣᠯᠠᠨ ᠲᠤᠰᠢᠶᠠᠬᠤ ᠡᠭᠦᠷᠭᠡ ᠪᠠᠨ ᠦᠷᠭᠦᠯᠵᠢᠯᠡᠨ ᠰᠠᠶᠢᠲᠤᠷ  ᠭᠦᠢᠴᠡᠳᠬᠡᠭᠦ ᠬᠡᠷᠡᠭᠲᠡᠶ᠃
ᠢᠷᠡᠯᠲᠡ᠄ ᠲᠤᠰ ᠰᠦᠯᠵᠢᠶ᠎ᠡ