2020 ᠣᠨ ᠤ ᠵᠠᠰᠠᠭ ᠤᠨ ᠤᠷᠳᠤᠨ ᠤ ᠠᠵᠢᠯ ᠤᠨ ᠢᠯᠡᠳᠭᠡᠯ
ᠨᠡᠶᠢᠲᠡᠯᠡᠭᠰᠡᠨ ᠴᠠᠭ᠄
2020/5/9
ᠲᠤᠭᠤᠷᠢᠭ ᠤᠨ ᠠᠩᠬᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠪᠡᠳᠤᠭᠡᠷ ᠤᠳᠠᠭᠠᠨ ᠤ ᠬᠤᠷᠠᠯᠳᠤᠭᠠᠨ ᠤ ᠪᠢᠴᠢᠭ ᠮᠠᠲ᠋ᠧᠷᠢᠶᠠᠯ ︵ᠠᠷᠪᠠᠨ ᠲᠠᠪᠤ︶                   ᠵᠠᠰᠠᠭ ᠤᠨ ᠤᠷᠳᠤᠨ ᠤ ᠠᠵᠢᠯ ᠤᠨ ᠢᠯᠡᠳᠭᠡᠯ                            ︱2020 ᠣᠨ ᠤ 4 ᠰᠠᠷ᠎ᠠ ᠶᠢᠨ 29 ᠡᠳᠦᠷ ᠣᠷᠳᠣᠰ ᠬᠤᠲᠠ ᠶᠢᠨ                            ᠬᠢᠶ᠎ᠠ ᠪᠠᠭᠰᠢ ᠲᠣᠭᠤᠷᠢᠭ ᠤᠨ ᠠᠩᠬᠠᠳᠤᠭᠠᠷ‌ᠬᠤᠭᠤᠴᠠᠭᠠᠨ ᠤ ᠠᠷᠠᠳ ᠤᠨ                            ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠪᠡᠳᠤᠭᠡᠷ ᠤᠳᠠᠭᠠᠨ ᠤ                            ᠬᠤᠷᠠᠯᠳᠤᠭᠠᠨ ᠳᠡᠭᠡᠷ᠎ᠡ                            ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ                            ᠣᠷᠳᠣᠨ ᠤ ᠳᠠᠷᠤᠭ᠎ᠠ ᠯᠢ ᠳ᠋ᠦᠩᠲᠥᠯᠥᠭᠡᠯᠡᠭᠴᠢᠳ ᠡ᠄            ᠣᠳᠣ ᠪᠢ ᠬᠢᠶ᠎ᠠ ᠪᠠᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠶᠠᠷᠢᠯᠴᠠᠬᠤ ᠪᠤᠯᠪᠠᠤ᠂ ᠲᠡᠷᠡᠴᠢᠯᠡᠨ ᠳᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠬᠦᠨ ᠪᠣᠯᠤᠨ ᠪᠤᠰᠤᠳ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠤᠯᠪᠠᠤ᠃            ᠨᠢᠭᠡ᠂ 2019 ᠣᠨ ᠤ ᠠᠵᠢᠯ ᠤᠨ ᠡᠷᠭᠢᠴᠡᠭᠦᠯᠦᠯ            2019  ᠤᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠪᠣᠯᠤᠨ᠎ᠠ᠃ ᠨᠢᠭᠡ ᠵᠢᠯ ᠤᠨ ᠲᠤᠷᠰᠢ᠂ ᠪᠥᠬᠦ ᠳᠤᠭᠤᠷᠢᠭ  ᠢᠶᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠦᠷᠪᠡᠳᠤᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠴᠢᠨᠠᠷ ᠰᠠᠶᠢᠲᠠᠶ ᠬᠦᠭᠵᠢᠯᠳᠡ ᠶᠢᠨ ᠦᠨᠳᠦᠰᠦᠨ ᠱᠠᠭᠠᠷᠳᠠᠯᠭ᠎ᠠ ᠶᠢ ᠪᠠᠲᠤ ᠡᠵᠡᠮᠳᠡᠵᠦ᠂ ᠲᠥᠪ ᠬᠤᠷᠢᠶ᠎ᠠ᠂ ᠥᠪᠡᠷᠲᠡᠭᠡᠨ‌ᠵᠠᠰᠠᠬᠤ ᠣᠷᠣᠨ᠂ ᠬᠤᠲᠠ ᠪᠣᠯᠤᠨ ᠳᠤᠭᠤᠷᠢᠭ ᠤᠨ ᠨᠠᠮ ᠤᠨ ᠬᠤᠷᠢᠶᠠᠨ ᠤ ᠡᠯ᠎ᠡ ᠵᠤᠶᠢᠯ ᠤᠨ ᠰᠢᠢᠳᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠢ ᠪᠡᠶᠡᠯᠡᠭᠦᠯᠵᠦ᠂ ᠳᠤᠭᠤᠷᠢᠭ ᠤᠨ ᠠᠩᠬᠠᠳᠤᠭᠠᠷ ᠬᠤᠭᠤᠴᠠᠭᠠᠨ ᠤ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢ ᠰᠠᠶᠢᠳᠤᠷ ᠪᠡᠶᠡᠯᠡᠭᠦᠯᠪᠡ᠃ ᠪᠦᠬᠦ ᠵᠢᠯ ᠳᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 87.76 ᠳ᠋ᠦᠩᠰᠢᠭᠤᠷ ᠲᠥᠭᠦᠷᠢᠭ ᠪᠡᠶᠡᠯᠡᠬᠦᠯᠵᠤ᠂ 8.9% ᠪᠠᠷ ᠨᠡᠮᠡᠭᠳᠡᠭᠦᠯᠪᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 7.13 ᠳ᠋ᠦᠩᠰᠢᠭᠤᠷ ᠲᠥᠭᠦᠷᠢᠭ ᠪᠡᠶᠡᠯᠡᠭᠦᠯᠵᠦ᠂ 12.9% ᠪᠠᠷ ᠨᠡᠮᠡᠭᠳᠡᠭᠦᠯᠪᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 8.85 ᠳ᠋ᠦᠩᠰᠢᠭᠤᠷ ᠲᠥᠭᠦᠷᠢᠭ ᠪᠡᠶᠡᠯᠡᠭᠦᠯᠵᠦ᠂ 22.6% ᠪᠠᠷ ᠨᠡᠮᠡᠭᠳᠡᠭᠦᠯᠪᠡ︔ ᠨᠡᠶᠢᠭᠡᠮ ᠤᠨ ᠬᠡᠷᠡᠭᠯᠡᠭᠡᠨ ᠤ ᠵᠦᠢᠯ ᠢ ᠵᠢᠵᠢᠭᠯᠡᠨ ᠪᠤᠷᠤᠯᠠᠭᠤᠯᠤᠬᠰᠠᠨ ᠶᠡᠷᠦᠩᠬᠡᠢ ᠲᠤᠭ᠎ᠠ ᠶᠢ 71.8 ᠳ᠋ᠦᠩᠰᠢᠭᠤᠷ ᠲᠥᠭᠦᠷᠢᠭ ᠪᠡᠶᠡᠯᠡᠭᠦᠯᠵᠦ᠂ 6% ᠪᠠᠷ ᠨᠡᠮᠡᠭᠳᠡᠭᠦᠯᠪᠡ︔ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠤᠷᠤᠯᠭ᠎ᠠ 51599 ᠲᠥᠭᠦᠷᠢᠭ ᠲᠤ ᠬᠦᠷᠴᠦ᠂ ᠨᠡᠷ᠎ᠡ ᠳᠡᠭᠡᠷ᠎ᠡ ᠪᠠᠨ 6.5% ᠪᠠᠷ ᠨᠡᠮᠡᠭᠳᠡᠪᠡ᠃ ᠭᠤᠤᠯᠳᠠᠭᠤ ᠳᠤᠤᠷᠠᠬᠢ ᠬᠡᠳᠦᠨ ᠲᠠᠯ᠎ᠠ ᠶᠢᠨ ᠠᠵᠢᠯ ᠢ ᠬᠢᠪᠡ᠄            ᠨᠢᠭᠡ ᠵᠢᠯ ᠤᠨ ᠲᠤᠷᠰᠢ᠂ ᠪᠢᠳᠡ ᠬᠥᠭᠵᠢᠯᠲᠡ ᠶᠢᠨ ᠰᠢᠨ᠎ᠡ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠪᠠ᠃ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 78.51 ᠳ᠋ᠦᠩᠰᠢᠭᠤᠷ ᠲᠥᠭᠦᠷᠢᠭ ᠲᠤ ᠬᠦᠷᠴᠦ᠂ ᠵᠠᠬ᠎ᠠ ᠳᠡᠯᠭᠡᠬᠦᠷ ᠤᠨ ᠭᠤᠣᠯ ᠴᠣᠭᠴᠠ ᠶᠢᠨ ᠶᠡᠷᠦᠩᠬᠡᠢ ᠳᠤᠭ᠎ᠠ 7451 ᠡᠷᠦᠬᠡ ᠳᠤ ᠬᠦᠷᠴᠦ᠂ 34.64% ᠪᠠᠷ ᠨᠡᠮᠡᠭᠳᠡᠪᠡ᠃ ᠲᠠᠯ᠎ᠠ ᠨᠤᠲᠤᠭ ᠤᠨ ᠲᠣᠷᠭᠠᠨ ᠵᠠᠮ ᠤᠨ ᠺᠠᠩ ᠵᠧᠨ ᠨᠢ ᠤᠯᠤᠰ ᠤᠨ AAAA ᠲᠠᠰ ᠤᠨ ᠵᠤᠭᠠᠴᠠᠯ ᠤᠨ ᠦᠵᠡᠮᠵᠢ ᠶᠢᠨ ᠣᠷᠣᠨ ᠢᠶᠠᠷ ᠦᠨᠡᠯᠡᠭᠳᠡᠵᠦ᠂ ᠥᠪᠥᠷ ᠮᠣᠩᠭᠤᠯ ᠤᠨ ᠴᠡᠴᠡᠭᠲᠦ ᠤᠯᠠᠷᠢᠯ ᠤᠨ ᠵᠤᠭᠠᠴᠠᠯ᠂ ᠣᠷᠳᠣᠰ ᠤᠨ ᠰᠢᠯᠦᠭ ᠳᠠᠭᠤᠤ  ᠶᠢᠨ ᠨᠠᠭᠠᠳᠤᠮ᠂ ᠮᠠᠨᠳᠠᠷᠠᠸ᠎ᠠ ᠴᠡᠴᠡᠭ ᠰᠤᠨᠢᠷᠬᠠᠬᠤ ᠵᠤᠭᠠᠴᠠᠯ ᠤᠨ ᠰᠣᠶᠣᠯ ᠤᠨ ᠨᠠᠶᠢᠷ᠂ ᠶᠣᠣ ᠵᠢᠶᠠᠨ ᠫᠢᠩ ᠤᠨ ᠬᠠᠳᠬᠤᠮᠠᠯ ᠤᠨ ᠤᠷᠠᠯᠢᠭ ᠤᠨ ᠦᠵᠡᠰᠬᠦᠯᠡᠩ ᠵᠡᠷᠭᠡ ᠠᠯᠢ ᠣᠯᠠᠨ ᠠᠵᠢᠯᠯᠠᠭ᠎ᠠ ᠶᠢ ᠠᠮᠵᠢᠯᠲᠠ ᠲᠠᠢ ᠡᠷᠭᠢᠯᠡᠵᠦ᠂ ᠪᠥᠬᠦ ᠵᠢᠯ ᠳᠤ 331.41 ᠲᠦᠮᠡᠨ ᠬᠥᠮᠦᠨ ᠤᠳᠠᠭ᠎ᠠ ᠶᠢ ᠭᠥᠯᠢᠶᠡᠨ ᠠᠪᠴᠤ᠂ ᠡᠭᠦᠨ ᠳᠤ ᠬᠤᠨᠣᠭᠰᠠᠨ ᠵᠤᠭᠠᠴᠠᠭᠰᠠᠳ 74.36 ᠲᠦᠮᠡ ᠪᠠᠶᠢᠵᠤ᠂ ᠵᠤᠭᠠᠴᠠᠯ ᠤᠨ ᠶᠡᠷᠦᠩᠬᠡᠶᠢᠯᠡᠭᠰᠡᠨ ᠣᠷᠣᠯᠭ᠎ᠠ ᠶᠢ 10.93 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠺᠠᠢ ᠲᠧ᠂ ᠠᠶ ᠷᠦᠢ ᠵᠡᠷᠭᠡ 7 ᠳᠡᠭᠡᠳᠦ ᠲᠠᠰ ᠤᠨ ᠵᠣᠴᠢᠳ ᠤᠨ ᠪᠠᠭᠤᠳᠠᠯ ᠢ ᠠᠰᠢᠬᠯᠠᠯᠳᠠ ᠳᠤ ᠣᠷᠣᠭᠤᠯᠵᠦ᠂ ᠰᠠᠢ ᠱᠠᠩ ᠹᠦ᠋᠂ ᠪᠠᠶ ᠯᠦ ᠬᠤᠭᠤᠯᠠᠨ ᠳᠢᠩᠬᠢᠮ ᠵᠡᠷᠭᠡ ᠣᠯᠠᠨ ᠨᠠᠷᠠᠲᠤ ᠲᠡᠮᠳᠡᠭᠲᠦ ᠢᠳᠡᠭᠡᠨ ᠤᠮᠳᠠᠭᠠᠨ ᠰᠢᠨ᠎ᠡ ᠪᠠᠷ ᠨᠡᠮᠡᠭᠳᠡᠨ᠂ ᠭᠡᠷᠡᠭᠯᠡᠭᠡ ᠬᠢᠬᠦ ᠤᠶᠢᠯᠡᠰ ᠨᠠᠩ ᠤᠯᠠᠨ ᠡᠰᠢᠵᠢᠨ ᠬᠦᠭᠵᠢᠪᠡ᠃ ᠱᠠᠨᠳᠦ᠋ᠩ ᠤᠨ ᠡᠨᠧᠷᠭᠢ ᠶᠢᠨ ᠪᠦᠯᠦᠭᠯᠡᠯ ᠤᠨ ᠨᠡᠭᠦᠷᠡᠰᠦ ᠡᠵᠡᠩᠨᠡᠨ ᠪᠣᠷᠣᠯᠠᠭᠤᠯᠬᠤ ᠣᠷᠳᠣᠰ ᠲᠠᠬᠢ ᠬᠤᠪᠢᠶᠠᠷᠢ ᠺᠣᠮᠫᠠᠨᠢ ᠶᠢ ᠰᠢᠨ᠎ᠠ ᠪᠠᠷ ᠣᠷᠣᠭᠤᠯᠤᠨ ᠠᠪᠴᠢᠷᠠᠵᠤ᠂ ᠨᠢᠭᠡ ᠪᠦᠯᠦᠭ ᠪᠠᠩᠬᠢ᠂ ᠳᠠᠭᠠᠳᠬᠠᠯ᠂ ᠡᠳ᠋ ᠤᠨ ᠶᠠᠪᠤᠳᠠᠯ ᠤᠨ ᠬᠠᠮᠢᠶᠠᠷᠤᠯᠲᠠ ᠵᠡᠷᠭᠡ ᠮᠥᠩᠭᠦᠨ ᠬᠦᠢᠯᠭᠡᠭᠡᠨ ᠤ ᠰᠠᠯᠪᠤᠷᠢ ᠪᠠᠶᠢᠭᠤᠯᠤᠮᠵᠢ ᠰᠢᠨ᠎ᠡ ᠪᠠᠷ ᠨᠤᠳᠤᠬᠰᠢᠪᠠ᠃ ᠡᠯᠧᠺᠲᠷᠣᠨ ᠬᠤᠳᠠᠯᠳᠤᠭᠠᠨ ᠤ ᠶᠠᠪᠤᠳᠠᠯ ᠪᠠ ᠤᠳᠤ ᠦᠶ᠎ᠡ ᠶᠢᠨ ᠪᠠᠷᠠᠭᠠᠨ ᠤ ᠬᠦᠢᠯᠭᠡᠭᠡᠨ ᠤ ᠤᠶᠢᠯᠡᠰ ᠲᠣᠭᠲᠠᠭᠤᠨ ᠢᠶᠠᠷ ᠬᠥᠭᠵᠢᠵᠦ᠂ ᠵᠢᠯ ᠤᠨ ᠡᠵᠡᠩᠨᠡᠯᠲᠡ ᠶᠢᠨ ᠲᠤᠭ᠎ᠠ ᠨᠢ ᠲᠤᠰ ᠲᠤᠰ 16% ᠪᠠ 8% ᠪᠠᠷ ᠨᠡᠮᠡᠭᠳᠡᠪᠡ᠃            ᠨᠢᠭᠡ ᠵᠢᠯ ᠤᠨ ᠲᠤᠷᠰᠢ᠂ ᠪᠢᠳᠡ ᠭᠤᠤᠯᠳᠠᠯᠭ᠎ᠠ ᠲᠠᠢ ᠡᠭᠦᠷᠭᠡ ᠶᠢ ᠲᠥᠪᠯᠡᠷᠡᠭᠦᠯᠦᠨ ᠰᠢᠪᠲᠤᠯᠵᠤ᠂ ᠬᠦᠭᠵᠢᠯᠳᠡ ᠶᠢᠨ ᠳᠤᠳᠤᠭᠠᠳᠤ ᠬᠥᠳᠡᠯᠭᠡᠬᠦ ᠬᠦᠴᠦᠨ ᠢ ᠬᠦᠴᠦᠯᠡᠨ ᠴᠢᠩᠭᠠᠷᠠᠭᠤᠯᠪᠠ᠃ ︽ᠭᠤᠷᠪᠠᠨ ᠶᠡᠭᠡ ᠪᠣᠭᠤᠮᠲᠠ‌‍ᠰᠢᠪᠲᠤᠯᠬᠤ ᠳᠠᠶᠢᠯᠠᠯᠳᠤᠭᠠᠨ︾ ᠢ ᠯᠠᠪᠳᠠᠭᠤᠨ ᠪᠠᠲᠤᠲᠠᠢ ᠠᠬᠢᠭᠤᠯᠪᠠ᠃ ᠪᠦᠬᠦ ᠵᠢᠯ ᠳᠤ ᠵᠠᠰᠠᠭ ᠤᠨ ᠣᠷᠳᠣᠨ ᠤ ᠳᠠᠯᠳᠠ ᠴᠢᠨᠠᠷᠲᠠᠢ ᠥᠷᠢ ᠥᠭᠴᠡᠭᠡ ᠶᠢ 13 ᠳ᠋ᠦᠩᠰᠢᠭᠤᠷ ᠲᠥᠭᠦᠷᠢᠭ ᠰᠢᠢᠳᠪᠦᠷᠢᠯᠡᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠳᠤᠮᠳᠠ ᠪᠠᠭ᠎ᠠ ᠠᠵᠤ ᠠᠬᠤᠶᠢᠯᠠᠯ ᠳᠤ ᠥᠷᠢᠲᠦᠭᠰᠡᠨ ᠵᠣᠭᠤᠰ ᠢ 5.87 ᠳ᠋ᠦᠩᠰᠢᠭᠤᠷ ᠲᠥᠭᠦᠷᠢᠭ ᠲᠥᠪᠯᠡᠷᠡᠭᠦᠯᠦᠨ ᠴᠡᠪᠡᠷᠯᠡᠵᠦ᠂ ᠡᠭᠦᠷᠭᠡ  ᠪᠠᠨ ᠳᠠᠪᠠᠭᠤᠯᠤᠨ ᠪᠡᠶᠡᠯᠡᠭᠦᠯᠪᠡ᠃ ᠳᠡᠭᠡᠳᠤ ᠱᠠᠲᠤᠨ ᠤ ᠲᠤᠰᠬᠠᠢ ᠪᠡᠯᠡ ᠮᠥᠩᠭᠦ ᠶᠢ 6.7 ᠳ᠋ᠦᠩᠰᠢᠭᠤᠷ ᠲᠥᠭᠦᠷᠢᠭ ᠬᠤᠪᠢᠳᠠᠨ ᠣᠯᠵᠤ᠂ ᠥᠷᠢ ᠰᠢᠷᠢ ᠪᠠᠨ ᠰᠢᠢᠳᠪᠤᠷᠢᠯᠡᠬᠦ ᠠᠴᠠ ᠭᠠᠳᠠᠨ᠎ᠠ ᠦᠨᠳᠦᠰᠦᠨ ᠡᠷᠬᠢᠯᠳᠡ ᠶᠢ ᠬᠦᠴᠦᠲᠡᠢ ᠪᠠᠲᠤᠯᠠᠪᠠ᠃ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠶᠢ ᠦᠷᠭᠦᠯᠵᠢᠯᠡᠨ ᠰᠠᠶᠢᠲᠤᠷ ᠠᠳᠬᠤᠵᠤ᠂ ᠬᠥᠳᠡᠯᠦᠩᠭᠦᠶ ᠪᠠᠷ ᠬᠢᠨᠠᠨ ᠬᠡᠮᠵᠢᠬᠦ᠂ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠵᠡᠷᠭᠡ ᠠᠷᠭ᠎ᠠ ᠬᠡᠮᠵᠢᠶ᠎ᠡ ᠠᠪᠴᠤ ᠶᠠᠳᠠᠭᠤ ᠬᠦᠴᠢᠷᠳᠡᠯᠳᠡᠢ ᠤᠯᠠᠨ ᠳᠦᠮᠡᠨ ᠳᠤ ᠠᠰᠢᠭ ᠬᠦᠷᠳᠡᠭᠡᠨ᠂ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠡᠭᠦᠷᠭᠡ ᠶᠢ ᠦᠨᠳᠦᠰᠦᠨ ᠳᠡᠭᠡᠨ ᠪᠡᠶᠡᠯᠡᠭᠦᠯᠪᠡ᠃ ᠪᠣᠬᠢᠷᠲᠤᠯ ᠢ ᠰᠡᠷᠭᠡᠶᠢᠯᠡᠨ ᠵᠠᠰᠠᠬᠤ ᠡᠯ᠎ᠡ ᠵᠤᠶᠢᠯ ᠤᠨ ᠡᠭᠦᠷᠭᠡ ᠶᠢ ᠪᠡᠶᠡᠯᠡᠭᠦᠯᠵᠦ᠂ ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ ᠢ ᠠᠮᠵᠢᠯᠲᠠᠲᠠᠶ ᠡᠭᠦᠳᠦᠨ ᠪᠠᠶᠢᠭᠤᠯᠪᠠ᠃ ᠤᠯᠤᠰ ᠠᠴᠠ ᠭᠠᠶᠢᠯᠢ ᠬᠠᠰᠤᠵᠤ ᠰᠦᠢᠳᠬᠡᠯ ᠪᠠᠭᠤᠷᠠᠭᠤᠯᠬᠤ ᠰᠢᠨ᠎ᠡ ᠲᠥᠷᠦ ᠶᠢᠨ ᠪᠣᠳᠣᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠳᠤ 6400 ᠲᠦᠮᠡᠨ ᠲᠥᠭᠦᠷᠢᠭ ᠤᠨ ᠳᠠᠷᠤᠭᠠᠰᠤ ᠶᠢ ᠬᠦᠩᠭᠡᠷᠡᠬᠦᠯᠪᠡ᠃ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠲᠦᠷᠢᠮ ᠤᠨ ᠦᠭᠡᠷᠡᠴᠢᠯᠡᠯᠳᠡ  ᠠᠴᠠ ᠭᠠᠷᠳᠠᠴᠠ ᠪᠤᠯᠭᠠᠵᠤ᠂ ᠭᠤᠤᠯᠳᠠᠯᠭ᠎ᠠ ᠲᠠᠢ ᠲᠦᠷᠦᠯ ᠵᠦᠢᠯ ᠤᠨ ᠡᠮᠤᠨ᠎ᠡ ᠬᠤᠭᠤᠴᠠᠭᠠᠨ ᠤ ᠠᠵᠢᠯ ᠢ ᠪᠦᠬᠦ ᠬᠦᠴᠤ ᠪᠠᠷ ᠢᠶᠠᠨ ᠠᠬᠢᠭᠤᠯᠵᠤ᠂ ᠪᠠᠯᠠ ᠣᠷᠣᠭᠤᠯᠤᠯᠲᠠ ᠶᠢᠨ ᠲᠥᠷᠥᠯ ᠵᠤᠶᠢᠯ ᠤᠨ ︽ᠨᠢᠭᠡ ᠦᠷᠳᠡᠭᠡᠴᠢᠯᠡᠭᠰᠡᠨ ᠮᠠᠶ᠋ᠢᠭ︾ ᠤᠨ ᠬᠢᠨᠠᠨ ᠵᠥᠪᠰᠢᠶᠡᠷᠡᠬᠦ ᠤᠶᠢᠯᠡᠴᠢᠯᠡᠭᠡᠨ ᠤ ᠲᠥᠪ ᠢ ᠪᠠᠶᠢᠭᠤᠯᠤᠨ᠂ ᠵᠠᠰᠠᠭ ᠤᠨ ᠣᠷᠳᠣᠨ ᠤ ᠲᠥᠷᠥᠯ ᠪᠠ ᠨᠡᠶᠢᠭᠡᠮ ᠤᠨ ᠲᠥᠷᠥᠯ ᠤᠨ ᠪᠠᠯᠠ ᠤᠷᠤᠭᠤᠯᠤᠯᠳᠠ ᠶᠢᠨ ᠲᠥᠷᠥᠯ ᠵᠤᠶᠢᠯ ᠢ ᠲᠣᠭᠤᠷᠢᠭ ᠤᠨ ᠲᠣᠰ ᠱᠠᠲᠤᠨ ᠠᠴᠠ ᠬᠢᠨᠠᠨ ᠵᠥᠪᠰᠢᠶᠡᠷᠡᠬᠦ ᠴᠠᠭ ᠬᠤᠭᠤᠴᠠᠭ᠎ᠠ ᠶᠢ ᠲᠣᠰ ᠲᠣᠰ 45 ᠪᠠ 28 ᠠᠵᠢᠯᠯᠠᠬᠤ ᠡᠳᠦᠷ ᠤᠨ ᠳᠣᠲᠣᠷ᠎ᠠ ᠬᠢᠵᠠᠭᠠᠷᠯᠠᠵᠤ᠂ ᠰᠢᠨ᠎ᠡ ᠨᠢᠭᠡ ᠵᠢᠯ ᠤᠨ ᠭᠤᠤᠯᠳᠠᠯᠭ᠎ᠠ ᠲᠠᠢ ᠲᠦᠷᠦᠯ ᠵᠦᠢᠯ  ᠤᠨ ᠲᠦᠷᠦᠯ ᠵᠦᠢᠯ ᠤᠨ ᠪᠠᠷᠢᠯᠭ᠎ᠠ ᠡᠬᠢᠯᠡᠬᠦ ᠳᠤ ᠪᠠᠳᠤ ᠰᠠᠭᠤᠷᠢ ᠲᠠᠯᠪᠢᠪᠠ᠃ ᠤᠯᠤᠰ ᠤᠨ ᠥᠮᠴᠢᠯᠡᠯ ᠤᠨ ᠡᠳ᠋ ᠬᠦᠷᠦᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠳᠦᠷᠭᠡᠳᠭᠡᠨ ᠠᠬᠢᠭᠤᠯᠵᠤ᠂ ᠤᠯᠤᠰ ᠤᠨ ᠥᠮᠴᠢᠯᠡᠯ ᠤᠨ 7 ᠨᠢᠭᠡᠳᠦᠭᠡᠷ ᠳᠡᠰ ᠤᠨ ᠺᠣᠮᠫᠠᠨᠢ ᠶᠢ ᠳᠠᠬᠢᠨ ᠪᠠᠶᠢᠭᠤᠯᠬᠤ ᠶᠢ ᠪᠡᠶᠡᠯᠡᠭᠦᠯᠵᠦ᠂ ᠡᠵᠡᠩᠨᠡᠯᠲᠡ ᠶᠢᠨ ᠴᠢᠨᠠᠷᠲᠠᠶ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢ ᠲᠥᠪᠯᠡᠷᠡᠭᠦᠯᠦᠨ ᠨᠢᠭᠡᠳᠤᠯᠳᠡᠢ ᠬᠢᠨᠠᠨ ᠬᠠᠮᠢᠶᠠᠷᠬᠤ ᠶᠢ ᠪᠡᠶᠡᠯᠡᠭᠦᠯᠪᠡ᠃            ᠨᠢᠭᠡ ᠵᠢᠯ ᠤᠨ ᠲᠤᠷᠰᠢ᠂ ᠪᠢᠳᠡ ᠬᠤᠲᠠ ᠶᠢᠨ ᠨᠠᠷᠢᠯᠢᠬᠵᠢᠭᠤᠯᠤᠬᠰᠠᠨ ᠵᠠᠰᠠᠯᠲᠠ ᠶᠢ ᠲᠦᠷᠭᠡᠳᠬᠡᠵᠦ᠂ ᠬᠤᠲᠠ ᠶᠢᠨ ᠵᠡᠷᠭᠡ ᠳᠡᠰ ᠴᠢᠨᠠᠷᠵᠢᠯ ᠢ ᠬᠦᠴᠦᠯᠡᠨ ᠳᠡᠭᠡᠭᠰᠢᠯᠡᠭᠦᠯᠪᠡ᠃ ᠬᠤᠲᠠ ᠶᠢᠨ ᠰᠠᠭᠤᠷᠢ ᠲᠥᠬᠦᠭᠡᠷᠦᠮᠵᠢ ᠶᠢ ᠲᠠᠰᠤᠷᠠᠯᠲᠠ ᠥᠬᠡᠶ ᠰᠢᠨᠡᠳᠬᠡᠵᠦ᠂ ᠲᠢᠶᠠᠨ ᠵᠢᠶᠤᠤ ᠵᠠᠮ ᠢ ᠦᠭᠡᠷᠡᠴᠢᠯᠡᠨ ᠵᠠᠰᠠᠬᠤ ᠵᠡᠷᠭᠡ 7 ᠲᠥᠷᠥᠯ ᠤᠨ ᠬᠤᠲᠠ ᠶᠢᠨ ᠶᠠᠪᠤᠳᠠᠯ ᠤᠨ ᠬᠠᠮᠠᠭᠠᠯᠠᠯᠲᠠ ᠶᠢᠨ ᠢᠨᠵᠧᠨᠧᠷᠢᠩ ᠢ ᠪᠡᠶᠡᠯᠡᠭᠦᠯᠵᠦ᠂ ᠳᠠᠬᠢᠨ ᠠᠰᠢᠬᠯᠠᠬᠤ ᠤᠰᠤᠨ ᠤ ᠭᠤᠤᠯ ᠳᠠᠭᠠᠯᠳᠠ ᠬᠤᠭᠤᠯᠠᠶ ᠶᠢᠨ ᠳᠤᠤᠷ ᠢ174.14 ᠺᠢᠯᠣᠮᠧᠲᠷ ᠰᠢᠨ᠎ᠡ ᠪᠠᠷ ᠳᠡᠪᠢᠰᠴᠦ᠂ 20 ᠰᠠᠭᠤᠭᠠᠯᠢ ᠳᠤᠭᠤᠷᠢᠭ ᠪᠠ ᠰᠤᠷᠭᠠᠭᠤᠯᠢ ᠳᠤ ᠳᠠᠬᠢᠨ ᠠᠰᠢᠬᠯᠠᠬᠤ ᠤᠰᠤ ᠭᠡᠷᠡᠭᠯᠡᠬᠦ ᠬᠤᠭᠤᠯᠠᠢ ᠶᠢ ᠨᠡᠪᠳᠡᠷᠡᠬᠦᠯᠪᠡ︔ ᠳᠡᠷᠭᠡᠨ ᠵᠤᠬᠰᠤᠭᠠᠯ ᠢ ᠰᠢᠨ᠎ᠡ ᠪᠠᠷ 696 ᠨᠡᠮᠡᠭᠳᠡᠬᠦᠯᠵᠤ᠂ ᠲᠡᠷᠭᠡ ᠵᠣᠭᠰᠣᠭᠠᠬᠤ ᠳᠤ ᠬᠦᠴᠢᠷᠲᠡᠶ ᠪᠠᠶᠢᠬᠤ ᠠᠰᠠᠭᠤᠳᠠᠯ ᠨᠠᠮᠳᠠᠪᠠ᠃ ᠴᠢᠨᠠᠷᠵᠢᠯ ᠰᠠᠭᠤᠭᠠᠯᠢ ᠠᠷᠠᠳ ᠤᠨ ᠲᠤᠭᠤᠷᠢᠭ ᠤᠨ ᠪᠦᠳᠤᠭᠡᠨ ᠪᠠᠶᠢᠭᠤᠯᠤᠯᠳᠠ ᠶᠢ ᠲᠦᠷᠭᠡᠳᠭᠡᠵᠤ᠂ ᠳ᠋ᠢᠩ ᠱᠧᠩ ᠹᠦ᠋ ᠯᠢ ᠶᠤᠸᠠᠨ ᠲᠤᠭᠤᠷᠢᠭ᠂ ᠶᠢᠨ ᠰᠢᠨ ᠬᠠᠨ ᠯᠢᠨ ᠶᠤᠸᠠᠨ᠂ ᠴᠢ ᠱᠦᠨ ᠵᠢᠶᠠ ᠶᠤᠸᠠᠨ ᠵᠡᠷᠭᠡ10 ᠰᠠᠭᠤᠭᠠᠯᠢ ᠠᠷᠠᠳ ᠤᠨ ᠲᠤᠭᠤᠷᠢᠭ ᠤᠨ ᠰᠠᠭᠤᠷᠢ ᠲᠦᠬᠦᠭᠡᠷᠤᠮᠵᠢ ᠶᠢ ᠰᠡᠯᠪᠢᠨ ᠵᠠᠰᠠᠪᠠ᠃ ᠬᠤᠲᠠ ᠶᠢᠨ ᠣᠷᠴᠢᠨ ᠲᠣᠭᠤᠷᠢᠨ ᠢ ᠨᠠᠷᠢᠨ ᠨᠢᠮᠪᠠᠶ ᠴᠤᠬᠴᠠᠯᠠᠨ ᠪᠠᠶᠢᠭᠤᠯᠵᠤ᠂ ᠭᠤᠤᠯ ᠭᠠᠵᠠᠷ ᠤᠨ ᠨᠣᠭᠤᠭᠠᠷᠠᠭᠤᠯᠤᠯᠳᠠ ᠶᠢ ᠦᠭᠡᠷᠡᠴᠢᠯᠡᠨ ᠲᠡᠰᠵᠢᠬᠦᠯᠬᠦ᠂ ᠠᠯᠲᠠᠨ ᠵᠤᠯᠠ ᠴᠡᠴᠡᠭ ᠤᠨ ᠦᠵᠡᠮᠵᠢ ᠶᠢ ᠰᠠᠶᠢᠵᠢᠷᠠᠭᠤᠯᠬᠤ ᠵᠡᠷᠭᠡ 38 ᠵᠤᠶᠢᠯ ᠤᠨ ᠴᠡᠴᠡᠷᠯᠢᠭᠵᠢᠬᠦᠯᠦᠯᠳᠡ ᠶᠢᠨ ᠢᠨᠵᠧᠨᠧᠷᠢᠩ ᠢ ᠭᠡᠷᠡᠭᠵᠢᠬᠦᠯᠵᠤ᠂ ᠬᠤᠳᠠ ᠶᠢᠨ ᠲᠤᠭᠤᠷᠢᠨ ᠳᠤ 6500 ᠮᠤ᠋ ᠮᠤᠳᠤ ᠲᠠᠷᠢᠵᠤ᠂ ᠪᠦᠬᠦ ᠤᠯᠤᠰ ᠤᠨ ᠨᠤᠭᠤᠭᠠᠷᠠᠭᠤᠯᠤᠯᠳᠠ ᠶᠢᠨ ᠲᠠᠭᠤᠷᠢᠶᠠᠯ ᠨᠢᠭᠡᠴᠢ ᠪᠠᠷ ᠦᠨᠡᠯᠡᠭᠳᠡᠪᠡ᠃ 16 ᠰᠢᠨ᠎ᠡ ᠡᠨᠧᠷᠭᠢ ᠶᠢᠨ ᠨᠡᠶᠢᠲᠡ ᠶᠢᠨ ᠮᠠᠰᠢᠨ ᠲᠡᠷᠭᠡ ᠶᠢ ᠭᠡᠷᠡᠭᠯᠡᠵᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠴᠤᠬᠯᠠᠭᠤᠯᠬᠤ ᠵᠢᠱᠢᠶ᠎ᠡ ᠦᠵᠡᠭᠦᠯᠬᠦ 26 ᠴᠡᠭ ᠭᠠᠷᠭᠠᠵᠤ᠂ ᠪᠣᠬᠢᠷᠲᠤᠯ ᠥᠬᠡᠶ ᠠᠮᠢᠳᠤᠷᠠᠯ ᠤᠨ ᠤᠶᠢᠯᠠᠭᠠᠬᠳᠠᠬᠤᠨ ᠢ ᠬᠥᠮᠦᠰ ᠤᠨ ᠰᠡᠳᠬᠢᠯ ᠳᠤ ᠬᠤᠨᠤᠬᠰᠢᠭᠤᠯᠪᠠ᠃ ᠬᠤᠲᠠ ᠶᠢᠨ ᠨᠠᠷᠢᠯᠢᠬᠵᠢᠭᠤᠯᠤᠬᠰᠠᠨ ᠵᠠᠰᠠᠯᠲᠠ ᠶᠢ ᠨᠠᠩ ᠴᠢᠬᠤᠯᠠᠴᠢᠯᠠᠵᠤ᠂ ︽ᠬᠢᠶ᠎ᠡ ᠪᠠᠭᠰᠢ ᠲᠣᠭᠤᠷᠢᠭ ᠤᠨ ᠬᠤᠲᠠ ᠶᠢᠨ ᠨᠠᠷᠢᠯᠢᠬᠵᠢᠭᠤᠯᠤᠬᠰᠠᠨ ᠬᠠᠮᠢᠶᠠᠷᠤᠯᠲᠠ ᠶᠢᠨ ᠪᠣᠭᠤᠮᠲᠠ ᠰᠢᠪᠲᠤᠯᠬᠤ ᠠᠵᠢᠯᠯᠠᠭᠠᠨ ᠤ ᠲᠥᠰᠦᠯ︾ ᠵᠢᠴᠢ ᠢᠵᠢ ᠪᠦᠷᠢᠳᠦᠭᠰᠡᠨ ᠠᠷᠭ᠎ᠠ ᠬᠡᠮᠵᠢᠶ᠎ᠡ ᠶᠢ ᠨᠡᠶᠢᠲᠡᠯᠡᠵᠦ᠂ ᠪᠦᠬᠦ ᠵᠢᠯ ᠳᠤ ᠬᠤᠲᠠ ᠶᠢᠨ ᠬᠠᠮᠢᠶᠠᠷᠤᠯᠲᠠ ᠶᠢᠨ ᠬᠡᠷᠡᠭ ᠢ 12.7 ᠳᠦᠮᠡ ᠬᠦᠯᠢᠶᠡᠨ ᠠᠪᠴᠤ᠂ 9.6 ᠲᠦᠮᠡᠨ ᠭᠡᠷᠡᠭ ᠢ ᠰᠢᠢᠳᠪᠦᠷᠢᠯᠡᠵᠦ᠂ ᠰᠢᠭᠦᠵᠦ ᠳᠠᠭᠤᠰᠬᠠᠭᠰᠠᠨ ᠨᠣᠷᠮ᠎ᠠ ᠨᠢ 75.91% ᠳᠤ ᠬᠦᠷᠪᠡ᠃ ᠪᠣᠯᠪᠠᠰᠤᠨ ᠬᠤᠲᠠ ᠶᠢ ᠢᠳᠡᠪᠬᠢᠲᠡᠶ ᠪᠠᠷ ᠡᠭᠦᠳᠦᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ 26 ᠨᠡᠷ᠎ᠠ ᠳᠤᠷᠠᠳᠤᠭᠰᠠᠨ ᠬᠤᠲᠠ ᠶᠢᠨ ᠳᠣᠲᠣᠷ᠎ᠠ᠂ ᠬᠢᠶ᠎ᠠ ᠪᠠᠭᠰᠢ ᠨᠢ ᠭᠤᠷᠪᠠᠨ ᠵᠢᠯ ᠶᠡᠷᠦᠩᠬᠡᠶ ᠰᠢᠯᠭᠠᠷᠠᠭᠤᠯᠤᠯᠲᠠ ᠳᠤ ᠲᠡᠷᠢᠭᠦᠯᠡᠭᠰᠡᠨ ᠬᠢᠷᠢ ᠪᠦᠲᠦᠮᠵᠢ ᠪᠠᠷ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠪᠠᠷ ᠰᠣᠩᠭᠤᠭᠳᠠᠪᠠ᠃            ᠨᠢᠭᠡ ᠵᠢᠯ ᠤᠨ ᠲᠤᠷᠰᠢ᠂ ᠪᠢᠳᠡ ᠠᠷᠠᠳ ᠤᠨ ᠠᠮᠢᠳᠤᠷᠠᠯ ᠢ ᠬᠠᠷᠠᠭᠠᠯᠵᠠᠬᠤ ᠠᠵᠢᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠣᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠬᠦᠴᠦᠯᠡᠨ ᠳᠡᠭᠡᠭᠰᠢᠯᠡᠭᠦᠯᠪᠡ᠃ ᠠᠵᠢᠯ ᠣᠯᠭᠤᠯᠲᠠ ᠪᠠ ᠨᠡᠶᠢᠭᠡᠮ ᠤᠨ ᠪᠠᠲᠤᠯᠠᠭ᠎ᠠ ᠶᠢ ᠰᠠᠶᠢᠲᠤᠷ ᠠᠳᠬᠤᠵᠤ᠂ ᠪᠦᠬᠦ ᠵᠢᠯ ᠳᠤ 754 ᠬᠥᠮᠦᠨ ᠳᠤ ᠰᠢᠨ᠎ᠡ ᠪᠠᠷ ᠠᠵᠢᠯ ᠣᠯᠭᠤᠵᠤ᠂ 506 ᠲᠠᠷᠢᠶᠠᠴᠢᠳ ᠲᠤ ᠠᠵᠢᠯ ᠣᠯᠭᠤᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠤᠷᠮ᠎ᠠ 2.56% ᠪᠣᠯᠪᠠ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠤᠷᠤᠯᠴᠠᠬᠤ ᠶᠣᠰᠣᠲᠠᠶ ᠶᠢ ᠨᠢ ᠪᠦᠬᠦᠨ ᠢ ᠤᠷᠤᠯᠴᠠᠭᠤᠯᠬᠤ ᠶᠢ ᠪᠠᠶᠠᠯᠠᠬᠦᠯᠵᠤ᠂ ᠰᠠᠭᠤᠭᠠᠯᠢ ᠠᠷᠠᠳ ᠤᠨ ᠡᠪᠡᠳᠴᠢᠨ ᠦᠵᠡᠭᠦᠯᠬᠦ ᠪᠠ ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ ᠳᠦᠯᠦᠬᠦ ᠪᠠᠷᠢᠮᠵᠢᠶ᠎ᠠ ᠶᠢ ᠤᠯᠠᠮ ᠨᠢᠭᠡ ᠠᠯᠬᠤᠮ ᠪᠠᠭᠤᠷᠠᠭᠤᠯᠵᠤ᠂ ᠲᠠᠩᠰᠠ ᠲᠠᠶᠢᠯᠬᠤ ᠬᠠᠷᠢᠴᠠᠯ ᠢ 60% ᠳᠤ ᠬᠦᠷᠲᠡᠯ᠎ᠡ ᠳᠡᠭᠡᠭᠰᠢᠯᠡᠭᠦᠯᠪᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠢ ᠬᠥᠭᠵᠢᠯᠲᠡ ᠶᠢ ᠠᠬᠢᠭᠤᠯᠵᠤ᠂ 4 ᠰᠠᠭᠤᠷᠢ ᠰᠤᠷᠭᠠᠭᠤᠯᠢ ᠶᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠥᠷᠭᠡᠳᠬᠡᠨ ᠪᠠᠶᠢᠭᠤᠯᠵᠤ᠂ ᠰᠤᠷᠭᠠᠭᠤᠯᠢ ᠳᠤ ᠤᠷᠤᠬᠤ ᠤᠷᠤᠨ ᠳᠤᠭ᠎ᠠ ᠶᠢ 600 ᠨᠡᠮᠡᠭᠳᠡᠭᠦᠯᠵᠦ᠂ 1700 ᠲᠦᠮᠡᠨ ᠲᠥᠭᠦᠷᠢᠭ ᠤᠨ ᠪᠡᠯᠡ ᠣᠷᠣᠭᠤᠯᠤᠨ ᠰᠤᠷᠭᠠᠭᠤᠯᠢ ᠶᠢᠨ ᠬᠦᠷᠢᠶᠡᠨ ᠤ ᠰᠠᠭᠤᠷᠢ ᠲᠥᠬᠦᠭᠡᠷᠦᠮᠵᠢ ᠪᠠ ᠴᠢᠳᠠᠮᠵᠢ ᠶᠢᠨ ᠢᠵᠢ ᠪᠦᠷᠢᠳᠦᠭᠦᠯᠦᠯᠲᠡ ᠶᠢ ᠲᠡᠭᠦᠯᠳᠡᠷᠵᠢᠭᠦᠯᠪᠡ︔ ᠵᠢᠭᠠᠨ ᠰᠤᠷᠭᠠᠯᠲᠠ ᠶᠢᠨ ᠶᠠᠰᠤ ᠴᠢᠨᠠᠷ ᠲᠣᠭᠲᠠᠭᠤᠨ ᠢᠶᠠᠷ ᠳᠡᠭᠡᠭᠰᠢᠯᠡᠵᠦ᠂ ᠦᠨᠳᠤᠷ ᠳᠤᠮᠳᠠᠳᠤ ᠳᠤ ᠳᠠᠪᠰᠢᠬᠤ ᠰᠢᠯᠭᠠᠯᠳᠠ ᠶᠢᠨ ᠶᠡᠷᠦᠩᠭᠡᠶᠢᠯᠡᠭᠰᠡᠨ ᠳᠤᠮᠳᠠᠴᠢ ᠬᠤᠪᠢ ᠨᠢ ᠵᠠᠯᠭᠠᠭ᠎ᠠ ᠪᠠᠷ ᠪᠥᠬᠦ ᠬᠤᠲᠠ ᠳᠤ ᠲᠡᠷᠢᠭᠦᠯᠡᠵᠦ᠂ ᠲᠣᠭᠤᠷᠢᠭ ᠤᠨ ᠪᠠᠭᠠᠴᠤᠳ ᠤᠨ ᠣᠷᠳᠣᠨ ᠤ ᠵᠢᠭᠠᠨ ᠰᠤᠷᠭᠠᠯᠲᠠ ᠶᠢᠨ ᠬᠢᠴᠢᠶᠡᠯ ᠨᠢ ᠲᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠰᠤᠷᠭᠠᠨ ᠬᠥᠮᠦᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠤᠨ ᠨᠡᠶᠢᠲᠡ ᠶᠢᠨ ᠠᠰᠠᠷᠠᠮᠵᠢ ᠶᠢᠨ ᠦᠵᠡᠰᠬᠦᠯᠡᠩ ᠤᠨ ᠴᠤᠭᠯᠠᠭᠠᠨ ᠤ ᠬᠠᠮᠤᠭ ᠤᠨ ᠥᠨᠳᠥᠷ ᠱᠠᠩᠨᠠᠯ ᠢ ᠭᠥᠷᠳᠡᠪᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠰᠢᠰᠲ᠋ᠧᠮ ᠲᠠᠰᠤᠷᠠᠯᠲᠠ ᠦᠭᠡᠢ ᠲᠡᠭᠦᠯᠳᠡᠷᠵᠢᠵᠦ᠂ ᠣᠯᠠᠨ ᠲᠥᠷᠥᠯ ᠤᠨ ᠡᠮᠨᠡᠯᠭᠡ ᠶᠢᠨ ᠬᠤᠯᠪᠣᠭᠠᠲᠤ ᠴᠣᠭᠴᠠ ᠶᠢ ᠡᠬᠢᠯᠡᠨ ᠪᠠᠶᠢᠭᠤᠯᠵᠤ᠂ ᠱᠠᠲᠤ ᠬᠤᠪᠢᠶᠠᠨ ᠣᠨᠣᠰᠢᠯᠠᠨ ᠡᠮᠨᠡᠬᠦ ᠳᠦᠷᠢᠮ ᠢ ᠬᠦᠨᠵᠡᠭᠡᠢ ᠠᠬᠢᠭᠤᠯᠵᠤ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠵᠢᠯ ᠤᠨ ᠬᠦᠯᠢᠶᠡᠨ ᠠᠪᠴᠤ ᠡᠮᠨᠡᠭᠰᠡᠨ ᠳᠤᠭ᠎ᠠ 18 ᠲᠦᠮᠡᠨ ᠬᠥᠮᠦᠨ ᠤᠳᠠᠭ᠎ᠠ ᠳᠤ ᠬᠦᠷᠴᠦ᠂ ᠭᠡᠷ ᠪᠦᠯᠢ ᠶᠢᠨ ᠡᠮᠴᠢ ᠭᠤᠤᠯᠳᠠᠯᠭ᠎ᠠ ᠲᠠᠢ ᠬᠥᠮᠦᠰ ᠲᠠᠢ ᠭᠠᠷ ᠤᠨ ᠦᠰᠦᠭ ᠵᠢᠷᠤᠵᠤ ᠤᠶᠢᠯᠡᠴᠢᠯᠡᠬᠦ ᠨᠣᠷᠮ᠎ᠠ 88% ᠳᠤ ᠬᠦᠷᠪᠡ᠃ ᠪᠦᠬᠦ ᠬᠤᠲᠠ ᠨᠢ ᠪᠦᠬᠦ ᠤᠯᠤᠰ  ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠪᠠᠷ ᠦᠨᠡᠯᠡᠭᠳᠡᠬᠦ ᠳᠤ ᠬᠦᠴᠤ ᠬᠠᠮᠵᠢᠯᠴᠠᠨ᠂ ᠦᠨᠳᠦᠰᠦᠲᠡᠨ ᠤ ᠠᠵᠢᠯ ᠤᠨ ᠰᠢᠨ᠎ᠡ ᠪᠠᠶᠢᠳᠠᠯ ᠢ ᠪᠤᠢ ᠪᠣᠯᠭᠠᠪᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠭᠦᠨᠵᠡᠭᠡᠶ ᠥᠷᠨᠢᠭᠦᠯᠵᠦ᠂ ᠡᠯ᠎ᠡ ᠳᠦᠷᠤᠯ ᠤᠨ ᠡᠷᠡᠬᠦᠦ ᠶᠢᠨ ᠬᠡᠷᠡᠭ ᠢ 98 ᠢᠯᠡᠷᠡᠭᠦᠯᠵᠦ᠂ ᠲᠦᠮᠡᠨ ᠬᠥᠮᠦᠨ ᠤ ᠳᠤᠳᠤᠷ᠎ᠠ ᠬᠡᠷᠡᠭ ᠭᠠᠷᠤᠭᠰᠠᠨ ᠲᠤᠭ᠎ᠠ ᠪᠥᠬᠦ ᠬᠤᠲᠠ ᠶᠢᠨ ᠬᠠᠮᠤᠭ ᠤᠨ ᠳᠤᠤᠷ᠎ᠠ ᠭᠡᠮᠵᠢᠶᠠᠨ ᠳᠤ ᠪᠠᠶᠢᠬᠤ ᠶᠢ ᠪᠠᠲᠤᠯᠠᠪᠠ᠃ ᠵᠥᠷᠢᠴᠡᠯ ᠵᠢᠭᠤᠷᠠᠯᠳᠤᠭᠠᠨ ᠢ ᠢᠳᠡᠪᠬᠢᠲᠡᠢ ᠨᠠᠮᠳᠠᠭᠤᠯᠵᠤ᠂ ᠭᠤᠷᠪᠠᠨ ᠵᠢᠯ ᠳᠠᠷᠠᠭᠠᠯᠠᠨ ᠪᠦᠬᠦ ᠤᠯᠤᠰ ᠤᠨ ᠵᠠᠬᠢᠳᠠᠯ ᠰᠤᠷᠪᠤᠯᠵᠢᠯᠠᠯ ᠤᠨ ᠠᠵᠢᠯ ᠤᠨ ︽ᠭᠤᠷᠪᠠ ᠦᠭᠡᠢ︾ ᠰᠢᠶᠠᠨ ᠲᠣᠭᠤᠷᠢᠭ ᠢᠶᠠᠷ ᠦᠨᠡᠯᠡᠭᠳᠡᠪᠡ᠃ ᠠᠶᠤᠯᠭᠦᠶ ᠦᠢᠯᠡᠳᠪᠦᠷᠢᠯᠡᠯ ᠪᠠ ᠢᠳᠡᠭᠡᠨ ᠪᠠ ᠡᠮ ᠤᠨ ᠵᠤᠶᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠪᠠᠶᠢᠳᠠᠯ ᠢ ᠲᠣᠭᠲᠠᠭᠤᠨ ᠪᠠᠶᠢᠯᠭᠠᠪᠠ᠃ ᠡᠭᠦᠨ ᠤ ᠬᠠᠮᠲᠤ᠂ ᠱᠠᠰᠢᠨ ᠰᠤᠷᠲᠠᠬᠤᠨ᠂ ᠭᠠᠳᠠᠭᠠᠳᠤ ᠶᠠᠪᠤᠳᠠᠯ᠂ ᠬᠠᠷᠢᠶᠠᠲᠤ ᠶᠢᠨ ᠶᠠᠪᠤᠳᠠᠯ᠂ ᠣᠷᠣᠨ ᠨᠤᠲᠤᠭ ᠤᠨ ᠣᠶᠢᠯᠠᠯᠭ᠎ᠠ ᠵᠡᠷᠭᠡ ᠠᠵᠢᠯ ᠳᠡᠭᠡᠷ᠎ᠠ ᠰᠢᠨ᠎ᠡ ᠠᠮᠵᠢᠯᠲᠠ ᠪᠦᠲᠦᠮᠵᠢ ᠣᠯᠵᠤ᠂ ᠨᠠᠰᠤᠲᠠᠶᠢᠴᠤᠳ᠂ ᠡᠮᠡᠭᠲᠡᠶᠢᠴᠦᠳ᠂ ᠵᠠᠯᠠᠭᠤᠴᠤᠳ ᠪᠠᠭᠠᠴᠤᠳ᠂ ᠵᠡᠮᠳᠡᠭᠴᠦᠳ᠂ ᠤᠯᠠᠭᠠᠨ ᠵᠠᠭᠠᠯᠮᠠᠶᠢᠳᠠᠨ᠂ ᠨᠢᠭᠦᠯᠡᠰᠦᠩᠭᠦᠢ᠂ ᠬᠤᠶᠢᠴᠢ ᠦᠶ᠎ᠡ ᠶᠢᠨ  ᠬᠢᠨ ᠢ ᠬᠠᠯᠠᠮᠵᠢᠯᠠᠬᠤ ᠵᠡᠷᠭᠡ ᠠᠵᠢᠯ ᠦᠢᠯᠡᠰ ᠨᠢ ᠰᠢᠨ᠎ᠡ ᠬᠦᠭᠵᠢᠯᠳᠠ ᠲᠠᠢ ᠪᠤᠯᠪᠠ᠃            ᠨᠢᠭᠡ ᠵᠢᠯ ᠤᠨ ᠲᠤᠷᠰᠢ᠂ ᠪᠢᠳᠡ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠵᠠᠰᠠᠭ ᠤᠨ ᠣᠷᠳᠣᠨ ᠢ ᠬᠦᠴᠦᠯᠡᠨ ᠪᠠᠶᠢᠭᠤᠯᠪᠠ᠃ ᠨᠠᠮ ᠤᠨ ᠪᠠᠶᠢᠭᠤᠯᠤᠯᠳᠠ ᠪᠠᠷ ᠶᠡᠷᠤᠩᠭᠡᠶᠢᠯᠡᠨ ᠵᠢᠯᠣᠭᠤᠳᠣᠭᠤᠯᠵᠤ᠂ ︽ᠣᠭ ᠰᠠᠨᠠᠭ᠎ᠠ ᠪᠠᠨ ᠥᠯᠥ ᠮᠠᠷᠳᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ︽ᠳᠠᠯᠪᠢᠬᠤ ᠬᠠᠮᠢᠶᠠᠷᠬᠤ ᠤᠶᠢᠯᠡᠴᠢᠯᠡᠬᠦ︾ ᠥᠭᠡᠷᠡᠴᠢᠯᠡᠯᠲᠡ᠂ ᠵᠠᠰᠠᠭ ᠤᠨ ᠤᠷᠳᠤᠨ ᠤ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠭᠦᠨᠵᠡᠭᠡᠶᠢᠷᠡᠭᠦᠯᠬᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠤᠶᠢᠯ ᠢ ᠪᠢᠯᠧᠲ ᠥᠭᠴᠦ ᠪᠠᠳᠤᠯᠠᠬᠤ ᠲᠦᠷᠢᠮ ᠢ ᠠᠬᠢᠭᠤᠯᠬᠤ ᠵᠡᠷᠭᠡ ᠪᠣᠳᠠᠲᠠᠶ ᠤᠶᠢᠯᠡᠳᠤᠯᠭᠡ ᠶᠢᠨ ᠳᠤᠮᠳᠠ᠂ ᠭᠤᠤᠯ ᠰᠡᠳᠦᠪᠲᠦ ᠬᠥᠮᠦᠵᠢᠯ ᠪᠠ ᠣᠪᠣᠷ ᠰᠤᠷᠲᠠᠯ ᠢᠶᠠᠨ ᠰᠠᠶᠢᠵᠢᠷᠠᠭᠤᠯᠬᠤ ᠶᠢ ᠢᠮᠠᠭᠲᠠ ᠲᠤᠭᠤᠰᠢᠯᠠᠭᠤᠯᠵᠤ᠂ ᠵᠠᠰᠠᠭ ᠤᠨ ᠣᠷᠳᠣᠨ ᠤ ᠠᠵᠢᠯ ᠤᠨ ᠴᠢᠨᠠᠷᠵᠢᠯ ᠪᠠ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠡᠭᠦᠷᠭᠡ ᠶᠢ ᠪᠡᠶᠡᠯᠡᠭᠦᠯᠵᠦ᠂ ᠡᠭᠦᠷᠭᠡ ᠬᠠᠷᠢᠭᠤᠴᠠᠯᠭ᠎ᠠ ᠶᠢᠨ ᠳᠤᠬᠳᠠᠯᠴᠠᠭ᠎ᠠ ᠶᠢ ᠰᠢᠯᠢᠳᠡᠭᠵᠢᠭᠦᠯᠵᠦ᠂ ᠡᠭᠦᠷᠭᠡ ᠬᠠᠷᠢᠭᠤᠴᠠᠯᠭ᠎ᠠ ᠶᠢᠨ ᠵᠠᠭᠠᠭ ᠬᠢᠵᠠᠭᠠᠷ ᠢ ᠲᠣᠳᠣᠷᠬᠠᠶᠢᠯᠠᠨ᠂ ᠪᠦᠬᠦᠯᠢ ᠴᠣᠭᠴᠠ ᠶᠢᠨ ᠡᠷᠬᠢᠯᠳᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠬᠠᠤᠯᠢᠵᠢᠯ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠬᠠᠮᠲᠤᠪᠠᠷ ᠰᠤᠳᠤᠯᠬᠤ᠂ ᠲᠤᠰᠬᠠᠢ ᠮᠡᠷᠭᠡᠵᠢᠯᠲᠡᠨ ᠢᠶᠠᠷ ᠬᠢᠨᠠᠨ ᠳᠤᠬᠳᠠᠭᠠᠯᠭᠠᠬᠤ᠂ ᠣᠯᠠᠨ ᠨᠡᠶᠢᠲᠡ ᠪᠠᠷ ᠵᠶ᠋ᠡᠨ‌ᠣᠷᠣᠯᠴᠠᠬᠤ ᠳᠦᠷᠢᠮ ᠢ ᠲᠡᠭᠦᠯᠳᠡᠷᠵᠢᠭᠦᠯᠵᠦ᠂ ᠳᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ ᠪᠠ ᠳᠤᠭᠤᠷᠢᠭ ᠤᠨ ᠤᠯᠤᠰ ᠲᠥᠷᠥ  ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠶᠢ 92 ᠬᠤᠪᠢ᠂ ᠤᠯᠤᠰ ᠲᠥᠷᠥ  ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ  ᠶᠢ 54 ᠬᠤᠪᠢ ᠢᠳᠡᠪᠬᠢᠲᠡᠢ ᠭᠦᠢᠴᠡᠳᠬᠡᠪᠡ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠨᠠᠮ ᠵᠠᠰᠠᠭ ᠤᠨ ᠪᠠᠶᠢᠭᠤᠯᠭ᠎ᠠ ᠶᠢᠨ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠵᠦ ᠪᠦᠷᠢᠯᠭᠡᠨ ᠰᠤᠶᠢᠳᠭᠡᠬᠦ ᠶᠢ ᠡᠰᠡᠷᠬᠦᠴᠡᠬᠦ ᠨᠠᠷᠢᠨ ᠲᠦᠷᠢᠮ ᠵᠢᠴᠢ ᠠᠯᠪᠠᠨ ᠳᠤ ᠬᠡᠷᠡᠭᠯᠡᠬᠦ ᠭᠡᠷ ᠪᠠᠶᠢᠰᠢᠩ᠂ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠬᠠᠮᠢᠶᠠᠷᠤᠯᠲᠠ ᠶᠢᠨ ᠠᠷᠭ᠎ᠠ ᠶᠢ ᠴᠢᠩᠭ᠎ᠠ ᠬᠡᠷᠡᠭᠵᠢᠭᠦᠯᠵᠦ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠶᠢ ᠰᠢᠨᠲᠠᠷᠠᠰᠢ ᠦᠭᠡᠢ ᠪᠠᠷᠢᠮᠲᠠᠯᠠᠵᠤ᠂ ᠵᠠᠰᠠᠭ ᠤᠨ ᠰᠤᠷᠲᠠᠯ ᠠᠵᠢᠯ ᠲᠥᠷᠥᠯ ᠤᠨ ᠰᠤᠷᠲᠠᠯ ᠦᠷᠭᠦᠯᠵᠢᠯᠡᠨ ᠰᠠᠶᠢᠵᠢᠷᠠᠬᠤ ᠶᠢ ᠠᠬᠢᠭᠤᠯᠪᠠ᠃            ᠡᠲᠡᠭᠡᠷ ᠠᠮᠵᠢᠯᠲᠠ ᠪᠦᠲᠦᠮᠵᠢ ᠨᠢ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠠ ᠳᠤᠭᠤᠷᠢᠭ ᠤᠨ ᠨᠠᠮ ᠤᠨ ᠬᠤᠷᠢᠶᠠᠨ ᠤ ᠵᠥᠪ ᠤᠳᠤᠷᠢᠳᠤᠯᠭ᠎ᠠ ᠠᠴᠠ ᠰᠠᠯᠵᠤ ᠴᠢᠳᠠᠬᠤ ᠥᠬᠡᠶ᠂ ᠳᠤᠭᠤᠷᠢᠭ‌‍ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠳᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠠᠴᠠ ᠰᠠᠯᠵᠤ ᠴᠢᠳᠠᠬᠤ ᠥᠬᠡᠶ᠂ ᠪᠥᠬᠦ ᠳᠤᠭᠤᠷᠢᠭ ᠤᠨ ᠠᠷᠠᠳ ᠲᠦᠮᠡᠨ ᠤ ᠬᠠᠮᠲᠤ ᠶᠢᠨ ᠴᠢᠷᠮᠠᠶᠢᠯᠭ᠎ᠠ ᠠᠴᠠ ᠰᠠᠯᠵᠤ ᠴᠢᠳᠠᠬᠤ ᠥᠬᠡᠶ ᠶᠤᠮ᠃ ᠠᠳᠡ ᠪᠢ ᠳᠤᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ᠂ ᠪᠦᠬᠦ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠤᠨ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠲᠤ᠂ ᠡᠯ᠎ᠡ ᠠᠷᠠᠳᠴᠢᠯᠠᠭᠰᠠᠨ ᠨᠠᠮ ᠪᠦᠯᠦᠭ᠂ ᠨᠠᠮ ᠪᠦᠯᠦᠭ ᠤᠨ ᠪᠤᠰᠤ ᠬᠥᠮᠦᠰ ᠪᠣᠯᠤᠨ ᠠᠷᠠᠳ ᠤᠨ ᠪᠦᠯᠬᠦᠮ᠂ ᠲᠣᠭᠤᠷᠢᠭ ᠲᠤ ᠰᠠᠭᠤᠭ᠎ᠠ ᠴᠡᠷᠢᠭ ᠠᠩᠭᠢ᠂ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠪᠣᠯᠤᠨ ᠬᠤᠲᠠ ᠶᠢᠨ ᠰᠢᠭᠤᠳ ᠬᠠᠷᠢᠶ᠎ᠠ ᠨᠢᠭᠡᠴᠢ᠂ ᠬᠢᠶ᠎ᠡ ᠪᠠᠭᠰᠢ ᠶᠢᠨ ᠬᠥᠭᠵᠢᠯᠲᠡ ᠶᠢ ᠬᠠᠯᠠᠮᠵᠢᠯᠠᠨ ᠳᠠᠮᠵᠢᠵᠤ ᠪᠠᠶᠢᠭ᠎ᠠ ᠡᠯ᠎ᠡ ᠡᠲᠡᠭᠡᠳ ᠤᠨ ᠬᠥᠮᠦᠰ ᠲᠤ᠂ ᠪᠦᠬᠦ ᠳᠤᠭᠤᠷᠢᠭ ᠤᠨ ᠠᠷᠠᠳ ᠲᠦᠮᠡᠨ ᠳᠤ ᠴᠢᠩ ᠰᠡᠳᠬᠢᠯ ᠤᠨ ᠲᠠᠯᠠᠷᠬᠠᠯ ᠪᠣᠯᠤᠨ ᠡᠷᠬᠢᠮ ᠳᠡᠭᠡᠳᠤ ᠬᠦᠨᠳᠦᠳᠬᠡᠯ ᠢᠶᠠᠨ ᠳᠡᠪᠰᠢᠭᠦᠯᠦᠶ᠎ᠡ︕           ᠠᠮᠵᠢᠯᠲᠠ ᠪᠠᠨ ᠨᠤᠲᠠᠯᠠᠬᠤ ᠶᠢᠨ ᠬᠠᠮᠲᠤ ᠪᠢᠳᠡ ᠪᠠᠰᠠ ᠣᠷᠣᠰᠢᠵᠤ ᠪᠠᠶᠢᠭ᠎ᠠ ᠠᠰᠠᠭᠤᠳᠠᠯ ᠪᠣᠯᠤᠨ ᠬᠦᠷᠦᠯᠴᠡᠬᠦ ᠦᠭᠡᠢ ᠲᠠᠯ᠎ᠠ ᠪᠠᠨ ᠰᠡᠷᠭᠡᠭ ᠢᠶᠠᠷ ᠲᠠᠨᠢᠵᠤ ᠣᠯᠪᠠ᠃ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠤᠳᠤᠷᠢᠳᠤᠮᠵᠢ  ᠲᠠᠢ ᠬᠠᠷᠢᠴᠠᠭᠤᠯᠪᠠᠯ᠂ ᠮᠠᠨ ᠤ ᠳᠤᠭᠤᠷᠢᠭ ᠤᠨ ᠠᠵᠤ ᠠᠬᠤᠶ ᠶᠢᠨ ᠰᠠᠭᠤᠷᠢ ᠪᠠᠭᠤᠷᠠᠶ᠂ ᠲᠣᠮᠣ ᠬᠡᠯᠪᠡᠷᠢ ᠶᠢᠨ ᠠᠵᠤ ᠠᠬᠤᠶᠢᠯᠠᠯ ᠬᠦᠷᠦᠯᠴᠡᠬᠦ ᠥᠬᠡᠶ ᠵᠡᠷᠭᠡ ᠪᠣᠳᠠᠲᠤ ᠵᠥᠷᠢᠶ᠎ᠡ ᠨᠡᠯᠢᠶᠡᠳ ᠢᠯᠡᠷᠬᠡᠶ ᠪᠠᠶᠢᠵᠤ᠂ ᠠᠵᠤ ᠤᠶᠢᠯᠡᠰ ᠤᠨ ᠬᠥᠭᠵᠢᠯᠲᠡ ᠶᠢ ᠠᠬᠢᠭᠤᠯᠬᠤ᠂ ᠬᠤᠳᠠᠯᠳᠤᠭ᠎ᠠ ᠡᠵᠡᠩᠨᠡᠬᠦ ᠣᠷᠴᠢᠨ ᠠᠬᠤᠢ ᠶᠢ ᠰᠢᠯᠢᠳᠡᠭᠵᠢᠭᠦᠯᠬᠦ ᠵᠡᠷᠭᠡ ᠠᠵᠤ ᠠᠬᠤᠶ ᠶᠢᠨ ᠰᠠᠭᠤᠷᠢ ᠶᠢᠨ ᠠᠵᠢᠯ ᠪᠠᠰᠠ ᠯᠠᠪᠳᠠᠭᠤᠨ ᠪᠠᠲᠤᠲᠠᠶ ᠪᠢᠰᠢ ᠪᠠᠶᠢᠨ᠎ᠠ᠃ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠶ ᠰᠢᠨ᠎ᠡ ᠬᠡᠷᠡᠭᠴᠡᠭᠡ ᠲᠠᠢ ᠬᠠᠷᠢᠴᠠᠭᠤᠯᠵᠤ ᠦᠵᠡᠪᠡᠯ᠂ ᠮᠠᠨ ᠤ ᠳᠤᠭᠤᠷᠢᠭ  ᠤᠨ ᠣᠯᠠᠨ ᠨᠡᠶᠢᠲᠡ ᠶᠢᠨ ᠤᠶᠢᠯᠡᠴᠢᠯᠡᠭᠡᠨ ᠤ ᠬᠠᠩᠭᠠᠯᠭ᠎ᠠ ᠶᠢᠨ ᠬᠢᠷᠢ ᠬᠡᠮᠵᠢᠶ᠎ᠡ ᠶᠢ ᠮᠥᠨ ᠬᠦ ᠳᠡᠭᠡᠭᠰᠢᠯᠡᠬᠦᠯᠬᠦ ᠴᠢᠬᠤᠯᠠᠲᠠᠶ ᠪᠠᠶᠢᠵᠤ᠂ ᠰᠤᠷᠭᠠᠨ ᠬᠥᠮᠦᠵᠢᠯ᠂ ᠡᠮ ᠡᠮᠨᠡᠯᠭᠡ᠂ ᠣᠷᠣᠨ ᠰᠠᠭᠤᠴᠠ ᠵᠡᠷᠭᠡ ᠲᠠᠯ᠎ᠠ ᠪᠠᠷ ᠤᠯᠠᠨ ᠲᠦᠮᠡᠨ ᠤ ᠬᠦᠰᠡᠯ ᠡᠷᠡᠮᠡᠯᠵᠡᠯ ᠠᠴᠠ ᠪᠠᠰᠠ ᠵᠥᠷᠢᠶ᠎ᠡ ᠲᠠᠢ ᠪᠠᠶᠢᠨ᠎ᠠ᠃ ᠵᠠᠰᠠᠯᠳᠠ ᠶᠢᠨ ᠰᠢᠰᠲ᠋ᠧᠮ ᠪᠣᠯᠤᠨ ᠵᠠᠰᠠᠯᠳᠠ ᠶᠢᠨ ᠴᠢᠳᠠᠪᠤᠷᠢ ᠶᠢᠨ ᠪᠠᠶᠢᠭᠤᠯᠤᠯᠲᠠ ᠶᠢᠨ ᠰᠢᠨ᠎ᠡ ᠬᠠᠷᠠᠯᠲᠠ ᠲᠠᠢ ᠬᠠᠷᠢᠴᠠᠭᠤᠯᠪᠠᠯ᠂ ᠮᠠᠨ ᠤ ᠳᠤᠭᠤᠷᠢᠭ ᠤᠨ ᠨᠡᠶᠢᠭᠡᠮ ᠤᠨ ᠵᠠᠰᠠᠯᠲᠠ ᠶᠢᠨ ᠤᠶᠢᠯᠠᠭᠠᠬᠳᠠᠬᠤᠨ ᠪᠣᠯᠤᠨ ᠠᠷᠭ᠎ᠠ ᠮᠠᠶ᠋ᠢᠭ ᠢ ᠰᠢᠨᠡᠴᠢᠯᠡᠬᠦ ᠴᠢᠬᠤᠯᠠᠳᠠᠢ ᠪᠠᠶᠢᠵᠤ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠪᠠᠰᠠ ᠭᠦᠨᠵᠡᠭᠡᠶ ᠨᠠᠷᠢᠯᠢᠭ ᠬᠢᠬᠦ ᠴᠢᠬᠤᠯᠠᠲᠠᠶ ᠪᠠᠶᠢᠨ᠎ᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠨ᠎ᠡ ᠱᠠᠭᠠᠷᠳᠠᠯᠭ᠎ᠠ ᠲᠠᠢ ᠬᠠᠷᠢᠴᠠᠭᠤᠯᠪᠠᠯ᠂ ᠵᠠᠰᠠᠭ ᠤᠨ ᠣᠷᠳᠣᠨ ᠤ ᠰᠢᠰᠲ᠋ᠧᠮ ᠤᠨ ᠰᠤᠷᠲᠠᠯ ᠤᠨ ᠬᠤᠪᠢᠷᠠᠯᠲᠠ ᠲᠦᠢᠯᠪᠤᠷᠢᠲᠠᠢ ᠪᠢᠰᠢ᠂ ᠡᠯ᠎ᠡ ᠱᠠᠲᠤᠨ ᠤ ᠺᠠᠳ᠋ᠷ ᠤᠨ ᠬᠠᠤᠯᠢ ᠪᠠᠷ ᠵᠠᠰᠠᠬᠤ ᠦᠵᠡᠯᠲᠡ᠂ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠪᠣᠯᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠦᠵᠡᠯ ᠤᠬᠠᠮᠰᠠᠷ ᠢ ᠴᠢᠩᠭᠠᠳᠬᠠᠬᠤ ᠴᠢᠬᠤᠯᠠᠲᠠᠢ ᠪᠠᠶᠢᠵᠤ᠂ ᠦᠨᠳᠦᠰᠦᠨ ᠱᠠᠲᠤᠨ ᠤ ᠳᠠᠷᠤᠭᠠᠰᠤ ᠮᠥᠨ ᠬᠦ ᠨᠡᠯᠢᠶᠡᠳ ᠬᠦᠨᠳᠦ ᠪᠠᠶᠢᠭᠰᠠᠭᠠᠷ᠃ ᠡᠭᠦᠨ ᠳᠤ ᠪᠢᠳᠡ ᠥᠴᠦᠬᠡᠨ ᠴᠦ ᠵᠠᠶᠢᠯᠠᠬᠤ ᠦᠭᠡᠢ᠂ ᠬᠠᠷᠢᠭᠤᠴᠠᠯᠭ᠎ᠠ ᠡᠭᠦᠷᠭᠡᠯᠡᠵᠦ᠂ ᠨᠠᠷᠢᠨ ᠬᠢᠨᠠᠮᠠᠭᠠᠶ ᠰᠢᠢᠳᠪᠤᠷᠢᠯᠡᠨ ᠰᠠᠶᠢᠵᠢᠷᠠᠭᠤᠯᠤᠨ᠎ᠠ᠃            ᠬᠤᠶᠠᠷ᠂ 2020 ᠣᠨ ᠤ ᠶᠡᠷᠦᠩᠬᠡᠶ ᠱᠠᠭᠠᠷᠳᠠᠯᠭ᠎ᠠ ᠪᠠ ᠭᠤᠤᠯᠳᠠᠯᠭ᠎ᠠ ᠲᠠᠢ ᠡᠭᠦᠷᠭᠡ            ᠡᠨᠡ ᠵᠢᠯ ᠤᠨ ᠡᠬᠢ ᠪᠠᠷ᠂ ᠭᠡᠨᠡᠳᠲᠡ ᠡᠭᠦᠰᠦᠭᠰᠡᠨ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠪᠦᠬᠦ ᠤᠯᠤᠰ ᠢ ᠬᠠᠮᠤᠷᠪᠠ ᠃ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠢᠶ᠎ᠠ ᠪᠠᠭᠰᠢ ᠲᠣᠭᠤᠷᠢᠭ ᠨᠢ ᠳᠡᠭᠡᠳᠦ ᠱᠠᠲᠤᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠳᠤᠭᠤᠰᠢᠯᠠᠭᠤᠯᠵᠤ᠂ ᠬᠢᠵᠢᠭ ᠤᠨ ᠪᠠᠶᠢᠳᠠᠯ ᠤᠨ ᠥᠷᠢᠰᠥᠯᠳᠦᠭᠡᠨ ᠢ ᠪᠦᠬᠦ ᠬᠦᠴᠦᠨ ᠢᠶᠠᠷ ᠢᠶᠠᠨ ᠠᠷᠭᠠᠴᠠᠵᠤ᠂ ᠠᠯᠢ ᠤᠯᠠᠨ ᠤᠷᠢᠳ ᠡᠮᠦᠨ᠎ᠡ ᠪᠠᠶᠢᠭ᠎ᠠ ᠦᠭᠡᠢ ᠰᠡᠷᠭᠡᠶᠢᠯᠡᠨ ᠡᠵᠡᠮᠳᠡᠬᠦ ᠠᠷᠭ᠎ᠠ ᠭᠡᠮᠵᠢᠶ᠎ᠠ ᠠᠪᠴᠤ᠂ ︽ᠤᠨᠤᠰᠢᠯᠠᠭᠰᠠᠨ ᠡᠪᠡᠳᠴᠢᠳᠡᠨ ᠦᠭᠡᠢ︾᠂ ︽ᠰᠡᠵᠢᠭᠯᠡᠯᠳᠡᠢ ᠡᠪᠡᠳᠴᠢᠳᠡᠨ ᠦᠭᠡᠢ︾ ᠪᠠᠶᠢᠬᠤ ᠰᠡᠷᠭᠡᠶᠢᠯᠡᠨ ᠡᠵᠡᠮᠳᠡᠬᠦ ᠬᠠᠷᠠᠯᠲᠠ ᠶᠢ ᠪᠡᠶᠡᠯᠡᠭᠦᠯᠵᠦ᠂ ᠬᠢᠵᠢᠭ ᠤᠨ ᠪᠠᠶᠢᠳᠠᠯ  ᠲᠠᠢ ᠳᠡᠮᠡᠴᠡᠭᠰᠡᠨ ᠱᠠᠳᠤᠴᠢ ᠴᠢᠨᠠᠷᠲᠠᠢ ᠢᠯᠠᠯᠲᠠ ᠶᠢ ᠣᠯᠤᠭᠰᠠᠨ ᠪᠠᠶᠢᠨ᠎ᠠ᠃ ᠡᠨᠡᠬᠦ ᠬᠤᠭᠤᠴᠠᠭᠠᠨ ᠳᠤ᠂ ᠪᠦᠬᠦ ᠳᠤᠭᠤᠷᠢᠭ ᠤᠨ ᠺᠠᠳ᠋ᠷ ᠤᠯᠠᠨ ᠲᠦᠮᠡᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠢᠯᠠᠩᠭᠤᠶ᠎ᠠ ᠥᠷᠭᠡᠨ ᠤᠯᠠᠨ ᠡᠮᠴᠢ ᠰᠤᠪᠢᠯᠠᠭᠴᠢ᠂ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ᠂ ᠵᠡᠭᠡᠯᠢ ᠭᠤᠳᠤᠮᠵᠢ ᠨᠡᠶᠢᠭᠡᠮ ᠲᠣᠭᠤᠷᠢᠭ ᠵᠢᠴᠢ ᠳᠠᠭᠠᠭᠠᠴᠢᠯᠠᠨ ᠬᠤᠯᠪᠣᠭᠠᠯᠠᠬᠤ ᠨᠢᠭᠡᠴᠢ ᠶᠢᠨ ᠺᠠᠳ᠋ᠷᠴᠤᠳ ᠡᠳᠦᠷ ᠰᠥᠨᠢ ᠦᠭᠡᠢ ᠡᠷᠡᠮᠡᠭᠡᠶᠢᠯᠡᠨ ᠲᠡᠮᠡᠴᠡᠵᠦ᠂ ᠬᠠᠷᠢᠭᠤᠴᠠᠯᠭ᠎ᠠ ᠪᠣᠯᠤᠨ ᠡᠭᠦᠷᠭᠡᠯᠡᠯ ᠢᠶᠠᠷ ᠢᠶᠠᠨ ᠬᠢᠵᠢᠭ ᠤᠨ ᠪᠠᠶᠢᠳᠠᠯ ᠢ ᠬᠤᠷᠢᠭᠯᠠᠨ ᠡᠵᠡᠮᠳᠡᠬᠦ ᠪᠠᠲᠤ ᠪᠠᠬᠢ ᠬᠠᠯᠬᠠᠪᠴᠢ ᠶᠢ ᠴᠣᠭᠴᠠᠯᠠᠬᠰᠠᠨ ᠪᠠᠶᠢᠨ᠎ᠠ᠂ ᠠᠳᠡ ᠲᠠᠨᠠᠷ ᠲᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕            ᠣᠳᠣᠬᠠᠨ ᠳᠤ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠪᠦᠬᠦ ᠳᠡᠯᠡᠭᠡᠢ ᠳᠤ ᠦᠷᠬᠦᠯᠵᠢᠯᠡᠨ ᠲᠠᠷᠬᠠᠵᠤ ᠪᠠᠶᠢᠨ᠎ᠠ᠂ ᠪᠢᠳᠡ ᠬᠢᠵᠢᠭ ᠤᠨ ᠪᠠᠶᠢᠳᠠᠯ ᠣᠷᠣᠵᠤ ᠢᠷᠡᠬᠦ ᠶᠢ ᠰᠡᠷᠡᠮᠵᠢᠯᠡᠬᠦ ᠪᠠ ᠰᠡᠷᠭᠡᠶᠢᠯᠡᠬᠦ ᠠᠵᠢᠯ ᠢ ᠴᠢᠩᠭᠠᠳᠬᠠᠬᠤ ᠬᠡᠷᠡᠭᠲᠡᠶ ᠮᠥᠷᠲᠡᠭᠡᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠳᠦᠯᠦᠪᠯᠡᠨ ᠰᠠᠶᠢᠲᠤᠷ ᠠᠳᠬᠤᠵᠤ᠂ ᠤᠯᠤᠰ ᠤᠨ ᠤᠶᠢᠯᠡᠳᠪᠤᠷᠢᠯᠡᠯ ᠢᠶᠠᠨ ᠰᠡᠷᠭᠦᠭᠡᠵᠦ ᠠᠵᠢᠯ ᠢᠶᠠᠨ ᠰᠡᠷᠭᠦᠭᠡᠬᠦ᠂ ᠪᠡᠯᠡ ᠣᠷᠣᠭᠤᠯᠤᠯᠲᠠ ᠪᠠᠨ ᠥᠷᠭᠡᠳᠬᠡᠬᠦ᠂ ᠬᠡᠷᠡᠭᠯᠡᠭᠡ ᠳᠤ ᠰᠡᠳᠡᠯᠲᠡ ᠥᠭᠬᠦ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠰᠠᠶᠢᠲᠤᠷ ᠡᠵᠡᠮᠳᠡᠵᠦ᠂ ᠬᠢᠵᠢᠭ ᠤᠨ ᠪᠠᠶᠢᠳᠠᠯ ᠮᠠᠨ ᠤ ᠳᠤᠭᠤᠷᠢᠭ ᠤᠨ ᠬᠥᠭᠵᠢᠯᠲᠡ ᠳᠤ ᠦᠵᠡᠭᠦᠯᠬᠦ ᠨᠥᠯᠥᠭᠡ  ᠶᠢ ᠬᠠᠮᠤᠭ ᠤᠨ ᠳᠤᠤᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠬᠤ ᠪᠠᠷ ᠴᠢᠷᠮᠠᠶᠢᠵᠤ᠂ ᠪᠦᠬᠦ ᠵᠢᠯ ᠤᠨ ᠡᠯ᠎ᠡ ᠵᠤᠶᠢᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ ᠪᠠᠶᠢᠨ᠎ᠠ᠃ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠳᠤᠭᠤᠰᠢᠯᠠᠭᠤᠯᠵᠤ᠂ ᠨᠠᠮ ᠤᠨ ᠦᠨᠳᠦᠰᠦᠨ ᠤᠨᠤᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠤᠳᠤᠯᠭ᠎ᠠ ᠶᠢ ᠡᠷᠡᠰ ᠳᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠬᠦᠯᠬᠦ ᠬᠠᠷᠠᠯᠳᠠ ᠡᠭᠦᠷᠭᠡ ᠲᠠᠢ ᠨᠢᠭᠲᠠ ᠤᠶᠠᠯᠳᠤᠭᠤᠯᠤᠨ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠨ᠂ ᠬᠥᠭᠵᠢᠯᠲᠡ ᠶᠢᠨ ᠰᠢᠨ᠎ᠡ ᠤᠶᠢᠯᠠᠭᠠᠬᠳᠠᠬᠤᠨ ᠢ ᠪᠠᠷᠢᠮᠲᠠᠯᠠᠵᠤ᠂ ᠬᠠᠩᠭᠠᠯᠭ᠎ᠠ ᠶᠢᠨ ᠳᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠤᠯ ᠰᠢᠵᠢᠮ ᠪᠣᠯᠭᠠᠬᠤ ᠶᠢ ᠪᠠᠷᠢᠮᠲᠠᠯᠠᠨ᠂ ᠦᠭᠡᠷᠡᠴᠢᠯᠡᠯᠳᠡ ᠨᠡᠭᠡᠭᠡᠯᠲᠡ ᠪᠠᠷ ᠬᠥᠳᠡᠯᠭᠡᠬᠦ ᠬᠦᠴᠦᠨ ᠪᠣᠯᠭᠠᠬᠤ ᠶᠢ ᠪᠠᠷᠢᠮᠲᠠᠯᠠᠵᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠤᠨ᠎ᠠ᠃ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠨᠡᠮᠡᠭᠳᠡᠯ ᠢ ᠳᠤᠬᠳᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠳᠣᠭᠢᠷᠠᠭᠤᠯᠬᠤ᠂ ᠠᠷᠠᠳ ᠤᠨ ᠠᠮᠢᠳᠤᠷᠠᠯ ᠢ ᠬᠠᠷᠠᠭᠠᠯᠵᠠᠬᠤ᠂ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠪᠠᠶᠢᠳᠠᠯ ᠢ ᠪᠠᠲᠤᠯᠠᠬᠤ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠠᠵᠤ ᠠᠬᠤᠶ ᠶᠢᠨ ᠡᠷᠬᠢᠯᠳᠡ ᠶᠢ ᠵᠦᠶ ᠵᠣᠬᠢᠰᠲᠠᠶ ᠣᠷᠣᠨ ᠵᠠᠶ ᠳᠤ ᠪᠠᠶᠢᠯᠭᠠᠵᠤ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠬᠦᠯᠬᠦ ᠪᠠ ︽ᠠᠷᠪᠠᠨ ᠭᠤᠷᠪᠠᠳᠤᠭᠠᠷ ᠳᠠᠪᠤᠨ︾  ᠵᠢᠯ ᠤᠨ ᠲᠥᠯᠥᠪᠵᠢᠭᠦᠯᠭᠡ ᠶᠢ ᠲᠡᠭᠦᠰ ᠠᠮᠵᠢᠯᠲᠠ ᠲᠠᠢ ᠪᠡᠶᠡᠯᠡᠬᠦᠯᠬᠦ ᠶᠢ ᠦᠨᠡᠨᠬᠦ ᠪᠠᠲᠤᠯᠠᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠵᠤ᠂ ᠬᠢᠶ᠎ᠠ ᠪᠠᠭᠰᠢ ᠶᠢ ᠨᠡᠩ ᠪᠣᠳᠠᠲᠤ ᠬᠦᠴᠤᠨ ᠲᠠᠢ᠂ ᠨᠡᠩ ᠴᠢᠨᠠᠷ ᠰᠠᠶᠢᠲᠠᠢ᠂ ᠨᠡᠩ ᠳᠤᠳᠤᠨᠤ᠂ ᠨᠡᠩ ᠠᠮᠢᠵᠢᠷᠠᠯ ᠤᠨ ᠬᠦᠴᠦᠨ ᠲᠠᠢ ᠵᠣᠯ ᠵᠢᠷᠭᠠᠯᠲᠤ ᠬᠤᠲᠠ ᠪᠣᠯᠭᠠᠨ ᠪᠠᠶᠢᠭᠤᠯᠬᠤ ᠪᠠᠷ ᠴᠢᠷᠮᠠᠶᠢᠨ᠎ᠠ᠃            ᠭᠤᠤᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠤᠶᠢᠯᠡᠳᠪᠤᠷᠢᠯᠡᠯ ᠤᠨ ᠶᠡᠷᠦᠩᠬᠡᠶ ᠥᠷᠲᠡᠭ ᠢ 5% ᠣᠷᠴᠢᠮ ᠨᠡᠮᠡᠭᠳᠡᠬᠦᠯᠵᠤ᠂ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠶᠢ 6% ᠣᠷᠴᠢᠮ ᠨᠡᠮᠡᠭᠳᠡᠬᠦᠯᠵᠤ᠂ ᠬᠤᠲᠠ ᠪᠠᠯᠭᠠᠰᠤ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠡᠵᠡᠮᠳᠡᠵᠤ ᠪᠣᠯᠬᠤ ᠣᠷᠣᠯᠭ᠎ᠠ ᠶᠢ 6% ᠣᠷᠴᠢᠮ ᠨᠡᠮᠡᠭᠳᠡᠭᠦᠯᠵᠦ᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠬᠰᠠᠳ ᠤᠨ ᠨᠣᠷᠮ᠎ᠠ ᠪᠣᠯᠤᠨ ᠪᠠᠶᠢᠴᠠᠭᠠᠭᠰᠠᠨ ᠠᠵᠢᠯ ᠠᠯᠳᠠᠬᠰᠠᠳ ᠤᠨ ᠨᠣᠷᠮ᠎ᠠ ᠶᠢ ᠲᠤᠰ ᠲᠤᠰ 4.5% ᠪᠠ 5.5% ᠣᠷᠴᠢᠮ ᠢᠶᠠᠷ ᠬᠢᠵᠠᠭᠠᠷᠯᠠᠵᠤ᠂ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠶᠢᠨ ᠥᠰᠥᠯᠲᠡ ᠶᠢ 3.5% ᠣᠷᠴᠢᠮ ᠢᠶᠠᠷ ᠨᠡᠮᠡᠭᠳᠡᠭᠦᠯᠦᠨ᠎ᠡ᠃ ᠳᠡᠭᠡᠷ᠎ᠡ ᠳᠤᠷᠠᠳᠤᠭᠰᠠᠨ ᠬᠠᠷᠠᠯᠲᠠ ᠡᠭᠦᠷᠭᠡ ᠶᠢᠨ ᠲᠣᠭᠤᠷᠢᠨ ᠳᠤ᠂ ᠳᠣᠣᠷᠠᠬᠢ ᠲᠠᠪᠤᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠲᠤᠷ ᠠᠳᠬᠤᠨ᠎ᠠ᠄            ︵ᠨᠢᠭᠡ︶ ᠠᠵᠤ ᠠᠬᠤᠶ ᠶᠢᠨ ᠨᠡᠮᠡᠭᠳᠡᠯ ᠤᠨ ᠰᠠᠭᠤᠷᠢ ᠶᠢ ᠲᠣᠭᠲᠠᠪᠤᠷᠢᠵᠢᠭᠤᠯᠤᠨ᠎ᠠ᠃ ᠨᠡᠮᠡᠭᠳᠡᠯ ᠢ ᠲᠣᠭᠲᠠᠭᠤᠨ ᠪᠠᠶᠢᠯᠭᠠᠬᠤ ᠶᠢ ᠨᠡᠩ ᠲᠤᠪᠤᠶᠢᠮ᠎ᠠ ᠪᠠᠶᠢᠷᠢᠨ ᠳᠤ ᠲᠠᠯᠪᠢᠵᠤ᠂ ᠬᠦᠴᠦᠨ ᠢᠶᠠᠨ ᠲᠦᠪᠯᠡᠷᠡᠬᠦᠯᠦᠨ ᠪᠡᠯᠡ ᠣᠷᠣᠭᠤᠯᠤᠯᠲᠠ ᠶᠢ ᠠᠳᠬᠤᠵᠤ᠂ ᠬᠡᠷᠡᠭᠯᠡᠭᠡ ᠶᠢ ᠠᠬᠢᠭᠤᠯᠤᠨ᠂ ᠠᠶᠤᠯ ᠲᠦᠭᠰᠢᠭᠦᠷᠢ ᠶᠢ ᠰᠡᠷᠭᠡᠶᠢᠯᠡᠨ᠂ ᠵᠣᠯ ᠵᠢᠷᠭᠠᠯᠲᠤ ᠬᠤᠳᠠ ᠶᠢ ᠪᠦᠳᠦᠭᠡᠨ ᠪᠠᠶᠢᠭᠤᠯᠬᠤ ᠳᠤ ᠪᠠᠲᠤ ᠪᠠᠬᠢ ᠠᠵᠤ ᠠᠬᠤᠶ ᠶᠢᠨ ᠰᠠᠭᠤᠷᠢ ᠶᠢ ᠲᠠᠯᠪᠢᠵᠤ ᠥᠭᠬᠦᠨ᠎ᠠ᠃            ᠪᠦᠲᠦᠮᠵᠢᠲᠡᠶ ᠪᠡᠯᠡ ᠣᠷᠣᠭᠤᠯᠤᠯᠲᠠ ᠶᠢ ᠬᠦᠴᠦᠯᠡᠨ ᠥᠷᠭᠡᠳᠬᠡᠨ᠎ᠡ᠃ ᠪᠦᠬᠦ ᠵᠢᠯ ᠳᠤ 67 ᠭᠤᠣᠯᠳᠠᠯᠭ᠎ᠠ ᠲᠠᠢ ᠲᠥᠷᠥᠯ ᠵᠦᠢᠯ ᠢ ᠲᠣᠬᠢᠷᠠᠭᠤᠯᠵᠤ᠂ ᠡᠭᠦᠨ ᠳᠤ 40 ᠲᠥᠷᠥᠯ ᠵᠦᠢᠯ ᠢ ᠰᠢᠨ᠎ᠡ ᠪᠠᠷ ᠪᠠᠶᠢᠭᠤᠯᠵᠤ᠂ 27ᠲᠥᠷᠥᠯ ᠵᠦᠢᠯ ᠢ ᠦᠷᠭᠦᠯᠵᠢᠯᠡᠨ ᠪᠠᠶᠢᠭᠤᠯᠤᠨ᠎ᠠ᠃ ᠲᠥᠷᠦᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ 167.87 ᠳ᠋ᠦᠩᠰᠢᠭᠤᠷ ᠲᠥᠭᠦᠷᠢᠭ᠂ ᠵᠢᠯ ᠤᠨ ᠳᠣᠲᠣᠷ᠎ᠠ 26.19 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠤᠢ᠃ ᠨᠢᠭᠡ ᠪᠦᠯᠦᠭ ᠰᠠᠭᠤᠷᠢ ᠲᠥᠬᠦᠭᠡᠷᠦᠮᠵᠢ ᠶᠢ ᠰᠢᠨᠡᠳᠬᠡᠬᠦ᠂ ᠰᠠᠭᠤᠭᠠᠯᠢ ᠠᠷᠠᠳ ᠤᠨ ᠲᠣᠭᠤᠷᠢᠭ ᠢ ᠰᠡᠯᠪᠢᠬᠦ᠂ ᠠᠮᠢ ᠠᠬᠤᠢ ᠶᠢᠨ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠳᠤᠳᠠᠭᠳᠠᠯ ᠢ ᠨᠥᠬᠦᠪᠥᠷᠢᠯᠡᠬᠦ ᠢᠨᠵᠧᠨᠧᠷᠢᠩ ᠢ ᠭᠤᠣᠯᠳᠠᠯᠭ᠎ᠠ ᠲᠠᠢ ᠬᠡᠷᠡᠭᠵᠢᠭᠦᠯᠵᠦ᠂ ᠨᠢᠭᠡ ᠪᠦᠯᠦᠭ ᠰᠣᠶᠣᠯ ᠵᠤᠭᠠᠴᠠᠯ ᠤᠨ ᠲᠥᠷᠥᠯ ᠵᠦᠢᠯ᠂ ᠲᠠᠪᠤᠨ ᠣᠳᠣᠨ ᠲᠡᠰ ᠤᠨ ᠪᠠᠭᠤᠳᠠᠯ᠂ ᠳᠡᠭᠡᠳᠤ ᠲᠡᠰ ᠤᠨ ᠣᠷᠣᠨ ᠰᠠᠭᠤᠴᠠ ᠶᠢᠨ ᠲᠣᠭᠤᠷᠢᠭ᠂ ᠬᠤᠳᠠᠯᠳᠤᠭ᠎ᠠ ᠬᠢᠬᠦ ᠠᠯᠪᠠᠯᠠᠬᠤ ᠠᠰᠠᠷ ᠵᠡᠷᠭᠡ ᠬᠥᠭᠵᠢᠯᠲᠡ ᠶᠢ ᠠᠬᠢᠭᠤᠯᠬᠤ ᠲᠥᠷᠥᠯ ᠵᠦᠢᠯ ᠢ ᠡᠬᠢᠯᠡᠭᠦᠯᠵᠦ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠥᠪ ᠵᠡᠷᠭᠡ ᠠᠷᠠᠳ ᠲᠤ ᠠᠰᠢᠭ ᠬᠦᠷᠲᠡᠭᠡᠬᠦ‍ ᠨᠢᠭᠡ ᠪᠦᠯᠦᠭ ᠲᠥᠷᠥᠯ ᠵᠦᠢᠯ ᠢ ᠪᠦᠲᠦᠭᠡᠨ ᠪᠠᠶᠢᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠᠷ ᠠᠵᠤ ᠠᠬᠤᠢ ᠨᠡᠶᠢᠭᠡᠮ ᠤᠨ ᠲᠦᠷᠭᠡᠨ ᠬᠥᠭᠵᠢᠯᠲᠡ ᠶᠢ ᠦᠨᠡᠨᠬᠦ ᠠᠬᠢᠭᠤᠯᠤᠨ᠎ᠠ᠃ ᠲᠥᠷᠥᠯ ᠵᠤᠶᠢᠯ ᠢ ᠬᠢᠨᠠᠨ ᠵᠥᠪᠰᠢᠶᠡᠷᠡᠬᠦ ᠭᠤᠭᠴᠤᠭ᠎ᠠ ᠳᠤ᠂ ᠬᠢᠨᠠᠨ ᠵᠥᠪᠰᠢᠶᠡᠷᠡᠬᠦ ᠴᠤᠪᠤᠷᠠᠯ ᠢ ᠴᠣᠮᠬᠠᠳᠬᠠᠨ ᠰᠢᠯᠢᠳᠡᠭᠵᠢᠬᠦᠯᠵᠤ᠂ ᠲᠥᠷᠥᠯ ᠵᠤᠶᠢᠯ ᠢ ᠬᠠᠮᠲᠤᠷᠠᠨ ᠬᠢᠨᠠᠵᠤ ᠬᠠᠮᠲᠤᠷᠠᠨ ᠵᠥᠪᠰᠢᠶᠡᠷᠡᠬᠦ ᠶᠢ ᠬᠡᠷᠡᠭᠵᠢᠭᠦᠯᠦᠨ᠂ ᠮᠡᠳᠡᠭᠳᠡᠬᠦ ᠠᠮᠠᠯᠠᠯᠲᠠ ᠶᠢᠨ ᠳᠦᠷᠢᠮ ᠢ ᠬᠡᠷᠡᠭᠵᠢᠭᠦᠯᠵᠦ᠂ ᠭᠤᠤᠯᠳᠠᠯᠭ᠎ᠠ ᠲᠠᠢ ᠲᠥᠷᠥᠯ ᠵᠤᠶᠢᠯ ᠢ ᠬᠢᠨᠠᠨ ᠵᠦᠪᠰᠢᠶᠡᠷᠡᠬᠦ ᠳᠤ ᠠᠩᠬ᠎ᠠ ᠤᠳᠠᠭ᠎ᠠ ᠬᠠᠷᠢᠭᠤᠴᠠᠯᠭ᠎ᠠ ᠡᠭᠦᠷᠭᠡᠯᠡᠬᠦ᠂ ᠴᠠᠭ ᠬᠢᠵᠠᠭᠠᠷᠯᠠᠨ ᠬᠦᠢᠴᠡᠳᠭᠡᠵᠤ ᠳᠠᠭᠤᠰᠬᠠᠬᠤ᠂ ᠪᠦᠬᠦ ᠶᠠᠪᠤᠴᠠ ᠳᠤ ᠣᠷᠣᠯᠠᠨ ᠬᠦᠢᠴᠡᠳᠭᠡᠬᠦ ᠶᠢ ᠪᠡᠶᠡᠯᠡᠭᠦᠯᠤᠨ᠎ᠠ᠃ ᠲᠥᠷᠥᠯ ᠵᠤᠶᠢᠯ ᠢ ᠠᠬᠢᠭᠤᠯᠬᠤ ᠶᠠᠪᠤᠴᠠ ᠳᠤ᠂ ᠭᠤᠤᠯᠳᠠᠯᠭ᠎ᠠ ᠲᠠᠢ ᠲᠥᠷᠥᠯ ᠵᠤᠶᠢᠯ ᠢ ᠳᠠᠭᠠᠭᠠᠴᠢᠯᠠᠨ ᠬᠤᠯᠪᠤᠭᠠᠯᠠᠬᠤ ᠬᠠᠷᠢᠭᠤᠴᠠᠯᠭ᠎ᠠ ᠶᠢᠨ ᠳᠦᠷᠢᠮ ᠢ ᠭᠦᠨᠵᠡᠭᠡᠶᠢᠷᠡᠭᠦᠯᠵᠦ᠂ ᠭᠠᠷᠠᠭ  ᠲᠤ ᠨᠢᠭᠡ ᠤᠳᠠᠭ᠎ᠠ ᠲᠣᠬᠢᠷᠠᠭᠤᠯᠬᠤ ᠠᠵᠢᠯ ᠤᠨ ᠲᠣᠭᠲᠠᠴᠠ ᠶᠢ ᠭᠡᠷᠡᠭᠵᠢᠬᠦᠯᠵᠤ᠂ ᠰᠠᠨᠠᠭᠠᠴᠢᠯᠠᠭ᠎ᠠ ᠠᠴᠠ ᠪᠠᠨ ᠵᠣᠯᠭᠠᠭᠤᠯᠬᠤ᠂ ᠤᠷᠢᠳᠴᠢᠯᠠᠨ ᠤᠶᠢᠯᠡᠴᠢᠯᠡᠬᠦ ᠪᠠᠷ ᠳᠠᠮᠵᠢᠨ᠂ ᠭᠤᠤᠯᠳᠠᠯᠭ᠎ᠠ ᠲᠠᠢ ᠲᠥᠷᠥᠯ ᠵᠤᠶᠢᠯ ᠢ ᠡᠷᠲᠡᠬᠡᠨ ᠠᠵᠢᠯ ᠡᠬᠢᠯᠡᠭᠦᠯᠵᠦ᠂ ᠡᠷᠲᠡ ᠪᠦᠳᠤᠭᠡᠨ ᠪᠠᠶᠢᠭᠤᠯᠬᠤ ᠶᠢ ᠦᠨᠡᠨᠬᠦ ᠪᠠᠳᠤᠯᠠᠨ᠎ᠠ᠃            ᠭᠡᠷᠡᠭᠯᠡᠭᠡ ᠬᠢᠬᠦ ᠬᠢᠷᠢ ᠲᠦᠪᠰᠢᠨ ᠢ ᠲᠦᠷᠭᠡᠪᠴᠢᠯᠡᠨ ᠳᠡᠭᠡᠭᠰᠢᠯᠡᠭᠦᠯᠦᠨ᠎ᠡ᠃ ᠭᠡᠷᠡᠭᠯᠡᠭᠡ ᠶᠢ ᠡᠭᠡᠭᠦᠯᠦᠨ ᠨᠥᠬᠦᠪᠥᠷᠢᠯᠡᠬᠦ ᠪᠠ ᠳᠠᠯᠳᠠ ᠬᠦᠴᠦᠨ ᠢ ᠪᠠᠳᠠᠷᠠᠭᠤᠯᠬᠤ ᠶᠢ ᠢᠳᠡᠪᠬᠢᠲᠡᠶ ᠪᠠᠷ ᠠᠬᠢᠭᠤᠯᠵᠤ᠂ ᠬᠢᠵᠢᠭ ᠤᠨ ᠪᠠᠶᠢᠳᠠᠯ ᠠᠴᠠ ᠪᠣᠯᠤᠭᠰᠠᠨ ᠨᠠᠵᠠᠭᠠᠶ ᠲᠠᠯ᠎ᠠ ᠶᠢᠨ ᠨᠥᠯᠥᠭᠡ ᠶᠢ ᠳᠠᠷᠤᠵᠤ᠂ ᠵᠠᠬ᠎ᠠ ᠳᠡᠯᠭᠡᠭᠦᠷ ᠤᠨ ᠢᠲᠡᠭᠡᠯ ᠵᠣᠷᠢᠭ ᠢ ᠬᠥᠪᠴᠢᠯᠡᠨ᠂ ᠭᠡᠷᠡᠭᠯᠡᠭᠡ ᠬᠢᠬᠦ ᠬᠡᠷᠡᠭᠴᠡᠭᠡ ᠱᠠᠭᠠᠷᠳᠠᠯᠭ᠎ᠠ ᠶᠢ ᠦᠷᠭᠡᠳᠭᠡᠵᠤ᠂ ᠤᠶᠢᠯᠡᠴᠢᠯᠡᠭᠡᠨ ᠤ ᠤᠶᠢᠯᠡᠰ ᠤᠨ ᠨᠡᠩ ᠰᠠᠶᠢᠨ ᠨᠡᠩ ᠲᠦᠷᠭᠡᠨ ᠬᠥᠭᠵᠢᠬᠦ ᠶᠢ ᠳᠡᠮᠵᠢᠨ᠎ᠠ᠃ ᠠᠷᠠᠳ ᠲᠤ ᠠᠰᠢᠭ ᠬᠦᠷᠲᠡᠭᠡᠬᠦ 1000 ᠲᠦᠮᠡᠨ ᠲᠥᠭᠦᠷᠢᠭ ᠤᠨ ᠡᠯᠧᠺᠲᠷᠣᠨ ᠬᠡᠷᠡᠭᠯᠡᠭᠡᠨ ᠤ ᠲᠡᠮᠳᠡᠭᠲᠦ ᠶᠢ ᠭᠡᠷᠡᠭᠵᠢᠬᠦᠯᠵᠤ᠂ ᠬᠤᠲᠠ ᠶᠢᠨ ᠠᠷᠠᠳ ᠤᠨ ᠵᠣᠷᠢᠭᠲᠠᠶ ᠪᠠᠷ ᠬᠡᠷᠡᠭᠯᠡᠭᠡ ᠬᠢᠬᠦ᠂ ᠰᠠᠨᠠᠭ᠎ᠠ ᠠᠮᠤᠷ ᠬᠡᠷᠡᠭᠯᠡᠭᠡ ᠬᠢᠬᠦ ᠶᠢ ᠵᠤᠷᠢᠬᠵᠢᠭᠤᠯᠤᠨ᠎ᠠ᠃ ᠳᠤᠤᠷᠠᠳᠤ ᠲᠡᠰ ᠠᠴᠠ ᠳᠡᠭᠡᠳᠤ ᠳᠡᠰ ᠬᠦᠷᠳᠡᠯ᠎ᠡ ᠱᠠᠳᠤᠯᠠᠨ ᠬᠥᠭᠵᠢᠭᠰᠡᠨ ᠪᠠᠭᠤᠳᠠᠯ ᠤᠨ ᠬᠦᠯᠢᠶᠡᠨ ᠠᠪᠬᠤ ᠰᠢᠰᠲ᠋ᠧᠮ ᠢ ᠪᠠᠶᠢᠭᠤᠯᠵᠤ᠂ ᠤᠯᠠᠭᠠᠨ᠂ ᠮᠠᠨ ᠱᠢ ᠵᠡᠷᠭᠡ ᠲᠠᠪᠤᠨ ᠤᠳᠤᠨ ᠲᠡᠰ ᠤᠨ ᠪᠠᠭᠤᠳᠠᠯ ᠢ ᠰᠠᠭᠤᠷᠢᠰᠢᠭᠤᠯᠵᠤ᠂ ᠳ᠋ᠢᠩ ᠱᠧᠩ᠂ ᠲᠠᠢ ᠬᠤᠸᠠ ᠰᠢ ᠡᠯ ᠳ᠋ᠦᠨ ᠪᠠ ᠲᠠᠯ᠎ᠠ ᠨᠤᠳᠤᠭ ᠤᠨ ᠲᠤᠷᠭᠠᠨ ᠵᠠᠮ ᠤᠨ ᠬᠢᠶ᠎ᠠ ᠪᠠᠯᠭᠠᠰᠤᠨ ᠤ ᠠᠷᠠᠳ ᠤᠨ ᠤᠷᠤᠨ ᠰᠠᠭᠤᠴᠠ ᠵᠡᠷᠭᠡ ᠶᠢ ᠰᠢᠨ᠎ᠡ ᠪᠠᠷ ᠪᠠᠶᠢᠭᠤᠯᠵᠤ᠂ ᠬᠤᠤ ᠮᠧᠨ ᠱᠧᠩ ᠶᠠᠨ᠂ ᠶᠢᠨ ᠴᠧᠨ ᠪᠠᠭᠤᠳᠠᠯ᠂ ᠨᠠᠭᠤᠷ ᠤᠨ ᠬᠥᠪᠡᠭᠡᠨ ᠳᠠᠬᠢ ᠰᠣᠳᠣᠨ ᠪᠠᠭᠤᠳᠠᠯ ᠵᠡᠷᠭᠡ ᠥᠨᠳᠥᠷ ᠲᠡᠰ ᠤᠨ ᠪᠠᠭᠤᠳᠠᠯ ᠢ ᠠᠰᠢᠬᠯᠠᠯᠳᠠ ᠳᠤ ᠤᠷᠤᠭᠤᠯᠤᠨ᠂ ᠪᠠᠭᠤᠳᠠᠯ ᠤᠨ ᠬᠦᠯᠢᠶᠡᠨ ᠠᠪᠬᠤ ᠴᠢᠳᠠᠪᠤᠷᠢ ᠪᠣᠯᠤᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠢᠳᠡᠭᠡᠨ ᠤᠮᠳᠠᠭᠠᠨ ᠤ ᠠᠵᠢᠯ ᠲᠥᠷᠥᠯ ᠤᠨ ᠤᠯᠠᠮᠵᠢᠯᠠᠯᠳᠤ ᠢᠳᠡᠭᠡᠨ ᠢ ᠳᠡᠯᠭᠡᠷᠡᠬᠦᠯᠤᠨ ᠰᠢᠨ᠎ᠠ ᠢᠳᠡᠭᠡᠨ ᠢ ᠬᠦᠭᠵᠢᠬᠦᠯᠬᠦ ᠶᠢ ᠵᠤᠷᠢᠬᠵᠢᠭᠤᠯᠵᠤ᠂ ᠨᠠᠩ ᠣᠯᠠᠨ ᠭᠤᠤᠯ ᠰᠡᠳᠦᠪᠲᠦ ᠬᠤᠭᠤᠯᠠᠨ ᠭᠡᠷ᠂ ᠰᠦᠯᠵᠢᠶᠡᠨ ᠳᠡᠭᠡᠷᠡᠬᠢ ᠠᠮᠳᠠᠳᠤ ᠢᠳᠡᠭᠡᠨ ᠪᠠ ᠨᠡᠷᠡᠲᠦ ᠳᠡᠮᠳᠡᠭᠳᠤ ᠶᠢᠨ ᠬᠤᠯᠪᠣᠭᠠᠲᠤ ᠳᠡᠯᠭᠡᠭᠦᠷ ᠢ ᠪᠤᠶᠢᠵᠢᠭᠤᠯᠵᠤ᠂ ᠠᠮᠲᠠᠲᠤ ᠢᠳᠡᠭᠡᠨ ᠤ ᠠᠵᠤ ᠠᠬᠤᠢ ᠶᠢᠨ ᠬᠥᠭᠵᠢᠯᠲᠡ ᠶᠢ ᠠᠬᠢᠭᠤᠯᠤᠨ᠎ᠠ᠃ ᠬᠥᠮᠥᠷᠭᠡᠯᠡᠨ ᠬᠠᠳᠠᠭᠠᠯᠠᠬᠤ ᠬᠡᠯᠪᠡᠷᠢ ᠶᠢᠨ ᠴᠢᠯᠦᠭᠡᠳᠤ ᠳᠡᠯᠭᠡᠭᠦᠷ ᠪᠠ ᠨᠡᠷᠡᠲᠦ ᠲᠡᠮᠳᠡᠭᠲᠦ ᠶᠢᠨ ᠬᠡᠯᠬᠢᠶᠡᠵᠢᠭᠰᠡᠨ ᠴᠢᠯᠦᠭᠡᠳᠤ ᠳᠡᠯᠭᠡᠭᠦᠷ ᠢ ᠬᠦᠴᠦᠯᠡᠨ ᠣᠷᠣᠭᠤᠯᠵᠤ ᠢᠷᠡᠨ᠂ ᠨᠡᠶᠢᠭᠡᠮ ᠲᠣᠭᠤᠷᠢᠭ ᠤᠨ ᠬᠤᠳᠠᠯᠳᠤᠭᠠᠨ ᠤ ᠬᠡᠯᠪᠡᠷᠢ ᠪᠠᠶᠢᠳᠠᠯ ᠪᠠ ᠪᠠᠶᠢᠷᠢᠯᠠᠭᠤᠯᠤᠯᠳᠠ ᠶᠢ ᠰᠢᠯᠢᠳᠡᠭᠵᠢᠭᠦᠯᠵᠦ᠂ ᠰᠠᠭᠤᠭᠠᠯᠢ ᠠᠷᠠᠳ ᠤᠨ 5 ᠮᠢᠨᠦ᠋ᠲ ᠤᠨ ᠳᠥᠭᠦᠮ ᠳᠥᠲᠡ ᠬᠡᠷᠡᠭᠯᠡᠭᠡᠨ ᠤ ᠭᠡᠪᠴᠢᠶᠡᠵᠢᠯ ᠢ ᠪᠦᠷᠢᠯᠳᠦᠬᠦᠯᠤᠨ᠎ᠠ᠃ ᠬᠤ᠋ ᠨᠧᠩ ᠠᠭᠤᠳᠠᠮ ᠲᠠᠯᠠᠪᠠᠢ᠂ ᠮᠧᠩ ᠰᠢᠨ ᠠᠭᠤᠳᠠᠮ ᠲᠠᠯᠠᠪᠠᠢ᠂ ᠱᠧᠨ ᠬᠤᠸᠠ ᠺᠠᠩ ᠴᠧᠩ ᠶᠠᠪᠠᠭᠠᠨ ᠵᠡᠭᠡᠯᠢ ᠵᠡᠷᠭᠡ ᠣᠷᠣᠨ ᠳᠤᠭᠤᠷᠢᠭ  ᠤᠨ ᠣᠶᠤᠨᠴᠢ ᠬᠤᠳᠠᠯᠳᠤᠭᠠᠨ ᠤ ᠵᠡᠭᠡᠯᠢ ᠪᠠᠶᠢᠭᠤᠯᠬᠤ ᠶᠢ ᠳᠠᠮᠵᠢᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠭᠤᠰᠤᠯᠴᠠᠨ ᠬᠥᠭᠵᠢᠬᠦ ᠶᠢ ᠪᠡᠶᠡᠯᠡᠭᠦᠯᠦᠨ᠎ᠡ᠃ ᠰᠥᠨᠢ ᠶᠢᠨ ᠠᠵᠤ ᠠᠬᠤᠶ ᠶᠢ ᠬᠦᠴᠦᠯᠡᠨ ᠬᠥᠭᠵᠢᠭᠦᠯᠵᠦ᠂ ᠬᠤᠲᠠ ᠶᠢᠨ ᠲᠡᠩᠭᠡᠯᠢᠭ ᠱᠤᠭᠤᠮ᠂ ᠲᠠᠯ᠎ᠠ ᠨᠤᠲᠤᠭ ᠤᠨ ᠲᠣᠷᠭᠠᠨ ᠵᠠᠮ ᠤᠨ ᠺᠠᠩ ᠵᠧᠨ᠂ ᠪᠠᠶᠠᠰᠤᠯᠳᠤ ᠬᠢᠶ᠎ᠡ ᠪᠠᠭᠠᠷ ᠵᠡᠷᠭᠡ ᠬᠡᠰᠡᠭ ᠳᠤᠭᠤᠷᠢᠭ ᠲᠤ ︽ᠰᠥᠨᠢ ᠥᠬᠡᠶ ᠵᠡᠭᠡᠯᠢ︾ ᠶᠢ ᠪᠠᠶᠢᠭᠤᠯᠵᠤ᠂ ᠨᠠᠩ ᠣᠯᠠᠨ ᠰᠥᠨᠢ ᠶᠢᠨ ᠭᠡᠷᠡᠭᠯᠡᠭᠡ ᠬᠢᠬᠦ ︽ᠰᠣᠶᠣᠯ ᠤᠨ IP︾ ᠪᠠ ︽ᠰᠦᠯᠵᠢᠶᠡᠨ ᠤ ᠠᠯᠳᠠᠷᠰᠢᠯ︾ ᠤᠨ ᠭᠠᠵᠠᠷ ᠢ ᠭᠠᠷᠭᠠᠵᠤ᠂ ᠰᠥᠨᠢ ᠶᠢᠨ ᠠᠵᠤ ᠠᠬᠤᠶ ᠶᠢ ᠦᠨᠡᠨ ᠬᠦ ᠴᠡᠴᠡᠭᠯᠡᠭᠦᠯᠦᠨ ᠬᠥᠭᠵᠢᠭᠦᠯᠦᠨ᠎ᠡ᠃            ᠬᠦᠨᠳᠦ ᠶᠡᠭᠡ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠨ᠎ᠡ᠃ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠡᠷᠴᠢᠮ ᠢ ᠴᠢᠩᠭᠠᠷᠠᠭᠤᠯᠵᠤ᠂ ᠥᠷᠢᠲᠦᠵᠦ ᠪᠠᠶᠢᠭ᠎ᠠ ᠭᠠᠶᠢᠯᠢ ᠰᠤᠶᠢᠳᠭᠡᠯ ᠢ ᠢᠯᠭᠠᠷᠠᠭᠤᠯᠬᠤ᠂ ᠠᠪᠴᠠᠭ᠎ᠠ ᠶᠢ ᠢᠯᠭᠠᠷᠠᠭᠤᠯᠵᠤ ᠬᠤᠷᠢᠶᠠᠬᠤ᠂ ᠡᠳ᠋ ᠬᠦᠷᠦᠩᠭᠡ ᠶᠢ ᠰᠢᠢᠳᠪᠤᠷᠢᠯᠡᠬᠦ ᠂ ᠥᠷᠢ ᠥᠭᠴᠡᠭᠡ ᠶᠢ ᠲᠠᠬᠢᠨ ᠵᠣᠬᠢᠶᠠᠨ ᠪᠠᠶᠢᠭᠤᠯᠬᠤ᠂ ᠣᠨᠴᠠ ᠵᠥᠪᠰᠢᠶᠡᠷᠡᠭᠰᠡᠨ ᠡᠵᠡᠩᠨᠡᠯᠲᠡ ᠶᠢᠨ ᠡᠷᠬᠡ ᠶᠢ ᠰᠢᠯᠵᠢᠬᠦᠯᠤᠨ ᠥᠭᠬᠦ ᠵᠡᠷᠭᠡ ᠥᠷᠢ ᠥᠭᠴᠡᠭᠡ ᠶᠢ ᠠᠷᠢᠯᠭᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠦᠬᠦ ᠵᠢᠯ ᠳᠤ ᠵᠠᠰᠠᠭ ᠤᠨ ᠣᠷᠳᠣᠨ ᠤ ᠲᠠᠯᠳᠠ ᠴᠢᠨᠠᠷᠲᠠᠶ ᠥᠷᠢ ᠥᠭᠴᠡᠭᠡ ᠶᠢ 7.61 ᠳ᠋ᠦᠩᠰᠢᠭᠤᠷ ᠲᠥᠭᠦᠷᠢᠭ ᠠᠷᠢᠯᠭᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠠ ᠳᠤᠮᠳᠠ ᠪᠠᠭ᠎ᠠ ᠠᠵᠤ ᠠᠬᠤᠶᠢᠯᠠᠯ ᠤᠨ ᠰᠠᠨᠠᠯ ᠵᠥᠷᠢᠯᠳᠦᠭᠡᠨ ᠦᠭᠡᠢ ᠦᠷᠢᠳᠦᠭᠰᠡᠨ ᠵᠣᠭᠤᠰ ᠢ 2.21 ᠳ᠋ᠦᠩᠰᠢᠭᠤᠷ ᠲᠥᠭᠦᠷᠢᠭ ᠲᠦᠯᠦᠵᠤ ᠳᠠᠭᠤᠰᠬᠠᠨ᠎ᠠ᠃ ᠮᠥᠩᠭᠦᠨ ᠬᠦᠢᠯᠭᠡᠭᠡᠨ ᠤ ᠪᠠᠶᠢᠭᠤᠯᠤᠮᠵᠢ  ᠲᠠᠢ ᠵᠣᠬᠢᠴᠠᠭᠤᠯᠤᠨ ᠬᠠᠷᠢᠯᠴᠠᠵᠤ᠂ ᠵᠢᠭᠡᠯᠡᠯᠭᠡ ᠶᠢᠨ ᠬᠦᠦ ᠮᠥᠩᠭᠦ ᠶᠢ ᠠᠯᠬᠤᠮ ᠠᠯᠬᠤᠮ ᠢᠶᠠᠷ ᠪᠠᠭᠤᠷᠠᠭᠤᠯᠵᠤ᠂ ᠵᠢᠭᠡᠯᠡᠯᠭᠡ ᠪᠤᠴᠠᠭᠠᠬᠤ ᠲᠥᠯᠥᠪᠯᠡᠭᠡ ᠶᠢ ᠡᠮᠬᠢ ᠵᠢᠷᠤᠮ ᠲᠠᠢ ᠪᠠᠷ ᠳᠤᠬᠢᠷᠠᠭᠤᠯᠤᠨ᠂ ᠡᠬᠡ ᠮᠦᠩᠬᠦ ᠪᠠ ᠬᠦᠦ ᠮᠦᠩᠬᠦ ᠲᠠᠢ ᠨᠢ ᠪᠤᠴᠠᠭᠠᠬᠤ ᠳᠠᠷᠤᠯᠲᠠ ᠶᠢ ᠦᠨᠡᠨᠬᠦ ᠬᠥᠩᠭᠡᠷᠡᠭᠦᠯᠤᠨ᠎ᠠ᠃ ᠬᠢᠵᠢᠭ ᠤᠨ ᠪᠠᠶᠢᠳᠠᠯ ᠢ ᠥᠩᠭᠡᠷᠡᠭᠡᠭᠰᠡᠨ ᠤ ᠳᠠᠷᠠᠭᠠᠬᠢ ᠤᠯᠤᠰ ᠤᠨ ᠳᠣᠲᠣᠭᠠᠳᠤ ᠳᠠᠬᠢ ᠬᠡᠷᠡᠭᠴᠡᠭᠡ ᠪᠠᠨ ᠥᠷᠭᠡᠳᠬᠡᠬᠦ᠂ ᠰᠢᠨ᠎ᠡ ᠬᠡᠯᠪᠡᠷᠢ ᠶᠢᠨ ᠰᠠᠭᠤᠷᠢ ᠳᠦᠬᠦᠭᠡᠷᠤᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠵᠡᠷᠭᠡ ᠲᠥᠷᠥ  ᠶᠢᠨ ᠪᠣᠳᠣᠯᠭ᠎ᠠ ᠶᠢᠨ ᠠᠵᠠ ᠲᠣᠬᠢᠶᠠᠯ ᠢ ᠡᠵᠡᠮᠳᠡᠨ᠂ ᠲᠥᠪ ᠤᠨ ᠭᠤᠤᠯᠳᠠᠯᠭ᠎ᠠ ᠲᠠᠢ ᠲᠥᠷᠥᠯ ᠵᠤᠶᠢᠯ ᠤᠨ ᠪᠡᠯᠡ ᠣᠷᠣᠭᠤᠯᠤᠯᠲᠠ ᠶᠢᠨ ᠲᠥᠯᠥᠪᠯᠡᠭᠡ ᠪᠣᠯᠤᠨ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ ᠵᠤᠶᠢᠯ ᠤᠨ ᠵᠢᠭᠡᠯᠡᠯᠭᠡ ᠶᠢᠨ ᠲᠡᠮᠳᠡᠭᠲᠦ ᠶᠢ ᠴᠢᠩᠭ᠎ᠠ ᠠᠩᠬᠠᠷᠴᠤ᠂ ᠭᠤᠤᠯᠳᠠᠯᠭ᠎ᠠ ᠲᠠᠢ ᠲᠥᠷᠥᠯ ᠵᠤᠶᠢᠯ ᠤᠨ ᠡᠮᠦᠨᠡᠬᠢ ᠬᠤᠭᠤᠴᠠᠭᠠᠨ ᠤ ᠠᠵᠢᠯ ᠢ ᠱᠠᠯᠠᠪᠳᠠᠨ ᠰᠠᠶᠢᠲᠤᠷ ᠬᠢᠵᠦ᠂ ᠳᠡᠭᠡᠳᠤ ᠱᠠᠲᠤᠨ ᠤ ᠡᠯ᠎ᠡ ᠲᠥᠷᠥᠯ ᠤᠨ ᠪᠡᠯᠡ ᠮᠥᠩᠭᠦ ᠶᠢ ᠢᠳᠡᠪᠬᠢᠳᠡᠢ ᠪᠠᠷ ᠴᠢᠷᠮᠠᠶᠢᠨ ᠤᠯᠤᠨ᠎ᠠ᠃ ᠡᠩ ᠤᠨ ᠴᠢᠨᠠᠷᠲᠠᠶ ᠵᠠᠷᠤᠯᠭ᠎ᠠ ᠪᠠ ︽ᠠᠯᠪᠠᠨ ᠤ ᠭᠤᠷᠪᠠᠨ ᠵᠠᠷᠤᠳᠠᠯ︾ ᠤᠨ ᠵᠠᠷᠤᠯᠭ᠎ᠠ ᠶᠢ ᠦᠷᠭᠦᠯᠵᠢᠯᠡᠨ  ᠪᠠᠭᠠᠰᠬᠠᠵᠤ᠂ ᠲᠥᠰᠦᠪ ᠢ ᠬᠦᠢᠴᠡᠳᠭᠡᠬᠦ ᠬᠠᠮᠢᠶᠠᠷᠤᠯᠲᠠ ᠶᠢ ᠴᠢᠩᠳᠠᠯᠠᠵᠤ᠂ ᠦᠯᠡᠳᠡᠵᠤ ᠪᠠᠶᠢᠭ᠎ᠠ ᠪᠡᠯᠡ ᠮᠥᠩᠭᠦ ᠪᠠ ᠳᠠᠷᠤᠬᠳᠠᠮᠠᠯ ᠪᠡᠯᠡ ᠮᠥᠩᠭᠦ ᠶᠢ ᠪᠦᠲᠦᠮᠵᠢᠲᠡᠶ ᠠᠮᠢᠳᠤᠯᠢᠭ ᠪᠣᠯᠭᠠᠨ᠎ᠠ᠃            ︵ᠬᠤᠶᠠᠷ︶ ᠠᠵᠤ ᠤᠶᠢᠯᠡᠰ ᠤᠨ ᠥᠷᠢᠰᠦᠯᠳᠦᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠰᠢᠯᠢᠳᠡᠭᠵᠢᠭᠦᠯᠦᠨ ᠨᠠᠷᠢᠯᠢᠬᠵᠢᠭᠤᠯᠵᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠤᠯᠠᠨ ᠱᠠᠳᠤ ᠪᠠᠷ ᠲᠤᠯᠭᠠᠭᠤᠷᠢᠯᠠᠭᠰᠠᠨ᠂ ᠤᠯᠠᠨ ᠡᠰᠢᠴᠢᠯᠡᠨ ᠬᠥᠭᠵᠢᠭᠰᠡᠨ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠵᠣᠯ ᠵᠢᠷᠭᠠᠯᠲᠤ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢᠨ ᠳᠠᠭᠠᠭᠠᠮᠠᠭᠠᠢ ᠬᠥᠳᠡᠯᠭᠡᠬᠦ ᠬᠦᠴᠦᠨ ᠢ ᠨᠢᠭᠲᠠᠷᠠᠭᠤᠯᠤᠨ᠎ᠠ᠃            ᠰᠣᠶᠣᠯ ᠵᠤᠭᠠᠴᠠᠯ ᠤᠨ ᠬᠥᠭᠵᠢᠯᠲᠡ ᠶᠢᠨ ᠬᠢᠷᠢ ᠲᠦᠪᠰᠢᠨ ᠢ ᠴᠢᠩᠭᠠᠳᠬᠠᠨ᠎ᠠ᠃ ᠵᠤᠭᠠᠴᠠᠯ ᠬᠢᠭᠡᠳ ᠰᠣᠶᠣᠯ᠂ ᠬᠤᠲᠠ ᠶᠢᠨ ᠴᠢᠳᠠᠮᠵᠢ ᠬᠢᠭᠡᠳ ᠵᠤᠭᠠᠴᠠᠯ ᠤᠨ ᠴᠢᠳᠠᠮᠵᠢ ᠶᠢᠨ ᠭᠦᠨᠵᠡᠭᠡᠶ ᠠᠭᠤᠰᠤᠯᠴᠠᠯ ᠢ ᠠᠬᠢᠭᠤᠯᠵᠤ᠂ ᠣᠷᠳᠣᠰ ᠤᠨ ᠵᠤᠭᠠᠴᠠᠯ ᠤᠨ ᠤᠶᠢᠯᠡᠴᠢᠯᠡᠭᠡᠨ ᠤ ᠲᠥᠪ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠤᠯᠤᠰ ᠠᠴᠠ ᠪᠦᠬᠦ ᠣᠷᠣᠨ ᠪᠦᠰᠡ ᠶᠢᠨ ᠵᠤᠭᠠᠴᠠᠯ ᠤᠨ ᠵᠢᠱᠢᠶ᠎ᠡ ᠦᠵᠡᠭᠦᠯᠬᠦ ᠣᠷᠣᠨ ᠢ ᠦᠷᠬᠦᠯᠵᠢᠯᠡᠨ ᠡᠭᠦᠳᠦᠨ ᠪᠠᠶᠢᠭᠤᠯᠤᠨ᠎ᠠ᠃ ᠰᠣᠶᠣᠯ ᠵᠤᠭᠠᠴᠠᠯ ᠤᠨ ᠠᠭᠤᠯᠭ᠎ᠠ ᠪᠠᠨ ᠪᠠᠶᠠᠯᠢᠬᠵᠢᠭᠤᠯᠵᠤ᠂ ︽ᠤᠷᠳᠤᠰ ᠤᠨ ᠡᠮᠦᠨᠡᠲᠦ ᠬᠡᠰᠡᠭ ᠤᠨ ᠳᠡᠭᠡᠳᠤ ᠬᠤᠳᠠ︾ ᠡᠷᠳᠡᠨ ᠤ ᠮᠠᠶ᠋ᠢᠭ ᠤᠨ ᠣᠷᠣᠨ ᠰᠠᠭᠤᠴᠠ ᠶᠢᠨ ᠵᠠᠩ ᠦᠢᠯᠡ ᠶᠢᠨ ᠬᠦᠷᠢᠶᠡᠯᠡᠩ᠂ ᠬᠡᠷᠡᠮᠦ ᠶᠢᠨ ᠴᠡᠩᠭᠡᠯ ᠤᠨ ᠬᠦᠷᠢᠶᠡᠯᠡᠩ᠂ ᠬᠤᠲᠠ ᠶᠢᠨ ᠰᠤᠳᠤᠯᠭ᠎ᠠ ᠰᠢᠨᠵᠢᠯᠡᠭᠡᠨ ᠤ ᠰᠠᠭᠤᠷᠢᠨ ᠭᠠᠵᠠᠷ ᠵᠢᠴᠢ ᠭᠡᠷᠳᠤ ᠲᠡᠷᠭᠡ ᠶᠢᠨ ᠰᠠᠭᠤᠷᠢᠨ ᠭᠠᠵᠠᠷ᠂ ᠪᠸᠢ ᠯᠢᠨ ᠪᠠᠶᠢᠭᠠᠯᠢ ᠶᠢᠨ ᠮᠦᠽᠧᠢ᠂ ᠺᠣᠣ ᠺᠣᠣ ᠱᠢ ᠨᠠ ᠶᠢᠨ ᠲᠠᠮᠢᠷ ᠤᠨ ᠬᠥᠳᠡᠯᠭᠡᠭᠡᠨ ᠰᠡᠯᠡᠭᠦᠴᠡᠯ ᠤᠨ ᠪᠠᠯᠭᠠᠰᠤ ᠵᠡᠷᠭᠡ ᠰᠣᠶᠣᠯ ᠵᠤᠭᠠᠴᠠᠯ ᠤᠨ ᠲᠥᠷᠥᠯ ᠵᠦᠢᠯ ᠢ ᠭᠡᠷᠡᠭᠵᠢᠬᠦᠯᠵᠤ᠂ ᠪᠦᠬᠦ ᠬᠤᠲᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠦᠵᠡᠰᠬᠦᠯᠡᠩ ᠤᠨ ᠣᠷᠳᠣᠨ ᠢ ᠳᠠᠬᠢᠨ ᠳᠤᠬᠢᠷᠠᠭᠤᠯᠬᠤ ᠶᠢᠨ ᠬᠠᠮᠲᠤ ᠨᠡᠭᠡᠭᠡᠯᠳᠡ ᠬᠢᠯᠭᠡᠨ᠎ᠠ᠃ ᠪᠦᠬᠦ ᠬᠤᠲᠠ ᠶᠢᠨ ᠵᠤᠭᠠᠴᠠᠯ ᠤᠨ ᠬᠥᠭᠵᠢᠯᠲᠡ ᠶᠢᠨ ᠶᠡᠭᠡ ᠬᠤᠷᠠᠯ ᠵᠢᠴᠢ ᠲᠠᠯ᠎ᠠ ᠨᠤᠲᠤᠭ ᠤᠨ ᠲᠣᠷᠭᠠᠨ ᠵᠠᠮ ᠤᠨ ᠰᠤᠶᠤᠯ ᠵᠤᠭᠠᠴᠠᠯ ᠤᠨ ᠨᠠᠶᠢᠷ᠂ ᠮᠠᠨᠳᠠᠷᠠᠸ᠎ᠠ ᠴᠡᠴᠡᠭ  ᠰᠤᠨᠢᠷᠬᠠᠬᠤ ᠵᠤᠭᠠᠴᠠᠯ ᠤᠨ ᠨᠠᠶᠢᠷ᠂ ᠡᠪᠦᠯ ᠤᠨ ᠤᠯᠠᠷᠢᠯ ᠤᠨ ᠮᠥᠰᠥ ᠴᠠᠰᠤᠨ ᠤ ᠨᠠᠭᠠᠳᠤᠮ ᠵᠡᠷᠭᠡ ᠨᠡᠷᠡᠲᠦ ᠲᠡᠮᠳᠡᠭᠲᠦ ᠰᠣᠶᠣᠯ ᠤᠨ ᠠᠵᠢᠯᠯᠠᠭ᠎ᠠ ᠶᠢ ᠰᠠᠶᠢᠳᠤᠷ ᠡᠷᠬᠢᠯᠡᠵᠦ᠂ ᠨᠠᠩ ᠣᠯᠠᠨ ᠤᠨᠴᠠᠯᠢᠬᠳᠤ ᠤᠷᠠᠨ ᠰᠠᠶᠢᠬᠠᠨ ᠤ ᠲᠣᠭᠯᠠᠯᠲᠠ ᠪᠠ ᠳᠤᠷ᠎ᠠ ᠶᠢ ᠳᠠᠳᠠᠬᠰᠠᠨ ᠵᠤᠭᠠᠴᠠᠯ ᠤᠨ ᠪᠡᠶᠡᠴᠢᠯᠡᠨ ᠣᠶᠢᠯᠠᠭᠠᠬᠤ ᠠᠵᠢᠯᠯᠠᠭ᠎ᠠ ᠶᠢ ᠪᠡᠯᠡᠳᠬᠡᠵᠦ᠂ ᠳᠤᠭᠤᠷᠢᠭ ᠤᠨ ᠤᠯᠠᠭᠠᠨᠮᠥ᠋ᠴᠢᠷ ᠢ ᠪᠠᠶᠢᠭᠤᠯᠤᠨ᠎ᠠ᠃ ᠤᠶᠤᠨᠲᠤ ᠰᠣᠶᠣᠯ ᠵᠤᠭᠠᠴᠠᠯ ᠢ ᠲᠦᠷᠭᠡᠪᠴᠢᠯᠡᠨ ᠪᠠᠶᠢᠭᠤᠯᠵᠤ᠂ ᠵᠤᠭᠠᠴᠠᠯ ᠤᠨ ᠲᠥᠪᠯᠡᠷᠡᠭᠦᠯᠦᠨ ᠲᠠᠷᠬᠠᠭᠠᠬᠤ ᠪᠠ ᠤᠶᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠤᠶᠤᠨᠴᠢᠯᠠᠭᠰᠠᠨ᠂ ᠪᠠᠷᠢᠮᠵᠢᠶᠠᠵᠢᠭᠰᠠᠨ᠂ ᠬᠥᠮᠥᠡᠯᠢᠭ ᠵᠤᠭᠠᠴᠠᠯ ᠤᠨ ᠤᠶᠢᠯᠡᠴᠢᠯᠡᠭᠡᠨ ᠤ ᠵᠠᠭᠪᠤᠷ ᠢ ᠭᠠᠷᠭᠠᠨ᠎ᠠ᠃            ᠶᠡᠷᠦᠩᠬᠡᠶ ᠬᠡᠯᠲᠡᠰ ᠤᠨ ᠠᠵᠤ ᠠᠬᠤᠶ ᠶᠢᠨ ᠬᠡᠪᠴᠢᠶ᠎ᠡ ᠶᠢ ᠥᠷᠭᠡᠳᠬᠡᠨ᠎ᠡ᠃ ᠶᠡᠷᠦᠩᠬᠡᠶ ᠬᠡᠯᠲᠡᠰ ᠤᠨ ᠠᠵᠤ ᠠᠬᠤᠶ ᠶᠢ ᠬᠥᠭᠵᠢᠭᠦᠯᠬᠦ ᠶᠢ ᠮᠠᠨ ᠤ ᠳᠤᠭᠤᠷᠢᠭ ᠤᠨ ᠠᠵᠤ ᠠᠬᠤᠢ ᠶᠢᠨ ᠬᠡᠪᠴᠢᠶ᠎ᠡ ᠪᠠᠨ ᠦᠷᠭᠡᠳᠭᠡᠬᠦ᠂ ᠭᠠᠶᠢᠯᠢ ᠲᠠᠲᠠᠪᠤᠷᠢ ᠶᠢᠨ ᠣᠷᠣᠯᠭ᠎ᠠ ᠶᠢ ᠳᠡᠭᠡᠭᠰᠢᠯᠡᠭᠦᠯᠬᠦ᠂ ᠬᠤᠲᠠ ᠶᠢᠨ ᠴᠢᠳᠠᠪᠬᠢ ᠶᠢᠨ ᠳᠡᠰ ᠢ ᠳᠡᠭᠡᠭᠰᠢᠯᠡᠭᠦᠯᠬᠦ ᠴᠢᠬᠤᠯᠠ ᠪᠠᠶᠢᠯᠳᠤᠬᠤ ᠪᠣᠳᠣᠯᠭ᠎ᠠ ᠶᠢᠨ ᠰᠣᠩᠭᠤᠯᠲᠠ ᠪᠣᠯᠭᠠᠵᠤ᠂ ᠣᠷᠳᠣᠰ ᠤᠨ ᠠᠵᠤ ᠤᠶᠢᠯᠡᠰ ᠯᠦᠭᠡ ᠬᠤᠯᠪᠤᠬᠳᠠᠬᠤ ᠬᠡᠮᠵᠢᠶ᠎ᠡ ᠪᠠᠷ ᠥᠨᠳᠥᠷ᠂ ᠳᠠᠶᠢᠴᠢᠯᠠᠬᠤ ᠬᠦᠴᠦᠨ ᠢᠶᠠᠷ ᠴᠢᠩᠭ᠎ᠠ ᠲᠣᠮᠣ ᠬᠡᠯᠪᠡᠷᠢ ᠶᠢᠨ ᠠᠵᠤ ᠠᠬᠤᠶᠢᠯᠠᠯ ᠤᠨ ᠭᠠᠵᠠᠷ ᠣᠷᠣᠨ ᠤ ᠶᠡᠷᠦᠩᠬᠡᠶ ᠬᠡᠯᠲᠡᠰ ᠪᠤᠶᠤ ᠪᠣᠷᠣᠯᠠᠭᠤᠯᠭ᠎ᠠ ᠶᠢᠨ ᠰᠤᠳᠤᠯᠤᠨ ᠨᠡᠭᠡᠭᠡᠬᠦ ᠲᠥᠪ ᠢ ᠢᠳᠡᠪᠬᠢᠳᠡᠢ ᠪᠠᠷ ᠣᠷᠣᠭᠤᠯᠤᠨ ᠠᠪᠴᠢᠷᠠᠨ᠎ᠠ᠃ ᠤᠯᠤᠰ ᠤᠨ ᠡᠨᠧᠷᠭᠢ ᠶᠢᠨ ᠪᠦᠯᠦᠭᠯᠡᠯ ᠤᠨ ᠣᠷᠳᠣᠰ ᠤᠨ ᠡᠳ᠋ ᠪᠠᠷᠠᠭ᠎ᠠ ᠬᠤᠳᠠᠯᠳᠤᠨ ᠠᠪᠬᠤ ᠲᠥᠪ᠂ ᠰᠢᠨ ᠱᠦᠸᠧ ᠲᠡᠮᠦᠷ ᠵᠠᠮ ᠤᠨ ᠺᠣᠮᠫᠠᠨᠢ᠂ ᠣᠷᠳᠣᠰ ᠪᠠᠩᠬᠢ᠂ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠠᠵᠤ ᠤᠶᠢᠯᠡᠳᠪᠤᠷᠢ ᠶᠢᠨ ᠣᠷᠳᠣᠰ ᠪᠣᠷᠣᠯᠠᠭᠤᠯᠭ᠎ᠠ ᠶᠢᠨ ᠺᠣᠮᠫᠠᠨᠢ ᠵᠡᠷᠭᠡ ᠶᠡᠷᠦᠩᠬᠡᠶ ᠬᠡᠯᠲᠡᠰ ᠤᠨ ᠲᠥᠷᠥᠯ ᠵᠤᠶᠢᠯ ᠢ ᠨᠠᠶᠢᠳᠠᠪᠤᠷᠢᠵᠢᠭᠤᠯᠬᠤ ᠶᠢ ᠭᠤᠤᠯᠳᠠᠯᠭ᠎ᠠ ᠲᠠᠢ ᠠᠬᠢᠭᠤᠯᠵᠤ᠂ ᠠᠵᠤ ᠠᠬᠤᠶᠢᠯᠠᠯ ᠤᠨ ᠨᠡᠭᠦᠵᠤ ᠰᠠᠭᠤᠷᠢᠰᠢᠬᠤ ᠳᠤ ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠵᠦ ᠥᠭᠬᠦ ᠪᠠᠷ ᠴᠢᠷᠮᠠᠶᠢᠵᠤ᠂ ᠶᠡᠷᠦᠩᠬᠡᠶ ᠬᠡᠯᠲᠡᠰ ᠤᠨ ᠠᠵᠤ ᠠᠬᠤᠶ ᠯᠤᠭ᠎ᠠ ᠵᠣᠬᠢᠴᠠᠯᠳᠤᠭᠰᠠᠨ ᠬᠥᠭᠵᠢᠯᠲᠡ ᠶᠢᠨ ᠣᠷᠴᠢᠨ ᠲᠣᠭᠤᠷᠢᠨ᠂ ᠲᠥᠷᠥ ᠶᠢᠨ ᠪᠣᠳᠣᠯᠭ᠎ᠠ ᠶᠢᠨ ᠪᠣᠷᠣ ᠲᠥᠯᠥᠪ ᠪᠠ ᠲᠤᠯᠭᠠᠭᠤᠷᠢᠯᠠᠬᠤ ᠳᠤᠬᠳᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃            ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢ ᠵᠣᠬᠢᠬᠤ ᠬᠡᠮᠵᠢᠶ᠎ᠡ ᠪᠠᠷ ᠠᠬᠢᠭᠤᠯᠤᠨ᠎ᠠ᠃ ︽ᠬᠡᠷ ᠪᠠᠶᠢᠰᠢᠩ ᠪᠣᠯ ᠰᠠᠭᠤᠬᠤ ᠶᠢᠨ ᠲᠥᠯᠥᠭᠡ ᠶᠤᠮ᠂ ᠰᠠᠷᠢᠭᠠᠯᠠᠬᠤ ᠶᠢᠨ ᠲᠥᠯᠥᠭᠡ ᠪᠢᠰᠢ︾ ᠭᠡᠬᠦ ᠪᠠᠶᠢᠷᠢ ᠳᠤᠬᠳᠠᠭᠠᠯᠳᠠ ᠶᠢ ᠢᠮᠠᠭᠲᠠ ᠪᠠᠷᠢᠮᠲᠠᠯᠠᠵᠤ᠂ ᠠᠷᠠᠳ ᠣᠯᠠᠨ ᠤ ᠵᠦᠶ ᠵᠣᠬᠢᠰᠲᠠᠶ ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠰᠢᠨ᠎ᠡ ᠣᠷᠣᠨ ᠰᠠᠭᠤᠴᠠ ᠶᠢᠨ ᠲᠣᠭᠤᠷᠢᠭ ᠢ ᠵᠣᠬᠢᠰᠲᠠᠶ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠵᠤ᠂ ᠲᠠᠸᠠᠷ ᠤᠨ ᠣᠷᠣᠨ ᠰᠠᠭᠤᠴᠠ ᠶᠢᠨ ᠪᠦᠲᠦᠮᠵᠢᠲᠡᠶ ᠬᠠᠩᠭᠠᠯᠭ᠎ᠠ ᠶᠢ ᠨᠡᠮᠡᠭᠳᠡᠬᠦᠯᠤᠨ᠎ᠠ᠃ ᠱᠧᠨ ᠬᠤᠸᠠ ᠺᠠᠩ ᠴᠧᠩ C - 8 ᠲᠣᠭᠤᠷᠢᠭ᠂ ᠱᠦᠢ ᠠᠨ ᠬᠤᠸᠠ ᠹᠦ᠋᠂ ᠵᠧᠩ ᠳ᠋ᠡ ᠽᠢ ᠶᠢᠨ ᠹᠦ᠋ ᠶᠢᠨ ᠬᠤᠶᠠᠳᠤᠭᠠᠷ ᠬᠤᠭᠤᠴᠠᠭ᠎ᠠ᠂ ᠪᠢ ᠱᠦᠢ ᠬᠤᠸᠠ ᠶᠤᠸᠠᠨ᠂ ᠲᠠᠢ ᠰᠢᠶᠠᠩ ᠵᠢᠶᠠ ᠶᠤᠸᠠᠨ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠳᠦᠷᠭᠡᠳᠭᠡᠵᠤ᠂ ᠺᠠᠨᠭ᠌ ᠬᠤᠢ ᠶᠤᠸᠠᠨ᠂ ᠺᠠᠨᠭ᠌ ᠴᠸᠡᠭ ᠮᠢᠩ ᠶᠤᠸᠠᠨ ᠵᠡᠷᠭᠡ ᠰᠢᠨ᠎ᠡ ᠰᠠᠭᠤᠭᠠᠯᠢ ᠠᠷᠠᠳ ᠤᠨ ᠲᠤᠭᠤᠷᠢᠭ ᠤᠨ ᠨᠡᠭᠡᠭᠡᠯᠳᠡ ᠶᠢ ᠲᠦᠷᠭᠡᠳᠭᠡᠵᠤ᠂ ᠵᠢᠯ ᠤᠨ ᠳᠣᠲᠣᠷ᠎ᠠ ᠲᠠᠸᠠᠷ ᠤᠨ ᠣᠷᠣᠨ ᠰᠠᠭᠤᠴᠠ ᠶᠢᠨ ᠬᠠᠩᠭᠠᠯᠭ᠎ᠠ ᠶᠢᠨ ᠲᠠᠯᠠᠪᠠᠢ ᠶᠢ 120 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠦᠨ᠎ᠡ᠃ ᠿᠢ ᠰᠢᠩ ᠣᠯᠠᠨ ᠤᠯᠤᠰ ᠤᠨ ᠠᠯᠲᠠᠨ ᠰᠠᠭᠤᠳᠠᠯᠳᠤ ᠠᠰᠠᠷ᠂ ᠵᠦᠩ ᠵᠧᠩ ᠶᠡᠷᠦᠩᠬᠡᠶᠢᠯᠡᠭᠰᠡᠨ ᠠᠰᠠᠷ᠂ ᠷᠦᠩ ᠳ᠋ᠠ ᠠᠭᠤᠳᠠᠮ ᠳᠠᠯᠠᠪᠠᠢ ᠵᠡᠷᠭᠡ ᠬᠤᠳᠠᠯᠳᠤᠭᠠᠨ ᠤ ᠲᠥᠷᠥᠯ ᠵᠦᠢᠯ ᠢ ᠪᠦᠲᠦᠭᠡᠨ ᠪᠠᠶᠢᠭᠤᠯᠵᠤ᠂ ᠠᠰᠠᠷ ᠳᠠᠬᠳᠤ ᠠᠵᠤ ᠠᠬᠤᠢ ᠶᠢᠨ ᠭᠡᠪᠴᠢᠶ᠎ᠠ ᠶᠢ ᠪᠤᠵᠠᠭᠠᠶᠢᠷᠠᠭᠤᠯᠤᠨ᠂ ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠳᠤ ᠲᠠᠪᠴᠠᠩ ᠪᠠ ᠠᠴᠢᠶᠠᠯᠠᠭᠴᠢ ᠶᠢᠨ ᠲᠤᠯᠭᠠᠭᠤᠷᠢᠯᠠᠯ ᠬᠠᠩᠭᠠᠨ᠎ᠠ᠃            ᠤᠶᠢᠯᠡᠳᠪᠤᠷᠢᠯᠡᠯ ᠤᠨ ᠴᠢᠨᠠᠷᠲᠠᠶ ᠤᠶᠢᠯᠡᠴᠢᠯᠡᠭᠡᠨ ᠤ ᠤᠶᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠳᠤᠭᠠᠴᠠᠯᠠᠭᠰᠠᠨ ᠠᠵᠤ ᠠᠬᠤᠶ ᠶᠢ ᠴᠢᠬᠤᠯᠠᠴᠢᠯᠠᠨ ᠬᠥᠭᠵᠢᠭᠦᠯᠵᠦ᠂ 5G ᠶᠢ ᠬᠤᠳᠠᠯᠳᠤᠭᠠᠨ ᠳᠤ ᠬᠡᠷᠡᠭᠯᠡᠬᠦ ᠪᠠᠶᠢᠷᠢᠯᠠᠭᠤᠯᠤᠯᠳᠠ ᠶᠢ ᠤᠷᠢᠳᠠᠪᠠᠷ ᠡᠬᠢᠯᠡᠭᠦᠯᠵᠦ᠂ ᠴᠢᠮᠡᠭᠡ ᠬᠤᠯᠪᠣᠭᠠᠨ ᠤ ᠮᠡᠷᠭᠡᠵᠢᠯ ᠬᠢᠭᠡᠳ ᠠᠵᠤ ᠤᠶᠢᠯᠡᠰ ᠤᠨ ᠬᠥᠭᠵᠢᠯᠲᠡ᠂ ᠬᠤᠲᠠ ᠶᠢᠨ ᠵᠠᠰᠠᠯᠲᠠ᠂ ᠠᠷᠠᠳ ᠤᠨ ᠠᠮᠢᠳᠤᠷᠠᠯ ᠤᠨ ᠤᠶᠢᠯᠡᠴᠢᠯᠡᠭᠡᠨ ᠤ ᠭᠦᠨᠵᠡᠭᠡᠶ ᠠᠭᠤᠰᠤᠯᠴᠠᠯ ᠢ ᠳᠦᠷᠭᠡᠳᠭᠡᠨ᠎ᠠ᠃ ᠤᠳᠤ ᠦᠶ᠎ᠡ ᠶᠢᠨ ᠪᠠᠷᠠᠭᠠᠨ ᠤ ᠬᠦᠢᠯᠭᠡᠭᠡᠨ ᠤ ᠤᠶᠢᠯᠡᠰ ᠤᠨ ᠬᠥᠭᠵᠢᠯᠲᠡ ᠶᠢ ᠠᠬᠢᠭᠤᠯᠵᠤ᠂ ᠺᠠᠩ ᠪᠸᠢ ᠶᠢᠨ ᠤᠶᠢᠯᠡᠰ ᠪᠦᠳᠤᠭᠡᠬᠦ ᠬᠦᠷᠢᠶᠡᠯᠡᠩ ᠢ ᠲᠤᠮᠤ ᠬᠡᠯᠪᠡᠷᠢ ᠶᠢᠨ ᠠᠷᠠᠯᠵᠢᠶ᠎ᠠ ᠬᠤᠳᠠᠯᠳᠤᠭᠠᠨ ᠤ ᠬᠦᠢᠯᠭᠡᠭᠡᠨ ᠤ ᠲᠥᠪ ᠪᠤᠯᠭᠠᠨ ᠪᠠᠶᠢᠭᠤᠯᠵᠤ᠂ ᠨᠢᠭᠡ ᠪᠦᠯᠦᠭ ᠨᠡᠷᠡᠳᠤ ᠠᠷᠠᠯᠵᠢᠶ᠎ᠠ ᠬᠤᠳᠠᠯᠳᠤᠭᠠᠨ ᠤ ᠺᠣᠮᠫᠠᠨᠢ ᠪᠠ ᠪᠠᠷᠠᠭᠠᠨ ᠤ ᠬᠦᠢᠯᠭᠡᠭᠡᠨ ᠤ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠠᠵᠢᠯ ᠲᠦᠷᠦᠯ ᠤᠨ ᠨᠥᠯᠥᠭᠡᠯᠡᠬᠦ ᠬᠦᠴᠦᠨ ᠪᠠ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ ᠬᠤᠳᠠᠯᠳᠤᠭᠠᠨ ᠤ ᠶᠠᠪᠤᠳᠠᠯ ᠤᠨ ᠤᠶᠢᠯᠡᠴᠢᠯᠡᠭᠡ᠂ ᠵᠢᠷᠤᠭ ᠲᠥᠯᠥᠪᠯᠡᠭᠡ ᠬᠢᠵᠤ ᠰᠤᠳᠤᠯᠤᠨ ᠨᠡᠭᠡᠭᠡᠬᠦ᠂ ᠮᠥᠩᠭᠦᠨ ᠬᠦᠢᠯᠭᠡᠭᠡ ᠳᠠᠭᠠᠳᠬᠠᠯ᠂ ᠨᠢᠭᠲᠠᠯᠠᠨ ᠪᠣᠳᠣᠯᠲᠠ ᠬᠢᠨᠠᠨ ᠪᠣᠳᠣᠯᠲᠠ᠂ ᠬᠠᠤᠯᠢ ᠴᠠᠭᠠᠵᠠ ᠶᠢᠨ ᠬᠡᠷᠡᠭ ᠶᠠᠪᠤᠳᠠᠯ᠂ ᠵᠦᠪᠯᠡᠯᠭᠡ ᠥᠭᠬᠦ ᠤᠶᠢᠯᠡᠴᠢᠯᠡᠭᠡ᠂ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠠᠩᠭᠢ ᠵᠡᠷᠭᠡ ᠬᠠᠮᠢᠶ᠎ᠠ ᠪᠦᠬᠦᠢ ᠠᠵᠢᠯ ᠲᠥᠷᠥᠯ ᠢ ᠪᠤᠶᠢᠵᠢᠭᠤᠯᠤᠨ ᠬᠥᠭᠵᠢᠭᠦᠯᠵᠦ᠂ ᠤᠶᠢᠯᠡᠳᠪᠤᠷᠢᠯᠡᠯ ᠤᠨ ᠴᠢᠨᠠᠷᠲᠠᠶ ᠤᠶᠢᠯᠡᠴᠢᠯᠡᠭᠡᠨ ᠤ ᠠᠵᠤ ᠦᠢᠯᠡᠰ ᠤᠨ ᠬᠡᠯᠬᠢᠶ᠎ᠡ ᠶᠢ ᠲᠡᠭᠦᠯᠳᠡᠷᠵᠢᠭᠦᠯᠦᠨ᠎ᠡ᠃            ︵ᠭᠤᠷᠪᠠ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠬᠥᠭᠵᠢᠯᠲᠡ ᠶᠢᠨ ᠣᠷᠴᠢᠨ ᠲᠣᠭᠤᠷᠢᠨ ᠢ ᠬᠦᠴᠦᠯᠡᠨ ᠰᠢᠯᠢᠳᠡᠭᠵᠢᠭᠦᠯᠵᠦ᠂ ᠵᠠᠩᠭᠢᠯᠠᠭ᠎ᠠ ᠶᠢᠨ ᠭᠤᠭᠴᠤᠭ᠎ᠠ ᠪᠣᠯᠤᠨ ᠭᠤᠤᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠴᠢᠩᠭᠠᠳᠬᠠᠵᠤ᠂ ᠵᠣᠯ ᠵᠢᠷᠭᠠᠯᠲᠤ ᠬᠤᠳᠠ ᠶᠢ ᠨᠠᠩ ᠴᠢᠨᠠᠷᠵᠢᠯ ᠲᠠᠢ᠂ ᠨᠠᠩ ᠦᠷ᠎ᠡ ᠠᠰᠢᠭ ᠲᠠᠢ᠂ ᠨᠠᠩ ᠠᠮᠢᠵᠢᠷᠠᠯ ᠤᠨ ᠬᠦᠴᠦᠨ ᠲᠠᠢ ᠪᠣᠯᠭᠠᠨ᠎ᠠ᠃            ᠬᠤᠳᠠᠯᠳᠤᠭ᠎ᠠ ᠡᠵᠡᠩᠨᠡᠬᠦ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠨ᠎ᠠ᠃ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠭᠡᠮᠵᠢᠶ᠎ᠠ  ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠦᠭᠵᠢᠯᠳᠡ ᠳᠤ ᠠᠰᠢᠭᠲᠠᠢ ᠵᠠᠬ᠎ᠠ ᠳᠡᠯᠭᠡᠭᠦᠷ ᠤᠨ ᠣᠷᠴᠢᠨ ᠲᠣᠭᠤᠷᠢᠨ᠂ ᠲᠥᠷᠥ ᠶᠢᠨ ᠪᠣᠳᠣᠯᠭ᠎ᠠ ᠶᠢᠨ ᠣᠷᠴᠢᠨ ᠲᠣᠭᠤᠷᠢᠨ ᠪᠠ ᠬᠠᠤᠯᠢ ᠪᠠᠷ ᠵᠠᠰᠠᠬᠤ ᠣᠷᠴᠢᠨ ᠲᠣᠭᠤᠷᠢᠨ ᠢ ᠪᠤᠢ ᠪᠣᠯᠭᠠᠨ᠎ᠠ᠃ ᠭᠠᠶᠢᠯᠢ ᠬᠠᠰᠤᠵᠤ ᠰᠤᠶᠢᠳᠭᠡᠯ ᠪᠠᠭᠤᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠤᠯᠠᠨ ᠠᠷᠭ᠎ᠠ ᠵᠠᠮ ᠢᠶᠠᠷ ᠠᠵᠤ ᠠᠬᠤᠶᠢᠯᠠᠯ ᠢ ᠬᠠᠪᠰᠤᠷᠤᠨ ᠥᠪᠡᠷ ᠤᠨ ᠦᠷᠳᠡᠭ ᠢ ᠨᠢ ᠪᠠᠭᠤᠷᠠᠭᠤᠯᠤᠨ ᠦᠷ᠎ᠡ ᠠᠰᠢᠭ ᠢ ᠨᠢ ᠨᠡᠮᠡᠭᠳᠡᠬᠦᠯᠤᠨ᠎ᠠ᠃ ︽ᠨᠢᠷᠪᠠ ᠮᠠᠶ᠋ᠢᠭ︾ ᠤᠨ ᠣᠶᠢᠯᠠᠭᠠᠭᠳᠠᠬᠤᠨ ᠢᠶᠠᠷ ᠠᠵᠤ ᠠᠬᠤᠶᠢᠯᠠᠯ ᠳᠤ ᠤᠶᠢᠯᠡᠴᠢᠯᠡᠵᠤ᠂ ᠠᠵᠤ ᠠᠬᠤᠶᠢᠯᠠᠯ ᠲᠠᠢ ᠬᠠᠷᠢᠯᠴᠠᠬᠤ ᠪᠠ ᠤᠶᠢᠯᠡᠴᠢᠯᠡᠬᠦ ᠠᠵᠢᠯ ᠢ ᠪᠣᠳᠠᠲᠠᠶ ᠪᠥᠭᠡᠳ ᠨᠠᠷᠢᠨ ᠨᠢᠮᠪᠠᠶ ᠬᠢᠵᠦ᠂ ᠭᠤᠤᠯᠳᠠᠯᠭ᠎ᠠ ᠲᠠᠢ ᠠᠵᠤ ᠠᠬᠤᠶᠢᠯᠠᠯ ᠤᠨ ᠨᠡᠷᠡᠰ ᠤᠨ ᠵᠢᠭᠰᠠᠭᠠᠯᠲᠠ ᠪᠠ ᠤᠶᠢᠯᠡᠴᠢᠯᠡᠭᠡᠨ ᠤ ᠵᠦᠭᠯᠡᠭᠦᠷ ᠢ ᠳᠤᠬᠳᠠᠭᠠᠵᠤ᠂ ᠠᠵᠤ ᠠᠬᠤᠶᠢᠯᠠᠯᠲᠠᠨ ᠤ ᠰᠠᠭᠤᠳᠠᠯ ᠤᠨ ᠬᠤᠷᠠᠯ ᠢ ᠦᠷᠭᠦᠯᠵᠢᠯᠡᠨ ᠰᠠᠶᠢᠲᠤᠷ ᠪᠡᠯᠡᠳᠬᠡᠨ ᠡᠷᠬᠢᠯᠡᠨ᠎ᠠ᠃ ︽ᠤᠳᠤᠷᠢᠳᠤᠯᠭ᠎ᠠ + ᠲᠤᠰᠬᠠᠶ ᠬᠥᠮᠦᠨ︾ ᠤ ᠤᠶᠢᠯᠡᠴᠢᠯᠡᠭᠡᠨ ᠤ ᠪᠠᠭ ᠢ ᠵᠣᠬᠢᠶᠠᠨ ᠪᠠᠶᠢᠭᠤᠯᠵᠤ᠂ ᠴᠢᠬᠤᠯᠠ ᠶᠡᠭᠡ ᠳᠦᠷᠤᠯ ᠵᠤᠶᠢᠯ ᠢ ᠪᠦᠬᠦ ᠦᠶᠡᠯᠡᠯ ᠤᠨ ᠬᠤᠭᠤᠴᠠᠭᠠᠨ ᠳᠤ ᠮᠥᠷᠳᠡᠨ ᠳᠠᠭᠠᠵᠤ᠂ ᠭᠤᠤᠯᠳᠠᠯᠭ᠎ᠠ ᠲᠠᠢ ᠠᠵᠤ ᠠᠬᠤᠶᠢᠯᠠᠯ ᠳᠤ ᠨᠢᠭᠤᠷᠳᠠᠨ ᠤᠶᠢᠯᠡᠴᠢᠯᠡᠭᠡ ᠥᠷᠨᠢᠭᠦᠯᠵᠦ᠂ ᠠᠵᠤ ᠠᠬᠤᠶᠢᠯᠠᠯ ᠤᠨ ᠪᠡᠯᠡ ᠣᠷᠣᠭᠤᠯᠤᠯᠲᠠ ᠪᠠ ᠡᠵᠡᠩᠨᠡᠯᠲᠡ ᠶᠢᠨ ᠶᠠᠪᠤᠴᠠ ᠳᠠᠬᠢ ᠬᠦᠴᠢᠷᠳᠡᠯ ᠪᠠ ᠠᠰᠠᠭᠤᠳᠠᠯ ᠢ ᠦᠨᠡᠨᠬᠦ ᠰᠢᠢᠳᠪᠤᠷᠢᠯᠡᠨ᠎ᠠ᠃ ᠡᠨᠡ ᠬᠦ ᠰᠠᠭᠤᠷᠢᠨ ᠳᠡᠭᠡᠷ᠎ᠡ᠂ ᠨᠠᠷᠢᠯᠢᠭ ᠤᠨᠤᠴᠢᠳᠠᠢ ᠪᠠᠷ ᠠᠷᠠᠯᠵᠢᠶᠠᠴᠢᠨ ᠤᠷᠢᠬᠤ᠂ ᠲᠤᠰᠬᠠᠶ ᠮᠡᠷᠭᠡᠵᠢᠯ ᠢᠶᠠᠷ ᠠᠷᠠᠯᠵᠢᠶᠠᠴᠢᠨ ᠤᠷᠢᠬᠤ ᠪᠠ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ ᠶᠢ ᠢᠳᠡᠪᠬᠢᠲᠡᠶ ᠪᠠᠷ ᠦᠷᠨᠢᠬᠦᠯᠵᠤ᠂ ᠳᠤᠮᠤ ᠠᠷᠠᠯᠵᠢᠶᠠᠴᠢᠨ ᠢᠶᠠᠷ ᠬᠦᠴᠦᠷᠭᠡᠭ ᠪᠡᠯᠡ ᠳᠠᠳᠠᠬᠤ᠂ ᠰᠢᠨ᠎ᠡ ᠳᠦᠷᠤᠯ ᠵᠤᠶᠢᠯ ᠢ ᠴᠤᠭᠯᠠᠭᠤᠯᠵᠤ ᠰᠢᠯᠢᠳᠡᠭ ᠠᠵᠤ ᠠᠬᠤᠶᠢᠯᠠᠯ ᠢ ᠬᠥᠮᠦᠵᠢᠭᠦᠯᠬᠦ ᠲᠠᠯ᠎ᠠ  ᠪᠠᠷ ᠰᠢᠨ᠎ᠡ ᠰᠢᠪᠲᠤᠯᠤᠯᠲᠠ ᠭᠠᠷᠭᠠᠵᠤ᠂ ᠪᠦᠬᠦ ᠵᠢᠯ ᠳᠤ 40 ᠰᠢᠨ᠎ᠡ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ 10 ᠠᠴᠠ ᠳᠡᠭᠡᠭᠰᠢ ᠰᠢᠨ᠎ᠡ ᠳᠦᠷᠤᠯ ᠵᠤᠶᠢᠯ ᠢ ᠨᠠᠶᠢᠳᠠᠪᠤᠷᠢᠵᠢᠭᠤᠯᠬᠤ ᠪᠠᠷ ᠴᠢᠷᠮᠠᠶᠢᠨ᠎ᠠ᠃            ᠭᠤᠤᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠠᠬᠢᠭᠤᠯᠵᠤ᠂ ᠤᠳᠤ ᠦᠶ᠎ᠡ ᠶᠢᠨ ᠠᠵᠤ ᠠᠬᠤᠶᠢᠯᠠᠯ ᠤᠨ ᠲᠦᠷᠢᠮ ᠪᠠ ᠬᠠᠤᠯᠢ ᠶᠢᠨ ᠳᠦᠯᠦᠭᠡᠯᠡᠭᠴᠢ ᠶᠢᠨ ᠵᠠᠰᠠᠯᠲᠠ ᠶᠢᠨ ᠪᠦᠲᠦᠴᠡ ᠶᠢ ᠲᠡᠭᠦᠯᠳᠡᠷᠵᠢᠭᠦᠯᠵᠦ᠂ ᠤᠯᠤᠰ ᠤᠨ ᠦᠮᠴᠢᠯᠡᠯ ᠤᠨ ᠠᠵᠤ ᠠᠬᠤᠶᠢᠯᠠᠯ ᠤᠨ ᠵᠠᠰᠠᠭ ᠵᠠᠬᠢᠷᠭᠠᠨᠴᠢᠯᠠᠬᠤ ᠪᠠ ᠴᠠᠯᠢᠩ ᠬᠥᠯᠥᠰᠥ ᠶᠢᠨ ᠲᠦᠷᠢᠮ ᠤᠨ ᠦᠭᠡᠷᠡᠴᠢᠯᠡᠯᠳᠡ ᠶᠢᠨ ᠠᠯᠬᠤᠴᠠ ᠶᠢ ᠲᠦᠷᠭᠡᠳᠬᠡᠨ᠎ᠡ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠭᠡᠷ ᠪᠠᠶᠢᠰᠢᠩ ᠭᠠᠵᠠᠷ ᠬᠥᠷᠥᠩᠭᠡ᠂ ᠨᠡᠭᠦᠷᠡᠰᠦ᠂ ᠪᠠᠷᠠᠭᠠᠨ ᠤ ᠬᠦᠢᠯᠭᠡᠭᠡ ᠵᠡᠷᠭᠡ ᠬᠦᠷᠢᠶᠡᠨ ᠳᠠᠬᠢ ᠪᠡᠯᠡ ᠣᠷᠣᠭᠤᠯᠤᠯᠲᠠ ᠳᠤ ᠣᠷᠣᠯᠴᠠᠬᠤ ᠶᠢ ᠳᠡᠮᠵᠢᠵᠦ᠂ ᠤᠯᠤᠰ ᠤᠨ ᠦᠮᠴᠢᠯᠡᠯᠳᠤ ᠠᠵᠤ ᠠᠬᠤᠶᠢᠯᠠᠯ ᠤᠨ ᠡᠵᠡᠩᠨᠡᠯᠲᠡ ᠶᠢᠨ ᠦᠷ᠎ᠡ ᠪᠦᠲᠦᠮᠵᠢ ᠪᠣᠯᠤᠨ ᠠᠰᠢᠭ ᠣᠯᠵᠠᠪᠤᠷᠢ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠡᠳ᠋ ᠤᠨ ᠵᠠᠰᠠᠭ ᠢ ᠲᠡᠳᠬᠦᠬᠦ᠂ ᠦᠷᠢ ᠰᠢᠷᠢ ᠶᠢ ᠰᠢᠢᠳᠪᠤᠷᠢᠯᠡᠬᠦ᠂ ᠬᠥᠭᠵᠢᠯᠲᠡ ᠶᠢ ᠬᠥᠲᠥᠯᠥᠨ ᠳᠠᠭᠠᠭᠤᠯᠬᠤ ᠲᠠᠯ᠎ᠠ ᠪᠠᠷ ᠨᠡᠩ ᠶᠡᠭᠡ ᠤᠶᠢᠯᠡᠳᠤᠯ ᠦᠵᠡᠭᠦᠯᠦᠨ᠎ᠡ᠃ ᠤᠯᠤᠰ ᠤᠨ ᠦᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠬᠥᠷᠥᠩᠭᠡ ᠶᠢ ᠬᠠᠮᠢᠶᠠᠷᠬᠤ  ᠪᠠᠷ ᠭᠤᠤᠯ ᠪᠣᠯᠭᠠᠭᠰᠠᠨ ᠤᠯᠤᠰ ᠠᠴᠠ ᠦᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠰᠢᠨ᠎ᠡ ᠵᠠᠭᠪᠤᠷ ᠢ ᠪᠣᠢ ᠪᠣᠯᠭᠠᠨ᠎ᠠ᠃ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠪᠠ ᠬᠢᠨᠠᠨ ᠬᠠᠮᠢᠶᠠᠷᠬᠤ ᠪᠠᠶᠢᠭᠤᠯᠤᠮᠵᠢ ᠶᠢᠨ ᠲᠣᠭᠲᠠᠴᠠ ᠶᠢᠨ ᠦᠭᠡᠷᠡᠴᠢᠯᠡᠯᠳᠡ ᠶᠢ ᠥᠷᠨᠢᠭᠦᠯᠵᠦ᠂ ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠤᠨ᠂ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠵᠠᠭᠪᠤᠷ ᠢ ᠪᠦᠬᠦ ᠲᠠᠯ᠎ᠠ ᠪᠠᠷ ᠬᠡᠷᠡᠭᠵᠢᠭᠦᠯᠵᠦ᠂ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠪᠣᠯᠤᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠦᠨ᠎ᠡ᠃ ᠲᠥᠰᠦᠪ ᠤᠨ ᠬᠠᠮᠢᠶᠠᠷᠤᠯᠲᠠ ᠶᠢᠨ ᠲᠦᠷᠢᠮ ᠤᠨ ᠥᠭᠡᠷᠡᠴᠢᠯᠡᠯᠲᠡ ᠪᠠ ᠠᠵᠢᠯ ᠤᠶᠢᠯᠡᠰ ᠤᠨ ᠨᠢᠭᠡᠴᠢ ᠶᠢᠨ ᠠᠮᠵᠢᠯᠲᠠ ᠪᠦᠳᠤᠮᠵᠢ ᠶᠢᠨ ᠥᠭᠡᠷᠡᠴᠢᠯᠡᠯᠲᠡ ᠶᠢ ᠢᠳᠡᠪᠬᠢᠲᠡᠶ ᠠᠬᠢᠭᠤᠯᠤᠨ᠎ᠠ᠃            ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ ᠬᠥᠭᠵᠢᠯᠲᠡ ᠶᠢ ᠠᠬᠢᠭᠤᠯᠤᠨ᠎ᠠ᠃ ᠬᠤᠲᠠ ᠶᠢᠨ ᠤᠯᠤᠰ ᠠᠴᠠ ᠳᠡᠭᠡᠳᠤ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠥᠭᠵᠢᠯᠲᠡ ᠶᠢ ᠪᠦᠬᠦ ᠲᠠᠯ᠎ᠠ ᠪᠠᠷ ᠳᠠᠮᠵᠢᠵᠤ᠂ ᠬᠦᠷᠢᠶᠡᠯᠡᠩ ᠲᠣᠭᠤᠷᠢᠭ ᠤᠨ ᠲᠠᠪᠴᠠᠩ ᠤᠨ ᠳᠠᠪᠠᠭᠤᠯᠢᠭ ᠪᠣᠯᠤᠨ ᠲᠥᠷᠦ ᠶᠢᠨ ᠪᠤᠳᠤᠯᠭ᠎ᠠ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠲᠣᠮᠣ ᠳ᠋ᠠᠶᠢᠲ᠋ᠠ᠂ ᠠᠮᠢᠳᠤ ᠪᠣᠳᠠᠰ ᠤᠨ ᠡᠮ ᠡᠮᠨᠡᠯᠭᠡ᠂ ᠰᠢᠨ᠎ᠠ ᠮᠠᠲ᠋ᠧᠷᠢᠶᠠᠯ ᠵᠡᠷᠭᠡ ᠬᠦᠷᠢᠶ᠎ᠡ ᠴᠠᠷᠠᠭ᠎ᠠ ᠶᠢᠨ ᠲᠥᠷᠦᠯ ᠵᠦᠢᠯ ᠢ ᠬᠠᠮᠲᠤᠪᠠᠷ ᠲᠥᠰᠦᠪᠯᠡᠵᠦ᠂ ᠨᠢᠭᠡ ᠪᠦᠯᠦᠭ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ ᠪᠣᠯᠤᠨ ᠳᠡᠭᠡᠳᠤ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠤᠷᠢᠨ ᠣᠷᠣᠭᠤᠯᠬᠤ ᠶᠢ ᠲᠦᠷᠭᠡᠳᠬᠡᠨ᠎ᠡ᠃ ᠳᠡᠭᠡᠳᠦ ᠳᠠᠪᠬᠤᠷᠭ᠎ᠠ ᠶᠢᠨ ᠴᠢᠳᠠᠪᠤᠷᠢᠲᠠᠨ ᠢ ᠤᠷᠢᠨ ᠠᠪᠴᠢᠷᠠᠬᠤ ᠪᠠ ᠴᠢᠳᠠᠪᠤᠷᠢᠲᠠᠨ ᠤ ᠲᠠᠪᠴᠠᠩ ᠤᠨ ᠠᠴᠢᠶᠠᠯᠠᠪᠤᠷᠢ ᠶᠢᠨ ᠪᠠᠶᠢᠭᠤᠯᠤᠯᠲᠠ ᠶᠢ ᠲᠦᠷᠭᠡᠳᠬᠡᠵᠦ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠪᠡᠭᠡᠵᠢᠩ ᠤᠨ ᠴᠡᠴᠡᠷᠯᠢᠭᠵᠢᠬᠦᠯᠦᠯᠳᠡ ᠶᠢᠨ ᠰᠤᠳᠤᠯᠭᠠᠨ ᠤ ᠬᠦᠷᠢᠶᠡᠯᠡᠩ᠂ ᠠᠯᠢ ᠰᠢᠨ᠎ᠡ ᠶᠢ ᠡᠭᠦᠳᠴᠦ ᠤᠶᠢᠯᠡᠰ ᠪᠦᠳᠤᠭᠡᠬᠦ ᠤᠶᠢᠯᠡᠴᠢᠯᠡᠭᠡᠨ ᠤ ᠲᠥᠪ ᠵᠡᠷᠭᠡ ᠪᠠᠶᠢᠭᠤᠯᠤᠮᠵᠢ ᠯᠤᠭ᠎ᠠ ᠶᠢᠨ ᠬᠠᠮᠲᠤᠷᠠᠯᠴᠠᠭ᠎ᠠ ᠰᠣᠯᠢᠯᠴᠠᠭ᠎ᠠ ᠪᠠᠨ ᠬᠦᠨᠵᠡᠭᠡᠶᠢᠷᠡᠬᠦᠯᠵᠤ᠂ ᠳᠡᠭᠡᠳᠦ ᠳᠠᠪᠬᠤᠷᠭ᠎ᠠ ᠶᠢᠨ ᠴᠢᠳᠠᠪᠤᠷᠢᠲᠠᠨ ᠢ ᠤᠷᠢᠨ ᠠᠪᠴᠢᠷᠠᠬᠤ ᠠᠷᠭ᠎ᠠ ᠵᠠᠮ ᠪᠠ ᠤᠶᠢᠯᠡᠴᠢᠯᠡᠭᠡᠨ ᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃            ︵ᠳᠥᠷᠪᠡ︶ ᠬᠤᠲᠠ ᠶᠢᠨ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠪᠠᠶᠢᠭᠤᠯᠬᠤ ᠪᠠ ᠬᠠᠮᠢᠶᠠᠷᠬᠤ ᠶᠢ ᠵᠡᠷᠭᠡᠪᠡᠷ ᠴᠢᠬᠤᠯᠠᠴᠢᠯᠠᠬᠤ᠂ ᠳᠣᠲᠣᠷ᠎ᠠ ᠭᠠᠳᠠᠨᠠᠬᠢ ᠶᠢ ᠵᠡᠷᠭᠡᠪᠡᠷ ᠵᠠᠰᠠᠬᠤ ᠶᠢ ᠪᠠᠷᠢᠮᠲᠠᠯᠠᠵᠤ᠂ ᠬᠤᠲᠠ ᠳᠤ ᠥᠩᠭᠡ ᠪᠤᠳᠤᠭ ᠨᠡᠮᠡᠷᠢᠯᠡᠨ ᠰᠤᠶᠤᠯ ᠳᠡᠤᠭᠡ ᠲᠠᠢ ᠪᠤᠯᠭᠠᠨ᠂ ᠬᠠᠮᠢᠶᠠᠷᠤᠯᠲᠠ ᠲᠠᠢ ᠪᠦᠭᠡᠳ ᠨᠠᠩ ᠢᠯᠡᠬᠦᠦ ᠤᠶᠢᠯᠡᠴᠢᠯᠡᠭᠡ ᠲᠠᠢ ᠪᠣᠯᠭᠠᠵᠤ᠂ ᠦᠨᠡᠨᠬᠦ ᠪᠥᠬᠦ ᠳᠤᠭᠤᠷᠢᠭ ᠤᠨ ᠠᠷᠠᠳ ᠲᠦᠮᠡᠨ ᠤ ᠣᠷᠣᠰᠢᠨ ᠠᠮᠢᠳᠤᠷᠠᠵᠤ ᠠᠵᠢᠯᠯᠠᠬᠤ ᠳᠤ ᠲᠣᠬᠢᠷᠠᠮᠵᠢᠲᠠᠶ ᠵᠣᠯ ᠵᠢᠷᠭᠠᠯᠲᠤ ᠭᠡᠷ ᠣᠷᠣᠨ ᠪᠤᠯᠭᠠᠨ᠎ᠠ᠃            ᠬᠤᠲᠠ ᠶᠢᠨ ᠶᠡᠷᠦᠩᠬᠡᠶᠢᠯᠡᠭᠰᠡᠨ ᠵᠠᠰᠠᠯᠲᠠ ᠶᠢ ᠴᠢᠩᠭᠠᠳᠬᠠᠨ᠎ᠠ᠃ ︽5G + ᠤᠶᠤᠨᠲᠤ ᠬᠤᠲᠠ︾ ᠶᠢᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠵᠦ᠂ 5G ᠶᠢᠨ ᠮᠡᠷᠭᠡᠵᠢᠯ ᠢ ᠣᠯᠠᠨ ᠨᠡᠶᠢᠳᠡ ᠶᠢᠨ ᠠᠮᠤᠷ ᠲᠦᠪᠰᠢᠨ᠂ ᠨᠡᠶᠢᠭᠡᠮ ᠲᠣᠭᠤᠷᠢᠭ ᠤᠨ ᠬᠠᠮᠢᠶᠠᠷᠤᠯᠲᠠ᠂ ᠬᠤᠲᠠ ᠶᠢᠨ ᠵᠠᠰᠠᠯᠲᠠ ᠵᠡᠷᠭᠡ ᠬᠦᠷᠢᠶ᠎ᠡ ᠴᠠᠷᠠᠭ᠎ᠠ ᠳᠤ ᠲᠦᠭᠡᠮᠡᠯᠵᠢᠭᠦᠯᠦᠨ ᠬᠡᠷᠡᠭᠯᠡᠬᠦ ᠶᠢ ᠲᠦᠷᠭᠡᠳᠬᠡᠨ᠂ ᠬᠤᠲᠠ ᠶᠢᠨ ᠰᠠᠭᠤᠷᠢ ᠳ᠋ᠠᠶᠢᠲ᠋ᠠ ᠬᠥᠮᠥᠷᠭᠡ ᠶᠢ ᠲᠡᠭᠦᠯᠳᠡᠷᠵᠢᠭᠦᠯᠵᠦ᠂ ᠲᠣᠮᠣ ᠳ᠋ᠠᠶᠢᠲ᠋ᠠ ᠶᠢᠨ ᠤᠶᠤᠨᠲᠤ ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢᠨ ᠳᠠᠪᠴᠠᠩ ᠪᠠ ᠳᠤᠭᠠᠴᠠᠯᠠᠭᠰᠠᠨ ᠬᠤᠲᠠ ᠶᠢᠨ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠤ᠂ ᠬᠥᠮᠦᠨ ᠥᠬᠡᠶ ᠨᠡᠶᠢᠲᠡ ᠶᠢᠨ ᠮᠠᠰᠢᠨ ᠲᠡᠷᠭᠡ ᠶᠢ ᠲᠤᠷᠰᠢᠨ ᠠᠵᠢᠯᠯᠠᠭᠤᠯᠤᠨ᠎ᠠ᠃ ᠬᠤᠲᠠ ᠶᠢᠨ ᠨᠠᠷᠢᠯᠢᠬᠵᠢᠭᠤᠯᠤᠬᠰᠠᠨ ᠬᠠᠮᠢᠶᠠᠷᠤᠯᠲᠠ ᠶᠢ ᠠᠬᠢᠭᠤᠯᠵᠤ᠂ ᠬᠠᠮᠢᠶᠠᠷᠤᠯᠲᠠ ᠶᠢᠨ ᠠᠭᠤᠯᠭ᠎ᠠ ᠶᠢ ᠨᠠᠷᠢᠯᠢᠬᠵᠢᠭᠤᠯᠤᠨ᠂ ᠬᠠᠮᠢᠶᠠᠷᠤᠯᠲᠠ ᠶᠢᠨ ᠡᠲᠡᠭᠡᠳ ᠢ ᠳᠤᠭᠠᠵᠢᠭᠤᠯᠬᠤ᠂ ᠬᠠᠮᠢᠶᠠᠷᠤᠯᠲᠠ ᠶᠢᠨ ᠠᠵᠢᠯᠯᠠᠭ᠎ᠠ ᠶᠢ ᠵᠢᠷᠤᠮᠵᠢᠭᠤᠯᠬᠤ᠂ ᠬᠠᠮᠢᠶᠠᠷᠤᠯᠲᠠ ᠶᠢᠨ ᠳᠤᠬᠳᠠᠯᠴᠠᠭ᠎ᠠ ᠶᠢ ᠰᠢᠯᠢᠳᠡᠭᠵᠢᠭᠦᠯᠬᠦ᠂ ᠬᠠᠮᠢᠶᠠᠷᠤᠯᠲᠠ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ ᠳᠡᠭᠡᠷ᠎ᠡ ᠬᠦᠴᠦ ᠲᠠᠯᠪᠢᠵᠤ᠂ ᠳᠠᠩ ᠡᠰᠢᠳᠤ ᠳᠤᠤᠷᠵᠢᠭᠤᠯᠤᠬᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠵᠡᠭᠡᠯᠢ ᠭᠤᠳᠤᠮᠵᠢ᠂ ᠳᠣᠲᠣᠭᠠᠳᠤ ᠶᠢ ᠬᠠᠮᠠᠭᠠᠯᠠᠬᠤ᠂ ᠬᠠᠤᠯᠢ ᠬᠡᠷᠡᠭᠵᠢᠭᠦᠯᠬᠦ ᠵᠡᠷᠭᠡ ᠡᠯ᠎ᠡ ᠲᠠᠯ᠎ᠠ ᠶᠢᠨ ᠬᠦᠴᠦᠨ ᠢ ᠡᠮᠬᠢᠯᠡᠨ ᠨᠡᠶᠢᠯᠡᠭᠦᠯᠵᠦ᠂ ᠪᠢᠳᠡᠬᠦᠮᠵᠢᠯᠡᠭᠰᠡᠨ ᠬᠠᠮᠢᠶᠠᠷᠤᠯᠲᠠ ᠬᠢᠬᠦ᠂ ᠬᠢᠨᠠᠯᠲᠠ ᠬᠠᠮᠢᠶᠠᠷᠤᠯᠲᠠ ᠶᠢ ᠰᠠᠯᠭᠠᠬᠤ᠂ ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ ᠵᠡᠷᠭᠡ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠴᠢᠨᠠᠷᠵᠢᠯ ᠰᠠᠭᠤᠭᠠᠯᠢ ᠠᠷᠠᠳ ᠤᠨ ᠲᠤᠭᠤᠷᠢᠭ ᠤᠨ ᠪᠦᠳᠤᠭᠡᠨ ᠪᠠᠶᠢᠭᠤᠯᠤᠯᠳᠠ ᠶᠢ ᠬᠦᠨᠵᠡᠭᠡᠢ ᠠᠬᠢᠭᠤᠯᠵᠤ᠂1100 ᠲᠦᠮᠡᠨ ᠲᠦᠬᠦᠷᠢᠭ ᠪᠡᠯᠡ ᠤᠷᠤᠭᠤᠯᠤᠨ ᠰᠠᠭᠤᠭᠠᠯᠢ ᠠᠷᠠᠳ ᠤᠨ ᠲᠤᠭᠤᠷᠢᠭ ᠤᠨ ᠭᠠᠳᠠᠨ᠎ᠠ ᠲᠠᠯ᠎ᠠ᠂ ᠭᠠᠯ ᠰᠡᠷᠭᠡᠶᠢᠯᠡᠯᠭᠡ ᠶᠢᠨ ᠲᠦᠬᠦᠭᠡᠷᠤᠮᠵᠢ᠂ ᠢᠵᠢ ᠪᠦᠷᠢᠳᠦᠭᠰᠡᠨ ᠲᠦᠬᠦᠭᠡᠷᠤᠮᠵᠢ ᠶᠢ ᠰᠡᠯᠪᠢᠨ ᠵᠠᠰᠠᠵᠤ᠂ ᠤᠷᠤᠰᠢᠨ ᠰᠠᠭᠤᠬᠤ ᠤᠷᠴᠢᠨ ᠲᠤᠭᠤᠷᠢᠨ ᠢ ᠤᠯᠠᠮ ᠨᠢᠭᠡ ᠠᠯᠬᠤᠮ ᠰᠠᠶᠢᠵᠢᠷᠠᠭᠤᠯᠤᠨ᠎ᠠ᠃ ᠬᠤᠲᠠ ᠶᠢᠨ ᠰᠠᠭᠤᠷᠢ ᠲᠥᠬᠦᠭᠡᠷᠦᠮᠵᠢ ᠶᠢ ᠡᠮᠬᠢ ᠵᠢᠷᠤᠮ ᠲᠠᠢ ᠪᠠᠷ ᠰᠢᠨᠡᠳᠬᠡᠨ᠂ ᠬᠤᠶᠢᠲᠤ ᠲᠣᠭᠤᠷᠢᠭ᠂ ᠲᠡᠷᠭᠡᠨ ᠤᠷᠤᠯᠳᠤᠭᠠᠨ ᠤ ᠬᠤᠳᠠ ᠵᠡᠷᠭᠡ ᠣᠷᠣᠨ ᠳᠤᠭᠤᠷᠢᠭ ᠤᠨ ᠬᠡᠰᠡᠭ ᠰᠠᠯᠪᠤᠷᠢ ᠱᠤᠭᠤᠮ ᠤᠨ ᠵᠠᠮ ᠢ ᠰᠢᠨ᠎ᠡ ᠪᠠᠷ ᠪᠠᠶᠢᠭᠤᠯᠵᠤ᠂ ᠬᠤᠳᠠᠯᠳᠤᠭᠠᠨ ᠤ ᠲᠤᠭᠤᠷᠢᠭ ᠤᠨ ᠰᠠᠭᠤᠷᠢ ᠲᠦᠬᠦᠭᠡᠷᠤᠮᠵᠢ ᠶᠢ ᠰᠡᠯᠪᠢᠨ ᠵᠠᠰᠠᠬᠤ᠂ ᠤᠯᠠᠭᠠᠨᠮᠦ᠋ᠷᠡᠨ ᠨᠠᠭᠤᠷ ᠤᠨ ᠲᠣᠭᠤᠷᠢᠭ ᠤᠨ ᠳᠠᠭᠤᠤ ᠬᠦᠭᠵᠢᠮᠳᠤ ᠤᠷᠬᠢᠯᠤᠮᠠᠯ ᠪᠤᠯᠠᠭ ᠢ ᠳᠡᠰ ᠳᠡᠪᠰᠢᠭᠦᠯᠦᠨ ᠬᠠᠮᠠᠭᠠᠯᠠᠬᠤ᠂ ᠬᠤᠲᠠ ᠶᠢᠨ ᠶᠠᠪᠤᠳᠠᠯ ᠤᠨ ᠰᠠᠭᠤᠷᠢ ᠳᠦᠬᠦᠭᠡᠷᠤᠮᠵᠢ ᠶᠢ ᠰᠡᠯᠪᠢᠨ ᠵᠠᠰᠠᠬᠤ ᠵᠢᠴᠢ ᠪᠣᠷᠣᠭᠠᠨ ᠤ ᠤᠰᠤ ᠪᠤᠬᠢᠷ ᠤᠰᠤᠨ ᠬᠤᠭᠤᠯᠠᠢ ᠶᠢᠨ ᠲᠣᠣᠷ ᠢ ᠰᠡᠯᠪᠢᠨ ᠵᠠᠰᠠᠬᠤ ᠵᠡᠷᠭᠡ 10 ᠵᠦᠢᠯ ᠤᠨ ᠬᠤᠲᠠ ᠶᠢᠨ ᠶᠠᠪᠤᠳᠠᠯ ᠤᠨ ᠢᠨᠵᠧᠨᠧᠷᠢᠩ ᠢ ᠬᠡᠷᠡᠭᠵᠢᠭᠦᠯᠵᠦ᠂ ᠳᠡᠷᠭᠡᠨ ᠵᠤᠬᠰᠤᠭᠠᠯ᠂ ᠴᠠᠬᠢᠯᠭᠠᠨ ᠴᠡᠨᠡᠭᠯᠡᠬᠦ ᠪᠠᠭᠠᠨ᠎ᠠ᠂ ᠬᠤᠭ ᠨᠣᠪᠰᠢ ᠰᠢᠢᠳᠪᠦᠷᠢᠯᠡᠬᠦ ᠳᠦᠬᠦᠭᠡᠷᠤᠮᠵᠢ ᠶᠢᠨ ᠪᠠᠶᠢᠷᠢᠯᠠᠭᠤᠯᠤᠯᠲᠠ ᠶᠢ ᠨᠡᠮᠡᠭᠳᠡᠭᠦᠯᠵᠦ᠂ ᠬᠤᠲᠠ ᠶᠢᠨ ᠴᠢᠳᠠᠮᠵᠢ ᠪᠦᠷᠢᠨ ᠲᠡᠭᠦᠯᠳᠡᠷ᠂ ᠪᠠᠶᠢᠩᠭᠤᠵᠢᠭᠤᠯᠤᠨ᠎ᠠ᠃            ᠨᠡᠶᠢᠭᠡᠮ ᠤᠨ ᠵᠠᠰᠠᠯᠲᠠ ᠶᠢᠨ ᠵᠠᠭᠪᠤᠷ ᠤᠨ ᠰᠢᠨ᠎ᠡ ᠶᠢ ᠡᠭᠦᠳᠦᠨ᠎ᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤᠮᠳᠠ ᠢᠯᠡᠷᠡᠭᠰᠡᠨ ᠦᠨᠳᠦᠰᠦᠨ ᠱᠠᠲᠤᠨ ᠤ ᠵᠠᠰᠠᠯᠲᠠ ᠶᠢᠨ ᠪᠠᠭᠤᠷᠠᠢ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠢᠯᠡᠷᠡᠭᠰᠡᠨ ᠰᠢᠨ᠎ᠡ ᠪᠠᠶᠢᠳᠠᠯ ᠰᠢᠨ᠎ᠡ ᠠᠰᠠᠭᠤᠳᠠᠯ ᠳᠤ ᠴᠢᠭᠯᠡᠭᠦᠯᠦᠨ᠂ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠰᠢᠨ᠎ᠡ ᠪᠠᠶᠢᠷᠢᠰᠢᠯ ᠢ ᠪᠠᠶᠢᠭᠤᠯᠤᠨ᠎ᠠ᠃ ᠱᠧᠨ ᠬᠤᠸᠠ ᠺᠠᠩ ᠴᠧᠩ ᠨᠡᠶᠢᠭᠡᠮ ᠲᠣᠭᠤᠷᠢᠭ ᠤᠨ ᠤᠶᠢᠯᠡᠴᠢᠯᠡᠭᠡᠨ ᠤ ᠲᠥᠪ ᠪᠣᠯᠤᠨ ᠰᠢᠩ ᠸᠠᠩ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠠᠵᠢᠯᠯᠠᠭᠠᠨ ᠤ ᠰᠠᠭᠤᠷᠢᠨ ᠭᠠᠵᠠᠷ ᠢ ᠪᠠᠶᠢᠭᠤᠯᠵᠤ᠂ ᠣᠳᠣ ᠪᠠᠶᠢᠭ᠎ᠠ ᠨᠡᠶᠢᠭᠡᠮ ᠲᠣᠭᠤᠷᠢᠭ ᠤᠨ ᠡᠯ᠎ᠡ ᠲᠥᠷᠥᠯ ᠤᠨ ᠰᠠᠭᠤᠷᠢ ᠲᠥᠬᠦᠭᠡᠷᠦᠮᠵᠢ ᠶᠢ ᠬᠠᠮᠠᠭᠠᠯᠠᠬᠤ ᠪᠠ ᠰᠢᠨᠡᠳᠬᠡᠨ᠎ᠡ᠃ ᠦᠨᠳᠦᠰᠦᠨ ᠱᠠᠲᠤᠨ ᠤ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠵᠦ᠂ ᠠᠵᠢᠯ ᠤᠨ ᠬᠦᠴᠦᠨ ᠪᠣᠯᠤᠨ ᠢᠵᠢ ᠪᠦᠷᠢᠳᠦᠬᠦᠯᠬᠦ ᠡᠬᠢ ᠪᠠᠶᠠᠯᠢᠭ ᠢ ᠵᠡᠭᠡᠯᠢ ᠭᠤᠳᠤᠮᠵᠢ ᠨᠡᠶᠢᠭᠡᠮ ᠲᠣᠭᠤᠷᠢᠭ ᠲᠡᠰᠢ ᠭᠡᠯᠪᠡᠶᠢᠯᠭᠡᠵᠤ᠂ ᠭᠤᠷᠪᠠᠨ ᠱᠠᠲᠤ ᠪᠠᠷ ᠬᠤᠯᠪᠣᠭᠠᠯᠠᠨ ᠬᠥᠳᠡᠯᠦᠯᠴᠡᠬᠦ᠂ ᠣᠯᠠᠨ ᠡᠰᠢᠵᠢᠬᠦᠯᠦᠨ ᠬᠠᠮᠲᠤᠪᠠᠷ ᠵᠠᠰᠠᠬᠤ᠂ ᠠᠳᠠᠯᠢᠬᠠᠨ ᠠᠵᠢᠯᠯᠠᠬᠤ᠂ ᠠᠵᠢᠯ ᠤᠨ ᠪᠠᠶᠢᠷᠢ ᠲᠣᠭᠲᠠᠭᠠᠨ ᠬᠠᠷᠢᠭᠤᠴᠠᠯᠭ᠎ᠠ ᠲᠣᠭᠲᠠᠭᠠᠬᠤ ᠠᠵᠢᠯ ᠤᠨ ᠳᠤᠬᠳᠠᠯᠴᠠᠭ᠎ᠠ ᠶᠢ ᠪᠠᠶᠢᠭᠤᠯᠤᠨ᠎ᠠ᠃ ᠨᠡᠶᠢᠭᠡᠮ ᠲᠣᠭᠤᠷᠢᠭ ᠤᠨ ︽ᠭᠤᠷᠪᠠ ᠶᠢ ᠨᠡᠮᠡᠭᠳᠡᠭᠦᠯᠵᠦ ᠭᠤᠷᠪᠠ ᠶᠢ ᠪᠠᠭᠠᠰᠬᠠᠬᠤ︾ ᠤᠶᠢᠯᠡᠴᠢᠯᠡᠭᠡᠨ ᠤ ᠵᠠᠭᠪᠤᠷ ᠢ ᠳᠡᠯᠭᠡᠷᠡᠭᠦᠯᠵᠦ᠂ ᠠᠷᠠᠳ ᠤᠨ ᠠᠮᠢᠳᠤᠷᠠᠯ ᠤᠨ ᠤᠶᠢᠯᠡᠴᠢᠯᠡᠭᠡᠨ ᠤ ᠤᠴᠢᠷ ᠶᠠᠪᠤᠳᠠᠯ ᠢ ᠨᠡᠶᠢᠭᠡᠮ ᠲᠣᠭᠤᠷᠢᠭ ᠲᠤ ᠬᠦᠢᠴᠡᠳᠭᠡᠬᠦ᠂ ᠰᠦᠯᠵᠢᠶᠡᠨ ᠳᠡᠭᠡᠷ᠎ᠡ ᠨᠡᠶᠢᠳᠡᠮ ᠬᠦᠢᠴᠡᠳᠭᠡᠬᠦ ᠶᠢ ᠪᠡᠶᠡᠯᠡᠭᠦᠯᠦᠨ᠎ᠡ᠃ ᠠᠳᠠᠯ ᠠᠬᠤᠢ ᠶᠢᠨ ᠤᠶᠢᠯᠡᠴᠢᠯᠡᠭᠡᠨ ᠤ ᠬᠠᠮᠢᠶᠠᠷᠤᠯᠲᠠ ᠶᠢ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠰᠲ᠋ᠧᠮ ᠳᠤ ᠣᠷᠣᠭᠤᠯᠵᠤ ᠂ ᠰᠠᠭᠤᠭᠠᠯᠢ ᠠᠷᠠᠳ ᠤᠨ ᠵᠥᠪᠯᠡᠯ᠂ ᠠᠳᠠᠯ ᠠᠬᠤᠢ ᠶᠢᠨ ᠵᠥᠪᠯᠡᠯ ᠪᠠ ᠠᠳᠠᠯ ᠠᠬᠤᠢ ᠶᠢᠨ ᠤᠶᠢᠯᠡᠴᠢᠯᠡᠭᠡᠨ ᠤ ᠠᠵᠤ ᠠᠬᠤᠶᠢᠯᠠᠯ ᠤᠨ ᠬᠠᠮᠲᠤᠪᠠᠷ ᠵᠥᠪᠳᠡᠯᠴᠡᠵᠤ ᠵᠥᠪᠯᠡᠬᠦ ᠲᠣᠭᠲᠠᠴᠠ ᠶᠢ ᠪᠠᠶᠢᠭᠤᠯᠤᠨ᠂ ᠠᠳᠠᠯ ᠠᠬᠤᠢ ᠶᠢᠨ ᠺᠣᠮᠫᠠᠨᠢ ᠶᠢᠨ ᠰᠢᠯᠭᠠᠷᠠᠭᠤᠯᠤᠯᠲᠠ ᠶᠢ ᠥᠷᠨᠢᠭᠦᠯᠵᠦ᠂ ᠰᠠᠭᠤᠭᠠᠯᠢ ᠠᠷᠠᠳ ᠤᠨ ᠠᠳᠠᠯ ᠠᠬᠤᠢ ᠶᠢᠨ ᠵᠢᠭᠤᠷᠠᠯᠳᠤᠭᠠᠨ ᠢ ᠬᠠᠤᠯᠢ ᠶᠣᠰᠣᠭᠠᠷ ᠥᠪᠡᠷᠲᠡᠭᠡᠨ ᠵᠠᠰᠠᠬᠤ ᠪᠠᠷ ᠳᠠᠮᠵᠢᠨ ᠰᠢᠢᠳᠪᠤᠷᠢᠯᠡᠨ᠎ᠠ᠃ ᠨᠡᠶᠢᠭᠡᠮ ᠵᠢᠷᠤᠮ ᠤᠨ ᠭᠤᠤᠯᠯᠠᠬᠤ ᠥᠷᠲᠡᠭ ᠤᠨ ᠦᠵᠡᠯᠲᠡ ᠪᠠᠷ ᠤᠳᠤᠷᠢᠳᠤᠮᠵᠢ ᠪᠣᠯᠭᠠᠵᠤ᠂ ᠪᠣᠯᠪᠠᠰᠤᠨ ᠬᠤᠲᠠ ᠶᠢ ᠡᠬᠦᠳᠤᠨ ᠪᠠᠶᠢᠭᠤᠯᠬᠤ ᠡᠯ᠎ᠡ ᠵᠤᠶᠢᠯ ᠤᠨ ᠡᠭᠦᠷᠭᠡ ᠶᠢ ᠨᠠᠶᠢᠳᠠᠪᠤᠷᠢᠵᠢᠭᠤᠯᠤᠨ᠎ᠠ᠃ ᠦᠨᠳᠦᠰᠦᠨ ᠱᠠᠲᠤᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠤᠯᠠᠨ ᠳᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠤᠯᠠᠨ ᠲᠦᠮᠡᠨ ᠲᠠᠢ ᠨᠡᠩ ᠰᠠᠶᠢᠨ ᠬᠠᠷᠢᠯᠴᠠᠵᠤ ᠤᠯᠠᠨ ᠲᠦᠮᠡᠨ ᠳᠤ ᠤᠶᠢᠯᠡᠴᠢᠯᠡᠬᠦ ᠶᠢ ᠲᠡᠮᠵᠢᠨ᠎ᠠ᠃ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠢ ᠲᠦᠷᠭᠡᠪᠴᠢᠯᠡᠨ ᠡᠭᠦᠳᠦᠨ ᠪᠠᠶᠢᠭᠤᠯᠵᠤ᠂ ᠦᠨᠳᠦᠰᠦᠲᠡᠨ ᠪᠠ ᠱᠠᠰᠢᠨ ᠰᠤᠷᠲᠠᠬᠤᠨ ᠤ ᠠᠵᠢᠯ ᠢ ᠢᠳᠡᠪᠬᠢᠲᠡᠶ ᠰᠠᠶᠢᠲᠤᠷ ᠬᠢᠨ᠎ᠡ᠃ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠤᠶᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠬᠠᠤᠯᠢ ᠳᠦᠭᠡᠮᠡᠯᠵᠢᠬᠦᠯᠬᠦ ᠬᠥᠮᠦᠵᠢᠯ ᠢ ᠦᠷᠭᠦᠯᠵᠢᠯᠡᠨ ᠥᠷᠨᠢᠭᠦᠯᠦᠨ᠎ᠡ᠃            ᠭᠠᠷ ᠬᠤᠯᠪᠣᠨ ᠪᠣᠬᠢᠷᠲᠤᠯ ᠦᠭᠡᠢ ᠭᠡᠷ ᠣᠷᠣᠨ ᠢ ᠬᠠᠮᠲᠤ ᠪᠠᠷ ᠪᠦᠲᠦᠭᠡᠨ ᠪᠠᠶᠢᠭᠤᠯᠤᠨ᠎ᠠ᠃ ᠠᠮᠢ ᠠᠬᠤᠶ ᠶᠢ ᠤᠷᠢᠳ ᠢᠶᠠᠷ ᠪᠣᠳᠣᠯᠬᠢᠯᠠᠵᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠵᠠᠮ ᠢ ᠪᠠᠷᠢᠮᠲᠠᠯᠠᠵᠤ᠂ ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠳᠠ ᠶᠢᠨ ᠵᠢᠱᠢᠶ᠎ᠡ ᠦᠵᠡᠭᠦᠯᠬᠦ ᠳᠤᠭᠤᠷᠢᠭ ᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠭᠦᠨᠵᠡᠭᠡᠶᠢᠷᠡᠭᠦᠯᠵᠦ᠂ ᠪᠣᠬᠢᠷᠲᠤᠯ ᠦᠭᠡᠢ ᠬᠥᠭᠵᠢᠯᠲᠡ ᠶᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠦᠬᠦ ᠬᠦᠷᠢᠶᠡᠨ ᠳᠤ ᠠᠭᠤᠰᠬᠠᠨ ᠣᠷᠣᠭᠤᠯᠵᠤ᠂ ᠬᠥᠮᠦᠰ ᠤᠨ ᠤᠶᠢᠯᠡᠳᠪᠤᠷᠢᠯᠡᠯ ᠠᠮᠢᠳᠤᠷᠠᠯ ᠤᠨ ᠪᠦᠬᠦ ᠶᠠᠪᠤᠴᠠ ᠳᠤ ᠳᠤᠭᠤᠰᠢᠯᠠᠭᠤᠯᠤᠨ᠎ᠠ᠃ ᠠᠮᠢ ᠠᠬᠤᠢ ᠶᠢᠨ ᠠᠰᠢᠭᠯᠠᠯᠲᠠ ᠶᠢᠨ ᠬᠡᠯᠪᠡᠷᠢ ᠶᠢᠨ᠂ ᠡᠷᠬᠢᠯᠳᠡᠳᠦ ᠥᠨᠳᠥᠷ ᠦᠷ᠎ᠡ ᠠᠰᠢᠭᠲᠤ ᠬᠡᠯᠪᠡᠷᠢ ᠶᠢᠨ᠂ ᠳᠤᠤᠷ᠎ᠠ ᠨᠡᠬᠦᠷᠡᠰᠦᠳᠦ᠋ᠷᠦᠭᠴᠢᠳᠤ ᠠᠷᠢᠭᠤᠨ ᠴᠡᠪᠡᠷ ᠬᠡᠯᠪᠡᠷᠢ ᠶᠢᠨ᠂ ᠣᠷᠴᠢᠨ ᠲᠣᠭᠤᠷᠢᠨ ᠢ ᠵᠠᠰᠠᠬᠤ ᠬᠡᠯᠪᠡᠷᠢ ᠶᠢᠨ ᠣᠳᠣᠬᠢᠴᠢᠯᠠᠭᠰᠠᠨ ᠠᠵᠤ ᠦᠢᠯᠡᠰ ᠤᠨ ᠳᠤᠬᠳᠠᠯᠴᠠᠭ᠎ᠠ ᠶᠢ ᠢᠳᠡᠪᠬᠢᠲᠡᠢ ᠪᠠᠶᠢᠭᠤᠯᠵᠤ᠂ ᠴᠢᠨᠠᠷ ᠰᠠᠶᠢᠲᠠᠢ᠂ ᠦᠷᠭᠦᠯᠵᠢᠯᠡᠨ ᠬᠥᠭᠵᠢᠬᠦ ᠶᠢ ᠲᠦᠷᠭᠡᠳᠬᠡᠨ ᠪᠡᠶᠡᠯᠡᠭᠦᠯᠦᠨ᠎ᠡ᠃ ᠬᠤᠲᠠ ᠶᠢᠨ ᠰᠢᠯᠢᠳᠡᠭ ᠰᠠᠶᠢᠨ ᠣᠷᠴᠢᠨ ᠲᠣᠭᠤᠷᠢᠨ ᠢ ᠡᠭᠦᠳᠴᠦ᠂ ᠦᠵᠡᠮᠵᠢ ᠶᠢᠨ ᠭᠤᠤᠯ ᠴᠡᠭ ᠢ ᠰᠠᠶᠢᠵᠢᠷᠠᠭᠤᠯᠤᠨ ᠥᠭᠡᠷᠡᠴᠢᠯᠡᠬᠦ 10 ᠲᠥᠷᠥᠯ ᠤᠨ ᠢᠨᠵᠧᠨᠧᠷᠢᠩ ᠢ ᠬᠡᠷᠡᠭᠵᠢᠭᠦᠯᠵᠦ᠂ 1000 ᠮᠦ ᠴᠡᠴᠡᠭ ᠤᠨ ᠲᠠᠷᠢᠶ᠎ᠠ  ᠳᠠᠷᠢᠵᠤ᠂ ᠨᠢᠭᠡ ᠪᠦᠯᠦᠭ ᠴᠡᠴᠡᠷᠯᠢᠭᠵᠢᠬᠦᠯᠦᠭᠰᠡᠨ ᠲᠣᠭᠤᠷᠢᠭ᠂ ᠴᠡᠴᠡᠷᠯᠢᠭᠵᠢᠬᠦᠯᠦᠭᠰᠡᠨ ᠰᠤᠷᠭᠠᠭᠤᠯᠢ ᠪᠣᠯᠤᠨ ᠴᠡᠴᠡᠷᠯᠢᠭᠵᠢᠬᠦᠯᠦᠭᠰᠡᠨ ᠪᠠᠶᠢᠭᠤᠯᠭ᠎ᠠ ᠶᠢ ᠪᠠᠶᠢᠭᠤᠯᠤᠨ᠎ᠠ᠃ ᠠᠮᠢ ᠠᠬᠤᠢ ᠶᠢᠨ ᠣᠷᠴᠢᠨ ᠲᠣᠭᠤᠷᠢᠨ ᠢ ᠵᠠᠰᠠᠨ ᠰᠡᠷᠭᠦᠭᠡᠬᠦ ᠪᠠ ᠰᠠᠶᠢᠵᠢᠷᠠᠭᠤᠯᠬᠤ ᠠᠵᠢᠯ ᠢ ᠡᠬᠢᠯᠡᠭᠦᠯᠵᠦ ᠂ ᠺᠣᠣ ᠺᠣᠣ ᠱᠢ ᠨᠠ᠂ ᠯᠧᠢ ᠵᠢᠶᠠ ᠫᠦᠸᠧ ᠵᠡᠷᠭᠡ ᠣᠷᠣᠨ ᠳᠤᠭᠤᠷᠢᠭ ᠤᠨ ᠶᠡᠷᠦᠩᠬᠡᠶᠢᠯᠡᠭᠰᠡᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ ᠥᠨᠳᠥᠷ ᠬᠢᠷᠢ ᠲᠦᠪᠰᠢᠨ ᠪᠦᠬᠦᠢ ᠲᠠᠷᠢᠶᠠᠨ ᠭᠠᠵᠠᠷ ᠤᠨ ᠶᠡᠷᠦᠩᠭᠡᠶᠢᠯᠡᠭᠰᠡᠨ ᠴᠣᠭᠴᠠ ᠶᠢ ᠪᠠᠶᠢᠭᠤᠯᠵᠤ᠂ ᠬᠤᠲᠠ ᠲᠣᠭᠤᠷᠢᠭᠰᠠᠨ ᠠᠮᠢ ᠠᠬᠤᠢ ᠶᠢᠨ ᠤᠢ ᠶᠢᠨ ᠪᠦᠰᠡ ᠶᠢ 3500 ᠮᠦ ᠪᠦᠳᠤᠭᠡᠨ ᠪᠠᠶᠢᠭᠤᠯᠤᠨ᠎ᠠ᠃ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠂ ᠪᠣᠬᠢᠷᠲᠤᠯ ᠦᠭᠡᠢ ᠨᠡᠬᠦᠷᠡᠰᠦᠳᠦ᠋ᠷᠦᠭᠴᠢ ᠶᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠤᠨ ᠠᠷᠭ᠎ᠠ ᠮᠠᠶ᠋ᠢᠭ ᠢ ᠶᠡᠬᠡᠪᠡᠷ ᠰᠠᠨᠠᠭᠠᠴᠢᠯᠠᠨ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠰᠠᠭᠤᠭᠠᠯᠢ ᠠᠷᠠᠳ ᠤᠨ ᠠᠮᠢ ᠠᠬᠤᠶ ᠣᠷᠴᠢᠨ ᠠᠬᠤᠶ ᠶᠢ ᠬᠠᠮᠠᠭᠠᠯᠠᠬᠤ ᠦᠵᠡᠯ ᠤᠬᠠᠮᠰᠠᠷ ᠢ ᠨᠡᠮᠡᠭᠳᠡᠭᠦᠯᠦᠨ᠎ᠡ᠃ ᠪᠣᠬᠢᠷᠲᠤᠯ ᠥᠬᠡᠶ ᠬᠠᠯᠬᠠᠪᠴᠢ ᠶᠢ ᠪᠠᠶᠢᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠪᠠ ︽ᠭᠤᠤᠯ ᠤᠨ ᠳᠠᠷᠤᠭ᠎ᠠ ᠶᠢᠨ ᠲᠦᠷᠢᠮ︾ ᠤᠨ ᠡᠯ᠎ᠡ ᠵᠤᠶᠢᠯ ᠤᠨ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠵᠤ᠂ ᠬᠠᠮᠤᠭ ᠤᠨ ᠴᠢᠩᠭ᠎ᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠦᠷᠢᠮ ᠢ ᠬᠡᠷᠡᠭᠵᠢᠭᠦᠯᠵᠦ᠂ ᠬᠥᠬᠡ ᠣᠭᠲᠠᠷᠭᠤᠶ᠂ ᠴᠡᠩᠭᠡᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠠᠬᠢᠭᠤᠯᠤᠨ᠎ᠠ᠃            ︵ᠲᠠᠪᠤ︶ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠨ᠎ᠠ᠃ ᠴᠢᠨᠠᠷ ᠰᠠᠶᠢᠲᠠᠢ ᠤᠯᠠᠨ ᠨᠡᠶᠢᠲᠡ ᠶᠢᠨ ᠦᠢᠯᠡᠴᠢᠯᠡᠭᠡ ᠪᠣᠯ ᠵᠣᠯ ᠵᠢᠷᠭᠠᠯᠲᠤ ᠬᠤᠳᠠ ᠶᠢᠨ ᠴᠢᠬᠤᠯᠠ ᠪᠡᠯᠭᠡ ᠳᠡᠮᠳᠡᠭ ᠮᠥᠨ᠂ ᠢᠮᠠᠭᠲᠠ ᠬᠤᠷᠢᠭ᠎ᠠ ᠱᠤᠭᠤᠮ ᠢ ᠰᠠᠬᠢᠬᠤ᠂ ᠦᠨᠳᠦᠰᠦᠨ ᠵᠦᠢᠯ ᠢ ᠪᠠᠲᠤᠯᠠᠬᠤ᠂ ᠶᠠᠰᠤ ᠴᠢᠨᠠᠷ ᠢ ᠳᠡᠭᠡᠭᠰᠢᠯᠡᠬᠦᠯᠬᠦ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠲᠠᠢ ᠪᠠᠶᠢᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ ᠢ ᠨᠡᠩ ᠲᠡᠭᠦᠯᠳᠡᠷ᠂ ᠵᠣᠯ ᠵᠢᠷᠭᠠᠯ ᠤᠨ ᠲᠦᠷᠦᠭᠳᠡᠯ ᠢ ᠨᠡᠩ ᠦᠨᠡᠨ ᠪᠣᠳᠠᠲᠠᠢ᠂ ᠠᠮᠤᠷ ᠲᠦᠪᠰᠢᠨ ᠤ ᠲᠦᠷᠦᠭᠳᠡᠯ ᠢ ᠨᠡᠩ ᠯᠠᠪᠳᠠᠭᠤᠨ ᠪᠠᠲᠤᠲᠠᠢ ᠪᠣᠯᠭᠠᠨ᠎ᠠ᠃            ᠰᠤᠷᠭᠠᠨ ᠬᠥᠮᠦᠵᠢᠯ ᠤᠨ ᠤᠶᠢᠯᠡᠰ ᠢ ᠡᠩ ᠲᠡᠷᠢᠭᠦᠨ ᠳᠤ ᠬᠥᠭᠵᠢᠭᠦᠯᠦᠨ᠎ᠡ᠃ ᠰᠢᠯᠢᠳᠡᠭ ᠰᠤᠷᠭᠠᠨ ᠬᠥᠮᠦᠵᠢᠯ ᠢ ᠲᠡᠩᠴᠡᠭᠦᠷᠢᠲᠡᠶ ᠬᠥᠭᠵᠢᠭᠦᠯᠬᠦ᠂ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠲᠦᠭᠡᠮᠡᠯ ᠠᠰᠢᠬᠯᠠᠨ ᠬᠠᠮᠲᠤ ᠪᠠᠷ ᠭᠥᠷᠳᠡᠬᠦ ᠶᠢ ᠪᠠᠷᠢᠮᠲᠠᠯᠠᠵᠤ᠂ ᠪᠥᠬᠦ ᠬᠤᠲᠠ  ᠳᠤ ︽ᠳᠠᠷᠤᠭᠠᠰᠤ ᠪᠠᠭ᠎ᠠ ᠴᠢᠨᠠᠷᠵᠢᠯ ᠲᠠᠢ︾ ᠰᠤᠷᠭᠠᠨ ᠬᠥᠮᠦᠵᠢᠯ ᠤᠨ ᠵᠠᠭᠪᠤᠷ ᠢ ᠤᠷᠢᠳᠠᠪᠠᠷ ᠰᠦᠪᠡᠭᠴᠢᠯᠡᠵᠦ᠂ ᠬᠢᠴᠢᠶᠡᠯ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠤᠨ᠂ ᠬᠥᠮᠦᠨ ᠬᠥᠮᠦᠵᠢᠭᠦᠯᠬᠦ ᠵᠠᠭᠪᠤᠷ ᠢ ᠬᠤᠪᠢᠷᠠᠭᠤᠯᠵᠤ᠂ ᠵᠢᠭᠠᠨ ᠰᠤᠷᠭᠠᠬᠤ ᠠᠷᠭ᠎ᠠ ᠮᠠᠶ᠋ᠢᠭ ᠢ ᠬᠤᠪᠢᠷᠠᠭᠤᠯᠤᠨ᠂ ᠨᠢᠭᠡ ᠪᠦᠯᠦᠭ ᠵᠢᠱᠢᠶ᠎ᠡ ᠦᠵᠡᠭᠦᠯᠬᠦ ᠪᠠ ᠬᠥᠲᠥᠯᠦᠨ ᠳᠠᠭᠠᠭᠤᠯᠬᠤ ᠴᠢᠨᠠᠷᠳᠠᠢ ᠬᠢᠴᠢᠶᠡᠯ ᠤᠨ ᠰᠢᠰᠲ᠋ᠧᠮ ᠪᠠ ᠵᠢᠭᠠᠨ ᠰᠤᠷᠭᠠᠯᠳᠠ ᠶᠢᠨ ᠵᠠᠭᠪᠤᠷ ᠢ ᠪᠣᠶ ᠪᠣᠯᠭᠠᠨ᠎ᠠ᠃ ︽ᠰᠣᠷᠣᠭᠴᠢ ᠣᠯᠠᠨᠲᠠᠶ ᠠᠩᠭᠢ︾ ︽ᠰᠣᠷᠣᠭᠴᠢ ᠣᠯᠠᠨᠲᠠᠶ ᠰᠤᠷᠭᠠᠭᠤᠯᠢ︾ ᠶᠢᠨ ᠠᠰᠠᠭᠤᠳᠠᠯ ᠢ ᠲᠦᠷᠭᠡᠳᠬᠡᠨ ᠰᠢᠢᠳᠪᠤᠷᠢᠯᠡᠵᠤ᠂ ᠨᠠᠢᠮᠠᠳᠤᠭᠠᠷ ᠪᠠᠭ᠎ᠠ ᠰᠤᠷᠭᠠᠭᠤᠯᠢ ᠪᠠ ᠡᠷᠲᠡ ᠶᠢᠨ ᠬᠥᠮᠦᠵᠢᠯ ᠤᠨ ᠰᠢᠨ᠎ᠡ ᠲᠥᠪ ᠢ ᠭᠡᠷᠡᠭᠯᠡᠵᠤ᠂ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ᠣᠷᠳᠣᠰ ᠬᠠᠷᠢᠶᠠᠲᠤ ᠰᠤᠷᠭᠠᠭᠤᠯᠢ ᠶᠢᠨ ᠥᠨᠳᠥᠷ ᠳᠤᠮᠳᠠᠳᠤ ᠶᠢᠨ ᠰᠢᠨ᠎ᠡ ᠰᠤᠷᠭᠠᠭᠤᠯᠢ ᠶᠢᠨ ᠲᠣᠭᠤᠷᠢᠭ᠂ ᠮᠠᠨ ᠱᠢ ᠶᠢᠰᠦᠨ ᠵᠢᠯ ᠤᠨ ᠳᠦᠷᠢᠮᠲᠦ ᠤᠨᠴᠠᠯᠢᠬᠳᠤ ᠰᠤᠷᠭᠠᠭᠤᠯᠢ᠂ ᠠᠷᠪᠠᠨ ᠳᠥᠷᠪᠡᠳᠦᠭᠡᠷ ᠬᠡᠤᠬᠡᠳ ᠤᠨ ᠴᠡᠴᠡᠷᠯᠢᠭ ᠢ ᠡᠬᠢᠯᠡᠨ ᠪᠥᠲᠥᠭᠡᠨ ᠪᠠᠶᠢᠭᠤᠯᠵᠤ᠂ ᠳᠤᠷᠰᠢᠯᠳᠠ ᠶᠢᠨ ᠪᠠᠭ᠎ᠠ ᠰᠤᠷᠭᠠᠭᠤᠯᠢ᠂ ᠬᠤᠶᠠᠳᠤᠭᠠᠷ ᠪᠠᠭ᠎ᠠ ᠰᠤᠷᠭᠠᠭᠤᠯᠢ᠂ ᠬᠤᠶᠠᠳᠤᠭᠠᠷ ᠳᠤᠮᠳᠠᠳᠤ ᠰᠤᠷᠭᠠᠭᠤᠯᠢ ᠵᠡᠷᠭᠡ ᠶᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠵᠦ᠂ ᠵᠢᠯ ᠤᠨ ᠳᠣᠲᠣᠷ᠎ᠠ ᠰᠤᠷᠭᠠᠭᠤᠯᠢ ᠳᠤ ᠤᠷᠤᠬᠤ ᠤᠷᠤᠨ ᠳᠤᠭ᠎ᠠ ᠶᠢ 1080 ᠨᠡᠮᠡᠭᠳᠡᠭᠦᠯᠬᠦ ᠪᠠᠷ ᠵᠢᠱᠢᠵᠦ ᠪᠣᠶ᠃ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠪᠠᠭᠰᠢ ᠶᠢᠨ ᠡᠩᠨᠡᠭᠡ  ᠶᠢᠨ ᠥᠭᠡᠷᠡᠴᠢᠯᠡᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ ᠨᠠᠷᠠᠲᠤ ᠰᠢᠯᠢᠳᠡᠭ ᠪᠠᠭᠰᠢ ᠶᠢ ᠤᠷᠢᠨ ᠠᠪᠴᠢᠷᠠᠬᠤ ᠡᠷᠴᠢᠮ ᠢᠶᠠᠨ ᠴᠢᠩᠭᠠᠷᠠᠭᠤᠯᠵᠤ᠂ ᠪᠠᠭᠰᠢ ᠶᠢᠨ ᠴᠠᠯᠢᠩ ᠤᠯᠭᠤᠮᠵᠢ ᠶᠢ ᠳᠡᠭᠡᠭᠰᠢᠯᠡᠬᠦᠯᠬᠦ ᠲᠥᠷᠥ ᠶᠢᠨ ᠪᠣᠳᠣᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠪᠠᠭᠰᠢ ᠶᠢᠨ ᠰᠤᠷᠭᠠᠨ ᠬᠥᠮᠦᠵᠢᠯ  ᠳᠤ ᠤᠶᠢᠯᠡᠴᠢᠯᠡᠬᠦ ᠰᠡᠳᠬᠢᠯᠭᠡ ᠪᠠ ᠳᠤᠬᠠᠶᠢᠯᠠᠬᠰᠠᠨ ᠠᠵᠢᠯ ᠤᠨ ᠵᠣᠯ ᠵᠢᠷᠭᠠᠯᠳᠤ ᠲᠥᠷᠥᠭᠳᠡᠯ ᠢ ᠳᠡᠭᠡᠭᠰᠢᠯᠡᠭᠦᠯᠦᠨ᠎ᠡ᠃            ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤᠮᠳᠠ ᠢᠯᠡᠷᠡᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠳᠤᠲᠠᠭᠤᠳᠠᠯ ᠢ ᠨᠥᠬᠦᠪᠥᠷᠢᠯᠡᠵᠦ᠂ ᠡᠮᠨᠡᠯᠭᠡ ᠡᠷᠡᠭᠦᠯ ᠬᠠᠮᠠᠭᠠᠯᠠᠯ ᠤᠨ ᠤᠶᠢᠯᠡᠴᠢᠯᠡᠭᠡᠨ ᠤ ᠳᠤᠬᠳᠠᠯᠴᠠᠭ᠎ᠠ ᠪᠣᠯᠤᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠬᠢᠵᠢᠭ ᠢ ᠰᠡᠷᠭᠡᠶᠢᠯᠡᠬᠦ ᠳᠤᠬᠳᠠᠯᠴᠠᠭ᠎ᠠ ᠶᠢ ᠳᠦᠷᠭᠡᠨ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠡᠮ ᠡᠮᠨᠡᠯᠭᠡ  ᠶᠢᠨ ᠪᠠᠶᠢᠭᠤᠯᠤᠮᠵᠢ ᠶᠢᠨ ᠤᠶᠢᠯᠡᠴᠢᠯᠡᠭᠡᠨ ᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠴᠢᠬᠤᠯᠠ ᠪᠦᠬᠦᠢ ᠡᠮ ᠡᠮᠨᠡᠯᠭᠡ ᠶᠢᠨ ᠲᠥᠬᠦᠭᠡᠷᠦᠮᠵᠢ ᠪᠣᠯᠤᠨ ᠲᠦᠷᠭᠡᠨ ᠠᠪᠤᠷᠠᠬᠤ ᠲᠡᠷᠭᠡ ᠬᠥᠰᠬᠡ ᠶᠢ ᠬᠦᠢᠴᠡᠳ ᠲᠣᠬᠢᠷᠠᠭᠤᠯᠤᠨ᠎ᠠ᠃ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠮᠴᠢᠯᠡᠬᠦ ᠠᠵᠢᠯ ᠤᠨ ᠡᠷᠴᠢᠮ ᠢ ᠴᠢᠩᠭᠠᠷᠠᠭᠤᠯᠵᠤ᠂ ᠳᠤᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠬᠤᠷᠢᠬᠯᠠᠬᠤ ᠲᠥᠪ ᠢ ᠡᠬᠢᠯᠡᠨ ᠪᠠᠶᠢᠭᠤᠯᠵᠤ᠂ ᠬᠢᠵᠢᠭ ᠤᠨ ᠪᠠᠶᠢᠳᠠᠯ ᠢ ᠮᠡᠳᠡᠭᠦᠯᠬᠦ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠤᠷᠢᠯᠡᠬᠦ ᠲᠦᠷᠢᠮ ᠢ ᠲᠡᠭᠦᠯᠳᠡᠷᠵᠢᠭᠦᠯᠦᠨ᠎ᠡ᠃ ᠬᠡᠷ ᠪᠦᠯᠢ ᠶᠢᠨ ᠡᠮᠴᠢ ᠶᠢᠨ ᠤᠶᠢᠯᠡᠴᠢᠯᠡᠭᠡ ᠶᠢ ᠭᠦᠨᠵᠡᠭᠡᠶᠢᠷᠡᠭᠦᠯᠵᠦ᠂ ᠭᠡᠷ᠎ᠡ ᠲᠣᠭᠲᠠᠵᠤ ᠤᠶᠢᠯᠡᠴᠢᠯᠡᠬᠦ ᠨᠤᠷᠮ᠎ᠠ ᠶᠢ ᠳᠡᠭᠡᠭᠰᠢᠯᠡᠭᠦᠯᠦᠨ᠂ ᠡᠷᠡᠭᠦᠯ ᠮᠡᠨᠳᠦ ᠶᠢ ᠬᠢᠨᠠᠨ ᠪᠠᠶᠢᠴᠠᠭᠠᠬᠤ᠂ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ᠂ ᠡᠮᠴᠢᠯᠡᠭᠡᠨ ᠤ ᠠᠰᠠᠭᠤᠨ ᠯᠠᠪᠯᠠᠯᠭ᠎ᠠ ᠬᠢᠬᠦ ᠵᠡᠷᠭᠡ ᠬᠡᠷ ᠪᠦᠯᠢ ᠶᠢᠨ ᠮᠠᠶ᠋ᠢᠭ ᠤᠨ ᠡᠷᠡᠭᠦᠯ ᠮᠡᠨᠳᠦ ᠶᠢᠨ ᠤᠶᠢᠯᠡᠴᠢᠯᠡᠭᠡ ᠨᠢ ᠨᠠᠩ ᠶᠡᠭᠡ ᠤᠶᠢᠯᠡᠳᠤᠯ ᠢᠶᠠᠨ ᠪᠠᠳᠠᠷᠠᠭᠤᠯᠵᠤ᠂ ︽ᠢᠨᠲ᠋ᠧᠷ ᠰᠦᠯᠵᠢᠶ᠎ᠡ + ᠬᠡᠷ ᠪᠦᠯᠢ ᠶᠢᠨ ᠡᠮᠴᠢ︾ ᠶᠢᠨ ᠤᠶᠢᠯᠡᠴᠢᠯᠡᠭᠡᠨ ᠤ ᠵᠠᠭᠪᠤᠷ ᠢ ᠢᠳᠡᠪᠬᠢᠲᠡᠶ ᠰᠦᠪᠡᠭᠴᠢᠯᠡᠨ᠎ᠡ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠡᠷᠡᠭᠦᠯ ᠴᠢᠭᠢᠷᠠᠭ ᠪᠤᠯᠪᠠᠰᠤᠨ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ᠂ ︽ᠬᠥᠮᠦᠨ ᠪᠤᠯᠭᠠᠨ ᠥᠪᠡᠷ ᠤᠨ ᠡᠷᠡᠭᠦᠯ ᠮᠡᠨᠳᠤ ᠶᠢᠨ ᠨᠢᠭᠡᠳᠦᠭᠡᠷ ᠬᠠᠷᠢᠭᠤᠴᠠᠯᠭ᠎ᠠ ᠶᠢᠨ ᠬᠦᠮᠤᠨ ᠮᠥᠨ︾ ᠭᠡᠬᠦ ᠤᠶᠢᠯᠠᠭᠠᠬᠳᠠᠬᠤᠨ ᠢ ᠬᠥᠮᠦᠰ ᠤᠨ ᠰᠡᠳᠬᠢᠯ ᠳᠤ ᠭᠦᠨ ᠬᠠᠳᠠᠩᠰᠢᠭᠤᠯᠵᠤ᠂ ᠣᠯᠠᠨ ᠲᠦᠮᠡᠨ ᠳᠤ ᠡᠷᠬᠡᠪᠰᠢ ᠪᠦᠷᠢᠯᠳᠦᠭᠦᠯᠬᠦ ᠴᠢᠬᠤᠯᠠᠲᠠᠶ ᠡᠷᠡᠭᠦᠯ ᠮᠡᠨᠳᠦ ᠶᠢᠨ ᠮᠡᠳᠡᠯᠭᠡ ᠪᠠ ᠤᠷ᠎ᠠ ᠴᠢᠳᠠᠪᠤᠷᠢ ᠶᠢ ᠠᠯᠬᠤᠮ ᠠᠯᠬᠤᠮ ᠢᠶᠠᠷ ᠡᠵᠡᠮᠰᠢᠭᠦᠯᠵᠦ᠂ ᠠᠷᠠᠳ ᠲᠦᠮᠡᠨ ᠤ ᠡᠷᠡᠭᠦᠯ ᠮᠡᠨᠳᠦ ᠶᠢᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃            ᠤᠯᠠᠨ ᠨᠡᠶᠢᠳᠡ ᠶᠢᠨ ᠰᠤᠶᠤᠯ ᠤᠨ ᠦᠢᠯᠡᠴᠢᠯᠡᠭᠡ ᠶᠢ ᠬᠦᠨᠵᠡᠭᠡᠶᠢᠷᠡᠬᠦᠯᠤᠨ᠎ᠡ᠃ ᠰᠤᠶᠤᠯ ᠤᠨ ᠠᠵᠢᠯᠯᠠᠭᠠᠨ ᠤ ᠰᠠᠭᠤᠷᠢᠨ ᠭᠠᠵᠠᠷ ᠢ ᠲᠡᠬᠦᠯᠳᠡᠷᠵᠢᠬᠦᠯᠵᠤ᠂ ᠲᠤᠭᠤᠷᠢᠭ ᠤᠨ ᠰᠤᠶᠤᠯ ᠤᠨ ᠤᠷᠳᠤᠨ ᠢ ᠪᠠᠶᠢᠭᠤᠯᠵᠤ ᠠᠰᠢᠬᠯᠠᠯᠳᠠ ᠳᠤ ᠤᠷᠤᠭᠤᠯᠤᠨ᠂ ᠲᠤᠭᠤᠷᠢᠭ ᠤᠨ ᠤᠯᠠᠭᠠᠨᠮᠦ᠋ᠴᠢᠷ ᠢ ᠵᠤᠬᠢᠶᠠᠨ ᠪᠠᠶᠢᠭᠤᠯᠬᠤ ᠶᠢ ᠠᠬᠢᠭᠤᠯᠵᠤ᠂ ᠤᠯᠠᠭᠠᠨᠮᠦ᠋ᠴᠢᠷ ᠤᠨ ᠤᠳᠬ᠎ᠠ ᠤᠷᠠᠯᠢᠭ ᠤᠨ ᠡᠬᠦᠳᠤᠨ ᠪᠦᠳᠤᠭᠡᠯᠳᠡ ᠪᠠ ᠦᠨᠳᠤᠰᠤᠨ ᠱᠠᠳᠤᠨ ᠳᠤ ᠪᠠᠭᠤᠵᠤ ᠲᠤᠬᠯᠠᠯᠳᠠ ᠭᠠᠷᠭᠠᠬᠤ ᠶᠢ ᠬᠦᠴᠤᠳᠠᠢ ᠲᠡᠮᠵᠢᠨ᠎ᠡ᠃ ᠵᠠᠭᠤᠨ ᠡᠳᠤᠷ ᠤᠨ ᠵᠤᠨ ᠤ ᠤᠯᠠᠷᠢᠯ ᠤᠨ ᠰᠤᠶᠤᠯ ᠤᠨ ᠠᠵᠢᠯᠯᠠᠭ᠎ᠠ᠂ ᠠᠭᠤᠳᠠᠮ ᠲᠠᠯᠠᠪᠠᠢ ᠶᠢᠨ ᠪᠦᠵᠢᠭ ᠤᠨ ᠤᠷᠤᠯᠳᠤᠭᠠᠨ᠂ ᠰᠤᠶᠤᠯ ᠢ ᠬᠦᠳᠡᠭᠡ ᠪᠠᠭᠤᠯᠭᠠᠬᠤ ᠠᠵᠢᠯᠯᠠᠭ᠎ᠠ᠂ ᠰᠢᠯᠦᠭ ᠲᠠᠭᠤᠤ ᠪᠠᠷ ᠠᠷᠠᠳ ᠢ ᠬᠠᠷᠠᠭᠠᠯᠵᠠᠬᠤ ᠠᠵᠢᠯᠯᠠᠭ᠎ᠠ᠂ ᠪᠤᠳᠠᠰ ᠤᠨ ᠪᠤᠰᠤ ᠰᠤᠶᠤᠯ ᠤᠨ ᠦᠵᠡᠬᠦᠯᠦᠯᠭᠡ ᠶᠢ ᠨᠡᠶᠢᠭᠡᠮ ᠲᠤᠭᠤᠷᠢᠭ ᠲᠤ ᠤᠷᠤᠭᠤᠯᠬᠤ ᠵᠡᠷᠭᠡ ᠨᠢᠭᠡ ᠪᠦᠯᠦᠭ ᠤᠯᠠᠨ ᠲᠦᠮᠡᠨᠴᠢ ᠴᠢᠨᠠᠷᠳᠠᠢ ᠰᠤᠶᠤᠯ ᠢᠶᠠᠷ ᠠᠷᠠᠳ ᠢ ᠬᠠᠷᠠᠭᠠᠯᠵᠠᠬᠤ ᠠᠵᠢᠯᠯᠠᠭ᠎ᠠ  ᠶᠢ ᠦᠷᠬᠦᠯᠵᠢᠯᠡᠨ ᠡᠷᠬᠢᠯᠡᠵᠤ᠂ ᠠᠷᠠᠳ ᠤᠯᠠᠨ ᠤ ᠡᠳᠤᠷ ᠢᠷᠡᠬᠦᠶ᠎ᠡ ᠨᠡᠮᠡᠭᠳᠡᠵᠤ ᠪᠠᠶᠢᠭ᠎ᠠ ᠰᠤᠶᠤᠯ ᠤᠨ ᠭᠡᠷᠡᠭᠴᠡᠭᠡ ᠶᠢ ᠬᠠᠨᠭ᠍ᠭᠠᠨ᠎ᠠ᠃ ᠰᠤᠷᠤᠯᠴᠠᠯᠭ᠎ᠠ ᠲᠠᠢ ᠨᠡᠶᠢᠭᠡᠮ  ᠢ ᠲᠦᠷᠭᠡᠨ ᠪᠠᠶᠢᠭᠤᠯᠵᠤ᠂ ᠪᠦᠬᠦ ᠠᠷᠠᠳ ᠢᠶᠠᠷ ᠢᠶᠠᠨ ᠨᠤᠮ ᠤᠡᠭᠰᠢᠬᠤ ᠶᠢ ᠢᠳᠡᠪᠬᠢᠳᠡᠢ ᠰᠠᠨᠠᠭᠠᠴᠢᠯᠠᠵᠤ᠂ ᠨᠡᠶᠢᠭᠡᠮ ᠲᠤᠭᠤᠷᠢᠭ ᠤᠨ ᠨᠤᠮ ᠤᠨ ᠰᠠᠩ ᠪᠤᠯᠤᠨ ᠨᠡᠬᠦᠳᠡᠯ ᠨᠤᠮ ᠤᠨ ᠦᠷᠦᠭᠡ ᠶᠢ ᠤᠯᠠᠮ ᠨᠢᠭᠡ ᠠᠯᠬᠤᠮ ᠲᠡᠬᠦᠯᠳᠡᠷᠵᠢᠬᠦᠯᠵᠤ᠂ ︽ᠤᠯᠠᠨ ᠨᠤᠮ ᠤᠡᠭᠰᠢᠬᠤ᠂ ᠰᠠᠶᠢᠨ ᠨᠤᠮ ᠤᠡᠭᠰᠢᠬᠤ᠂ ᠨᠤᠮ ᠰᠠᠶᠢᠬᠠᠨ ᠤᠡᠭᠰᠢᠬᠤ ︾ ᠨᠡᠶᠢᠭᠡᠮ ᠤᠨ ᠰᠤᠶᠤᠯ ᠤᠨ ᠭᠡᠪ ᠰᠤᠷᠳᠠᠯ ᠢ ᠪᠠᠳᠠᠷᠠᠭᠤᠯᠵᠤ᠂ ᠬᠤᠳᠠ ᠶᠢᠨ ᠨᠤᠮ ᠤᠡᠭᠰᠢᠬᠤ ᠠᠭᠤᠷ ᠠᠮᠢᠰᠬᠤᠯ ᠢ ᠨᠡᠩ ᠰᠠᠶᠢᠨ ᠪᠤᠯᠭᠠᠨ᠎ᠠ᠃            ᠨᠡᠶᠢᠭᠡᠮ ᠤᠨ ᠦᠨᠳᠦᠰᠦᠨ ᠵᠤᠶᠢᠯ ᠢ ᠪᠠᠲᠤᠯᠠᠬᠤ ᠪᠠᠲᠤᠯᠠᠭ᠎ᠠ ᠶᠢ ᠴᠢᠩᠭᠠᠳᠬᠠᠨ᠎ᠠ᠃ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠬᠠᠷᠠᠯᠲᠠ ᠡᠭᠦᠷᠭᠡ ᠶᠢᠨ ᠲᠣᠭᠤᠷᠢᠨ ᠳᠤ᠂ ᠤᠨᠤᠴᠢᠳᠠᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠰᠢᠯᠵᠢᠨ ᠨᠡᠬᠦᠭᠰᠡᠨ ᠲᠠᠷᠢᠶᠠᠴᠢᠨ᠂ ᠶᠡᠭᠡ ᠳᠡᠭᠡᠳᠦ ᠰᠤᠷᠭᠠᠭᠤᠯᠢ ᠳᠡᠬᠦᠰᠦᠭᠰᠡᠨ ᠤᠶᠤᠳᠠᠳ᠂ ᠴᠡᠷᠢᠭ ᠠᠴᠠ ᠬᠠᠯᠠᠭᠳᠠᠭᠰᠠᠳ ᠵᠡᠷᠭᠡ ᠭᠤᠤᠯᠳᠠᠯᠭ᠎ᠠ ᠲᠠᠢ ᠬᠦᠮᠤᠰ ᠲᠤ ᠠᠵᠢᠯ ᠣᠯᠭᠤᠬᠤ ᠠᠵᠢᠯ ᠢ ᠨᠢᠭᠳᠠ ᠠᠩᠬᠠᠷᠴᠤ᠂ ᠠᠵᠢᠯ ᠲᠠᠢ ᠬᠥᠮᠦᠨ ᠦᠭᠡᠢ ᠭᠡᠷ ᠪᠦᠯᠢ ᠳᠤ ᠠᠵᠢᠯ ᠤᠯᠭᠤᠬᠤ ᠶᠢ ᠪᠠᠲᠤᠯᠠᠵᠤ᠂ ᠣᠨᠴᠠᠭᠠᠢ ᠬᠦᠴᠢᠷᠳᠡᠯᠲᠡᠢ ᠭᠡᠷ ᠪᠦᠯᠢ ᠶᠢ ᠤᠨᠤᠴᠢᠳᠠᠢ ᠠᠪᠤᠷᠠᠨ ᠲᠤᠰᠠᠯᠠᠬᠤ ᠶᠢ ᠦᠨᠡᠨᠬᠦ ᠪᠠᠲᠤᠯᠠᠵᠤ᠂ ᠨᠢᠭᠡ ᠬᠥᠮᠦᠨ ᠢ ᠴᠦ ᠭᠡᠳ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠵᠠᠮ ᠳᠤ ᠬᠤᠴᠣᠷᠤᠭᠤᠯᠬᠤ ᠦᠭᠡᠢ ᠪᠠᠶᠢᠯᠭᠠᠨ᠎ᠠ᠃ ᠨᠡᠶᠢᠭᠡᠮ ᠤᠨ ᠳᠠᠭᠠᠳᠬᠠᠯ ᠤᠨ ᠠᠰᠢᠭ ᠬᠦᠷᠲᠡᠭᠡᠬᠦ ᠬᠡᠪᠴᠢᠶ᠎ᠡ ᠶᠢ ᠥᠷᠭᠡᠳᠬᠡᠵᠦ᠂ ᠳᠤᠮᠳᠠ ᠪᠠᠭ᠎ᠠ ᠠᠵᠤ ᠠᠬᠤᠶᠢᠯᠠᠯ ᠤᠨ ᠠᠵᠢᠯ ᠤᠯᠤᠬᠰᠠᠨ ᠬᠦᠮᠤᠨ᠂ ᠠᠮᠢᠳᠤᠯᠢᠭ ᠢᠶᠠᠷ ᠠᠵᠢᠯ ᠤᠯᠤᠬᠰᠠᠨ ᠬᠦᠮᠤᠨ᠂ ᠬᠦᠯᠤᠰᠤᠨ ᠲᠠᠷᠢᠶᠠᠴᠢᠨ ᠵᠡᠷᠭᠡ ᠬᠠᠤᠯᠢ ᠪᠠᠷ ᠲᠣᠭᠲᠠᠭᠠᠭᠰᠠᠨ ᠤᠯᠠᠨ ᠳᠦᠮᠡᠨ ᠢ ᠪᠦᠬᠦᠨ ᠢ ᠨᠡᠶᠢᠭᠡᠮ ᠤᠨ ᠳᠠᠭᠠᠳᠬᠠᠯ ᠤᠨ ᠬᠠᠮᠤᠷᠬᠤ ᠬᠡᠪᠴᠢᠶᠡᠨ ᠳᠤ ᠤᠷᠤᠭᠤᠯᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠤᠳᠠᠭᠠᠨ ᠴᠢᠨᠠᠷᠲᠠᠶ ᠡᠪᠡᠳᠴᠢᠳᠡᠨ ᠤ ᠳᠠᠩᠰᠠ ᠶᠢ ᠰᠢᠭᠤᠳ ᠳᠠᠶᠢᠯᠬᠤ ᠶᠢ ᠲᠦᠷᠭᠡᠳᠬᠡᠨ ᠠᠬᠢᠭᠤᠯᠵᠤ᠂ ᠳᠤᠬᠳᠠᠮᠠᠯ ᠡᠮ ᠡᠮᠨᠡᠯᠭᠡ ᠶᠢᠨ ᠪᠠᠶᠢᠭᠤᠯᠤᠮᠵᠢ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ ᠲᠦᠭᠡᠮᠡᠯ ᠬᠠᠷᠠᠭᠠᠯᠵᠠᠯ ᠤᠨ ᠴᠢᠨᠠᠷᠲᠠᠶ ᠨᠡᠶᠢᠭᠡᠮ ᠤᠨ ᠠᠰᠠᠷᠠᠮᠵᠢ ᠶᠢ ᠬᠥᠭᠵᠢᠭᠦᠯᠵᠦ᠂ ᠬᠤᠲᠠ ᠲᠣᠭᠤᠷᠢᠭ  ᠬᠤᠶᠠᠷ ᠱᠠᠲᠤᠨ ᠤ ᠵᠡᠮᠳᠡᠭᠴᠦᠳ ᠢ ᠨᠠᠶᠢᠳᠠᠨ ᠠᠰᠠᠷᠠᠭᠤᠯᠬᠤ ᠲᠥᠪ ᠪᠠ ᠲᠣᠭᠤᠷᠢᠭ ᠤᠨ ᠨᠡᠶᠢᠭᠡᠮ ᠤᠨ ᠶᠡᠷᠦᠩᠬᠡᠶᠢᠯᠡᠭᠰᠡᠨ ᠠᠰᠠᠷᠠᠮᠵᠢ ᠶᠢᠨ ᠲᠥᠪ ᠢ ᠡᠬᠢᠯᠡᠭᠦᠯᠵᠦ᠂ ᠥᠨᠥᠴᠢᠨ ᠪᠡᠯᠪᠡᠰᠦᠨ ᠨᠠᠰᠤᠲᠠᠨ᠂ ᠵᠡᠮᠳᠡᠭᠴᠦᠳ᠂ ᠥᠨᠥᠴᠢᠨ ᠬᠡᠤᠬᠡᠳ ᠵᠡᠷᠭᠡ ᠤᠨᠴᠠᠭᠠᠢ ᠬᠦᠴᠢᠷᠳᠡᠯᠲᠡᠶ ᠬᠥᠮᠦᠰ ᠢ ᠠᠪᠤᠷᠠᠨ ᠲᠤᠰᠠᠯᠠᠬᠤ ᠤᠶᠢᠯᠡᠴᠢᠯᠡᠭᠡᠨ ᠤ ᠳᠤᠬᠳᠠᠯᠴᠠᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠨᠡᠶᠢᠭᠡᠮ ᠤᠨ ᠬᠥᠷᠥᠩᠭᠡ ᠶᠢ ᠨᠠᠰᠤᠵᠢᠯ ᠤᠨ ᠤᠶᠢᠯᠡᠰ ᠲᠤ ᠣᠷᠣᠭᠤᠯᠬᠤ ᠶᠢ ᠵᠤᠷᠢᠬᠵᠢᠭᠤᠯᠵᠤ᠂ ᠶᠢᠨ ᠬᠤᠢ ᠯᠧ ᠶᠤᠸᠠᠨ ᠡᠷᠡᠭᠦᠯᠵᠢᠯ ᠰᠤᠪᠢᠯᠠᠯᠳᠠ ᠶᠢᠨ ᠲᠥᠷᠥᠯ ᠵᠤᠶᠢᠯ ᠢ ᠡᠬᠢᠯᠡᠭᠦᠯᠦᠨ᠂ ᠭᠡᠷ  ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠤᠶᠢᠯᠡᠴᠢᠯᠡᠭᠡ ᠶᠢ ᠳᠡᠯᠭᠡᠷᠡᠭᠦᠯᠵᠦ᠂ ᠵᠠᠰᠠᠭ ᠤᠨ ᠣᠷᠳᠣᠨ ᠳᠡᠮᠵᠢᠭᠰᠡᠨ᠂ ᠨᠡᠶᠢᠭᠡᠮ ᠠᠴᠠ ᠭᠤᠤᠯᠯᠠᠨ ᠡᠷᠬᠢᠯᠡᠭᠰᠡᠨ᠂ ᠭᠡᠷ ᠲᠤᠨᠢ ᠣᠴᠢᠵᠤ ᠤᠶᠢᠯᠡᠴᠢᠯᠡᠬᠦ ᠪᠠᠷ ᠭᠤᠤᠯ ᠪᠣᠯᠭᠠᠭᠰᠠᠨ ᠨᠠᠰᠤᠳᠠᠨ ᠤ ᠠᠰᠠᠷᠠᠮᠵᠢ ᠶᠢᠨ ᠰᠢᠨ᠎ᠡ ᠵᠠᠭᠪᠤᠷ ᠢ ᠪᠤᠢ ᠪᠣᠯᠭᠠᠨ᠎ᠠ᠃            ᠠᠮᠤᠷ ᠲᠦᠪᠰᠢᠨ ᠲᠣᠭᠲᠠᠭᠤᠨ ᠤ ᠬᠤᠷᠢᠭ᠎ᠠ ᠱᠤᠭᠤᠮ ᠢ ᠰᠠᠶᠢᠲᠤᠷ ᠰᠠᠬᠢᠨ᠎ᠠ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠳᠤᠬᠳᠠᠯᠴᠠᠭᠠᠨ ᠤ ᠪᠠᠶᠢᠭᠤᠯᠤᠯᠲᠠ ᠶᠢ ᠴᠢᠩᠭᠠᠷᠠᠭᠤᠯᠤᠨ᠂ ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭ᠎ᠠ ᠨᠥᠭᠡᠴᠡᠯᠡᠬᠦ ᠶᠢ ᠲᠡᠭᠦᠯᠳᠡᠷᠵᠢᠭᠦᠯᠵᠦ᠂ ᠨᠢᠭᠡᠳᠦᠯᠲᠡᠶ ᠵᠢᠯᠤᠭᠤᠳᠤᠬᠰᠠᠨ᠂ ᠲᠤᠰᠬᠠᠯ  ᠬᠤᠷᠳᠤᠨ᠂ ᠴᠢᠳᠠᠮᠵᠢ ᠪᠠᠷ ᠪᠦᠷᠢᠨ ᠬᠦᠢᠴᠡᠳ᠂ ᠵᠣᠬᠢᠴᠠᠩᠭᠤᠶ ᠪᠥᠭᠡᠳ ᠡᠮᠬᠢ ᠵᠢᠷᠤᠮ ᠲᠠᠢ᠂ ᠠᠵᠢᠯᠯᠠᠭᠠᠨ ᠨᠢ ᠥᠨᠳᠥᠷ ᠪᠦᠲᠦᠮᠵᠢᠲᠡᠶ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠎ᠠ᠃ ᠠᠶᠤᠯᠬᠦᠢ ᠤᠶᠢᠯᠡᠳᠪᠤᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠠᠶᠤᠯᠬᠦᠢ ᠤᠶᠢᠯᠡᠳᠪᠤᠷᠢᠯᠡᠯ ᠤᠨ ᠲᠤᠰᠬᠠᠶ ᠴᠡᠭᠴᠡᠯᠡᠨ ᠵᠠᠰᠠᠬᠤ  ᠠᠵᠢᠯ ᠢ ᠭᠦᠨᠵᠡᠭᠡᠶ ᠠᠬᠢᠭᠤᠯᠵᠤ᠂ ᠪᠠᠷᠢᠯᠭ᠎ᠠ ᠪᠠᠷᠢᠬᠤ᠂ ᠵᠠᠮ ᠬᠠᠷᠢᠯᠴᠠᠭ᠎ᠠ ᠲᠡᠭᠡᠭᠡᠪᠦᠷᠢ᠂ ᠬᠤᠲᠠ ᠶᠢᠨ ᠰᠢᠲᠠᠮᠠᠬᠠᠶ ᠬᠡᠢ᠂ ᠰᠤᠷᠭᠠᠭᠤᠯᠢ ᠶᠢᠨ ᠰᠤᠷᠤᠭᠴᠢ ᠵᠥᠭᠡᠭᠡᠪᠦᠷᠢᠯᠡᠬᠦ ᠲᠡᠷᠭᠡ᠂ ᠣᠨᠴᠠ ᠲᠥᠷᠥᠯ ᠤᠨ ᠲᠥᠬᠦᠭᠡᠷᠦᠮᠵᠢ᠂ ᠭᠠᠯ ᠤᠨᠲᠠᠷᠠᠭᠠᠬᠤ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠤ ᠠᠮᠤᠷ ᠳᠦᠪᠰᠢᠨ ᠤ ᠴᠡᠭᠴᠡᠯᠡᠨ ᠵᠠᠰᠠᠯᠲᠠ ᠶᠢ ᠴᠢᠩᠭᠠᠳᠬᠠᠨ᠎ᠠ᠃ ᠢᠳᠡᠭᠡᠨ ᠤ ᠠᠮᠤᠷ ᠳᠦᠪᠰᠢᠨ ᠤ ᠲᠤᠰᠬᠠᠶ ᠪᠠᠶᠢᠴᠠᠭᠠᠯᠲᠠ ᠶᠢ ᠥᠷᠨᠢᠭᠦᠯᠵᠦ᠂ ᠸᠠᠺᠼᠢᠨ ᠵᠡᠷᠭᠡ ᠡᠮ ᠤᠨ ᠵᠤᠶᠢᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠵᠥᠷᠢᠴᠡᠯ ᠵᠢᠭᠤᠷᠠᠯᠳᠤᠭᠠᠨ ᠢ ᠢᠳᠡᠪᠬᠢᠲᠡᠶ ᠪᠠᠷ ᠡᠶᠡᠳᠡᠭᠦᠯᠵᠦ᠂ ᠣᠯᠠᠨ ᠲᠦᠮᠡᠨ ᠤ ᠵᠠᠬᠢᠳᠠᠯ ᠰᠤᠷᠪᠤᠯᠵᠢᠯᠠᠯ ᠤᠨ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠲᠠᠷᠢᠶᠠᠴᠢᠳ ᠤᠨ ︽ᠭᠤᠷᠪᠠᠨ ᠡᠷᠭᠡ ᠶᠢᠨ ᠳᠤᠬᠢᠷᠠᠭᠤᠯᠤᠯᠳᠠ ᠶᠢᠨ ᠭᠡᠷ ᠪᠠᠶᠢᠰᠢᠩ︾ ᠤᠨ ᠵᠠᠬᠢᠳᠠᠯ ᠰᠤᠷᠪᠤᠯᠵᠢᠯᠠᠯ ᠤᠨ ᠬᠦᠴᠢᠷ ᠠᠰᠠᠭᠤᠳᠠᠯ ᠢ ᠲᠦᠷᠭᠡᠳᠬᠡᠨ ᠰᠢᠢᠳᠪᠤᠷᠢᠯᠡᠨ᠎ᠠ᠃ ᠮᠠᠯᠴᠢᠨ ᠲᠠᠷᠢᠶᠠᠴᠢᠨ ᠬᠦᠯᠤᠰᠤᠨ ᠠᠵᠢᠯᠴᠢᠨ ᠤ ᠴᠠᠯᠢᠩ ᠢ ᠤᠯᠭᠤᠬᠤ ᠶᠢ ᠪᠠᠳᠤᠯᠠᠵᠤ᠂ ᠢᠯᠡ ᠪᠦᠭᠡᠳ ᠤᠰᠤᠯᠳᠤᠭᠤᠯᠬᠤ ᠦᠭᠡᠢ᠂ ᠦᠷᠢᠳᠤᠬᠦ ᠦᠭᠡᠢ ᠪᠠᠶᠢᠬᠤ ᠶᠢ ᠪᠠᠶᠠᠯᠠᠬᠦᠯᠤᠨ᠎ᠡ᠃ ︽ᠭᠡᠭᠡᠨ ᠰᠠᠷᠠᠭᠤᠯ ᠢᠨᠵᠧᠨᠧᠷᠢᠩ︾ ᠤᠨ ᠪᠠᠶᠢᠭᠤᠯᠤᠯᠳᠠ ᠶᠢ ᠲᠦᠷᠭᠡᠳᠭᠡᠵᠤ᠂ ︽ᠠᠮᠤᠷ ᠠᠮᠤᠭᠤᠯᠠᠩ ᠬᠢᠶ᠎ᠠ ᠪᠠᠭᠰᠢ︾ ᠶᠢ ᠤᠶᠤᠨᠴᠢᠯᠠᠬᠰᠠᠨ ᠰᠡᠷᠭᠡᠶᠢᠯᠡᠨ ᠡᠵᠡᠮᠳᠡᠬᠦ ᠰᠢᠨ᠎ᠡ ᠱᠠᠳᠤᠨ ᠳᠤ ᠤᠷᠤᠭᠤᠯᠬᠤ ᠶᠢ ᠠᠬᠢᠭᠤᠯᠤᠨ᠎ᠠ᠃ ᠬᠠᠷ᠎ᠠ ᠪᠦᠯᠦᠭᠲᠡᠨ ᠬᠠᠷᠭᠢᠰ ᠬᠦᠴᠦᠨ ᠤ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠦᠭᠴᠤ ᠴᠢᠩᠭ᠎ᠠ ᠳᠠᠷᠤᠯᠲᠠ ᠦᠵᠡᠭᠦᠯᠬᠦ ᠪᠠᠶᠢᠳᠠᠯ ᠢ ᠪᠠᠲᠤᠯᠠᠵᠤ᠂ ︽ᠠᠮᠤᠷ ᠲᠦᠪᠰᠢᠨ ᠬᠤᠲᠠ︾ ᠶᠢ ᠦᠷᠬᠦᠯᠵᠢᠯᠡᠨ ᠪᠠᠶᠢᠭᠤᠯᠵᠤ᠂ ᠠᠮᠤᠷ ᠲᠣᠭᠲᠠᠭᠤᠨ ᠡᠶ᠎ᠡ ᠵᠣᠬᠢᠴᠠᠯ ᠲᠠᠢ ᠨᠡᠶᠢᠭᠡᠮ ᠤᠨ ᠣᠷᠴᠢᠨ ᠲᠣᠭᠤᠷᠢᠨ ᠢ ᠪᠣᠶ ᠪᠤᠯᠭᠠᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠪᠣᠯᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠳᠠ ᠶᠢ ᠭᠦᠨᠵᠡᠭᠡᠶ ᠥᠷᠨᠢᠭᠦᠯᠵᠦ᠂ ᠬᠤᠶᠠᠷ ᠢ ᠬᠦᠷᠢᠶᠡᠯᠡᠵᠦ ᠬᠠᠮᠲᠤᠪᠠᠷ ᠪᠠᠶᠢᠭᠤᠯᠬᠤ᠂ ᠴᠡᠷᠢᠭ ᠤᠨ ᠠᠯᠪᠠ ᠠᠴᠠ ᠪᠠᠭᠤᠭᠰᠠᠳ ᠲᠤ ᠤᠶᠢᠯᠡᠴᠢᠯᠡᠬᠦ ᠬᠠᠮᠢᠶᠠᠷᠤᠯᠲᠠ ᠪᠣᠯᠤᠨ ᠠᠷᠠᠳ ᠤᠨ ᠠᠭᠠᠷ ᠤᠨ ᠰᠡᠷᠭᠡᠶᠢᠯᠡᠯᠲᠡ ᠵᠡᠷᠭᠡ ᠠᠵᠢᠯ ᠢ ᠰᠠᠶᠢᠲᠤᠷ ᠠᠳᠬᠤᠨ᠎ᠠ᠃            ᠭᠤᠷᠪᠠ᠂ ᠵᠠᠰᠠᠭ ᠤᠨ ᠣᠷᠳᠣᠨ ᠤ ᠵᠠᠰᠠᠯᠲᠠ ᠶᠢᠨ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ            ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠳᠠᠯᠠᠨ ᠴᠢᠩᠭᠠᠳᠬᠠᠬᠤ ᠶᠢ ᠵᠠᠰᠠᠭ ᠤᠨ ᠣᠷᠳᠣᠨ ᠤ ᠠᠵᠢᠯ ᠤᠨ ᠡᠯ᠎ᠡ ᠬᠦᠷᠢᠶ᠎ᠡ᠂ ᠪᠦᠬᠦ ᠶᠠᠪᠤᠴᠠ ᠳᠤ ᠲᠤᠭᠤᠰᠢᠯᠠᠭᠤᠯᠵᠤ᠂ ᠪᠠᠶᠢᠭᠤᠯᠤᠯ ᠤᠨ ᠤᠬᠠᠮᠰᠠᠷ ᠢᠶᠠᠨ ᠴᠢᠩᠭᠠᠳᠬᠠᠵᠤ᠂ ᠡᠭᠦᠷᠭᠡ ᠴᠢᠳᠠᠪᠤᠷᠢ  ᠪᠠᠨ ᠬᠤᠪᠢᠷᠠᠭᠤᠯᠬᠤ ᠶᠢ ᠬᠦᠨᠵᠡᠭᠡᠶᠢᠷᠡᠬᠦᠯᠤᠨ᠂ ᠵᠠᠰᠠᠭ ᠤᠨ ᠣᠷᠳᠣᠨ ᠤ ᠬᠡᠷᠡᠭᠵᠢᠭᠦᠯᠬᠦ ᠬᠦᠴᠦᠨ ᠪᠠ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠷᠠᠳ ᠲᠦᠮᠡᠨ ᠳᠤ ᠲᠠᠭᠠᠰᠢᠶᠠᠭᠳᠠᠭᠰᠠᠨ ᠤᠶᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠲᠦᠷᠭᠡᠪᠴᠢᠯᠡᠨ ᠪᠠᠶᠢᠭᠤᠯᠤᠨ᠎ᠠ᠃            ︵ᠨᠢᠭᠡ︶ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ︽ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ︽ᠳᠥᠷᠪᠡᠨ ᠤᠬᠠᠮᠰᠠᠷ︾ ᠢᠶᠠᠨ ᠦᠨᠡᠨ ᠬᠦ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠎ᠡ᠃ ᠤᠬᠠᠮᠰᠠᠷ ᠠᠴᠠ ᠪᠠᠨ ᠵᠠᠰᠠᠭ ᠤᠨ ᠣᠷᠳᠣᠨ ᠤ ᠠᠵᠢᠯ ᠢ ᠶᠡᠭᠡ ᠲᠠᠯ᠎ᠠ ᠳᠤ ᠲᠠᠯᠪᠢᠵᠤ ᠲᠥᠯᠥᠪᠵᠢᠭᠦᠯᠦᠨ ᠠᠬᠢᠭᠤᠯᠵᠤ᠂ ᠴᠠᠭ ᠦᠷᠬᠦᠯᠵᠢ ᠤᠯᠤᠰ ᠲᠥᠷᠥ ᠶᠢᠨ ᠲᠠᠯ᠎ᠠ ᠠᠴᠠ ᠤᠴᠢᠵᠤ ᠠᠰᠠᠭᠤᠳᠠᠯ ᠢ ᠦᠵᠡᠨ᠂ ᠨᠠᠶᠢᠳᠠᠪᠤᠷᠢᠵᠢᠭᠤᠯᠤᠯᠲᠠ ᠶᠢ ᠠᠳᠬᠤᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠪᠣᠯᠤᠨ ᠳᠤᠭᠤᠷᠢᠭ ᠤᠨ ᠨᠠᠮ ᠤᠨ ᠬᠤᠷᠢᠶᠠᠨ ᠤ ᠡᠯ᠎ᠡ ᠵᠦᠢᠯ ᠤᠨ ᠰᠢᠢᠳᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠢᠮᠠᠭᠲᠠ ᠪᠠᠷᠢᠮᠲᠠᠯᠠᠵᠤ᠂ ᠬᠥᠭᠵᠢᠯᠲᠡ ᠶᠢᠨ ᠰᠢᠨ᠎ᠡ ᠤᠶᠢᠯᠠᠭᠠᠬᠳᠠᠬᠤᠨ ᠢ ᠳᠤᠭᠤᠰᠢᠯᠠᠭᠤᠯᠬᠤ ᠤᠶᠢᠯᠡᠳᠤᠯᠭᠡ ᠳᠤᠮᠳᠠ ᠵᠠᠰᠠᠭ ᠤᠨ ᠣᠷᠳᠣᠨ ᠤ ᠵᠠᠰᠠᠯᠲᠠ ᠶᠢᠨ ᠳᠤᠬᠳᠠᠯᠴᠠᠭ᠎ᠠ ᠶᠢ ᠲᠡᠭᠦᠯᠳᠡᠷᠵᠢᠭᠦᠯᠦᠨ᠎ᠡ᠃            ︵ᠬᠤᠶᠠᠷ︶ ᠬᠠᠤᠯᠢᠵᠢᠯ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠬᠥᠭᠵᠢᠯᠲᠡ ᠶᠢᠨ ᠰᠢᠨ᠎ᠡ ᠬᠠᠨᠳᠤᠰᠢ ᠳᠤ ᠵᠣᠬᠢᠴᠠᠭᠤᠯᠤᠨ᠂ ᠬᠠᠤᠯᠢ ᠪᠠᠷ ᠵᠠᠰᠠᠬᠤ᠂ ᠵᠠᠬ᠎ᠠ ᠳᠡᠯᠭᠡᠭᠦᠷᠴᠢᠯᠡᠬᠦ ᠠᠷᠭ᠎ᠠ ᠪᠠᠷᠢᠯ ᠢ ᠨᠡᠩ ᠢᠯᠡᠬᠦᠦ ᠬᠡᠷᠡᠭᠯᠡᠨ ᠵᠠᠰᠠᠯᠳᠠ ᠶᠢᠨ ᠡᠭᠦᠷᠭᠡ ᠴᠢᠳᠠᠪᠤᠷᠢ ᠪᠠᠨ ᠬᠦᠢᠴᠡᠳᠭᠡᠵᠤ᠂ ᠬᠠᠤᠯᠢᠵᠢᠯ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠤᠨ᠎ᠠ᠃ ᠵᠠᠰᠠᠭ ᠤᠨ ᠣᠷᠳᠣᠨ ᠤ ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠲᠡᠭᠦᠯᠳᠡᠷᠵᠢᠭᠦᠯᠵᠦ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠤᠷᠢᠳᠤ ᠪᠣᠳᠣᠯᠭ᠎ᠠ ᠶᠢᠨ ᠬᠠᠤᠯᠢ ᠪᠠᠷ ᠲᠣᠭᠲᠠᠭᠠᠭᠰᠠᠨ ᠳᠡᠰ ᠳᠠᠷᠠᠭᠠᠯᠠᠯ ᠢ ᠴᠢᠩᠭ᠎ᠠ ᠨᠠᠶᠢᠳᠠᠪᠤᠷᠢᠵᠢᠭᠤᠯᠤᠨ᠂ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ᠂ ᠵᠠᠰᠠᠭ ᠤᠨ ᠣᠷᠳᠣᠨ ᠤ ᠭᠡᠷ᠎ᠡ ᠶᠢᠨ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ ᠰᠠᠶᠢᠲᠤᠷ ᠬᠢᠨ᠎ᠡ᠃ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠪᠠ ᠬᠢᠨᠠᠨ ᠬᠠᠮᠢᠶᠠᠷᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠨᠢᠭᠡ ᠵᠠᠰᠠᠭ ᠤᠨ ᠣᠷᠳᠣᠨ ᠬᠤᠶᠠᠷ ᠬᠤᠷᠢᠶᠠᠨ ᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠮᠠᠷᠭᠤᠯᠳᠤᠭᠠᠨ ᠢ ᠤᠷᠢᠳᠴᠢᠯᠠᠨ ᠰᠡᠷᠭᠡᠶᠢᠯᠡᠵᠦ ᠡᠶᠡᠳᠡᠭᠦᠯᠬᠦ ᠶᠢ ᠴᠢᠩᠭᠠᠳᠬᠠᠨ᠎ᠠ᠃ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ ᠳᠦᠷᠢᠮ ᠢ ᠲᠡᠭᠦᠯᠳᠡᠷᠵᠢᠭᠦᠯᠦᠨ᠎ᠡ᠃ ᠳᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠪᠠ ᠠᠵᠢᠯ ᠤᠨ ᠬᠢᠨᠠᠯᠲᠠ ᠶᠢ ᠬᠠᠤᠯᠢ ᠶᠣᠰᠣᠭᠠᠷ ᠬᠦᠯᠢᠶᠡᠵᠦ᠂ ᠳᠤᠭᠤᠷᠢᠭ ᠤᠨ ᠤᠯᠤᠰ ᠲᠥᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠪᠠ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠳᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ  ᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠢᠯᠧᠲ ᠦᠭᠴᠤ ᠪᠠᠳᠤᠯᠠᠬᠤ ᠳᠦᠷᠢᠮ ᠤᠨ ᠠᠵᠢᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠥᠷᠦ ᠶᠢᠨ ᠵᠥᠪᠯᠡᠯᠭᠡᠨ ᠤ ᠳᠤᠷᠠᠳᠤᠯᠭ᠎ᠠ ᠶᠢ ᠴᠢᠨᠠᠷᠯᠢᠭ ᠰᠠᠶᠢᠲᠤᠷ ᠬᠦᠢᠴᠡᠳᠭᠡᠨ᠎ᠠ᠃            ︵ᠭᠤᠷᠪᠠ︶ ᠬᠦᠢᠴᠡᠳᠭᠡᠬᠦ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠤᠶᠢᠯ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠪᠢᠯᠧᠲ ᠦᠭᠴᠤ ᠪᠠᠳᠤᠯᠠᠬᠤ ᠳᠦᠷᠢᠮ ᠤᠨ ᠠᠵᠢᠯ ᠢ ᠬᠢᠨᠠᠮᠠᠭᠠᠶ ᠥᠷᠨᠢᠭᠦᠯᠵᠦ᠂ ᠠᠷᠠᠳ ᠤᠨ ᠠᠮᠢᠳᠤᠷᠠᠯ ᠤᠨ ᠡᠯ᠎ᠡ ᠵᠤᠶᠢᠯ ᠤᠨ ᠪᠣᠳᠠᠲᠤ ᠶᠠᠪᠤᠳᠠᠯ ᠢ ᠦᠨᠡᠨᠬᠦ ᠰᠠᠶᠢᠲᠤᠷ ᠬᠢᠨ᠎ᠡ᠃ ᠵᠠᠰᠠᠭ ᠤᠨ ᠣᠷᠳᠣᠨ ᠤ ᠡᠭᠦᠷᠭᠡ ᠬᠠᠷᠢᠭᠤᠴᠠᠯᠭ᠎ᠠ ᠶᠢᠨ ᠳᠤᠬᠳᠠᠯᠴᠠᠭ᠎ᠠ ᠶᠢ ᠰᠢᠯᠢᠳᠡᠭᠵᠢᠭᠦᠯᠵᠦ᠂ ᠰᠠᠯᠠᠭ᠎ᠠ ᠮᠥᠴᠢᠷ ᠤᠨ ᠵᠣᠬᠢᠴᠠᠭᠤᠯᠤᠨ ᠬᠠᠮᠵᠢᠯᠴᠠᠬᠤ ᠲᠣᠭᠲᠠᠴᠠ ᠶᠢ ᠪᠠᠶᠢᠭᠤᠯᠤᠨ᠂ ᠲᠣᠰ ᠲᠣᠰ ᠤᠨ ᠡᠭᠦᠷᠭᠡ ᠲᠤᠰᠢᠶᠠᠯ ᠢᠶᠠᠨ ᠬᠦᠢᠴᠡᠳᠭᠡᠬᠦ᠂ ᠲᠣᠰ ᠲᠣᠰ ᠤᠨ ᠬᠠᠷᠢᠭᠤᠴᠠᠯᠭ᠎ᠠ ᠪᠠᠨ ᠬᠦᠢᠴᠡᠳᠭᠡᠬᠦ᠂ ᠪᠥᠬᠦ ᠲᠠᠯ᠎ᠠ ᠶᠢ ᠬᠠᠷᠠᠭᠠᠯᠵᠠᠬᠤ᠂ ᠵᠣᠬᠢᠴᠠᠯᠳᠤᠨ ᠬᠠᠮᠵᠢᠯᠴᠠᠬᠤ ᠠᠵᠢᠯ ᠤᠨ ᠪᠠᠶᠢᠳᠠᠯ ᠢ ᠪᠤᠢ ᠪᠣᠯᠭᠠᠨ᠎ᠠ᠃ ᠵᠠᠰᠠᠭ ᠤᠨ ᠣᠷᠳᠣᠨ ᠤ ᠠᠵᠢᠯ ᠢ ᠱᠠᠯᠠᠪᠳᠠᠭᠤᠯᠤᠨ ᠪᠠᠶᠢᠴᠠᠭᠠᠵᠤ ᠦᠷ᠎ᠡ ᠪᠦᠲᠦᠮᠵᠢ ᠶᠢ ᠠᠰᠠᠭᠤᠬᠤ ᠳᠦᠷᠢᠮ ᠢ ᠴᠢᠩᠭᠠᠳᠬᠠᠵᠤ᠂ ᠱᠠᠲᠤ ᠱᠠᠲᠤ ᠪᠠᠷ ᠬᠤᠪᠢᠶᠠᠨ ᠵᠣᠬᠢᠴᠠᠭᠤᠯᠬᠤ ᠪᠠ ᠱᠠᠯᠠᠪᠳᠠᠭᠤᠯᠤᠨ ᠪᠠᠶᠢᠴᠠᠭᠠᠬᠤ ᠲᠣᠭᠲᠠᠴᠠ ᠶᠢ ᠭᠡᠷᠡᠭᠵᠢᠬᠦᠯᠵᠤ᠂ ᠭᠤᠤᠯᠳᠠᠯᠭ᠎ᠠ ᠲᠠᠢ ᠲᠥᠷᠥᠯ ᠵᠤᠶᠢᠯ ᠪᠠ ᠭᠤᠤᠯᠳᠠᠯᠭ᠎ᠠ ᠲᠠᠢ ᠠᠵᠢᠯ ᠳᠤ ᠲᠣᠭᠲᠠᠮᠠᠯ ᠬᠤᠭᠤᠴᠠᠭ᠎ᠠ  ᠲᠠᠢ ᠪᠠᠷ ᠳᠤᠬᠢᠷᠠᠭᠤᠯᠤᠯᠳᠠ ᠬᠢᠬᠦ᠂ ᠳᠠᠩᠰᠠ ᠡᠪᠭᠡᠮᠡᠯ ᠪᠠᠶᠢᠭᠤᠯᠬᠤ᠂ ᠴᠠᠭ ᠬᠢᠵᠠᠭᠠᠷᠯᠠᠨ ᠬᠦᠢᠴᠡᠳᠭᠡᠵᠤ ᠳᠠᠭᠤᠰᠬᠠᠬᠤ ᠵᠡᠷᠭᠡ ᠠᠷᠭ᠎ᠠ ᠮᠠᠶ᠋ᠢᠭ ᠢ ᠠᠪᠴᠤ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ᠃ ᠬᠥᠬᠢᠭᠦᠯᠦᠨ ᠤᠷᠮᠠᠰᠢᠭᠤᠯᠬᠤ ᠲᠣᠭᠲᠠᠴᠠ ᠪᠠ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠬᠤ ᠠᠯᠳᠠᠭ᠎ᠠ ᠪᠤᠷᠤᠭᠤ ᠶᠢ ᠵᠠᠯᠠᠷᠠᠭᠤᠯᠬᠤ ᠲᠣᠭᠲᠠᠴᠠ ᠶᠢ ᠪᠦᠷᠢᠨᠰᠢᠭᠦᠯᠵᠦ᠂ ᠬᠤᠶᠢᠷᠭᠤᠰᠢᠨ ᠵᠠᠰᠠᠭ ᠪᠠᠷᠢᠬᠤ᠂ ᠠᠵᠢᠯ ᠬᠢᠬᠦ ᠦᠭᠡᠢ ᠤᠳᠠᠭᠠᠰᠢᠷᠠᠭᠤᠯᠬᠤ ᠵᠡᠷᠭᠡ ᠠᠰᠠᠭᠤᠳᠠᠯ ᠢ ᠡᠷᠡᠰ ᠴᠡᠭᠴᠡᠯᠡᠨ ᠵᠠᠰᠠᠵᠤ᠂ ᠠᠵᠢᠯᠴᠢ ᠬᠢᠴᠢᠶᠡᠩᠭᠦᠶ ᠪᠠᠷ ᠵᠠᠰᠠᠭ ᠪᠠᠷᠢᠵᠤ ᠪᠣᠳᠠᠲᠠᠶ ᠶᠢ ᠡᠷᠬᠢᠮᠯᠡᠨ᠂ ᠠᠵᠢᠯ ᠬᠢᠵᠦ ᠤᠶᠢᠯᠡᠰ ᠪᠦᠳᠤᠭᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃            ︵ᠳᠥᠷᠪᠡ︶ ᠠᠷᠢᠭᠤᠨ ᠴᠢᠬᠡᠴᠢ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ︽ᠨᠢᠭᠡ ᠠᠵᠢᠯ ᠤᠨ ᠪᠠᠶᠢᠷᠢ ᠬᠤᠤᠰ ᠬᠠᠷᠢᠭᠤᠴᠠᠯᠭ᠎ᠠ︾ ᠶᠢ ᠴᠢᠩᠭ᠎ᠠ ᠬᠦᠢᠴᠡᠳᠭᠡᠵᠤ᠂ ᠲᠥᠪ ᠤᠨ ︽ᠨᠠᠢᠮᠠᠨ ᠲᠣᠭᠲᠠᠭᠠᠯ︾ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠳᠦᠷᠪᠡᠨ ᠰᠤᠷᠲᠠᠯ︾ ᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠬᠡᠷᠡᠭ ᠢ ᠴᠢᠩᠭ᠎ᠠ ᠪᠠᠶᠢᠴᠠᠭᠠᠨ ᠰᠢᠢᠳᠪᠤᠷᠢᠯᠡᠨ᠎ᠠ᠃ ᠠᠷᠪᠢᠯᠠᠨ ᠭᠠᠮᠨᠠᠬᠤ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ︽ᠠᠯᠪᠠᠨ ᠤ ᠭᠤᠷᠪᠠᠨ ᠵᠠᠷᠤᠳᠠᠯ︾ ᠪᠠ ᠡᠩ ᠤᠨ ᠴᠢᠨᠠᠷᠲᠠᠶ ᠵᠠᠷᠤᠯᠭ᠎ᠠ ᠶᠢ ᠴᠢᠩᠭ᠎ᠠ ᠬᠢᠵᠠᠭᠠᠷᠯᠠᠨ᠎ᠠ᠃ ᠲᠦᠷᠢᠮ ᠢᠶᠠᠷ ᠡᠷᠬᠡ ᠶᠢ ᠬᠠᠮᠢᠶᠠᠷᠴᠤ ᠬᠥᠮᠦᠨ ᠢ ᠬᠠᠮᠢᠶᠠᠷᠬᠤ ᠶᠠᠪᠤᠳᠠᠯ ᠢ ᠬᠠᠮᠢᠶᠠᠷᠬᠤ ᠶᠢ ᠪᠠᠷᠢᠮᠲᠠᠯᠠᠵᠤ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠢ ᠴᠢᠩᠭᠠᠳᠬᠠᠵᠤ᠂ ᠠᠷᠢᠭᠤᠨ ᠴᠢᠬᠡᠴᠢ  ᠪᠠᠷ ᠵᠠᠰᠠᠭ ᠪᠠᠷᠢᠬᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠬᠢᠨᠠᠨ ᠪᠤᠳᠤᠵᠤ ᠬᠢᠨᠠᠯᠲᠠ ᠲᠠᠯᠪᠢᠬᠤ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠺᠠᠳ᠋ᠷ ᠲᠥᠪ ᠴᠢᠬᠡᠴᠢ᠂ ᠵᠠᠰᠠᠭ ᠤᠨ ᠣᠷᠳᠣᠨ ᠠᠷᠢᠭᠤᠨ ᠴᠢᠬᠡᠴᠢ᠂ ᠤᠯᠤᠰ ᠲᠦᠷᠦ ᠭᠡᠭᠡᠨ ᠰᠠᠷᠠᠭᠤᠯ ᠪᠠᠶᠢᠬᠤ ᠶᠢ ᠴᠢᠷᠮᠠᠶᠢᠨ ᠪᠡᠶᠡᠯᠡᠭᠦᠯᠦᠨ᠎ᠡ᠃            ᠲᠥᠯᠥᠭᠡᠯᠡᠭᠴᠢᠳ ᠡ᠂ ᠠᠩᠬᠠᠨ ᠤ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠲᠡᠦᠬᠡᠨ ᠴᠠᠭ ᠦᠶ᠎ᠠ ᠳᠤ᠂ ᠪᠦᠬᠦ ᠵᠢᠯ ᠤᠨ ᠡᠯ᠎ᠡ ᠳᠦᠷᠤᠯ ᠤᠨ ᠠᠵᠢᠯ ᠢ ᠰᠠᠶᠢᠲᠤᠷ ᠬᠢᠬᠦ ᠨᠢ ᠶᠡᠷᠦ ᠪᠤᠰᠤ ᠶᠢᠨ ᠠᠴᠢ ᠬᠤᠯᠪᠣᠭᠳᠠᠯ ᠲᠠᠢ ᠮᠦᠷᠳᠡᠭᠡᠨ ᠬᠠᠷᠢᠭᠤᠴᠠᠯᠭ᠎ᠠ ᠬᠦᠨᠳᠦ ᠴᠢᠬᠤᠯᠠ ᠶᠤᠮ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠪᠣᠯᠤᠨ ᠳᠤᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠷᠡᠰ ᠰᠢᠭᠤᠷᠬᠠᠢ ᠪᠠᠷ ᠤᠷᠤᠭᠰᠢᠯᠠᠨ ᠳᠠᠪᠰᠢᠵᠤ᠂ ᠵᠠᠮ ᠨᠡᠭᠡᠭᠡᠨ ᠰᠢᠨ᠎ᠡ ᠶᠢ ᠡᠭᠦᠳᠴᠦ᠂ ᠴᠢᠨᠡᠭᠡᠯᠢᠭ ᠨᠡᠶᠢᠭᠡᠮ ᠢ ᠥᠨᠳᠥᠷ ᠲᠦᠪᠰᠢᠨ ᠲᠠᠢ ᠪᠦᠬᠦ ᠲᠠᠯ᠎ᠠ ᠪᠠᠷ ᠪᠡᠶᠡᠯᠡᠬᠦᠯᠵᠤ᠂ ︽ᠵᠣᠯ ᠵᠢᠷᠭᠠᠯᠲᠤ ᠬᠢᠶ᠎ᠠ ᠪᠠᠭᠰᠢ︾  ᠶᠢ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ︕
ᠢᠷᠡᠯᠲᠡ᠄ ᠲᠤᠰ ᠰᠦᠯᠵᠢᠶ᠎ᠡ