ᠨᠠᠰᠤᠨ ᠳᠤ ᠦᠯᠦ ᠬᠦᠷᠦᠭᠰᠡᠳ ᠤᠨ ᠰᠦᠯᠵᠢᠶᠡᠨ ᠤ ᠰᠢᠭᠤᠳ ᠨᠡᠪᠳᠡᠷᠡᠬᠦᠯᠬᠡ ᠳᠤ ︽ᠱᠠᠩᠨᠠᠯ ᠤᠯᠭᠤᠬᠤ︾ ᠠᠵᠢᠯᠯᠠᠭ᠎ᠠ ᠨᠢ ᠬᠦᠴᠦᠨ ᠲᠠᠢ ᠤᠤ︖
ᠨᠡᠶᠢᠲᠡᠯᠡᠭᠰᠡᠨ ᠴᠠᠭ᠄
2020/6/12
          ᠢᠨᠲ᠋ᠧᠷ ᠰᠦᠯᠵᠢᠶᠡᠨ ᠤ ᠠᠵᠤ ᠦᠶ᠋ᠯᠡᠰ ᠤᠨ ᠦᠳᠲᠡᠷ ᠲᠦᠷᠭᠡᠨ ᠬᠥᠭᠵᠢᠯᠲᠡ ᠨᠢ ᠰᠣᠶᠣᠯ ᠤᠨ ᠬᠡᠷᠡᠭᠯᠡᠭᠡ ᠶᠢ ᠬᠦᠴᠦᠲᠡᠶ ᠠᠬᠢᠭᠤᠯᠤᠭᠰᠠᠨ ᠪᠣᠯᠪᠠᠴᠤ ᠡᠭᠦᠨ ᠠᠴᠠ ᠪᠣᠯᠤᠭᠰᠠᠨ ᠰᠦᠯᠵᠢᠶᠡᠨ ᠤ ᠬᠡᠷᠡᠭᠯᠡᠭᠡᠨ ᠤ ᠵᠠᠭᠤᠷᠠᠯᠳᠤᠭᠠᠨ ᠴᠤ ᠦᠳᠲᠡᠷ ᠲᠦᠷᠭᠡᠨ ᠨᠡᠮᠡᠭᠳᠡᠵᠤ ᠪᠤᠢ᠃ ᠢᠯᠠᠩᠭᠤᠶ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠤᠭᠤᠴᠠᠭᠠᠨ ᠳᠤ ᠮᠠᠰᠢ ᠣᠯᠠᠨ ᠨᠠᠰᠤᠨ ᠳᠤ ᠥᠯᠥ ᠭᠦᠷᠦᠭᠰᠡᠳ ᠬᠡᠷ ᠲᠡᠭᠡᠨ ᠯᠡ ᠰᠠᠭᠤᠵᠤ᠂ ᠣᠶᠤᠨᠯᠢᠭ ᠭᠠᠷ ᠤᠲᠠᠰᠤ᠂ ᠺᠣᠮᠫᠢᠦ᠋ᠲ᠋ᠧᠷ ᠵᠡᠷᠭᠡ ᠡᠯᠧᠺᠲᠷᠣᠨ ᠪᠦᠲᠦᠭᠡᠭᠳᠡᠬᠦᠨ ᠨᠢ ᠨᠢᠭᠡᠨᠲᠡ ᠨᠠᠰᠤᠨ ᠳᠤ ᠥᠯᠥ ᠭᠦᠷᠦᠭᠰᠡᠳ ᠤᠨ ᠰᠤᠷᠤᠯᠴᠠᠬᠤ ᠪᠠ ᠵᠤᠭ᠎ᠠ ᠴᠡᠩᠭᠡᠯ ᠤᠨ ᠲᠡᠷᠢᠭᠦᠨ ᠪᠠᠭᠠᠵᠢ ᠪᠣᠯᠤᠭᠰᠠᠨ ᠪᠠᠶᠢᠨ᠎ᠠ ᠃ ᠰᠦᠯᠵᠢᠶᠡᠨ ᠤ ᠰᠣᠶᠣᠯ ᠤᠨ ᠬᠡᠷᠡᠭᠯᠡᠭᠡᠨ ᠤ ᠤᠭ ᠰᠠᠨᠠᠭ᠎ᠠ ᠪᠣᠯ ᠬᠡᠷᠡᠭᠯᠡᠭᠴᠢᠳ ᠲᠤ ᠰᠣᠶᠣᠯ ᠤᠨ ᠠᠵᠤ ᠦᠶ᠋ᠯᠡᠰ ᠤᠨ ᠠᠪᠴᠢᠷᠠᠭᠰᠠᠨ ᠪᠡᠶ᠎ᠡ ᠰᠡᠳᠬᠢᠯᠬᠡ ᠶᠢ ᠪᠠᠶᠠᠰᠬᠠᠬᠤ ᠦᠶ᠋ᠯᠡᠴᠢᠯᠡᠭᠡ ᠶᠢ ᠨᠡᠩ ᠲᠦᠬᠦᠮ ᠢᠶᠠᠷ ᠡᠳ᠋ᠯᠡᠭᠦᠯᠬᠦ ᠶᠢᠨ ᠲᠦᠯᠦᠬᠡ ᠶᠤᠮ᠃ ᠭᠡᠲᠡᠯ᠎ᠡ ᠦᠷ᠎ᠡ ᠳ᠋ᠦᠩ ᠨᠢ ᠤᠭ ᠰᠠᠨᠠᠭ᠎ᠠ ᠲᠠᠢ ᠵᠦᠷᠢᠴᠡᠯ ᠲᠠᠢ ᠪᠠᠶᠢᠵᠤ᠂ ᠨᠡᠩ ᠴᠢᠨᠠᠭᠰᠢᠯᠠᠨ ᠮᠠᠰᠢ ᠤᠯᠠᠨ ᠠᠰᠠᠭᠤᠳᠠᠯ ᠡᠬᠦᠰᠴᠦ ᠪᠠᠶᠢᠨ᠎ᠠ᠃           ᠨᠠᠰᠤᠨ ᠳᠤ ᠥᠯᠥ ᠭᠦᠷᠦᠭᠰᠡᠳ ᠰᠦᠯᠵᠢᠶᠡᠨ ᠤ ᠰᠢᠭᠤᠳ ᠨᠡᠪᠲᠡᠷᠡᠭᠦᠯᠭᠡ᠂ ᠡᠯᠧᠺᠲᠷᠤᠨ ᠲᠣᠭᠯᠠᠭᠠᠮ ᠵᠡᠷᠬᠡ ᠳᠤ ᠶᠡᠭᠡ ᠬᠡᠮᠵᠢᠶ᠎ᠡ ᠪᠠᠷ ᠬᠡᠷᠡᠭᠯᠡᠭᠡ ᠬᠢᠵᠤ᠂ ᠬᠡᠷ ᠪᠦᠯᠢ ᠶᠢᠨ ᠢᠶᠠᠨ ᠠᠮᠢᠳᠤᠷᠠᠯ ᠳᠤ ᠯᠤᠲᠤ ᠶᠡᠭᠡ ᠬᠦᠴᠢᠷᠳᠡᠯ ᠤᠴᠠᠷᠠᠭᠤᠯᠤᠭᠰᠠᠨ ᠬᠡᠷᠡᠭ ᠤᠨ ᠵᠢᠱᠢᠶ᠎ᠡ ᠤᠳᠠᠭ᠎ᠠ ᠲᠠᠷᠠᠭᠠᠯᠠᠨ ᠭᠠᠷᠴᠤ ᠪᠤᠢ᠄ 11 ᠨᠠᠰᠤᠳᠠᠢ ᠥᠬᠢᠨ ᠰᠦ᠋ᠯᠵᠢᠶᠡᠨ ᠨᠡᠪᠳᠡᠷᠡᠬᠦᠯᠦᠭᠴᠢ ᠶᠢ 65 ᠲᠥᠮᠡᠨ ᠲᠦᠬᠦᠷᠢᠭ ᠢᠶᠠᠷ ︽ᠱᠠᠩᠨᠠᠪᠠ︾︔ 9 ᠨᠠᠰᠤᠲᠠᠶ ᠬᠦᠦ ᠠᠪᠤ ᠶᠢᠨ ᠢᠶᠠᠨ ᠢᠲᠡᠭᠡᠮᠵᠢ ᠶᠢᠨ ᠺᠠᠷᠲ ᠢ ᠬᠡᠷᠡᠭᠯᠡᠨ 1.6 ᠲᠦᠮᠡᠨ ᠲᠥᠭᠦᠷᠢᠭ ᠢᠶᠠᠷ ᠰᠦᠯᠵᠢᠶᠡᠨ ᠨᠡᠪᠳᠡᠷᠡᠬᠦᠯᠦᠭᠴᠢ ᠶᠢ ︽ᠱᠠᠩᠨᠠᠪᠠ︾︔ ᠬᠠᠶᠢᠨᠠᠨ ᠤ 12 ᠨᠠᠰᠤᠲᠠᠶ ᠪᠠᠭ᠎ᠠ ᠰᠤᠷᠭᠠᠭᠤᠯᠢ ᠶᠢᠨ ᠰᠤᠷᠤᠭᠴᠢ ᠡᠵᠢ ᠶᠢᠨ ᠢᠶᠠᠨ ᠤᠷᠴᠢᠨ ᠲᠤᠭᠤᠷᠢᠨ ᠢ ᠴᠡᠪᠡᠷᠯᠡᠬᠦ ᠠᠵᠢᠯ ᠬᠢᠬᠡᠳ ᠤᠯᠤᠭᠰᠠᠨ 4 ᠲᠥᠮᠡᠨ ᠲᠦᠬᠦᠷᠢᠭ ᠢ ᠰᠦᠯᠵᠢᠶᠡᠨ ᠨᠡᠪᠳᠡᠷᠡᠬᠦᠯᠦᠭᠴᠢ ᠶᠢ ︽ᠱᠠᠩᠨᠠᠬᠤ︾ ᠳᠤ ᠬᠡᠷᠡᠭᠯᠡᠪᠡ᠃ ᠨᠠᠰᠤᠨ ᠳᠤ ᠦᠯᠦ ᠬᠦᠷᠦᠭᠰᠡᠳ ᠤᠨ ᠲᠣᠣᠷ ᠰᠦᠯᠵᠢᠶᠡᠨ ᠤ ᠬᠡᠷᠡᠭᠯᠡᠭᠡᠨ ᠳᠤ ᠶᠡᠭᠡ ᠵᠤᠭᠤᠰ ᠮᠦᠡᠭᠭᠦ ᠵᠠᠷᠤᠴᠠᠭᠤᠯᠤᠭᠰᠠᠨ ᠬᠤᠯᠪᠣᠭᠳᠠᠯ ᠪᠦᠬᠦᠢ ᠬᠡᠷᠡᠭ ᠤᠨ ᠵᠢᠱᠢᠶ᠎ᠡ ᠳᠤ ᠣᠯᠠᠩᠬᠢ ᠲᠤᠭᠠᠨ ᠤ ᠨᠠᠰᠤᠨ ᠳᠤ ᠦᠯᠦ ᠬᠦᠷᠦᠭᠰᠡᠳ ᠭᠠᠷ ᠤᠲᠠᠰᠤ ᠪᠠᠷ ᠲᠣᠭᠯᠠᠭᠠᠮ ᠨᠠᠭᠠᠳᠬᠤ ᠪᠤᠶᠤ ᠰᠢᠭᠤᠳ ᠨᠡᠪᠲᠡᠷᠡᠭᠦᠯᠭᠡ ᠦᠵᠡᠬᠦ ᠶᠠᠪᠤᠴᠠ ᠲᠤᠮᠳᠠ ᠬᠡᠷ ᠤᠨ ᠠᠬᠠᠮᠠᠳ ᠤᠨ ᠢᠶᠠᠨ ᠵᠥᠪᠰᠢᠶᠡᠷᠡᠯ ᠦᠭᠡᠶ ᠪᠠᠷ ᠬᠡᠳᠦᠨ ᠮᠢᠩᠭᠠᠨ ᠲᠥᠭᠦᠷᠢᠭ᠂ ᠴᠢᠨᠠᠭᠰᠢᠯᠠᠪᠠᠯ ᠲᠦᠮᠡᠨ ᠲᠥᠭᠦᠷᠢᠭ ᠢ ︽ᠲᠡᠰ ᠲᠡᠪᠰᠢᠬᠦᠯᠬᠦ︾᠂ ︽ᠵᠤᠭᠤᠰ ᠨᠡᠮᠡᠬᠦ︾ ᠪᠤᠶᠤ ︽ᠱᠠᠩᠨᠠᠯ ᠤᠯᠭᠤᠬᠤ︾ ᠳᠤ ᠬᠡᠷᠡᠭᠯᠡᠳᠡᠭ᠃ ᠬᠡᠳᠦ᠋ᠢᠪᠡᠷ ᠭᠡᠷ ᠤᠨ ᠠᠬᠠᠮᠠᠳ ᠨᠢ ᠮᠡᠳᠡᠭᠰᠡᠨ ᠤ ᠲᠠᠷᠠᠭ᠎ᠠ ᠬᠤᠯᠪᠣᠭᠳᠠᠯ ᠪᠦᠬᠦᠢ ᠺᠣᠮᠫᠠᠨᠢ ᠲᠠᠢ ᠬᠠᠷᠢᠯᠴᠠᠨ ᠵᠣᠭᠤᠰ ᠢᠶᠠᠨ ᠪᠤᠴᠠᠭᠠᠵᠤ ᠠᠪᠬᠤ ᠶᠢ ᠱᠠᠭᠠᠷᠳᠠᠳᠠᠭ ᠪᠤᠯᠪᠠᠴᠤ ᠲᠤᠰ ︽ᠲᠡᠰ ᠲᠡᠪᠰᠢᠬᠦᠯᠬᠦ︾᠂ ︽ᠵᠣᠭᠤᠰ ᠨᠡᠮᠡᠬᠦ︾ ᠪᠤᠶᠤ ︽ᠱᠠᠩᠨᠠᠯ ᠣᠯᠭᠤᠬᠤ︾ ᠠᠵᠢᠯᠯᠠᠭ᠎ᠠ ᠨᠢ ᠨᠠᠰᠤᠨ ᠳᠤ ᠦᠯᠦ ᠬᠦᠷᠦᠭᠰᠡᠳ ᠤᠨ ᠠᠵᠢᠯᠯᠠᠭ᠎ᠠ ᠪᠣᠯᠬᠤ ᠶᠢ ᠪᠦᠲᠦᠮᠵᠢᠲᠡᠢ ᠭᠡᠷᠡᠴᠢᠯᠡᠵᠦ ᠲᠡᠶᠢᠯᠬᠦ ᠦᠭᠡᠢ ᠠᠴᠠ ᠪᠤᠯᠵᠤ ᠣᠯᠠᠩᠬᠢ ᠬᠡᠷᠡᠭ ᠤᠨ ᠳᠤᠮᠳᠠ ᠵᠤᠭᠤᠰ ᠢᠶᠠᠨ ᠪᠤᠴᠠᠭᠠᠨ ᠠᠪᠴᠤ ᠲᠡᠶᠢᠯᠳᠡᠭ ᠦᠬᠡᠢ᠃           2019 ᠣᠨ ᠤ 11 ᠰᠠᠷ᠎ᠠ ᠳᠤ ᠤᠯᠤᠰ ᠤᠨ ᠰᠣᠨᠢᠨ ᠮᠡᠳᠡᠭᠡ ᠬᠡᠪᠯᠡᠯ ᠤᠨ ᠵᠠᠬᠢᠷᠭ᠎ᠠ ᠠᠴᠠ ︽ᠨᠠᠰᠤᠨ ᠳᠤ ᠥᠯᠥ ᠭᠦᠷᠦᠭᠰᠡᠳ ᠤᠨ ᠰᠦᠯᠵᠢᠶᠡᠨ ᠤ ᠲᠣᠭᠯᠠᠭᠠᠮ ᠳᠤ ᠰᠢᠨᠤᠬᠤ ᠶᠢ ᠰᠡᠷᠭᠡᠶᠢᠯᠡᠬᠦ ᠲᠤᠬᠠᠶ ᠮᠡᠳᠡᠭᠳᠡᠯ︾ ᠢ ᠨᠡᠶᠢᠲᠡᠯᠡᠵᠤ᠂ ᠰᠦᠯᠵᠢᠶᠡᠨ ᠤ ᠲᠤᠭᠯᠠᠭᠠᠮ ᠳᠤ ᠰᠢᠨᠤᠬᠤ ᠪᠠᠷᠢᠮᠵᠢᠶ᠎ᠠ ᠶᠢ ᠲᠤᠲᠤᠷᠬᠠᠢᠢᠯᠠᠪᠠ᠃ 2020 ᠤᠨ ᠤ 5 ᠰᠠᠷ᠎ᠠ ᠶᠢᠨ 19 ᠤ ᠡᠳᠦᠷ᠂ ᠠᠷᠠᠳ ᠤᠨ ᠳᠡᠭᠡᠳᠦ ᠰᠢᠭᠦᠬᠦ ᠬᠤᠷᠢᠶ᠎ᠠ ᠠᠴᠠ ︽ᠰᠢᠨ᠎ᠠ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠳᠤ ᠬᠤᠯᠪᠣᠭᠳᠠᠭᠰᠠᠨ ᠢᠷᠭᠡᠨ ᠤ ᠬᠡᠷᠡᠭ ᠢ ᠬᠠᠤᠯᠢ ᠶᠣᠰᠣᠭᠠᠷ ᠲᠣᠬᠢᠲᠠᠶ ᠰᠢᠭᠦᠬᠦ ᠠᠰᠠᠭᠤᠳᠠᠯ ᠤᠳ ᠤᠨ ᠲᠤᠬᠠᠶ ᠵᠢᠯᠣᠭᠤᠳᠬᠤ ᠰᠠᠨᠠᠯ ︵ᠬᠤᠶᠠᠷ︶︾ ᠢ ᠨᠡᠶᠢᠲᠡᠯᠡᠵᠤ᠂ ᠢᠷᠭᠡᠨ ᠤ ᠬᠡᠷᠡᠭ ᠤᠨ ᠠᠵᠢᠯᠯᠠᠭ᠎ᠠ ᠶᠢᠨ ᠴᠢᠳᠠᠪᠤᠷᠢ ᠨᠢ ᠬᠢᠵᠠᠭᠠᠷᠲᠠᠶ ᠬᠥᠮᠦᠨ ᠬᠢᠨᠠᠨ ᠬᠠᠮᠠᠭᠠᠯᠠᠭᠴᠢ ᠶᠢᠨ ᠢᠶᠠᠨ ᠵᠥᠪᠰᠢᠶᠡᠷᠡᠯ ᠦᠭᠡᠢ ᠪᠠᠷ ᠰᠦᠯᠵᠢᠶᠡᠨ ᠤ ᠰᠢᠭᠤᠳ ᠨᠡᠪᠲᠡᠷᠡᠭᠦᠯᠭᠡ ᠶᠢᠨ ᠲᠠᠪᠴᠠᠩ ᠤᠨ ︽ᠱᠠᠩᠨᠠᠯ ᠣᠯᠭᠤᠬᠤ︾ ᠳᠤ ᠣᠷᠣᠯᠴᠠᠭᠠᠳ ᠬᠢᠨᠠᠨ ᠬᠠᠮᠠᠭᠠᠯᠠᠭᠴᠢ ᠨᠢ ᠰᠦᠯᠵᠢᠶᠡᠨ ᠤ ᠦᠢᠯᠡᠴᠢᠯᠡᠭᠡ ᠬᠠᠩᠭᠠᠭᠴᠢ ᠪᠠᠷ ᠵᠣᠭᠤᠰ ᠢᠶᠠᠨ ᠪᠤᠴᠠᠭᠠᠯᠭᠠᠬᠤ ᠪᠠᠷ ᠭᠤᠶᠤᠴᠢᠯᠠᠭᠰᠠᠨ ᠪᠠᠶᠢᠪᠠᠯ᠂ ᠰᠢᠭᠦᠬᠦ ᠬᠤᠷᠢᠶ᠎ᠠ ᠳᠡᠮᠵᠢᠬᠦ ᠬᠡᠷᠡᠭᠲᠡᠶ ᠭᠡᠵᠦ ᠲᠣᠳᠣᠷᠬᠠᠢ ᠲᠣᠭᠲᠠᠭᠠᠪᠠ᠃ ᠡᠬᠦᠨ ᠳᠤ ᠠᠷᠠᠳ ᠤᠨ ᠳᠡᠭᠡᠳᠦ ᠰᠢᠭᠦᠬᠦ ᠬᠤᠷᠢᠶᠠᠨ ᠤ ᠰᠢᠭᠦᠨ ᠲᠠᠰᠤᠯᠬᠤ ᠺᠣᠮᠢᠰ ᠤᠨ ᠳᠡᠳ᠋ ᠶᠠᠮᠤᠨ ᠤ ᠲᠡᠰ ᠤᠨ ᠲᠤᠰᠬᠠᠶ ᠲᠤᠰᠢᠶᠠᠯᠲᠤ ᠭᠡᠰᠢᠭᠦᠨ᠂ ᠬᠤᠶᠠᠳᠤᠭᠠᠷ ᠲᠡᠰ ᠤᠨ ᠶᠡᠭᠡ ᠰᠢᠭᠦᠭᠴᠢ ᠯᠢᠦ ᠬᠦᠶ ᠰᠢᠶᠠᠩ᠄ ︽ᠮᠠᠨ ᠤ ᠤᠯᠤᠰ ᠤᠨ ᠢᠷᠭᠡᠨ ᠤ ᠬᠠᠤᠯᠢ ᠶᠢᠨ ᠶᠡᠷᠦᠩᠬᠡᠶ ᠳᠦᠷᠢᠮ ᠤᠨ ᠲᠣᠭᠲᠠᠭᠠᠯ ᠶᠣᠰᠣᠭᠠᠷ᠂ 8 ᠨᠠᠰᠤᠨ ᠠᠴᠠ ᠳᠣᠷᠣᠭᠰᠢᠬᠢ ᠨᠠᠰᠤᠨ ᠳᠤ ᠦᠯᠦ ᠬᠦᠷᠦᠭᠰᠡᠳ ᠪᠣᠯ ᠢᠷᠭᠡᠨ ᠤ ᠬᠡᠷᠡᠭ ᠤᠨ ᠦᠢᠯᠡ ᠠᠵᠢᠯᠯᠠᠭ᠎ᠠ ᠶᠢᠨ ᠴᠢᠳᠠᠪᠤᠷᠢ ᠦᠭᠡᠢ ᠬᠥᠮᠦᠨ ᠮᠥᠨ᠂ ᠢᠷᠭᠡᠨ ᠤ ᠬᠡᠷᠡᠭ ᠤᠨ ᠦᠢᠯᠡ ᠠᠵᠢᠯᠯᠠᠭ᠎ᠠ ᠶᠢᠨ ᠴᠢᠳᠠᠪᠤᠷᠢ ᠦᠭᠡᠢ ᠬᠥᠮᠦᠨ ᠤ ᠬᠢᠭᠰᠡᠨ ᠢᠷᠭᠡᠨ ᠤ ᠬᠡᠷᠡᠭ ᠤᠨ ᠦᠢᠯᠡ ᠠᠵᠢᠯᠯᠠᠭ᠎ᠠ ᠨᠢ ᠴᠥᠮ ᠬᠦᠴᠦᠨ ᠦᠭᠡᠢ ᠶᠤᠮ᠃ 8 ᠨᠠᠰᠤᠨ ᠠᠴᠠ ᠳᠡᠭᠡᠭᠰᠢᠬᠢ ᠨᠠᠰᠤᠨ ᠳᠤ ᠦᠯᠦ ᠬᠦᠷᠦᠭᠰᠡᠳ ᠪᠣᠯ ᠠᠵᠢᠯᠯᠠᠭ᠎ᠠ ᠶᠢᠨ ᠴᠢᠳᠠᠪᠤᠷᠢ ᠨᠢ ᠬᠢᠵᠠᠭᠠᠷᠲᠠᠶ᠂ ᠦᠢᠯᠡ ᠠᠵᠢᠯᠯᠠᠭ᠎ᠠ ᠶᠢᠨ ᠴᠢᠳᠠᠪᠤᠷᠢ ᠨᠢ ᠬᠢᠵᠠᠭᠠᠷᠲᠠᠶ ᠬᠥᠮᠦᠨ᠂ ᠲᠡᠭᠦᠨ ᠤ ᠣᠶᠤᠨ ᠤᠬᠠᠭᠠᠨ ᠲᠠᠢ ᠨᠢ ᠦᠯᠦ ᠵᠣᠬᠢᠴᠠᠬᠤ ᠢᠷᠭᠡᠨ ᠤ ᠬᠡᠷᠡᠭ ᠤᠨ ᠠᠵᠢᠯᠯᠠᠭ᠎ᠠ ᠬᠢᠬᠦ ᠦᠶ᠎ᠡ ᠳᠤ ᠬᠡᠷᠪᠡ ᠲᠡᠭᠦᠨ ᠤ ᠬᠢᠨᠠᠨ ᠬᠠᠮᠠᠭᠠᠯᠠᠭᠴᠢ ᠨᠢ ᠨᠡᠬᠡᠮᠵᠢᠯᠡᠨ ᠵᠦᠪᠰᠢᠶᠡᠷᠡᠭᠰᠡᠨ ᠦᠭᠡᠢ ᠪᠣᠯ ᠮᠥᠨ ᠴᠦ ᠬᠦᠴᠦᠨ ᠦᠭᠡᠢ ᠪᠠᠷ ᠮᠠᠭᠠᠳᠯᠠᠨ ᠲᠣᠭᠲᠠᠭᠠᠬᠤ ᠶᠣᠰᠣᠲᠠᠢ︾ ᠬᠡᠵᠦ ᠲᠠᠨᠢᠯᠴᠠᠭᠤᠯᠪᠠ᠃                     ︵︽ᠤᠷᠳᠤᠰ ᠠᠵᠤ ᠠᠬᠤᠢ ᠶᠢᠨ ᠦᠢᠯᠡᠴᠢᠯᠡᠬᠡᠨ ᠤ ᠰᠤᠪᠠᠭ︾᠂                       ︽ᠠᠷᠠᠳ ᠤᠨ ᠰᠦᠯᠵᠢᠶ᠎ᠠ︾ ᠠᠴᠠ ᠨᠠᠶᠢᠷᠠᠭᠤᠯᠤᠨ ᠤᠷᠴᠢᠭᠤᠯᠪᠠ︶
ᠢᠷᠡᠯᠲᠡ᠄ ᠣᠷᠳᠣᠰ ᠮᠣᠩᠭᠤᠯ ᠰᠦᠯᠵᠢᠶ᠎ᠡ