ᠬᠢᠶ᠎ᠠ ᠪᠠᠭᠰᠢ ᠲᠣᠭᠤᠷᠢᠭ ᠤᠨ ᠰᠢᠨ᠎ᠡ ᠬᠡᠯᠪᠡᠷᠢ ᠶᠢᠨ ᠲᠢᠲᠢᠮᠯᠢᠭ  ᠸᠢᠷᠦᠰ ᠲᠤ ᠬᠠᠯᠳᠠᠪᠤᠷᠢᠯᠠᠭᠳᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ  ᠡᠵᠡᠮᠳᠡᠭᠦ ᠠᠵᠢᠯ ᠤᠨ ᠵᠢᠯᠣᠭᠤᠳᠬᠤ ᠭᠠᠵᠠᠷ ᠤᠨ ᠮᠡᠳᠡᠭᠳᠡᠯ
ᠨᠡᠶᠢᠲᠡᠯᠡᠭᠰᠡᠨ ᠴᠠᠭ᠄
2020/6/17
          ᠣᠶᠢᠷ᠎ᠠ ᠳᠤ᠂ ᠪᠡᠬᠡᠵᠢᠩ ᠬᠤᠳᠠ ᠳᠤ ᠵᠠᠯᠭᠠᠭᠠᠪᠡᠷ ᠰᠢᠨ᠎ᠡ ᠲᠢᠲᠢᠮᠯᠢᠭ ᠠᠭᠤᠰᠬᠢᠨ ᠦᠷᠪᠢᠰᠦᠯ   ᠤᠨ ᠣᠷᠣᠨ ᠨᠤᠳᠤᠭ ᠤᠨ ᠰᠢᠨ᠎ᠡ ᠪᠠᠷ ᠨᠡᠮᠡᠭᠳᠡᠭᠰᠡᠨ ᠡᠪᠡᠳᠴᠢᠨ ᠤ ᠵᠢᠱᠢᠶ᠎ᠡ ᠢᠯᠡᠷᠡᠵᠦ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠦ ᠠᠵᠢᠯ ᠢ ᠦᠨᠡᠨᠬᠦ ᠰᠠᠶᠢᠲᠤᠷ ᠬᠢᠬᠦ ᠶᠢᠨ ᠲᠥᠯᠥᠭᠡ᠂ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠦ  ᠠᠵᠢᠯ ᠤᠨ ᠵᠢᠯᠣᠭᠤᠳᠬᠤ ᠭᠠᠵᠠᠷ ᠤᠨ ᠰᠤᠳᠤᠯᠤᠯᠲᠠ ᠪᠠᠷ ᠳᠠᠮᠵᠢᠨ᠂ ᠡᠳᠦᠭᠡ ᠳᠣᠣᠷᠠᠬᠢ  ᠮᠡᠳᠡᠭᠳᠡᠯ ᠢ ᠨᠡᠶᠢᠲᠡᠯᠡᠶ᠎ᠡ᠄           ᠨᠢᠭᠡ᠂ 5 ᠰᠠᠷ᠎ᠠ ᠶᠢᠨ 30 ᠤ ᠡᠳᠦᠷ ᠠᠴᠠ ᠨᠠᠰᠢ᠂ ᠪᠡᠭᠡᠵᠢᠩ ᠬᠤᠲᠠ ᠠᠴᠠ ᠬᠢᠶ᠎ᠠ ᠪᠠᠭᠰᠢ ᠲᠣᠭᠤᠷᠢᠭ  ᠲᠤ  ᠢᠷᠡᠭᠰᠡᠨ  ᠂ ᠣᠳᠣᠬᠠᠨ ᠳᠤ ᠮᠥᠨ ᠯᠡ ᠬᠢᠶ᠎ᠠ ᠪᠠᠭᠰᠢ ᠲᠣᠭᠤᠷᠢᠭ  ᠲᠤ  ᠪᠠᠶᠢᠭ᠎ᠠ ᠬᠥᠮᠦᠰ ᠡᠷᠬᠡᠪᠰᠢ  ᠰᠠᠭᠤᠵᠦ ᠪᠠᠶᠢᠭ᠎ᠠ ᠨᠡᠶᠢᠭᠡᠮ ᠲᠣᠭᠤᠷᠢᠭ ᠪᠤᠶᠤ ᠪᠠᠶᠢᠭᠤᠯᠭ᠎ᠠ ᠨᠢᠭᠡᠴᠢ  ᠳᠤ  ᠬᠤᠪᠢ ᠭᠦᠮᠦᠨ ᠤ ᠡᠷᠡᠭᠦᠯ ᠮᠡᠨᠳᠦ ᠶᠢᠨ ᠪᠠᠶᠢᠳᠠᠯ ᠵᠢᠴᠢ ᠠᠶᠠᠯᠠᠯ ᠤᠨ ᠨᠠᠷᠢᠨ ᠶᠠᠪᠤᠴᠠ ᠪᠠᠨ ᠰᠠᠨᠠᠭᠠᠴᠢᠯᠠᠭ᠎ᠠ ᠠᠴᠠ ᠪᠠᠨ   ᠮᠡᠳᠡᠭᠦᠯᠭᠦ ᠶᠢᠨ ᠬᠠᠮᠳᠦ  ᠨᠢᠭᠡ  ᠣᠳᠠᠭᠠᠨ ᠤ ᠪᠥᠭᠡᠮ ᠬᠦᠴᠢᠯ ᠤᠨ  ᠪᠠᠶᠢᠴᠠᠭᠠᠨ ᠬᠡᠮᠵᠢᠯᠳᠡ ᠬᠢᠨ᠎ᠡ᠃           ᠬᠤᠶᠠᠷ᠂ 6 ᠰᠠᠷ᠎ᠠ ᠶᠢᠨ 13 ᠤ ᠡᠳᠦᠷ ᠤᠨ ᠲᠡᠭ ᠴᠠᠭ ᠠᠴᠠ ᠡᠬᠢᠯᠡᠨ᠂ ᠪᠡᠭᠡᠵᠢᠩ ᠬᠤᠲᠠ ᠶᠢᠨ ᠰᠢ ᠴᠧᠩ ᠲᠣᠭᠤᠷᠢᠭ᠂ ᠹᠧᠩ ᠲᠠᠢ ᠲᠣᠭᠤᠷᠢᠭ᠂ ᠹᠠᠩ ᠱᠠᠨ ᠲᠣᠭᠤᠷᠢᠭ᠂ ᠳ᠋ᠠ ᠰᠢᠩ ᠲᠣᠭᠤᠷᠢᠭ ︵ᠬᠢᠵᠢᠭ ᠤᠨ ᠪᠠᠶᠢᠳᠠᠯ ᠤᠨ ᠬᠤᠪᠢᠷᠠᠯᠲᠠ ᠶᠢ ᠦᠨᠳᠦᠰᠦᠯᠡᠨ ᠬᠥᠳᠡᠯᠦᠩᠭᠦᠶ ᠲᠣᠬᠢᠷᠠᠭᠤᠯᠤᠯᠲᠠ ᠬᠢᠬᠦ︶ ᠵᠡᠷᠭᠡ ᠭᠠᠵᠠᠷ ᠠᠴᠠ ᠬᠢᠶ᠎ᠠ ᠪᠠᠭᠰᠢ ᠳᠤ ᠢᠷᠡᠭᠰᠡᠨ ᠬᠥᠮᠦᠰ ᠲᠤ ᠴᠥᠮ ︽14 ᠡᠳᠦᠷ   ᠤᠨ ᠲᠥᠪᠯᠡᠷᠡᠭᠦᠯᠦᠨ  ᠳᠣᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠲᠠ + 2 ᠣᠳᠠᠭᠠᠨ ᠤ ᠪᠥᠭᠡᠮ ᠬᠦᠴᠢᠯ ᠤᠨ   ᠪᠠᠶᠢᠴᠠᠭᠠᠨ ᠬᠡᠮᠵᠢᠯᠳᠡ + 1 ᠣᠳᠠᠭᠠᠨ ᠤ ᠴᠢᠰᠤᠨ  ᠴᠠᠶᠢᠪᠠᠩ ᠤᠨ ᠳᠠᠭᠠᠭᠠᠭᠴᠢ ᠶᠢᠨ ᠪᠠᠶᠢᠴᠠᠭᠠᠯᠲᠠ ᠬᠢᠯᠭᠡᠭᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ 6 ᠰᠠᠷ᠎ᠠ ᠶᠢᠨ 13 ᠤ ᠡᠳᠦᠷ ᠤᠨ ᠲᠡᠭ ᠴᠠᠭ ᠠᠴᠠ ᠡᠮᠦᠨ᠎ᠡ᠂ ᠳᠡᠭᠡᠷ᠎ᠡ ᠳᠤᠷᠠᠳᠤᠭᠰᠠᠨ ᠭᠠᠵᠠᠷ ᠣᠷᠣᠨ ᠠᠴᠠ ᠬᠢᠶ᠎ᠠ ᠪᠠᠭᠰᠢ ᠳᠤ ᠢᠷᠡᠭᠰᠡᠨ ᠬᠥᠮᠦᠰ 14 ᠡᠳᠦᠷ ᠪᠣᠯᠤᠭᠠᠳᠤᠶ  ᠪᠤᠯ᠂  ᠴᠦᠮ ᠭᠡᠷ ᠲᠡᠭᠡᠨ  ᠳᠣᠰᠠᠭᠠᠷᠯᠡᠵᠦ 14 ᠡᠳᠦᠷ ᠤᠨ  ᠬᠤᠭᠤᠴᠠᠭ᠎ᠠ ᠲᠤᠯᠳᠠᠯ᠎ᠠ ᠠᠨᠠᠭᠠᠬᠤ ᠤᠬᠠᠭᠠᠨ ᠤ ᠠᠵᠢᠭᠯᠠᠯᠲᠠ ᠬᠢᠬᠦ   ᠶᠢᠨ ᠬᠠᠮᠳᠤ ᠪᠠᠰᠠ ᠨᠢᠭᠡ ᠤᠳᠠᠭᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠳᠡ ᠬᠢᠨ᠎ᠡ᠃           ᠭᠤᠷᠪᠠ᠂ 14 ᠡᠳᠦᠷ ᠤᠨ ᠳᠣᠲᠣᠷ᠎ᠠ ᠪᠡᠭᠡᠵᠢᠩ ᠬᠤᠲᠠ ᠶᠢᠨ ᠰᠢᠨ ᠹᠡ ᠳ᠋ᠢ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ ᠵᠢᠩ ᠱᠧᠨ ᠳᠠᠯᠠᠢ ᠶᠢᠨ ᠢᠳᠡᠭᠡᠨ ᠤ ᠵᠠᠬ᠎ᠠ ᠳᠡᠯᠭᠡᠭᠦᠷ ᠪᠤᠶᠤ ᠳᠡᠭᠡᠷ᠎ᠡ ᠳᠤᠷᠠᠳᠤᠭᠰᠠᠨ ᠬᠤᠶᠠᠷ ᠵᠠᠬ᠎ᠠ ᠳᠡᠯᠭᠡᠭᠦᠷ ᠤᠨ ᠬᠠᠮᠢᠶ᠎ᠠ ᠪᠦᠬᠦᠢ ᠬᠥᠮᠦᠰ ᠲᠠᠢ ᠰᠢᠭᠤᠳ  ᠭᠦᠷᠦᠯᠴᠡᠵᠦ ᠥᠩᠭᠡᠷᠡᠭᠰᠡᠨ ᠰᠠᠭᠤᠭᠠᠯᠢ ᠠᠷᠠᠳ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠳᠠᠷᠦ᠋ᠢᠬᠠᠨ ᠬᠡᠷᠡᠭᠵᠢᠭᠦᠯᠬᠦ ᠶᠢᠨ ᠬᠠᠮᠲᠤ᠂ ︽14 ᠡᠳᠦᠷ   ᠤᠨ ᠲᠥᠪᠯᠡᠷᠡᠭᠦᠯᠦᠨ  ᠳᠣᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠲᠠ  + 2 ᠣᠳᠠᠭᠠᠨ ᠤ ᠪᠥᠭᠡᠮ ᠬᠦᠴᠢᠯ ᠤᠨ  ᠪᠠᠶᠢᠴᠠᠭᠠᠨ ᠬᠡᠮᠵᠢᠯᠳᠡ + 1 ᠣᠳᠠᠭᠠᠨ ᠤ ᠴᠢᠰᠤᠨ  ᠴᠠᠶᠢᠪᠠᠩ ᠤᠨ ᠳᠠᠭᠠᠭᠠᠭᠴᠢ ᠶᠢᠨ ᠪᠠᠶᠢᠴᠠᠭᠠᠯᠲᠠ  ᠬᠢᠯᠭᠡᠭᠦ︾  ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠬᠡᠷᠡᠭᠲᠡᠶ᠃           ᠳᠦᠷᠪᠡ᠂  ᠣᠳᠣ ᠠᠴᠠ ᠡᠬᠢᠯᠡᠨ ᠬᠢᠶ᠎ᠠ ᠪᠠᠭᠰᠢ ᠲᠣᠭᠤᠷᠢᠭ ᠤᠨ ᠰᠠᠭᠤᠭᠠᠯᠢ ᠠᠷᠠᠳ ᠴᠢᠬᠤᠯᠠ ᠲᠠᠢ ᠪᠢᠰᠢ ᠪᠣᠯ ᠠᠯᠢ ᠪᠣᠯᠬᠤ ᠪᠠᠷ ᠪᠡᠭᠡᠵᠢᠩ ᠬᠤᠲᠠ ᠳᠤ ᠣᠴᠢᠬᠤ ᠦᠭᠡᠢ ᠪᠠᠶᠢᠬᠤ ᠬᠡᠷᠡᠭᠲᠡᠶ᠃ ᠬᠡᠷᠪᠡ ᠵᠠᠪᠠᠯ ᠣᠴᠢᠬᠤ ᠴᠢᠬᠤᠯᠠ ᠲᠠᠢ ᠪᠣᠯ ᠰᠠᠭᠤᠵᠤ  ᠪᠠᠶᠢᠭ᠎ᠠ ᠨᠡᠶᠢᠭᠡᠮ ᠲᠣᠭᠤᠷᠢᠭ ᠪᠤᠶᠤ  ᠪᠠᠶᠢᠭᠤᠯᠭ᠎ᠠ ᠨᠢᠭᠡᠴᠢ ᠳᠡᠭᠡᠨ ᠰᠠᠨᠠᠭᠠᠴᠢᠯᠠᠭ᠎ᠠ ᠠᠴᠠ ᠪᠠᠨ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠶ᠃           ᠳᠠᠪᠤ᠂ ᠬᠢᠶ᠎ᠠ ᠪᠠᠭᠰᠢ ᠲᠣᠭᠤᠷᠢᠭ ᠤᠨ ᠥᠷᠭᠡᠨ ᠤᠯᠠᠨ ᠰᠠᠭᠤᠭᠠᠯᠢ ᠠᠷᠠᠳ ᠠᠯᠢ ᠪᠣᠯᠬᠤ ᠪᠠᠷ ᠰᠢᠨ᠎ᠡ ᠰᠣᠷᠭᠤᠭ ᠳᠠᠯᠠᠢ ᠶᠢᠨ ᠭᠠᠷᠤᠯᠲᠠ  ᠬᠤᠳᠠᠯᠳᠤᠨ ᠠᠪᠬᠤ ᠦᠭᠡᠢ᠂  ᠢᠳᠡᠬᠦ ᠦᠭᠡᠢ  ᠪᠠᠶᠢᠬᠤ ᠶᠢ ᠰᠠᠨᠠᠭᠤᠯᠤᠶ᠎ᠠ᠃ ᠬᠡᠷᠪᠡ ᠬᠤᠳᠠᠯᠳᠤᠨ ᠠᠪᠤᠪᠠᠯ ᠠᠯᠢ ᠴᠢᠳᠠᠬᠤ ᠪᠠᠷ ᠰᠢᠨ᠎ᠡ ᠰᠣᠷᠭᠤᠭ ᠳᠠᠯᠠᠢ ᠶᠢᠨ ᠭᠠᠷᠤᠯᠲᠠ ᠲᠠᠢ ᠰᠢᠭᠤᠳ ᠭᠦᠷᠦᠯᠴᠡᠭᠦ ᠦᠭᠡᠢ ᠪᠥᠭᠡᠳ ᠲᠦᠷᠦᠯ ᠬᠤᠪᠢᠶᠠᠨ ᠪᠣᠭᠤᠳᠠᠯᠯᠠᠬᠤ ᠬᠡᠷᠡᠭᠲᠡᠶ᠃ ᠰᠢᠨ᠎ᠡ ᠰᠣᠷᠭᠤᠭ ᠳᠠᠯᠠᠢ ᠶᠢᠨ ᠭᠠᠷᠤᠯᠲᠠ ᠡᠵᠡᠩᠨᠡᠵᠦ  ᠪᠠᠶᠢᠭ᠎ᠠ ᠬᠥᠮᠦᠰ᠂ ᠳᠠᠯᠠᠢ ᠶᠢᠨ ᠭᠠᠷᠤᠯᠲᠠ ᠶᠢ ᠵᠥᠭᠡᠭᠡᠪᠦᠷᠢᠯᠡᠬᠦ᠂ ᠰᠠᠯᠭᠠᠬᠤ᠂ ᠪᠣᠯᠪᠠᠰᠤᠷᠠᠭᠤᠯᠬᠤ ᠶᠠᠪᠤᠴᠠ ᠳᠤ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠵᠦ᠂ ᠬᠡᠷᠡᠭᠯᠡᠵᠦ  ᠪᠠᠶᠢᠭ᠎ᠠ ᠪᠠᠭᠠᠵᠢ ᠬᠡᠷᠡᠭᠰᠡᠯ ᠢ ᠴᠠᠭ ᠲᠤᠬᠠᠶ ᠳᠤᠨᠢ ᠠᠷᠢᠭᠤᠳᠬᠠᠬᠤ ᠬᠡᠷᠡᠭᠲᠡᠶ᠃           ᠵᠢᠷᠭᠤᠭ᠎ᠠ᠂ ᠲᠠᠷᠢᠶᠠᠯᠠᠩ ᠠᠷᠠᠯᠵᠢᠶ᠎ᠠ ᠶᠢᠨ ᠪᠥᠭᠡᠮ ᠢᠶᠠᠷ ᠬᠤᠳᠠᠯᠳᠤᠬᠤ ᠡᠵᠡᠩᠨᠡᠯᠲᠡ ᠶᠢᠨ ᠵᠠᠬ᠎ᠠ ᠳᠡᠯᠭᠡᠭᠦᠷ ᠵᠡᠷᠭᠡ ᠢᠳᠡᠭᠡᠨ ᠢ ᠲᠥᠪᠯᠡᠷᠡᠭᠦᠯᠦᠨ ᠠᠷᠠᠯᠵᠢᠶᠠᠯᠠᠬᠤ ᠲᠠᠯᠠᠪᠤᠷ ᠲᠤ ᠴᠢᠭᠯᠡᠭᠦᠯᠦᠨ᠂ ᠣᠷᠴᠢᠨ ᠲᠣᠭᠤᠷᠢᠨ ᠤ ᠠᠷᠢᠭᠤᠨ ᠴᠡᠪᠡᠷ ᠢ ᠶᠡᠷᠦᠩᠬᠡᠶᠢᠯᠡᠨ ᠴᠡᠭᠴᠡᠯᠡᠨ ᠵᠠᠰᠠᠬᠤ  ᠠᠵᠢᠯᠯᠠᠭ᠎ᠠ ᠶᠢ ᠥᠷᠨᠢᠭᠦᠯᠬᠦ ᠬᠡᠷᠡᠭᠲᠡᠶ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠥᠷᠭᠡᠨ ᠢᠶᠠᠷ ᠥᠷᠨᠢᠭᠦᠯᠵᠦ᠂ ᠪᠥᠬᠦ ᠲᠣᠭᠤᠷᠢᠭ ᠤᠨ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ᠂ ᠢᠳᠡᠭᠡᠨ ᠤᠮᠳᠠᠭᠠᠨ ᠵᠡᠷᠭᠡ ᠲᠠᠯᠠᠪᠤᠷ ᠵᠢᠴᠢ ᠪᠠᠷᠠᠭᠠᠨ ᠤ ᠭᠦᠢᠯᠭᠡᠭᠡ ᠵᠡᠷᠭᠡ ᠵᠠᠩᠭᠢᠯᠠᠭ᠎ᠠ ᠶᠢᠨ ᠶᠠᠪᠤᠴᠠ‌‍ᠶᠢ ᠲᠥᠪᠯᠡᠷᠡᠭᠦᠯᠦᠨ  ᠠᠷᠢᠭᠤᠳᠬᠠᠬᠤ ᠬᠡᠷᠡᠭᠳᠡᠢ᠃           ᠳᠣᠯᠤᠭ᠎ᠠ᠂ ᠥᠷᠭᠡᠨ ᠣᠯᠠᠨ ᠬᠤᠲᠠ ᠶᠢᠨ ᠠᠷᠠᠳ ᠲᠦᠮᠡᠨ ᠰᠣᠨᠣᠷ ᠰᠡᠷᠡᠮᠵᠢ ᠪᠠᠨ ᠤᠯᠠᠮ ᠳᠡᠭᠡᠭᠰᠢᠯᠡᠭᠦᠯᠵᠦ᠂ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠠᠷ ᠠᠮᠠᠪᠴᠢ ᠵᠡᠭᠦᠵᠦ᠂ ᠭᠠᠷ ᠢᠶᠠᠨ ᠦᠷᠭᠦᠯᠵᠢ ᠤᠬᠢᠶᠠᠵᠤ᠂ ᠦᠷᠭᠦᠯᠵᠢ ᠰᠠᠯᠬᠢ ᠨᠡᠪᠲᠡᠷᠡᠭᠦᠯᠦᠨ᠂ ᠠᠶᠤᠯᠭᠦᠢ ᠨᠠᠶᠢᠬᠡᠮ ᠤᠨ ᠬᠠᠷᠢᠯᠴᠠᠭᠠᠨ ᠤ ᠵᠠᠶ ᠶᠢ ᠪᠠᠲᠤᠯᠠᠨ᠎ᠠ  ᠃  ᠬᠤᠮᠤᠷᠤᠯᠴᠠᠬᠤ ᠦᠭᠡᠢ᠂ ᠴᠤᠭᠯᠠᠷᠠᠬᠤ ᠦᠭᠡᠢ᠂ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠳᠠᠳᠬᠠᠯ ᠲᠠᠢ ᠪᠠᠶᠢᠵᠤ᠂ ᠡᠷᠡᠭᠦᠯ ᠴᠢᠭᠢᠷᠠᠭ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠨ᠎ᠠ᠃           ᠨᠠᠢᠮᠠ᠂ ᠥᠷᠭᠡᠨ ᠣᠯᠠᠨ ᠬᠤᠲᠠ ᠶᠢᠨ ᠠᠷᠠᠳ ᠲᠦᠮᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠠᠮᠵᠢᠨ ᠬᠠᠮᠵᠢᠯᠴᠠᠵᠤ᠂ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠠᠴᠠ ᠬᠢᠶ᠎ᠠ ᠪᠠᠭᠰᠢ ᠳᠤ ᠢᠷᠡᠭᠰᠡᠨ ᠬᠥᠮᠦᠰ ᠡᠷᠬᠡᠪᠰᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠦ ᠬᠤᠯᠪᠣᠭᠳᠠᠯ ᠪᠦᠬᠦᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ᠂ ᠮᠡᠳᠡᠭᠡ ᠵᠠᠩᠭᠢ ᠪᠠᠨ ᠮᠡᠳᠡᠭᠦᠯᠬᠦ ᠶᠢ  ᠬᠤᠶᠢᠰᠢᠯᠠᠭᠤᠯᠤᠭᠰᠠᠨ᠂ ᠮᠡᠳᠡᠭᠦᠯᠦᠭᠰᠡᠨ‌ᠦᠭᠡᠶ᠂ ᠬᠤᠳᠠᠯ ᠢᠶᠠᠷ ᠮᠡᠳᠡᠭᠦᠯᠦᠭᠰᠡᠨ ᠪᠠᠶᠢᠪᠠᠯ᠂ ᠬᠠᠮᠢᠶ᠎ᠠ ᠪᠦᠬᠦᠢ ᠬᠠᠷᠢᠭᠤᠴᠠᠯᠭ᠎ᠠ ᠶᠢ ᠬᠠᠤᠯᠢ ᠶᠣᠰᠣᠭᠠᠷ ᠨᠠᠬᠡᠮᠵᠢᠯᠡᠨ᠎ᠠ᠃           ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ  ᠠᠵᠢᠯ ᠤᠨ ᠵᠢᠯᠣᠭᠤᠳᠬᠤ ᠭᠠᠵᠠᠷ ᠤᠨ ᠬᠠᠷᠢᠯᠴᠠᠬᠤ ᠤᠲᠠᠰᠤ᠄ 0477 — 8599004           ᠪᠥᠭᠡᠮ ᠬᠦᠴᠢᠯ ᠤᠨ ᠪᠠᠶᠢᠴᠠᠭᠠᠨ ᠬᠡᠮᠵᠢᠯᠳᠡ ᠬᠢᠭᠦ ᠬᠠᠷᠢᠯᠴᠠᠬᠤ ᠤᠲᠠᠰᠤ᠄ 0477 — 8390027                           ᠬᠢᠶ᠎ᠠ ᠪᠠᠭᠰᠢ ᠲᠣᠭᠤᠷᠢᠭ ᠤᠨ ᠰᠢᠨ᠎ᠡ ᠬᠡᠯᠪᠡᠷᠢ ᠶᠢᠨ ᠲᠢᠲᠢᠮᠯᠢᠭ  ᠸᠢᠷᠦᠰ ᠲᠤ                           ᠬᠠᠯᠳᠠᠪᠤᠷᠢᠯᠠᠭᠳᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ                           ᠰᠡᠷᠭᠡᠶᠢᠯᠡᠨ ᠡᠵᠡᠮᠳᠡᠭᠦ ᠠᠵᠢᠯ ᠤᠨ ᠵᠢᠯᠣᠭᠤᠳᠬᠤ ᠭᠠᠵᠠᠷ                                          2020 ᠣᠨ ᠤ 6 ᠰᠠᠷ᠎ᠠ ᠶᠢᠨ 15 ᠤ ᠡᠳᠦᠷ
ᠢᠷᠡᠯᠲᠡ᠄ ᠲᠤᠰ ᠰᠦᠯᠵᠢᠶ᠎ᠡ