ᠡᠨᠡ ᠵᠢᠯ ᠥᠪᠥᠷ ᠮᠣᠩᠭᠤᠯ ︽ᠣᠨᠴᠠᠭᠠᠶ ᠠᠵᠢᠯ ᠤᠨ ᠪᠠᠶᠢᠷᠢ ᠶᠢᠨ ᠪᠠᠭᠰᠢ︾ 1961 ᠬᠥᠮᠥᠨ ᠡᠯᠰᠡᠬᠦ ᠪᠠᠷ ᠪᠣᠶ
ᠨᠡᠶᠢᠲᠡᠯᠡᠭᠰᠡᠨ ᠴᠠᠭ᠄
2020/6/17
         ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ︽2020ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠪᠠᠭᠰᠢ ᠶᠢᠨ ᠣᠨᠴᠠᠭᠠᠢ ᠠᠵᠢᠯ ᠤᠨ ᠪᠠᠶᠢᠷᠢ ᠶᠢᠨ ᠲᠥᠯᠥᠪᠯᠡᠭᠡ ᠶᠢ ᠬᠡᠷᠡᠭᠵᠢᠭᠦᠯᠬᠦ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ 2020 ᠣᠨ ᠳᠤ ᠮᠠᠨ ᠤ ᠣᠷᠣᠨ ᠮᠠᠯᠵᠢᠬᠤ ᠲᠠᠷᠢᠶᠠᠯᠠᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠪᠠᠭᠰᠢ ᠶᠢᠨ ᠲᠣᠬᠠᠢ ᠲᠥᠪ ᠤᠨ ᠪᠠ ᠣᠷᠣᠨ ᠨᠤᠲᠤᠭ ᠤᠨ ᠣᠨᠴᠠᠭᠠᠢ ᠠᠵᠢᠯ ᠤᠨ ᠪᠠᠶᠢᠷᠢ ᠶᠢᠨ ᠲᠥᠯᠥᠪᠯᠡᠭᠡ ︵︽ᠣᠨᠴᠠᠭᠠᠢ ᠠᠵᠢᠯ ᠤᠨ ᠪᠠᠶᠢᠷᠢ ᠶᠢᠨ ᠲᠥᠯᠥᠪᠯᠡᠭᠡ︾ ᠭᠡᠵᠦ ᠶᠡᠷᠦᠩᠬᠡᠶᠢᠯᠡᠨ ᠨᠡᠷᠡᠶᠢᠳᠦᠨ᠎ᠡ︶ ᠶᠢ ᠦᠷᠭᠦᠯᠵᠢᠯᠡᠨ ᠬᠡᠷᠡᠭᠵᠢᠭᠦᠯᠬᠦ ᠪᠠᠷ ᠲᠣᠭᠲᠠᠭᠠᠭᠰᠠᠨ ᠪᠦᠭᠡᠳ 2020 ᠣᠨ ᠳᠤ ᠮᠠᠨ ᠤ ᠣᠷᠣᠨ ︽ᠣᠨᠴᠠᠭᠠᠶ ᠠᠵᠢᠯ ᠤᠨ ᠪᠠᠶᠢᠷᠢ ᠶᠢᠨ ᠪᠠᠭᠰᠢ︾ 1961 ᠬᠥᠮᠥᠨ ᠡᠯᠰᠡᠬᠦ ᠪᠠᠷ ᠲᠣᠭᠲᠠᠪᠠ᠂ ᠡᠭᠦᠨ ᠳᠤ ᠤᠯᠤᠰ ᠠᠴᠠ ᠮᠠᠨ ᠤ ᠣᠷᠣᠨ ᠳᠤ ᠪᠠᠭᠤᠯᠭᠠᠭᠰᠠᠨ ︽ᠣᠨᠴᠠᠭᠠᠢ ᠠᠵᠢᠯ ᠤᠨ ᠪᠠᠶᠢᠷᠢ ᠶᠢᠨ ᠪᠠᠭᠰᠢ︾ ᠶᠢᠨ ᠲᠥᠯᠥᠪᠯᠡᠭᠡᠲᠦ ᠲᠤᠭ᠎ᠠ 1561 ᠬᠥᠮᠦᠨ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ︽ᠣᠨᠴᠠᠭᠠᠢ ᠠᠵᠢᠯ ᠤᠨ ᠪᠠᠶᠢᠷᠢ ᠶᠢᠨ ᠪᠠᠭᠰᠢ︾ 400 ᠬᠥᠮᠥᠨ ᠤᠷᠢᠬᠤ ᠪᠠᠷ ᠪᠣᠶ᠃          ᠣᠶᠢᠯᠠᠭᠠᠭᠰᠠᠨ ᠢᠶᠠᠷ᠂ ︽ᠣᠨᠴᠠᠭᠠᠶ ᠠᠵᠢᠯ ᠤᠨ ᠪᠠᠶᠢᠷᠢ ᠶᠢᠨ ᠪᠠᠭᠰᠢ︾ ᠪᠠᠷ ᠤᠷᠢᠵᠤ ᠡᠯᠰᠡᠭᠳᠡᠬᠦ ᠬᠥᠮᠥᠰ ᠨᠢ ᠣᠷᠣᠨ ᠤ ᠳᠣᠲᠣᠷ᠎ᠠ ᠭᠠᠳᠠᠨᠠᠬᠢ ᠪᠦᠬᠦᠯᠢ ᠡᠳᠦᠷ ᠤᠨ ᠳᠦᠷᠢᠮᠲᠦ ᠡᠩ ᠤᠨ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠥᠪᠥᠷ ᠮᠣᠩᠭᠤᠯ ᠤᠨ ᠰᠣᠷᠣᠭᠴᠢ ᠪᠣᠯᠤᠨ᠎ᠠ᠃ ︽ᠣᠶᠤᠲᠠᠨ ᠰᠠᠶᠢᠨ ᠳᠤᠷ᠎ᠠ ᠠᠴᠠ ᠪᠠᠨ ᠪᠠᠷᠠᠭᠤᠨ ᠣᠷᠣᠨ ᠳᠤ ᠦᠢᠯᠡᠴᠢᠯᠡᠬᠦ ᠲᠥᠯᠥᠪᠯᠡᠭᠡ︾᠂ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ ᠲᠥᠯᠥᠪᠯᠡᠭᠡ︾᠂ ︽ᠣᠶᠤᠲᠠᠨ ᠲᠣᠰᠬᠤᠨ ᠤ ᠳᠠᠷᠤᠭ᠎ᠠ︾ ᠳᠤ ᠣᠷᠣᠯᠴᠠᠵᠤ ᠦᠢᠯᠡᠴᠢᠯᠡᠬᠦ ᠬᠤᠭᠤᠴᠠᠭ᠎ᠠ ᠨᠢ ᠳᠦᠭᠦᠷᠦᠭᠰᠡᠨ ᠤ ᠬᠠᠮᠲᠤ ᠬᠢᠨᠠᠨ ᠰᠢᠯᠭᠠᠭᠠᠳ ᠬᠢᠷᠢ ᠲᠡᠩᠴᠡᠭᠰᠡᠨ ᠪᠤᠶᠤ ᠬᠠᠭᠠᠰ ᠵᠢᠯ ᠠᠴᠠ ᠳᠡᠭᠡᠭᠰᠢ ᠳᠠᠳᠤᠯᠭ᠎ᠠ ᠬᠢᠵᠦ ᠰᠤᠷᠭᠠᠨ ᠬᠥᠮᠦᠵᠢᠯ ᠢ ᠳᠡᠮᠵᠢᠭᠰᠡᠨ ᠪᠠᠭᠰᠢ ᠶᠢᠨ ᠳᠡᠭᠡᠳᠦ ᠰᠤᠷᠭᠠᠭᠤᠯᠢ ᠲᠡᠭᠦᠰᠦᠭᠰᠡᠳ ᠢ ᠠᠳᠠᠯᠢ ᠨᠥᠬᠦᠴᠡᠯ ᠤᠨ ᠳᠣᠤᠷ᠎ᠠ ᠤᠷᠢᠳᠠᠪᠠᠷ ᠡᠯᠰᠡᠨ ᠬᠡᠷᠡᠭᠯᠡᠨ᠎ᠡ᠃ ᠠᠵᠢᠯ ᠤᠨ ᠪᠠᠶᠢᠷᠢ ᠳᠤ ᠪᠠᠶᠢᠭ᠎ᠠ ︽ᠣᠨᠴᠠᠭᠠᠶ ᠠᠵᠢᠯ ᠤᠨ ᠪᠠᠶᠢᠷᠢ ᠶᠢᠨ ᠪᠠᠭᠰᠢ︾ ᠪᠤᠶᠤ ᠤᠯᠤᠰ ᠤᠨ ᠠᠵᠢᠯ ᠤᠨ ᠪᠠᠶᠢᠷᠢ ᠳᠤ ᠪᠠᠶᠢᠭ᠎ᠠ ᠣᠷᠣᠨ ᠲᠤᠭ᠎ᠠ ᠲᠠᠢ ᠠᠯᠪᠠᠨ ᠲᠤᠰᠢᠶᠠᠯᠲᠠᠨ ᠨᠡᠷ᠎ᠡ ᠮᠡᠳᠡᠭᠦᠯᠵᠦ ᠪᠣᠯᠬᠤ ᠥᠬᠡᠶ᠃ ᠪᠦᠬᠦᠯᠢ ᠡᠳᠦᠷ ᠤᠨ ᠳᠦᠷᠢᠮᠲᠦ ᠠᠰᠫᠢᠷᠠᠨᠲ ᠢᠶᠠᠷ ᠰᠤᠷᠤᠯᠴᠠᠵᠤ ᠪᠠᠶᠢᠭ᠎ᠠ ᠰᠤᠷᠤᠭᠴᠢ ᠰᠢᠯᠭᠠᠭᠤᠯᠬᠤ ᠪᠠᠷ ᠨᠡᠷ᠎ᠡ ᠮᠡᠳᠡᠭᠦᠯᠵᠦ ᠪᠣᠯᠬᠤ ᠥᠬᠡᠶ᠃          ᠡᠯᠰᠡᠬᠦ ᠨᠥᠬᠦᠴᠡᠯ ᠤᠨ ᠲᠠᠯ᠎ᠠ ᠪᠠᠷ᠂ ᠥᠩᠭᠡᠷᠡᠭᠰᠡᠨ ᠤ ᠱᠠᠭᠠᠷᠳᠠᠯᠭ᠎ᠠ ᠠᠴᠠ ᠭᠠᠳᠠᠨ᠎ᠠ᠂ ᠪᠠᠭᠰᠢ ᠶᠢᠨ ᠬᠢᠷᠢ  ᠬᠡᠮ ᠤᠨ ᠦᠨᠡᠮᠯᠡᠯ ᠤᠨ ᠱᠠᠭᠠᠷᠳᠠᠯᠭ᠎ᠠ ᠶᠢᠨ ᠲᠠᠯ᠎ᠠ ᠪᠠᠷ᠂ 2020 ᠣᠨ ᠳᠤ ︽ᠤᠷᠢᠳ ᠢᠶᠠᠷ ᠠᠵᠢᠯ ᠤᠨ ᠪᠠᠶᠢᠷᠢ ᠳᠤ ᠭᠠᠷᠴᠤ᠂ ᠳᠠᠬᠢᠨ ᠦᠨᠡᠮᠯᠡᠯ ᠰᠢᠯᠭᠠᠬᠤ︾ ᠱᠠᠲᠤ ᠦᠶ᠎ᠡ ᠶᠢᠨ ᠴᠢᠨᠠᠷᠲᠠᠶ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠤᠯᠤᠰ ᠤᠨ ᠪᠠᠭᠰᠢ ᠶᠢᠨ ᠬᠢᠷᠢ ᠬᠡᠮ ᠤᠨ ᠰᠢᠯᠭᠠᠯᠲᠠ ᠶᠢᠨ ᠨᠡᠷ᠎ᠡ ᠮᠡᠳᠡᠭᠦᠯᠬᠦ ᠨᠥᠬᠦᠴᠡᠯ ᠪᠠ ᠪᠠᠭᠰᠢ ᠶᠢᠨ ᠬᠢᠷᠢ ᠬᠡᠮ ᠢ ᠦᠨᠡᠮᠰᠢᠨ ᠲᠣᠭᠲᠠᠭᠠᠬᠤ ᠲᠤᠬᠠᠶ ᠦᠵᠡᠯ ᠰᠠᠨᠠᠭ᠎ᠠ ᠤᠯᠤᠰ ᠲᠥᠷᠥ ᠶᠢᠨ ᠬᠡᠪ ᠴᠢᠨᠠᠷ᠂ ᠨᠡᠶᠢᠲᠡᠯᠢᠭ ᠬᠡᠯᠡᠨ ᠤ ᠬᠢᠷᠢ ᠬᠡᠮᠵᠢᠶ᠎ᠡ᠂ ᠪᠡᠶ᠎ᠡ ᠮᠠᠬᠠᠪᠣᠳ ᠤᠨ ᠨᠥᠬᠦᠴᠡᠯ ᠵᠡᠷᠭᠡ ᠱᠠᠭᠠᠷᠳᠠᠯᠭ᠎ᠠ ᠳᠤ ᠨᠡᠶᠢᠴᠡᠭᠰᠡᠳ ᠪᠦᠬᠦᠨ ᠲᠣᠰ ᠤᠳᠠᠭᠠᠨ ᠤ ᠰᠢᠯᠭᠠᠯᠲᠠ ᠳᠤ ᠣᠷᠣᠯᠴᠠᠬᠤ ᠳᠤ ᠪᠠᠭᠰᠢ ᠶᠢᠨ ᠬᠢᠷᠢ ᠬᠡᠮ ᠤᠨ ᠦᠨᠡᠮᠯᠡᠯ ᠬᠠᠩᠭᠠᠬᠤ ᠶᠢ ᠱᠠᠭᠠᠷᠳᠠᠬᠤ ᠥᠬᠡᠶ᠂ ᠭᠡᠪᠡᠴᠦ ᠡᠷᠬᠡᠪᠰᠢ ᠨᠢᠭᠡ ᠵᠢᠯ ᠤᠨ ᠲᠤᠷᠰᠢᠨ ᠬᠡᠷᠡᠭᠯᠡᠬᠦ ᠬᠤᠭᠤᠴᠠᠭᠠᠨ ᠳᠤ ᠬᠠᠷᠠᠭᠠᠯᠵᠠᠭᠰᠠᠨ ᠪᠠᠭᠰᠢ ᠶᠢᠨ ᠬᠢᠷᠢ ᠬᠡᠮ ᠤᠨ ᠦᠨᠡᠮᠯᠡᠯ ᠲᠠᠢ ᠪᠠᠶᠢᠬᠤ ᠬᠡᠷᠡᠭᠲᠡᠶ  ᠃ ᠬᠡᠷᠪᠡ ᠨᠢᠭᠡ ᠵᠢᠯ ᠤᠨ ᠲᠤᠷᠰᠢᠨ ᠬᠡᠷᠡᠭᠯᠡᠬᠦ ᠬᠤᠭᠤᠴᠠᠭᠠᠨ ᠳᠤ ᠬᠠᠷᠠᠭᠠᠯᠵᠠᠭᠰᠠᠨ ᠪᠠᠭᠰᠢ ᠶᠢᠨ ᠬᠢᠷᠢ ᠬᠡᠮ ᠤᠨ ᠦᠨᠡᠮᠯᠡᠯ ᠣᠯᠤᠭᠰᠠᠨ ᠥᠬᠡᠶ ᠪᠣᠯ᠂ ᠤᠷᠢᠵᠤ ᠬᠡᠷᠡᠭᠯᠡᠬᠦ ᠭᠡᠷ᠎ᠡ ᠶᠢ ᠬᠠᠤᠯᠢ ᠶᠣᠰᠣᠭᠠᠷ ᠬᠦᠴᠦᠨ ᠥᠬᠡᠶ ᠪᠣᠯᠭᠠᠨ᠎ᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ