ᠮᠥᠩᠭᠦᠨ  ᠭᠦᠢᠯᠭᠡᠭᠡᠨ ᠤ ᠲᠥᠷᠥ ᠶᠢᠨ ᠪᠣᠳᠣᠯᠭ᠎ᠠ  ᠶᠢᠨ︽  ᠦᠭᠬᠢᠶᠡᠮᠦᠷ ᠬᠤᠷ᠎ᠠ︾ ᠨᠢ ᠠᠵᠢᠯ ᠢᠶᠠᠨ ᠰᠡᠷᠭᠦᠭᠡᠬᠦ ᠳᠤ ᠬᠦᠴᠦ ᠨᠠᠮᠡᠷᠢᠯᠡᠨ᠎ᠡ
ᠨᠡᠶᠢᠲᠡᠯᠡᠭᠰᠡᠨ ᠴᠠᠭ᠄
2020/6/22
          ᠬᠥᠲᠥᠯᠥᠭᠴᠢ᠄ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ  ᠤᠤ︖ ᠥᠨᠥᠳᠦᠷ ᠪᠢᠳᠡ ᠬᠢᠶ᠎ᠠ ᠪᠠᠭᠰᠢ    ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠥᠩᠭᠦᠨ  ᠭᠦᠢᠯᠭᠡᠭᠡᠨ ᠤ ᠠᠵᠢᠯ ᠤᠨ ᠠᠯᠪᠠᠨ ᠭᠡᠷ ᠤᠨ ᠡᠷᠬᠢᠯᠡᠭᠴᠢ ᠮᠧᠩ ᠵᠢᠶᠦ᠋ᠨ ᠨᠥᠬᠦᠷ ᠢ ᠤᠷᠢᠵᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠭᠰᠠᠨ ᠠᠭᠤᠰᠬᠢᠨ ᠦᠷᠪᠢᠰᠦᠯ ᠤᠨ ᠬᠢᠵᠢᠭ ᠤᠨ  ᠪᠠᠶᠢᠳᠠᠯ ᠡᠭᠦᠰᠦᠭᠰᠡᠨ ᠠᠴᠠ ᠨᠠᠰᠢᠬᠢ ᠤᠯᠤᠰ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ  ᠤᠷᠳᠤᠨ ᠵᠢᠴᠢ ᠣᠷᠳᠣᠰ ᠬᠤᠲᠠ ᠶᠢᠨ ᠵᠠᠰᠠᠭ ᠤᠨ ᠣᠷᠳᠣᠨ ᠤ ᠲᠣᠭᠲᠠᠭᠠᠭᠰᠠᠨ ᠮᠥᠩᠭᠦᠨ  ᠭᠦᠢᠯᠭᠡᠭᠡᠨ ᠤ ᠳᠡᠮᠵᠢᠯᠭᠡ ᠶᠢᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠵᠢᠴᠢ ᠬᠢᠶ᠎ᠠ ᠪᠠᠭᠰᠢ ᠲᠣᠭᠤᠷᠢᠭ ᠤᠨ ᠮᠥᠩᠭᠦᠨ  ᠭᠦᠢᠯᠭᠡᠭᠡᠨ ᠤ ᠳᠡᠮᠵᠢᠯᠭᠡ ᠶᠢᠨ ᠪᠠᠶᠢᠳᠠᠯ ᠳᠤ ᠲᠠᠶᠢᠯᠤᠮᠵᠢ ᠬᠢᠪᠠ᠃
         ᠮᠧᠩ ᠵᠢᠶᠦ᠋ᠨ᠄ ᠬᠥᠲᠥᠯᠥᠭᠴᠢ ᠰᠠᠶᠢᠨ  ᠤᠤ︖ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ  ᠤᠤ︖ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠫᠷᠤᠭ᠍ᠷᠠᠮ ᠪᠢᠳᠡᠨ ᠳᠤ ᠮᠥᠩᠭᠦᠨ  ᠭᠦᠢᠯᠭᠡᠭᠡᠨ ᠤ ᠳᠡᠮᠵᠢᠯᠭᠡ   ᠶᠢᠨ ᠲᠥᠷᠥ ᠶᠢᠨ ᠪᠣᠳᠣᠯᠭ᠎ᠠ ᠶᠢ ᠤᠬᠠᠭᠤᠯᠬᠤ ᠲᠣᠬᠢᠶᠠᠯ ᠣᠯᠭᠤᠭᠰᠠᠨ ᠳᠤ ᠲᠤᠩ ᠲᠠᠯᠠᠷᠬᠠᠵᠤ ᠪᠠᠶᠢᠨ᠎ᠠ᠃ ᠲᠤᠰ ᠤᠳᠠᠭᠠᠨ ᠤ ᠰᠤᠷᠪᠤᠯᠵᠢᠯᠠᠭ᠎ᠠ  ᠪᠠᠷ ᠳᠠᠮᠵᠢᠨ  ᠬᠢᠶ᠎ᠠ ᠪᠠᠭᠰᠢ  ᠶᠢᠨ ᠳᠤᠮᠳᠠ ᠵᠢᠵᠢᠭ ᠪᠢᠴᠢᠯ ᠠᠵᠤ ᠠᠬᠤᠶᠢᠯᠠᠯ ᠢ ᠬᠠᠪᠰᠤᠷᠤᠨ ᠲᠥᠷᠥ ᠶᠢᠨ ᠪᠣᠳᠣᠯᠭ᠎ᠠ ᠶᠢ  ᠤᠶᠢᠯᠠᠭᠠᠵᠤ  ᠮᠥᠩᠭᠦᠨ  ᠭᠦᠢᠯᠭᠡᠭᠡᠨ ᠤ ᠲᠥᠷᠥ ᠶᠢᠨ ᠪᠣᠳᠣᠯᠭ᠎ᠠ ᠶᠢ ᠰᠠᠶᠢᠲᠤᠷ  ᠬᠡᠷᠡᠭᠯᠡᠵᠦ  ᠂ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠦᠨᠡᠨᠬᠦ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠲᠣᠭᠲᠠᠭᠤᠨ  ᠬᠦᠭᠵᠢᠯᠲᠡ  ᠶᠢᠨ ᠬᠥᠳᠡᠯᠭᠡᠬᠦ ᠬᠦᠴᠦᠨ ᠪᠣᠯᠭᠠᠨ  ᠬᠤᠪᠢᠷᠠᠭᠤᠯᠤᠨ᠎ᠠ᠃          ᠬᠥᠲᠥᠯᠥᠭᠴᠢ᠄ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠣᠬᠤᠷᠬᠠᠨ ᠬᠤᠭᠤᠴᠠᠭᠠᠨ ᠳᠤ  ᠦᠢᠯᠡᠳᠪᠦᠷᠢᠯᠡᠯ ᠢᠶᠠᠨ ᠰᠡᠷᠭᠦᠭᠡᠵᠦ  ᠦᠢᠯᠡᠳᠪᠦᠷᠢᠯᠡᠯ ᠢᠶᠠᠨ  ᠦᠷᠭᠡᠳᠬᠡᠬᠦ  ᠲᠠᠯ᠎ᠠ ᠪᠠᠷ ᠨᠡᠯᠢᠶᠡᠳ ᠶᠡᠭᠡ ᠪᠠᠯᠠ ᠮᠥᠩᠭᠦ ᠶᠢᠨ ᠳᠠᠷᠤᠯᠲᠠ ᠲᠤᠯᠭᠠᠷᠠᠵᠤ ᠪᠠᠶᠢᠨ᠎ᠠ᠃ ᠡᠨᠡ ᠲᠥᠷᠥᠯ ᠤᠨ ᠪᠠᠶᠢᠳᠠᠯ ᠳᠤ ᠴᠢᠭᠯᠡᠭᠦᠯᠦᠨ᠂ ᠮᠥᠩᠭᠦᠨ  ᠭᠦᠢᠯᠭᠡᠭᠡᠨ ᠢᠶᠠᠷ ᠳᠡᠮᠵᠢᠬᠦ ᠶᠠᠮᠠᠷ ᠶᠠᠮᠠᠷ ᠲᠥᠷᠥ ᠶᠢᠨ ᠪᠣᠳᠣᠯᠭ᠎ᠠ ᠪᠠᠶᠢᠬᠤ ᠪᠣᠶ          ᠮᠧᠩ ᠵᠢᠶᠦ᠋ᠨ᠄ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠲᠤ  ᠬᠠᠯᠳᠠᠪᠤᠷᠢᠯᠠᠭᠳᠠᠭᠰᠠᠨ  ᠠᠭᠤᠰᠬᠢᠨ ᠦᠷᠪᠢᠰᠦᠯ ᠤᠨ ᠬᠢᠵᠢᠭ ᠡᠭᠦᠰᠦᠭᠰᠡᠨ ᠠᠴᠠ ᠨᠠᠰᠢ ᠮᠥᠩᠭᠦᠨ ᠭᠦᠢᠯᠭᠡᠭᠡᠨ ᠤ ᠰᠠᠯᠠᠭ᠎ᠠ ᠮᠥᠴᠢᠷ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ  ᠨᠠᠶᠢᠲᠠᠪᠤᠷᠢᠵᠢᠭᠤᠯᠵᠤ  ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ  ᠰᠢᠢᠳᠪᠤᠷᠢᠲᠤ ᠪᠣᠳᠣᠯᠭ᠎ᠠ ᠶᠢᠨ ᠪᠠᠶᠢᠷᠢᠯᠠᠭᠤᠤᠯᠲᠠ  ᠶᠣᠰᠣᠭᠠᠷ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠶᠢ ᠣᠳᠣᠬᠠᠨ ᠤ ᠠᠵᠢᠯ ᠤᠨ ᠴᠢᠬᠤᠯᠠ ᠭᠤᠤᠯᠳᠠᠯᠭ᠎ᠠ ᠪᠣᠯᠭᠠᠵᠠᠶ᠃ ᠦᠨᠡᠨ ᠬᠦ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠮᠥᠩᠭᠦᠨ  ᠭᠦᠢᠯᠭᠡᠭᠡᠨ ᠤ ᠦᠢᠯᠡᠴᠢᠯᠡᠭᠡᠨ ᠤ ᠤᠷᠤᠭᠰᠢᠲᠠᠶ ᠪᠠᠶᠢᠬᠤ ᠶᠢ ᠪᠠᠲᠤᠯᠠᠨ᠎ᠠ᠃          ᠬᠢᠵᠢᠭ ᠤᠨ  ᠪᠠᠶᠢᠳᠠᠯ ᠤᠨ ᠬᠤᠭᠤᠴᠠᠭᠠᠨ ᠳᠤ᠂ ᠠᠷᠠᠳ ᠤᠨ ᠪᠠᠩᠬᠢ᠂ ᠡᠳ᠋ ᠤᠨ ᠵᠠᠰᠠᠭ ᠤᠨ ᠶᠠᠮᠤᠨ᠂ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠭᠠᠳᠠᠭᠠᠳᠤ ᠭᠤᠪᠢᠭᠤᠯᠭ᠎ᠠ ᠶᠢᠨ  ᠳᠤᠪᠴᠢᠶ᠎ᠠ  ᠵᠡᠷᠭᠡ ᠲᠠᠪᠤᠨ ᠶᠠᠮᠤᠨ ᠵᠥᠪᠯᠡᠯ ︽ᠮᠥᠩᠭᠦᠨ  ᠭᠦᠢᠯᠭᠡᠭᠡᠨ  ᠢᠶᠠᠷ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ  ᠲᠤ ᠬᠠᠯᠳᠠᠪᠤᠷᠢᠯᠠᠭᠳᠠᠭᠰᠠᠨ  ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠮᠡᠳᠡᠭᠳᠡᠯ︾ ᠢ ᠨᠡᠶᠢᠲᠡᠯᠡᠵᠦ᠂ 30 ᠵᠤᠷᠪᠤᠰ ᠮᠥᠩᠭᠦᠨ  ᠭᠦᠢᠯᠭᠡᠭᠡᠨ ᠢᠶᠠᠷ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠨᠡᠶᠢᠲᠡᠯᠡᠵᠡᠶ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ 《 ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠭᠤᠤᠯᠳᠠᠯᠭ᠎ᠠ ᠲᠠᠢ ᠪᠠᠲᠤᠯᠠᠭ᠎ᠠ ᠶᠢᠨ ᠠᠵᠤ ᠠᠬᠤᠶᠢᠯᠠᠯ ᠪᠣᠯᠤᠨ ᠬᠢᠵᠢᠭ ᠤᠨ  ᠪᠠᠶᠢᠳᠠᠯ ᠳᠤ ᠨᠥᠯᠥᠭᠡᠯᠡᠭᠳᠡᠭᠰᠡᠨ  ᠦᠢᠯᠡᠳᠪᠦᠷᠢᠯᠡᠯ ᠡᠵᠡᠩᠨᠡᠯᠲᠡ ᠨᠢ ᠬᠦᠴᠢᠷᠲᠡᠶ ᠳᠤᠮᠳᠠ ᠵᠢᠵᠢᠭ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠳᠡᠮᠵᠢᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ  ᠶᠢᠨ ᠲᠤᠬᠠᠢ  ᠮᠡᠳᠡᠭᠳᠡᠯ 》 ᠢ ᠨᠡᠶᠢᠲᠡᠯᠡᠵᠡᠶ᠃ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ 4 ᠵᠦᠢᠯ ᠤᠨ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ︽ ᠰᠢᠨ᠎ᠡ  ᠲᠢᠲᠢᠮᠯᠢᠭ ᠠᠭᠤᠰᠬᠢᠨ  ᠦᠷᠪᠢᠰᠦᠯ ᠤᠨ ᠬᠢᠵᠢᠭ  ᠤᠨ ᠪᠠᠶᠢᠳᠠᠯ ᠢ ᠠᠷᠭᠠᠴᠠᠬᠤ ᠬᠤᠭᠤᠴᠠᠭᠠᠨ ᠳᠤ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ  ᠦᠢᠯᠡᠳᠪᠦᠷᠢᠯᠡᠯ ᠢᠶᠠᠨ ᠰᠡᠷᠭᠦᠭᠡᠬᠦ ᠡᠷᠡᠭᠦᠯ ᠢᠶᠠᠷ ᠬᠥᠭᠵᠢᠬᠦ ᠶᠢ ᠳᠡᠮᠵᠢᠬᠦ ᠲᠤᠬᠠᠶ ᠰᠠᠨᠠᠯ︾ ᠢ ᠨᠡᠶᠢᠲᠡᠯᠡᠵᠦ᠂ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠬᠦ ᠪᠠ  ᠦᠢᠯᠡᠳᠪᠦᠷᠢᠯᠡᠯ ᠢᠶᠠᠨ ᠰᠡᠷᠭᠦᠭᠡᠬᠦ ᠶᠢ ᠳᠡᠮᠵᠢᠬᠦ 6  ᠵᠤᠶᠢᠯ ᠤᠨ ᠮᠥᠩᠭᠦᠨ   ᠭᠦᠢᠯᠭᠡᠭᠡᠨ ᠤ ᠲᠥᠷᠥ ᠶᠢᠨ ᠪᠣᠳᠣᠯᠭ᠎ᠠ ᠶᠢ ᠨᠡᠶᠢᠲᠡᠯᠡᠪᠡ᠃          ᠬᠥᠲᠥᠯᠥᠭᠴᠢ᠄ ᠮᠥᠩᠭᠦᠨ  ᠭᠦᠢᠯᠭᠡᠭᠡᠨ ᠤ ᠳᠡᠮᠵᠢᠯᠭᠡ ᠶᠢᠨ ᠲᠥᠷᠥ ᠶᠢᠨ ᠪᠣᠳᠣᠯᠭ᠎ᠠ ᠨᠢ ᠬᠢᠶ᠎ᠠ ᠪᠠᠭᠰᠢ ᠲᠣᠭᠤᠷᠢᠭ   ᠤᠨ ᠠᠵᠤ ᠠᠬᠤᠶᠢᠯᠠᠯ ᠪᠣᠯᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ ᠶᠠᠮᠠᠷ ᠪᠣᠳᠠᠲᠤ ᠠᠰᠢᠭ  ᠤᠯᠭᠤᠬᠤ  ᠪᠣᠶ︖          ᠮᠧᠩ ᠵᠢᠶᠦ᠋ᠨ᠄ ᠭᠤᠤᠯᠳᠠᠭᠤ ᠳᠣᠤᠷᠠᠬᠢ ᠬᠡᠳᠦᠨ ᠲᠠᠯ᠎ᠠ ᠪᠠᠷ ᠢᠯᠡᠷᠡᠵᠦ ᠪᠠᠶᠢᠨ᠎ᠠ᠄          ᠨᠢᠭᠡ ᠳᠤ ᠵᠢᠭᠡᠯᠡᠯᠭᠡ ᠶᠢᠨ ᠳᠡᠮ ᠬᠦᠤ ᠶᠢ ᠬᠦᠷᠲᠡᠵᠦ ᠪᠣᠯᠤᠨ᠎ᠠ᠃ ︽ᠰᠢᠨ᠎ᠡ  ᠲᠢᠲᠢᠮᠯᠢᠭ  ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠬᠤᠭᠤᠴᠠᠭᠠᠨ ᠳᠤ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ  ᠦᠢᠯᠡᠳᠪᠦᠷᠢᠯᠡᠯ ᠢᠶᠠᠨ ᠰᠡᠷᠭᠦᠭᠡᠬᠦ ᠡᠷᠡᠭᠦᠯ ᠢᠶᠠᠷ  ᠬᠦᠭᠵᠢᠬᠦ  ᠶᠢ ᠳᠡᠮᠵᠢᠬᠦ ᠲᠤᠬᠠᠶ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠠᠨᠠᠯ︾ ︵ ᠤᠷᠳᠤᠰ ᠵᠠᠰᠠᠭ  ᠲᠠᠷᠬᠠᠭᠠᠭᠰᠠᠨ︹ 2020 ︺ 17 ᠳ᠋ᠤᠭᠠᠷ ᠲᠣᠭᠠᠲᠤ︶ ᠢ ᠦᠨᠳᠦᠰᠦᠯᠡᠪᠡᠯ᠂ 2020 ᠤᠨ ᠤ 3 ᠰᠠᠷ᠎ᠠ ᠶᠢᠨ ᠰᠡᠭᠦᠯᠴᠢ ᠠᠴᠠ ᠡᠮᠦᠨ᠎ᠡ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ  ᠰᠡᠷᠭᠦᠭᠡᠭᠰᠡᠨ ᠬᠢᠵᠢᠭ ᠤᠨ ᠨᠥᠯᠥᠭᠡ ᠶᠢ ᠬᠦᠷᠲᠡᠭᠰᠡᠨ ᠪᠦᠬᠦ ᠬᠤᠲᠠ ᠶᠢᠨ ᠢᠳᠡᠭᠡᠨ ᠤᠮᠳᠠᠭᠠᠨ ᠬᠤᠨᠤᠭ ᠪᠠᠭᠤᠳᠠᠯ᠂  ᠬᠤᠳᠠᠯᠳᠤᠭ᠎ᠠ  ᠬᠡᠲᠦ ᠳᠡᠯᠭᠡᠭᠦᠷ᠂ ᠰᠣᠶᠣᠯ ᠵᠢᠭᠤᠯᠴᠢᠯᠠᠯ᠂ ᠨᠠᠶᠢᠳᠠᠨ ᠬᠠᠮᠢᠶᠠᠷᠤᠭᠤᠯᠬᠤ ᠪᠣᠯᠪᠠᠰᠤᠷᠠᠯ ᠵᠡᠷᠭᠡ 15 ᠲᠥᠷᠥᠯ ᠤᠨ ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ ᠲᠥᠷᠥᠯ ᠤᠨ ᠳᠤᠮᠳᠠ ᠵᠢᠵᠢᠭ ᠪᠢᠴᠢᠯ ᠠᠵᠤ  ᠠᠬᠤᠶᠢᠯᠠᠯ ᠳᠤ 1 ᠰᠠᠷ᠎ᠠ ᠠᠴᠠ 6 ᠰᠠᠷ᠎ᠠ ᠶᠢᠨ ᠰᠡᠭᠦᠯᠴᠢ ᠪᠣᠯᠲᠠᠯ᠎ᠠ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢ ᠠᠳᠠᠯᠢ ᠬᠤᠭᠤᠴᠠᠭᠠᠨ ᠤ ᠨᠢᠭᠡ ᠵᠢᠯ ᠤᠨ ᠬᠤᠭᠤᠴᠠᠭᠠᠨ ᠤ ᠵᠢᠭᠡᠯᠡᠯᠭᠡ ᠶᠢᠨ ᠪᠠᠷᠢᠮᠵᠢᠶ᠎ᠠ ᠬᠦᠤ ᠶᠢᠨ ᠨᠣᠷᠮ᠎ᠠ ᠪᠠᠷ 30% ᠶᠢᠨ ᠳᠠᠮ ᠬᠦᠤ ᠶᠢᠨ  ᠳᠡᠮᠵᠢᠯᠭᠡ  ᠦᠵᠡᠭᠦᠯᠦᠨ᠎ᠡ᠃ ᠳᠠᠮ ᠬᠦᠦ ᠥᠭᠬᠦ ᠬᠤᠭᠤᠴᠠᠭ᠎ᠠ ᠨᠢ 6 ᠰᠠᠷ᠎ᠠ᠂  ᠡᠷᠦᠬᠡ  ᠪᠦᠷᠢ ᠶᠢᠨ ᠳᠠᠮ ᠬᠦᠦ ᠶᠢ 30 ᠲᠦᠮᠡᠨ ᠲᠥᠭᠦᠷᠢᠭ ᠠᠴᠠ ᠬᠡᠲᠦᠷᠡᠭᠦᠯᠬᠦ  ᠦᠭᠡᠶ ᡽ ᠪᠦᠬᠦ ᠬᠤᠲᠠ ᠶᠢᠨ ᠲᠠᠷᠢᠶᠠᠯᠠᠩ ᠤᠨ  ᠡᠳ᠋ ᠪᠠᠷᠠᠭ᠎ᠠ ᠶᠢᠨ ᠭᠦᠢᠯᠭᠡᠭᠡᠨ ᠤ ᠠᠵᠤ ᠠᠬᠤᠶᠢᠯᠠᠯ     ᠤᠨ 2020  ᠤᠨ  ᠤ 1  ᠳ᠋ᠦ᠋ᠭᠡᠷ ᠰᠠᠷ᠎ᠠ ᠠᠴᠠ 4 ᠳ᠋ᠦ᠋ᠭᠡᠷ ᠰᠠᠷ᠎ᠠ ᠶᠢᠨ ᠰᠡᠭᠦᠯᠴᠢ ᠪᠣᠯᠲᠠᠯ᠎ᠠ 2020  ᠣᠨ ᠤ ᠬᠠᠪᠤᠷ ᠤᠨ ᠲᠠᠷᠢᠶᠠᠯᠠᠭ᠎ᠠ ᠳᠤ ᠬᠡᠷᠡᠭᠰᠡᠬᠦ ᠲᠠᠷᠢᠶᠠᠯᠠᠩ ᠤᠨ  ᠦᠢᠯᠡᠳᠪᠦᠷᠢᠯᠡᠯ ᠤᠨ ᠬᠡᠷᠡᠭᠰᠡᠯ ᠤᠨ  ᠦᠢᠯᠡᠳᠬᠦᠨ  ᠢ ᠬᠤᠳᠠᠯᠳᠤᠨ ᠠᠪᠬᠤ  ᠳᠤ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠂ ᠲᠠᠷᠢᠶᠠᠯᠠᠩ ᠤᠨ ᠪᠦᠲᠦᠭᠡᠭᠳᠡᠬᠦᠨ ᠤ  ᠭᠦᠢᠯᠭᠡᠭᠡᠨ ᠤ ᠠᠵᠤ ᠠᠬᠤᠶᠢᠯᠠᠯ ᠤᠨ 2020  ᠤᠨ ᠤ 1 ᠳ᠋ᠦ᠋ᠭᠡᠷ ᠰᠠᠷ᠎ᠠ ᠠᠴᠠ 6 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ ᠬᠤᠲᠠ ᠶᠢᠨ ᠡᠷᠳᠡᠨᠢ ᠰᠢᠰᠢ᠂ ᠨᠡᠷᠡᠨ ᠬᠤᠸᠠᠷ᠂ ᠢᠳᠡᠰᠢᠨ ᠨᠣᠭᠤᠭ᠎ᠠ ᠵᠡᠷᠭᠡ ᠶᠢ ᠬᠤᠳᠠᠯᠳᠤᠨ ᠠᠪᠬᠤ ᠳᠤ ᠰᠢᠨ᠎ᠡ ᠪᠠᠷ ᠨᠡᠮᠡᠭᠳᠡᠭᠰᠡᠨ ᠵᠢᠭᠡᠯᠡᠯᠭᠡ  ᠶᠢ ᠠᠳᠠᠯᠢ ᠬᠤᠭᠤᠴᠠᠭᠠᠨ ᠤ ᠨᠢᠭᠡ ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠬᠦᠤ ᠮᠥᠩᠭᠦ ᠶᠢᠨ ᠰᠠᠭᠤᠷᠢ ᠪᠠᠷᠢᠮᠵᠢᠶ᠎ᠠ  ᠨᠣᠷᠮ᠎ᠠ ᠶᠢᠨ 50% ᠪᠠᠷ ᠨᠢ 6 ᠰᠠᠷ᠎ᠠ ᠶᠢᠨ ᠳᠡᠮ ᠬᠦᠤ ᠣᠯᠭᠤᠨ᠎ᠠ᠃          ᠬᠤᠶᠠᠷ ᠲᠤ ᠲᠦᠷ ᠴᠠᠭ ᠤᠨ ᠴᠢᠨᠠᠷᠲᠠᠶ ᠬᠤᠶᠢᠰᠢᠯᠠᠭᠤᠯᠤᠨ ᠡᠬᠡ ᠮᠥᠩᠭᠦ ᠶᠢ ᠪᠤᠴᠠᠭᠠᠬᠤ ᠶᠢ ᠬᠦᠷᠲᠡᠵᠦ ᠪᠣᠯᠤᠨ᠎ᠠ᠃ ︽ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠳᠤ ᠲᠦᠷ ᠴᠠᠭ ᠤᠨ ᠴᠢᠨᠠᠷᠲᠠᠶ ᠡᠬᠡ ᠮᠥᠩᠭᠦ ᠶᠢ ᠬᠤᠶᠢᠰᠢᠯᠠᠭᠤᠯᠤᠨ ᠪᠤᠴᠠᠭᠠᠬᠤ ᠲᠤᠬᠠᠶ  ᠪᠠᠩᠬᠢ  ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠠᠷᠠᠳ ‍ᠤ᠊ ᠪᠠᠩᠬᠢ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠂ ᠠᠵᠤ  ᠦᠢᠯᠡᠳᠪᠦᠷᠢ  ᠪᠠ ᠮᠡᠳᠡᠭᠡ ᠵᠠᠩᠭᠢᠵᠢᠯᠲᠠ  ᠶᠢᠨ ᠶᠠᠮᠤᠨ ᠂ ᠡᠳ᠋ ᠤᠨ ᠵᠠᠰᠠᠭ ᠤᠨ ᠶᠠᠮᠤᠨ ᠤ ᠮᠡᠳᠡᠭᠳᠡᠯ︾ ︵ ᠪᠠᠩᠬᠢ ᠳᠠᠭᠠᠳᠬᠠᠯ ᠤᠨ ᠬᠢᠨᠠᠯᠲᠠ ᠲᠠᠷᠬᠠᠭᠠᠭᠰᠠᠨ ︹ 2020 ︺ 6 ᠳ᠋ᠤᠭᠠᠷ ᠲᠣᠭᠠᠲᠤ︶ ᠢ ᠦᠨᠳᠦᠰᠦᠯᠡᠪᠡᠯ᠂ 2020 ᠣᠨ ᠤ 1 ᠰᠠᠷ᠎ᠠ ᠶᠢᠨ 25 ᠤ ᠡᠳᠦᠷ ᠠᠴᠠ  ᠨᠠᠭᠠᠰᠢ  ᠬᠤᠭᠤᠴᠠᠭ᠎ᠠ ᠨᠢ ᠲᠤᠯᠤᠭᠰᠠᠨ ᠬᠦᠴᠢᠷᠳᠡᠯᠲᠡᠶ ᠳᠤᠮᠳᠠ ᠵᠢᠵᠢᠭ  ᠪᠢᠴᠢᠯ ᠠᠵᠤ ᠠᠬᠤᠶᠢᠯᠠᠯ ︵ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ  ᠦᠢᠯᠡᠳᠪᠦᠷᠢ  ᠬᠤᠳᠠᠯᠳᠤᠭᠠᠨ ᠤ ᠡᠷᠦᠬᠡ ᠪᠠᠭᠲᠠᠨ᠎ᠠ︶ ᠤᠨ ᠵᠢᠭᠡᠯᠡᠯᠭᠡ ᠶᠢᠨ ᠡᠬᠡ ᠮᠥᠩᠭᠦ ᠳᠤ᠂ ᠪᠠᠩᠬᠢ ᠨᠢ ᠠᠵᠤ ᠠᠬᠤᠶᠢᠯᠠᠯ ᠤᠨ ᠬᠤᠭᠤᠴᠠᠭ᠎ᠠ ᠬᠤᠶᠢᠰᠢᠯᠠᠭᠤᠯᠤᠨ ᠡᠬᠡ ᠮᠥᠩᠭᠦ ᠶᠢ ᠪᠤᠴᠠᠭᠠᠬᠤ ᠭᠤᠶᠤᠴᠢᠯᠠᠯ ᠢ  ᠦᠨᠳᠦᠰᠦᠯᠡᠨ  ᠂ ᠠᠵᠤ ᠠᠬᠤᠶᠢᠯᠠᠯ ᠤᠨ ᠬᠢᠵᠢᠭ ᠤᠨ  ᠪᠠᠶᠢᠳᠠᠯ ᠳᠤ ᠨᠥᠯᠥᠭᠡᠯᠡᠭᠳᠡᠭᠰᠡᠨ  ᠪᠠᠶᠢᠳᠠᠯ ᠪᠠ ᠡᠵᠡᠩᠨᠡᠯᠲᠡ ᠶᠢᠨ   ᠪᠠᠶᠢᠳᠠᠯ  ᠲᠠᠢ ᠤᠶᠠᠯᠳᠤᠭᠤᠯᠤᠨ᠂ ᠵᠢᠭᠡᠯᠡᠯᠭᠡ ᠶᠢᠨ ᠬᠤᠭᠤᠴᠠᠭ᠎ᠠ ᠶᠢ ᠤᠷᠲᠤᠳᠬᠠᠬᠤ᠂ ᠦᠷᠭᠦᠯᠵᠢᠯᠡᠨ ᠵᠢᠭᠡᠯᠡᠯᠭᠡ  ᠥᠭᠬᠦ  ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠤ  ᠠᠬᠤᠶᠢᠯᠠᠯ  ᠳᠤ ᠵᠣᠬᠢᠬᠤ ᠬᠤᠭᠤᠴᠠᠭᠠᠨ ᠤ ᠲᠦᠷ ᠴᠠᠭ ᠤᠨ ᠴᠢᠨᠠᠷᠲᠠᠶ ᠬᠤᠶᠢᠰᠢᠯᠠᠭᠤᠯᠤᠨ ᠡᠬᠡ ᠮᠥᠩᠭᠦ ᠶᠢ ᠨᠢ  ᠪᠤᠴᠠᠭᠠᠬᠤ ᠲᠣᠬᠢᠷᠠᠭᠤᠯᠤᠯᠲᠠ ᠣᠯᠭᠤᠨ᠎ᠠ᠃  ᠡᠬᠡ ᠮᠦᠩᠭᠦ ᠪᠤᠴᠠᠭᠠᠬᠤ ᠬᠤᠭᠤᠴᠠᠭ᠎ᠠ ᠶᠢ ᠬᠠᠮᠤᠭ ᠤᠷᠲᠤ ᠳᠠᠭᠠᠨ 2020 ᠣᠨ ᠤ 6 ᠰᠠᠷ᠎ᠠ ᠶᠢᠨ 30 ᠤ ᠡᠳᠦᠷ ᠪᠣᠯᠲᠠᠯ᠎ᠠ ᠤᠷᠲᠤᠳᠬᠠᠵᠤ ᠪᠣᠯᠤᠨ᠎ᠠ᠃          ᠭᠤᠷᠪᠠ ᠳᠤ ᠲᠦᠷ ᠴᠠᠭ ᠤᠨ ᠴᠢᠨᠠᠷᠲᠠᠶ ᠬᠤᠶᠢᠰᠢᠯᠠᠭᠤᠯᠤᠨ ᠬᠦᠤ ᠮᠥᠩᠭᠦ ᠥᠭᠬᠦ ᠶᠢ ᠬᠦᠷᠲᠡᠵᠦ ᠪᠣᠯᠤᠨ᠎ᠠ᠃ ︽ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠳᠤ ᠲᠦᠷ ᠴᠠᠭ ᠤᠨ ᠴᠢᠨᠠᠷᠲᠠᠶ ᠡᠬᠡ ᠮᠥᠩᠭᠦ ᠶᠢ ᠬᠤᠶᠢᠰᠢᠯᠠᠭᠤᠯᠤᠨ ᠪᠤᠴᠠᠭᠠᠬᠤ ᠲᠤᠬᠠᠶ  ᠪᠠᠩᠬᠢ  ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠠᠷᠠᠳ ‍ᠤ᠊ ᠪᠠᠩᠬᠢ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠂ ᠠᠵᠤ  ᠦᠢᠯᠡᠳᠪᠦᠷᠢ  ᠪᠠ ᠮᠡᠳᠡᠭᠡ ᠵᠠᠩᠭᠢᠵᠢᠯᠲᠠ  ᠶᠢᠨ ᠶᠠᠮᠤᠨ ᠂ ᠡᠳ᠋ ᠤᠨ ᠵᠠᠰᠠᠭ ᠤᠨ ᠶᠠᠮᠤᠨ ᠤ ᠮᠡᠳᠡᠭᠳᠡᠯ︾ ︵ ᠪᠠᠩᠬᠢ ᠳᠠᠭᠠᠳᠬᠠᠯ ᠤᠨ ᠬᠢᠨᠠᠯᠲᠠ ᠲᠠᠷᠬᠠᠭᠠᠭᠰᠠᠨ ︹ 2020 ︺ 6 ᠳ᠋ᠤᠭᠠᠷ ᠲᠣᠭᠠᠲᠤ︶ ᠢ ᠦᠨᠳᠦᠰᠦᠯᠡᠪᠡᠯ᠂  2020 ᠣᠨ ᠤ 1 ᠰᠠᠷ᠎ᠠ ᠶᠢᠨ 25 ᠤ ᠡᠳᠦᠷ ᠠᠴᠠ 6 ᠰᠠᠷ᠎ᠠ ᠶᠢᠨ 30 ᠤ ᠡᠳᠦᠷ ᠪᠣᠯᠲᠠᠯ᠎ᠠ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠳᠥᠯᠥᠬᠦ ᠴᠢᠬᠤᠯᠠᠲᠠᠶ ᠵᠢᠭᠡᠯᠡᠯᠭᠡ ᠶᠢᠨ ᠬᠦᠦ ᠮᠥᠩᠭᠦ ᠶᠢ ᠪᠠᠩᠬᠢ ᠨᠢ ᠠᠵᠤ ᠠᠬᠤᠶᠢᠯᠠᠯ ᠤᠨ ᠬᠦᠦ ᠮᠥᠩᠭᠦ ᠶᠢ  ᠬᠤᠶᠢᠰᠢᠯᠠᠭᠤᠯᠤᠨ  ᠦᠭᠬᠦ  ᠭᠤᠶᠤᠴᠢᠯᠠᠯ ᠢ ᠦᠨᠳᠦᠰᠦᠯᠡᠨ᠂ ᠬᠢᠵᠢᠭ ᠤᠨ  ᠪᠠᠶᠢᠳᠠᠯ ᠳᠤ ᠨᠥᠯᠥᠭᠡᠯᠡᠭᠳᠡᠭᠰᠡᠨ ᠪᠠᠶᠢᠳᠠᠯ ᠲᠠᠢ ᠤᠶᠠᠯᠳᠤᠭᠤᠯᠤᠨ᠂ ᠵᠣᠬᠢᠬᠤ ᠬᠤᠭᠤᠴᠠᠭ᠎ᠠ ᠬᠢᠵᠠᠭᠠᠷ   ᠲᠠᠢ ᠬᠤᠶᠢᠰᠢᠯᠠᠭᠤᠯᠤᠨ ᠬᠦᠤ ᠮᠥᠩᠭᠦ ᠥᠭᠬᠦ ᠲᠣᠬᠢᠷᠠᠭᠤᠯᠤᠯᠲᠠ ᠬᠢᠬᠦ ᠬᠡᠷᠡᠭᠲᠡᠶ᠃ ᠵᠢᠭᠡᠯᠡᠯᠭᠡ ᠶᠢᠨ ᠬᠦᠤ ᠮᠥᠩᠭᠦ ᠥᠭᠬᠦ ᠡᠳᠦᠷ ᠬᠤᠭᠤᠴᠠᠭ᠎ᠠ ᠶᠢ ᠬᠠᠮᠤᠭ ᠣᠷᠳᠣ ᠳᠠᠭᠠᠨ 2020 ᠣᠨ ᠤ 6 ᠰᠠᠷ᠎ᠠ ᠶᠢᠨ 30 ᠤ ᠡᠳᠦᠷ ᠪᠣᠯᠲᠠᠯ᠎ᠠ ᠤᠷᠲᠤᠳᠬᠠᠵᠤ᠂ ᠲᠣᠷᠭᠠᠭᠤᠯᠢ ᠶᠢᠨ ᠬᠦᠤ ᠮᠥᠩᠭᠦ ᠥᠯᠥ ᠬᠤᠷᠢᠶᠠᠨ᠎ᠠ᠃  ᠬᠤᠶᠢᠰᠢᠯᠠᠭᠤᠯᠤᠭᠰᠠᠨ ᠬᠦᠤ ᠮᠥᠩᠭᠦ ᠶᠢ ᠲᠦᠯᠦᠬᠦ ᠪᠣᠳᠠᠲᠠᠶ ᠲᠥᠯᠥᠪᠯᠡᠭᠡ ᠶᠢ ᠪᠠᠩᠬᠢ ᠪᠣᠯᠤᠨ ᠠᠵᠤ ᠠᠬᠤᠶᠢᠯᠠᠯ  ᠬᠤᠶᠠᠷ ᠲᠠᠯ᠎ᠠ ᠪᠠᠷ ᠢᠶᠠᠨ ᠡᠵᠡᠨ ᠮᠡᠳᠡᠵᠦ ᠵᠥᠪᠳᠡᠯᠴᠡᠵᠦ᠂ ᠵᠦᠶ ᠵᠣᠬᠢᠰᠲᠠᠶ ᠪᠠᠷ ᠲᠣᠭᠲᠠᠭᠠᠨ᠎ᠠ᠃          ᠳᠥᠷᠪᠡ ᠳᠤ ᠳᠣᠤᠷ᠎ᠠ ᠪᠠᠯᠠ ᠲᠣᠬᠢᠷᠠᠭᠤᠯᠭ᠎ᠠ ᠶᠢᠨ ᠳᠠᠭᠠᠭᠠᠯᠲᠠ ᠶᠢᠨ ᠰᠦᠢᠳᠬᠡᠯ ᠤᠨ ᠨᠣᠷᠮ᠎ᠠ ᠶᠢ ᠭᠥᠷᠳᠡᠵᠦ ᠪᠤᠯᠤᠨ᠎ᠠ᠃ ︽ᠰᠢᠨ᠎ᠡ  ᠲᠢᠲᠢᠮᠯᠢᠭ  ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠬᠤ ᠬᠤᠭᠤᠴᠠᠭᠠᠨ ᠳᠤ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ  ᠦᠢᠯᠡᠳᠪᠦᠷᠢᠯᠡᠯ ᠢᠶᠠᠨ ᠰᠡᠷᠭᠦᠭᠡᠬᠦ ᠡᠷᠡᠭᠦᠯ ᠢᠶᠠᠷ  ᠬᠦᠭᠵᠢᠬᠦ  ᠶᠢ ᠳᠡᠮᠵᠢᠬᠦ ᠲᠤᠬᠠᠶ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠠᠨᠠᠯ︾ ︵ ᠤᠷᠳᠤᠰ ᠵᠠᠰᠠᠭ  ᠲᠠᠷᠬᠠᠭᠠᠭᠰᠠᠨ︹ 2020 ︺ 17 ᠳ᠋ᠤᠭᠠᠷ ᠲᠣᠭᠠᠲᠤ︶ ᠢ ᠦᠨᠳᠦᠰᠦᠯᠡᠪᠡᠯ  ᠂ ᠮᠠᠨ ᠤ ᠬᠤᠲᠠ ᠶᠢᠨ ᠤᠯᠤᠰ ᠤᠨ  ᠦᠮᠴᠢᠯᠠᠯᠲᠦ  ᠪᠡᠯᠡ ᠲᠣᠬᠢᠷᠠᠭᠤᠯᠭ᠎ᠠ ᠶᠢᠨ ᠴᠢᠨᠠᠷᠲᠠᠢ ᠳᠠᠭᠠᠭᠠᠯᠲᠠ ᠶᠢᠨ ᠺᠤᠮᠫᠠᠨᠢ  ᠬᠢᠵᠢᠭ ᠤᠨ  ᠪᠠᠶᠢᠳᠠᠯ ᠳᠤ ᠨᠥᠯᠥᠭᠡᠯᠡᠭᠳᠡᠭᠰᠡᠨ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠰᠢᠨ᠎ᠡ ᠪᠠᠷ  ᠨᠡᠮᠡᠭᠳᠡᠭᠰᠡᠨ  ᠵᠢᠭᠡᠯᠡᠯᠭᠡ ᠶᠢᠨ ᠳᠠᠭᠠᠭᠠᠯᠲᠠ ᠶᠢᠨ ᠵᠠᠷᠤᠳᠠᠯ   ᠢ 1% ᠪᠠᠷ  ᠬᠤᠷᠢᠶᠠᠨ᠎ᠠ  ᠃          ᠲᠠᠪᠤ ᠳᠤ ᠬᠤᠭᠤᠴᠠᠭ᠎ᠠ ᠬᠡᠲᠦᠷᠡᠭᠰᠡᠨ ᠢᠲᠡᠭᠡᠮᠵᠢ ᠶᠢᠨ ᠲᠡᠮᠳᠡᠭᠯᠡᠯ ᠳᠤ ᠲᠣᠬᠢᠷᠠᠭᠤᠯᠤᠯᠲᠠ ᠬᠢᠯᠭᠡᠬᠦ ᠪᠠᠷ  ᠭᠤᠶᠤᠴᠢᠯᠠᠵᠤ  ᠪᠣᠯᠤᠨ᠎ᠠ᠃ ︽ᠮᠥᠩᠭᠦᠨ  ᠭᠦᠢᠯᠭᠡᠭᠡᠨ  ᠢᠶᠠᠷ ᠰᠢᠨ᠎ᠡ ᠬᠡᠯᠪᠡᠷᠢ ᠶᠢᠨ  ᠲᠢᠲᠢᠮᠯᠢᠭ   ᠸᠢᠷᠦ᠋ᠰ ᠲᠤ ᠬᠠᠯᠳᠠᠪᠤᠷᠢᠯᠠᠭᠳᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ   ᠢ ᠰᠡᠷᠭᠡᠶᠢᠯᠡᠨ ᠡᠵᠡᠮᠳᠡᠬᠦ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠡᠳ᠋ ᠤᠨ ᠵᠠᠰᠠᠭ ᠤᠨ ᠶᠠᠮᠤᠨ᠂ ᠪᠠᠩᠬᠢ  ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠮᠥᠩᠭᠦᠨ  ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠮᠡᠳᠡᠭᠳᠡᠯ︾ ︵ᠪᠠᠩᠬᠢ  ᠲᠠᠷᠬᠠᠭᠠᠭᠰᠠᠨ ︹ 2020 ︺ 29  ᠳ᠋ᠦ᠋ᠭᠡᠷ ᠲᠣᠭᠠᠲᠤ︶ ᠢ ᠦᠨᠳᠦᠰᠦᠯᠡᠪᠡᠯ᠂ ᠰᠢᠨ᠎ᠡ  ᠲᠢᠲᠢᠮᠯᠢᠭ  ᠠᠭᠤᠰᠬᠢᠨ ᠦᠷᠪᠢᠰᠦᠯ ᠬᠠᠯᠳᠠᠪᠤᠷᠢᠯᠠᠭᠰᠠᠨ ᠠᠴᠠ ᠪᠣᠯᠵᠤ ᠡᠮᠨᠡᠯᠭᠡ ᠳᠤ ᠰᠠᠭᠤᠵᠤ ᠡᠮᠨᠡᠭᠦᠯᠬᠦ  ᠪᠤᠶᠤ ᠲᠤᠰᠠᠭᠠᠷᠯᠠᠬᠤ ᠬᠥᠮᠦᠰ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ   ᠳᠤ ᠲᠤᠰᠠᠭᠠᠷᠯᠠᠬᠤ ᠴᠢᠬᠤᠯᠠᠲᠠᠶ  ᠬᠦᠮᠦᠰ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠳᠤ ᠣᠷᠣᠯᠴᠠᠭᠰᠠᠨ ᠠᠵᠢᠯᠲᠠᠨ ᠬᠢᠵᠢᠭ ᠤᠨ ᠪᠠᠶᠢᠳᠠᠯ ᠠᠴᠠ ᠪᠣᠯᠵᠤ ᠪᠠᠩᠬᠢ ᠶᠢᠨ ᠵᠢᠭᠡᠯᠡᠯᠭᠡ ᠶᠢ ᠴᠠᠭ ᠲᠤᠬᠠᠶ ᠳᠤᠨᠢ ᠲᠥᠯᠥᠵᠦ ᠳᠡᠶᠢᠯᠦᠭᠰᠡᠨ  ᠦᠭᠡᠢ ᠪᠣᠯ ᠬᠤᠭᠤᠴᠠᠭ᠎ᠠ ᠬᠡᠲᠦᠷᠡᠭᠰᠡᠨ ᠢᠲᠡᠭᠡᠮᠵᠢ ᠶᠢᠨ ᠲᠡᠮᠳᠡᠭᠯᠡᠯ   ᠢ ᠵᠦᠶ ᠵᠣᠬᠢᠰᠲᠠᠶ ᠲᠣᠬᠢᠷᠠᠭᠤᠯᠬᠤ ᠪᠠᠷ  ᠭᠤᠶᠤᠴᠢᠯᠠᠵᠤ  ᠪᠣᠯᠤᠨ᠎ᠠ᠃  ᠵᠠᠯᠭᠠᠵᠤ ᠤᠷᠤᠭᠤᠯᠬᠤ  ᠪᠠᠶᠢᠭᠤᠯᠤᠮᠵᠢ   ᠪᠠᠷ ᠳᠠᠮᠵᠢᠨ ᠲᠣᠬᠢᠷᠠᠭᠤᠯᠤᠯᠲᠠ ᠬᠢᠨ᠎ᠡ᠃          ᠬᠥᠲᠥᠯᠥᠭᠴᠢ᠄ ᠬᠢᠵᠢᠭ ᠤᠨ ᠨᠥᠯᠥᠭᠡᠨ ᠳᠤ ᠤᠴᠠᠷᠠᠭᠰᠠᠨ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠮᠥᠩᠭᠦᠨ ᠭᠦᠢᠯᠭᠡᠭᠡᠨ  ᠤ   ᠦᠢᠯᠡᠴᠢᠯᠡᠭᠡᠨ  ᠤ ᠬᠡᠷᠡᠭᠴᠡᠭᠡ ᠶᠢ ᠪᠠᠲᠤᠯᠠᠬᠤ ᠶᠢᠨ ᠲᠥᠯᠥᠭᠡ᠂ ᠮᠠᠨ ᠤ ᠬᠢᠶ᠎ᠠ ᠪᠠᠭᠰᠢ  ᠲᠤᠭᠤᠷᠢᠭ  ᠮᠥᠩᠭᠦᠨ  ᠭᠦᠢᠯᠭᠡᠭᠡᠨ ᠢᠶᠠᠷ ᠳᠡᠮᠵᠢᠬᠦ ᠲᠥᠷᠥ ᠶᠢᠨ ᠪᠣᠳᠣᠯᠭ᠎ᠠ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠶ︖          ᠮᠧᠩ ᠵᠢᠶᠦ᠋ᠨ᠄ ᠡᠯ᠎ᠡ ᠵᠦᠢᠯ ᠤᠨ ᠮᠥᠩᠭᠦᠨ ᠭᠦᠢᠯᠭᠡᠭᠡᠨ ᠤ ᠳᠡᠮᠵᠢᠯᠭᠡ ᠶᠢᠨ ᠲᠥᠷᠥ ᠶᠢᠨ ᠪᠣᠳᠣᠯᠭ᠎ᠠ  ᠨᠡᠶᠢᠲᠡᠯᠡᠬᠦ  ᠶᠢ ᠳᠠᠭᠠᠯᠳᠤᠨ᠂  ᠬᠢᠶ᠎ᠠ ᠪᠠᠭᠰᠢ  ᠲᠣᠭᠤᠷᠢᠭ ᠤᠨ ᠮᠥᠩᠭᠦᠨ  ᠭᠦᠢᠯᠭᠡᠭᠡᠨ ᠤ ᠠᠯᠪᠠᠨ ᠭᠡᠷ ᠡᠯ᠎ᠡ ᠱᠠᠲᠤᠨ ᠤ ᠰᠠᠯᠠᠭ᠎ᠠ ᠮᠥᠴᠢᠷ ᠤᠨ ᠠᠵᠢᠯ ᠤᠨ ᠪᠠᠶᠢᠷᠢᠯᠠᠭᠤᠯᠤᠯᠲᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠣᠬᠢᠴᠠᠭᠤᠯᠤᠨ  ᠦᠢᠯᠡᠴᠢᠯᠡᠬᠦ   ᠦᠢᠯᠡᠳᠦᠯ ᠢᠶᠠᠨ ᠢᠳᠡᠪᠬᠢᠲᠡᠶ  ᠪᠠᠳᠠᠷᠠᠭᠤᠯᠵᠤ  ᠂ ᠮᠥᠩᠭᠦᠨ ᠭᠦᠢᠯᠭᠡᠭᠡᠨ ᠤ ᠡᠯ᠎ᠡ ᠪᠠᠶᠢᠭᠤᠯᠤᠮᠵᠢ ᠶᠢᠨ ᠮᠥᠩᠭᠦᠨ ᠭᠦᠢᠯᠭᠡᠭᠡᠨ ᠤ ᠳᠡᠮᠵᠢᠯᠭᠡ ᠶᠢᠨ ᠲᠥᠷᠥ ᠶᠢᠨ  ᠪᠤᠳᠤᠯᠭ᠎ᠠ ᠶᠢ ᠰᠠᠶᠢᠲᠤᠷ ᠭᠦᠢᠴᠡᠳ ᠬᠡᠷᠡᠭᠯᠡᠬᠦ ᠶᠢ ᠵᠣᠷᠢᠭᠵᠢᠭᠤᠯᠵᠤ᠂ ᠮᠥᠩᠭᠦᠨ  ᠭᠦᠢᠯᠭᠡᠭᠡᠨ ᠢᠶᠠᠷ ᠳᠡᠮᠵᠢᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠵᠤ ᠠᠬᠤᠶᠢᠯᠠᠯ ᠤᠨ  ᠪᠡᠯᠡ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠦᠨᠡᠨᠬᠦ ᠰᠢᠢᠳᠪᠦᠷᠢᠯᠡᠨ᠎ᠡ  ᠃          ᠨᠢᠭᠡ ᠳᠤ ᠠᠵᠢᠯ ᠤᠨ ᠨᠢᠭᠡᠳᠦᠯᠲᠡᠶ ᠲᠥᠯᠥᠪᠯᠡᠬᠦ ᠡᠷᠴᠢᠮ ᠢᠶᠠᠨ ᠴᠢᠩᠭᠠᠳᠬᠠᠵᠤ᠂ ᠮᠥᠩᠭᠦᠨ  ᠭᠦᠢᠯᠭᠡᠭᠡᠨ ᠤ  ᠦᠢᠯᠡᠴᠢᠯᠡᠭᠡᠨ  ᠤ ᠲᠣᠭᠲᠠᠴᠠ ᠶᠢ ᠰᠢᠯᠤᠭᠤᠳᠬᠠᠨ᠎ᠠ᠃ ︽ᠵᠠᠰᠠᠭ ᠤᠨ ᠣᠷᠳᠣᠨ + ᠮᠥᠩᠭᠦᠨ ᠭᠦᠢᠯᠭᠡᠭᠡᠨ ᠤ ᠪᠠᠶᠢᠭᠤᠯᠤᠮᠵᠢ + ᠠᠵᠤ ᠠᠬᠤᠶᠢᠯᠠᠯ︾ ᠤᠨ ᠡᠮᠬᠢ ᠵᠢᠷᠤᠮ ᠲᠠᠢ  ᠵᠣᠬᠢᠴᠠᠩᠭᠤᠶ ᠪᠦᠲᠦᠮᠵᠢᠲᠡᠶ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠵᠤ᠂ ︽ᠬᠢᠶ᠎ᠠ ᠪᠠᠭᠰᠢ ᠲᠣᠭᠤᠷᠢᠭ ᠤᠨ ᠰᠢᠨ᠎ᠡ  ᠲᠢᠲᠢᠮᠯᠢᠭ  ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ   ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠠᠬᠢ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠠᠵᠢᠯ ᠢ ᠴᠢᠩᠭᠠᠳᠬᠠᠬᠤ ᠬᠡᠷᠡᠭᠵᠢᠭᠦᠯᠬᠦ ᠲᠥᠰᠦᠯ︾ ᠢ ᠲᠣᠭᠲᠠᠭᠠᠵᠤ᠂ ᠮᠥᠩᠭᠦᠨ  ᠭᠦᠢᠯᠭᠡᠭᠡᠨ ᠤ  ᠦᠢᠯᠡᠴᠢᠯᠡᠭᠡᠨ  ᠤ ᠬᠠᠩᠭᠠᠯᠭ᠎ᠠ ᠶᠢ ᠨᠡᠮᠡᠭᠳᠡᠭᠦᠯᠬᠦ᠂ ᠠᠵᠤ ᠠᠬᠤᠶᠢᠯᠠᠯ ᠤᠨ ᠪᠡᠯᠡ  ᠲᠤᠬᠢᠷᠠᠭᠤᠯᠭ᠎ᠠ  ᠶᠢᠨ ᠬᠡᠷᠡᠭᠴᠡᠭᠡ ᠶᠢ ᠡᠵᠡᠮᠰᠢᠬᠦ᠂ ᠬᠥᠭᠦᠷᠭᠡ ᠬᠤᠯᠪᠣᠭᠠᠰᠤ ᠶᠢᠨ  ᠦᠢᠯᠡᠳᠦᠯ ᠢ ᠪᠠᠳᠠᠷᠠᠭᠤᠯᠬᠤ   ᠵᠡᠷᠭᠡ  ᠭᠤᠷᠪᠠᠨ ᠲᠠᠯ᠎ᠠ ᠶᠢᠨ 17  ᠵᠤᠶᠢᠯ ᠤᠨ ᠠᠷᠭ᠎ᠠ ᠬᠡᠮᠵᠢᠶ᠎ᠡ ᠶᠢ ᠳᠤᠷᠠᠳᠴᠤ᠂ ᠮᠥᠩᠭᠦᠨ  ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠣᠭᠤᠳᠬᠤ ᠪᠠ ᠳᠠᠮᠵᠢᠵᠤ ᠪᠠᠶᠢᠭᠠᠳ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ  ᠦᠢᠯᠡᠳᠪᠦᠷᠢᠯᠡᠯ ᠢᠶᠠᠨ ᠰᠡᠷᠭᠦᠭᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠵᠢᠭ   ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠳᠤ ᠮᠥᠩᠭᠦᠨ  ᠭᠦᠢᠯᠭᠡᠭᠡᠨ ᠤ ᠲᠤᠯᠭᠠᠭᠤᠷᠢᠯᠠᠬᠤ ᠡᠷᠴᠢᠮ ᠢ ᠦᠨᠡᠨᠬᠦ ᠴᠢᠩᠭᠠᠷᠠᠭᠤᠯᠤᠨ᠎ᠠ᠃          ᠬᠤᠶᠠᠷ ᠲᠤ ᠮᠥᠩᠭᠦᠨ  ᠭᠦᠢᠯᠭᠡᠭᠡᠨ ᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠲᠦᠷᠦ ᠶᠢᠨ  ᠪᠤᠳᠤᠯᠭ᠎ᠠ  ᠶᠢᠨ ᠮᠠᠳᠡᠴᠡ  ᠶᠢ ᠨᠡᠮᠡᠭᠳᠡᠭᠦᠯᠦᠨ᠎ᠡ᠃ ᠮᠥᠩᠭᠦᠨ ᠭᠦᠢᠯᠭᠡᠭᠡᠨ ᠤ ᠳᠡᠮᠵᠢᠯᠭᠡ ᠶᠢᠨ ᠲᠥᠷᠥ ᠶᠢᠨ ᠪᠣᠳᠣᠯᠭ᠎ᠠ ᠪᠠᠷ ᠬᠦᠴᠦᠯᠡᠬᠦ ᠴᠡᠭ ᠪᠣᠯᠭᠠᠵᠤ᠂ ᠮᠥᠩᠭᠦᠨ  ᠭᠦᠢᠯᠭᠡᠭᠡᠨ ᠤ ᠮᠡᠳᠡᠯᠭᠡ ᠶᠢ ᠲᠦᠭᠡᠮᠡᠯᠵᠢᠭᠦᠯᠬᠦ ︽ᠰᠦᠯᠵᠢᠶᠡᠨ ᠳᠡᠭᠡᠷᠡᠬᠢ︾ ᠤᠬᠠᠭᠤᠯᠭ᠎ᠠ ᠶᠢ ᠦᠷᠨᠢᠭᠦᠯᠵᠦ  ᠂ ︽ᠮᠥᠩᠭᠦᠨ  ᠭᠦᠢᠯᠭᠡᠭᠡᠨ ᠢᠶᠠᠷ  ᠦᠢᠯᠡᠳᠪᠦᠷᠢᠯᠡᠯ ᠢᠶᠠᠨ ᠰᠡᠷᠭᠦᠭᠡᠬᠦ ᠶᠢ ᠳᠡᠮᠵᠢᠬᠦ ︾ ᠲᠤᠰᠬᠠᠶ ᠪᠤᠯᠤᠩ  ᠭᠠᠷᠭᠠᠵᠤ᠂ ᠲᠥᠷᠥ ᠶᠢᠨ ᠪᠣᠳᠣᠯᠭ᠎ᠠ ᠶᠢ ᠳᠤᠮᠳᠠ ᠵᠢᠵᠢᠭ ᠪᠢᠴᠢᠯ ᠠᠵᠤ  ᠠᠬᠤᠶᠢᠯᠠᠯ ᠳᠤ ᠨᠠᠷᠢᠯᠢᠭ ᠤᠨᠤᠪᠴᠢᠲᠠᠢ  ᠪᠠᠷ ᠬᠦᠷᠭᠡᠵᠦ᠂ ᠠᠵᠤ ᠠᠬᠤᠶᠢᠯᠠᠯ ᠢ ᠴᠠᠭ ᠲᠤᠬᠠᠶ ᠳᠤᠨᠢ ᠬᠠᠪᠰᠤᠷᠤᠨ ᠲᠥᠷᠥ ᠶᠢᠨ ᠪᠣᠳᠣᠯᠭ᠎ᠠ ᠶᠢ ᠣᠶᠢᠯᠠᠭᠠᠭᠤᠯᠵᠤ᠂ ᠲᠥᠷᠥ   ᠶᠢᠨ ᠪᠣᠳᠣᠯᠭ᠎ᠠ ᠶᠢ  ᠭᠦᠢᠴᠡᠳ  ᠬᠡᠷᠡᠭᠯᠡᠵᠦ᠂ ᠲᠥᠷᠥ ᠶᠢᠨ ᠪᠣᠳᠣᠯᠭ᠎ᠠ ᠶᠢᠨ   ᠮᠡᠳᠡᠴᠡ ᠶᠢ   ᠳᠡᠭᠡᠭᠰᠢᠯᠡᠭᠦᠯᠦᠨ᠎ᠡ  ᠃          ᠭᠤᠷᠪᠠ ᠳᠤ ᠮᠥᠩᠭᠦᠨ  ᠭᠦᠢᠯᠭᠡᠭᠡᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠴᠢᠩᠭᠠᠳᠬᠠᠵᠤ᠂ ᠠᠵᠤ ᠠᠬᠤᠶᠢᠯᠠᠯ   ᠤᠨ ᠪᠠᠯᠠ ᠲᠣᠬᠢᠷᠠᠭᠤᠯᠭ᠎ᠠ ᠶᠢᠨ ᠬᠦᠴᠢᠷᠳᠡᠯ ᠢ ᠨᠠᠮᠳᠠᠭᠤᠯᠬᠤ ᠳᠤ ᠬᠦᠴᠦᠨ ᠨᠡᠮᠡᠷᠢᠯᠡᠨ᠎ᠡ᠃ ᠵᠠᠰᠠᠭ ᠤᠨ ᠣᠷᠳᠣᠨ᠂ ᠮᠥᠩᠭᠦᠨ ᠭᠦᠢᠯᠭᠡᠭᠡ᠂ ᠠᠵᠤ ᠠᠬᠤᠶᠢᠯᠠᠯ ᠵᠡᠷᠭᠡ ᠭᠤᠷᠪᠠᠨ ᠲᠠᠯ᠎ᠠ ᠶᠢᠨ ᠬᠠᠮᠲᠤᠷᠠᠨ  ᠬᠦᠲᠡᠯᠦᠯᠴᠡᠬᠦ ᠠᠵᠢᠯ ᠤᠨ ᠲᠣᠭᠲᠠᠴᠠ ᠶᠢ ᠪᠠᠶᠢᠭᠤᠯᠵᠤ᠂ ︽ᠰᠦᠯᠵᠢᠶᠡᠨ ᠳᠡᠭᠡᠷ᠎ᠡ + ᠰᠦᠯᠵᠢᠶᠡᠨ ᠭᠠᠳᠠᠨ᠎ᠠ︾ ᠪᠡᠯᠡ ᠲᠣᠬᠢᠷᠠᠭᠤᠯᠬᠤ ᠦᠢᠯᠡᠴᠢᠯᠡᠭᠡᠨ ᠤ ᠵᠣᠯᠭᠠᠯᠴᠠᠬᠤ  ᠳᠠᠪᠴᠠᠩ   ᠢ ᠪᠠᠶᠢᠭᠤᠯᠵᠤ᠂ ᠮᠥᠩᠭᠦᠨ ᠭᠦᠢᠯᠭᠡᠭᠡᠨ ᠤ ᠤᠨᠢᠨ ᠳᠡᠭᠡᠷ᠎ᠡ ᠨᠢ ᠬᠠᠪᠰᠤᠷᠤᠨ ᠲᠡᠳᠬᠦᠬᠦ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠠᠰᠠᠭᠤᠳᠠᠯ ᠢ ᠪᠦᠲᠦᠮᠵᠢᠲᠡᠶ  ᠰᠢᠢᠳᠪᠦᠷᠢᠯᠡᠵᠦ᠂ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠶ ᠳᠤ  ᠦᠢᠯᠡᠴᠢᠯᠡᠬᠦ  ᠡᠷᠴᠢᠮ ᠢ ᠴᠢᠩᠭᠠᠳᠬᠠᠨ᠎ᠠ᠃ ᠠᠵᠤ ᠠᠬᠤᠶᠢᠯᠠᠯ ᠤᠨ ᠬᠡᠷᠡᠭᠴᠡᠭᠡ    ᠳᠤ ᠬᠠᠨᠳᠤᠭᠤᠯᠵᠤ  ᠂ ᠲᠤᠰᠬᠠᠶ ᠬᠥᠮᠦᠨ  ᠲᠤᠬᠢᠷᠠᠭᠤᠯᠤᠨ  ᠠᠵᠤ ᠠᠬᠤᠶᠢᠯᠠᠯ   ᠢ ᠨᠢᠭᠡ ᠳᠤ ᠨᠢᠭᠡ ᠪᠠᠷ ᠳᠠᠭᠠᠴᠢᠯᠠᠵᠤ  ᠂ ᠪᠦᠬᠦ ᠲᠤᠭᠤᠷᠢᠭ ᠤᠨ ᠢᠳᠡᠭᠡᠨ ᠤᠮᠳᠠᠭᠠᠨ ᠤ  ᠦᠢᠯᠡᠴᠢᠯᠡᠭᠡ  ᠂ ᠰᠣᠶᠣᠯ ᠵᠢᠭᠤᠯᠴᠢᠯᠠᠯ᠂ ᠰᠤᠷᠭᠠᠨ ᠬᠥᠮᠦᠵᠢᠯ ᠪᠣᠯᠪᠠᠰᠤᠷᠠᠯ ᠵᠡᠷᠭᠡ  ᠭᠤᠤᠯᠳᠠᠯᠭ᠎ᠠ  ᠲᠠᠢ ᠠᠵᠤ  ᠦᠢᠯᠡᠰ  ᠪᠣᠯᠤᠨ ᠭᠤᠤᠯᠳᠠᠯᠭ᠎ᠠ ᠲᠠᠢ  ᠬᠦᠷᠢᠶᠡᠨ ᠤ ᠲᠤᠭᠤᠷᠢᠨ ᠳᠤ᠂ ᠠᠵᠤ ᠠᠬᠤᠶᠢᠯᠠᠯ ᠤᠨ ᠮᠥᠩᠭᠦᠨ ᠭᠦᠢᠯᠭᠡᠭᠡᠨ ᠤ ᠬᠡᠷᠡᠭᠴᠡᠭᠡ ᠶᠢ ᠰᠠᠨᠠᠭᠠᠴᠢᠯᠠᠭ᠎ᠠ ᠠᠴᠠ ᠪᠠᠨ ᠣᠶᠢᠯᠠᠭᠠᠵᠤ᠂ ᠠᠵᠤ  ᠠᠬᠤᠶᠢᠯᠠᠯ  ᠳᠤ ᠲᠤᠯᠭᠠᠷᠠᠭᠰᠠᠨ ᠬᠦᠴᠢᠷᠳᠡᠯ ᠢ ᠭᠦᠢᠴᠡᠳ  ᠤᠶᠢᠯᠠᠭᠠᠨ᠂  ᠪᠡᠯᠡ ᠳᠤᠬᠢᠷᠠᠭᠤᠯᠭ᠎ᠠ ᠶᠢᠨ ᠬᠡᠷᠡᠭᠴᠡᠭᠡ ᠶᠢᠨ ᠬᠥᠳᠡᠯᠦᠩᠭᠦᠢ  ᠪᠠᠶᠢᠳᠠᠯ   ᠢ ᠭᠦᠢᠴᠡᠳ  ᠠᠳᠬᠤᠨ᠎ᠠ᠃   ᠮᠥᠩᠭᠦᠨ  ᠭᠦᠢᠯᠭᠡᠭᠡᠨ ᠤ  ᠦᠢᠯᠡᠴᠢᠯᠡᠭᠡᠨ  ᠤ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠪᠠᠭᠤᠷᠠᠭᠤᠯᠤᠨ᠎ᠠ᠃          ᠲᠦᠷᠪᠡ ᠳᠤ ᠮᠥᠩᠭᠦᠨ  ᠭᠦᠢᠯᠭᠡᠭᠡᠨ ᠤ ᠪᠠᠭᠠᠵᠢ ᠶᠢᠨ ᠬᠡᠷᠡᠭᠯᠡᠯᠲᠡ ᠶᠢ ᠴᠢᠩᠭᠠᠳᠬᠠᠵᠤ᠂ ᠮᠥᠩᠭᠦᠨ  ᠭᠦᠢᠯᠭᠡᠭᠡᠨ ᠤ  ᠳᠡᠮᠵᠢᠯᠭᠡ ᠶᠢ ᠬᠦᠴᠦᠯᠡᠨ ᠴᠢᠩᠭᠠᠳᠬᠠᠨ᠎ᠠ᠃ ᠮᠥᠩᠭᠦᠨ  ᠭᠦᠢᠯᠭᠡᠭᠡᠨ ᠤ ᠪᠠᠶᠢᠭᠤᠯᠤᠮᠵᠢ ᠶᠢᠨ ᠲᠥᠪ ᠤᠨ ᠲᠥᠷᠥ ᠶᠢᠨ ᠪᠣᠳᠣᠯᠭ᠎ᠠ ᠪᠣᠯᠤᠨ ᠡᠯ᠎ᠡ ᠲᠥᠷᠥᠯ ᠤᠨ  ᠳᠤᠰᠬᠠᠢ  ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠬᠦ ᠶᠢ ᠵᠤᠷᠢᠭᠵᠢᠭᠤᠯᠵᠤ  ᠂ ᠰᠠᠭᠠᠳ ᠦᠭᠡᠢ ᠨᠡᠪᠲᠡᠷᠡᠬᠦ ᠵᠠᠮ   ᠢ ᠨᠡᠭᠡᠭᠡᠬᠦ᠂ ᠵᠢᠭᠡᠯᠡᠯᠭᠡ ᠶᠢᠨ ᠬᠦᠤ ᠮᠥᠩᠭᠦ ᠶᠢᠨ ᠨᠣᠷᠮ᠎ᠠ  ᠶᠢ  ᠪᠠᠭᠤᠷᠠᠭᠤᠯᠬᠤ᠂ ᠵᠢᠭᠡᠯᠡᠯᠭᠡ ᠡᠷᠬᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠢᠲᠡᠭᠡᠮᠵᠢ   ᠶᠢᠨ ᠦᠢᠯᠡᠴᠢᠯᠡᠭᠡ  ᠶᠢ ᠰᠠᠶᠢᠲᠤᠷ ᠬᠢᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠨ᠂ ᠮᠥᠩᠭᠦᠨ  ᠭᠦᠢᠯᠭᠡᠭᠡᠨ ᠤ ᠬᠠᠩᠭᠠᠯᠭ᠎ᠠ ᠶᠢᠨ ᠴᠢᠳᠠᠪᠤᠷᠢ  ᠶᠢ ᠳᠡᠭᠡᠭᠰᠢᠯᠡᠭᠦᠯᠵᠦ᠂ ᠮᠥᠩᠭᠦᠨ  ᠭᠦᠢᠯᠭᠡᠭᠡᠨ ᠢᠶᠠᠷ ᠬᠢᠵᠢᠭ ᠤᠨ ᠪᠠᠶᠢᠳᠠᠯ ᠲᠠᠢ ᠬᠤᠯᠪᠣᠭᠳᠠᠯ ᠪᠦᠬᠦᠢ ᠠᠵᠤ ᠠᠬᠤᠶᠢᠯᠠᠯ ᠤᠨ  ᠦᠢᠯᠡᠳᠪᠦᠷᠢᠯᠡᠯ ᠢᠶᠠᠨ  ᠲᠦᠷᠭᠡᠳᠬᠡᠨ  ᠰᠡᠷᠭᠦᠭᠡᠬᠦ ᠶᠢ  ᠳᠡᠮᠵᠢᠨ᠎ᠡ  ᠃          ᠬᠥᠲᠥᠯᠥᠭᠴᠢ᠄ ᠣᠲᠣ  ᠮᠧᠩ ᠡᠷᠬᠢᠯᠡᠭᠴᠢ ᠠᠴᠠ ᠥᠷᠭᠡᠨ ᠣᠯᠠᠨ ᠰᠦᠯᠵᠢᠶᠡᠨ ᠠᠨᠳᠠ ᠨᠠᠷ ᠲᠤ ᠪᠣᠳᠠᠲᠠᠶ ᠶᠠᠮᠠᠷ ᠶᠠᠮᠠᠷ ᠬᠢᠷᠢ ᠪᠦᠲᠦᠮᠵᠢ ᠣᠯᠤᠭᠰᠠᠨ ᠲᠤᠬᠠᠶ  ᠲᠠᠶᠢᠯᠠᠪᠤᠷᠢᠯᠠᠯᠲᠠ  ᠬᠢᠯᠭᠡᠶ᠎ᠡ ᠬᠡᠵᠦ ᠰᠠᠨᠠᠵᠤ ᠪᠠᠶᠢᠨ᠎ᠠ᠃          ᠮᠧᠩ ᠵᠢᠶᠦ᠋ᠨ᠄ ᠬᠢᠵᠢᠭ   ᠤᠨ ᠪᠠᠶᠢᠳᠠᠯ ᠭᠠᠷᠤᠭᠰᠠᠨ ᠠᠴᠠ ᠨᠠᠰᠢ᠂  ᠬᠢᠶ᠎ᠠ ᠪᠠᠭᠰᠢ  ᠲᠣᠭᠤᠷᠢᠭ ᠤᠨ ᠮᠥᠩᠭᠦᠨ  ᠭᠦᠢᠯᠭᠡᠭᠡᠨ ᠤ ᠠᠯᠪᠠᠨ ᠭᠡᠷ ᠨᠢᠭᠡᠨᠲᠡ 41 ᠠᠵᠤ ᠠᠬᠤᠶᠢᠯᠠᠯ ᠤᠨ ᠪᠡᠯᠡ  ᠲᠤᠬᠢᠷᠠᠭᠤᠯᠭ᠎ᠠ  ᠶᠢᠨ ᠬᠡᠷᠡᠭᠴᠡᠭᠡ ᠶᠢ ᠬᠤᠷᠠᠮᠳᠤᠭᠤᠯᠵᠤ᠂ 17 ᠪᠠᠩᠬᠢ ᠶᠢᠨ 39 ᠲᠣᠤᠷ  ᠴᠡᠭ ᠢ ᠵᠣᠬᠢᠶᠠᠨ ᠪᠠᠶᠢᠭᠤᠯᠵᠤ 41 ᠠᠵᠤ ᠠᠬᠤᠶᠢᠯᠠᠯ ᠲᠠᠢ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠪᠣᠯᠤᠨ ᠪᠡᠯᠡ ᠲᠣᠬᠢᠷᠠᠭᠤᠯᠭ᠎ᠠ ᠶᠢᠨ  ᠦᠢᠯᠡᠴᠢᠯᠡᠭᠡ  ᠶᠢ ᠰᠠᠨᠠᠭᠠᠴᠢᠯᠭᠠᠲᠠᠢ ᠵᠣᠯᠭᠠᠭᠤᠯᠵᠠᠶ᠃ ᠡᠭᠦᠨ ᠳᠤ 7 ᠪᠠᠩᠬᠢ ᠨᠢ 9 ᠳᠤᠮᠳᠠ ᠵᠢᠵᠢᠭ ᠪᠢᠴᠢᠯ ᠠᠵᠤ  ᠠᠬᠤᠶᠢᠯᠠᠯ ᠳᠤ 10 ᠬᠤᠪᠢ ᠵᠢᠭᠡᠯᠡᠯᠭᠡ ᠥᠭᠴᠦ᠂ 2648.5 ᠲᠦᠮᠡᠨ ᠲᠥᠭᠦᠷᠢᠭ ᠲᠤ ᠬᠦᠷᠴᠡᠶ᠃          ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠴᠢᠭᠯᠡᠭᠦᠯᠦᠨ᠂  ᠬᠢᠶ᠎ᠠ ᠪᠠᠭᠰᠢ ᠲᠣᠭᠤᠷᠢᠭ ᠤᠨ 17 ᠪᠠᠩᠬᠢ ᠶᠢᠨ ᠪᠠᠶᠢᠭᠤᠯᠤᠮᠵᠢ ᠤᠨᠴᠠᠯᠢᠬᠳᠤ ᠢᠲᠡᠭᠡᠮᠵᠢᠲᠦ ᠵᠢᠭᠡᠯᠡᠯᠭᠡ ᠶᠢᠨ  ᠦᠢᠯᠡᠳᠬᠦᠨ  118 ᠶᠢ ᠭᠠᠷᠭᠠᠵᠤ᠂ 2 ᠳᠠᠭᠠᠳᠬᠠᠯ ᠤᠨ ᠪᠠᠶᠢᠭᠤᠯᠤᠮᠵᠢ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ︾ ᠲᠤᠰᠬᠠᠶ ᠬᠠᠷᠢᠶᠠᠨ ᠤ ᠳᠠᠭᠠᠳᠬᠠᠯ ᠭᠠᠷᠭᠠᠭᠰᠠᠨ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠ ᠬᠠᠪᠤᠷ ᠤᠨ ᠲᠠᠷᠢᠶᠠᠯᠠᠭ᠎ᠠ ᠳᠤ ᠬᠦᠴᠦᠨ ᠨᠡᠮᠡᠷᠢᠯᠡᠭᠰᠡᠨ 16 ᠳᠠᠭᠠᠳᠬᠠᠯ ᠤᠨ  ᠦᠢᠯᠡᠳᠬᠦᠨ  ᠭᠠᠷᠭᠠᠵᠠᠶ᠃ ᠪᠦᠷᠢᠨ ᠪᠤᠰᠤ ᠪᠦᠷᠢᠳᠬᠡᠯ ᠢ ᠦᠨᠳᠦᠰᠦᠯᠡᠪᠡᠯ᠂ 16 ᠪᠠᠩᠬᠢ ᠶᠢᠨ ᠪᠠᠶᠢᠭᠤᠯᠤᠮᠵᠢ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ 154 ᠰᠢᠨ᠎ᠡ ᠪᠠᠷ  ᠨᠡᠮᠡᠭᠳᠡᠭᠰᠡᠨ  ᠵᠢᠭᠡᠯᠡᠯᠭᠡ ᠶᠢ  ᠭᠦᠢᠴᠡᠳᠬᠡᠵᠦ  ᠂ 15350.9 ᠲᠦᠮᠡᠨ ᠲᠥᠭᠦᠷᠢᠭ ᠬᠦᠷᠴᠠᠢ᠃ 2 ᠳᠠᠭᠠᠳᠬᠠᠯ ᠤᠨ ᠪᠠᠶᠢᠭᠤᠯᠤᠮᠵᠢ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ 600 ᠠᠵᠢᠯᠲᠠᠨ ᠪᠣᠯᠤᠨ 16  ᠠᠵᠢᠯ ᠢᠶᠠᠨ ᠰᠡᠷᠭᠦᠭᠡᠵᠦ ᠦᠢᠯᠡᠳᠪᠦᠷᠢᠯᠡᠯ   ᠢᠶᠠᠨ ᠰᠡᠭᠦᠭᠡᠬᠦ ᠠᠵᠤ ᠠᠬᠤᠶᠢᠯᠠᠯ ᠤᠨ 1262 ᠠᠵᠢᠯᠲᠠᠨ ᠠᠵᠢᠯᠴᠢᠨ ᠳᠤ ᠲᠤᠰᠬᠠᠶ ᠳᠠᠭᠠᠳᠬᠠᠯ ᠬᠦᠷᠭᠡᠵᠡᠶ᠃  ᠳᠠᠭᠠᠳᠬᠠᠯ ᠨᠢ ᠨᠡᠶᠢᠲᠡ   4.98 ᠳ᠋ᠦᠩᠰᠢᠭᠤᠷ ᠲᠥᠭᠦᠷᠢᠭ ᠲᠤ ᠬᠦᠷᠴᠡᠶ᠃          ᠬᠥᠲᠥᠯᠥᠭᠴᠢ᠄  ᠮᠧᠩ ᠡᠷᠬᠢᠯᠡᠭᠴᠢ   ᠥᠨᠥᠳᠦᠷ ᠫᠷᠤᠭ᠍ᠷᠠᠮ ᠳᠤ ᠵᠤᠴᠢᠯᠠᠨ ᠢᠷᠡᠭᠰᠡᠨ ᠳᠤ ᠮᠠᠰᠢ ᠲᠠᠯᠠᠷᠬᠠᠵᠤ ᠪᠠᠶᠢᠨ᠎ᠠ᠂ ᠪᠢᠳᠡ ᠮᠥᠩᠭᠦᠨ  ᠭᠦᠢᠯᠭᠡᠭᠡᠨ ᠢᠶᠠᠷ ᠠᠵᠤ ᠠᠬᠤᠶᠢᠯᠠᠯ ᠤᠨ ᠠᠵᠢᠯ ᠢᠶᠠᠨ ᠰᠡᠷᠬᠦᠬᠡᠵᠦ  ᠦᠢᠯᠡᠳᠪᠦᠷᠢᠯᠡᠯ ᠢᠶᠠᠨ ᠰᠡᠷᠭᠦᠭᠡᠬᠦ ᠶᠢ ᠳᠡᠮᠵᠢᠬᠦ ᠲᠤᠬᠠᠶ ᠨᠠᠩ ᠭᠦᠨᠵᠡᠭᠡᠶ ᠣᠶᠢᠯᠠᠭᠠᠯᠲᠠ ᠲᠠᠢ ᠪᠣᠯᠵᠠᠶ᠃
ᠢᠷᠡᠯᠲᠡ᠄ ᠲᠤᠰ ᠰᠦᠯᠵᠢᠶ᠎ᠡ