ᠲᠠᠷᠢᠶᠠᠴᠢᠨ ᠬᠦᠴᠦ ᠶᠠᠪᠤᠭᠰᠠᠳ ᠤᠨ ᠰᠢᠨ᠎ᠡ ᠲᠥᠷᠥ ᠶᠢᠨ ᠪᠣᠳᠣᠯᠭ᠎ᠠ ᠶᠢᠨ ᠲᠠᠶᠢᠯᠤᠮᠵᠢ  —  ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠬᠥᠯᠥᠰᠦ ᠶᠢ ᠪᠠᠲᠤᠯᠠᠬᠤ ᠲᠦᠷᠢᠮ
ᠨᠡᠶᠢᠲᠡᠯᠡᠭᠰᠡᠨ ᠴᠠᠭ᠄
2020/7/13
         ᠲᠣᠪᠴᠢ ᠲᠠᠨᠢᠯᠴᠠᠭᠤᠯᠭ᠎ᠠ᠄ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠷᠢᠲᠦᠵᠦ ᠪᠠᠶᠢᠭ᠎ᠠ  ᠠᠰᠠᠭᠤᠳᠠᠯ ᠢ ᠰᠢᠢᠳᠪᠦᠷᠢᠯᠡᠬᠦ ᠨᠢ ᠭᠠᠭᠴᠠ ᠠᠷᠠᠳ ᠤᠨ ᠠᠮᠢᠳᠤᠷᠠᠯ ᠤᠨ ᠠᠰᠠᠭᠤᠳᠠᠯ ᠪᠢᠰᠢ᠂ ᠨᠡᠩ ᠴᠤ ᠨᠡᠶᠢᠭᠡᠮ ᠤᠨ ᠪᠦᠯᠬᠦᠮᠳᠡᠯ ᠲᠣᠭᠲᠠᠭᠤᠨ ᠪᠠᠶᠢᠳᠠᠯ ᠳᠤ ᠬᠤᠯᠪᠣᠭᠳᠠᠬᠤ ᠤᠯᠤᠰ ᠲᠦᠷᠦ ᠶᠢᠨ ᠠᠰᠠᠭᠤᠳᠠᠯ  ᠪᠣᠯᠣᠨ᠎ᠠ᠃ ᠪᠦᠬᠦ ᠲᠣᠭᠤᠷᠢᠭ ᠤᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠷᠢᠲᠦᠵᠦ  ᠪᠠᠶᠢᠭ᠎ᠠ ᠠᠰᠠᠭᠤᠳᠠᠯ ᠢ ᠦᠨᠳᠦᠰᠦᠨ ᠠᠴᠠ ᠨᠢ ᠵᠠᠰᠠᠬᠤ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠤᠯᠭᠠᠮ᠎ᠠ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠨ᠂ ᠨᠡᠶᠢᠭᠡᠮ ᠤᠨ ᠡᠯ᠎ᠡ ᠡᠲᠡᠭᠡᠳ ᠤᠨ ᠬᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠷᠢᠲᠦᠵᠦ  ᠪᠠᠶᠢᠭ᠎ᠠ ᠠᠰᠠᠭᠤᠳᠠᠯ ᠢ ᠦᠨᠳᠦᠰᠦᠨ ᠠᠴᠠ ᠨᠢ ᠵᠠᠰᠠᠬᠤ ᠳᠤ ᠠᠩᠬᠠᠷᠤᠯ ᠲᠠᠯᠪᠢᠨ᠂ ᠦᠷᠭᠡᠨ ᠢᠶᠠᠷ ᠬᠠᠮᠵᠢᠨ ᠳᠡᠮᠵᠢᠵᠦ᠂ ᠣᠷᠣᠯᠴᠠᠵᠦ ᠪᠠᠶᠢᠭ᠎ᠠ ᠪᠠᠶᠢᠳᠠᠯ ᠢ ᠪᠤᠢ ᠪᠤᠯᠭᠠᠨ᠂ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠲᠤᠯᠠᠭ᠎ᠠ ᠶᠢᠨ ᠲᠣᠪᠴᠢᠶ᠎ᠠ ᠲᠣᠯᠤᠭᠠᠶᠢᠯᠠᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠷᠢᠲᠦᠵᠦ ᠪᠠᠶᠢᠭ᠎ᠠ ᠠᠰᠠᠭᠤᠳᠠᠯ ᠢ ᠦᠨᠳᠦᠰᠦᠨ ᠠᠴᠠ ᠨᠢ ᠵᠠᠰᠠᠬᠤ ᠲᠦᠷᠥ ᠶᠢᠨ ᠪᠣᠳᠣᠯᠭ᠎ᠠ ᠶᠢᠨ ᠳᠦᠷᠢᠮ ᠢ ᠤᠬᠠᠭᠤᠯᠤᠨ ᠲᠦᠭᠡᠮᠡᠯᠵᠢᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠶ᠃
         ᠬᠥᠲᠥᠯᠥᠭᠴᠢ᠄ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ᠂ ᠥᠨᠥᠳᠦᠷ ᠪᠢᠳᠡ ᠬᠢᠶ᠎ᠠ ᠪᠠᠭᠰᠢ ᠲᠣᠭᠤᠷᠢᠭ ᠤᠨ ᠬᠦᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶᠠᠨ ᠤ ᠳᠠᠷᠤᠭ᠎ᠠ ᠼᠦᠢ ᠵᠧᠩ ᠳ᠋ᠦᠩ ᠢ ᠤᠷᠢᠵᠤ ︽ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠬᠥᠯᠥᠰᠦ ᠶᠢ ᠪᠠᠲᠤᠯᠠᠬᠤ ᠲᠦᠷᠢᠮ︾ ᠤᠨ ᠲᠤᠬᠠᠶ ᠲᠠᠶᠢᠯᠤᠮᠵᠢ ᠬᠢᠯᠭᠡᠶ᠎ᠡ᠃ ᠼᠦᠢ ᠲᠣᠪᠴᠢᠶᠠᠨ ᠳᠠᠷᠤᠭ᠎ᠠ ᠲᠠ ᠰᠠᠶᠢᠨ ᠤᠤ︕          ᠼᠦᠢ ᠵᠧᠩ ᠳ᠋ᠦᠩ᠄ ᠬᠥᠲᠥᠯᠥᠭᠴᠢ ᠰᠠᠶᠢᠨ ᠤᠤ᠂ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ︕          ᠬᠥᠲᠥᠯᠥᠭᠴᠢ᠄ ᠼᠦᠢ ᠲᠣᠪᠴᠢᠶᠠᠨ ᠳᠠᠷᠤᠭ᠎ᠠ᠂ ᠶᠠᠭᠤᠨ ᠤ ᠡᠮᠦᠨ᠎ᠡ ᠲᠠ ︽ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠬᠥᠯᠥᠰᠦ ᠶᠢ ᠪᠠᠲᠤᠯᠠᠬᠤ ᠲᠦᠷᠢᠮ︾ ᠤᠨ ᠵᠣᠷᠢᠯᠭ᠎ᠠ ᠪᠠ ᠬᠡᠷᠡᠭᠵᠢᠭᠦᠯᠬᠦ ᠴᠠᠭ ᠢ ᠲᠠᠨᠢᠯᠴᠠᠭᠤᠯᠤᠭᠠᠳ ᠥᠭᠭᠦᠨ᠎ᠡ ᠤᠤ︖          ᠼᠦᠢ ᠵᠧᠩ ᠳ᠋ᠦᠩ᠄ ︽ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠬᠥᠯᠥᠰᠦ ᠶᠢ ᠪᠠᠲᠤᠯᠠᠬᠤ ᠲᠦᠷᠢᠮ︾ ᠢ 2019 ᠣᠨ ᠤ 12 ᠰᠠᠷ᠎ᠠ ᠶᠢᠨ 4 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ 73 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠪᠠᠳᠤᠯᠠᠨ ᠨᠡᠶᠢᠲᠡᠯᠡᠵᠦ᠂ 2020 ᠣᠨ ᠤ 5 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠪᠡ᠃ ᠲᠣᠰ ᠲᠥᠷᠢᠮ ᠢ ᠬᠡᠷᠡᠭᠵᠢᠭᠦᠯᠭᠦ ᠨᠢ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠬᠥᠯᠥᠰᠦ ᠶᠢ ᠥᠭᠬᠦ ᠦᠢᠯᠡ ᠠᠵᠢᠯᠯᠠᠭ᠎ᠠ ᠶᠢ ᠵᠢᠷᠤᠮᠵᠢᠭᠤᠯᠤᠨ᠂ ᠬᠥᠯᠥᠰᠥᠨ ᠠᠵᠢᠯᠴᠢᠨ ᠤ ᠴᠠᠭ ᠬᠤᠭᠤᠴᠠᠭ᠎ᠠ ᠶᠣᠰᠣᠭᠠᠷ ᠭᠦᠢᠴᠡᠳ ᠴᠠᠯᠢᠩ ᠣᠯᠬᠤ ᠶᠢ ᠪᠠᠲᠤᠯᠠᠵᠤ᠂ ᠲᠠᠷᠢᠶᠠᠴᠢᠨ ᠬᠦᠴᠦ ᠶᠠᠪᠤᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠶ᠎ᠡ ᠵᠣᠬᠢᠴᠠᠩᠭᠤᠶ ᠳᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ  ᠪᠥᠲᠥᠭᠡᠨ ᠪᠠᠶᠢᠭᠤᠯᠬᠤ ᠶᠢᠨ ᠲᠥᠯᠥᠭᠡ ᠶᠤᠮ᠃          ᠬᠥᠲᠥᠯᠥᠭᠴᠢ᠄ ᠠᠵᠢᠯᠴᠢᠨ ᠬᠡᠷᠡᠭᠯᠡᠬᠦ ᠨᠢᠭᠡᠴᠢ ᠨᠢ ᠬᠤᠪᠢ ᠬᠥᠮᠦᠨ᠂ ᠬᠠᠤᠯᠢ ᠶᠣᠰᠣᠨ ᠤ ᠡᠵᠡᠩᠨᠡᠯᠲᠡ ᠶᠢᠨ ᠬᠢᠷᠢ ᠬᠡᠮ ᠦᠭᠡᠢ ᠨᠢᠭᠡᠴᠢ ᠪᠤᠶᠤ ᠬᠠᠤᠯᠢ ᠶᠣᠰᠣᠭᠠᠷ ᠬᠥᠳᠡᠯᠮᠦᠷᠢ ᠦᠢᠯᠡᠴᠢᠯᠡᠭᠡ   ᠶᠢᠨ  ᠲᠣᠮᠢᠯᠠᠯᠲᠠ ᠶᠢᠨ ᠦᠨᠡᠮᠯᠡᠯ ᠣᠯᠣᠭᠰᠠᠨ ᠦᠭᠡᠢ ᠨᠢᠭᠡᠴᠢ ᠶᠢᠨ ᠲᠣᠮᠢᠯᠠᠭᠰᠠᠨ ᠲᠠᠷᠢᠶᠠᠴᠢᠨ ᠬᠦᠴᠦ ᠶᠠᠪᠤᠭᠰᠠᠳ   ᠢ ᠬᠡᠷᠡᠭᠯᠡᠭᠡᠳ ᠴᠠᠯᠢᠩ ᠢ ᠥᠷᠢᠲᠦᠭᠰᠡᠨ ᠪᠠᠶᠢᠪᠠᠯ᠂ ᠴᠠᠯᠢᠩ ᠢ ᠬᠡᠨ ᠳᠥᠯᠥᠵᠦ ᠳᠠᠭᠤᠰᠬᠠᠬᠤ ᠪᠤᠶ︖          ᠼᠦᠢ ᠵᠧᠩ ᠳ᠋ᠦᠩ᠄ ᠠᠵᠢᠯᠴᠢᠨ ᠬᠡᠷᠡᠭᠯᠡᠬᠦ ᠪᠠᠶᠢᠭᠤᠯᠭ᠎ᠠ ᠲᠥᠯᠥᠵᠦ᠂  ᠪᠠᠰᠠ ᠬᠠᠤᠯᠢ ᠶᠣᠰᠣᠭᠠᠷ ᠲᠥᠯᠥᠪᠦᠷᠢ ᠨᠡᠬᠡᠮᠵᠢᠯᠡᠵᠦ ᠪᠣᠯᠤᠨ᠎ᠠ᠃          ᠬᠥᠲᠥᠯᠥᠭᠴᠢ᠄ ᠪᠥᠲᠥᠭᠡᠨ ᠪᠠᠶᠢᠭᠤᠯᠬᠤ ᠪᠠᠶᠢᠭᠤᠯᠣᠯᠭ᠎ᠠ᠂ ᠪᠠᠷᠢᠯᠭ᠎ᠠ ᠬᠢᠭᠴᠢ ᠪᠠᠶᠢᠭᠤᠯᠣᠯᠭ᠎ᠠ  ᠂ ᠬᠤᠪᠢᠶᠠᠨ ᠳᠠᠭᠠᠭᠠᠴᠢᠯᠠᠬᠤ ᠪᠠᠶᠢᠭᠤᠯᠣᠯᠭ᠎ᠠ ᠳᠤ ᠶᠠᠮᠠᠷ ᠱᠠᠭᠠᠷᠳᠠᠯᠭ᠎ᠠ ᠲᠠᠢ ᠪᠣᠶ︖          ᠼᠦᠢ ᠵᠧᠩ ᠳ᠋ᠦᠩ᠄ ᠪᠥᠲᠥᠭᠡᠨ ᠪᠠᠶᠢᠭᠤᠯᠬᠤ ᠪᠠᠶᠢᠭᠤᠯᠣᠯᠭ᠎ᠠ ᠨᠢ ᠠᠵᠢᠯ ᠤᠨ ᠬᠡᠷᠡᠭᠴᠡᠭᠡ ᠶᠢ ᠬᠠᠩᠭᠠᠬᠤ ᠪᠡᠯᠡ ᠮᠥᠩᠭᠦ ᠶᠢᠨ ᠲᠣᠬᠢᠷᠠᠭᠤᠯᠤᠯᠲᠠ ᠪᠠᠶᠢᠵᠦ᠂  ᠪᠠᠴᠢᠮ ᠪᠠᠶᠢᠳᠠᠯ ᠢ ᠠᠷᠭᠠᠴᠠᠬᠤ ᠡᠷᠭᠢᠯᠲᠡ ᠶᠢᠨ ᠮᠥᠩᠭᠦ᠂ ᠴᠠᠯᠢᠩ ᠤᠨ ᠪᠠᠲᠤᠯᠠᠭ᠎ᠠ ᠶᠢᠨ ᠮᠥᠩᠭᠦ᠂ ᠦᠨᠡᠨ ᠨᠡᠷ᠎ᠡ ᠶᠢᠨ ᠳᠦᠷᠢᠮ ᠤᠨ ᠬᠠᠮᠢᠶᠠᠷᠤᠯᠲᠠ᠂ ᠴᠠᠯᠢᠩ   ᠤᠨ ᠲᠤᠰᠬᠠᠶ ᠳᠠᠩᠰᠨ ᠡᠷᠦᠬᠡ ᠶᠢᠨ ᠬᠠᠮᠢᠶᠠᠷᠤᠯᠲᠠ᠂ ᠪᠠᠩᠬᠢ ᠶᠢᠨ ᠣᠷᠣᠯᠠᠨ ᠥᠭᠬᠦ ᠴᠠᠯᠢᠩ ᠤᠨ ᠳᠦᠷᠢᠮ  ᠵᠡᠷᠭᠡ ᠶᠢ ᠬᠠᠤᠯᠢ ᠶᠤᠰᠤᠭᠠᠷ ᠪᠥᠬᠦ ᠲᠠᠯ᠎ᠠ ᠪᠠᠷ ᠨᠠᠶᠢᠲᠠᠪᠤᠷᠢᠵᠢᠭᠤᠯᠵᠤ᠂ ᠡᠷᠬᠡ ᠠᠰᠢᠭ ᠢᠶᠠᠨ ᠬᠠᠮᠠᠭᠠᠯᠠᠬᠤ ᠮᠡᠳᠡᠭᠡ ᠵᠠᠩᠭᠢ ᠶᠢ ᠢᠯᠡ ᠨᠡᠶᠢᠲᠡᠯᠡᠬᠦ ᠳᠦᠷᠢᠮ ᠨᠢ ᠪᠠᠷᠢᠯᠭ᠎ᠠ ᠶᠢᠨ ᠠᠵᠢᠯ ᠳᠤ ᠬᠡᠷᠡᠭᠯᠡᠬᠦ ᠪᠡᠯᠡ ᠮᠥᠩᠭᠦ ᠶᠢᠨ ᠲᠣᠬᠢᠷᠠᠭᠤᠯᠤᠯᠲᠠ ᠶᠢ ᠬᠠᠩᠭᠠᠭᠰᠠᠨ ᠦᠭᠡᠢ ᠪᠣᠯ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ  ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ ᠪᠣᠯᠬᠤ ᠦᠭᠡᠢ᠃ ᠪᠠᠷᠢᠯᠭ᠎ᠠ ᠬᠢᠭᠴᠢ ᠪᠠᠶᠢᠭᠤᠯᠣᠯᠭ᠎ᠠ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠤᠨ ᠲᠤᠰᠬᠠᠶ ᠳᠠᠩᠰᠠ ᠡᠷᠦᠬᠡ ᠭᠠᠷᠭᠠᠵᠤ᠂ ᠲᠣᠰ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠦᠭᠬᠦ ᠳᠤ ᠲᠤᠰᠬᠠᠶ ᠵᠦᠢᠯ ᠢᠶᠠᠷ ᠬᠡᠷᠡᠭᠯᠡᠬᠦ ᠬᠡᠷᠡᠭᠲᠡᠶ᠃ ᠬᠤᠪᠢᠶᠠᠨ ᠳᠠᠭᠠᠭᠠᠴᠢᠯᠠᠬᠤ ᠪᠠᠶᠢᠭᠤᠯᠣᠯᠭ᠎ᠠ ᠶᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠪᠠᠷᠢᠯᠭ᠎ᠠ ᠶᠢᠨ ᠠᠵᠢᠯ ᠢ ᠶᠡᠷᠥᠩᠭᠡᠶᠢᠯᠡᠨ ᠳᠠᠭᠠᠭᠠᠴᠢᠯᠠᠭᠰᠠᠨ ᠨᠢᠭᠡᠴᠢ ᠠᠴᠠ ᠨᠠᠶᠢᠳᠠᠵᠤ ᠣᠷᠣᠯᠠᠨ ᠥᠭᠬᠦ ᠬᠡᠷᠡᠭᠲᠡᠶ᠃ ᠠᠵᠢᠯᠴᠢᠨ ᠬᠡᠷᠡᠭᠯᠡᠬᠦ ᠬᠠᠮᠢᠶᠠᠷᠤᠯᠲᠠ ᠶᠢᠨ ᠡᠬᠡ ᠳᠠᠩᠰᠠ ᠪᠠᠶᠢᠭᠤᠯᠬᠤ ᠶᠢᠨ ᠬᠠᠮᠲᠤ ᠪᠠᠷᠢᠯᠭ᠎ᠠ ᠶᠢ ᠳᠠᠭᠤᠰᠬᠠᠭᠰᠠᠨ ᠪᠥᠭᠡᠳ ᠴᠠᠯᠢᠩ ᠢ ᠪᠦᠬᠦᠨ ᠢ ᠨᠢ ᠳᠥᠩᠨᠡᠨ ᠪᠣᠳᠤᠭᠰᠠᠨ ᠤ ᠳᠠᠷᠠᠭ᠎ᠠ ᠨᠠᠭᠠᠳᠤ ᠵᠠᠬ᠎ᠠ ᠳᠠᠭᠠᠨ ᠭᠤᠷᠪᠠᠨ ᠵᠢᠯ ᠬᠠᠳᠠᠭᠠᠯᠠᠬᠤ ᠬᠡᠷᠡᠭᠲᠡᠶ᠃          ᠬᠥᠲᠥᠯᠥᠭᠴᠢ᠄ ᠲᠦᠷᠢᠮ ᠢ ᠬᠡᠷᠡᠭᠵᠢᠭᠦᠯᠦᠭᠰᠡᠨ ᠤ ᠳᠠᠷᠠᠭᠠᠬᠢ ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠪᠠ ᠲᠣᠬᠢᠷᠠᠭᠤᠯᠤᠯᠲᠠ ᠨᠢ ᠶᠠᠭᠤ ᠪᠣᠶ︖          ᠼᠦᠢ ᠵᠧᠩ ᠳ᠋ᠦᠩ᠄ ᠲᠠᠷᠠᠭᠠᠴᠢ ᠶᠢᠨ ᠠᠯᠬᠤᠮ ᠳᠤ ᠮᠠᠨ ᠤ ᠲᠣᠪᠴᠢᠶ᠎ᠠ ᠠᠵᠢᠯᠴᠢᠨ ᠬᠡᠷᠡᠭᠯᠡᠬᠦ ᠬᠠᠮᠢᠶᠠᠷᠤᠯᠲᠠ ᠶᠢᠨ ᠬᠢᠨᠠᠨ ᠪᠠᠶᠢᠴᠠᠭᠠᠯᠲᠠ ᠪᠠ ᠡᠳᠦᠷ ᠲᠤᠲᠤᠮ ᠤᠨ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠨ᠂︽ᠬᠤᠶᠠᠷ ᠢ ᠰᠣᠭᠤᠴᠢᠵᠦ᠂ ᠨᠢᠭᠡ ᠶᠢ ᠢᠯᠡ ᠪᠣᠯᠭᠠᠬᠤ︾ ᠬᠢᠨᠠᠨ ᠬᠠᠮᠢᠶᠠᠷᠬᠤ ᠠᠷᠭ᠎ᠠ ᠮᠠᠶ᠋ᠢᠭ᠂ ᠡᠳᠦᠷ ᠲᠤᠲᠤᠮ ᠤᠨ ᠲᠣᠭᠤᠷᠢᠨ ᠪᠠᠶᠢᠴᠠᠭᠠᠬᠤ᠂ ᠲᠤᠰᠬᠠᠶ ᠬᠠᠤᠯᠢ ᠶᠢ ᠬᠡᠷᠡᠭᠵᠢᠭᠦᠯᠬᠦ᠂ ᠬᠠᠮᠲᠤᠷᠠᠨ ᠬᠠᠤᠯᠢ ᠬᠡᠷᠡᠭᠵᠢᠭᠦᠯᠬᠦ ᠵᠡᠷᠭᠡ ᠬᠠᠤᠯᠢ ᠬᠡᠷᠡᠭᠵᠢᠭᠦᠯᠬᠦ ᠠᠷᠭ᠎ᠠ ᠮᠠᠶ᠋ᠢᠭ ᠢ ᠶᠡᠷᠦᠩᠬᠡᠶᠢᠯᠡᠨ ᠬᠡᠷᠡᠭᠯᠡᠵᠦ᠂ ᠴᠠᠯᠢᠩ ᠥᠷᠢᠲᠦᠬᠦ ᠬᠡᠷᠡᠭ ᠶᠠᠪᠤᠳᠠᠯ ᠢ ᠡᠬᠢ ᠡᠭᠦᠰᠦᠯ ᠠᠴᠠ ᠨᠢ ᠵᠠᠰᠠᠵᠤ ᠰᠡᠷᠭᠡᠶᠢᠯᠡᠨ᠂ ᠲᠠᠷᠢᠶᠠᠴᠢᠨ ᠬᠦᠴᠦ ᠶᠠᠪᠤᠭᠰᠠᠳ ᠤᠨ ᠡᠷᠬᠡ ᠠᠰᠢᠭ ᠢ ᠬᠠᠤᠯᠢ   ᠶᠣᠰᠣ ᠪᠠᠷ ᠬᠠᠮᠠᠭᠠᠯᠠᠨ᠎ᠠ᠃          ᠬᠥᠲᠥᠯᠥᠭᠴᠢ᠄ ᠼᠦᠢ ᠲᠣᠪᠴᠢᠶᠠᠨ ᠳᠠᠷᠤᠭ᠎ᠠ ᠶᠢᠨ ᠮᠠᠨ ᠤ ᠰᠦᠯᠵᠢᠶᠡᠨ ᠥᠷᠳᠡᠭᠡ ᠶᠢᠨ  ᠰᠣᠷᠪᠣᠯᠵᠢᠯᠠᠭ᠎ᠠ ᠶᠢᠨ ᠶᠠᠷᠢᠯᠴᠠᠭᠠᠨ ᠳᠤ ᠬᠦᠷᠴᠦ ᠢᠷᠡᠭᠰᠡᠨ ᠳᠤ ᠮᠠᠰᠢ ᠲᠠᠯᠠᠷᠬᠠᠵᠤ ᠪᠠᠶᠢᠨ᠎ᠠ᠂ ᠶᠠᠷᠢᠯᠴᠠᠭᠠᠨ ᠢᠶᠠᠷ ᠳᠠᠮᠵᠢᠭᠠᠳ ᠪᠢᠳᠡ ︽ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠬᠥᠯᠥᠰᠦ ᠶᠢ ᠪᠠᠲᠤᠯᠠᠬᠤ ᠲᠦᠷᠢᠮ ︾ ᠢ ᠤᠯᠠᠮ ᠤᠶᠢᠯᠠᠭᠠᠯ᠎ᠠ᠃          ᠼᠦᠢ ᠵᠧᠩ ᠳ᠋ᠦᠩ᠄ ᠬᠥᠲᠥᠯᠥᠭᠴᠢ ᠳᠤ ᠪᠠᠶᠠᠷᠯᠠᠯ᠎ᠠ᠃ ᠪᠣᠢ ᠪᠦᠬᠦᠢ ᠠᠵᠤ ᠠᠬᠤᠶᠢᠯᠠᠯ᠂ ᠪᠠᠷᠢᠯᠭ᠎ᠠ ᠬᠢᠭᠴᠢ ᠪᠠᠶᠢᠭᠤᠯᠣᠯᠭ᠎ᠠ ᠱᠠᠭᠠᠷᠳᠠᠯᠭ᠎ᠠ ᠶᠣᠰᠣᠭᠠᠷ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠴᠠᠭ ᠲᠤᠬᠠᠶ ᠳᠤᠨᠢ ᠲᠤᠭ᠎ᠠ ᠶᠣᠰᠣᠭᠠᠷ ᠥᠭᠴᠦ᠂ ᠲᠠᠷᠢᠶᠠᠴᠢᠳ ᠤᠨ ᠬᠠᠤᠯᠢ ᠶᠣᠰᠣᠨ ᠤ ᠡᠷᠬᠡ ᠠᠰᠢᠭ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠳᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ᠃ ᠰᠦᠯᠵᠢᠶᠡᠨ ᠤ ᠠᠨᠳᠠ ᠨᠠᠷ ᠪᠠᠶᠠᠷᠲᠠᠶ︕
ᠢᠷᠡᠯᠲᠡ᠄ ᠲᠤᠰ ᠰᠦᠯᠵᠢᠶ᠎ᠡ