ᠤᠰᠤᠨ ᠳᠤ ᠵᠢᠪᠬᠦ ᠠᠴᠠ ᠰᠡᠷᠭᠡᠶᠢᠯᠡᠬᠦ ᠡᠳᠡᠭᠡᠷ ᠮᠡᠳᠡᠯᠭᠡ ᠶᠢ ᠬᠡᠤᠬᠡᠳ ᠤᠳ ᠲᠤ ᠬᠡᠯᠡᠵᠦ ᠥᠭᠬᠦ ᠬᠡᠷᠡᠭᠲᠡᠶ
ᠨᠡᠶᠢᠲᠡᠯᠡᠭᠰᠡᠨ ᠴᠠᠭ᠄
2020/7/13
         ᠳᠡᠯᠡᠬᠡᠶ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠪᠣᠯᠤᠨ ᠣᠯᠠᠨ ᠤᠯᠤᠰ ᠤᠨ ᠬᠤᠯᠪᠣᠭᠠᠲᠤ ᠪᠠᠶᠢᠭᠤᠯᠣᠯᠭ᠎ᠠ ᠶᠢᠨ ᠬᠡᠤᠬᠡᠳ ᠤᠨ ᠰᠠᠭᠤᠷᠢ  ᠮᠥᠩᠭᠦᠨ ᠤ  ᠨᠡᠶᠢᠭᠡᠮᠯᠢᠭ ᠤᠨ ᠨᠡᠶᠢᠲᠡᠯᠡᠭᠰᠡᠨ   ︽ᠳᠡᠯᠡᠬᠡᠶ ᠶᠢᠨ ᠬᠡᠤᠬᠡᠳ ᠤᠨ ᠬᠤᠤᠷᠳᠤᠯ ᠭᠡᠮᠲᠦᠯ ᠢ ᠰᠡᠷᠭᠡᠶᠢᠯᠡᠬᠦ ᠮᠡᠳᠡᠭᠦᠯᠦᠯᠲᠡ︾ ᠠᠴᠠ ᠦᠵᠡᠪᠡᠯ᠂  ᠪᠦᠬᠦ  ᠪᠥᠮᠪᠥᠷᠴᠡᠭ ᠲᠤ  ᠡᠳᠦᠷ  ᠪᠦᠷᠢ ᠪᠠᠷᠤᠭ 480 ᠬᠡᠦᠬᠡᠳ ᠤᠰᠤᠨ ᠳᠤ ᠵᠢᠪᠴᠦ ᠦᠬᠦᠵᠣ ᠪᠠᠶᠢᠭ᠎ᠠ  ᠠᠵᠠᠢ᠃  ᠡᠶᠢᠮᠤ   ᠠᠴᠠ ᠣᠰᠣᠨ ᠳᠤ  ᠵᠢᠪᠬᠦ  ᠠᠴᠠ ᠰᠡᠷᠬᠡᠶᠢᠯᠡᠬᠦ ᠲᠣᠣᠷᠠᠬᠢ ᠮᠡᠳᠡᠯᠭᠡ ᠶᠢ ᠡᠷᠬᠡᠪᠰᠢ ᠬᠡᠦᠬᠡᠳ ᠲᠡᠭᠡᠨ ᠮᠡᠳᠡᠭᠦᠯᠬᠦ ᠬᠡᠷᠡᠭᠲᠡᠢ᠃  
         12 ᠮᠢᠨᠦ᠋ᠲ ᠬᠦᠴᠢᠯᠲᠥ᠋ᠷᠥᠭᠴᠢ ᠲᠣᠳᠠᠭᠳᠠᠪᠠᠯ ᠠᠮᠢᠳᠤᠷᠠᠬᠤ ᠪᠤᠯᠤᠮᠵᠢ ᠮᠠᠰᠢ ᠪᠠᠭ᠎ᠠ᠃                ᠪᠡᠭᠡᠵᠢᠩ ᠤᠨ ᠬᠡᠤᠬᠡᠳ ᠤᠨ ᠡᠮᠨᠡᠯᠭᠡ ᠶᠢᠨ ᠬᠤᠷᠢᠶᠠᠨ ᠤ ᠱᠦᠨ ᠢ  ᠡᠮᠡᠭᠲᠡᠶᠢᠴᠤᠳ  ᠬᠡᠤᠬᠡᠳ ᠤᠨ  ᠡᠮᠨᠡᠯᠭᠡ ᠵᠢᠨ‌ᠬᠤᠷᠢᠶᠠᠨ ᠤ ᠶᠡᠷᠦᠩᠬᠡᠶᠢᠯᠡᠭᠰᠡᠨ ᠭᠠᠳᠠᠷ  ᠰᠠᠯᠠᠭᠠᠨ ᠤ  ᠭᠤᠤᠯ  ᠡᠮᠴᠢ  ᠵᠦ  ᠯᠢᠨ  ᠱᠧᠩ  ᠲᠠᠨᠢᠯᠴᠠᠭᠤᠯᠬᠤ ᠳᠠᠭᠠᠨ᠂  ᠬᠥᠮᠦᠨ‌ᠤᠰᠤᠨ ᠳᠤ ᠵᠢᠪᠪᠦᠭᠰᠡᠨ ᠤ ᠳᠠᠷᠠᠭ᠎ᠠ  ᠶᠡᠭᠡ  ᠬᠡᠮᠵᠢᠶᠡᠨ ᠤ  ᠤᠰᠤ  ᠪᠢᠳᠡᠨ ᠤ ᠠᠮᠢᠰᠬᠤᠯ ᠤᠨ  ᠵᠠᠮ ᠶᠢ  ᠬᠦᠨᠳᠦ  ᠨᠣᠴᠢᠲᠠᠢ‌‍ᠪᠦ᠋ᠭᠯᠡᠵᠥ᠂ ᠠᠭᠤᠰᠬᠢᠨ ᠤ ᠬᠦᠴᠢᠯᠲᠥ᠋ᠷᠥᠭᠴᠢ  ᠪᠣᠯᠤᠨ  ᠨᠡᠭᠦᠷᠡᠰᠦᠲᠥ᠋ᠷᠥᠭᠴᠢ ᠶᠢᠨ  ᠳᠠᠪᠬᠤᠷ  ᠢᠰᠦᠯ ᠤᠨ ᠬᠡᠢ  ᠪᠡᠶᠡᠲᠦ ᠵᠢᠨ‌‍ᠰᠣᠯᠢᠯᠴᠠᠭ᠎ᠠ ᠳᠤ ᠬᠠᠷᠰᠢ ᠰᠠᠭᠠᠳ ᠤᠴᠠᠷᠠᠭᠤᠯᠵᠦ ᠠᠮᠢᠰᠬᠤᠯ ᠪᠥᠭᠯᠡᠷᠡᠳᠡᠭ᠃ ᠡᠭᠦᠨ ᠠᠴᠠ  ᠭᠠᠳᠠᠨ᠎ᠠ᠂  ᠶᠡᠭᠡ  ᠬᠡᠮᠵᠢᠶᠡᠨ ‍ᠤ‌ᠤᠰᠤ ᠪᠠ ᠪᠣᠰᠣᠳ ᠪᠣᠳᠠᠰ ᠬᠥᠮᠦᠨ ᠤ ᠬᠤᠭᠤᠯᠠᠶ ᠳᠤ ᠣᠷᠣᠬᠤ ᠦᠶᠡᠰ ᠲᠥᠪᠣᠩᠬᠡᠶ ᠳᠤ ᠰᠡᠳᠦᠯᠲᠡ  ᠥᠭᠴᠦ  ᠵᠠᠩᠭᠢᠷᠠᠬᠤ ᠴᠢᠨᠠᠭᠰᠢᠯᠠᠪᠠᠯ ᠵᠢᠷᠦᠬᠡᠨ ᠤ ᠯᠤᠭᠰᠢᠯᠲᠠ ᠶᠢ ᠵᠣᠭᠰᠣᠭᠠᠳᠠᠭ᠃ ᠡᠨᠡ ᠬᠤᠶᠠᠷ  ᠪᠠᠶᠢᠳᠠᠯ   ᠨᠢ  ᠴᠥᠮ  ᠬᠥᠮᠦᠨ ᠢ  ᠦᠬᠦᠭᠦᠯᠳᠡᠭ ᠶᠤᠮ᠃ ᠶᠡᠷᠦ ᠳᠡᠭᠡᠨ ᠬᠦᠮᠣᠨ ᠤ ᠪᠡᠶ᠎ᠡ ᠮᠠᠬᠠᠪᠣᠳ 4 ᠮᠢᠨᠦ᠋ᠲ ᠠᠴᠠ 6 ᠮᠢᠨᠦ᠋ᠲ ᠬᠦᠴᠢᠯᠲᠥ᠋ᠷᠥᠭᠴᠢ ᠳᠤᠲᠠᠪᠠᠯ  ᠲᠠᠷᠢᠬᠢᠨ ᠤ ᠮᠡᠳᠡᠷᠡᠯ ᠤᠨ ᠡᠰ ᠲᠤ ᠡᠪᠡᠳᠴᠢᠨ ᠤ ᠬᠤᠪᠢᠷᠠᠯᠲᠠ ᠡᠬᠦᠰᠴᠣ᠂ 12 ᠮᠢᠨᠦ᠋ᠲ ᠬᠦᠴᠢᠯᠲᠥ᠋ᠷᠥᠭᠴᠢ ᠲᠣᠳᠠᠭᠳᠠᠪᠠᠯ ᠠᠮᠢᠳᠤᠷᠠᠬᠤ‌‍ᠪᠤᠯᠤᠮᠵᠢ ᠮᠠᠰᠢ ᠪᠠᠭ᠎ᠠ ᠪᠠᠶᠢᠳᠠᠭ᠃              ᠤᠰᠤᠨ ᠳᠤ ᠤᠨᠠᠪᠠᠯ ᠥᠪᠡᠷ ᠢ ᠪᠠᠨ ᠢᠩᠭᠢᠵᠦ ᠠᠪᠤᠷᠠᠭᠠᠷᠠᠶ᠃          ᠡᠮᠴᠢ ᠵᠦ ᠯᠢᠨ ᠱᠧᠩ ᠲᠠᠨᠢᠯᠴᠠᠭᠤᠯᠬᠤ ᠳᠠᠭᠠᠨ᠂ ᠤᠰᠤᠨ ᠤ ᠠᠶᠤᠯᠲᠠᠶ ᠣᠷᠣᠨ ᠢ ᠬᠡᠷᠬᠢᠨ  ᠢᠯᠭᠠᠨ ᠲᠠᠨᠢᠬᠤ ᠶᠢ ᠪᠢᠳᠡ ᠬᠡᠤᠬᠡᠳ ᠲᠤ ᠵᠢᠭᠠᠵᠤ ᠥᠭᠬᠦ ᠬᠡᠷᠡᠭᠲᠡᠶ᠃ ᠵᠢᠩᠬᠢᠨᠢ ᠤᠮᠪᠠᠯᠲᠠ ᠶᠢᠨ ᠭᠠᠵᠠᠷ ︵ᠠᠮᠤᠷ ᠢ ᠬᠠᠮᠠᠭᠠᠯᠠᠭᠴᠢ  ᠪᠠ  ᠤᠰᠤᠨ ᠤ ᠭᠦᠨ ᠭᠦᠢᠬᠡᠨ  ᠤ ᠢᠯᠡᠷᠬᠡᠶᠢᠯᠡᠭᠴᠢ ᠪᠠᠶᠢᠬᠤ ᠬᠡᠷᠡᠭᠲᠡᠢ︶ ᠠᠴᠠ ᠪᠤᠰᠤᠳ ᠠᠮᠤᠷ ᠢ ᠬᠠᠮᠠᠭᠠᠯᠠᠬᠤ ᠬᠦᠮᠣᠨ  ᠪᠠᠶᠢᠬᠤ  ᠦᠬᠡᠢ  ᠪᠠ ᠠᠮᠤᠷ ᠲᠦᠪᠰᠢᠨ ᠤ ᠲᠥᠬᠦᠭᠡᠷᠦᠮᠵᠢ ᠦᠬᠡᠢ ᠪᠠᠶᠢᠳᠠᠯ  ᠳᠣᠣᠷ᠎ᠠ  ᠴᠥᠭᠦᠷᠥᠮ᠂  ᠭᠤᠣᠯ  ᠮᠥᠷᠡᠨ᠂  ᠳᠠᠯᠠᠢ ᠶᠢᠨ ᠤᠰᠤᠨ ᠳᠤ ᠣᠴᠢᠵᠤ ᠤᠰᠤ ᠨᠠᠭᠠᠳᠴᠤ ᠪᠣᠯᠬᠤ ᠦᠬᠡᠢ᠃ ᠴᠢᠨᠠᠭᠰᠢᠯᠠᠪᠠᠯ ᠭᠡᠷ ᠤᠨ ᠪᠡᠶ᠎ᠡ ᠤᠬᠢᠶᠠᠬᠤ ᠰᠠᠪᠠ ᠨᠢ ᠬᠦᠷᠲᠡᠯ᠎ᠡ ᠤᠰᠤᠨ ᠳᠤ ᠵᠢᠪᠬᠦ ᠠᠶᠤᠯ ᠲᠠᠢ ᠭᠡᠳᠡᠭ ᠢ ᠬᠡᠤᠬᠡᠳ ᠲᠡᠭᠡᠨ ᠬᠡᠯᠡᠵᠦ ᠦᠭᠬᠦ ᠬᠡᠷᠡᠭᠲᠡᠢ ᠭᠡᠪᠡ᠃              ᠡᠭᠦᠨ ᠤ  ᠬᠠᠮᠲᠤ᠂ ᠬᠡᠦᠬᠡᠳ ᠲᠤ  ᠵᠥᠪ  ᠣᠨᠣᠪᠴᠢᠲᠠᠢ ᠥᠪᠡᠷ ᠢ ᠪᠠᠨ ᠠᠪᠤᠷᠠᠬᠤ ᠠᠷᠭ᠎ᠠ ᠶᠢ ᠡᠵᠡᠮᠰᠢᠭᠦᠯᠬᠦ ᠬᠡᠷᠡᠭᠲᠡᠢ᠃ ᠵᠢᠱᠢᠶᠡᠯᠡᠪᠡᠯ᠂ ᠤᠰᠤᠨ ᠳᠤ ᠤᠮᠪᠠᠭ᠋ᠤ ᠦᠶ᠎ᠡ ᠳᠤ  ᠬᠦᠯ   ᠤᠨ  ᠪᠤᠯᠴᠢᠩ   ᠤᠨ  ᠰᠢᠷᠪᠥᠰᠥ  ᠲᠠᠲᠠᠬᠤ  ᠪᠠᠶᠢᠳᠠᠯ ᠭᠠᠷᠳᠠᠭ᠃ ᠡᠨᠡ ᠦᠶ᠎ᠡ   ᠳᠤ ᠰᠢᠷᠪᠥᠰᠥ  ᠲᠠᠲᠠᠭᠰᠠᠨ  ᠬᠥᠯ ᠤᠨ  ᠬᠤᠷᠤᠭᠤ ᠶᠢ  ᠭᠠᠷ ᠢᠶᠠᠷ ᠢᠶᠠᠨ ᠠᠳᠬᠤᠵᠤ᠂  ᠳᠡᠭᠡᠭᠰᠢ ᠲᠠᠲᠠᠬᠤ ᠶᠢᠨ ᠬᠠᠮᠲᠤ ᠰᠢᠷᠪᠥᠰᠥ ᠲᠠᠲᠠᠭᠰᠠᠨ ᠬᠥᠯ ᠢᠶᠠᠨ ᠰᠤᠩᠭᠠᠵᠤ ᠪᠣᠯᠤᠨ᠎ᠠ᠃ ᠨᠥᠭᠦᠭᠡ ᠭᠠᠷ ᠢᠶᠠᠷ ᠢᠶᠠᠨ ᠤᠰᠤ ᠰᠡᠯᠢᠵᠦ᠂ᠬᠥᠯ ᠢᠶᠠᠷ ᠢᠶᠠᠨ ᠤᠰᠤ ᠭᠢᠰᠬᠢᠵᠦ᠂ ᠪᠡᠶ᠎ᠡ ᠪᠠᠨ ᠬᠦᠪᠪᠤᠭᠦᠯᠦᠨ᠎ᠡ᠃ ᠡᠭᠦᠨ ᠠᠴᠠ ᠭᠠᠳᠠᠨ᠎ᠠ᠂ ᠤᠮᠪᠠᠵᠤ ᠴᠢᠳᠠᠬᠤ ᠦᠭᠡᠢ ᠬᠥᠮᠦᠨ‌ᠵᠣᠯ ᠪᠤᠰᠤ ᠪᠠᠷ ᠤᠰᠤᠨ ᠳᠤ ᠣᠨᠠᠪᠠᠯ᠂ ᠡᠩ ᠲᠡᠷᠢᠭᠦᠨ ᠳᠤ  ᠯᠠᠪᠳᠠᠭᠤᠨ ᠲᠣᠭᠲᠠᠭᠤᠨ  ᠪᠠᠶᠢᠵᠤ᠂  ᠪᠡᠶ᠎ᠡ    ᠪᠠᠨ  ᠳᠡᠭᠡᠭᠰᠢ‌ᠬᠠᠨᠳᠣᠭᠤᠯᠣᠨ᠂ ᠲᠣᠯᠣᠭᠠᠢ ᠪᠠᠨ ᠠᠷᠤᠨᠰᠢ   ᠪᠠᠨ  ᠬᠡᠳᠦᠶᠢᠵᠦ᠂ ᠠᠮᠠ ᠬᠠᠮᠠᠷ ᠢᠶᠠᠨ  ᠠᠯᠢ  ᠴᠢᠳᠠᠬᠤ ᠪᠠᠷ  ᠤᠰᠤᠨ  ᠳᠡᠭᠡᠷ᠎ᠡ ᠭᠠᠷᠭᠠᠵᠤ᠂ ᠴᠢᠳᠠᠬᠤ ᠶᠢᠨ ᠬᠢᠷᠢ ᠪᠠᠷ ᠪᠡᠶ᠎ᠡ ᠪᠠᠨ ᠣᠰᠣᠨ ᠳᠤ ᠵᠢᠪᠪᠦᠭᠦᠯᠬᠦ  ᠦᠭᠡᠢ  ᠪᠠᠶᠢᠵᠣ᠂  ᠪᠡᠶ᠎ᠡ ᠲᠡᠭᠡᠷᠡᠬᠢ  ᠬᠦᠨᠳᠦ‌‍ᠶᠠᠭᠤᠮ᠎ᠠ ᠪᠠᠨ ᠲᠠᠶᠠᠭᠳᠠᠨ᠂ ᠭᠠᠷ ᠢᠶᠠᠨ ᠤᠰᠤᠨ  ᠲᠣᠳᠣᠷ᠎ᠠ  ᠪᠠᠶᠢᠯᠭᠠᠬᠤ  ᠬᠡᠷᠡᠭᠲᠡᠢ᠂  ᠳᠡᠭᠡᠭᠰᠢ ᠡᠷᠭᠦᠵᠦ  ᠪᠣᠯᠬᠤ  ᠦᠭᠡᠢ᠂ ᠬᠡᠲᠦᠷᠬᠡᠶ ᠲᠡᠯᠴᠢᠯᠡᠬᠦ ᠠᠴᠠ ᠵᠠᠶᠢᠯᠠᠰᠬᠢᠵᠦ᠂ ᠠᠪᠤᠷᠠᠨ ᠲᠤᠰᠠᠯᠠᠬᠤ ᠶᠢ ᠬᠦᠯᠢᠶᠡᠨ᠎ᠡ᠃                ᠤᠰᠤᠨ ᠳᠤ ᠵᠢᠪᠪᠦᠭᠰᠡᠨ ᠬᠦᠮᠣᠨ ᠢ ᠠᠪᠤᠷᠠᠨ ᠲᠤᠰᠠᠯᠠᠬᠤ ᠳᠠᠭᠠᠨ ᠪᠣᠯᠭᠤᠮᠵᠢᠲᠠᠶ ᠪᠠᠶᠢᠬᠤ ᠬᠡᠷᠡᠭᠲᠡᠶ᠃              ᠬᠡᠷᠪᠡ ᠬᠠᠵᠠᠭᠤ ᠳᠤ ᠴᠢᠨᠢ ᠬᠡᠦᠬᠡᠳ ᠤᠰᠤᠨ ᠳᠤ ᠤᠨᠠᠪᠠᠯ ᠬᠡᠷᠬᠢᠨ ᠵᠥᠪ ᠠᠪᠤᠷᠠᠯᠲᠠ ᠬᠢᠬᠦ ᠪᠤᠢ︖ ᠡᠮᠴᠢ ᠵᠣ᠋ ᠯᠢᠨ‌‍ᠱᠧᠩ ᠰᠠᠨᠠᠭᠤᠯᠬᠤ ᠳᠠᠭᠠᠨ᠂ ᠤᠰᠤᠨ ᠳᠤ ᠵᠢᠪᠪᠦᠭᠰᠡᠨ ᠬᠦᠮᠣᠨ ᠢ ᠠᠪᠤᠷᠠᠬᠤ ᠳᠠᠭᠠᠨ ᠴᠢᠳᠠᠯ ᠤᠨ ᠬᠢᠷᠢ  ᠪᠠᠷ   ᠢᠶᠠᠨ ᠠᠪᠤᠷᠠᠬᠤ‌‍ᠬᠡᠷᠡᠭᠲᠡᠢ᠂ ᠰᠣᠬᠤᠷ ᠪᠠᠯᠠᠶ ᠪᠠᠷ ᠣᠰᠣᠨ ᠳᠤ ᠤᠷᠤᠵᠦ ᠠᠪᠤᠷᠠᠨ ᠲᠣᠰᠠᠯᠠᠵᠣ ᠪᠣᠯᠬᠤ ᠦᠭᠡᠢ᠃ ᠠᠪᠤᠷᠠᠭᠴᠢ   ᠨᠢ  ᠨᠠᠩ ᠣᠯᠠᠨ‌‍ᠬᠥ᠋ᠮᠦᠨ ᠢ ᠳᠠᠭᠤᠳᠠᠨ ᠢᠷᠡᠭᠦᠯᠵᠦ᠂ ᠠᠪᠤᠷᠠᠨ ᠲᠤᠰᠠᠯᠠᠬᠤ ᠠᠵᠢᠯ ᠳᠤ ᠬᠠᠮᠵᠢᠭᠤᠯᠬᠤ ᠬᠡᠷᠡᠭᠲᠡᠶ᠂ ᠡᠭᠦᠨ ᠤ  ᠬᠠᠮᠲᠤ  ᠤᠰᠤᠨ   ᠤ ᠬᠦᠪᠡᠭᠡᠨ ᠳᠡᠭᠡᠷ᠎ᠡ ᠠᠴᠠ ᠳᠡᠭᠡᠰᠦ᠂ ᠤᠷᠲᠤ ᠬᠤᠯᠤᠰᠤ᠂ ᠮᠣᠳᠣᠨ ᠬᠠᠪᠲᠠᠰᠤ ᠵᠡᠷᠭᠡ ᠪᠠᠷ ᠤᠰᠤᠨ ᠳᠤ  ᠵᠢᠪᠪᠦᠭᠰᠡᠨ  ᠬᠦᠮᠣᠨ ᠢ ᠲᠠᠳᠠᠵᠣ ᠬᠦᠪᠡᠭᠡᠨ ᠳᠡᠭᠡᠷ᠎ᠡ ᠭᠠᠷᠭᠠᠭᠠᠳ ᠠᠪᠣᠷᠠᠵᠣ ᠪᠣᠯᠣᠨ᠎ᠠ᠃ ᠬᠡᠷᠪᠡ ᠤᠰᠤᠨ ᠳᠤ ᠵᠢᠪᠪᠦᠭᠰᠡᠨ ᠬᠥᠮᠦᠨ ᠤ ᠪᠠᠶᠢᠳᠠᠯ  ᠪᠠᠴᠢᠮ ᠪᠠᠶᠢᠪᠠᠯ᠂ ᠳᠠᠷᠤᠶ ᠲᠦᠷᠭᠡᠨ 120 ᠲᠦᠷᠭᠡᠨ ᠠᠪᠤᠷᠠᠬᠤ ᠤᠲᠠᠰᠤ ᠠᠪᠬᠤ ᠬᠡᠷᠡᠭᠲᠡᠶ᠃                ᠤᠰᠤᠨ ᠳᠤ ᠵᠢᠪᠪᠦᠭᠰᠡᠨ ᠬᠦᠮᠣᠨ ᠤ ᠣᠷᠴᠢᠨ ᠲᠣᠭᠤᠷᠢᠨ ᠠᠮᠤᠷ ᠲᠦᠪᠰᠢᠨ ᠭᠡᠰᠡᠨ ᠢ  ᠨᠤᠲᠠᠯᠠᠭᠰᠠᠨ   ᠤ  ᠳᠠᠷᠠᠭ᠎ᠠ ᠰᠠᠶ᠋ᠢ ᠤᠰᠤᠨ ᠳᠤ ᠣᠷᠣᠵᠤ ᠠᠪᠤᠷᠠᠨ ᠲᠣᠰᠠᠯᠠᠵᠣ ᠪᠣᠯᠣᠨ᠎ᠠ᠃ ᠠᠪᠤᠷᠠᠯᠲᠠ ᠬᠢᠭᠰᠡᠳ ᠤᠰᠤᠨ ᠳᠤ  ᠵᠢᠪᠪᠦᠭᠰᠡᠨ ᠬᠥᠮᠦᠨ ᠤ ᠠᠷᠤ ᠲᠠᠯ᠎ᠠ ᠠᠴᠠ ᠨᠢ ᠡᠷᠭᠦᠵᠦ᠂ ᠲᠣᠯᠣᠭᠠᠢ ᠶᠢ ᠨᠢ ᠲᠤᠯᠵᠤ᠂ ᠠᠮᠢᠰᠬᠤᠵᠤ  ᠴᠢᠳᠠᠬᠤ   ᠶᠢ  ᠪᠠᠲᠤᠯᠠᠵᠤ᠂  ᠬᠦᠪᠡᠭᠡᠨ ᠳᠡᠭᠡᠷ᠎ᠡ ᠲᠠᠲᠠᠵᠦ ᠭᠠᠷᠭᠠᠨ᠎ᠠ᠃  ᠲᠦᠷᠭᠡᠨ  ᠠᠪᠤᠷᠠᠯᠲᠠ ᠶᠢᠨ  ᠬᠥᠮᠦᠰ  ᠬᠦᠷᠴᠦ  ᠢᠷᠡᠬᠦ ᠠᠴᠠ ᠡᠮᠦᠨ᠎ᠡ᠂ ᠤᠰᠤᠨ ᠳᠤ  ᠵᠢᠪᠪᠦᠭᠰᠡᠨ ᠬᠥᠮᠦᠨ  ᠢ ᠲᠡᠭᠰᠢᠬᠡᠨ  ᠭᠠᠵᠠᠷ  ᠳᠡᠭᠡᠷ᠎ᠡ  ᠭᠡᠪᠲᠡᠭᠦᠯᠵᠦ᠂  ᠠᠮᠠᠨ ᠤ  ᠬᠥᠨᠳᠡᠶ᠂  ᠬᠠᠮᠠᠷ  ᠰᠠᠮᠰᠠ   ᠳᠤ  ᠣᠷᠣᠭᠰᠠᠨ  ᠪᠣᠳᠠᠰ︵ᠵᠢᠱᠢᠶᠡᠯᠡᠪᠡᠯ ᠯᠠᠭ ᠰᠢᠪᠡᠷ᠂ ᠪᠤᠵᠠᠷ ᠡᠪᠡᠰᠦ ᠵᠡᠷᠭᠡ︶ ᠢ ᠲᠦᠷᠭᠡᠨ ᠴᠡᠪᠡᠷᠯᠡᠨ ᠠᠷᠢᠯᠭᠠᠬᠤ ᠬᠡᠷᠡᠭᠲᠡᠶ᠃ ᠤᠰᠤᠨ ᠳᠤ  ᠵᠢᠪᠪᠦᠭᠰᠡᠨ ᠬᠥᠮᠦᠨ ᠤ ᠲᠣᠯᠣᠭᠠᠶ ᠶᠢ ᠬᠠᠵᠠᠶᠢᠯᠭᠠᠵᠤ᠂ ᠵᠠᠯᠬᠢᠭᠰᠠᠨ ᠤᠰᠤ ᠶᠢ   ᠨᠢ ᠠᠮᠠᠨ  ᠪᠠᠷ   ᠨᠢ ᠤᠷᠤᠰᠬᠠᠨ ᠭᠠᠷᠭᠠᠵᠤ᠂ ᠳᠠᠬᠢᠨ‌‍ᠲ᠋ᠣᠯᠣᠭᠠᠶ  ᠶᠢ ᠨᠢ ᠲᠡᠭᠡᠭᠡᠰᠢ ᠪᠠᠨ ᠬᠠᠨᠳᠣᠭᠤᠯᠣᠨ᠎ᠠ᠃ ᠳᠠᠷᠠᠭ᠎ᠠ ᠨᠢ᠂ ᠤᠰᠤᠨ ᠳᠤ ᠵᠢᠪᠪᠦᠭᠰᠡᠨ ᠬᠥᠮᠦᠨ ᠤ ᠤᠬᠠᠭᠠᠨ  ᠮᠡᠳᠡᠷᠡᠯ ᠪᠠ ᠠᠮᠢᠰᠬᠤᠭ᠎ᠠ ᠶᠢ ᠲᠦᠷᠭᠡᠨ ᠮᠠᠭᠠᠳᠯᠠᠨ᠎ᠠ᠃ ᠬᠡᠷᠪᠡ ᠮᠡᠳᠡᠷᠡᠯ ᠦᠭᠡᠢ ᠪᠤᠶᠤ ᠠᠮᠢᠰᠬᠤᠯ  ᠦᠭᠡᠢ  ᠪᠣᠯ ᠳᠠᠷᠦ᠋ᠢᠬᠠᠨ ᠵᠢᠷᠦᠬᠡ ᠠᠭᠤᠰᠭᠢ ᠶᠢ ᠰᠡᠷᠭᠦᠭᠡᠬᠦ  ᠠᠪᠣᠷᠠᠯᠳᠠ  ᠬᠢᠨ᠎ᠡ᠂ ᠬᠠᠷᠢᠨ  ᠤᠰᠤ  ᠭᠠᠷᠠᠭᠠᠬᠤ ᠶᠢ  ᠶᠠᠭᠠᠷᠠᠵᠤ  ᠪᠣᠯᠬᠤ  ᠦᠭᠡᠢ᠂  ᠤᠴᠢᠷ ᠨᠢ ᠤᠰᠤᠨ ᠳᠤ ᠵᠢᠪᠬᠦ ᠦᠶ᠎ᠡ ᠳᠤ ᠬᠡᠳᠦᠨ ᠮᠢᠨᠦ᠋ᠲ ᠤᠨ  ᠳᠣᠲᠣᠷ᠎ᠠ  ᠤᠰᠤᠨ ᠳᠤ  ᠵᠢᠪᠪᠦᠭᠰᠡᠨ ᠬᠥᠮᠦᠨ ᠤ ᠲᠥᠪᠣᠩᠬᠡᠶ ᠶᠢᠨ ᠠᠪᠴᠢᠯᠲᠠ ᠠᠴᠠ ᠪᠣᠯᠵᠣ᠂ ᠤᠰᠤ ᠨᠢ  ᠬᠤᠭᠤᠯᠠᠢ ᠪᠠᠷ  ᠳᠡᠮᠵᠢᠨ  ᠠᠭᠤᠰᠬᠢᠨ ᠳᠤ  ᠣᠷᠣᠳᠠᠭ  ᠥᠬᠡᠶ᠃  ᠡᠨᠡ  ᠦᠶ᠎ᠡ ᠳᠤ ᠠᠭᠤᠰᠬᠢᠨ ᠳᠤ ᠳᠡᠮᠡᠶ ᠤᠰᠤ ᠪᠠᠶᠢᠬᠤ ᠥᠬᠡᠶ᠃ ᠤᠰᠤ ᠶᠢ ᠭᠠᠷᠠᠭᠠᠬᠤ ᠶᠠᠪᠤᠴᠠ  ᠳᠤ  ᠬᠤᠳᠣᠭᠤᠳᠣᠨ  ᠳᠣᠲᠣᠷᠠᠬᠢ  ᠪᠣᠳᠠᠰ ᠢ ᠠᠮᠠᠷᠬᠠᠨ ᠭᠠᠳᠠᠭᠰᠢᠯᠠᠭᠤᠯᠵᠤ᠂ ᠭᠡᠳᠡᠷᠭᠡᠨ ᠠᠮᠢᠰᠬᠤᠯ ᠪᠦᠲᠡᠬᠦ ᠠᠶᠤᠯ ᠢ ᠨᠡᠮᠡᠭᠳᠡᠭᠦᠯᠳᠡᠭ᠃
ᠢᠷᠡᠯᠲᠡ᠄ ᠠᠷᠠᠳ ᠤᠨ ᠰᠦᠯᠵᠢᠶ᠎ᠡ