ᠵᠠᠰᠠᠭ ᠤᠨ ᠣᠷᠳᠣᠨ ᠤ ᠬᠡᠰᠡᠭ ᠲᠣᠭᠲᠠᠭᠠᠯ ᠲᠦᠷᠢᠮ ᠳᠤ ᠵᠠᠰᠠᠪᠤᠷᠢ ᠣᠷᠣᠭᠤᠯᠬᠤ ᠪᠠ ᠬᠦᠴᠦᠨ ᠥᠬᠡᠶ ᠪᠣᠯᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ
ᠨᠡᠶᠢᠲᠡᠯᠡᠭᠰᠡᠨ ᠴᠠᠭ᠄
2020/7/13
    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ                                                                  246 ᠳ᠋ᠤᠭᠠᠷ ᠲᠣᠭᠠᠲᠤ            ︽ᠵᠠᠰᠠᠭ ᠤᠨ ᠣᠷᠳᠣᠨ ᠤ ᠬᠡᠰᠡᠭ ᠲᠣᠭᠲᠠᠭᠠᠯ ᠲᠦᠷᠢᠮ ᠳᠤ ᠵᠠᠰᠠᠪᠤᠷᠢ ᠣᠷᠣᠭᠤᠯᠬᠤ ᠪᠠ ᠬᠦᠴᠦᠨ ᠥᠬᠡᠶ ᠪᠣᠯᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ︾ ᠢ 2020 ᠣᠨ ᠤ 5 ᠳ᠋ᠤᠭᠠᠷ ᠰᠠᠷ᠎ᠠ ᠶᠢᠨ 7 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠷᠪᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ ᠡᠳᠦᠭᠡ ᠨᠡᠶᠢᠲᠡᠯᠡᠪᠡ᠂ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃               ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ      ᠪᠦ᠋ ᠰᠢᠶᠤᠤ ᠯᠢᠨ                         2020 ᠣᠨ ᠤ 5 ᠳ᠋ᠤᠭᠠᠷ ᠰᠠᠷ᠎ᠠ ᠶᠢᠨ 29 ᠤ ᠡᠳᠦᠷ        ᠵᠠᠰᠠᠭ ᠤᠨ ᠤᠷᠳᠤᠨ ᠤ ᠬᠡᠰᠡᠭ ᠲᠣᠭᠲᠠᠭᠠᠯ ᠲᠦᠷᠢᠮ ᠳᠤ ᠵᠠᠰᠠᠪᠤᠷᠢ ᠣᠷᠣᠭᠤᠯᠬᠤ ᠪᠠ          ᠬᠦᠴᠦᠨ ᠦᠭᠡᠢ ᠪᠣᠯᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ                ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠯ         ᠨᠡᠶᠢᠭᠡᠮ ᠵᠢᠷᠤᠮ ᠤᠨ ᠬᠠᠤᠯᠢ ᠳᠦᠷᠢᠮ ᠤᠨ ᠨᠢᠭᠡᠳᠦᠯᠲᠡᠢ ᠪᠠᠶᠢᠬᠤ ᠶᠢ ᠬᠠᠮᠠᠭᠠᠯᠠᠨ᠂ ᠵᠠᠰᠠᠭ ᠢ ᠴᠣᠮᠬᠠᠳᠬᠠᠵᠤ ᠡᠷᠬᠡ ᠶᠢ ᠲᠠᠯᠪᠢᠬᠤ᠂ ᠲᠠᠯᠪᠢᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡᠨ ᠤ ᠥᠭᠡᠷᠡᠴᠢᠯᠡᠯᠲᠡ ᠶᠢ ᠰᠢᠯᠢᠳᠡᠭᠵᠢᠭᠦᠯᠬᠦ ᠶᠢ ᠬᠠᠤᠯᠢ ᠶᠣᠰᠣᠭᠠᠷ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠭᠰᠠᠨ ᠨᠢ᠄         ᠨᠢᠭᠡ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2 ᠲᠣᠭᠲᠠᠭᠠᠯ ᠳᠦᠷᠢᠮ ᠤᠨ ᠬᠡᠰᠡᠭ ᠵᠦᠢᠯ ᠵᠤᠷᠪᠤᠰ ᠲᠤ ᠵᠠᠰᠠᠪᠤᠷᠢ ᠣᠷᠣᠭᠤᠯᠤᠨ᠎ᠠ᠃ ︵ᠳᠠᠭᠠᠯᠳᠤᠭᠤᠯᠤᠯ 1︶         ᠬᠤᠶᠠᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠰᠦᠢᠳᠭᠡᠯ ᠢ ᠴᠤᠭᠯᠠᠭᠤᠯᠬᠤ ᠬᠠᠮᠢᠶᠠᠷᠤᠯᠲᠠ ᠶᠢᠨ ᠠᠷᠭ᠎ᠠ︾ ᠶᠢ ᠬᠦᠴᠦᠨ ᠦᠭᠡᠢ ᠪᠣᠯᠭᠠᠨ᠎ᠠ᠃ ︵ᠳᠠᠭᠠᠯᠳᠤᠭᠤᠯᠤᠯ 2︶         ᠲᠤᠰ ᠲᠣᠭᠲᠠᠭᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃         ᠲᠣᠰ ᠲᠣᠭᠲᠠᠭᠠᠯ ᠢ ᠦᠨᠳᠦᠰᠦᠯᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠯᠠᠭᠤᠨ ᠲᠣᠰᠣ ᠪᠠ ᠬᠢᠮᠢ ᠶᠢᠨ ᠠᠵᠤ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨ᠎ᠡ ᠬᠠᠩᠰᠢ ᠬᠢᠨᠠᠨ ᠲᠣᠭᠲᠠᠭᠠᠵᠤ ᠦᠨᠡᠮᠰᠢᠬᠦ ᠬᠠᠮᠢᠶᠠᠷᠤᠯᠲᠠ ᠶᠢᠨ ᠠᠷᠭ᠎ᠠ︾ ᠳᠤ ᠵᠣᠬᠢᠬᠤ ᠵᠠᠰᠠᠪᠤᠷᠢ ᠤᠷᠤᠭᠤᠯᠤᠨ ᠳᠠᠬᠢᠵᠤ ᠨᠡᠶᠢᠲᠡᠯᠡᠪᠡ᠃         ᠳᠠᠭᠠᠯᠳᠤᠭᠤᠯᠤᠯ᠄ 1. ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠵᠠᠰᠠᠪᠤᠷᠢ ᠣᠷᠣᠭᠤᠯᠬᠤ ᠪᠠᠷ ᠲᠣᠭᠲᠠᠭᠠᠭᠰᠠᠨ ᠵᠠᠰᠠᠭ ᠤᠨ ᠣᠷᠳᠣᠨ ᠤ ᠲᠣᠭᠲᠠᠭᠠᠯ ᠳᠦᠷᠢᠮ         2. ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠬᠦᠴᠦᠨ ᠦᠭᠡᠢ ᠪᠣᠯᠭᠠᠬᠤ ᠪᠠᠷ ᠲᠣᠭᠲᠠᠭᠠᠭᠰᠠᠨ ᠵᠠᠰᠠᠭ ᠤᠨ ᠣᠷᠳᠣᠨ ᠤ ᠲᠣᠭᠲᠠᠭᠠᠯ ᠳᠦᠷᠢᠮᠳᠠᠭᠠᠯᠳᠤᠭᠤᠯᠤᠯ 1           ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ      ᠵᠠᠰᠠᠪᠤᠷᠢ ᠣᠷᠣᠭᠤᠯᠬᠤ ᠪᠠᠷ ᠲᠣᠭᠲᠠᠭᠠᠭᠰᠠᠨ ᠵᠠᠰᠠᠭ ᠤᠨ ᠣᠷᠳᠣᠨ ᠤ ᠲᠣᠭᠲᠠᠭᠠᠯ ᠳᠦᠷᠢᠮ         ᠨᠢᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠯᠠᠭᠤᠨ ᠲᠣᠰᠣ ᠪᠠ ᠬᠢᠮᠢ ᠶᠢᠨ ᠠᠵᠤ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ︾ ᠶᠢᠨ ᠶᠢᠰᠦᠳᠦᠭᠡᠷ ᠵᠦᠢᠯ ᠢ᠄ ︽ᠴᠢᠯᠠᠭᠤᠨ ᠲᠣᠰᠣ ᠬᠢᠮᠢ ᠶᠢᠨ ᠪᠠᠷᠢᠯᠭ᠎ᠠ ᠪᠠ ᠤᠭᠰᠠᠷᠠᠬᠤ ᠪᠠᠷᠢᠯᠭ᠎ᠠ ᠶᠢᠨ ᠪᠠᠷᠢᠯᠭ᠎ᠠ ᠪᠠᠷᠢᠬᠤ ᠵᠢᠷᠤᠭ ᠲᠥᠯᠥᠪᠯᠡᠭᠡᠨ ᠤ ᠪᠢᠴᠢᠭ ᠮᠠᠲ᠋ᠧᠷᠢᠶᠠᠯ ᠳᠠᠬᠢ ᠤᠯᠠᠨ ᠨᠡᠶᠢᠲᠡ ᠶᠢᠨ ᠠᠰᠢᠭ ᠲᠤᠰᠠ᠂ ᠤᠯᠠᠨ ᠨᠡᠶᠢᠲᠡ ᠶᠢᠨ ᠠᠮᠤᠷ ᠲᠦᠪᠰᠢᠨ᠂ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠳᠤ ᠬᠤᠯᠪᠣᠭᠳᠠᠭᠰᠠᠨ ᠠᠭᠤᠯᠭ᠎ᠠ ᠶᠢ ᠪᠣᠯ ᠴᠢᠯᠠᠭᠤᠨ ᠲᠣᠰᠣ ᠬᠢᠮᠢ ᠶᠢᠨ ᠪᠠᠷᠢᠯᠭ᠎ᠠ ᠪᠠ ᠤᠭᠰᠠᠷᠠᠬᠤ ᠪᠠᠷᠢᠯᠭ᠎ᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠢᠨᠠᠨ ᠪᠠᠶᠢᠴᠠᠭᠠᠬᠤ ᠬᠡᠷᠡᠭᠲᠡᠶ᠃ ᠪᠠᠷᠢᠯᠭ᠎ᠠ ᠪᠠᠷᠢᠬᠤ ᠵᠢᠷᠤᠭ ᠲᠥᠯᠥᠪᠯᠡᠭᠡᠨ ᠤ ᠪᠢᠴᠢᠭ ᠮᠠᠲ᠋ᠧᠷᠢᠶᠠᠯ ᠢᠶᠠᠨ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠦᠭᠰᠡᠨ ᠦᠭᠡᠢ ᠪᠣᠯ ᠬᠡᠷᠡᠭᠯᠡᠵᠦ ᠪᠣᠯᠬᠤ ᠦᠭᠡᠢ᠃︾ ᠭᠡᠵᠦ ᠵᠠᠰᠠᠪᠤᠷᠢ ᠣᠷᠣᠭᠤᠯᠪᠠ᠃         ᠬᠤᠶᠠᠷ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨ᠎ᠡ ᠬᠠᠩᠰᠢ ᠬᠢᠨᠠᠨ ᠲᠣᠭᠲᠠᠭᠠᠵᠤ ᠦᠨᠡᠮᠰᠢᠬᠦ ᠬᠠᠮᠢᠶᠠᠷᠤᠯᠲᠠ ᠶᠢᠨ ᠠᠷᠭ᠎ᠠ︾ ᠳᠠᠬᠢ ︽ᠬᠢᠨᠠᠨ ᠲᠣᠭᠲᠠᠭᠠᠵᠤ ᠦᠨᠡᠮᠰᠢᠬᠦ︾ ᠭᠡᠰᠡᠨ ᠢ ᠴᠥᠮ ︽ᠮᠠᠭᠠᠳᠯᠠᠨ ᠲᠣᠭᠲᠠᠭᠠᠬᠤ︾ ᠪᠣᠯᠭᠠᠨ ᠬᠠᠯᠠᠵᠤ᠂ ᠨᠡᠷᠠᠶᠢᠳᠣᠯ ᠢ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ︾ ᠭᠡᠵᠦ ᠵᠠᠰᠠᠪᠤᠷᠢ ᠣᠷᠣᠭᠤᠯᠪᠠ᠃         ᠬᠤᠶᠠᠳᠤᠭᠠᠷ ᠵᠦᠢᠯ ᠳᠤ᠄ ︽ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠤ ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠠᠵᠢᠯᠯᠠᠭ᠎ᠠ ᠬᠢᠬᠦ ᠳᠤ ᠡᠷᠬᠡᠪᠰᠢ ᠲᠣᠰ ᠠᠷᠭ᠎ᠠ ᠶᠢ ᠵᠢᠷᠤᠮᠯᠠᠬᠤ ᠬᠡᠷᠡᠭᠲᠡᠶ︾ ᠭᠡᠵᠦ ᠵᠠᠰᠠᠪᠤᠷᠢ ᠣᠷᠣᠭᠤᠯᠪᠠ᠃         ᠭᠤᠷᠪᠠᠳᠤᠭᠠᠷ ᠵᠦᠢᠯ ᠳᠤ᠄ ︽ᠲᠤᠰ ᠠᠷᠭ᠎ᠠ ᠳᠤ ᠬᠡᠯᠡᠵᠦ ᠪᠠᠶᠢᠭ᠎ᠠ ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠭᠡᠳᠡᠭ ᠨᠢ ᠤᠯᠤᠰ ᠤᠨ ᠬᠤᠯᠪᠣᠭᠳᠠᠯ ᠪᠦᠬᠦᠢ ᠪᠠᠶᠢᠭᠤᠯᠭ᠎ᠠ ᠠᠴᠠ ᠳᠤᠷᠠᠳᠴᠤ᠂ ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠪᠠᠶᠢᠭᠤᠯᠤᠮᠵᠢ ᠨᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠬᠠᠤᠯᠢ ᠴᠠᠭᠠᠵᠠ᠂ ᠵᠠᠰᠠᠭ ᠵᠠᠬᠢᠷᠭᠠᠨ ᠤ ᠠᠵᠢᠯ ᠳᠤ ᠬᠤᠯᠪᠣᠭᠳᠠᠭᠰᠠᠨ ᠦᠨ᠎ᠡ ᠬᠠᠩᠰᠢ ᠨᠢ ᠲᠣᠳᠣᠷᠬᠠᠶ ᠦᠭᠡᠢ ᠪᠤᠶᠤ ᠦᠨ᠎ᠡ ᠬᠠᠩᠰᠢ ᠳᠤ ᠨᠢ ᠮᠠᠷᠭᠤᠭᠠᠨ ᠲᠠᠢ᠂ ᠵᠠᠬ᠎ᠠ ᠳᠡᠯᠭᠡᠭᠦᠷ ᠢᠶᠠᠷ ᠦᠨ᠎ᠡ ᠬᠠᠩᠰᠢ ᠶᠢ ᠲᠣᠬᠢᠷᠠᠭᠤᠯᠬᠤ ᠢᠯᠡ ᠦᠢᠯᠡᠳᠭᠦᠨ᠂ ᠳᠠᠯᠳᠠ ᠡᠳ᠋ ᠬᠥᠷᠥᠩᠭᠡ ᠪᠠ ᠡᠯ᠎ᠡ ᠲᠥᠷᠥᠯ ᠤᠨ ᠲᠥᠯᠥᠪᠦᠷᠢ ᠲᠠᠢ ᠦᠢᠯᠡᠴᠢᠯᠡᠭᠡᠨ ᠳᠤ ᠦᠨ᠎ᠡ ᠬᠠᠩᠰᠢ ᠶᠢᠨ ᠨᠤᠲᠠᠯᠠᠯᠲᠠ ᠬᠢᠬᠦ ᠦᠢᠯᠡ ᠠᠵᠢᠯᠯᠠᠭ᠎ᠠ ᠶᠢ ᠵᠢᠭᠠᠵᠤ ᠪᠣᠢ᠃︾ ᠭᠡᠵᠦ ᠵᠠᠰᠠᠪᠤᠷᠢ ᠣᠷᠣᠭᠤᠯᠪᠠ᠃         ᠲᠠᠪᠤᠳᠤᠭᠠᠷ ᠵᠦᠢᠯ ᠳᠤ᠄ ︽ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠪᠠᠶᠢᠭᠤᠯᠤᠮᠵᠢ ᠨᠢ ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠠᠵᠢᠯ ᠢ ᠡᠭᠦᠷᠭᠡᠯᠡᠬᠦ ᠬᠡᠷᠡᠭᠲᠡᠢ᠃︾ ᠭᠡᠵᠦ ᠵᠠᠰᠠᠪᠤᠷᠢ ᠣᠷᠣᠭᠤᠯᠪᠠ᠃         ᠵᠢᠷᠭᠤᠳᠤᠭᠠᠷ ᠵᠦᠢᠯ ᠳᠤ᠄ ︽ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠪᠠᠶᠢᠭᠤᠯᠤᠮᠵᠢ ᠨᠢ ᠲᠣᠰ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ᠂ ᠬᠠᠤᠯᠢ ᠴᠠᠭᠠᠵᠠ᠂ ᠵᠠᠰᠠᠭ ᠵᠠᠬᠢᠷᠭᠠᠨ ᠤ ᠰᠠᠯᠠᠭ᠎ᠠ ᠮᠥᠴᠢᠷ ᠵᠢᠴᠢ ᠲᠥᠷᠥ ᠶᠢᠨ ᠶᠠᠪᠤᠳᠠᠯ ᠤᠨ ᠬᠤᠷᠢᠶᠠᠨ ᠤ ᠡᠭᠴᠡ ᠬᠠᠮᠢᠶᠠᠷᠬᠤ ᠰᠠᠯᠠᠭ᠎ᠠ ᠮᠥᠴᠢᠷ ᠤᠨ ᠬᠠᠷᠢᠶ᠎ᠠ ᠪᠠᠶᠢᠭᠤᠯᠤᠮᠵᠢ ᠶᠢᠨ ᠳᠤᠷᠠᠳᠤᠭᠰᠠᠨ ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠵᠦᠢᠯᠡᠰ ᠢ ᠬᠠᠷᠢᠭᠤᠴᠠᠬᠤ ᠬᠡᠷᠡᠭᠲᠡᠢ᠃︾ ᠭᠡᠵᠦ ᠵᠠᠰᠠᠪᠤᠷᠢ ᠣᠷᠣᠭᠤᠯᠪᠠ᠃           ᠶᠢᠰᠦᠳᠦᠭᠡᠷ ᠵᠦᠢᠯ ᠢ ᠨᠠᠢᠮᠠᠳᠤᠭᠠᠷ ᠵᠦᠢᠯ ᠪᠣᠯᠭᠠᠵᠤ᠂ ᠳᠣᠣᠷᠠᠬᠢ ᠮᠡᠲᠦ ᠵᠠᠰᠠᠪᠤᠷᠢ ᠣᠷᠣᠭᠤᠯᠪᠠ᠄ ︽ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠠᠵᠢᠯᠲᠠᠨ ᠨᠢ ᠲᠤᠬᠠᠶᠢᠲᠠᠢ ᠬᠥᠮᠦᠨ ᠲᠠᠢ ᠰᠠᠳᠤᠨ ᠲᠥᠷᠥᠯ ᠤᠨ ᠬᠠᠷᠢᠴᠠᠭ᠎ᠠ᠂ ᠰᠢᠭᠤᠳ ᠠᠰᠢᠭ ᠬᠤᠣᠷ ᠤᠨ ᠬᠠᠷᠢᠴᠠᠭ᠎ᠠ ᠪᠤᠶᠤ ᠪᠤᠰᠤᠳ ᠬᠠᠷᠢᠴᠠᠭ᠎ᠠ ᠲᠠᠢ ᠪᠠᠶᠢᠵᠤ᠂ ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠳ᠋ᠦᠩᠨᠡᠯᠲᠡ ᠶᠢᠨ ᠭᠤᠤᠯᠴᠢ ᠴᠢᠨᠠᠷ ᠪᠠ ᠣᠨᠣᠪᠴᠢᠲᠤ ᠴᠢᠨᠠᠷ ᠢ ᠨᠥᠯᠥᠭᠡᠯᠡᠵᠦ ᠮᠡᠳᠡᠬᠦ ᠳᠤ ᠬᠦᠷᠪᠡᠯ᠂ ᠵᠠᠶᠢᠯᠠᠬᠤ ᠬᠡᠷᠡᠭᠲᠡᠶ᠃         ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠠᠵᠢᠯᠲᠠᠨ ᠤ ᠵᠠᠶᠢᠯᠠᠬᠤ ᠡᠰᠡᠬᠦ ᠶᠢ ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠲᠣᠭᠲᠠᠭᠠᠬᠤ ᠬᠡᠷᠡᠭᠲᠡᠢ᠃ ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠤ ᠵᠠᠶᠢᠯᠠᠬᠤ ᠡᠰᠡᠬᠦ ᠶᠢ ᠠᠳᠠᠯᠢ ᠱᠠᠲᠤᠨ ᠤ ᠦᠨ᠎ᠡ ᠬᠠᠩᠰᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠣᠭᠲᠠᠭᠠᠬᠤ ᠬᠡᠷᠡᠭᠲᠡᠢ᠃︾         ᠠᠷᠪᠠᠳᠤᠭᠠᠷ ᠵᠦᠢᠯ ᠢ ᠶᠢᠰᠦᠳᠦᠭᠡᠷ ᠵᠦᠢᠯ ᠪᠣᠯᠭᠠᠵᠤ᠂ ︽ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠪᠠᠶᠢᠭᠤᠯᠤᠮᠵᠢ ᠶᠢᠨ ᠭᠦᠢᠴᠡᠳᠬᠡᠭᠰᠡᠨ ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠵᠦᠢᠯᠡᠰ ᠲᠤ᠂ ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠶᠢ ᠳᠤᠷᠠᠳᠤᠭᠰᠠᠨ ᠪᠠᠶᠢᠭᠤᠯᠭ᠎ᠠ ᠶᠢᠨ ᠭᠠᠷᠭᠠᠭᠰᠠᠨ ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠬᠠᠮᠵᠢᠯᠴᠠᠭᠠᠨ ᠤ ᠪᠢᠴᠢᠭ ᠪᠠᠶᠢᠬᠤ ᠬᠡᠷᠡᠭᠲᠡᠶ᠃︾ ᠭᠡᠵᠦ ᠵᠠᠰᠠᠪᠤᠷᠢ ᠣᠷᠣᠭᠤᠯᠪᠠ᠃         ᠠᠷᠪᠠᠨ ᠬᠤᠶᠠᠳᠤᠭᠠᠷ ᠵᠦᠢᠯ ᠢ ᠠᠷᠪᠠᠨ ᠨᠢᠭᠡᠳᠦᠭᠡᠷ ᠵᠦᠢᠯ ᠪᠣᠯᠭᠠᠵᠤ᠂ ᠳᠣᠣᠷᠠᠬᠢ ᠮᠡᠲᠦ ᠵᠠᠰᠠᠪᠤᠷᠢ ᠣᠷᠣᠭᠤᠯᠪᠠ᠄ ︽ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠪᠠᠶᠢᠭᠤᠯᠤᠮᠵᠢ ᠨᠢ ᠳᠣᠣᠷᠠᠬᠢ ᠲᠣᠭᠲᠠᠭᠠᠯ ᠶᠣᠰᠣᠭᠠᠷ ᠦᠨ᠎ᠡ ᠬᠠᠩᠰᠢ ᠶᠢ ᠮᠠᠭᠠᠳᠯᠠᠨ ᠲᠣᠭᠲᠠᠭᠠᠬᠤ ᠬᠡᠷᠡᠭᠲᠡᠢ᠄         ︵ᠨᠢᠭᠡ︶ ᠵᠠᠬ᠎ᠠ ᠳᠡᠯᠭᠡᠭᠦᠷ ᠢᠶᠠᠷ ᠲᠣᠬᠢᠷᠠᠭᠤᠯᠬᠤ ᠦᠨ᠎ᠡ ᠬᠠᠩᠰᠢ ᠳᠤ ᠬᠠᠷᠢᠶᠠᠯᠠᠭᠳᠠᠪᠡᠯ᠂ ᠵᠠᠬ᠎ᠠ ᠳᠡᠯᠭᠡᠭᠦᠷ ᠤᠨ ᠳᠤᠮᠳᠠ ᠶᠢᠨ ᠦᠨ᠎ᠡ ᠪᠠᠷ ᠲᠣᠭᠠᠴᠠᠯᠠᠨ ᠪᠣᠳᠣᠬᠤ ᠬᠡᠷᠡᠭᠲᠡᠢ︔         ︵ᠬᠤᠶᠠᠷ︶ ᠦᠢᠯᠡᠳᠴᠦ ᠳᠠᠭᠤᠰᠤᠭᠠᠳᠤᠶ ᠬᠠᠭᠠᠰ ᠳᠤᠲᠠᠭᠤ ᠵᠦᠢᠯᠡᠰ ᠢ ᠪᠣᠯ ᠦᠢᠯᠡᠳᠴᠦ ᠳᠠᠭᠤᠰᠤᠭᠰᠠᠨ ᠬᠡᠮᠵᠢᠶ᠎ᠡ ᠪᠠ ᠥᠪᠡᠷ ᠤᠨ ᠥᠷᠲᠡᠭ ᠢᠶᠠᠷ ᠨᠢ ᠲᠣᠭᠠᠴᠠᠯᠠᠨ ᠪᠣᠳᠣᠬᠤ ᠬᠡᠷᠡᠭᠲᠡᠢ︔         ︵ᠭᠤᠷᠪᠠ︶ ᠬᠡᠷᠡᠭᠯᠡᠭᠰᠡᠨ ᠡᠳ᠋ ᠪᠣᠳᠠᠰ ᠢ ᠪᠣᠯ ᠬᠠᠭᠤᠴᠢᠷᠠᠭᠰᠠᠨ ᠪᠠᠶᠢᠳᠠᠯ᠂ ᠣᠳᠣ ᠶᠢᠨ ᠦᠨ᠎ᠡ ᠥᠷᠲᠡᠭ ᠪᠤᠶᠤ ᠦᠯᠡᠳᠡᠭᠰᠡᠨ ᠦᠨ᠎ᠡ ᠥᠷᠲᠡᠭ ᠢᠶᠠᠷ ᠨᠢ ᠨᠤᠭᠤᠯᠤᠨ ᠪᠣᠳᠣᠬᠤ ᠬᠡᠷᠡᠭᠲᠡᠢ︔         ︵ᠳᠥᠷᠪᠡ︶ ᠪᠠᠷᠢᠴᠠᠭᠠᠯᠠᠬᠤ ᠪᠠ ᠥᠷᠢ ᠲᠥᠯᠥᠬᠦ ᠡᠳ᠋ ᠪᠣᠳᠠᠰ᠂ ᠬᠤᠳᠠᠯᠳᠤᠬᠤ ᠪᠤᠶᠤ ᠦᠨ᠎ᠡ ᠬᠠᠶᠠᠵᠤ ᠬᠤᠳᠠᠯᠳᠤᠬᠤ ᠡᠳ᠋ ᠪᠣᠳᠠᠰ᠂ ᠡᠵᠡᠨ ᠦᠭᠡᠢ ᠡᠳ᠋ ᠪᠣᠳᠠᠰ ᠢ ᠪᠣᠯ ᠵᠠᠬ᠎ᠠ ᠳᠡᠯᠭᠡᠭᠦᠷ ᠤᠨ ᠪᠠᠶᠢᠳᠠᠯ ᠲᠠᠢ ᠤᠶᠠᠯᠳᠤᠭᠤᠯᠤᠨ ᠲᠣᠬᠢᠷᠠᠮᠵᠢᠲᠠᠢ ᠬᠠᠷᠢᠴᠠᠯ ᠢᠶᠠᠷ ᠨᠤᠭᠤᠯᠤᠨ ᠪᠣᠳᠣᠬᠤ ᠬᠡᠷᠡᠭᠲᠡᠢ︔         ︵ᠲᠠᠪᠤ︶ ᠠᠳᠡᠯ ᠳᠤ ᠡᠪᠳᠡᠭᠳᠡᠵᠦ ᠰᠦᠢᠲᠦᠭᠰᠡᠨ ᠡᠳ᠋ ᠪᠣᠳᠠᠰ ᠢ ᠪᠣᠯ ᠡᠪᠳᠡᠷᠡᠵᠦ ᠰᠦᠢᠲᠦᠭᠰᠡᠨ ᠪᠠᠶᠢᠳᠠᠯ ᠪᠠ ᠵᠠᠰᠠᠵᠤ ᠰᠠᠶᠢᠵᠢᠷᠠᠭᠤᠯᠬᠤ ᠵᠠᠷᠤᠳᠠᠯ ᠢᠶᠠᠷ ᠨᠢ ᠲᠣᠭᠠᠴᠠᠯᠠᠨ ᠪᠣᠳᠣᠬᠤ ᠬᠡᠷᠡᠭᠲᠡᠢ︔         ︵ᠵᠢᠷᠭᠤᠭ᠎ᠠ︶ ᠦᠢᠯᠡᠴᠢᠯᠡᠭᠡᠨ ᠤ ᠲᠥᠷᠥᠯ ᠵᠦᠢᠯ ᠢ ᠪᠣᠯ ᠲᠤᠬᠠᠶ ᠶᠢᠨ ᠭᠠᠵᠠᠷ ᠤᠨ ᠵᠠᠬ᠎ᠠ ᠳᠡᠯᠭᠡᠭᠦᠷ ᠤᠨ ᠦᠢᠯᠡᠴᠢᠯᠡᠭᠡᠨ ᠤ ᠳᠤᠮᠳᠠᠴᠢ ᠦᠨ᠎ᠡ ᠪᠠᠷ ᠲᠣᠭᠠᠴᠠᠯᠠᠨ ᠪᠣᠳᠣᠬᠤ ᠬᠡᠷᠡᠭᠲᠡᠢ᠃︾         ᠠᠷᠪᠠᠨ ᠭᠤᠷᠪᠠᠳᠤᠭᠠᠷ ᠵᠦᠢᠯ ᠢ ᠠᠷᠪᠠᠨ ᠬᠤᠶᠠᠳᠤᠭᠠᠷ ᠵᠦᠢᠯ ᠪᠣᠯᠭᠠᠵᠤ᠂ ︽ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠪᠠᠶᠢᠭᠤᠯᠤᠮᠵᠢ ᠨᠢ ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠶᠢ ᠳᠤᠷᠠᠳᠤᠭᠰᠠᠨ ᠪᠠᠶᠢᠭᠤᠯᠭ᠎ᠠ ᠶᠢᠨ ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠵᠦᠢᠯᠡᠰ ᠢ ᠳᠤᠷᠠᠳᠤᠭᠰᠠᠨ ᠡᠳᠦᠷ ᠠᠴᠠ ᠡᠬᠢᠯᠡᠨ 7 ᠠᠵᠢᠯᠯᠠᠬᠤ ᠡᠳᠦᠷ ᠤᠨ ᠳᠣᠲᠣᠷ᠎ᠠ ᠦᠨ᠎ᠡ ᠬᠠᠩᠰᠢ ᠶᠢᠨ ᠮᠠᠭᠠᠳᠯᠠᠵᠤ ᠲᠣᠭᠲᠠᠭᠠᠭᠰᠠᠨ ᠳ᠋ᠦᠩᠨᠡᠯᠲᠡ ᠭᠠᠷᠭᠠᠬᠤ ᠬᠡᠷᠡᠭᠲᠡᠢ︔ ᠠᠰᠲᠠᠭᠠᠨ ᠪᠣᠯᠵᠣᠭᠰᠠᠨ ᠱᠠᠭᠠᠷᠳᠠᠯᠭ᠎ᠠ ᠲᠠᠢ ᠪᠣᠯ ᠪᠣᠯᠵᠣᠨ ᠲᠣᠭᠲᠠᠭᠰᠠᠨ ᠬᠤᠭᠤᠴᠠᠭᠠᠨ ᠳᠤ ᠬᠢᠬᠦ ᠬᠡᠷᠡᠭᠲᠡᠶ᠃︾ ᠭᠡᠵᠦ ᠵᠠᠰᠠᠪᠤᠷᠢ ᠣᠷᠤᠭᠤᠯᠪᠠ᠃         ᠠᠷᠪᠠᠨ ᠳᠥᠷᠪᠡᠳᠦᠭᠡᠷ ᠵᠦᠢᠯ ᠢ ᠠᠷᠪᠠᠨ ᠭᠤᠷᠪᠠᠳᠤᠭᠠᠷ ᠵᠦᠢᠯ ᠪᠣᠯᠭᠠᠵᠤ᠄ ︽ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠶᠢ ᠳᠤᠷᠠᠳᠤᠭᠰᠠᠨ ᠪᠠᠶᠢᠭᠤᠯᠭ᠎ᠠ ᠨᠢ ᠦᠨ᠎ᠡ ᠬᠠᠩᠰᠢ ᠶᠢᠨ ᠮᠠᠭᠠᠳᠯᠠᠵᠤ ᠲᠣᠭᠲᠠᠭᠠᠭᠰᠠᠨ ᠳ᠋ᠦᠩᠨᠡᠯᠲᠡ ᠳᠤ ᠣᠨᠳᠣᠤ ᠰᠠᠨᠠᠯ ᠲᠠᠢ ᠪᠠᠶᠢᠪᠠᠯ᠂ ᠦᠨ᠎ᠡ ᠬᠠᠩᠰᠢ ᠶᠢᠨ ᠮᠠᠭᠠᠳᠯᠠᠵᠤ ᠲᠣᠭᠲᠠᠭᠠᠭᠰᠠᠨ ᠳ᠋ᠦᠩᠨᠡᠯᠲᠡ ᠶᠢ ᠭᠠᠷᠳᠠᠭᠰᠠᠨ ᠡᠳᠦᠷ ᠠᠴᠠ ᠡᠬᠢᠯᠡᠨ 60 ᠡᠳᠦᠷ ᠤᠨ ᠳᠣᠲᠣᠷ᠎ᠠ᠂ ᠳᠡᠭᠡᠳᠦ ᠨᠢᠭᠡ ᠱᠠᠲᠤᠨ ᠤ ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠪᠠᠶᠢᠭᠤᠯᠤᠮᠵᠢ ᠳᠤ ᠳᠠᠬᠢᠨ ᠬᠠᠷᠭᠤᠭᠤᠯᠬᠤ ᠪᠠᠷ ᠳᠤᠷᠠᠳᠴᠤ ᠪᠣᠯᠣᠨ᠎ᠠ᠂ ᠳᠠᠬᠢᠨ ᠬᠠᠷᠭᠤᠭᠤᠯᠬᠤ ᠶᠢ ᠬᠤᠶᠠᠷ ᠤᠳᠠᠭ᠎ᠠ ᠠᠴᠠ ᠢᠯᠡᠭᠦᠦ ᠳᠤᠷᠠᠳᠴᠤ ᠪᠣᠯᠬᠤ ᠦᠭᠡᠢ᠃︾ ᠭᠡᠵᠦ ᠵᠠᠰᠠᠪᠤᠷᠢ ᠣᠷᠣᠭᠤᠯᠪᠠ         ᠠᠷᠪᠠᠨ ᠲᠠᠪᠤᠳᠤᠭᠠᠷ ᠵᠦᠢᠯ ᠢ ᠠᠷᠪᠠᠨ ᠳᠥᠷᠪᠡᠳᠦᠭᠡᠷ ᠵᠦᠢᠯ ᠪᠣᠯᠭᠠᠵᠤ᠂ ︽ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠪᠠᠶᠢᠭᠤᠯᠤᠮᠵᠢ ᠶᠢᠨ ᠭᠠᠷᠭᠠᠭᠰᠠᠨ ᠦᠨ᠎ᠡ ᠬᠠᠩᠰᠢ ᠶᠢᠨ ᠮᠠᠭᠠᠳᠯᠠᠵᠤ ᠲᠣᠭᠲᠠᠭᠠᠭᠰᠠᠨ ᠳ᠋ᠦᠩᠨᠡᠯᠲᠡ ᠳᠤ᠂ ᠳᠤᠷᠠᠳᠤᠭᠰᠠᠨ ᠪᠠᠶᠢᠭᠤᠯᠭ᠎ᠠ ᠪᠠᠷ ᠨᠤᠲᠠᠯᠠᠭᠤᠯᠤᠭᠰᠠᠨ ᠤ ᠳᠠᠷᠠᠭ᠎ᠠ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠬᠠᠤᠯᠢ ᠴᠠᠭᠠᠵᠠ ᠪᠠ ᠵᠠᠰᠠᠭ ᠵᠠᠬᠢᠷᠭᠠᠨ ᠤ ᠠᠵᠢᠯ ᠤᠨ ᠦᠨᠳᠦᠰᠦᠯᠡᠯ ᠪᠣᠯᠭᠠᠬᠤ ᠬᠡᠷᠡᠭᠲᠡᠢ᠃︾ ᠭᠡᠵᠦ ᠵᠠᠰᠠᠪᠤᠷᠢ ᠣᠷᠣᠭᠤᠯᠪᠠ᠃         ᠠᠷᠪᠠᠨ ᠵᠢᠷᠭᠤᠳᠤᠭᠠᠷ ᠵᠦᠢᠯ ᠢ ᠬᠠᠰᠤᠪᠠ᠃         ᠠᠷᠪᠠᠨ ᠳᠣᠯᠣᠳᠤᠭᠠᠷ ᠵᠦᠢᠯ ᠢ ᠠᠷᠪᠠᠨ ᠲᠠᠪᠤᠳᠤᠭᠠᠷ ᠵᠦᠢᠯ ᠪᠣᠯᠭᠠᠵᠤ᠂ ᠳᠣᠣᠷᠠᠬᠢ ᠮᠡᠲᠦ ᠵᠠᠰᠠᠪᠤᠷᠢ ᠣᠷᠣᠭᠤᠯᠪᠠ᠄ ︽ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠪᠠᠶᠢᠭᠤᠯᠤᠮᠵᠢ ᠪᠤᠶᠤ ᠦᠨ᠎ᠡ ᠬᠠᠩᠰᠢ ᠶᠢᠨ ᠮᠠᠭᠠᠳᠯᠠᠨ ᠲᠣᠭᠲᠠᠭᠠᠬᠤ ᠠᠵᠢᠯᠲᠠᠨ ᠳᠤ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠲᠣᠮᠢᠯᠠᠵᠤ ᠪᠠᠭᠤᠯᠭᠠᠬᠤ ᠪᠠᠶᠢᠭᠤᠯᠭ᠎ᠠ ᠪᠤᠶᠤ ᠬᠢᠨᠠᠨ ᠪᠠᠶᠢᠴᠠᠭᠠᠬᠤ ᠪᠠᠶᠢᠭᠤᠯᠭ᠎ᠠ ᠠᠴᠠ ᠬᠠᠷᠢᠭᠤᠴᠠᠯᠭ᠎ᠠ ᠲᠠᠢ ᠤᠳᠤᠷᠢᠳᠤᠯᠭ᠎ᠠ ᠨᠠᠷ ᠪᠠ ᠰᠢᠭᠤᠳ ᠬᠠᠷᠢᠭᠤᠴᠠᠯᠭ᠎ᠠ ᠲᠠᠢ ᠠᠵᠢᠯᠲᠠᠨ ᠳᠤ ᠰᠢᠢᠳᠬᠡᠯ ᠥᠭᠭᠦᠨ᠎ᠡ︔ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠄         ︵ᠨᠢᠭᠡ︶ ᠬᠠᠤᠯᠢ ᠶᠣᠰᠣᠭᠠᠷ ᠣᠯᠤᠭᠰᠠᠨ ᠦᠨ᠎ᠡ ᠬᠠᠩᠰᠢ ᠶᠢᠨ ᠮᠠᠭᠠᠳᠯᠠᠵᠤ ᠲᠣᠭᠲᠠᠭᠠᠭᠰᠠᠨ ᠮᠠᠲ᠋ᠧᠷᠢᠶᠠᠯ ᠪᠤᠶᠤ ᠣᠶᠢᠯᠠᠭᠠᠭᠰᠠᠨ ᠪᠠᠶᠢᠳᠠᠯ ᠢ ᠪᠤᠰᠤᠳ ᠵᠣᠷᠢᠯᠭ᠎ᠠ ᠲᠠᠢ ᠪᠠᠷ ᠬᠡᠷᠡᠭᠯᠡᠭᠰᠡᠨ︔         ︵ᠬᠤᠶᠠᠷ︶ ᠪᠡᠶᠡᠴᠢ ᠲᠠᠯ᠎ᠠ ᠶᠢᠨ ᠵᠣᠷᠢᠭᠤᠳᠠ ᠪᠤᠶᠤ ᠠᠳᠡᠯ ᠠᠴᠠ ᠪᠣᠯᠵᠤ᠂ ᠬᠤᠳᠠᠯ ᠬᠠᠭᠤᠷᠮᠠᠭ ᠦᠨ᠎ᠡ ᠬᠠᠩᠰᠢ ᠶᠢᠨ ᠮᠠᠭᠠᠳᠯᠠᠵᠤ ᠲᠣᠭᠲᠠᠭᠠᠭᠰᠠᠨ ᠳ᠋ᠦᠩᠨᠡᠯᠲᠡ ᠭᠠᠷᠭᠠᠭᠰᠠᠨ ᠪᠤᠶᠤ ᠦᠨ᠎ᠡ ᠬᠠᠩᠰᠢ ᠶᠢᠨ ᠮᠠᠭᠠᠳᠯᠠᠵᠤ ᠲᠣᠭᠲᠠᠭᠠᠭᠰᠠᠨ ᠳ᠋ᠦᠩᠨᠡᠯᠲᠡ ᠳᠤ ᠨᠢ ᠬᠦᠨᠳᠦ ᠶᠡᠭᠡ ᠠᠯᠳᠠᠰᠢ ᠪᠤᠷᠤᠭᠤ ᠲᠠᠢ ᠪᠣᠯᠣᠭᠰᠠᠨ︔         ︵ᠭᠤᠷᠪᠠ︶ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠠᠴᠠ ᠵᠥᠷᠢᠴᠡᠭᠰᠡᠨ ᠪᠤᠰᠤᠳ ᠦᠢᠯᠡ ᠠᠵᠢᠯᠯᠠᠭ᠎ᠠ᠃︾         ᠠᠷᠪᠠᠨ ᠨᠠᠢᠮᠠᠳᠣᠭᠠᠷ ᠵᠦᠢᠯ ᠢ ᠬᠠᠰᠤᠪᠠ᠃         ᠡᠭᠦᠨ ᠠᠴᠠ ᠭᠠᠳᠠᠨ᠎ᠠ᠂ ᠵᠠᠰᠠᠭ ᠤᠨ ᠣᠷᠳᠣᠨ ᠤ ᠬᠠᠮᠢᠶ᠎ᠠ ᠪᠦᠬᠦᠢ ᠲᠣᠭᠲᠠᠭᠠᠯ ᠲᠦᠷᠢᠮ ᠳᠠᠬᠢ ᠵᠦᠢᠯ ᠵᠤᠷᠪᠤᠰ ᠤᠨ ᠳ᠋ᠤᠭᠠᠷ ᠲᠤ ᠵᠣᠬᠢᠬᠤ ᠲᠣᠬᠢᠷᠠᠭᠤᠯᠤᠯᠲᠠ ᠬᠢᠪᠠ᠃ ᠳᠠᠭᠠᠯᠳᠤᠭᠤᠯᠤᠯ 2             ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ     ᠬᠦᠴᠦᠨ ᠦᠭᠡᠢ ᠪᠣᠯᠭᠠᠬᠤ ᠪᠠᠷ ᠲᠣᠭᠲᠠᠭᠠᠭᠰᠠᠨ ᠵᠠᠰᠠᠭ ᠤᠨ ᠣᠷᠳᠣᠨ ᠤ ᠲᠣᠭᠲᠠᠭᠠᠯ ᠳᠦᠷᠢᠮ         ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠰᠦᠢᠳᠭᠡᠯ ᠢ ᠴᠤᠭᠯᠠᠭᠤᠯᠬᠤ ᠬᠠᠮᠢᠶᠠᠷᠤᠯᠲᠠ ᠶᠢᠨ ᠠᠷᠭ᠎ᠠ︾ ︵2006 ᠣᠨ ᠤ 1 ᠳ᠋ᠤᠬᠡᠷ ᠰᠠᠷ᠎ᠠ ᠶᠢᠨ 19 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 143 ᠳ᠋ᠤᠭᠠᠷ ᠲᠣᠭᠠᠲᠤ ᠪᠠᠷ ᠨᠡᠶᠢᠲᠡᠯᠡᠪᠡ︶
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ